ᠲᠥᠷᠥ ᠶᠢᠨ ᠪᠣᠳᠣᠯᠭ᠎ᠠ ᠶᠢᠨ ᠲᠤᠬᠠᠢ ᠲᠣᠪᠴᠢ ᠠᠰᠠᠭᠤᠯᠲᠠ‌ᠬᠠᠷᠢᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2020/1/27
ᠲᠥᠷᠦ ᠶᠢᠨ ᠪᠣᠳᠣᠯᠭ᠎ᠠ ᠶᠢᠨ ᠲᠤᠬᠠᠢ ᠠᠰᠠᠭᠤᠯᠲᠠ ᠬᠠᠷᠢᠭᠤᠯᠲᠠ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠲᠣᠭᠤᠷᠢᠭ‌‍ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ       1. ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠭᠡᠵᠦ ᠶᠠᠭᠤ  ᠪᠣᠶ︖       ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠭᠡᠳᠡᠭ ᠨᠢ ᠬᠤᠲᠠ ᠪᠠᠯᠭᠠᠰᠤᠨ ᠤ ᠬᠠᠭᠤᠴᠢᠨ ᠬᠤᠲᠠ ᠶᠢᠨ ᠥᠭᠡᠷᠡᠴᠢᠯᠡᠨ ᠪᠠᠶᠢᠭᠤᠯᠤᠯᠲᠠ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠢᠵᠢ ᠪᠦᠷᠢᠳᠦᠭᠦᠯᠦᠨ ᠪᠠᠶᠢᠭᠤᠯᠪᠠᠰᠤ ᠵᠣᠬᠢᠬᠤ ᠬᠡᠤᠬᠡᠳ ᠤᠨ ᠴᠡᠴᠡᠷᠯᠢᠭ ᠢ ᠵᠢᠭᠠᠵᠤ ᠪᠤᠶ᠃ ᠡᠭᠦᠨ ᠳᠤ ᠬᠤᠳᠠᠯᠳᠤᠭᠠᠨ ᠤ ᠣᠷᠤᠨ ᠰᠠᠭᠤᠴᠠ ᠶᠢᠨ ᠲᠣᠭᠤᠷᠢᠭ ᠢ ᠨᠡᠭᠡᠭᠡᠨ ᠬᠥᠭᠵᠢᠭᠦᠯᠬᠦ ᠪᠠ ᠵᠠᠰᠠᠭ ᠤᠨ ᠣᠷᠳᠣᠨ ᠠᠴᠠ ᠲᠥᠯᠥᠪᠵᠢᠭᠦᠯᠭᠡ ᠶᠣᠰᠣᠭᠠᠷ ᠪᠠᠲᠤᠯᠠᠭᠠᠲᠤ ᠣᠷᠣᠨ ᠰᠠᠭᠤᠴᠠ ︵ᠳᠦᠪᠬᠢᠨᠡᠭᠦᠯᠦᠭᠰᠡᠨ ᠣᠷᠣᠨ ᠰᠠᠭᠤᠴᠠ ᠶᠢ  ᠪᠠᠭᠲᠠᠭᠠᠨ᠎ᠠ︶ ᠶᠢ ᠪᠡᠯᠡ ᠣᠷᠤᠭᠤᠯᠵᠤ ᠪᠠᠶᠢᠭᠤᠯᠬᠤ ᠳᠤ ᠢᠵᠢ ᠪᠦᠷᠢᠳᠦᠭᠦᠯᠦᠨ ᠪᠥᠲᠦᠭᠡᠨ ᠪᠠᠶᠢᠭᠤᠯᠬᠤ ᠬᠡᠤᠬᠡᠳ ᠤᠨ ᠴᠡᠴᠡᠷᠯᠢᠭ ᠢ ᠪᠠᠭᠲᠠᠭᠠᠨ᠎ᠠ᠃       2. ᠬᠤᠲᠠ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠬᠡᠷᠬᠢᠨ ᠬᠤᠲᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠳᠣᠭᠲᠠᠭᠠᠬᠤ ᠪᠣᠶ︖       ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠲᠤᠬᠠᠶ ᠰᠠᠨᠠᠯ︾ ︵ᠲᠥᠪ ᠲᠠᠷᠬᠠᠭᠠᠭᠰᠠᠨ〔 2019〕18 ᠳ᠋ᠤᠭᠠᠷ ᠲᠣᠭᠠᠲᠤ︶ ᠲᠤ ︽ᠬᠠᠮᠢᠶ᠎ᠠ ᠪᠥᠬᠦᠶ ᠲᠤᠰᠬᠠᠶ ᠵᠦᠢᠯ ᠤᠨ ᠲᠥᠯᠥᠪᠵᠢᠭᠦᠯᠭᠡ ᠨᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠵᠢᠷᠤᠮᠯᠠᠵᠤ᠂ ᠶᠡᠷᠦᠩᠬᠡᠢ ᠲᠥᠯᠥᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷ ᠪᠥᠬᠦᠢ ᠠᠭᠤᠯᠭ᠎ᠠ ᠶᠢ ᠵᠥᠷᠢᠴᠡᠵᠦ ᠪᠣᠯᠬᠤ ᠦᠭᠡᠢ︾ ᠭᠡᠵᠦ ᠳᠤᠷᠠᠳᠴᠠᠢ᠃ ᠣᠳᠣᠬᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ︽ᠬᠤᠲᠠ ᠰᠢᠶᠠᠨ ᠤ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠦᠭᠯᠡᠭᠦᠷ︾ ᠢ ᠶᠠᠭ ᠰᠠᠶᠢᠬᠠᠨ ᠵᠣᠬᠢᠶᠠᠨ ᠪᠠᠶᠢᠭᠤᠯᠤᠨ ᠨᠠᠶᠢᠷᠠᠭᠤᠯᠤᠨ ᠳᠣᠭᠲᠠᠭᠠᠵᠤ ᠪᠠᠶᠢᠨ᠎ᠠ᠂ ᠡᠭᠦᠨ ᠤ ᠳᠣᠲᠣᠷᠠᠬᠢ ᠲᠥᠯᠥᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷ ᠪᠥᠬᠦᠢ ᠠᠭᠤᠯᠭ᠎ᠠ ᠳᠤ᠄ ᠰᠤᠷᠭᠠᠨ ᠬᠥᠮᠦᠵᠢᠯ᠂ ᠡᠷᠡᠭᠦᠯ  ᠬᠠᠮᠠᠭᠠᠯᠠᠯ᠂ ᠨᠠᠰᠤᠲᠠᠨ ᠤ ᠠᠰᠠᠷᠠᠮᠵᠢ᠂ ᠰᠣᠶᠣᠯ ᠪᠡᠶ᠎ᠡ ᠶᠢᠨ ᠲᠠᠮᠢᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠵᠠᠷᠴᠢᠮ᠂ ᠪᠠᠷᠢᠮᠵᠢᠶ᠎ᠠ ᠪᠤᠶᠤ ᠣᠷᠣᠨ ᠰᠠᠭᠤᠴᠠ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠵᠡᠷᠭᠡ ᠠᠭᠤᠯᠭ᠎ᠠ ᠶᠢ  ᠪᠠᠭᠲᠠᠭᠠᠵᠤ᠂ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠪᠠᠶᠢᠷᠢᠯᠠᠭᠤᠯᠤᠯᠲᠠ ᠶᠢᠨ ᠲᠥᠯᠦᠪᠵᠢᠭᠦᠯᠭᠡ ᠨᠢ  ᠬᠤᠲᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠳᠡᠭᠡᠷᠡᠬᠢ ᠮᠡᠲᠦ ᠶᠢᠨ ᠠᠯᠪᠠᠳᠠᠯᠭ᠎ᠠ ᠶᠢᠨ ᠴᠢᠨᠠᠷ ᠪᠥᠬᠦᠢ ᠠᠭᠤᠯᠭ᠎ᠠ ᠶᠣᠰᠣᠭᠠᠷ᠂ ᠠᠯᠪᠠᠳᠠᠯᠭ᠎ᠠ ᠶᠢᠨ ᠴᠢᠨᠠᠷ ᠪᠥᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠨᠠᠶᠢᠳᠠᠪᠤᠷᠢᠵᠢᠭᠤᠯᠤᠨ᠎ᠠ᠃       3. ᠬᠤᠲᠠ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠳᠦᠷᠢᠮᠵᠢᠯ ᠤᠨ ᠪᠠᠷᠢᠮᠵᠢᠶ᠎ᠠ ᠶᠢ ᠦᠨᠳᠦᠰᠦᠯᠡᠵᠦ᠂ ᠬᠤᠲᠠ ᠪᠠᠯᠭᠠᠰᠤ ᠶᠢ ᠨᠠᠷᠢᠯᠢᠭ ᠲᠥᠯᠦᠪᠵᠢᠭᠦᠯᠬᠦ ᠶᠠᠪᠤᠴᠠ ᠳᠤ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠬᠡᠷᠡᠭᠯᠡᠬᠦ ᠭᠠᠵᠠᠷ ᠤᠨ ᠲᠠᠯᠠᠪᠠᠶ ᠶᠢᠨ ᠭᠦᠢᠴᠡᠳᠭᠡᠯ ᠲᠤᠭ᠎ᠠ ᠶᠢ ᠬᠡᠷᠬᠢᠨ ᠲᠣᠳᠣᠷᠬᠠᠶᠢᠯᠠᠬᠤ ᠪᠣᠢ  ︖       ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠲᠤᠬᠠᠶ ᠰᠠᠨᠠᠯ︾ ︵ᠲᠥᠪ ᠲᠠᠷᠬᠠᠭᠠᠭᠰᠠᠨ〔 2019〕18 ᠳ᠋ᠤᠭᠠᠷ ᠲᠣᠭᠠᠲᠤ︶ ᠳᠤ ᠨᠠᠷᠢᠨ ᠲᠦᠷᠢᠮ ᠢ ᠳᠤᠷᠠᠳᠪᠠ᠄      ︵1︶ ᠲᠡᠷᠡ ᠨᠢ ᠪᠣᠳᠠᠲᠠᠶ ᠬᠡᠷᠡᠭᠯᠡᠬᠦ ᠭᠠᠵᠠᠷ ᠤᠨ ᠬᠡᠷᠡᠭᠴᠡᠭᠡ ᠪᠠ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠬᠦᠴᠦᠯᠡᠴᠡ ᠵᠡᠷᠭᠡ ᠳᠤ ᠬᠡᠷᠡᠭᠵᠢᠭᠦᠯᠬᠦ ᠲᠣᠬᠢᠷᠠᠭᠤᠯᠤᠯᠲᠠ ᠪᠣᠯᠤᠨ᠎ᠠ︔      ︵2︶ ᠵᠦᠪᠰᠢᠶᠡᠷᠡᠭᠳᠡᠭᠰᠡᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ   ᠨᠠᠶᠢᠷᠠᠭᠤᠯᠤᠨ ᠳᠣᠭᠲᠠᠭᠠᠬᠤ ᠪᠠ ᠵᠠᠰᠠᠪᠤᠷᠢ ᠣᠷᠣᠭᠤᠯᠤᠨ᠎ᠠ︔      ︵3︶ ᠬᠤᠲᠠ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠳᠣᠭᠲᠠᠭᠠᠵᠤ᠂ ᠠᠳᠠᠯᠢ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠦᠪᠰᠢᠶᠡᠷᠡᠭᠦᠯᠦᠨ᠎ᠡ᠃       ᠡᠶᠢᠮᠦ ᠠᠴᠠ᠂ ᠨᠠᠷᠢᠨ ᠲᠥᠯᠦᠪᠵᠢᠭᠦᠯᠭᠡ ᠪᠣᠯ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠦᠪᠵᠢᠭᠦᠯᠭᠡ ᠶᠢᠨ ᠨᠠᠷᠢᠯᠢᠭᠵᠢᠭᠤᠯᠤᠯᠲᠠ ᠪᠠ ᠨᠠᠶᠢᠳᠠᠪᠤᠷᠢᠵᠢᠭᠤᠯᠤᠯᠲᠠ ᠪᠣᠯᠤᠨ᠎ᠠ᠂ ᠬᠤᠲᠠ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠣᠳᠠᠲᠠᠶ ᠬᠡᠷᠡᠭᠯᠡᠬᠦ ᠭᠠᠵᠠᠷ ᠤᠨ ᠨᠠᠷᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠣᠭᠲᠠᠭᠠᠬᠤ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮᠵᠢᠯ ᠤᠨ ᠪᠠᠷᠢᠮᠵᠢᠶᠠᠨ ᠤ ᠱᠠᠭᠠᠷᠳᠠᠯᠭ᠎ᠠ ᠶᠣᠰᠣᠭᠠᠷ᠂ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠬᠡᠷᠡᠭᠯᠡᠬᠦ ᠭᠠᠵᠠᠷ ᠤᠨ ᠲᠠᠯᠠᠪᠠᠶ ᠵᠡᠷᠭᠡ ᠶᠢᠨ ᠪᠠᠷᠢᠮᠵᠢᠶ᠎ᠠ ᠶᠢ ᠬᠡᠮᠵᠢᠨ ᠪᠣᠳᠤᠵᠤ ᠨᠠᠷᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠳᠤ ᠣᠷᠤᠭᠤᠯᠪᠠᠯ ᠵᠣᠬᠢᠨ᠎ᠠ᠃       4. ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ‌‍ᠳᠤ ᠬᠡᠷᠡᠭᠯᠡᠬᠦ ᠭᠠᠵᠠᠷ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠬᠢᠨ ᠪᠠᠲᠤᠯᠠᠬᠤ ᠪᠣᠶ︖       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ︾ ᠵᠢᠴᠢ ︽ᠬᠤᠪᠢᠶᠠᠷᠢᠯᠠᠨ ᠥᠭᠬᠦ ᠭᠠᠵᠠᠷ ᠰᠢᠷᠤᠢ ᠶᠢᠨ ᠨᠡᠷᠡᠰ︾ ︵ᠤᠯᠤᠰ‌‍ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ 9 ᠳ᠋ᠦ᠋ᠭᠡᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠰᠢᠷᠤᠢ ᠶᠢᠨ ᠨᠡᠷᠡᠰ ᠲᠤ ᠨᠡᠶᠢᠴᠡᠬᠦ ᠠᠰᠢᠭ ᠬᠤᠨᠵᠢᠪᠣᠷᠢ ᠶᠢᠨ ᠪᠤᠰᠤ ᠴᠢᠨᠠᠷ ᠪᠥᠬᠦᠢ ᠰᠤᠷᠭᠠᠨ ᠬᠥᠮᠦᠵᠢᠯ ᠤᠨ ᠲᠥᠬᠦᠭᠡᠷᠦᠮᠵᠢ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠵᠤ ᠥᠭᠬᠦ ᠠᠷᠭ᠎ᠠ ᠮᠠᠶ᠋ᠢᠭ ᠢᠶᠠᠷ ᠬᠠᠩᠭᠠᠵᠤ ᠪᠣᠯᠤᠨ᠎ᠠ︔ ᠠᠰᠢᠭ ᠬᠤᠨᠵᠢᠪᠣᠷᠢ ᠶᠢᠨ ᠴᠢᠨᠠᠷ ᠪᠥᠬᠦᠢ ᠵᠣᠷᠢᠯᠭ᠎ᠠ ᠲᠠᠢ ᠪᠤᠶᠤ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ ᠤᠨ  ᠨᠡᠷᠡᠰ ᠲᠤ ᠨᠡᠶᠢᠴᠡᠬᠦ ᠦᠭᠡᠶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠮᠳᠠ ᠪᠠᠷ ᠬᠤᠳᠠᠯᠳᠤᠬᠤ᠂ ᠲᠦᠷᠢᠶᠡᠰᠦᠯᠡᠭᠦᠯᠬᠦ ᠵᠡᠷᠭᠡ ᠲᠥᠯᠥᠪᠦᠷᠢ ᠠᠪᠬᠤ ᠠᠷᠭ᠎ᠠ ᠮᠠᠶ᠋ᠢᠭ ᠢᠶᠠᠷ ᠬᠡᠷᠡᠭᠯᠡᠬᠦ ᠭᠠᠵᠠᠷ ᠢ ᠬᠠᠩᠭᠠᠬᠤ ᠬᠡᠷᠡᠭᠲᠡᠶ᠃       5. ᠵᠢᠷᠤᠭ ᠲᠥᠯᠥᠪᠯᠡᠭᠡᠨ ᠤ ᠨᠢᠭᠡᠴᠡ ᠪᠠ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠨᠢᠭᠡᠴᠡ ᠶᠢᠨ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠭᠤᠭᠴᠤᠭᠠᠨ ᠳᠤ ᠬᠢ ᠭᠤᠤᠯ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖       ᠵᠢᠷᠤᠭ ᠲᠥᠯᠥᠪᠯᠡᠭᠡ ᠪᠣᠯᠤᠨ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠭ᠎ᠠ‌‍ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠤᠨ ᠵᠢᠷᠤᠭ ᠲᠥᠯᠦᠪᠯᠡᠭᠡ ᠶᠢᠨ ᠭᠤᠭᠴᠤᠭᠠᠨ‌‍ᠤ ᠶᠠᠰᠤ ᠴᠢᠨᠠᠷ ᠢ ᠴᠢᠩᠭᠠᠳᠬᠠᠬᠤ ᠶᠠᠪᠤᠳᠠᠯ ᠪᠣᠯᠤᠨ᠎ᠠ᠃ ᠡᠭᠦᠨ ᠳᠤ᠂ ᠵᠢᠷᠤᠭ ᠲᠥᠯᠦᠪᠯᠡᠭᠡᠨ ᠤ ᠪᠠᠶᠢᠭᠤᠯᠭ᠎ᠠ  ᠨᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠪᠠ ︽ᠬᠡᠤᠬᠡᠳ ᠰᠠᠭᠠᠲᠠᠭᠤᠯᠬᠤ ᠭᠠᠵᠠᠷ᠂ ᠬᠡᠤᠬᠡᠳ ᠤᠨ ᠴᠡᠴᠡᠷᠯᠢᠭ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠳᠦᠷᠢᠮᠵᠢᠯ︾ ︵JGJ39︶ ᠵᠡᠷᠭᠡ ᠬᠠᠮᠢᠶ᠎ᠠ ᠪᠥᠬᠦᠶ ᠪᠠᠷᠢᠮᠵᠢᠶᠠᠨ ᠤ ᠳᠦᠷᠢᠮᠵᠢᠯ ᠶᠣᠰᠤᠭᠠᠷ ᠬᠤᠲᠠ ᠪᠠᠯᠭᠠᠰᠤᠨ ᠤ ᠲᠣᠭᠤᠷᠢᠭ ᠤᠨ ᠢᠵᠢ ᠪᠥᠷᠢᠳᠦᠭᠦᠯᠬᠦ ᠬᠡᠤᠬᠡᠳ ᠤᠨ ᠴᠡᠴᠡᠷᠯᠢᠭ ᠢ ᠲᠥᠯᠦᠪᠯᠡᠨ ᠪᠥᠲᠥᠭᠡᠨ ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ᠂ ᠪᠦᠲᠦᠴᠡ᠂ ᠴᠢᠳᠠᠮᠵᠢ᠂ ᠡᠨᠧᠷᠭᠢ ᠠᠷᠪᠢᠯᠠᠬᠤ᠂ ᠭᠠᠯ ᠤᠨᠲᠠᠷᠠᠭᠠᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠣᠰᠣᠭᠠᠷ ᠵᠢᠷᠤᠵᠤ  ᠲᠥᠯᠦᠪᠯᠡᠬᠦ ᠬᠡᠷᠡᠭᠲᠡᠢ︔ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠪᠣᠯᠤᠨ ᠬᠠᠮᠢᠶ᠎ᠠ ᠪᠦᠬᠦᠢ ᠪᠠᠷᠢᠮᠵᠢᠶᠠᠨ ᠤ ᠳᠦᠷᠢᠮᠵᠢᠯ ᠤᠨ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠵᠢᠷᠤᠭ ᠢ ᠵᠢᠷᠤᠵᠤ ᠲᠥᠯᠦᠪᠯᠡᠬᠦ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠴᠢᠩᠭ᠎ᠠ ᠠᠳᠬᠤᠵᠤ᠂ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠲᠥᠷᠦᠯ ᠵᠦᠢᠯ ᠤᠨ ᠪᠠᠷᠢᠯᠭ᠎ᠠ ᠶᠢᠨ ᠵᠢᠷᠤᠭ ᠢ ᠵᠢᠷᠤᠵᠤ ᠲᠥᠯᠦᠪᠯᠡᠬᠦ ᠪᠢᠴᠢᠭ ᠮᠠᠲ᠋ᠧᠷᠢᠶᠠᠯ ᠤᠨ ᠲᠥᠯᠦᠪᠯᠡᠭᠡ ᠪᠠ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ‌‍ᠶᠢᠨ ᠴᠢᠨᠠᠷ ᠪᠥᠬᠦᠢ ᠪᠠᠷᠢᠮᠵᠢᠶᠠᠨ ᠤ ᠱᠠᠭᠠᠷᠳᠠᠯᠭ᠎ᠠ ᠶᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃       6. ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠥᠲᠥᠭᠡᠨ ᠪᠠᠶᠢᠭᠤᠯᠬᠤ ᠨᠢᠭᠡᠴᠡ ᠠᠴᠠ ᠵᠣᠬᠢᠶᠠᠨ ᠪᠠᠶᠢᠭᠤᠯᠤᠭᠰᠠᠨ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠠᠷᠢᠯᠭ᠎ᠠ ᠶᠢᠨ ᠲᠥᠷᠥᠯ  ᠵᠦᠢᠯ ᠤᠨ ᠪᠠᠷᠢᠯᠭ᠎ᠠ‌‍ᠲ᠋ᠠᠭᠤᠰᠤᠭᠰᠠᠨ ᠢ ᠬᠢᠨᠠᠨ ᠬᠤᠷᠢᠶᠠᠬᠤ ᠳᠤ ᠣᠷᠣᠯᠴᠠᠨ᠎ᠠ ᠤᠤ︖       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠢ ᠵᠠᠰᠠᠬᠤ ᠠᠵᠢᠯ ᠢ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ〔 2019〕18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂〈 ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠢᠨᠠᠨ ᠬᠤᠷᠢᠶᠠᠬᠤ ᠵᠡᠷᠭᠡ ᠵᠠᠩᠭᠢᠯᠠᠭ᠎ᠠ ᠶᠢᠨ ᠭᠤᠭᠴᠤᠭᠠᠨ ᠳᠤ ᠣᠷᠣᠯᠴᠠᠵᠤ᠂ ᠬᠡᠤᠬᠡᠳ‌‍ᠤᠨ ᠴᠡᠴᠡᠷᠯᠢᠭ ᠢ ᠭᠥᠯᠢᠶᠡᠨ ᠠᠪᠬᠤ ᠵᠢᠴᠢ ᠬᠠᠮᠢᠶᠠᠷᠬᠤ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ 〉᠃ ᠡᠶᠢᠮᠦ ᠠᠴᠠ᠂ ᠪᠥᠲᠥᠭᠡᠨ ᠪᠠᠶᠢᠭᠤᠯᠬᠤ ᠨᠢᠭᠡᠴᠡ ᠨᠢ ᠬᠠᠮᠢᠶ᠎ᠠ ᠪᠥᠬᠦᠶ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠶᠢ ᠵᠣᠬᠢᠶᠠᠨ ᠪᠠᠶᠢᠭᠤᠯᠤᠨ᠂ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ ᠪᠠᠷᠢᠯᠭ᠎ᠠ ᠶᠢ ᠬᠢᠨᠠᠨ ᠬᠤᠷᠢᠶᠠᠬᠤ ᠠᠴᠠ ᠡᠮᠦᠨ᠎ᠡ ᠲᠤᠬᠠᠶ ᠶᠢᠨ ᠭᠠᠵᠠᠷ ᠤᠨ ᠬᠡᠤᠬᠡᠳ ᠤᠨ ᠴᠡᠴᠡᠷᠯᠢᠭ ᠢ ᠭᠥᠯᠢᠶᠡᠨ ᠠᠪᠬᠤ ᠵᠢᠴᠢ ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠶᠢᠨ ᠠᠵᠢᠯ ᠳᠠᠭᠤᠰᠤᠭᠰᠠᠨ ᠢ ᠬᠢᠨᠠᠨ ᠬᠤᠷᠢᠶᠠᠬᠤ ᠳᠤ ᠣᠷᠣᠯᠴᠠᠬᠤ ᠶᠢᠨ ᠬᠠᠮᠲᠤ ᠬᠡᠤᠬᠡᠳ ᠤᠨ ᠴᠡᠴᠡᠷᠯᠢᠭ ᠲᠤ ᠬᠠᠨᠤᠮᠵᠢᠲᠠᠢ ᠪᠠᠶᠢᠬᠤ ᠡᠰᠡᠬᠦ᠂ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠪᠠᠷᠢᠯᠭ᠎ᠠ ᠳᠠᠭᠤᠰᠤᠭᠰᠠᠨ ᠢ ᠬᠢᠨᠠᠨ ᠬᠤᠷᠢᠶᠠᠬᠤ ᠵᠡᠷᠭᠡ ᠲᠠᠯ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠳᠤ ᠬᠢᠨᠠᠯᠲᠠ ᠲᠠᠯᠪᠢᠬᠤ ᠪᠠ ᠰᠠᠨᠠᠯ ᠰᠠᠨᠠᠭᠤᠯᠭ᠎ᠠ ᠳᠤᠷᠠᠳᠬᠤ ᠶᠢ ᠮᠡᠳᠡᠬᠦ ᠬᠡᠷᠡᠭᠲᠡᠢ᠃       7. ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠭᠤᠭᠴᠤᠭᠠᠨ ᠤ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠵᠤ᠂ ᠬᠤᠶᠢᠰᠢᠯᠠᠭᠤᠯᠤᠨ ᠪᠠᠶᠢᠭᠤᠯᠬᠤ᠂  ᠪᠠᠭᠠᠰᠬᠠᠨ ᠪᠠᠶᠢᠭᠤᠯᠬᠤ᠂ ᠪᠠᠶᠢᠭᠤᠯᠬᠤ ᠥᠬᠡᠶ᠂ ᠪᠠᠶᠢᠭᠤᠯᠤᠭᠰᠠᠨ ᠴᠤ ᠲᠤᠰᠢᠶᠠᠬᠤ ᠥᠬᠡᠶ ᠵᠡᠷᠭᠡ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠣᠶ︖       ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ ᠵᠢᠷᠤᠭ ᠲᠥᠯᠥᠪᠯᠡᠭᠡ᠂ ᠪᠠᠷᠢᠯᠭ᠎ᠠ ᠪᠠ ᠪᠠᠷᠢᠯᠭ᠎ᠠ ᠳᠠᠭᠤᠰᠤᠭᠰᠠᠨ ᠢ ᠬᠢᠨᠠᠨ ᠬᠤᠷᠢᠶᠠᠬᠤ ᠵᠡᠷᠭᠡ  ᠭᠤᠭᠴᠤᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠠᠴᠠ ᠭᠠᠳᠠᠨ᠎ᠠ᠂ ᠬᠠᠮᠤᠭ ᠤᠨ ᠡᠴᠦᠰ ᠲᠤ ᠬᠤᠲᠠ ᠪᠠᠯᠭᠠᠰᠤᠨ ᠤ ᠲᠣᠭᠤᠷᠢᠭ ᠤᠨ ᠪᠠᠷᠢᠯᠭ᠎ᠠ ᠳᠠᠭᠤᠰᠤᠭᠰᠠᠨ ᠢ ᠬᠢᠨᠠᠨ ᠬᠤᠷᠢᠶᠠᠬᠤ ᠶᠢ ᠳᠠᠩᠰᠠᠯᠠᠭᠤᠯᠬᠤ ᠭᠠᠷᠳᠠᠮ ᠢ ᠭᠦᠢᠴᠡᠳᠭᠡᠬᠦ ᠳᠤ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠬᠠᠷᠢᠭᠤᠴᠠᠬᠤ‌‍ᠶᠢ ᠴᠢᠩᠭ᠎ᠠ ᠠᠳᠬᠤᠬᠤ ᠬᠡᠷᠡᠭᠲᠡᠶ᠃ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ‌‍ᠤᠨ ᠴᠡᠴᠡᠷᠯᠢᠭ ᠢ ᠪᠦᠲᠦᠭᠡᠨ ᠪᠠᠶᠢᠭᠤᠯᠬᠤ ᠳᠤ᠂ ᠪᠠᠭᠠᠰᠬᠠᠨ ᠪᠠᠶᠢᠭᠤᠯᠬᠤ᠂ ᠪᠠᠶᠢᠭᠤᠯᠬᠤ ᠶᠢ ᠵᠣᠭᠰᠤᠬᠤ᠂ ᠪᠠᠶᠢᠭᠤᠯᠬᠤ ᠦᠭᠡᠶ ᠪᠤᠶᠤ ᠪᠠᠶᠢᠭᠤᠯᠤᠭᠰᠠᠨ ᠴᠤ ᠲᠤᠰᠢᠶᠠᠬᠤ ᠦᠭᠡᠶ ᠵᠡᠷᠭᠡ ᠠᠰᠠᠭᠤᠳᠠᠯ ᠣᠷᠤᠰᠢᠵᠤ ᠪᠠᠶᠢᠪᠠᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠬᠤ ᠨᠢᠭᠡᠴᠡ ᠶᠢ ᠱᠠᠭᠠᠷᠳᠠᠵᠤ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠠᠴᠠ ᠡᠮᠦᠨ᠎ᠡ᠂ ᠬᠤᠲᠠ ᠪᠠᠯᠭᠠᠰᠤᠨ ᠤ ᠲᠣᠭᠤᠷᠢᠭ ᠤᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠬᠢᠨᠠᠨ ᠬᠤᠷᠢᠶᠠᠬᠤ ᠶᠢᠨ ᠳᠠᠩᠰᠠᠯᠠᠭᠤᠯᠬᠤ ᠭᠠᠷᠳᠠᠮ ᠢ ᠬᠢᠵᠦ ᠥᠭᠬᠦ ᠦᠭᠡᠢ᠃           ᠪᠢᠴᠢᠭ ᠮᠠᠲ᠋ᠧᠷᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠲᠣᠭᠤᠷᠢᠭ ᠤᠨ ᠢᠵᠢ ᠪᠦᠷᠢᠳᠦᠭᠦᠯᠬᠦ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ᠬᠡᠪᠯᠡᠨ ᠲᠠᠷᠬᠠᠭᠠᠬᠤ ᠮᠡᠳᠡᠭᠳᠡᠯ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map