︽ᠭᠤᠷᠪᠠᠨ ᠴᠢᠯᠠᠭᠤᠨ ᠲᠠᠷᠬᠠᠨ ᠤ ᠦᠯᠢᠭᠡᠷ︾ ᠠᠴᠠ ᠰᠡᠳᠬᠢᠮᠵᠢᠯᠡᠭᠰᠡᠨ ᠰᠤᠷᠭᠠᠭᠤᠯᠢ ᠶᠢᠨ ᠲᠤᠳᠤᠭᠠᠳᠤ ᠬᠠᠮᠢᠶᠠᠷᠤᠯᠳᠠ ᠶᠢᠨ ᠱᠠᠳᠤᠯᠢᠭ ᠬᠦᠭᠵᠢᠯᠳᠡ ᠶᠢᠨ ᠰᠦᠪᠡᠭᠴᠢᠯᠡᠯ
ᠨᠡᠶᠢᠲᠡᠯᠡᠭᠰᠡᠨ ᠴᠠᠭ᠄
2019/1/11
                                                         ᠦᠯᠵᠡᠶᠢᠮᠦ᠋ᠩᠬᠡ      ᠠᠮᠧᠷᠢᠺᠠ ᠶᠢᠨ ᠭᠠᠶᠢᠽ ᠰᠠᠭᠤᠷᠢ ᠮᠦᠩᠬᠦᠨ ᠤ ᠨᠡᠶᠢᠭᠡᠮᠯᠢᠭ ︵Bill & Melinda Gates Foundation︶ ᠠᠴᠠ ᠠᠮᠧᠷᠢᠺᠠ ᠶᠢᠨ ᠠᠷᠪᠠᠨ ᠶᠡᠭᠡ ᠵᠧᠦ ᠶᠢᠨ ᠵᠠᠭᠤ ᠭᠠᠷᠤᠢ ᠰᠤᠷᠭᠠᠭᠤᠯᠢ ᠳᠤ ᠦᠷᠭᠡᠨ ᠬᠡᠪᠴᠢᠶᠡᠨ ᠤ ᠰᠤᠳᠤᠯᠤᠨ ᠪᠠᠶᠢᠴᠠᠭᠠᠯᠳᠠ ᠬᠢᠭᠰᠡᠨ ᠤ ᠳ᠋ᠦᠩ ᠳᠤ ᠰᠤᠷᠭᠠᠭᠤᠯᠢ ᠶᠢᠨ ᠬᠦᠭᠵᠢᠯᠳᠡ ᠶᠢᠨ ᠬᠢᠷᠢ ᠲᠦᠪᠰᠢᠨ ᠨᠢ ᠰᠤᠷᠭᠠᠭᠤᠯᠢ ᠶᠢᠨ ᠰᠢᠰᠲ᠋ᠧᠮ᠂ ᠠᠩᠬᠢ ᠶᠢᠨ ᠶᠡᠭᠡ ᠪᠠᠭ᠎ᠠ᠂ ᠰᠤᠷᠭᠠᠭᠤᠯᠢ ᠶᠢᠨ ᠭᠠᠳᠠᠨᠠᠬᠢ ᠬᠦᠳᠡᠯᠭᠡᠭᠡᠨ ᠳᠤ ᠪᠢᠰᠢ᠂ ᠤᠳᠤᠬᠢᠴᠢᠯᠠᠭᠰᠠᠨ ᠪᠠᠭᠠᠵᠢ ᠲᠦᠭᠦᠭᠡᠷᠦᠮᠵᠢ ᠵᠡᠷᠭᠡ ᠳᠤ ᠪᠠᠶᠢᠭ᠎ᠠ ᠪᠢᠰᠢ᠂ ᠬᠠᠷᠢᠨ ᠦᠨᠳᠦᠷ ᠬᠡᠪ ᠪᠤᠯᠪᠠᠰᠤᠷᠠᠯ ᠲᠠᠢ᠂ ᠲᠡᠭᠦᠯᠳᠡᠷ ᠢᠳᠡᠪᠬᠢ ᠬᠦᠴᠦᠨ ᠪᠦᠬᠦᠢ ᠪᠠᠭᠰᠢ ᠶᠢᠨ ᠡᠩᠨᠡᠭᠡᠨ ᠳᠤ ᠪᠤᠢ ᠭᠡᠳᠡᠭ ᠨᠤᠳᠠᠯᠠᠯᠳᠠ ᠶᠢ ᠭᠠᠷᠭᠠᠵᠠᠢ᠃ ᠡᠨᠡ ᠨᠢ ᠪᠠᠭᠰᠢ ᠶᠢᠨ ᠬᠦᠴᠦᠨ ᠤ ᠡᠬᠢ ᠰᠤᠷᠪᠤᠯᠵᠢ ᠪᠤᠯ ᠰᠤᠷᠭᠠᠨ ᠬᠦᠮᠦᠵᠢᠯ ᠤᠨ ᠲᠡᠷᠢᠭᠦᠨ ᠴᠢᠬᠤᠯᠠ ᠦᠪ ᠬᠦᠷᠦᠩᠬᠡ ᠮᠦᠨ ᠭᠡᠳᠡᠭ ᠢ ᠭᠡᠷᠡᠴᠢᠯᠡᠵᠦ ᠪᠠᠶᠢᠭ᠎ᠠ ᠶᠤᠮ᠃ ᠪᠠᠭᠰᠢ ᠶᠢᠨ ᠲᠤᠰᠬᠠᠢ ᠮᠡᠷᠭᠡᠵᠢᠯ ᠤᠨ ᠬᠦᠭᠵᠢᠯᠳᠡ ᠶᠢ ᠴᠢᠩᠭᠠᠳᠬᠠᠬᠤ ᠪᠤᠯ ᠡᠷᠢᠨ ᠴᠠᠭ ᠤᠨ ᠬᠠᠳᠠᠭᠤ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ ᠬᠡᠦᠬᠡᠳ ᠤᠨ ᠬᠦᠭᠵᠢᠯᠳᠡ ᠶᠢᠨ ᠲᠤᠭᠳᠠᠯᠴᠠᠭ᠎ᠠ ᠠᠴᠠ ᠰᠢᠯᠳᠠᠭᠠᠯᠠᠭᠳᠠᠭᠰᠠᠨ ᠬᠡᠷᠡᠭᠴᠡᠭᠡ ᠪᠤᠯᠤᠨ᠎ᠠ᠃ ᠮᠠᠨ ᠤ ᠤᠯᠤᠰ ᠤᠷᠤᠨ ᠠᠴᠠ ᠰᠤᠷᠭᠠᠨ ᠬᠦᠮᠦᠵᠢᠯ ᠤᠨ ᠠᠯᠤᠰ ᠤᠨ ᠬᠠᠷᠠᠯᠳᠠ ᠪᠤᠳᠤᠯᠭ᠎ᠠ ᠲᠤᠭᠳᠠᠭᠠᠵᠤ ᠡᠯ᠎ᠡ ᠬᠢᠴᠢᠶᠡᠯ ᠲᠦᠷᠦᠯ ᠤᠨ ᠪᠠᠭᠰᠢ ᠶᠢᠨ ᠪᠤᠯᠪᠠᠰᠤᠷᠠᠯ ᠰᠤᠷᠤᠯᠴᠠᠯᠭ᠎ᠠ ᠶᠢ ᠤᠯᠠᠨ ᠬᠡᠯᠪᠡᠷᠢ ᠪᠠᠷ ᠵᠤᠬᠢᠶᠠᠨ ᠪᠠᠶᠢᠭᠤᠯᠵᠤ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠬᠢᠭᠡᠳ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠦᠷᠭᠦᠯᠵᠢᠯᠡᠨ ᠲᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ ᠢᠷᠡᠭᠰᠡᠨ ᠪᠢᠯᠡ᠃ ᠲᠤᠤᠷ᠎ᠠ ᠤᠯᠤᠰ ᠬᠦᠷᠦᠨ ᠤ ᠲᠡᠭᠡᠭᠰᠢᠯᠡᠭᠦᠯᠦᠨ ᠪᠣᠯᠪᠠᠰᠤᠷᠠᠭᠤᠯᠬᠤ ︽ᠬᠦᠨᠳᠦ ᠭᠡᠰᠢᠭ︾ ᠢ ᠬᠦᠷᠳᠡᠵᠦ ᠤᠯᠠᠨ ᠤ ᠲᠤᠭᠤᠰᠤ ᠶᠢ ᠲᠠᠭᠠᠨ ᠨᠢᠭᠡ ᠤᠳᠠᠭᠠᠨ ᠤ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠪᠤᠯᠪᠠᠰᠤᠷᠠᠯ ᠳᠤ ᠤᠷᠤᠯᠴᠠᠭᠰᠠᠨ ᠦᠵᠡᠯᠳᠡ ᠰᠡᠳᠬᠢᠭᠳᠡᠯ ᠢᠶᠠᠨ ᠤᠯᠠᠨ ᠲᠠᠢ ᠰᠤᠯᠢᠯᠴᠠᠶ᠎ᠠ᠃      ᠪᠢ ᠪᠠᠷ ᠪᠡᠭᠡᠵᠢᠩ ᠤᠨ ᠰᠢᠨ᠎ᠡ ᠰᠤᠷᠭᠠᠭᠤᠯᠢ ᠶᠢᠨ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠠᠴᠠ ᠭᠤᠤᠯᠯᠠᠨ ᠡᠷᠬᠢᠯᠡᠭᠰᠡᠨ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠦᠨᠳᠦᠷ ᠲᠡᠰ ᠤᠨ ᠰᠤᠳᠤᠯᠭᠠᠨ ᠪᠤᠯᠪᠠᠰᠤᠷᠠᠯ ᠤᠨ ᠬᠤᠷᠠᠯ ᠳᠤ ᠨᠢᠭᠡ ᠭᠡᠰᠢᠭᠦᠨ ᠤ ᠬᠤᠪᠢ ᠪᠠᠷ ᠤᠷᠤᠯᠴᠠᠭᠰᠠᠨ ᠶᠤᠮ᠃ ᠲᠤᠰ ᠪᠤᠯᠪᠠᠰᠤᠷᠠᠯ ᠨᠢ ᠰᠧᠴᠤᠸᠠᠨ ᠮᠤᠵᠢ ᠶᠢᠨ ᠲᠦᠪ ᠴᠧᠩᠳᠦ᠋ ᠬᠤᠳᠠᠨ᠎ᠠ 2016 ᠤᠨ ᠤ 11 ᠰᠠᠷ᠎ᠠ ᠶᠢᠨ 20~26 ᠤ ᠡᠳᠦᠷ ᠪᠤᠯᠳᠠᠯ᠎ᠠ ᠶᠠᠪᠤᠭᠳᠠᠭᠰᠠᠨ ᠪᠢᠯᠡ᠃ ᠮᠤᠩᠭᠤᠯ ᠤᠨ ᠦᠨᠳᠦᠷᠯᠢᠭ ᠤᠨ ᠬᠠᠬᠢᠷ ᠬᠦᠢᠳᠡᠨ ᠠᠴᠠ ᠪᠠᠷᠠᠭᠤᠨ ᠡᠮᠦᠨᠡᠳᠦ ᠶᠢᠨ ᠲᠤᠯᠠᠭᠠᠨ ᠴᠢᠬᠢᠭᠯᠢᠭ ᠪᠦᠰᠡ ᠨᠤᠳᠤᠭ ᠲᠤ ᠡᠷᠳᠡᠮ ᠰᠤᠷᠤᠨ᠎ᠠ ᠭᠡᠵᠦ ᠲᠡᠮᠡᠦᠯᠦᠨ ᠬᠦᠷᠬᠦ ᠭᠡᠭᠴᠢ ᠶᠤᠰᠤᠳᠠᠢ ︽ᠬᠦᠰᠡᠬᠦ ᠶᠢᠨ ᠵᠢᠷᠭᠠᠯ︾ ᠪᠡᠶᠡᠯᠡᠭᠰᠡᠨ ᠰᠢᠭ ᠰᠠᠨᠠᠭᠳᠠᠭᠤᠯᠤᠭᠰᠠᠨ ᠶᠤᠮ᠃ ᠬᠠᠶᠢᠯᠠᠷ — ᠴᠧᠩᠳᠦ᠋ ᠬᠦᠷᠬᠦ K996 ᠴᠤᠪᠤᠭ᠎ᠠ ᠲᠡᠷᠭᠡᠨ ᠳᠤ ᠰᠤᠨᠤᠮ᠎ᠠ ᠬᠤᠶᠠᠷ ᠰᠦᠨᠢ ᠬᠤᠶᠠᠷ ᠡᠳᠦᠷ ᠠᠶᠠᠯᠠᠭᠠᠳ ᠲᠡᠮᠡᠦᠯᠡᠯ ᠤᠨ ᠴᠡᠭ ᠲᠤ ᠪᠠᠨ ᠬᠦᠷᠦᠭᠰᠡᠨ ᠪᠢᠯᠡ᠃ ᠢᠩᠭᠢᠭᠡᠳ ᠮᠤᠵᠢ ᠶᠢᠨ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠡᠷᠳᠡᠮᠳᠡᠨ ᠰᠤᠳᠤᠯᠭᠠᠳᠠᠨ ᠪᠠᠭᠰᠢ ᠵᠢᠴᠢ ᠨᠡᠷᠡᠳᠦ ᠵᠠᠬᠢᠷᠤᠯ ᠤᠨ ᠬᠢᠴᠢᠶᠡᠯ ᠢᠯᠡᠳᠬᠡᠯ ᠢ ᠰᠤᠨᠤᠰᠤᠭᠰᠠᠨ ᠪᠠ ᠤᠨᠴᠠᠯᠢᠭᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠬᠢᠭᠡᠳ ᠨᠡᠷᠡᠳᠦ ᠰᠤᠷᠭᠠᠭᠤᠯᠢ ᠶᠢᠨ ᠬᠠᠮᠢᠶᠠᠷᠤᠯᠳᠠ᠂ ᠦᠭᠡᠷᠡᠴᠢᠯᠡᠯᠳᠡ᠂ ᠬᠦᠭᠵᠢᠯᠳᠡ ᠶᠢᠨ ᠲᠠᠯ᠎ᠠ ᠪᠠᠷ ᠬᠢ ᠮᠤᠨᠳᠠᠭ ᠶᠡᠭᠡ ᠡᠷᠳᠡᠮ ᠤᠬᠠᠭᠠᠨ ᠢ ᠵᠠᠬ᠎ᠠ ᠬᠦᠪᠡᠭᠡ ᠠᠴᠠ ᠨᠢ ᠡᠳᠦᠢ ᠲᠡᠳᠦᠢ ᠤᠴᠢᠷᠯᠠᠵᠤ ᠤᠶᠢᠯᠠᠭᠠᠭᠰᠠᠨ ᠶᠤᠮ᠃ ᠡᠬᠦᠨ ᠳᠤ ᠭᠤᠤᠯ ᠬᠡᠷᠡᠭ ᠵᠢᠱᠢᠶ᠎ᠡ ᠪᠤᠯᠤᠮᠠᠷ ᠴᠧᠩᠳᠦ᠋ ᠬᠤᠳᠠ ᠶᠢᠨ ᠴᠢᠩ ᠶᠠᠩ ᠲᠤᠭᠤᠷᠢᠭ ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠤᠭ᠎ᠠ᠂ ᠰᠧᠴᠤᠸᠠᠨ ᠮᠤᠵᠢ ᠶᠢᠨ ᠡᠷᠳᠡᠮ ᠰᠢᠨᠵᠢᠯᠡᠭᠡ ᠬᠢᠭᠡᠳ ᠮᠡᠷᠭᠡᠵᠢᠯ ᠤᠨ ᠲᠠᠭᠠᠭᠤᠯᠤᠭᠴᠢ᠂ ᠰᠤᠷᠭᠠᠨ ᠬᠦᠮᠦᠵᠢᠯ ᠤᠨ ᠵᠦᠪᠯᠡᠯ ᠤᠨ ︽ᠤᠯᠤᠰ ᠤᠨ ᠲᠦᠯᠦᠪᠯᠡᠭᠡᠳᠦ ᠪᠤᠯᠪᠠᠰᠤᠷᠠᠯ︾ ᠤᠨ ᠲᠤᠰᠬᠠᠢ ᠮᠡᠷᠭᠡᠵᠢᠯᠳᠡᠨ᠂ ᠴᠧᠩᠳᠦ᠋ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠨᠠᠨ ᠵᠢᠯᠤᠭᠤᠳᠤᠭᠴᠢ ᠯᠢᠦ ᠳ᠋ᠠ ᠴᠦᠨ ᠪᠠᠭᠰᠢ ᠶᠢᠨ ᠶᠠᠷᠢᠶ᠎ᠠ ᠲᠠᠶᠢᠯᠤᠮᠵᠢ ᠨᠢ ᠪᠤᠯᠪᠠᠰᠤᠷᠠᠯ ᠳᠤ ᠤᠷᠤᠯᠴᠠᠭᠰᠠᠨ ᠬᠦᠮᠦᠰ ᠤᠨ ᠠᠩᠬᠠᠷᠤᠯ ᠢ ᠲᠠᠳᠠᠭᠰᠠᠨ ᠢᠶᠠᠷ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠠᠵᠢᠯ ᠳᠤ ᠮᠠᠰᠢ ᠰᠢᠨ᠎ᠡ ᠠᠭᠤᠯᠤᠭᠳᠠᠬᠤᠨ ᠲᠠᠢ᠂ ᠬᠠᠭᠤᠴᠢᠨ ᠠᠭᠤᠯᠭ᠎ᠠ ᠨᠢ ᠰᠢᠨ᠎ᠡ ᠰᠡᠳᠬᠢᠮᠵᠢ ᠪᠢᠯᠬᠠᠭᠤᠯᠤᠭᠰᠠᠨ ᠨᠢᠭᠡ ᠤᠳᠠᠭᠠᠨ ᠤ ᠭᠡᠭᠡᠷᠡᠯ ᠰᠡᠩᠭᠡᠷᠡᠭᠦᠯᠦᠯ ᠤᠨ ᠲᠠᠯᠳᠠ ᠶᠢᠨ ᠬᠦᠴᠦᠨ ᠲᠠᠢ ᠰᠠᠶᠢᠬᠠᠨ ᠬᠢᠴᠢᠶᠡᠯ ᠪᠤᠯᠤᠭᠰᠠᠨ ᠪᠢᠯᠡ᠃      ᠯᠢᠦ ᠳ᠋ᠠ ᠴᠦᠨ ᠪᠠᠭᠰᠢ ᠠᠴᠠ ᠬᠢᠴᠢᠶᠡᠯᠯᠡᠭᠡ ᠶᠢᠨ ᠶᠠᠪᠤᠴᠠ ᠳᠤ ᠪᠠᠨ ︽ᠭᠤᠷᠪᠠᠨ ᠴᠢᠯᠠᠭᠤᠨ ᠲᠠᠷᠬᠠᠨ ᠤ ᠦᠯᠢᠭᠡᠷ︾ ᠢ ᠶᠠᠷᠢᠵᠤ ᠪᠠᠷᠠᠭᠠᠳ ᠲᠤᠮᠤ ᠴᠡᠭᠡᠨ ᠲᠡᠯᠭᠡᠴᠡ ᠲᠡᠭᠡᠷ᠎ᠡ ᠭᠤᠷᠪᠠᠨ ᠴᠢᠯᠠᠭᠤᠨ ᠲᠠᠷᠬᠠᠨ ᠤ ᠠᠯᠢᠨ ᠤ ᠬᠢᠨᠢ ᠦᠵᠡᠯ ᠰᠠᠨᠠᠭ᠎ᠠ ᠨᠢ ᠠᠯᠤᠰ ᠤᠨ ᠬᠠᠷᠠᠴᠠ ᠲᠠᠢ᠂ ᠬᠠᠮᠢᠶᠠᠷᠤᠯᠳᠠ ᠶᠢᠨ ᠰᠡᠳᠬᠢᠮᠵᠢ ᠲᠠᠢ ᠠᠵᠢᠯᠳᠠᠨ ᠪᠤᠯᠵᠤ ᠴᠢᠳᠠᠬᠤ ᠲᠤᠬᠠᠢ ᠬᠤᠶᠠᠷ ᠬᠡᠮᠵᠢᠯᠳᠦ ᠺᠤᠳ᠋ ᠢᠯᠡᠷᠡᠭᠦᠯᠵᠦ ᠮᠠᠨᠤᠰ ᠢ ᠭᠠᠷ ᠤᠳᠠᠰᠤᠨ ᠤ ᠰᠢᠷᠪᠢᠭᠦᠷ ᠢᠶᠠᠷ ᠬᠠᠷᠠᠭ᠎ᠠ ᠲᠠᠭᠠᠷᠠᠭᠤᠯᠤᠨ ᠰᠢᠷᠪᠢᠭᠦᠯᠵᠤ ᠤᠨᠤᠭ᠎ᠠ ᠦᠭᠬᠦ ᠬᠡᠯᠪᠡᠷᠢ ᠪᠠᠷ ᠰᠤᠩᠭᠤᠯᠳᠠ ᠬᠢᠯᠭᠡᠵᠦ ᠪᠠᠶᠢᠴᠠᠭᠠᠨ ᠳ᠋ᠦᠩᠨᠡᠪᠡ᠃ ᠰᠢᠷᠪᠢᠯᠳᠡ ᠶᠢᠨ ᠦᠷ᠎ᠡ ᠳ᠋ᠦᠩ ᠳᠤ ᠭᠤᠷᠪᠠᠳᠤᠭᠠᠷ ᠴᠢᠯᠠᠭᠤᠨ ᠲᠠᠷᠬᠠᠨ ᠳᠤ ᠤᠨᠤᠭ᠎ᠠ ᠦᠭᠭᠦᠭᠰᠡᠨ ᠬᠦᠮᠦᠰ ᠤᠷᠦ᠋ᠢᠯᠠᠵᠤ ᠪᠠᠶᠢᠯ᠎ᠠ᠃ ᠪᠢ ᠴᠦ ᠶᠠᠮᠠᠷ ᠴᠦ ᠡᠷᠡᠭᠡᠯᠵᠡᠯ ᠦᠭᠡᠢ ᠭᠤᠷᠪᠠᠳᠤᠭᠠᠷ ᠲᠠᠷᠬᠠᠨ ᠳᠤ ᠤᠨᠤᠭ᠎ᠠ ᠦᠭᠭᠦᠭᠰᠡᠨ ᠪᠢᠯᠡ᠃ ᠦᠯᠢᠭᠡᠷ ᠤᠨ ᠠᠭᠤᠯᠭ᠎ᠠ ᠡᠶᠢᠮᠦ ᠪᠠᠶᠢᠯ᠎ᠠ᠃      ᠨᠢᠭᠡᠨ ᠰᠤᠳᠤᠯᠭᠠᠳᠠᠨ ᠶᠠᠭᠠᠷᠠᠯᠳᠠᠢ ᠠᠵᠢᠯᠯᠠᠵᠤ ᠪᠠᠶᠢᠭ᠎ᠠ ᠭᠤᠷᠪᠠᠨ ᠴᠢᠯᠠᠭᠤᠨ ᠲᠠᠷᠬᠠᠨ ᠠᠴᠠ ᠶᠠᠭᠤ ᠬᠢᠵᠦ ᠪᠠᠶᠢᠭ᠎ᠠ ᠶᠢ ᠨᠢ ᠠᠰᠠᠭᠤᠭᠰᠠᠨ ᠳᠤ ᠠᠳᠠᠯᠢ ᠪᠤᠰᠤ ᠶᠢᠨ ᠬᠠᠷᠢᠭᠤᠯᠳᠠ ᠤᠯᠤᠭᠰᠠᠨ ᠪᠠᠶᠢᠪᠠ᠃      ᠨᠢᠭᠡᠳᠦᠭᠡᠷ ᠴᠢᠯᠠᠭᠤᠨ ᠲᠠᠷᠬᠠᠨ᠄ ︽ᠪᠢ ᠭᠡᠷ ᠪᠦᠯᠢ ᠪᠠᠨ ᠠᠰᠠᠷᠠᠨ ᠲᠡᠵᠢᠭᠡᠬᠦ ᠠᠵᠢᠯ ᠬᠢᠵᠦ ᠪᠠᠶᠢᠨ᠎ᠠ︾ ᠭᠡᠪᠡ᠃      ᠬᠤᠶᠠᠳᠤᠭᠠᠷ ᠴᠢᠯᠠᠭᠤᠨ ᠲᠠᠷᠬᠠᠨ᠄ ︽ᠪᠢ ᠪᠦᠬᠦ ᠤᠯᠤᠰ ᠤᠨ ᠬᠠᠮᠤᠭ ᠤᠨ ᠰᠠᠶᠢᠨ ᠴᠢᠯᠠᠭᠤᠨ ᠲᠠᠷᠬᠠᠨ ᠤ ᠠᠵᠢᠯ ᠢ ᠬᠢᠵᠦ ᠪᠠᠶᠢᠨ᠎ᠠ︾ ᠭᠡᠵᠡᠢ᠃      ᠭᠤᠷᠪᠠᠳᠤᠭᠠᠷ ᠴᠢᠯᠠᠭᠤᠨ ᠲᠠᠷᠬᠠᠨ᠄ ︽ᠪᠢ ᠲᠤᠮᠤ ᠱᠠᠰᠢᠨ ᠤ ᠲᠤᠭᠠᠩ ᠢ ᠪᠦᠳᠦᠭᠡᠨ ᠪᠠᠶᠢᠭᠤᠯᠵᠤ ᠪᠠᠶᠢᠨ᠎ᠠ︾ ᠬᠡᠵᠦ ᠬᠡᠯᠡᠪᠡ᠃      ᠲᠤᠰ ᠦᠯᠢᠭᠡᠷ ᠪᠤᠯ ᠤᠤᠯ ᠨᠢ ᠠᠮᠧᠷᠢᠺᠠ ᠶᠢᠨ ᠬᠠᠮᠢᠶᠠᠷᠤᠯᠳᠠ ᠶᠢᠨ ᠤᠬᠠᠭᠠᠨ ᠤ ᠠᠯᠳᠠᠷᠳᠤ ᠡᠷᠳᠡᠮᠳᠡᠨ ᠳ᠋ᠧᠯᠦ᠋ᠺ ︵德鲁克︶ ᠤᠨ ᠪᠠᠶᠢᠴᠠᠭᠠᠨ ᠰᠤᠳᠤᠯᠤᠯᠳᠠ ᠶᠢᠨ ᠶᠠᠪᠤᠴᠠ ᠶᠢᠨ ᠲᠤᠮᠳᠠᠬᠢ ᠲᠤᠷᠰᠢᠯᠳᠠ ᠳᠤ ᠢᠯᠡᠷᠡᠭᠰᠡᠨ ᠬᠡᠷᠡᠭ ᠵᠢᠱᠢᠶ᠎ᠡ ᠪᠤᠯᠤᠨ᠎ᠠ᠃ ︽ᠵᠢᠵᠢᠭ ᠦᠯᠢᠭᠡᠷ ᠲᠤᠷ ᠶᠡᠭᠡ ᠶᠤᠰᠤᠨ ᠠᠭᠤᠯᠤᠭᠳᠠᠮᠤᠢ︾ ᠭᠡᠳᠡᠭ ᠢᠶᠠᠷ ᠲᠤᠤᠷ᠎ᠠ ᠪᠢ ︽ᠭᠤᠷᠪᠠᠨ ᠴᠢᠯᠠᠭᠤᠨ ᠲᠠᠷᠬᠠᠨ ᠤ ᠦᠯᠢᠭᠡᠷ︾ ᠠᠴᠠ ᠡᠰᠢ ᠠᠪᠴᠤ ᠰᠤᠷᠭᠠᠭᠤᠯᠢ ᠶᠢᠨ ᠲᠤᠳᠤᠭᠠᠳᠤ ᠬᠠᠮᠢᠶᠠᠷᠤᠯᠳᠠ ᠶᠢᠨ ᠠᠵᠢᠯ ᠤᠨ ᠱᠠᠳᠤᠯᠢᠭ ᠬᠡᠯᠪᠡᠷᠢ ᠶᠢᠨ ᠦᠭᠡᠷᠡᠴᠢᠯᠡᠯᠳᠡ ᠰᠢᠨᠡᠴᠢᠯᠡᠯᠳᠡ ᠶᠢᠨ ᠲᠤᠬᠠᠢ ᠦᠪᠡᠷ ᠤᠨ ᠦᠵᠡᠯᠳᠡ ᠪᠠᠨ ᠲᠡᠯᠭᠡᠶ᠎ᠡ᠃      ᠲᠤᠬᠠᠢ ᠶᠢᠨ ᠦᠶ᠎ᠡ ᠳᠤ ᠲᠦᠷ ᠵᠠᠭᠤᠷ᠎ᠠ ᠶᠢᠨ ᠰᠡᠳᠬᠢᠮᠵᠢ ᠪᠠᠷ ᠭᠤᠷᠪᠠᠳᠤᠭᠠᠷ ᠴᠢᠯᠠᠭᠤᠨ ᠲᠠᠷᠬᠠᠨ ᠳᠤ ᠤᠨᠤᠭ᠎ᠠ ᠦᠭᠴᠦ ᠰᠤᠩᠭᠤᠭᠰᠠᠨ ᠪᠤᠯᠪᠠᠴᠤ ᠪᠤᠴᠠᠵᠤ ᠢᠷᠡᠭᠰᠡᠨ ᠤ ᠪᠠᠨ ᠲᠠᠷᠠᠭ᠎ᠠ ᠪᠤᠳᠤᠭᠠᠳ ᠪᠠᠶᠢᠪᠠᠯ ᠮᠠᠳᠠᠭ ᠲᠠᠢ ᠠᠰᠠᠭᠤᠳᠠᠯ ᠶᠤᠮᠰᠢᠭ ᠰᠠᠨᠠᠭᠳᠠᠭᠤᠯᠪᠠ᠃ ᠪᠢᠳᠡ ᠲᠤᠬᠠᠢ ᠶᠢᠨ ᠴᠠᠭ ᠲᠤ ᠭᠤᠷᠪᠠᠳᠤᠭᠠᠷ ᠴᠢᠯᠠᠭᠤᠨ ᠲᠠᠷᠬᠠᠨ ᠤ ᠦᠵᠡᠯ ᠰᠠᠨᠠᠭ᠎ᠠ ᠶᠢ ᠬᠦᠯᠢᠶᠡᠨ ᠵᠦᠪᠰᠢᠶᠡᠷᠡᠵᠦ ᠶᠡᠭᠡᠬᠡᠨ ᠪᠠᠭ᠋ᠠᠷᠬᠠᠵᠤ ᠠᠯᠤᠰ ᠤᠨ ᠪᠤᠳᠤᠯᠭ᠎ᠠ᠂ ᠠᠤᠭ᠎ᠠ ᠰᠠᠨᠠᠭ᠎ᠠ ᠶᠢ ᠨᠢ ᠪᠢᠰᠢᠷᠡᠭᠰᠡᠨ ᠠᠴᠠ ᠪᠢᠰᠢ᠂ ᠦᠯᠡᠳᠡᠭᠰᠡᠨ ᠬᠤᠶᠠᠷ ᠴᠢᠯᠠᠭᠤᠨ ᠲᠠᠷᠬᠠᠨ ᠢ ᠬᠠᠷᠢᠴᠠᠩᠭᠤᠢ ᠪᠠᠷ ᠤᠮᠳᠤᠭᠠᠶᠢᠯᠠᠵᠤ ᠲᠡᠳᠡᠨ ᠤ ᠬᠤᠭᠤᠷᠤᠨᠳᠤᠬᠢ ᠬᠦᠭᠵᠢᠯᠳᠡ ᠬᠤᠪᠢᠷᠠᠯᠳᠠ᠂ ᠬᠠᠷᠢᠴᠠᠭᠠᠨ ᠤ ᠲᠤᠬᠠᠢ ᠪᠤᠳᠤᠯᠬᠢᠯᠠᠭᠰᠠᠨ ᠦᠭᠡᠢ ᠪᠠᠶᠢᠯ᠎ᠠ᠃ ᠦᠯᠢᠭᠡᠷ ᠤᠨ ᠦᠩᠭᠡᠨ ᠲᠠᠯ᠎ᠠ ᠶᠢᠨ ᠰᠠᠨᠠᠭ᠎ᠠ ᠠᠴᠠ ᠭᠤᠷᠪᠠᠨ ᠴᠢᠯᠠᠭᠤᠨ ᠲᠠᠷᠬᠠᠨ ᠤ ᠲᠤᠰ ᠲᠤᠰ ᠤᠨ ᠬᠢᠨᠢ ᠠᠵᠢᠯ ᠤᠨ ᠬᠠᠷᠢᠭᠤᠴᠠᠯᠭᠠᠳᠤ ᠰᠡᠳᠬᠢᠯᠭᠡ ᠬᠢᠭᠡᠳ ᠦᠨᠡᠨᠴᠢ ᠤᠪᠤᠷ ᠢ ᠢᠯᠡᠬᠡᠨ ᠤᠯᠵᠤ ᠬᠠᠷᠠᠨ᠎ᠠ᠃ ᠨᠢᠭᠡ ᠠᠵᠢᠯ ᠤᠨ ᠪᠠᠶᠢᠷᠢ ᠲᠡᠭᠡᠷᠡᠬᠢ ᠠᠳᠠᠯᠢ ᠪᠤᠰᠤ ᠦᠵᠡᠯᠳᠡ ᠬᠠᠷᠠᠭᠠᠰᠤ ᠪᠠᠨ ᠢᠯᠡᠳᠭᠡᠭᠰᠡᠨ ᠨᠢ ᠨᠢᠭᠡ ᠬᠡᠷᠡᠭ ᠪᠤᠳᠠᠰ ᠲᠤ ᠬᠠᠨᠳᠤᠬᠤ ᠠᠳᠠᠯᠢ ᠪᠤᠰᠤ ᠶᠢᠨ ᠤᠪᠤᠷ ᠦᠵᠡᠯᠳᠡ ᠶᠢ ᠬᠡᠷᠡᠴᠢᠯᠡᠵᠦ ᠪᠠᠶᠢᠭ᠎ᠠ ᠤᠴᠢᠷ ᠪᠤᠯᠬᠤ ᠶᠤᠮ᠃ ᠡᠭᠦᠨ ᠠᠴᠠ ᠬᠡᠷᠡᠭ ᠤᠴᠢᠷ ᠤᠨ ᠵᠠᠳᠠᠯᠤᠯᠳᠠ ᠶᠢᠨ ᠦᠷ᠎ᠡ ᠳ᠋ᠦᠩ ᠤᠨ ᠬᠢᠵᠠᠭᠠᠷᠯᠠᠰᠢ ᠦᠭᠡᠢ ᠴᠢᠨᠠᠷ ᠢ ᠤᠯᠵᠤ ᠮᠡᠳᠡᠨ᠎ᠡ᠃ ᠲᠠᠨᠢᠯᠳᠠ ᠶᠢᠨ ᠬᠦᠭᠵᠢᠯᠳᠡ ᠬᠢᠭᠡᠳ ᠰᠡᠳᠬᠢᠮᠵᠢ ᠶᠢᠨ ᠬᠦᠨ ᠤᠬᠠᠭᠠᠯᠢᠭ ᠪᠤᠯᠵᠤ ᠬᠦᠭᠵᠢᠬᠦ ᠨᠢ ᠨᠢᠭᠡᠨ ᠬᠡᠰᠡᠭ ᠬᠤᠭᠤᠴᠠᠭᠠᠨ ᠤ ᠶᠠᠪᠤᠴᠠ ᠦᠩᠭᠡᠷᠡᠯᠳᠡ ᠪᠠᠶᠢᠬᠤ ᠴᠢᠬᠤᠯᠠ ᠲᠠᠢ᠃ ᠭᠤᠷᠪᠠᠨ ᠴᠢᠯᠠᠭᠤᠨ ᠲᠠᠷᠬᠠᠨ ᠤ ᠬᠢᠭᠰᠡᠨ ᠠᠵᠢᠯ ᠬᠢᠭᠰᠡᠨ ᠤᠨ ᠬᠤᠭᠤᠴᠠᠭ᠎ᠠ ᠨᠢ ᠪᠦᠷ ᠠᠳᠠᠯᠢ ᠪᠤᠰᠤ ᠪᠠᠶᠢᠵᠤ ᠪᠤᠯᠤᠨ᠎ᠠ᠃ ᠨᠢᠭᠡ ᠨᠢ ᠰᠠᠶ᠋ᠢ ᠡᠬᠢᠯᠡᠨ ᠠᠵᠢᠯ ᠤᠨ ᠪᠠᠶᠢᠷᠢ ᠳᠤ ᠭᠠᠷᠬᠤ ᠳᠤ ᠨᠦᠭᠦᠭᠡ ᠨᠢ ᠬᠡᠳᠦᠨ ᠵᠢᠯ ᠬᠢᠵᠦ ᠪᠠᠶᠢᠭ᠎ᠠ ᠪᠤᠶᠤ ᠬᠡᠳᠦᠨ ᠠᠷᠪᠠᠨ ᠵᠢᠯ ᠴᠢᠯᠠᠭᠤᠨ ᠲᠠᠷᠬᠠᠨ ᠤ ᠠᠵᠢᠯ ᠢ ᠬᠢᠵᠦ ᠪᠠᠶᠢᠭᠰᠠᠨ ᠴᠦ ᠮᠡᠳᠡᠨ᠎ᠡ᠂ ᠡ᠊ᠨᠡ ᠭᠦ ᠤᠨ ᠵᠢᠯ ᠤᠨ ᠬᠠᠷᠠᠭᠠᠰᠤ ᠠᠴᠠ ᠦᠵᠡᠪᠡᠯ ᠦᠯᠢᠭᠡᠷ ᠲᠤ ᠶᠠᠷᠢᠭᠰᠠᠨ ᠭᠤᠷᠪᠠᠨ ᠲᠠᠷᠬᠠᠨ ᠤ ᠬᠠᠷᠢᠭᠤᠯᠳᠠ ᠮᠠᠰᠢ ᠵᠦᠪ ᠪᠤᠯᠬᠤ ᠶᠤᠰᠤᠳᠠᠢ᠃ ᠠᠯᠢ ᠨᠢ ᠰᠠᠶᠢᠨ᠂ ᠠᠯᠢ ᠨᠢ ᠮᠠᠭᠤ ᠭᠡᠵᠦ ᠦᠨᠡᠯᠡᠭᠰᠡᠨ ᠤ ᠬᠡᠷᠡᠭ ᠠᠯᠠᠭ᠎ᠠ᠃ ᠡᠰᠡᠭᠦᠯ᠎ᠡ ᠭᠤᠷᠪᠠᠨ ᠲᠠᠷᠬᠠᠨ ᠤ ᠡᠬᠢᠯᠡᠯᠳᠡ ᠶᠢᠨ ᠴᠡᠭ ᠠᠳᠠᠯᠢᠬᠠᠨ ᠪᠠᠶᠢᠭᠰᠠᠨ ᠪᠤᠯ ᠲᠡᠳᠡᠨ ᠤ ᠦᠩᠭᠡᠷᠡᠭᠰᠡᠨ ᠤ ᠰᠠᠭᠤᠷᠢ ᠮᠡᠳᠡᠯᠭᠡ ᠬᠢᠭᠡᠳ ᠠᠰᠠᠭᠤᠳᠠᠯ ᠢ ᠰᠡᠳᠬᠢᠬᠦ ᠬᠤᠷᠸ᠎ᠠ ᠬᠤᠮᠠᠬᠢ ᠬᠤᠶᠠᠷ ᠲᠠᠯ᠎ᠠ ᠶᠢᠨ ᠦᠵᠡᠯᠳᠡ ᠨᠢ ᠬᠠᠷᠢᠴᠠᠩᠭᠤᠢ ᠠᠳᠠᠯᠢ ᠪᠤᠰᠤ ᠶᠢᠨ ᠬᠤᠷᠳᠤᠴᠠ ᠪᠠᠷ ᠬᠦᠭᠵᠢᠵᠦ ᠪᠠᠶᠢᠳᠠᠭ ᠠᠴᠠ ᠰᠢᠯᠳᠠᠭᠠᠯᠠᠭᠳᠠᠬᠤ ᠨᠢ ᠲᠠᠮᠵᠢᠭ ᠦᠭᠡᠢ᠃ ᠭᠤᠷᠪᠠᠨ ᠲᠠᠷᠬᠠᠨ ᠤ ᠬᠦᠭᠵᠢᠯᠳᠡ ᠶᠢᠨ ᠤᠯᠠ ᠮᠦᠷ ᠢ ᠰᠢᠨᠵᠢᠯᠡᠪᠡᠯ ᠲᠡᠷᠡ ᠨᠢ ᠱᠠᠳᠤᠴᠢᠯᠠᠭᠰᠠᠨ ᠬᠦᠭᠵᠢᠯᠳᠡ ᠶᠢᠨ ᠬᠡᠯᠪᠡᠷᠢ ᠪᠠᠷ ᠤᠷᠤᠭᠰᠢ ᠲᠠᠪᠰᠢᠵᠤ ᠢᠷᠡᠭᠰᠡᠨ ᠨᠢ ᠲᠤᠳᠤ᠃ ᠡᠬᠢᠨ ᠳᠤ ᠪᠠᠨ ︽ᠭᠡᠷ ᠪᠦᠯᠢ ᠪᠠᠨ ᠲᠡᠵᠢᠭᠡᠬᠦ︾ ᠬᠠᠷᠢᠭᠤᠴᠠᠯᠭᠠᠳᠤ ᠠᠵᠢᠯᠴᠢᠨ ᠪᠠᠶᠢᠭᠰᠠᠨ ᠠᠴᠠ ᠠᠵᠢᠯ ᠤᠨ ᠰᠡᠳᠬᠢᠮᠵᠢ ᠶᠢᠨ ᠬᠤᠪᠢᠷᠠᠯ ᠬᠦᠭᠵᠢᠯ ᠵᠢᠴᠢ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ᠂ ᠦᠵᠡᠯ ᠰᠠᠨᠠᠭᠠᠨ ᠤ ᠲᠠᠪᠠᠯᠳᠠ ᠪᠠᠷ ᠲᠠᠷᠠᠭᠠᠬᠢ ᠱᠠᠳᠤᠨ ᠤ ᠴᠢᠯᠠᠭᠤᠨ ᠲᠠᠷᠬᠠᠨ ᠤ ᠦᠵᠡᠯ ᠰᠠᠨᠠᠭ᠎ᠠ᠂ ᠤᠷᠤᠨ ᠪᠠᠶᠢᠷᠢ ᠲᠠᠢ ᠪᠤᠯᠵᠤ ᠪᠤᠯᠤᠨ᠎ᠠ᠃ ᠪᠢᠳᠡ ᠲᠤᠰ ᠭᠤᠷᠪᠠᠨ ᠲᠠᠷᠬᠠᠨ ᠤ ᠦᠵᠡᠯᠳᠡ ᠶᠢ ᠵᠦᠪᠬᠡᠨ ᠠᠰ ᠬᠠᠷᠢᠴᠠᠭᠤᠯᠤᠯ ᠤᠨ ᠠᠷᠭ᠎ᠠ ᠪᠠᠷ ᠭᠤᠷᠪᠠᠳᠤᠭᠠᠷ ᠲᠠᠷᠬᠠᠨ ᠤ ᠦᠵᠡᠯᠳᠡ ᠰᠡᠳᠬᠢᠮᠵᠢ ᠬᠠᠮᠤᠭ ᠤᠨ ᠰᠢᠯᠢᠳᠡᠭ᠂ ᠬᠤᠯᠠ ᠶᠢᠨ ᠬᠠᠷᠠᠴᠠ ᠲᠠᠢ᠂ ᠬᠤᠷᠸ᠎ᠠ ᠪᠤᠳᠤᠯᠭ᠎ᠠ ᠲᠠᠢ ︽ᠲᠠᠷᠬᠠᠨ︾ ᠢᠶᠠᠷ ᠦᠵᠡᠭᠡᠳ ᠨᠦᠭᠦᠭᠡ ᠬᠤᠶᠠᠷ ᠢ ᠨᠢ ᠰᠢᠭᠰᠢᠨ ᠤᠷᠬᠢᠵᠤ ᠶᠠᠷᠢᠯᠴᠠᠭᠠᠨ ᠠᠴᠠ ᠰᠠᠯᠭᠠᠨ ᠦᠨᠡᠯᠡᠯᠳᠡ ᠦᠭᠡᠢ᠂ ᠵᠠᠳᠠᠯᠤᠯᠳᠠ ᠦᠭᠡᠢ᠂ ᠰᠤᠳᠤᠯᠤᠯᠳᠠ ᠦᠭᠡᠢ ᠪᠠᠷ ᠬᠠᠶᠠᠭᠠᠨ ᠳᠤ ᠨᠢ ᠬᠠᠶᠠᠴᠢᠬᠠᠵᠤ ᠪᠤᠯᠬᠤ ᠦᠭᠡᠢ᠂ ᠪᠢᠳᠡ ᠬᠤᠪᠢᠰᠤᠩᠭᠤᠢ ᠪᠤᠳᠠᠰᠴᠢ ᠦᠵᠡᠯ ᠤᠨ ᠠᠷᠭ᠎ᠠ ᠪᠠᠷ ᠦᠪᠡᠷ ᠦᠪᠡᠷ ᠤᠨ ᠬᠢᠨᠢ ᠲᠠᠨᠢᠯᠳᠡ ᠤᠬᠠᠭᠠᠨ ᠠᠴᠠ ᠡᠭᠦᠰᠦᠭᠰᠡᠨ ᠦᠵᠡᠯᠳᠡ ᠶᠢ ᠪᠠᠶᠢᠳᠠᠯ ᠳᠤ ᠨᠢ ᠵᠤᠬᠢᠴᠠᠭᠤᠯᠤᠨ ᠬᠦᠭᠵᠢᠯᠳᠡ ᠶᠢᠨ ᠰᠡᠳᠬᠢᠮᠵᠢ ᠪᠠᠷ ᠮᠡᠳᠡᠷᠡᠵᠦ ᠤᠬᠠᠬᠤ ᠬᠡᠷᠡᠭᠳᠡᠢ᠃ ᠲᠡᠳᠡᠨ ᠢ ︽ᠭᠡᠷ ᠢᠶᠠᠨ ᠲᠡᠵᠢᠭᠡᠵᠦ︾ ᠪᠠᠶᠢᠭᠰᠠᠨ ᠠᠴᠠ ︽ᠬᠠᠮᠤᠭ ᠤᠨ ᠰᠠᠶᠢᠨ ᠴᠢᠯᠠᠭᠤᠨ ᠲᠠᠷᠬᠠᠨ︾ ᠪᠤᠯᠤᠭᠰᠠᠨ᠂ ᠴᠢᠨᠠᠭᠰᠢ ︽ᠱᠠᠰᠢᠨ ᠤ ᠲᠤᠭᠠᠩ ᠪᠦᠳᠦᠭᠡᠨ ᠪᠠᠶᠢᠭᠤᠯᠵᠤ ᠪᠠᠶᠢᠬᠤ︾ ᠬᠠᠷᠢᠭᠤᠯᠳᠠ ᠶᠢ ᠲᠠᠪᠬᠤᠷᠭᠠᠯᠠᠭᠰᠠᠨ ᠬᠦᠭᠵᠢᠯᠳᠡ ᠶᠢᠨ ᠶᠠᠪᠤᠴᠠ ᠪᠠᠷ ᠵᠠᠳᠠᠯᠵᠤ ᠦᠵᠡᠬᠦ ᠴᠢᠬᠤᠯᠠ ᠲᠠᠢ᠃ ᠬᠡᠷᠪᠡ ᠪᠢᠳᠡ ︽ᠦᠪᠡᠷ ᠪᠢ ᠶᠢᠨ ᠬᠦᠰᠡᠯ ᠡᠷᠡᠮᠡᠯᠵᠡᠯ︾᠂ ︽ᠦᠪᠡᠷ ᠪᠢ ᠶᠢᠨ ᠰᠡᠩᠭᠡᠷᠡᠭᠦᠯᠦᠯ︾᠂ ︽ᠦᠪᠡᠷ ᠪᠢ ᠶᠢᠨ ᠬᠦᠭᠵᠢᠯᠳᠡ︾ ᠭᠡᠬᠦ ᠭᠤᠷᠪᠠᠨ ᠵᠢᠭᠠᠯᠳᠠ ᠬᠡᠮᠵᠢᠭᠦᠷ ᠢᠶᠠᠷ ᠬᠡᠮᠵᠢᠬᠦ ᠳᠤ ᠬᠦᠷᠪᠡᠯ ᠨᠢᠭᠡᠳᠦᠭᠡᠷ ᠲᠠᠷᠬᠠᠨ ᠠᠴᠠ ᠪᠢᠳᠡ ︽ᠦᠪᠡᠷ ᠪᠢ︾ ᠶᠢᠨ ᠬᠦᠰᠡᠯ ᠡᠷᠡᠮᠡᠯᠵᠡᠯ ᠤᠨ ᠦᠷᠳᠡᠭ ᠲᠤᠤᠷᠠᠬᠢ ᠠᠵᠢᠯ ᠤᠨ ᠪᠠᠶᠢᠷᠢ ᠶᠢᠨ ᠬᠦᠮᠦᠰ ᠵᠦᠪᠬᠡᠨ ᠬᠦᠰᠡᠯ ᠡᠷᠡᠮᠡᠯᠵᠡᠯ ᠪᠠᠶᠢᠭᠠᠳ ᠯᠠ ᠪᠤᠯᠬᠤ ᠪᠢᠰᠢ᠂ ᠬᠠᠷᠢᠨ ᠬᠦᠰᠡᠯ ᠡᠷᠡᠮᠡᠯᠵᠡᠯ ᠢᠶᠠᠨ ᠨᠡᠩ ᠲᠤᠳᠤᠷᠬᠠᠢ ᠪᠤᠯᠭᠠᠵᠤ ᠪᠤᠳᠠᠳᠤ ᠠᠵᠢᠯᠯᠠᠭᠠᠨ ᠢᠶᠠᠷ ᠦᠷ᠎ᠡ ᠠᠰᠢᠭ ᠡᠭᠦᠳᠴᠦ ᠬᠦᠰᠡᠯ ᠡᠷᠡᠮᠡᠯᠵᠡᠯ ᠢᠶᠠᠨ ᠪᠡᠶᠡᠯᠡᠬᠦᠯᠬᠦ ᠪᠠᠷ ᠴᠢᠷᠮᠠᠶᠢᠯᠭ᠎ᠠ ᠭᠠᠷᠭᠠᠬᠤ ᠬᠡᠷᠡᠭᠳᠡᠢ ᠭᠡᠳᠡᠭ ᠶᠤᠰᠤ ᠶᠢ ᠳ᠋ᠦᠩᠨᠡᠵᠦ ᠪᠤᠯᠤᠨ᠎ᠠ᠃ ᠤᠯᠠᠨ ᠬᠦᠮᠦᠨ ᠭᠤᠷᠪᠠᠳᠤᠭᠠᠷ ᠴᠢᠯᠠᠭᠤᠨ ᠲᠠᠷᠬᠠᠨ ᠪᠤᠯ ᠶᠡᠭᠡ ᠲᠠᠯ᠎ᠠ ᠶᠢ ᠬᠠᠷᠠᠳᠠᠭ᠂ ᠬᠠᠮᠢᠶᠠᠷᠤᠯᠳᠠ ᠶᠢᠨ ᠴᠢᠳᠠᠪᠤᠷᠢ ᠲᠠᠢ ᠬᠦᠮᠦᠨ ᠪᠤᠯᠬᠤ ᠳᠤ ᠡᠷᠡᠭᠡᠯᠵᠡᠭᠡ ᠦᠭᠡᠢ ᠦᠨᠡᠯᠡᠭᠡ ᠦᠭᠳᠡᠭ᠃ ᠬᠡᠪᠡᠴᠦ ᠪᠢᠳᠡ ᠲᠡᠳᠡᠨ ᠤ ᠲᠤᠭᠤᠯᠵᠤ ᠢᠷᠡᠭᠰᠡᠨ ᠬᠦᠴᠢᠷ ᠪᠡᠷᠭᠡᠰᠢᠶᠡᠯᠳᠦ ᠠᠮᠢᠳᠤᠷᠠᠯ ᠲᠡᠮᠡᠴᠡᠯ ᠬᠢᠭᠡᠳ ᠲᠠᠪᠳᠠᠯᠳᠠ ᠠᠴᠠ ᠲᠠᠪᠠᠯᠳᠠ ᠲᠠᠢ ᠪᠤᠯᠤᠭᠰᠠᠨ ᠤᠷ᠎ᠠ ᠤᠬᠠᠭᠠᠨ ᠢ ᠤᠬᠠᠵᠤ ᠲᠠᠨᠢᠬᠤ ᠴᠢᠬᠤᠯᠠ ᠲᠠᠢ᠃      ᠲᠤᠰ ᠭᠤᠷᠪᠠᠨ ᠴᠢᠯᠠᠭᠤᠨ ᠲᠠᠷᠬᠠᠨ ᠤ ᠦᠵᠡᠯ ᠰᠠᠨᠠᠭ᠎ᠠ ᠶᠢ ᠵᠦᠪᠬᠡᠨ ᠨᠢᠭᠡᠯᠡ ︽ᠲᠠᠷᠬᠠᠨ︾ ᠤ ᠦᠵᠡᠯ ᠰᠠᠨᠠᠭᠠᠨ ᠤ ᠦᠷᠭᠦᠯᠵᠢᠯᠡᠯ ᠬᠦᠭᠵᠢᠯᠳᠡ ᠪᠤᠶᠤ ᠠᠵᠢᠯ ᠦᠢᠯᠡᠰ ᠤᠨ ᠬᠢᠨᠢ ᠠᠮᠵᠢᠯᠳᠠ ᠪᠦᠳᠦᠮᠵᠢ ᠬᠡᠵᠦ ᠦᠵᠡᠬᠦ ᠳᠤ ᠬᠦᠷᠪᠡᠯ ᠡᠨᠡ ᠪᠤᠯ ᠨᠢᠭᠡᠨ ᠬᠦᠮᠦᠨ ᠤ ᠨᠢᠭᠡ ᠠᠵᠢᠯ ᠦᠢᠯᠡᠰ ᠤᠨ ᠦᠵᠡᠯ ᠰᠠᠨᠠᠭᠠᠨ ᠤ ᠬᠦᠭᠵᠢᠯᠳᠡ ᠶᠢᠨ ᠰᠤᠳᠤᠨ ᠪᠤᠯᠪᠠᠰᠤᠷᠠᠩᠭᠤᠢ ᠦᠷ᠎ᠡ ᠪᠦᠳᠦᠭᠡᠯ ᠪᠤᠯᠬᠤ ᠶᠢ ᠤᠶᠢᠯᠠᠭᠠᠵᠤ ᠮᠡᠳᠡᠷᠡᠨ᠎ᠡ᠃ ᠮᠦᠨ ᠴᠦ ᠬᠦᠮᠦᠰ ᠤᠨ ᠦᠵᠡᠯ ᠰᠠᠨᠠᠭᠠᠨ ᠤ ᠲᠠᠪᠬᠤᠷᠭᠠᠯᠠᠭᠰᠠᠨ ᠬᠦᠭᠵᠢᠯᠳᠡ ᠪᠤᠶᠤ ︽ᠲᠤᠩᠭᠤᠷᠠᠭᠤ ᠱᠠᠳᠤᠯᠵᠢᠨ︾ ᠢᠶᠠᠷ ᠲᠤᠮᠤᠷᠠᠨ ᠪᠤᠶᠢᠵᠢᠭᠰᠠᠨ ᠲᠦᠢᠮᠤ ᠵᠢᠷᠤᠭ ᠢ ᠤᠯᠵᠤ ᠬᠠᠷᠠᠬᠤ ᠪᠤᠯᠤᠨ᠎ᠠ᠃ ᠬᠡᠳᠡᠯ᠎ᠡ ᠭᠤᠷᠪᠠᠨ ᠲᠠᠷᠬᠠᠨ ᠢ ᠲᠤᠰᠠᠭᠠᠷ ᠴᠤᠭᠴᠠ ᠶᠢᠨ ᠦᠵᠡᠯ ᠰᠡᠳᠬᠢᠬᠦᠢ ᠶᠢᠨ ᠬᠠᠷᠠᠭᠠᠰᠤ ᠠᠴᠠ ᠰᠢᠨᠵᠢᠯᠡᠪᠡᠯ ᠮᠠᠰᠢ ᠤᠯᠠᠨ ᠠᠰᠠᠭᠤᠳᠠᠯ ᠴᠤᠬᠤᠯᠵᠠᠨ᠎ᠠ᠃ ᠬᠡᠷᠡᠭ ᠤᠴᠢᠷ ᠤᠨ ᠬᠦᠭᠵᠢᠯᠳᠡ ᠶᠢᠨ ᠵᠢᠮ᠎ᠡ ᠶᠤᠰᠤᠨ ᠠᠴᠠ ᠠᠵᠢᠭᠯᠠᠪᠠᠯ ᠨᠢᠭᠡᠳᠦᠭᠡᠷ ᠲᠠᠷᠬᠠᠨ ᠬᠡᠵᠢᠶᠡᠳᠡ ᠵᠦᠪᠬᠡᠨ ︽ᠭᠡᠷ ᠪᠦᠯᠢ ᠪᠠᠨ ᠲᠡᠵᠢᠭᠡᠭᠡᠳ︾ ᠪᠠᠶᠢᠳᠠᠭ ᠪᠢᠰᠢ᠂ ᠬᠤᠶᠠᠳᠤᠭᠠᠷ ᠲᠠᠷᠬᠠᠨ ᠴᠦ ︽ᠬᠠᠮᠤᠭ ᠤᠨ ᠰᠠᠶᠢᠨ ᠲᠠᠷᠬᠠᠨ︾ ᠤ ᠨᠡᠷ᠎ᠡ ᠠᠯᠳᠠᠷ ᠲᠤ ᠰᠤᠭᠳᠤᠭᠤᠷᠠᠵᠤ ᠰᠠᠭᠤᠭᠠᠳ ᠪᠠᠶᠢᠳᠠᠭ ᠪᠢᠰᠢ᠃ ᠨᠢᠭᠡᠳᠦᠭᠡᠷ ᠲᠠᠷᠬᠠᠨ ᠮᠡᠷᠭᠡᠵᠢᠯ ᠤᠨ ᠰᠤᠳᠤᠯᠤᠯ ᠢᠶᠠᠨ ᠬᠦᠨᠵᠡᠭᠡᠶᠢᠷᠡᠭᠦᠯᠵᠦ ᠰᠡᠳᠬᠢᠮᠵᠢ ᠪᠠᠨ ᠬᠤᠷᠴᠠᠯᠠᠨ ᠬᠠᠷᠠᠴᠠ ᠪᠠᠨ ᠲᠡᠯᠡᠭᠡᠳ ᠬᠤᠶᠠᠳᠤᠭᠠᠷ ᠲᠠᠷᠬᠠᠨ ᠤ ᠪᠠᠶᠢᠷᠢ ᠳᠤ ᠬᠦᠭᠵᠢᠵᠦ ᠬᠦᠷᠦᠨ᠎ᠡ᠂ ᠴᠠᠭᠠᠰᠢᠯᠠᠭᠠᠳ ᠭᠤᠷᠪᠠᠳᠤᠭᠠᠷ ᠲᠠᠷᠬᠠᠨ ᠤ ᠲᠦᠪᠰᠢᠨ ᠳᠤ ᠬᠦᠷᠬᠦ ᠪᠤᠯᠤᠯᠴᠠᠭ᠎ᠠ ᠴᠦ ᠪᠦᠷᠢᠨ ᠪᠤᠢ᠃ ᠡᠭᠦᠨ ᠲᠠᠢ ᠬᠤᠯᠪᠤᠭᠳᠠᠭᠤᠯᠤᠨ ᠰᠤᠷᠭᠠᠭᠤᠯᠢ ᠶᠢᠨ ᠲᠤᠳᠤᠭᠠᠳᠤ ᠬᠠᠮᠢᠶᠠᠷᠤᠯᠳᠠ ᠶᠢᠨ ᠲᠤᠬᠠᠢ ᠶᠠᠷᠢᠪᠠᠯ ᠭᠤᠷᠪᠠᠳᠤᠭᠠᠷ ᠲᠠᠷᠬᠠᠨ ᠨᠢ ᠵᠠᠬᠢᠷᠤᠯ ᠤᠨ ᠦᠵᠡᠯ ᠰᠠᠨᠠᠭ᠎ᠠ ᠲᠠᠢ ᠪᠡᠶᠡᠴᠢ ᠴᠤᠭᠴᠠ ᠪᠠᠷ ᠬᠠᠷᠠᠭᠳᠠᠬᠤ ᠪᠤᠶᠤ ᠰᠢᠯᠢᠳᠡᠭ ᠦᠵᠡᠯ ᠰᠠᠨᠠᠭ᠎ᠠ ᠲᠠᠢ ᠵᠠᠬᠢᠷᠤᠯ ᠢᠶᠠᠷ ᠦᠵᠡᠭᠳᠡᠳᠡᠭ᠃ ᠲᠡᠭᠡᠪᠡᠯ ᠨᠢᠭᠡᠨ ᠰᠤᠷᠭᠠᠭᠤᠯᠢ ᠶᠢᠨ ᠵᠠᠬᠢᠷᠤᠯ᠂ ᠴᠠᠭᠠᠰᠢᠯᠠᠪᠠᠯ ᠨᠢᠭᠡᠨ ᠰᠢᠯᠢᠳᠡᠭ ᠵᠠᠬᠢᠷᠤᠯ ᠤᠨ ᠪᠤᠯᠪᠠᠰᠤᠷᠠᠩᠭᠤᠢ ᠦᠵᠡᠯ ᠰᠠᠨᠠᠭ᠎ᠠ ᠬᠠᠮᠢᠭ᠎ᠠ ᠠᠴᠠ ᠢᠷᠡᠳᠡᠭ ᠪᠤᠢ︖ ᠭᠡᠳᠡᠭ ᠠᠰᠠᠭᠤᠯᠳᠠ ᠮᠠᠨ ᠤ ᠡᠮᠦᠨ᠎ᠡ ᠲᠡᠯᠭᠡᠭᠳᠡᠳᠡᠭ᠃ ᠵᠠᠬᠢᠷᠤᠯ ᠤᠨ ᠬᠦᠭᠵᠢᠯᠳᠡ ᠶᠢᠨ ᠤᠯᠠ ᠮᠦᠷ ᠢ ᠡᠷᠬᠢᠴᠡᠭᠦᠯᠦᠨ ᠬᠠᠷᠠᠵᠤ ᠦᠵᠡᠬᠦ ᠪᠤᠶᠤ ᠤᠬᠤᠷᠢᠭᠤᠯᠤᠨ ᠰᠡᠳᠬᠢᠪᠡᠯ ᠨᠢᠭᠡᠨ ᠰᠢᠯᠢᠳᠡᠭ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢᠨ ᠴᠢᠳᠠᠪᠤᠷᠢᠳᠠᠨ᠂ ᠵᠢᠭᠠᠨ ᠰᠤᠷᠭᠠᠯᠳᠠ ᠶᠢᠨ ᠰᠤᠳᠤᠯᠭᠠᠨ ᠳᠤ ᠪᠠᠨ ᠭᠠᠷᠮᠠᠭᠠᠢ ᠤᠷ᠎ᠠ ᠠᠪᠢᠶᠠᠰ ᠲᠠᠢ ᠰᠡᠳᠬᠢᠮᠵᠢ ᠪᠠᠶᠠᠯᠢᠭ ᠬᠢᠴᠢᠶᠡᠯ ᠬᠦᠮᠦᠵᠢᠯ ᠤᠨ ᠡᠷᠬᠢᠯᠡᠭᠴᠢ ᠪᠠᠶᠢᠭᠰᠠᠨ ᠵᠠᠮ ᠮᠦᠷ ᠲᠤᠷᠠᠶᠢᠨ ᠬᠠᠷᠠᠭᠳᠠᠬᠤ ᠨᠢ ᠯᠠᠪᠳᠠᠢ᠃ ᠤᠳᠤᠬᠠᠨ ᠤ ᠮᠠᠨ ᠤ ᠬᠠᠮᠢᠶᠠᠷᠤᠯᠳᠠ ᠶᠢᠨ ᠤᠬᠠᠭᠠᠨ ᠤ ᠲᠤᠭᠳᠠᠯᠴᠠᠭ᠎ᠠ ᠴᠦ ᠡᠭᠦᠨ ᠳᠤ ᠰᠠᠭᠤᠷᠢᠯᠠᠨ ᠬᠦᠭᠵᠢᠵᠦ ᠪᠠᠶᠢᠭ᠎ᠠ᠃ ᠬᠡᠪᠡᠴᠦ ᠲᠤᠰ ᠤᠳᠠᠭᠠᠨ ᠤ ᠪᠤᠯᠪᠠᠰᠤᠷᠠᠯ ᠳᠤ ᠬᠢᠴᠢᠶᠡᠯ ᠤᠷᠤᠭᠰᠠᠨ ᠴᠧᠩᠳᠦ᠋ ᠬᠤᠳᠠ ᠶᠢᠨ ᠱᠢ ᠽᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠯᠠᠢ ᠮᠢᠨ ᠬᠢᠴᠢᠶᠡᠯᠯᠡᠭᠴᠢ ᠪᠠᠭᠰᠢ ᠠᠴᠠ ᠪᠠᠨ ᠰᠢᠭᠤᠳ ᠵᠠᠬᠢᠷᠤᠯ ᠤᠨ ᠲᠤᠰᠢᠶᠠᠯ ᠳᠤ ᠲᠤᠮᠢᠯᠠᠭᠳᠠᠵᠤ ᠤᠯᠤᠰ ᠤᠨ ᠲᠤᠳᠤᠭᠠᠳᠤ ᠶᠢᠨ ᠰᠤᠷᠭᠠᠨ ᠬᠦᠮᠦᠵᠢᠯ ᠤᠨ ᠡᠷᠳᠡᠮᠳᠡᠨ ᠰᠤᠳᠤᠯᠭᠠᠳᠠᠳ ᠤᠨ ᠠᠩᠬᠠᠷᠤᠯ ᠢ ᠲᠠᠳᠠᠯ᠎ᠠ ᠭᠡᠵᠦ ᠦᠪᠡᠷ ᠢᠶᠠᠨ ᠶᠠᠷᠢᠵᠤ ᠪᠠᠶᠢᠭᠰᠠᠨ᠃ ᠡᠨᠡ ᠪᠤᠯ ᠨᠢᠭᠡᠨ ᠤᠨᠴᠠᠭᠠᠢ ᠬᠡᠷᠡᠭ ᠵᠢᠱᠢᠶ᠎ᠡ ᠪᠤᠯᠬᠤ ᠠᠴᠠ ᠪᠢᠰᠢ ᠨᠡᠶᠢᠳᠡᠯᠢᠭ ᠬᠡᠷᠡᠭ ᠵᠢᠱᠢᠶ᠎ᠡ ᠪᠤᠯᠵᠤ ᠴᠢᠳᠠᠬᠤ ᠦᠭᠡᠢ᠃      ᠭᠤᠷᠪᠠᠨ ᠴᠢᠯᠠᠭᠤᠨ ᠲᠠᠷᠬᠠᠨ ᠤ ᠵᠢᠵᠢᠭ ᠦᠯᠢᠭᠡᠷ ᠢ ᠰᠤᠷᠭᠠᠭᠤᠯᠢ ᠶᠢᠨ ᠲᠤᠳᠤᠭᠠᠳᠤ ᠬᠠᠮᠢᠶᠠᠷᠤᠯᠳᠠ ᠶᠢᠨ ᠬᠦᠭᠵᠢᠯᠳᠡ ᠲᠠᠢ ᠠᠭᠤᠰᠬᠠᠨ ᠬᠤᠯᠪᠤᠭᠳᠠᠭᠤᠯᠪᠠᠯ᠂ ᠨᠢᠭᠡᠳᠦᠭᠡᠷ ᠴᠢᠯᠠᠭᠤᠨ ᠲᠠᠷᠬᠠᠨ ᠢ ᠰᠤᠷᠭᠠᠭᠤᠯᠢ ᠳᠤ ᠬᠢ ᠬᠢᠴᠢᠶᠡᠯ ᠬᠦᠮᠦᠵᠢᠯ ᠤᠨ ᠡᠷᠬᠢᠯᠡᠭᠴᠢ ᠶᠢᠨ ᠠᠵᠢᠯ ᠤᠨ ᠡᠬᠢᠯᠡᠯᠳᠡ ᠶᠢᠨ ᠴᠡᠭ ᠤᠨ ᠵᠤᠭᠰᠤᠯᠳᠠ ᠲᠠᠢ ᠬᠠᠮᠢᠶᠠᠷᠤᠯᠳᠠ ᠶᠢᠨ ᠡᠬᠢ ᠰᠤᠷᠪᠤᠯᠵᠢ ᠪᠠᠷ ᠦᠵᠡᠵᠦ ᠪᠤᠯᠤᠨ᠎ᠠ᠂ ᠲᠡᠷᠡ ᠨᠢ ᠠᠩᠬ᠎ᠠ ᠠᠯᠬᠤᠮ ᠤᠨ ᠵᠢᠭᠠᠨ ᠰᠤᠷᠭᠠᠯᠳᠠ ᠶᠢᠨ ᠲᠠᠭᠠᠭᠤᠯᠬᠤ ᠬᠦᠴᠦᠨ ᠤ ᠪᠦᠷᠢᠯᠳᠦᠭᠦᠨ ᠪᠤᠯᠤᠭᠰᠠᠨ ᠤ ᠬᠤᠪᠢ ᠳᠤ ᠦᠵᠡᠯ ᠰᠠᠨᠠᠭ᠎ᠠ ᠵᠢᠴᠢ ᠲᠠᠨᠢᠯᠳᠠ ᠤᠶᠢᠯᠠᠭᠠᠭᠳᠠᠬᠤᠨ ᠤ ᠲᠠᠯ᠎ᠠ ᠪᠠᠷ ᠮᠦᠴᠢᠳ ᠬᠦᠶᠦᠬᠡᠨ ᠪᠠᠶᠢᠵᠤ᠂ ᠠᠷᠭ᠎ᠠ ᠲᠤᠷᠰᠢᠯᠭ᠎ᠠ ᠶᠢᠨ ᠲᠠᠯ᠎ᠠ ᠪᠠᠷ ᠴᠦ ᠮᠡᠬᠦᠰ ᠪᠠᠶᠢᠳᠠᠭ ᠤᠨ ᠤᠴᠢᠷ ᠰᠢᠷᠭᠠᠭᠤ ᠰᠤᠳᠤᠯᠭᠠᠨ ᠬᠠᠳᠠᠭᠤᠵᠢᠯᠳᠠᠢ ᠬᠦᠳᠡᠯᠮᠦᠷᠢ ᠱᠠᠭᠠᠷᠳᠠᠭᠳᠠᠳᠠᠭ᠃ ᠵᠢᠭᠠᠨ ᠰᠤᠷᠭᠠᠯᠳᠠ ᠶᠢᠨ ᠠᠵᠢᠯ ᠤᠨ ᠦᠷᠭᠡᠳᠬᠡᠯ ᠲᠠᠶᠢᠴᠢᠯᠠᠯᠳᠠ ᠶᠢᠨ ᠲᠤᠮᠳᠠ ︽ᠦᠪᠡᠷ ᠪᠢ ᠶᠢᠨ ᠬᠦᠭᠵᠢᠯᠳᠡ︾ ᠶᠢ ᠠᠩᠬᠠᠷᠴᠤ᠂ ᠠᠵᠢᠯ ᠤᠨ ᠰᠡᠳᠬᠢᠮᠵᠢ ᠪᠠᠨ ᠴᠠᠭ ᠦᠷᠬᠦᠯᠵᠢ ᠦᠭᠡᠷᠡᠴᠢᠯᠡᠨ ᠰᠢᠨᠡᠳᠬᠡᠵᠦ᠂ ᠲᠤᠯᠭᠠᠷᠠᠭᠰᠠᠨ ᠠᠰᠠᠭᠤᠳᠠᠯ ᠳᠤ ᠰᠡᠵᠢᠭᠯᠡᠯᠳᠠᠢ ᠪᠠᠷ ᠬᠠᠨᠳᠤᠨ᠂ ᠰᠤᠷᠭᠠᠨ ᠬᠦᠮᠦᠵᠢᠯ ᠤᠨ ᠦᠵᠡᠯ ᠰᠠᠨᠠᠭ᠎ᠠ ᠪᠠᠨ ᠲᠡᠯᠭᠡᠷᠡᠩᠬᠦᠢ᠂ ᠰᠢᠨᠵᠢᠯᠡᠬᠦ ᠤᠬᠠᠭᠠᠨᠴᠢ ᠪᠠᠶᠢᠯᠭᠠᠬᠤ ᠠᠰᠠᠭᠤᠳᠠᠯ ᠠᠶᠠᠨᠳᠠᠭᠠᠨ ᠲᠤᠯᠭᠠᠮ᠎ᠠ ᠪᠤᠯᠳᠠᠭ᠃ ᠡᠶᠢᠮᠦ ᠪᠠᠶᠢᠳᠠᠯ ᠲᠤᠤᠷ᠎ᠠ ᠵᠦᠪᠬᠡᠨ ᠨᠢᠭᠡᠳᠦᠭᠡᠷ ᠴᠢᠯᠠᠭᠤᠨ ᠲᠠᠷᠬᠠᠨ ᠰᠢᠬ ︽ᠬᠡᠷ ᠪᠦᠯᠢ ᠪᠠᠨ ᠠᠷᠭᠠᠴᠠᠭᠠᠨ ᠲᠡᠵᠢᠭᠡᠬᠦ︾ ᠢᠪᠴᠤᠤ ᠤᠶᠢᠯᠠᠭᠠᠭᠳᠠᠬᠤᠨ ᠢ ᠠᠮᠢᠳᠤᠯᠢᠭ ᠵᠤᠷᠢᠭᠳᠠᠢ ᠪᠠᠷ ᠲᠠᠪᠠᠵᠤ᠂ ᠬᠤᠶᠠᠳᠤᠭᠠᠷ ᠴᠢᠯᠠᠭᠤᠨ ᠲᠠᠷᠬᠠᠨ ᠤ ︽ᠬᠠᠮᠤᠭ ᠤᠨ ᠰᠠᠶᠢᠨ ᠴᠢᠯᠠᠭᠤᠨ ᠲᠠᠷᠬᠠᠨ︾ ᠪᠤᠯᠬᠤ ᠰᠡᠷᠡᠭᠳᠡᠯ ᠰᠡᠳᠬᠢᠮᠵᠢ ᠤᠯᠤᠭᠰᠠᠨ ᠪᠠᠶᠢᠬᠤ ᠴᠢᠬᠤᠯᠠ ᠲᠠᠢ᠃ ᠪᠢᠳᠡ ᠬᠤᠶᠠᠳᠤᠭᠠᠷ ᠴᠢᠯᠠᠭᠤᠨ ᠲᠠᠷᠬᠠᠨ ᠢ ᠵᠢᠭᠠᠨ ᠰᠤᠷᠭᠠᠯᠳᠠ ᠶᠢᠨ ᠰᠢᠨ᠎ᠡ ᠴᠢᠭᠯᠡᠯ ᠢ ᠡᠷᠢᠯᠬᠢᠯᠡᠨ ᠰᠦᠪᠡᠭᠴᠢᠯᠡᠵᠦ ᠲᠤᠯᠭᠠᠭᠤᠷᠢᠯᠠᠨ ᠬᠦᠭᠵᠢᠭᠦᠯᠵᠦ ᠪᠠᠶᠢᠭ᠎ᠠ ᠲᠡᠳ᠋ ᠵᠠᠬᠢᠷᠤᠯ ᠲᠠᠢ ᠬᠤᠯᠪᠤᠨ ᠰᠡᠳᠬᠢᠵᠦ ᠪᠤᠯᠤᠨ᠎ᠠ᠂ ᠲᠡᠷᠡ ᠪᠤᠯ ︽ᠭᠡᠷ ᠪᠦᠯᠢ ᠪᠠᠨ ᠲᠡᠵᠢᠭᠡᠵᠦ︾ ᠪᠠᠶᠢᠭᠰᠠᠨ ᠴᠢᠯᠠᠭᠤᠨ ᠲᠠᠷᠬᠠᠨ ᠠᠴᠠ ︽ᠬᠠᠮᠤᠭ ᠤᠨ ᠰᠠᠶᠢᠨ ᠴᠢᠯᠠᠭᠤᠨ ᠲᠠᠷᠬᠠᠨ︾ ᠪᠤᠯᠵᠤ ᠬᠦᠭᠵᠢᠭᠰᠡᠨ ᠪᠠᠶᠠᠯᠢᠭ ᠲᠤᠷᠰᠢᠯᠭ᠎ᠠ ᠲᠠᠢ᠂ ᠨᠡᠯᠢᠶᠡᠳ ᠬᠤᠯᠠ ᠶᠢ ᠪᠠᠷᠠᠭᠠᠯᠠᠭᠰᠠᠨ ᠤᠷᠤᠭᠰᠢ ᠲᠠᠪᠰᠢᠬᠤ ᠢᠳᠡ ᠬᠦᠴᠦᠨ ᠢᠶᠠᠷ ᠦᠪᠡᠷ ᠢ ᠪᠠᠨ ᠴᠡᠨᠡᠭᠯᠡᠭᠰᠡᠨ ᠪᠦᠯᠦᠭ ᠬᠠᠮᠳᠤᠷᠠᠯ ᠤᠨ ︽ᠲᠠᠷᠬᠠᠨ︾ ᠮᠦᠨ᠂ ᠲᠡᠷᠡ ᠪᠤᠯ ᠪᠡᠶᠡᠴᠢᠯᠡᠨ ᠰᠤᠳᠤᠯᠬᠤ᠂ ᠲᠠᠭᠠᠭᠤᠯᠤᠨ ᠵᠢᠯᠤᠭᠤᠳᠬᠤ᠂ ᠲᠠᠶᠢᠴᠢᠯᠠᠨ ᠪᠡᠶᠡᠯᠡᠭᠦᠯᠬᠦ᠂ ᠲᠦᠪᠯᠡᠷᠡᠭᠦᠯᠦᠨ ᠰᠡᠳᠬᠢᠬᠦ᠂ ᠬᠠᠮᠳᠤᠷᠠᠨ ᠠᠵᠢᠯᠯᠠᠬᠤ ᠵᠡᠷᠭᠡ ᠲᠠᠯ᠎ᠠ ᠪᠠᠷ ᠲᠤᠷᠰᠢᠯᠭ᠎ᠠ ᠬᠤᠷᠠᠮᠳᠤᠭᠤᠯᠤᠨ ᠬᠤᠵᠢᠮ ᠤᠨ ᠰᠤᠳᠤᠯᠭᠠᠨ ᠤ ︽ᠵᠤᠭᠤᠷᠢᠨ︾ ᠳᠤ ︽ᠬᠦᠷᠦᠩᠬᠡ︾ ᠬᠤᠷᠠᠮᠳᠤᠭᠤᠯᠳᠠᠭ᠃ ᠡᠳᠡᠭᠡᠷ ᠠᠵᠢᠯ ᠤᠨ ᠶᠠᠪᠤᠴᠠ ᠪᠤᠯ ᠲᠡᠳᠡᠨ ᠤ ᠲᠤᠷᠰᠢᠯᠭᠠᠵᠢᠨ ᠬᠦᠭᠵᠢᠬᠦ ᠶᠢᠨ ᠠᠯᠳᠠᠨ ᠴᠠᠭ ᠮᠦᠴᠡ ᠮᠦᠨ᠂ ᠦᠭᠡᠷᠡᠴᠢᠯᠡᠨ ᠰᠢᠨᠡᠳᠬᠡᠬᠦ ᠶᠢᠨ ᠵᠠᠩᠬᠢᠯᠠᠭ᠎ᠠ ᠶᠢᠨ ᠬᠤᠭᠤᠴᠠᠭ᠎ᠠ᠂ ᠦᠰᠦᠨ ᠪᠤᠶᠢᠵᠢᠬᠤ ᠶᠢᠨ ᠤᠯᠳᠠᠰᠢ ᠦᠭᠡᠢ ᠵᠠᠪᠰᠢᠶᠠᠨ ᠶᠤᠮ᠃ ᠡ᠊ᠨᠡ ᠭᠦ ᠵᠦᠪ ᠴᠢᠭᠯᠡᠯ ᠤᠨ ᠲᠠᠨᠢᠯᠳᠠ ᠤᠶᠢᠯᠠᠭᠠᠭᠳᠠᠬᠤᠨ ᠢ ᠵᠦᠪ ᠬᠦᠴᠦᠨ ᠢᠶᠠᠷ ᠲᠠᠨᠢᠵᠤ ᠰᠢᠮᠡᠳᠬᠡᠵᠦ ᠴᠢᠳᠠᠪᠠᠯ ᠰᠠᠶ᠋ᠢ ᠲᠤᠰ ᠲᠤᠰ ᠤᠨ ᠠᠵᠢᠯ ᠤᠨ ᠰᠡᠳᠬᠢᠮᠵᠢ ᠲᠠᠢ᠂ ︽ᠡᠳᠦᠷ ᠪᠦᠷᠢ ᠰᠢᠨ᠎ᠡ ᠶᠢ ᠡᠭᠦᠳᠴᠦ︾ ᠴᠢᠳᠠᠳᠠᠭ ᠰᠤᠳᠤᠯᠭᠠᠨ ᠤ ᠬᠡᠯᠪᠡᠷᠢ ᠶᠢᠨ᠂ ᠰᠤᠷᠤᠯᠴᠠᠯᠭ᠎ᠠ ᠶᠢᠨ ᠬᠡᠯᠪᠡᠷᠢ ᠶᠢᠨ ᠬᠠᠮᠢᠶᠠᠷᠤᠯᠳᠠ ᠶᠢᠨ ᠤᠬᠠᠭᠠᠨ ᠤ ᠰᠢᠯᠢᠳᠡᠭ ᠭᠠᠷ ᠪᠤᠯᠵᠤ ᠴᠢᠳᠠᠨ᠎ᠠ᠃ ᠶᠠᠭ ᠡᠶᠢᠮᠦ ᠪᠤᠯᠬᠤᠷ ᠬᠤᠶᠠᠳᠤᠭᠠᠷ ᠴᠢᠯᠠᠭᠤᠨ ᠲᠠᠷᠬᠠᠨ ᠢ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠵᠢᠯ ᠢ ᠲᠦᠰᠦᠪᠯᠡᠨ ᠵᠢᠯᠤᠭᠤᠳᠴᠤ ᠲᠤᠯᠭᠠᠭᠤᠷᠢᠯᠠᠨ ᠬᠦᠭᠵᠢᠬᠦᠯᠵᠦ ᠪᠠᠶᠢᠭ᠎ᠠ ᠲᠠᠭᠠᠭᠤᠯᠤᠭᠴᠢ ᠬᠦᠴᠦᠨ ᠤ ᠡᠬᠢ ᠰᠤᠷᠪᠤᠯᠵᠢ ᠪᠠᠷ ᠬᠤᠯᠪᠤᠨ ᠰᠡᠳᠬᠢᠵᠦ ᠪᠤᠯᠤᠨ᠎ᠠ᠃ ᠪᠢᠳᠡ ᠵᠢᠭᠠᠨ ᠰᠤᠷᠭᠠᠯᠳᠠ ᠶᠢᠨ ᠲᠤᠳᠤᠭᠠᠳᠤ ᠬᠠᠮᠢᠶᠠᠷᠤᠯᠳᠠ ᠶᠢᠨ ᠠᠯᠢ ᠲᠠᠪᠬᠤᠷᠭᠠᠨ ᠳᠤ ᠪᠠᠶᠢᠭᠰᠠᠨ ᠴᠦ ᠵᠦᠪᠬᠡᠨ ︽ᠠᠮᠢ ᠪᠠᠨ ᠲᠡᠵᠢᠭᠡᠬᠦ︾᠂ ︽ᠬᠤᠪᠢ ᠪᠠᠨ ᠪᠤᠳᠤᠬᠤ︾᠂ ︽ᠭᠡᠷ ᠢᠶᠠᠨ ᠠᠰᠠᠷᠠᠬᠤ︾ ᠠᠮᠢᠳᠤᠷᠠᠯ ᠤᠨ ᠢᠪᠴᠤᠤ ᠤᠬᠠᠭᠠᠨ ᠳᠤ ᠪᠠᠷᠢᠭᠳᠠᠵᠤ ᠪᠤᠯᠬᠤ ᠦᠭᠡᠢ᠂ ᠵᠦᠪᠬᠡᠨ ᠦᠪᠡᠷ ᠤᠨ ᠰᠤᠷᠤᠭᠰᠠᠨ ᠲᠤᠰᠬᠠᠢ ᠮᠡᠷᠭᠡᠵᠢᠯ ᠢᠶᠠᠨ ᠲᠡᠭᠡᠵᠢᠯᠡᠵᠦ ᠲᠡᠷᠡᠬᠦ ᠬᠢᠴᠢᠶᠡᠯ ᠲᠦᠷᠦᠯ ᠤᠨ ᠰᠤᠳᠤᠯᠭᠠᠨ ᠢᠶᠠᠷ ᠭᠤᠤᠯ ᠪᠠᠶᠢᠷᠢ ᠠᠪᠤᠭᠠᠳ ᠯᠠ ᠪᠤᠰᠤᠳ ᠬᠢᠴᠢᠶᠡᠯ ᠲᠦᠷᠦᠯ ᠤᠨ ᠰᠤᠳᠤᠯᠭᠠᠨ᠂ ᠠᠵᠢᠯᠯᠠᠭᠠᠨ ᠦᠢᠯᠡᠳᠦᠯᠭᠡ ᠶᠢ ᠤᠮᠳᠤᠭᠠᠶᠢᠯᠠᠵᠤ ᠪᠤᠯᠬᠤ ᠦᠭᠡᠢ᠃ ᠵᠢᠭᠠᠨ ᠰᠤᠷᠭᠠᠯᠳᠠ ᠶᠢᠨ ᠠᠰᠢᠭᠯᠠᠵᠤ ᠪᠤᠯᠬᠤᠶᠢᠴᠠ ᠡᠬᠢ ᠰᠤᠷᠪᠤᠯᠵᠢ ᠶᠢ ᠤᠷᠭᠠᠨᠢᠭ ᠢᠶᠠᠷ ᠠᠰᠢᠭᠯᠠᠵᠤ ︽ᠬᠠᠭᠤᠴᠢᠨ ᠬᠦᠷᠦᠩᠬᠡ︾ ᠶᠢᠨ ᠰᠠᠭᠤᠷᠢᠨ ᠲᠡᠭᠡᠷ᠎ᠡ ᠰᠢᠨ᠎ᠡ ︽ᠦᠨᠦᠷ ᠠᠮᠳᠠ︾ ᠤᠷᠤᠭᠤᠯᠬᠤ ᠮᠡᠷᠭᠡᠵᠢᠯ ᠤᠨ ᠰᠢᠨᠡᠴᠢᠯᠡᠯᠳᠡ ᠬᠢᠬᠦ ᠴᠢᠬᠤᠯᠠ ᠲᠠᠢ᠃ ᠲᠤᠬᠠᠶᠢᠯᠠᠭᠰᠠᠨ ᠠᠵᠢᠯ ᠤᠨ ᠦᠵᠡᠯ ᠰᠠᠨᠠᠭ᠎ᠠ ᠭᠡᠳᠡᠭ ᠡᠴᠢᠨ᠎ᠡ ᠲᠠᠯᠳᠠ ᠵᠢᠯᠤᠭᠤᠳᠬᠤ ᠬᠦᠴᠦᠨ ᠴᠢᠳᠠᠯ ᠨᠢ ᠠᠵᠢᠯ ᠤᠨ ᠲᠤᠮᠳᠠ ᠴᠠᠭ ᠢᠮᠠᠭᠳᠠ ᠬᠦᠭᠵᠢᠨ ᠦᠷᠭᠡᠵᠢᠵᠦ ᠬᠦᠨ ᠬᠦᠨᠵᠡᠭᠡᠢ ᠪᠤᠯᠵᠤ ᠪᠠᠶᠢᠳᠠᠭ ᠃ ᠠᠵᠢᠯ ᠦᠢᠯᠡᠰ ᠤᠨ ᠲᠤᠮᠳᠠ ᠪᠠᠨ ᠠᠷᠭ᠎ᠠ ᠠᠪᠴᠠᠯ ᠢᠶᠠᠨ ᠰᠤᠳᠤᠯᠵᠤ ᠰᠡᠳᠬᠢᠮᠵᠢ ᠪᠠᠨ ᠦᠷᠭᠡᠳᠭᠡᠨ ᠬᠠᠷᠠᠭ᠎ᠠ ᠪᠠᠨ ᠲᠡᠯᠡᠬᠦ ᠤᠷ᠎ᠠ ᠮᠡᠷᠭᠡᠵᠢᠯ ᠡᠵᠡᠮᠰᠢᠬᠦ ᠬᠡᠷᠡᠭᠳᠡᠢ᠂ ᠬᠡᠷᠪᠡ ᠪᠢᠳᠡ ᠵᠦᠪᠬᠡᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷ᠎ᠠ ᠶᠢᠨ ᠬᠢᠵᠠᠭᠠᠷᠳᠠᠮᠠᠯ ᠤᠷᠴᠢᠨ ᠳᠤ ᠦᠪᠡᠷ ᠤᠨ ᠦᠵᠡᠯ ᠰᠠᠨᠠᠭ᠎ᠠ ᠪᠠᠨ ᠴᠢᠯᠦᠭᠡᠯᠡᠬᠦ ᠦᠭᠡᠢ ᠶᠤᠮ ᠪᠤᠯ ᠡᠭᠦᠷᠢᠳᠡ ᠨᠢᠭᠡᠳᠦᠭᠡᠷ ᠴᠢᠯᠠᠭᠤᠨ ᠲᠠᠷᠬᠠᠨ ᠤ ︽ᠭᠡᠷ ᠢᠶᠠᠨ ᠲᠡᠵᠢᠭᠡᠬᠦ︾ ᠬᠤᠪᠢ ᠵᠠᠶᠠᠭ᠎ᠠ ᠠᠴᠠ ᠮᠤᠯᠳᠤᠷᠴᠤ ᠴᠢᠳᠠᠬᠤ ᠦᠭᠡᠢ᠃ ᠡᠨᠡ ᠨᠢ ︽ᠬᠤᠪᠢ ᠪᠠᠨ ᠯᠠ ᠪᠤᠳᠤᠳᠠᠭ ᠬᠦᠮᠦᠨ ᠬᠤᠯᠠ ᠶᠢ ᠬᠠᠷᠠᠵᠤ ᠴᠢᠳᠠᠳᠠᠭ ᠦᠭᠡᠢ︾᠂ ︽ᠠᠮᠢᠨᠴᠢᠷ ᠬᠦᠮᠦᠨ ᠡᠭᠦᠷᠢᠳᠡ ᠶᠡᠭᠡ ᠦᠢᠯᠡᠰ ᠢ ᠪᠦᠳᠦᠭᠡᠵᠦ ᠴᠢᠳᠠᠬᠤ ᠦᠭᠡᠢ︾ ᠭᠡᠵᠦ ᠨᠢᠭᠡᠨ ᠡᠷᠳᠡᠮᠳᠡᠨ ᠤ ᠶᠠᠷᠢᠭᠰᠠᠨ ᠦᠭᠡ ᠶᠢ ᠦᠪᠡᠷ ᠤᠨ ᠡᠷᠬᠡ ᠦᠭᠡᠢ ᠪᠤᠳᠤᠭᠳᠠᠭᠤᠯᠤᠨ᠎ᠠ᠃      ᠵᠢᠭᠠᠨ ᠰᠤᠷᠭᠠᠯᠳᠠ ᠶᠢᠨ ᠲᠠᠭᠠᠭᠤᠯᠤᠭᠴᠢ ᠬᠦᠴᠦᠨ ᠪᠤᠯ ᠵᠦᠪᠬᠡᠨ ᠡᠯ᠎ᠡ ᠲᠠᠪᠬᠤᠷᠭᠠᠨ ᠤ ᠪᠢᠴᠢᠭ ᠮᠠᠲ᠋ᠧᠷᠢᠶᠠᠯ ᠢ ᠲᠠᠷᠬᠠᠭᠠᠭᠴᠢ ᠤᠯᠠᠮᠵᠢᠯᠠᠭᠴᠢ ᠪᠢᠰᠢ᠂ ᠲᠦᠯᠦᠪᠯᠡᠭᠡ ᠳ᠋ᠦᠩᠨᠡᠯᠳᠡ ᠬᠤᠷᠢᠶᠠᠨ ᠬᠠᠳᠠᠭᠠᠯᠠᠭᠴᠢ ᠲᠠᠩᠰᠠ ᠡᠪᠬᠡᠮᠡᠯ ᠤᠨ ᠲᠤᠰᠬᠠᠢ ᠠᠵᠢᠯᠳᠠᠨ ᠴᠦ ᠪᠢᠰᠢ᠂ ᠬᠠᠷᠢᠨ ᠤᠯᠠᠨ ᠠᠴᠠ ᠡᠮᠦᠨ᠎ᠡ ᠠᠰᠠᠭᠤᠳᠠᠯ ᠢ ᠰᠡᠳᠬᠢᠵᠦ ᠤᠯᠠᠨ ᠬᠦᠮᠦᠰ ᠢ ᠰᠤᠶᠤᠨ ᠰᠡᠩᠭᠡᠷᠡᠭᠦᠯᠦᠭᠴᠢ ᠪᠠᠶᠢᠬᠤ ᠶᠤᠰᠤᠳᠠᠢ ᠪᠦᠭᠡᠳ ᠬᠠᠮᠳᠤ ᠶᠢᠨ ᠰᠤᠳᠤᠯᠭᠠᠨ ᠢᠶᠠᠷ ᠵᠢᠭᠠᠨ ᠰᠤᠷᠭᠠᠯᠳᠠ ᠶᠢᠨ ᠦᠷ᠎ᠡ ᠠᠰᠢᠭ ᠢ ᠡᠭᠦᠳᠦᠭᠰᠡᠨ ᠪᠠᠶᠢᠪᠠᠯ ᠵᠤᠬᠢᠨ᠎ᠠ᠃ ᠡᠳᠡᠭᠡᠷ ᠠᠮᠵᠢᠯᠳᠠ ᠶᠢᠨ ᠰᠢᠨ᠎ᠡ ᠰᠡᠳᠬᠢᠮᠵᠢ ᠰᠢᠨ᠎ᠡ ᠠᠷᠭ᠎ᠠ ᠠᠪᠴᠠᠯ ᠢ ᠰᠢᠨᠳᠠᠷᠠᠰᠢ ᠦᠭᠡᠢ ᠰᠤᠳᠤᠯᠭᠠᠨ ᠰᠤᠷᠤᠯᠴᠠᠯᠭ᠎ᠠ ᠯᠠ ᠤᠯᠭᠤᠵᠤ ᠴᠢᠳᠠᠳᠠᠭ ᠶᠤᠮ᠃      ᠬᠠᠶ᠋ᠢᠬ᠄ ᠠᠷᠤ ᠬᠤᠷᠴᠢᠨ ᠬᠤᠰᠢᠭᠤᠨ ᠤ ᠪᠠᠶᠠᠨᠨᠠᠭᠤᠷ ᠨᠢᠭᠡᠳᠦᠭᠡᠷ ᠶᠡᠷᠦᠩᠬᠡᠢ ᠰᠤᠷᠭᠠᠭᠤᠯᠢ                ︵ᠲᠤ᠋ · ᠦᠯᠵᠠᠶᠢᠰᠠᠩ ᠨᠠᠶᠢᠷᠠᠭᠤᠯᠪᠠ︶                 2018 ᠣᠨ ᠤ 9 ᠳ᠋ᠦ᠋ᠭᠡᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map