︽ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ︾᠄ ᠵᠢᠭᠠᠨ ᠰᠤᠷᠭᠠᠯᠲᠠ ᠰᠢᠨᠵᠢᠯᠡᠭᠡ ᠰᠤᠳᠤᠯᠭᠠᠨ ᠤ ᠰᠢᠨ᠎ᠡ ᠶᠢ ᠡᠭᠦᠳᠴᠦ ︽ᠲᠠᠷᠢᠶᠠᠯᠠᠩ᠂ ᠬᠥᠳᠡᠭᠡ ᠲᠣᠰᠬᠤᠨ ᠬᠢᠭᠡᠳ ᠲᠠᠷᠢᠶᠠᠴᠢᠳ ᠯᠤᠭ᠎ᠠ ᠶᠢᠨ ᠰᠡᠳᠭᠢᠯᠭᠡ︾ ᠳᠤ ᠰᠢᠮ᠎ᠡ ᠲᠡᠵᠢᠭᠡᠯ ᠬᠦᠷᠲᠡᠭᠡᠬᠦ
ᠨᠡᠶᠢᠲᠡᠯᠡᠭᠰᠡᠨ ᠴᠠᠭ᠄
2019/1/9
     ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 7 ᠤ ᠡᠳᠦᠷ ᠤᠨ ᠮᠡᠳᠡᠭᠡ ︵ᠸᠧᠶ ᠮᠧᠩ ᠵᠢᠶᠠ᠂ ᠽᠧᠩ ᠴᠧᠨ︶᠄ 5 ᠰᠠᠷ᠎ᠠ ᠶᠢᠨ ᠲᠤᠷᠰᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠬᠢ ᠪᠠᠶᠠᠯᠢᠭ ᠪᠣᠯᠤᠨ ᠣᠷᠴᠢᠨ ᠠᠬᠤᠶ ᠶᠢᠨ ᠳᠡᠭᠡᠳᠦ ᠰᠤᠷᠭᠠᠭᠤᠯᠢ ᠶᠢᠨ ᠰᠤᠳᠤᠯᠬᠤ ᠰᠤᠷᠤᠭᠴᠢ ᠾᠧ ᠵᠢᠩ ᡁᠢ᠂ ᠾᠧᠪᠧᠢ ᠮᠤᠵᠢ ᠶᠢᠨ ᠴᠢᠦᠶ ᠵᠧᠦ ᠰᠢᠶᠠᠨ ᠤ ᠬᠤᠸᠠᠢ ᠴᠢᠶᠣᠣ ᠰᠢᠶᠠᠩ ᠤᠨ ᠰᠢᠶᠠᠩ ᠭᠥᠩ ᠵᠤᠸᠠᠩ ᠲᠣᠰᠬᠤᠨ ᠳᠤ ᠬᠤᠨᠤᠭᠯᠠᠨ ᠰᠠᠭᠤᠵᠤ᠂ ᠡᠳᠦᠷ ᠪᠦᠷᠢ ᠭᠤᠷᠪᠠᠨ ᠬᠦᠷᠳᠦᠲᠦ ᠲᠡᠷᠭᠡ ᠤᠨᠤᠵᠤ ᠡᠷᠦᠬᠡ ᠪᠦᠷᠢ ᠪᠠᠷ ᠰᠣᠷᠪᠦᠯᠵᠢᠯᠡᠵᠤ᠂ ᠵᠢᠮᠢᠰᠴᠢᠨ ᠲᠠᠢ ᠬᠠᠮᠲᠤ ᠵᠢᠮᠢᠰ ᠤᠨ ᠮᠣᠳᠤᠨ ᠳᠤ ᠪᠤᠷᠳᠤᠭᠤᠷ ᠣᠷᠤᠭᠤᠯᠵᠤ ᠮᠥᠴᠢᠷ ᠬᠠᠶᠢᠴᠢᠯᠠᠨ᠂ ᠡᠮ ᠰᠠᠴᠤᠵᠤ ᠡᠪᠡᠳᠴᠢᠨ ᠢ ᠰᠡᠷᠭᠡᠶᠢᠯᠡᠵᠦ᠂ ᠬᠠᠮᠲᠤ ᠨᠥᠬᠦᠳ ᠲᠠᠢ ᠪᠠᠨ ᠬᠠᠮᠲᠤ ᠲᠠᠷᠢᠮᠠᠯ ᠤᠨ ᠮᠠᠷᠢᠶ᠎ᠠ ᠰᠢᠭᠤᠷᠠᠭᠤᠯᠬᠤ ᠦᠷ᠎ᠡ ᠠᠰᠢᠭ ᠢ ᠨᠡᠮᠡᠭᠳᠡᠭᠦᠯᠬᠦ ᠲᠤᠷᠰᠢᠯᠲᠠ ᠬᠢᠨ᠎ᠡ ᠁      ︽ᠪᠢ ᠲᠠᠷᠢᠶᠠᠨ ᠱᠠᠩ ᠤᠨ ᠳᠡᠷᠭᠡᠳᠡ ᠳᠤ ᠨᠣᠮ ᠪᠢᠴᠢᠭ ᠠᠴᠠ ᠰᠤᠷᠴᠤ ᠳᠡᠶᠢᠯᠬᠦ ᠦᠭᠡᠢ ᠶᠠᠭᠤᠮ᠎ᠠ ᠶᠢ ᠣᠯᠵᠤ ᠰᠤᠷᠪᠠ᠂ ᠣᠯᠣᠯᠲᠠ ᠮᠠᠰᠢ ᠶᠡᠭᠡ︾ ᠭᠡᠵᠦ ᠲᠡᠷᠡ ᠬᠡᠯᠡᠪᠡ  ᠃      ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠬᠢ ᠪᠠᠶᠠᠯᠢᠭ ᠪᠣᠯᠤᠨ ᠣᠷᠴᠢᠨ ᠠᠬᠤᠶ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠢᠶᠠᠩ ᠷᠦᠩ ᠹᠧᠩ ᠫᠡᠷᠦᠹᠧᠰᠰᠣᠷ ᠬᠡᠯᠡᠭᠰᠡᠨ ᠨᠢ᠂ ᠲᠠᠷᠢᠶᠠᠯᠠᠩ ᠠᠵᠤ ᠦᠢᠯᠡᠰ ᠤᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠰᠤᠳᠤᠯᠬᠤ ᠰᠤᠷᠤᠭᠴᠢ ᠶᠢ ᠬᠥᠮᠦᠵᠢᠭᠦᠯᠬᠦ ᠳᠤ ᠲᠠᠷᠢᠶᠠᠯᠠᠩ ᠠᠵᠤ ᠦᠢᠯᠡᠰ ᠲᠠᠢ ᠨᠢᠭᠲᠠ ᠬᠠᠷᠢᠴᠠᠭ᠎ᠠ ᠲᠠᠢ ᠪᠠᠶᠢᠬᠤ ᠶᠢ ᠣᠨᠴᠠᠭᠠᠢ ᠱᠠᠭᠠᠷᠳᠠᠬᠤ ᠬᠡᠷᠡᠭᠲᠡᠢ᠃ ᠥᠩᠭᠡᠷᠡᠭᠰᠡᠨ ᠳᠤ ᠰᠤᠷᠤᠭᠴᠢᠳ ᠢ ᠬᠦᠮᠦᠵᠢᠭᠦᠯᠬᠦ ᠳᠤ ᠣᠯᠠᠩᠬᠢ ᠨᠢ ᠲᠤᠷᠰᠢᠯᠲᠠ ᠶᠢᠨ ᠲᠡᠰᠤᠬ ᠲᠤ ᠶᠠᠪᠤᠭᠳᠠᠵᠤ᠂ ᠲᠠᠷᠢᠶᠠᠯᠠᠩ ᠠᠵᠤ ᠦᠢᠯᠡᠰ ᠠᠴᠠ ᠠᠩᠬᠢᠵᠢᠷᠠᠵᠤ᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠤ ᠬᠦᠮᠦᠵᠢᠯ ᠪᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠶᠢᠨ ᠣᠷᠣᠨ ᠪᠠᠶᠢᠷᠢ ᠨᠢ ᠭᠠᠵᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠨᠢ ᠪᠣᠳᠠᠲᠤ ᠬᠡᠷᠡᠭᠯᠡᠭᠡᠨ ᠤ ᠬᠡᠷᠡᠭᠴᠡᠭᠡ ᠠᠴᠠ ᠰᠠᠯᠤᠭᠰᠠᠨ ᠪᠠᠶᠢᠨ᠎ᠠ᠃      ᠡᠨᠡ ᠬᠦ ᠠᠰᠠᠭᠤᠳᠠᠯ ᠢ ᠰᠢᠢᠳᠪᠦᠷᠢᠯᠡᠵᠦ᠂ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ 2006 ᠣᠨ ᠠᠴᠠ ᠡᠬᠢᠯᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠬᠢ ᠪᠠᠶᠠᠯᠢᠭ ᠪᠣᠯᠤᠨ ᠣᠷᠴᠢᠨ ᠲᠣᠭᠤᠷᠢᠨ ᠤ ᠳᠡᠭᠡᠳᠦ ᠰᠤᠷᠭᠠᠭᠤᠯᠢ ᠶᠢᠨ ᠫᠡᠷᠦᠹᠧᠰᠰᠣᠷ ᠵᠠᠩ ᠹᠦ᠋ ᠰᠥᠸᠧ ᠰᠤᠳᠤᠯᠭᠠᠨ ᠤ ᠪᠦᠯᠬᠦᠮ ᠳᠠᠭᠠᠭᠤᠯᠤᠨ᠂ ᠲᠠᠷᠢᠶᠠᠯᠠᠩ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠰᠡᠨ ᠪᠠᠶᠢᠨ᠎ᠠ᠃ 2009 ᠣᠨ ᠳᠤ᠂ ᠪᠠᠭᠰᠢ ᠰᠤᠷᠤᠭᠴᠢ ᠴᠢᠦᠶ ᠵᠧᠦ ᠰᠢᠶᠠᠨ ᠤ ᠪᠠᠶ ᠵᠠᠶ ᠰᠢᠶᠠᠩ ᠤᠨ ᠲᠠᠷᠢᠶᠠᠴᠢᠨ ᠤ ᠬᠦᠷᠢᠶᠡᠯᠡᠩ ᠳᠤ ᠰᠠᠭᠤᠷᠢᠰᠢᠵᠤ᠂ ᠡᠷᠳᠡᠮ ᠰᠢᠨᠵᠢᠯᠡᠭᠡᠨ ᠪᠠ ᠨᠡᠶᠢᠭᠡᠮ ᠤᠨ ᠦᠢᠯᠡᠴᠢᠯᠡᠭᠡᠨ ᠤ ᠠᠵᠢᠯ ᠢ ᠦᠷᠨᠢᠭᠦᠯᠵᠦ᠂ ᠲᠠᠷᠢᠶᠠᠴᠢᠳ ᠲᠠᠢ ᠨᠢᠭᠤᠷᠲᠠᠨ ᠵᠢᠯᠤᠭᠤᠳᠤᠯᠭ᠎ᠠ ᠬᠢᠪᠡ᠂ ᠡᠶᠢᠨᠬᠦ ︽ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ︾ ᠪᠣᠢ ᠪᠣᠯᠵᠠᠢ᠃      ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠤᠨ ᠰᠤᠳᠤᠯᠬᠤ ᠰᠤᠷᠤᠭᠴᠢ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠪᠠᠷ ᠰᠤᠷᠤᠯᠴᠠᠬᠤ ᠰᠤᠷᠤᠭᠴᠢᠳ ᠢᠶᠠᠷ ᠭᠤᠣᠯ ᠪᠣᠯᠭᠠᠵᠤ᠂ ᠰᠤᠳᠤᠯᠬᠤ ᠰᠤᠷᠤᠭᠴᠢ ᠪᠠᠷ ᠡᠯᠰᠡᠭᠳᠡᠭᠰᠡᠨ ᠤ ᠳᠠᠷᠠᠭ᠎ᠠ᠂ ᠵᠤᠨ ᠤ ᠠᠮᠠᠷᠠᠯᠲᠠ ᠶᠢᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ᠂ ᠴᠥᠮ ᠵᠢᠵᠢᠭ ᠬᠦᠷᠢᠶᠡᠯᠡᠩ ᠳᠤ ᠬᠦᠷᠴᠦ 1 ᠰᠠᠷ᠎ᠠ ᠶᠢᠨ ᠰᠢᠨ᠎ᠡ ᠰᠤᠷᠤᠭᠴᠢᠳ ᠤᠨ ᠪᠣᠯᠪᠠᠰᠤᠷᠠᠯ ᠬᠦᠷᠲᠡᠵᠦ᠂ ᠡᠷᠬᠡᠪᠰᠢ ᠲᠠᠷᠢᠶᠠᠴᠢᠨ ᠡᠷᠦᠬᠡ ᠶᠢᠨ ᠭᠡᠷ ᠲᠤ ᠰᠠᠭᠤᠵᠤ᠂ ᠲᠠᠷᠢᠶᠠᠯᠠᠩ ᠦᠢᠯᠡᠳᠪᠦᠷᠢᠯᠡᠯ ᠤᠨ ᠪᠠᠶᠢᠳᠠᠯ ᠢ ᠣᠶᠢᠯᠠᠭᠠᠵᠤ᠂ ᠳᠠᠷᠠᠭ᠎ᠠ ᠵᠢᠯ ᠳᠡᠭᠡᠨ ᠡᠷᠭᠢᠵᠦ ᠵᠢᠵᠢᠭ ᠬᠦᠷᠢᠶᠡᠯᠡᠩ ᠳᠤ ᠢᠷᠡᠵᠦ ᠰᠡᠳᠦᠪ ᠤᠨ ᠰᠤᠳᠤᠯᠭᠠᠨ ᠬᠢᠬᠦ ᠬᠡᠷᠡᠭᠲᠡᠶ᠃ ᠰᠤᠳᠤᠯᠬᠤ ᠰᠤᠷᠤᠭᠴᠢ ᠡᠩ ᠤᠨ ᠪᠠᠶᠢᠳᠠᠯ ᠳᠣᠣᠷ᠎ᠠ ᠲᠣᠰᠬᠤᠨ ᠤ ᠵᠢᠵᠢᠭ ᠬᠦᠷᠢᠶᠡᠯᠡᠩ ᠳᠤ ᠬᠤᠶᠠᠷ ᠵᠢᠯ ᠰᠠᠭᠤᠬᠤ ᠬᠡᠷᠡᠭᠲᠡᠢ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠲᠣᠰᠬᠤᠨ ᠳᠤ ᠰᠠᠭᠤᠷᠢᠰᠢᠬᠤ︾ ᠰᠤᠷᠤᠭᠴᠢᠳ ᠪᠠᠭᠰᠢ ᠶᠢᠨ ᠵᠢᠯᠣᠭᠤᠳᠣᠯᠭ᠎ᠠ ᠳᠣᠣᠷ᠎ᠠ᠂ ᠲᠤᠬᠠᠶ ᠶᠢᠨ ᠭᠠᠵᠠᠷ ᠤᠨ ᠲᠠᠷᠢᠶᠠᠯᠠᠩ ᠦᠢᠯᠡᠳᠪᠦᠷᠢᠯᠡᠯ ᠤᠨ ᠳᠤᠮᠳᠠᠬᠢ ᠠᠰᠠᠭᠤᠳᠠᠯ  ᠤᠨ ᠲᠤᠭᠤᠷᠢᠨ ᠳᠤ ᠰᠢᠨᠵᠢᠯᠡᠬᠦ ᠣᠬᠠᠭᠠᠨ ᠤ ᠰᠤᠳᠤᠯᠭᠠᠨ ᠢᠶᠠᠨ ᠲᠦᠯᠦᠪᠯᠡᠨ ᠦᠷᠨᠢᠭᠦᠯᠵᠦ᠂ ᠲᠠᠷᠢᠶᠠᠴᠢᠳ ᠤᠨ ᠦᠢᠯᠡᠳᠪᠦᠷᠢᠯᠡᠯ ᠳᠤᠮᠳᠠᠬᠢ  ᠪᠣᠳᠠᠲᠤ ᠠᠰᠠᠭᠤᠳᠠᠯ ᠤᠳ ᠢ ᠰᠢᠢᠳᠪᠦᠷᠢᠯᠡᠨ᠎ᠡ︔ ᠪᠠᠭᠰᠢ ᠰᠤᠷᠤᠭᠴᠢᠳ ᠪᠠᠰᠠ ︽ᠲᠠᠷᠢᠶᠠᠨ ᠭᠠᠵᠠᠷ ᠳᠠᠬᠢ ᠰᠤᠷᠭᠠᠭᠤᠯᠢ︾ ᠪᠠᠶᠢᠭᠤᠯᠵᠤ ᠲᠠᠷᠢᠶᠠᠴᠢᠳ ᠢ ᠲᠥᠪᠯᠡᠷᠡᠭᠦᠯᠦᠨ ᠪᠣᠯᠪᠠᠰᠤᠷᠠᠭᠤᠯᠬᠤ᠂ ᠲᠠᠷᠢᠶᠠᠴᠢᠳ ᠢ ᠵᠣᠬᠢᠶᠠᠨ ᠪᠠᠶᠢᠭᠤᠯᠤᠨ ︽ᠲᠠᠷᠢᠶᠠᠨ ᠭᠠᠵᠠᠷ ᠲᠤ ᠲᠣᠭᠤᠷᠢᠨ ᠦᠵᠡᠬᠦ︾ ᠵᠡᠷᠭᠡ ᠲᠠᠷᠢᠶᠠᠯᠠᠩ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃      ᠵᠢᠶᠠᠩ ᠷᠦᠩ ᠹᠧᠩ ᠲᠠᠨᠢᠯᠴᠠᠭᠤᠯᠤᠭᠰᠠᠨ ᠢᠶᠠᠷ᠂ ᠠᠳᠡ ᠢᠷᠡᠭᠰᠡᠨ ᠰᠤᠷᠤᠭᠴᠢᠳ ᠠᠰᠠᠭᠤᠳᠠᠯ ᠳᠤ ᠴᠢᠭᠯᠡᠭᠦᠯᠦᠨ᠂ ᠤᠨᠤᠯ ᠢ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠭᠦᠨᠵᠡᠭᠡᠢ ᠰᠤᠷᠤᠯᠴᠠᠨ᠂ ᠮᠡᠳᠡᠯᠭᠡ ᠶᠢᠨ ᠬᠤᠷᠠᠮᠳᠤᠭᠤᠯᠤᠯ ᠢᠶᠠᠨ ᠪᠠᠶᠠᠯᠢᠭᠵᠢᠭᠤᠯᠬᠤ ᠶᠢᠨ ᠬᠠᠮᠲᠤ ᠰᠤᠳᠤᠯᠭᠠᠨ ᠤ ᠦᠷ᠎ᠡ ᠪᠦᠲᠦᠭᠡᠯ ᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠡᠷᠡᠭᠯᠡᠵᠦ ᠴᠢᠳᠠᠳᠠᠭ ᠪᠣᠯᠤᠭᠰᠠᠨ ᠪᠠᠶᠢᠨ᠎ᠠ᠃      ᠲᠡᠭᠦᠨ ᠤ ᠦᠵᠡᠬᠦ ᠪᠠᠷ  ᠂ ᠡᠨᠡ ᠬᠦ ᠰᠤᠷᠦᠯᠴᠡᠯᠭ᠎ᠠ ᠪᠠᠷ ᠳᠠᠮᠵᠢᠨ᠂ ᠰᠤᠷᠤᠭᠴᠢᠳ ᠤᠨ ᠡᠷᠳᠡᠮ ᠰᠢᠨᠵᠢᠯᠡᠭᠡᠨ ᠤ ᠴᠢᠳᠠᠪᠤᠷᠢ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠵᠡᠷᠭᠡ ᠶᠡᠷᠦᠩᠬᠡᠶᠢᠯᠡᠭᠰᠡᠨ ᠴᠢᠳᠠᠪᠤᠷᠢ ᠪᠦᠷ ᠳᠡᠭᠡᠭᠰᠢᠯᠡᠵᠦ᠂ ︽ᠣᠨᠴᠠᠭᠠᠶᠢᠯᠠᠨ ᠲᠡᠳᠡᠨᠦᠰ ᠤᠨ ᠬᠥᠳᠡᠭᠡ ᠲᠣᠰᠬᠤᠨ᠂ ᠲᠠᠷᠢᠶᠠᠴᠢᠳ ᠤᠨ ᠪᠣᠳᠠᠲᠤ ᠪᠠᠶᠢᠳᠠᠯ᠂ ᠠᠮᠢᠳᠤᠷᠠᠯ ᠤᠨ ᠱᠠᠭᠠᠷᠳᠠᠯᠭ᠎ᠠ ᠶᠢ ᠦᠨᠡᠨ ᠬᠦ ᠣᠶᠢᠯᠠᠭᠠᠵᠤ᠂ ᠲᠠᠷᠢᠶᠠᠴᠢᠳ ᠤᠨ ᠬᠦᠴᠢᠷ ᠪᠡᠷᠬᠡᠰᠢᠶᠡᠯ ᠪᠣᠯᠤᠨ ᠬᠦᠰᠡᠯ ᠡᠷᠡᠮᠡᠯᠵᠡᠯ ᠢ ᠮᠡᠳᠡᠬᠦ ᠪᠠᠷ ᠪᠠᠷᠠᠬᠤ ᠦᠭᠡᠢ᠂ ᠡᠭᠦᠨ ᠤ ᠤᠯᠠᠮ ᠠᠴᠠ ᠨᠡᠩ ︿ᠲᠠᠷᠢᠶᠠᠯᠠᠩ᠂ ᠬᠥᠳᠡᠭᠡ ᠲᠣᠰᠬᠤᠨ ᠬᠢᠭᠡᠳ ᠲᠠᠷᠢᠶᠠᠴᠢᠳ ᠯᠤᠭ᠎ᠠ ᠶᠢᠨ ᠰᠡᠳᠭᠢᠯᠭᠡ﹀ ᠲᠠᠢ ᠪᠣᠯᠤᠨ᠎ᠠ᠃︾      ᠰᠢᠶᠠᠩ ᠭᠦᠩ ᠵᠤᠸᠠᠩ ᠤᠨ ᠠᠯᠮᠤᠷᠠᠳ ᠴᠢᠦᠶ ᠵᠧᠦ ᠳᠤ ᠶᠡᠭᠡ ᠨᠡᠷᠡᠲᠡᠶ ᠪᠠᠶᠢᠵᠤ᠂ ᠲᠠᠷᠢᠮᠠᠯ ᠤᠨ ᠲᠠᠯᠠᠪᠠᠶ ᠨᠢ ᠮᠠᠰᠢ ᠶᠡᠭᠡ ᠪᠠᠶᠢᠳᠠᠭ᠃ ᠾᠧ ᠵᠢᠩ ᡁᠢ ᠵᠢᠮᠢᠰᠴᠢᠨ ᠲᠠᠢ ᠬᠠᠮᠲᠤ ᠰᠤᠷᠤᠯᠴᠠᠵᠤ᠂ ᠲᠡᠳᠡᠨ ᠢ ᠬᠠᠪᠰᠤᠷᠤᠨ ︽ᠵᠢᠮᠢᠰ ᠠᠷᠠᠴᠢᠯᠠᠵᠤ︾ ︽ᠤᠭᠤᠲᠠ ᠪᠦᠷᠬᠦᠭᠦᠯᠵᠦ︾᠂ ᠵᠢᠮᠢᠰ ᠤᠨ ᠮᠣᠳᠤᠨ ᠳᠤ ᠡᠮ ᠰᠠᠴᠤᠵᠤ᠂ ᠵᠢᠮᠢᠰ ᠤᠨ ᠮᠣᠳᠣ ᠶᠢᠨ ︽ᠨᠠᠪᠴᠢ ᠵᠤᠯᠭᠠᠷᠠᠬᠤ ᠡᠪᠡᠳᠴᠢᠨ︾ ᠢ ᠰᠤᠳᠤᠯᠵᠤ᠂ ᠵᠢᠮᠢᠰ ᠤᠨ ᠤᠢ ᠶᠢᠨ ᠮᠡᠳᠡᠯᠭᠡ ᠶᠢ ᠪᠠᠭ᠎ᠠ ᠪᠠᠭ᠎ᠠ ᠪᠠᠷ ᠰᠦᠪᠡᠭᠴᠢᠯᠡᠵᠡᠢ᠃ ᠾᠧ ᠵᠢᠩ ᡁᠢ ᠪᠠ ᠬᠠᠮᠲᠤ ᠰᠤᠷᠤᠭᠴᠢᠳ ᠨᠢ  ᠵᠢᠮᠢᠰᠴᠢᠤᠨ ᠤᠨ ᠳᠤᠷᠠᠳᠤᠭᠰᠠᠨ ᠵᠢᠮᠢᠰ ᠤᠨ ᠮᠣᠳᠣ ᠲᠠᠷᠢᠬᠤ ᠪᠠ ᠰᠢᠮ᠎ᠡ ᠲᠡᠵᠢᠭᠡᠯ ᠵᠡᠷᠭᠡ ᠠᠰᠠᠭᠤᠳᠠᠯ ᠢ ᠰᠣᠷᠣᠭᠰᠠᠨ ᠮᠡᠳᠡᠯᠭᠡ ᠪᠠᠨ ᠠᠰᠢᠭᠯᠠᠵᠤ ᠲᠡᠳᠡᠨᠦᠰ ᠲᠤ ᠬᠠᠯᠠᠰᠢᠷᠠᠯ ᠦᠭᠡᠢ ᠲᠠᠶᠢᠯᠪᠤᠷᠢᠯᠠᠨ ᠦᠭᠬᠦ ᠶᠢᠨ ᠬᠠᠮᠲᠤ ᠦᠢᠯᠡᠳᠦᠯᠭᠡ ᠳᠤ ᠴᠤᠭ ᠣᠷᠣᠯᠴᠠᠳᠠᠭ᠃      ︽ᠣᠳᠣ ᠪᠢ ᠨᠢᠭᠡᠨᠲᠡ 90 ᠡᠷᠦᠬᠡ ᠶᠢᠨ ᠠᠷᠠᠳ ᠢ ᠰᠤᠷᠪᠤᠯᠵᠢᠯᠠᠭᠰᠠᠨ ᠪᠠᠶᠢᠨ᠎ᠠ᠂ ᠳᠡᠳᠡᠨ ᠲᠠᠢ ᠣᠯᠠᠨ ᠶᠠᠭᠤᠮ᠎ᠠ ᠶᠠᠷᠢᠯᠴᠠᠨ᠎ᠠ᠂ ᠳᠠᠷᠢᠬᠤ ᠬᠡᠪᠴᠢᠶ᠎ᠡ᠂ ᠪᠤᠷᠳᠤᠭᠤᠷ ᠣᠷᠣᠭᠤᠯᠬᠤ ᠪᠠ ᠭᠠᠷᠤᠯᠲᠠ ᠶᠢᠨ ᠬᠡᠮᠵᠢᠶ᠎ᠡ᠂ ᠡᠪᠡᠳᠴᠢᠨ ᠬᠤᠷᠣᠬᠠᠶ ᠶᠢᠨ ᠬᠥᠨᠥᠭᠡᠯ ᠪᠠᠶᠢᠳᠠᠯ ᠵᠡᠷᠭᠡ ᠶᠢ ᠪᠦᠷ ᠲᠡᠮᠳᠡᠭᠯᠡᠨ ᠠᠪᠳᠠᠭ᠂ ᠰᠤᠳᠤᠯᠬᠤ ᠳᠤ ᠮᠠᠰᠢ ᠶᠡᠭᠡ ᠬᠠᠪᠰᠤᠷᠤᠯᠭ᠎ᠠ ᠪᠣᠯᠤᠨ᠎ᠠ︾ ᠭᠡᠵᠦ ᠲᠡᠷᠡ ᠬᠡᠯᠡᠨ᠎ᠡ  ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠠᠭᠰᠢ ᠰᠤᠷᠤᠭᠴᠢᠳ ᠰᠤᠳᠤᠯᠭᠠᠨ ᠢᠶᠠᠨ ᠰᠠᠶᠢᠲᠤᠷ ᠬᠢᠬᠦ ᠶᠢᠨ ᠲᠦᠯᠦᠭᠡ  ᠵᠢᠮᠢᠰᠴᠢᠨ ᠠᠴᠠ 12 ᠰᠠᠭᠤᠷᠢ ᠠᠯᠮᠤᠷᠠᠳ ᠤᠨ ᠮᠣᠳᠣ ᠳᠦᠷᠢᠶᠡᠰᠦᠯᠡᠨ᠂ ︽ᠣᠷᠭᠠᠨᠢᠭ ᠪᠤᠷᠳᠤᠭᠤᠷ ᠢᠶᠠᠷ ᠬᠡᠰᠡᠭ ᠬᠢᠮᠢ ᠶᠢᠨ ᠪᠤᠷᠳᠤᠭᠤᠷ ᠢ ᠣᠷᠤᠯᠠᠭᠤᠯᠬᠤ︾ ᠲᠤᠷᠰᠢᠯᠲᠠ ᠬᠢᠪᠡ︔ ᠮᠦᠨ ᠬᠤᠷᠣᠬᠠᠢ ᠨᠠᠭᠠᠯᠳᠤᠭᠤᠯᠬᠤ ᠬᠠᠪᠲᠠᠰᠤ᠂ ᠬᠤᠷᠣᠬᠠᠶ ᠥᠳᠥᠭᠡᠭᠴᠢ ᠪᠦᠰᠡ ᠵᠡᠷᠭᠡ ᠢ ᠣᠷᠣᠭᠤᠯᠤᠨ ᠠᠪᠴᠢᠷᠠᠵᠤ᠂ ᠹᠢᠽᠢᠺ ᠤᠨ ᠣᠬᠠᠭᠠᠨ ᠢᠶᠠᠷ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ ᠲᠠᠷᠢᠶᠠᠨ ᠡᠮ ᠬᠡᠷᠡᠭᠯᠡᠬᠦ ᠶᠢ ᠪᠠᠭᠠᠰᠬᠠᠵᠤ᠂ ᠦᠷ᠎ᠡ ᠵᠢᠮᠢᠰ ᠤᠨ ᠶᠠᠰᠤ ᠴᠢᠨᠠᠷ ᠢ  ᠳᠡᠭᠡᠭᠰᠢᠯᠡᠭᠦᠯᠪᠡ᠃      ᠪᠡᠶ᠎ᠡ ᠪᠠᠷ ᠢᠶᠠᠨ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠾᠧ ᠵᠢᠩ ᡁᠢ ᠰᠤᠳᠤᠯᠬᠤ ᠰᠡᠳᠦᠪ  ᠢᠶᠠᠨ ᠲᠣᠳᠣᠷᠬᠠᠶ ᠪᠣᠯᠭᠠᠪᠠ᠃ ᠲᠡᠭᠦᠨ ᠤ ᠦᠵᠡᠬᠦ ᠪᠠᠷ᠂ ᠥᠩᠭᠡᠷᠡᠭᠰᠡᠨ ᠳᠤ ᠤᠨᠤᠯ ᠢ  ᠴᠢᠬᠤᠯᠠᠴᠢᠯᠠᠨ ᠰᠤᠷᠤᠯᠴᠠᠬᠤ ᠲᠠᠢ ᠬᠠᠷᠢᠴᠠᠭᠤᠯᠪᠠᠯ᠂  ᠡᠶᠢᠮᠦᠷᠬᠦᠦ ᠲᠣᠰᠬᠤᠨ ᠳᠤ ᠰᠠᠭᠤᠵᠤ ᠰᠤᠷᠤᠯᠴᠠᠬᠤ ᠬᠡᠪ ᠵᠠᠭᠪᠤᠷ ᠨᠢ ᠰᠤᠷᠤᠯᠴᠠᠬᠤ᠂ ᠰᠤᠳᠤᠯᠬᠤ ᠤᠷᠮ᠎ᠠ ᠪᠠᠬ᠎ᠠ ᠶᠢ ᠨᠡᠩ ᠶᠡᠭᠡ ᠪᠠᠷ ᠬᠦᠭᠵᠢᠭᠡᠳᠡᠭ ᠠᠵᠠᠢ᠃      ᠡᠳᠦᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠤᠰᠤᠳ ᠳᠡᠭᠡᠳᠦ ᠰᠤᠷᠭᠠᠭᠤᠯᠢ ᠲᠠᠢ ᠬᠠᠮᠲᠤᠷᠠᠨ ᠨᠢᠭᠡᠨᠲᠡ ᠾᠧᠪᠸᠢ᠂ ᠡᠾᠧᠨᠠᠨ᠂ ᠭᠤᠸᠠᠩᠰᠢ᠂ ᠶᠦᠨᠨᠠᠨ ᠵᠡᠷᠭᠡ ᠭᠠᠵᠠᠷ ᠲᠤ 121 ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠪᠠᠶᠢᠭᠤᠯᠵᠤ᠂ ᠠᠮᠤ ᠪᠤᠳᠠᠭ᠎ᠠ᠂ ᠭᠤᠸᠠ ᠵᠢᠮᠢᠰ᠂ ᠨᠣᠭᠤᠭ᠎ᠠ᠂ ᠴᠡᠢ᠂ ᠬᠥᠪᠥᠩ ᠵᠡᠷᠭᠡ ᠣᠯᠠᠨ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠪᠠᠶᠢᠨ᠎ᠠ᠃ ᠡᠨᠡ ᠵᠢᠯ ᠤᠨ 5 ᠳ᠋ᠤᠭᠠᠷ ᠰᠠᠷ᠎ᠠ ᠳᠤ᠂ ᠪᠡᠭᠡᠵᠢᠩ ᠤᠨ ᠠᠩᠬᠠᠳᠠᠭᠴᠢ ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠤᠨ ᠵᠦᠢᠯᠡᠰ ᠮᠢ ᠶᠦᠨ ᠲᠣᠭᠤᠷᠢᠭ ᠤᠨ ᠵᠡᠭᠦᠨ ᠱᠣᠣ ᠴᠢᠦᠶ ᠪᠠᠯᠭᠠᠰᠤ ᠶᠢᠨ ᠪᠠᠷᠠᠭᠤᠨ ᠱᠣᠣ ᠴᠢᠦᠶ ᠲᠤᠰᠬᠤᠨ ᠳᠤ ᠡᠬᠢᠯᠡᠵᠦ᠂ ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠨᠢ ᠠᠭᠠᠵᠢᠮ ᠢᠶᠠᠷ ᠮᠠᠨ ᠤ ᠤᠯᠤᠰ ᠤᠨ ᠲᠠᠷᠢᠶᠠᠯᠠᠩ ᠤᠨ ᠡᠷᠳᠡᠮ ᠰᠢᠨᠵᠢᠯᠡᠭᠡᠨ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠬᠡᠯᠪᠡᠷᠢ ᠶᠢᠨ ᠰᠤᠳᠤᠯᠬᠤ ᠰᠤᠷᠤᠭᠴᠢ ᠶᠢ ᠬᠥᠮᠦᠵᠢᠭᠦᠯᠬᠦ ᠰᠢᠨ᠎ᠡ ᠶᠢ ᠡᠭᠦᠳᠬᠦ ᠲᠠᠪᠴᠠᠩ ᠪᠣᠯᠪᠠ᠃       ᠣᠶᠢᠯᠠᠭᠠᠭᠰᠠᠨ ᠢᠶᠠᠷ᠂ 2009 ᠣᠨ ᠠᠴᠠ ᠨᠠᠰᠢ᠂ ᠰᠢᠨᠵᠢᠯᠡᠭᠡ ᠮᠡᠷᠭᠡᠵᠢᠯ ᠤᠨ ᠵᠢᠵᠢᠭ ᠬᠦᠷᠢᠶᠡᠯᠡᠩ ᠨᠢ ᠨᠢᠭᠡᠨᠲᠡ ᠦᠢᠯᠡᠳᠦᠯᠭᠡ ᠶᠢᠨ ᠴᠢᠳᠠᠪᠤᠷᠢ ᠪᠠᠷ ᠲᠤᠪᠤᠶᠢᠮ᠎ᠠ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠥᠨᠳᠥᠷ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠡᠷᠡᠭᠯᠡᠭᠡᠨ ᠤ ᠬᠡᠯᠪᠡᠷᠢ ᠶᠢᠨ ᠰᠤᠳᠤᠯᠬᠤ ᠰᠤᠷᠤᠭᠴᠢ ᠶᠢᠨ ᠴᠢᠳᠠᠪᠤᠷᠢᠲᠠᠨ ᠬᠡᠳᠦᠨ ᠵᠠᠭᠤᠨ ᠬᠥᠮᠦᠨ ᠢ ᠬᠦᠮᠦᠵᠢᠭᠦᠯᠵᠦ ᠦᠭᠭᠦᠭᠰᠡᠨ ᠪᠠᠶᠢᠨ᠎ᠠ᠃ ᠡᠭᠦᠨ ᠳᠤ᠂ ᠲᠠᠷᠢᠶᠠᠯᠠᠩ ᠠᠵᠤ ᠦᠢᠯᠡᠰ ᠤᠨ ᠬᠠᠮᠢᠶ᠎ᠠ ᠪᠥᠬᠦᠶ ᠠᠵᠢᠯ ᠲᠥᠷᠥᠯ ᠤᠨ ᠠᠵᠢᠯ ᠤᠨ ᠪᠠᠶᠢᠷᠢ ᠳᠤ ᠠᠵᠢᠯᠯᠠᠬᠤ ᠪᠠᠷ ᠰᠣᠩᠭᠤᠯᠲᠠ ᠬᠢᠭᠰᠡᠨ ᠨᠢ 90% ᠳᠤ ᠬᠦᠷᠴᠦ ᠪᠠᠶᠢᠨ᠎ᠠ᠃      ︽ᠮᠠᠨ ᠤ ᠤᠯᠤᠰ ᠤᠨ ᠬᠥᠳᠡᠭᠡ ᠲᠣᠰᠬᠤᠨ ᠤ ᠬᠦᠷᠢᠶ᠎ᠡ ᠬᠡᠪᠴᠢᠶ᠎ᠡ ᠥᠷᠭᠡᠨ ᠠᠭᠤᠳᠠᠮ᠂ ᠬᠤᠵᠢᠮ ᠪᠢ ᠲᠠᠷᠢᠶᠠᠯᠠᠩ ᠠᠵᠤ ᠦᠢᠯᠡᠰ ᠤᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠠᠵᠢᠯ ᠳᠤ ᠣᠷᠣᠯᠴᠠᠵᠤ᠂ ᠰᠣᠷᠣᠭᠰᠠᠨ ᠢᠶᠠᠨ ᠲᠠᠷᠢᠶᠠᠯᠠᠩ ᠠᠵᠤ ᠦᠢᠯᠡᠰ ᠤᠨ ᠨᠢᠭᠡᠳᠦᠭᠡᠷ ᠹᠷᠣᠨᠲ ᠲᠤ ᠬᠡᠷᠡᠭᠯᠡᠵᠦ᠂ ᠲᠠᠷᠢᠶᠠᠴᠢᠳ ᠤᠨ ᠠᠰᠠᠭᠤᠳᠠᠯ ᠢ ᠰᠢᠢᠳᠪᠦᠷᠢᠯᠡᠵᠦ᠂ ᠨᠡᠩ ᠣᠯᠠᠨ ᠲᠠᠷᠢᠶᠠᠴᠢᠳ ᠲᠤ ᠠᠰᠢᠭ ᠬᠦᠷᠲᠡᠭᠡᠬᠦ ᠶᠢᠨ ᠳᠠᠭᠤ᠂ ᠮᠥᠨ ᠴᠦ ᠦᠪᠡᠷ ᠤᠨ ᠠᠮᠢᠳᠤᠷᠠᠯ ᠢᠶᠠᠨ ᠨᠡᠩ ᠶᠡᠭᠡ ᠣᠳᠬ᠎ᠠ ᠠᠭᠤᠯᠭ᠎ᠠ ᠲᠠᠢ ᠪᠣᠯᠭᠠᠬᠤ ᠶᠢ ᠬᠦᠰᠡᠵᠦ ᠪᠠᠶᠢᠨ᠎ᠠ︾ ᠭᠡᠵᠦ ᠾᠧ ᠵᠢᠩ ᡁᠢ ᠬᠡᠯᠡᠨ᠎ᠡ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map