ᠠᠩᠬᠢ ᠶᠢᠨ ᠡᠷᠬᠢᠯᠡᠭᠴᠢ ᠶᠢᠨ ᠠᠵᠢᠯ ᠢ ᠬᠡᠷᠬᠢᠨ ᠬᠢᠬᠦ ᠲᠤᠬᠠᠢ
ᠨᠡᠶᠢᠲᠡᠯᠡᠭᠰᠡᠨ ᠴᠠᠭ᠄
2020/1/2
                                   ᠰᠠᠷᠠᠨᠪᠢᠯᠢᠭ᠌      ᠰᠤᠷᠭᠠᠨ ᠬᠦᠮᠦᠵᠢᠬᠦᠯᠬᠦ ᠪᠠᠷ ᠬᠦᠰᠡᠯ ᠵᠤᠷᠢᠯᠳᠠ ᠪᠠᠨ ᠪᠤᠯᠭᠠᠵᠤ᠂ ᠦᠷᠦᠭᠡᠯ ᠪᠤᠰᠤᠳ ᠤᠨ ᠬᠡᠥᠬᠡᠳ ᠢ ᠦᠪᠡᠷ ᠤᠨ ᠬᠡᠥᠬᠡᠳ ᠰᠢᠭ ᠢᠶᠠᠨ ᠬᠠᠶᠢᠷᠠᠯᠠᠵᠤ᠂ ᠰᠤᠶᠤᠯ ᠤᠨ ᠦᠷ᠎ᠡ ᠶᠢ ᠪᠦᠬᠦ᠋ᠢᠯᠡ ᠰᠤᠷᠤᠭᠴᠢᠳ ᠲᠤ ᠰᠠᠴᠤᠵᠤ ᠶᠠᠪᠤᠭ᠎ᠠ ᠪᠠᠭᠰᠢ ᠶᠢᠨ ᠠᠵᠢᠯ ᠬᠡᠭᠴᠢ ᠶᠡᠷᠦᠨᠢ ᠠᠮᠠᠷ ᠪᠤᠰᠦ ᠠᠵᠤ ᠶᠤᠮ ᠪᠠᠶᠢᠨ᠎ᠠ ᠬᠡᠵᠦ ᠠᠩᠬ᠎ᠠ ᠡᠬᠢᠯᠡᠵᠦ ᠠᠷᠠᠳ ᠤᠨ ᠪᠠᠭᠰᠢ ᠪᠤᠯᠤᠭᠰᠠᠨ ᠲᠡᠷᠡ ᠴᠠᠭ ᠠᠴᠠ ᠡᠬᠢᠯᠡᠵᠦ ᠤᠶᠢᠯᠠᠭᠠᠭᠰᠠᠨ ᠬᠡᠬᠦ ᠠᠴᠠ ᠠᠩᠬᠢ ᠶᠢᠨ ᠡᠷᠬᠢᠯᠡᠭᠴᠢ ᠶᠢᠨ ᠠᠵᠢᠯ ᠢ ᠭᠠᠷᠳᠠᠵᠦ ᠬᠢᠭᠰᠡᠨ ᠲᠡᠷᠡ ᠮᠦᠴᠡ ᠠᠴᠠ ᠨᠡᠩ ᠬᠦᠨᠵᠡᠬᠡᠢ ᠮᠡᠳᠡᠷᠡᠵᠦ ᠶᠠᠪᠤᠭᠰᠠᠨ ᠮᠢᠨᠢ ᠦᠨᠡᠨᠳᠠᠢ᠃       ᠡᠭᠦᠨ ᠳᠤ ᠰᠤᠷᠤᠯᠭ᠎ᠠ ᠳᠤ ᠪᠠᠨ ᠬᠦᠴᠢᠷᠳᠡᠳᠡᠭ ᠮᠤᠷᠠᠯ ᠢᠶᠠᠷ ᠠᠨᠠᠢ ᠰᠤᠷᠤᠭᠴᠢ ᠶᠢ ᠭᠤᠤᠯᠴᠢᠯᠠᠨ ᠬᠦᠮᠦᠵᠢᠭᠦᠯᠬᠦ ᠶᠢ ᠠᠩᠬᠠᠷᠴᠦ᠂ ᠲᠡᠳᠡᠨ ᠤ ᠲᠠᠪᠰᠢᠯᠳᠠ ᠶᠢ ᠨᠢ ᠰᠡᠷᠡᠵᠦ᠂ ᠠᠯᠬᠤᠮ ᠪᠦᠷᠢ ᠳᠤ ᠨᠢ ᠵᠠᠮᠴᠢ ᠪᠤᠯᠬᠤ ᠶᠢᠨ ᠲᠠᠭᠠᠤ ᠰᠢᠯᠢᠳᠡᠭ ᠰᠤᠷᠤᠭᠴᠢ ᠶᠢᠨ ᠲᠠᠭᠤᠷᠢᠶᠠᠯ ᠤᠨ ᠦᠢᠯᠡᠳᠦᠯ ᠢ ᠪᠠᠳᠠᠷᠠᠭᠤᠯᠵᠦ᠂ ᠲᠤᠮᠳᠠ ᠵᠡᠷᠭᠡ ᠶᠢᠨ ᠰᠤᠷᠤᠭᠴᠢ ᠳᠤ ᠦᠪᠡᠷ ᠢ ᠪᠠᠨ ᠢᠯᠡᠷᠡᠬᠦᠯᠬᠦ ᠵᠠᠪᠰᠢᠶᠠᠨ ᠲᠤᠬᠢᠶᠠᠯ ᠢᠯᠡᠬᠦᠭᠡᠨ ᠤᠯᠭᠤᠵᠦ ᠲᠡᠳᠡᠨ ᠢ ᠵᠤᠷᠢᠬᠵᠢᠭᠤᠯᠵᠦ ᠪᠡᠶ᠎ᠡ ᠳᠤ ᠪᠠᠨ ᠢᠳᠡᠭᠡᠯ ᠲᠠᠢ ᠪᠠᠶᠢᠯᠭᠠᠵᠦ᠂ ᠪᠦᠬᠦ ᠰᠤᠷᠤᠭᠴᠢ ᠶᠢ ᠬᠠᠷᠠᠭᠠᠯᠵᠠᠨ ᠪᠦᠬᠦ ᠰᠤᠷᠤᠭᠴᠢ ᠶᠢ ᠲᠠᠶᠢᠴᠢᠯᠠᠵᠦ᠂ ᠬᠠᠮᠳᠤ ᠪᠠᠷ ᠪᠦᠯᠬᠦᠮᠳᠡᠨ ᠲᠠᠪᠰᠢᠵᠦ᠂ ᠬᠠᠮᠳᠤ ᠪᠠᠷ ᠬᠦᠭᠵᠢᠬᠦ ᠶᠢ ᠠᠩᠬᠠᠷᠬᠤ ᠴᠢᠬᠤᠯᠠ ᠲᠠᠢ ᠶᠤᠮ᠃      ︽ᠠᠪᠤ ᠶᠢᠨ ᠬᠦᠦ ᠠᠳᠠᠯᠢ ᠦᠬᠡᠢ ᠠᠷᠪᠠᠨ ᠬᠤᠷᠤᠭᠤ ᠲᠡᠭᠰᠢ ᠦᠬᠡᠢ︾ ᠬᠡᠳᠡᠭ ᠢᠶᠠᠷ ᠨᠢᠬᠡᠨ ᠠᠩᠬᠢ ᠨᠢᠭᠡᠴᠢ ᠳᠤ ᠠᠪᠴᠦ ᠬᠡᠯᠡᠪᠡᠯ ᠰᠢᠯᠢᠳᠡᠭ ᠰᠤᠷᠤᠭᠴᠢ ᠪᠠᠶᠢᠬᠤ ᠪᠠᠷ ᠪᠠᠷᠠᠬᠤ ᠦᠭᠡᠢ ᠰᠤᠷᠤᠯᠭ᠎ᠠ ᠮᠤᠷᠠᠯ ᠠᠨᠠᠢ ᠰᠤᠷᠤᠭᠴᠢ ᠪᠠᠶᠢᠬᠤ ᠨᠢ ᠴᠤ ᠭᠠᠷᠴᠠᠭ᠎ᠠ ᠦᠭᠡᠢ᠃ ᠪᠠᠭᠰᠢ ᠠᠴᠠ ᠰᠤᠷᠤᠯᠭ᠎ᠠ ᠮᠤᠷᠠᠯ ᠠᠨᠠᠢ ᠰᠤᠷᠤᠭᠴᠢ ᠶᠢ ᠬᠦᠮᠦᠵᠢᠬᠦᠯᠵᠦ ᠲᠠᠪᠰᠢᠭᠤᠯᠬᠤ ᠳᠤ ᠪᠠᠨ ᠡᠷᠬᠡᠪᠰᠢ ᠵᠦᠪ ᠲᠠᠨᠢᠯᠳᠠ ᠢᠳᠡᠭᠡᠯ ᠵᠤᠷᠢᠭ ᠲᠠᠢ ᠪᠠᠶᠢᠬᠤ ᠬᠡᠷᠡᠭᠳᠠᠢ᠃ ᠬᠡᠦᠬᠡᠳ ᠶᠤᠮ ᠴᠢᠨᠢ ᠠᠯᠢ ᠨᠢᠭᠡᠨ ᠲᠠᠯ᠎ᠠ ᠪᠠᠷ ᠡᠮᠵᠡᠭ ᠲᠤᠳᠠᠭᠳᠠᠯ ᠭᠠᠷᠭᠠᠬᠤ ᠨᠢ ᠲᠠᠮᠵᠢᠬ ᠦᠭᠡᠢ ᠶᠤᠮ᠃ ᠡᠨᠡ ᠦᠶ᠎ᠡ ᠳᠤ ᠪᠠᠭᠰᠢ ᠠᠴᠠ ᠰᠠᠶᠢᠳᠤᠷ ᠬᠦᠮᠦᠵᠢᠭᠦᠯᠦᠨ ᠲᠠᠭᠠᠭᠤᠯᠳᠠᠭ ᠯᠠ ᠶᠤᠮ ᠪᠤᠯ ᠲᠡᠳᠡᠨ ᠢ ᠡᠷᠡᠬᠦᠯ ᠰᠠᠶᠢᠬᠠᠨ ᠵᠠᠮ ᠳᠤ ᠤᠷᠤᠭᠤᠯᠵᠦ ᠲᠡᠶᠢᠯᠦᠨ᠎ᠡ᠃ ᠰᠤᠷᠤᠯᠭ᠎ᠠ ᠳᠤ ᠪᠠᠨ ᠭᠦᠴᠢᠷᠳᠡᠳᠡᠭ ᠮᠤᠷᠠᠯ ᠢᠶᠠᠷ ᠠᠨᠠᠢ ᠰᠤᠷᠤᠭᠴᠢ ᠶᠢ ᠬᠦᠮᠦᠵᠢᠬᠦᠯᠬᠦ ᠠᠵᠢᠯ ᠨᠢ ᠪᠡᠷᠬᠡ ᠬᠠᠳᠠᠭᠤᠵᠢᠯᠳᠠᠢ ᠨᠠᠷᠢᠨ ᠪᠤᠳᠤᠯᠢᠶᠠᠨᠳᠠᠢ ᠣᠴᠢᠷ ᠪᠠᠭᠰᠢ ᠵᠠᠪᠠᠯ ᠬᠦᠯᠢᠴᠡᠩᠬᠦᠢ ᠪᠦᠭᠡᠳ ᠲᠠᠭᠠᠭᠠᠮᠠᠭᠠᠢ ᠪᠠᠶᠢᠵᠦ᠂ ᠠᠵᠢᠯ ᠤᠨ ᠠᠷᠭ᠎ᠠ ᠮᠠᠶ᠋ᠢᠭ ᠢᠶᠠᠨ ᠠᠩᠬᠠᠷᠬᠤ ᠴᠢᠬᠤᠯᠠᠳᠠᠢ᠃      ᠨᠢᠭᠡ᠂ ᠢᠳᠡᠭᠡᠨ ᠵᠤᠷᠢᠬᠵᠢᠭᠤᠯᠬᠤ ᠪᠤᠯ ᠰᠤᠷᠤᠯᠭ᠎ᠠ ᠬᠦᠴᠢᠷᠳᠠᠢ ᠮᠤᠷᠠᠯ ᠠᠨᠠᠢ ᠰᠤᠷᠤᠭᠴᠢ ᠶᠢ ᠲᠠᠪᠰᠢᠯᠳᠠ ᠲᠠᠢ ᠪᠤᠯᠭᠠᠬᠤ ᠶᠢᠨ ᠤᠷᠢᠳᠠᠯ ᠪᠠᠶᠢᠵᠤ᠂ ᠪᠠᠭᠰᠢ ᠶᠢᠨ ᠢᠳᠡᠭᠡᠯ ᠨᠢ ᠲᠡᠳᠡᠨᠡᠷ ᠤᠨ ᠠᠯᠬᠤᠮ ᠲᠠᠪᠰᠢᠬᠤ ᠡᠬᠢᠯᠡᠯᠳᠡ ᠪᠤᠯᠤᠨ᠎ᠠ᠃ ᠪᠠᠭᠰᠢ ᠠᠴᠠ ᠰᠤᠷᠤᠯᠭ᠎ᠠ ᠳᠤ ᠪᠠᠨ ᠭᠦᠴᠢᠷᠳᠡᠳᠡᠭ ᠮᠤᠷᠠᠯ ᠢᠶᠠᠷ ᠠᠨᠠᠢ ᠰᠤᠷᠤᠭᠴᠢ ᠶᠢᠨ ᠦᠴᠦᠬᠡᠨ ᠲᠠᠪᠰᠢᠯᠳᠠ ᠶᠢ ᠴᠦ ᠵᠤᠷᠢᠬᠵᠢᠭᠤᠯᠤᠨ ᠨᠤᠳᠠᠯᠠᠵᠦ ᠪᠠᠶᠢᠪᠠᠯ ᠲᠡᠬᠦᠨ ᠤ ᠦᠭᠡᠳᠡᠯᠡᠵᠦ ᠲᠠᠪᠰᠢᠬᠤ ᠢᠳᠡᠭᠡᠯ ᠵᠤᠷᠢᠭ ᠨᠢ ᠭᠦᠪᠴᠢᠯᠡᠭᠳᠡᠭᠦ ᠪᠤᠯᠤᠨ᠎ᠠ᠃ ᠮᠠᠨ ᠤ ᠠᠩᠬᠢ ᠳᠤ ᠰᠤᠷᠤᠯᠭ᠎ᠠ ᠳᠤ ᠪᠠᠨ ᠠᠨᠠᠢ᠂ ᠬᠠᠶᠠ ᠳᠤ ᠪᠠᠨ ᠲᠠᠰᠬᠠᠯ ᠲᠠᠭᠠᠭᠠᠯᠭᠠᠪᠤᠷᠢ ᠪᠠᠨ ᠴᠠᠭ ᠲᠤᠬᠠᠢ ᠳᠤ ᠨᠢ ᠲᠤᠰᠢᠶᠠᠬᠤ ᠦᠭᠡᠢ᠂ ᠰᠤᠷᠤᠯᠴᠠᠬᠤ ᠢᠳᠡᠪᠬᠢᠵᠢᠯ ᠦᠭᠡᠢ᠂ ᠪᠤᠰᠤᠳ ᠲᠠᠢ ᠦᠷᠢᠰᠦᠯᠳᠦᠭᠦ ᠶᠢ ᠮᠡᠳᠡᠬᠦ ᠦᠭᠡᠢ ᠪᠢᠴᠢᠬᠠᠨ ᠬᠦᠦ ᠪᠠᠶᠢᠭᠰᠠᠨ ᠶᠤᠮ᠃ ᠨᠢᠭᠡ ᠤᠳᠠᠭᠠᠨ ᠤ ᠠᠩᠬᠢ ᠨᠢᠭᠡᠴᠢ ᠶᠢᠨ ᠦᠯᠢᠭᠡᠷ ᠶᠠᠷᠢᠬᠤ ᠤᠷᠤᠯᠳᠤᠭᠠᠨ ᠲᠤᠮᠳᠠ ᠪᠢ ᠡᠨᠡ ᠬᠡᠦᠬᠡᠳ ᠦᠯᠢᠭᠡᠷ ᠶᠠᠷᠢᠬᠤ ᠲᠤᠷᠠᠳᠠᠢ ᠮᠦᠷᠳᠡᠭᠡᠨ ᠶᠡᠭᠡ ᠲᠦᠷᠰᠦᠯᠢᠭ ᠰᠠᠶᠢᠬᠠᠨ ᠶᠠᠷᠢᠳᠠᠭ ᠢ ᠨᠢ ᠰᠠᠷᠠᠵᠤ ᠮᠡᠳᠡᠭᠰᠡᠨ ᠠᠴᠠ ᠬᠤᠶᠢᠰᠢᠳᠠ ᠲᠡᠬᠦᠨ ᠤ ᠡᠨᠡ ᠭᠦ ᠲᠠᠪᠠᠭᠤᠯᠢᠭ ᠲᠠᠯ᠎ᠠ ᠶᠢ ᠦᠷᠭᠦᠯᠵᠢ ᠮᠠᠭᠳᠠᠨ᠂ ᠦᠯᠢᠭᠡᠷ ᠤᠨ ᠨᠤᠮ ᠢᠯᠡᠭᠦᠴᠡ ᠤᠩᠰᠢᠵᠦ ᠪᠠᠶᠢᠭᠠᠷᠠᠢ ᠬᠡᠵᠦ ᠵᠤᠷᠢᠬᠵᠢᠭᠤᠯᠤᠭᠰᠠᠨ ᠠᠴᠠ ᠲᠤᠰ ᠰᠤᠷᠤᠭᠴᠢ ᠬᠢᠴᠢᠶᠡᠯ ᠤᠨ ᠨᠤᠮ ᠢᠶᠠᠨ ᠤᠩᠰᠢᠬᠤ ᠲᠤᠷ᠎ᠠ ᠦᠬᠡᠢ ᠪᠠᠶᠢᠭᠰᠠᠨ ᠠᠴᠠ ᠪᠠᠨ ᠬᠢᠴᠢᠶᠡᠯ ᠤᠨ ᠭᠠᠳᠠᠭᠤᠷᠬᠢ ᠦᠯᠢᠭᠡᠷ ᠤᠨ ᠨᠤᠮ ᠤᠩᠰᠢᠬᠤ ᠲᠠᠳᠬᠠᠯ ᠲᠠᠢ ᠪᠤᠯᠤᠭᠰᠠᠨ ᠮᠦᠷᠳᠡᠭᠡᠨ ᠬᠢᠴᠢᠶᠡᠯ ᠰᠤᠷᠤᠯᠭ᠎ᠠ ᠳᠤ ᠪᠠᠨ ᠰᠢᠮᠳᠠᠵᠦ ᠬᠢᠴᠢᠶᠡᠯ ᠤᠨ ᠭᠠᠳᠠᠭᠤᠷᠬᠢ ᠬᠦᠳᠡᠯᠭᠡᠭᠡᠨ᠂ ᠪᠦᠵᠢᠭ ᠲᠠᠮᠢᠷ ᠲᠤ ᠴᠦ ᠲᠤᠩ ᠢᠳᠡᠪᠬᠢᠳᠠᠢ ᠪᠠᠷ ᠤᠷᠤᠯᠴᠠᠬᠤ ᠪᠤᠯᠵᠤ ᠪᠢᠯᠡ᠃      ᠲᠡᠶᠢᠮᠦ ᠠᠴᠠ ᠰᠤᠷᠤᠯᠭ᠎ᠠ ᠳᠤ ᠪᠠᠨ ᠬᠦᠴᠢᠷᠳᠠᠳᠡᠭ ᠮᠤᠷᠠᠯ ᠠᠨᠠᠢ ᠰᠤᠷᠤᠭᠴᠢ ᠶᠢᠨ ᠪᠡᠶ᠎ᠡ ᠲᠡᠭᠡᠷᠡᠬᠢ ᠬᠢᠯᠠᠰ ᠴᠡᠭ ᠢ ᠤᠯᠵᠦ ᠬᠠᠷᠠᠬᠤ ᠪᠤᠯ ᠵᠠᠩᠬᠢᠯᠠᠭ᠎ᠠ ᠮᠦᠨ᠃ ᠰᠤᠷᠤᠯᠭ᠎ᠠ ᠮᠤᠷᠠᠯ ᠠᠨᠠᠢ ᠰᠤᠷᠤᠭᠴᠢ ᠶᠢᠨ ᠲᠠᠪᠠᠭᠤᠯᠢᠭ ᠲᠠᠯ᠎ᠠ ᠨᠢ ᠶᠡᠷᠦ ᠳᠤ ᠪᠠᠨ ᠲᠡᠳᠡᠨ ᠤ ᠬᠦᠷᠦᠯᠴᠡᠬᠦ ᠦᠭᠡᠢ ᠲᠠᠯ᠎ᠠ ᠳᠤ ᠨᠢ ᠬᠠᠯᠬᠠᠯᠠᠭᠳᠠᠵᠦ᠂ ᠪᠤᠰᠤᠳ ᠬᠦᠮᠦᠨ ᠰᠡᠷᠡᠵᠦ ᠮᠡᠳᠡᠬᠦ ᠦᠭᠡᠢ᠂ ᠴᠠᠭᠠᠰᠢᠯᠠᠪᠠᠯ ᠲᠡᠷᠡ ᠦᠪᠡᠷ ᠢᠶᠠᠨ ᠴᠦ ᠤᠯᠵᠦ ᠮᠡᠳᠡᠬᠦ ᠦᠭᠡᠢ ᠪᠠᠶᠢᠳᠠᠭ᠃ ᠡᠨᠡ ᠦᠶᠡᠰ ᠪᠠᠭᠰᠢ ᠠᠴᠠ ᠲᠡᠭᠦᠨ ᠢ ᠰᠡᠷᠡᠨ ᠮᠡᠳᠡᠵᠦ᠂ ᠲᠤᠳᠤᠭᠠᠳᠤ ᠢᠳᠡᠪᠬᠢ ᠬᠦᠴᠦᠨ ᠢ ᠨᠢ ᠲᠠᠶᠢᠴᠢᠯᠠᠨ᠂ ᠨᠠᠵᠠᠭᠠᠢ ᠲᠠᠯ᠎ᠠ ᠶᠢ ᠨᠢ ᠢᠯᠠᠨ ᠲᠠᠪᠠᠭᠤᠯᠬᠤ ᠭᠡᠷᠡᠭᠳᠠᠢ᠃      ᠬᠤᠶᠠᠷ᠂ ᠰᠢᠯᠢᠳᠡᠭ ᠰᠤᠷᠤᠭᠴᠢ ᠶᠢᠨ ᠲᠠᠭᠤᠷᠢᠶᠠᠯ ᠤᠨ ᠦᠢᠯᠡᠳᠦᠯ ᠢ ᠪᠠᠳᠠᠷᠠᠭᠤᠯᠬᠤ ᠨᠢ ᠠᠩᠬᠢ ᠨᠢᠭᠡᠴᠢ ᠶᠢᠨ ᠬᠦᠴᠦᠨ ᠨᠢᠭᠡᠳᠠᠢ ᠤᠷᠤᠭᠰᠢᠯᠠᠨ ᠲᠠᠪᠰᠢᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠨᠢᠭᠡᠳᠦᠭᠡᠷ ᠤᠨ ᠪᠠᠶᠢᠬᠤ ᠳᠤ ᠠᠩᠬᠢ ᠶᠢᠨ ᠵᠢᠵᠢᠭᠦᠷ ᠢ ᠬᠠᠮᠢᠶᠠᠷᠬᠤ ᠨᠢ ᠨᠠᠳᠠᠳᠤ ᠠᠪᠴᠦ ᠬᠡᠯᠡᠪᠡᠯ ᠬᠦᠴᠢᠷ ᠠᠰᠠᠭᠤᠳᠠᠯ ᠪᠠᠶᠢᠭᠰᠠᠨ᠂ ᠭᠡᠪᠡᠴᠦ ᠪᠢ ᠰᠢᠯᠢᠳᠡᠭ ᠰᠤᠷᠤᠭᠴᠢ ᠶᠢᠨ ᠲᠠᠭᠠᠭᠤᠯᠭ᠎ᠠ ᠶᠢᠨ ᠦᠢᠯᠡᠳᠦᠯ ᠢᠶᠠᠷ ᠲᠤᠰ ᠬᠦᠴᠢᠷᠳᠡᠯ ᠢ ᠢᠯᠠᠵᠤ ᠲᠡᠶᠢᠯᠦᠭᠰᠡᠨ ᠶᠤᠮ᠃ ᠨᠢᠭᠡᠳᠦᠭᠡᠷ ᠤᠨ ᠤ ᠰᠤᠷᠤᠭᠴᠢᠳ ᠶᠡᠷᠦᠨᠢ ᠵᠢᠵᠢᠭᠦᠷ ᠢᠶᠠᠨ ᠴᠠᠭ ᠲᠤᠬᠠᠢ ᠳᠤ ᠨᠢ ᠬᠢᠵᠦ ᠲᠡᠶᠢᠯᠭᠦ ᠦᠭᠡᠢ᠂ ᠬᠢᠴᠢᠶᠡᠯ ᠤᠷᠤᠴᠢᠬᠠᠭᠰᠠᠨ ᠪᠠᠶᠢᠳᠠᠯ᠎ᠠ ᠪᠠᠰᠠ ᠵᠢᠵᠢᠭᠦᠷ ᠬᠢᠵᠦ ᠪᠤᠳᠠᠷᠠᠭᠤᠯᠳᠠᠭ᠃ ᠲᠡᠭᠡᠭᠡᠳ ᠨᠡᠯᠢᠶᠡᠳ ᠪᠡᠶ᠎ᠡ ᠪᠠᠨ ᠲᠠᠭᠠᠭᠠᠵᠦ ᠬᠠᠷᠢᠭᠤᠴᠠᠯᠭ᠎ᠠ ᠲᠠᠢ ᠵᠢᠵᠢᠭᠦᠷ ᠬᠢᠳᠡᠭ ᠰᠤᠷᠤᠭᠴᠢ ᠪᠠᠷ ᠵᠢᠵᠢᠭᠦᠷ ᠤᠨ ᠲᠠᠷᠤᠭ᠎ᠠ ᠪᠤᠯᠭᠠᠵᠤ᠂ ᠠᠩᠭᠢ ᠶᠢᠨ ᠺᠠᠳ᠋ᠷ ᠵᠢᠵᠢᠭᠦᠷ ᠪᠤᠯᠭᠠᠨ ᠳᠤ ᠬᠢᠨᠠᠯᠳᠠ ᠲᠠᠯᠪᠢᠵᠦ᠂ ᠡᠷᠳᠡ ᠶᠢᠨ ᠬᠤᠷᠠᠯ ᠪᠤᠯᠭᠠᠨ ᠳᠤ ᠪᠠᠭᠰᠢ ᠠᠴᠠ ᠦᠨᠡᠯᠡᠯᠲᠡ ᠵᠤᠷᠢᠬᠵᠢᠭᠤᠯᠤᠯ ᠬᠢᠭᠰᠡᠨ ᠠᠴᠠ ᠡᠨᠡ ᠠᠰᠠᠭᠤᠳᠠᠯ ᠢ ᠪᠦᠳᠦᠮᠵᠢᠲᠡᠢ ᠰᠢᠢᠳᠪᠦᠷᠢᠯᠡᠵᠦ ᠴᠢᠳᠠᠭᠰᠠᠨ ᠪᠠᠶᠢᠨ᠎ᠠ᠃      ᠭᠤᠷᠪᠠ᠂ ᠠᠩᠬᠢ ᠨᠢᠭᠡᠴᠢ ᠶᠢᠨ ᠬᠠᠮᠢᠶᠠᠷᠤᠯᠳᠠ ᠳᠤ ᠲᠤᠮᠳᠠ ᠵᠡᠷᠭᠡ ᠶᠢᠨ ᠰᠤᠷᠤᠭᠴᠢ ᠶᠢ ᠴᠦ ᠤᠮᠳᠤᠭᠠᠶᠢᠯᠠᠵᠦ ᠪᠤᠯᠬᠤ ᠦᠭᠡᠢ᠃ ᠲᠤᠮᠳᠠ ᠵᠡᠷᠭᠡ ᠶᠢᠨ ᠰᠤᠷᠤᠭᠴᠢ ᠶᠢ ᠬᠦᠬᠢᠭᠦᠯᠦᠨ ᠵᠤᠷᠢᠬᠵᠢᠭᠤᠯᠵᠦ᠂ ᠲᠡᠳᠡᠨ ᠳᠤ ᠦᠪᠡᠷ ᠢ ᠪᠠᠨ ᠢᠯᠡᠷᠡᠬᠦᠯᠬᠦ ᠵᠠᠪᠰᠢᠶᠠᠨ ᠤᠯᠭᠤᠬᠤ ᠬᠡᠷᠡᠭᠳᠠᠢ᠃ ᠲᠤᠮᠳᠠ ᠵᠡᠷᠭᠡ ᠶᠢᠨ ᠰᠤᠷᠤᠭᠴᠢ ᠨᠢ ᠰᠠᠶᠢᠨ ᠴᠦ ᠪᠢᠰᠢ ᠮᠠᠭᠤ ᠴᠦ ᠪᠢᠰᠢ ᠪᠤᠯᠬᠤᠷ ᠶᠡᠷᠦᠨᠢ ᠤᠮᠳᠣᠭᠠᠶᠢᠯᠠᠭᠳᠠᠳᠠᠭ᠃ ᠪᠠᠭᠰᠢ ᠠᠴᠠ ᠡᠳᠡᠭᠡᠷ ᠰᠤᠷᠤᠭᠴᠢᠳ ᠲᠤ ᠢᠯᠡᠭᠦᠭᠡᠨ ᠨᠢᠳᠦ ᠬᠠᠶᠠᠵᠦ ᠢᠳᠡᠭᠡᠯ ᠵᠤᠷᠢᠭ ᠤᠯᠭᠤᠬᠤ ᠬᠡᠷᠡᠭᠳᠠᠢ᠃ ᠮᠠᠨ ᠤ ᠠᠩᠬᠢ ᠳᠤ ᠦᠭᠡ ᠲᠠᠭᠤ ᠴᠦᠬᠡᠨ ᠲᠠᠢ᠂ ᠬᠤᠶᠠᠷ ᠦᠭᠡ ᠬᠡᠯᠡᠬᠦ ᠦᠭᠡᠢ ᠪᠠᠷ ᠬᠠᠴᠠᠷ ᠨᠢ ᠤᠯᠠᠶᠢᠴᠢᠬᠠᠳᠠᠭ᠂ ᠬᠤᠪᠢ ᠪᠠᠨ ᠰᠠᠬᠢᠵᠦ ᠲᠤᠪᠤ ᠪᠠᠨ ᠪᠤᠷᠤᠯᠠᠭᠤᠯᠵᠦ ᠶᠠᠪᠤᠳᠠᠭ ᠲᠦᠯᠦᠭᠡᠯᠡᠭᠦ ᠴᠢᠨᠠᠷᠳᠠᠢ ᠲᠤᠮᠳᠠ ᠵᠡᠷᠭᠡ ᠶᠢᠨ ᠰᠤᠷᠤᠭᠴᠢ ᠪᠠᠶᠢᠭᠰᠠᠨ ᠶᠤᠮ᠃ ᠡᠨᠡ ᠬᠡᠦᠬᠡᠳ ᠢ ᠵᠤᠷᠢᠭᠳᠠᠢ ᠶᠠᠷᠢᠵᠦ ᠢᠯᠡᠳᠭᠡᠭᠦ ᠶᠢ ᠵᠤᠷᠢᠬᠵᠢᠭᠤᠯᠤᠨ᠂ ᠬᠠᠮᠳᠤ ᠰᠣᠷᠤᠭᠴᠢᠳ ᠲᠠᠢ ᠪᠠᠨ ᠲᠤᠭᠯᠠᠨ ᠨᠠᠭᠠᠳᠴᠤ᠂ ᠬᠠᠮᠳᠤ ᠶᠢᠨ ᠬᠦᠳᠡᠯᠭᠡᠭᠡᠨ ᠪᠠ ᠰᠤᠷᠭᠠᠭᠤᠯᠢ ᠶᠢᠨ ᠤᠷᠤᠯᠳᠤᠭᠠᠨ ᠮᠦᠷᠦ᠋ᠢᠴᠡᠭᠡᠨ ᠳᠤ ᠵᠤᠷᠢᠯᠭ᠎ᠠ ᠲᠠᠢ ᠪᠠᠷ ᠤᠷᠤᠯᠴᠠᠭᠤᠯᠤᠭᠰᠠᠨ ᠠᠴᠠ ᠲᠡᠷᠡ ᠰᠤᠷᠤᠭᠴᠢ ᠢᠨᠢᠶᠡᠳᠦ ᠬᠠᠨᠢᠶᠠᠳᠤ᠂ ᠣᠮᠤᠭ ᠵᠤᠷᠢᠭ ᠲᠠᠢ ᠪᠤᠯᠵᠦ ᠬᠤᠪᠢᠷᠠᠨ᠂ ᠬᠢᠴᠢᠶᠡᠯ ᠰᠤᠷᠤᠯᠭ᠎ᠠ ᠨᠢ ᠴᠦ ᠲᠠᠪᠰᠢᠭᠰᠠᠨ ᠪᠠᠶᠢᠨ᠎ᠠ᠃      ᠮᠠᠨ ᠤ ᠵᠢᠷᠭᠤᠳᠤᠭᠠᠷ ᠤᠨ ᠳᠤ 22 ᠨᠡᠷ᠎ᠡ ᠰᠤᠷᠤᠭᠴᠢ ᠲᠠᠢ᠂ ᠡᠳᠡᠭᠡᠷ ᠰᠤᠷᠤᠭᠴᠢ ᠪᠦᠷ ᠦᠪᠡᠷ ᠦᠪᠡᠷ ᠤᠨ ᠢᠶᠠᠨ ᠲᠠᠪᠠᠭᠤᠯᠢᠭ ᠲᠠᠯ᠎ᠠ᠂ ᠤᠨᠴᠠᠯᠢᠭ ᠲᠠᠢ ᠪᠠᠶᠢᠳᠠᠭ᠃ ᠲᠤᠬᠠᠶᠢᠯᠠᠪᠠᠯ᠄ ᠵᠠᠷᠢᠮ ᠨᠢ ᠤᠩᠰᠢᠵᠦ ᠤᠶᠠᠩᠭᠠᠯᠠᠬᠤ ᠳᠤ ᠭᠠᠷᠮᠠᠭᠠᠢ ᠵᠠᠷᠢᠮ ᠨᠢ ᠦᠰᠦᠨ ᠪᠢᠷ ᠤᠨ ᠪᠢᠴᠢᠯᠭᠡ ᠳᠤ ᠪᠠᠨ ᠴᠢᠳᠠᠮᠠᠭᠠᠢ᠂ ᠵᠠᠷᠢᠮ ᠨᠢ ᠤᠶᠢᠯᠠᠭᠠᠵᠦ ᠴᠡᠭᠡᠵᠢᠯᠡᠭᠦ ᠳᠤ ᠪᠠᠨ ᠲᠦᠷᠭᠡᠨ ᠭᠡᠬᠦ ᠳᠤ ᠪᠠᠰᠠ ᠵᠠᠷᠢᠮ ᠨᠢ ᠦᠯᠢᠭᠡᠷ ᠶᠠᠷᠢᠬᠤ ᠳᠤ ᠪᠠᠨ ᠵᠦᠭᠡᠷ ᠭᠡᠬᠦ ᠮᠡᠳᠦ ᠪᠠᠷ ᠦᠪᠡᠷ ᠦᠪᠡᠷ ᠤᠨ ᠠᠪᠢᠶᠠᠰᠤᠯᠢᠭ ᠳᠠᠪᠠᠭᠤᠯᠢᠬ ᠲᠠᠢ᠃ ᠬᠡᠳᠦᠢ ᠦᠨ᠎ᠡ ᠪᠡᠨ᠎ᠡ ᠲᠠᠢ ᠬᠠᠰ ᠴᠢᠯᠠᠭᠤ ᠪᠠᠶᠢᠭᠰᠠᠨ ᠴᠦ ᠬᠡᠷᠪᠡ ᠱᠤᠭᠤᠮᠠᠯᠴᠢᠨ ᠤ ᠤᠷᠠᠨ ᠭᠠᠷ ᠢ ᠲᠠᠮᠵᠢᠬᠤ ᠦᠭᠡᠢ ᠪᠤᠯ ᠭᠠᠶᠢᠬᠠᠮᠰᠢᠭᠳᠤ ᠰᠠᠶᠢᠬᠠᠨ ᠤᠷᠠᠯᠢᠭ ᠤᠨ ᠪᠦᠳᠦᠭᠡᠯ ᠪᠤᠯᠵᠦ ᠴᠢᠳᠠᠳᠠᠭ ᠦᠭᠡᠢ ᠲᠠᠢ ᠠᠳᠠᠯᠢ ᠪᠠᠷ ᠭᠡᠦᠭᠡᠳ ᠨᠢᠭᠡᠪᠦᠷᠢ ᠶᠢᠨ ᠭᠠᠶᠢᠬᠠᠮᠰᠢᠭ ᠢ ᠨᠡᠭᠡᠭᠡᠨ ᠢᠯᠡᠷᠡᠬᠦᠯᠬᠦ ᠳᠤ ᠬᠠᠶᠢᠷ᠎ᠠ ᠬᠠᠯᠠᠮᠵᠢ ᠵᠤᠷᠢᠬᠵᠢᠭᠤᠯᠤᠯ ᠶᠠᠭᠠᠬᠢᠭᠰᠠᠨ ᠴᠦ ᠲᠤᠳᠠᠭᠳᠠᠵᠤ ᠪᠤᠯᠬᠤ ᠦᠭᠡᠢ᠃ ᠮᠠᠨ ᠤ ᠠᠩᠬᠢ ᠳᠤ ᠠᠯᠢᠶ᠎ᠠ ᠮᠦᠷᠳᠡᠭᠡᠨ ᠠᠭᠠᠰᠢ ᠵᠠᠩ ᠨᠢ ᠲᠤᠭᠰᠢᠨ᠂ ᠰᠤᠷᠤᠯᠭ᠎ᠠ ᠳᠤ ᠪᠠᠨ ᠠᠨᠠᠢ᠂ ᠪᠤᠰᠤᠳ ᠲᠤ ᠨᠠᠶᠢᠷ ᠲᠠᠯᠪᠢᠬᠤ ᠶᠢ ᠮᠡᠳᠡᠭᠦ ᠦᠭᠡᠢ᠂ ᠦᠷᠭᠦᠯᠵᠢ ᠬᠠᠮᠳᠤ ᠨᠦᠭᠦᠳ ᠲᠠᠢ ᠪᠠᠨ ᠬᠡᠷᠡᠭᠦᠯ ᠬᠢᠵᠦ᠂ ᠭᠡᠷ ᠲᠤ ᠪᠠᠨ ᠬᠠᠷᠢᠭᠰᠠᠨ ᠴᠦ ᠠᠪᠤ ᠡᠵᠢ ᠲᠠᠢ ᠪᠠᠨ ᠮᠠᠷᠭᠤᠯᠳᠤᠳᠠᠬ᠂ ᠲᠤᠯᠤᠭᠠᠢ ᠶᠢ ᠡᠪᠡᠳᠬᠡᠳᠡᠭ ᠬᠡᠦᠬᠡᠳ ᠪᠠᠶᠢᠬᠰᠠᠨ ᠶᠤᠮ᠃ ᠭᠡᠪᠡᠴᠤ ᠲᠡᠷᠡ ᠲᠠᠭᠤᠤ ᠲᠠᠭᠤᠯᠠᠵᠤ ᠰᠢᠯᠦᠭ ᠰᠢᠯᠦᠭᠯᠡᠭᠦ ᠳᠤ ᠪᠠᠨ ᠠᠪᠢᠶᠠᠰᠤᠯᠢᠭ ᠲᠤᠯᠠ ᠬᠢᠴᠢᠶᠡᠯ ᠪᠤᠯᠭᠠᠨ ᠳᠤ ᠠᠯᠢ ᠴᠢᠳᠠᠬᠤ ᠪᠠᠷ ᠲᠡᠭᠦᠨ ᠳᠤ ᠣᠩᠰᠢᠬᠤ ᠡᠭᠡᠯᠵᠢ ᠲᠤᠬᠢᠷᠠᠭᠤᠯᠵᠦ᠂ ᠲᠠᠭᠤᠨ ᠤ ᠦᠩᠭᠡ ᠢᠷᠠᠭᠤ ᠴᠡᠭᠡᠯᠭᠡᠨ᠂ ᠤᠩᠰᠢᠯᠭ᠎ᠠ ᠶᠡᠭᠡ ᠲᠠᠪᠰᠢᠯᠳᠠ ᠲᠠᠢ ᠬᠡᠭᠦ ᠮᠡᠳᠦ ᠪᠠᠷ ᠮᠠᠭᠳᠠᠳᠠᠭ ᠮᠦᠷᠳᠡᠭᠡᠨ ᠬᠤᠭᠤᠴᠠᠭ᠎ᠠ ᠡᠴᠦᠰ ᠪᠦᠷᠢ ᠶᠢᠨ ᠰᠤᠷᠤᠭᠴᠢ ᠶᠢᠨ ᠶᠡᠷᠦᠩᠬᠡᠶᠢᠯᠡᠭᠰᠡᠨ ᠦᠨᠡᠯᠡᠯᠳᠡ ᠳᠤ ᠲᠠᠪᠰᠢᠯᠳᠠ ᠲᠠᠢ ᠪᠠᠶᠢᠨ᠎ᠠ᠂ ᠨᠦᠭᠦᠳ ᠵᠠᠭᠤᠷ᠎ᠠ ᠪᠠᠨ ᠲᠤᠩ ᠪᠦᠯᠬᠦᠮᠳᠡᠯ ᠲᠠᠢ ᠪᠠᠶᠢᠨ᠎ᠠ ᠬᠡᠮᠡᠨ ᠪᠢᠴᠢᠵᠦ ᠢᠯᠡᠭᠡᠳᠡᠭ ᠪᠠᠶᠢᠭᠰᠠᠨ ᠶᠤᠮ᠃ ᠲᠡᠭᠦᠨ ᠠᠴᠠ ᠬᠤᠶᠢᠰᠢ ᠡᠨᠡ ᠰᠤᠷᠤᠭᠴᠢ ᠴᠦ ᠦᠪᠡᠷ ᠤᠨ ᠲᠠᠪᠠᠭᠤᠯᠢᠭ ᠲᠠᠯ᠎ᠠ ᠪᠠᠨ ᠲᠠᠨᠢᠵᠦ᠂ ᠦᠪᠡᠷ ᠤᠨ ᠪᠠᠶ᠎ᠠ ᠳᠤ ᠪᠠᠨ ᠢᠳᠡᠭᠡᠯ ᠲᠠᠢ ᠪᠤᠯᠤᠭᠠᠳ ᠡᠯ᠎ᠡ ᠲᠠᠯ᠎ᠠ ᠪᠠᠷ ᠲᠠᠪᠰᠢᠭᠰᠠᠨ ᠪᠠᠶᠢᠨ᠎ᠠ᠃      ᠠᠩᠭᠢ ᠶᠢᠨ ᠡᠷᠭᠢᠯᠡᠭᠴᠢ ᠪᠤᠯᠤᠭᠰᠠᠨ ᠤ ᠬᠤᠪᠢ ᠳᠤ ᠰᠡᠷᠭᠡᠭ ᠠᠵᠢᠬᠴᠢ ᠨᠢᠳᠤ᠂ ᠬᠠᠶᠢᠨ ᠢᠯᠡᠷᠡᠭᠦᠯᠭᠦ ᠢᠳᠡᠭᠡᠯ᠂ ᠦᠷᠦᠪᠴᠢ ᠬᠠᠯᠠᠭᠤᠨ ᠬᠠᠶᠢᠷ᠎ᠠ ᠶᠢᠨ ᠰᠡᠳᠬᠢᠯ ᠢᠶᠠᠷ ᠬᠡᠦᠬᠡᠳ ᠨᠢᠭᠡᠪᠦᠷᠢ ᠳᠤ ᠡᠷᠭᠡ ᠲᠡᠭᠰᠢ ᠬᠠᠨᠳᠤᠵᠦ᠂ ᠰᠤᠷᠤᠭᠴᠢ ᠨᠢᠭᠡᠪᠦᠷᠢ ᠶᠢ ᠬᠦᠨᠳᠦᠳᠬᠡᠨ᠂ ᠢᠳᠡᠭᠡᠯ ᠪᠢᠰᠢᠷᠠᠯ ᠢ ᠨᠢ ᠤᠯᠵᠦ᠂ ᠲᠡᠳᠡᠨ ᠤ ᠪᠡᠶ᠎ᠡ ᠳᠤ ᠨᠢᠭᠤᠭᠳᠠᠵᠦ ᠪᠠᠶᠢᠭ᠎ᠠ ᠭᠡᠷᠡᠯᠳᠦ ᠴᠡᠭ ᠢ ᠠᠰᠠᠭᠠᠨ ᠨᠤᠴᠤᠭᠠᠵᠦ ᠴᠢᠳᠠᠭᠰᠠᠨ ᠪᠠᠶᠢᠬᠤ ᠭᠡᠷᠡᠭᠳᠠᠢ᠃      ᠬᠠᠶ᠋ᠢᠬ᠄ ᠤᠡᠭᠨᠢᠭᠤᠳ ᠬᠤᠰᠢᠭᠤᠨ ᠤ ᠭᠡᠷᠰᠡᠩ ᠭᠤᠤᠯ ᠪᠠᠭ᠎ᠠ ᠰᠤᠷᠭᠠᠭᠤᠯᠢ                                ︵ᠡᠾᠦ᠋ᠩ ᠮᠸᠢ ᠨᠠᠶᠢᠷᠠᠭᠤᠯᠪᠠ︶                                 2019 ᠣᠨ ᠤ 2 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map