ᠠᠩᠭᠢ ᠶᠢᠨ ᠡᠷᠬᠢᠯᠡᠭᠴᠢ ᠶᠢᠨ ᠠᠵᠢᠯ ᠢ ᠭᠡᠷᠬᠢᠨ ᠬᠢᠪᠡᠯ ᠵᠤᠬᠢᠬᠤ ᠪᠤᠢ
ᠨᠡᠶᠢᠲᠡᠯᠡᠭᠰᠡᠨ ᠴᠠᠭ᠄
2020/1/17
                               ᠮᠠ ᠱᠤ᠋ ᠯᠢᠨ      ᠠᠷᠪᠠᠨ ᠨᠢᠭᠡᠨ ᠵᠢᠯ ᠤᠨ ᠪᠠᠭᠰᠢ ᠶᠢᠨ ᠠᠵᠢᠯ ᠳᠤ᠂ ᠨᠠᠢᠮᠠᠨ ᠵᠢᠯ ᠠᠩᠭᠢ ᠶᠢᠨ ᠡᠷᠬᠢᠯᠡᠭᠴᠢ ᠶᠢᠨ ᠠᠵᠢᠯ ᠢ ᠲᠠᠭᠠᠭᠠᠴᠢᠯᠠᠯ᠎ᠠ᠃ ᠡᠭᠦᠨ ᠳᠤ ᠪᠠᠭ᠎ᠠ ᠰᠤᠷᠭᠠᠭᠤᠯᠢ ᠳᠤ ᠨᠢᠭᠡ ᠵᠢᠯ᠂ ᠲᠤᠮᠳᠠᠳᠤ ᠰᠤᠷᠭᠠᠭᠤᠯᠢ ᠳᠤ ᠲᠤᠯᠤᠭᠠᠨ ᠵᠢᠯ᠃ ᠠᠳᠠᠯᠢ ᠪᠤᠰᠤ ᠴᠠᠭ ᠬᠤᠭᠤᠴᠠᠭᠠᠨ ᠳᠤ ᠠᠳᠠᠯᠢ ᠪᠤᠰᠤ ᠶᠢᠨ ᠤᠯᠤᠯᠲᠠ ᠲᠦᠷᠦᠭᠳᠡᠯ ᠲᠠᠢ ᠶᠤᠮ᠃      ᠠᠮᠧᠷᠢᠺᠠ ᠶᠢᠨ ᠹᠢᠽᠢᠺ ᠤᠨ ᠤᠬᠠᠭᠠᠨᠲᠠᠨ ᠠᠶᠢᠨᠰᠲ᠋ᠧᠨ᠄ ︽ᠬᠦᠮᠦᠰ ᠲᠡᠯᠡᠬᠡᠢ ᠶᠢᠨ ᠠᠰᠠᠭᠤᠳᠠᠯ ᠢ ᠰᠢᠢᠳᠪᠦᠷᠢᠯᠡᠬᠦ ᠳᠤ᠂ ᠶᠡᠭᠡ ᠲᠠᠷᠢᠬᠢᠨ ᠤ ᠰᠡᠳᠭᠢᠬᠦᠢ ᠪᠤᠯᠤᠨ ᠤᠶᠤᠨ ᠤᠬᠠᠭᠠᠨ ᠳᠤ ᠪᠠᠨ ᠲᠦᠰᠢᠭᠯᠡᠭᠰᠡᠨ ᠶᠤᠮ᠂ ᠬᠠᠷᠢᠨ ᠨᠤᠮ ᠪᠢᠴᠢᠭ ᠤᠨ ᠶᠤᠰᠤᠭᠠᠷ ᠮᠦᠷᠳᠡᠵᠤ ᠬᠢᠭᠰᠡᠨ ᠦᠭᠡᠢ︾ ᠭᠡᠵᠤ ᠦᠭᠦᠯᠡᠭᠰᠡᠨ ᠪᠠᠶᠢᠯ᠎ᠠ᠃ ᠪᠤᠲᠠᠲᠠᠢ ᠠᠰᠠᠭᠤᠳᠠᠯ ᠢ ᠰᠢᠢᠳᠪᠤᠷᠢᠯᠡᠭᠦ ᠳᠤ ᠡᠷᠬᠡᠪᠰᠢ ᠶᠡᠭᠡ ᠲᠠᠷᠢᠬᠢᠨ ᠤ ᠰᠡᠳᠭᠢᠬᠦᠢ ᠪᠤᠯᠤᠨ ᠤᠶᠤᠨ ᠲᠠᠷᠢᠬᠢᠨ ᠳᠤ ᠪᠠᠨ ᠲᠦᠰᠢᠭᠯᠡᠨ ᠬᠡᠷᠡᠭ ᠶᠠᠪᠤᠳᠠᠯ ᠢ ᠲᠤᠬᠢᠷᠠᠮᠵᠢᠲᠠᠢ ᠠᠷᠭ᠎ᠠ ᠪᠠᠷ ᠵᠦᠪ ᠰᠢᠢᠳᠪᠤᠷᠢᠯᠡᠪᠡᠯ ᠰᠠᠶ᠋ᠢ ᠦᠷ᠎ᠡ ᠪᠦᠲᠤᠮᠵᠢ ᠦᠨᠳᠤᠷ ᠪᠢᠯᠡ᠃ ᠠᠩᠬ᠎ᠠ ᠠᠵᠢᠯ ᠤᠨ ᠪᠠᠶᠢᠷᠢ ᠳᠤ ᠭᠠᠷᠬᠤ ᠦᠶᠡᠰ ᠰᠤᠷᠤᠭᠴᠢᠳ ᠤᠨ ᠠᠯᠢᠪᠠ ᠠᠯᠳᠠᠭ᠎ᠠ ᠲᠤᠲᠠᠭᠳᠠᠯ ᠴᠦᠮ ᠭᠠᠷᠴᠤ ᠪᠤᠯᠤᠰᠢ ᠦᠭᠡᠢ ᠰᠢᠭ ᠰᠠᠨᠠᠭᠳᠠᠵᠤ᠂ ᠠᠭᠤᠷᠯᠠᠵᠤ ᠵᠠᠩᠨᠠᠵᠤ ᠪᠠᠶᠢᠭᠰᠠᠨ ᠪᠤᠯ ᠤᠳᠤ ᠪᠤᠯᠬᠤ ᠳᠤ ᠠᠯᠢᠪᠠ ᠠᠯᠳᠠᠭ᠎ᠠ ᠪᠤᠷᠤᠭᠤ ᠴᠦᠮ ᠭᠠᠷᠬᠤ ᠪᠤᠯᠤᠯᠴᠠᠭ᠎ᠠ ᠪᠠᠶᠢᠨ᠎ᠠ ᠭᠡᠳᠡᠭ ᠢ ᠮᠡᠳᠡᠷᠡᠯ᠎ᠡ᠃ ᠤᠴᠢᠷ ᠨᠢ ᠬᠦᠮᠦᠰ ᠶᠡᠷᠤ ᠨᠢ ᠤᠯᠠᠨ ᠤᠴᠢᠷ ᠶᠠᠪᠤᠳᠠᠯ ᠢ ᠦᠡᠭᠭᠡᠷᠡᠭᠦᠯᠦᠭᠰᠡᠨ ᠤ ᠰᠡᠭᠦᠯᠡᠷ ᠲᠤᠷᠰᠢᠯᠭ᠎ᠠ ᠪᠠᠨ ᠬᠤᠷᠢᠶᠠᠩᠭᠤᠶᠢᠯᠠᠵᠤ ᠳ᠋ᠦᠡᠭᠨᠡᠵᠤ ᠬᠤᠵᠢᠮ ᠤᠨ ᠤᠶᠢᠯᠡᠰ ᠲᠤ ᠪᠠᠨ ᠰᠤᠷᠭᠠᠮᠵᠢ ᠪᠤᠯᠭᠠᠳᠠᠭ᠃      ᠨᠢᠭᠡ ᠳᠤ᠂ ᠰᠠᠶᠢᠨ ᠠᠩᠭᠢ ᠶᠢᠨ ᠡᠷᠬᠢᠯᠡᠭᠴᠢ ᠪᠤᠯᠤᠶ᠎ᠠ ᠭᠡᠪᠡᠯ ᠵᠦᠪᠬᠡᠨ ᠤᠷᠭᠢᠯᠤᠮ᠎ᠠ ᠬᠠᠯᠠᠭᠤᠨ ᠰᠡᠳᠭᠢᠯᠭᠡ ᠵᠢᠴᠢ ᠬᠠᠷᠢᠭᠤᠴᠠᠯᠭᠠᠲᠤ ᠰᠡᠳᠭᠢᠯᠭᠡ ᠪᠠᠶᠢᠭᠠᠳ ᠪᠤᠯᠬᠤ ᠪᠢᠰᠢ᠂ ᠬᠠᠷᠢᠨ ᠲᠡᠭᠡᠳᠤ ᠬᠡᠮᠵᠢᠶᠡᠨ ᠤ ᠲᠤᠰᠬᠠᠢ ᠮᠡᠷᠭᠡᠵᠢᠯ ᠤᠨ ᠴᠢᠳᠠᠪᠤᠷᠢ ᠵᠢᠴᠢ ᠪᠤᠯᠪᠠᠰᠤᠷᠠᠩᠭᠤᠢ ᠰᠡᠳᠭᠢᠴᠡ ᠶᠢᠨ ᠬᠡᠪ ᠴᠢᠨᠠᠷ ᠲᠠᠢ ᠪᠠᠶᠢᠬᠤ ᠬᠡᠷᠡᠭᠲᠠᠢ᠃ ᠪᠢ 2003 ᠤᠨ ᠳᠤ ᠰᠤᠷᠭᠠᠭᠤᠯᠢ ᠲᠡᠭᠦᠰᠦᠭᠡᠳ ᠢᠯᠡᠯᠲᠡ ᠪᠠᠭ᠎ᠠ ᠰᠤᠷᠭᠠᠭᠤᠯᠢ ᠳᠤ ᠠᠵᠢᠯᠯᠠᠭᠰᠠᠨ ᠶᠤᠮ᠃ ᠬᠠᠮᠤᠭ ᠡᠬᠢᠨ ᠤ ᠡᠷᠬᠢᠯᠡᠭᠰᠡᠨ ᠠᠩᠭᠢ ᠪᠤᠯ ᠭᠤᠷᠪᠠᠳᠤᠭᠠᠷ ᠤᠨ ᠪᠤᠯᠤᠨ᠎ᠠ᠃ ᠰᠠᠶ᠋ᠢ ᠠᠵᠢᠯ ᠤᠨ ᠪᠠᠶᠢᠷᠢ ᠳᠤ ᠭᠠᠷᠤᠭᠰᠠᠨ ᠠᠴᠠ ᠲᠡᠷᠡ ᠦᠶᠡᠰ ᠶᠡᠭᠡ ᠯᠡ ᠬᠢᠴᠢᠶᠡᠯ ᠤᠷᠤᠬᠤ ᠲᠤᠷᠠᠲᠠᠢ ᠪᠠᠶᠢᠭᠰᠠᠨ᠃ ᠰᠤᠷᠤᠭᠴᠢᠳ ᠤᠴᠢᠷ ᠭᠠᠷᠭᠠᠭᠰᠠᠭᠠᠷ ᠶᠡᠬᠡᠳᠡ ᠠᠭᠤᠷᠯᠠᠳᠠᠭ᠃ ᠮᠢᠨᠤ ᠴᠡᠭᠡᠵᠢᠯᠡᠵᠤ ᠪᠠᠶᠢᠬᠤ ᠪᠠᠷ ᠨᠢᠭᠡ ᠬᠦᠤ ᠰᠤᠷᠤᠭᠴᠢ ᠤᠳᠠᠭ᠎ᠠ ᠲᠠᠷᠠᠭᠠᠯᠠᠨ ᠪᠤᠰᠤᠳ ᠤᠨ ᠶᠠᠭᠤᠮ᠎ᠠ ᠶᠢ ᠬᠤᠯᠠᠭᠠᠶᠢᠯᠠᠬᠤ ᠮᠠᠭᠤ ᠵᠠᠩ ᠲᠠᠢ ᠪᠠᠶᠢᠪᠠ᠂ ᠲᠡᠭᠦᠨ ᠢ ᠪᠢ ᠠᠭᠤᠷᠯᠠᠵᠤ ᠵᠠᠩᠨᠠᠵᠤ ᠰᠢᠭᠦᠮᠵᠢᠯᠡᠨ ᠰᠤᠷᠭᠠᠵᠤ ᠪᠠᠶᠢᠭᠰᠠᠨ ᠶᠤᠮ᠃ ᠮᠢᠨᠤ ᠪᠤᠲᠤᠬᠤ ᠪᠠᠷ ᠡᠨᠡ ᠪᠤᠯ ᠲᠠᠷᠤᠢ ᠲᠡᠷᠡ ᠦᠶᠡᠰ ᠲᠤᠷᠰᠢᠯᠭ᠎ᠠ ᠮᠡᠭᠦᠰ ᠰᠡᠳᠭᠢᠴᠡ ᠶᠢᠨ ᠲᠠᠯ᠎ᠠ ᠪᠠᠷ ᠪᠤᠯᠪᠠᠰᠤᠷᠠᠩᠭᠤᠢ ᠪᠤᠯᠤᠭᠠᠳᠤᠢ ᠶᠢᠨ ᠢᠯᠡᠷᠡᠯ ᠪᠠᠶᠢᠭ᠎ᠠ᠃ ᠤᠳᠤ ᠪᠤᠳᠤᠬᠤ ᠪᠠᠷ ᠠᠶᠤᠯᠭᠠᠬᠤ ᠪᠢᠰᠢ ᠬᠠᠷᠢᠨ ᠰᠤᠷᠤᠭᠴᠢ ᠳᠤ ᠶᠤᠰᠤ ᠤᠴᠢᠷ ᠢ ᠶᠠᠷᠢᠨ ᠦᠭᠴᠦ᠂ ᠤᠳᠠᠭᠠᠨ ᠲᠠᠭᠠᠭᠠᠮᠠᠭᠠᠢ ᠤᠷᠲᠤ ᠬᠤᠭᠤᠴᠠᠭ᠎ᠠ ᠪᠠᠷ ᠲᠡᠭᠦᠨ ᠳᠤ ᠰᠡᠳᠭᠢᠴᠡ ᠶᠢᠨ ᠲᠠᠯ᠎ᠠ ᠪᠠᠷ ᠵᠢᠯᠤᠭᠤᠳᠤᠯᠭ᠎ᠠ ᠬᠢᠭᠰᠡᠨ ᠪᠤᠯ ᠵᠤᠬᠢᠰᠲᠠᠢ᠃ ︽ᠠᠭᠤᠷ ᠪᠡᠶ᠎ᠡ ᠶᠢ ᠵᠤᠪᠠᠭᠠᠨ᠎ᠠ᠂ ᠠᠭᠤᠯᠠ ᠮᠤᠷᠢ ᠶᠢ ᠵᠤᠪᠠᠭᠠᠨ᠎ᠠ︾ ᠭᠡᠳᠡᠭ ᠢᠶᠠᠷ ᠠᠩᠭᠢ ᠶᠢᠨ ᠡᠷᠬᠢᠯᠡᠭᠴᠢ ᠶᠢᠨ ᠠᠵᠢᠯ ᠢ ᠬᠢᠬᠦ ᠲᠤᠮᠳᠠᠬᠢ ᠬᠠᠮᠤᠭ ᠤᠨ ᠶᠡᠭᠡ ᠲᠠᠶᠢᠰᠤᠨ ᠪᠤᠯ ᠠᠭᠤᠷᠯᠠᠬᠤ ᠶᠠᠪᠤᠳᠠᠯ ᠪᠤᠯᠤᠨ᠎ᠠ ᠭᠡᠳᠡᠭ ᠢ ᠪᠤᠳᠠᠳᠠᠢ ᠦᠢᠯᠡᠳᠦᠯᠭᠡ ᠳᠤᠮᠳᠠ ᠠᠴᠠ ᠮᠡᠳᠡᠯ᠎ᠡ᠃      ᠬᠤᠶᠠᠷ ᠲᠤ᠂ ᠮᠦᠨ ᠠᠶᠢᠨᠰᠲ᠋ᠧᠨ ᠤ ᠦᠭᠡ ᠪᠠᠷ ᠡᠰᠢ ᠲᠠᠲᠠᠪᠠᠯ᠂ ᠰᠤᠷᠤᠭᠴᠢᠳ ᠤᠨ ᠪᠠᠭᠰᠢ ᠪᠠᠨ ᠬᠦᠨᠳᠤᠳᠭᠡᠬᠦ ᠴᠤᠷ ᠤᠨ ᠭᠠᠭᠴᠠ ᠡᠬᠢ ᠰᠤᠷᠪᠤᠯᠵᠢ ᠪᠤᠯ ᠪᠠᠭᠰᠢ ᠶᠢᠨ ᠶᠤᠰᠤ ᠮᠤᠷᠠᠯ ᠪᠤᠯᠤᠨ ᠡᠷᠳᠡᠮ ᠴᠢᠳᠠᠪᠤᠷᠢ ᠪᠤᠯᠤᠨ᠎ᠠ᠃ 2009 ᠤᠨ ᠳᠤ ᠪᠢ ᠲᠤᠮᠳᠠᠳᠤ ᠰᠤᠷᠭᠠᠭᠤᠯᠢ ᠳᠤ ᠰᠠᠶ᠋ᠢ ᠠᠵᠢᠯ ᠰᠢᠯᠵᠢᠭᠡᠳ ᠢᠷᠡᠭᠦ ᠦᠶᠡᠰ ᠮᠢᠨᠤ ᠲᠤᠮᠳᠠᠳᠤ ᠰᠤᠷᠭᠠᠭᠤᠯᠢ ᠶᠢᠨ ᠦᠶ᠎ᠡ ᠶᠢᠨ ᠠᠩᠭᠢ ᠶᠢᠨ ᠡᠷᠬᠢᠯᠡᠭᠴᠢ ᠲᠤᠷᠰᠢᠯᠲᠠ ᠶᠢᠨ ᠠᠩᠭᠢ ᠶᠢ ᠠᠪᠴᠦ ᠪᠠᠶᠢᠵᠠᠢ᠃ ᠲᠡᠭᠦᠨ ᠤ ᠨᠠᠶᠢᠳᠠᠯᠭ᠎ᠠ ᠪᠠᠷ ᠨᠢᠭᠡᠨ ᠤᠳᠠᠭ᠎ᠠ ᠴᠡᠪᠡᠷᠯᠡᠭᠡ ᠬᠢᠬᠦ ᠦᠶᠡᠰ ᠪᠢ ᠠᠩᠭᠢ ᠶᠢ ᠨᠢ ᠲᠠᠭᠠᠭᠰᠠᠨ ᠳᠤ ᠲᠡᠳᠡᠭᠡᠷ ᠰᠤᠷᠤᠭᠴᠢᠳ ᠶᠡᠭᠡ ᠯᠡ ᠲᠡᠭᠡᠷᠡᠩᠭᠦᠢ ᠵᠠᠩ ᠭᠠᠷᠭᠠᠵᠤ᠂ ᠨᠢᠭᠡ ᠬᠡᠯᠡᠪᠡᠯ ᠨᠢᠭᠡ ᠬᠦᠳᠡᠯᠵᠤ᠂ ᠰᠢᠨ᠎ᠠ ᠢᠷᠡᠭᠰᠡᠨ ᠪᠠᠭᠰᠢ ᠶᠠᠭᠤ ᠯᠠ ᠪᠠᠶᠢᠬᠤᠪ ᠭᠡᠰᠡᠨ ᠰᠢᠭ ᠬᠠᠷᠠᠴᠠ ᠪᠠᠷ ᠬᠠᠷᠠᠵᠤ ᠬᠤᠶᠠᠷ ᠭᠤᠷᠪᠠ ᠪᠠᠷ ᠢᠶᠠᠨ ᠰᠠᠮ ᠶᠠᠷᠢᠯᠴᠠᠵᠤ ᠪᠠᠶᠢᠯ᠎ᠠ᠂ ᠶᠠᠭᠤ ᠨᠢᠭᠡ ᠶᠢ ᠠᠪᠤᠭᠠᠳ ᠢᠷ᠎ᠡ ᠭᠡᠬᠦ ᠳᠤ ᠬᠡᠨ ᠢ ᠨᠢ ᠬᠡᠯᠡᠪᠡᠯ ᠬᠡᠨ ᠨᠢ ᠲᠤᠷ᠎ᠠ ᠮᠠᠭᠤᠲᠠᠶᠢᠬᠠᠨ ᠪᠠᠶᠢᠵᠤ ᠬᠦᠳᠡᠯᠬᠦ ᠲᠤᠷ᠎ᠠ ᠦᠭᠡᠢ ᠪᠠᠶᠢᠯ᠎ᠠ᠃ ᠲᠡᠮᠡᠢ ᠤᠳᠠᠯ ᠦᠭᠡᠢ ᠤᠤᠯ ᠤᠨ ᠠᠩᠭᠢ ᠶᠢᠨ ᠡᠷᠬᠢᠯᠡᠭᠴᠢ ᠨᠢ ᠠᠵᠢᠯ ᠰᠢᠯᠵᠢᠭᠰᠡᠨ ᠪᠤᠯᠬᠤᠷ ᠲᠤᠰ ᠲᠤᠷᠰᠢᠯᠲᠠ ᠶᠢᠨ ᠠᠩᠭᠢ ᠶᠢ ᠪᠢ ᠡᠷᠬᠢᠯᠡᠭᠦ ᠪᠤᠯᠤᠭᠰᠠᠨ ᠪᠠᠶᠢᠨ᠎ᠠ᠃ ᠡᠶᠢᠮᠦ ᠵᠠᠪᠰᠢᠶᠠᠨ ᠢᠶᠠᠷ ᠠᠩᠬ᠎ᠠ ᠪᠠᠭᠰᠢ ᠶᠢᠨ ᠪᠠᠶᠢᠷᠢ ᠳᠤ ᠭᠠᠷᠤᠮᠠᠭᠴᠠ ᠰᠢᠯᠢᠳᠡᠭ ᠠᠩᠭᠢ ᠶᠢ ᠲᠤᠰᠤᠨ ᠠᠪᠬᠤ ᠳᠤ ᠪᠠᠨ ᠪᠢ ᠭᠦᠭᠡᠷᠦᠨ ᠪᠠᠶᠠᠷᠯᠠᠵᠤ᠂ ᠲᠡᠳᠡᠭᠡᠷ ᠰᠠᠶᠢᠨ ᠰᠤᠷᠤᠯᠭᠠᠳᠠᠳ ᠢ ︽ᠲᠡᠳᠡᠨ ᠠᠵᠠ ᠪᠤᠰᠤ ᠮᠢᠨᠤ ᠡᠷᠬᠡᠨ ᠳᠤ ᠤᠷᠤᠯ᠎ᠠ︾ ᠭᠡᠵᠦ ᠰᠡᠮ ᠢᠶᠠᠷ ᠪᠤᠳᠤᠵᠤ ᠪᠠᠶᠢᠭᠰᠠᠨ᠂ ᠮᠦᠨ ᠴᠦ ᠡᠳᠡᠭᠡᠷ ᠰᠤᠷᠤᠯᠭ᠎ᠠ ᠰᠠᠶᠢᠲᠠᠢ ᠪᠠᠷᠳᠠᠮ ᠰᠤᠷᠤᠭᠴᠢᠳ ᠨᠠᠮᠠᠢᠢ ᠶᠡᠷᠦ ᠨᠢ ᠨᠢᠭᠡ ᠴᠦ ᠤᠶᠢᠯᠠᠭᠠᠬᠤ ᠦᠭᠡᠢ ᠶᠤᠮ ᠴᠢᠨᠢ ᠬᠡᠷᠬᠢᠨ ᠪᠢᠰᠢᠷᠡᠬᠦ ᠪᠢᠯᠡ︖ ᠭᠡᠵᠦ ᠰᠠᠨᠠᠵᠤ ᠪᠠᠶᠢᠭᠰᠠᠨ᠃ ᠡᠭᠦᠨ ᠳᠤ ᠪᠢ ᠬᠠᠮᠤᠭ ᠤᠨ ᠲᠡᠷᠢᠭᠦᠨ ᠳᠤ ᠰᠤᠷᠤᠭᠴᠢᠳ ᠤᠨ ᠬᠦᠨᠳᠤᠳᠭᠡᠯ ᠪᠢᠰᠢᠷᠡᠯ ᠢ ᠤᠯᠵᠤ᠂ ᠮᠦᠨ ᠰᠤᠷᠤᠭᠴᠢᠳ ᠤᠨ ᠤᠷᠮ᠎ᠠ ᠵᠤᠷᠢᠭ ᠢ ᠡᠷᠴᠢᠯᠡᠬᠦ ᠶᠢᠨ ᠲᠦᠯᠦᠭᠡ ᠶᠡᠷᠦ ᠶᠢᠨ ᠴᠠᠭ ᠲᠤ ᠰᠦᠯᠵᠢᠶ᠎ᠡ ᠶᠤᠮ ᠤᠤ᠂ ᠨᠤᠮ ᠪᠢᠴᠢᠭ ᠠᠴᠠ ᠨᠡᠷᠡᠲᠤ ᠬᠦᠮᠦᠰ ᠤᠨ ᠠᠮᠵᠢᠯᠲᠠ ᠤᠯᠤᠭᠰᠠᠨ ᠲᠤᠷᠰᠢᠯᠭ᠎ᠠ ᠰᠤᠷᠭᠠᠮᠵᠢ ᠵᠢᠴᠢ ᠭᠦᠨ ᠤᠬᠠᠭᠠᠨ ᠤ ᠶᠤᠰᠤ ᠤᠴᠢᠷ ᠢᠶᠠᠷ ᠲᠤᠯᠢ ᠪᠤᠯᠭᠠᠨ ᠮᠠᠲ᠋ᠧᠷᠢᠶᠠᠯ ᠴᠤᠭᠯᠠᠭᠤᠯᠵᠤ᠂ ᠤᠯᠠᠨ ᠤᠳᠠᠭ᠎ᠠ ᠶᠠᠷᠢᠶ᠎ᠠ ᠢᠯᠡᠳᠭᠡᠯ ᠬᠢᠵᠤ᠂ ᠦᠪᠡᠷ ᠤᠨ ᠠᠵᠢᠯᠯᠠᠭᠰᠠᠨ ᠦᠡᠭᠭᠡᠷᠡᠯᠲᠡ᠂ ᠬᠡᠷᠬᠢᠨ ᠰᠤᠷᠤᠯᠴᠠᠵᠤ ᠪᠠᠶᠢᠭᠰᠠᠨ ᠠᠷᠭ᠎ᠠ ᠰᠠᠮᠪᠠᠭ᠎ᠠ ᠪᠠᠨ ᠲᠡᠳᠡᠨ ᠲᠠᠢ ᠬᠤᠪᠢᠶᠠᠯᠴᠠᠬᠤ ᠳᠤ ᠲᠡᠳᠡᠨᠦᠰ ᠨᠠᠳᠠ ᠲᠠᠢ ᠠᠭᠠᠵᠢᠮ ᠠᠭᠠᠵᠢᠮ ᠢᠶᠠᠷ ᠤᠢᠢᠷᠠᠳᠤᠬᠤ ᠪᠤᠯᠵᠠᠢ᠃      ᠭᠤᠷᠪᠠ ᠳᠤ᠂ ᠠᠩᠭᠢ ᠶᠢᠨ ᠡᠷᠬᠢᠯᠡᠭᠴᠢ ᠪᠤᠯᠤᠭᠰᠠᠨ ᠬᠦᠮᠦᠨ ᠡᠷᠬᠡᠪᠰᠢ ᠪᠦᠬᠦ ᠰᠤᠷᠤᠭᠴᠢ ᠳᠤ ᠬᠠᠨᠳᠤᠵᠤ᠂ ᠰᠤᠷᠤᠭᠴᠢ ᠪᠦᠬᠦᠨ ᠳᠤ ᠤᠷᠤᠰᠢᠨ ᠲᠤᠭᠲᠠᠨᠢᠵᠤ ᠪᠠᠶᠢᠬᠤ ᠦᠨ᠎ᠡ ᠦᠷᠲᠡᠭ ᠢ ᠮᠡᠳᠡᠭᠦᠯᠵᠤ᠂ ᠬᠢᠴᠢᠶᠡᠯ ᠪᠤᠯᠭᠠᠨ ᠳᠤ ᠬᠢᠨᠠᠮᠠᠭᠠᠢ ᠬᠠᠨᠳᠤᠵᠤ᠂ ᠬᠢᠴᠢᠶᠡᠯ ᠢᠯᠭᠠᠯ ᠦᠭᠡᠢ ᠴᠢᠷᠮᠠᠶᠢᠨ ᠰᠤᠷᠬᠤ ᠶᠢ ᠵᠤᠷᠢᠬᠵᠢᠭᠤᠯᠤᠨ᠎ᠠ᠃ ᠪᠢ ᠵᠠᠷᠢᠮ ᠳᠤ ᠪᠠᠨ ᠵᠤᠬᠢᠶᠠᠨ ᠪᠢᠴᠢᠬᠦ ᠲᠤᠬᠠᠢ᠂ ᠵᠠᠷᠢᠮ ᠳᠤ ᠪᠠᠨ ᠹᠢᠽᠢᠺ᠂ ᠬᠢᠮᠢ ᠵᠡᠷᠭᠡ ᠡᠯ᠎ᠡ ᠬᠢᠴᠢᠶᠡᠯ ᠲᠦᠷᠦᠯ ᠤᠨ ᠲᠠᠯ᠎ᠠ ᠪᠠᠷ ᠬᠡᠷᠬᠢᠨ ᠰᠤᠷᠤᠯᠴᠠᠬᠤ ᠲᠤᠬᠠᠢ ᠰᠤᠷᠤᠭᠴᠢᠳ ᠲᠠᠢ ᠶᠠᠷᠢᠯᠴᠠᠵᠤ ᠤᠷᠮ᠎ᠠ ᠶᠢ ᠨᠢ ᠲᠠᠶᠢᠴᠢᠯᠠᠳᠠᠭ᠃ ᠪᠢ ᠶᠡᠷᠦ ᠳᠤ ᠪᠠᠨ ᠶᠠᠪᠤᠳᠠᠯ ᠤᠴᠢᠷ ᠢ ᠨᠠᠷᠢᠯᠢᠬ ᠰᠡᠳᠬᠢᠳᠡᠭ ᠬᠠᠨ ᠴᠦ ᠢ ᠭᠡᠳᠡᠭ ᠰᠤᠷᠤᠭᠴᠢ ᠶᠢ ᠬᠢᠴᠢᠶᠡᠯ ᠤᠨ ᠲᠦᠯᠦᠭᠡᠯᠡᠭᠴᠢ ᠪᠠᠷ ᠰᠤᠩᠭᠤᠵᠤ ᠭᠡᠷᠡᠭᠯᠡᠪᠡ᠂ ᠲᠤᠮᠳᠠᠳᠤ ᠰᠢᠯᠭᠠᠯᠲᠠ ᠳᠤ ᠲᠤᠰ ᠰᠤᠷᠤᠭᠴᠢ ᠠᠩᠭᠢ‌‍ᠳᠤ ᠪᠠᠨ 596 ᠬᠤᠪᠢ ᠪᠠᠷ ᠨᠢᠭᠡᠳᠤᠭᠡᠷ ᠰᠢᠯᠭᠠᠵᠤ᠂ ᠬᠤᠰᠢᠭᠤᠨ ᠳᠤ ᠠᠷᠪᠠᠨ ᠬᠤᠶᠠᠳᠤᠭᠠᠷ ᠰᠢᠯᠭᠠᠭᠰᠠᠨ ᠪᠠᠶᠢᠨ᠎ᠠ᠃ ᠲᠠᠷᠠ ᠤᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠭᠠᠨ ᠤ ᠰᠠᠯᠪᠤᠷᠢ ᠳᠤ ᠰᠤᠷᠤᠯᠴᠠᠵᠤ᠂ ᠠᠰᠫᠢᠷᠠᠨᠲ ᠤᠨ ᠴᠤᠯᠠ ᠤᠯᠬᠤ ᠪᠠᠷ ᠴᠢᠷᠮᠠᠶᠢᠵᠤ ᠪᠠᠶᠢᠨ᠎ᠠ᠃ ᠠᠩᠬ᠎ᠠ ᠬᠤᠶᠠᠳᠤᠭᠠᠷ ᠤᠨ ᠪᠤᠯᠬᠤ ᠳᠤ ᠹᠢᠽᠢᠺ ᠤᠨ ᠬᠢᠴᠢᠶᠡᠯ ᠨᠡᠮᠡᠭᠳᠡᠵᠤ᠂ ᠪᠠᠶᠠᠨᠲᠠᠯ᠎ᠠ ᠭᠡᠳᠡᠭ ᠰᠤᠷᠤᠭᠴᠢ ᠶᠢ ᠬᠢᠴᠢᠶᠡᠯ ᠤᠨ ᠲᠦᠯᠦᠭᠡᠯᠡᠭᠴᠢ ᠪᠤᠯᠭᠠᠵᠠᠢ᠃ ᠲᠡᠷᠡ ᠦᠶᠡᠰ ᠲᠤᠰ ᠰᠤᠷᠤᠭᠴᠢ ᠶᠢᠨ ᠰᠤᠷᠤᠯᠭ᠎ᠠ ᠶᠢᠨ ᠬᠢᠷᠢ ᠪᠦᠳᠦᠮᠵᠢ ᠨᠢ ᠠᠩᠭᠢ ᠳᠤ ᠪᠠᠨ ᠵᠢᠷᠭᠤᠳᠤᠭᠠᠷ ᠲᠤ ᠵᠢᠭᠰᠠᠭᠠᠵᠤ ᠪᠠᠶᠢᠭᠰᠠᠨ᠃ ᠲᠤᠮᠳᠠᠳᠤ ᠰᠢᠯᠭᠠᠯᠲᠠ ᠳᠤ ᠠᠩᠭᠢ ᠳᠤ ᠪᠠᠨ 587 ᠬᠤᠪᠢ‌‍ᠪᠠᠷ ᠭᠤᠷᠪᠠᠳᠤᠭᠠᠷ ᠲᠤ ᠰᠢᠯᠭᠠᠵᠠᠢ᠃ ᠤᠳᠤ ᠦᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠨ᠎ᠠ᠃ ᠠᠩᠬ᠎ᠠ ᠭᠤᠷᠪᠠᠳᠤᠭᠠᠷ ᠤᠨ ᠪᠤᠯᠬᠤ ᠳᠤ ᠬᠢᠮᠢ ᠶᠢᠨ ᠬᠢᠴᠢᠶᠡᠯ ᠲᠦᠷᠦᠯ ᠨᠡᠮᠡᠭᠳᠡᠵᠤ᠂ ᠶᠠ ᠮᠸᠢ ᠭᠡᠳᠡᠭ ᠰᠤᠷᠤᠭᠴᠢ ᠪᠠᠷ ᠬᠢᠴᠢᠶᠡᠯ ᠤᠨ ᠲᠦᠯᠦᠭᠡᠯᠡᠭᠴᠢ ᠲᠠᠯᠪᠢᠵᠠᠢ᠃ ᠲᠤᠰ ᠰᠤᠷᠤᠭᠴᠢ ᠶᠢᠨ ᠰᠤᠷᠤᠯᠭ᠎ᠠ ᠶᠢᠨ ᠬᠢᠷᠢ ᠪᠦᠳᠤᠮᠵᠢ ᠨᠢ ᠠᠩᠬᠢ ᠳᠤ ᠪᠠᠨ ᠨᠠᠢᠮᠠᠳᠤᠭᠠᠷ ᠪᠠᠶᠢᠵᠠᠢ᠃ ᠲᠤᠮᠳᠠᠳᠤ ᠰᠢᠯᠭᠠᠯᠲᠠ ᠳᠤ 594 ᠬᠤᠪᠢ ᠪᠠᠷ ᠠᠩᠭᠢ ᠳᠤ ᠪᠠᠨ ᠬᠤᠶᠠᠳᠤᠭᠠᠷ ᠲᠤ ᠤᠷᠤᠭᠰᠠᠨ ᠪᠠᠶᠢᠨ᠎ᠠ᠃ ᠤᠳᠤ ᠪᠤᠯ ᠬᠠᠷᠪᠢᠨ ᠤ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠠᠴᠠ ᠲᠡᠭᠦᠰᠴᠦ ᠴᠢᠩᠳᠦᠤ ᠶᠢᠨ ᠨᠢᠭᠡᠨ ᠶᠡᠭᠡ ᠰᠤᠷᠭᠠᠭᠤᠯᠢ ᠶᠢᠨ ᠰᠤᠳᠤᠯᠬᠤ ᠰᠤᠷᠤᠭᠴᠢ ᠪᠠᠷ ᠰᠤᠷᠤᠯᠴᠠᠵᠤ ᠪᠠᠶᠢᠨ᠎ᠠ᠃ ᠡᠳᠡᠭᠡᠷ ᠭᠤᠷᠪᠠᠨ ᠰᠤᠷᠤᠭᠴᠢ ᠴᠦᠮ ᠬᠢᠴᠢᠶᠡᠯ ᠤᠨ ᠲᠦᠯᠦᠭᠡᠯᠡᠭᠴᠢ ᠪᠤᠯᠤᠭᠰᠠᠨ ᠤ ᠰᠡᠭᠦᠯᠡᠷ ᠨᠢᠭᠤᠭᠳᠠᠮᠠᠯ ᠬᠦᠴᠦᠨ ᠢᠶᠠᠨ ᠭᠦᠢᠴᠡᠳ ᠪᠠᠳᠠᠷᠠᠭᠤᠯᠵᠤ ᠴᠢᠳᠠᠵᠠᠢ᠃ ᠲᠤᠰ ᠠᠩᠭᠢ ᠶᠢᠨ ᠰᠤᠷᠤᠭᠴᠢᠳ ᠮᠤᠩᠭᠤᠯ ᠬᠡᠯᠡᠨ ᠤ ᠬᠠᠰᠪᠠᠷᠰ ᠪᠠᠭᠰᠢ ᠶᠢᠨ ᠵᠢᠯᠤᠭᠤᠳᠤᠯᠭ᠎ᠠ ᠲᠤᠤᠷ᠎ᠠ ᠨᠠᠢᠮᠠᠨ ᠮᠤᠵᠢ ᠤᠷᠤᠨ ᠤ ︽ᠨᠠᠢᠮᠠᠨ ᠰᠢᠷᠭ᠎ᠠ︾ ᠵᠤᠬᠢᠶᠠᠯ ᠤᠨ ᠤᠷᠤᠯᠳᠤᠭᠠᠨ ᠳᠤ ᠨᠢᠭᠡᠳᠤᠭᠡᠷ ᠨᠡᠷᠡᠰ ᠲᠤ ᠨᠢᠭᠡ᠂ ᠬᠤᠶᠠᠳᠤᠭᠠᠷ ᠨᠡᠷᠡᠰ ᠲᠤ ᠬᠤᠶᠠᠷ᠂ ᠭᠤᠷᠪᠠᠳᠤᠭᠠᠷ ᠨᠡᠷᠡᠰ ᠲᠤ ᠬᠤᠶᠠᠷ᠂ ᠰᠢᠯᠢᠳᠡᠭ ᠨᠡᠷᠡᠰ ᠲᠤ ᠭᠤᠷᠪᠠᠨ ᠬᠦᠮᠦᠨ ᠳᠤᠳᠤᠷᠠᠵᠤ᠂ ᠲᠡᠭᠦᠨ ᠠᠴᠠ ᠪᠤᠯᠵᠤ ᠬᠦᠨᠳᠤᠳᠤ ᠵᠤᠬᠢᠶᠠᠯᠴᠢ ᠯᠢᠭᠳᠡᠨ ᠭᠤᠸᠠᠢ ᠪᠤᠯᠤᠨ ᠬᠡᠳᠤᠨ ᠵᠤᠬᠢᠶᠠᠯᠴᠢᠳ ᠲᠠᠢ ᠬᠠᠮᠲᠤ ᠰᠤᠷᠭᠠᠭᠤᠯᠢ ᠳᠤ ᠰᠠᠭᠠᠲᠠᠭᠰᠠᠨ᠂ ᠮᠦᠨ ᠦᠪᠤᠷ ᠮᠤᠩᠭᠤᠯ ᠤᠨ ᠲᠧᠯᠸᠢᠰ ᠬᠤᠷᠢᠶᠠᠨ ᠤ ᠬᠢᠨ ᠰᠤᠷᠭᠠᠭᠤᠯᠢ ᠳᠤ ᠰᠠᠭᠠᠲᠠᠨ ᠰᠤᠷᠪᠤᠯᠵᠢᠯᠠᠨ ᠮᠠᠳᠡᠭᠡᠯᠡᠭᠰᠡᠨ ᠪᠠᠶᠢᠨ᠎ᠠ᠃ ᠬᠤᠷᠢᠨ ᠭᠤᠷᠪᠠᠳᠤᠭᠠᠷ᠂ ᠬᠤᠷᠢᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ︽ᠬᠦᠰᠡᠯ ᠬᠤᠨᠳᠠᠭᠠᠲᠤ︾ ᠲᠤᠭᠠᠨ ᠤ ᠤᠬᠠᠭᠠᠨ ᠤ ᠤᠷᠤᠯᠳᠤᠭᠠᠨ ᠳᠤ ᠰᠤᠷᠤᠭᠴᠢ ᠴᠢ ᠲᠠᠨ᠎ᠠ ᠤᠯᠤᠰ ᠤᠨ ᠲᠡᠰ ᠤᠨ ᠨᠢᠭᠡᠳᠤᠭᠡᠷ ᠳᠡᠰ᠂ ᠰᠤᠷᠤᠭᠴᠢ ᠢᠪᠡᠭᠡᠯ ᠤᠯᠤᠰ ᠤᠨ ᠲᠡᠰ ᠤᠨ ᠬᠤᠶᠠᠳᠤᠭᠠᠷ ᠲᠡᠰ᠂ ᠰᠤᠷᠤᠭᠴᠢ ᠶᠠ ᠮᠧᠢ ᠤᠷᠤᠨ ᠤ ᠲᠡᠰ ᠤᠨ ᠨᠢᠭᠡᠳᠤᠭᠡᠷ ᠲᠡᠰ ᠲᠤ ᠰᠢᠯᠭᠠᠷᠠᠨ ᠭᠠᠷᠴᠦ᠂ ᠪᠠᠭᠰᠢ ᠳᠤ ᠪᠠᠨ ︽ᠰᠢᠯᠢᠳᠡᠭ ᠵᠢᠯᠤᠭᠤᠳᠤᠭᠴᠢ︾ ᠶᠢᠨ ᠴᠤᠯᠠ ᠶᠢ ᠠᠪᠴᠢᠷᠠᠵᠤ ᠦᠭᠴᠠᠢ᠃᠂ ᠹᠢᠽᠢᠺ᠂ ᠬᠢᠮᠢ᠂ ᠠᠮᠢᠳᠤ ᠪᠤᠳᠠᠰ᠂ ᠲᠠᠭᠤᠤ᠂ ᠲᠠᠮᠢᠷ ᠤᠨ ᠶᠡᠭᠡ ᠤᠷᠤᠯᠳᠤᠭᠠᠨ ᠳᠤ ᠴᠦᠮ ᠱᠠᠩᠨᠠᠯ ᠲᠤᠰᠤᠯ᠎ᠠ᠃ ᠲᠤᠮᠳᠠᠳᠤ ᠰᠢᠯᠭᠠᠯᠲᠠ ᠳᠤ 500 ᠤᠷᠴᠢᠮ ᠲᠡᠭᠰᠢᠳᠭᠡᠵᠤ 33 ᠬᠦᠮᠦᠨ ᠤ 17 ᠬᠦᠮᠦᠨ 500 ᠬᠤᠪᠢ ᠠᠴᠠ ᠲᠡᠭᠡᠭᠰᠢ ᠬᠢᠷᠢ ᠪᠦᠳᠤᠮᠵᠢ ᠤᠯᠤᠭᠰᠠᠨ ᠶᠤᠮ᠃ ᠡᠶᠢᠮᠦ ᠠᠴᠠ ᠵᠢᠭᠠᠨ ᠰᠤᠷᠭᠠᠬᠤ ᠶᠠᠪᠤᠴᠠ ᠳᠤ ᠪᠦᠬᠦ ᠰᠤᠷᠤᠭᠴᠢ ᠶᠢ ᠪᠦᠬᠦ ᠲᠠᠯ᠎ᠠ ᠪᠠᠷ ᠤᠷᠮ᠎ᠠ ᠶᠢ ᠬᠦᠭᠵᠢᠭᠡᠵᠤ ᠴᠢᠳᠠᠬᠤ ᠨᠢ ᠲᠦᠢᠯ ᠤᠨ ᠴᠢᠬᠤᠯᠠ ᠶᠤᠮ᠃      ᠲᠦᠷᠪᠡ ᠳᠤ᠂ ᠠᠩᠭᠢ ᠶᠢᠨ ᠡᠷᠬᠢᠯᠡᠭᠴᠢ ᠡᠷᠬᠡᠪᠰᠢ ᠰᠤᠷᠤᠭᠴᠢᠳ ᠤᠨ ᠠᠮᠢᠳᠤᠷᠠᠯ ᠤᠨ ᠵᠠᠩ ᠲᠠᠳᠬᠠᠯ ᠪᠠ ᠰᠤᠷᠤᠯᠴᠠᠬᠤ ᠵᠠᠩ ᠲᠠᠳᠬᠠᠯ ᠢ ᠬᠦᠮᠦᠵᠢᠭᠦᠯᠬᠦ ᠬᠡᠷᠡᠭᠲᠠᠢ᠃ ᠡᠯ᠎ᠠ ᠲᠠᠯ᠎ᠠ ᠶᠢᠨ ᠴᠢᠳᠠᠪᠤᠷᠢ ᠶᠢ ᠲᠠᠪᠲᠠᠨ ᠪᠤᠯᠪᠠᠰᠤᠷᠠᠭᠤᠯᠬᠤ ᠬᠡᠷᠡᠭᠲᠠᠢ᠃ ᠭᠠᠭᠴᠠ ᠬᠦ ᠨᠢᠳᠤᠨ ᠡᠮᠦᠨᠡᠬᠢ ᠪᠢᠰᠢ᠂ ᠬᠠᠷᠢᠨ ᠢᠷᠡᠭᠡᠳᠤᠢ ᠳᠤ ᠬᠡᠷᠬᠢᠨ ᠪᠡᠶ᠎ᠡ ᠪᠠᠨ ᠲᠠᠭᠠᠭᠠᠵᠤ ᠠᠵᠢᠯᠯᠠᠵᠤ ᠰᠤᠷᠤᠯᠴᠠᠬᠤ ᠲᠤᠬᠠᠢ ᠴᠢᠳᠠᠪᠤᠷᠢ ᠶᠢ ᠨᠢ ᠬᠦᠮᠦᠵᠢᠭᠦᠯᠦᠨ᠎ᠠ᠃ ︽ᠲᠤᠭᠲᠠᠭᠰᠠᠨ ᠴᠠᠭ ᠲᠤ ᠤᠨᠲᠠᠵᠤ᠂ ᠲᠤᠭᠲᠠᠭᠰᠠᠨ ᠴᠠᠭ ᠲᠤ ᠪᠤᠰᠬᠤ︾᠂ ︽ᠪᠡᠶ᠎ᠡ ᠪᠠᠨ ᠲᠠᠭᠠᠭᠠᠵᠤ ᠰᠤᠷᠤᠯᠴᠠᠬᠤ︾ ᠵᠡᠷᠭᠡ ᠵᠠᠩ ᠲᠠᠳᠬᠠᠯ ᠲᠠᠢ ᠪᠤᠯᠴᠢᠬᠠᠪᠡᠯ ᠵᠢᠭᠠᠨ ᠰᠤᠷᠭᠠᠬᠤ ᠠᠵᠢᠯ ᠠᠶᠠᠨᠳᠠᠭᠠᠨ ᠰᠢᠭᠤᠳ ᠰᠢᠯᠤᠭᠤᠨ ᠪᠤᠯᠳᠠᠭ᠃ ᠪᠢ ᠶᠡᠷᠦ ᠨᠢ ᠲᠡᠭᠦᠰᠦᠭᠰᠡᠨ ᠰᠤᠷᠤᠭᠴᠢᠳ ᠤᠨ ᠬᠤᠵᠢᠮ ᠤᠨ ᠬᠦᠭᠵᠢᠯᠲᠠ ᠶᠢ ᠲᠠᠭᠠᠵᠤ ᠠᠩᠬᠠᠷᠳᠠᠭ᠃ ᠲᠡᠳᠡᠨ ᠲᠠᠢ ᠬᠠᠮᠲᠤ ᠦᠡᠭᠭᠡᠷᠡᠭᠰᠡᠨ ᠢᠶᠠᠨ ᠵᠤᠭᠤᠭ ᠪᠤᠯᠭᠠᠨ ᠲᠡᠯᠭᠡᠨ᠂ ᠶᠠᠷᠢᠯᠴᠠᠭᠠᠨ ᠤ ᠲᠤᠮᠳᠠ ᠠᠴᠠ ᠦᠪᠡᠷ ᠤᠨ ᠲᠠᠪᠠᠭᠤᠯᠢᠭ ᠲᠠᠯ᠎ᠠ᠂ ᠲᠤᠲᠠᠭᠳᠠᠯ ᠲᠠᠢ ᠲᠠᠯ᠎ᠠ ᠪᠠᠨ ᠦᠵᠡᠵᠤ ᠭᠠᠷᠳᠠᠭ᠃ ᠲᠡᠭᠦᠰᠦᠭᠰᠡᠨ ᠰᠤᠷᠤᠭᠴᠢᠳ ᠤᠴᠠᠷᠠᠭᠰᠠᠭᠠᠷ᠄ ︽ᠪᠠᠭᠰᠢ ᠶᠢᠨ ᠨᠢᠭᠡ ᠪᠠᠲᠤᠯᠠᠬᠤ ᠰᠡᠳᠤᠪ ᠢ ᠶᠠᠷᠢᠶᠠᠨ ᠤ ᠬᠢᠴᠢᠶᠡᠯ ᠪᠤᠯᠭᠠᠨ ᠤᠯᠠᠨ ᠰᠤᠷᠤᠭᠴᠢ ᠪᠠᠷ ᠲᠠᠶᠢᠯᠪᠤᠷᠢᠯᠠᠭᠤᠯᠬᠤ ᠨᠢ ᠪᠢᠳᠡᠨ ᠳᠤ ᠬᠠᠮᠤᠭ ᠠᠴᠠ ᠭᠦᠨ ᠰᠠᠭᠤᠭᠳᠠᠯ ᠲᠠᠢ︾ ᠭᠡᠭᠦ ᠮᠡᠳᠦ ᠪᠠᠷ ᠶᠠᠷᠢᠳᠠᠭ᠃ ᠬᠤᠶᠠᠳᠤᠭᠠᠷ ᠤᠳᠠᠭᠠᠨ ᠤ ᠡᠷᠬᠢᠯᠡᠭᠰᠡᠨ ᠠᠩᠬᠢ ᠶᠢᠨ ᠰᠤᠷᠤᠭᠴᠢᠳ ᠠᠮᠵᠢᠯᠲᠠ ᠤᠯᠬᠤ ᠶᠢᠨ ᠭᠤᠷᠪᠠᠨ ᠨᠦᠬᠦᠴᠡᠯ ᠶᠠᠭᠤ ᠶᠠᠭᠤ ᠭᠡᠵᠤ ᠶᠠᠷᠢᠭᠰᠠᠨ ᠦᠭᠡ ᠶᠢ ᠴᠡᠭᠡᠵᠢᠯᠡᠴᠢᠭᠡᠭᠡᠳ ᠬᠤᠯᠪᠤᠭ᠎ᠠ ᠪᠤᠯᠭᠠᠨ ᠶᠠᠷᠢᠳᠠᠬ ᠪᠠᠶᠢᠭᠰᠠᠨ ᠭᠡᠨ᠎ᠠ᠃ ᠪᠢ ᠰᠤᠷᠤᠭᠴᠢ ᠪᠤᠯᠭᠠᠨ ᠢ ᠬᠦᠮᠦᠨ ᠤ ᠡᠮᠦᠨ᠎ᠠ ᠦᠭᠡ ᠶᠠᠷᠢᠵᠤ ᠴᠢᠳᠠᠭᠤᠯᠬᠤ ᠪᠠᠷ ᠴᠢᠷᠮᠠᠶᠢᠵᠤ ᠵᠠᠷᠢᠮ ᠳᠤ ᠪᠠᠨ ᠨᠢᠭᠡ ᠬᠢᠴᠢᠶᠡᠯ ᠤᠨ ᠴᠠᠭ ᠨᠢᠭᠡ ᠰᠡᠳᠤᠪ ᠢ ᠰᠤᠷᠤᠭᠴᠢ ᠪᠠᠷ ᠲᠠᠬᠢᠨ ᠲᠠᠪᠲᠠᠨ ᠰᠠᠮᠪᠠᠷ᠎ᠠ ᠳᠤ ᠭᠠᠷᠭᠠᠵᠤ ᠲᠠᠶᠢᠯᠪᠤᠷᠢᠯᠠᠭᠤᠯᠳᠠᠭ᠃      ᠲᠠᠪᠤ ᠳᠤ᠂ ᠠᠩᠭᠢ ᠶᠢᠨ ᠡᠷᠬᠢᠯᠡᠭᠴᠢ ᠪᠤᠯᠤᠭᠰᠡᠳ ᠠᠩᠭᠢ ᠶᠢᠨ ᠬᠤᠷᠠᠯ ᠤᠨ ᠦᠢᠯᠡᠳᠤᠯ ᠢ ᠭᠦᠢᠴᠡᠳ ᠪᠠᠳᠠᠷᠠᠭᠤᠯᠬᠤ ᠬᠡᠷᠡᠭᠲᠠᠢ᠃ ᠠᠩᠭᠢ ᠶᠢᠨ ᠬᠤᠷᠠᠯ ᠪᠤᠯ ᠠᠩᠭᠢ ᠶᠢᠨ ᠡᠷᠬᠢᠯᠡᠭᠴᠢ ᠶᠢᠨ ᠬᠠᠮᠤᠭ ᠠᠴᠠ ᠢᠯᠡᠭᠦᠦ ᠦᠢᠯᠡᠳᠤᠯ ᠢᠶᠠᠨ ᠪᠠᠳᠠᠷᠠᠭᠤᠯᠬᠤ ᠲᠠᠯᠠᠪᠤᠷ᠂ ᠨᠢᠭᠡ ᠠᠩᠭᠢ ᠶᠢᠨ ᠬᠢᠨ ᠤ ᠰᠡᠳᠭᠢᠯ ᠰᠠᠨᠠᠭ᠎ᠠ ᠪᠠᠨ ᠰᠤᠯᠢᠯᠴᠠᠬᠤ᠂ ᠬᠦᠰᠡᠯ ᠵᠤᠷᠢᠯᠲᠠ ᠶᠢ ᠳᠡᠯᠭᠡᠭᠦ ᠪᠤᠰᠤᠳ ᠬᠢᠴᠢᠶᠡᠯ ᠠᠴᠠ ᠢᠯᠭᠠᠭᠳᠠᠬᠤ ᠤᠨᠴᠠᠭᠠᠢ ᠴᠢᠨᠠᠷ ᠲᠠᠢ ᠬᠢᠴᠢᠶᠡᠯ ᠪᠤᠯᠬᠤ ᠶᠤᠮ᠃ ᠪᠢ ᠭᠠᠷᠠᠭ ᠪᠦᠷᠢ ᠶᠢᠨ ᠠᠩᠭᠢ ᠶᠢᠨ ᠬᠤᠷᠠᠯ ᠢ ᠨᠠᠷᠢᠯᠢᠬ ᠰᠡᠳᠭᠢᠵᠤ᠂ ᠶᠡᠷᠤ ᠶᠢᠨ ᠴᠠᠭ ᠴᠤᠭᠯᠠᠭᠤᠯᠵᠤ ᠬᠤᠷᠠᠮᠳᠤᠭᠤᠯᠤᠭᠰᠠᠨ ᠤᠷᠤᠰᠢᠵᠤ ᠪᠠᠶᠢᠭ᠎ᠠ ᠠᠰᠠᠭᠤᠳᠠᠯ ᠢ ᠶᠤᠰᠤ ᠤᠴᠢᠷ ᠢᠶᠠᠷ ᠲᠠᠶᠢᠯᠪᠤᠷᠢᠯᠠᠬᠤ ᠶᠢ ᠰᠦᠪᠡᠭᠴᠢᠯᠡᠵᠤ᠂ ᠰᠤᠷᠤᠯᠴᠠᠯᠭ᠎ᠠ ᠶᠢᠨ ᠲᠠᠯ᠎ᠠ ᠪᠠᠷ᠂ ᠤᠳᠠᠭ᠎ᠠ ᠪᠦᠷᠢ ᠶᠢᠨ ᠰᠢᠯᠭᠠᠯᠲᠠ ᠶᠢᠨ ᠲᠠᠷᠠᠭ᠎ᠠ ᠨᠠᠷᠢᠯᠢᠬ ᠵᠠᠳᠠᠯᠤᠯᠲᠠ ᠬᠢᠵᠤ᠂ ᠰᠢᠯᠭᠠᠯᠲᠠ ᠶᠢᠨ ᠬᠠᠭᠤᠳᠠᠰᠤ ᠶᠢ ᠤᠯᠠᠨ ᠬᠠᠷᠠᠭᠠᠰᠤ ᠠᠴᠠ ᠵᠠᠳᠠᠯᠵᠤ ᠡᠯ᠎ᠡ ᠬᠢᠴᠢᠶᠡᠯ ᠲᠦᠷᠦᠯ ᠤᠨ ᠬᠤᠭᠤᠷᠤᠨᠲᠤ᠂ ᠡᠯ᠎ᠡ ᠠᠩᠭᠢ ᠶᠢᠨ ᠬᠤᠭᠤᠷᠤᠨᠲᠤ᠂ ᠡᠯ᠎ᠡ ᠨᠦᠬᠦᠳ ᠤᠨ ᠬᠤᠭᠤᠷᠤᠨᠲᠤ ᠨᠢᠭᠡ ᠨᠢᠭᠡ ᠰᠤᠷᠤᠭᠴᠢ ᠶᠢ ᠪᠦᠬᠦ ᠲᠠᠯ᠎ᠠ ᠪᠠᠷ ᠨᠡᠪᠲᠡᠷᠡᠲᠡᠯ᠎ᠡ ᠬᠠᠷᠢᠴᠠᠭᠤᠯᠤᠨ᠂ ᠴᠢᠬᠤᠯᠠ ᠲᠠᠢ ᠦᠶᠡᠰ ᠨᠢᠭᠡ ᠨᠢᠭᠡ ᠰᠤᠷᠤᠭᠴᠢ ᠪᠠᠷ ᠲᠠᠭᠤᠳᠠᠵᠤ᠂ ᠦᠪᠡᠷ ᠤᠨ ᠵᠢᠭᠠᠵᠤ ᠪᠠᠶᠢᠭ᠎ᠠ ᠬᠢᠴᠢᠶᠡᠯ ᠲᠦᠷᠦᠯ ᠢᠶᠠᠨ ᠰᠢᠢᠳᠪᠤᠷᠢᠯᠡᠬᠦ ᠪᠠᠷ ᠪᠠᠷᠠᠬᠤ ᠦᠭᠡᠢ ᠪᠤᠰᠤᠳ ᠬᠢᠴᠢᠶᠡᠯ ᠲᠦᠷᠦᠯ ᠤᠨ ᠲᠠᠯ᠎ᠠ ᠪᠠᠷ ᠪᠠᠰᠠ ᠬᠦᠮᠦᠵᠢᠯ ᠬᠢᠭᠦ ᠶᠢ ᠵᠤᠷᠢᠯ᠎ᠠ᠃ ᠤᠴᠢᠷ ᠨᠢ ᠠᠩᠭᠢ ᠶᠢᠨ ᠡᠷᠬᠢᠯᠡᠭᠴᠢ ᠪᠤᠯ ᠨᠢᠭᠡ ᠠᠩᠭᠢ ᠶᠢᠨ ᠡᠵᠡᠨ ᠪᠤᠯᠤᠨ᠎ᠠ᠃ ᠰᠤᠷᠤᠭᠴᠢᠳ ᠤᠯᠠᠩᠬᠢ ᠳᠤ ᠪᠠᠨ ᠠᠩᠭᠢ ᠶᠢᠨ ᠡᠷᠬᠢᠯᠡᠭᠴᠢ ᠶᠢᠨ ᠦᠭᠡ ᠶᠢ ᠬᠢᠴᠢᠶᠡᠯ ᠲᠦᠷᠦᠯ ᠤᠨ ᠪᠠᠭᠰᠢ ᠶᠢᠨ ᠦᠭᠡ ᠠᠴᠠ ᠢᠯᠡᠭᠦᠦ ᠰᠡᠳᠭᠢᠯ ᠳᠤ ᠪᠠᠨ ᠠᠪᠳᠠᠭ᠃ ᠠᠩᠭᠢ ᠶᠢᠨ ᠡᠷᠬᠢᠯᠡᠭᠴᠢ ᠠᠩᠭᠢ ᠶᠢᠨ ᠬᠤᠷᠠᠯ ᠢ ᠭᠦᠢᠴᠡᠳ ᠠᠰᠢᠭᠯᠠᠨ᠂ ᠰᠠᠶᠢᠨ ᠰᠢᠯᠭᠠᠭᠰᠠᠨ ᠰᠤᠷᠤᠭᠴᠢ ᠶᠢ ᠮᠠᠭᠲᠠᠨ ᠰᠠᠶᠢᠰᠢᠶᠠᠵᠤ᠂ ᠪᠤᠰᠤᠳ ᠰᠤᠷᠤᠭᠴᠢ ᠶᠢ ᠰᠤᠷᠤᠯᠭ᠎ᠠ ᠳᠤ ᠪᠠᠨ ᠴᠢᠷᠮᠠᠶᠢᠯᠲᠠ ᠲᠠᠢ ᠰᠤᠷᠤᠭᠴᠢ ᠠᠴᠠ ᠲᠠᠭᠠᠨ ᠰᠤᠷᠤᠯᠴᠠᠬᠤ ᠶᠢ ᠤᠷᠢᠶᠠᠯᠠᠵᠤ᠂ ︽ᠰᠤᠷᠤᠭᠴᠢ ᠬᠦᠮᠦᠨ ᠰᠤᠷᠤᠯᠭ᠎ᠠ ᠳᠤ ᠪᠠᠨ ᠰᠢᠯᠢᠳᠡᠭ ᠬᠢᠷᠢ ᠪᠦᠲᠦᠮᠵᠢ ᠤᠯᠬᠤ︾ ᠪᠠᠷ ᠢᠷᠠᠭᠤ ᠠᠯᠳᠠᠷ ᠪᠤᠯᠭᠠᠨ᠂ ᠵᠦᠷᠢᠶᠡᠨ ᠲᠠᠢ ᠰᠤᠷᠤᠭᠴᠢ ᠪᠦᠬᠦᠨ ᠢ ᠬᠡᠵᠢᠶᠡᠳᠠ ᠬᠦᠰᠡᠯ ᠡᠷᠡᠮᠡᠯᠵᠡᠯ ᠲᠠᠰᠤᠷᠠᠯ ᠦᠭᠡᠢ᠂ ᠭᠦᠴᠢᠷ ᠪᠠᠷᠭᠡᠰᠢᠶᠡᠯ ᠤᠨ ᠡᠮᠦᠨ᠎ᠡ ᠲᠤᠯᠤᠭᠠᠢ ᠪᠦᠬᠦ᠋ᠢᠯ ᠦᠭᠡᠢ᠂ ᠠᠬᠢᠨ ᠲᠠᠬᠢᠨ ᠵᠤᠷᠢᠭ ᠢᠶᠠᠨ ᠡᠷᠴᠢᠯᠡᠨ ᠬᠦᠰᠡᠯᠡᠭ ᠤᠨ ᠲᠦᠯᠦᠭᠡ ᠨᠢᠯᠪᠤᠰᠤ ᠲᠠᠢ ᠴᠦ ᠭᠡᠰᠡᠨ ᠤᠷᠤᠭᠰᠢ ᠲᠡᠮᠡᠤᠯᠡᠬᠦ ᠪᠠᠲᠤ ᠴᠢᠩᠭ᠎ᠠ ᠢᠲᠡᠭᠡᠯ ᠵᠤᠷᠢᠭ ᠢ ᠪᠤᠢ ᠪᠤᠯᠭᠠᠨ᠎ᠠ᠃      ︽ᠮᠤᠳᠤ ᠶᠢ ᠪᠤᠶᠢᠵᠢᠭᠤᠯᠬᠤ ᠳᠤ ᠠᠷᠪᠠᠨ ᠵᠢᠯ᠂ ᠬᠦᠮᠦᠨ ᠢ ᠬᠦᠮᠦᠵᠢᠭᠦᠯᠬᠦ ᠳᠤ ᠵᠠᠭᠤᠨ ᠵᠢᠯ︾ ᠭᠡᠳᠡᠭ᠃ ᠤᠳᠤ ᠶᠢᠨ ᠰᠤᠷᠭᠠᠨ ᠬᠦᠮᠦᠵᠢᠯ ᠰᠤᠷᠤᠭᠴᠢᠳ ᠤᠨ ᠬᠡᠷᠬᠢᠨ ᠲᠤᠲᠤᠭᠠᠳᠤ ᠰᠡᠳᠭᠢᠯ ᠠᠴᠠ ᠪᠠᠨ ᠰᠤᠷᠤᠯᠴᠠᠬᠤ᠂ ᠦᠪᠡᠷ ᠢ ᠪᠠᠨ ᠤᠶᠢᠯᠠᠭᠠᠬᠤ᠂ ᠪᠤᠰᠤᠳ ᠢ ᠬᠠᠪᠰᠤᠷᠬᠤ᠂ ᠶᠠᠭᠠᠬᠢᠵᠤ ᠠᠮᠢᠳᠤᠯᠢᠭ ᠢᠶᠠᠷ ᠬᠦᠮᠦᠰ ᠤᠨ ᠬᠤᠭᠤᠷᠤᠨᠲᠤᠬᠢ ᠬᠠᠷᠢᠴᠠᠭ᠎ᠠ ᠶᠢ ᠰᠶᠢᠳᠪᠤᠷᠢᠯᠡᠬᠦ᠂ ᠶᠠᠭᠠᠬᠢᠵᠤ ᠠᠮᠢᠳᠤᠷᠠᠯ ᠰᠤᠷᠤᠯᠴᠠᠯᠭ᠎ᠠ ᠲᠤᠮᠳᠠᠬᠢ ᠲᠠᠷᠤᠭᠠᠰᠤ ᠶᠢ ᠬᠦᠡᠭᠭᠡᠷᠡᠭᠦᠯᠬᠦ ᠵᠡᠷᠭᠡ ᠰᠤᠷᠤᠭᠴᠢ ᠶᠢᠨ ᠰᠡᠳᠭᠢᠴᠡ ᠶᠢᠨ ᠬᠡᠪ ᠴᠢᠨᠠᠷ ᠢ ᠲᠡᠭᠡᠭᠰᠢᠯᠡᠭᠦᠯᠬᠦ ᠪᠠᠷ ᠭᠤᠤᠯᠳᠠᠵᠤ ᠪᠠᠶᠢᠨ᠎ᠠ᠃ ᠡᠶᠢᠮᠦ ᠠᠴᠠ ᠰᠢᠨ᠎ᠡ ᠡᠷᠡᠨ ᠤ ᠲᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠪᠤᠯᠤᠭᠰᠡᠳ ᠰᠤᠷᠤᠭᠴᠢᠳ ᠤᠨ ᠰᠡᠳᠭᠢᠴᠡ ᠶᠢᠨ ᠪᠠᠶᠢᠳᠠᠯ ᠢ ᠴᠠᠭ ᠲᠤᠬᠠᠢ ᠳᠤ ᠨᠢ ᠤᠶᠢᠯᠠᠭᠠᠵᠤ᠂ ᠪᠦᠬᠦ ᠠᠩᠭᠢ ᠶᠢᠨ ᠰᠤᠷᠤᠭᠴᠢ ᠶᠢᠨ ᠰᠡᠳᠭᠢᠴᠡ ᠶᠢᠨ ᠬᠡᠪ ᠴᠢᠨᠠᠷ ᠢ ᠲᠡᠭᠡᠭᠰᠢᠯᠡᠭᠦᠯᠵᠤ᠂ ᠰᠤᠷᠤᠭᠴᠢ ᠶᠢᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠵᠤ᠂ ︽ᠰᠦᠭ ᠰᠦᠨᠡᠰᠦ ᠲᠠᠢ᠂ ᠲᠤᠮᠳᠠᠳᠤ ᠶᠢᠨ ᠰᠡᠳᠭᠢᠯ ᠲᠠᠢ᠂ ᠲᠡᠯᠡᠬᠡᠢ ᠶᠢᠨ ᠬᠠᠷᠠᠴᠠ ᠲᠠᠢ︾ ᠢᠷᠡᠭᠡᠳᠤᠢ ᠶᠢᠨ ᠰᠢᠯᠢᠳᠡᠭ ᠴᠢᠳᠠᠪᠤᠷᠢᠲᠠᠨ ᠢ ᠬᠦᠮᠦᠵᠢᠭᠦᠯᠬᠦ ᠰᠠᠭᠤᠷᠢ ᠶᠢ ᠲᠠᠯᠪᠢᠪᠡᠯ ᠵᠤᠬᠢᠨ᠎ᠠ᠃          ᠬᠠᠶ᠋ᠢᠬ᠄ ᠵᠠᠯᠠᠶᠢᠳ ᠬᠤᠰᠢᠭᠤᠨ ᠤ ᠪᠠᠳᠠᠷᠠᠬᠤ ᠭᠤᠤᠯ ᠰᠤᠷᠭᠠᠭᠤᠯᠢ                               ︵ᠦᠨᠡᠨᠪᠠᠳᠤ ᠨᠠᠶᠢᠷᠠᠭᠤᠯᠪᠠ︶                              2019 ᠣᠨ ᠤ 3 ᠳ᠋ᠤᠭᠠᠷ ᠬᠤᠭᠤᠴᠠᠭ᠎ᠠ        
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map