ᠨᠢᠭᠡᠨ ᠰᠠᠶᠢᠨ ᠠᠩᠬᠢ ᠶᠢᠨ ᠡᠷᠬᠢᠯᠡᠭᠴᠢ ᠪᠤᠯᠬᠤ ᠳᠤ
ᠨᠡᠶᠢᠲᠡᠯᠡᠭᠰᠡᠨ ᠴᠠᠭ᠄
2020/4/10
                           ᠱᠣ᠋ ᠮᠸᠢ   ᠴᠢᠨᠳᠠᠮᠤᠨᠢ      ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠢ ᠡᠭᠦᠷᠭᠡᠯᠡᠬᠦ ᠠᠴᠠ ᠡᠮᠦᠨ᠎ᠡ ᠳᠤᠮᠳᠠᠳᠤ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠢ ᠲᠠᠭᠠᠭᠠᠴᠢᠯᠠᠨ ᠬᠢᠵᠦ ᠪᠠᠶᠢᠭᠰᠠᠨ ᠪᠣᠯᠬᠤᠷ ᠦᠡᠭᠭᠡᠷᠡᠭᠰᠡᠨ ᠵᠢᠯ ᠤᠳ ᠤᠨ ᠤᠯᠵᠤ ᠠᠯᠳᠠᠭᠰᠠᠨ ᠲᠤᠷᠰᠢᠯᠭ᠎ᠠ ᠪᠠᠨ ᠳ᠋ᠦᠩᠨᠡᠵᠦ᠂ ᠬᠡᠦᠬᠡᠳ ᠢᠶᠠᠨ ᠲᠣᠰᠴᠤ ᠠᠪᠤᠭᠰᠠᠨ ᠡᠳᠦᠷ ᠠᠴᠠ ᠥᠪᠡᠷ ᠤᠨ ᠬᠡᠦᠬᠡᠳ ᠢᠶᠠᠨ ᠰᠢᠭ ᠬᠠᠶᠢᠷᠠᠯᠠᠵᠤ᠂ ᠭᠡᠷ ᠤᠨ ᠠᠬᠠᠮᠠᠳ ᠢ ᠰᠠᠳᠤᠨ ᠲᠥᠷᠥᠯ ᠢᠶᠠᠨ ᠰᠢᠭ ᠬᠦᠨᠳᠦᠳᠬᠡᠵᠦ ᠶᠠᠪᠤᠭᠰᠠᠨ ᠠᠴᠠ ᠠᠵᠢᠯ ᠮᠠᠨᠢ ᠴᠦ ᠮᠠᠰᠢ ᠤᠷᠤᠭᠰᠢᠳᠠᠢ ᠪᠠᠶᠢᠭᠰᠠᠨ ᠶᠤᠮ᠃ ᠲᠤᠤᠷᠠᠬᠢ ᠪᠤᠯ ᠮᠢᠨᠦ ᠠᠩᠬᠢ ᠶᠢᠨ ᠡᠷᠬᠢᠯᠡᠭᠴᠢ ᠶᠢᠨ ᠠᠵᠢᠯ ᠢ ᠡᠭᠦᠷᠭᠡᠯᠡᠨ ᠬᠢᠭᠰᠡᠨ ᠤᠯᠤᠯᠳᠠ ᠲᠦᠷᠦᠭᠳᠡᠯ ᠮᠦᠨ᠃      1. ᠠᠩᠭᠢ ᠶᠢᠨ ᠡᠷᠬᠢᠯᠡᠭᠴᠢ ᠪᠣᠯᠣᠭᠰᠠᠳ ᠰᠤᠷᠤᠭᠴᠢ ᠶᠢᠨ ᠰᠢᠯᠢᠳᠡᠭ ᠲᠠᠯ᠎ᠠ ᠪᠤᠶᠤ ᠭᠢᠯᠠᠰ ᠴᠡᠭ ᠢ ᠣᠯᠵᠤ ᠢᠯᠡᠷᠡᠭᠦᠯᠭᠦ ᠭᠡᠷᠡᠭᠳᠠᠢ᠃ ᠲᠡᠳᠡᠨ ᠢ ᠢᠯᠡᠭᠦᠦ ᠵᠣᠷᠢᠬᠵᠢᠭᠤᠯᠵᠤ᠂ ᠳᠤᠲᠠᠭᠳᠠᠯ ᠲᠠᠢ ᠲᠠᠯ᠎ᠠ ᠶᠢ ᠨᠢ ᠵᠠᠰᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠤᠪᠠᠯ ᠦᠷ᠎ᠡ ᠪᠦᠳᠤᠮᠵᠢ ᠨᠢ ᠮᠠᠰᠢ ᠥᠨᠳᠥᠷ ᠪᠠᠶᠢᠳᠠᠭ᠃ ᠡᠳᠦᠷᠵᠢᠨ ᠰᠤᠷᠤᠭᠴᠢ ᠶᠢᠨ ᠳᠤᠲᠠᠭᠳᠠᠯ ᠲᠠᠢ ᠲᠠᠯ᠎ᠠ ᠶᠢ ᠶᠠᠷᠢᠭᠠᠳ ᠪᠠᠶᠢᠪᠠᠯ ᠰᠤᠷᠤᠭᠴᠢᠳ ᠲᠡᠮᠡᠴᠡᠬᠦ ᠬᠠᠷᠠᠯᠲᠠ ᠦᠭᠡᠢ ᠪᠣᠯᠬᠤ ᠲᠤᠯᠠ ᠰᠢᠯᠢᠳᠡᠭ ᠲᠠᠯ᠎ᠠ ᠶᠢ ᠨᠢ ᠢᠯᠡᠭᠦᠦ ᠶᠠᠷᠢᠵᠤ᠂ ᠰᠤᠷᠤᠭᠴᠢᠳ ᠤᠨ ᠳᠠᠪᠰᠢᠯᠲᠠ ᠶᠢ ᠲᠡᠷᠡ ᠳᠠᠷᠤᠢ ᠳᠤ ᠨᠢ ᠮᠡᠳᠡᠷᠡᠵᠦ᠂ ᠵᠣᠷᠢᠬᠵᠢᠭᠤᠯᠤᠯ ᠤᠨ ᠪᠣᠳᠠᠰ ᠪᠤᠶᠤ ᠭᠦᠬᠢᠭᠦᠯᠦᠯ ᠦᠭᠪᠡᠯ ᠰᠤᠷᠤᠭᠴᠢ ᠶᠢ ᠠᠶᠠᠨᠳᠠᠭᠠᠨ ᠳᠡᠭᠡᠭᠰᠢᠯᠡᠬᠦ ᠬᠠᠷᠠᠯᠲᠠ ᠲᠠᠢ ᠪᠣᠯᠭᠠᠨ᠎ᠠ᠃      ᠮᠢᠨᠤ ᠠᠩᠭᠢ ᠶᠢᠨ ᠨᠢᠭᠡᠨ ᠰᠤᠷᠤᠭᠴᠢ ᠬᠠᠷᠠᠬᠠᠨ ᠪᠠᠭ᠎ᠠ ᠠᠴᠠ ᠪᠠᠨ ᠭᠡᠷ ᠪᠦᠯᠢ ᠳᠤ ᠨᠢ ᠵᠣᠯ ᠪᠤᠰᠤ ᠤᠴᠢᠷ ᠲᠠᠰᠤᠷᠠᠬᠤ ᠦᠭᠡᠢ᠂ ᠠᠪᠤ ᠡᠵᠢ ᠨᠢ ᠦᠷᠭᠦᠯᠵᠢ ᠬᠡᠷᠡᠭᠦᠯ ᠵᠢᠭᠤᠷᠠᠭᠠᠨ ᠬᠢᠳᠡᠭ ᠮᠦᠷᠳᠡᠭᠡᠨ ᠰᠡᠭᠦᠯ ᠳᠤ ᠨᠢ ᠣᠷᠤᠭ ᠰᠠᠯᠵᠤ ᠲᠡᠷᠡ ᠰᠤᠷᠤᠭᠴᠢ ᠡᠵᠢ ᠲᠠᠢ ᠪᠠᠨ ᠬᠠᠮᠲᠤ ᠠᠮᠢᠳᠤᠷᠠᠳᠠᠬ᠃ ᠲᠣᠰ ᠰᠤᠷᠤᠭᠴᠢ ᠪᠡᠶ᠎ᠡ ᠳᠤ ᠪᠠᠨ ᠢᠲᠡᠭᠡᠯ ᠦᠭᠡᠢ᠂ ᠳᠣᠣᠭᠤᠷ ᠬᠠᠷᠠᠵᠤ ᠳᠣᠷᠣᠢ ᠳᠤᠤᠭᠠᠷᠳᠠᠭ ᠪᠥᠭᠡᠳ ᠪᠠᠰᠠ ᠳᠠᠯᠳᠠᠭᠤᠷ ᠬᠡᠷᠡᠭ ᠬᠢᠳᠡᠭ ᠵᠠᠩ ᠲᠠᠢ᠃ ᠥᠩᠭᠡᠷᠡᠭᠰᠡᠨ ᠳᠤ ᠶᠠᠩᠵᠤ ᠶᠢᠨ ᠠᠷᠭ᠎ᠠ ᠠᠪᠴᠤ ᠬᠡᠯᠡᠵᠦ ᠰᠤᠷᠭᠠᠨ ᠵᠢᠭᠠᠨ ᠵᠢᠯᠣᠭᠤᠳᠤᠭᠰᠠᠨ ᠪᠣᠯᠪᠠᠴᠤ ᠥᠪᠡᠷ ᠤᠨ ᠨᠠᠵᠠᠭᠠᠢ ᠵᠠᠩ ᠢᠶᠠᠨ ᠬᠠᠯᠠᠵᠤ ᠰᠠᠶᠢᠵᠢᠷᠠᠭᠤᠯᠬᠤ ᠮᠠᠶ᠋ᠢᠭ ᠦᠭᠡᠢ ᠪᠠᠶᠢᠯ᠎ᠠ᠃ ᠰᠡᠭᠦᠯᠡᠷ ᠨᠢ ᠲᠣᠰ ᠰᠤᠷᠤᠭᠴᠢ ᠶᠢᠨ ᠳᠠᠭᠤᠤ ᠰᠠᠶᠢᠬᠠᠨ ᠳᠠᠭᠤᠯᠠᠳᠠᠬ ᠢ ᠣᠯᠵᠤ ᠮᠡᠳᠡᠭᠡᠳ ᠲᠡᠭᠦᠨ ᠢ ᠣᠯᠠᠨ ᠤ ᠡᠮᠦᠨ᠎ᠡ ᠮᠠᠭᠲᠠᠨ ᠰᠠᠶᠢᠰᠢᠶᠠᠵᠤ᠂ ᠲᠡᠷᠡ ᠳᠠᠷᠤᠢ ᠳᠤ ᠨᠢ ᠤᠷᠠᠨ ᠰᠠᠶᠢᠬᠠᠨ ᠤ ᠭᠡᠰᠢᠭᠦᠨ ᠪᠤᠯᠭᠠᠬᠤ ᠶᠢᠨ ᠲᠠᠭᠠᠤ ᠵᠠᠪᠰᠠᠷᠯᠠᠭ᠎ᠠ‌‍ᠶᠢᠨ ᠲᠠᠮᠢᠷ ᠢ ᠳᠠᠭᠠᠭᠤᠯᠵᠤ ᠬᠢᠬᠦ ᠡᠭᠦᠷᠭᠡ ᠶᠢ ᠲᠤᠰᠢᠶᠠᠭᠰᠠᠨ ᠠᠴᠠ ᠲᠤᠩ ᠤᠷᠮ᠎ᠠ ᠵᠣᠷᠢᠭ ᠲᠠᠢ ᠪᠣᠯᠵᠤ᠂ ᠨᠦᠭᠦᠳ ᠵᠠᠭᠤᠷ᠎ᠠ ᠶᠢᠨ ᠬᠠᠷᠢᠴᠠᠭ᠎ᠠ ᠴᠦ ᠰᠠᠶᠢᠵᠢᠷᠠᠭᠰᠠᠨ ᠪᠠᠶᠢᠪᠠ᠃      2. ᠠᠩᠬᠢ ᠶᠢᠨ ᠡᠷᠬᠢᠯᠡᠭᠴᠢ ᠪᠤᠯᠤᠭᠰᠠᠳ ᠬᠠᠷᠢᠭᠤᠴᠠᠯᠭ᠎ᠠ ᠭᠡᠳᠡᠭ ᠢ ᠲᠡᠷᠢᠭᠦᠨ ᠳᠤ ᠲᠠᠯᠪᠢᠬᠤ ᠭᠡᠷᠡᠭᠳᠠᠢ᠃ ᠬᠥᠮᠥᠨ ᠤ ᠨᠢᠭᠡ ᠨᠠᠰᠤᠨ ᠳᠤ ᠰᠠᠶᠢᠨ ᠪᠠᠭᠰᠢ᠂ ᠬᠠᠷᠢᠭᠤᠴᠠᠯᠭ᠎ᠠ ᠲᠠᠢ ᠪᠠᠭᠰᠢ ᠲᠣᠬᠢᠶᠠᠯᠳᠤᠬᠤ ᠪᠣᠯ ᠠᠮᠠᠷ ᠦᠭᠡᠢ ᠤᠴᠢᠷ ᠶᠤᠮ᠃ ᠪᠠᠭᠰᠢ ᠬᠥᠮᠥᠨ ᠬᠠᠷᠢᠭᠤᠴᠠᠯᠭ᠎ᠠ ᠠᠯᠳᠠᠪᠠᠯ ᠢᠲᠡᠭᠡᠯ ᠢᠶᠠᠨ ᠠᠯᠳᠠᠯ᠎ᠠ ᠭᠡᠰᠡᠨ ᠦᠭᠡ᠃ 3. ᠠᠩᠬᠢ ᠶᠢᠨ ᠡᠷᠬᠢᠯᠡᠭᠴᠢ ᠠᠴᠠ ᠬᠠᠮᠳᠤ ᠨᠠᠶᠢᠳᠠ ᠭᠡᠭᠦ ᠤᠢᠢᠯᠠᠭᠠᠭᠳᠠᠬᠤᠨ ᠢ ᠴᠢᠩᠭᠠᠳᠬᠠᠬᠤ ᠭᠡᠷᠡᠭᠳᠠᠢ᠃      ︽ᠬᠠᠷᠢᠯᠴᠠᠨ ᠬᠠᠪᠰᠤᠷᠤᠯᠴᠠᠵᠤ ᠬᠠᠮᠲᠤ ᠪᠠᠷ ᠳᠠᠪᠰᠢᠬᠤ︾ ᠪᠣᠯ ᠪᠢᠳᠠᠨ ᠤ ᠤᠷᠢᠶ᠎ᠠ᠃ ᠰᠤᠷᠤᠭᠴᠢ ᠪᠣᠯᠣᠭᠰᠠᠳ ᠪᠤᠰᠤᠳ ᠢ ᠬᠠᠪᠰᠤᠷᠬᠤ ᠪᠣᠯ ᠨᠢᠭᠡ ᠵᠦᠢᠯ ᠤᠨ ᠰᠠᠶᠢᠨ ᠣᠪᠣᠷ ᠰᠤᠷᠲᠠᠯ ᠮᠦᠨ᠃ ︽ᠰᠤᠷᠲᠠᠯ ᠲᠥᠪ ᠪᠣᠯᠪᠠᠰᠤ ᠳᠠᠭᠤᠷᠢᠶᠠᠯ᠂ ᠰᠤᠷᠭᠠᠯ ᠲᠥᠪ ᠪᠣᠯᠪᠠᠰᠤ ᠬᠡᠪ︾ ᠭᠡᠳᠡᠭ‌ᠨᠢ ᠪᠠᠭᠰᠢ ᠪᠣᠯᠣᠭᠰᠠᠳ ᠵᠠᠪᠠᠯ ᠥᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ ᠭᠡᠰᠡᠨ ᠦᠭᠡ ᠪᠣᠯᠣᠨ᠎ᠠ᠃ ᠵᠠᠷᠢᠮ ᠦᠶᠡᠰ ᠰᠤᠷᠤᠯᠭ᠎ᠠ ᠰᠠᠶᠢᠨ ᠰᠤᠷᠤᠭᠴᠢᠳ ᠬᠠᠮᠲᠤ ᠨᠥᠬᠦᠳ ᠤᠨ ᠬᠠᠷᠢᠴᠠᠭ᠎ᠠ ᠪᠣᠯᠣᠨ ᠨᠡᠶᠢᠭᠡᠮ ᠤᠨ ᠬᠠᠷᠢᠴᠠᠭ᠎ᠠ ᠶᠢ ᠣᠮᠲᠣᠭᠠᠶᠢᠯᠠᠳᠠᠭ᠃      ᠮᠢᠨᠤ ᠠᠩᠭᠢ ᠶᠢᠨ ᠨᠢᠭᠡᠨ ᠰᠤᠷᠤᠭᠴᠢ ᠶᠢᠨ ᠰᠤᠷᠤᠯᠭ᠎ᠠ ᠮᠠᠰᠢ ᠰᠠᠶᠢᠨ᠂ ᠭᠡᠲᠡᠯ᠎ᠡ ᠡᠳᠦᠷᠵᠢᠨ ᠤᠷᠤᠭᠤ ᠴᠢᠷᠠᠶᠢᠯᠠᠨ ᠬᠠᠮᠲᠤ ᠨᠥᠬᠦᠳ ᠲᠠᠢ ᠪᠠᠨ ᠨᠠᠭᠠᠳᠬᠤ ᠳᠤᠷ᠎ᠠ ᠦᠭᠡᠢ᠂ ᠬᠡᠦᠬᠡᠳ ᠬᠥᠮᠥᠨ‌‍ᠤ ᠳᠡᠭᠵᠢᠨ ᠵᠠᠩ ᠪᠠᠶᠢᠬᠤ ᠦᠭᠡᠢ᠃ ᠦᠷᠭᠦᠯᠵᠢ ᠥᠪᠡᠷ ᠤᠨ ᠣᠷᠣ ᠳᠡᠭᠡᠷ᠎ᠡ ᠪᠠᠨ ᠨᠣᠮ ᠱᠠᠭᠠᠶᠢᠨ ᠰᠠᠭᠤᠳᠠᠭ᠃ ᠡᠨᠡ ᠬᠦ ᠪᠠᠶᠢᠳᠠᠯ ᠢ ᠰᠤᠷᠤᠭᠴᠢ ᠶᠢᠨ ᠠᠪᠤ ᠡᠵᠢ ᠳᠤ ᠲᠤᠰᠬᠠᠭᠰᠠᠨ ᠤ ᠰᠡᠭᠦᠯᠡᠷ ᠣᠯᠠᠨ ᠤᠳᠠᠭ᠎ᠠ ᠰᠤᠷᠤᠭᠴᠢ ᠲᠠᠢ ᠶᠠᠷᠢᠯᠴᠠᠵᠤ᠂ ᠠᠪᠤ ᠡᠵᠢ ᠨᠢ ᠪᠠᠰᠠ ᠦᠷᠭᠦᠯᠵᠢ ᠬᠠᠷᠠᠵᠤ ᠬᠠᠷᠠᠭᠠᠯᠵᠠᠭᠰᠠᠨ ᠠᠴᠠ ᠣᠳᠣ ᠠᠩᠭᠢ ᠶᠢᠨ ᠳᠠᠷᠤᠭ᠎ᠠ ᠪᠤᠯᠵᠤ᠂ ᠮᠠᠰᠢ ᠰᠠᠶᠢᠨ ᠢᠯᠡᠷᠡᠯ ᠲᠠᠢ ᠪᠤᠯᠵᠠᠢ᠃ ᠡᠨᠡ ᠦᠨᠡᠬᠡᠷ ︽ᠬᠠᠰ ᠬᠡᠳᠦᠢ ᠰᠠᠶᠢᠬᠠᠨ ᠪᠣᠯᠪᠠᠴᠤ ᠰᠡᠶᠢᠯᠵᠦ ᠤᠷᠠᠯᠠᠬᠤ ᠦᠭᠡᠢ ᠪᠣᠯ ᠴᠢᠯᠠᠭᠤ ᠬᠡᠪ ᠢᠶᠠᠷ ᠢᠶᠠᠨ᠂ ᠬᠥᠮᠥᠨ ᠬᠡᠳᠦ᠋ᠢᠪᠡᠷ ᠰᠡᠴᠡᠨ ᠮᠡᠷᠭᠡᠨ ᠪᠣᠯᠪᠠᠴᠤ ᠬᠡᠯᠡᠵᠦ ᠵᠢᠭᠠᠵᠤ ᠰᠤᠷᠭᠠᠬᠤ ᠦᠭᠡᠢ ᠪᠣᠯ ᠪᠠᠰᠠ ᠴᠦ ᠡᠮᠵᠡᠭ ᠳᠤᠲᠠᠭᠳᠠᠯ ᠲᠠᠢ ᠪᠠᠶᠢᠳᠠᠬ︾ ᠭᠡᠳᠡᠭ ᠢ ᠬᠠᠷᠠᠭᠤᠯᠤᠭᠰᠠᠨ ᠠᠮᠢᠳᠤ ᠵᠢᠱᠢᠶ᠎ᠠ ᠪᠢᠰᠢᠤ᠃      3. ᠠᠩᠬᠢ ᠶᠢᠨ ᠡᠷᠬᠢᠯᠡᠭᠴᠢ ᠪᠤᠯᠤᠭᠰᠠᠳ ᠵᠢᠭᠠᠨ ᠰᠤᠷᠭᠠᠯᠳᠠ ᠠᠴᠠ ᠭᠠᠳᠠᠨᠠᠬᠢ ᠡᠯ᠎ᠠ ᠲᠠᠯ᠎ᠠ ᠶᠢᠨ ᠠᠵᠢᠯ ᠢ ᠰᠠᠶᠢᠳᠤᠷ ᠬᠢᠭᠦ ᠭᠡᠷᠡᠭᠳᠠᠢ᠃ ᠨᠢᠭᠡ ᠬᠥᠮᠥᠨ ᠤ ᠥᠰᠴᠦ ᠲᠥᠷᠥᠭᠰᠡᠨ ᠣᠷᠴᠢᠨ ᠲᠣᠭᠤᠷᠢᠨ ᠨᠢ ᠲᠡᠭᠦᠨ ᠤ ᠰᠢᠯᠢᠳᠡᠭ ᠰᠠᠶᠢᠨ ᠵᠠᠩ ᠳᠠᠳᠬᠠᠯ ᠤᠨ ᠬᠥᠮᠥᠵᠢᠯ ᠳᠤ ᠮᠠᠰᠢ ᠶᠡᠭᠡ ᠲᠤᠰᠠ ᠳᠡᠮᠵᠢᠯᠭᠡ ᠪᠤᠯᠳᠠᠬ ᠪᠣᠯ ᠰᠤᠷᠭᠠᠭᠤᠯᠢ ᠳᠤ ᠤᠷᠤᠭᠰᠠᠨ ᠤ ᠲᠠᠷᠠᠭᠠᠬᠢ ᠡᠷᠡᠭᠦᠯ ᠬᠠᠮᠠᠭᠠᠯᠠᠯ ᠢ ᠡᠷᠬᠢᠮᠯᠡᠭᠦ᠂ ᠰᠢᠯᠢᠳᠡᠭ ᠰᠠᠶᠢᠨ ᠶᠤᠰᠤ ᠰᠤᠷᠳᠠᠬᠤᠨ ᠲᠠᠢ ᠪᠤᠯᠬᠤ ᠵᠡᠷᠭᠡ ᠨᠢ ᠲᠡᠳᠡᠨᠦᠰ ᠤᠨ ᠬᠤᠶᠢᠰᠢᠳᠠ ᠶᠢᠨ ᠵᠠᠮ ᠳᠤ ᠮᠠᠰᠢ ᠶᠡᠭᠡ ᠲᠤᠰᠠ ᠳᠡᠮᠵᠢᠯᠭᠡ ᠪᠣᠯᠬᠤ ᠨᠢ ᠶᠠᠷᠢᠶᠠᠨ ᠦᠭᠡᠢ᠃ ᠡ᠊ᠨᠡ ᠪᠤᠯ ᠠᠩᠭᠢ ᠶᠢᠨ ᠡᠷᠬᠢᠯᠡᠭᠴᠢ ᠪᠣᠯᠣᠭᠰᠠᠳ ᠤᠨ ᠳᠠᠷᠬᠠᠨ ᠡᠭᠦᠷᠭᠡ ᠮᠦᠨ᠃      4. ᠠᠩᠬᠢ ᠶᠢᠨ ᠡᠷᠬᠢᠯᠡᠭᠴᠢ ᠪᠤᠯᠤᠭᠰᠠᠳ ᠭᠡᠷ ᠤᠨ ᠠᠬᠠᠮᠠᠳ ᠲᠠᠢ ᠬᠠᠷᠢᠯᠴᠠᠬᠤ ᠠᠵᠢᠯ ᠢ ᠰᠠᠶᠢᠳᠤᠷ ᠬᠢᠨ᠎ᠡ᠃ ᠡᠩ ᠤᠨ ᠦᠶ᠎ᠡ ᠳᠤ ᠭᠡᠷ ᠤᠨ ᠠᠬᠠᠮᠠᠳ ᠲᠠᠢ ᠬᠠᠷᠢᠯᠴᠠᠭᠰᠠᠨ ᠪᠠᠶᠢᠳᠠᠯ ᠢᠶᠠᠨ ᠲᠠᠮᠳᠡᠭᠯᠡᠵᠦ᠂ ᠬᠤᠭᠤᠴᠠᠭ᠎ᠠ ᠪᠤᠯᠭᠠᠨ ᠭᠡᠷ ᠤᠨ ᠠᠬᠠᠮᠠᠳ ᠤᠨ ᠬᠤᠷᠠᠯ ᠬᠢᠵᠦ ᠴᠢᠬᠤᠯᠠ ᠲᠠᠢ ᠦᠶᠠᠰ ᠵᠠᠷᠢᠮ ᠭᠡᠷ ᠤᠨ ᠠᠬᠠᠮᠠᠳ ᠢ ᠠᠰ ᠢᠶᠠᠷ ᠢᠶᠠᠨ ᠳᠠᠭᠤᠳᠠᠵᠤ ᠶᠠᠷᠢᠯᠴᠠᠵᠤ ᠪᠤᠯᠤᠨ᠎ᠠ᠃ ᠨᠢᠭᠡᠨ ᠰᠤᠷᠤᠭᠴᠢ ᠶᠢ ᠭᠦᠮᠦᠵᠢᠭᠦᠯᠭᠦ ᠳᠤ ᠰᠤᠷᠭᠠᠭᠤᠯᠢ᠂ ᠭᠡᠷ ᠪᠦᠯᠢ᠂ ᠨᠡᠶᠢᠭᠡᠮ ᠴᠦᠮ ᠬᠠᠮᠵᠢᠯᠴᠠᠵᠤ ᠭᠡᠷᠡᠭᠳᠠᠢ᠃ ᠨᠡᠩ ᠢᠯᠠᠩᠭᠤᠶ᠎ᠠ ᠭᠡᠤᠭᠡᠳ ᠤᠨ ᠦᠰᠦᠨ ᠪᠤᠶᠢᠵᠢᠯᠳᠠ ᠳᠤ ᠭᠡᠷ ᠤᠨ ᠠᠬᠠᠮᠠᠳ ᠤᠨ ᠭᠦᠮᠦᠵᠢᠯ ᠰᠤᠷᠭᠠᠯ ᠮᠠᠰᠢ ᠴᠢᠬᠤᠯᠠ ᠪᠠᠶᠢᠳᠠᠬ ᠪᠤᠯᠬᠤᠷ ᠭᠡᠷ ᠤᠨ ᠠᠬᠠᠮᠠᠳ ᠲᠠᠢ ᠬᠠᠷᠢᠯᠴᠠᠬᠤ ᠠᠵᠢᠯ ᠢ ᠰᠠᠶᠢᠳᠤᠷ ᠬᠢᠭᠦ ᠨᠢ ᠵᠢᠭᠠᠨ ᠰᠤᠷᠭᠠᠯᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠳᠤ ᠲᠤᠩ ᠴᠢᠬᠤᠯᠠ ᠦᠢᠯᠡᠳᠦᠯ ᠦᠵᠡᠭᠦᠯᠳᠡᠭ᠃      ︽ᠨᠠᠷᠠᠨ ᠬᠤᠸᠠᠷ ᠨᠠᠷᠠ ᠪᠠᠨ ᠳᠠᠭᠠᠵᠤ ᠤᠷᠭᠤᠳᠠᠭ︾ ᠤᠨ ᠵᠢᠮ᠎ᠡ ᠪᠠᠷ ᠬᠠᠷᠢᠭᠤᠴᠠᠯᠭ᠎ᠠ ᠲᠠᠢ ᠭᠡᠷ ᠤᠨ ᠠᠬᠠᠮᠠᠳ ᠪᠠᠶᠢᠮᠠᠨᠵᠢᠨ ᠰᠠᠶ᠋ᠢ ᠰᠠᠶᠢᠨ ᠰᠠᠶᠢᠬᠠᠨ ᠵᠠᠩ ᠵᠠᠩᠰᠢᠯ ᠲᠠᠢ᠂ ᠰᠤᠷᠤᠯᠭ᠎ᠠ ᠰᠠᠶᠢᠳᠠᠢ ᠬᠡᠦᠬᠡᠳ  ᠬᠥᠮᠥᠵᠢᠭᠳᠡᠳᠡᠭ᠃ ᠡᠶᠢᠮᠦ ᠪᠠᠷ ᠢᠶᠠᠨ ᠭᠡᠷ ᠤᠨ ᠠᠬᠠᠮᠠᠳ ᠤᠨ ᠬᠤᠷᠠᠯ ᠳᠡᠭᠡᠷ᠎ᠡ ᠭᠡᠷ‌‍ᠤᠨ ᠠᠬᠠᠮᠠᠳ ᠢ ᠱᠠᠩᠨᠠᠨ ᠤᠷᠮᠠᠰᠢᠭᠤᠯᠬᠤ ᠪᠤᠶᠤ ᠣᠯᠠᠨ ᠲᠠᠢ ᠭᠡᠤᠭᠡᠳ ᠭᠦᠮᠦᠵᠢᠭᠦᠯᠭᠦ ᠲᠤᠷᠰᠢᠯᠭ᠎ᠠ ᠪᠠᠨ ᠰᠣᠯᠢᠯᠴᠠᠵᠤ᠂ ᠬᠠᠮᠲᠤ ᠪᠠᠷ ᠳᠠᠪᠰᠢᠬᠤ ᠪᠠᠷ ᠴᠢᠷᠮᠠᠶᠢᠵᠤ ᠪᠣᠯᠣᠨ᠎ᠠ᠃      ︽ᠲᠦᠮᠡᠨ ᠭᠠᠵᠠᠷ ᠤᠨ ᠠᠶᠠᠨ ᠬᠥᠯ ᠳᠣᠣᠷ᠎ᠠ ᠠᠴᠠ ᠡᠬᠢᠯᠡᠨ᠎ᠡ︾ ᠭᠡᠳᠡᠭ ᠢᠶᠠᠷ ᠠᠩᠬᠢ ᠶᠢᠨ ᠡᠷᠬᠢᠯᠡᠭᠴᠢ ᠪᠤᠯᠤᠭᠰᠠᠳ ᠪᠠᠭ᠎ᠠ ᠰᠤᠷᠭᠠᠭᠤᠯᠢ ᠠᠴᠠ ᠨᠢ ᠰᠤᠷᠤᠭᠴᠢᠳ ᠢᠶᠠᠨ ᠰᠠᠶᠢᠳᠤᠷ ᠱᠠᠭᠠᠷᠳᠠᠵᠤ ᠦᠪᠠᠷ ᠤᠨ ᠪᠡᠶ᠎ᠠ ᠪᠠᠷ ᠢᠶᠠᠨ ᠲᠦᠷᠢᠮ ᠪᠤᠯᠵᠤ ᠴᠢᠳᠠᠪᠠᠯ ᠲᠠᠳᠠᠨ ᠤ ᠬᠤᠶᠢᠰᠢᠳᠠ ᠶᠢᠨ ᠵᠠᠮ ᠭᠡᠭᠡᠨ ᠰᠠᠷᠠᠭᠤᠯ ᠪᠣᠯᠵᠤ ᠴᠢᠳᠠᠨ᠎ᠠ᠃         ᠬᠠᠶ᠋ᠢᠬ᠄  ᠵᠠᠷᠤᠳ ᠬᠤᠰᠢᠭᠤᠨ ᠤ ᠮᠣᠩᠭᠤᠯ ᠲᠤᠷᠰᠢᠯᠲᠠ ᠶᠢᠨ ᠪᠠᠭ᠎ᠠ ᠰᠤᠷᠭᠠᠭᠤᠯᠢ                  ᠪᠤᠭᠤᠲᠤ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ                              ︵ᠮᠦᠡᠭᠭᠦᠨᠴᠢᠮᠡᠭ ᠨᠠᠶᠢᠷᠠᠭᠤᠯᠪᠠ︶                                9  ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map