ᠶᠠᠭᠠᠬᠢᠪᠠᠯ ᠰᠠᠶ᠋ᠢ ᠰᠤᠷᠤᠭᠴᠢᠳ ᠤᠨ ᠲᠤᠳᠤᠨᠤ ᠬᠠᠨᠢ ᠪᠤᠯᠵᠤ ᠴᠢᠳᠠᠬᠤ ᠪᠤᠢ
ᠨᠡᠶᠢᠲᠡᠯᠡᠭᠰᠡᠨ ᠴᠠᠭ᠄
2020/4/10
                     ᠤᠶᠤᠨᠰᠠᠴᠡᠨ      ᠨᠢᠭᠡ ᠪᠠᠭᠰᠢ ᠬᠦᠮᠤᠨ ᠶᠠᠭᠠᠬᠢᠪᠠᠯ ᠰᠡᠶ᠋ᠢ ᠰᠤᠷᠤᠭᠴᠢᠳ ᠤᠨ ᠵᠢᠩᠭᠢᠨᠢ ᠲᠤᠳᠤᠨᠤ ᠬᠠᠨᠢ ᠪᠤᠯᠵᠤ ᠴᠢᠳᠠᠬᠤ  ᠪᠤᠢ︖ ᠡᠨᠡ ᠪᠤᠯ ᠪᠠᠭᠰᠢ ᠪᠤᠯᠤᠭᠰᠠᠳ ᠤᠨ ᠦᠪᠡᠷ ᠤᠨ ᠪᠡᠶ᠎ᠡ ᠪᠠᠨ ᠦᠨᠡᠯᠡᠭᠦ ᠪᠠᠷᠢᠮᠵᠢᠶ᠎ᠠ ᠪᠤᠯᠤᠨ ᠡᠬᠦᠷᠭᠡ ᠬᠠᠷᠢᠭᠤᠴᠠᠯᠭ᠎ᠠ ᠪᠤᠯᠤᠨ᠎ᠠ᠃ ᠪᠠᠭᠰᠢ ᠪᠤᠯᠤᠭᠰᠠᠳ ᠬᠢᠴᠢᠶᠡᠯ ᠤᠨ ᠲᠠᠶᠢᠰᠠᠨ ᠳᠤ ᠭᠠᠷᠤᠭᠰᠠᠨ ᠲᠡᠷᠡ ᠴᠠᠭ ᠠᠴᠠ ᠡᠬᠢᠯᠡᠨ ᠲᠡᠶᠢᠰᠠᠨ ᠠᠴᠠ ᠪᠠᠭᠤᠬᠤ ᠦᠶ᠎ᠡ ᠭᠦᠷᠳᠡᠯ᠎ᠡ ᠰᠤᠷᠤᠭᠴᠢᠳ ᠤᠨ ᠢᠶᠠᠨ ᠲᠤᠳᠤᠨᠤ ᠬᠠᠨᠢ ᠨᠠᠶᠢᠵᠠ ᠨᠢ ᠪᠤᠯᠵᠤ᠂ ᠦᠭᠡᠷ᠎ᠡ ᠪᠤᠰᠤᠳ ᠤᠨ ᠭᠡᠤᠭᠡᠳ ᠢ ᠦᠪᠡᠷ ᠤᠨ ᠦᠷ᠎ᠡ ᠲᠠᠢ ᠪᠠᠨ ᠠᠳᠠᠯᠢ ᠬᠠᠶᠢᠷᠠᠯᠠᠨ ᠬᠠᠯᠠᠮᠵᠢᠯᠠᠵᠤ ᠰᠤᠷᠭᠠᠨ ᠭᠦᠮᠦᠵᠢᠭᠦᠯᠳᠡᠭ᠃ ᠭᠡᠪᠡᠴᠤ ᠰᠤᠷᠤᠭᠴᠢᠳ ᠤᠨ ᠵᠢᠩᠭᠢᠨᠢ ᠲᠤᠳᠤᠨᠤ ᠬᠠᠨᠢ ᠪᠤᠯᠬᠤ ᠶᠠᠪᠤᠳᠠᠯ ᠲᠠᠶᠢᠮᠤ ᠬᠢᠯᠪᠠᠷ ᠶᠠᠪᠤᠳᠠᠯ ᠪᠢᠰᠢ ᠪᠤᠯᠬᠤᠷ ᠤᠯᠠᠩᠭᠢ ᠪᠠᠭᠰᠢ ᠨᠠᠷ ᠡᠨᠡ ᠭᠦ ᠲᠠᠯ᠎ᠠ ᠪᠠᠷ ᠲᠡᠶᠢᠮᠤ ᠰᠡᠶᠢᠨ ᠠᠮᠵᠢᠯᠳᠠ ᠤᠯᠵᠤ ᠴᠢᠳᠠᠳᠠᠭ ᠦᠭᠡᠢ᠃ ᠡᠬᠦᠨ ᠤ ᠭᠤᠤᠯ ᠰᠢᠯᠳᠠᠭᠠᠨ ᠪᠤᠯ ᠭᠡᠤᠭᠡᠳ ᠤᠨ ᠠᠳᠠᠯᠢ ᠪᠤᠰᠤ ᠵᠠᠩ ᠠᠷᠠᠨᠰᠢᠨ ᠵᠡᠷᠭᠡ ᠭᠠᠳᠠᠭᠠᠳᠤ ᠤᠷᠴᠢᠨ ᠤ ᠰᠢᠯᠳᠠᠭᠠᠨ ᠪᠠᠶᠢᠬᠤ ᠠᠴᠠ ᠭᠠᠳᠠᠨ᠎ᠠ ᠬᠠᠮᠤᠭ ᠤᠨ ᠦᠨᠳᠤᠰᠤᠨ ᠠᠰᠠᠭᠤᠳᠠᠯ ᠪᠤᠯ ᠪᠠᠭᠰᠢ ᠶᠢᠨ ᠲᠤᠰ ᠪᠡᠶ᠎ᠡ ᠳᠤ ᠪᠤᠢ᠃ ᠲᠠᠷᠤᠢ ᠨᠢᠭᠡ ᠪᠠᠭᠰᠢ ᠬᠦᠮᠤᠨ ᠤ ᠭᠡᠪ ᠪᠤᠯᠪᠠᠰᠤᠷᠠᠯ ᠤᠨ ᠬᠢᠷᠢ ᠲᠦᠪᠰᠢᠨ ᠬᠢᠷᠢ ᠵᠡᠷᠭᠡ ᠪᠠᠶᠢᠬᠤ ᠳᠤ ᠪᠤᠢ᠃ ᠡᠨᠡᠬᠦ ᠭᠡᠪ ᠪᠤᠯᠪᠠᠰᠤᠷᠠᠯ ᠪᠤᠯ ᠮᠢᠨᠦ ᠦᠵᠡᠭᠦ ᠪᠠᠷ ︽ᠬᠠᠶᠢᠷ᠎ᠠ᠂ ᠮᠡᠳᠡᠯᠭᠡ᠂ ᠤᠷ᠎ᠠ ᠲᠡᠮ︾ ᠮᠦᠨ᠃      ᠨᠢᠭᠡ᠂ ᠤᠷᠬᠢᠯᠤᠮ᠎ᠠ ᠬᠠᠯᠠᠭᠤᠨ ᠬᠠᠶᠢᠷ᠎ᠠ ᠶᠢᠨ ᠡᠬᠢ ᠪᠤᠯᠠᠭ ᠲᠠᠢ ᠪᠠᠶᠢᠬᠤ ᠭᠡᠷᠡᠭᠳᠡᠢ     ︽ᠬᠠᠶᠢᠷ᠎ᠠ ᠦᠭᠡᠢ ᠪᠤᠯ ᠰᠤᠷᠭᠠᠨ ᠬᠦᠮᠤᠵᠢᠯ ᠪᠠᠶᠢᠵᠤ ᠴᠢᠳᠠᠬᠤ ᠦᠭᠡᠢ᠂ ᠬᠠᠶᠢᠷ᠎ᠠ ᠪᠤᠯ ᠰᠤᠷᠤᠭᠴᠢᠳ ᠢ ᠰᠤᠷᠭᠠᠨ ᠬᠦᠮᠤᠵᠢᠬᠦᠯᠬᠦ ᠨᠢᠭᠤᠴᠠ ᠤᠪᠠᠳᠢᠰ ᠮᠦᠨ︾ ᠭᠡᠵᠤ ᠰᠤᠷᠭᠠᠨ ᠬᠦᠮᠤᠵᠢᠬᠦᠯᠬᠦ ᠤᠬᠠᠭᠠᠨᠳᠠᠨ ᠤᠨᠤᠪᠴᠢᠳᠡᠢ ᠰᠡᠶᠢᠬᠠᠨ ᠵᠢᠭᠠᠵᠤ ᠭᠠᠷᠭᠠᠭᠰᠨᠨ ᠪᠢᠯᠡ᠃ ᠨᠢᠭᠡᠨ ᠪᠠᠭᠰᠢ ᠭᠦᠮᠦᠨ ᠶᠠᠭᠤᠨ ᠤ ᠡᠮᠤᠨ᠎ᠡ ᠤᠷᠬᠢᠯᠤᠮ᠎ᠠ ᠬᠠᠯᠠᠭᠤᠨ ᠬᠠᠶᠢᠷ᠎ᠡ ᠰᠡᠳᠬᠢᠯᠭᠡ᠂ ᠭᠡᠬᠦᠳᠡᠭ ᠲᠦᠬᠦᠷᠡᠩ ᠢᠳᠡᠭᠡᠯ ᠵᠤᠷᠢᠭ ᠢᠶᠠᠷ ᠰᠤᠷᠤᠭᠴᠢᠳ ᠢᠶᠠᠨ ᠬᠠᠶᠢᠷᠠᠯᠠᠨ ᠬᠠᠷᠠᠭᠠᠯᠵᠠᠵᠤ᠂ ᠰᠤᠷᠭᠠᠨ ᠬᠦᠮᠦᠵᠢᠭᠦᠯᠭᠦ ᠶᠤᠰᠤᠳᠡᠢ᠃ ᠨᠡᠩ ᠢᠯᠠᠩᠭᠤᠶ᠎ᠠ ᠨᠢᠭᠡᠨ ᠵᠠᠯᠠᠭᠤ ᠪᠠᠭᠰᠢ ᠳᠤ ᠠᠪᠴᠤ ᠭᠡᠯᠡᠪᠠᠯ ᠰᠤᠷᠤᠭᠴᠢᠳ ᠢᠶᠠᠨ ᠬᠠᠶᠢᠷᠠᠯᠠᠬᠤ ᠤᠷᠬᠢᠯᠤᠮ᠎ᠠ ᠬᠠᠯᠠᠭᠤᠨ ᠰᠡᠳᠬᠢᠯᠭᠡ ᠪᠠᠶᠢᠬᠤ ᠡᠰᠡᠭᠦ ᠨᠢ ᠵᠢᠭᠠᠨ ᠰᠤᠷᠭᠠᠯᠳᠠ ᠶᠢᠨ ᠠᠯᠢᠪᠠ ᠠᠵᠢᠯ ᠢ ᠭᠠᠷᠳᠠᠨ ᠬᠢᠬᠦ ᠶᠢᠨ ᠡᠭᠦᠰᠤᠯᠳᠠ ᠶᠢᠨ ᠴᠡᠭ ᠪᠤᠯᠬᠤ ᠶᠤᠮ᠃ ᠪᠠᠭᠰᠢ ᠨᠢ ᠰᠤᠷᠤᠭᠴᠢᠳ ᠢᠶᠠᠨ ᠬᠠᠯᠠᠮᠵᠢᠯᠠᠨ ᠬᠠᠶᠢᠷᠠᠯᠠᠵᠤ᠂ ᠰᠤᠷᠤᠭᠴᠢᠳ ᠢᠶᠠᠨ ᠢᠳᠡᠭᠡᠨ ᠬᠦᠨᠳᠤᠳᠭᠡᠪᠡᠯ ᠲᠡᠳᠡ ᠰᠠᠶ᠋ᠢ ᠪᠠᠭᠰᠢ ᠪᠠᠨ ᠨᠡᠩ  ᠢᠳᠡᠭᠡᠨ᠂ ᠦᠨᠡᠨ ᠰᠡᠳᠬᠢᠯ ᠠᠴᠠ ᠪᠠᠨ ᠪᠢᠰᠢᠷᠠᠨ ᠬᠦᠨᠳᠤᠳᠭᠡᠬᠦ ᠶᠤᠮ᠃      ᠪᠠᠭᠰᠢ ᠠᠴᠠ ᠵᠢᠭᠠᠨ ᠰᠤᠷᠭᠠᠬᠤ ᠠᠵᠢᠯ ᠤᠨ ᠲᠤᠮᠳᠠ ᠪᠠᠨ ᠰᠤᠷᠤᠭᠴᠢᠳ ᠢᠶᠠᠨ ᠬᠠᠶᠢᠷᠠᠯᠠᠬᠤ ᠪᠠ ᠴᠢᠩᠭ᠎ᠠ ᠱᠠᠭᠠᠷᠳᠠᠬᠤ ᠶᠢ ᠨᠢᠬᠳᠠ ᠤᠶᠠᠯᠳᠤᠭᠤᠯᠬᠤ ᠪᠤᠯ ᠮᠦᠨ ᠴᠤ ᠪᠠᠭᠰᠢ ᠬᠦᠮᠤᠨ ᠤ ᠵᠠᠪᠠᠯ ᠵᠢᠷᠤᠮᠯᠠᠨ ᠬᠦᠢᠴᠡᠳᠭᠡᠬᠦ ᠵᠦᠢᠯ ᠮᠦᠨ᠃ ᠡᠨᠡᠬᠦ ᠰᠤᠷᠭᠠᠨ ᠬᠦᠮᠤᠵᠢᠯ ᠨᠢ ᠬᠠᠯᠠᠭᠤᠨ ᠬᠠᠶᠢᠷ᠎ᠠ᠂ ᠴᠢᠩᠭ᠎ᠠ ᠱᠠᠭᠠᠷᠳᠠᠯᠭ᠎ᠠ ᠠᠴᠠ ᠰᠠᠯᠵᠤ ᠴᠢᠳᠠᠬᠤ ᠦᠭᠡᠢ ᠪᠠᠶᠢᠳᠠᠭ ᠢᠶᠠᠷ ᠪᠠᠭᠰᠢ ᠪᠤᠯᠤᠭᠰᠠᠳ ᠡᠷᠭᠡᠪᠰᠢ ᠬᠦᠨ ᠵᠤᠵᠠᠭᠠᠨ ᠬᠠᠶᠢᠷ᠎ᠠ ᠰᠡᠳᠬᠢᠯᠭᠡ ᠪᠠᠷ ᠰᠤᠷᠤᠭᠴᠢᠳ ᠲᠤ ᠪᠠᠨ ᠬᠠᠨᠳᠤᠵᠤ᠂ ᠲᠡᠳᠡᠨ ᠤ ᠪᠦᠬᠦ ᠲᠠᠯ᠎ᠠ ᠪᠠᠷ ᠦᠰᠤᠨ ᠪᠦᠢᠵᠢᠬᠤ ᠶᠢ ᠠᠩᠬᠠᠷᠴᠤ᠂ ᠰᠤᠶᠤᠯ ᠮᠡᠳᠡᠯᠭᠡ ᠲᠠᠢ᠂ ᠶᠤᠰᠤ ᠰᠤᠷᠳᠠᠬᠤᠨ ᠲᠠᠢ᠂ ᠡᠷᠡᠬᠦᠯ ᠴᠢᠬᠢᠷᠠᠭ ᠪᠡᠶ᠎ᠡ ᠰᠡᠳᠬᠢᠴᠡ ᠲᠠᠢ᠂ ᠨᠡᠶᠢᠭᠡᠮ ᠨᠡᠶᠢᠳᠠ ᠳᠤ ᠬᠠᠶᠢᠷ᠎ᠠ ᠲᠠᠢ ᠴᠠᠭ ᠦᠶ᠎ᠡ ᠳᠤ ᠲᠤᠬᠢᠷᠠᠭᠰᠠᠨ ᠴᠢᠳᠠᠪᠤᠷᠢᠳᠠᠨ ᠢ ᠬᠦᠮᠤᠵᠢᠬᠦᠯᠤᠨ ᠭᠠᠷᠭᠠᠬᠤ ᠳᠤ ᠪᠦᠬᠦ ᠤᠶᠤᠨ ᠰᠠᠨᠠᠭ᠎ᠠ᠂ ᠬᠦᠴᠤᠨ ᠴᠢᠳᠠᠯ ᠢᠶᠠᠨ ᠵᠤᠷᠢᠭᠤᠯᠬᠤ ᠭᠡᠷᠡᠭᠳᠡᠢ᠃      ᠪᠠᠭᠰᠢ ᠬᠦᠮᠤᠨ ᠰᠤᠷᠤᠭᠴᠢᠳ ᠤᠨ ᠲᠤᠳᠤᠨᠤ ᠬᠠᠨᠢ ᠪᠤᠯᠬᠤ ᠳᠤ ᠤᠷᠢᠳ ᠢᠶᠠᠷ ᠰᠤᠷᠤᠭᠴᠢᠳ ᠤᠨ ᠪᠠᠶᠢᠳᠠᠯ ᠢ ᠡᠷᠭᠡᠪᠰᠢ ᠨᠠᠷᠢᠨ ᠲᠤᠳᠤᠷᠬᠠᠢ ᠦᠢᠯᠠᠭᠠᠬᠤ ᠭᠡᠷᠡᠭᠳᠡᠢ᠃ ᠰᠤᠷᠤᠭᠴᠢ ᠶᠢᠨ ᠪᠠᠶᠢᠳᠠᠯ ᠢ ᠦᠢᠯᠠᠭᠠᠬᠤ ᠳᠤ ᠪᠠᠨ ᠪᠦᠭᠦᠨ ᠢ ᠦᠪᠡᠷ ᠤᠨ ᠨᠢᠳᠤ ᠪᠠᠷ ᠢᠶᠠᠨ ᠦᠵᠡᠵᠤ᠂ ᠴᠢᠬᠢ ᠪᠠᠷ ᠢᠶᠠᠨ ᠰᠤᠨᠤᠰᠴᠤ ᠪᠠᠶᠢᠭᠠᠳ ᠬᠦᠢᠴᠡᠳᠭᠡᠬᠦ ᠭᠡᠭᠴᠢ ᠪᠡᠶᠡᠯᠡᠭᠳᠡᠰᠢ ᠦᠭᠡᠢ ᠭᠡᠷᠡᠭ ᠤᠴᠢᠷ ᠠᠴᠠ ᠠᠩᠭᠢ ᠶᠢᠨ ᠡᠷᠬᠢᠯᠡᠭᠴᠢ᠂ ᠭᠡᠷ ᠤᠨ ᠠᠬᠠᠮᠠᠳ᠂ ᠬᠢᠴᠢᠶᠡᠯᠯᠡᠭᠴᠢ ᠪᠠᠭᠰᠢ ᠪᠠ ᠰᠤᠷᠤᠭᠴᠢᠳ ᠲᠠᠢ ᠢᠯᠡᠬᠦᠤ ᠬᠠᠷᠢᠯᠴᠠᠬᠤ ᠪᠠᠷ ᠲᠠᠮᠵᠢᠭᠤᠯᠵᠤ᠂ ᠰᠤᠷᠤᠭᠴᠢᠳ ᠤᠨ ᠪᠠᠶᠢᠳᠠᠯ ᠢ ᠨᠠᠷᠢᠨ ᠦᠢᠯᠠᠭᠠᠭᠰᠠᠨ ᠰᠠᠭᠤᠷᠢᠨ ᠲᠡᠭᠡᠷ᠎ᠡ ᠪᠦᠬᠦ ᠰᠤᠷᠤᠭᠴᠢᠳ ᠢ ᠪᠦᠬᠦ ᠲᠡᠯ᠎ᠠ ᠪᠠᠷ ᠬᠠᠷᠠᠭᠠᠯᠵᠠᠵᠤ᠂ ᠵᠠᠷᠢᠮ ᠤᠨᠴᠠᠭᠠᠢ ᠰᠤᠷᠤᠭᠴᠢᠳ ᠤᠨ ᠤᠨᠴᠠᠯᠢᠭ ᠢ ᠨᠢ ᠠᠳᠬᠤᠵᠤ᠂ ︽ᠡᠪᠡᠳᠴᠢᠨ ᠳᠤ ᠨᠢ ᠲᠤᠬᠢᠷᠠᠭᠤᠯᠵᠤ ᠡᠮ ᠦᠭᠬᠦ︾ ᠠᠷᠭ᠎ᠠ ᠶᠢ ᠭᠡᠷᠡᠭᠯᠡᠪᠠᠯ ᠦᠷ᠎ᠡ ᠪᠦᠳᠤᠮᠵᠢ ᠦᠨᠳᠤᠷ ᠮᠦᠷᠳᠡᠭᠡᠨ ᠰᠤᠷᠤᠭᠴᠢᠳ ᠤᠨ ᠢᠳᠡᠭᠡᠯ ᠬᠦᠨᠳᠤᠳᠭᠡᠯ ᠢ ᠤᠯᠵᠤ ᠰᠤᠷᠤᠭᠴᠢᠳ ᠤᠨ ᠢᠳᠡᠭᠡᠯ ᠨᠡᠶᠢᠳᠠᠪᠤᠷᠢᠳᠡᠢ ᠰᠡᠳᠬᠢᠯ ᠤᠨ ᠬᠦᠮᠤᠨ ᠨᠢ ᠪᠤᠯᠵᠤ ᠴᠢᠳᠠᠬᠤ ᠶᠤᠮ᠃      ᠬᠤᠶᠡᠷ᠂ ᠦᠷᠭᠡᠨ ᠲᠡᠯᠭᠡᠷ ᠮᠡᠳᠡᠯᠭᠡ ᠴᠢᠳᠠᠪᠤᠷᠢ ᠲᠠᠢ ᠪᠠᠶᠢᠬᠤ ᠭᠡᠷᠡᠭᠳᠡᠢ      ᠪᠠᠭᠰᠢ ᠬᠦᠮᠤᠨ ᠶᠠᠭᠤᠨ ᠤ ᠡᠮᠤᠨ᠎ᠠ ᠦᠷᠭᠡᠨ ᠲᠡᠯᠭᠡᠷ ᠡᠷᠳᠡᠮ ᠮᠡᠳᠡᠯᠭᠡ ᠲᠠᠢ ᠪᠠᠶᠢᠮᠠᠨᠵᠢᠨ ᠰᠠᠶ᠋ᠢ ᠬᠦᠮᠤᠨ ᠲᠦᠷᠤᠯᠬᠢᠳᠡᠨ ᠤ ᠤᠶᠤᠨ ᠤ ᠢᠠᠵᠧᠨᠧᠷ ᠤᠨ ᠲᠠᠷᠬᠠᠨ ᠡᠭᠦᠷᠭᠡ ᠪᠠᠨ ᠬᠦᠢᠴᠡᠳᠭᠡᠵᠤ ᠴᠢᠳᠠᠬᠤ ᠶᠤᠮ᠃ ᠪᠠᠭᠰᠢ ᠶᠢᠨ ᠡᠬᠦᠷᠭᠡ ᠬᠠᠷᠢᠭᠤᠴᠠᠯᠭ᠎ᠠ ᠪᠤᠯ ︽ᠬᠦᠮᠤᠨ︾ ᠢ ᠬᠦᠮᠤᠵᠢᠬᠦᠯᠵᠤ᠂ ᠤᠶᠤᠨ ᠰᠠᠨᠠᠭ᠎ᠠ ᠶᠢ ᠨᠢ ᠰᠢᠭᠤᠳ ᠪᠦᠳᠤᠭᠡᠬᠦ ᠳᠤ ᠪᠠᠶᠢᠭ᠎ᠠ ᠶᠤᠮ᠃ ᠪᠠᠭᠰᠢ ᠪᠤᠯᠤᠭᠰᠠᠳ ᠵᠢᠭᠠᠨ ᠰᠤᠷᠭᠠᠬᠤ ᠶᠠᠪᠤᠴᠠ ᠳᠤ ᠪᠠᠨ ᠵᠦᠪᠭᠡᠨ ᠬᠢᠴᠢᠶᠡᠯ ᠤᠨ ᠪᠢᠴᠢᠭ ᠢ ᠵᠢᠭᠠᠵᠤ ᠰᠤᠷᠭᠠᠬᠤ ᠲᠡᠳᠤᠢ ᠯᠠ ᠪᠢᠰᠢ ᠬᠠᠷᠢᠨ ᠰᠤᠷᠤᠭᠴᠢᠳ ᠤᠨ ᠤᠶᠤᠨ ᠰᠡᠳᠬᠢᠴᠡ ᠶᠢᠨ ᠬᠦᠭᠵᠢᠯᠳᠠ᠂ ᠴᠢᠳᠠᠪᠤᠷᠢ ᠶᠢᠨ ᠬᠦᠭᠵᠢᠯᠳᠠ᠂ ᠶᠡᠷᠳᠢᠨᠴᠤ ᠶᠢᠨ ᠦᠵᠡᠯᠳᠡ᠂ ᠠᠮᠢᠳᠤᠷᠠᠬᠤᠢ ᠶᠢᠨ ᠦᠵᠡᠯᠳᠡ ᠵᠡᠷᠭᠡ ᠲᠠᠯ᠎ᠠ ᠶᠢᠨ ᠵᠦᠪ ᠦᠵᠡᠯᠳᠡ ᠶᠢ ᠵᠢᠯᠤᠭᠤᠳᠤᠨ ᠬᠦᠭᠵᠢᠬᠦᠯᠬᠦ ᠴᠢᠬᠤᠯᠠᠳᠡᠢ ᠲᠤᠯᠠ ᠨᠢᠭᠡ ᠪᠠᠭᠰᠢ ᠬᠦᠮᠤᠨ ᠦᠷᠭᠡᠨ ᠲᠡᠯᠭᠡᠷ ᠡᠷᠳᠡᠮ ᠮᠡᠳᠡᠯᠭᠡ ᠪᠠ ᠡᠯᠪᠡᠭ ᠪᠠᠶᠠᠯᠢᠭ ᠴᠢᠳᠠᠪᠤᠷᠢᠳᠡᠢ ᠪᠠᠶᠢᠬᠤ ᠦᠭᠡᠢ ᠪᠤᠯᠬᠤ ᠦᠭᠡᠢ᠃      ᠪᠠᠭᠰᠢ ᠬᠦᠮᠤᠨ ᠶᠠᠭᠤ ᠪᠦᠬᠦᠨ ᠢ ᠮᠡᠳᠡᠵᠤ᠂ ᠶᠠᠭᠤ ᠪᠦᠬᠦᠨ ᠢ ᠴᠢᠳᠠᠭᠴᠢ ᠪᠢᠰᠢ ᠪᠤᠯᠪᠠᠴᠤ ᠰᠤᠷᠤᠭᠴᠢᠳ ᠤᠨ ᠡᠮᠤᠨ᠎ᠠ ᠪᠠᠭᠰᠢ ᠬᠦᠮᠤᠨ ᠡᠷᠭᠡᠪᠰᠢ ᠡᠯᠪᠡᠭ ᠪᠠᠶᠠᠯᠢᠭ ᠡᠷᠳᠡᠮ ᠮᠡᠳᠡᠯᠭᠡ ᠪᠠ ᠴᠢᠳᠠᠪᠤᠷᠢ ᠲᠠᠢ᠂ ᠡᠷᠭᠡᠮ ᠲᠡᠭᠡᠳᠤ ᠭᠡᠪ ᠪᠤᠯᠪᠠᠰᠤᠷᠠᠯ ᠲᠠᠢ᠂ ᠡᠨᠡᠷᠢᠯ ᠤᠨ ᠶᠡᠭᠡ ᠬᠠᠶᠢᠷ᠎ᠠ ᠬᠠᠯᠠᠮᠵᠢ ᠲᠠᠢ ᠡᠭᠡ ᠬᠦᠮᠤᠨ ᠤ ᠲᠦᠷᠢ ᠪᠠᠷ ᠢᠯᠡᠷᠡᠵᠤ᠂ ᠰᠤᠷᠤᠭᠴᠢᠳ ᠤᠨ ᠢᠶᠠᠨ ᠪᠢᠰᠢᠷᠡᠯ ᠬᠦᠨᠳᠤᠳᠭᠡᠯ‌ᠢ ᠤᠯᠬᠤ ᠭᠡᠷᠡᠭᠳᠡᠢ᠃ ᠤᠴᠢᠷ ᠨᠢ ᠢᠳᠡᠭᠡᠯ ᠬᠦᠨᠳᠤᠳᠭᠡᠯ ᠪᠠ ᠪᠢᠰᠢᠷᠡᠯ ᠪᠠᠭ᠋ᠠᠷᠬᠠᠯ ᠪᠤᠯ ᠨᠢᠭᠡ ᠤᠴᠢᠷ ᠤᠨ ᠬᠤᠶᠠᠷ ᠲᠠᠯ᠎ᠠ ᠪᠢᠯᠡ᠃ ᠪᠢᠰᠢᠷᠡᠯ ᠪᠠᠭ᠋ᠠᠷᠬᠠᠯ ᠠᠴᠠ ᠢᠳᠡᠭᠡᠯ ᠬᠦᠨᠳᠤᠳᠭᠡᠯ ᠲᠦᠷᠦᠭᠳᠡᠵᠤ᠂ ᠢᠳᠡᠭᠡᠯ ᠬᠦᠨᠳᠤᠳᠭᠡᠯ ᠠᠴᠠ ᠪᠢᠰᠢᠷᠡᠯ ᠪᠠᠭ᠋ᠠᠷᠬᠠᠯ ᠪᠤᠢ ᠪᠤᠯᠳᠠᠭ ᠠᠴᠠ ᠰᠤᠷᠤᠭᠴᠢᠳ ᠤᠨ ᠢᠶᠠᠨ ᠢᠳᠡᠭᠡᠯ ᠪᠢᠰᠢᠷᠡᠯ ᠢ ᠤᠯᠬᠤ ᠲᠤᠳᠤᠮ ᠰᠤᠷᠤᠭᠴᠢᠳ ᠴᠢᠨᠢ ᠴᠢᠮ᠎ᠠ ᠲᠠᠢ ᠤᠯᠠᠮ ᠦᠢᠷᠠᠳᠴᠤ᠂ ᠦᠨᠠᠨ ᠬᠦ ᠪᠠᠭᠰᠢ ᠰᠤᠷᠤᠭᠴᠢᠳ ᠬᠠᠷᠢᠯᠴᠠᠨ ᠢᠳᠡᠭᠡᠯ ᠨᠡᠶᠢᠳᠠᠪᠤᠷᠢ ᠲᠠᠢ ᠪᠤᠯᠵᠤ᠂ ᠬᠠᠮᠳᠤ ᠶᠢᠨ ᠲᠤᠳᠤᠨᠤ ᠬᠠᠷᠢᠴᠠᠭ᠎ᠠ ᠶᠢ ᠪᠠᠶᠢᠭᠤᠯᠵᠤ ᠴᠢᠳᠠᠨ᠎ᠠ᠃ ᠪᠠᠭᠰᠢ ᠪᠤᠯᠤᠭᠰᠠᠳ ᠰᠤᠷᠤᠭᠴᠢᠳ ᠤᠨ ᠡᠮᠤᠨ᠎ᠠ ︽ᠰᠢᠳᠢ ᠦᠵᠡᠬᠦᠯᠬᠦ ᠭᠡᠳ ᠰᠢᠪᠰᠢᠭ ᠦᠵᠡᠬᠦᠯᠬᠦ︾ ᠠᠴᠠ ᠵᠠᠶᠢᠯᠠᠰᠬᠢᠬᠦ ᠭᠡᠷᠡᠭᠳᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠦᠷᠭᠡᠨ ᠬᠦᠭᠵᠢᠵᠤ ᠪᠠᠶᠢᠭ᠎ᠠ ᠦᠨᠤᠳᠤᠷ ᠪᠠᠭᠰᠢ ᠶᠢᠨ ᠮᠡᠳᠡᠯᠭᠡ ᠶᠢᠨ ᠬᠠᠳᠠᠭᠠᠯᠠᠮᠵᠢ ᠨᠢ ᠰᠤᠷᠤᠭᠴᠢ ᠶᠢᠨ ᠬᠢ ᠠᠴᠠ ᠠᠷᠪᠢᠨ ᠪᠢᠰᠢ ᠪᠠᠶᠢᠵᠤ ᠮᠡᠳᠡᠨ᠎ᠠ᠃ ᠰᠤᠷᠤᠭᠴᠢᠳ ᠡᠳᠤᠷ ᠲᠤᠳᠤᠮ ᠤᠨ ᠠᠮᠢᠳᠤᠷᠠᠯ ᠲᠤᠮᠳᠠ ᠪᠠᠨ ᠰᠢᠨ᠎ᠡ ᠭᠡᠷᠡᠭ ᠪᠤᠳᠠᠰ ᠯᠤᠭ᠎ᠠ ᠦᠢᠷᠠᠳᠬᠤ ᠲᠤᠬᠢᠶᠠᠯ ᠲᠤᠩ ᠤᠯᠠᠨ ᠪᠠᠶᠢᠵᠤ᠂ ᠪᠠᠭᠰᠢ ᠶᠢᠨ ᠮᠡᠳᠡᠬᠦ ᠦᠭᠡᠢ ᠶᠠᠭᠤᠮ᠎ᠠ ᠶᠢ ᠴᠤ ᠰᠤᠷᠴᠤ ᠠᠪᠳᠠᠭ᠃ ᠡᠶᠢᠮᠤ ᠠᠴᠠ ᠪᠠᠭᠰᠢ ᠪᠤᠯᠤᠭᠰᠠᠳ ᠴᠠᠭ ᠦᠷᠬᠦᠯᠵᠢ ᠰᠤᠷᠤᠯᠴᠠᠯᠭ᠎ᠠ ᠬᠢᠵᠤ ᠦᠪᠡᠷ ᠤᠨ  ᠮᠡᠳᠡᠯᠭᠡ᠂ ᠦᠵᠡᠯᠳᠡ ᠲᠠᠨᠢᠯᠳᠠ ᠪᠠᠨ ᠰᠢᠨᠡᠳᠭᠡᠨ ᠲᠡᠭᠡᠭᠰᠢᠯᠡᠬᠦᠯᠬᠦ ᠦᠭᠡᠢ ᠪᠤᠯ ᠰᠤᠷᠭᠠᠨ ᠬᠦᠮᠤᠵᠢᠯ ᠤᠨ ᠬᠦᠭᠵᠢᠯᠳᠡ ᠱᠠᠭᠠᠷᠳᠠᠯᠭ᠎ᠠ᠂ ᠭᠡᠷᠡᠭᠴᠡᠭᠡ ᠠᠴᠠ ᠬᠤᠴᠤᠷᠴᠤ᠂ ᠪᠠᠭᠰᠢ ᠶᠢᠨ ᠭᠢᠷᠢ ᠭᠡᠮ ᠢᠶᠠᠨ ᠴᠤ ᠠᠶᠠᠨᠳᠠᠭᠠᠨ ᠠᠯᠳᠠᠬᠤ ᠳᠤ ᠬᠦᠷᠤᠨ᠎ᠡ᠃ ᠡᠶᠢᠮᠤ ᠠᠴᠠ ᠪᠠᠭᠰᠢ ᠪᠤᠯᠤᠭᠰᠠᠳ ᠵᠠᠪᠠᠯ ᠲᠠᠰᠤᠷᠠᠯ ᠦᠭᠡᠢ ᠰᠤᠷᠤᠯᠴᠠᠬᠤ ᠭᠡᠷᠡᠭᠳᠠᠢ᠃      ᠭᠤᠷᠪᠠ᠂ ᠪᠠᠭᠰᠢ ᠪᠤᠯᠤᠭᠰᠠᠳ ᠰᠤᠷᠤᠭᠴᠢᠳ ᠤᠨ ᠲᠤᠳᠤᠨᠤ ᠬᠠᠨᠢ ᠪᠤᠯᠬᠤ ᠳᠤ ᠤᠷᠠᠨ ᠠᠷᠭ᠎ᠠ ᠪᠠᠷᠢᠯ ᠪᠠᠶᠢᠬᠤ ᠭᠡᠷᠡᠭᠳᠡᠢ      ︽ᠭᠦᠴᠤ ᠪᠠᠷ ᠵᠠᠭᠤᠨ ᠵᠢᠩ ᠡᠷᠬᠦᠬᠦ ᠳᠤ ᠠᠷᠭ᠎ᠠ ᠪᠠᠷ ᠮᠢᠩᠭᠠᠨ ᠵᠢᠩ ᠡᠷᠬᠦᠨ᠎ᠠ︾ ᠭᠡᠳᠡᠭᠴᠢᠯᠠᠨ ᠪᠠᠭᠰᠢ ᠬᠦᠮᠤᠨ ᠵᠦᠪᠭᠡᠨ ᠡᠨᠡᠷᠢᠩᠬᠦᠢ ᠲᠤᠳᠤᠨᠤ ᠬᠠᠶᠢᠷ᠎ᠠ᠂ ᠦᠷᠭᠡᠨ ᠲᠡᠯᠭᠡᠷ ᠮᠡᠳᠡᠯᠭᠡ ᠴᠢᠳᠠᠪᠤᠷᠢ ᠪᠠᠶᠢᠭᠠᠳ ᠪᠠᠰᠠ ᠪᠤᠯᠬᠤ ᠦᠭᠡᠢ᠂ ᠨᠠᠩ ᠴᠢᠬᠤᠯᠠ ᠨᠢ ᠡᠨᠡ ᠬᠦ ᠤᠷᠬᠢᠯᠤᠮ᠎ᠠ ᠬᠠᠯᠠᠭᠤᠨ ᠬᠠᠶᠢᠷ᠎ᠠ ᠪᠠ ᠡᠷᠳᠡᠮ ᠮᠡᠳᠡᠯᠭᠡ ᠪᠠᠨ ᠰᠤᠷᠤᠭᠴᠢᠳ ᠲᠤ ᠬᠦᠷᠳᠡᠭᠡᠵᠤ ᠴᠢᠳᠠᠬᠤ ᠤᠷᠠᠨ ᠠᠷᠭ᠎ᠠ ᠪᠠᠷᠢᠯ ᠪᠠᠶᠢᠬᠤ ᠭᠡᠷᠡᠭᠳᠡᠢ᠃ ᠵᠠᠷᠢᠮ ᠪᠠᠭᠰᠢ ᠬᠢᠴᠢᠶᠡᠯ ᠵᠢᠭᠠᠬᠤ ᠳᠤ ᠪᠠᠨ ᠨᠡᠯᠢᠶᠡᠳ ᠬᠦᠴᠢᠷ ᠲᠦᠪᠡᠭᠳᠡᠢ ᠠᠭᠤᠯᠭ᠎ᠠ ᠶᠢ ᠴᠤ ᠴᠦᠭᠡᠨ ᠭᠡᠳᠤᠨ ᠦᠭᠡ ᠪᠠᠷ ᠲᠡᠶᠢᠯᠪᠤᠷᠢᠯᠠᠨ ᠦᠢᠯᠠᠭᠠᠭᠤᠯᠵᠤ ᠰᠤᠷᠤᠭᠴᠢ ᠶᠢᠨ ᠢᠳᠡᠭᠡᠯ ᠢ ᠤᠯᠵᠤ ᠴᠢᠳᠠᠬᠤ ᠪᠠᠶᠢᠳᠠᠯ᠎ᠠ ᠵᠠᠷᠢᠮ ᠪᠠᠭᠰᠢ ᠠᠳᠠᠯᠢᠬᠠᠨ ᠨᠢᠭᠡ ᠠᠭᠤᠯᠭ᠎ᠠ ᠶᠢ ᠦᠰᠤ ᠪᠠᠨ ᠲᠡᠬᠦᠵᠤ᠂ ᠦᠢᠯᠡ ᠪᠠᠨ ᠪᠠᠷᠠᠳᠠᠯ᠎ᠠ ᠶᠠᠷᠢᠭᠠᠳ ᠮᠦᠨ ᠦᠷ᠎ᠡ ᠪᠦᠳᠤᠮᠵᠢ ᠤᠯᠳᠠᠭ ᠦᠭᠡᠢ ᠲᠠᠢ ᠠᠳᠠᠯᠢ ᠪᠠᠷ ᠪᠠᠭᠰᠢ ᠬᠦᠮᠤᠨ ᠰᠤᠷᠤᠭᠴᠢᠳ ᠤᠨ ᠢᠶᠠᠨ ᠲᠤᠳᠤᠨᠤ ᠬᠠᠨᠢ ᠪᠤᠯᠬᠤ ᠳᠤ ᠠᠷᠭ᠎ᠠ ᠲᠡᠮ ᠨᠢ ᠲᠠᠭᠠᠷᠠᠬᠤ ᠦᠭᠡᠢ ᠪᠤᠯ ᠭᠡᠳᠤᠢ ᠬᠦᠨ ᠵᠤᠵᠠᠭᠠᠨ ᠬᠠᠶᠢᠷ᠎ᠠ ᠰᠡᠳᠬᠢᠯᠭᠡ᠂ ᠭᠡᠳᠤᠢ ᠦᠷᠭᠡᠨ ᠲᠡᠯᠭᠡᠷ ᠡᠷᠳᠡᠮ ᠮᠡᠳᠡᠯᠭᠡ ᠪᠠᠶᠢᠯ᠎ᠠ ᠭᠡᠰᠡᠨ ᠴᠦ ᠵᠢᠩᠭᠢᠨᠢ ᠦᠢᠯᠡᠳᠤᠯ ᠢᠶᠠᠨ ᠪᠠᠳᠠᠷᠠᠭᠤᠯᠵᠤ ᠴᠢᠳᠠᠬᠤ ᠦᠭᠡᠢ᠃ ᠪᠠᠭᠰᠢ ᠪᠤᠯᠤᠭᠰᠠᠳ ᠰᠤᠷᠤᠭᠴᠢᠳ ᠤᠨ ᠲᠤᠳᠤᠨᠤ ᠬᠠᠨᠢ ᠪᠤᠯᠬᠤ ᠳᠤ ᠲᠤᠤᠷᠠᠬᠢ ᠮᠡᠳᠦ ᠭᠤᠷᠪᠠᠨ ᠵᠦᠢᠯ ᠤᠨ ᠠᠷᠭ᠎ᠠ ᠪᠠᠷᠢᠯ ᠲᠠᠢ ᠪᠠᠶᠢᠬᠤ ᠭᠡᠷᠡᠭᠳᠠᠢ᠃      1. ᠲᠤᠬᠢᠳᠡᠢ ᠰᠡᠶᠢᠬᠠᠨ ᠠᠷᠭ᠎ᠠ ᠪᠠᠷᠢᠯ ᠢᠶᠠᠷ ᠪᠠᠭᠰᠢ ᠰᠤᠷᠤᠭᠴᠢᠳ ᠤᠨ ᠬᠠᠶᠢᠷ᠎ᠠ ᠰᠡᠳᠬᠢᠯᠭᠡ ᠶᠢᠨ ᠠᠭᠤᠰᠤᠯᠴᠠᠯ ᠢ ᠪᠡᠶᠡᠯᠡᠬᠦᠯᠬᠦ ᠭᠡᠷᠡᠭᠳᠡᠢ᠃ ᠪᠠᠭᠰᠢ ᠪᠤᠯᠤᠭᠰᠳ ᠰᠤᠷᠤᠭᠴᠢ ᠪᠠᠨ ᠦᠪᠡᠷ ᠤᠨ ᠦᠷ᠎ᠡ ᠭᠡᠤᠭᠡᠳ ᠢᠶᠠᠨ ᠰᠢᠭ ᠬᠠᠶᠢᠷᠠᠯᠠᠨ ᠬᠠᠷᠠᠭᠠᠯᠵᠠᠬᠤ ᠭᠡᠷᠡᠭᠳᠡᠢ᠃ ᠰᠤᠷᠤᠭᠴᠢ ᠪᠠᠨ ᠵᠦᠪ ᠢᠶᠠᠷ ᠦᠢᠯᠠᠭᠠᠵᠤ᠂ ᠵᠦᠪ ᠢᠶᠠᠷ ᠦᠨᠡᠯᠡᠵᠤ᠂ ᠲᠡᠳᠡᠨ ᠤ ᠤᠴᠢᠷ ᠶᠠᠪᠤᠳᠠᠯ ᠪᠦᠬᠦᠨ ᠢ ᠴᠢᠬᠤᠯᠠᠴᠢᠯᠠᠨ ᠦᠵᠡᠵᠤ ᠵᠤᠬᠢᠰᠳᠡᠢ ᠰᠢᠢᠳᠪᠤᠷᠢᠯᠡᠵᠤ᠂ ᠲᠡᠳᠡᠨ ᠢ ᠵᠦᠪ ᠢᠶᠠᠷ ᠬᠦᠮᠤᠵᠢᠬᠦᠯᠬᠦ ᠦᠨᠠᠨᠴᠢ ᠬᠠᠯᠠᠭᠤᠨ ᠬᠠᠶᠢᠷ᠎ᠠ ᠰᠡᠳᠬᠢᠯᠭᠡ ᠲᠠᠢ ᠪᠠᠶᠢᠬᠤ ᠭᠡᠷᠡᠭᠳᠡᠢ᠃ ᠢᠩᠬᠢᠮᠠᠨᠵᠢᠨ ᠪᠠᠭᠰᠢ ᠰᠤᠷᠤᠭᠴᠢ ᠶᠢᠨ ᠬᠠᠶᠢᠷ᠎ᠠ ᠶᠢ ᠬᠤᠯᠪᠤᠵᠤ᠂ ᠰᠤᠷᠤᠭᠴᠢᠳ ᠤᠨ ᠤᠶᠤᠨᠴᠢ ᠰᠡᠷᠡᠯ᠂ ᠶᠤᠰᠤ ᠰᠤᠷᠳᠠᠬᠤᠨ ᠤ ᠰᠡᠷᠡᠯ ᠬᠢᠭᠡᠳ ᠭᠤᠸ᠎ᠠ ᠰᠡᠶᠢᠬᠠᠨ ᠤ ᠲᠠᠭᠠᠰᠢᠶᠠᠯ ᠢ ᠡᠭᠦᠰᠭᠡᠨ ᠬᠠᠶᠢᠷ᠎ᠠ ᠬᠦᠨᠳᠤᠳᠭᠡᠯ ᠤᠨ ᠰᠠᠭᠤᠷᠢᠨ ᠲᠡᠭᠡᠷ᠎ᠡ ᠬᠠᠮᠳᠤᠪᠠᠷ ᠲᠠᠪᠰᠢᠬᠤ ᠬᠠᠮᠳᠤᠴᠢ ᠬᠠᠷᠢᠴᠠᠭ᠎ᠠ ᠶᠢ ᠪᠤᠢ ᠪᠤᠯᠭᠠᠵᠤ ᠴᠢᠳᠠᠨ᠎ᠠ᠃      2. ᠰᠤᠷᠤᠭᠴᠢᠳ ᠲᠠᠢ ᠢᠯᠡᠬᠦᠤ ᠦᠢᠷᠠᠳᠬᠤ ᠪᠠᠷ ᠲᠠᠮᠵᠢᠨ᠂ ᠦᠪᠡᠷ ᠢ ᠪᠠᠨ ᠰᠤᠷᠤᠭᠴᠢᠳ ᠲᠤ ᠦᠢᠯᠠᠭᠠᠭᠤᠯᠬᠤ ᠭᠡᠷᠡᠭᠳᠡᠢ᠃ ᠪᠠᠭᠰᠢ ᠪᠤᠯᠤᠭᠰᠠᠳ ᠰᠤᠷᠤᠭᠴᠢᠳ ᠤᠨ ᠲᠤᠳᠤᠨᠤ ᠬᠠᠨᠢ ᠪᠤᠯᠬᠤ ᠳᠤ ᠵᠦᠪᠭᠡᠨ ᠰᠤᠷᠤᠭᠴᠢᠳ ᠢᠶᠠᠨ ᠦᠢᠯᠠᠭᠠᠭᠠᠳ ᠪᠤᠯᠬᠤ ᠪᠢᠰᠢ᠂ ᠨᠡᠩ ᠴᠢᠬᠤᠯᠠ ᠨᠢ ᠦᠪᠡᠷ ᠢ ᠪᠠᠨ ᠵᠠᠪᠠᠯ ᠰᠤᠷᠤᠭᠴᠢᠳ ᠲᠤ ᠰᠡᠶᠢᠳᠤᠷ ᠦᠢᠯᠠᠭᠠᠭᠤᠯᠬᠤ ᠭᠡᠷᠡᠭᠳᠡᠢ᠃ ᠰᠤᠷᠤᠭᠴᠢᠳ ᠲᠠᠢ ᠬᠠᠮᠳᠤ ᠨᠠᠭᠠᠳᠬᠤ᠂ ᠦᠯᠢᠭᠡᠷ ᠶᠠᠷᠢᠬᠤ᠂ ᠬᠠᠮᠳᠤ ᠶᠢᠨ ᠠᠵᠢᠯᠯᠠᠭ᠎ᠠ ᠳᠤ ᠤᠷᠤᠯᠴᠠᠬᠤ᠂ ᠶᠠᠷᠢᠯᠴᠠᠬᠤ ᠵᠡᠷᠭᠡ ᠠᠵᠠ ᠲᠤᠬᠢᠶᠠᠯ ᠢ ᠠᠰᠢᠭᠯᠠᠵᠤ ᠪᠠᠶᠢᠭᠠᠳ ᠲᠤᠬᠢᠳᠡᠢ ᠠᠷᠭ᠎ᠠ ᠪᠡᠷᠢᠯ ᠢᠶᠠᠷ ᠪᠤᠳᠤᠯ ᠰᠠᠨᠠᠯ ᠢᠶᠠᠨ ᠰᠤᠯᠢᠯᠴᠠᠨ᠂ ᠦᠪᠠᠷ ᠢ ᠪᠠᠨ ᠰᠤᠷᠤᠭᠴᠢᠳ ᠲᠤ ᠤᠢᠢᠯᠠᠭᠠᠭᠤᠯᠤᠨ᠎ᠠ᠃ ︽ᠬᠡᠤᠭᠡᠳ ᠤᠨ ᠪᠡᠶ᠎ᠡ ᠲᠡᠭᠡᠷ᠎ᠡ ᠠᠴᠠ ᠠᠷᠪᠠᠨ ᠵᠦᠢᠯ ᠤᠨ ᠰᠢᠯᠢᠳᠡᠭ ᠲᠡᠯ᠎ᠠ ᠶᠢ ᠤᠯᠵᠤ ᠬᠠᠷᠠᠪᠠᠯ ᠰᠢᠯᠢᠳᠡᠭ ᠡᠵᠢ᠂ ᠲᠠᠪᠤᠨ ᠵᠦᠢᠯ ᠤᠨ ᠰᠢᠯᠢᠳᠡᠭ ᠲᠠᠯ᠎ᠠ ᠶᠢ ᠤᠯᠵᠤ ᠬᠠᠷᠠᠪᠠᠯ ᠬᠢᠷᠢ ᠲᠠᠩᠴᠡᠭᠰᠡᠨ ᠡᠵᠢ᠂ ᠲᠠᠪᠤᠨ ᠵᠦᠢᠯ ᠤᠨ ᠰᠢᠯᠢᠳᠡᠭ ᠲᠠᠯ᠎ᠠ ᠶᠢ ᠴᠦ ᠤᠯᠵᠤ ᠲᠡᠶᠢᠯᠬᠦ ᠦᠭᠡᠢ ᠪᠤᠯ ᠬᠢᠷᠢ ᠲᠡᠩᠴᠡᠬᠦ ᠦᠭᠡᠢ ᠡᠵᠢ︾ ᠭᠡᠳᠡᠭ ᠮᠡᠷᠭᠡᠨ ᠦᠭᠡ ᠪᠠᠷ ᠦᠪᠡᠷ ᠤᠨ ᠠᠵᠢᠯᠯᠠᠭᠠᠨ ᠤ ᠵᠦᠭᠯᠡᠬᠦᠷ ᠪᠤᠯᠭᠠᠵᠤ᠂ ᠮᠦᠨ ᠴᠦ ᠰᠤᠷᠤᠭᠴᠢᠳ ᠤᠨ ᠲᠤᠮᠳᠠ ᠦᠷᠬᠦᠯᠵᠢ ᠬᠦᠨᠵᠡᠭᠡᠶᠢᠷᠡᠬᠦ ᠪᠠ ᠭᠡᠷ ᠤᠨ ᠠᠬᠠᠮᠠᠳ ᠲᠠᠢ ᠢᠯᠡᠬᠦᠤ ᠬᠠᠷᠢᠯᠴᠠᠬᠤ ᠪᠠᠷ ᠲᠡᠮᠵᠢᠨ᠂ ᠰᠤᠷᠤᠭᠴᠢᠳ ᠢᠶᠠᠨ ᠦᠢᠯᠠᠭᠠᠬᠤ ᠶᠢᠨ ᠬᠠᠮᠳᠤ ᠪᠡᠶ᠎ᠡ ᠪᠠᠨ ᠦᠢᠯᠠᠭᠠᠭᠤᠯᠬᠤ ᠭᠡᠷᠡᠭᠳᠡᠢ᠃      3. ᠲᠠᠭᠤᠷᠢᠶᠠᠯ ᠤᠨ ᠦᠢᠯᠡᠳᠤᠯ ᠢ ᠪᠠᠳᠠᠷᠠᠭᠤᠯᠵᠤ᠂ ᠰᠤᠷᠤᠭᠴᠢᠳ ᠢ ᠴᠢᠩᠭ᠎ᠠ ᠱᠠᠭᠠᠷᠳᠠᠬᠤ ᠪᠠᠷ ᠪᠠᠭᠰᠢ ᠰᠤᠷᠤᠭᠴᠢᠳ ᠤᠨ ᠲᠤᠳᠤᠨᠤ ᠬᠠᠷᠢᠴᠠᠭ᠎ᠠ ᠪᠠᠨ ᠴᠢᠩᠭᠠᠳᠬᠠᠬᠤ ᠭᠡᠷᠡᠭᠳᠡᠢ᠃ ︽ᠪᠡᠶ᠎ᠡ ᠲᠦᠪ ᠪᠤᠯᠪᠠᠰᠤ ᠲᠠᠭᠤᠷᠢᠶᠠᠯ ᠪᠤᠯᠵᠤ᠂ ᠮᠡᠳᠡᠯᠭᠡ ᠬᠦᠨ ᠪᠤᠯᠪᠠᠰᠤ ᠪᠠᠭᠰᠢ ᠪᠤᠯᠤᠮᠤᠢ︾ ᠭᠡᠳᠡᠭᠴᠢᠯᠡᠨ ᠦᠯᠢᠭᠡᠷ ᠲᠠᠭᠤᠷᠢᠶᠠᠯ ᠤᠨ ᠬᠦᠴᠤᠨ ᠪᠤᠯ ᠬᠢᠵᠠᠭᠠᠷ ᠦᠭᠡᠢ ᠶᠡᠭᠡ᠃ ᠪᠠᠭᠰᠢ ᠬᠦᠮᠤᠨ ᠦᠪᠡᠷ ᠤᠨ ᠦᠢᠯᠡ ᠠᠵᠢᠯᠯᠠᠭ᠎ᠠ ᠪᠠᠷ ᠢᠶᠠᠨ ᠰᠤᠷᠤᠭᠴᠢᠳ ᠲᠤ ᠪᠠᠨ ᠰᠡᠶᠢᠨ ᠰᠡᠶᠢᠬᠠᠨ ᠭᠡᠪ ᠪᠤᠯᠪᠠᠰᠤᠷᠠᠯ ᠤᠨ ᠲᠠᠭᠤᠷᠢᠶᠠᠯ ᠦᠵᠡᠬᠦᠯᠬᠦ ᠪᠠᠷ ᠲᠡᠮᠵᠢᠭᠤᠯᠵᠤ᠂ ᠲᠡᠳᠡᠨ ᠤ ᠡᠳᠤᠷ ᠲᠤᠳᠤᠮ ᠤᠨ ᠰᠤᠷᠤᠯᠭ᠎ᠠ ᠠᠮᠢᠳᠤᠷᠠᠯ ᠤᠨ ᠶᠡᠷᠤ ᠶᠢᠨ ᠵᠠᠩ ᠲᠠᠳᠬᠠᠯ ᠢ ᠲᠠᠳᠬᠠᠰᠢᠭᠤᠯᠬᠤ ᠭᠡᠷᠡᠭᠳᠡᠢ᠃ ᠪᠠᠭᠰᠢ ᠪᠤᠯᠤᠭᠰᠠᠳ ᠦᠪᠡᠷ ᠤᠨ ᠪᠡᠶ᠎ᠡ ᠪᠠᠷ ᠢᠶᠠᠨ ᠬᠦᠮᠤᠨ ᠤ ᠠᠮᠢᠳᠤᠷᠠᠯ ᠤᠨ ᠡᠷᠬᠢᠮ ᠲᠡᠭᠡᠳᠤ ᠪᠤᠯᠪᠠᠰᠤᠨ ᠭᠡᠪ ᠪᠤᠯᠪᠠᠰᠤᠷᠠᠯ ᠢᠶᠠᠷ ᠢᠶᠠᠨ ᠰᠤᠷᠤᠭᠴᠢᠳ ᠲᠤ ᠬᠦᠮᠤᠨ ᠪᠤᠯᠬᠤ ᠶᠢᠨ ᠬᠠᠮᠤᠭ ᠠᠩᠬᠠᠨ ᠤ ᠶᠤᠰᠤ ᠤᠴᠢᠷ ᠢ ᠦᠢᠯᠠᠭᠠᠭᠤᠯᠵᠤ᠂ ᠲᠡᠳᠡᠨ ᠳᠤ ᠬᠦᠮᠤᠨ ᠪᠤᠯᠬᠤ ᠶᠢᠨ ᠶᠤᠰᠤ᠂ ᠠᠮᠢᠳᠤᠷᠠᠬᠤᠢ ᠶᠢᠨ ᠤᠬᠠᠭᠠᠨ ᠪᠠ ᠵᠦᠪ ᠶᠢᠷᠳᠢᠨᠴᠤ ᠶᠢᠨ ᠦᠵᠡᠯᠲᠡ ᠶᠢ ᠬᠦᠮᠤᠵᠢᠭᠦᠯᠬᠦ ᠭᠡᠷᠡᠭᠳᠡᠢ᠃ ᠭᠡᠤᠭᠡᠳ ᠪᠠᠭᠠᠴᠤᠳ ᠢ ᠶᠠᠷᠤᠳᠡᠭᠡᠨ ᠨᠢᠭᠡᠨ ᠴᠡᠪᠡᠷ ᠴᠤᠯᠭᠤᠢ ᠴᠠᠭᠠᠨ ᠴᠠᠭᠠᠰᠤ ᠠᠳᠠᠯᠢ ᠭᠡᠳᠡᠭ ᠤᠴᠢᠷ ᠠᠴᠠ ᠡᠨᠡ ᠴᠠᠭᠠᠰᠤᠨ ᠲᠡᠭᠡᠷᠡᠭᠢ ᠠᠩᠬᠠᠨ ᠤ ᠵᠢᠷᠤᠭᠠᠰᠤ ᠶᠢ ᠶᠠᠭᠠᠬᠢᠵᠤ ᠵᠢᠷᠤᠵᠤ ᠡᠬᠢᠯᠡᠬᠦᠯᠬᠦ ᠪᠤᠯ ᠵᠠᠩᠭᠢᠯᠠᠭ᠎ᠠ᠃ ᠶᠠᠭ ᠡᠶᠢᠮᠤ ᠠᠴᠠ ᠪᠠᠭᠰᠢ ᠪᠤᠯᠤᠭᠰᠠᠳ ᠰᠤᠷᠤᠭᠴᠢᠳ ᠢᠶᠠᠨ ᠬᠦᠮᠤᠵᠢᠬᠦᠯᠵᠤ ᠰᠤᠷᠭᠠᠬᠤ ᠳᠤ ᠪᠠᠨ ᠦᠪᠡᠷ ᠤᠨ ᠪᠡᠶ᠎ᠡ ᠪᠠᠨ ᠦᠷᠬᠦᠯᠵᠢ ᠴᠢᠩᠭ᠎ᠠ ᠱᠠᠭᠠᠷᠳᠠᠵᠤ᠂ ᠰᠤᠷᠤᠭᠴᠢᠳ ᠲᠤ ᠠᠮᠢᠳᠤᠷᠠᠯ ᠰᠤᠷᠤᠯᠴᠠᠯᠭ᠎ᠠ ᠶᠢᠨ ᠲᠠᠯ᠎ᠠ ᠪᠠᠷ ᠰᠠᠶᠢᠨ ᠰᠠᠶᠢᠬᠠᠨ ᠲᠠᠭᠤᠷᠢᠶᠠᠯ ᠦᠵᠡᠬᠦᠯᠬᠦ ᠶᠢᠨ ᠲᠠᠭᠠᠤ ᠳᠤ ᠰᠤᠷᠤᠭᠴᠢᠳ ᠢᠶᠠᠨ ᠮᠦᠨ ᠴᠢᠩᠭ᠎ᠠ ᠱᠠᠭᠠᠷᠳᠠᠬᠤ ᠭᠡᠷᠡᠭᠳᠡᠢ᠃ ᠶᠠᠷᠤᠳᠡᠭᠡᠨ ︽ᠴᠢᠩᠭ᠎ᠠ ᠪᠠᠭᠰᠢ ᠠᠴᠠ ᠴᠢᠳᠠᠪᠤᠷᠢ ᠲᠠᠢ ᠱᠠᠪᠢ ᠬᠦᠮᠤᠵᠢᠭ᠍ᠳᠡᠨ᠎ᠠ︾ ᠭᠡᠳᠡᠭ ᠢᠶᠠᠷ ᠪᠠᠭᠰᠢ ᠶᠢᠨ ᠴᠢᠩᠭ᠎ᠠ ᠱᠠᠭᠠᠷᠳᠠᠯᠭ᠎ᠠ ᠨᠢ ᠰᠤᠷᠤᠭᠴᠢᠳ ᠤᠨ ᠡᠷᠡᠬᠦᠯ ᠴᠢᠬᠢᠷᠠᠭ ᠦᠰᠤᠨ ᠪᠦᠢᠵᠢᠯᠳᠠ ᠪᠠ ᠬᠦᠭᠵᠢᠯᠳᠡ ᠳᠤ ᠲᠤᠩ ᠴᠢᠬᠤᠯᠠ ᠦᠢᠯᠡᠳᠤᠯ ᠦᠵᠡᠬᠦᠯᠵᠤ᠂ ᠨᠢᠭᠡ ᠭᠡᠤᠭᠡᠳ ᠤᠨ ᠨᠢᠭᠡ ᠨᠠᠰᠤᠨ ᠤ ᠠᠵᠤ ᠠᠮᠢᠳᠤᠷᠠᠯ ᠳᠤ ᠪᠠᠨ ᠬᠠᠨᠳᠤᠬᠤ ᠭᠡᠪ ᠪᠤᠯᠪᠠᠰᠤᠷᠠᠯ ᠢ ᠲᠤᠭᠳᠠᠭᠠᠵᠤ ᠪᠠᠶᠢᠭ᠎ᠠ ᠶᠠᠪᠤᠳᠠᠯ ᠪᠤᠯᠬᠤ  ᠶᠤᠮ᠃ ᠡᠬᠦᠨ ᠠᠴᠠ ᠪᠢᠳᠠ ᠪᠠᠭᠰᠢ ᠬᠦᠮᠤᠨ ᠤ ᠰᠤᠷᠤᠭᠴᠢᠳ ᠲᠤ ᠪᠠᠨ ᠦᠵᠡᠬᠦᠯᠬᠦ ᠭᠡᠪ ᠪᠤᠯᠪᠠᠰᠤᠷᠠᠯ ᠪᠠ ᠰᠤᠷᠤᠭᠴᠢᠳ ᠲᠤ ᠪᠠᠨ ᠲᠠᠯᠪᠢᠬᠤ ᠴᠢᠩᠭ᠎ᠠ ᠱᠠᠭᠠᠷᠳᠠᠯᠭ᠎ᠠ ᠭᠡᠳᠤᠢ ᠴᠢᠬᠤᠯᠠ ᠭᠡᠳᠡᠭ ᠢ ᠲᠤᠳᠤᠷᠬᠠᠢ ᠦᠢᠯᠠᠭᠠᠵᠤ ᠪᠤᠯᠤᠨ᠎ᠠ᠃      ᠶᠠᠷᠤᠩᠭᠡᠢ ᠳᠤ ᠨᠢ ᠠᠪᠴᠤ ᠭᠡᠯᠡᠪᠠᠯ᠂ ᠨᠢᠭᠡ ᠪᠠᠭᠰᠢ ᠬᠦᠮᠤᠨ ᠤᠷᠬᠢᠯᠤᠮ᠎ᠠ ᠬᠠᠯᠠᠭᠤᠨ ᠬᠠᠶᠢᠷ᠎ᠠ ᠰᠡᠳᠬᠢᠯᠭᠡ᠂ ᠦᠷᠭᠡᠨ ᠲᠡᠯᠭᠡᠷ ᠡᠷᠳᠡᠮ ᠴᠢᠳᠠᠪᠤᠷᠢ᠂ ᠡᠯᠪᠡᠭ ᠪᠠᠶᠠᠯᠢᠭ ᠤᠷᠠᠨ ᠠᠷᠭ᠎ᠠ ᠪᠠᠷᠢᠯ ᠢᠶᠠᠷ ᠰᠤᠷᠤᠭᠴᠢᠳ ᠢ ᠨᠦᠯᠤᠭᠡᠯᠡᠵᠤ᠂ ᠰᠤᠷᠤᠭᠴᠢ ᠶᠢᠨ ᠢᠶᠠᠨ ᠵᠢᠩᠭᠢᠨᠢ ᠲᠤᠳᠤᠨᠤ ᠬᠠᠨᠢ ᠪᠤᠯᠵᠤ ᠴᠢᠳᠠᠬᠤ ᠳᠤ ᠬᠦᠷᠪᠠᠯ ᠰᠤᠷᠭᠠᠶ᠎ᠠ ᠭᠡᠰᠡᠨ ᠪᠠᠭᠰᠢ ᠶᠢᠨ ᠵᠦᠳᠡᠷᠡᠯ᠂ ᠰᠤᠷᠤᠶ᠎ᠠ ᠭᠡᠰᠡᠨ ᠰᠤᠷᠤᠭᠴᠢ ᠶᠢᠨ ᠴᠢᠷᠮᠠᠶᠢᠯᠭ᠎ᠠ ᠳᠤ ᠠᠮᠵᠢᠯᠳᠠ ᠶᠢᠨ ᠤᠴᠢ ᠬᠢᠯᠠᠯᠵᠠᠬᠤ ᠳᠤ ᠲᠤᠩ ᠬᠢᠯᠪᠠᠷᠬᠠᠨ ᠶᠤᠮ᠃         ᠬᠠᠶ᠋ᠢᠬ᠄ ᠦᠤᠰᠢᠨ ᠬᠤᠰᠢᠭᠤᠨ ᠤ ᠮᠤᠩᠭᠤᠯ ᠦᠨᠳᠦᠰᠦᠲᠡᠨ ᠤ                  ᠳᠤᠷᠰᠢᠯᠲᠠ ᠶᠢᠨ ᠪᠠᠭ᠎ᠠ ᠰᠤᠷᠭᠠᠭᠤᠯᠢ                      ︵ᠴᠢᠶᠠᠨ ᠴᠦᠨ ᠵᠢᠶᠧ ᠨᠠᠶᠢᠷᠠᠭᠤᠯᠪᠠ︶                        9  ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map