ᠬᠦᠯ ᠪᠦᠮᠪᠦᠭᠡ ᠶᠢᠨ ᠦᠢᠯᠡᠰ ᠤᠨ ᠴᠣ ᠰᠢᠨ᠎ᠡ ᠡᠬᠢᠯᠡᠯᠲᠡ
ᠨᠡᠶᠢᠲᠡᠯᠡᠭᠰᠡᠨ ᠴᠠᠭ᠄
2019/1/8
                     —  ᠥᠪᠥᠷ ᠮᠣᠩᠭᠤᠯ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ                ᠦᠭᠡᠷᠡᠴᠢᠯᠡᠯᠳᠡ ᠬᠥᠭᠵᠢᠬᠦᠯᠥᠯᠳᠡ ᠶᠢᠨ ᠲᠣᠷᠰᠢᠯᠳᠠ ᠶᠢᠨ ᠴᠡᠭ ᠪᠣᠯᠣᠭᠰᠠᠨ                 ᠵᠠᠮ ᠮᠥᠷ ᠢ ᠲᠡᠮᠳᠡᠭᠯᠡᠬᠦ ᠨᠢ             ◆ ︽ᠳᠣᠮᠳᠠᠳᠣ ᠣᠯᠣᠰ ᠤᠨ ᠰᠣᠷᠭᠠᠨ ᠬᠥᠮᠥᠵᠢᠯ ᠤᠨ ᠰᠣᠨᠢᠨ︾ ᠤ ᠰᠣᠷᠪᠣᠯᠵᠢᠯᠠᠭᠴᠢ               ᠸᠧᠩ ᠰᠢᠶᠣᠣ ᠫᠢᠩ    ᠵᠠᠩ ᠴᠧᠨ   ᠬᠤᠣ ᠸᠧᠨ ᠲᠢᠩ       ᠦᠷᠭᠡᠨ ᠠᠭᠤᠳᠠᠮ ᠲᠠᠯ᠎ᠠ ᠨᠣᠳᠤᠭ᠂ ᠨᠢᠰᠦᠨ ᠳᠡᠭᠦᠯᠢᠬᠦ ᠬᠥᠯᠥᠭ      ᠮᠣᠷᠢ᠂ ᠬᠠᠯᠢᠨ ᠲᠡᠪᠳᠡᠷᠢᠬᠦ ᠬᠠᠷᠴᠠᠭᠠᠢ ᠪᠥᠷᠬᠦᠳ ᠁      ᠦᠪᠡᠷ ᠤᠨ ᠭᠡᠵᠥ ᠣᠨᠴᠠᠯᠠᠭᠳᠠᠭᠰᠠᠨ ᠬᠥᠮᠥᠨ ᠰᠣᠶᠣᠯ᠂ ᠭᠠᠵᠠᠷ ᠵᠥᠢ ᠪᠠ ᠣᠯᠠᠨ ᠲᠠᠯ᠎ᠡ ᠶᠢᠨ ᠨᠥᠯᠥᠭᠡ ᠠᠴᠠ ᠰᠢᠯᠲᠠᠭᠠᠯᠠᠭᠳᠠᠵᠤ ᠮᠣᠷᠢ ᠣᠨᠣᠬᠤ᠂ ᠰᠣᠷ ᠬᠠᠷᠪᠣᠬᠤ᠂ ᠪᠦᠬᠡ ᠪᠠᠷᠢᠯᠳᠣᠬᠤ ᠵᠡᠷᠭᠡ ᠣᠯᠠᠯᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠠᠯᠢ ᠬᠡᠵᠢᠶ᠎ᠡ ᠠᠴᠠ ᠦᠪᠦᠷ ᠮᠣᠩᠭᠤᠯ ᠤᠨ ᠨᠡᠷ᠎ᠡ ᠲᠡᠮᠳᠡᠭ ᠪᠣᠯᠵᠣ᠂ ᠮᠣᠩᠭᠤᠯ ᠥᠨᠳᠥᠰᠥᠳᠡᠨ ᠤ ᠣᠮᠣᠭᠰᠢᠯ ᠢ ᠲᠥᠯᠥᠭᠡᠯᠡᠵᠥ ᠪᠠᠶᠢᠳᠠᠭ᠃ ᠬᠥᠯ ᠪᠥᠮᠪᠦᠭᠡ ᠶᠢᠨ ᠦᠢᠯᠡᠰ ᠨᠢ ᠡ᠊ᠨᠳᠡ ᠬᠠᠷᠢᠨ ᠶᠠᠮᠠᠷ ᠴᠤ ᠬᠦᠭᠵᠢᠯ ᠦᠭᠡᠢ ᠪᠠᠶᠢᠵᠤ᠂ ᠲᠣᠰᠬᠠᠢ ᠮᠡᠷᠭᠡᠵᠢᠯ ᠤᠨ ᠰᠠᠭᠤᠷᠢ ᠪᠠ ᠬᠠᠮᠢᠶ᠎ᠠ ᠪᠥᠬᠦᠢ ᠠᠵᠣ ᠥᠢᠯᠡᠰ ᠨᠢ ᠥᠨᠳᠥᠰᠥᠨ ᠳᠤ ᠪᠠᠨ ︽ᠬᠤᠭᠤᠰᠤᠨ︾ ᠪᠠᠶᠢᠵᠣ᠂ ᠥᠷ᠎ᠡ ᠠᠰᠢᠭ ᠪᠥᠬᠦᠢ ᠡᠬᠢ ᠪᠠᠶᠠᠯᠢᠭ ᠨᠢ ᠴᠦ ᠲᠥᠢᠯ ᠤᠨ ᠬᠢᠵᠠᠭᠠᠷ ᠲᠠᠢ ᠪᠠᠶᠢᠵᠠᠢ᠃      2014 ᠣᠨ ᠤ 9 ᠰᠠᠷ᠎ᠠ ᠳᠤ᠂ ᠣᠯᠣᠰ ᠤᠨ ᠶᠠᠪᠣᠳᠠᠯ ᠤᠨ ᠬᠤᠷᠢᠶᠠᠨ ᠠᠴᠠ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠢ ᠪᠥᠬᠦ ᠣᠯᠣᠰ ᠤᠨ ᠬᠥᠯ ᠪᠥᠮᠪᠦᠭᠡ ᠶᠢᠨ ᠥᠭᠡᠷᠡᠴᠢᠯᠡᠯᠳᠡ ᠬᠥᠭᠵᠢᠬᠦᠯᠥᠯᠳᠡ ᠶᠢᠨ ᠬᠠᠮᠤᠭ ᠤᠨ ᠠᠩᠬᠠᠨ ᠤ ᠲᠣᠷᠰᠢᠯᠳᠠ ᠶᠢᠨ ᠴᠡᠭ ᠪᠣᠯᠭᠠᠬᠤ ᠪᠠᠷ ᠲᠣᠭᠳᠠᠭᠠᠪᠠ᠃ ᠬᠥᠯ ᠪᠥᠮᠪᠦᠭᠡ ᠶᠢᠨ ᠲᠠᠴᠢᠷ ᠬᠦᠷᠦᠰᠦᠨ ᠳᠤ ︽ᠫᠢᠷᠠᠮᠢᠳ᠋ ᠰᠣᠪᠣᠷᠭ᠎ᠠ︾ ᠶᠢ ᠬᠡᠷᠬᠢᠨ ᠪᠠᠷᠢᠬᠤ ᠲᠣᠬᠠᠢ ᠦᠪᠡᠷᠲᠡᠭᠡᠨ ᠵᠠᠰᠠᠬᠤ ᠣᠷᠣᠨ ᠤ ᠨᠠᠮ ᠵᠠᠰᠠᠭ ᠠᠴᠠ ᠬᠠᠷᠠᠭ᠎ᠠ ᠪᠠᠨ ᠰᠣᠷᠭᠠᠭᠤᠯᠢ ᠶᠢᠨ ᠬᠥᠷᠢᠶᠡᠨ ᠳᠤ ᠬᠠᠨᠲᠤᠭᠤᠯᠤᠭᠰᠠᠨ ᠪᠠᠶᠢᠨ᠎ᠠ᠃      ᠥᠪᠡᠷᠳᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠥᠭᠡᠷᠡᠴᠢᠯᠡᠯᠳᠡ ᠬᠥᠭᠵᠢᠬᠦᠯᠥᠯᠳᠡ ᠶᠢᠨ ᠲᠥᠰᠦᠪ ᠲᠤ᠂ ᠥᠪᠥᠷ ᠮᠣᠩᠭᠤᠯ ᠨᠢ ᠰᠣᠷᠭᠠᠭᠤᠯᠢ ᠶᠢᠨ ᠵᠠᠯᠠᠭᠤᠴᠣᠳ ᠪᠠᠭᠠᠴᠣᠳ ᠤᠨ ᠬᠥᠯ ᠪᠥᠮᠪᠦᠭᠡ ᠶᠢ ᠪᠥᠬᠦ ᠣᠷᠣᠨ ᠤ ᠬᠥᠯ ᠪᠥᠮᠪᠦᠭᠡ ᠶᠢᠨ ᠥᠭᠡᠷᠡᠴᠢᠯᠡᠯᠳᠡ ᠬᠥᠭᠵᠢᠬᠦᠯᠥᠯᠳᠡ ᠶᠢᠨ ᠭᠤᠣᠯᠳᠠᠯᠭ᠎ᠠ ᠪᠣᠯᠭᠠᠵᠣ᠂ ᠬᠥᠯ ᠪᠥᠮᠪᠦᠭᠡ ᠶᠢᠨ ᠦᠢᠯᠡᠰ ᠤᠨ ᠬᠦᠭᠵᠢᠯᠳᠡ ᠶᠢᠨ ᠰᠠᠭᠤᠷᠢ ᠶᠢ ᠴᠣᠭᠴᠠᠯᠠᠨ ᠪᠠᠳᠣᠳᠬᠠᠬᠤ ᠪᠠᠷ ᠲᠣᠭᠳᠠᠪᠠ᠃ ᠵᠢᠯ ᠭᠠᠷᠣᠢ ᠶᠢᠨ ᠴᠢᠷᠮᠠᠶᠢᠯᠭ᠎ᠠ ᠪᠠᠷ ᠲᠠᠮᠵᠢᠭᠤᠯᠵᠣ᠂ ᠰᠣᠷᠭᠠᠭᠤᠯᠢ ᠶᠢᠨ ᠬᠥᠷᠢᠶ᠎ᠡ ᠪᠠᠷ ᠭᠤᠣᠯᠳᠠᠯᠭ᠎ᠠ ᠪᠣᠯᠭᠠᠭᠰᠠᠨ ᠥᠪᠥᠷ ᠮᠣᠩᠭᠤᠯ ᠤᠨ ᠬᠥᠯ ᠪᠥᠮᠪᠦᠭᠡ ᠶᠢᠨ ᠦᠢᠯᠡᠰ ᠨᠢ ︽ᠦᠭᠡᠢ︾ ᠠᠴᠠ ︽ᠪᠠᠶᠢᠬᠤ︾ ᠪᠣᠯᠣᠭᠰᠠᠨ ᠴᠣ ᠰᠢᠨ᠎ᠡ ᠬᠤᠪᠢᠷᠠᠯᠲᠠ ᠶᠢ ᠤᠭᠲᠤᠨ ᠠᠪᠴᠢᠷᠠᠯ᠎ᠠ᠄  ᠦᠪᠡᠷᠲᠡᠭᠡᠨ ᠵᠠᠰᠠᠬᠤ ᠣᠷᠣᠨ ᠤ ᠬᠦᠯ ᠪᠦᠮᠪᠦᠭᠡ ᠶᠢᠨ ᠦᠢᠯᠡᠰ ᠨᠢ ᠲᠥᠯᠥᠪᠵᠢᠬᠦᠯᠭᠡ᠂ ᠬᠤᠯᠪᠣᠭᠠᠳᠣ ᠣᠷᠣᠯᠳᠣᠭᠠᠨ ᠂ ᠴᠢᠳᠠᠪᠣᠷᠢᠳᠠᠨ᠂ ᠲᠣᠰᠬᠠᠢ ᠮᠡᠷᠭᠡᠵᠢᠯ ᠤᠨ ᠠᠩᠭᠢ᠂ ᠵᠠᠷᠣᠳᠠᠯ ᠮᠥᠡᠭᠭᠦᠨ ᠵᠡᠷᠭᠡ ᠲᠠᠯ᠎ᠠ ᠶᠢᠨ ᠪᠠᠳᠣᠯᠠᠭ᠎ᠠ ᠥᠭᠡᠢ ᠮᠦᠷᠲᠡᠭᠡᠨ ᠬᠥᠯ ᠪᠥᠮᠪᠦᠭᠡ ᠶᠢᠨ ᠰᠣᠶᠣᠯ ᠴᠤ ᠥᠭᠡᠢ ︽ᠴᠡᠪᠡᠷ ᠬᠤᠭᠤᠰᠤᠨ︾ ᠪᠠᠶᠢᠭᠰᠠᠨ ᠱᠠᠳᠣ ᠥᠶ᠎ᠡ ᠠᠴᠠ ᠲᠣᠰᠬᠠᠢ ᠵᠣᠬᠢᠶᠠᠨ ᠪᠠᠶᠢᠭᠤᠯᠣᠯᠳᠠ᠂ ᠣᠳᠣᠷᠢᠳᠣᠯᠭ᠎ᠠ ᠂ ᠲᠣᠰᠬᠠᠢ ᠠᠵᠢᠯ ᠤᠨ ᠪᠠᠶᠢᠭᠤᠯᠣᠮᠵᠢ᠂ ᠲᠣᠰᠬᠠᠢ ᠴᠢᠳᠠᠪᠣᠷᠢᠳᠠᠨ ᠤ ᠱᠠᠳᠣᠯᠢᠭ ᠡᠩᠨᠡᠭᠡ᠂ ᠲᠣᠰᠬᠠᠢ ᠵᠠᠷᠣᠳᠠᠯ ᠤᠨ ᠪᠠᠲᠤᠯᠠᠭ᠎ᠠ ᠪᠦᠬᠦᠢ᠂ ᠰᠢᠷᠢᠰ ᠬᠥᠯ ᠪᠥᠮᠪᠦᠭᠡ ᠶᠢᠨ ᠣᠷᠣᠯᠳᠣᠭᠠᠨ ᠪᠠ ᠬᠠᠯᠠᠭᠤᠨ ᠰᠡᠳᠬᠢᠯᠭᠡ ᠪᠠᠷ ᠬᠥᠯ ᠪᠥᠮᠪᠦᠭᠡ ᠶᠢᠨ ᠠᠵᠢᠯᠯᠠᠭᠠᠨ ᠳᠤ ᠣᠷᠣᠯᠴᠠᠬᠤ ᠮᠣᠨᠳᠠᠭ ᠶᠡᠭᠡ ᠪᠦᠯᠬᠦᠮ ᠨᠡᠶᠢᠳᠡ ᠲᠠᠢ ᠦᠢᠯᠡᠰ ᠪᠣᠯᠣᠨ ᠬᠦᠭᠵᠢᠵᠡᠢ᠃      ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠥᠯ ᠪᠥᠮᠪᠦᠭᠡ ᠶᠢᠨ ᠬᠥᠭᠵᠢᠯᠳᠡ ᠶᠢ ᠬᠠᠣᠯᠢ ᠶᠢᠨ ᠪᠠᠳᠣᠯᠠᠭ᠎ᠠ ᠲᠠᠢ ᠪᠣᠯᠭᠠᠭᠰᠠᠨ ᠨᠢ     ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠨᠢ ᠪᠥᠬᠦ ᠣᠯᠣᠰ ᠤᠨ ᠬᠥᠯ ᠪᠥᠮᠪᠦᠭᠡ ᠶᠢᠨ ᠥᠭᠡᠷᠡᠴᠢᠯᠡᠯᠳᠡ ᠬᠥᠭᠵᠢᠬᠦᠯᠥᠯᠳᠡ ᠶᠢᠨ ᠲᠣᠷᠰᠢᠯᠳᠠ ᠶᠢᠨ ᠴᠡᠭ ᠢᠶᠠᠷ ᠲᠣᠭᠳᠠᠭᠠᠭᠳᠠᠭᠰᠠᠨ ᠤ ᠲᠠᠷᠠᠭ᠎ᠠ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠡᠭᠡᠳᠦ ᠬᠡᠮᠵᠢᠶᠡᠨ ᠤ ᠴᠢᠬᠤᠯᠠᠴᠢᠯᠠᠭ᠎ᠠ ᠶᠢ ᠣᠯᠵᠤ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠥᠵᠢ ᠪᠠᠶᠢᠭᠰᠠᠨ ᠸᠠᠩ ᠵᠢᠶᠦ᠋ᠨ᠂ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠬᠦᠯᠡᠭᠴᠢ ᠪᠠᠶᠢᠭᠰᠠᠨ ᠪᠠᠭᠠᠳᠣᠷ ᠠᠴᠠ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠡᠭᠭᠤ ᠶᠢᠨ ᠠᠵᠢᠯ ᠤᠨ ᠬᠤᠷᠠᠯ ᠢ ᠣᠯᠠᠨ ᠣᠳᠠᠭ᠎ᠠ ᠡᠷᠬᠢᠯᠡᠨ ᠬᠤᠷᠠᠯᠳᠣᠭᠤᠯᠵᠣ᠂ ᠬᠥᠯ ᠪᠥᠮᠪᠦᠭᠡ ᠶᠢᠨ  ᠦᠢᠯᠡᠰ ᠤᠨ ᠥᠭᠡᠷᠡᠴᠢᠯᠡᠯᠳᠡ ᠬᠥᠭᠵᠢᠬᠦᠯᠥᠯᠳᠡ ᠶᠢᠨ ᠲᠣᠷᠰᠢᠯᠳᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠣᠬᠠᠢ ᠨᠠᠷᠢᠨ ᠰᠤᠳᠤᠯᠵᠤ ᠨᠢᠮᠪᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      2014 ᠣᠨ ᠤ 12 ᠰᠠᠷ᠎ᠠ ᠳᠤ᠂ ︽ᠦᠪᠡᠷᠳᠡᠭᠡᠨ ᠵᠠᠰᠠᠬᠤ ᠣᠷᠣᠨ ᠤ ᠰᠣᠷᠭᠠᠭᠤᠯᠢ ᠶᠢᠨ ᠬᠥᠯ ᠪᠥᠮᠪᠦᠭᠡ ᠶᠢᠨ ᠠᠵᠢᠯ ᠢ ᠭᠤᠷᠪᠠᠨ ᠵᠢᠯ ︵2015~2017 ᠣᠨ︶ ᠲᠥᠯᠬᠢᠨ ᠠᠬᠢᠭᠤᠯᠬᠤ ᠲᠥᠰᠥᠪ︾ ᠢ ᠵᠢᠩᠭᠢᠨᠢ ᠪᠠᠷ ᠨᠡᠶᠢᠲᠡᠯᠡᠵᠦ᠂ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠥᠯ ᠪᠥᠮᠪᠦᠭᠡ ᠪᠣᠯ ᠦᠪᠡᠷᠳᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠠᠵᠢᠯ ᠥᠢᠯᠡᠰ ᠤᠨ ᠰᠠᠭᠤᠷᠢ ᠪᠣᠯᠬᠤ ᠢᠨᠵᠧᠨᠧᠷᠢᠩ ᠪᠠᠶᠢᠵᠤ ᠬᠥᠯ ᠪᠥᠮᠪᠦᠭᠡ ᠶᠢᠨ ᠰᠫᠣᠷᠲ ᠢ ᠰᠣᠷᠭᠠᠭᠤᠯᠢ ᠶᠢᠨ ᠬᠢᠴᠢᠶᠡᠯ ᠲᠥᠷᠥᠯ ᠤᠨ ᠬᠤᠪᠢ ᠪᠠᠷ ᠲᠠᠬᠢᠨᠳᠠ ᠲᠣᠬᠢᠷᠠᠭᠤᠯᠵᠤ᠂ ᠰᠣᠷᠭᠠᠭᠤᠯᠢ ᠶᠢᠨ ᠬᠥᠷᠢᠶ᠎ᠡ ᠪᠠᠷ ᠭᠤᠣᠯ ᠵᠢᠭᠰᠠᠭᠠᠯ ᠤᠨ ᠭᠠᠵᠠᠷ ᠪᠣᠯᠭᠠᠨ᠂ ᠬᠥᠯ ᠪᠥᠮᠪᠦᠭᠡ ᠪᠠᠷ ᠰᠢᠪᠳᠣᠯᠣᠯᠳᠠ ᠶᠢᠨ ᠴᠡᠭ ᠪᠣᠯᠭᠠᠵᠣ᠂ ᠦᠪᠡᠷᠳᠡᠭᠡᠨ ᠵᠠᠰᠠᠬᠤ ᠣᠷᠣᠨ ᠤ ᠪᠣᠳᠠᠳᠠᠢ ᠳᠤ ᠨᠡᠶᠢᠴᠡᠭᠦᠯᠦᠨ᠂ ᠦᠪᠡᠷᠳᠡᠭᠡᠨ ᠵᠠᠰᠠᠬᠤ ᠣᠷᠣᠨ ᠤ ᠣᠨᠴᠠᠯᠢᠭ ᠢ ᠬᠠᠷᠠᠭᠤᠯᠣᠭᠰᠠᠨ ᠰᠣᠷᠭᠠᠭᠤᠯᠢ ᠶᠢᠨ ᠬᠥᠯ ᠪᠥᠮᠪᠦᠭᠡ ᠶᠢᠨ ᠬᠥᠭᠵᠢᠯᠳᠡ ᠶᠢᠨ ᠵᠠᠮ ᠢ ᠪᠣᠢ ᠪᠣᠯᠭᠠᠬᠤ ᠶᠢ ᠰᠢᠨᠵᠢᠯᠡᠵᠦ ᠰᠦᠪᠡᠭᠴᠢᠯᠡᠬᠦ ᠬᠡᠷᠡᠭᠳᠡᠢ ᠬᠡᠮᠡᠨ ᠲᠥᠰᠥᠪ ᠲᠤ ᠲᠣᠷᠠᠳᠣᠭᠰᠠᠨ ᠪᠠᠶᠢᠨ᠎ᠠ᠃      ᠦᠪᠡᠷᠳᠡᠭᠡᠨ ᠵᠠᠰᠠᠬᠤ ᠣᠷᠣᠨ ᠤ ᠰᠣᠷᠭᠠᠨ ᠬᠥᠮᠥᠵᠢᠯ ᠤᠨ ᠲᠢᠩᠭᠢᠮ ᠤᠨ ᠲᠠᠷᠤᠭ᠎ᠠ᠂ ᠦᠪᠡᠷᠳᠡᠭᠡᠨ ᠵᠠᠰᠠᠬᠤ ᠣᠷᠣᠨ ᠤ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠣᠳᠣᠷᠢᠳᠬᠤ ᠲᠣᠭᠤᠢᠢᠯᠠᠩ ᠤᠨ ᠲᠠᠷᠤᠭ᠎ᠠ ᠾᠧᠣ ᠶᠣᠸᠠᠨ ᠠᠴᠠ᠄ ︽ᠥᠪᠥᠷ ᠮᠣᠩᠭᠤᠯ ᠤᠨ ᠬᠥᠯ ᠪᠥᠮᠪᠦᠭᠡ ᠶᠢᠨ ᠰᠫᠣᠷᠲ ᠤᠨ ᠥᠭᠡᠷᠡᠴᠢᠯᠡᠯᠳᠡ ᠬᠥᠭᠵᠢᠬᠦᠯᠥᠯᠳᠡ ᠶᠢᠨ ᠡᠬᠢᠨ ᠤ ᠱᠠᠲᠤᠨ ᠳᠤ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠨᠢ ᠬᠥᠯ ᠪᠥᠮᠪᠦᠭᠡ ᠶᠢᠨ ᠰᠫᠣᠷᠲ ᠢ ᠲᠥᠭᠡᠮᠡᠯᠵᠢᠬᠦᠯᠬᠦ᠂ ᠬᠥᠯ ᠪᠥᠮᠪᠦᠭᠡ ᠶᠢᠨ ᠬᠦᠳᠡᠯᠭᠡᠭᠡᠨ ᠳᠤ ᠣᠷᠤᠯᠴᠠᠭᠰᠠᠳ ᠤᠨ ᠲᠤᠭ᠎ᠠ ᠶᠢ ᠨᠡᠮᠡᠭᠳᠡᠬᠦᠯᠬᠦ ᠶᠢ ᠰᠢᠭᠤᠳ ᠡᠬᠦᠷᠭᠡᠯᠡᠵᠦ ᠪᠠᠶᠢᠬᠤ ᠪᠠᠷ ᠥᠯᠥ ᠪᠠᠷᠠᠮ᠂ ᠰᠣᠷᠭᠠᠭᠤᠯᠢ ᠶᠢᠨ ᠭᠠᠳᠠᠨᠠᠬᠢ ᠣᠷᠣᠯᠳᠣᠭᠠᠨ ᠪᠣᠯᠪᠠᠰᠣᠷᠠᠯ᠂ ᠵᠠᠯᠠᠭᠤᠴᠣᠳ ᠤᠨ ᠪᠣᠯᠪᠠᠰᠣᠷᠠᠯ ᠤᠨ ᠱᠠᠳᠣᠯᠢᠭ ᠡᠩᠨᠡᠭᠡ᠂ ᠣᠷᠣᠯᠳᠣᠭᠠᠨ ᠮᠥᠷᠦ᠋ᠢᠴᠡᠭᠡᠨ ᠤ ᠲᠣᠭᠳᠠᠯᠴᠠᠭ᠎ᠠ᠂ ᠴᠢᠳᠠᠪᠣᠷᠢᠳᠠᠨ ᠤ ᠡᠩᠨᠡᠭᠡ ᠪᠠ ᠰᠣᠶᠣᠯ ᠤᠨ ᠪᠥᠳᠥᠭᠡᠨ ᠪᠠᠶᠢᠭᠤᠯᠣᠯᠳᠠ ᠵᠡᠷᠭᠡ ᠣᠯᠠᠨ ᠲᠠᠯ᠎ᠠ ᠶᠢᠨ᠂ ᠠᠵᠢᠯ ᠲᠥᠷᠥᠯ ᠠᠯᠭᠠᠰᠠᠭᠰᠠᠨ ᠬᠥᠨᠳᠥ ᠡᠬᠦᠷᠭᠡ ᠶᠢ ᠴᠦ ᠲᠡᠮ ᠢᠶᠠᠷ ᠡᠬᠦᠷᠭᠡᠯᠡᠵᠦ ᠪᠣᠢ︾ ᠭᠡᠮᠡᠨ ᠥᠪᠥᠷ ᠮᠣᠩᠭᠤᠯ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠷᠣᠨ ᠲᠣᠭᠳᠠᠭᠠᠯᠳᠠ ᠶᠢᠨ ᠲᠣᠬᠠᠢ ᠵᠢᠭᠠᠨ ᠭᠠᠷᠭᠠᠵᠠᠢ᠃      2015 ᠣᠨ ᠤ 8 ᠰᠠᠷ᠎ᠠ ᠳᠤ᠂ ᠣᠯᠣᠰ ᠤᠨ ᠰᠣᠷᠭᠠᠨ ᠬᠥᠮᠥᠵᠢᠯ ᠤᠨ ᠶᠠᠮᠣᠨ ᠠᠴᠠ ᠥᠪᠥᠷ ᠮᠣᠩᠭᠤᠯ ᠢ ᠪᠠᠰᠠ ᠪᠥᠬᠦ ᠣᠯᠣᠰ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠳᠡ ᠶᠢᠨ ᠲᠣᠷᠰᠢᠯᠳᠠ ᠶᠢᠨ ᠣᠷᠣᠨ ᠢᠶᠠᠷ ᠲᠣᠭᠳᠠᠭᠠᠵᠣ᠂ ᠪᠣᠭᠤᠳᠣ ᠬᠤᠳᠠ ᠶᠢᠨ ᠴᠢᠩ ᠱᠠᠨ ᠲᠣᠭᠤᠷᠢᠭ ᠪᠠ ᠬᠥᠬᠡᠬᠤᠳᠠ ᠶᠢᠨ ᠰᠠᠶᠢᠬᠠᠨ ᠲᠣᠭᠤᠷᠢᠭ ᠢ ᠪᠥᠬᠦ ᠣᠯᠣᠰ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠣᠷᠰᠢᠯᠳᠠ ᠶᠢᠨ ᠰᠢᠶᠠᠨ ᠲᠣᠭᠤᠷᠢᠭ ᠢᠶᠠᠷ ᠲᠣᠭᠳᠠᠭᠠᠨ᠂ ᠰᠣᠷᠭᠠᠭᠤᠯᠢ ᠶᠢᠨ ᠬᠦᠯ ᠪᠥᠮᠪᠦᠭᠡ ᠨᠢ ᠲᠠᠬᠢᠨᠳᠠ ᠨᠡᠶᠢᠭᠡᠮ ᠨᠡᠶᠢᠲᠡ ᠶᠢᠨ ᠠᠩᠬᠠᠷᠣᠯ ᠢ ᠲᠠᠲᠠᠭᠰᠠᠨ ᠪᠠᠶᠢᠨ᠎ᠠ᠃ ᠣᠷᠢᠳ ᠡᠮᠥᠨ᠎ᠡ ᠪᠠᠶᠢᠭ᠎ᠠ ᠥᠭᠡᠢ ᠬᠥᠭᠵᠢᠯᠳᠡ ᠶᠢᠨ ᠠᠵᠠ ᠲᠣᠬᠢᠶᠠᠯ ᠤᠨ ᠡᠮᠥᠨ᠎ᠡ᠂ ᠥᠪᠥᠷ ᠮᠣᠩᠭᠤᠯ ᠤᠨ ᠰᠣᠷᠭᠠᠨ ᠬᠥᠮᠥᠵᠢᠯ ᠤᠨ ᠰᠢᠰᠲ᠋ᠧᠮ ᠤᠨ ᠬᠢᠨ ᠱᠠᠳᠣ ᠱᠠᠳᠣ ᠪᠠᠷ ᠬᠤᠯᠪᠣᠭᠠᠯᠠᠨ᠂ ᠪᠥᠬᠦᠳᠡ ᠨᠡᠶᠢᠲᠡ ᠪᠠᠷ ᠬᠠᠮᠳᠣᠷᠠᠯᠴᠠᠵᠣ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠳᠡ ᠶᠢᠨ ᠡᠯ᠎ᠡ ᠵᠣᠷᠪᠣᠰ ᠲᠥᠷᠥ ᠶᠢᠨ ᠪᠣᠳᠣᠯᠭ᠎ᠠ᠂ ᠲᠥᠷᠢᠮ ᠲᠣᠭᠳᠠᠭᠠᠯ ᠤᠨ ᠪᠠᠳᠣᠯᠠᠭ᠎ᠠ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠵᠥ᠂ ᠪᠥᠬᠦ ᠣᠯᠣᠰ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠳᠡ ᠬᠥᠭᠵᠢᠬᠦᠯᠥᠯᠳᠡ ᠶᠢᠨ ᠠᠵᠢᠯ ᠳᠤ ︽ᠲᠣᠯᠣᠭᠠᠨ ᠣᠷᠢᠳᠠᠪᠡᠷ︾ ᠢ ᠪᠡᠶᠡᠯᠡᠬᠦᠯᠪᠡ᠄ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠣᠳᠣᠷᠢᠳᠬᠤ ᠲᠣᠭᠤᠢᠢᠯᠠᠩ ᠢ ᠣᠷᠢᠳᠠᠪᠡᠷ ᠪᠣᠢ ᠪᠣᠯᠭᠠᠪᠠ︔ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠣᠰᠬᠠᠢ ᠵᠠᠷᠣᠳᠠᠯ ᠢ ᠣᠷᠢᠳᠠᠪᠡᠷ ᠲᠣᠬᠢᠷᠠᠭᠤᠯᠪᠠ︔ ᠥᠪᠡᠷᠳᠡᠭᠡᠨ ᠵᠠᠰᠠᠬᠤ ᠣᠷᠣᠨ ᠤ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠠᠯᠪᠠᠨ ᠭᠡᠷ ᠤᠨ ᠬᠥᠮᠥᠨ ᠤ ᠣᠷᠣᠨ ᠲᠤᠭ᠎ᠠ ᠶᠢ ᠣᠷᠢᠳᠠᠪᠡᠷ ᠨᠠᠶᠢᠳᠠᠪᠣᠷᠢᠵᠢᠭᠤᠯᠪᠠ︔ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠭᠤᠷᠪᠠᠨ ᠵᠢᠯ ᠲᠥᠯᠬᠢᠨ ᠠᠬᠢᠭᠤᠯᠬᠤ ᠲᠥᠰᠥᠪ ᠢ ᠣᠷᠢᠳᠠᠪᠡᠷ ᠨᠡᠶᠢᠳᠡᠯᠡᠨ ᠲᠠᠷᠬᠠᠭᠠᠪᠠ︔ ︽ᠥᠪᠥᠷ ᠮᠣᠩᠭᠤᠯ ᠤᠨ ᠵᠠᠯᠠᠭᠤᠴᠣᠳ ᠪᠠᠭᠠᠴᠣᠳ ᠤᠨ ᠬᠥᠯ ᠪᠥᠮᠪᠦᠭᠡ ᠶᠢᠨ ᠡᠳᠦᠷ︾ — ᠰᠣᠷᠭᠠᠭᠤᠯᠢ ᠶᠢᠨ ᠬᠥᠷᠢᠶᠡᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠢ ᠣᠷᠢᠳᠠᠪᠡᠷ ᠶᠠᠪᠣᠭᠳᠠᠭᠤᠯᠪᠠ︔ ᠲᠦᠷᠪᠡᠨ ᠲᠡᠰ ᠤᠨ ᠬᠤᠯᠪᠣᠭᠠᠳᠣ ᠣᠷᠣᠯᠳᠣᠭᠠᠨ ᠤ ᠭᠤᠣᠯ ᠣᠷᠣᠯᠳᠣᠭᠠᠨ ᠤ ᠠᠵᠢᠯ ᠢ ᠣᠷᠢᠳᠠᠪᠡᠷ ᠪᠡᠶᠡᠯᠡᠬᠦᠯᠪᠡ︔ ᠬᠡᠥᠭᠡᠳ ᠤᠨ ᠴᠡᠴᠡᠷᠯᠢᠭ ᠤᠨ ᠬᠥᠯ ᠪᠥᠮᠪᠦᠭᠡ ᠶᠢᠨ ᠰᠣᠨᠢᠷᠬᠠᠯᠳᠣ ᠠᠵᠢᠯᠯᠠᠭᠠᠨ ᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠳᠣ ᠣᠷᠣᠯᠳᠣᠭᠠᠨ ᠳᠤ ᠣᠷᠢᠳᠠᠪᠡᠷ ᠣᠷᠣᠭᠤᠯᠣᠭᠰᠠᠨ ᠪᠠᠶᠢᠨ᠎ᠠ᠃      ᠰᠢᠯᠢ ᠶᠢᠨ ᠭᠤᠣᠯ ᠠᠶᠢᠮᠠᠭ ᠤᠨ ᠵᠡᠭᠦᠨ ᠥᠵᠥᠮᠥᠴᠢᠨ ᠬᠤᠰᠢᠭᠤᠨ ᠤ ᠲᠣᠷᠰᠢᠯᠳᠠ ᠶᠢᠨ ᠪᠠᠭ᠎ᠠ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠠᠰᠬᠠᠯᠵᠢᠭᠤᠯᠣᠭᠴᠢ ᠠᠴᠠ᠄ ︽ᠲᠠᠯᠠᠪᠣᠷ᠂ ᠲᠥᠬᠦᠭᠡᠷᠥᠮᠵᠢ᠂ ᠵᠠᠷᠣᠳᠠᠯ ᠮᠥᠡᠭᠭᠦ ᠴᠦᠮ ᠠᠰᠠᠭᠤᠳᠠᠯ ᠥᠭᠡᠢ᠂ ᠬᠡᠥᠭᠡᠳ ᠤᠳ ᠴᠦ ᠬᠥᠯ ᠪᠥᠮᠪᠦᠭᠡ ᠳᠤ ᠣᠷᠮ᠎ᠠ ᠪᠠᠬ᠎ᠠ ᠲᠠᠢ᠂ ᠣᠷᠣᠨ᠂ ᠠᠶᠢᠮᠠᠭ ᠠᠴᠠ ᠬᠤᠰᠢᠭᠤ ᠵᠠᠰᠠᠭ ᠲᠤ ᠬᠥᠷᠳᠡᠯ᠎ᠡ ᠮᠠᠨᠣᠰ ᠲᠤ ᠮᠠᠰᠢ ᠲᠡᠮᠵᠢᠯᠭᠡ ᠦᠵᠡᠬᠦᠯᠵᠥ ᠪᠠᠶᠢᠨ᠎ᠠ᠃ ᠬᠡᠳᠦᠨ ᠡᠳᠦᠷ ᠤᠨ ᠲᠠᠷᠠᠭ᠎ᠠ ᠠᠮᠠᠷᠠᠯᠳᠠ ᠪᠣᠯᠪᠠᠯ᠂ ᠪᠢᠳᠡ ᠬᠠᠶᠢᠨᠠᠨ ᠮᠣᠵᠢ ᠶᠢᠨ ᠡᠪᠦᠯ ᠤᠨ ᠬᠤᠭᠤᠴᠠᠭᠠᠨ ᠤ ᠪᠣᠯᠪᠠᠰᠣᠷᠠᠯ ᠳᠤ ᠣᠷᠣᠯᠴᠠᠬᠤ ᠪᠠᠷ ᠣᠴᠢᠨ᠎ᠠ︾ ᠭᠡᠵᠥ ᠬᠠᠮᠤᠭ ᠤᠨ ᠥᠨᠳᠥᠰᠥᠨ ᠱᠠᠳᠣᠨ ᠤ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠲᠠᠨ ᠪᠣᠯᠣᠭᠰᠠᠨ ᠤ ᠬᠤᠪᠢ ᠳᠤ᠂ ᠲᠡᠷᠡ ᠣᠳᠣᠬᠢ ᠠᠵᠢᠯ ᠤᠨ ᠣᠷᠴᠢᠨ ᠪᠠᠶᠢᠳᠠᠯ ᠳᠤ ᠪᠠᠨ ᠮᠠᠰᠢ ᠬᠠᠨᠣᠮᠵᠢᠲᠠᠢ ᠪᠠᠶᠢᠬᠤ ᠪᠠᠨ ᠢᠯᠡᠳᠭᠡᠵᠡᠢ᠃      ᠬᠦᠯ ᠪᠦᠮᠪᠦᠭᠡᠨ ᠦᠢᠯᠡᠰ ᠢ ᠥᠳᠳᠡᠷ ᠲᠦᠷᠭᠡᠨ ᠬᠦᠭᠵᠢᠭᠦᠯᠬᠦ ᠳᠤ᠂ ᠡᠷᠬᠡᠪᠰᠢ ᠪᠣᠳᠠᠳᠠᠢ ᠠᠷᠭ᠎ᠠ ᠠᠪᠴᠠᠯ ᠢ  ᠠᠪᠬᠤ ᠬᠡᠷᠡᠭᠳᠡᠢ᠃ ᠡᠭᠦᠨ ᠳᠤ ᠦᠪᠡᠷᠲᠡᠭᠡᠨ ᠵᠠᠰᠠᠬᠤ ᠣᠷᠣᠨ ᠨᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠡᠶ᠎ᠡ ᠲᠠᠮᠢᠷ ᠤᠨ ᠬᠦᠳᠡᠯᠭᠡᠭᠡᠨ ᠢ ᠬᠠᠣᠯᠢ ᠶᠢᠨ ᠪᠠᠳᠣᠯᠠᠭ᠎ᠠ ᠳᠤ ᠣᠷᠣᠭᠤᠯᠬᠤ᠂ ᠥᠭᠡᠷᠡᠴᠢᠯᠡᠯᠳᠡ ᠶᠢ ᠪᠥᠬᠦ ᠲᠠᠯ᠎ᠠ ᠪᠠᠷ ᠬᠥᠨᠵᠡᠭᠡᠶᠢᠷᠡᠬᠦᠯᠬᠦ ᠶᠡᠷᠦᠩᠭᠡᠢ ᠪᠠᠶᠢᠷᠢᠯᠠᠭᠤᠯᠣᠯᠳᠠ ᠳᠤ ᠣᠷᠣᠭᠤᠯᠬᠤ᠂ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠳᠦᠷ ᠲᠣᠳᠣᠮ ᠤᠨ ᠴᠢᠬᠤᠯᠠ ᠠᠵᠢᠯ ᠳᠤ ᠣᠷᠣᠭᠤᠯᠬᠤ᠂ ᠠᠵᠣ ᠠᠬᠤᠢ ᠨᠡᠶᠢᠭᠡᠮ ᠤᠨ ᠬᠥᠭᠵᠢᠯᠳᠡ ᠶᠢᠨ ᠲᠥᠯᠥᠪᠵᠢᠬᠦᠯᠭᠡ ᠳᠤ ᠣᠷᠣᠭᠤᠯᠬᠤ᠂ ᠡᠯ᠎ᠡ ᠲᠡᠰ ᠤᠨ ᠡᠳ᠋ ᠤᠨ ᠵᠠᠰᠠᠭ ᠤᠨ ᠲᠥᠯᠥᠪᠯᠡᠭᠡ ᠳᠤ ᠣᠷᠣᠭᠤᠯᠬᠤ᠂ ᠠᠶᠢᠮᠠᠭ ᠬᠤᠳᠠ᠂ ᠲᠢᠩᠭᠢᠮ ᠲᠣᠪᠴᠢᠶ᠎ᠠ ᠶᠢᠨ ᠣᠨ ᠤ ᠶᠡᠷᠦᠩᠭᠡᠶᠢᠯᠡᠭᠰᠡᠨ ᠬᠢᠨᠠᠯᠲᠠ ᠶᠢᠨ ᠠᠭᠤᠯᠭ᠎ᠠ ᠳᠤ ᠣᠷᠣᠭᠤᠯᠬᠤ ︽ᠵᠢᠷᠭᠤᠭᠠᠨ ᠣᠷᠣᠭᠤᠯᠬᠤ︾ ᠪᠠᠷ ᠲᠠᠮᠵᠢᠭᠤᠯᠵᠣ᠂ ᠪᠥᠬᠦ ᠣᠷᠣᠨ ᠬᠠᠮᠳᠣ ᠪᠠᠷ ᠠᠬᠢᠭᠤᠯᠬᠤ ᠶᠢᠨ ᠨᠡᠶᠢᠯᠡᠮᠡᠯ ᠬᠥᠴᠥᠨ ᠢ ᠪᠣᠢ ᠪᠣᠯᠭᠠᠵᠣ᠂ ᠬᠠᠮᠢᠶᠠᠷᠣᠯᠳᠠ ᠶᠢᠨ ᠲᠣᠭᠳᠠᠯᠴᠠᠭ᠎ᠠ᠂ ᠣᠨᠣᠯ ᠤᠨ ᠲᠣᠭᠳᠠᠯᠴᠠᠭ᠎ᠠ᠂ ᠲᠥᠷᠥ ᠶᠢᠨ ᠪᠣᠳᠣᠯᠭ᠎ᠠ ᠶᠢᠨ ᠲᠣᠭᠳᠠᠯᠴᠠᠭ᠎ᠠ᠂ ᠣᠷᠣᠯᠳᠣᠭᠠᠨ ᠤ ᠠᠵᠢᠯ ᠤᠨ ᠲᠣᠭᠳᠠᠯᠴᠠᠭ᠎ᠠ᠂ ᠬᠠᠮᠵᠢᠯᠴᠠᠭᠠᠨ ᠤ ᠲᠣᠭᠳᠠᠯᠴᠠᠭ᠎ᠠ᠂ ᠬᠥᠮᠥᠨ ᠤ ᠬᠥᠴᠥᠨ ᠤ ᠲᠣᠭᠳᠠᠯᠴᠠᠭ᠎ᠠ᠂ ᠪᠠᠳᠣᠯᠠᠭᠠᠨ ᠤ ᠲᠣᠭᠳᠠᠯᠴᠠᠭ᠎ᠠ᠂ ᠰᠣᠶᠣᠯ ᠤᠨ ᠲᠣᠭᠳᠠᠯᠴᠠᠭ᠎ᠠ᠂ ᠬᠠᠮᠳᠣ ᠪᠠᠷ ᠪᠠᠶᠢᠭᠤᠯᠬᠤ ᠲᠣᠭᠳᠠᠯᠴᠠᠭ᠎ᠠ ᠵᠡᠷᠭᠡ ᠶᠢᠰᠦᠨ ᠶᠡᠭᠡ ᠲᠣᠭᠳᠠᠯᠴᠠᠭᠠᠨ ᠤ ᠬᠤᠯᠪᠣᠭᠠᠯᠠᠭᠰᠠᠨ ᠠᠵᠢᠯ ᠤᠨ ᠰᠢᠰᠲ᠋ᠧᠮ ᠢ ᠪᠣᠢ ᠪᠣᠯᠭᠠᠭᠰᠠᠨ ᠪᠠᠶᠢᠨ᠎ᠠ᠃      ᠦᠪᠡᠷᠮᠢᠴᠡ ᠣᠨᠴᠠᠯᠢᠭ ᠪᠥᠬᠦᠢ ᠵᠢᠯᠣᠭᠤᠳᠣᠯᠭ᠎ᠠ ᠨᠢ ᠬᠥᠯ ᠪᠥᠮᠪᠦᠭᠡ ᠶᠢᠨ ᠲᠦᠭᠡᠮᠡᠯᠵᠢᠯᠡᠯᠲᠡ ᠶᠢ ᠦᠷᠭᠡᠳᠭᠡᠪᠡ      ᠬᠠᠬᠢᠷ ᠡᠪᠦᠯ ᠤᠨ ᠯᠠ ᠰᠠᠷ᠎ᠠ ᠪᠣᠯᠴᠢᠬᠠᠭᠰᠠᠨ ᠪᠠᠶᠢᠬᠤ ᠳᠤ᠂ ᠪᠣᠭᠤᠳᠣ ᠬᠤᠳᠠ ᠶᠢᠨ ᠵᠧᠩ ᠰᠢᠶᠠᠩ ᠥᠨᠳᠥᠰᠥᠳᠡᠨ ᠤ ᠬᠡᠥᠭᠡᠳ ᠤᠨ ᠴᠡᠴᠡᠷᠯᠢᠭ ᠤᠨ ᠬᠥᠷᠢᠶᠡᠨ ᠳᠤ᠂ ᠨᠢᠭᠡᠨ ᠪᠥᠯᠥᠭ ᠵᠢᠭᠠᠯ ᠬᠡᠥᠭᠡᠳ ᠤᠳ ᠬᠡᠶᠢᠯᠡᠭᠰᠡᠨ ᠲᠡᠪᠢᠰᠭᠡᠷ ᠢᠶᠠᠷ ᠬᠥᠷᠢᠶᠡᠯᠡᠭᠰᠡᠨ ᠵᠢᠵᠢᠭᠭᠡᠨ ᠪᠥᠮᠪᠥᠭᠡᠨ ᠲᠠᠯᠠᠪᠣᠷ ᠲᠤ ᠨᠠᠭᠠᠰᠢ ᠴᠠᠭᠠᠰᠢ ᠬᠥᠶᠥᠯᠳᠥᠨ ᠪᠥᠮᠪᠦᠭᠡ ᠢᠰᠬᠦᠯᠥᠨ ᠨᠠᠭᠠᠳᠴᠣ ᠪᠠᠶᠢᠨ᠎ᠠ᠃ ᠬᠠᠷᠠᠬᠤ ᠳᠤ ᠬᠡᠥᠭᠡᠳ ᠤᠳ ᠤᠨ ᠬᠥᠯ ᠪᠥᠮᠪᠥᠭᠡᠨ ᠨᠠᠭᠠᠳᠣᠮ ᠨᠢ ᠲᠡᠮᠡᠢ ᠯᠠ ᠳᠦᠷᠢᠮ ᠭᠤᠷᠢᠮ ᠪᠠᠶᠢᠬᠤ ᠥᠭᠡᠢ ᠪᠣᠯᠪᠠᠴᠣ ᠲᠡᠳᠡᠨᠡᠷ ᠬᠠᠷᠢᠨ ᠮᠠᠰᠢ ᠪᠠᠶᠠᠷᠳᠠᠢ ᠲᠣᠭᠯᠠᠵᠣ᠂ ᠬᠠᠵᠠᠭᠤ ᠳᠠᠬᠢ ᠭᠡᠷ ᠤᠨ ᠠᠬᠠᠮᠠᠳ ᠤᠳ ᠴᠦ ᠶᠡᠭᠡ ᠯᠡ ᠠᠮᠳᠠᠷᠬᠠᠨ ᠰᠣᠨᠢᠷᠬᠠᠵᠣ ᠪᠠᠶᠢᠯ᠎ᠠ᠃ ᠬᠡᠨ ᠬᠥᠮᠥᠨ ᠬᠡᠷᠪᠡ ᠡ᠊ᠨᠡ ᠬᠦ ︽ᠬᠡᠥᠭᠡᠳ ᠥᠶ᠎ᠡ ᠠᠴᠠ ᠨᠢ ᠡᠬᠢᠯᠡᠵᠥ ᠠᠳᠬᠤᠬᠤ︾ ᠪᠠᠶᠠᠷ ᠬᠥᠷ ᠲᠠᠢ ᠠᠬᠤᠢ ᠲᠠᠯᠠᠪᠣᠷ ᠲᠤ ᠪᠠᠶᠢᠭᠰᠠᠨ ᠪᠣᠯ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠲᠥᠭᠡᠮᠡᠯᠵᠢᠬᠦᠯᠬᠦ ᠠᠵᠢᠯ ᠳᠤ  ᠣᠷᠣᠭᠤᠯᠣᠭᠰᠠᠨ ᠦᠪᠡᠷᠲᠡᠭᠡᠨ ᠵᠠᠰᠠᠬᠤ ᠣᠷᠣᠨ ᠤ ᠴᠢᠷᠮᠠᠶᠢᠯᠭ᠎ᠠ ᠶᠢ ᠣᠢᠢᠯᠠᠭᠠᠵᠣ ᠪᠣᠯᠬᠤ ᠶᠣᠮ᠃      ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠥᠭᠡᠮᠡᠯᠵᠢᠬᠦᠯᠬᠦ ᠬᠡᠪᠴᠢᠶ᠎ᠡ ᠶᠢ ᠥᠷᠭᠡᠳᠭᠡᠬᠦ ᠶᠢᠨ ᠲᠥᠯᠥᠭᠡ᠂ ᠴᠡᠴᠡᠷᠯᠢᠭ ᠤᠨ ᠬᠡᠥᠭᠡᠳ ᠤᠨ ᠬᠥᠯ ᠪᠥᠮᠪᠦᠭᠡ ᠶᠢᠨ ᠰᠣᠨᠢᠷᠬᠠᠯᠲᠤ ᠠᠵᠢᠯᠯᠠᠭᠠᠨ ᠢ ᠰᠦᠪᠡᠭᠴᠢᠯᠡᠨ ᠲᠡᠯᠭᠡᠷᠡᠬᠦᠯᠬᠦ ᠠᠴᠠ ᠭᠠᠳᠠᠨ᠎ᠠ᠂ ᠦᠪᠡᠷᠲᠡᠭᠡᠨ ᠵᠠᠰᠠᠬᠤ ᠣᠷᠣᠨ ᠠᠴᠠ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠣᠨᠴᠠᠯᠢᠭ ᠲᠠᠢ ᠲᠠᠭᠠᠭᠤᠯᠣᠨ ᠵᠢᠯᠣᠭᠤᠳᠬᠤ ᠶᠢ ᠪᠠᠷᠢᠮᠳᠠᠯᠠᠨ᠂ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽ᠬᠥᠮᠥᠨ ᠢ ᠬᠥᠮᠥᠵᠢᠬᠦᠯᠬᠦ︾ ᠪᠠᠷ ᠥᠨᠳᠥᠰᠥᠨ ᠵᠣᠷᠢᠯᠳᠠ ᠪᠣᠯᠭᠠᠨ᠂ ︽ᠲᠥᠭᠡᠮᠡᠯᠵᠢᠬᠦᠯᠬᠦ︾ ᠪᠠᠷ ᠥᠨᠳᠥᠰᠥᠨ ᠬᠠᠷᠠᠯᠲᠠ ᠪᠣᠯᠭᠠᠬᠤ ᠪᠠᠷ ᠲᠣᠭᠳᠠᠭᠠᠵᠣ᠂ ᠪᠥᠬᠦᠳᠡ ᠳᠤ ᠬᠠᠨᠳᠣᠬᠤ᠂ ᠪᠥᠬᠦ ᠲᠠᠯ᠎ᠠ ᠪᠠᠷ ᠬᠥᠭᠵᠢᠬᠦ᠂ ᠲᠥᠷᠥᠯ ᠬᠤᠪᠢᠶᠠᠵᠣ ᠵᠢᠯᠣᠭᠤᠳᠬᠤ᠂ ᠴᠢᠳᠠᠪᠣᠷᠢ ᠳᠤ ᠨᠢ ᠲᠣᠬᠢᠷᠠᠭᠤᠯᠣᠨ ᠵᠢᠭᠠᠬᠤ᠂ ᠲᠥᠭᠡᠮᠡᠯᠵᠢᠬᠦᠯᠵᠥ ᠰᠠᠭᠤᠷᠢ ᠲᠠᠯᠪᠢᠬᠤ᠂ ᠠᠵᠢᠯ ᠮᠡᠷᠭᠡᠵᠢᠯ ᠢᠶᠠᠷ ᠵᠢᠯᠣᠭᠤᠳᠣᠨ ᠲᠠᠭᠠᠭᠤᠯᠬᠤ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠳᠡ ᠶᠢᠨ ᠲᠣᠳᠣᠭᠠᠳᠣ ᠵᠢᠮ᠎ᠡ ᠶᠣᠰᠣ ᠶᠢ ᠮᠥᠷᠳᠡᠨ ᠬᠤᠷᠢᠶᠠᠩᠭᠤᠢᠢᠯᠠᠪᠠ᠃ ᠪᠥᠬᠦ ᠣᠷᠣᠨ ᠤ 12 ᠠᠶᠢᠮᠠᠭ ᠬᠤᠳᠠ᠂ 102 ᠬᠤᠰᠢᠭᠤ ᠰᠢᠶᠠᠨ ᠲᠣᠭᠤᠷᠢᠭ ᠲᠤ 115 ᠡᠯ᠎ᠡ ᠳᠡᠰ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠣᠳᠣᠷᠢᠳᠬᠤ ᠲᠣᠭᠤᠢᠢᠯᠠᠩ ᠠᠴᠠ ᠨᠢᠭᠡᠳᠦᠯᠳᠡᠢ ᠵᠢᠯᠣᠭᠤᠳᠬᠤ ᠶᠢ ᠬᠠᠷᠢᠭᠤᠴᠠᠵᠣ᠂ 115 ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠠᠯᠪᠠᠨ ᠭᠡᠷ ᠠᠴᠠ ᠵᠣᠬᠢᠴᠠᠭᠤᠯᠤᠨ ᠶᠠᠪᠣᠭᠳᠠᠭᠤᠯᠬᠤ ᠶᠢ ᠬᠠᠷᠢᠭᠤᠴᠠᠨ᠂ 613 ᠰᠠᠭᠤᠷᠢ ᠣᠯᠣᠰ ᠤᠨ ᠲᠡᠰ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠳᠣ ᠰᠣᠷᠭᠠᠭᠤᠯᠢ ᠶᠢᠨ ᠪᠣᠳᠠᠳᠠᠢ ᠭᠡᠷᠡᠭᠵᠢᠬᠦᠯᠥᠨ ᠥᠢᠯᠡᠳᠥᠯᠭᠡᠵᠢᠬᠦᠯᠬᠦ ᠭᠤᠷᠪᠠᠨ ᠳᠡᠰ ᠤᠨ ᠱᠠᠳᠣᠯᠢᠭ ᠬᠡᠯᠪᠡᠷᠢ ᠪᠥᠬᠦᠢ ᠰᠥᠯᠵᠢᠶᠡᠨ ᠤ ᠬᠠᠮᠢᠶᠠᠷᠣᠯᠳᠠ ᠶᠢᠨ ᠰᠢᠰᠲ᠋ᠧᠮ ᠢ ᠪᠣᠢ ᠪᠣᠯᠭᠠᠭᠰᠠᠨ ᠪᠠᠶᠢᠨ᠎ᠠ᠃      ᠥᠪᠡᠷᠳᠡᠭᠡᠨ ᠵᠠᠰᠠᠬᠤ ᠣᠷᠣᠨ ᠤ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠪ ᠲᠤ ᠲᠥᠭᠡᠮᠡᠯᠵᠢᠬᠦᠯᠵᠥ᠂ ᠲᠡᠭᠡᠭᠰᠢᠯᠡᠬᠦᠯᠵᠥ᠂ ᠲᠥᠷᠢᠮ ᠥᠵᠡᠬᠦᠯᠬᠦ ᠶᠢᠨ ᠱᠠᠳᠣᠯᠠᠨ ᠬᠥᠨᠵᠡᠭᠡᠶᠢᠷᠡᠬᠦ ᠵᠠᠷᠴᠢᠮ ᠶᠣᠰᠣᠭᠠᠷ᠂ ᠣᠯᠣᠰ ᠤᠨ ᠲᠡᠰ᠂ ᠣᠷᠣᠨ ᠤ ᠲᠡᠰ᠂ ᠠᠶᠢᠮᠠᠭ ᠬᠤᠳᠠ ᠶᠢᠨ ᠳᠡᠰ᠂ ᠬᠤᠰᠢᠭᠤ ᠰᠢᠶᠠᠨ ︵ᠬᠤᠳᠠ ᠲᠣᠭᠤᠷᠢᠭ︶ ᠤ ᠲᠡᠰ ᠤᠨ ᠣᠨᠴᠠᠯᠢᠭᠳᠣ ᠰᠣᠷᠭᠠᠭᠤᠯᠢ ᠶᠢ ᠳᠡᠰᠯᠡᠭᠰᠡᠨ ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠪᠥᠷᠢᠳᠥᠬᠦᠯᠵᠥ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭᠠᠨ ᠢ ᠪᠥᠬᠦ ᠣᠷᠣᠨ ᠤ ᠪᠦᠬᠦᠶᠢᠯᠡ ᠶᠡᠭᠡ᠂ ᠲᠣᠮᠳᠠᠳᠣ᠂ ᠪᠠᠭ᠎ᠠ ᠰᠣᠷᠭᠠᠭᠤᠯᠢ ᠪᠠ ᠴᠡᠴᠡᠷᠯᠢᠭ ᠲᠤ ᠪᠥᠷᠬᠦᠬᠦᠯᠥᠨ᠂ 2017 ᠣᠨ ᠤ ᠡᠴᠦᠰ ᠪᠣᠯᠬᠤ ᠳᠤ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠮᠥᠷᠦ᠋ᠢᠴᠡᠭᠡᠨ ᠪᠠ ᠠᠵᠢᠯᠯᠠᠭᠠᠨ ᠳᠤ ᠥᠷᠬᠦᠯᠵᠢ ᠣᠷᠣᠯᠴᠠᠬᠤ ᠰᠣᠷᠣᠭᠴᠢ ᠶᠢᠨ ᠲᠤᠭ᠎ᠠ ᠶᠢ 60 ᠲᠦᠮᠡᠨ ᠬᠥᠮᠥᠨ ᠤ ᠣᠷᠴᠢᠮ ᠪᠣᠯᠭᠠᠨ᠎ᠠ ᠭᠡᠵᠥ ᠲᠣᠷᠠᠳᠣᠪᠠ᠃      ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭᠠᠨ ᠤ ᠲᠥᠭᠡᠮᠡᠯᠵᠢᠯᠳᠡ ᠨᠢ ᠰᠤᠷᠤᠭᠴᠢᠳ ᠤᠨ ᠲᠣᠮᠳᠠᠬᠢ ᠬᠥᠯ ᠪᠥᠮᠪᠦᠭᠡ ᠶᠢᠨ ᠪᠥᠯᠬᠦᠮ ᠨᠡᠶᠢᠳᠡ ᠶᠢ ᠥᠷᠭᠡᠳᠭᠡᠭᠰᠡᠨ ᠢᠶᠠᠷ ᠪᠠᠷᠠᠬᠤ ᠥᠭᠡᠢ᠂ ᠭᠡᠷ ᠤᠨ ᠠᠬᠠᠮᠠᠳ ᠤᠨ ᠬᠥᠯ ᠪᠥᠮᠪᠦᠭᠡ ᠶᠢᠨ ᠲᠣᠬᠠᠢ ᠬᠠᠯᠠᠭᠤᠨ ᠰᠡᠳᠭᠢᠯ ᠢ ᠨᠢ ᠬᠥᠭᠵᠢᠭᠡᠭᠰᠡᠨ ᠪᠠᠶᠢᠨ᠎ᠠ᠃ ᠰᠣᠷᠪᠣᠯᠵᠢᠯᠠᠭᠴᠢ ᠠᠴᠠ ᠪᠣᠭᠤᠳᠣ ᠬᠤᠳᠠ ᠶᠢᠨ ᠨᠢᠭᠡᠳᠦᠭᠡᠷ ᠮᠧᠬᠠᠨᠢᠭ ᠥᠢᠯᠡᠳᠪᠥᠷᠢᠯᠡᠯ ᠤᠨ ᠪᠥᠯᠥᠭᠯᠡᠯ ᠤᠨ ᠲᠣᠯᠣᠳᠣᠭᠠᠷ ᠪᠠᠭ᠎ᠠ ᠰᠣᠷᠭᠠᠭᠤᠯᠢ ᠳᠤ ᠬᠥᠷᠬᠦ ᠳᠤ ᠰᠣᠷᠭᠠᠭᠤᠯᠢ ᠠᠴᠠ ᠵᠣᠬᠢᠶᠠᠨ ᠪᠠᠶᠢᠭᠤᠯᠣᠭᠰᠠᠨ ᠭᠡᠷ ᠪᠥᠯᠢ ᠶᠢᠨ ᠬᠥᠯ ᠪᠥᠮᠪᠦᠭᠡ ᠶᠢᠨ ᠮᠥᠷᠦ᠋ᠢᠴᠡᠭᠡᠨ ᠶᠠᠭ ᠰᠠᠶᠢᠬᠠᠨ ᠶᠠᠪᠣᠭᠳᠠᠵᠣ ᠪᠠᠶᠢᠭ᠎ᠠ ᠲᠠᠢ ᠲᠠᠭᠠᠷᠠᠯᠳᠣᠪᠠ᠃ ᠭᠡᠷ ᠤᠨ ᠠᠬᠠᠮᠠᠳ ᠤᠳ ᠬᠡᠥᠭᠡᠳ ᠤᠨ ᠢᠶᠠᠨ ᠠᠩᠭᠢ ᠳᠤ ᠬᠤᠪᠢᠶᠠᠭᠳᠠᠨ ᠲᠣᠭᠤᠢᠢᠯᠠᠩ ᠢᠶᠠᠷ ᠣᠷᠣᠯᠳᠣᠬᠤ ᠥᠶᠡᠰ᠂ ᠬᠡᠥᠭᠡᠳ ᠤᠳ ᠨᠢ ᠲᠠᠯᠠᠪᠣᠷ ᠤᠨ ᠭᠠᠳᠠᠨ᠎ᠠ ᠠᠴᠠ ᠰᠦᠷ ᠨᠡᠮᠡᠵᠥ ᠥᠨᠳᠥᠷ ᠲᠠᠭᠤᠨ ᠢᠶᠠᠷ ᠬᠠᠰᠬᠢᠷᠣᠯᠳᠣᠨ᠎ᠠ᠃ ᠲᠣᠯᠣᠳᠣᠭᠠᠷ ᠪᠠᠭ᠎ᠠ ᠰᠣᠷᠭᠠᠭᠤᠯᠢ ᠶᠢᠨ ᠲᠠᠮᠢᠷ ᠤᠨ ᠪᠠᠭᠰᠢ ᠯᠢᠥ ᠲᠣᠣ ᠠᠴᠠ᠄ ︽ᠬᠡᠳᠦᠨ ᠰᠠᠷ᠎ᠠ ᠶᠢᠨ ᠬᠤᠭᠤᠴᠠᠭᠠᠨ ᠳᠤ᠂ ᠰᠣᠷᠭᠠᠭᠤᠯᠢ ᠠᠴᠠ 400 ᠢᠯᠡᠬᠦᠥ ᠲᠠᠯᠠᠪᠣᠷ ᠤᠨ ᠭᠡᠷ ᠪᠥᠯᠢ ᠶᠢᠨ ᠬᠥᠯ ᠪᠥᠮᠪᠦᠭᠡ ᠶᠢᠨ ᠣᠷᠣᠯᠳᠣᠭᠠᠨ ᠵᠣᠬᠢᠶᠠᠨ ᠪᠠᠶᠢᠭᠤᠯᠵᠣ᠂ ᠣᠳᠣ ᠪᠣᠯᠬᠤ ᠳᠤ ᠴᠦᠬᠡᠨ ᠪᠣᠰᠣ ᠭᠡᠷ ᠤᠨ ᠠᠬᠠᠮᠠᠳ ᠴᠦ ᠬᠥᠯ ᠪᠥᠮᠪᠦᠭᠡ ᠶᠢᠨ ᠣᠷᠮ᠎ᠠ ᠪᠠᠬ᠎ᠠ ᠲᠠᠢ ᠪᠣᠯᠵᠣ᠂ ᠬᠤᠭᠤᠷᠣ ᠬᠤᠭᠤᠷᠣᠨᠳᠣ ᠪᠠᠨ ᠬᠥᠯ ᠪᠥᠮᠪᠦᠭᠡ ᠶᠢᠨ ᠣᠷᠣᠯᠳᠣᠭᠠᠨ ᠢ ᠥᠷᠬᠦᠯᠵᠢ ᠵᠣᠬᠢᠶᠠᠨ ᠪᠠᠶᠢᠭᠤᠯᠬᠤ ᠪᠣᠯᠵᠠᠢ︾ ᠭᠡᠵᠥ ᠰᠣᠷᠪᠣᠯᠵᠢᠯᠠᠭᠴᠢ ᠳᠤ ᠶᠠᠷᠢᠯ᠎ᠠ᠃     ᠵᠢᠯ ᠳᠤ 6.3 ᠲᠦᠮᠡᠨ ᠵᠠᠯᠠᠭᠤᠴᠣᠳ ᠪᠠᠭᠠᠴᠣᠳ ᠬᠤᠯᠪᠣᠭᠠᠳᠣ ᠣᠷᠣᠯᠳᠣᠭᠠᠨ ᠳᠤ ᠪᠥᠮᠪᠦᠭᠡ ᠢᠰᠬᠦᠯᠵᠥ ᠪᠣᠢ      ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭᠠᠨ ᠢ ᠵᠣᠬᠢᠶᠠᠨ ᠪᠠᠶᠢᠭᠤᠯᠬᠤ ᠳᠤ᠂ ᠲᠣᠰᠬᠠᠢ ᠮᠡᠷᠭᠡᠵᠢᠯ ᠤᠨ ᠲᠠᠰᠬᠠᠯᠵᠢᠭᠤᠯᠣᠭᠴᠢ ᠲᠣᠳᠠᠭᠳᠠᠬᠤ ᠪᠣᠯ ᠬᠠᠮᠤᠭ ᠤᠨ ᠶᠡᠭᠡ ᠠᠰᠠᠭᠤᠳᠠᠯ ᠪᠣᠯᠬᠤ ᠶᠣᠮ᠃ ᠪᠥᠷᠢᠳᠭᠡᠯ ᠢ ᠥᠨᠳᠥᠰᠥᠯᠡᠪᠡᠯ᠂ 2014 ᠣᠨ ᠤ ᠥᠶᠡᠰ ᠥᠪᠥᠷ ᠮᠣᠩᠭᠤᠯ ᠤᠨ ᠲᠣᠮᠳᠠᠳᠣ ᠪᠠᠭ᠎ᠠ ᠰᠣᠷᠭᠠᠭᠤᠯᠢ ᠳᠤ ᠨᠡᠶᠢᠳᠡ 9800 ᠭᠠᠷᠣᠢ ᠨᠡᠷᠡᠰ ᠲᠠᠮᠢᠷ ᠤᠨ ᠪᠠᠭᠰᠢ ᠪᠠᠶᠢᠭᠰᠠᠨ ᠪᠣᠯ᠂ ᠲᠡᠭᠦᠨ ᠤ ᠲᠣᠲᠤᠷ᠎ᠠ ᠬᠥᠯ ᠪᠥᠮᠪᠦᠭᠡ ᠶᠢᠨ ᠮᠡᠷᠭᠡᠵᠢᠯ ᠪᠦᠬᠦᠢ ᠲᠠᠮᠢᠷ ᠤᠨ ᠪᠠᠭᠰᠢ ᠨᠢ ᠵᠥᠪᠭᠡᠨ 725 ᠬᠥᠮᠥᠨ ᠪᠠᠶᠢᠵᠣ᠂ ᠬᠥᠯ ᠪᠥᠮᠪᠦᠭᠡ ᠶᠢᠨ ᠲᠣᠰᠬᠠᠢ ᠮᠡᠷᠭᠡᠵᠢᠯ ᠪᠦᠬᠦᠢ ᠪᠠᠭᠰᠢ ᠲᠥᠢᠯ ᠤᠨ ᠲᠣᠳᠠᠮᠠᠭ ᠪᠠᠶᠢᠪᠠ᠃      ᠪᠠᠭᠰᠢ ᠳᠣᠲᠠᠭᠳᠠᠵᠤ ᠪᠠᠶᠢᠭ᠎ᠠ ᠨᠣᠴᠢᠲᠠᠢ ᠪᠠᠶᠢᠳᠠᠯ ᠢ ᠰᠠᠶᠢᠵᠢᠷᠠᠭᠤᠯᠬᠤ ᠶᠢᠨ ᠲᠥᠯᠥᠭᠡ᠂ ᠦᠪᠡᠷᠲᠡᠭᠡᠨ ᠵᠠᠰᠠᠬᠤ ᠣᠷᠣᠨ ᠠᠴᠠ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠳᠡ ᠶᠢ ᠬᠠᠨᠭ᠍ᠭᠠᠬᠤ ᠬᠥᠮᠥᠨ ᠤ ᠬᠥᠴᠥᠨ ᠤ ᠲᠣᠭᠳᠠᠯᠴᠠᠭ᠎ᠠ ᠶᠢ ᠬᠥᠴᠥᠯᠡᠨ ᠪᠠᠶᠢᠭᠤᠯᠪᠠ᠃ 2015 ᠣᠨ ᠳᠤ ᠡᠯ᠎ᠡ ᠲᠡᠰ ᠤᠨ ᠲᠣᠰᠬᠠᠢ ᠮᠡᠷᠭᠡᠵᠢᠯ ᠤᠨ ᠪᠣᠯᠪᠠᠰᠣᠷᠠᠯ ᠢ ᠣᠯᠠᠨᠳᠠ ᠵᠣᠬᠢᠶ᠋ᠨᠨ ᠪᠠᠶᠢᠭᠤᠯᠵᠣ᠂ ᠪᠣᠯᠪᠠᠰᠣᠷᠠᠯ ᠨᠢ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠪᠠᠶᠢᠭᠤᠯᠣᠮᠵᠢ᠂ ᠣᠨᠴᠠᠯᠢᠭᠳᠣ ᠰᠣᠷᠭᠠᠭᠤᠯᠢ ᠶᠢᠨ ᠵᠠᠬᠢᠷᠣᠯ᠂ ᠲᠠᠰᠬᠠᠯᠵᠢᠭᠤᠯᠣᠭᠴᠢ᠂ ᠬᠢᠨᠠᠭᠴᠢ ᠵᠡᠷᠭᠡ ᠡᠯ᠎ᠡ ᠬᠥᠷᠢᠶ᠎ᠡ ᠬᠡᠪᠴᠢᠶ᠎ᠡ ᠶᠢ ᠬᠠᠮᠤᠷᠤᠨ᠂ ᠣᠷᠣᠯᠴᠠᠭᠰᠠᠳ ᠤᠨ ᠲᠤᠭ᠎ᠠ  5100 ᠢᠯᠡᠬᠦᠥ ᠬᠥᠮᠥᠨ ᠣᠳᠠᠭ᠎ᠠ ᠳᠤ ᠬᠥᠷᠥᠭᠰᠡᠨ ᠪᠠᠶᠢᠨ᠎ᠠ᠃      ︽ᠪᠢ ᠰᠣᠷᠭᠠᠭᠤᠯᠢ ᠳᠤ ᠢᠷᠡᠵᠥ ᠵᠢᠭᠠᠨ ᠰᠣᠷᠭᠠᠯᠳᠠ ᠬᠢᠭᠡᠳ ᠰᠠᠶ᠋ᠢ ᠬᠠᠭᠠᠰ ᠵᠢᠯ ᠤᠨ ᠬᠤᠭᠤᠴᠠᠭ᠎ᠠ ᠪᠣᠯᠵᠣ ᠪᠠᠶᠢᠭ᠎ᠠ ᠪᠣᠯᠪᠠᠴᠣ ᠨᠢᠭᠡᠨᠳᠡ ᠭᠤᠷᠪᠠᠨ ᠬᠤᠭᠤᠴᠠᠭᠠᠨ ᠤ ᠬᠥᠯ ᠪᠥᠮᠪᠦᠭᠡ ᠶᠢᠨ ᠲᠠᠰᠬᠠᠯᠵᠢᠭᠤᠯᠣᠭᠴᠢ ᠶᠢᠨ ᠪᠣᠯᠪᠠᠰᠣᠷᠠᠯ ᠳᠤ ᠣᠷᠣᠯᠴᠠᠵᠣ᠂ ᠮᠠᠰᠢ ᠶᠡᠭᠡ ᠣᠯᠣᠯᠳᠠ ᠲᠠᠢ ᠪᠣᠯᠣᠭᠰᠠᠨ︾ ᠭᠡᠵᠥ ᠠᠵᠢᠯ ᠤᠨ ᠴᠢᠯᠥᠭᠡᠨ ᠤ ᠺᠯᠦ᠋ᠪ ᠠᠴᠠ ᠰᠣᠷᠭᠠᠭᠤᠯᠢ ᠳᠤ ᠰᠢᠯᠢᠭᠳᠡᠵᠥ ᠢᠷᠡᠭᠰᠡᠨ ᠬᠥᠭᠡᠬᠤᠳᠠ ᠶᠢᠨ ᠮᠣᠩᠭᠤᠯ ᠰᠣᠷᠭᠠᠭᠤᠯᠢ ᠶᠢᠨ ᠲᠠᠰᠠᠬᠠᠯᠵᠢᠭᠤᠯᠣᠭᠴᠢ ᠵᠠᠩ ᠶᠥᠨ ᠴᠦᠨ ᠰᠣᠷᠪᠣᠯᠵᠢᠯᠠᠭᠴᠢ ᠳᠤ  ᠶᠠᠷᠢᠭᠰᠠᠨ ᠪᠠᠶᠢᠯ᠎ᠠ᠃      ᠣᠯᠣᠰ ᠤᠨ ᠭᠠᠳᠠᠨ᠎ᠠ ᠠᠴᠠ ᠮᠡᠷᠭᠡᠵᠢᠯᠳᠡᠨ ᠣᠷᠢᠬᠤ ᠪᠣᠯ ᠮᠥᠨ ᠴᠦ ᠥᠪᠥᠷ ᠮᠣᠩᠭᠤᠯ ᠤᠨ ᠬᠥᠯ ᠪᠥᠮᠪᠦᠭᠡ ᠶᠢᠨ ᠲᠣᠰᠬᠠᠢ ᠮᠡᠷᠭᠡᠵᠢᠯ ᠤᠨ ᠪᠠᠭᠰᠢ ᠶᠢᠨ ᠡᠬᠢ ᠪᠠᠶᠠᠯᠢᠭ ᠲᠣᠳᠠᠭᠳᠠᠵᠣ ᠪᠠᠶᠢᠭ᠎ᠠ ᠪᠠᠶᠢᠳᠠᠯ ᠢ ᠰᠢᠢᠳᠪᠥᠷᠢᠯᠡᠬᠦ ᠴᠢᠬᠤᠯᠠ ᠨᠢᠭᠡᠨ ᠠᠷᠭ᠎ᠠ ᠵᠠᠮ ᠪᠣᠯᠣᠨ᠎ᠠ᠃ ᠵᠢᠱᠢᠶᠡᠯᠡᠪᠡᠯ᠂ ᠰᠢᠯᠢ ᠶᠢᠨ ᠭᠤᠣᠯ ᠠᠶᠢᠮᠠᠭ ᠤᠨ ᠬᠥᠷᠰᠢ ᠵᠡᠷᠭᠡᠯᠡᠳᠡᠭᠡ ᠮᠣᠩᠭᠤᠯ ᠣᠯᠣᠰ ᠠᠴᠠ ᠣᠷᠢᠭᠰᠠᠨ ᠥᠨᠳᠥᠷ ᠮᠡᠷᠭᠡᠵᠢᠯ ᠲᠠᠢ ᠬᠥᠯ ᠪᠥᠮᠪᠦᠭᠡ ᠶᠢᠨ ᠲᠠᠰᠬᠠᠯᠵᠢᠭᠤᠯᠣᠭᠴᠢ ᠶᠢᠨ ᠳᠣᠲᠣᠷ᠎ᠠ ᠮᠣᠩᠭᠤᠯ ᠣᠯᠣᠰ ᠤᠨ ᠣᠯᠣᠰ ᠤᠨ ᠠᠩᠭᠢ ᠳᠤ ᠪᠠᠶᠢᠭᠰᠠᠨ ᠲᠠᠰᠬᠠᠯᠵᠢᠭᠤᠯᠣᠭᠴᠢ ᠪᠠᠶᠢᠬᠤ ᠪᠦᠭᠡᠳ ᠪᠣᠭᠤᠳᠣ ᠬᠤᠳᠠ ᠨᠢ ᠣᠯᠠᠨ ᠣᠯᠣᠰ ᠤᠨ ᠠᠯᠳᠠᠷᠳᠣ ᠠᠵᠢᠯ ᠮᠡᠷᠭᠡᠵᠢᠯ ᠤᠨ ᠬᠥᠯ ᠪᠥᠮᠪᠦᠭᠡ ᠶᠢᠨ ᠲᠠᠰᠬᠠᠯᠵᠢᠭᠤᠯᠣᠭᠴᠢ ᠮᠢᠷᠣᠸᠧᠰᠢ ᠶᠢ ᠵᠠᠯᠠᠭᠤᠴᠣᠳ ᠪᠠᠭᠠᠴᠣᠳ ᠤᠨ ᠬᠥᠯ ᠪᠥᠮᠪᠦᠭᠡ ᠶᠢᠨ ᠶᠡᠷᠦᠩᠭᠡᠢ ᠲᠠᠰᠬᠠᠯᠵᠢᠭᠤᠯᠣᠭᠴᠢ ᠪᠠᠷ ᠣᠷᠢᠵᠣ ᠬᠡᠷᠡᠭᠯᠡᠭᠰᠡᠨ ᠶᠣᠮ᠃      ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠡᠶ᠎ᠡ ᠲᠠᠮᠢᠷ ᠤᠨ ᠬᠢᠷᠢ ᠲᠥᠪᠰᠢᠨ ᠢ ᠲᠡᠭᠡᠭᠰᠢᠯᠡᠬᠦᠯᠬᠦ ᠳᠤ ᠰᠢᠨᠵᠢᠯᠡᠬᠦ ᠣᠬᠠᠭᠠᠨᠴᠢ ᠶᠣᠰᠣ ᠵᠢᠷᠣᠮ ᠲᠠᠢ ᠣᠷᠣᠯᠳᠣᠭᠠᠨ ᠤ ᠠᠵᠢᠯ ᠤᠨ ᠲᠣᠭᠳᠠᠯᠴᠠᠭ᠎ᠠ ᠨᠢ ᠴᠦ ᠴᠢᠬᠤᠯᠠ ᠨᠢᠭᠡᠨ ᠭᠤᠭᠴᠤᠭ᠎ᠠ ᠪᠣᠯᠬᠤ ᠶᠣᠮ᠃ ᠥᠪᠥᠷ ᠮᠣᠩᠭᠤᠯ ᠤᠨ ᠵᠠᠯᠠᠭᠤᠴᠣᠳ ᠪᠠᠭᠠᠴᠣᠳ ᠤᠨ ᠪᠠᠶ᠎ᠡ ᠮᠠᠬᠠᠪᠣᠳ ᠤᠨ ᠨᠥᠬᠦᠴᠡᠯ ᠰᠠᠶᠢᠨ᠂ ᠰᠦᠰᠦ ᠵᠣᠷᠢᠭ ᠲᠠᠢ ᠪᠠᠶᠢᠳᠠᠭ ᠲᠠᠪᠠᠭᠤᠯᠢᠭ ᠪᠠ ᠴᠦᠬᠡᠨ ᠲᠣᠭᠠᠳᠣ ᠥᠨᠳᠥᠰᠥᠳᠡᠨ ᠤ ᠪᠡᠶ᠎ᠡ ᠶᠢᠨ ᠲᠠᠮᠢᠷ ᠲᠤ ᠣᠷᠮ᠎ᠠ ᠪᠠᠬ᠎ᠠ ᠲᠠᠢ ᠪᠠᠶᠢᠳᠠᠭ ᠰᠣᠶᠣᠯ ᠤᠨ ᠣᠯᠠᠮᠵᠢᠯᠠᠯ ᠲᠠᠢ ᠣᠶᠠᠯᠳᠣᠭᠤᠯᠣᠨ᠂ ᠦᠪᠡᠷᠲᠡᠭᠡᠨ ᠵᠠᠰᠠᠬᠤ ᠣᠷᠣᠨ ᠨᠢ ᠰᠣᠷᠣᠯᠭ᠎ᠠ ᠶᠢᠨ ᠴᠢᠯᠤᠭᠡᠨ ᠤ ᠬᠤᠭᠤᠴᠠᠭ᠎ᠠ ᠪᠠᠷ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽4+1︾ ᠶᠢᠨ ᠬᠤᠯᠪᠣᠭᠠᠳᠣ ᠣᠷᠣᠯᠳᠣᠭᠠᠨ ︵ᠪᠠᠭ᠎ᠠ ᠰᠣᠷᠭᠠᠭᠤᠯᠢ᠂ ᠠᠩᠬ᠎ᠠ ᠳᠣᠮᠳᠠᠳᠣ᠂ ᠥᠨᠳᠥᠷ ᠲᠣᠮᠳᠠᠳᠣ᠂ ᠲᠡᠭᠡᠳᠦ ᠰᠣᠷᠭᠠᠭᠤᠯᠢ + ᠬᠡᠥᠭᠡᠳ ᠤᠨ ᠴᠡᠴᠡᠷᠯᠢᠭ︶ ᠢ ᠲᠥᠷᠥᠯ ᠬᠤᠪᠢᠶᠠᠨ ᠲᠥᠰᠥᠪᠯᠡᠵᠥ᠂ ᠴᠡᠴᠡᠷᠯᠢᠭ ᠤᠨ ᠬᠡᠥᠭᠡᠳ ᠤᠨ ᠬᠥᠯ ᠪᠥᠮᠪᠦᠭᠡ ᠶᠢᠨ ᠰᠣᠨᠢᠷᠬᠠᠯᠳᠣ ᠠᠵᠢᠯᠯᠠᠭᠠᠨ ᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠳᠣ ᠣᠷᠣᠯᠳᠣᠭᠠᠨ ᠤ ᠲᠣᠭᠳᠠᠯᠴᠠᠭ᠎ᠠ ᠳᠤ ᠣᠷᠣᠭᠤᠯᠣᠭᠰᠠᠨ ᠪᠠᠶᠢᠨ᠎ᠠ᠃ ᠬᠤᠯᠪᠣᠭᠠᠳᠣ ᠣᠷᠣᠯᠳᠣᠭᠠᠨ ᠨᠢ ᠣᠯᠣᠰ ᠤᠨ ᠲᠡᠰ᠂ ᠣᠷᠣᠨ ᠤ ᠲᠡᠰ᠂ ᠠᠶᠢᠮᠠᠭ ᠬᠤᠳᠠ ᠶᠢᠨ ᠲᠡᠰ᠂ ᠬᠤᠰᠢᠭᠤ ᠰᠢᠶᠠᠨ ᠤ ᠲᠡᠰ ᠤᠨ ᠲᠦᠷᠪᠡᠨ ᠲᠡᠰ ᠢ ᠭᠤᠯᠳᠣ ᠴᠢᠭᠯᠡᠯ ᠢᠶᠠᠷ ᠠᠬᠢᠭᠤᠯᠣᠨ᠂ ᠪᠠᠭ᠎ᠠ ᠰᠣᠷᠭᠠᠭᠤᠯᠢ᠂ ᠠᠩᠬ᠎ᠠ ᠳᠣᠮᠳᠠᠳᠣ᠂ ᠥᠨᠳᠥᠷ ᠳᠣᠮᠳᠠᠳᠣ᠂ ᠲᠡᠭᠡᠳᠦ ᠰᠣᠷᠭᠠᠭᠤᠯᠢ ᠶᠢᠨ ᠲᠦᠷᠪᠡᠨ ᠳᠡᠰ ᠢ ᠬᠥᠨᠳᠡᠯᠡᠨ ᠴᠢᠭᠯᠡᠯ ᠢᠶᠠᠷ ᠣᠷᠣᠯᠳᠣᠭᠤᠯᠵᠣ᠂ 5 ᠬᠥᠮᠥᠨ ᠤ᠂ 7 ᠬᠥᠮᠥᠨ ᠤ᠂ 11 ᠬᠥᠮᠥᠨ ᠤ ᠲᠥᠷᠢᠮ ᠢᠶᠠᠷ ᠲᠥᠷᠥᠯ ᠬᠤᠪᠢᠶᠠᠨ ᠲᠡᠭᠡᠭᠰᠢᠯᠡᠬᠦᠯᠬᠦ ᠵᠠᠷᠴᠢᠮ ᠢᠶᠠᠷ ᠣᠷᠣᠯᠳᠣᠭᠠᠨ ᠮᠥᠷᠦ᠋ᠢᠴᠡᠭᠡᠨ ᠶᠠᠪᠣᠭᠳᠠᠭᠤᠯᠵᠣ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠳᠣ ᠣᠷᠣᠯᠳᠣᠭᠠᠨ ᠤ ᠪᠥᠬᠦᠳᠡ ᠶᠢ ᠪᠥᠷᠬᠦᠬᠦ ᠶᠢ ᠪᠡᠶᠡᠯᠡᠬᠦᠯᠥᠨ᠂ ︽ᠲᠡᠷᠢᠬᠦᠯᠡᠭᠴᠢ ᠬᠤᠨᠳᠠᠭᠠᠳᠣ︾᠂ ︽ᠬᠤᠳᠠ ︵ᠠᠶᠢᠮᠠᠭ︶ ᠶᠢᠨ ᠳᠠᠷᠤᠭ᠎ᠠ ᠬᠤᠨᠳᠠᠭᠠᠳᠣ︾᠂ ︽ᠬᠤᠰᠢᠭᠤᠨ ︵ᠰᠢᠶᠠᠨ᠂ ᠲᠣᠭᠤᠷᠢᠭ︶ ᠲᠠᠷᠤᠭ᠎ᠠ ᠬᠤᠨᠳᠠᠭᠠᠳᠣ︾᠂ ︽ᠵᠠᠬᠢᠷᠣᠯ ᠬᠤᠨᠳᠠᠭᠠᠳᠣ︾᠂ ︽ᠨᠠᠬᠢᠶ᠎ᠠ ᠬᠤᠨᠳᠠᠭᠠᠳᠣ︾ ᠭᠡᠬᠦ ᠮᠡᠲᠦ ᠶᠢᠨ ᠨᠡᠷ᠎ᠡ ᠲᠡᠮᠳᠡᠭ ᠪᠥᠬᠦᠢ ᠠᠵᠢᠯᠯᠠᠭᠠᠨ ᠢ ᠪᠣᠯᠪᠠᠰᠣᠷᠠᠭᠤᠯᠵᠣ ᠶᠠᠪᠣᠭᠳᠠᠭᠤᠯᠪᠠ᠃ ᠪᠥᠷᠢᠳᠭᠡᠯ ᠢ ᠥᠨᠳᠥᠰᠥᠯᠡᠪᠡᠯ᠂ ᠣᠷᠣᠯᠳᠣᠭᠠᠨ ᠮᠥᠷᠦ᠋ᠢᠴᠡᠭᠡᠨ ᠤ ᠲᠠᠭᠠᠭᠤᠯᠬᠤ ᠥᠢᠯᠡᠳᠥᠯ ᠢ ᠪᠠᠳᠠᠷᠠᠭᠤᠯᠬᠤ ᠶᠢᠨ ᠲᠦᠯᠥᠭᠡ᠂ 2015 ᠣᠨ ᠤ ᠡᠮᠥᠨ᠎ᠡ ᠬᠠᠭᠠᠰ ᠵᠢᠯ ᠳᠤ ᠪᠥᠬᠦ ᠣᠷᠣᠨ ᠤ ᠲᠦᠷᠪᠡᠨ ᠲᠡᠰ ᠤᠨ ᠬᠤᠨᠳᠠᠭᠠᠳᠣ ᠣᠷᠣᠯᠳᠣᠭᠠᠨ ᠪᠠ ᠲᠦᠷᠪᠡᠨ ᠳᠡᠰ ᠤᠨ ᠬᠤᠯᠪᠣᠭᠠᠳᠣ ᠣᠷᠣᠯᠳᠣᠭᠠᠨ ᠢ 8312 ᠲᠠᠯᠠᠪᠣᠷ ᠣᠳᠠᠭ᠎ᠠ ᠶᠠᠪᠣᠭᠳᠠᠭᠤᠯᠵᠣ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠳᠣ ᠣᠷᠣᠯᠳᠣᠭᠠᠨ ᠳᠤ ᠣᠷᠣᠯᠴᠠᠭᠰᠠᠨ ᠪᠥᠮᠪᠥᠭᠡᠨ ᠠᠩᠭᠢ ᠶᠢᠨ ᠲᠤᠭ᠎ᠠ ᠨᠢ 3583 ᠳᠤ ᠬᠥᠷᠴᠦ᠂ ᠣᠷᠣᠯᠳᠣᠭᠠᠨ ᠳᠤ ᠣᠷᠣᠯᠴᠠᠭᠰᠠᠨ ᠲᠠᠮᠢᠷᠴᠢᠳ ᠤᠨ ᠲᠤᠭ᠎ᠠ ᠨᠢ 6.3 ᠲᠦᠮᠡᠨ ᠬᠥᠮᠥᠨ ᠣᠳᠠᠭ᠎ᠠ ᠳᠤ ᠬᠥᠷᠥᠭᠰᠡᠨ ᠪᠠᠶᠢᠨ᠎ᠠ᠃      613 ᠬᠥᠯ ᠪᠥᠮᠪᠦᠭᠡ ᠶᠢᠨ ᠣᠨᠴᠠᠯᠢᠭᠳᠣ ᠰᠣᠷᠭᠠᠭᠤᠯᠢ ᠪᠥᠷᠢ ᠳᠤ ᠬᠥᠯ ᠪᠥᠮᠪᠦᠭᠡ ᠶᠢᠨ ᠲᠠᠯᠠᠪᠣᠷ ᠣᠷᠳᠣᠨ ᠲᠠᠢ ᠪᠣᠯᠪᠠ      ᠥᠪᠥᠷ ᠮᠣᠩᠭᠤᠯ ᠨᠢ ᠵᠣᠨ ᠤ ᠣᠯᠠᠷᠢᠯ ᠳᠤ ᠬᠡᠳᠦ᠋ᠢᠪᠡᠷ ᠠᠭᠤᠷ ᠠᠮᠢᠰᠬᠤᠯ ᠲᠠᠭᠠᠯᠠᠮᠵᠢᠳᠠᠢ ᠪᠣᠯᠪᠠᠴᠣ ᠴᠠᠭ ᠣᠯᠠᠷᠢᠯ ᠤᠨ ᠪᠠᠶᠢᠳᠠᠯ ᠠᠴᠠ ᠠᠪᠴᠤ ᠦᠵᠡᠪᠡᠯ ᠶᠡᠷᠦᠩᠭᠡᠢ ᠳᠤ ᠪᠠᠨ ᠰᠠᠯᠬᠢ ᠶᠡᠭᠡ᠂ ᠭᠠᠩ ᠬᠠᠭᠤᠷᠠᠢ᠂ ᠬᠠᠬᠢᠷ ᠬᠥᠢᠳᠡᠨ ᠮᠥᠰᠥ ᠴᠠᠰᠣ ᠲᠠᠢ ᠴᠠᠭ ᠨᠢ 5 ᠰᠠᠷ᠎ᠠ ᠭᠠᠷᠣᠢ ᠶᠢᠨ ᠣᠷᠳᠣ ᠬᠤᠭᠤᠴᠠᠭ᠎ᠠ ᠲᠠᠢ ᠪᠠᠶᠢᠵᠣ᠂ ᠵᠡᠬᠦᠨ ᠬᠤᠶᠢᠳᠣ ᠬᠡᠰᠡᠭ ᠲᠤ ᠪᠠᠨ 7 ᠰᠠᠷ᠎ᠠ ᠭᠠᠷᠣᠢ ᠶᠢᠨ ᠬᠠᠬᠢᠷ ᠬᠥᠢᠳᠡᠨ ᠴᠠᠭ ᠬᠤᠭᠤᠴᠠᠭ᠎ᠠ ᠲᠠᠢ ᠪᠠᠶᠢᠳᠠᠭ᠃ ᠡᠳᠡᠭᠡᠷ ᠠᠭᠤᠷ ᠠᠮᠢᠰᠬᠤᠯ ᠤᠨ ᠣᠨᠴᠠᠯᠢᠭ ᠨᠢ ᠰᠣᠷᠭᠠᠭᠤᠯᠢ ᠶᠢᠨ ᠪᠡᠶ᠎ᠡ ᠶᠢᠨ ᠲᠠᠮᠢᠷ ᠪᠠ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭᠠᠨ ᠤ ᠥᠷᠬᠦᠯᠵᠢᠯᠡᠯ ᠢ ᠶᠡᠭᠡ  ᠨᠦᠯᠦᠭᠡᠯᠡᠳᠡᠭ᠃      ᠡ᠊ᠨᠡ ᠬᠦ ᠠᠰᠠᠭᠤᠳᠠᠯ ᠢ ᠰᠢᠢᠳᠪᠥᠷᠢᠯᠡᠬᠦ ᠶᠢᠨ ᠲᠥᠯᠥᠭᠡ᠂ 2015~2016 ᠣᠨ ᠤ ᠬᠤᠭᠤᠷᠣᠨᠳᠣ᠂ ᠥᠪᠡᠷᠳᠡᠭᠡᠨ ᠵᠠᠰᠠᠬᠤ ᠣᠷᠣᠨ ᠠᠴᠠ 3 ᠳ᠋ᠦᠡᠭᠰᠢᠭᠤᠷ ᠲᠥᠬᠦᠷᠢᠭ ᠤᠨ ᠪᠡᠯᠡ ᠣᠷᠣᠭᠤᠯᠵᠣ᠂ ᠬᠢᠯᠢ ᠬᠢᠵᠠᠭᠠᠷ᠂ ︽ᠭᠤᠷᠪᠠᠨ ᠴᠦᠬᠡᠨ ᠥᠨᠳᠥᠰᠥᠳᠡᠨ︾ ᠤ ᠬᠤᠰᠢᠭᠤ ᠰᠢᠶᠠᠨ ︵ᠬᠤᠳᠠ᠂ ᠲᠣᠭᠤᠷᠢᠭ︶ ᠪᠥᠷᠢ ᠶᠢ 1000 ᠲᠦᠮᠡᠨ ᠲᠥᠬᠦᠷᠢᠭ ᠢᠶᠠᠷ ᠲᠡᠮᠵᠢᠬᠦ ᠪᠠᠷ ᠲᠥᠰᠥᠪᠯᠡᠵᠥ᠂ ᠰᠣᠷᠭᠠᠭᠤᠯᠢ ᠶᠢ ᠨᠡᠶᠢᠳᠡᠨ 30 ᠰᠠᠭᠤᠷᠢ ᠣᠯᠠᠨ ᠨᠡᠶᠢᠳᠡ ᠶᠢᠨ ᠬᠥᠯ ᠪᠥᠮᠪᠥᠭᠡᠨ ᠲᠠᠯᠠᠪᠣᠷ ᠣᠷᠳᠣᠨ ᠢ ᠪᠠᠶᠢᠭᠤᠯᠣᠨ᠂ ᠰᠣᠷᠭᠠᠭᠤᠯᠢ ᠪᠠ ᠨᠡᠶᠢᠭᠡᠮ ᠬᠠᠮᠳᠣ ᠪᠠᠷ ᠬᠡᠷᠡᠭᠯᠡᠬᠦ ᠳᠤ ᠵᠣᠷᠢᠭᠤᠯᠪᠠ᠃ 2015 ᠣᠨ ᠤ ᠡᠴᠦᠰ ᠢᠶᠠᠷ᠂ ᠦᠪᠡᠷᠳᠡᠭᠡᠨ ᠵᠠᠰᠠᠬᠤ ᠣᠷᠣᠨ ᠠᠴᠠ ᠡᠳ᠋ ᠤᠨ ᠵᠠᠰᠠᠭ ᠤᠨ ᠪᠠᠯᠠ ᠮᠥᠡᠭᠭᠦ ᠶᠢ ᠲᠠᠬᠢᠨᠳᠠ ᠨᠢᠭᠡᠳᠦᠯᠳᠡᠢ ᠲᠥᠯᠥᠪᠯᠡᠨ ᠲᠣᠬᠢᠷᠠᠭᠤᠯᠵᠣ᠂ ᠵᠠᠷᠣᠳᠠᠯ ᠤᠨ ᠪᠥᠳᠥᠴᠡ ᠶᠢ ᠣᠯᠠᠮ ᠨᠢᠭᠡ ᠠᠯᠬᠤᠮ ᠰᠠᠶᠢᠵᠢᠷᠠᠭᠤᠯᠣᠨ᠂ 6.13 ᠳ᠋ᠥᠡᠭᠰᠢᠭᠤᠷ ᠲᠥᠬᠦᠷᠢᠭ ᠤᠨ ᠲᠣᠰᠬᠠᠢ ᠪᠠᠯᠠ ᠮᠥᠡᠭᠭᠦ  ᠪᠠᠷ ᠣᠨᠴᠠᠯᠢᠬᠳᠣ ᠰᠣᠷᠭᠠᠭᠤᠯᠢ ᠪᠥᠷᠢ ᠶᠢ 100 ᠲᠥᠮᠡᠨ ᠲᠥᠬᠦᠷᠢᠭ  ᠳᠡᠮᠵᠢᠬᠦ ᠪᠠᠷ ᠲᠣᠬᠢᠷᠠᠭᠤᠯᠵᠣ᠂ ᠬᠥᠯ ᠪᠥᠮᠪᠦᠭᠡ ᠶᠢᠨ ᠲᠠᠯᠠᠪᠣᠷ ᠣᠷᠳᠣᠨ ᠤ ᠪᠥᠳᠥᠭᠡᠨ ᠪᠠᠶᠢᠭᠤᠯᠣᠯᠳᠠ ᠶᠢᠨ ᠲᠠᠭᠠᠭᠤᠯᠭ᠎ᠠ ᠶᠢᠨ ᠴᠢᠨᠠᠷ ᠲᠠᠢ ᠪᠠᠯᠠ ᠣᠷᠣᠭᠤᠯᠣᠯᠳᠠ ᠪᠣᠯᠭᠠᠨ᠂ 613 ᠰᠠᠭᠤᠷᠢ ᠪᠥᠬᠦ ᠣᠯᠣᠰ ᠤᠨ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠳᠣ ᠲᠠᠯᠠᠪᠣᠷ ᠣᠷᠳᠣᠨ ᠤ ᠪᠥᠳᠥᠭᠡᠨ ᠪᠠᠶᠢᠭᠤᠯᠣᠯᠳᠠ ᠳᠤ ᠬᠡᠷᠡᠭᠯᠡᠪᠡ᠃      ᠬᠠᠶᠢᠨᠠᠨ ᠮᠣᠵᠢ ᠳᠠᠬᠢ ᠡᠪᠦᠯ ᠤᠨ ᠪᠣᠯᠪᠠᠰᠣᠷᠠᠯ ᠤᠨ ᠰᠠᠭᠤᠷᠢᠨ ᠭᠠᠵᠠᠷ ᠨᠢ ᠥᠪᠥᠷ ᠮᠣᠩᠭᠤᠯ ᠠᠴᠠ ᠴᠢᠬᠤᠯᠠᠴᠢᠯᠠᠨ ᠪᠠᠶᠢᠭᠤᠯᠣᠭᠰᠠᠨ ᠨᠢᠭᠡᠨ ᠴᠤ᠋ ᠰᠢᠨ᠎ᠡ ᠲᠠᠪᠴᠠᠩ ᠪᠣᠯᠣᠨ᠎ᠠ᠃ ᠲᠠᠯᠠᠪᠣᠷ ᠪᠠ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠣᠯᠳᠠ ᠠᠴᠠ ᠭᠠᠳᠠᠨ᠎ᠠ᠂ ᠦᠪᠡᠷᠲᠡᠭᠡᠨ ᠵᠠᠰᠠᠬᠤ ᠣᠷᠣᠨ ᠠᠴᠠ ᠠᠵᠣ ᠠᠬᠤᠢ ᠨᠡᠶᠢᠭᠡᠮ ᠤᠨ ᠬᠥᠭᠵᠢᠯᠳᠡ ᠶᠢᠨ ᠡᠬᠦᠷᠭᠡ ᠬᠥᠨᠳᠥ᠂ ᠡᠳ᠋ ᠤᠨ ᠵᠠᠰᠠᠭ ᠤᠨ ᠲᠠᠷᠣᠭᠠᠰᠣ ᠶᠡᠭᠡ ᠪᠠᠶᠢᠳᠠᠯ ᠲᠣᠣᠷ᠎ᠠ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ‌‍ᠶᠢᠨ ᠥᠢᠯᠡᠰ ᠢ ᠣᠷᠢᠳᠠᠪᠡᠷ ᠬᠥᠭᠵᠢᠬᠦᠯᠬᠦ ᠶᠢ ᠰᠠᠨᠠᠭᠠᠴᠢᠯᠠᠵᠣ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ‌‍ᠶᠢᠨ ᠲᠣᠰᠬᠠᠢ ᠵᠠᠷᠣᠳᠠᠯ ᠢ ᠲᠥᠰᠥᠪᠯᠡᠨ᠂ 2015 ᠣᠨ ᠳᠤ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 10.3 ᠳ᠋ᠦᠡᠭᠰᠢᠭᠤᠷ ᠰᠢᠬᠠᠮ ᠵᠠᠷᠣᠳᠠᠯ ᠮᠦᠡᠭᠭᠦ ᠶᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠲᠤ ᠣᠷᠣᠭᠤᠯᠣᠭᠰᠠᠨ ᠪᠠᠶᠢᠨ᠎ᠠ᠃      ᠡᠬᠦᠨ ᠠᠴᠠ ᠭᠠᠳᠠᠨ᠎ᠠ᠂ ᠰᠣᠷᠣᠭᠴᠢ ᠪᠠ ᠭᠡᠷ ᠤᠨ ᠠᠬᠠᠮᠠᠳ ᠤᠨ ᠰᠠᠨᠠᠭᠠᠰᠢᠷᠠᠯ ᠳᠤ ᠬᠠᠨᠳᠣᠭᠤᠯᠣᠨ᠂ ᠥᠪᠥᠷ ᠮᠣᠩᠭᠤᠯ ᠨᠢ ᠪᠠᠭ᠎ᠠ ᠰᠣᠷᠭᠠᠭᠤᠯᠢ᠂ ᠠᠩᠬ᠎ᠠ ᠳᠣᠮᠳᠠᠳᠣ᠂ ᠥᠨᠳᠥᠷ ᠲᠣᠮᠳᠠᠳᠣ᠂ ᠶᠡᠭᠡ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠣᠰᠬᠠᠢ ᠴᠢᠳᠠᠪᠣᠷᠢ ᠲᠠᠢ ᠰᠣᠷᠣᠭᠴᠢ ᠶᠢ ᠡᠯᠰᠡᠬᠦ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠥᠨ᠂ ᠬᠥᠯ ᠪᠥᠮᠪᠦᠭᠡ ᠶᠢᠨ ᠴᠢᠳᠠᠪᠣᠷᠢᠳᠠᠨ ᠢ ᠡᠯᠰᠡᠨ ᠬᠡᠷᠡᠭᠯᠡᠬᠦ ᠪᠠᠷᠢᠮᠵᠢᠶ᠎ᠠ ᠪᠠ ᠰᠣᠷᠭᠠᠭᠤᠯᠢ ᠳᠤ ᠰᠢᠯᠭᠠᠵᠣ ᠲᠠᠪᠰᠢᠬᠤ ᠬᠠᠮᠢᠶᠠᠷᠣᠯᠳᠠ ᠶᠢᠨ ᠲᠥᠷᠢᠮ ᠢ ᠪᠣᠢ ᠪᠣᠯᠭᠠᠵᠣ᠂ ᠲᠡᠭᠡᠳᠦ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠡᠮᠢᠷᠴᠢᠨ ᠢ ᠡᠯᠰᠡᠬᠦ ᠲᠤᠭ᠎ᠠ ᠨᠣᠷᠮ᠎ᠠ ᠶᠢ ᠨᠡᠮᠡᠭᠳᠡᠬᠦᠯᠥᠨ᠂ ᠲᠡᠭᠡᠳᠦ ᠰᠣᠷᠭᠠᠭᠤᠯᠢ ᠪᠠᠷ ᠲᠥᠷᠥᠬᠦᠯᠡᠬᠦᠯᠵᠥ᠂ ᠶᠡᠭᠡ᠂ ᠲᠣᠮᠳᠠ᠂ ᠪᠠᠭ᠎ᠠ ᠰᠣᠷᠭᠠᠭᠤᠯᠢ ᠬᠤᠯᠪᠤᠯᠳᠤᠭᠰᠠᠨ ᠬᠥᠯ ᠪᠥᠮᠪᠦᠭᠡ ᠶᠢᠨ ᠱᠠᠳᠣᠯᠢᠭ ᠡᠩᠨᠡᠭᠡᠨ ᠤ ᠪᠥᠳᠥᠭᠡᠨ ᠪᠠᠶᠢᠭᠤᠯᠣᠯᠳᠠ ᠪᠠ ᠠᠵᠢᠯᠯᠠᠭᠠᠨ ᠤ ᠲᠣᠭᠳᠠᠯᠴᠠᠭ᠎ᠠ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠬᠦ ᠪᠠᠷ ᠪᠠᠶᠢᠨ᠎ᠠ᠃                                                        ︵︽ᠲᠣᠮᠳᠠᠳᠣ ᠣᠯᠣᠰ ᠤᠨ ᠰᠣᠷᠭᠠᠨ ᠬᠥᠮᠥᠵᠢᠯ ᠤᠨ ᠰᠣᠨᠢᠨ︾           2016 ᠣᠨ ᠤ 2 ᠰᠠᠷ᠎ᠠ ᠶᠢᠨ 23 ᠤ ᠡᠳᠦᠷ︶
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map