ᠦᠪᠦᠷ ᠮᠣᠩᠭᠤᠯ ᠤᠨ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠥᠯ ᠪᠥᠮᠪᠦᠭᠡ ︽ᠪᠥᠬᠦ ᠲᠠᠯ᠎ᠠ ᠪᠠᠷ ᠴᠡᠴᠡᠭᠯᠡᠨ ᠲᠡᠯᠭᠡᠷᠡᠪᠡ︾
ᠨᠡᠶᠢᠲᠡᠯᠡᠭᠰᠡᠨ ᠴᠠᠭ᠄
2019/1/8
                                              ◆ ᠵᠢᠶᠠ ᠯᠢ ᠵᠢᠶᠦ᠋ᠨ    [ ᠰᠢᠨᠬᠤᠸᠠ ᠬᠤᠷᠢᠶᠠᠨ ᠤ ᠬᠥᠭᠡᠬᠤᠳᠠ ᠳᠠᠬᠢ 7 ᠰᠠᠷ᠎ᠠ ᠶᠢᠨ 8 ᠤ ᠡᠳᠦᠷ ᠤᠨ ᠮᠡᠳᠡᠭᠡ ]200 ᠮᠧᠲᠷ ᠤᠨ ᠬᠥᠶᠥᠯᠳᠡ ᠶᠢᠨ ᠵᠠᠮ ᠳᠤ ᠬᠥᠷᠢᠶᠡᠯᠡᠭᠳᠡᠭᠰᠡᠨ ᠬᠥᠯ ᠪᠥᠮᠪᠥᠭᠡᠨ ᠲᠠᠯᠠᠪᠣᠷ ᠲᠤ᠂ ᠪᠥᠯᠥᠭ ᠪᠠᠭᠠᠴᠣᠳ ᠶᠠᠭ ᠰᠠᠶᠢᠬᠠᠨ ᠬᠥᠴᠥ ᠰᠣᠷᠢᠵᠤ ᠪᠥᠮᠪᠦᠭᠡ ᠢᠰᠬᠦᠯᠥᠨ ᠣᠷᠣᠯᠳᠣᠵᠣ ᠪᠠᠶᠢᠪᠠ᠃ ᠡ᠊ᠨᠡ ᠪᠣᠯ ᠥᠪᠥᠷ ᠮᠣᠩᠭᠤᠯ ᠤᠨ ᠪᠣᠭᠤᠳᠣ ᠬᠤᠳᠠ ᠶᠢᠨ ᠴᠢᠩ ᠱᠠᠨ ᠲᠣᠭᠤᠷᠢᠭ ᠲᠠᠬᠢ ᠬᠠᠳᠠ ᠵᠠᠮ ᠤᠨ ᠪᠠᠭ᠎ᠠ ᠰᠣᠷᠭᠠᠭᠤᠯᠢ ᠶᠢᠨ ᠬᠥᠯ ᠪᠥᠮᠪᠦᠭᠡ ᠶᠢᠨ ᠠᠩᠭᠢ ᠶᠢᠨ ᠬᠢᠨ ᠤ ᠡᠳᠦᠷ ᠲᠣᠳᠣᠮ ᠤᠨ ᠪᠣᠯᠪᠠᠰᠣᠷᠠᠯ ᠤᠨ ᠬᠢᠴᠢᠶᠡᠯ ᠪᠣᠯᠣᠨ᠎ᠠ᠃      ᠬᠠᠳᠠ ᠵᠠᠮ ᠤᠨ ᠪᠠᠭ᠎ᠠ ᠰᠣᠷᠭᠠᠭᠤᠯᠢ ᠶᠢᠨ ᠵᠠᠬᠢᠷᠣᠯ ᠴᠣᠣ ᠳ᠋ᠧᠦ ᠵᠢᠶᠧ ᠠᠴᠠ᠄ ︽ᠪᠥᠬᠦ ᠰᠣᠷᠭᠠᠭᠤᠯᠢ ᠶᠢᠨ 26 ᠠᠩᠭᠢ᠂ 1490 ᠨᠡᠷ᠎ᠡ ᠰᠣᠷᠣᠭᠴᠢ ᠶᠢᠨ ᠲᠣᠮᠳᠠ 520 ᠨᠡᠷ᠎ᠡ ᠬᠦᠯ ᠪᠥᠮᠪᠦᠭᠡ ᠶᠢᠨ ᠲᠠᠮᠢᠷᠴᠢᠨ ᠲᠠᠢ ᠪᠠᠶᠢᠵᠣ᠂ ᠠᠩᠭᠢ ᠪᠥᠷᠢ ᠳᠤ ᠴᠦᠮ ᠡᠷᠡᠭᠳᠡᠢ ᠶᠢᠨ ᠲᠣᠭᠤᠢᠢᠯᠠᠩ᠂ ᠡᠮᠡᠭᠳᠡᠢ ᠶᠢᠨ ᠲᠣᠭᠤᠢᠢᠯᠠᠩ ᠲᠠᠢ᠂ ᠰᠣᠷᠭᠠᠭᠤᠯᠢ ᠶᠢᠨ ᠬᠤᠪᠢ ᠳᠤ ᠪᠠᠰᠠ 60 ᠬᠥᠮᠥᠨ ᠤ ᠡᠷᠡᠭᠳᠡᠢ ᠡᠮᠡᠭᠳᠡᠢ ᠶᠢᠨ ᠬᠥᠯ ᠪᠥᠮᠪᠦᠭᠡ ᠶᠢᠨ ᠰᠣᠷᠭᠠᠭᠤᠯᠢ ᠶᠢᠨ ᠠᠩᠭᠢ ᠲᠠᠢ︾ ᠭᠡᠵᠥ ᠶᠠᠷᠢᠯ᠎ᠠ᠃     ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 2017 