ᠠᠩᠬᠢ ᠶᠢᠨ ᠬᠠᠮᠢᠶᠠᠷᠤᠯᠲᠠ ᠪᠤᠯᠤᠨ ᠬᠦᠮᠦᠨ ᠢ ᠬᠦᠮᠦᠵᠢᠭᠦᠯᠬᠦ
ᠨᠡᠶᠢᠲᠡᠯᠡᠭᠰᠡᠨ ᠴᠠᠭ᠄
2020/1/20
                             ᠴᠧᠨ ᠭᠦᠢ ᠿᠦᠩ      ᠠᠩᠬᠢ ᠶᠢᠨ ᠡᠷᠬᠢᠯᠡᠭᠴᠢ ᠪᠤᠯ ᠠᠩᠬᠢ ᠶᠢᠨ ᠵᠤᠬᠢᠶᠠᠨ ᠪᠠᠶᠢᠭᠤᠯᠤᠭᠴᠢ ᠪᠠ ᠬᠠᠮᠢᠶᠠᠷᠤᠭᠴᠢ ᠮᠦᠷᠳᠡᠭᠡᠨ ᠨᠢᠭᠡ ᠠᠩᠬᠢ ᠶᠢᠨ ᠰᠦᠭ ᠰᠦᠨᠡᠰᠦ ᠮᠦᠨ᠃ ᠶᠠᠭᠠᠬᠢᠪᠠᠯ ᠠᠩᠬᠢ ᠪᠠᠨ ᠰᠠᠶᠢᠨ ᠬᠠᠮᠢᠶᠠᠷᠤᠨ᠎ᠠ ᠭᠡᠳᠡᠭ ᠪᠤᠯ ᠠᠩᠬᠢ ᠶᠢᠨ ᠡᠷᠬᠢᠯᠡᠭᠴᠢ ᠨᠢᠭᠡᠪᠦᠷᠢ ᠶᠢᠨ ᠦᠷᠬᠦᠯᠵᠢ ᠰᠡᠳᠬᠢᠳᠡᠭ ᠠᠰᠠᠭᠤᠳᠠᠯ ᠪᠤᠯᠤᠨ᠎ᠠ᠃ ᠬᠤᠪᠢ ᠬᠦᠮᠦᠨ ᠤ ᠦᠢᠯᠡᠳᠦᠯᠭᠡ ᠶᠢᠨ ᠲᠤᠷᠰᠢᠯᠭ᠎ᠠ ᠠᠴᠠ ᠦᠵᠡᠬᠦ ᠳᠤ᠂ ᠠᠩᠬᠢ ᠶᠢᠨ ᠡᠷᠬᠢᠯᠡᠭᠴᠢ ᠶᠢᠨ ᠡᠳᠦᠷ ᠲᠤᠳᠤᠮ ᠤᠨ ᠬᠠᠮᠢᠶᠠᠷᠤᠯᠳᠠ ᠲᠤᠮᠳᠠ ᠬᠤᠶᠠᠷ ᠢ ᠠᠳᠬᠤᠬᠤ ᠴᠢᠭᠯᠡᠯᠳᠡ ᠶᠢ ᠪᠠᠷᠢᠮᠳᠠᠯᠠᠬᠤ ᠬᠡᠷᠡᠭᠳᠡᠢ᠃ ᠲᠠᠷᠤᠢ᠂ ᠬᠠᠮᠢᠶᠠᠷᠤᠯᠳᠠ ᠶᠢ ᠠᠳᠬᠤᠵᠤ᠂ ᠬᠦᠮᠦᠨ ᠢ ᠬᠦᠮᠦᠵᠢᠭᠦᠯᠦᠨ᠎ᠡ᠃ ᠬᠠᠮᠢᠶᠠᠷᠤᠯᠳᠠ ᠶᠢᠨ ᠳᠤᠮᠳᠠ ᠬᠦᠮᠦᠨ ᠢ ᠬᠦᠮᠦᠵᠢᠭᠦᠯᠵᠦ᠂ ᠬᠦᠮᠦᠨ ᠢ ᠬᠦᠮᠦᠵᠢᠭᠦᠯᠬᠦ ᠪᠠᠷ ᠲᠠᠮᠵᠢᠨ ᠬᠠᠮᠢᠶᠠᠷᠤᠯᠳᠠ ᠪᠠᠨ ᠴᠢᠩᠭᠠᠳᠬᠠᠬᠤ ᠶᠠᠪᠤᠳᠠᠯ ᠪᠤᠯᠤᠨ᠎ᠠ᠃      ᠨᠢᠭᠡ᠂ ᠬᠦᠮᠦᠨ ᠢ ᠬᠦᠮᠦᠵᠢᠭᠦᠯᠬᠦ ᠠᠵᠢᠯ ᠨᠢ ᠲᠦᠪ ᠴᠢᠩᠭ᠎ᠠ ᠬᠠᠮᠢᠶᠠᠷᠤᠯᠳᠠ ᠳᠤ ᠰᠠᠭᠤᠷᠢᠯᠠᠨ᠎ᠠ᠃      ᠰᠤᠷᠤᠭᠴᠢ ᠶᠢ ᠬᠠᠮᠢᠶᠠᠷᠬᠤ ᠪᠠ ᠬᠦᠮᠦᠵᠢᠭᠦᠯᠬᠦ ᠪᠤᠯ ᠨᠢᠬᠳᠠ ᠬᠤᠯᠪᠤᠭ᠎ᠠ ᠲᠠᠢ ᠪᠦᠭᠡᠳ ᠬᠠᠷᠢᠯᠴᠠᠨ ᠨᠦᠬᠦᠪᠦᠷᠢᠯᠡᠬᠦ ᠦᠢᠯᠡᠳᠦᠯ ᠲᠠᠢ᠃ ᠶᠠᠭ ᠡᠶᠢᠮᠦ ᠠᠴᠠ ᠮᠢᠨᠦ ᠠᠩᠬᠢ ᠬᠠᠮᠢᠶᠠᠷᠬᠤ ᠵᠢᠯᠤᠭᠤᠳᠬᠤ ᠦᠵᠡᠯ ᠰᠠᠨᠠᠭ᠎ᠠ ᠪᠤᠯ ︽ᠤᠷᠢᠳᠠᠪᠠᠷ ᠬᠦᠮᠦᠨ ᠪᠤᠯᠬᠤ ᠶᠢ ᠰᠤᠷᠭᠠᠵᠤ᠂ ᠲᠠᠷᠠᠭ᠎ᠠ ᠨᠢ ᠮᠡᠳᠡᠯᠭᠡ ᠰᠤᠷᠭᠠᠬᠤ︾ ᠪᠤᠯᠤᠨ᠎ᠠ᠃ ᠰᠢᠨ᠎ᠡ ᠬᠤᠭᠤᠴᠠᠭ᠎ᠠ ᠡᠬᠢᠯᠡᠬᠦ ᠪᠦᠷᠢ ᠤᠷᠢᠳᠠᠪᠠᠷ ᠰᠤᠷᠭᠠᠭᠤᠯᠢ ᠶᠢᠨ ᠶᠡᠷᠦᠩᠬᠡᠢ ᠲᠤᠬᠢᠷᠠᠭᠤᠯᠭ᠎ᠠ ᠲᠠᠢ ᠤᠶᠠᠯᠳᠤᠭᠤᠯᠵᠤ ᠠᠩᠬᠢ ᠶᠢᠨ ᠪᠤᠳᠠᠳᠠᠢ ᠪᠠᠶᠢᠳᠠᠯ ᠢᠶᠠᠨ ᠦᠨᠳᠦᠰᠦᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠢ ᠶᠢᠨ ᠡᠷᠬᠢᠯᠡᠭᠴᠢ ᠶᠢᠨ ᠠᠵᠢᠯ ᠤᠨ ᠬᠠᠷᠠᠯᠳᠠ ᠡᠭᠦᠷᠭᠡ᠂ ᠵᠢᠯᠤᠭᠤᠳᠬᠤ ᠦᠵᠡᠯ ᠰᠠᠨᠠᠭ᠎ᠠ ᠶᠢ ᠲᠦᠯᠦᠪᠯᠡᠨ ᠲᠤᠭᠳᠠᠭᠠᠨ᠎ᠠ᠃ ᠬᠠᠮᠢᠶᠠᠷᠤᠯᠳᠠ ᠶᠢᠨ ᠳᠤᠮᠳᠠ ᠬᠦᠮᠦᠨ ᠢ ᠬᠦᠮᠦᠵᠢᠭᠦᠯᠬᠦ ᠪᠤᠯ ᠤᠨᠤᠯ ᠤᠨ ᠠᠰᠠᠭᠤᠳᠠᠯ ᠪᠦᠭᠡᠳ ᠦᠢᠯᠡᠳᠦᠯᠭᠡ ᠶᠢᠨ ᠠᠰᠠᠭᠤᠳᠠᠯ ᠮᠦᠨ᠂ ᠮᠦᠨ ᠴᠦ ᠠᠵᠢᠯ ᠤᠨ ᠠᠷᠭ᠎ᠠ ᠠᠪᠴᠠᠯ ᠤᠨ ᠠᠰᠠᠭᠤᠳᠠᠯ ᠪᠦᠭᠡᠳ ᠦᠵᠡᠯ ᠰᠠᠨᠠᠭᠠᠨ ᠤ ᠲᠠᠨᠢᠯᠳᠠ ᠶᠢᠨ ᠠᠰᠠᠭᠤᠳᠠᠯ ᠮᠦᠨ᠃ ᠨᠢᠭᠡ ᠰᠤᠷᠭᠠᠭᠤᠯᠢ ᠨᠢ ᠤᠯᠠᠨ ᠠᠩᠬᠢ ᠲᠠᠢ ᠪᠠᠶᠢᠳᠠᠭ᠃ ᠡᠳᠡᠭᠡᠷ ᠠᠩᠬᠢ ᠶᠢᠨ ᠲᠤᠮᠳᠠ ᠠᠴᠠ ᠴᠤᠯᠭᠤᠷᠠᠨ ᠭᠠᠷᠬᠤ ᠭᠡᠪᠡᠯ ᠵᠠᠪᠠᠯ ᠰᠤᠷᠭᠠᠭᠤᠯᠢ ᠪᠠ ᠨᠡᠶᠢᠭᠡᠮ ᠳᠤ ᠴᠦᠮ ᠮᠡᠳᠡᠷᠡᠭᠳᠡᠭᠰᠡᠨ ᠤᠷᠤᠭᠰᠢᠯᠠᠭᠰᠠᠨ ᠠᠩᠬᠢ ᠨᠢᠭᠡᠴᠢ ᠶᠢ ᠪᠦᠳᠦᠭᠡᠨ ᠪᠠᠶᠢᠭᠤᠯᠤᠭᠰᠠᠨ ᠪᠠᠶᠢᠬᠤ ᠬᠡᠷᠡᠭᠳᠡᠢ᠃ ᠡᠭᠦᠨ ᠳᠤ᠄      ᠬᠠᠮᠤᠭ ᠤᠨ ᠲᠦᠷᠦᠭᠦᠨ ᠳᠤ᠂ ᠠᠩᠬᠢ ᠶᠢᠨ ᠡᠷᠬᠢᠯᠡᠭᠴᠢ ᠶᠢᠨ ᠲᠤᠰ ᠪᠡᠶ᠎ᠡ ᠠᠩᠬᠢ ᠶᠢᠨ ᠬᠠᠮᠢᠶᠠᠷᠤᠯᠳᠠ ᠶᠢᠨ ᠠᠵᠢᠯ ᠪᠤᠯᠤᠨ ᠬᠦᠮᠦᠨ ᠢ ᠬᠦᠮᠦᠵᠢᠭᠦᠯᠬᠦ ᠠᠵᠢᠯ ᠤᠨ ᠬᠤᠪᠢᠰᠤᠩᠭᠤᠢ ᠬᠤᠯᠪᠤᠭᠳᠠᠯ ᠳᠤ ᠭᠦᠢᠴᠡᠳ ᠲᠠᠨᠢᠯᠳᠠ ᠲᠠᠢ ᠪᠠᠶᠢᠪᠡᠯ ᠵᠤᠬᠢᠨ᠎ᠠ᠃ ᠠᠩᠬᠢ ᠶᠢᠨ ᠬᠠᠮᠢᠶᠠᠷᠤᠯᠳᠠ ᠶᠢᠨ ᠲᠤᠮᠳᠠ ᠬᠦᠮᠦᠨ ᠢ ᠬᠦᠮᠦᠵᠢᠭᠦᠯᠬᠦ ᠦᠵᠡᠯ ᠰᠠᠨᠠᠭ᠎ᠠ ᠶᠢ ᠨᠡᠪᠴᠢᠭᠡᠨ᠂ ᠬᠦᠮᠦᠨ ᠢ ᠬᠦᠮᠦᠵᠢᠭᠦᠯᠬᠦ ᠲᠤᠮᠳᠠ ᠠᠩᠬᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠬᠠᠮᠢᠶᠠᠷᠬᠤ ᠪᠤᠯᠤᠨ ᠬᠦᠮᠦᠵᠢᠭᠦᠯᠬᠦ ᠶᠢ ᠠᠳᠠᠯᠢ ᠪᠠᠷ ᠦᠵᠡᠵᠦ᠂ ᠨᠢᠭᠡ ᠶᠢ ᠨᠢ ᠠᠳᠬᠤᠵᠤ ᠨᠦᠭᠦᠭᠡ ᠶᠢ ᠨᠢ ᠤᠮᠳᠤᠭᠠᠢᠢᠯᠠᠬᠤ ᠠᠴᠠ ᠬᠢᠴᠢᠶᠡᠨ᠎ᠡ᠃      ᠲᠠᠷᠠᠭᠠᠯᠠᠪᠠᠯ᠂ ᠬᠠᠮᠢᠶᠠᠷᠤᠯᠳᠠ ᠶᠢᠨ ᠠᠵᠢᠯ ᠢᠶᠠᠷ ᠲᠦᠪ ᠪᠤᠯᠭᠠᠨ᠂ ᠬᠦᠮᠦᠨ ᠢ ᠬᠦᠮᠦᠵᠢᠭᠦᠯᠬᠦ ᠪᠠᠷ ᠬᠦᠳᠦᠯᠦᠮᠵᠢ ᠪᠤᠯᠭᠠᠵᠤ᠂ ᠠᠩᠬᠢ ᠶᠢᠨ ᠠᠵᠢᠯ ᠤᠨ ᠬᠠᠷᠠᠯᠳᠠ ᠪᠠ ᠡᠭᠦᠷᠭᠡ ᠶᠢ ᠲᠤᠭᠳᠠᠭᠠᠨ᠎ᠠ᠃ ᠠᠩᠬᠢ ᠪᠦᠷᠢ ᠶᠢᠨ ᠪᠤᠳᠠᠳᠤ ᠪᠠᠶᠢᠳᠠᠯ ᠠᠳᠠᠯᠢ ᠪᠤᠰᠤ ᠠᠴᠠ ᠪᠤᠯᠵᠤ ᠠᠩᠬᠢ ᠶᠢᠨ ᠡᠷᠬᠢᠯᠡᠭᠴᠢ ᠠᠴᠠ ᠲᠤᠰ ᠠᠩᠬᠢ ᠶᠢᠨ ᠤᠨᠴᠠᠯᠢᠭ ᠲᠤ ᠪᠠᠨ ᠲᠤᠬᠢᠷᠠᠭᠤᠯᠵᠤ᠂ ᠬᠠᠷᠠᠯᠳᠠ ᠲᠠᠢ᠂ ᠭᠤᠤᠯᠳᠠᠯᠭ᠎ᠠ ᠲᠠᠢ᠂ ᠴᠢᠭᠯᠡᠯᠳᠠ ᠴᠢᠨᠠᠷᠳᠠᠢ ᠪᠠᠷ ᠡᠯ᠎ᠡ ᠵᠦᠢᠯ ᠤᠨ ᠠᠳᠠᠯᠢ ᠪᠤᠰᠤ ᠶᠢᠨ ᠬᠡᠯᠪᠡᠷᠢ ᠪᠠ ᠠᠷᠭ᠎ᠠ ᠪᠠᠷ ᠬᠠᠮᠢᠶᠠᠷᠤᠯᠳᠠ ᠪᠠᠨ ᠶᠠᠪᠤᠭᠳᠠᠭᠤᠯᠵᠤ᠂ ᠠᠩᠬᠢ ᠶᠢᠨ ᠬᠠᠮᠢᠶᠠᠷᠤᠯᠳᠠ ᠶᠢᠨ ᠪᠤᠳᠠᠳᠤ ᠦᠷ᠎ᠡ ᠠᠰᠢᠭ ᠢ ᠲᠡᠭᠡᠭᠰᠢᠯᠡᠭᠦᠯᠦᠨ᠂ ᠬᠠᠮᠢᠶᠠᠷᠤᠯᠳᠠ ᠨᠢ ᠲᠠᠬᠢᠨ ᠬᠦᠮᠦᠨ ᠢ ᠬᠦᠮᠦᠵᠢᠭᠦᠯᠬᠦ ᠠᠵᠢᠯ ᠳᠤ ᠨᠡᠩ ᠰᠠᠶᠢᠨ ᠦᠢᠯᠡᠴᠢᠯᠡᠬᠦ ᠶᠢ ᠠᠬᠢᠭᠤᠯᠤᠨ᠎ᠠ᠃      ᠪᠠᠰᠠ ᠬᠠᠮᠢᠶᠠᠷᠤᠯᠳᠠ ᠪᠠᠷ ᠬᠦᠮᠦᠨ ᠢ ᠬᠦᠮᠦᠵᠢᠭᠦᠯᠬᠦ ᠠᠵᠢᠯ ᠤᠨ ᠠᠬᠢᠭᠤᠯᠬᠤ ᠦᠢᠯᠡᠳᠦᠯ ᠢ ᠢᠳᠡᠪᠬᠢᠳᠡᠢ ᠪᠠᠳᠠᠷᠠᠭᠤᠯᠬᠤ ᠬᠡᠷᠡᠭᠳᠡᠢ᠃ ᠠᠩᠬᠢ ᠶᠢᠨ ᠬᠠᠮᠢᠶᠠᠷᠤᠯᠳᠠ ᠶᠢ ᠴᠢᠩᠭᠠᠳᠬᠠᠬᠤ ᠪᠠᠷ ᠲᠠᠮᠵᠢᠨ ᠬᠦᠮᠦᠨ ᠢ ᠬᠦᠮᠦᠵᠢᠭᠦᠯᠬᠦ ᠦᠷ᠎ᠡ ᠪᠦᠳᠦᠮᠵᠢ ᠶᠢ ᠨᠡᠩ ᠰᠠᠶᠢᠨ ᠳᠡᠭᠡᠭᠰᠢᠯᠡᠭᠦᠯᠵᠦ᠂ ᠬᠦᠮᠦᠨ‌ᠢ ᠬᠦᠮᠦᠵᠢᠭᠦᠯᠬᠦ ᠠᠵᠢᠯ ᠢ ᠨᠡᠩ ᠦᠨᠳᠦᠷ ᠲᠦᠪᠰᠢᠨ ᠳᠤ ᠬᠦᠷᠭᠡᠵᠦ᠂ ᠤᠯᠤᠰ ᠤᠨ ᠶᠢᠰᠦᠨ ᠵᠢᠯ ᠤᠨ ᠲᠦᠷᠢᠮᠳᠦ ᠰᠤᠷᠭᠠᠨ ᠬᠦᠮᠦᠵᠢᠯ ᠤᠨ ᠴᠢᠭᠯᠡᠯᠳᠡ᠂ ᠲᠦᠷᠦ ᠶᠢᠨ ᠪᠤᠳᠤᠯᠭ᠎ᠠ ᠶᠢ ᠰᠠᠶᠢᠳᠤᠷ ᠲᠤᠭᠤᠰᠢᠯᠠᠭᠤᠯᠤᠨ ᠰᠤᠷᠤᠭᠴᠢᠳ ᠤᠨ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃      ᠬᠤᠶᠠᠷ᠂ ᠬᠠᠮᠢᠶᠠᠷᠤᠯᠳᠠ ᠪᠠᠨ ᠴᠢᠩᠭᠠᠳᠬᠠᠵᠤ ᠬᠦᠮᠦᠨ ᠢ ᠬᠦᠮᠦᠵᠢᠭᠦᠯᠬᠦ ᠰᠢᠯᠢᠳᠡᠭ ᠠᠷᠭ᠎ᠠ ᠠᠪᠴᠠᠯ ᠢ ᠲᠠᠰᠤᠷᠠᠯᠳᠠ ᠦᠭᠡᠢ ᠰᠦᠪᠡᠭᠴᠢᠯᠡᠨ᠎ᠡ᠃      ︵ᠨᠢᠭᠡ︶ ᠠᠩᠭᠢ ᠶᠢᠨ ᠡᠷᠬᠢᠯᠡᠭᠴᠢ ᠶᠢᠨ ᠠᠵᠢᠯ ᠳᠤ ᠬᠤᠯᠪᠤᠭᠳᠠᠬᠤ ᠵᠦᠢᠯ ᠤᠯᠠᠨ ᠠᠷᠪᠢᠨ ᠪᠥᠭᠡᠳ ᠶᠠᠷᠰᠢᠭ ᠪᠤᠳᠤᠯᠢᠶᠠᠨᠳᠠᠢ ᠪᠠᠢᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠠᠷ ᠪᠠᠷᠠᠬᠤ ᠦᠭᠡᠢ ᠪᠠᠰᠠ ᠠᠩᠭᠢ ᠶᠢᠨ ᠡᠷᠡᠭᠦᠯ ᠬᠠᠮᠠᠭᠠᠯᠠᠯ᠂ ᠪᠠᠶᠢᠷᠢᠨ ᠤ ᠬᠠᠮᠢᠶᠠᠷᠤᠯᠳᠠ᠂ ᠡᠷᠳᠡ ᠣᠷᠤᠢ ᠶᠢᠨ ᠲᠠᠪᠳᠠᠯᠭ᠎ᠠ᠂ ᠡᠯ᠎ᠡ ᠵᠦᠢᠯ ᠤᠨ ᠬᠦᠰᠦᠨᠦᠭᠳᠦ ᠲᠠᠭᠯᠠᠬᠤ ᠠᠵᠢᠯ ᠭᠡᠬᠦ ᠮᠡᠳᠦ ᠶᠢᠨ ᠪᠠᠶᠢᠳᠠᠯ ᠳᠤ ᠴᠢᠭᠯᠡᠭᠦᠯᠦᠨ᠂ ᠡᠯ᠎ᠡ ᠲᠠᠯ᠎ᠠ ᠶᠢᠨ ᠠᠵᠢᠯ ᠢ ᠰᠤᠷᠤᠭᠴᠢᠳ ᠲᠤ ᠲᠠᠭᠠᠭᠠᠴᠢᠯᠠᠨ ᠥᠭᠴᠦ ᠬᠠᠮᠢᠶᠠᠷᠤᠭᠤᠯᠤᠨ᠎ᠠ᠂ ᠪᠠᠰᠠ ᠬᠤᠪᠢ ᠲᠡᠮᠳᠡᠭᠯᠡᠬᠦ ᠠᠷᠭ᠎ᠠ ᠶᠢ ᠠᠪᠴᠦ ᠰᠠᠶᠢᠨ ᠪᠣᠯ ᠬᠤᠪᠢ ᠨᠡᠮᠡᠵᠦ᠂ ᠮᠠᠭᠤ ᠪᠣᠯ ᠬᠤᠪᠢ ᠬᠠᠰᠤᠵᠤ᠂ ᠬᠤᠭᠤᠴᠠᠭᠠᠨ ᠡᠴᠦᠰ ᠤᠨ ᠰᠢᠯᠢᠳᠡᠭ ᠰᠤᠷᠤᠭᠴᠢ ᠶᠢ ᠰᠢᠯᠭᠠᠷᠠᠭᠤᠯᠬᠤ‌‍ᠶᠢᠨ ᠦᠨᠳᠦᠰᠦᠯᠡᠯ ᠪᠣᠯᠭᠠᠨ᠎ᠠ᠃ ᠢᠩᠭᠢᠪᠡᠯ ᠬᠥᠮᠦᠨ ᠪᠦᠬᠦᠨ ᠬᠢᠬᠦ ᠠᠴᠠ ᠠᠵᠢᠯ ᠲᠠᠢ ᠪᠤᠯᠬᠤ ᠮᠦᠷᠳᠡᠭᠡᠨ᠂ ᠲᠦᠷᠢᠮ ᠲᠤᠭᠳᠠᠭᠠᠯ ᠢ ᠤᠬᠠᠮᠰᠠᠷ ᠠᠴᠠ ᠪᠠᠨ ᠰᠠᠬᠢᠨ ᠡᠯ᠎ᠡ ᠲᠠᠯ᠎ᠠ ᠶᠢᠨ ᠠᠵᠢᠯ ᠪᠠ ᠬᠥᠳᠡᠯᠭᠡᠭᠡᠨ ᠳᠤ ᠤᠷᠤᠯᠴᠠᠬᠤ ᠢᠳᠡᠪᠬᠢᠵᠢᠯ ᠪᠠ ᠬᠠᠮᠳᠤ ᠨᠡᠶᠢᠳᠡ ᠶᠢᠨ ᠦᠵᠡᠯ ᠤᠬᠠᠮᠰᠠᠷ ᠴᠦ ᠠᠶᠠᠨᠳᠠᠭᠠᠨ ᠲᠡᠭᠡᠭᠰᠢᠯᠡᠬᠦ ᠪᠤᠯᠤᠨ᠎ᠠ᠃      ︵ᠬᠤᠶᠠᠷ︶ ᠠᠩᠭᠢ ᠶᠢᠨ ᠺᠠᠳ᠋ᠷ ᠤᠨ ᠠᠵᠢᠯ ᠤᠨ ᠴᠢᠳᠠᠪᠤᠷᠢ ᠶᠢ ᠬᠥᠮᠦᠵᠢᠭᠦᠯᠬᠦ ᠶᠢ ᠠᠩᠬᠠᠷᠴᠤ᠂ ᠠᠩᠭᠢ‌‍ᠶᠢᠨ ᠺᠠᠳ᠋ᠷ ᠤᠨ ᠲᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠩᠭᠢ ᠶᠢᠨ ᠺᠠᠳ᠋ᠷ ᠪᠣᠯ ᠠᠩᠭᠢ‌‍ᠶᠢᠨ ᠭᠤᠣᠯ ᠴᠣᠭᠴᠠ ᠪᠥᠭᠡᠳ ᠠᠩᠭᠢ ᠶᠢᠨ ᠡᠷᠬᠢᠯᠡᠭᠴᠢ ᠶᠢᠨ ᠴᠢᠬᠤᠯᠠ ᠬᠠᠪᠰᠤᠷᠤᠭᠴᠢ ᠮᠥᠨ᠂ ᠠᠩᠭᠢ ᠶᠢᠨ ᠺᠠᠳ᠋ᠷ ᠤᠨ ᠲᠤᠰ ᠪᠡᠶ᠎ᠡ ᠶᠢᠨ ᠬᠡᠪ ᠴᠢᠨᠠᠷ᠂ ᠠᠵᠢᠯ ᠤᠨ ᠴᠢᠳᠠᠪᠤᠷᠢ ᠨᠢ ᠠᠩᠭᠢ ᠶᠢᠨ ᠠᠵᠢᠯ ᠤᠨ ᠰᠤᠷᠭᠠᠭᠤᠯᠢ ᠶᠢᠨ ᠱᠠᠭᠠᠷᠳᠠᠯᠭ᠎ᠠ ᠶᠣᠰᠣᠭᠠᠷ ᠶᠠᠪᠤᠭᠳᠠᠬᠤ ᠲᠠᠢ ᠰᠢᠭᠤᠳ ᠬᠤᠯᠪᠤᠭᠳᠠᠨ᠎ᠠ᠃ ᠡᠶᠢᠮᠦ ᠠᠴᠠ ᠠᠩᠭᠢ ᠶᠢᠨ ᠺᠠᠳ᠋ᠷ ᠢ ᠵᠣᠬᠢᠶᠠᠨ ᠪᠠᠶᠢᠭᠤᠯᠵᠤ ᠬᠥᠮᠦᠵᠢᠭᠦᠯᠬᠦ ᠨᠢ ᠠᠩᠭᠢ ᠶᠢᠨ ᠡᠷᠬᠢᠯᠡᠭᠴᠢ ᠶᠢᠨ ᠬᠠᠮᠢᠶᠠᠷᠤᠯᠳᠠ ᠶᠢᠨ ᠠᠵᠢᠯ ᠤᠨ ᠭᠤᠣᠯᠳᠠᠯᠭ᠎ᠠ ᠪᠣᠯᠤᠨ᠎ᠠ᠂ ᠠᠩᠭᠢ ᠶᠢᠨ ᠺᠠᠳ᠋ᠷ ᠢ ᠲᠤᠬᠢᠷᠠᠮᠵᠢᠳᠠᠢ ᠬᠠᠮᠢᠶᠠᠷᠴᠤ ᠪᠠᠶᠢᠪᠠᠯ ᠰᠠᠶ᠋ᠢ ᠲᠡᠳᠡᠨᠡᠷ ᠤᠨ ᠵᠢᠱᠢᠶᠡᠴᠢ ᠦᠢᠯᠡᠳᠦᠯ ᠢ ᠨᠡᠩ ᠰᠠᠶᠢᠨ ᠢᠶᠠᠷ ᠪᠠᠳᠠᠷᠠᠭᠤᠯᠵᠤ ᠲᠡᠶᠢᠯᠦᠨ᠎ᠡ᠃ ᠬᠠᠮᠤᠭ ᠤᠨ ᠲᠦᠷᠦᠭᠦᠨ ᠳᠤ᠂ ᠬᠤᠭᠤᠴᠠᠭᠠᠨ ᠡᠬᠢᠨ ᠳᠤ ᠠᠩᠭᠢ ᠶᠢᠨ ᠡᠷᠬᠢᠯᠡᠭᠴᠢ ᠠᠴᠠ ᠰᠤᠷᠭᠠᠭᠤᠯᠢ ᠶᠢᠨ ᠠᠵᠢᠯ ᠤᠨ ᠶᠡᠷᠦᠩᠬᠡᠢ ᠲᠣᠬᠢᠷᠠᠭᠤᠯᠭ᠎ᠠ ᠲᠠᠢ ᠤᠶᠠᠯᠳᠤᠭᠤᠯᠵᠤ᠂ ᠠᠩᠭᠢ ᠶᠢᠨ ᠺᠠᠳ᠋ᠷ ᠢ ᠰᠣᠩᠭᠤᠨ ᠬᠥᠮᠦᠵᠢᠭᠦᠯᠵᠦ᠂ ᠲᠡᠳᠡᠨ ᠤ ᠵᠢᠱᠢᠶᠡᠴᠢ ᠶᠢᠨ ᠦᠢᠯᠡᠳᠦᠯ‌ᠢ ᠴᠢᠩᠭᠠᠳᠬᠠᠨ᠎ᠠ᠃ ᠪᠠᠶᠢᠷᠢᠯᠠᠵᠤ ᠪᠠᠶᠢᠭ᠎ᠠ ᠰᠤᠷᠤᠭᠴᠢᠳ ᠲᠤ ᠠᠪᠴᠤ ᠬᠡᠯᠡᠪᠡᠯ᠂ ᠰᠤᠷᠤᠭᠴᠢᠳ ᠨᠢᠭᠡ ᠭᠠᠷᠠᠭ‌‍ᠤᠨ ᠠᠮᠠᠷᠠᠯᠳᠠ ᠶᠢᠨ ᠬᠤᠶᠠᠷ ᠡᠳᠦᠷ ᠠᠴᠠ ᠪᠤᠰᠤᠳ ᠡᠳᠦᠷ ᠨᠢ ᠴᠥᠮ ᠰᠤᠷᠭᠠᠭᠤᠯᠢ ᠳᠤ ᠪᠠᠶᠢᠵᠤ᠂ ᠠᠩᠭᠢ ᠶᠢᠨ ᠡᠷᠬᠢᠯᠡᠭᠴᠢ ᠠᠴᠠ ᠡᠳᠦᠷ ᠪᠦᠷᠢ ᠰᠠᠯᠤᠯ ᠦᠭᠡᠢ ᠮᠥᠷᠳᠡᠨ ᠲᠠᠭᠠᠬᠤ ᠶᠢᠨ ᠠᠷᠭ᠎ᠠ ᠦᠭᠡᠢ᠂ ᠠᠩᠭᠢ ᠳᠤ ᠦᠷᠭᠦᠯᠵᠢ ᠬᠥᠮᠦᠰ ᠤᠨ ᠰᠠᠨᠠᠭᠠᠨ ᠠᠴᠠ ᠭᠠᠳᠠᠭᠤᠷ ᠭᠡᠨᠡᠳᠳᠡ ᠶᠢᠨ ᠤᠴᠢᠷ ᠲᠣᠬᠢᠶᠠᠯᠳᠤᠳᠠᠭ ᠪᠠ ᠪᠠᠰᠠ ᠵᠠᠷᠢᠮ ᠤᠴᠢᠷ ᠶᠠᠪᠤᠳᠠᠯ ᠤᠨ ᠡᠭᠦᠰᠬᠦ ᠶᠢ ᠠᠩᠭᠢ ᠶᠢᠨ ᠡᠷᠬᠢᠯᠡᠭᠴᠢ ᠠᠴᠠ ᠤᠷᠢᠳᠴᠢᠯᠠᠨ ᠮᠡᠳᠡᠬᠦ ᠶᠢᠨ ᠠᠷᠭ᠎ᠠ ᠦᠭᠡᠢ ᠪᠥᠭᠡᠳ ᠠᠩᠭᠢ ᠶᠢᠨ ᠡᠷᠬᠢᠯᠡᠭᠴᠢ ᠲᠡᠷᠡ ᠲᠠᠷᠤᠢ ᠳᠤ ᠨᠢ ᠲᠤᠬᠠᠢ ᠶᠢᠨ ᠭᠠᠵᠠᠷ ᠲᠤ ᠨᠢ ᠬᠦᠷᠴᠦ ᠲᠡᠶᠢᠯᠬᠦ ᠦᠭᠡᠢ ᠦᠶᠡᠰ ᠲᠤ ᠴᠠᠭ ᠲᠤᠬᠠᠢ ᠳᠤ ᠨᠢ ᠲᠤᠬᠢᠷᠠᠮᠵᠢᠳᠠᠢ ᠰᠢᠢᠳᠪᠦᠷᠢᠯᠡᠬᠦ ᠭᠡᠪᠡᠯ ᠠᠩᠭᠢ ᠶᠢᠨ ᠺᠠᠳ᠋ᠷ ᠲᠤ ᠯᠡ ᠲᠦᠰᠢᠭᠯᠡᠨ᠎ᠡ᠃ ᠡᠨᠡ ᠨᠢ ᠮᠥᠨ ᠴᠦ ᠠᠩᠭᠢ ᠶᠢᠨ ᠺᠠᠳ᠋ᠷ ᠨᠠᠷ ᠤᠨ ᠵᠢᠱᠢᠶᠡᠴᠢ ᠦᠢᠯᠡᠳᠦᠯ ᠢ ᠪᠠᠳᠠᠷᠠᠭᠤᠯᠵᠤ ᠠᠵᠢᠯ ᠤᠨ ᠴᠢᠳᠠᠪᠤᠷᠢ ᠶᠢ ᠨᠢ ᠬᠥᠮᠦᠵᠢᠭᠦᠯᠬᠦ ᠬᠠᠮᠤᠭ ᠤᠨ ᠰᠠᠶᠢᠨ ᠲᠣᠬᠢᠶᠠᠯ ᠪᠣᠯᠤᠨ᠎ᠠ᠃ ᠲᠠᠷᠠᠭᠠᠯᠠᠪᠠᠯ᠂ ᠠᠩᠭᠢ ᠶᠢᠨ ᠺᠠᠳ᠋ᠷ ᠤᠨ ᠵᠥᠪᠯᠡᠭᠴᠢ ᠶᠢᠨ ᠦᠢᠯᠡᠳᠦᠯ ᠢ ᠰᠠᠶᠢᠳᠤᠷ ᠠᠰᠢᠭᠯᠠᠨ᠎ᠠ᠃ ᠠᠩᠭᠢ ᠶᠢᠨ ᠡᠷᠬᠢᠯᠡᠭᠴᠢ ᠶᠢᠨ ᠬᠠᠮᠢᠶᠠᠷᠤᠯᠳᠠ ᠪᠣᠯ ᠰᠤᠷᠭᠠᠭᠤᠯᠢ ᠶᠢᠨ ᠬᠥᠮᠦᠨ ᠢ ᠬᠥᠮᠦᠵᠢᠭᠦᠯᠬᠦ ᠴᠢᠭᠯᠡᠯᠳᠡ ᠶᠢᠨ ᠲᠣᠭᠤᠷᠢᠨ ᠳᠤ ᠶᠠᠪᠤᠭᠳᠠᠳᠠᠭ ᠨᠢᠭᠡᠨ ᠰᠢᠰᠲ᠋ᠧᠮ‌‍ᠲ᠋ᠠᠢ ᠬᠠᠮᠢᠶᠠᠷᠤᠯᠳᠠ ᠪᠣᠯᠤᠨ᠎ᠠ᠂ ᠬᠠᠮᠢᠶᠠᠷᠤᠯᠳᠠ ᠶᠢᠨ ᠲᠦᠷᠢᠮ ᠢ ᠲᠤᠭᠳᠠᠭᠠᠬᠤ ᠪᠠ ᠪᠤᠳᠠᠳᠠᠢ ᠲᠡᠭᠡᠷ᠎ᠠ ᠬᠡᠷᠡᠭᠵᠢᠭᠦᠯᠬᠦ ᠦᠶ᠎ᠡ ᠳᠤ ᠪᠦᠬᠦ ᠠᠩᠭᠢ ᠶᠢᠨ ᠰᠤᠷᠤᠭᠴᠢᠳ ᠤᠨ ᠰᠠᠨᠠᠯ ᠢ ᠠᠪᠬᠤ᠂ ᠣᠨᠴᠠᠭᠠᠢᠢᠯᠠᠨ ᠠᠩᠭᠢ‌‍ᠶᠢᠨ ᠺᠠᠳ᠋ᠷ ᠨᠠᠷ ᠤᠨ ᠰᠠᠨᠠᠯ ᠢ ᠬᠦᠯᠢᠶᠡᠨ ᠠᠪᠴᠤ᠂ ᠲᠡᠳᠡᠨ ᠤ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠠᠰᠠ᠂ ᠠᠩᠭᠢ ᠶᠢᠨ ᠺᠠᠳ᠋ᠷ ᠨᠠᠷ ᠤᠨ ᠳᠠᠭᠠᠭᠤᠯᠬᠤ ᠦᠢᠯᠡᠳᠦᠯ ᠦᠵᠡᠭᠦᠯᠬᠦ ᠶᠢ ᠱᠠᠭᠠᠷᠳᠠᠨ᠎ᠠ᠃ ᠠᠩᠭᠢ ᠶᠢᠨ ᠡᠷᠬᠢᠯᠡᠭᠴᠢ ᠶᠢᠨ ᠬᠠᠮᠢᠶᠠᠷᠤᠯᠳᠠ ᠨᠢ ᠰᠤᠷᠤᠭᠴᠢ ᠪᠦᠷᠢ ᠲᠠᠢ ᠬᠤᠯᠪᠤᠭᠳᠠᠵᠤ᠂ ᠠᠩᠭᠢ ᠶᠢᠨ ᠺᠠᠳ᠋ᠷ ᠤᠨ ᠬᠦᠳᠠᠯᠦᠯ ᠪᠦᠷᠢ ᠨᠢ ᠪᠦᠬᠦ ᠠᠩᠭᠢ ᠶᠢᠨ ᠰᠤᠷᠤᠭᠴᠢ ᠳᠤ ᠲᠤᠩ ᠶᠡᠭᠡ ᠨᠥᠯᠦᠭᠡ ᠲᠤᠰᠬᠠᠯ ᠦᠵᠡᠭᠦᠯᠳᠡᠭ᠃ ᠡᠶᠢᠮᠦ ᠠᠴᠠ ᠡᠳᠦᠷ ᠲᠤᠳᠤᠮ ᠤᠨ ᠠᠵᠢᠯ ᠤᠨ ᠲᠤᠮᠳᠠ ᠠᠩᠭᠢ ᠶᠢᠨ ᠺᠠᠳ᠋ᠷ ᠨᠠᠷ ᠢ ᠥᠪᠡᠷ ᠢ ᠪᠠᠨ ᠴᠢᠩᠭ᠎ᠠ ᠱᠠᠭᠠᠷᠳᠠᠵᠤ᠂ ᠬᠠᠮᠳᠤ ᠨᠦᠭᠦᠳ ᠤᠨ ᠬᠢᠵᠦ ᠲᠡᠶᠢᠯᠬᠦ ᠶᠢ ᠦᠪᠡᠷᠳᠡᠭᠡᠨ ᠤᠷᠢᠳᠠᠪᠠᠷ ᠬᠢᠵᠦ ᠲᠡᠶᠢᠯᠬᠦ ᠪᠠᠷ ᠱᠠᠭᠠᠷᠳᠠᠨ᠂ ᠪᠦᠬᠦ ᠠᠩᠭᠢ ᠶᠢᠨ ᠲᠠᠭᠤᠷᠢᠶᠠᠯ ᠪᠣᠯᠬᠤ ᠶᠢ ᠤᠷᠢᠶᠠᠯᠠᠨ᠎ᠠ᠃      ︵ᠭᠤᠷᠪᠠ︶ ᠰᠡᠳᠬᠢᠯ ᠢᠶᠠᠷ ᠢᠶᠠᠨ ᠰᠤᠷᠤᠭᠴᠢᠳ ᠲᠠᠢ ᠬᠠᠷᠢᠯᠴᠠᠵᠦ᠂ ᠦᠪᠡᠷ ᠤᠨ ᠠᠵᠢᠯᠯᠠᠭ᠎ᠠ ᠪᠠᠷ ᠢᠶᠠᠨ ᠰᠤᠷᠭᠠᠨ ᠬᠦᠮᠦᠵᠢᠯ ᠤᠨ ᠠᠵᠢᠯ ᠢᠶᠠᠨ ᠭᠦᠨᠵᠡᠭᠡᠶᠢᠷᠡᠭᠦᠯᠦᠨ᠎ᠡ᠃ ᠠᠩᠬᠢ ᠶᠢᠨ ᠬᠠᠮᠢᠶᠠᠷᠤᠯᠳᠠ ᠨᠢ ᠵᠦᠪᠬᠡᠨ ᠲᠦᠪ ᠴᠢᠩᠭ᠎ᠠ ᠶᠤᠰᠤ ᠲᠦᠷᠢᠮ ᠪᠠ ᠠᠷᠭ᠎ᠠ ᠠᠪᠴᠠᠯ ᠪᠠᠶᠢᠭᠠᠳ ᠯᠠ ᠪᠤᠯᠬᠤ ᠪᠢᠰᠢ᠂ ᠬᠠᠷᠢᠨ ᠰᠤᠷᠤᠭᠴᠢᠳ ᠲᠠᠢ ᠰᠡᠳᠬᠢᠯ ᠢᠶᠠᠷ ᠢᠶᠠᠨ ᠬᠠᠷᠢᠯᠴᠠᠵᠦ᠂ ᠦᠪᠡᠷ ᠤᠨ ᠠᠵᠢᠯᠯᠠᠭ᠎ᠠ ᠪᠠᠷ ᠢᠶᠠᠨ ᠰᠤᠷᠤᠭᠴᠢᠳ ᠢ ᠨᠦᠯᠦᠭᠡᠯᠡᠵᠦ᠂ ᠰᠤᠷᠤᠭᠴᠢᠳ ᠤᠨ ᠰᠡᠳᠬᠢᠯ ᠢ ᠬᠦᠳᠡᠯᠭᠡᠪᠡᠯ᠂ ᠰᠤᠷᠤᠭᠴᠢᠳ ᠰᠠᠶ᠋ᠢ ᠰᠡᠳᠬᠢᠯ ᠤᠨ ᠤᠭ ᠠᠴᠠ ᠪᠠᠨ ᠦᠪᠡᠷ ᠤᠨ ᠶᠠᠭᠤ ᠬᠢᠪᠡᠰᠦ ᠵᠤᠬᠢᠬᠤ ᠪᠠᠨ ᠮᠡᠳᠡᠵᠦ᠂ ᠠᠩᠬᠢ ᠳᠤ ᠪᠠᠨ ᠦᠢᠯᠡᠴᠢᠯᠡᠵᠦ᠂ ᠠᠩᠬᠢ ᠶᠢᠨ ᠬᠠᠮᠢᠶᠠᠷᠤᠯᠳᠠ ᠶᠢᠨ ᠵᠤᠷᠢᠯᠭ᠎ᠠ ᠳᠤ ᠪᠠᠨ ᠬᠦᠷᠴᠦ ᠲᠡᠶᠢᠯᠦᠨ᠎ᠡ᠃ ᠪᠠᠭᠰᠢ ᠠᠴᠠ ᠶᠡᠷᠦ ᠳᠤ ᠪᠠᠨ ᠵᠤᠷᠢᠯᠭ᠎ᠠ ᠲᠠᠢ ᠪᠠᠷ ᠰᠤᠷᠤᠭᠴᠢᠳ ᠤᠨ ᠰᠡᠳᠬᠢᠯ ᠢ ᠨᠢ ᠬᠦᠳᠡᠯᠭᠡᠵᠦ ᠪᠠᠶᠢᠪᠠᠯ᠂ ᠪᠠᠭᠰᠢ ᠰᠤᠷᠤᠭᠴᠢ ᠶᠢᠨ ᠰᠡᠳᠬᠢᠯ ᠳᠤ ᠨᠦᠯᠦᠭᠡᠯᠡᠯ ᠶᠡᠭᠡ ᠪᠤᠯᠵᠦ᠂ ᠡᠭᠦᠨ ᠤ ᠤᠯᠠᠮ ᠠᠴᠠ ᠦᠪᠡᠷ ᠤᠨ ᠠᠵᠢᠯᠯᠠᠭ᠎ᠠ ᠶᠢᠨ ᠨᠦᠯᠦᠭᠡᠯᠡᠯ ᠢᠶᠠᠷ ᠰᠤᠷᠤᠭᠴᠢᠳ ᠢ ᠬᠦᠮᠦᠵᠢᠭᠦᠯᠬᠦ ᠵᠤᠷᠢᠯᠭ᠎ᠠ ᠳᠤ ᠪᠠᠨ ᠬᠦᠷᠴᠦ ᠲᠡᠶᠢᠯᠦᠨ᠎ᠡ᠃      ︵ᠲᠦᠷᠪᠡ︶ ᠠᠩᠬᠢ ᠶᠢᠨ ᠡᠷᠬᠢᠯᠡᠭᠴᠢ ᠵᠠᠪᠠᠯ ᠬᠡᠯᠡᠪᠡᠯ ᠬᠡᠯᠡᠭᠰᠡᠨ ᠳᠤ ᠪᠠᠨ ᠬᠦᠷᠴᠦ᠂ ᠰᠤᠷᠤᠭᠴᠢᠳ ᠲᠤ ᠠᠳᠠᠯᠢ ᠲᠡᠭᠰᠢ ᠪᠠᠷ ᠬᠠᠨᠳᠤᠬᠤ ᠬᠡᠷᠡᠭᠳᠡᠢ᠃ ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠲᠤᠮᠳᠠ ᠡᠷᠬᠡ ᠲᠡᠭᠰᠢ ᠶᠢ ᠵᠢᠷᠤᠮᠯᠡᠵᠦ᠂ ᠰᠤᠷᠭᠠᠭᠤᠯᠢ ᠶᠢᠨ ᠶᠤᠰᠤ ᠲᠦᠷᠢᠮ ᠢ ᠡᠷᠡᠰ ᠵᠢᠷᠤᠮᠯᠡᠨ᠎ᠡ᠃ ᠠᠩᠬᠢ ᠶᠢᠨ ᠡᠷᠬᠢᠯᠡᠭᠴᠢᠳ ᠰᠤᠷᠤᠯᠭ᠎ᠠ᠂ ᠶᠤᠰᠤ ᠮᠤᠷᠠᠯ ᠰᠠᠶᠢᠨ ᠰᠤᠷᠤᠭᠴᠢᠳ ᠢ ᠡᠷᠬᠡ ᠲᠤᠷ᠎ᠠ ᠪᠠᠷ ᠨᠢ ᠲᠠᠯᠪᠢᠵᠦ ᠪᠤᠯᠬᠤ ᠦᠭᠡᠢ ᠮᠦᠷᠳᠡᠭᠡᠨ ᠶᠤᠰᠤ ᠮᠤᠷᠠᠯ ᠠᠨᠠᠢ ᠰᠤᠷᠤᠭᠴᠢᠳ ᠢ ᠴᠦ ᠢᠯᠡᠬᠦᠦ ᠦᠵᠡᠵᠦ ᠪᠤᠯᠬᠤ ᠦᠭᠡᠢ᠃ ᠡᠰᠡ ᠪᠤᠯ ᠰᠤᠷᠤᠭᠴᠢᠳ‌‍ᠤᠨ ᠲᠤᠮᠳᠠ ᠠᠩᠬᠢ ᠶᠢᠨ ᠡᠷᠬᠢᠯᠡᠭᠴᠢ ᠢᠳᠡᠭᠡᠯ ᠦᠭᠡᠢ ᠪᠤᠯᠵᠦ᠂ ᠠᠩᠬᠢ ᠶᠢᠨ ᠬᠠᠮᠢᠶᠠᠷᠤᠯᠳᠠ ᠶᠢᠨ ᠠᠵᠢᠯ ᠤᠷᠤᠭᠰᠢᠳᠠᠢ ᠶᠠᠪᠤᠭᠳᠠᠵᠦ ᠴᠢᠳᠠᠬᠤ ᠦᠭᠡᠢ ᠪᠤᠯᠤᠨ᠎ᠠ᠃      ᠭᠤᠷᠪᠠ᠂ ᠬᠠᠮᠢᠶᠠᠷᠤᠯᠳᠠ ᠶᠢᠨ ᠲᠤᠮᠳᠠ ᠬᠦᠴᠢᠷᠳᠡᠯ ᠲᠠᠢ ᠰᠤᠷᠤᠭᠴᠢ ᠶᠢ ᠬᠦᠮᠦᠵᠢᠭᠦᠯᠬᠦ ᠪᠠᠷ ᠰᠢᠪᠲᠤᠯᠤᠯᠳᠠ ᠶᠢᠨ ᠴᠡᠭ ᠢᠶᠠᠨ ᠪᠤᠯᠭᠠᠨ᠎ᠠ᠃      ᠵᠠᠷᠢᠮ ᠰᠤᠷᠤᠭᠴᠢ ᠶᠢᠨ ᠬᠢᠨᠢ ᠭᠡᠷ ᠤᠨ ᠠᠮᠢᠳᠤᠷᠠᠯ ᠤᠨ ᠨᠦᠬᠦᠴᠡᠯ ᠰᠠᠶᠢᠨ᠂ ᠡᠭᠦᠨ ᠤ ᠬᠠᠮᠳᠤ ᠭᠡᠷ ᠤᠨ ᠬᠦᠮᠦᠵᠢᠯ ᠲᠤᠳᠠᠮᠠᠭ ᠠᠴᠠ ᠪᠤᠯᠵᠦ᠂ ᠰᠤᠷᠤᠯᠭ᠎ᠠ ᠳᠤ ᠪᠠᠨ ᠴᠢᠷᠮᠠᠶᠢᠬᠤ ᠦᠭᠡᠢ ᠪᠠᠷ ᠪᠠᠷᠠᠬᠤ ᠦᠭᠡᠢ ᠶᠤᠰᠤ ᠮᠤᠷᠠᠯ ᠢᠶᠠᠷ ᠪᠠᠰᠠ ᠠᠨᠠᠢ ᠪᠠᠶᠢᠵᠤ᠂ ᠠᠩᠬᠢ ᠶᠢᠨ ᠡᠳᠦᠷ ᠲᠤᠲᠤᠮ ᠤᠨ ᠡᠮᠬᠢ ᠲᠢᠭᠯᠢᠮ ᠢ ᠡᠪᠳᠡᠳᠡᠭ ᠨᠢ ᠬᠠᠮᠤᠭ ᠤᠨ ᠲᠤᠯᠤᠭᠠᠢ ᠶᠢ ᠡᠪᠡᠳᠭᠡᠳᠡᠭ ᠤᠴᠢᠷ ᠪᠤᠯᠤᠨ᠎ᠠ᠃ ᠡᠨᠡ ᠠᠰᠠᠭᠤᠳᠠᠯ ᠢ ᠬᠦᠩᠭᠡᠪᠴᠢᠯᠡᠵᠦ ᠪᠤᠯᠬᠤ ᠦᠭᠡᠢ᠂ ᠠᠩᠬᠢ ᠶᠢᠨ ᠪᠤᠳᠠᠳᠠᠢ ᠪᠠᠶᠢᠳᠠᠯ ᠢᠶᠠᠨ ᠦᠨᠳᠦᠰᠦᠯᠡᠵᠦ᠂ ᠤᠨᠴᠠᠯᠢᠭ ᠲᠤ ᠨᠢ ᠲᠤᠬᠢᠷᠠᠭᠤᠯᠵᠦ᠂ ᠰᠤᠷᠤᠭᠴᠢ ᠶᠢ ᠬᠦᠮᠦᠵᠢᠬᠦᠯᠬᠦ ᠠᠵᠢᠯ ᠤᠨ ᠰᠢᠪᠲᠤᠯᠤᠯᠳᠠ ᠶᠢᠨ ᠴᠡᠭ ᠢ ᠡᠷᠢᠨ ᠤᠯᠪᠠᠯ᠂ ᠬᠠᠷᠠᠯᠳᠠ ᠲᠠᠢ ᠪᠠᠷ ᠠᠩᠬᠢ ᠶᠢᠨ ᠬᠠᠮᠢᠶᠠᠷᠤᠯᠳᠠ ᠪᠠ ᠬᠦᠮᠦᠨ ᠢ ᠬᠦᠮᠦᠵᠢᠬᠦᠯᠬᠦ ᠠᠵᠢᠯ ᠢᠶᠠᠨ ᠶᠠᠪᠤᠭᠳᠠᠭᠤᠯᠵᠦ᠂ ᠪᠦᠬᠦ ᠲᠠᠯ᠎ᠠ ᠪᠠᠷ ᠬᠦᠮᠦᠨ ᠢ ᠬᠦᠮᠦᠵᠢᠬᠦᠯᠬᠦ ᠵᠤᠷᠢᠯᠭ᠎ᠠ ᠳᠤ ᠪᠠᠨ ᠬᠦᠷᠦᠨ᠎ᠡ᠃ ᠠᠩᠬᠢ ᠶᠢᠨ ᠬᠤᠷᠠᠯ ᠤᠨ ᠴᠠᠭ ᠢ ᠠᠰᠢᠭᠯᠠᠵᠦ ᠰᠤᠷᠤᠭᠴᠢᠳ ᠲᠤ ᠦᠵᠡᠯ ᠰᠠᠨᠠᠭᠠᠨ ᠤ ᠬᠦᠮᠦᠵᠢᠯ ᠬᠢᠵᠦ᠂ ᠰᠤᠷᠤᠭᠴᠢᠳ ᠲᠤ ᠰᠤᠷᠤᠯᠴᠠᠯᠭ᠎ᠠ ᠶᠢᠨ ᠴᠢᠬᠤᠯᠠ ᠴᠢᠨᠠᠷ ᠢ ᠮᠡᠳᠡᠭᠦᠯᠵᠦ᠂ ᠨᠠᠮ᠎ᠠ ᠶᠢ ᠰᠤᠷᠭᠠᠬᠤ ᠪᠠ ᠪᠢ ᠰᠤᠷᠬᠤ ᠶᠢᠨ ᠢᠯᠭᠠᠭ᠎ᠠ ᠶᠢ ᠲᠠᠨᠢᠵᠦ᠂ ᠰᠤᠷᠤᠯᠴᠠᠯᠭ᠎ᠠ ᠶᠢᠨ ᠢᠳᠡᠪᠬᠢ ᠴᠢᠨᠠᠷ ᠢ ᠲᠡᠭᠡᠭᠰᠢᠯᠡᠭᠦᠯᠦᠨ᠎ᠡ᠃ ᠰᠤᠷᠤᠯᠴᠠᠯᠭ᠎ᠠ ᠶᠢᠨ ᠢᠳᠡᠪᠬᠢ ᠴᠢᠨᠠᠷ ᠤᠨ ᠲᠡᠭᠡᠭᠰᠢᠯᠡᠯᠳᠡ ᠨᠢ ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠬᠦᠳᠡᠯᠭᠡᠬᠦ ᠬᠦᠴᠦᠨ ᠶᠣᠮ᠃ ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠠᠷᠭ᠎ᠠ ᠬᠡᠯᠪᠡᠷᠢ ᠨᠢ ᠬᠤᠪᠢᠷᠠᠰᠢ ᠦᠭᠡᠢ ᠪᠢᠰᠢ᠂ ᠬᠠᠷᠢᠨ ᠤᠯᠠᠨ ᠵᠦᠢᠯ ᠤᠨ ᠪᠠᠶᠢᠳᠠᠭ᠃ ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠲᠤᠮᠳᠠ᠂ ᠰᠤᠷᠤᠭᠴᠢᠳ ᠤᠨ ᠤᠨᠴᠠᠯᠢᠭ ᠲᠤ ᠨᠢ ᠲᠤᠬᠢᠷᠠᠭᠤᠯᠵᠤ᠂ ᠬᠠᠮᠢᠶᠠᠷᠤᠯᠳᠠ ᠶᠢᠨ ᠠᠷᠭ᠎ᠠ ᠠᠪᠴᠠᠯ ᠢᠶᠠᠨ ᠠᠮᠢᠳᠤᠯᠢᠭ ᠪᠠᠶᠢᠯᠭᠠᠵᠤ᠂ ᠶᠠᠮᠠᠷ ᠬᠦᠴᠢᠷ ᠲᠤᠯᠭᠠᠷᠠᠭᠰᠠᠨ ᠴᠦ᠂ ᠠᠵᠢᠯ ᠳᠤ ᠪᠠᠨ ᠬᠠᠷᠢᠭᠤᠴᠠᠬᠤ ᠰᠡᠳᠬᠢᠯ ᠢ  ᠪᠠᠷᠢᠵᠦ᠂ ᠦᠨᠡᠨ ᠰᠡᠳᠬᠢᠯ ᠢᠶᠠᠷ ᠢᠶᠠᠨ ᠰᠤᠷᠤᠭᠴᠢᠳ ᠲᠠᠢ ᠬᠠᠷᠢᠯᠴᠠᠪᠠᠯ ᠯᠠᠪᠳᠠᠢ ᠰᠠᠶᠢᠨ ᠰᠠᠶᠢᠬᠠᠨ ᠦᠷ᠎ᠡ ᠪᠦᠳᠤᠮᠵᠢ ᠲᠠᠢ ᠪᠤᠯᠬᠤ ᠶᠣᠮ᠃          ᠬᠠᠶ᠋ᠢᠬ᠄ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠮᠣᠩᠭᠤᠯ ᠦᠨᠳᠦᠰᠦᠳᠡᠨ ᠤ                   ᠲᠤᠷᠰᠢᠯᠳᠠ ᠶᠢᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ                                       ︵ᠲᠤ᠋ · ᠦᠯᠵᠡᠶᠢᠰᠠᠩ ᠨᠠᠶᠢᠷᠠᠭᠤᠯᠪᠠ︶                                     2019 ᠣᠨ ᠤ 4 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map