ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠢ ᠭᠠᠵᠠᠷ ᠪᠣᠯᠭᠠᠨ ᠳᠤ ᠪᠠᠳᠠᠷᠠᠨ ᠬᠦᠭᠵᠢᠭᠦᠯᠬᠦ
ᠨᠡᠶᠢᠲᠡᠯᠡᠭᠰᠡᠨ ᠴᠠᠭ᠄
2019/1/9
        — ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠥᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠭᠰᠠᠨ ᠪᠣᠳᠠᠲᠤ ᠲᠡᠮᠳᠡᠭᠯᠡᠯ            ᠬᠤᠶᠠᠷ ᠬᠡᠤᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠨᠡᠶᠢᠳᠡᠮ ᠬᠡᠷᠡᠭᠵᠢᠭᠦᠯᠦᠭᠰᠡᠨ ᠤ ᠳᠠᠷᠠᠭ᠎ᠠ ︽ᠴᠡᠴᠡᠷᠯᠢᠭ ᠲᠤ ᠣᠷᠣᠬᠤ ᠬᠦᠴᠢᠷᠳᠡᠯ︾ ᠨᠡᠩ ᠢᠯᠡᠷᠬᠡᠶ ᠪᠣᠯᠣᠭᠰᠠᠨ ᠳᠤ ᠴᠢᠭᠯᠡᠭᠦᠯᠦᠨ᠂ ᠲᠦᠷᠦ ᠶᠢᠨ ᠶᠠᠪᠤᠳᠠᠯ ᠤᠨ ᠬᠤᠷᠢᠶ᠎ᠠ ᠵᠠᠯᠭᠠᠭ᠎ᠠ ᠪᠠᠷ 3 ᠬᠤᠭᠤᠴᠠᠭᠠᠨ ᠤ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠵᠤ᠂ ᠶᠡᠷᠦᠩᠬᠡᠶ ᠬᠡᠮᠵᠢᠶ᠎ᠡ ᠶᠢ ᠦᠷᠭᠡᠳᠭᠡᠨ᠂ ᠪᠦᠲᠦᠴᠡ ᠳᠤ ᠲᠤᠬᠢᠷᠠᠭᠤᠯᠤᠯᠲᠠ ᠬᠢᠵᠦ᠂ ᠲᠣᠭᠲᠠᠯᠴᠠᠭ᠎ᠠ ᠶᠢ ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠪᠡ᠃ ᠲᠥᠪ ᠤᠨ ᠡᠳ᠋ ᠤᠨ ᠵᠠᠰᠠᠭ ᠠᠴᠠ ᠲᠤᠰᠬᠠᠶ ᠵᠦᠢᠯ ᠤᠨ ᠪᠡᠯᠡ ᠮᠥᠩᠭᠦ 1000 ᠭᠠᠷᠤᠶ ᠳ᠋ᠦᠩᠰᠢᠭᠤᠷ ᠲᠥᠭᠦᠷᠢᠭ ᠣᠷᠣᠭᠤᠯᠵᠤ᠂ ᠳᠤᠮᠳᠠᠳᠤ ᠬᠡᠰᠡᠭ ᠪᠠ ᠪᠠᠷᠠᠭᠤᠨ ᠬᠡᠰᠡᠭ ᠤᠨ ᠬᠥᠳᠡᠭᠡ ᠲᠣᠰᠬᠤᠨ ᠤ ᠭᠠᠵᠠᠷ ᠣᠷᠣᠨ ᠳᠤ ᠬᠡᠤᠬᠡᠳ ᠤᠨ ᠴᠡᠴᠡᠷᠯᠢᠭ ᠥᠷᠭᠡᠳᠬᠡᠨ ᠪᠠᠶᠢᠭᠤᠯᠬᠤ ᠶᠢ  ᠲᠤᠰᠠᠯᠠᠨ᠂ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠲᠡᠳᠭᠦᠨ  ᠳᠠᠮᠵᠢᠵᠤ᠂ ᠮᠠᠨ ᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠠᠪᠠᠯᠳᠠᠳᠤ ᠬᠥᠭᠵᠢᠯᠲᠡ ᠶᠢ ᠪᠡᠶᠡᠯᠡᠭᠦᠯᠪᠡ᠃ ︽ᠰᠤᠷᠤᠯᠴᠠᠬᠤ ᠠᠴᠠ ᠰᠤᠷᠭᠠᠭᠤᠯᠢ ᠪᠠᠶᠢᠬᠤ︾ ᠠᠴᠠ ︽ᠰᠠᠶᠢᠨ ᠰᠤᠷᠭᠠᠭᠤᠯᠢ ᠳᠤ ᠰᠤᠷᠤᠯᠴᠠᠬᠤ︾ ᠪᠣᠯᠵᠤ᠂ ︽ᠰᠤᠷᠭᠠᠭᠤᠯᠢ ᠳᠤ ᠰᠠᠭᠤᠬᠤ ᠳᠤ ᠪᠡᠷᠬᠡ︾ ᠠᠴᠠ ︽ᠭᠡᠷ ᠤᠨ ᠡᠭᠦᠳᠡᠨ ᠳᠠᠬᠢ ᠪᠠᠲᠤᠯᠠᠭ᠎ᠠ ᠲᠠᠢ ᠴᠡᠴᠡᠷᠯᠢᠭ ᠲᠤ ᠰᠠᠭᠤᠬᠤ︾  ᠪᠣᠯᠵᠤ᠂ ᠰᠤᠷᠬᠤ  ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢᠭᠡ ᠨᠢᠭᠡ ᠠᠯᠬᠤᠮ ᠢᠶᠠᠷ ᠣᠷᠣᠭᠰᠢᠯᠠᠵᠤ᠂ ᠠᠷᠠᠳ ᠢᠷᠭᠡᠳ ᠤᠨ ᠬᠦᠰᠡᠯ ᠡᠷᠡᠮᠡᠯᠵᠡᠯ ᠠᠯᠬᠤᠮ ᠠᠯᠬᠤᠮ ᠢᠶᠠᠷ ᠪᠣᠳᠠᠲᠤ ᠠᠬᠤᠶ ᠪᠣᠯᠤᠨ ᠬᠤᠪᠢᠷᠠᠵᠤ ᠪᠠᠶᠢᠨ᠎ᠠ᠃      ᠳᠤᠮᠳᠠᠳᠤ ᠤᠯᠤᠰ ᠤᠨ ᠬᠡᠦᠬᠡᠳ ᠤᠨ ᠰᠤᠷᠭᠠᠨ ᠬᠥᠮᠦᠵᠢᠯ ᠤᠨ ᠣᠨ ᠤ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠰᠦᠨ ᠭᠠᠩ ᠰᠤᠷᠪᠤᠯᠵᠢᠯᠠᠭᠴᠢ ᠳᠤ ᠬᠡᠯᠡᠭᠰᠡᠨ ᠨᠢ᠂ 2012 ᠣᠨ ᠳᠤ ᠮᠠᠨ ᠤ ᠤᠯᠤᠰ ᠤᠨ ᠬᠡᠦᠬᠡᠳ ᠤᠨ ᠴᠡᠴᠡᠷᠯᠢᠭ ᠟ ᠤᠨ ᠶᠡᠷᠦᠩᠬᠡᠶ ᠲᠤᠭ᠎ᠠ 18.13 ᠲᠦᠮᠡᠨ ᠰᠠᠭᠤᠷᠢ᠂ ᠴᠡᠴᠡᠷᠯᠢᠭ ᠲᠤ ᠪᠠᠶᠢᠭ᠎ᠠ ᠬᠡᠤᠬᠡᠳ ᠤᠨ ᠶᠡᠷᠦᠩᠬᠡᠶ ᠲᠤᠭ᠎ᠠ 3686 ᠲᠦᠮᠡᠨ ᠬᠥᠮᠦᠨ᠂ ᠴᠡᠴᠡᠷᠯᠢᠭ ᠲᠤ ᠣᠷᠣᠬᠤ ᠪᠣᠷᠣ ᠨᠤᠷᠮ᠎ᠠ ᠨᠢ 64.6% ᠪᠠᠶᠢᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠵᠠᠷᠤᠴᠠᠭᠤᠯᠤᠭᠰᠠᠨ ᠶᠡᠷᠦᠩᠬᠡᠶ ᠵᠠᠷᠤᠳᠠᠯ 1503 ᠳ᠋ᠦᠩᠰᠢᠭᠤᠷ ᠲᠥᠭᠦᠷᠢᠭ ᠪᠣᠯᠤᠨ᠎ᠠ᠃ 2017 ᠣᠨ ᠪᠣᠯᠬᠤ ᠳᠤ᠂ ᠬᠡᠦᠬᠡᠳ ᠤᠨ ᠴᠡᠴᠡᠷᠯᠢᠭ ᠤᠨ ᠶᠡᠷᠦᠩᠬᠡᠶ ᠲᠤᠭ᠎ᠠ 25.20  ᠲᠦᠮᠡᠨ ᠰᠠᠭᠤᠷᠢ ᠪᠣᠯᠲᠠᠯ᠎ᠠ ᠳᠡᠭᠡᠭᠰᠢᠯᠡᠪᠡ᠃ ᠴᠡᠴᠡᠷᠯᠢᠭ ᠲᠤ ᠪᠠᠶᠢᠭ᠎ᠠ ᠬᠡᠤᠬᠡᠳ ᠤᠨ ᠶᠡᠷᠦᠩᠬᠡᠶ ᠲᠤᠭ᠎ᠠ 4600 ᠲᠦᠮᠡᠨ ᠬᠥᠮᠦᠨ ᠬᠦᠷᠴᠦ᠂ ᠴᠡᠴᠡᠷᠯᠢᠭ ᠲᠤ ᠣᠷᠣᠬᠤ ᠪᠣᠷᠣ ᠨᠣᠷᠮ᠎ᠠ 79.6% ᠪᠣᠯᠵᠣ᠂ ᠪᠥᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠵᠠᠷᠤᠴᠠᠭᠤᠯᠤᠭᠰᠠᠨ ᠶᠡᠷᠦᠩᠬᠡᠶ ᠵᠠᠷᠤᠳᠠᠯ 3255 ᠳ᠋ᠦᠩᠰᠢᠭᠤᠷ ᠲᠥᠭᠦᠷᠢᠭ ᠲᠤ ᠬᠦᠷᠪᠡ᠃      ᠳᠠᠰᠤᠷᠠᠯᠳᠠ ᠦᠬᠡᠢ ᠨᠡᠮᠡᠭᠳᠡᠵᠦ ᠪᠠᠶᠢᠭ᠎ᠠ ᠲᠤᠭ᠎ᠠ ᠪᠠᠷᠢᠮᠲᠠ ᠶᠢᠨ ᠠᠷᠤ ᠳᠤ ᠨᠢ ᠭᠡᠷ ᠪᠦᠯᠢ ᠶᠢᠨ ᠲᠠᠶᠢᠪᠤᠭᠤ ᠰᠡᠳᠭᠢᠯ᠂ ᠬᠡᠦᠬᠡᠳ ᠤᠨ ᠢᠨᠢᠶᠡᠮᠰᠦᠩᠭᠦᠶ ᠴᠢᠷᠠᠢ ᠲᠣᠨᠤᠷᠠᠬᠤ ᠶᠤᠮ᠃ ᠶᠡᠭᠡ ᠬᠡᠮᠵᠢᠶᠡᠨ ᠤ ᠰᠢᠨ᠎ᠡ ᠪᠠᠷ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠪᠣᠯ ᠰᠠᠭᠤᠷᠢ ᠲᠤᠯᠭᠠᠭᠤᠷᠢ ᠮᠦᠨ᠂ ᠡᠭᠦᠨ ᠤ ᠳᠣᠲᠣᠷᠠᠬᠢ ᠵᠣᠩᠬᠢᠯᠠᠬᠤ ᠤᠯᠠᠨ ᠲᠤᠭ᠎ᠠ ᠨᠢ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠪᠣᠯᠣᠨ᠎ᠠ᠂ ᠡᠳ᠋ ᠤᠨ ᠵᠠᠰᠠᠭ ᠠᠴᠠ ᠮᠦᠩᠭᠦ ᠪᠠᠭᠤᠯᠭᠠᠨ᠂ ᠵᠠᠰᠠᠭ ᠤᠨ ᠣᠷᠳᠣᠨ ᠨᠥᠬᠦᠪᠥᠷᠢ ᠦᠭᠴᠦ᠂ ᠴᠡᠴᠡᠷᠯᠢᠭ ᠡᠷᠬᠢᠯᠡᠬᠦ ᠥᠪᠡᠷ ᠤᠨ ᠦᠷᠳᠡᠭ ᠢ ᠪᠠᠭᠤᠷᠠᠭᠤᠯᠤᠨ᠂ ᠠᠰᠠᠷᠠᠨ ᠬᠥᠮᠦᠵᠢᠭᠦᠯᠬᠦ ᠵᠠᠷᠤᠳᠠᠯ ᠢ ᠪᠠᠭᠤᠷᠠᠭᠤᠯᠤᠭᠰᠠᠨ ᠠᠴᠠ ᠠᠷᠠᠳ ᠢᠷᠭᠡᠳ ᠲᠤ ᠦᠨᠡᠨ ᠬᠦ ᠠᠰᠢᠭ ᠲᠤᠰᠠ ᠬᠦᠷᠲᠡᠭᠡᠪᠡ᠃      2017 ᠣᠨ ᠤ 4 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠪᠠᠭᠤᠯᠭᠠᠵᠤ ᠲᠠᠷᠬᠠᠭᠠᠭᠰᠠᠨ ︽ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ︾ ᠳᠤ ᠳᠤᠷᠠᠳᠤᠭᠰᠠᠨ ᠨᠢ᠄ 2020 ᠣᠨ ᠪᠣᠯᠬᠤ ᠳᠤ ᠥᠷᠭᠡᠨ ᠬᠡᠪᠴᠢᠶ᠎ᠡ ᠪᠠᠷ ᠬᠠᠮᠤᠷᠬᠤ᠂ ᠦᠨᠳᠦᠰᠦᠨ ᠵᠦᠢᠯ ᠢ ᠪᠠᠲᠤᠯᠠᠬᠤ᠂ ᠴᠢᠨᠠᠷ ᠰᠠᠶᠢᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ  ᠳᠡᠭᠡᠨ ᠪᠠᠶᠢᠭᠤᠯᠤᠨ᠎ᠠ᠃ ᠪᠥᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠣᠷᠣ ᠨᠣᠷᠮ᠎ᠠ ᠶᠢ 85% ᠳᠤ ᠬᠦᠷᠭᠡᠵᠤ᠂ ᠲᠦᠭᠡᠮᠡᠯ ᠬᠠᠷᠠᠭᠠᠯᠵᠠᠯᠲᠤ ᠴᠡᠴᠡᠷᠯᠢᠭ ᠤᠨ ᠬᠠᠮᠤᠷᠬᠤ ᠨᠣᠷᠮ᠎ᠠ ᠶᠢ 80% ᠣᠷᠴᠢᠮ ᠳᠤ ᠬᠦᠷᠭᠡᠨ᠎ᠡ ᠭᠡᠵᠡᠢ᠃      ᠡᠯ᠎ᠡ ᠮᠤᠵᠢ᠂ ᠬᠤᠲᠠ ︵ᠥᠪᠡᠷᠲᠡᠭᠡᠨ ᠵᠠᠰᠠᠬᠤ ᠣᠷᠣᠨ︶ ᠦᠳᠲᠡᠷ ᠲᠦᠷᠭᠡᠨ ᠬᠦᠳᠡᠯᠦᠯᠴᠡᠪᠡ᠃ ᠡᠨᠡ ᠵᠢᠯ ᠤᠨ ᠡᠬᠢᠨ ᠳᠤ᠂ ᠪᠡᠭᠡᠵᠢᠩ ᠬᠤᠲᠠ ︽ᠡᠯ᠎ᠡ ᠵᠡᠭᠡᠯᠢ ᠭᠤᠳᠤᠮᠵᠢ ᠶᠢᠨ ᠬᠢᠨ ᠴᠥᠮ ᠨᠢᠭᠡᠨ ᠰᠠᠭᠤᠷᠢ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ︾ ᠭᠡᠵᠦ ᠳᠣᠷᠠᠳᠤᠪᠠ᠂ ᠴᠦᠩᠴᠢᠩ ᠬᠤᠲᠠ ᠡᠨᠡ ᠵᠢᠯ ᠤᠨ ᠡᠴᠦᠰ ᠪᠣᠯᠲᠠᠯ᠎ᠠ᠂ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ 50 ᠰᠠᠭᠤᠷᠢ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ 332 ᠰᠠᠭᠤᠷᠢ ᠪᠠᠶᠢᠭᠤᠯᠤᠨ᠎ᠠ ᠭᠡᠵᠤ  ᠱᠠᠭᠠᠷᠳᠠᠪᠠ᠂ ᠵᠧᠵᠢᠶᠠᠩ ᠮᠤᠵᠢ 2020 ᠣᠨ ᠪᠣᠯᠬᠤ ᠳᠤ ᠲᠦᠭᠡᠮᠡᠯ ᠬᠠᠷᠠᠭᠠᠯᠵᠠᠯᠲᠤ ᠴᠡᠴᠡᠷᠯᠢᠭ ᠤᠨ ᠬᠠᠷᠢᠴᠠᠯ ᠢ 83% ᠪᠣᠯᠭᠠᠨ᠎ᠠ ᠭᠡᠵᠤ ᠲᠣᠳᠣᠷᠬᠠᠶᠢᠯᠠᠪᠠ᠃       ᠡᠭᠦᠨ ᠳᠤ ᠬᠡᠦᠬᠡᠳ ᠤᠨ ᠴᠡᠴᠡᠷᠯᠢᠭ ᠤᠨ ᠡᠷᠳᠡᠮ ᠤᠨ ᠴᠣᠯᠠ ᠪᠠᠶᠢᠬᠤ ᠪᠠᠷ ᠪᠠᠷᠠᠬᠤ ᠦᠭᠡᠢ ᠪᠠᠰᠠ ᠲᠤᠰᠬᠠᠶ ᠲᠤᠰᠢᠶᠠᠯ ᠲᠠᠢ ᠪᠠᠭᠰᠢ ᠨᠡᠮᠡᠭᠳᠡᠭᠰᠡᠨ ᠪᠠᠶᠢᠨ᠎ᠠ᠃ ᠡᠯ᠎ᠡ ᠭᠠᠵᠠᠷ ᠨᠢ ᠢᠯᠡ ᠪᠠᠷ ᠰᠢᠯᠭᠠᠨ ᠡᠯᠰᠡᠬᠦ᠂ ᠰᠦᠢᠳᠭᠡᠯ ᠬᠤᠷᠢᠶᠠᠬᠤ ᠦᠭᠡᠢ ᠪᠠᠭᠰᠢ ᠶᠢᠨ ᠮᠡᠷᠭᠡᠵᠢᠯ ᠤᠨ ᠣᠶᠣᠲᠠᠳ᠂ ᠣᠷᠣᠨ ᠲᠤᠭ᠎ᠠ ᠶᠢ ᠬᠢᠨᠠᠨ ᠲᠣᠭᠲᠠᠭᠠᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠡᠤᠬᠡᠳ ᠤᠨ ᠴᠡᠴᠡᠷᠯᠢᠭ ᠤᠨ ᠪᠠᠭᠰᠢ ᠶᠢ ᠭᠦᠢᠴᠡᠳ ᠨᠥᠬᠦᠪᠥᠷᠢᠯᠡᠬᠦ ᠪᠠ ᠲᠣᠬᠢᠷᠠᠭᠤᠯᠤᠭᠰᠠᠨ ᠪᠠᠶᠢᠨ᠎ᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠪᠠᠭᠰᠢ ᠶᠢᠨ ᠲᠤᠭ᠎ᠠ 2012 ᠣᠨ ᠳᠤ147.9 ᠲᠦᠮᠡᠨ ᠬᠥᠮᠦᠨ ᠪᠠᠶᠢᠭᠰᠠᠨ ᠠᠴᠠ 2017 ᠣᠨ ᠪᠣᠯᠬᠤ ᠳᠤ 243.2 ᠲᠦᠮᠡᠨ ᠬᠥᠮᠦᠨ ᠪᠣᠯᠵᠤ᠂ 64% ᠪᠠᠷ ᠨᠡᠮᠡᠭᠳᠡᠪᠡ᠃      ᠬᠤᠸᠠᠨᠠᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠤᠨ ᠵᠠᠬᠢᠷᠤᠯ ᠡᠦ ᠳ᠋ᠦᠩ ᠮᠧᠢ ᠬᠡᠯᠡᠭᠰᠡᠨ ᠨᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠲᠠᠨ ᠪᠣᠯᠣᠭᠰᠠᠨ ᠤ ᠬᠤᠪᠢ ᠳᠤ᠂ ᠡᠨᠡ ᠬᠡᠳᠦᠨ ᠵᠢᠯ ᠳᠤ ᠲᠡᠭᠦᠨ ᠤ ᠬᠠᠮᠤᠭ ᠤᠨ ᠶᠡᠭᠡ ᠰᠡᠷᠡᠭᠳᠡᠯ ᠭᠡᠪᠡᠯ᠂ ᠨᠢᠭᠡ ᠬᠡᠦᠬᠡᠳ ᠤᠨ ᠴᠡᠴᠡᠷᠯᠢᠭ ᠤᠨ ᠰᠠᠶᠢᠨ ᠮᠠᠭᠤ ᠶᠢ ᠦᠨᠡᠯᠡᠬᠦ ᠳᠤ᠂ ᠪᠣᠳᠠᠰ ᠤᠨ ᠣᠷᠴᠢᠨ ᠠᠬᠤᠶ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠬᠤᠪᠢᠷᠠᠭᠠᠳ ᠪᠠᠭᠰᠢ ᠶᠢᠨ ᠡᠩᠨᠡᠭᠡ᠂ ᠴᠡᠴᠡᠷᠯᠢᠭ ᠤᠨ ᠰᠣᠶᠣᠯ ᠪᠣᠯᠪᠠᠰᠤᠨ᠂ ᠬᠡᠦᠬᠡᠳ ᠤᠨ ᠴᠡᠴᠡᠷᠯᠢᠭ ᠡᠷᠬᠢᠯᠡᠬᠦ ᠣᠶᠢᠯᠠᠭᠠᠭᠳᠠᠬᠤᠨ ᠵᠡᠷᠭᠡ ᠬᠥᠮᠦᠨ ᠢ ᠬᠥᠮᠦᠵᠢᠭᠦᠯᠬᠦ ᠣᠷᠴᠢᠨ ᠲᠣᠭᠤᠷᠢᠨ ᠤ ᠲᠤᠬᠠᠶ ᠠᠩᠬᠠᠷᠤᠯ ᠲᠠᠯᠪᠢᠬᠤ ᠪᠣᠯᠤᠭᠰᠠᠨ ᠪᠠᠶᠢᠨ᠎ᠠ ᠭᠡᠵᠡᠢ᠃      ᠰᠦᠨ ᠭᠠᠩ ᠪᠠᠰᠠ ᠠᠳᠠᠯᠢ ᠲᠦᠷᠦᠭᠳᠡᠯ ᠲᠠᠢ᠄ ︽ᠥᠩᠭᠡᠷᠡᠭᠰᠡᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠦᠷᠢᠶᠡᠨ ᠳᠤ ᠨᠡᠯᠢᠶᠡᠳ ᠬᠦᠯᠢᠴᠡᠩᠭᠦᠶ ᠪᠤᠰᠤ ᠪᠠᠶᠢᠳᠠᠯ ᠲᠠᠢ ᠪᠠᠶᠢᠵᠠᠢ᠃ ᠵᠠᠷᠢᠮ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠴᠢᠮᠡᠭᠯᠡᠯ ᠣᠨᠴᠠ ᠬᠡᠭᠡᠨᠴᠢᠷ ᠭᠤᠶᠣ ᠪᠠᠶᠢᠵᠤ᠂ ᠭᠠᠳᠠᠭᠠᠲᠤ ᠶᠢᠨ ᠵᠠᠷᠢᠮ ᠰᠤᠷᠭᠠᠨ ᠬᠥᠮᠦᠵᠢᠯ ᠤᠨ ᠤᠬᠠᠭᠳᠠᠬᠤᠨ ᠢ ᠭᠤᠶᠤᠯᠠᠵᠤ ᠴᠢᠮᠡᠭᠡᠳ ᠲᠡᠭᠦᠨ ᠢᠶᠠᠨ ᠭᠡᠷ ᠤᠨ ᠠᠬᠠᠮᠠᠳ ᠢᠶᠠᠷ ᠮᠡᠳᠡᠷᠡᠨ ᠵᠦᠪᠰᠢᠶᠡᠷᠡᠭᠦᠯᠦᠨ᠂ ᠡᠭᠦᠨ ᠤ ᠤᠯᠠᠮ ᠠᠴᠠ ᠦᠯᠡᠮᠵᠢ ᠠᠷᠪᠢᠨ ᠰᠤᠷᠤᠯᠭ᠎ᠠ ᠶᠢᠨ ᠰᠦᠢᠳᠬᠡᠯ ᠬᠤᠷᠢᠶᠠᠵᠤ ᠪᠠᠶᠢᠪᠠ︾᠃      ᠡᠦ ᠳ᠋ᠦᠩ ᠮᠧᠢ᠄ ︽ᠬᠡᠳᠦᠨ ᠵᠢᠯ ᠤᠨ ᠡᠮᠦᠨ᠎ᠡ᠂ ᠵᠠᠰᠠᠯ ᠴᠢᠮᠡᠭᠯᠡᠯ ᠲᠠᠩᠰᠤᠭ ᠬᠡᠭᠡᠨᠴᠢᠷ᠂ ᠪᠡᠯᠡᠳᠬᠡᠮᠵᠢ ᠲᠥᠬᠦᠭᠡᠷᠦᠮᠵᠢ ᠣᠬᠢ ᠰᠠᠶᠢᠨ ᠪᠠᠶᠢᠬᠤ ᠬᠡᠦᠬᠡᠳ ᠤᠨ ᠴᠡᠴᠡᠷᠯᠢᠭ ᠨᠢ ᠨᠢᠭᠡ ᠵᠦᠢᠯ ᠤᠨ ᠴᠠᠭ ᠤᠨ ᠣᠷᠤᠰᠬᠠᠯ ᠪᠠᠶᠢᠪᠠ᠃ ᠣᠶᠢᠷ᠎ᠠ ᠶᠢᠨ ᠵᠢᠯ ᠠᠴᠠ ᠨᠠᠭᠠᠰᠢ᠂ ᠤᠯᠤᠰ ᠠᠴᠠ ᠦᠷᠭᠦᠯᠵᠢ ︿ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠶᠢᠨ ᠤᠬᠠᠭᠤᠯᠭ᠎ᠠ ᠶᠢᠨ ᠰᠠᠷ᠎ᠠ ﹀ ᠶᠢᠨ ᠠᠵᠢᠯᠯᠠᠭ᠎ᠠ ᠶᠢ ᠦᠷᠨᠢᠭᠦᠯᠦᠭᠰᠡᠨ ᠠᠴᠠ ᠨᠡᠶᠢᠭᠡᠮ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠬᠠᠢ ᠲᠠᠨᠢᠨ ᠮᠡᠳᠡᠬᠦᠶ ᠶᠢᠨ ᠬᠢᠷᠢ ᠲᠦᠪᠰᠢᠨ ᠨᠢ ᠲᠠᠰᠤᠷᠠᠯᠳᠠ ᠦᠭᠡᠢ ᠳᠡᠭᠡᠭᠰᠢᠯᠡᠵᠦ᠂ ᠬᠠᠷᠢᠨ ᠡᠬᠢᠯᠡᠭᠡᠳ ᠲᠡᠳᠡᠨᠦᠰ ᠤᠨ ᠨᠠᠰᠤᠨ ᠲᠤᠷᠰᠢ ᠦᠰᠦᠨ ᠪᠤᠶᠢᠵᠢᠬᠤ ᠳᠤ ᠠᠰᠢᠭᠲᠠᠶ ᠬᠡᠦᠬᠡᠳ ᠤᠨ ᠰᠤᠷᠭᠠᠨ ᠬᠥᠮᠦᠵᠢᠯ ᠤᠨ  ᠶᠠᠰᠤ ᠴᠢᠨᠠᠷ ᠢ ᠡᠬᠢᠯᠡᠭᠡᠳ ᠲᠠᠬᠢᠨ ᠬᠢᠨᠠᠨ ᠦᠵᠡᠬᠦ ᠪᠠᠷ ᠪᠣᠯᠪᠠ᠃ ᠤᠳᠤ ᠬᠡᠦᠬᠡᠳ ᠤᠨ ᠴᠡᠴᠡᠷᠯᠢᠭ ᠡᠷᠬᠢᠯᠡᠬᠦ ᠳᠠᠷᠤᠯᠲᠠ ᠨᠢ ᠨᠢᠭᠡᠨᠲᠡ ᠠᠵᠤ ᠠᠬᠤᠶ ᠶᠢᠨ ᠲᠠᠯ᠎ᠠ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠲᠡᠶᠢᠰᠢ ᠬᠤᠪᠢᠷᠠᠪᠠ᠂ ᠪᠢᠳᠠ ᠲᠦᠭᠡᠮᠡᠯ ᠬᠠᠷᠠᠭᠠᠯᠵᠠᠯᠲᠤ ᠴᠡᠴᠡᠷᠯᠢᠭ ᠢ ᠦᠨᠡᠨ ᠬᠦ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠭᠠᠨ᠎ᠠ︾ ᠭᠡᠵᠦ ᠬᠡᠯᠡᠵᠦ ᠪᠠᠶᠢᠨ᠎ᠠ᠃      ᠦᠵᠡᠯᠲᠡ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠠᠴᠠ ᠭᠠᠳᠠᠨ᠎ᠠ᠂ ᠤᠯᠤᠰ ᠠᠴᠠ ᠬᠡᠦᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠬᠠᠪᠰᠤᠷᠤᠨ ᠲᠡᠳᠬᠦᠬᠦ ᠪᠠᠰᠠ ᠨᠢᠭᠡᠨ ᠪᠦᠷᠢᠨ ᠲᠦᠬᠦᠷ ᠠᠷᠭ᠎ᠠ ᠬᠡᠮᠵᠢᠶ᠎ᠡ ᠪᠠᠶᠢᠬᠤ ᠶᠤᠮ᠃      ᠴᠦᠩᠴᠢᠩ ᠬᠤᠲᠠ ᠶᠢᠨ ᠳ᠋ᠠ ᠳ᠋ᠦ᠋ ᠺᠧᠦ ᠲᠣᠭᠤᠷᠢᠭ ᠲᠤ ᠪᠠᠶᠢᠭ᠎ᠠ ᠳ᠋ᠥᠸᠧ ᠯᠠᠢ ᠮᠢ ᠬᠡᠦᠬᠡᠳ ᠤᠨ ᠴᠡᠴᠡᠷᠯᠢᠭ ᠪᠣᠯ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠᠶᠢᠵᠤ᠂ ᠰᠢᠨ᠎ᠡ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠡᠩᠨᠡᠭᠡ ᠳᠤ ᠣᠷᠣᠪᠠ᠃ ᠵᠠᠰᠠᠭ ᠤᠨ ᠣᠷᠳᠣᠨ ᠤ ᠵᠢᠯ ᠪᠦᠷᠢ ᠲᠠᠰᠤᠷᠠᠯᠲᠠ ᠦᠭᠡᠢ ᠨᠡᠮᠡᠭᠳᠡᠭᠦᠯᠵᠦ ᠪᠠᠶᠢᠭ᠎ᠠ ᠰᠤᠷᠤᠭᠴᠢᠳ ᠲᠤ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠂ ᠲᠤᠰᠬᠠᠶ ᠵᠦᠢᠯ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠣᠰ ᠬᠡᠦᠬᠡᠳ ᠤᠨ ᠴᠡᠴᠡᠷᠯᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠣᠨᠤᠭ ᠲᠥᠬᠦᠭᠡᠷᠦᠮᠵᠢ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠡᠳᠭᠡᠬᠦ ᠳᠤ ᠬᠡᠷᠡᠭᠯᠡᠵᠡᠢ᠃ ᠴᠡᠴᠡᠷᠯᠢᠭ ᠤᠨ ᠵᠠᠬᠢᠷᠤᠯ ᠶᠠᠩ ᠹᠧᠢ ᠶᠠᠨ ᠬᠡᠯᠡᠭᠰᠡᠨ ᠨᠢ᠂ ᠳ᠋ᠥᠸᠧ ᠯᠠᠢ ᠮᠢ ᠬᠡᠦᠬᠡᠳ ᠤᠨ ᠴᠡᠴᠡᠷᠯᠢᠭ ᠨᠢ 80 ᠭᠠᠷᠤᠶ ᠰᠤᠷᠤᠭᠴᠢᠳ ᠤᠨ ᠪᠠᠶᠢᠭᠰᠠᠨ ᠠᠴᠠ ᠪᠠᠨ ᠤᠳᠦ ᠪᠣᠯᠲᠠᠯᠠᠬᠢ ᠭᠤᠷᠪᠠᠨ ᠰᠠᠭᠤᠷᠢ ᠬᠡᠦᠬᠡᠳ ᠤᠨ ᠴᠡᠴᠡᠷᠯᠢᠭ ︵ᠬᠤᠶᠠᠷ ᠲᠦᠭᠡᠮᠡᠯ ᠬᠠᠷᠠᠭᠠᠯᠵᠠᠯᠲᠤ ᠴᠡᠴᠡᠷᠯᠢᠭ ᠪᠣᠯᠤᠨ ᠨᠢᠭᠡ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ︶ ᠨᠡᠶᠢᠲᠡ 600 ᠬᠡᠦᠬᠡᠳ ᠲᠠᠢ ᠪᠣᠯᠵᠤ ᠬᠦᠭᠵᠢᠵᠡᠢ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠠᠬᠢᠭᠤᠯᠬᠤ ᠶᠠᠪᠤᠴᠠ ᠳᠤᠮᠳᠠ᠂ ᠳ᠋ᠠ ᠳ᠋ᠦ᠋ ᠺᠧᠦ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠨᠢ ᠠᠯᠪᠠᠨ ᠠᠴᠠ ᠡᠷᠭᠢᠯᠡᠭᠰᠡᠨ ᠵᠢᠱᠢᠶ᠎ᠡ ᠦᠵᠡᠭᠦᠯᠬᠦ ᠴᠡᠴᠡᠷᠯᠢᠭ ᠳ᠋ᠠ ᠳ᠋ᠦ᠋ ᠺᠧᠦ ᠬᠡᠦᠬᠡᠳ ᠤᠨ ᠴᠡᠴᠡᠷᠯᠢᠭ ᠲᠤ ᠲᠦᠰᠢᠭᠯᠡᠨ ᠳ᠋ᠠ ᠳ᠋ᠦ᠋ ᠺᠧᠦ ᠲᠣᠭᠤᠷᠢᠭ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠵᠢᠭᠠᠨ ᠵᠢᠯᠣᠭᠤᠳᠬᠤ ᠲᠥᠪ ᠢ ᠪᠠᠶᠢᠭᠤᠯᠵᠤ᠂ ᠰᠢᠨ᠎ᠡ ᠪᠠᠭᠰᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠭᠤᠣᠯᠯᠠᠭᠴᠢ ᠪᠠᠭᠰᠢ ᠨᠠᠷ ᠢ ᠳᠡᠭᠡᠭᠰᠢᠯᠡᠭᠦᠯᠬᠦ ᠪᠣᠯᠪᠠᠰᠤᠷᠠᠭᠤᠯᠤᠯ᠂ ᠠᠰᠠᠷᠠᠭᠴᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠤᠳᠠᠯ ᠦᠭᠡᠢ ᠠᠵᠢᠯ ᠤᠨ ᠪᠠᠶᠢᠷᠢ ᠳᠤ ᠭᠠᠷᠬᠤ ᠪᠠᠭᠰᠢ᠂ ᠠᠰᠠᠷᠠᠭᠴᠢ ᠶᠢ ᠬᠠᠪᠰᠤᠷᠴᠤ ᠠᠵᠢᠯ ᠤᠨ ᠪᠠᠶᠢᠷᠢ ᠶᠢᠨ ᠡᠭᠦᠷᠭᠡ ᠲᠤᠰᠢᠶᠠᠯ ᠪᠠ ᠠᠵᠢᠯ ᠤᠨ ᠳᠦᠷᠢᠮᠵᠢᠯ ᠢ ᠨᠢ ᠲᠣᠳᠣᠷᠬᠠᠶᠢᠯᠠᠵᠤ ᠥᠭᠭᠦᠭᠰᠡᠨ ᠪᠠᠶᠢᠨ᠎ᠠ᠃      ᠡᠦ ᠳ᠋ᠦᠩ ᠮᠧᠢ ᠬᠡᠯᠡᠭᠰᠡᠨ ᠨᠢ᠄ ︽ᠥᠩᠭᠡᠷᠡᠭᠰᠡᠨ ᠳᠤ ᠬᠡᠦᠬᠡᠳ ᠤᠨ ᠴᠡᠴᠡᠷᠯᠢᠭ ᠤᠨ ᠪᠠᠭᠰᠢ ᠭᠡᠪᠡᠯ ᠵᠥᠪᠬᠡᠨ  ᠳᠠᠭᠤᠯᠠᠵᠤ ᠪᠦᠵᠢᠭᠯᠡᠭᠡᠳ᠂ ᠬᠡᠦᠬᠡᠳ ᠲᠤ ᠬᠠᠨᠢ ᠪᠣᠯᠵᠤ ᠨᠠᠭᠠᠳᠬᠤ ᠭᠡᠵᠦ ᠪᠣᠳᠣᠳᠠᠭ᠂ ᠬᠠᠷᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠨᠢ ᠴᠦ ᠲᠤᠰᠬᠠᠶ ᠮᠡᠷᠭᠡᠵᠢᠯ ᠤᠨ ᠪᠠᠭᠰᠢ ᠭᠡᠳᠡᠭ ᠢ ᠣᠮᠳᠤᠭᠠᠶᠢᠯᠠᠳᠠᠭ︾᠃ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠪᠠᠷ ᠵᠢᠱᠢᠶᠡᠯᠡᠪᠡᠯ᠂ ᠥᠩᠭᠡᠷᠡᠭᠰᠡᠨ ᠳᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠢ ᠰᠠᠭᠤᠷᠢ ᠰᠤᠷᠭᠠᠨ ᠬᠥᠮᠦᠵᠢᠯ ᠤᠨ ᠲᠦᠷᠦᠯ ᠳᠤ ᠬᠠᠷᠢᠶᠠᠯᠠᠭᠳᠠᠵᠤ᠂ ᠳᠡᠭᠡᠳᠦ ᠮᠡᠷᠭᠡᠵᠢᠯ ᠤᠨ ᠴᠣᠯᠠ ᠨᠢ ᠵᠦᠪᠬᠡᠨ ᠬᠡᠦᠬᠡᠳ ᠤᠨ ᠴᠡᠴᠡᠷᠯᠢᠭ ᠤᠨ ᠳᠡᠭᠡᠳᠦ ᠵᠡᠷᠭᠡ ᠶᠢᠨ ᠪᠠᠭᠰᠢ ᠳᠤ ᠬᠦᠷᠴᠦ᠂ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ ᠨᠢ ᠳᠤᠮᠳᠠᠳᠤ ᠰᠤᠷᠭᠠᠭᠤᠯᠢ ᠪᠤᠶᠤ ᠪᠠᠭ᠎ᠠ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠰᠢᠷᠢᠰ ᠲᠤ ᠲᠦᠰᠢᠭᠯᠡᠳᠡᠭ ᠪᠠᠶᠢᠪᠠ᠃ ︽ᠥᠨᠥ᠂ ᠪᠢᠳᠡ ᠬᠡᠦᠬᠡᠳ ᠤᠨ ᠰᠤᠷᠭᠠᠨ ᠬᠥᠮᠦᠵᠢᠯ ᠤᠨ ᠥᠪᠡᠷ ᠤᠨ ᠮᠡᠷᠭᠡᠵᠢᠯ ᠤᠨ ᠴᠣᠯᠠ ᠶᠢᠨ ᠰᠢᠷᠢᠰ ᠲᠠᠢ ᠪᠣᠯᠪᠠ᠂ ᠬᠡᠦᠬᠡᠳ ᠤᠨ ᠴᠡᠴᠡᠷᠯᠢᠭ ᠤᠨ ᠭᠤᠷᠪᠠᠳᠤᠭᠠᠷ ᠳᠡᠰ ᠤᠨ ᠪᠠᠭᠰᠢ ᠠᠴᠠ ᠡᠬᠢᠯᠡᠵᠦ᠂ ᠬᠡᠦᠬᠡᠳ ᠤᠨ ᠴᠡᠴᠡᠷᠯᠢᠭ ᠤᠨ ᠵᠢᠩᠬᠢᠨᠢ ᠳᠡᠭᠡᠲᠤ ᠳᠡᠰ ᠬᠦᠷᠲᠡᠯ᠎ᠡ᠂ ᠮᠡᠷᠭᠡᠵᠢᠯ ᠤᠨ ᠴᠣᠯᠠ ᠶᠢᠨ ᠰᠢᠷᠢᠰ ᠢ ᠪᠦᠷᠢᠨ ᠪᠦᠲᠦᠨ ᠪᠦᠷᠢᠯᠳᠦᠭᠦᠯᠪᠡ︾ ᠭᠡᠵᠡᠢ᠃      ᠨᠦᠬᠦᠭᠡ ᠨᠢᠭᠡ ᠬᠤᠪᠢᠷᠠᠯᠲᠠ ᠨᠢ ᠬᠢᠴᠢᠶᠡᠯᠯᠡᠭᠡ ᠶᠢᠨ ᠥᠭᠡᠷᠡᠴᠢᠯᠡᠯᠲᠡ ᠠᠴᠠ ᠢᠷᠡᠯᠲᠡᠢ᠃ ︽2010 ᠣᠨ ᠠᠴᠠ ᠡᠮᠦᠨ᠎ᠡ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠢᠭᠡᠳᠦᠯᠲᠡᠶ ᠬᠢᠴᠢᠶᠡᠯ ᠤᠨ ᠪᠠᠷᠢᠮᠵᠢᠶ᠎ᠠ ᠪᠠ ᠦᠨᠡᠯᠡᠬᠦ ᠲᠣᠭᠲᠠᠯᠴᠠᠭ᠎ᠠ ᠭᠡᠵᠦ ᠦᠭᠡᠢ᠂ ᠨᠢᠭᠡᠨ ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠴᠢᠭᠯᠡᠯ ᠨᠢ ᠴᠡᠴᠡᠷᠯᠢᠭ ᠤᠨ ᠳᠠᠷᠤᠭ᠎ᠠ ᠶᠢᠨ ᠬᠤᠪᠢ ᠬᠥᠮᠦᠨ ᠤ ᠰᠤᠷᠭᠠᠨ ᠬᠥᠮᠦᠵᠢᠯ ᠤᠨ ᠦᠵᠡᠯᠲᠡ ᠠᠴᠠ ᠲᠣᠭᠲᠠᠭᠠᠭᠳᠠᠨ᠎ᠠ᠃ ᠲᠡᠶᠢᠮᠦ ᠮᠦᠷᠲᠡᠭᠡᠨ ᠬᠡᠦᠬᠡᠳ ᠤᠨ ᠴᠡᠴᠡᠷᠯᠢᠭ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠨᠢ ᠳᠣᠤᠷ᠎ᠠ᠂ ᠵᠠᠷᠢᠮ ᠬᠡᠦᠬᠡᠳ ᠤᠨ ᠴᠡᠴᠡᠷᠯᠢᠭ ᠨᠢ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠥᠯᠥ ᠬᠠᠶᠢᠬᠤᠷᠤᠨ᠂ ᠰᠢᠭᠤᠳ ᠤᠩᠰᠢᠵᠤ ᠪᠢᠴᠢᠬᠦ ᠪᠤᠳᠤᠬᠤ ᠵᠡᠷᠭᠡ ᠪᠠᠭ᠎ᠠ ᠰᠤᠷᠭᠠᠭᠤᠯᠢ ᠶᠢᠨ ᠬᠡᠯᠪᠡᠷᠢ ᠶᠢᠨ ᠬᠢᠴᠢᠶᠡᠯ ᠢ ᠵᠢᠭᠠᠳᠠᠭ︾᠃ ᠡᠳᠦᠭᠡ᠂ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠡᠯ᠎ᠡ ᠮᠤᠵᠢ ᠬᠤᠲᠠ ᠬᠡᠦᠬᠡᠳ ᠤᠨ ᠣᠨᠴᠠᠯᠢᠭ ᠢ ᠦᠨᠳᠦᠰᠦᠯᠡᠵᠦ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠪᠠᠷᠢᠮᠵᠢᠶ᠎ᠠ ᠶᠢ ᠲᠣᠭᠲᠠᠭᠠᠭᠰᠠᠨ ᠪᠠᠶᠢᠨ᠎ᠠ᠃ ︽ᠤᠯᠤᠰ ᠪᠠ ᠮᠤᠵᠢ ᠶᠢᠨ ᠪᠠᠷᠢᠮᠵᠢᠶ᠎ᠠ ᠠᠴᠠ ᠭᠠᠳᠠᠨ᠎ᠠ᠂ ᠪᠢᠳᠡ ᠪᠠᠰᠠ ᠨᠤᠲᠤᠭ ᠤᠨ ᠬᠠᠶᠢᠷ᠎ᠠ ᠰᠡᠳᠭᠢᠯᠭᠡ᠂ ᠴᠡᠴᠡᠷᠯᠢᠭ ᠤᠨ ᠬᠠᠶᠢᠷ᠎ᠠ ᠰᠡᠳᠭᠢᠯᠭᠡ ᠳᠤ ᠰᠠᠭᠤᠷᠢᠯᠠᠵᠤ᠂ ᠥᠪᠡᠷᠮᠢᠴᠡ ᠣᠨᠴᠠᠯᠢᠭ ᠪᠦᠬᠦᠢ ᠴᠡᠴᠡᠷᠯᠢᠭ ᠤᠨ ᠬᠢᠴᠢᠶᠡᠯ ᠢ ᠨᠡᠭᠡᠭᠡᠵᠦ᠂ ᠳᠤᠮᠳᠠᠳᠤ ᠤᠯᠤᠰ ᠤᠨ ᠨᠤᠲᠤᠭ ᠤᠰᠤᠨ ᠤ ᠬᠢᠴᠢᠶᠡᠯᠯᠡᠭᠡ ᠶᠢᠨ ᠪᠠᠶᠢᠭᠤᠯᠤᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ︾ ᠭᠡᠵᠦ ᠡᠦ ᠳ᠋ᠦᠩ ᠮᠧᠢ ᠬᠡᠯᠡᠵᠡᠢ᠃      ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠣᠣ ᠰᠢᠶᠥᠥ ᠳ᠋ᠠᠨ︶    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map