︽ᠮᠣᠩᠭᠤᠯ ᠤᠨ ᠨᠢᠭᠤᠴᠠ ᠲᠤᠪᠴᠢᠶᠠᠨ︾ ᠤ ᠰᠤᠷᠭᠠᠭᠤᠯᠢ ᠶᠢᠨ ᠬᠦᠷᠢᠶᠡᠨ ᠳᠤ ᠬᠢ ᠤᠩᠰᠢᠯᠭ᠎ᠠ
ᠨᠡᠶᠢᠲᠡᠯᠡᠭᠰᠡᠨ ᠴᠠᠭ᠄
2020/1/2
                                  ᠮᠠᠶᠢᠯᠠᠰᠤ      ᠤᠡᠭᠰᠢᠯᠭ᠎ᠠ ᠪᠤᠯ ᠰᠤᠷᠤᠭᠴᠢᠳ ᠤᠨ ᠨᠢᠳᠤᠨ ᠬᠠᠷᠠᠭ᠎ᠠ ᠶᠢ ᠲᠠᠯᠠᠵᠤ᠂ ᠮᠠᠳᠠᠯᠭᠡ ᠪᠤᠯᠪᠠᠰᠤᠷᠠᠯ ᠢ ᠨᠢ ᠦᠷᠭᠡᠳᠭᠡᠭᠦ ᠪᠦᠳᠤᠮᠵᠢᠳᠠᠢ ᠠᠷᠭ᠎ᠠ ᠮᠦᠨ᠃ ᠭᠡᠭᠦ ᠳᠤ ᠪᠠᠨ ᠤᠡᠭᠰᠢᠬᠤ ᠠᠷᠭ᠎ᠠ ᠶᠢ ᠡᠵᠡᠮᠰᠢᠨ᠂ ᠤᠡᠭᠰᠢᠬᠤ ᠮᠠᠲ᠋ᠧᠷᠢᠶᠠᠯ ᠢᠶᠠᠨ ᠵᠦᠪ ᠰᠤᠩᠭᠤᠬᠤ ᠨᠢ ᠤᠡᠭᠰᠢᠯᠭ᠎ᠠ ᠶᠢᠨ ᠴᠢᠨᠠᠷ ᠴᠢᠨᠰᠠᠭ᠎ᠠ ᠶᠢ ᠰᠢᠭᠤᠳ ᠨᠦᠯᠦᠭᠡᠯᠡᠳᠡᠭ᠃ ᠲᠤᠤᠷ᠎ᠠ ︽ᠮᠤᠩᠭᠤᠯ ᠤᠨ ᠨᠢᠭᠤᠴᠠ ᠲᠤᠪᠴᠢᠶᠠᠨ︾ ᠢᠶᠠᠷ ᠤᠡᠭᠰᠢᠯᠭ᠎ᠠ ᠶᠢᠨ ᠮᠠᠲ᠋ᠧᠷᠢᠶᠠᠯ ᠪᠤᠯᠭᠠᠵᠤ᠂ ᠤᠯᠠᠭᠠᠨᠬᠠᠳᠠ ᠬᠤᠳᠠ ᠶᠢᠨ ᠪᠠᠭᠠᠷᠢᠨ ᠵᠡᠭᠦᠨ ᠬᠤᠰᠢᠭᠤᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠤᠡᠭᠰᠢᠯᠭ᠎ᠠ ᠶᠢᠨ ᠲᠠᠯ᠎ᠠ ᠪᠠᠷ ᠵᠢᠭᠠᠨ ᠵᠢᠯᠤᠭᠤᠳᠤᠭᠰᠠᠨ ᠲᠤᠬᠠᠢ ᠦᠷᠭᠡᠨ ᠤᠯᠠᠨ ᠪᠠᠭᠰᠢ ᠨᠠᠷ ᠲᠠᠢ ᠪᠠᠨ ᠬᠤᠪᠢᠶᠠᠯᠴᠠᠶ᠎ᠠ᠃      ︽ᠪᠠᠭᠠᠷᠢᠨ ᠵᠡᠬᠦᠨ ᠬᠤᠰᠢᠭᠤᠨ ᠤ ᠵᠢᠭᠠᠬᠤ ᠶᠢ ᠰᠤᠳᠤᠯᠬᠤ ᠲᠦᠪ ᠤᠨ ᠮᠠᠶᠢᠯᠠᠰᠤ ᠪᠠᠭᠰᠢ ︿ᠮᠣᠩᠭᠤᠯ ᠤᠨ ᠨᠢᠭᠤᠴᠠ ᠲᠤᠪᠴᠢᠶᠠᠨ﹀ ᠢ ᠬᠢᠴᠢᠶᠡᠯ ᠬᠦᠮᠦᠵᠢᠯ ᠲᠠᠢ ᠤᠶᠠᠯᠳᠤᠭᠤᠯᠤᠨ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠤ ︿ᠮᠤᠩᠭᠤᠯ ᠤᠨ ᠨᠢᠭᠤᠴᠠ ᠲᠤᠪᠴᠢᠶᠠᠨ﹀ ᠢ ᠤᠩᠰᠢᠭᠤᠯᠵᠤ᠂ ᠬᠤᠰᠢᠭᠤᠨ ᠤ ᠬᠡᠪᠴᠢᠶᠡᠨ ᠤ ︿ᠮᠤᠩᠭᠤᠯ ᠤᠨ ᠨᠢᠭᠤᠴᠠ ᠲᠤᠪᠴᠢᠶᠠᠨ﹀ ᠤ ᠮᠡᠳᠡᠯᠭᠡ ᠶᠢᠨ ᠮᠦᠷᠦ᠋ᠢᠴᠡᠭᠡᠨ ᠬᠢᠭᠰᠡᠨ ᠵᠡᠷᠭᠡ ᠠᠵᠢᠯᠯᠠᠭᠠᠨ ᠨᠢ ︿ᠮᠣᠩᠭᠤᠯ ᠤᠨ ᠨᠢᠭᠤᠴᠠ ᠲᠤᠪᠴᠢᠶᠠᠨ﹀ ᠤ ᠬᠢᠴᠢᠶᠡᠯ ᠬᠦᠮᠦᠵᠢᠯ ᠨᠢ ᠡᠷᠳᠡᠮ ᠰᠢᠨᠵᠢᠯᠡᠭᠡᠨ ᠤ ᠰᠤᠳᠤᠯᠭᠠᠨ ᠲᠠᠢ ᠠᠳᠠᠯᠢᠬᠠᠨ ᠦᠨ᠎ᠡ ᠦᠷᠲᠡᠭ ᠲᠠᠢ ᠭᠡᠳᠡᠭ ᠢ ᠬᠠᠷᠠᠭᠤᠯᠵᠤ ᠪᠠᠶᠢᠭ᠎ᠠ ᠶᠤᠮ︾ ᠭᠡᠵᠦ ᠦᠪᠦᠷ ᠮᠤᠩᠭᠤᠯ ᠤᠨ ᠶᠡᠭᠡ ᠰᠤᠷᠭᠠᠭᠤᠯᠢ‌‍ᠶᠢᠨ ᠪᠦᠷᠢᠨᠪᠠᠲᠤ ᠫᠷᠦᠹᠧᠰᠰᠤᠷ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ︽ᠮᠤᠩᠭᠤᠯ ᠤᠨ ᠨᠢᠭᠤᠴᠠ ᠲᠤᠪᠴᠢᠶᠡᠨ︾ ᠤ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠤᠨ ᠲᠡᠭᠦᠰᠬᠡᠯ ᠤᠨ ᠶᠠᠷᠢᠶᠠᠨ ᠳᠤ ᠪᠠᠨ ᠶᠠᠷᠢᠭᠰᠠᠨ ᠪᠠᠶᠢᠳᠠᠭ᠃ ᠡᠨᠡ ᠭᠦ ᠶᠠᠷᠢᠶ᠎ᠠ ᠨᠢ ᠨᠠᠳᠠᠳᠤ ᠶᠡᠬᠡᠬᠡᠨ ᠵᠤᠷᠢᠬᠵᠢᠭᠤᠯᠤᠯ ᠪᠤᠯᠤᠭᠰᠠᠨ ᠢᠶᠠᠷ ᠪᠠᠷᠠᠬᠤ ᠦᠭᠡᠢ ᠰᠤᠷᠤᠭᠴᠢᠳ ᠲᠤ ᠴᠦ ᠲᠤᠩ ᠶᠡᠭᠡ ᠤᠮᠤᠭᠰᠢᠯ ᠪᠤᠯᠤᠭᠰᠠᠨ ᠪᠠᠶᠢᠨ᠎ᠠ᠃      ᠨᠢᠭᠡ᠂ ᠶᠠᠭᠠᠬᠢᠭᠠᠳ ︽ᠮᠣᠩᠭᠤᠯ ᠤᠨ ᠨᠢᠭᠤᠴᠠ ᠲᠤᠪᠴᠢᠶᠠᠨ︾ ᠢ ᠰᠤᠩᠭᠤᠭᠰᠠᠨ ᠪᠤᠢ︖      ᠪᠢᠳᠡ ᠦᠷᠭᠦᠯᠵᠢ ᠰᠤᠷᠤᠭᠴᠢᠳ ᠢᠶᠠᠨ ᠨᠤᠮ ᠤᠩᠰᠢ ᠭᠡᠵᠦ ᠱᠠᠭᠠᠷᠳᠠᠬᠤ ᠠᠴᠠ ᠪᠢᠰᠢ᠂ ᠶᠠᠭᠠᠬᠢᠵᠦ ᠤᠩᠰᠢᠬᠤ᠂ ᠶᠠᠮᠠᠷ ᠨᠤᠮ ᠤᠩᠰᠢᠬᠤ᠂ ᠶᠠᠭᠠᠬᠢᠵᠦ ᠤᠩᠰᠢᠪᠠᠯ ᠬᠠᠮᠤᠭ ᠤᠨ ᠤᠶᠢᠯᠠᠭᠠᠮᠵᠢᠲᠠᠢ ᠮᠦᠷᠳᠡᠭᠡᠨ ᠲᠦᠷᠬᠡᠨ ᠰᠢᠩᠬᠡᠬᠡᠵᠦ ᠴᠢᠳᠠᠬᠤ ᠲᠤᠬᠠᠢ ᠵᠢᠭᠠᠨ ᠵᠢᠯᠤᠭᠤᠳᠤᠳᠠᠬ ᠨᠢ ᠴᠦᠭᠡᠨ᠃ ᠡᠨᠡ ᠭᠦ ᠪᠠᠶᠢᠳᠠᠯ ᠳᠤ ᠴᠢᠭᠯᠡᠬᠦᠯᠦᠨ 2017 ᠣᠨ ᠤ 9 ᠰᠠᠷ᠎ᠠ ᠠᠴᠠ ᠡᠬᠢᠯᠡᠨ ᠪᠠᠭᠰᠢ ᠰᠤᠷᠤᠭᠴᠢ ᠶᠢᠨ ᠨᠤᠮ ᠤᠩᠰᠢᠯᠭ᠎ᠠ ᠶᠢᠨ ᠲᠤᠬᠠᠢ ᠡᠯ᠎ᠡ ᠵᠦᠢᠯ ᠤᠨ ᠠᠰᠠᠭᠤᠳᠠᠯ ᠤᠳ ᠢ ᠵᠤᠷᠪᠤᠰᠯᠠᠨ ᠭᠠᠷᠭᠠᠵᠤ᠂ ᠶᠠᠭᠠᠬᠢᠵᠦ ︽ᠤᠩᠰᠢᠯᠭ᠎ᠠ︾ ᠬᠢᠬᠦ ᠲᠤᠬᠠᠢ ᠬᠤᠰᠢᠭᠤᠨ ᠤ ᠪᠠᠨ ᠪᠠᠭᠰᠢᠨᠠᠷ᠂ ᠰᠤᠷᠤᠭᠴᠢᠳ ᠲᠤ ᠲᠤᠰᠬᠠᠢ ᠰᠡᠳᠦᠪ ᠤᠨ ᠲᠠᠶᠢᠯᠤᠮᠵᠢ ᠬᠢᠬᠦ᠂ ᠬᠢᠴᠢᠶᠡᠯ ᠬᠦᠷᠬᠡᠬᠦ ᠵᠡᠷᠭᠡ ᠠᠵᠢᠯᠯᠠᠭᠠᠨ ᠢ ᠦᠷᠨᠢᠭᠦᠯᠦᠭᠰᠡᠨ ᠪᠠᠶᠢᠨ᠎ᠠ᠃      ᠬᠠᠮᠤᠭ ᠲᠡᠷᠢᠭᠦᠨ ᠳᠤ ᠪᠠᠭᠠᠷᠢᠨ ᠵᠡᠬᠦᠨ ᠬᠤᠰᠢᠭᠤᠨ ᠤ ᠡᠯ᠎ᠡ ᠮᠤᠩᠭᠤᠯ ᠪᠠᠭ᠎ᠠ ᠰᠤᠷᠭᠠᠭᠤᠯᠢ‌‍ᠳᠤ ᠬᠦᠷᠴᠦ᠂ ᠰᠤᠷᠤᠭᠴᠢᠳ ᠲᠤ ᠨᠤᠮ ᠤᠡᠭᠰᠢᠬᠤ ᠲᠤᠬᠠᠢ ᠵᠢᠯᠤᠭᠤᠳᠤᠮᠵᠢ ᠬᠢᠬᠦ ᠳᠤ ᠪᠠᠨ ᠨᠤᠮ ᠤᠩᠰᠢᠬᠤ ᠠᠷᠭ᠎ᠠ᠂ ᠴᠠᠭ ᠢᠶᠠᠨ ᠬᠡᠷᠬᠢᠨ ᠲᠤᠬᠢᠷᠠᠭᠤᠯᠬᠤ᠂ ᠤᠩᠰᠢᠭᠰᠠᠨ ᠵᠦᠢᠯ ᠢᠶᠠᠨ ᠶᠠᠭᠠᠬᠢᠵᠦ ᠰᠢᠩᠬᠡᠬᠡᠵᠦ ᠠᠪᠬᠤ᠂ ᠶᠠᠭᠠᠬᠢᠵᠦ ᠬᠡᠷᠡᠭᠯᠡᠬᠦ᠂ ᠨᠤᠮ ᠴᠤᠭᠯᠠᠭᠤᠯᠬᠤ᠂ ᠲᠤᠬᠢᠷᠠᠮᠵᠢᠲᠠᠢ ᠨᠤᠮ ᠰᠤᠩᠭᠤᠬᠤ ᠵᠡᠷᠭᠡ ᠲᠠᠯ᠎ᠠ ᠪᠠᠷ ᠶᠠᠷᠢᠵᠦ᠂ ᠨᠤᠮ ᠤᠡᠭᠰᠢᠬᠤ ︽ᠠᠷᠭ᠎ᠠ︾ ᠶᠢ ᠬᠢᠴᠢᠶᠡᠨ ᠲᠠᠨᠢᠯᠴᠠᠭᠤᠯᠤᠭᠰᠠᠨ ᠪᠠᠶᠢᠨ᠎ᠠ᠃ ᠤᠯᠠᠨ ᠨᠤᠮ ᠰᠤᠩᠭᠤᠬᠤ ᠪᠠᠷ ᠳᠠᠮᠵᠢᠨ ︽ᠮᠣᠩᠭᠤᠯ ᠤᠨ ᠨᠢᠭᠤᠴᠠ ᠲᠤᠪᠴᠢᠶᠠᠨ︾ ᠪᠤᠯ ᠬᠠᠮᠤᠭ ᠤᠨ ᠲᠤᠬᠢᠷᠠᠮᠵᠢᠲᠠᠢ ᠬᠡᠵᠦ ᠦᠵᠡᠯ᠎ᠡ᠃ ᠠᠩᠬᠠᠨ ᠤ ᠤᠩᠰᠢᠯᠭ᠎ᠠ ᠪᠠᠷ ᠳᠠᠮᠵᠢᠨ ᠲᠡᠮᠦᠵᠢᠨ ᠤ ᠨᠢᠭᠡ ᠨᠠᠰᠤᠨ ᠤ ᠲᠤᠬᠠᠢ ᠤᠶᠢᠯᠠᠭᠠᠵᠤ᠂ ᠬᠤᠶᠠᠳᠡᠬᠢ ᠤᠩᠰᠢᠯᠭ᠎ᠠ ᠪᠠᠷ ᠴᠢᠩᠬᠢᠰ ᠬᠠᠭᠠᠨ ᠢ ᠲᠠᠨᠢᠵᠦ᠂ ᠭᠤᠷᠪᠠᠳᠡᠬᠢ ᠤᠩᠰᠢᠯᠭ᠎ᠠ ᠪᠠᠷ ᠲᠡᠭᠦᠨ ᠤ ᠭᠠᠪᠢᠶ᠎ᠠ ᠵᠢᠳᠬᠦᠯ ᠤᠨ ᠲᠤᠬᠠᠢ ᠨᠠᠷᠢᠯᠢᠬ ᠤᠢᠢᠯᠠᠭᠠᠨ᠂ ᠳᠦᠷᠪᠡᠳᠡᠬᠢ ᠤᠩᠰᠢᠯᠭ᠎ᠠ ᠪᠠᠷ ᠁ ᠬᠡᠬᠦ ᠰᠡᠳᠬᠢᠮᠵᠢ ᠪᠠᠷ ᠤᠩᠰᠢᠯᠭ᠎ᠠ ᠬᠢᠯᠬᠡᠬᠦ ᠪᠠᠷ ᠵᠢᠯᠤᠭᠤᠳᠤᠭᠰᠠᠨ ᠶᠤᠮ᠃      ᠰᠤᠷᠤᠭᠴᠢᠳ ᠤᠨ ︽ᠮᠣᠩᠭᠤᠯ ᠤᠨ ᠨᠢᠭᠤᠴᠠ ᠲᠤᠪᠴᠢᠶᠠᠨ︾ ᠤ ᠤᠩᠰᠢᠯᠭ᠎ᠠ ᠶᠢᠨ ᠪᠠᠶᠢᠳᠠᠯ ᠢ ᠦᠨᠡᠯᠡᠵᠦ ᠵᠤᠷᠢᠬᠵᠢᠭᠤᠯᠬᠤ ᠵᠤᠷᠢᠯᠭ᠎ᠠ ᠪᠠᠷ 2018 ᠤᠨ ᠤ 6 ᠰᠠᠷ᠎ᠠ ᠶᠢᠨ 5 ᠤ ᠡᠳᠦᠷ᠂ ᠪᠠᠭᠠᠷᠢᠨ ᠵᠡᠬᠦᠨ ᠬᠤᠰᠢᠭᠤᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠮᠣᠩᠭᠤᠯ ᠤᠨ ᠨᠢᠭᠤᠴᠠ ᠲᠤᠪᠴᠢᠶᠠᠨ︾ ᠤ ᠮᠡᠳᠡᠯᠬᠡ ᠶᠢᠨ ᠮᠦᠷᠦ᠋ᠢᠴᠡᠭᠡᠨ ᠢ ᠵᠤᠬᠢᠶᠠᠨ ᠪᠠᠶᠢᠭᠤᠯᠵᠤ ᠶᠠᠪᠤᠭᠳᠠᠭᠤᠯᠤᠭᠰᠠᠨ ᠶᠤᠮ᠃ ᠡᠯ᠎ᠡ ᠰᠤᠷᠭᠠᠭᠤᠯᠢ ᠨᠢ ᠰᠤᠷᠭᠠᠭᠤᠯᠢ ᠶᠢᠨ ᠬᠡᠪᠴᠢᠶᠡᠨ ᠤ ᠰᠢᠭᠰᠢᠯᠲᠡ ᠪᠠᠷ ᠳᠠᠮᠵᠢᠨ ᠲᠤᠰᠪᠤᠷᠢ ᠲᠠᠪᠤᠨ ᠨᠡᠷ᠎ᠡ ᠰᠤᠷᠤᠭᠴᠢ ᠶᠢ ᠬᠤᠰᠢᠭᠤᠨ ᠤ ᠮᠦᠷᠦ᠋ᠢᠴᠡᠭᠡᠨ ᠳᠤ ᠪᠠᠲᠤᠯᠠᠨ ᠳᠡᠪᠰᠢᠭᠦᠯᠵᠦ᠂ ᠮᠦᠷᠦ᠋ᠢᠴᠡᠭᠡᠨ ᠨᠢ ᠬᠤᠪᠢ ᠬᠦᠮᠦᠨ ᠤ ᠬᠠᠷᠢᠭᠤᠯᠬᠤ ᠰᠡᠳᠦᠪ᠂ ᠪᠤᠯᠢᠶᠠᠯᠳᠤᠨ ᠬᠠᠷᠢᠭᠤᠯᠬᠤ ᠰᠡᠳᠦᠪ᠂ ᠳᠤᠭᠤᠶᠢᠯᠠᠩ ᠢᠶᠠᠷ ᠬᠠᠷᠢᠭᠤᠯᠬᠤ ᠰᠡᠳᠦᠪ᠂ ᠲᠦᠭᠰᠢᠭᠦᠷᠢᠲᠦ ᠰᠡᠳᠦᠪ ᠮᠡᠲᠦ ᠶᠢᠨ ᠬᠡᠯᠪᠡᠷᠢ ᠪᠠᠷ ᠬᠤᠷᠴᠠ ᠰᠢᠷᠦᠬᠦᠨ ᠶᠠᠪᠤᠭᠳᠠᠵᠤ᠂ ᠳᠤᠭᠤᠶᠢᠯᠠᠩ ᠤᠨ ᠬᠤᠪᠢ ᠪᠤᠯᠤᠨ ᠬᠤᠪᠢ ᠬᠦᠮᠦᠨ ᠤ ᠬᠤᠪᠢ ᠪᠠᠷ ᠲᠤᠰ ᠲᠤᠰ ᠰᠢᠯᠭᠠᠷᠠᠭᠤᠯᠤᠨ᠂ ᠲᠡᠷᠢᠬᠦᠨ ᠳᠤ ᠲᠤᠳᠤᠷᠠᠭᠰᠠᠨ ᠰᠤᠷᠤᠭᠴᠢ ᠳᠤ ︽ᠲᠤᠳᠤ ᠮᠠᠩᠯᠠᠢ︾ ᠨᠡᠷᠡᠮᠵᠢᠲᠦ ᠱᠠᠩᠨᠠᠯ ᠤᠨ ᠬᠤᠨᠳᠠᠭ᠎ᠠ ᠭᠠᠷᠳᠠᠭᠤᠯᠤᠭᠰᠠᠨ ᠪᠠᠶᠢᠨ᠎ᠠ᠃      ᠬᠤᠶᠠᠷ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠤ ︽ᠮᠣᠩᠭᠤᠯ ᠤᠨ ᠨᠢᠭᠤᠴᠠ ᠲᠤᠪᠴᠢᠶᠠᠨ︾ ᠢ ᠤᠩᠰᠢᠭᠤᠯᠬᠤ ᠨᠢ ᠶᠠᠮᠠᠷ ᠢᠳᠡᠪᠬᠢᠳᠠᠢ ᠦᠢᠯᠡᠳᠦᠯ ᠲᠠᠢ ᠪᠤᠢ︖      1. ᠶᠠᠮᠠᠷ ᠨᠤᠮ ᠤᠩᠰᠢᠬᠤ ᠪᠤᠢ ᠭᠡᠳᠡᠭ ᠠᠰᠠᠭᠤᠳᠠᠯ ᠢ ᠰᠢᠢᠳᠪᠦᠷᠢᠯᠡᠵᠡᠢ᠃ ᠰᠤᠷᠤᠭᠴᠢᠳ‌ᠢ ᠤᠩᠰᠢᠯᠭ᠎ᠠ ᠶᠢᠨ ᠲᠠᠰᠤᠭ ᠲᠤ ᠳᠠᠭᠠᠭᠤᠯᠵᠤ ᠤᠴᠢᠭᠠᠳ ᠨᠤᠮ ᠤᠩᠰᠢ ᠭᠡᠪᠡᠯ ᠬᠠᠭᠠᠰ ᠲᠤᠭᠠᠨ ᠤ ᠰᠤᠷᠤᠭᠴᠢ ᠨᠤᠮ ᠡᠷᠢᠵᠦ ᠴᠠᠭ ᠪᠠᠷᠠᠭᠠᠳᠠᠭ ᠪᠤᠯ ᠬᠠᠭᠠᠰ ᠲᠤᠭᠠᠨ ᠤ ᠬᠢᠨᠢ ᠨᠤᠮ ᠰᠤᠯᠢᠵᠦ ᠴᠠᠭ ᠪᠠᠷᠠᠭᠠᠳᠠᠭ᠃ ᠭᠡᠷᠪᠡ ᠲᠤᠰᠬᠠᠢ ᠨᠤᠮ ᠵᠢᠭᠠᠵᠤ ᠦᠭᠪᠡᠯ ᠲᠡᠭᠡᠷᠡᠬᠢ ᠶᠠᠷᠰᠢᠬ ᠲᠦᠪᠡᠭ ᠠᠴᠠ ᠵᠠᠶᠢᠯᠠᠰᠬᠢᠵᠤ ᠴᠢᠳᠠᠨ᠎ᠠ᠃      2. ᠰᠤᠷᠤᠭᠴᠢᠳ ᠤᠨ ᠦᠵᠡᠯᠲᠡ ᠲᠠᠨᠢᠯᠲᠠ ᠪᠠᠨ ᠰᠤᠯᠢᠯᠴᠠᠬᠤ ᠳᠤ ᠨᠦᠬᠦᠴᠡᠯ ᠬᠠᠩᠭᠠᠵᠠᠢ᠃      3. ᠬᠠᠷᠠᠬᠠᠨ ᠪᠠᠭ᠎ᠠ ᠠᠴᠠ ᠪᠠᠨ ᠲᠡᠦᠬᠡ ᠰᠤᠶᠤᠯ ᠢᠶᠠᠨ ᠤᠢᠢᠯᠠᠭᠠᠵᠤ᠂ ᠲᠡᠦᠭᠡ ᠰᠤᠶᠤᠯ ᠤᠨ ᠲᠤᠬᠠᠢ ᠵᠦᠪ ᠦᠵᠡᠯᠳᠠ ᠲᠠᠢ ᠪᠤᠯᠬᠤ ᠳᠤ ᠲᠤᠰᠠᠯᠠᠮᠵᠢ ᠦᠵᠠᠭᠦᠯᠦᠨ᠎ᠠ᠃ ᠬᠤᠰᠢᠭᠤᠨ ᠤ ᠮᠡᠳᠡᠯᠬᠡ ᠶᠢᠨ ᠮᠦᠷᠦ᠋ᠢᠴᠡᠭᠡᠨ ᠳᠤ ᠤᠷᠤᠯᠴᠠᠭᠰᠠᠨ ᠰᠤᠷᠤᠭᠴᠢ ᠬᠠᠶᠢᠨ᠎ᠠ᠄ ︽ᠡᠨᠡ ᠤᠳᠠᠭᠠᠨ ᠤ ᠨᠤᠮ ᠤᠩᠰᠢᠯᠭ᠎ᠠ ᠶᠢᠨ ᠬᠦᠳᠡᠯᠭᠡᠭᠡᠨ ᠢᠶᠠᠷ ᠳᠠᠮᠵᠢᠨ ᠮᠤᠩᠭᠤᠯ ᠰᠤᠶᠤᠯ ᠲᠡᠦᠬᠡ ᠪᠠᠨ ᠨᠡᠩ ᠰᠠᠶᠢᠨ ᠤᠶᠢᠯᠠᠭᠠᠭᠰᠠᠨ ᠪᠠᠶᠢᠨ᠎ᠠ᠂ ᠬᠤᠵᠢᠮ ᠪᠢ ᠮᠤᠩᠭᠤᠯ ᠨᠤᠮ ᠢᠯᠡᠬᠦᠬᠡᠨ ᠤᠩᠰᠢᠬᠤ ᠪᠠᠷ ᠴᠢᠷᠮᠠᠶᠢᠨ᠎ᠠ︾ ᠭᠡᠵᠡᠢ᠃      4. ᠪᠤᠰᠤᠳ ᠦᠯᠢᠭᠡᠷ ᠲᠡᠦᠬᠡ ᠶᠢᠨ ᠨᠤᠮ ᠦᠵᠡᠬᠦ ᠤᠷᠮᠠᠰᠢᠯ ᠲᠠᠢ ᠪᠤᠯᠭᠠᠭᠰᠠᠨ ᠪᠠᠶᠢᠨ᠎ᠠ᠃ ᠵᠠᠷᠢᠮ ᠬᠡᠦᠬᠡᠳ ︽ᠮᠤᠩᠭᠤᠯ ᠤᠨ ᠨᠢᠭᠤᠴᠠ ᠲᠤᠪᠴᠢᠶᠠᠨ︾ ᠢ ︽ᠴᠢᠩᠬᠢᠰ ᠬᠠᠭᠠᠨ︾ ᠬᠡᠬᠦ ᠵᠢᠷᠤᠭᠲᠤ ᠳᠡᠪᠲᠡᠷ ᠲᠠᠢ  ᠠᠳᠠᠯᠢᠳᠬᠠᠵᠦ᠂ ᠵᠠᠷᠢᠮ ᠨᠢ ︽ᠬᠤᠪᠢᠯᠠᠢ ᠬᠠᠭᠠᠨ︾ ᠲᠠᠢ ᠠᠳᠠᠯᠢᠳᠬᠠᠨ ᠪᠠᠰᠠ ᠵᠠᠷᠢᠮ ᠨᠢ ︽ᠬᠦᠬᠡ ᠰᠤᠳᠤᠷ︾ ᠢ ᠦᠵᠡᠯ᠎ᠡ ᠬᠡᠵᠦ ᠨᠠᠳᠠᠳᠤ ᠤᠮᠤᠭ ᠪᠠᠭ᠋ᠠᠳᠤᠮ᠎ᠠ ᠶᠠᠷᠢᠵᠦ ᠪᠠᠶᠢᠯ᠎ᠠ᠃ ᠬᠤᠰᠢᠭᠤᠨ ᠤ ᠮᠡᠳᠡᠯᠬᠡ ᠶᠢᠨ ᠮᠦᠷᠦ᠋ᠢᠴᠡᠭᠡᠨ ᠳᠤ ᠮᠠᠩᠯᠠᠶᠢᠯᠠᠭᠰᠠᠨ ᠪᠢᠴᠢᠬᠠᠨ ᠰᠤᠷᠤᠭᠴᠢ ᠪᠤᠶᠠᠨ᠎ᠠ ᠪᠤᠯ ᠳᠠᠷᠤᠢ ᠪᠤᠳᠠᠳᠤ ᠵᠢᠱᠢᠶ᠎ᠡ ᠶᠤᠮ᠃ ᠲᠡᠳᠡᠨ ᠤ ᠠᠩᠬᠢ ᠨᠢ ᠰᠡᠯᠡᠭᠦᠦ ᠴᠠᠭ ᠢᠶᠠᠨ ᠠᠰᠢᠭᠯᠠᠨ ︽ᠮᠣᠩᠭᠤᠯ ᠤᠨ ᠨᠢᠭᠤᠴᠠ ᠲᠤᠪᠴᠢᠶᠠᠨ︾ ᠢ ᠤᠷᠮ᠎ᠠ ᠲᠠᠢ ᠤᠩᠰᠢᠳᠠᠭ ᠢᠶᠠᠷ ᠪᠠᠷᠠᠬᠤ ᠦᠭᠡᠢ ᠮᠤᠩᠭᠤᠯ ᠲᠡᠦᠬᠡ ᠰᠤᠶᠤᠯ ᠤᠨ ᠲᠤᠬᠠᠢ ᠡᠯ᠎ᠡ ᠵᠦᠢᠯ ᠤᠨ ᠨᠤᠮ ᠤᠳ ᠢ ᠤᠩᠰᠢᠳᠠᠭ᠃   5. ᠨᠤᠮ ᠤᠩᠰᠢᠬᠤ ᠠᠷᠭ᠎ᠠ ᠶᠢᠨ ᠲᠤᠬᠠᠢ ᠨᠡᠯᠢᠶᠡᠳ ᠤᠶᠢᠯᠠᠭᠠᠯᠲᠠ ᠲᠠᠢ ᠪᠤᠯᠭᠠᠭᠰᠠᠨ ᠪᠠᠶᠢᠨ᠎ᠠ᠃ ᠨᠤᠮ ᠤᠡᠭᠰᠢᠬᠤ ᠲᠤᠬᠠᠢ ᠤᠬᠠᠭᠤᠯᠭ᠎ᠠ ᠬᠢᠭᠰᠡᠨ ᠠᠴᠠ ᠬᠤᠶᠢᠰᠢ ᠰᠤᠷᠤᠭᠴᠢᠳ ᠨᠠᠮᠠᠢᠢ ︽ᠨᠤᠮ ᠤᠩᠰᠢᠯᠭ᠎ᠠ ᠶᠢᠨ ᠪᠠᠭᠰᠢ︾ ᠭᠡᠵᠦ ᠳᠠᠭᠤᠳᠠᠳᠠᠭ ᠪᠤᠯᠵᠠᠢ᠃ ᠰᠤᠷᠤᠭᠴᠢᠳ ᠲᠠᠢ ᠤᠴᠠᠷᠠᠬᠤ ᠪᠤᠯᠭᠠᠨ ᠲᠡᠳᠡ ᠡᠶᠢᠮᠦ ᠠᠷᠭ᠎ᠠ ᠪᠠᠷ ᠶᠠᠮᠠᠷ ᠨᠤᠮ ᠤᠩᠰᠢᠭᠰᠠᠨ᠂ ᠶᠠᠮᠠᠷ ᠭᠤᠶᠢᠳᠠ ᠰᠠᠶᠢᠬᠠᠨ ᠭᠡᠯᠡᠯᠭᠡ ᠶᠢ ᠨᠢ ᠳᠡᠮᠳᠡᠭᠯᠡᠵᠦ ᠠᠪᠤᠭᠠᠳ ᠶᠠᠮᠠᠷ ᠵᠤᠬᠢᠶᠠᠯ ᠳᠤ ᠪᠠᠨ ᠠᠰᠢᠭᠯᠠᠭᠰᠠᠨ ᠭᠡᠵᠦ ᠪᠤᠯᠢᠶᠠᠯᠳᠤᠨ ᠬᠠᠷᠢᠭᠤ ᠮᠡᠳᠡᠭᠦᠯᠵᠦ ᠪᠠᠶᠢᠯ᠎ᠠ᠃      ᠲᠤᠰ ᠠᠵᠢᠯᠯᠠᠭᠠᠨ ᠦᠷᠨᠢᠭᠰᠡᠨ ᠠᠴᠠ ᠬᠤᠶᠢᠰᠢ ᠭᠡᠷ ᠤᠨ ᠠᠬᠠᠮᠠᠳ ᠬᠡᠦᠬᠡᠳ ᠢᠶᠠᠨ ᠲᠠᠭᠠᠵᠤ ︽ᠮᠣᠩᠭᠤᠯ ᠤᠨ ᠨᠢᠭᠤᠴᠠ ᠲᠤᠪᠴᠢᠶᠠᠨ︾ ᠢ ᠤᠩᠰᠢᠵᠤ᠂ ᠭᠡᠷ ᠪᠦᠯᠢ ᠶᠢᠨ ᠤᠩᠰᠢᠯᠭ᠎ᠠ ᠬᠢᠬᠦ ᠪᠠᠶᠢᠳᠠᠯ ᠢᠯᠡᠷᠡᠭᠰᠡᠨ ᠪᠠᠶᠢᠨ᠎ᠠ᠃      ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ︽ᠮᠤᠩᠭᠤᠯ ᠤᠨ ᠨᠢᠭᠤᠴᠠ ᠲᠤᠪᠴᠢᠶᠡᠨ︾ ᠤ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠢᠶᠠᠷ ᠳᠠᠮᠵᠢᠨ ᠮᠢᠨᠦ ᠬᠢᠭᠰᠡᠨ ᠡᠳᠡᠭᠡᠷ ᠠᠵᠢᠯ ᠨᠢ ᠡᠷᠳᠡᠮᠳᠡᠳ ᠤᠨ ᠠᠩᠬᠠᠷᠤᠯ ᠳᠤ ᠭᠦᠷᠦᠭᠡᠳ᠂ ᠦᠨᠳᠦᠷ ᠦᠨᠡᠯᠡᠯᠲᠡ ᠤᠯᠵᠤ᠂ ᠤᠯᠠᠨ ᠰᠠᠶᠢᠬᠠᠨ ᠰᠠᠨᠠᠯ ᠵᠦᠪᠯᠡᠯᠭᠡ ᠲᠤᠰᠴᠠᠢ᠃ ᠡᠷᠳᠡᠮᠳᠡᠳ ᠤᠨ ᠨᠠᠨᠳᠢᠨ ᠵᠠᠬᠢᠶ᠎ᠠ ᠨᠢ ᠨᠠᠳᠠᠳᠤ ᠨᠡᠩ ᠰᠠᠶᠢᠬᠠᠨ ᠭᠦᠰᠡᠯ ᠡᠪᠦᠷᠯᠡᠭᠦᠯᠵᠦ ᠰᠤᠷᠤᠭᠴᠢᠳ ᠲᠠᠢ ᠪᠠᠨ ᠬᠠᠮᠲᠤᠪᠡᠷ ︽ᠮᠤᠩᠭᠤᠯ ᠤᠨ ᠨᠢᠭᠤᠴᠠ ᠲᠤᠪᠴᠢᠶᠡᠨ︾ ᠢᠶᠠᠨ ᠦᠷᠭᠦᠯᠵᠢᠯᠡᠨ ᠤᠩᠰᠢᠵᠦ᠂ ᠰᠢᠨ᠎ᠡ ᠨᠢᠭᠡᠨ ᠬᠠᠷᠠᠭᠠᠰᠤᠨ ᠳᠤ ᠬᠦᠷᠭᠡᠬᠦ ᠪᠠᠷ ᠴᠢᠷᠮᠠᠶᠢᠨ᠎ᠠ ᠭᠡᠵᠦ ᠪᠤᠳᠤᠵᠤ ᠪᠤᠢ᠃      ᠬᠠᠶ᠋ᠢᠬ᠄ ᠪᠠᠭᠠᠷᠢᠨ ᠵᠡᠬᠦᠨ ᠬᠤᠰᠢᠭᠤᠨ ᠤ ᠵᠢᠭᠠᠬᠤ ᠶᠢ ᠰᠤᠳᠤᠯᠬᠤ ᠲᠦᠪ                               ︵ᠡᠾᠦ᠋ᠩ ᠮᠸᠢ ᠨᠠᠶᠢᠷᠠᠭᠤᠯᠪᠠ︶                               2019 ᠣᠨ ᠤ 2 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map