ᠮᠤᠩᠭᠤᠯ ᠤᠯᠤᠰ ᠤᠨ ᠤᠯᠠᠭᠠᠨᠪᠠᠭᠠᠳᠤᠷ ᠲᠤ ᠬᠢ ᠪᠠᠶᠠᠨᠵᠢᠷᠦᠬᠡ ᠲᠡᠭᠦᠷᠭᠡ ᠶᠢᠨ 48 ᠳ᠋ᠤᠭᠠᠷ ᠰᠤᠷᠭᠠᠭᠤᠯᠢ ᠳᠤ ᠲᠤᠭᠤᠷᠢᠨ ᠰᠤᠷᠤᠯᠴᠠᠭᠰᠠᠨ ᠤᠯᠤᠯᠳᠠ ᠲᠦᠷᠦᠭᠳᠡᠯ
ᠨᠡᠶᠢᠲᠡᠯᠡᠭᠰᠡᠨ ᠴᠠᠭ᠄
2019/1/11
                                                          ᠯᠢᠩ ᠬᠤᠸᠠ      ᠲᠤᠰ ᠵᠢᠯ ᠤᠨ ᠭᠤᠷᠪᠠᠨ ᠰᠠᠷ᠎ᠠ ᠳᠤ ᠪᠢ ᠰᠤᠷᠭᠠᠭᠤᠯᠢ ᠶᠢᠨ ᠤᠳᠤᠷᠢᠳᠤᠯᠭ᠎ᠠ ᠨᠠᠷ ᠤᠨ ᠲᠠᠭᠠᠭᠤᠯᠭ᠎ᠠ ᠪᠠᠷ ᠮᠤᠩᠭᠤᠯ ᠤᠯᠤᠰ ᠤᠨ ᠤᠯᠠᠭᠠᠨᠪᠠᠭᠠᠳᠤᠷ ᠲᠠᠬᠢ ᠪᠠᠶᠠᠨᠵᠢᠷᠦᠬᠡ ᠲᠡᠭᠦᠷᠭᠡ ᠶᠢᠨ 48 ᠳ᠋ᠤᠭᠠᠷ ᠰᠤᠷᠭᠠᠭᠤᠯᠢ ᠪᠠᠷ ᠲᠤᠭᠤᠷᠢᠨ ᠰᠤᠷᠤᠯᠴᠠᠯ᠎ᠠ᠃ ᠲᠤᠰ ᠰᠤᠷᠭᠠᠭᠤᠯᠢ ᠨᠢ 3000 ᠭᠠᠷᠦᠢ ᠰᠤᠷᠤᠭᠴᠢ ᠲᠠᠢ᠂ 100 ᠭᠠᠷᠦᠢ ᠪᠠᠭᠰᠢ ᠠᠵᠢᠯᠳᠡᠨ ᠲᠠᠢ᠂ ᠪᠠᠭ᠎ᠠ ᠰᠤᠷᠭᠠᠭᠤᠯᠢ᠂ ᠠᠩᠬ᠎ᠠ ᠲᠤᠮᠳᠠᠳᠤ᠂ ᠲᠡᠭᠡᠳᠦ ᠲᠤᠮᠳᠠᠳᠤ ᠨᠢ ᠨᠢᠬᠡ ᠬᠦᠷᠢᠶᠡᠨ ᠳᠤ ᠪᠠᠨ ᠪᠠᠶᠢᠳᠠᠬ᠂ ᠲᠤᠨᠤᠭ ᠲᠦᠭᠦᠭᠡᠷᠦᠮᠵᠢ ᠶᠢᠨ ᠨᠦᠬᠦᠴᠡᠯ ᠪᠤᠯᠤᠮᠵᠢ ᠠᠷᠠᠢ ᠬᠦᠷᠦᠯᠴᠡᠭᠡ ᠦᠬᠡᠢ ᠪᠤᠯᠪᠠᠴᠦ ᠬᠢᠷᠢ ᠪᠦᠳᠦᠮᠵᠢ ᠪᠠᠷ ᠢᠶᠠᠨ ᠤᠷᠦ᠋ᠢᠯᠠᠭᠰᠠᠨ ᠴᠡᠪᠡᠷᠴᠢ ᠨᠢᠮᠪᠠᠢ ᠰᠤᠷᠭᠠᠭᠤᠯᠢ ᠪᠤᠯᠤᠨ᠎ᠠ᠃ ᠰᠤᠷᠭᠠᠭᠤᠯᠢ ᠶᠢᠨ ᠤᠳᠤᠷᠢᠳᠬᠤ ᠪᠠᠶᠢᠭᠤᠯᠤᠮᠵᠢ ᠶᠢᠨ ᠲᠠᠯ᠎ᠠ ᠪᠠᠷ ᠵᠠᠬᠢᠷᠦᠯ ᠠᠴᠠ ᠶᠡᠷᠥᠩᠬᠡᠢ ᠳᠤ ᠨᠢ ᠤᠳᠤᠷᠢᠳᠬᠤ ᠠᠩᠭᠢ ᠶᠢᠨ ᠪᠠᠭᠰᠢ ᠭᠤᠤᠯᠴᠢᠯᠡᠨ ᠬᠠᠮᠢᠶᠠᠷᠴᠦ ᠡᠬᠦᠳᠡ ᠬᠠᠮᠢᠶᠠᠷᠤᠭᠴᠢ ᠠᠴᠠ ᠪᠤᠰᠤᠳ ᠠᠮᠦᠷ ᠤᠨ ᠬᠠᠮᠠᠭᠠᠯᠠᠭᠴᠢ ᠦᠬᠡᠢ᠂ ᠪᠠᠶᠢᠷᠢ ᠶᠢᠨ ᠰᠤᠷᠤᠭᠴᠢ ᠦᠬᠡᠢ᠂ ᠦᠳᠡ ᠶᠢᠨ ᠡᠮᠦᠨ᠎ᠡ ᠦᠳᠡ ᠶᠢᠨ ᠬᠤᠶᠢᠨ᠎ᠠ ᠡᠬᠡᠯᠵᠢᠯᠡᠵᠦ ᠬᠢᠴᠢᠶᠡᠯᠯᠡᠳᠡᠭ᠂ ᠰᠤᠷᠤᠭᠴᠢ ᠶᠢᠨ ᠲᠠᠷᠤᠭᠠᠰᠦ ᠬᠦᠩᠭᠡᠨ᠂ ᠪᠠᠭᠰᠢ ᠶᠢᠨ ᠲᠠᠷᠤᠭᠠᠰᠦ ᠬᠦᠨᠳᠦ᠂ ᠰᠤᠷᠤᠭᠴᠢ ᠪᠠᠨ ᠪᠦᠬᠦ ᠲᠠᠯ᠎ᠠ ᠪᠠᠷ ᠬᠠᠶᠢᠷᠠᠯᠠᠵᠦ ᠶᠠᠪᠤᠬᠤ ᠢᠷᠠᠭᠤ ᠠᠯᠳᠠᠷ ᠢ ᠶᠡᠭᠡ ᠴᠢᠬᠤᠯᠠᠴᠢᠯᠠᠳᠠᠭ ᠶᠤᠮ ᠪᠠᠶᠢᠨ᠎ᠠ᠃ ᠲᠤᠰ ᠤᠳᠠᠭᠠᠨ ᠤ ᠰᠤᠷᠤᠯᠴᠠᠯᠭ᠎ᠠ ᠠᠴᠠ ᠪᠢ ᠨᠡᠯᠢᠶᠡᠳ ᠣᠯᠠᠨ ᠶᠠᠭᠤᠮ᠎ᠠ ᠤᠯᠵᠤ ᠮᠠᠳᠠᠪᠠ᠃ ᠶᠠᠭᠤᠨ ᠤ ᠡᠮᠦᠨ᠎ᠡ ᠪᠠᠭᠰᠢ ᠰᠤᠷᠤᠭᠴᠢᠳ ᠤᠨ ᠬᠢᠴᠢᠶᠡᠯ ᠤᠷᠤᠵᠦ ᠪᠠᠶᠢᠭ᠎ᠠ ᠪᠠᠶᠢᠳᠠᠯ ᠤᠨ ᠲᠠᠯ᠎ᠠ ᠪᠠᠷ ᠬᠤᠷᠢᠶᠠᠩᠭᠤᠶᠢᠯᠠᠪᠠᠯ᠄      ᠨᠢᠬᠡ᠂ ᠬᠢᠴᠢᠶᠡᠯ ᠤᠷᠤᠬᠤ ᠠᠴᠠ ᠡᠮᠦᠨ᠎ᠡ ᠪᠠᠭᠰᠢ ᠶᠢᠨ ᠠᠵᠢᠯᠯᠠᠭ᠎ᠠ ᠠᠷᠪᠢᠨ᠂ ᠲᠠᠷᠦᠢ ᠪᠡᠯᠡᠳᠬᠡᠬᠦ ᠠᠵᠢᠯ ᠪᠤᠯᠤᠨ᠎ᠠ᠃ ᠵᠠᠷᠢᠮ ᠬᠢᠴᠢᠶᠡᠯ ᠢ ᠰᠠᠷ᠎ᠠ ᠤᠷᠴᠢᠮ ᠪᠡᠯᠡᠳᠭᠡᠳᠡᠭ ᠶᠤᠮ ᠪᠠᠶᠢᠨ᠎ᠠ᠃ ᠭᠡᠬᠦ ᠳᠤ ᠪᠠᠨ ᠰᠤᠳᠤᠯᠭᠠᠨ ᠲᠠᠢ ᠪᠡᠯᠡᠳᠭᠡᠳᠡᠭ᠃ ᠡᠩ ᠲᠡᠷᠢᠭᠦᠨ ᠳᠤ ᠬᠢᠴᠢᠶᠡᠯ ᠤᠨ ᠬᠠᠷᠠᠯᠳᠠ ᠵᠤᠷᠢᠯᠭ᠎ᠠ ᠪᠠᠨ ᠪᠡᠯᠡᠳᠭᠡᠨ᠎ᠡ᠂ ᠭᠤᠤᠯᠳᠠᠭᠤ ᠠᠮᠢᠳᠤᠷᠠᠯ ᠳᠤ ᠨᠢ ᠤᠶᠢᠷᠠᠳᠤᠭᠤᠯᠵᠦ ᠴᠢᠳᠠᠪᠤᠷᠢ ᠶᠢ ᠨᠢ ᠬᠦᠭᠵᠢᠬᠦᠯᠬᠦ ᠪᠠᠷ ᠪᠡᠯᠡᠳᠭᠡᠨ᠎ᠡ᠃ ᠲᠠᠷᠦᠢ ᠲᠤᠰ ᠬᠢᠴᠢᠶᠡᠯ ᠢᠶᠠᠷ ᠲᠠᠮᠵᠢᠵᠦ ᠰᠤᠷᠤᠭᠴᠢᠳ ᠲᠤ ᠶᠠᠮᠠᠷ ᠦᠬᠡᠷᠡᠴᠢᠯᠡᠯᠳᠡ ᠭᠠᠷᠭᠠᠬᠤ ᠲᠠᠯ᠎ᠠ ᠪᠠᠷ ᠪᠡᠯᠡᠳᠭᠡᠨ᠎ᠡ᠃ ᠵᠢᠱᠢᠶᠡᠯᠡᠪᠡᠯ᠄ ᠭᠤᠷᠪᠠᠯᠵᠢᠨ ᠢ ᠵᠢᠭᠠᠬᠤ ᠪᠠᠷ ᠪᠤᠳᠤᠬᠤ ᠳᠤ ᠲᠤᠰ ᠬᠢᠴᠢᠶᠡᠯ ᠤᠨ ᠵᠤᠷᠢᠯᠭ᠎ᠠ ᠨᠢ ᠭᠤᠷᠪᠠᠯᠵᠢᠨ ᠪᠢᠰᠢ᠂ ᠬᠠᠷᠢᠨ ᠭᠤᠷᠪᠠᠯᠵᠢᠨ ᠢ ᠬᠡᠷᠡᠭᠯᠡᠬᠦ ᠡᠭᠦᠳᠡᠨ ᠠᠴᠠ ᠪᠡᠯᠡᠳᠭᠡᠨ᠎ᠡ᠃ ᠲᠠᠷᠠᠭ᠎ᠠ ᠨᠢ ᠰᠤᠷᠤᠭᠴᠢᠳ ᠲᠤ ᠠᠰᠠᠭᠤᠳᠠᠯ ᠤᠨ ᠣᠷᠴᠢᠨ ᠢ ᠪᠡᠯᠡᠳᠭᠡᠵᠦ ᠦᠭᠬᠦᠨ᠎ᠡ᠂ ᠡᠬᠦᠨ ᠳᠤ ᠶᠡᠭᠡ ᠬᠡᠮᠵᠢᠶᠡᠨ ᠤ ᠪᠣᠷᠣ ᠮᠠᠲ᠋ᠧᠷᠢᠶᠡᠯ ᠢ ᠴᠤᠭᠯᠠᠭᠤᠯᠵᠤ ᠪᠡᠯᠡᠳᠭᠡᠵᠦ ᠪᠤᠢ᠃ ᠵᠢᠱᠢᠶᠡᠯᠡᠪᠡᠯ᠄ ᠨᠢᠬᠡ ᠲᠤᠭᠠᠨ ᠤ ᠪᠠᠭᠰᠢ ᠬᠡᠷᠴᠢᠮ ᠤᠨ ᠲᠤᠮᠳᠠ ᠴᠡᠭ ᠢ ᠣᠯᠬᠤ ᠬᠢᠴᠢᠶᠡᠯ ᠢ ᠣᠷᠣᠬᠤ ᠳᠤ ᠪᠠᠨ ᠦᠩᠭᠡᠲᠦ ᠴᠠᠭᠠᠰᠦ᠂ ᠨᠠᠭᠠᠯᠳᠡ᠂ ᠬᠠᠶᠢᠴᠢ᠂ ᠨᠠᠷᠢᠨ ᠰᠠᠪᠠᠭ᠎ᠠ ᠵᠡᠷᠭᠡ ᠶᠢ ᠪᠡᠯᠡᠳᠭᠡᠵᠦ᠂ ᠬᠡᠷᠴᠢᠮ ᠤᠨ ᠲᠤᠮᠳᠠ ᠴᠡᠭ ᠢ ᠤᠯᠬᠤ ᠠᠷᠭ᠎ᠠ ᠪᠠᠷ ︽ᠰᠢᠨ᠎ᠡ ᠵᠢᠯ ᠤᠨ ᠮᠣᠳᠣ︾ ᠬᠢᠯᠭᠡᠭᠰᠡᠨ ᠪᠠᠶᠢᠨ᠎ᠠ᠃ ᠡᠨᠡ ᠨᠢ ᠰᠤᠷᠤᠭᠴᠢᠳ ᠤᠨ ᠲᠣᠷ᠎ᠠ ᠰᠤᠨᠢᠷᠬᠠᠯ ᠢ ᠲᠠᠳᠠᠵᠦ᠂ ᠪᠦᠳᠦᠬᠡᠯᠴᠢ ᠴᠢᠳᠠᠪᠤᠷᠢ ᠶᠢ ᠬᠦᠮᠦᠵᠢᠬᠦᠯᠬᠦ ᠪᠠ ᠰᠤᠷᠴᠦ ᠬᠡᠷᠡᠭᠯᠡᠬᠦ ᠦᠢᠯᠡᠳᠦᠯᠭᠡᠲᠦ ᠴᠢᠳᠠᠪᠤᠷᠢ ᠶᠢ ᠬᠦᠮᠦᠵᠢᠬᠦᠯᠬᠦ ᠳᠤ ᠠᠰᠢᠭᠳᠠᠢ ᠶᠤᠮ᠃ ᠡᠷᠬᠢᠭᠡᠳ ᠨᠢᠬᠡ ᠨᠢ ᠰᠤᠷᠤᠭᠴᠢᠳ ᠤᠨ ᠰᠤᠷᠬᠤ ᠠᠷᠭ᠎ᠠ ᠪᠠ ᠬᠢᠷᠢ ᠲᠦᠪᠰᠢᠨ ᠳᠤ ᠨᠢ ᠵᠤᠬᠢᠴᠠᠭᠤᠯᠵᠦ ᠰᠤᠨᠢᠷᠬᠠᠯ ᠢ ᠨᠢ ᠲᠠᠲᠠᠬᠤ ᠢᠳᠡᠪᠬᠢᠵᠢᠬᠦᠯᠬᠦ ᠨᠡᠭᠡᠭᠡᠯᠳᠡ ᠲᠠᠢ ᠠᠰᠠᠭᠤᠯᠳᠠ ︵ᠠᠮᠢᠳᠤᠯᠢᠭ ᠬᠠᠷᠢᠭᠤᠯᠵᠦ ᠪᠤᠯᠬᠤ᠂ ᠤᠯᠠᠨ ᠬᠠᠷᠢᠭᠤ ᠲᠠᠢ︶ ᠪᠡᠯᠡᠳᠭᠡᠨ᠎ᠡ᠃ ᠬᠢᠷᠢ ᠲᠦᠪᠰᠢᠨ ᠰᠠᠶᠢᠨ ᠬᠡᠦᠬᠡᠳ ᠤᠳ ᠢ ᠬᠦᠭᠵᠢᠬᠦᠯᠬᠦ ᠲᠡᠶᠢᠰᠢ ᠪᠠᠨ ᠪᠡᠯᠡᠳᠬᠡᠵᠦ᠂ ᠬᠢᠷᠢ ᠲᠦᠪᠰᠢᠨ ᠬᠠᠷᠢᠴᠠᠩᠭᠤᠢ ᠪᠠᠷ ᠠᠨᠠᠢ ᠰᠢᠬ ᠬᠡᠦᠬᠡᠳ ᠤᠳ ᠢ ᠠᠮᠵᠢᠯᠳᠡ ᠤᠯᠬᠤ ᠲᠡᠶᠢᠰᠢ ᠪᠡᠯᠡᠳᠭᠡᠳᠡᠭ᠃      ᠬᠤᠶᠠᠷ᠂ ᠬᠢᠴᠢᠶᠡᠯ ᠤᠨ ᠶᠠᠪᠤᠴᠠ ᠳᠤ ᠰᠤᠷᠤᠭᠴᠢ ᠵᠢᠩᠬᠢᠨᠢ ᠭᠤᠤᠯ ᠴᠤᠭᠴᠠ ᠪᠤᠯᠵᠦ ᠲᠡᠶᠢᠯᠤᠨ᠎ᠠ᠂ ᠪᠠᠭᠰᠢ ᠰᠤᠷᠤᠭᠴᠢ ᠶᠢᠨ ᠤᠶᠠᠯᠳᠤᠯ ᠲᠤᠩ ᠰᠠᠶᠢᠨ᠂ ᠦᠢᠯᠡ ᠠᠵᠢᠯᠯᠠᠭ᠎ᠠ ᠪᠠᠷ ᠢᠶᠠᠨ ᠤᠶᠠᠯᠳᠤᠬᠤ ᠪᠠᠷ ᠪᠠᠷᠠᠬᠤ ᠦᠬᠡᠢ ᠦᠭᠡ ᠶᠠᠷᠢᠶ᠎ᠠ ᠪᠠᠷ ᠢᠶᠠᠨ ᠴᠦ ᠤᠶᠠᠯᠳᠤᠳᠠᠭ᠂ ᠰᠤᠷᠤᠭᠴᠢᠳ ᠢᠶᠠᠨ ᠡᠷᠢᠯᠳᠡ ᠬᠦᠭᠡᠭᠡᠴᠡᠯᠳᠦᠯ ᠲᠠᠢ ᠪᠤᠯᠭᠠᠨ ᠰᠡᠳᠬᠢᠬᠦᠯᠵᠦ ᠪᠤᠢ᠃ ᠰᠤᠷᠤᠭᠴᠢᠳ ᠲᠤ ᠲᠠᠯᠪᠢᠬᠤ ᠱᠠᠭᠠᠷᠳᠠᠯᠭ᠎ᠠ᠂ ᠠᠰᠠᠭᠤᠯᠳᠠ ᠤᠨᠤᠪᠴᠢᠳᠠᠢ᠂ ᠦᠬᠦᠯᠡᠪᠤᠷᠢ ᠬᠦᠢᠴᠡᠳ ᠲᠤᠳᠤᠷᠬᠠᠢ ᠪᠠᠶᠢᠳᠠᠬ᠃ ᠠᠰᠠᠭᠤᠬᠤ ᠪᠠ ᠬᠡᠯᠡᠭᠦᠯᠵᠦ ᠶᠠᠷᠢᠭᠤᠯᠬᠤ᠂ ᠰᠤᠨᠤᠰᠬᠠᠬᠤ ᠡᠲᠡᠭᠡᠳ ᠨᠢ ᠲᠤᠳᠤᠷᠬᠠᠢ ᠪᠠᠶᠢᠳᠠᠬ᠃ ᠢᠩᠬᠢᠬᠦ ᠨᠢ ᠤᠬᠠᠭᠳᠠᠬᠤᠨ᠂ ᠰᠡᠳᠬᠢᠮᠵᠢ ᠠᠮᠢᠳᠤᠯᠢᠭ ᠲᠤᠳᠤᠷᠬᠠᠢ ᠪᠤᠯᠵᠦ᠂ ᠶᠠᠷᠢᠵᠦ ᠢᠯᠡᠳᠬᠡᠬᠦ ᠴᠢᠳᠠᠪᠤᠷᠢ ᠰᠠᠶᠢᠨ ᠪᠤᠯᠬᠤ ᠶᠤᠮ᠃ ᠪᠠᠭᠰᠢ ᠶᠢᠨ ᠮᠡᠳᠡᠯᠭᠡ ᠶᠢᠨ ᠬᠦᠷᠢᠶ᠎ᠡ ᠴᠠᠷᠠᠭ᠎ᠠ ᠦᠷᠬᠡᠨ᠂ ᠭᠠᠭᠴᠠ ᠦᠪᠡᠷ ᠤᠨ ᠲᠤᠰᠬᠠᠢ ᠮᠡᠷᠭᠡᠵᠢᠯ ᠳᠤ ᠪᠠᠨ ᠬᠢᠵᠠᠭᠠᠷᠯᠠᠭᠳᠠᠬᠤ ᠦᠬᠡᠢ᠂ ᠤᠯᠠᠨ ᠲᠠᠯ᠎ᠠ ᠶᠢᠨ ᠮᠡᠳᠡᠯᠭᠡ ᠲᠠᠢ ᠬᠤᠯᠪᠤᠭᠳᠠᠭᠤᠯᠤᠨ ᠶᠠᠷᠢᠵᠦ ᠰᠤᠷᠤᠭᠴᠢᠳ ᠢᠶᠠᠨ ᠠᠮᠢᠳᠤᠯᠢᠭ ᠰᠡᠳᠬᠢᠬᠦᠯᠵᠦ ᠰᠡᠩᠭᠡᠷᠡᠭᠦᠯᠬᠦ᠂ ᠮᠡᠳᠡᠯᠭᠡ ᠶᠢᠨ ᠲᠡᠯᠡᠯᠲᠡ ᠳᠤ ᠲᠤᠩ ᠠᠰᠢᠭᠳᠠᠢ᠃ ᠪᠠᠭᠰᠢ ᠴᠦ ᠲᠡᠷᠡ᠂ ᠰᠤᠷᠤᠭᠴᠢᠳ ᠴᠦ ᠲᠡᠷᠡ ᠪᠦᠷ ᠬᠢᠴᠢᠶᠡᠯ ᠢᠶᠠᠨ ᠭᠦᠨᠵᠡᠭᠡᠢ ᠤᠢᠢᠯᠠᠭᠠᠬᠤ ᠪᠠᠷ ᠰᠢᠮᠳᠡᠳᠠᠬ ᠶᠤᠮ᠃ ᠬᠡᠥᠭᠡᠳ ᠪᠤᠯᠭᠠᠨ ᠪᠡᠶ᠎ᠡ ᠪᠠᠷ ᠢᠶᠠᠨ ᠤᠷᠤᠯᠴᠠᠵᠤ᠂ ᠬᠡᠦᠭᠡᠳ ᠪᠤᠯᠭᠠᠨ ᠲᠤᠰ ᠬᠢᠴᠢᠶᠡᠯ ᠤᠨ ᠢᠶᠠᠨ ᠡᠵᠡᠨ ᠪᠤᠯᠵᠦ᠂ ᠦᠪᠡᠷ ᠤᠨ ᠶᠠᠭᠤᠮ᠎ᠠ ᠪᠠᠨ ᠪᠤᠯᠭᠠᠵᠦ ᠲᠡᠶᠢᠯᠳᠡᠭ᠃ ᠪᠠᠭᠰᠢ ᠶᠢᠨ ᠠᠰᠠᠭᠤᠭᠰᠠᠨ ᠠᠰᠠᠭᠤᠯᠳᠠ ᠶᠢ ᠰᠤᠷᠤᠭᠴᠢ ᠨᠢ ᠲᠠᠶᠢᠯᠪᠤᠷᠢᠯᠠᠬᠤ ᠳᠤ ᠪᠠᠨ ᠪᠢᠴᠢᠭᠰᠡᠨ ᠢᠶᠠᠨ ᠵᠦᠭᠡᠷ ᠤᠩᠰᠢᠬᠤ ᠪᠢᠰᠢ᠂ ᠬᠠᠷᠢᠨ ᠵᠢᠩᠬᠢᠨᠢ ᠦᠪᠡᠷ ᠤᠨ ᠶᠠᠭᠤᠮ᠎ᠠ ᠪᠠᠨ ᠪᠤᠯᠭᠠᠵᠦ ᠲᠠᠶᠢᠯᠪᠤᠷᠢᠯᠠᠳᠠᠬ᠃ ᠪᠢᠳᠡ ᠲᠤᠭ᠎ᠠ᠂ ᠮᠤᠩᠭᠤᠯ ᠬᠡᠯᠡ᠂ ᠠᠩᠭ᠍ᠯᠢ ᠬᠡᠯᠡ᠂ ᠭᠠᠵᠠᠷ ᠵᠦᠢ᠂ ᠹᠢᠽᠢᠺ ᠵᠡᠷᠭᠡ ᠲᠠᠪᠤᠨ ᠬᠢᠴᠢᠶᠡᠯ ᠲᠦᠷᠦᠯ ᠠᠴᠠ ᠰᠤᠨᠣᠰᠣᠭᠰᠠᠨ᠃ ᠬᠢᠴᠢᠶᠡᠯ ᠪᠤᠯᠭᠠᠨ ᠳᠤ 4~5 ᠲᠤᠭᠤᠶᠢᠯᠠᠩ ᠬᠤᠪᠢᠶᠠᠵᠦ ᠤᠯᠠᠨ ᠵᠠᠭᠤᠴᠢᠳᠦ ᠲᠤᠨᠤᠭ ᠲᠦᠬᠦᠭᠡᠷᠦᠮᠵᠢ ᠠᠴᠠ ᠭᠠᠳᠠᠨ᠎ᠠ ︽ᠠᠵᠢᠯ ᠤᠨ ᠬᠠᠭᠤᠳᠠᠰᠦ︾ ᠬᠡᠷᠡᠭᠯᠡᠵᠠᠢ᠃ ᠲᠤᠭᠤᠶᠢᠯᠠᠩ ᠪᠦᠷᠢ ᠳᠤ 4~5 ᠰᠤᠷᠤᠭᠴᠢ ᠲᠠᠢ᠂ ᠲᠤᠭᠤᠶᠢᠯᠠᠩ ᠤᠨ ᠬᠡᠰᠢᠬᠦᠳ ᠤᠨ ᠬᠤᠭᠤᠷᠤᠨᠳᠤᠬᠢ ᠬᠠᠮᠵᠢᠯᠴᠠᠭ᠎ᠠ ᠲᠤᠩ ᠰᠠᠶᠢᠨ᠃ ᠡᠬᠦᠨ ᠳᠤ ᠠᠵᠢᠯ ᠤᠨ ᠬᠠᠭᠤᠳᠠᠰᠦ ᠬᠡᠳᠡᠭ ᠨᠢ ᠬᠢᠴᠢᠶᠡᠯ ᠤᠨ ᠵᠤᠷᠢᠯᠭ᠎ᠠ ᠳᠤ ᠪᠠᠨ ᠴᠢᠭᠯᠡᠭᠦᠯᠦᠭᠰᠡᠨ ᠰᠦᠪᠡᠭᠴᠢᠯᠡᠯ ᠤᠨ ᠴᠢᠨᠠᠷ ᠲᠠᠢ᠂ ᠬᠦᠩᠭᠡᠨ ᠠᠴᠠ ᠬᠦᠨᠳᠦ ᠲᠡᠶᠢᠰᠢ ᠭᠦᠨᠵᠡᠭᠡᠶᠢᠷᠡᠭᠰᠡᠨ ᠰᠤᠷᠤᠭᠴᠢᠳ ᠤᠨ ᠪᠡᠶ᠎ᠡ ᠪᠠᠨ ᠲᠠᠭᠠᠭᠠᠵᠦ ᠬᠢᠬᠦ ᠬᠠᠭᠤᠳᠠᠰᠦ᠂ ᠪᠠᠰᠠ ᠬᠠᠮᠳᠤᠷᠠᠵᠦ ᠬᠢᠬᠦ ᠬᠠᠭᠤᠳᠠᠰᠦ ᠶᠢ ᠵᠢᠭᠠᠵᠤ ᠪᠤᠢ᠃ ᠡᠬᠦᠨ ᠢ ᠭᠤᠤᠯᠳᠠᠭᠤ ᠰᠢᠨ᠎ᠡ ᠬᠢᠴᠢᠶᠡᠯ ᠤᠨ ᠠᠭᠤᠯᠭ᠎ᠠ ᠳᠤ ᠪᠠᠨ ᠬᠡᠷᠡᠭᠯᠡᠵᠦ ᠪᠤᠢ᠃ ᠵᠠᠪᠠᠯ ᠴᠠᠭᠠᠰᠦᠨ ᠲᠡᠭᠡᠷ᠎ᠡ ᠪᠢᠰᠢ᠂ ᠨᠤᠮ ᠲᠡᠭᠡᠷ᠎ᠡ ᠪᠠᠨ ᠴᠤ ᠬᠢᠵᠦ ᠪᠤᠯᠤᠨ᠎ᠠ᠃ ᠦᠨᠡᠨ ᠳᠤ ᠪᠠᠨ ᠠᠵᠢᠯ ᠤᠨ ᠬᠠᠭᠤᠳᠠᠰᠦ ᠶᠢ ᠪᠢᠳᠡ ᠴᠦ ᠬᠡᠷᠡᠭᠯᠡᠵᠦ ᠪᠠᠶᠢᠭᠰᠠᠨ ᠶᠤᠮ᠃ ᠹᠢᠽᠢᠺ ᠤᠨ ᠬᠢᠴᠢᠶᠡᠯ ᠢᠶᠠᠷ ᠵᠢᠱᠢᠶᠡᠯᠡᠪᠡᠯ᠄ ᠬᠤᠷᠳᠤᠴᠠ ᠶᠢ ᠵᠢᠭᠠᠬᠤ ᠳᠤ ᠪᠠᠨ ᠬᠤᠶᠠᠷ ᠪᠤᠶᠦ ᠭᠤᠷᠪᠠᠨ ᠮᠠᠰᠢᠨ ᠲᠡᠷᠭᠡᠨ ᠤ ᠲᠡᠩᠴᠡᠭᠦᠦ ᠬᠤᠭᠤᠴᠠᠭᠠᠨ ᠳᠤ ᠶᠠᠪᠤᠭᠰᠠᠨ ᠵᠠᠮ ᠤᠨ ᠤᠷᠳᠤ ᠶᠢ ᠬᠠᠷᠢᠴᠠᠭᠤᠯᠵᠦ ᠪᠠᠶᠢᠭᠰᠠᠨ ᠶᠤᠮ᠂ ᠪᠠᠰᠠ ᠲᠡᠩᠴᠡᠭᠦᠦ ᠵᠠᠮ ᠤᠨ ᠤᠷᠳᠤ ᠶᠢ ᠶᠠᠪᠤᠬᠤ ᠳᠤ ᠬᠡᠷᠡᠭᠯᠡᠭᠰᠡᠨ ᠬᠤᠭᠤᠴᠠᠭ᠎ᠠ ᠶᠢ ᠨᠢ ᠬᠠᠷᠢᠴᠠᠭᠤᠯᠵᠦ ᠪᠠᠶᠢᠭᠰᠠᠨ᠂ ᠠᠳᠠᠯᠢ ᠪᠤᠰᠦ ᠬᠤᠭᠤᠴᠠᠭᠠᠨ ᠳᠤ ᠠᠳᠠᠯᠢ ᠪᠤᠰᠦ ᠵᠠᠢ ᠶᠠᠪᠤᠭᠰᠠᠨ ᠮᠠᠰᠢᠨ ᠲᠡᠷᠭᠡᠨ ᠤ ᠠᠯᠢ ᠨᠢ ᠬᠤᠷᠳᠤᠨ ᠪᠤᠯᠬᠤ ᠶᠢ ᠶᠠᠭᠠᠬᠢᠵᠦ ᠬᠠᠷᠢᠴᠠᠭᠤᠯᠬᠤ ᠵᠡᠷᠭᠡ ᠬᠦᠰᠦᠨᠦᠭᠴᠢᠯᠡᠭᠰᠡᠨ ᠠᠰᠠᠭᠤᠯᠳᠡ ᠭᠠᠷᠭᠠᠨ ᠬᠤᠷᠳᠤᠴᠠ ᠶᠢᠨ ᠤᠬᠠᠭᠳᠠᠬᠤᠨ ᠲᠤᠮᠢᠶ᠎ᠠ ᠶᠢ ᠰᠡᠳᠦᠵᠦ ᠭᠠᠷᠭᠠᠵᠦ ᠪᠠᠶᠢᠭᠰᠠᠨ ᠪᠢᠯᠡ᠃ ᠪᠠᠰᠠ ᠵᠢᠱᠢᠶᠡᠯᠡᠪᠡᠯ᠂ ᠤᠯᠠᠨ ᠵᠠᠭᠤᠴᠢᠳᠦ ᠲᠦᠭᠦᠭᠡᠷᠦᠮᠵᠢ ᠲᠡᠭᠡᠷ᠎ᠡ ᠪᠠᠨ ᠰᠦᠪᠡᠭᠴᠢᠯᠡᠯ ᠤᠨ ᠴᠢᠨᠠᠷ ᠲᠠᠢ ᠪᠤᠶᠦ ᠰᠡᠩᠭᠡᠷᠡᠬᠦᠯᠬᠦ ᠴᠢᠨᠠᠷ ᠲᠠᠢ ᠠᠰᠠᠭᠤᠯᠳᠠ ᠲᠤᠷᠠᠳᠤᠨ ᠬᠢᠯᠭᠡᠵᠦ ᠪᠠᠶᠢᠭᠰᠠᠨ ᠶᠤᠮ᠂ ᠡᠳᠡᠭᠡᠷ ᠨᠢ ᠪᠦᠷ ᠨᠢᠬᠡᠨ ᠠᠵᠢᠯ ᠤᠨ ᠬᠠᠭᠤᠳᠠᠰᠦ ᠶᠢ ᠪᠦᠷᠢᠯᠳᠦᠬᠦᠯᠵᠦ ᠪᠤᠯᠤᠨ᠎ᠠ᠃ ᠭᠡᠪᠡᠴᠦ ᠢᠩᠬᠢᠵᠦ ᠬᠢᠭᠰᠡᠨ ᠠᠵᠢᠯ ᠤᠨ ᠬᠠᠭᠤᠳᠠᠰᠦ ᠪᠤᠯᠤᠨ ᠮᠤᠩᠭᠤᠯ ᠤᠯᠤᠰ ᠤᠨ ᠪᠠᠭᠰᠢ ᠨᠠᠷ ᠤᠨ ᠬᠡᠷᠡᠭᠯᠡᠵᠦ ᠪᠠᠶᠢᠭ᠎ᠠ ᠠᠵᠢᠯ ᠤᠨ ᠬᠠᠭᠤᠳᠠᠰᠦ ᠲᠠᠢ ᠠᠳᠠᠯᠢ ᠲᠠᠯ᠎ᠠ ᠪᠠ ᠠᠳᠠᠯᠢ ᠪᠤᠰᠦ ᠲᠠᠯ᠎ᠠ ᠪᠤᠢ᠃ ᠠᠳᠠᠯᠢ ᠲᠠᠯ᠎ᠠ ᠨᠢ ᠪᠦᠷ ᠲᠤᠰ ᠬᠢᠴᠢᠶᠡᠯ ᠤᠨ ᠬᠠᠷᠠᠯᠳᠠ ᠳᠤ ᠪᠠᠨ ᠴᠢᠭᠯᠡᠬᠦᠯᠵᠦ ᠪᠤᠢ᠃ ᠠᠳᠠᠯᠢ ᠪᠤᠰᠦ ᠲᠠᠯ᠎ᠠ ᠨᠢ ᠶᠠᠮᠠᠷ ᠬᠠᠷᠠᠯᠳᠡ ᠳᠤ ᠴᠢᠭᠯᠡᠬᠦᠯᠵᠦ ᠪᠠᠶᠢᠬᠤ ᠨᠢ ᠤᠨᠳᠤᠤ᠃ ᠲᠠᠷᠦᠢ ᠬᠢᠴᠢᠶᠡᠯ ᠤᠨ ᠬᠠᠷᠠᠯᠳᠡ ᠨᠢ ᠤᠨᠳᠤᠤ᠃ ᠪᠢᠳᠡᠨ ᠤ ᠬᠠᠷᠠᠯᠳᠡ ᠪᠤᠯ ᠮᠡᠳᠡᠯᠭᠡ ᠪᠠᠷ ᠭᠤᠤᠯᠳᠠᠭᠤᠯᠵᠦ ᠬᠢᠴᠢᠶᠡᠯ ᠤᠨ ᠭᠤᠤᠯᠳᠠᠯᠭ᠎ᠠ ᠪᠠᠨ ᠲᠤᠪᠤᠶᠢᠯᠭᠠᠵᠦ ᠬᠦᠴᠢᠷᠳᠡᠯᠭᠡ ᠪᠠᠨ ᠰᠢᠢᠳᠪᠤᠷᠢᠯᠡᠬᠦ ᠶᠢᠨ ᠲᠦᠯᠦᠬᠡ ᠪᠠᠶᠢᠳᠠᠭ᠃ ᠮᠤᠩᠭᠤᠯ ᠤᠯᠤᠰ ᠤᠨ ᠪᠠᠭᠰᠢ ᠨᠠᠷ ᠪᠤᠯ ᠰᠤᠷᠤᠭᠴᠢᠳ ᠤᠨ ᠶᠠᠮᠠᠷ ᠴᠢᠳᠠᠪᠤᠷᠢ ᠶᠢ ᠶᠠᠭᠠᠬᠢᠵᠦ ᠬᠦᠮᠦᠵᠢᠬᠦᠯᠬᠦ ᠳᠤ ᠵᠤᠷᠢᠭᠤᠯᠳᠠᠭ᠃ ᠪᠢᠳᠡᠨ ᠤ ᠬᠠᠷᠠᠯᠳᠡ ᠤᠨᠳᠤᠤ ᠪᠤᠯᠬᠤᠷ ᠠᠵᠢᠯ ᠤᠨ ᠬᠠᠭᠤᠳᠠᠰᠦ ᠤᠨᠳᠤᠤ ᠪᠤᠯᠵᠦ ᠪᠦᠬᠦ᠋ᠢᠯᠡ ᠵᠢᠭᠠᠬᠤ ᠶᠠᠪᠤᠴᠠ ᠬᠤᠪᠢᠷᠠᠳᠠᠭ᠃ ᠶᠠᠭ ᠦᠨᠡᠨ ᠳᠤ ᠪᠠᠨ ᠪᠢᠳᠡᠨ ᠤ ᠬᠢᠴᠢᠶᠡᠯ ᠤᠨ ᠪᠠᠷᠢᠮᠵᠢᠶ᠎ᠠ ᠳᠤ ᠬᠢᠴᠢᠶᠡᠯ ᠤᠨ ᠬᠠᠷᠠᠯᠳᠠ ᠶᠢ ᠮᠡᠳᠡᠯᠭᠡ ᠪᠤᠯᠤᠨ ᠮᠡᠷᠭᠡᠰᠢᠯ᠂ ᠶᠠᠪᠤᠴᠠ ᠪᠤᠯᠤᠨ ᠠᠷᠭ᠎ᠠ᠂ ᠤᠷᠮ᠎ᠠ ᠰᠡᠳᠬᠢᠯᠭᠡ ᠤᠪᠤᠷ ᠬᠢᠭᠡᠳ ᠦᠷᠲᠡᠭ ᠤᠨ ᠦᠵᠡᠯᠳᠡ ᠬᠡᠵᠦ ᠭᠤᠷᠪᠠᠨ ᠲᠠᠯ᠎ᠠ ᠠᠴᠠ ᠲᠤᠷᠠᠳᠤᠭᠰᠠᠨ ᠶᠤᠮ᠃ ᠡ᠊ᠨᠡ ᠭᠦ ᠬᠠᠷᠠᠯᠳᠡ ᠮᠤᠩᠭᠤᠯ ᠤᠯᠤᠰ ᠤᠨ ᠪᠠᠭᠰᠢ ᠨᠠᠷ ᠤᠨ ᠬᠠᠷᠠᠯᠳᠠ ᠲᠠᠢ ᠵᠦᠷᠢᠴᠡᠯ ᠦᠬᠡᠢ ᠬᠡᠵᠦ ᠬᠡᠯᠡᠵᠦ ᠪᠤᠯᠤᠨ᠎ᠠ᠃ ᠶᠠᠭᠠᠬᠢᠭᠠᠳ ᠭᠡᠪᠡᠯ ᠶᠠᠪᠤᠴᠠ ᠪᠤᠯᠤᠨ ᠠᠷᠭ᠎ᠠ ᠳᠤ ᠪᠠᠭᠰᠢ ᠶᠢᠨ ᠵᠢᠭᠠᠬᠤ ᠶᠠᠪᠤᠴᠠ ᠪᠤᠯᠤᠨ ᠠᠷᠭ᠎ᠠ ᠶᠢ ᠪᠠᠭᠲᠠᠭᠠᠬᠤ ᠪᠠᠷ ᠪᠠᠷᠠᠬᠤ ᠦᠬᠡᠢ ᠰᠤᠷᠤᠭᠴᠢ ᠶᠢᠨ ᠰᠤᠷᠤᠯᠴᠠᠬᠤ ᠶᠠᠪᠤᠴᠠ ᠪᠤᠯᠤᠨ ᠠᠷᠭ᠎ᠠ ᠶᠢ ᠪᠠᠭᠲᠠᠭᠠᠵᠤ ᠪᠤᠯᠤᠨ᠎ᠠ᠃ ᠰᠤᠷᠤᠭᠴᠢᠳ ᠰᠤᠷᠤᠯᠴᠠᠬᠤ ᠶᠠᠪᠤᠴᠠ ᠳᠤ ᠰᠤᠷᠬᠤ ᠠᠷᠭ᠎ᠠ ᠪᠠ ᠴᠢᠳᠠᠪᠤᠷᠢ ᠨᠢ ᠬᠦᠮᠦᠵᠢᠭᠳᠡᠨ᠎ᠡ᠃ ᠰᠤᠷᠤᠭᠴᠢᠳ ᠤᠨ ᠴᠢᠳᠠᠪᠦᠷᠢ ᠬᠦᠮᠦᠵᠢᠭᠳᠡᠵᠦ ᠮᠡᠳᠡᠯᠭᠡ ᠶᠢ ᠵᠢᠩᠬᠢᠨᠢ ᠦᠪᠡᠷ ᠤᠨ ᠶᠠᠭᠤᠮ᠎ᠠ ᠪᠠᠨ ᠪᠤᠯᠭᠠᠭᠰᠠᠨ ᠰᠠᠭᠤᠷᠢᠨ ᠲᠡᠭᠡᠷ᠎ᠡ ᠤᠷᠮ᠎ᠠ ᠰᠡᠳᠬᠢᠯᠭᠡ ᠤᠪᠤᠷ ᠬᠢᠭᠡᠳ ᠦᠷᠲᠡᠭ ᠤᠨ ᠦᠵᠡᠯᠳᠡ ᠳᠤ ᠠᠶᠠᠨᠳᠠᠭᠠᠨ ᠦᠭᠡᠷᠡᠴᠢᠯᠡᠯᠳᠡ ᠭᠠᠷᠳᠠᠭ᠃ ᠰᠤᠷᠤᠭᠴᠢᠳ ᠦᠬᠡᠷᠡᠴᠢᠯᠡᠯᠳᠡ ᠲᠠᠢ ᠪᠠᠶᠢᠪᠠᠯ ᠬᠦᠭᠵᠢᠯᠳᠡ ᠲᠠᠢ ᠪᠠᠶᠢᠳᠠᠭ᠃ ᠭᠡᠪᠡᠴᠦ ᠪᠢᠳᠡ ᠶᠠᠷᠦ ᠳᠤ ᠪᠠᠨ ᠤᠯᠠᠮᠵᠢᠯᠡᠯᠳᠦ ᠵᠢᠭᠠᠬᠤ ᠠᠷᠭ᠎ᠠ ᠠᠴᠠ ᠪᠠᠨ ᠪᠤᠯᠤᠭᠠᠳ ᠮᠡᠳᠡᠯᠭᠡ ᠪᠤᠯᠤᠨ ᠮᠡᠷᠭᠡᠰᠢᠯ ᠢ ᠯᠡ ᠴᠢᠬᠤᠯᠠᠴᠢᠯᠠᠵᠦ᠂ ᠶᠠᠪᠤᠴᠠ ᠪᠤᠯᠤᠨ ᠠᠷᠭ᠎ᠠ᠂ ᠤᠷᠮ᠎ᠠ ᠰᠡᠳᠬᠢᠯᠭᠡ᠂ ᠤᠪᠤᠷ ᠬᠢᠭᠡᠳ ᠦᠷᠲᠡᠭ ᠤᠨ ᠦᠵᠡᠯᠳᠡ ᠶᠢ ᠤᠮᠳᠤᠭᠠᠶᠢᠯᠠᠭᠠᠳ ᠪᠠᠶᠢᠳᠠᠭ᠃ ᠡᠶᠢᠮᠦ ᠠᠴᠠ ᠪᠢᠳᠡ ᠬᠢᠴᠢᠶᠡᠯ ᠤᠨ ᠪᠠᠷᠢᠮᠵᠢᠶ᠎ᠠ ᠳᠤ ᠪᠠᠨ ᠰᠠᠭᠤᠷᠢᠯᠠᠵᠦ ᠵᠢᠭᠠᠬᠤ ᠠᠷᠭ᠎ᠠ ᠪᠠᠨ ᠲᠠᠰᠦᠷᠠᠯᠳᠠ ᠦᠬᠡᠢ ᠦᠬᠡᠷᠡᠴᠢᠯᠡᠬᠦ ᠴᠢᠬᠤᠯᠠ ᠲᠠᠢ᠃      ᠭᠤᠷᠪᠠ᠂ ᠬᠢᠴᠢᠶᠡᠯ ᠤᠨ ᠲᠠᠷᠠᠭ᠎ᠠ ᠬᠢᠴᠢᠶᠡᠯ ᠶᠠᠷᠢᠬᠤ ᠳᠤ ᠪᠠᠨ ᠲᠤᠰ ᠬᠢᠴᠢᠶᠡᠯ ᠨᠢ ᠠᠯᠢ ᠠᠯᠢ ᠨᠤᠮ ᠤᠨ ᠠᠯᠢ ᠠᠯᠢ ᠬᠡᠰᠡᠭ ᠤᠨ ᠶᠠᠮᠠᠷ ᠠᠭᠤᠯᠭ᠎ᠠ᠂ ᠭᠤᠤᠯᠳᠠᠯᠭ᠎ᠠ ᠨᠢ ᠶᠠᠭᠤ᠂ ᠬᠦᠴᠢᠷᠳᠡᠯᠭᠡ ᠨᠢ ᠶᠠᠭᠤ ᠬᠡᠵᠦ ᠪᠦᠷ ᠶᠠᠷᠢᠭᠰᠠᠨ ᠦᠬᠡᠢ᠃ ᠬᠠᠷᠢᠨ ᠬᠡᠦᠬᠡᠳ ᠤᠳ ᠤᠨ ᠶᠠᠮᠠᠷ ᠶᠠᠮᠠᠷ ᠴᠢᠳᠠᠪᠤᠷᠢ ᠶᠢ ᠶᠠᠭᠠᠬᠢᠵᠦ ᠬᠦᠭᠵᠢᠬᠦᠯᠬᠦ ᠡᠬᠦᠳᠡᠨ ᠠᠴᠠ ᠭᠡᠬᠦ ᠪᠤᠶᠦ ᠪᠤᠳᠠᠳᠤ ᠠᠮᠢᠳᠤᠷᠠᠯ ᠳᠤ ᠶᠠᠮᠠᠷ ᠶᠠᠭᠤᠮᠠᠨ ᠳᠤ ᠬᠡᠷᠡᠭᠯᠡᠵᠦ ᠪᠠᠶᠢᠭ᠎ᠠ ᠲᠠᠯ᠎ᠠ ᠠᠴᠠ ᠶᠠᠷᠢᠬᠤ ᠶᠤᠮ᠃ ᠡᠬᠦᠨ ᠠᠴᠠ ᠪᠢᠳᠡ ᠬᠡᠦᠬᠡᠳ ᠤᠳ ᠤᠨ ᠴᠢᠳᠠᠪᠤᠷᠢ ᠶᠢ ᠬᠦᠭᠵᠢᠬᠦᠯᠬᠦ ᠶᠢ ᠬᠢᠷᠢ ᠵᠡᠷᠭᠡ ᠴᠢᠬᠤᠯᠠᠴᠢᠯᠠᠵᠦ ᠪᠠᠶᠢᠬᠤ ᠶᠢ ᠮᠡᠳᠡᠵᠦ ᠪᠤᠯᠤᠨ᠎ᠠ᠃ ᠬᠠᠷᠠᠯᠳᠠ ᠤᠨᠳᠤᠤ ᠪᠤᠯᠬᠤᠷ ᠬᠢᠴᠢᠶᠡᠯ ᠤᠨ ᠲᠠᠷᠠᠭᠠᠬᠢ ᠡᠷᠬᠢᠴᠡᠭᠦᠯᠦᠯ ᠳ᠋ᠦᠩᠨᠡᠯᠳᠡ ᠴᠦ ᠵᠦᠷᠢᠶ᠎ᠡ ᠲᠠᠢ ᠪᠤᠯᠤᠭᠰᠠᠨ ᠪᠢᠯᠡ᠃ ᠶᠡᠷᠦ ᠨᠢ ᠮᠠᠨ ᠤ ᠪᠠᠭᠰᠢ ᠨᠠᠷ ᠤᠨ ᠲᠤᠮᠳᠠ ᠤᠯᠤᠰ ᠤᠨ ᠰᠢᠯᠭᠠᠯᠳᠠ ᠶᠢ ᠦᠬᠡᠷᠡᠴᠢᠯᠡᠬᠦ ᠦᠬᠡᠢ ᠪᠤᠯ ᠰᠤᠷᠭᠠᠨ ᠬᠦᠮᠦᠵᠢᠯ ᠢ ᠦᠬᠡᠷᠡᠴᠢᠯᠡᠵᠦ ᠲᠡᠶᠢᠯᠬᠦ ᠦᠬᠡᠢ ᠭᠡᠰᠡᠨ ᠶᠠᠷᠢᠶ᠎ᠠ ᠬᠠᠶᠠ ᠰᠤᠨᠤᠰᠳᠠᠭ᠃ ᠶᠠᠷᠢᠶᠠᠨ ᠦᠬᠡᠢ ᠨᠢᠬᠡ ᠤᠯᠤᠰ ᠤᠨ ᠰᠤᠷᠭᠠᠨ ᠬᠦᠮᠦᠵᠢᠯ ᠨᠢ ᠤᠯᠤᠰ ᠤᠨ ᠠᠵᠦ ᠠᠬᠤᠢ ᠶᠢᠨ ᠬᠦᠭᠵᠢᠯᠳᠡ ᠶᠢᠨ ᠪᠠᠶᠢᠳᠠᠯ᠂ ᠬᠦᠮᠦᠨ ᠠᠷᠠᠳ ᠤᠨ ᠬᠡᠪ ᠴᠢᠨᠠᠷ ᠵᠡᠷᠭᠡ ᠤᠯᠠᠨ ᠲᠠᠯ᠎ᠠ ᠶᠢᠨ ᠨᠦᠬᠦᠴᠡᠯ ᠰᠢᠯᠲᠠᠭᠠᠨ ᠠᠴᠠ ᠲᠤᠭᠳᠠᠭᠠᠭᠳᠠᠨ᠎ᠠ᠃ ᠲᠡᠭᠡᠪᠡᠯ ᠪᠦᠬᠦ ᠶᠠᠭᠤᠮ᠎ᠠ ᠶᠢ ᠪᠦᠷ ᠦᠭᠡᠷᠡᠴᠢᠯᠡᠭᠰᠡᠨ ᠤ ᠲᠠᠷᠠᠭ᠎ᠠ ᠰᠠᠶ᠋ᠢ ᠵᠢᠭᠠᠬᠤ ᠠᠷᠭ᠎ᠠ ᠳᠤ ᠪᠠᠨ ᠦᠭᠡᠷᠡᠴᠢᠯᠡᠯᠳᠡ ᠬᠢᠬᠦ ᠶᠤᠮ ᠪᠤᠯ ᠲᠠᠩᠴᠤ ᠤᠷᠦ᠋ᠢᠳᠠᠬᠤ ᠶᠤᠮ᠃ ᠤᠯᠤᠰ ᠤᠨ ᠰᠢᠯᠭᠠᠯᠳᠠ ᠶᠡᠷᠦ ᠨᠢ ᠬᠢᠴᠢᠶᠡᠯ ᠤᠨ ᠪᠠᠷᠢᠮᠵᠢᠶ᠎ᠠ ᠳᠤ ᠪᠠᠨ ᠰᠠᠭᠤᠷᠢᠯᠠᠵᠦ ᠪᠠᠶᠢᠳᠠᠭ᠃ ᠲᠡᠭᠡᠪᠡᠯ ᠪᠢᠳᠡ ᠵᠢᠭᠠᠬᠤ ᠠᠷᠭ᠎ᠠ ᠳᠤ ᠪᠠᠨ ᠦᠬᠡᠷᠡᠴᠢᠯᠡᠯᠳᠡ ᠬᠢᠬᠦ ᠳᠤ ᠪᠠᠨ ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠦᠦ︖ ᠡᠷᠬᠢᠴᠡᠬᠦᠯᠬᠦ ᠴᠢᠬᠤᠯᠠ ᠲᠠᠢ ᠪᠢᠵᠠ⁈ ᠤᠯᠤᠰ ᠤᠨ ᠰᠢᠯᠭᠠᠯᠳᠡ ᠳᠤ ᠶᠡᠷᠦ ᠨᠢ ᠦᠨᠳᠦᠰᠦᠨ ᠮᠡᠳᠡᠯᠭᠡ ᠦᠨᠳᠦᠰᠦᠨ ᠴᠢᠳᠠᠪᠤᠷᠢ ᠶᠢᠨ ᠪᠠᠶᠢᠴᠠᠭᠠᠯᠳᠡ ᠶᠢᠨ ᠰᠡᠳᠦᠪ ᠤᠯᠠᠩᠬᠢ ᠬᠤᠪᠢ ᠶᠢ ᠡᠵᠡᠯᠡᠵᠦ ᠪᠠᠶᠢᠳᠠᠭ᠃ ᠤᠯᠤᠰ ᠤᠨ ᠰᠢᠯᠭᠠᠯᠳᠡ ᠶᠠᠮᠠᠷ ᠪᠤᠯᠤᠭᠰᠠᠨ ᠴᠦ ᠪᠢᠳᠡ ᠭᠤᠤᠯ ᠬᠠᠷᠠᠯᠳᠡ ᠪᠠᠨ ᠬᠡᠥᠭᠡᠳ ᠤᠳ ᠤᠨ ᠴᠢᠳᠠᠪᠤᠷᠢ ᠶᠢ ᠬᠦᠮᠦᠵᠢᠬᠦᠯᠬᠦ ᠳᠤ ᠬᠠᠨᠳᠤᠭᠤᠯᠵᠦ ᠦᠨᠳᠦᠷ ᠦᠷ᠎ᠡ ᠪᠦᠳᠦᠮᠵᠢ ᠲᠠᠢ ᠠᠷᠭ᠎ᠠ ᠠᠴᠠ ᠰᠦᠪᠡᠭᠴᠢᠯᠡᠵᠦ ᠪᠤᠯᠤᠨ᠎ᠠ᠃ ᠵᠢᠩᠬᠢᠨᠢ ᠴᠢᠳᠠᠪᠤᠷᠢ ᠲᠠᠢ ᠬᠡᠥᠬᠡᠳ ᠤᠯᠤᠰ ᠤᠨ ᠰᠢᠯᠭᠠᠯᠳᠡ ᠶᠢᠨ ᠬᠠᠮᠢᠶ᠎ᠠ ᠪᠦᠬᠦᠢ ᠬᠢᠨᠠᠨ ᠪᠠᠶᠢᠴᠠᠭᠠᠯᠳᠡ ᠶᠢ ᠪᠦᠷ ᠦᠩᠭᠡᠷᠡᠬᠡᠵᠦ ᠲᠡᠶᠢᠯᠦᠨ᠎ᠡ᠃ ᠰᠡᠳᠤᠪ ᠬᠢᠵᠦ ᠯᠡ ᠪᠠᠶᠢᠪᠠᠯ ᠰᠡᠳᠬᠢᠬᠦᠢ ᠬᠦᠭᠵᠢᠴᠢᠭᠡᠳᠡᠭ ᠪᠢᠰᠢ᠂ ᠭᠤᠤᠯ ᠨᠢ ᠶᠠᠭᠤᠮᠠᠨ ᠤ ᠤᠬᠠᠭᠠᠨ ᠢ ᠨᠢ ᠤᠯᠤᠭᠤᠯᠵᠦ ᠦᠪᠡᠷ ᠤᠨ ᠬᠢᠨᠢ ᠶᠠᠭᠤᠮ᠎ᠠ ᠪᠤᠯᠭᠠᠬᠤ ᠳᠤ ᠪᠤᠢ᠃      ᠤᠳᠤ ᠨᠢᠬᠡ ᠨᠢ ᠲᠤᠰ ᠰᠤᠷᠭᠠᠭᠤᠯᠢ ᠶᠢᠨ ᠪᠠᠭᠰᠢ ᠨᠠᠷ ᠤᠨ ᠲᠤᠬᠠᠶᠢᠯᠠᠭᠰᠠᠨ ᠠᠵᠢᠯ ᠢᠶᠠᠷ ᠢᠶᠠᠨ ᠦᠪᠡᠷ ᠤᠨ ᠡᠷᠬᠢᠮ ᠲᠡᠭᠡᠳᠦ ᠦᠢᠯᠡᠰ ᠢᠶᠠᠨ ᠪᠤᠯᠭᠠᠵᠦ ᠶᠠᠪᠤᠭ᠎ᠠ ᠦᠢᠯᠡᠰᠴᠢ ᠤᠪᠤᠷ ᠰᠤᠷᠳᠠᠯ ᠢ ᠤᠯᠵᠣ ᠬᠠᠷᠠᠭᠰᠠᠨ ᠶᠤᠮ᠃ ᠨᠢᠬᠡᠨ ᠠᠷᠠᠳ ᠤᠨ ᠪᠠᠭᠰᠢ ᠪᠤᠯᠤᠭᠰᠠᠨ ᠤ ᠬᠤᠪᠢ ᠳᠤ ᠦᠪᠡᠷ ᠤᠨ ᠲᠤᠬᠠᠶᠢᠯᠠᠭᠰᠠᠨ ᠠᠵᠢᠯ ᠢᠶᠠᠨ ᠬᠢᠬᠦ ᠲᠤᠷᠠᠳᠠᠢ ᠮᠦᠷᠳᠡᠭᠡᠨ ᠲᠤᠬᠠᠶᠢᠯᠠᠭᠰᠠᠨ ᠠᠵᠢᠯ ᠤᠨ ᠢᠶᠠᠨ ᠭᠤᠸ᠎ᠠ ᠰᠠᠶᠢᠬᠠᠨ ᠢ ᠤᠯᠵᠦ ᠬᠠᠷᠠᠬᠤ᠂ ᠲᠤᠬᠠᠶᠢᠯᠠᠭᠰᠠ ᠠᠵᠢᠯ ᠠᠴᠠ ᠪᠠᠨ ᠪᠡᠶᠠᠷ ᠪᠠᠭ᠋ᠠᠳᠤᠯ ᠢ ᠤᠯᠵᠦ ᠴᠢᠳᠠᠬᠤ ᠲᠦᠢᠯ ᠤᠨ ᠴᠢᠬᠤᠯᠠ᠂ ᠲᠡᠭᠡᠪᠡᠯ ᠰᠠᠶ᠋ᠢ ᠠᠵᠢᠯ ᠳᠤ ᠪᠠᠨ ᠤᠷᠬᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠦ ᠲᠡᠶᠢᠯᠦᠨ᠎ᠡ︔ ᠲᠡᠭᠡᠪᠡᠯ ᠰᠠᠶ᠋ᠢ ᠵᠢᠭᠠᠨ ᠰᠤᠷᠭᠠᠯᠳᠠ ᠶᠢᠨ ᠠᠵᠢᠯ ᠳᠤ ᠪᠠᠨ ᠬᠦᠨᠵᠡᠭᠡᠶᠢᠷᠡᠵᠦ ᠲᠡᠶᠢᠯᠦᠨ᠎ᠡ᠃ ᠨᠢᠬᠡᠨ ᠤᠷᠤᠯᠳᠤᠯᠭ᠎ᠠ ᠲᠠᠢ᠂ ᠰᠤᠳᠤᠯᠭᠠᠨ ᠲᠠᠢ ᠮᠦᠷᠳᠡᠭᠡᠨ ᠰᠤᠷᠤᠭᠴᠢᠳ ᠲᠠᠢ ᠵᠢᠷᠦᠬᠡ ᠰᠡᠳᠬᠢᠯ ᠢᠶᠠᠷ ᠢᠶᠠᠨ ᠬᠤᠯᠪᠤᠯᠳᠤᠵᠦ ᠰᠤᠷᠤᠭᠴᠢᠳ ᠢᠶᠠᠨ ᠰᠡᠳᠬᠢᠯ ᠤᠨ ᠤᠭ ᠠᠴᠠ ᠪᠠᠨ ᠰᠤᠷᠭᠠᠨ ᠬᠦᠮᠦᠵᠢᠬᠦᠯᠦᠶ᠎ᠡ ᠬᠡᠵᠦ ᠪᠤᠳᠤᠳᠠᠭ᠂ ᠬᠢᠴᠢᠶᠡᠯ ᠢᠶᠠᠨ ᠰᠡᠳᠬᠢᠯ ᠢᠶᠠᠷ ᠢᠶᠠᠨ ᠮᠡᠳᠡᠷᠡᠳᠡᠭ ᠪᠠᠭᠰᠢ ᠶᠢᠨ ᠬᠢᠴᠢᠶᠡᠯ ᠯᠠᠪ ᠦᠷ᠎ᠡ ᠠᠰᠢᠭ ᠢᠶᠠᠷ ᠦᠨᠳᠦᠷ ᠬᠡᠵᠦ ᠪᠤᠳᠤᠭᠳᠠᠪᠠ᠃ ᠪᠠᠭᠰᠢ ᠶᠢᠨ ᠦᠬᠡ ᠪᠤᠯᠭᠠᠨ᠂ ᠦᠢᠯᠡ ᠬᠦᠳᠡᠯᠦᠯ᠂ ᠨᠢᠳᠦᠨ ᠤ ᠬᠠᠷᠠᠴᠠ᠂ ᠴᠠᠭᠠᠰᠢᠯᠠᠭᠠᠳ ᠠᠮᠢᠰᠬᠤᠯ ᠨᠢ ᠬᠦᠷᠳᠡᠯ᠎ᠡ ᠰᠤᠷᠤᠭᠴᠢᠳ ᠲᠤ ᠲᠠᠯᠳᠠ ᠲᠤᠬᠢᠶ᠎ᠠ ᠦᠭᠴᠦ ᠨᠦᠯᠦᠬᠡᠯᠡᠵᠦ ᠪᠠᠶᠢᠳᠠᠭ᠃ ᠲᠠᠯᠳᠠ ᠬᠦᠮᠦᠵᠢᠯ ᠬᠡᠵᠦ ᠬᠡᠯᠡᠵᠦ ᠪᠤᠯᠤᠨ᠎ᠠ᠃ ᠡᠶᠢᠮᠦ ᠠᠴᠠ ᠪᠠᠭᠰᠢ ᠬᠦᠮᠦᠨ ᠰᠤᠷᠤᠭᠴᠢᠳ ᠲᠤ ᠪᠠᠨ ᠡᠯ᠎ᠡ ᠲᠠᠯ᠎ᠠ ᠪᠠᠷ ᠬᠡᠪ ᠳᠦᠷᠢᠮ ᠪᠤᠯᠬᠤ ᠶᠢ ᠠᠩᠬᠠᠷᠴᠦ ᠬᠡᠥᠬᠡᠳ ᠤᠳ ᠤᠨ ︽ᠪᠠᠭᠰᠢ ᠪᠠᠨ︾ ᠭᠡᠰᠡᠨ ᠪᠢᠰᠢᠷᠡᠵᠦ ᠪᠠᠭ᠋ᠠᠳᠤᠭᠰᠠᠨ ᠭᠡᠨᠡᠨ ᠴᠠᠶᠢᠯᠭᠠᠨ ᠰᠡᠳᠬᠢᠯ ᠢ ᠡᠷᠬᠢᠮᠯᠡᠵᠦ ᠨᠠᠨᠳᠢᠩᠨᠠᠨ᠂ ᠶᠠᠭᠠᠬᠢᠭᠰᠠᠨ ᠴᠦ ᠤᠰᠤᠯᠳᠤᠵᠦ ᠪᠤᠯᠬᠤ ᠦᠬᠡᠢ᠃ ᠢᠲᠡᠭᠡᠯ ᠪᠤᠯ ᠬᠦᠮᠦᠨ ᠤ ᠬᠠᠷᠢᠯᠴᠠᠭᠠᠨ ᠤ ᠬᠠᠮᠤᠭ ᠤᠨ ᠦᠨᠳᠦᠰᠦᠨ ᠵᠦᠢᠯ ᠶᠤᠮ᠃ ᠢᠲᠡᠭᠡᠯ ᠦᠬᠡᠢ ᠬᠦᠮᠦᠨ ᠲᠠᠢ ᠬᠡᠨ ᠴᠦ ᠨᠠᠶᠢᠵᠢᠯᠠᠬᠤ ᠲᠤᠷ᠎ᠠ ᠦᠬᠡᠢ ᠶᠤᠮ᠃ ᠡᠭᠦᠨ ᠲᠠᠢ ᠠᠳᠠᠯᠢ ᠪᠠᠷ ᠰᠤᠷᠤᠭᠴᠢᠳ ᠴᠦ ᠢᠳᠡᠭᠡᠯ ᠲᠠᠢ ᠪᠠᠭᠰᠢ ᠲᠠᠢ ᠤᠶᠢᠷᠠᠳᠤᠬᠤ ᠲᠤᠷᠠᠳᠠᠢ᠂ ᠢᠳᠡᠭᠡᠯ ᠲᠠᠢ ᠪᠠᠭᠰᠢ ᠶᠢᠨ ᠬᠢᠴᠢᠶᠡᠯ ᠢ ᠰᠤᠨᠤᠰᠬᠤ ᠲᠤᠷᠠᠳᠠᠢ᠃ ᠰᠤᠷᠤᠭᠴᠢᠳ ᠲᠤ ᠪᠠᠨ ᠢᠲᠡᠭᠡᠯ ᠲᠠᠢ ᠪᠠᠶᠢᠬᠤ ᠶᠢ ᠠᠩᠬᠠᠷᠬᠤ ᠬᠡᠷᠡᠭᠳᠡᠢ᠃ ᠪᠠᠭᠰᠢ ᠬᠦᠮᠦᠨ ᠪᠤᠯ ᠦᠪᠡᠷ ᠤᠨ ᠵᠦᠪ ᠤᠪᠤᠷ ᠰᠤᠷᠳᠠᠯ᠂ ᠵᠦᠪ ᠦᠢᠯᠡ ᠠᠵᠢᠯᠯᠠᠭ᠎ᠠ᠂ ᠵᠦᠪ ᠦᠬᠡ ᠶᠠᠷᠢᠶ᠎ᠠ ᠪᠠᠷ ᠢᠶᠠᠨ ᠵᠦᠪ ᠬᠦᠮᠦᠨ ᠢ ᠬᠦᠮᠦᠵᠢᠬᠦᠯᠬᠦ ᠲᠠᠷᠬᠠᠨ ᠡᠭᠦᠷᠭᠡ ᠲᠠᠢ᠃ ᠵᠦᠪ ᠬᠦᠮᠦᠨ ᠠᠴᠠ ᠵᠦᠪ ᠬᠦᠮᠦᠨ ᠬᠦᠮᠦᠵᠢᠭᠳᠡᠨ᠎ᠡ᠃ ᠬᠡᠦᠬᠡᠳ ᠬᠦᠮᠦᠵᠢᠬᠦᠯᠬᠦ ᠪᠤᠯ ᠨᠢᠬᠡᠨ ᠠᠭᠤᠦ ᠦᠢᠯᠡᠰ ᠶᠤᠮ᠃ ᠡᠨᠡ ᠨᠢ ᠪᠤᠰᠤᠳ ᠲᠦᠷᠦᠯ ᠤᠨ ᠠᠵᠢᠯ ᠲᠠᠢ ᠦᠰᠦᠳ ᠤᠨᠳᠤᠤ ᠶᠤᠮ᠃ ᠤᠴᠢᠷ ᠨᠢ ᠪᠠᠭᠰᠢ ᠬᠦᠮᠦᠨ ᠤ ᠠᠵᠢᠯ ᠤᠨ ᠭᠤᠤᠯ ᠴᠤᠭᠴᠠ ᠪᠤᠯ ᠬᠡᠦᠬᠡᠳ ᠶᠤᠮ᠃ ᠦᠢ ᠲᠦᠮᠡᠨ ᠬᠡᠦᠭᠡᠳ ᠤᠳ ᠤᠨ ᠲᠤᠮᠳᠠ ᠠᠴᠠ ᠡᠭᠡᠭᠡ ᠠᠳᠠᠯᠢᠬᠠᠨ ᠬᠡᠦᠬᠡᠳ ᠢ ᠤᠯᠵᠦ ᠬᠠᠷᠠᠬᠤ ᠦᠬᠡᠢ ᠮᠦᠷᠳᠡᠭᠡᠨ ᠦᠨᠦᠳᠦᠷ ᠤᠨ ᠬᠡᠦᠬᠡᠳ ᠦᠴᠦᠭᠡᠳᠦᠷ ᠤᠨ ᠬᠡᠦᠬᠡᠳ ᠲᠠᠢ ᠪᠠᠰᠠ ᠤᠨᠳᠤᠤ ᠶᠤᠮ᠃ ᠲᠡᠳᠡ ᠦᠰᠦᠨ ᠪᠤᠶᠢᠵᠢᠵᠦ ᠪᠠᠶᠢᠨ᠎ᠠ︔ ᠪᠡᠶ᠎ᠡ ᠮᠠᠬᠠᠪᠤᠳ᠂ ᠪᠤᠳᠤᠯ ᠰᠡᠳᠬᠢᠯ᠂ ᠦᠵᠡᠯᠳᠡ ᠲᠠᠨᠢᠯᠳᠡ ᠨᠢ ᠲᠠᠰᠤᠷᠠᠯᠳᠠ ᠦᠬᠡᠢ ᠬᠤᠪᠢᠷᠠᠵᠦ ᠬᠦᠭᠵᠢᠵᠦ ᠪᠠᠶᠢᠭ᠎ᠠ ᠶᠤᠮ᠃ ᠡᠶᠢᠮᠦ ᠠᠴᠠ ᠪᠠᠭᠰᠢ ᠬᠦᠮᠦᠨ ᠪᠠᠰᠠ ᠬᠤᠪᠢᠷᠠᠵᠦ ᠬᠦᠭᠵᠢᠬᠦ ᠴᠢᠬᠤᠯᠠ ᠲᠠᠢ᠂ ᠲᠤᠬᠠᠶᠢᠯᠠᠭᠰᠠᠨ ᠠᠵᠢᠯ ᠳᠤ ᠪᠠᠨ ᠵᠦᠪ ᠦᠵᠡᠯᠳᠡ ᠲᠠᠨᠢᠯᠳᠡ ᠲᠠᠢ ᠪᠠᠶᠢᠵᠦ ᠴᠠᠭ ᠢᠮᠠᠭᠳᠠ ᠰᠤᠳᠤᠯᠤᠯᠳᠠ ᠬᠢᠬᠦ ᠬᠡᠷᠡᠭᠳᠡᠢ︔ ᠲᠤᠬᠠᠶᠢᠯᠠᠭᠰᠠᠨ ᠠᠵᠢᠯ ᠢᠶᠠᠷ ᠢᠶᠠᠨ ᠦᠪᠡᠷ ᠤᠨ ᠨᠠᠰᠦᠨ ᠲᠤᠷᠰᠢᠳᠡ ᠶᠢᠨ ᠡᠷᠬᠢᠮ ᠲᠡᠭᠡᠳᠦ ᠦᠢᠯᠡᠰ ᠢᠶᠠᠨ ᠪᠤᠯᠭᠠᠪᠠᠯ ᠲᠠᠭᠠᠷᠠᠨ᠎ᠠ᠂ ᠬᠠᠷᠢᠨ ᠶᠠᠭᠠᠬᠢᠭᠰᠠᠨ ᠴᠦ ᠦᠪᠡᠷ ᠤᠨ ᠤᠷᠤᠰᠢᠨ ᠲᠤᠭᠳᠠᠨᠢᠬᠤ ᠶᠢᠨ ᠠᠷᠭ᠎ᠠ ᠬᠡᠯᠪᠡᠷᠢ ᠲᠡᠳᠦᠢ ᠪᠤᠯᠭᠠᠵᠦ ᠪᠤᠯᠬᠤ ᠦᠬᠡᠢ᠃ ᠪᠠᠭᠰᠢ ᠬᠦᠮᠦᠨ ᠪᠤᠯ ᠮᠠᠩᠯᠠᠢ ᠪᠠᠶᠢᠬᠤ ᠶᠤᠰᠤᠳᠠᠢ᠂ ᠪᠠᠭᠰᠢ ᠬᠦᠮᠦᠨ ᠤ ᠪᠦᠳᠦᠭᠡᠭᠳᠡᠬᠦᠨ ᠪᠤᠯ ᠰᠤᠷᠤᠭᠴᠢ᠃ ᠦᠷ᠎ᠡ ᠬᠡᠥᠬᠡᠳ ᠪᠤᠯ ᠤᠯᠤᠰ ᠦᠨᠳᠦᠰᠦᠳᠡᠨ ᠤ ᠢᠷᠡᠭᠡᠳᠦᠢ ᠶᠤᠮ᠃ ᠪᠤᠷᠬᠠᠨ ᠬᠡᠵᠦ ᠦᠨᠡᠭᠡᠷ ᠪᠠᠶᠢᠳᠠᠭ ᠶᠤᠮ ᠪᠤᠯ ᠪᠠᠭᠰᠢ ᠬᠦᠮᠦᠨ ᠤ ᠪᠤᠷᠬᠠᠨ ᠪᠤᠯ ᠬᠡᠦᠭᠡᠳ ᠶᠤᠮ᠃ ᠪᠢᠳᠡ ᠪᠤᠷᠬᠠᠨ ᠳᠤ ᠪᠠᠨ ᠵᠦᠪ ᠢᠶᠠᠷ ᠬᠠᠨᠳᠤᠬᠤ ᠬᠡᠷᠡᠭᠳᠡᠢ ᠶᠤᠮ ᠪᠠᠶᠢᠨ᠎ᠠ᠃ ᠬᠠᠶᠢᠷ᠎ᠠ ᠬᠠᠯᠠᠮᠵᠢ ᠢᠳᠡᠭᠡᠯ ᠤᠨ ᠲᠤᠮᠳᠠ ᠪᠠᠶᠢᠭ᠎ᠠ ᠬᠡᠦᠬᠡᠳ ᠵᠤᠷᠢᠭᠳᠠᠢ ᠪᠠᠶᠢᠳᠠᠭ᠃ ᠬᠡᠥᠭᠡᠳ ᠤᠳ ᠢᠶᠠᠨ ᠪᠦᠬᠦ ᠲᠠᠯ᠎ᠠ ᠪᠠᠷ ᠬᠠᠶᠢᠷᠠᠯᠠᠵᠦ ᠶᠠᠪᠤᠶ᠎ᠠ᠃      ᠬᠠᠶ᠋ᠢᠬ᠄ ᠰᠢᠯᠤᠭᠤᠨ ᠬᠦᠬᠡ ᠬᠤᠰᠢᠭᠤᠨ ᠤ ᠮᠤᠩᠭᠤᠯ ᠦᠨᠳᠦᠰᠦᠳᠡᠨ ᠤ               ᠲᠡᠭᠡᠳᠦ ᠵᠡᠷᠭᠡ ᠶᠢᠨ ᠲᠤᠮᠳᠠᠳᠤ ᠰᠤᠷᠭᠠᠭᠤᠯᠢ                   ︵ᠰᠠᠩᠵᠠᠢ ᠨᠠᠶᠢᠷᠠᠭᠤᠯᠪᠠ︶                    2018 ᠣᠨ ᠤ 9 ᠳ᠋ᠦ᠋ᠭᠡᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map