ᠣᠨ ᠤ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠲᠣᠬᠠᠢ ᠶᠢᠨ ᠲᠠᠯᠠᠪᠣᠷ ᠤᠨ ᠬᠤᠷᠠᠯ ᠠᠴᠠ ᠰᠣᠷᠪᠣᠯᠵᠢᠯᠠᠭᠴᠢ ᠶᠢᠨ ᠣᠢᠢᠯᠠᠭᠠᠭᠰᠠᠨ ᠢᠶᠠᠷ᠂ 2014 ᠣᠨ ᠳᠤ ᠣᠯᠣᠰ ᠤᠨ ᠶᠠᠪᠣᠳᠠᠯ ᠤᠨ ᠬᠤᠷᠢᠶ᠎ᠠ ᠪᠠ ᠰᠣᠷᠭᠠᠨ ᠬᠥᠮᠥᠵᠢᠯ ᠤᠨ ᠶᠠᠮᠣᠨ ᠠᠴᠠ ᠥᠪᠥᠷ ᠮᠣᠩᠭᠤᠯ ᠢ ᠪᠥᠬᠦ ᠣᠯᠣᠰ ᠤᠨ ᠬᠥᠯ ᠪᠥᠮᠪᠦᠭᠡ ᠶᠢᠨ ᠥᠭᠡᠷᠡᠴᠢᠯᠡᠯᠳᠡ ᠬᠥᠭᠵᠢᠬᠦᠯᠥᠯᠳᠡ ᠶᠢᠨ ᠲᠣᠷᠰᠢᠯᠳᠠ ᠶᠢᠨ ᠣᠷᠣᠨ ᠪᠠ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠳᠡ ᠶᠢᠨ ᠲᠣᠷᠰᠢᠯᠳᠠ ᠶᠢᠨ ᠣᠷᠣᠨ ᠢᠶᠠᠷ ᠲᠣᠭᠳᠠᠭᠠᠭᠰᠠᠨ ᠠᠴᠠ ᠠᠪᠣᠭᠠᠳ᠂ ᠥᠪᠡᠷᠳᠡᠭᠡᠨ ᠵᠠᠰᠠᠬᠤ ᠣᠷᠣᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠣᠳᠠᠯ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠳᠠ ᠶᠢ ᠭᠦᠨᠵᠡᠭᠡᠶᠢᠷᠡᠨ ᠬᠡᠷᠡᠭᠵᠢᠭᠦᠯᠵᠦ᠂ ᠬᠦᠴᠦᠲᠡᠢ ᠠᠬᠢᠭᠤᠯᠵᠣ᠂ ᠪᠥᠬᠦ ᠣᠷᠣᠨ ᠤ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠥᠷᠨᠢᠨ ᠬᠥᠭᠵᠢᠵᠥ ᠪᠠᠶᠢᠭ᠎ᠠ ᠪᠠᠶᠢᠳᠠᠯ ᠢ ᠪᠣᠢ ᠪᠣᠯᠭᠠᠭᠰᠠᠨ ᠪᠠᠶᠢᠨ᠎ᠠ᠃      3 ᠵᠢᠯ ᠤᠨ ᠲᠣᠷᠰᠢ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠯ ᠪᠥᠮᠪᠦᠭᠡ ᠦᠢᠯᠡᠰ ᠤᠨ ᠲᠣᠰᠬᠠᠢ ᠵᠠᠷᠣᠳᠠᠯ ᠳᠤ 45 ᠳ᠋ᠦᠡᠭᠰᠢᠭᠤᠷ ᠲᠥᠬᠦᠷᠢᠭ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠣᠰᠬᠠᠢ ᠵᠠᠷᠣᠳᠠᠯ ᠳᠤ 15 ᠳ᠋ᠦᠡᠭᠰᠢᠭᠤᠷ ᠲᠥᠬᠦᠷᠢᠭ ᠵᠠᠷᠣᠴᠠᠭᠤᠯᠵᠣ᠂ ᠪᠥᠬᠦ ᠣᠷᠣᠨ ᠤ ᠬᠥᠯ ᠪᠥᠮᠪᠦᠭᠡ ᠶᠢᠨ ᠲᠠᠯᠠᠪᠣᠷ ᠢ 2100 ᠪᠣᠯᠭᠠᠨ ᠨᠡᠮᠡᠭᠳᠡᠬᠦᠯᠵᠥ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠠᠯᠠᠪᠣᠷ ᠢ 600 ᠢᠯᠡᠬᠦᠥ ᠨᠡᠮᠡᠭᠳᠡᠬᠦᠯᠥᠭᠰᠡᠨ ᠪᠠᠶᠢᠨ᠎ᠠ᠃ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠬᠳᠣ ᠰᠣᠷᠭᠠᠭᠤᠯᠢ ᠶᠢ 1650 ᠰᠠᠭᠤᠷᠢ ᠪᠥᠳᠥᠭᠡᠨ ᠪᠠᠶᠢᠭᠤᠯᠵᠣ᠂ ᠪᠥᠬᠦ ᠣᠷᠣᠨ ᠤ ᠲᠣᠮᠳᠠᠳᠣ ᠪᠠᠭ᠎ᠠ ᠰᠣᠷᠭᠠᠭᠤᠯᠢ ᠶᠢᠨ ᠬᠠᠭᠠᠰ ᠠᠴᠠ ᠲᠡᠭᠡᠭᠰᠢᠬᠢ ᠲᠤᠭ᠎ᠠ ᠶᠢ ᠡᠵᠡᠯᠡᠵᠥ᠂ ᠡᠬᠦᠨ ᠤ ᠲᠣᠳᠣᠷ᠎ᠠ ᠰᠣᠷᠭᠠᠨ ᠬᠥᠮᠥᠵᠢᠯ ᠤᠨ ᠶᠠᠮᠣᠨ ᠠᠴᠠ ᠬᠢᠨᠠᠨ ᠲᠣᠭᠳᠠᠭᠠᠭᠰᠠᠨ ᠣᠯᠣᠰ ᠤᠨ ᠲᠡᠰ ᠤᠨ ᠣᠨᠴᠠᠯᠢᠬᠳᠣ ᠰᠣᠷᠭᠠᠭᠤᠯᠢ ᠨᠢ 743 ᠰᠠᠭᠤᠷᠢ ᠪᠣᠯᠪᠠ᠃ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠲᠡᠷᠢᠬᠦᠯᠡᠭᠴᠢ ᠬᠤᠨᠳᠠᠭᠠᠳᠣ︾᠂ ᠡᠯ᠎ᠡ ᠠᠶᠢᠮᠠᠭ ᠬᠤᠳᠠ ᠶᠢᠨ ︽ᠬᠤᠳᠠ ᠶᠢᠨ ᠲᠠᠷᠤᠭ᠎ᠠ ᠬᠤᠨᠳᠠᠭᠠᠳᠣ︾ ᠪᠠ ︽ᠬᠤᠰᠢᠭᠤᠨ ᠲᠠᠷᠤᠭ᠎ᠠ ᠬᠤᠨᠳᠠᠭᠠᠳᠣ︾᠂ ︽ᠵᠠᠬᠢᠷᠣᠯ ᠬᠤᠨᠳᠠᠭᠠᠳᠣ︾ ᠣᠷᠣᠯᠳᠣᠭᠠᠨ ᠤ ᠲᠥᠯᠬᠢᠴᠡ ᠲᠣᠣᠷ᠎ᠠ᠂ ᠥᠨᠳᠦᠰᠦᠨ ᠳᠤ ᠪᠠᠨ ᠰᠣᠷᠭᠠᠭᠤᠯᠢ ᠪᠥᠷᠢ ᠨᠢ ᠬᠥᠯ ᠪᠥᠮᠪᠦᠭᠡ ᠶᠢᠨ ᠠᠩᠭᠢ ᠲᠠᠢ ᠪᠣᠯᠵᠣ᠂ ᠬᠤᠳᠠ ᠶᠢᠨ ᠲᠡᠬᠦᠷᠭᠡ᠂ ᠬᠥᠳᠡᠭᠡ ᠲᠣᠰᠬᠤᠨ ᠤ ᠣᠯᠠᠩᠭᠢ ᠲᠣᠮᠳᠠᠳᠣ ᠪᠠᠭ᠎ᠠ ᠰᠣᠷᠭᠠᠭᠤᠯᠢ ᠶᠢᠨ ᠬᠥᠷᠢᠶᠡᠨ ᠳᠤ ᠴᠦ ᠬᠡᠥᠭᠡᠳ ᠤᠳ ᠤᠨ ᠬᠥᠯ ᠪᠥᠮᠪᠦᠭᠡ ᠢᠰᠬᠦᠯᠥᠨ ᠨᠠᠭᠠᠳᠴᠣ ᠪᠠᠶᠢᠭ᠎ᠠ ᠬᠥᠷ ᠬᠥᠭᠵᠢᠶᠡᠨᠲᠦ ᠪᠠᠶᠢᠳᠠᠯ ᠬᠠᠷᠠᠭᠳᠠᠬᠤ ᠪᠣᠯᠪᠠ᠃      ︽ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠪᠣᠯ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠴᠢᠬᠤᠯᠠ ᠪᠥᠷᠢᠯᠳᠥᠬᠦᠨ ᠬᠡᠰᠡᠭ ᠮᠥᠨ᠂ ᠪᠣᠯᠪᠠᠰᠣᠷᠠᠯ ᠤᠨ ᠥᠨ᠎ᠡ ᠥᠷᠳᠡᠭ ᠥᠨᠳᠥᠷ᠂ ᠬᠠᠮᠳᠣ ᠨᠡᠶᠢᠲᠡ ᠶᠢᠨ ᠣᠬᠠᠮᠰᠠᠷ ᠲᠠᠢ᠂ ᠣᠷᠣᠯᠴᠠᠬᠤ ᠬᠡᠪᠴᠢᠶ᠎ᠡ ᠥᠷᠭᠡᠨ᠂ ᠠᠩᠬᠠᠷᠣᠯ ᠢ ᠲᠠᠳᠠᠬᠤ ᠬᠥᠴᠥᠨ ᠲᠠᠢ ᠪᠠᠷ ᠢᠶᠠᠨ ᠬᠡᠥᠭᠡᠳ ᠤᠨ ᠲᠣᠷ᠎ᠠ ᠰᠣᠨᠢᠷᠬᠠᠯ ᠢ ᠪᠣᠯᠢᠶᠠᠵᠣ ᠴᠢᠳᠠᠵᠠᠢ︾ ᠭᠡᠵᠥ ᠼᠣᠣ ᠳ᠋ᠧᠦ ᠵᠢᠶᠧ ᠵᠠᠬᠢᠷᠣᠯ ᠠᠴᠠ ᠶᠠᠷᠢᠭᠰᠠᠨ ᠪᠠᠶᠢᠨ᠎ᠠ᠃ ᠲᠣᠰ ᠪᠠᠭ᠎ᠠ ᠰᠣᠷᠭᠠᠭᠤᠯᠢ ᠨᠢ ᠣᠯᠣᠰ ᠤᠨ ᠲᠡᠰ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠬᠳᠣ ᠰᠣᠷᠭᠠᠭᠤᠯᠢ ᠪᠠᠶᠢᠵᠤ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭᠠᠨ ᠨᠢ ᠨᠢᠭᠡᠨᠳᠡ ᠡᠳᠦᠷ ᠲᠣᠳᠣᠮ ᠤᠨ ᠬᠡᠯᠪᠡᠷᠢ ᠪᠣᠯᠵᠣ᠂ ᠰᠣᠷᠭᠠᠭᠤᠯᠢ ᠠᠴᠠ ᠠᠩᠭᠢ ᠪᠣᠯᠭᠠᠨ ᠤ ᠭᠠᠷᠠᠭ ᠪᠥᠷᠢ ᠶᠢᠨ 3 ᠤᠳᠠᠭ᠎ᠠ ᠶᠢᠨ ᠲᠠᠮᠢᠷ ᠤᠨ ᠬᠢᠴᠢᠶᠡᠯ ᠤᠨ 1 ᠤᠳᠠᠭ᠎ᠠ ᠶᠢᠨ ᠬᠢᠴᠢᠶᠡᠯ ᠢ ᠨᠢ ᠬᠥᠯ ᠪᠥᠮᠪᠦᠭᠡ ᠶᠢᠨ ᠲᠣᠰᠬᠠᠢ ᠬᠢᠴᠢᠶᠡᠯ ᠪᠣᠯᠭᠠᠵᠣ᠂ 20 ᠭᠠᠷᠣᠢ ᠵᠥᠢᠯ ᠤᠨ ᠬᠥᠯ ᠪᠥᠮᠪᠦᠭᠡ ᠶᠢᠨ ᠲᠣᠭᠯᠠᠭᠠᠮ ᠵᠣᠬᠢᠶᠠᠨ ᠶᠠᠪᠣᠭᠳᠠᠭᠤᠯᠵᠣ᠂ ᠬᠡᠥᠭᠡᠳ ᠤᠨ ᠣᠷᠮᠠᠰᠢᠯ ᠢ ᠬᠥᠭᠵᠢᠬᠦᠯᠵᠥ ᠪᠠᠶᠢᠨ᠎ᠠ︔ ᠡᠬᠦᠨ ᠤ ᠬᠠᠮᠳᠣ ︽ᠵᠠᠬᠢᠷᠣᠯ ᠬᠤᠨᠳᠠᠭᠠᠳᠣ︾ ᠬᠤᠯᠪᠣᠭᠠᠳᠣ ᠣᠷᠣᠯᠳᠣᠭᠠᠨ ᠶᠠᠪᠣᠭᠳᠠᠭᠤᠯᠣᠨ᠂ ᠲᠠᠯᠠᠪᠣᠷ ᠲᠤ ᠣᠷᠣᠬᠤ᠂ ᠬᠢᠨᠠᠭᠴᠢ ᠣᠷᠢᠬᠤ᠂ ᠬᠤᠪᠢ ᠲᠡᠮᠳᠡᠭᠯᠡᠬᠦ᠂ ᠰᠦᠷ ᠨᠡᠮᠡᠵᠥ ᠣᠷᠢᠶ᠎ᠠ ᠬᠠᠰᠬᠢᠷᠬᠤ ᠁ ᠮᠡᠲᠦ ᠪᠠᠷ ᠬᠥᠯ ᠪᠥᠮᠪᠦᠭᠡ ᠶᠢᠨ ᠰᠣᠶᠣᠯ ᠢ ᠨᠡᠪᠴᠢᠬᠦᠯᠥᠨ ᠢᠯᠡᠷᠡᠬᠦᠯᠵᠥ᠂ ᠰᠣᠷᠣᠭᠴᠢᠳ ᠢ ᠵᠢᠯᠣᠭᠤᠳᠣᠨ ᠦᠷᠢᠰᠦᠯᠳᠦᠭᠴᠢ ᠡᠳᠡᠭᠡᠳ ᠢᠶᠠᠨ ᠬᠥᠨᠳᠥᠳᠭᠡᠬᠦ᠂ ᠬᠢᠨᠠᠭᠴᠢ ᠶᠢ ᠬᠥᠨᠳᠥᠳᠭᠡᠬᠦ᠂ ᠢᠯᠠᠯᠳᠠ ᠪᠠ ᠢᠯᠠᠭᠳᠠᠯ ᠳᠤ ᠵᠥᠪ ᠢᠶᠠᠷ ᠬᠠᠨᠳᠣᠬᠤ ᠶᠢ ᠵᠢᠭᠠᠨ᠂ ︽ᠬᠥᠯ ᠪᠥᠮᠪᠦᠭᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠣ᠂ ᠥᠪᠡᠷ ᠢ ᠪᠠᠨ ᠢᠯᠠᠨ ᠲᠠᠪᠠᠵᠣ᠂ ᠪᠠᠶᠠᠷ ᠪᠠᠶᠠᠰᠤᠯᠠᠩᠲᠤ ᠪᠠᠭᠠᠴᠣᠳ ᠪᠣᠯᠬᠤ ᠪᠠᠷ ᠴᠢᠷᠮᠠᠶᠢᠬᠤ︾ ᠪᠠ ︽ᠲᠥᠷᠢᠮ ᠢ ᠵᠢᠷᠣᠮᠯᠠᠵᠣ᠂ ᠦᠷᠢᠰᠦᠯᠳᠦᠭᠴᠢ ᠡᠳᠡᠭᠡᠳ ᠢᠶᠠᠨ ᠬᠥᠨᠳᠥᠳᠭᠡᠨ᠂ ᠬᠠᠷᠢᠭᠤᠴᠠᠯᠭ᠎ᠠ ᠶᠢ ᠡᠬᠦᠷᠭᠡᠯᠡᠬᠦ︾ ᠮᠡᠲᠦ ᠶᠢᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠤᠨ ᠣᠢᠢᠯᠠᠭᠠᠭᠳᠠᠬᠤᠨ ᠢ ᠣᠯᠠᠮᠵᠢᠯᠠᠨ ᠲᠡᠯᠭᠡᠷᠡᠬᠦᠯᠵᠥ ᠪᠠᠶᠢᠬᠤ ᠶᠣᠮ᠃      ᠬᠠᠳᠠ ᠵᠠᠮ ᠤᠨ ᠪᠠᠭ᠎ᠠ ᠰᠣᠷᠭᠠᠭᠤᠯᠢ ᠨᠢ ᠪᠡᠶ᠎ᠡ ᠶᠢᠨ ᠲᠠᠮᠢᠷ ᠤᠨ ᠬᠢᠴᠢᠶᠡᠯ ᠲᠡᠭᠡᠷ᠎ᠡ ᠰᠣᠷᠣᠭᠴᠢᠳ ᠲᠤ ᠬᠥᠯ ᠪᠥᠮᠪᠦᠭᠡ ᠶᠢᠨ ᠥᠨᠳᠥᠰᠥᠨ ᠮᠡᠷᠭᠡᠵᠢᠯ ᠵᠢᠭᠠᠵᠣ ᠪᠣᠯᠪᠠᠰᠣᠷᠠᠭᠤᠯᠬᠤ ᠪᠠᠷ ᠪᠠᠷᠠᠬᠤ ᠥᠭᠡᠢ᠂ ᠬᠥᠯ ᠪᠥᠮᠪᠦᠭᠡ ᠶᠢᠨ ᠬᠠᠮᠢᠶ᠎ᠠ ᠪᠥᠬᠦᠢ ᠣᠷᠠᠨ ᠵᠣᠬᠢᠶᠠᠯ ᠢ ᠣᠩᠰᠢᠭᠤᠯᠵᠦ᠂ ᠬᠥᠯ ᠪᠥᠮᠪᠦᠭᠡ ᠶᠢᠨ ᠲᠡᠥᠭᠡ ᠪᠠ ᠬᠥᠭᠵᠢᠯᠳᠡ ᠶᠢᠨ ᠪᠠᠶᠢᠳᠠᠯ ᠢ ᠣᠢᠢᠯᠠᠭᠠᠭᠤᠯᠣᠨ᠂ ᠲᠠᠭᠤᠣ ᠬᠦᠭᠵᠢᠮ ᠤᠨ ᠬᠢᠴᠢᠶᠡᠯ ᠲᠡᠭᠡᠷ᠎ᠡ ᠥᠪᠡᠷᠳᠡᠭᠡᠨ ᠵᠣᠬᠢᠶᠠᠵᠣ ᠨᠠᠶᠢᠷᠠᠭᠤᠯᠣᠭᠰᠠᠨ ᠬᠥᠯ ᠪᠦᠮᠪᠦᠭᠡ ᠶᠢᠨ ᠬᠠᠮᠢᠶ᠎ᠠ ᠪᠥᠬᠦᠢ ᠲᠠᠭᠤᠣ ᠪᠥᠵᠢᠭ ᠢ ᠨᠢ ᠲᠣᠭᠯᠠᠭᠤᠯᠵᠣ᠂ ᠬᠥᠯ ᠪᠥᠮᠪᠦᠭᠡ ᠢᠰᠬᠦᠯᠵᠥ᠂ ᠬᠥᠯ ᠪᠥᠮᠪᠦᠭᠡ ᠶᠢ ᠲᠠᠭᠤᠯᠠᠨ᠂ ᠬᠥᠯ ᠪᠥᠮᠪᠦᠭᠡ ᠶᠢ ᠪᠢᠴᠢᠵᠥ᠂ ᠬᠥᠯ ᠪᠥᠮᠪᠦᠭᠡ ᠶᠢ ᠵᠢᠷᠣᠬᠤ ᠮᠡᠳᠦ ᠶᠢᠨ ᠬᠥᠯ ᠪᠥᠮᠪᠦᠭᠡ ᠶᠢᠨ ᠰᠣᠶᠣᠯ ᠢ ᠬᠢᠴᠢᠶᠡᠯ ᠳᠤ ᠠᠭᠤᠰᠬᠠᠨ᠂ ᠬᠥᠯ ᠪᠥᠮᠪᠦᠭᠡ ᠵᠢ᠊ ᠲᠠᠮᠢᠷᠴᠢᠨ ᠢ ᠬᠥᠮᠥᠵᠢᠬᠦᠯᠬᠦ ᠲᠠᠯ᠎ᠠ ᠪᠠᠷ ᠬᠢ ᠴᠢᠳᠠᠪᠣᠷᠢ ᠶᠢ ᠨᠢ ᠪᠠᠳᠠᠷᠠᠭᠤᠯᠵᠣ ᠪᠠᠶᠢᠨ᠎ᠠ᠃      ᠲᠦᠷᠦᠭᠦᠬᠡᠨ᠂ ᠬᠠᠳᠠ ᠵᠠᠮ ᠤᠨ ᠪᠠᠭ᠎ᠠ ᠰᠣᠷᠭᠠᠭᠤᠯᠢ ᠨᠢ 2017 ᠣᠨ ᠤ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ︽ᠲᠡᠷᠢᠬᠦᠯᠡᠭᠴᠢ ᠬᠤᠨᠳᠠᠭᠠᠳᠣ︾ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠦᠷᠪᠡᠨ ᠳᠡᠰ ᠤᠨ ᠬᠤᠯᠪᠣᠭᠠᠳᠣ ᠣᠷᠣᠯᠳᠣᠭᠠᠨ ᠤ ᠪᠠᠭ᠎ᠠ ᠰᠣᠷᠭᠠᠭᠤᠯᠢ ᠶᠢᠨ ᠲᠣᠭᠤᠢᠢᠯᠠᠩ ᠤᠨ ᠲᠡᠷᠢᠬᠦᠨ ᠪᠠ 2017 ᠣᠨ ᠤ ᠪᠥᠬᠦ ᠣᠯᠣᠰ ᠤᠨ ᠵᠠᠯᠠᠭᠤᠴᠣᠳ ᠪᠠᠭᠠᠴᠣᠳ ᠤᠨ ︽ᠬᠥᠯ ᠪᠥᠮᠪᠦᠭᠡ ᠶᠢᠨ ᠲᠡᠷᠢᠬᠦᠨ ᠬᠤᠨᠳᠠᠭᠠᠳᠣ ᠶᠢᠨ ᠣᠷᠣᠯᠳᠣᠭᠠᠨ︾ ᠤ ᠲᠠᠪᠣᠳᠣᠭᠠᠷ ᠨᠡᠷ᠎ᠡ ᠶᠢᠨ ᠥᠨᠳᠥᠷ ᠬᠢᠷᠢ ᠪᠥᠳᠥᠮᠵᠢ ᠣᠯᠣᠭᠰᠠᠨ ᠶᠣᠮ᠃ ︽ᠬᠡᠥᠭᠡᠳ ᠤᠳ ᠤᠨ ᠪᠠᠶᠠᠷᠯᠠᠭᠰᠠᠨ ᠢ ᠥᠬᠦᠯᠡᠬᠦ ᠶᠢᠨ ᠠᠷᠭ᠎ᠠ ᠥᠭᠡᠢ︾ ᠭᠡᠵᠥ ᠼᠣᠣ ᠳ᠋ᠧᠦ ᠵᠢᠧ ᠶᠠᠷᠢᠭᠰᠠᠨ ᠪᠦᠭᠡᠳ ︽ᠰᠣᠷᠭᠠᠭᠤᠯᠢ ᠶᠢᠨ ᠬᠥᠷᠢᠶᠡᠨ ᠤ ᠡᠳᠦᠷ ᠲᠣᠳᠣᠮ ᠤᠨ ᠣᠷᠣᠯᠳᠣᠭᠠᠨ ᠠᠴᠠ ᠴᠦ ᠰᠣᠷᠣᠭᠴᠢᠳ ᠬᠥᠮᠥᠨ ᠤ ᠠᠮᠢᠳᠣᠷᠠᠯ ᠤᠨ ᠣᠯᠠᠨ ᠶᠣᠰᠣ ᠵᠥᠢ ᠶᠢ ᠣᠬᠠᠵᠣ᠂ ᠨᠥᠬᠦᠳ ᠬᠤᠭᠤᠷᠣᠨᠳᠣ ᠪᠠᠨ ᠣᠯᠠᠮ ᠣᠢᠢᠷᠠᠳᠣᠯᠴᠠᠨ᠂ ᠪᠥᠯᠬᠦᠮᠳᠡᠨ ᠨᠢᠬᠳᠠᠷᠠᠬᠤ ᠵᠣᠷᠢᠭ ᠰᠠᠨᠠᠭ᠎ᠠ ᠨᠢ ᠴᠢᠩᠭᠠᠷᠠᠵᠣ᠂ ᠡᠬᠦᠨ ᠤ ᠣᠯᠠᠮ ᠠᠴᠠ ᠣᠯᠠᠨ ᠨᠡᠶᠢᠲᠡ ᠶᠢᠨ ᠠᠵᠢᠯᠯᠠᠭᠠᠨ ᠳᠤ ᠣᠷᠣᠯᠴᠠᠨ᠂ ᠣᠯᠠᠨ ᠨᠡᠶᠢᠳᠡ ᠳᠤ ᠬᠥᠴᠥᠨ ᠨᠡᠮᠡᠷᠢᠯᠡᠬᠦ ᠶᠢᠨ ᠢᠷᠠᠭᠤ ᠠᠯᠳᠠᠷ ᠢ ᠣᠢᠢᠯᠠᠭᠠᠨ᠂ ︿ᠢᠯᠠᠪᠠᠯ ᠬᠠᠮᠳᠣ ᠪᠠᠷ ᠪᠠᠶᠠᠷᠯᠠᠵᠣ᠂ ᠢᠯᠠᠭᠳᠠᠪᠠᠯ ᠬᠠᠮᠳᠤ ᠪᠠᠷ ᠲᠣᠭᠤᠯᠬᠤ﹀ ᠵᠣᠷᠢᠭ ᠰᠠᠨᠠᠭ᠎ᠠ ᠨᠢ ᠪᠠᠭᠰᠢ ᠰᠣᠷᠣᠭᠴᠢᠳ ᠢ ᠨᠢᠭᠡᠨᠳᠡ ᠬᠥᠨ ᠠᠴᠠ ᠬᠥᠨ ᠨᠥᠯᠥᠭᠡᠯᠡᠭᠰᠡᠨ ᠮᠥᠷᠳᠡᠭᠡᠨ ᠣᠷᠣᠯᠳᠣᠭᠠᠨ ᠤ ᠶᠠᠪᠣᠴᠠ ᠳᠤ ᠢᠯᠡᠷᠡᠭᠰᠡᠨ ᠬᠡᠥᠭᠡᠳ ᠤᠨ ᠬᠥᠴᠥᠯᠡᠨ ᠴᠢᠷᠮᠠᠶᠢᠬᠤ ᠵᠣᠷᠢᠭ ᠰᠠᠨᠠᠭ᠎ᠠ ᠪᠠ ᠬᠠᠮᠳᠣᠷᠠᠨ ᠬᠠᠮᠵᠢᠯᠴᠠᠬᠤ ᠣᠬᠠᠭᠠᠨ ᠪᠣᠳᠣᠯ ᠨᠢ ᠶᠠᠭ ᠲᠡᠳᠡᠨᠣᠰ ᠢ ᠮᠠᠰᠢ ᠰᠠᠶᠢᠨ ᠰᠤᠷᠭᠠᠨ ᠬᠥᠮᠥᠵᠢᠬᠦᠯᠵᠥ ᠪᠣᠯᠬᠤ ᠶᠣᠮ︾ ᠭᠡᠪᠡ᠃      ᠬᠠᠳᠠ ᠵᠠᠮ ᠤᠨ ᠪᠠᠭ᠎ᠠ ᠰᠣᠷᠭᠠᠭᠤᠯᠢ ᠶᠢᠨ ᠪᠠᠶᠢᠳᠠᠯ ᠨᠢ ᠵᠥᠪᠬᠡᠨ ᠥᠪᠥᠷ ᠮᠣᠩᠭᠤᠯ ᠣᠷᠣᠨ ᠤ ᠮᠢᠩᠭ᠎ᠠ ᠢᠯᠡᠬᠦᠥ ᠰᠠᠭᠤᠷᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠬᠳᠣ ᠰᠣᠷᠭᠠᠭᠤᠯᠢ ᠶᠢᠨ ᠪᠠᠶᠢᠳᠠᠯ ᠤᠨ ᠲᠦᠪᠯᠡᠷᠡᠩᠭᠦᠢ ᠳᠣᠰᠬᠠᠯ ᠲᠡᠳᠥᠢ᠃ 3 ᠵᠢᠯ ᠤᠨ ᠲᠣᠷᠰᠢ᠂ ᠥᠪᠥᠷ ᠮᠣᠩᠭᠤᠯ ᠨᠢ ︽3+2︾᠂  ︽5+2︾ ᠶᠢᠨ ᠴᠢᠳᠠᠪᠣᠷᠢᠳᠠᠨ ᠢ ᠬᠥᠮᠥᠵᠢᠬᠦᠯᠬᠦ ᠬᠡᠯᠪᠡᠷᠢ ᠶᠢ ᠰᠦᠪᠡᠭᠴᠢᠯᠡᠨ ᠰᠢᠨᠵᠢᠯᠡᠵᠦ᠂ ᠪᠠᠰᠠ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠡᠭᠡᠳᠦ ᠰᠣᠷᠭᠠᠭᠤᠯᠢ ᠶᠢ ᠪᠠᠶᠢᠭᠤᠯᠣᠨ᠂ ᠬᠠᠶᠢᠨᠠᠨ ᠮᠣᠵᠢ ᠶᠢᠨ ᠪᠣᠣ ᠲᠢᠩ ᠰᠢᠶᠠᠨ ᠳᠤ ᠦᠪᠡᠷᠳᠡᠭᠡᠨ ᠵᠠᠰᠠᠬᠤ ᠣᠷᠣᠨ ᠤ ᠵᠠᠯᠠᠭᠤᠴᠣᠳ ᠪᠠᠭᠠᠴᠣᠳ ᠤᠨ ᠬᠥᠯ ᠪᠥᠮᠪᠦᠭᠡ ᠶᠢᠨ ᠡᠮᠦᠨᠡᠲᠦ ᠣᠷᠣᠨ ᠤ ᠪᠣᠯᠪᠠᠰᠣᠷᠠᠯ ᠤᠨ ᠰᠠᠭᠤᠷᠢᠨ ᠭᠠᠵᠠᠷ ᠢ ᠪᠠᠶᠢᠭᠤᠯᠵᠣ᠂ ᠭᠧᠷᠮᠠᠨ᠂ ᠠᠩᠭ᠍ᠯᠢ ᠵᠡᠷᠭᠡ ᠬᠥᠯ ᠪᠥᠮᠪᠦᠭᠡ ᠬᠥᠭᠵᠢᠭᠰᠡᠨ ᠣᠯᠣᠰ ᠲᠠᠢ ᠬᠠᠮᠵᠢᠯᠴᠠᠭᠠᠨ ᠤ ᠲᠣᠭᠳᠠᠯᠴᠠᠭ᠎ᠠ ᠪᠠᠶᠢᠭᠤᠯᠣᠭᠰᠠᠨ ᠶᠣᠮ᠃       ᠣᠳᠣᠬᠠᠨ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠨᠢ ᠨᠢᠭᠡᠨᠳᠡ 465 ᠨᠡᠷᠡᠰ ᠪᠡᠶ᠎ᠡ ᠶᠢᠨ ᠲᠠᠮᠢᠷ᠂ ᠠᠩᠭ᠍ᠯᠢ ᠬᠡᠯᠡ ᠪᠠ ᠰᠣᠷᠭᠠᠭᠤᠯᠢ ᠠᠴᠠ ᠡᠮᠥᠨᠡᠬᠢ ᠰᠣᠷᠭᠠᠨ ᠬᠥᠮᠥᠵᠢᠯ ᠤᠨ ᠲᠣᠰᠬᠠᠢ ᠮᠡᠷᠭᠡᠵᠢᠯ ᠤᠨ ᠰᠣᠷᠭᠠᠭᠤᠯᠢ ᠳᠤ ᠰᠠᠭᠤᠭ᠎ᠠ ᠣᠶᠣᠳᠠᠳ ᠢ ᠬᠥᠯ ᠪᠥᠮᠪᠦᠭᠡ ᠶᠢᠨ ᠴᠢᠭᠯᠡᠯ ᠢᠶᠠᠷ ᠲᠠᠭᠠᠭᠤᠯᠣᠨ ᠵᠢᠯᠣᠭᠤᠳᠬᠤ ᠪᠣᠯᠪᠠᠰᠣᠷᠠᠯ ᠢ ᠬᠥᠢᠴᠡᠳᠭᠡᠨ ᠪᠡᠶᠡᠯᠡᠬᠦᠯᠵᠥ᠂ ᠥᠪᠥᠷ ᠮᠣᠩᠭᠤᠯ ᠤᠨ ᠥᠨᠳᠥᠰᠥᠳᠡᠨ ᠤ ᠶᠡᠭᠡ ᠰᠣᠷᠭᠠᠭᠤᠯᠢ ᠪᠠ ᠪᠣᠭᠤᠳᠣ ᠶᠢᠨ ᠪᠠᠭᠰᠢ ᠶᠢᠨ ᠲᠡᠭᠡᠳᠦ ᠰᠣᠷᠭᠠᠭᠤᠯᠢ ᠶᠢᠨ ᠲᠠᠰᠬᠠᠯᠵᠢᠭᠤᠯᠣᠭᠴᠢ ᠶᠢᠨ ᠴᠢᠭᠯᠡᠯ ᠪᠠ ᠬᠢᠨᠠᠭᠴᠢ ᠶᠢᠨ ᠴᠢᠭᠯᠡᠯ ᠢᠶᠠᠷ ᠲᠠᠭᠠᠭᠤᠯᠣᠨ ᠵᠢᠯᠣᠭᠤᠳᠬᠤ ᠪᠣᠯᠪᠠᠰᠣᠷᠠᠯ ᠴᠦ ᠣᠳᠠᠯ ᠥᠭᠡᠢ ᠡᠬᠢᠯᠡᠬᠦ ᠪᠠᠷ ᠪᠠᠶᠢᠨ᠎ᠠ᠃ ᠳᠡᠭᠡᠷ᠎ᠡ ᠳᠣᠷᠠᠳᠤᠭᠰᠠᠨ ᠮᠡᠷᠭᠡᠵᠢᠯ ᠤᠨ ᠣᠶᠣᠳᠠᠳ ᠣᠨᠴᠠᠯᠢᠭᠳᠣ ᠰᠣᠷᠭᠠᠭᠤᠯᠢ ᠪᠠ ᠬᠡᠥᠭᠡᠳ ᠤᠨ ᠴᠡᠴᠡᠷᠯᠢᠭ ᠲᠤ ᠣᠷᠢᠳᠠᠪᠡᠷ ᠠᠵᠢᠯᠯᠠᠬᠤ ᠪᠠᠭᠰᠢᠯᠠᠬᠤ ᠠᠵᠠ ᠲᠣᠬᠢᠶᠠᠯ ᠣᠯᠤᠭᠰᠠᠨ ᠪᠠᠶᠢᠨ᠎ᠠ᠃ ᠥᠨᠥ ᠵᠢᠯ ᠤᠨ ᠲᠡᠭᠡᠳᠦ ᠬᠠᠭᠠᠰ ᠵᠢᠯ ᠳᠤ᠂ ᠣᠯᠣᠰ ᠤᠨ ᠬᠡᠪᠴᠢᠶᠡᠨ ᠲᠣᠳᠣᠷ᠎ᠠ ᠥᠪᠥᠷ ᠮᠣᠩᠭᠤᠯ ᠨᠢ ᠬᠠᠮᠤᠭ ᠤᠨ ᠣᠷᠢᠳᠠᠪᠡᠷ U ᠰᠢᠷᠢᠰ ᠣᠷᠣᠯᠳᠣᠭᠠᠨ ᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠳᠤ ᠣᠷᠣᠭᠤᠯᠵᠣ᠂ U13᠂ U15᠂ U17᠂ U19 ᠭᠡᠬᠦ ᠲᠥᠷᠪᠡᠨ ᠨᠠᠰᠣ ᠵᠢᠯ ᠳᠤ ᠬᠠᠮᠢᠶᠠᠷᠤᠭᠳᠠᠬᠤ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠯᠭᠠᠷᠠᠭᠰᠠᠨ ᠠᠩᠭᠢ ᠨᠤᠭᠤᠳ ᠢ ᠪᠣᠢ ᠪᠣᠯᠭᠠᠪᠠ᠃      ᠣᠳᠣᠬᠠᠨ᠎ᠠ᠂ ᠬᠥᠯ ᠪᠥᠮᠪᠦᠭᠡ ᠶᠢᠨ ᠰᠫᠣᠷᠲ ᠨᠢ ᠥᠪᠥᠷ ᠮᠣᠩᠭᠤᠯ ᠤᠨ ᠲᠣᠮᠳᠠᠳᠣ ᠪᠠᠭ᠎ᠠ ᠰᠣᠷᠭᠠᠭᠤᠯᠢ ᠶᠢᠨ ᠬᠠᠮᠤᠭ ᠤᠨ ᠴᠢᠬᠤᠯᠠ ᠠᠵᠢᠯᠯᠠᠭᠠᠨ ᠪᠣᠯᠵᠣ᠂ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠢᠯᠡᠰ ᠨᠢ ᠲᠠᠯ᠎ᠠ ᠨᠣᠳᠤᠭ ᠲᠤ ︽ᠪᠥᠬᠦ ᠲᠠᠯ᠎ᠠ ᠪᠠᠷ ᠴᠡᠴᠡᠭᠯᠡᠨ ᠲᠡᠯᠭᠡᠷᠡᠵᠥ︾ ᠪᠠᠶᠢᠭ᠎ᠠ ᠶᠣᠮ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map