ᠱᠠᠨᠳᠦ᠋ᠩ ᠮᠤᠵᠢ ᠶᠢᠨ ︽ᠰᠢᠶᠠᠨ ᠠᠴᠠ ᠰᠤᠷᠭᠠᠭᠤᠯᠢ ᠶᠢᠨ ᠤᠷᠢᠵᠤ ᠬᠡᠷᠡᠭᠯᠡᠬᠦ ᠶᠢ ᠬᠠᠮᠢᠶᠠᠷᠬᠤ︾ ᠨᠢ ᠪᠠᠭᠰᠢ  ᠶᠢᠨ ᠢᠳᠡᠪᠬᠢᠵᠢᠯ ᠢ ᠬᠦᠭᠵᠢᠭᠡᠵᠦ ᠪᠠᠶᠢᠨ᠎ᠠ
ᠨᠡᠶᠢᠲᠡᠯᠡᠭᠰᠡᠨ ᠴᠠᠭ᠄
2019/1/9
     ᠪᠠᠭᠰᠢ ᠳᠠᠬᠢᠭᠠᠳ ︽ᠨᠢᠭᠡ ᠰᠤᠷᠭᠠᠭᠤᠯᠢ ᠳᠤ ᠨᠠᠰᠤᠨ ᠲᠤᠷᠰᠢ ᠶᠢᠨ ᠬᠤᠪᠢ ᠵᠠᠶᠠᠭ᠎ᠠ ᠪᠠᠨ ᠲᠣᠭᠲᠠᠭᠠᠬᠤ︾ ᠪᠢᠰᠢ᠂ ᠬᠠᠷᠢᠨ ︽ᠰᠤᠷᠭᠠᠭᠤᠯᠢ ᠬᠠᠮᠢᠶᠠᠷᠬᠤ︾ ᠠᠴᠠ ︽ᠰᠢᠶᠠᠨ ᠬᠠᠮᠢᠶᠠᠷᠬᠤ︾ ᠪᠣᠯᠵᠤ᠂ ᠨᠢᠭᠡᠳᠦᠯᠲᠡᠶ ᠬᠠᠮᠢᠶᠠᠷᠬᠤ  ᠶᠢ ᠪᠡᠶᠡᠯᠡᠭᠦᠯᠪᠡ︔ ᠰᠤᠷᠭᠠᠭᠤᠯᠢ ᠶᠢᠨ ᠵᠠᠬᠢᠷᠤᠯ ᠨᠢ ᠵᠠᠰᠠᠭ ᠵᠠᠬᠢᠷᠭᠠᠨ ᠤ ᠲᠡᠰ ᠤᠨ ᠬᠢᠵᠠᠭᠠᠷᠯᠠᠯ ᠢ ᠬᠦᠷᠲᠡᠬᠦ ᠦᠬᠡᠢ ᠪᠣᠯᠵᠤ᠂ ᠬᠠᠷᠢᠨ ᠤᠯᠠᠨ ᠡᠰᠢᠵᠢᠭᠰᠡᠨ ᠠᠷᠭ᠎ᠠ ᠵᠠᠮ ᠢᠶᠠᠷ ᠰᠠᠭᠠᠳ ᠦᠭᠡᠢ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠣᠯᠢᠯᠴᠠᠬᠤ ᠶᠢ ᠪᠡᠶᠡᠯᠡᠭᠦᠯᠪᠡ᠃ ᠤᠢᠢᠷ᠎ᠠ ᠶᠢᠨ ᠵᠢᠯ ᠠᠴᠠ᠂ ᠱᠠᠨᠳᠦ᠋ᠩ ᠮᠤᠵᠢ ᠶᠢᠨ ᠽᠢ ᠪᠦᠸᠧ ᠬᠤᠳᠠ ᠶᠢᠨ ᠵᠠᠩ ᠳ᠋ᠢᠶᠠᠨ ᠲᠣᠭᠤᠷᠢᠭ ᠨᠢ ︽ᠰᠢᠶᠠᠨ ᠠᠴᠠ ᠰᠤᠷᠭᠠᠭᠤᠯᠢ ᠶᠢᠨ ᠤᠷᠢᠵᠤ ᠬᠡᠷᠡᠭᠯᠡᠬᠦ ᠶᠢ ᠬᠠᠮᠢᠶᠠᠷᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠷᠢᠴᠠᠭ᠎ᠠ ᠶᠢ ᠵᠣᠬᠢᠴᠠᠭᠤᠯᠤᠨ᠂ ᠠᠷᠭ᠎ᠠ ᠵᠠᠮ ᠢ ᠰᠢᠯᠤᠭᠤᠬᠠᠨ ᠨᠡᠪᠲᠡᠷᠡᠭᠦᠯᠵᠦ᠂ ᠴᠢᠨᠠᠷ ᠰᠠᠶᠢᠲᠠᠶ ᠡᠬᠢ ᠪᠠᠶᠠᠯᠢᠭ ᠤᠨ ᠨᠥᠯᠥᠭᠡᠯᠡᠬᠦ ᠬᠦᠴᠦᠨ ᠢ ᠢᠯᠡᠳᠲᠡ ᠴᠢᠩᠭᠠᠳᠬᠠᠵᠤ᠂ ᠪᠥᠬᠦ ᠣᠷᠣᠨ ᠤ ᠬᠤᠲᠠ ᠬᠥᠳᠡᠭᠡ ᠶᠢᠨ ᠰᠤᠷᠭᠠᠨ ᠬᠥᠮᠦᠵᠢᠯ ᠢ ᠨᠢᠭᠡ ᠴᠤᠬᠴᠠᠵᠢᠭᠤᠯᠤᠨ ᠬᠥᠭᠵᠢᠭᠦᠯᠬᠦ  ᠶᠡᠷᠦᠩᠬᠡᠢ ᠪᠠᠶᠢᠳᠠᠯ ᠬᠦᠭᠵᠢᠩᠭᠦᠢ ᠪᠣᠯᠪᠠ᠃      2015 ᠣᠨ ᠠᠴᠠ ᠡᠬᠢᠯᠡᠨ᠂ ᠱᠠᠨᠳᠦ᠋ᠩ ᠮᠤᠵᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠳᠤ ︽ᠰᠢᠶᠠᠨ ᠠᠴᠠ ᠰᠤᠷᠭᠠᠭᠤᠯᠢ ᠶᠢᠨ ᠣᠷᠢᠵᠤ ᠬᠡᠷᠡᠭᠯᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠭᠰᠢ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠨᠢᠭᠡᠳᠦᠯᠲᠡᠶ ᠲᠦᠯᠦᠪᠯᠡᠭᠡ ᠶᠢ ᠴᠢᠩᠭᠠᠳᠬᠠᠵᠤ᠂ ᠪᠠᠭᠰᠢ ᠶᠢ ᠠᠯᠬᠤᠮ ᠠᠯᠬᠤᠮ ᠢᠶᠠᠷ ︽ᠰᠤᠷᠭᠠᠭᠤᠯᠢ ᠶᠢᠨ ᠬᠥᠮᠦᠨ︾ ᠠᠴᠠ ︽ᠰᠢᠰᠲ᠋ᠧᠮ ᠤᠨ ᠬᠥᠮᠦᠨ︾ ᠪᠣᠯᠭᠠᠨ ᠬᠤᠪᠢᠷᠠᠭᠤᠯᠵᠤ᠂ ᠪᠠᠭᠰᠢ ᠶᠢᠨ ᠡᠬᠢ ᠪᠠᠶᠠᠯᠢᠭ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ  ᠠᠬᠢᠭᠤᠯᠪᠠ᠃ ᠱᠠᠨᠳᠦ᠋ᠩ ᠮᠤᠵᠢ ᠶᠢᠨ ᠡᠯ᠎ᠡ ᠭᠠᠵᠠᠷ ᠣᠷᠣᠨ ᠥᠭᠡᠷᠡᠴᠢᠯᠡᠯᠲᠡ ᠶᠢ ᠢᠳᠡᠪᠬᠢᠲᠡᠶ ᠲᠦᠯᠭᠢᠨ ᠠᠬᠢᠭᠤᠯᠵᠤ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠵᠦ᠂ ᠡᠷᠬᠢᠮ ᠨᠠᠨᠳᠢᠨ ᠲᠤᠷᠰᠢᠯᠭ᠎ᠠ ᠪᠠ ᠮᠡᠳᠡᠭᠳᠡᠬᠦ᠋ᠢᠴᠡ ᠦᠷ᠎ᠡ ᠪᠦᠲᠦᠮᠵᠢ ᠶᠢ ᠣᠯᠵᠠᠶ᠃       ᠵᠠᠩ ᠳ᠋ᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠠᠳᠬᠤᠵᠤ᠂ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠬᠤᠳᠠ ᠬᠥᠳᠡᠭᠡ ᠶᠢ ᠨᠢᠭᠡᠳᠦᠯᠲᠡᠶ ᠲᠦᠯᠦᠪᠵᠢᠭᠦᠯᠬᠦ᠂ ᠪᠦᠲᠦᠴᠡ ᠳᠤ ᠲᠣᠬᠢᠷᠠᠭᠤᠯᠤᠯᠲᠠ ᠬᠢᠬᠦ᠂ ᠨᠡᠮᠡᠭᠳᠡᠯ ᠲᠠᠢ ᠬᠠᠰᠤᠭᠳᠠᠯ ᠲᠠᠢ ᠪᠠᠶᠢᠬᠤ︾ ᠵᠠᠷᠴᠢᠮ ᠶᠣᠰᠤᠭᠠᠷ᠂ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠨᠢ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠬᠥᠳᠡᠯᠦᠩᠭᠦᠢ ᠪᠠᠷ ᠡᠵᠡᠮᠰᠢᠨ ᠳᠤᠬᠢᠷᠠᠭᠤᠯᠬᠤ︾ ᠲᠣᠭᠲᠠᠯᠴᠠᠭ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠲᠣᠭᠲᠠᠭᠠᠯᠲᠠ ᠶᠢᠨ ᠬᠥᠳᠡᠯᠦᠩᠭᠦᠶ ᠲᠣᠬᠢᠷᠠᠭᠤᠯᠬᠤ ᠲᠣᠭᠲᠠᠯᠴᠠᠭ᠎ᠠ ᠂ ᠲᠣᠭᠤᠷᠢᠭ ᠤᠨ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠦᠯᠦᠪᠯᠡᠪᠡ᠃ ︽ᠬᠥᠳᠡᠯᠦᠩᠭᠦᠶ ᠲᠣᠬᠢᠷᠠᠭᠤᠯᠤᠯᠲᠠ ᠨᠢ ᠰᠤᠷᠭᠠᠭᠤᠯᠢ ᠶᠢᠨ ᠲᠦᠷ ᠴᠠᠭ ᠤᠨ ᠴᠢᠨᠠᠷᠲᠠᠶ ᠬᠦᠮᠦᠨ ᠳᠣᠲᠠᠭᠳᠠᠬᠤ ᠡᠨᠡ ᠬᠦ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ︾᠃  ᠵᠠᠩ ᠳ᠋ᠢᠶᠠᠨ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠰᠥᠩ ᠭᠠᠩ ᠬᠡᠯᠡᠭᠰᠡᠨ ᠨᠢ᠂ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠡᠮᠡᠭᠲᠡᠶ ᠪᠠᠭᠰᠢ ᠶᠢᠨ ᠬᠠᠷᠢᠴᠠᠯ ᠨᠢ ᠡᠷᠡᠭᠲᠡᠶ ᠪᠠᠭᠰᠢ ᠠᠴᠠ ᠬᠤᠯᠠ ᠥᠨᠳᠥᠷ᠂ ᠬᠥᠩᠭᠡᠵᠢᠬᠦ ᠨᠠᠰᠤᠨ ᠤ ᠡᠮᠡᠭᠲᠡᠶ ᠪᠠᠭᠰᠢ ᠨᠢ ᠨᠡᠯᠢᠶᠡᠳ ᠠᠷᠪᠢᠨ ᠪᠣᠯᠬᠤᠷ᠂ ᠡᠮᠡᠭᠲᠡᠶ ᠪᠠᠭᠰᠢ ᠶᠢᠨ ︽ ᠬᠦᠩᠬᠡᠵᠢᠯ ᠤᠨ ᠴᠢᠨᠠᠷᠲᠠᠶ ᠣᠷᠣᠨ ᠲᠤᠭ᠎ᠠ ᠬᠦᠷᠦᠯᠴᠡᠬᠦ ᠥᠬᠡᠶ ᠪᠠᠶᠢᠬᠤ︾ ᠠᠰᠠᠭᠤᠳᠠᠯ ᠨᠡᠩ ᠲᠤᠪᠤᠶᠢᠮ᠎ᠠ ᠪᠤᠯᠵᠤ᠂ ︽ᠲᠦᠷ ᠴᠠᠭ ᠤᠨ ᠣᠷᠣᠨ ᠲᠣᠭᠠᠨ ᠤ ᠡᠷᠭᠢᠯᠲᠡ ᠨᠢ ᠰᠤᠷᠭᠠᠭᠤᠯᠢ ᠶᠢᠨ ᠲᠤᠯᠭᠠᠮ᠎ᠠ ᠪᠠᠶᠢᠳᠠᠯ ᠢ ᠰᠢᠢᠳᠪᠦᠷᠢᠯᠡᠪᠡ︾᠃ ᠣᠷᠴᠢᠮ ᠤᠨ 3 ᠵᠢᠯ ᠳᠤ ᠱᠠᠨᠳᠦ᠋ᠩ ᠮᠤᠵᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠪᠠᠭᠰᠢ ᠶᠢᠨ ᠲᠤᠭ᠎ᠠ 9.98 ᠲᠦᠮᠡᠨ ᠬᠥᠮᠦᠨ ᠤᠳᠠᠭ᠎ᠠ ᠳᠤ ᠬᠦᠷᠴᠦ᠂ ᠢᠯᠡᠭᠦᠳᠡᠭᠰᠡᠨ ᠪᠠᠭᠰᠢ᠂  ᠲᠣᠰᠠᠯᠠᠭᠴᠢ ᠪᠠᠭᠰᠢ 4.46 ᠲᠦᠮᠡᠨ ᠬᠦᠮᠦᠨ ᠢ ᠲᠠᠷᠬᠠᠨ ᠲᠣᠬᠢᠷᠠᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠤᠭᠤᠷᠣᠨᠳᠣᠬᠢ ᠬᠠᠮᠢᠶᠠᠷᠤᠯᠲᠠ ᠶᠢᠨ ᠬᠢᠷᠢ ᠲᠦᠪᠰᠢᠨ ᠪᠠ ᠪᠠᠭᠰᠢ ᠠᠵᠢᠯᠲᠠᠨ ᠤ ᠨᠥᠬᠦᠴᠡᠯ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠪᠠ᠃      ᠱᠠᠨᠳᠦ᠋ᠩ ᠮᠤᠵᠢ ᠶᠢᠨ ᠪᠠᠷᠠᠭᠤᠨ ᠡᠮᠦᠨᠡᠲᠦ ᠬᠡᠰᠡᠭ ᠲᠤ  ᠪᠠᠶᠢᠭ᠎ᠠ ᠵᠢᠨᠢᠩ ᠬᠤᠲᠠ ᠶᠢᠨ ᠶᠢᠨ ᠰᠢᠶᠠᠩ ᠰᠢᠶᠠᠨ  ᠨᠢ ᠬᠤᠲᠠ ᠬᠦᠳᠡᠭᠡ ᠬᠤᠤᠰᠯᠠᠨ ᠬᠤᠯᠪᠤᠭᠠᠯᠠᠬᠤ᠂ ᠰᠤᠷᠭᠠᠭᠤᠯᠢ ᠬᠤᠯᠪᠤᠭᠠᠯᠠᠬᠤ᠂ ᠰᠤᠷᠭᠠᠭᠤᠯᠢ ᠶᠢᠨ ᠲᠣᠭᠤᠷᠢᠭ ᠲᠤ ᠰᠤᠷᠭᠠᠭᠤᠯᠢ ᠡᠷᠬᠢᠯᠡᠬᠦ᠂ ᠨᠡᠷᠡᠲᠦ ᠰᠤᠷᠭᠠᠭᠤᠯᠢ ᠳᠤ ᠨᠠᠶᠢᠳᠠᠨ ᠬᠠᠮᠢᠶᠠᠷᠤᠭᠤᠯᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠵᠤ᠂ ᠨᠥᠬᠦᠴᠡᠯ ᠪᠠᠷᠤᠭᠲᠠᠶ ᠰᠤᠷᠭᠠᠭᠤᠯᠢ ᠪᠠ ᠬᠥᠳᠡᠭᠡ ᠲᠣᠰᠬᠤᠨ ᠤ ᠰᠤᠷᠭᠠᠭᠤᠯᠢ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠮᠡᠷᠭᠡᠵᠢᠯ ᠤᠨ ᠴᠣᠯᠠ ᠶᠢᠨ ᠦᠨᠡᠯᠡᠨ ᠲᠣᠭᠲᠠᠭᠠᠯᠲᠠ᠂ ᠪᠠᠭᠰᠢ ᠶᠢᠨ ᠢᠷᠠᠭᠤ ᠠᠯᠳᠠᠷ ᠵᠡᠷᠭᠡ ᠲᠠᠯ᠎ᠠ ᠪᠠᠷ ᠬᠥᠳᠡᠭᠡ ᠲᠣᠰᠬᠤᠨ ᠤ ᠪᠠᠭᠰᠢ ᠳᠠᠰᠢ ᠬᠡᠯᠪᠡᠶᠢᠭᠰᠡᠨ ᠪᠠᠶᠢᠨ᠎ᠠ᠃ 2017 ᠣᠨ ᠳᠤ ᠶᠢᠨ ᠰᠢᠶᠠᠩ ᠰᠢᠶᠠᠨ ᠨᠢ ᠬᠤᠲᠠ ᠰᠢᠶᠠᠨ ᠤ ᠬᠡᠪᠴᠢᠶᠡᠨ ᠳᠣᠲᠤᠷ᠎ᠠ 410  ᠨᠡᠷᠡᠰ ᠪᠠᠭᠰᠢ ᠶᠢ ᠰᠣᠯᠢᠯᠴᠠᠭᠤᠯᠵᠤ᠂ ᠪᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠲᠤᠰᠬᠠᠶ ᠪᠠᠭᠰᠢ ᠶᠢᠨ 10% ᠠᠴᠠ ᠬᠡᠲᠦᠷᠡᠭᠰᠡᠨ ᠪᠠᠶᠢᠨ᠎ᠠ᠃      ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠳᠡᠰ ᠤᠨ ᠥᠭᠡᠷᠡᠴᠢᠯᠡᠯᠲᠡ ᠴᠦ ᠱᠠᠨᠳᠦ᠋ᠩ ᠮᠤᠵᠢ ᠳᠤ ᠪᠦᠬᠦ ᠲᠠᠯ᠎ᠠ ᠪᠠᠷ ᠬᠡᠷᠡᠭᠵᠢᠭᠦᠯᠥᠭᠳᠡᠪᠡ᠃ ᠪᠦᠬᠦ ᠮᠤᠵᠢ ᠶᠢᠨ 17 ᠬᠤᠲᠠ ᠨᠢᠭᠡᠨᠲᠡ ᠰᠤᠷᠭᠠᠭᠤᠯᠢ ᠶᠢᠨ ᠵᠠᠬᠢᠷᠤᠯ ᠤᠨ ᠳᠡᠰ ᠤᠨ ᠲᠤᠰᠢᠶᠠᠯ ᠤᠨ ᠮᠠᠭᠠᠳᠯᠠᠨ ᠲᠣᠭᠲᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠡᠯ᠎ᠡ ᠰᠢᠶᠠᠨ ︵ᠬᠤᠲᠠ᠂ ᠲᠣᠭᠤᠷᠢᠭ︶  ᠤ ᠵᠡᠷᠭᠡ ᠳᠡᠰ ᠤᠨ ᠴᠠᠯᠢᠩ ᠬᠥᠯᠥᠰᠥ ᠶᠢ ᠨᠢᠭᠡᠨᠲᠡ ᠪᠠᠭᠤᠯᠭᠠᠨ ᠦᠭᠭᠦᠭᠰᠡᠨ ᠪᠤᠶᠤ ᠨᠢᠭᠡᠨᠲᠡ 2018 ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠪᠠᠶᠢᠨ᠎ᠠ᠃ ᠪᠦᠬᠦ ᠮᠤᠵᠢ ᠳᠤᠮᠳᠠᠳᠤ ᠪᠠᠭ᠎ᠠ ᠰᠤᠷᠭᠠᠭᠤᠯᠢ ᠪᠠ ᠰᠤᠷᠭᠠᠭᠤᠯᠢ ᠶᠢᠨ ᠵᠠᠬᠢᠷᠤᠯ ᠤᠨ ᠵᠠᠰᠠᠭ  ᠵᠠᠬᠢᠷᠭᠠᠨ ᠤ ᠵᠡᠷᠭᠡ ᠳᠡᠰ ᠢ ᠬᠦᠴᠦᠨ ᠦᠭᠡᠢ ᠪᠣᠯᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠲᠤᠰᠢᠶᠠᠯ ᠤᠨ ᠳᠡᠰ ᠤᠨ ᠳᠦᠷᠢᠮ ᠢᠶᠠᠷ ᠭᠤᠣᠯ ᠪᠣᠯᠭᠠᠭᠰᠠᠨ ᠰᠤᠷᠭᠠᠭᠤᠯᠢ ᠶᠢᠨ ᠵᠠᠬᠢᠷᠤᠯ ᠤᠨ ᠬᠠᠮᠢᠶᠠᠷᠤᠯᠲᠠ ᠶᠢᠨ ᠪᠠᠶᠢᠭᠤᠯᠤᠯ ᠢ ᠠᠩᠬ᠎ᠠ ᠠᠯᠬᠤᠮ ᠪᠠᠶᠢᠭᠤᠯᠪᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠦᠬᠦ ᠮᠤᠵᠢ ᠳᠤ ᠨᠡᠶᠢᠲᠡ1.07 ᠲᠦᠮᠡᠨ ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠵᠤ᠂ 1.14 ᠲᠦᠮᠡᠨ ᠨᠡᠷᠡᠰ ᠰᠤᠷᠭᠠᠭᠤᠯᠢ ᠶᠢᠨ ᠵᠠᠬᠢᠷᠤᠯ ᠤᠳ ᠲᠤ ︵ᠳᠡᠳ᠋ ᠵᠠᠬᠢᠷᠤᠯ ᠪᠠᠭᠲᠠᠨ᠎ᠠ︶ ᠲᠤᠰᠢᠶᠠᠯ ᠤᠨ ᠲᠡᠰ ᠤᠨ ᠬᠠᠮᠢᠶᠠᠷᠤᠯᠲᠠ ᠶᠢ ᠬᠡᠷᠡᠭᠵᠢᠭᠦᠯᠵᠦ᠂ 1.45 ᠲᠦᠮᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠤᠷᠭᠠᠭᠤᠯᠢ ᠶᠢᠨ ᠵᠠᠬᠢᠷᠤᠯ ᠤᠨ ᠴᠢᠳᠠᠪᠤᠷᠢᠲᠠᠨ ᠤ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠤᠭᠰᠠᠨ ᠪᠠᠶᠢᠨ᠎ᠠ᠃      ︽ᠤᠢᠢᠷ᠎ᠠ ᠶᠢᠨ ᠵᠢᠯ ᠠᠴᠠ᠂ ᠱᠠᠨᠳᠦ᠋ᠩ ᠮᠤᠵᠢ ᠪᠠᠭᠰᠢ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ  ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠨᠢᠭᠡ ᠪᠦᠯᠦᠭ ᠴᠢᠬᠤᠯᠠ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠪᠠᠶᠢᠨ᠎ᠠ︾᠃ ᠱᠠᠨᠳᠦ᠋ᠩ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠪᠠᠭᠰᠢ ᠶᠢᠨ ᠠᠵᠢᠯ ᠤᠨ ᠭᠠᠵᠠᠷ ᠤᠨ ᠬᠤᠯᠪᠣᠭᠳᠠᠯ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ᠂ ᠣᠷᠣᠨ ᠲᠤᠭ᠎ᠠ ᠶᠢᠨ ᠵᠦᠪᠯᠡᠯ ᠤᠨ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠣᠯᠢᠯᠴᠠᠬᠤ᠂ ︽ ᠰᠢᠶᠠᠨ ᠠᠴᠠ ᠰᠤᠷᠭᠠᠭᠤᠯᠢ ᠶᠢᠨ ᠤᠷᠢᠵᠤ ᠬᠡᠷᠡᠭᠯᠡᠬᠦ ᠶᠢ ᠬᠠᠮᠢᠶᠠᠷᠬᠤ︾ ᠥᠭᠡᠷᠡᠴᠢᠯᠡᠯᠲᠡ᠂ ᠪᠠᠭᠰᠢ ᠶᠢ ᠰᠢᠯᠭᠠᠨ ᠬᠢᠨᠠᠬᠤ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠤᠨ ᠰᠣᠷᠣᠭᠴᠢ ᠬᠥᠮᠦᠵᠢᠭᠦᠯᠬᠦ᠂ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠬᠠᠮᠢᠶᠠᠷᠤᠯᠲᠠ ᠵᠡᠷᠭᠡ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠪᠡ᠃ ᠬᠡᠦᠬᠡᠳ ᠤᠨ ᠴᠡᠴᠡᠷᠯᠢᠭ  ᠂ ᠳᠤᠮᠳᠠᠳᠤ ᠪᠠᠭ᠎ᠠ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ  ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠪᠠᠷᠢᠮᠵᠢᠶ᠎ᠠ ᠨᠢ ᠴᠥᠮ ᠨᠢᠭᠡᠨᠲᠡ ᠨᠡᠶᠢᠲᠡᠯᠡᠭᠳᠡᠵᠦ᠂ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠪᠦᠷᠢᠨ ᠲᠡᠭᠦᠯᠳᠡᠷᠵᠢᠪᠡ︔ ᠪᠠᠭᠰᠢ ᠨᠠᠷ ᠲᠠᠩᠭᠠᠷᠢᠭᠯᠠᠬᠤ᠂ ᠰᠦᠢᠳᠭᠡᠯ ᠬᠤᠷᠢᠶᠠᠵᠤ ᠬᠢᠴᠢᠶᠡᠯ ᠨᠦᠬᠦᠭᠦ ᠶᠢ ᠡᠷᠡᠰ ᠬᠤᠷᠢᠭᠯᠠᠬᠤ ᠵᠡᠷᠭᠡ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭ᠎ᠠ ᠬᠦᠴᠦᠨ ᠲᠠᠢ ᠪᠠᠶᠢᠬᠤ ᠲᠣᠭᠲᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠪᠠ︔ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠡᠯᠰᠡᠵᠦ ᠣᠷᠢᠵᠤ ᠬᠡᠷᠡᠭᠯᠡᠬᠦ ᠬᠡᠯᠪᠡᠷᠢ ᠶᠢ ᠲᠡᠰᠦᠷᠡᠯᠳᠠ ᠤᠢᠭᠡᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠦᠨᠳᠦᠰᠦᠨ ᠳᠡᠭᠡᠨ ᠪᠠᠶᠢᠭᠤᠯᠪᠠ︔ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠤᠨ ᠲᠣᠭᠲᠠᠭᠠᠵᠤ ᠤᠷᠢᠨ ᠬᠡᠷᠡᠭᠯᠡᠬᠦ ᠡᠷᠬᠡ ᠶᠢ ᠳᠣᠷᠣᠭᠰᠢ ᠪᠠᠭᠤᠯᠭᠠᠵᠤ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠪᠠᠭᠰᠢ ᠶᠢᠨ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢ ᠲᠣᠭᠲᠠᠭᠠᠬᠤ ᠬᠠᠷᠢᠴᠠᠯ ᠢ ᠳᠡᠭᠡᠭᠰᠢᠯᠡᠭᠦᠯᠪᠡ︔ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠳᠡᠰ ᠢᠶᠠᠷ ᠤᠷᠢᠵᠤ ᠲᠣᠮᠢᠯᠠᠬᠤ ᠲᠦᠷᠢᠮ ᠢ ᠰᠦᠪᠡᠭᠴᠢᠯᠡᠨ ᠪᠠᠶᠢᠭᠤᠯᠪᠠ︔ ᠪᠠᠭᠰᠢ ᠶᠢᠨ ᠮᠣᠷᠠᠯ᠂ ᠴᠢᠳᠠᠪᠤᠷᠢ᠂ ᠠᠮᠵᠢᠯᠲᠠ ᠪᠦᠲᠦᠮᠵᠢ᠂ ᠬᠤᠪᠢ ᠨᠡᠮᠡᠷᠢ ᠦᠵᠡᠭᠦᠯᠬᠦ ᠶᠢ ᠴᠢᠬᠤᠯᠠᠴᠢᠯᠠᠭᠰᠠᠨ᠂ ᠤᠯᠠᠨ ᠲᠠᠯ᠎ᠠ ᠶᠢᠨ ᠤᠷᠤᠯᠴᠠᠭ᠎ᠠ ᠲᠠᠢ ᠪᠠᠭᠰᠢ ᠶᠢ ᠰᠢᠯᠭᠠᠨ ᠦᠨᠡᠯᠡᠬᠦ ᠠᠷᠭ᠎ᠠ ᠶᠢ ᠲᠣᠭᠲᠠᠭᠠᠪᠠ᠃      ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ  ᠵᠣᠣ ᠴᠢᠦ ᠯᠢ   ᠯᠢ ᡁᠢ ᠴᠧᠨ  ︶    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map