ᠠᠩᠬᠢ ᠶᠢᠨ ᠡᠷᠬᠢᠯᠡᠭᠴᠢ ᠶᠢᠨ ᠠᠵᠢᠯ ᠤᠨ ᠲᠤᠬᠠᠢ ᠮᠦᠴᠢᠳ ᠦᠭᠦᠯᠡᠭᠦ ᠨᠢ
ᠨᠡᠶᠢᠲᠡᠯᠡᠭᠰᠡᠨ ᠴᠠᠭ᠄
2020/4/8
                                      ᠠᠯᠳᠠᠩᠬᠤᠸᠠᠷ      ᠠᠩᠭᠢ ᠶᠢᠨ ᠡᠷᠬᠢᠯᠡᠭᠴᠢ ᠶᠢᠨ ᠠᠵᠢᠯ ᠪᠣᠯ ᠶᠡᠷᠦᠩᠭᠡᠢ ᠳᠤ ᠪᠠᠨ ᠣᠴᠢᠷ ᠶᠠᠪᠣᠳᠠᠯ ᠣᠯᠠᠨ᠂ ᠡᠬᠦᠷᠭᠡ ᠬᠠᠷᠢᠭᠤᠴᠠᠯᠭ᠎ᠠ ᠬᠦᠨᠳᠦ ᠪᠠᠶᠢᠵᠤ᠂ ᠨᠠᠷᠢᠯᠢᠬ᠂ ᠣᠬᠠᠭᠠᠯᠢᠭ᠂ ᠬᠦᠯᠢᠴᠡᠩᠬᠦᠢ ᠬᠠᠮᠢᠶᠠᠷᠣᠯᠳᠠ ᠱᠠᠭᠠᠷᠳᠠᠳᠠᠭ᠃ ᠲᠡᠷᠡ ᠨᠢ ᠪᠠᠭᠰᠢ ᠬᠦᠮᠦᠨ ᠤ ᠠᠪᠢᠶᠠᠰ ᠴᠢᠳᠠᠪᠣᠷᠢ ᠪᠠᠨ ᠬᠦᠢᠴᠡᠳ ᠢᠯᠡᠷᠡᠬᠦᠯᠵᠦ ᠪᠣᠯᠬᠤᠶᠢᠴᠡ ᠣᠳᠬ᠎ᠠ ᠠᠭᠤᠯᠭ᠎ᠠ ᠲᠠᠢ ᠠᠵᠢᠯ ᠤᠨ ᠪᠠᠶᠢᠷᠢ ᠪᠣᠯᠣᠨ᠎ᠠ᠃ ᠠᠩᠭᠢ ᠶᠢᠨ ᠡᠷᠬᠢᠯᠡᠭᠴᠢ ᠪᠣᠯ ᠠᠩᠭᠢ ᠨᠢᠭᠡᠴᠢ ᠶᠢᠨ ᠵᠣᠬᠢᠶᠠᠨ ᠪᠠᠶᠢᠭᠤᠯᠣᠬᠴᠢ ᠮᠦᠷᠳᠡᠭᠡᠨ ᠵᠢᠯᠣᠭᠤᠳᠣᠬᠴᠢ᠂ ᠰᠣᠷᠣᠬᠴᠢᠳ ᠤᠨ ᠪᠦᠬᠦ ᠲᠠᠯ᠎ᠠ ᠶᠢᠨ ᠬᠦᠭᠵᠢᠯᠳᠡ ᠶᠢᠨ ᠠᠬᠢᠭᠤᠯᠣᠬᠴᠢ᠂ ᠰᠣᠷᠭᠠᠭᠤᠯᠢ᠂ ᠭᠡᠷ ᠪᠦᠯᠢ᠂ ᠨᠡᠶᠢᠭᠡᠮ ᠤᠨ ᠬᠤᠯᠪᠣᠭᠠᠰᠣ ᠬᠦᠴᠦᠨ ᠮᠦᠨ᠃ ᠠᠩᠭᠢ ᠶᠢᠨ ᠡᠷᠬᠢᠯᠡᠭᠴᠢ ᠶᠠᠭᠠᠭᠢᠪᠠᠯ ᠰᠠᠶ᠋ᠢ ᠦᠪᠡᠷ ᠤᠨ ᠡᠷᠬᠢᠯᠡᠵᠦ ᠪᠠᠶᠢᠭ᠎ᠠ ᠠᠩᠭᠢ ᠨᠢᠭᠡᠴᠢ ᠪᠠᠨ ᠡᠯ᠎ᠡ ᠲᠠᠯ᠎ᠠ ᠪᠠᠷ ᠰᠠᠶᠢᠨ ᠪᠣᠯᠭᠠᠬᠤ ᠪᠣᠢ ᠭᠡᠳᠡᠭ ᠠᠰᠠᠭᠤᠳᠠᠯ ᠪᠣᠯ ᠶᠡᠭᠡ ᠡᠷᠳᠡ ᠠᠴᠠ ᠰᠣᠳᠣᠯᠣᠬᠳᠠᠭᠰᠠᠭᠠᠷ ᠢᠷᠡᠭᠰᠡᠨ ᠬᠠᠭᠤᠴᠢᠨ ᠠᠰᠠᠭᠤᠳᠠᠯ ᠪᠣᠯᠪᠠᠴᠣ ᠴᠠᠭ ᠦᠶ᠎ᠡ ᠶᠢᠨ ᠰᠣᠯᠢᠬᠳᠠᠯ᠂ ᠬᠦᠮᠦᠨ ᠤ ᠵᠦᠷᠢᠶ᠎ᠡ ᠠᠴᠠ ᠪᠣᠯᠣᠭᠠᠳ ᠠᠳᠠᠯᠢ ᠪᠣᠰᠣ ᠶᠢᠨ ᠰᠢᠨ᠎ᠡ ᠰᠡᠳᠦᠪ ᠤᠳ ᠭᠠᠷᠴᠣ ᠢᠷᠡᠭᠡᠳ ᠪᠠᠶᠢᠳᠠᠭ᠃ ᠠᠩᠭᠢ ᠶᠢᠨ ᠪᠠᠭᠰᠢ ᠪᠣᠯᠣᠬᠰᠠᠳ ᠡᠬᠦᠨ ᠢ ᠡᠷᠭᠡᠪᠰᠢ ᠬᠤᠷᠴᠠ ᠰᠡᠷᠭᠡᠭ ᠢᠶᠠᠷ ᠲᠠᠨᠢᠵᠣ ᠮᠡᠳᠡᠬᠦ ᠭᠡᠷᠡᠭᠳᠡᠢ᠃ ᠨᠢᠬᠡ ᠰᠠᠶᠢᠨ ᠠᠩᠭᠢ ᠶᠢᠨ ᠪᠠᠭᠰᠢ ᠪᠣᠯᠬᠤ ᠳᠤ ᠶᠠᠭᠤᠨ ᠤ ᠡᠮᠦᠨ᠎ᠡ ᠰᠣᠷᠣᠬᠴᠢ ᠪᠠᠨ ᠪᠦᠬᠦ ᠲᠠᠯ᠎ᠠ ᠪᠠᠷ ᠣᠶᠢᠯᠠᠭᠠᠵᠣ ᠰᠣᠳᠣᠯᠣᠬᠰᠠᠨ ᠪᠠᠶᠢᠬᠤ ᠭᠡᠷᠡᠭᠳᠡᠢ᠃ ᠲᠠᠷᠣᠢ ᠰᠣᠷᠣᠬᠴᠢ ᠨᠢᠬᠡᠪᠦᠷᠢ ᠶᠢ ᠣᠶᠢᠯᠠᠭᠠᠵᠣ᠂ ᠲᠡᠳᠡᠨ ᠢ ᠰᠣᠷᠣᠯᠴᠠᠯᠭ᠎ᠠ ᠪᠠ ᠣᠷᠴᠢᠨ ᠲᠣᠭᠤᠷᠢᠨ ᠳᠤ ᠵᠤᠬᠢᠴᠠᠭᠤᠯᠤᠨ ᠬᠦᠯᠢᠴᠡᠩᠭᠦᠢ ᠣᠪᠣᠷ ᠢᠶᠠᠷ ᠰᠣᠷᠭᠠᠨ ᠬᠦᠮᠦᠵᠢᠬᠦᠯᠬᠦ ᠭᠡᠷᠡᠭᠳᠡᠢ ᠪᠠᠶᠢᠳᠠᠭ᠃ ᠲᠣᠣᠷ᠎ᠠ ᠪᠢ ᠬᠤᠷᠢᠨ ᠵᠢᠯ ᠤᠨ ᠲᠣᠷᠰᠢᠬᠢ ᠠᠩᠭᠢ ᠶᠢᠨ ᠡᠷᠬᠢᠯᠡᠭᠴᠢ ᠶᠢᠨ ᠠᠵᠢᠯ ᠬᠢᠭᠰᠡᠨ ᠲᠣᠷᠰᠢᠯᠭ᠎ᠠ ᠰᠣᠷᠭᠠᠮᠵᠢ ᠪᠠᠨ ᠲᠦᠬᠦᠮ ᠶᠠᠷᠢᠶ᠎ᠠ᠃      ᠨᠢᠭᠡ᠂ ᠦᠪᠡᠷ ᠤᠨ ᠪᠡᠶ᠎ᠡ ᠶᠢᠨ ᠭᠡᠪ ᠲᠦᠷᠢᠮᠴᠢ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠭᠡᠷᠡᠭᠳᠡᠢ᠃      ᠪᠠᠭᠰᠢ ᠶᠢᠨ ᠰᠤᠷᠤᠭᠴᠢᠳ ᠲᠤ ᠦᠭᠬᠦ ᠨᠦᠯᠦᠭᠡ ᠪᠣᠯ ᠲᠣᠩ ᠶᠡᠭᠡ ᠪᠠᠶᠢᠳᠠᠭ᠂ ᠴᠠᠭᠠᠰᠢᠯᠠᠪᠠᠯ ᠨᠢᠭᠡ ᠨᠠᠰᠣ ᠶᠢ ᠨᠢ ᠨᠦᠯᠦᠭᠡᠯᠡᠵᠦ ᠮᠠᠳᠡᠨ᠎ᠡ᠃ ᠲᠠᠶᠢᠮᠦ ᠪᠤᠯᠬᠤᠷ ᠠᠩᠭᠢ ᠶᠢᠨ ᠡᠷᠬᠢᠯᠡᠭᠴᠢ ᠪᠣᠯᠣᠬᠰᠠᠳ ᠦᠭᠡ ᠶᠠᠷᠢᠶ᠎ᠠ᠂ ᠦᠢᠯᠡ ᠠᠵᠢᠯᠯᠠᠭ᠎ᠠ᠂ ᠡᠮᠦᠰᠴᠦ ᠵᠡᠬᠦᠬᠦ᠂ ᠬᠦᠳᠡᠯᠣᠯ ᠪᠠᠷᠢᠯ ᠢᠶᠠᠨ ᠦᠷᠭᠦᠯᠵᠢ ᠠᠩᠬᠠᠷᠴᠤ ᠪᠠᠶᠢᠪᠠᠯ ᠵᠤᠬᠢᠨ᠎ᠠ᠃ ᠪᠠᠭᠰᠢ ᠶᠢᠨ ᠰᠠᠮᠪᠠᠷ᠎ᠠ ᠶᠢᠨ ᠪᠢᠴᠢᠯᠭᠡ᠂ ᠢᠷᠠᠭᠤ ᠰᠠᠶᠢᠬᠠᠨ ᠬᠡᠯᠡ ᠬᠡᠯᠡᠯᠭᠡ ᠪᠣᠯ ᠪᠦᠷ ᠰᠣᠷᠣᠬᠴᠢ ᠶᠢᠨ ᠠᠩᠬᠠᠷᠣᠯ ᠢ ᠲᠠᠳᠠᠳᠠᠭ ᠬᠦᠴᠦᠨ ᠵᠦᠢᠯᠡᠰ ᠮᠦᠨ᠃ ᠡᠶᠢᠮᠦ ᠠᠴᠠ ᠪᠠᠭᠰᠢ ᠪᠣᠯᠣᠬᠰᠠᠳ ᠤᠷᠢᠳ ᠢᠶᠠᠷ ᠦᠪᠡᠷ ᠤᠨ ᠪᠡᠶ᠎ᠡ ᠪᠠᠨ ᠰᠢᠯᠢᠳᠡᠭᠵᠢᠭᠦᠯᠭᠦ ᠴᠢᠬᠤᠯᠠᠳᠠᠢ᠃      ᠬᠤᠶᠠᠷ᠂ ᠰᠣᠷᠣᠬᠴᠢ ᠪᠠᠨ ᠬᠦᠨᠳᠦᠳᠭᠡᠵᠦ᠂ ᠰᠣᠷᠣᠬᠴᠢ ᠪᠠᠨ ᠣᠶᠢᠯᠠᠭᠠᠵᠣ ᠬᠠᠶᠢᠷᠠᠯᠠᠬᠤ ᠭᠡᠷᠡᠭᠳᠡᠢ᠃      ᠰᠣᠷᠭᠠᠨ ᠬᠦᠮᠦᠵᠢᠬᠦᠯᠬᠦ ᠣᠬᠠᠭᠠᠨ᠂ ᠰᠡᠳᠬᠢᠴᠡ ᠵᠦᠢ ᠳᠤ ᠰᠣᠷᠣᠬᠴᠢ ᠪᠠᠨ ᠣᠶᠢᠯᠠᠭᠠᠬᠤ᠂ ᠬᠠᠶᠢᠷᠠᠯᠠᠬᠤ᠂ ᠬᠦᠨᠳᠦᠳᠭᠡᠬᠦ ᠶᠢ ᠴᠢᠬᠤᠯᠠᠴᠢᠯᠠᠨ ᠲᠣᠷᠠᠳᠴᠠᠢ᠃ ᠪᠠᠭᠰᠢ ᠨᠢ ᠰᠣᠷᠣᠬᠴᠢ ᠪᠠᠨ ᠣᠶᠢᠯᠠᠭᠠᠵᠣ ᠬᠠᠶᠢᠷᠠᠯᠠᠬᠤ ᠳᠤ ᠪᠠᠰᠠ ᠣᠯᠠᠨ ᠲᠠᠯ᠎ᠠ ᠲᠠᠢ ᠪᠠᠶᠢᠳᠠᠭ᠃ ᠵᠢᠱᠢᠶᠡᠯᠡᠪᠡᠯ᠄ ᠰᠣᠷᠣᠬᠴᠢ ᠶᠢᠨ ᠬᠦᠳᠡᠯᠮᠦᠷᠢ ᠶᠢᠨ ᠪᠦᠳᠦᠭᠡᠯ ᠢ ᠬᠠᠶᠢᠷᠠᠯᠠᠬᠤ᠂ ᠰᠣᠷᠣᠬᠴᠢ ᠶᠢᠨ ᠣᠷᠮ᠎ᠠ ᠵᠣᠷᠢᠭ ᠢ ᠬᠦᠭᠵᠢᠭᠡᠬᠦ᠂ ᠰᠣᠷᠣᠬᠴᠢ ᠶᠢᠨ ᠢᠶᠠᠨ ᠠᠪᠢᠶᠠᠰ ᠴᠢᠳᠠᠪᠣᠷᠢ᠂ ᠣᠷ᠎ᠠ ᠮᠠᠷᠭᠡᠵᠢᠯ ᠢ ᠨᠢ ᠮᠠᠭᠳᠠᠨ ᠦᠨᠡᠯᠡᠬᠦ᠂ ᠰᠣᠷᠣᠬᠴᠢ ᠶᠢᠨ ᠢᠶᠠᠨ ᠡᠷᠳᠡᠮ ᠰᠣᠷᠣᠶ᠎ᠠ ᠭᠡᠰᠡᠨ ᠬᠦᠰᠡᠯ ᠵᠣᠷᠢᠯᠭ᠎ᠠ ᠶᠢ ᠦᠨᠡᠨ ᠰᠡᠳᠬᠢᠯᠭᠡ ᠠᠴᠠ ᠪᠠᠨ ᠬᠦᠯᠢᠶᠡᠨ ᠠᠪᠴᠣ ᠲᠡᠮᠵᠢᠬᠦ ᠠᠵᠢᠯᠯᠠᠭ᠎ᠠ ᠪᠣᠯ ᠪᠦᠷ ᠴᠣ᠋ ᠡᠨᠡᠬᠦ ᠬᠡᠪᠴᠢᠶᠡᠨ ᠳᠤ ᠪᠠᠭᠳᠠᠨ᠎ᠠ᠃ ᠪᠠᠭᠰᠢ ᠰᠣᠷᠣᠬᠴᠢ ᠶᠢᠨ ᠬᠠᠶᠢᠷ᠎ᠠ ᠰᠡᠳᠬᠢᠯᠬᠡ ᠭᠦᠨ ᠵᠤᠵᠠᠭᠠᠨ ᠪᠣᠯ ᠠᠩᠭᠢ ᠨᠢᠭᠡᠴᠢ ᠨᠢᠭᠳᠠᠷᠠᠨ ᠴᠢᠩᠭᠠᠷᠠᠵᠤ᠂ ᠰᠠᠶᠢᠨ ᠰᠠᠶᠢᠬᠠᠨ ᠠᠭᠤᠷ ᠠᠮᠢᠰᠬᠤᠯ ᠪᠦᠷᠢᠯᠳᠦᠨ᠎ᠡ᠃ ᠡ᠊ᠨᠳᠡ ᠪᠢ ᠭᠡᠳᠤᠨ ᠰᠣᠷᠣᠬᠴᠢ ᠶᠢ ᠬᠦᠮᠦᠵᠢᠬᠦᠯᠦᠭᠰᠡᠨ ᠶᠠᠪᠣᠴᠠ ᠪᠠᠨ ᠲᠦᠬᠦᠮ ᠲᠠᠨᠢᠯᠴᠠᠭᠤᠯᠵᠣ ᠦᠢᠯᠠᠰ ᠨᠢᠭᠡᠳᠡᠳ ᠲᠠᠢ ᠪᠠᠨ ᠲᠤᠷᠰᠢᠯᠭ᠎ᠠ ᠰᠤᠷᠭᠠᠮᠵᠢ ᠪᠠᠨ  ᠬᠤᠪᠢᠶᠠᠯᠴᠠᠶ᠎ᠠ᠃      ᠰᠣᠷᠣᠬᠴᠢ × ×᠂ ᠡᠷᠡᠭᠳᠡᠢ᠃ ᠲᠣᠰ ᠰᠣᠷᠣᠬᠴᠢ ᠮᠠᠨ ᠤ ᠠᠩᠭᠢ ᠶᠢ ᠭᠤᠷᠪᠠᠳᠤᠭᠠᠷ ᠣᠨ ᠪᠣᠯᠬᠤ ᠳᠤ ᠭᠠᠳᠠᠨ᠎ᠠ ᠠᠴᠠ ᠰᠢᠯᠵᠢᠵᠦ ᠢᠷᠡᠵᠡᠢ᠃ ᠲᠣᠰ ᠰᠣᠷᠣᠬᠴᠢ ᠶᠢᠨ ᠰᠠᠶᠢᠨ ᠲᠠᠢ ᠲᠠᠯ᠎ᠠ ᠭᠡᠪᠡᠯ ᠰᠣᠨᠢᠭᠤᠴᠢ ᠵᠠᠩ ᠲᠠᠢ᠃ ᠶᠠᠮᠠᠷ ᠨᠢᠭᠡᠨ ᠶᠠᠭᠤᠮ᠎ᠠ ᠶᠢ ᠴᠠᠭᠠᠰᠢᠳᠠ ᠰᠡᠳᠬᠢᠵᠦ ᠪᠣᠳᠣᠬᠤ᠂ ᠠᠰᠠᠭᠤᠵᠣ ᠨᠢᠬᠳᠠᠯᠠᠬᠤ ᠲᠣᠷᠠᠳᠠᠢ᠃ ᠭᠡᠪᠡᠴᠦ ᠨᠦᠬᠦᠳ ᠲᠠᠢ ᠪᠠᠨ ᠬᠠᠷᠢᠯᠴᠠᠬᠤ ᠲᠠᠯ᠎ᠠ ᠪᠠᠷ ᠪᠠᠷᠣᠬᠳᠠᠢ᠂ ᠠᠭᠤᠷ ᠣᠴᠠᠭᠠᠷ ᠶᠡᠭᠡ᠂ ᠤᠴᠢᠷ ᠶᠠᠪᠤᠳᠠᠯ ᠲᠤᠯᠭᠠᠷᠠᠪᠠᠯ ᠪᠠᠴᠢᠮᠳᠠᠵᠣ ᠰᠠᠨᠳᠣᠷᠳᠠᠭ᠃ ᠵᠠᠷᠢᠮ ᠦᠶᠡᠰ ᠬᠠᠮᠳᠣ ᠰᠣᠷᠣᠬᠴᠢ ᠨᠢ ᠰᠢᠷᠡᠭᠡᠨ ᠲᠡᠭᠡᠷᠡᠬᠢ ᠶᠠᠭᠤᠮ᠎ᠠ ᠶᠢ ᠨᠢ ᠰᠠᠨᠠᠮᠰᠠᠷ ᠦᠭᠡᠢ ᠣᠶᠢᠴᠢᠭᠤᠯᠣᠬᠰᠠᠨ ᠢ ᠴᠦ ᠬᠦᠯᠢᠶᠡᠵᠦ ᠴᠢᠳᠠᠯ ᠦᠭᠡᠢ ᠬᠠᠮᠳᠣ ᠰᠣᠷᠣᠬᠴᠢ ᠳᠤ ᠪᠠᠨ ᠶᠡᠭᠡ ᠪᠠᠷ ᠠᠭᠤᠷᠯᠠᠵᠣ᠂ ᠪᠠᠷᠭᠢᠷᠠᠨ ᠪᠠᠴᠢᠮᠳᠠᠳᠠᠭ᠂ ᠨᠦᠬᠦᠳ ᠤᠨ ᠬᠤᠭᠤᠷᠣᠨᠳᠣᠬᠢ ᠪᠠᠭ᠎ᠠ ᠰᠠᠭ᠎ᠠ ᠣᠴᠢᠷ ᠶᠠᠪᠣᠳᠠᠯ ᠢᠶᠠᠨ ᠴᠣ᠋ ᠰᠢᠢᠳᠪᠦᠷᠢᠯᠡᠵᠦ ᠴᠢᠳᠠᠬᠤ ᠦᠭᠡᠢ᠂ ᠵᠠᠪᠠᠯ ᠦᠪᠡᠷ ᠤᠨ ᠵᠣᠷᠢᠭ ᠢᠶᠠᠷ ᠢᠶᠠᠨ ᠠᠭᠠᠰᠢᠯᠠᠵᠣ᠂ ᠰᠠᠨᠠᠭᠠᠨ ᠳᠤ ᠨᠢ ᠲᠠᠭᠠᠷᠠᠬᠤ ᠦᠭᠡᠢ ᠪᠣᠯ ᠶᠡᠭᠡ ᠪᠠᠷ ᠠᠭᠤᠷᠯᠠᠵᠣ᠂ ᠣᠬᠢᠯᠠᠵᠣ ᠪᠡᠷᠭᠢᠷᠠᠨ ᠠᠭᠠᠰᠢᠯᠠᠳᠠᠭ᠃ ᠡᠶᠢᠮᠦ ᠰᠣᠷᠣᠬᠴᠢ ᠶᠢ ᠭᠡᠷᠬᠢᠨ ᠭᠦᠮᠦᠵᠢᠭᠦᠯᠭᠦ ᠪᠣᠢ︖ ᠪᠤᠳᠤᠭᠰᠠᠭᠠᠷ ᠪᠠᠶᠢᠵᠤ ᠣᠷᠢᠳᠠᠪᠠᠷ ᠲᠡᠭᠦᠨ ᠤ ᠲᠣᠭᠤᠵᠤ ᠪᠢᠰᠢᠷᠡᠳᠡᠭ ᠬᠤᠶᠠᠷ ᠭᠡᠣᠭᠡᠳ ᠢ ᠣᠯᠵᠣ ᠲᠣᠰ ᠰᠣᠷᠣᠬᠴᠢ ᠳᠤ ᠦᠵᠡᠯ ᠰᠠᠨᠠᠭᠠᠨ ᠤ ᠬᠦᠮᠦᠵᠢᠯ ᠬᠢᠯᠬᠡᠵᠡᠢ᠃ ᠲᠡᠳᠡᠨ ᠢ ᠬᠢᠴᠢᠶᠡᠯ ᠤᠨ ᠭᠠᠳᠠᠨ᠎ᠠ ᠢᠯᠡᠬᠦᠭᠡᠨ ᠴᠤᠭ ᠪᠠᠶᠢᠯᠭᠠᠵᠣ᠂ ᠰᠡᠳᠬᠢᠯ ᠤᠨ ᠦᠭᠡ ᠪᠠᠨ ᠰᠣᠯᠢᠯᠴᠠᠬᠤ ᠶᠢ ᠵᠣᠷᠢᠬᠵᠢᠭᠤᠯᠪᠠ᠃ ᠪᠠᠰᠠ ᠠᠩᠭᠢ ᠶᠢᠨ ᠪᠣᠰᠣᠳ ᠰᠣᠷᠣᠬᠴᠢ ᠶᠢ ᠴᠣ᠋ ᠲᠣᠰ ᠰᠣᠷᠣᠬᠴᠢ ᠲᠠᠢ ᠪᠦᠯᠬᠦᠮᠳᠡᠨ᠂ ᠲᠡᠭᠦᠨ ᠢ ᠠᠭᠤᠴᠢᠯᠠᠵᠣ ᠪᠠᠭᠳᠠᠭᠠᠨ᠂ ᠰᠠᠶᠢᠨ ᠰᠠᠶᠢᠬᠠᠨ ᠵᠠᠩ ᠲᠠᠢ ᠬᠡᠣᠭᠡᠳ ᠪᠣᠯᠭᠠᠬᠤ ᠲᠡᠶᠢᠰᠢ ᠣᠬᠠᠭᠠᠷᠠᠭᠤᠯᠬᠤ ᠶᠢ ᠣᠷᠢᠶᠠᠯᠠᠪᠠ᠃ ᠬᠢᠴᠢᠶᠡᠯ ᠤᠨ ᠪᠠᠭᠰᠢ ᠨᠠᠷ ᠢ ᠴᠣ᠋ ᠠᠯᠢ ᠪᠣᠯᠬᠤ ᠪᠠᠷ ᠲᠣᠰ ᠰᠣᠷᠣᠬᠴᠢ ᠳᠤ ᠣᠷᠮ᠎ᠠ ᠬᠠᠶᠢᠷᠠᠯᠠᠨ ᠵᠣᠷᠢᠬᠵᠢᠭᠤᠯᠬᠤ ᠶᠢ ᠰᠠᠨᠠᠭᠤᠯᠪᠠ᠃ ᠢᠡᠭᠬᠢᠭᠰᠡᠨ ᠠᠴᠠ ᠤᠳᠠᠭᠠᠨ ᠳᠤ ᠪᠠᠨ ᠲᠣᠰ ᠰᠣᠷᠣᠬᠴᠢ ᠲᠣᠩ ᠤᠯᠠᠨ ᠬᠤᠪᠢᠷᠠᠯᠳᠠ ᠭᠠᠷᠴᠠᠢ᠃      ᠰᠣᠷᠣᠬᠴᠢ ᠨᠦᠬᠦᠳ ᠲᠠᠢ ᠪᠠᠨ ᠰᠠᠶᠢᠬᠠᠨ ᠬᠠᠷᠢᠴᠠᠬᠤ ᠪᠣᠯᠣᠬᠰᠠᠨ ᠪᠦᠭᠡᠳ ᠪᠠᠭ᠎ᠠ ᠰᠠᠭ᠎ᠠ ᠣᠴᠢᠷ ᠢ ᠪᠠᠭᠳᠠᠭᠠᠵᠣ ᠴᠢᠳᠠᠬᠤ ᠪᠣᠯᠣᠬᠰᠠᠨ ᠪᠠᠶᠢᠨ᠎ᠠ᠃ ᠨᠡᠩ ᠴᠢᠬᠤᠯᠠ ᠨᠢ ᠮᠠᠰᠢ ᠪᠠᠶᠠᠷ ᠪᠠᠶᠠᠰᠬᠤᠯᠠᠩ ᠲᠠᠢ ᠪᠠᠷ ᠬᠢᠴᠢᠶᠡᠯ ᠰᠣᠷᠣᠯᠭ᠎ᠠ ᠳᠤ ᠪᠠᠨ ᠴᠢᠷᠮᠠᠶᠢᠬᠤ ᠪᠣᠯᠣᠬᠰᠠᠨ ᠪᠠᠶᠢᠨ᠎ᠠ᠃      ᠰᠣᠷᠣᠬᠴᠢ × ×᠂ ᠡᠷᠡᠭᠳᠡᠢ᠃ ᠲᠣᠰ ᠰᠣᠷᠣᠬᠴᠢ ᠪᠣᠯ ᠡᠷᠭᠡ ᠲᠣᠷ᠎ᠠ ᠪᠠᠷ ᠢᠶᠠᠨ ᠦᠰᠦᠭᠰᠡᠨ ᠬᠡᠣᠭᠡᠳ ᠪᠣᠯᠣᠨ᠎ᠠ᠃ ᠨᠢᠭᠡᠳᠦᠭᠡᠷ ᠣᠨ ᠳᠤ ᠢᠷᠡᠬᠦ ᠳᠤ ᠡᠪᠦᠭᠡ ᠡᠮᠡᠭᠡ ᠨᠢ ᠬᠠᠷᠠᠵᠤ ᠬᠠᠷᠠᠭᠠᠯᠵᠠᠳᠠᠬ ᠪᠠᠶᠢᠪᠠ᠃ ᠡᠪᠦᠭᠡ ᠡᠮᠡᠭᠡ ᠶᠢᠨ ᠢᠶᠠᠨ ᠦᠭᠡᠨ ᠳᠤ ᠣᠷᠣᠬᠤ ᠦᠭᠡᠢ᠂ ᠲᠠᠰᠬᠠᠯ ᠪᠣᠯᠪᠠᠰᠣᠷᠠᠯ ᠢᠶᠠᠨ ᠴᠦ ᠬᠢᠬᠦ ᠦᠭᠡᠢ ᠪᠠᠶᠢᠯ᠎ᠠ᠃ ᠲᠡᠭᠡᠭᠡᠳ ᠵᠦᠭᠡᠯᠡᠨ ᠬᠠᠳᠠᠭᠤ ᠠᠷᠭ᠎ᠠ ᠶᠢ ᠣᠶᠠᠯᠳᠣᠭᠤᠯᠣᠨ ᠭᠡᠷᠡᠭᠯᠡᠵᠦ᠂ ᠣᠷᠣᠢ ᠨᠢ ᠦᠯᠡᠳᠡᠭᠡᠵᠦ ᠪᠠᠶᠢᠭᠠᠳ ᠲᠠᠰᠬᠠᠯ ᠢ ᠨᠢ ᠬᠢᠯᠬᠡᠬᠦ ᠭᠡᠬᠦ ᠳᠤ ᠡᠬᠢᠨ ᠳᠤ ᠪᠠᠨ ᠮᠢᠨᠦ ᠦᠭᠡᠳᠡ ᠠᠴᠠ ᠢᠰᠬᠦᠯᠵᠦ᠂ ᠶᠠᠭᠤᠮ᠎ᠠ ᠪᠠᠨ ᠰᠢᠳᠡᠵᠦ ᠨᠠᠮ᠎ᠠ ᠶᠢ ᠰᠦᠷᠳᠡᠭᠦᠯᠬᠦ ᠪᠠᠷ ᠣᠷᠣᠯᠳᠣᠳᠠᠭ ᠪᠠᠶᠢᠪᠠ᠃ ᠪᠣᠰᠣᠳ ᠰᠣᠷᠣᠬᠴᠢᠳ ᠬᠡᠯᠡ ᠪᠢᠴᠢᠭ ᠤᠨ ᠴᠡᠭᠡᠵᠢᠯᠡᠭᠦ ᠠᠭᠤᠯᠭ᠎ᠠ ᠶᠢ ᠴᠡᠭᠡᠵᠢᠯᠡᠭᠰᠡᠨ ᠪᠠᠶᠢᠬᠤ ᠳᠤ ᠲᠡᠷᠡ ᠴᠡᠭᠡᠵᠢᠯᠡᠳᠡᠭ ᠦᠭᠡᠢ᠃ ᠲᠡᠭᠡᠭᠡᠳ ᠬᠡᠯᠡ ᠪᠢᠴᠢᠭ ᠤᠨ ᠪᠠᠭᠰᠢ ᠲᠠᠢ ᠬᠤᠶᠠᠭᠤᠯᠠ ᠨᠢᠭᠡ ᠦᠳᠡ ᠳᠤ ᠲᠡᠭᠦᠨ ᠢ ᠦᠯᠡᠳᠡᠭᠡᠵᠦ ᠴᠡᠭᠡᠵᠢᠯᠡᠬᠦᠯᠬᠦ ᠭᠡᠰᠡᠨ ᠳᠤ ᠲᠡᠷᠡ ᠲᠣᠮᠳᠠ ᠨᠢ ᠵᠣᠷᠯᠣᠩ ᠳᠤ ᠶᠠᠪᠣᠬᠤ ᠪᠠᠷ ᠭᠤᠶᠣᠴᠢᠯᠠᠯ᠎ᠠ᠃ ᠪᠢᠳᠡ ᠬᠤᠶᠠᠭᠤᠯᠠ ᠬᠦᠯᠢᠶᠡᠭᠡᠳ ᠬᠦᠯᠢᠶᠡᠭᠡᠳ ᠢᠷᠡᠭᠰᠡᠨ ᠦᠭᠡᠢ᠃ ᠭᠡᠷ ᠲᠤ ᠨᠢ ᠤᠴᠢᠬᠤ ᠳᠤ ᠬᠦᠨᠵᠢᠯᠡ ᠪᠠᠨ ᠨᠦᠮᠦᠷᠤᠭᠡᠳ ᠭᠡᠪᠳᠡᠵᠤ ᠪᠠᠶᠢᠪᠠ᠃ ᠡᠮᠡᠭᠡ ᠨᠢ ᠦᠷᠬᠦᠯᠵᠢ ᠨᠠᠳᠠᠳᠣ᠄ ︽ᠠ᠊ ᠪᠠᠭᠰᠢ ᠲᠠ ᠭᠡᠷ ᠤᠨ ᠣᠶᠢᠷᠠᠬᠠᠨ ᠶᠠᠪᠣᠳᠠᠭ ᠪᠣᠯ ᠮᠢᠨᠦ ᠬᠦᠦ ᠶᠢ ᠭᠠᠳᠠᠨ᠎ᠠ ᠠᠴᠠ ᠭᠡᠷ ᠲᠤ ᠲᠠᠭᠤᠵᠣ ᠣᠷᠣᠭᠤᠯᠣᠭᠠᠳ ᠠᠯᠢ᠃ ᠮᠢᠨᠦ ᠦᠭᠡ ᠶᠢ ᠰᠣᠨᠣᠰᠬᠤ ᠦᠭᠡᠢ᠃ ᠪᠢ ᠬᠦᠯ ᠮᠠᠭᠤ ᠪᠣᠯᠬᠤᠷ ᠲᠠᠭᠤᠭᠠᠳ ᠴᠣ᠋ ᠲᠡᠶᠢᠯᠬᠦ ᠦᠭᠡᠢ ᠪᠠᠶᠢᠨ᠎ᠠ︾ ᠭᠡᠵᠦ ᠭᠡᠯᠡᠳᠡᠭ ᠪᠠᠶᠢᠪᠠ᠃ ᠡᠨᠡ ᠰᠣᠷᠣᠬᠴᠢ ᠶᠢ ᠴᠤᠬᠤᠮ ᠶᠠᠮᠠᠷ ᠠᠷᠭ᠎ᠠ ᠪᠠᠷ ᠬᠦᠮᠦᠵᠢᠬᠦᠯᠳᠡᠭ ᠢ ᠪᠢ ᠪᠠᠭ᠋ᠠᠨ ᠪᠣᠳᠣᠯ᠎ᠠ᠃ ᠨᠢᠭᠡᠨ ᠭᠠᠷᠠᠭ ᠤᠨ ᠡᠳᠦᠷ ᠠᠪᠤ ᠡᠵᠢ ᠶᠢ ᠨᠢ ᠲᠠᠭᠤᠳᠠᠭᠠᠳ ᠶᠠᠷᠢᠯᠴᠠᠭᠰᠠᠨ ᠤ ᠳ᠋ᠦᠩ ᠳᠤ ᠲᠣᠰ ᠬᠡᠣᠭᠡᠳ ᠡᠵᠢ ᠠᠴᠠ ᠪᠠᠨ ᠠᠶᠣᠳᠠᠭ ᠭᠡᠳᠡᠭ ᠢ ᠮᠠᠳᠡᠵᠦ ᠡᠵᠢ ᠳᠤ ᠨᠢ ᠲᠠᠭᠠᠭᠠᠯᠭᠠᠨ ᠦᠭᠴᠦ᠂ ᠡᠪᠦᠭᠡ ᠡᠮᠡᠭᠡ ᠨᠢ ᠬᠦᠳᠡᠭᠡᠨ ᠢᠶᠠᠨ ᠬᠠᠷᠢᠵᠣ ᠪᠢᠯᠡ᠃ ᠢᠩᠭᠢᠭᠡᠳ ᠡᠵᠢ ᠲᠠᠢ ᠨᠢ ᠬᠠᠮᠳᠣ ᠬᠠᠯᠠᠮᠵᠢᠯᠠᠨ ᠬᠦᠮᠦᠵᠢᠬᠦᠯᠬᠦ ᠪᠠᠷ ᠪᠣᠯᠣᠯ᠎ᠠ᠃ ᠣᠷᠣᠢ ᠳᠤ ᠪᠠᠨ ᠭᠡᠳᠦᠨ ᠲᠦᠷᠦᠯ ᠤᠨ ᠬᠢᠴᠢᠶᠡᠯ ᠤᠨ ᠲᠠᠰᠬᠠᠯ ᠢ ᠨᠢ ᠪᠠᠭᠰᠢ ᠠᠴᠠ ᠨᠢ ᠲᠡᠮᠳᠡᠭᠯᠡᠨ ᠠᠪᠴᠣ᠂ ᠲᠣᠰ ᠰᠣᠷᠣᠬᠴᠢ ᠶᠢᠨ ᠲᠣᠰ ᠡᠳᠦᠷ ᠤᠨ ᠪᠠᠶᠢᠳᠠᠯ ᠢ ᠨᠢ ᠡᠵᠢ ᠳᠤ ᠨᠢ ᠪᠢᠴᠢᠵᠦ ᠶᠠᠪᠣᠭᠤᠯᠳᠠᠭ ᠪᠣᠯᠪᠠ᠃ ᠲᠣᠰ ᠬᠡᠣᠭᠡᠳ ᠤᠨ ᠭᠡᠷ ᠲᠤ ᠪᠠᠨ ᠪᠠᠶᠢᠬᠤ ᠦᠶ᠎ᠡ ᠶᠢᠨ ᠪᠠᠶᠢᠳᠠᠯ ᠢ ᠡᠵᠢ ᠨᠢ ᠨᠠᠳᠠᠳᠣ ᠪᠢᠴᠢᠵᠦ ᠶᠠᠪᠣᠭᠤᠯᠳᠠᠭ᠃ ᠡᠨᠡ ᠮᠡᠳᠦ ᠪᠠᠷ ᠨᠢᠭᠡ ᠵᠢᠯ ᠲᠡᠰᠪᠦᠷᠢᠳᠡᠢ ᠬᠦᠮᠦᠵᠢᠬᠦᠯᠦᠭᠰᠡᠨ ᠠᠴᠠ ᠭᠤᠷᠪᠡᠳᠤᠭᠠᠷ ᠣᠨ ᠪᠣᠯᠬᠤ ᠳᠤ ᠰᠣᠷᠣᠯᠭ᠎ᠠ ᠬᠢᠴᠢᠶᠡᠯ ᠳᠤ ᠪᠠᠨ ᠰᠢᠮᠳᠡᠨ ᠴᠢᠷᠮᠠᠶᠢᠵᠣ ᠰᠣᠷᠣᠯᠴᠠᠬᠤ ᠪᠣᠯᠣᠬᠰᠠᠨ ᠪᠦᠬᠡᠳ ᠵᠠᠩ ᠮᠣᠷᠠᠯ ᠨᠢ ᠶᠡᠭᠡᠳᠡ ᠰᠠᠶᠢᠵᠢᠷᠠᠵᠣ᠂ ᠪᠠᠭ᠎ᠠ ᠰᠣᠷᠭᠠᠭᠤᠯᠢ ᠪᠠᠨ ᠠᠮᠵᠢᠯᠳᠠ ᠲᠠᠢ ᠰᠠᠶᠢᠬᠠᠨ ᠲᠡᠭᠦᠰᠭᠡᠭᠰᠡᠨ ᠪᠠᠶᠢᠨ᠎ᠠ᠃      ᠭᠤᠷᠪᠠ᠂ ᠰᠣᠷᠣᠬᠴᠢ ᠪᠠᠨ ᠬᠠᠶᠢᠷᠠᠯᠠᠵᠣ᠂ ᠢᠯᠡᠬᠦᠭᠡᠨ ᠣᠷᠮᠠᠰᠢᠭᠤᠯᠣᠨ ᠵᠣᠷᠢᠬᠵᠢᠭᠤᠯᠬᠤ ᠭᠡᠷᠡᠭᠳᠡᠢ᠃      ᠬᠠᠶᠢᠷ᠎ᠠ ᠶᠢᠨ ᠬᠦᠮᠦᠵᠢᠯ ᠪᠣᠯ ᠰᠣᠷᠭᠠᠨ ᠬᠦᠮᠦᠵᠢᠯ ᠤᠨ ᠦᠨᠳᠤᠰᠤ ᠮᠦᠨ᠃ ᠪᠠᠭᠰᠢ ᠪᠣᠯ ᠬᠡᠣᠭᠡᠳ ᠤᠨ ᠲᠡᠮᠵᠢᠭᠴᠢ᠂ ᠵᠢᠯᠣᠭᠤᠳᠣᠬᠴᠢ᠂ ᠬᠦᠳᠦᠯᠦᠭᠴᠢ ᠨᠢ ᠪᠣᠯᠣᠨ᠎ᠠ᠃ ᠬᠢᠴᠢᠶᠡᠯ ᠤᠨ ᠭᠠᠳᠠᠭᠤᠷ ᠰᠣᠷᠣᠬᠴᠢ ᠲᠠᠢ ᠪᠠᠨ ᠰᠠᠨᠠᠭᠠᠴᠢᠯᠠᠭ᠎ᠠ ᠲᠠᠢ ᠪᠠᠷ ᠣᠶᠢᠷᠠᠳᠣᠨ᠂ ᠴᠢᠯᠦᠭᠡᠳᠡᠢ ᠶᠠᠷᠢᠯᠴᠠᠵᠤ᠂ ᠲᠡᠳᠡᠨ ᠤ ᠰᠡᠳᠬᠢᠯ ᠤᠨ ᠨᠠᠶᠢᠵᠢ ᠨᠢ ᠪᠣᠯᠵᠣ᠂ ᠬᠦᠨ ᠵᠣᠵᠠᠭᠠᠨ ᠬᠠᠶᠢᠷ᠎ᠠ ᠰᠡᠳᠬᠢᠯᠭᠡ ᠪᠠᠷ ᠰᠣᠷᠣᠬᠴᠢ ᠳᠤ ᠪᠠᠨ ᠬᠠᠨᠳᠣᠵᠣ᠂ ᠰᠣᠷᠣᠬᠴᠢ ᠪᠠᠨ ᠦᠪᠡᠷ ᠤᠨ ᠬᠡᠣᠭᠡᠳ ᠢᠶᠠᠨ ᠰᠢᠭ ᠬᠠᠶᠢᠷᠠᠯᠠᠵᠣ᠂ ᠲᠡᠳᠡᠨ ᠤ ᠪᠡᠶ᠎ᠡ ᠲᠡᠭᠡᠷ᠎ᠡ ᠪᠠᠶᠢᠬᠤ ᠦᠴᠦᠭᠡᠨ ᠬᠢᠯᠠᠰ ᠴᠡᠭ ᠢ ᠴᠤ ᠣᠯᠵᠣ ᠬᠠᠷᠠᠨ ᠮᠠᠭᠳᠠᠨ ᠰᠠᠶᠢᠰᠢᠶᠠᠵᠣ᠂ ᠦᠪᠡᠷ ᠢ ᠨᠢ ᠦᠪᠡᠷ ᠲᠠᠢ ᠨᠢ ᠬᠠᠷᠢᠴᠠᠭᠤᠯᠣᠨ᠂ ᠴᠠᠭ ᠦᠷᠭᠦᠯᠵᠢ ᠣᠷᠮᠠᠰᠢᠭᠤᠯᠣᠨ ᠵᠣᠷᠢᠬᠵᠢᠭᠤᠯᠬᠤ ᠭᠡᠷᠡᠭᠳᠡᠢ᠃      ᠰᠣᠷᠣᠬᠴᠢᠳ ᠤᠨ ᠢᠶᠠᠨ ᠰᠣᠷᠣᠯᠴᠠᠬᠤ ᠣᠷᠮ᠎ᠠ ᠵᠣᠷᠢᠭ ᠢ ᠲᠠᠶᠢᠴᠢᠯᠠᠬᠤ ᠭᠡᠷᠡᠭᠳᠠᠢ᠃ ᠰᠡᠳᠬᠢᠴᠡ ᠵᠦᠢ ᠳᠤ ︽ᠵᠣᠷᠢᠭ ᠭᠡᠭᠴᠢ ᠬᠦᠮᠦᠰ ᠶᠠᠮᠠᠷ ᠨᠢᠭᠡᠨ ᠵᠦᠢᠯ ᠤᠨ ᠵᠣᠷᠢᠯᠭ᠎ᠠ ᠪᠠᠨ ᠪᠡᠶᠡᠯᠡᠬᠦᠯᠬᠦ᠋ᠢᠨ ᠲᠦᠯᠦᠭᠡ᠂ ᠦᠢᠯᠡ ᠠᠵᠢᠯᠯᠠᠭ᠎ᠠ ᠶᠢᠨ ᠲᠣᠮᠳᠡ ᠣᠬᠠᠮᠰᠠᠷ ᠠᠴᠠ ᠪᠠᠨ ᠬᠦᠴᠢᠷ ᠪᠡᠷᠭᠡᠰᠢᠶᠡᠯ ᠢ ᠢᠯᠡᠨ ᠲᠠᠪᠠᠭ᠋ᠣ ᠦᠶᠡᠰ ᠢᠯᠡᠷᠡᠬᠦᠯᠦᠭᠰᠡᠨ ᠰᠡᠳᠬᠢᠴᠡ ᠶᠢᠨ ᠶᠠᠪᠣᠴᠠ ᠪᠣᠯᠣᠨ᠎ᠠ︾ ᠭᠡᠵᠡᠢ᠃ ᠰᠣᠷᠣᠬᠴᠢᠳ ᠵᠣᠷᠢᠭ ᠪᠠᠶᠢᠮᠠᠨᠵᠢᠨ ᠰᠠᠶ᠋ᠢ ᠰᠢᠨᠵᠢᠯᠡᠬᠦ ᠣᠬᠠᠭᠠᠨ ᠤ ᠬᠦᠴᠢᠷ ᠪᠠᠷᠳᠠᠭ᠎ᠠ ᠶᠢ ᠲᠠᠪᠠᠵᠣ᠂ ᠦᠪᠡᠷ ᠤᠨ ᠬᠤᠴᠣᠷᠣᠩᠭᠤᠢ ᠪᠠᠶᠢᠳᠠᠯ ᠢᠶᠠᠨ ᠦᠭᠡᠷᠡᠴᠢᠯᠡᠵᠦ ᠪᠡᠶ᠎ᠡ ᠪᠠᠨ ᠨᠡᠶᠢᠭᠡᠮ ᠤᠨ ᠰᠢᠨ᠎ᠡ ᠪᠠᠶᠢᠳᠠᠯ ᠳᠤ ᠵᠣᠬᠢᠴᠠᠭᠤᠯᠵᠣ ᠴᠢᠳᠠᠨ᠎ᠠ᠃ ᠵᠣᠷᠢᠭ ᠤᠨ ᠬᠦᠮᠦᠵᠢᠯ ᠢᠶᠠᠷ ᠲᠠᠮᠵᠢᠭᠤᠯᠣᠨ ᠰᠣᠷᠣᠬᠴᠢᠳ‌‍ᠤᠨ ᠪᠡᠶ᠎ᠡ ᠰᠡᠳᠬᠢᠴᠡ ᠳᠤ ᠲᠣᠬᠢᠶᠠᠯᠳᠣᠵᠣ ᠪᠣᠯᠬᠤ ᠠᠯᠢ ᠣᠯᠠᠨ ᠬᠦᠴᠢᠷ ᠪᠡᠷᠭᠡᠰᠢᠶᠡᠯ᠂ ᠲᠡᠭᠡᠭᠡᠷ᠎ᠡ ᠲᠠᠷᠣᠭᠠᠰᠣ ᠶᠢ ᠨᠢ ᠠᠷᠢᠯᠭᠠᠵᠣ ᠪᠣᠯᠣᠨ᠎ᠠ᠃ ᠲᠡᠳᠡᠨ ᠤ ᠨᠡᠶᠢᠭᠡᠮ ᠤᠨ ᠬᠠᠷᠢᠭᠤᠴᠠᠯᠭᠠᠳᠣ ᠰᠡᠳᠬᠢᠯᠬᠡ᠂ ᠬᠦᠳᠡᠯᠮᠣᠷᠢ ᠶᠢ ᠬᠠᠶᠢᠷᠠᠯᠠᠬᠤ᠂ ᠠᠮᠢᠳᠣᠷᠠᠯ ᠳᠤ ᠢᠳᠡᠭᠡᠯ ᠲᠠᠢ᠂ ᠣᠯᠣᠰ ᠦᠨᠳᠦᠰᠦᠳᠡᠨ ᠢᠶᠠᠨ ᠬᠠᠶᠢᠷᠠᠯᠠᠬᠤ ᠣᠪᠣᠷ ᠰᠡᠳᠬᠢᠯᠭᠡ ᠶᠢ ᠪᠣᠢ ᠪᠣᠯᠭᠠᠵᠣ ᠪᠣᠯᠣᠨ᠎ᠠ᠃ ᠡᠬᠦᠨ ᠳᠤ ᠲᠣᠣᠷᠠᠬᠢ ᠭᠡᠳᠦᠨ ᠵᠦᠢᠯ ᠪᠠᠭᠳᠠᠨ᠎ᠠ᠃      1. ᠬᠢᠴᠢᠶᠡᠯ ᠪᠠ ᠠᠩᠭᠢ ᠶᠢᠨ ᠬᠤᠷᠠᠯ ᠢ ᠨᠢᠬᠳᠠ ᠣᠶᠠᠯᠳᠣᠭᠤᠯᠵᠣ᠂ ᠣᠯᠣᠰ ᠤᠨ ᠲᠣᠳᠣᠭᠠᠳᠣ ᠭᠠᠳᠠᠭᠠᠳᠣ ᠶᠢᠨ ᠠᠯᠢ ᠣᠯᠠᠨ ᠠᠯᠳᠠᠷᠳᠣ ᠬᠦᠮᠦᠰ ᠢ ᠵᠣᠷᠢᠯᠭ᠎ᠠ ᠲᠠᠢ ᠪᠠᠷ ᠲᠠᠨᠢᠯᠴᠠᠭᠤᠯᠵᠣ᠂ ᠲᠡᠳᠡᠨ ᠤ ᠶᠠᠪᠣᠬᠰᠠᠨ ᠮᠣᠷᠣᠢ ᠰᠡᠷᠣᠢ ᠵᠠᠮ ᠦᠩᠭᠡᠷᠡᠯᠳᠡ ᠶᠢ ᠲᠣᠪᠤᠶᠢᠯᠭᠠᠨ ᠶᠠᠷᠢᠵᠣ ᠪᠣᠯᠣᠨ᠎ᠠ᠃      2. ᠰᠣᠷᠭᠠᠭᠤᠯᠢ᠂ ᠠᠩᠭᠢ ᠶᠢᠨ ᠲᠣᠳᠣᠷᠠᠬᠢ ᠨᠡᠶᠢᠳᠡᠯᠢᠭ ᠵᠢᠱᠢᠶ᠎ᠡ ᠶᠢ ᠴᠠᠭ ᠲᠣᠬᠢᠶᠠᠯ ᠢ ᠠᠯᠳᠠᠯ ᠦᠭᠡᠢ ᠣᠬᠠᠭᠤᠯᠵᠤ ᠪᠤᠯᠤᠨ᠎ᠠ᠃      3. ᠰᠣᠷᠣᠬᠴᠢ ᠶᠢᠨ ᠪᠡᠶ᠎ᠡ ᠰᠡᠳᠬᠢᠯ ᠤᠨ ᠬᠤᠪᠢᠷᠠᠯᠳᠠ ᠶᠢ ᠨᠠᠷᠢᠨ ᠰᠣᠳᠣᠯᠵᠣ᠂ ᠲᠡᠳᠡᠨ ᠤ ᠲᠣᠳᠣᠭᠠᠳᠣ ᠰᠡᠳᠬᠢᠯ ᠤᠨ ᠪᠠᠶᠢᠳᠠᠯ ᠳᠤ ᠨᠢ ᠲᠣᠬᠢᠷᠠᠭᠤᠯᠵᠣ ᠬᠦᠮᠦᠵᠢᠬᠦᠯᠬᠦ ᠭᠡᠷᠡᠭᠳᠡᠢ᠃ ᠣᠳᠣᠬᠠᠨ ᠳᠤ ᠠᠮᠢᠳᠣᠷᠠᠯ ᠤᠨ ᠨᠦᠬᠦᠴᠡᠯ ᠰᠠᠶᠢᠵᠢᠷᠠᠬᠤ ᠶᠢ ᠲᠠᠭᠠᠯᠳᠣᠨ ᠠᠵᠢᠯᠴᠢ ᠪᠣᠷᠣᠬᠵᠢᠭᠤᠨ ᠰᠣᠷᠳᠠᠯ ᠲᠣᠳᠠᠮᠠᠭ ᠪᠣᠯᠵᠣ ᠪᠠᠭ᠎ᠠ ᠯᠠ ᠬᠦᠴᠢᠷ ᠪᠡᠷᠭᠡᠰᠢᠶᠡᠯ ᠲᠣᠬᠢᠶᠠᠯᠳᠣᠪᠠᠯ ᠬᠤᠶᠢᠰᠢ ᠣᠬᠤᠷᠢᠬᠤ ᠦᠵᠡᠭᠳᠡᠯ ᠨᠡᠶᠢᠳᠡᠮ ᠣᠷᠣᠰᠢᠳᠠᠭ᠃ ᠢᠩᠭᠢᠬᠦ ᠳᠤ ᠪᠠᠨ ᠬᠦᠮᠦᠨ ᠪᠣᠯᠭᠠᠨ ᠤ ᠪᠠᠶᠢᠳᠠᠯ ᠣᠨᠳᠣᠣ ᠪᠠᠶᠢᠳᠠᠭ᠃ ᠰᠣᠷᠣᠯᠭ᠎ᠠ ᠶᠢᠨ ᠬᠢᠨᠢ ᠰᠠᠶᠢᠨ ᠮᠠᠭᠤ᠂ ᠵᠠᠩ ᠮᠣᠷᠠᠯ ᠤᠨ ᠬᠢᠨᠢ ᠪᠣᠯᠪᠠᠰᠣᠨ ᠡᠰᠡᠬᠦ ᠨᠢ ᠪᠦᠷ ᠰᠢᠭᠤᠳ ᠰᠢᠯᠳᠠᠭᠠᠨ ᠪᠣᠯᠳᠠᠭ᠃      4. ᠠᠩᠭᠢ ᠳᠤ ᠪᠠᠨ ᠠᠭᠤᠯᠭ᠎ᠠ ᠪᠠᠷ ᠬᠦᠨ᠂ ᠰᠣᠷᠣᠬᠴᠢ ᠶᠢᠨ ᠲᠣᠷ᠎ᠠ ᠪᠠᠬ᠎ᠠ ᠶᠢ ᠲᠠᠳᠠᠵᠣ ᠴᠢᠳᠠᠬᠤ ᠬᠦᠳᠡᠯᠪᠣᠷᠢ ᠠᠵᠢᠯᠯᠠᠭ᠎ᠠ ᠶᠢ ᠶᠠᠪᠣᠬᠳᠠᠭᠤᠯᠵᠣ ᠪᠣᠯᠣᠨ᠎ᠠ᠃ ᠡᠨᠡ ᠲᠠᠯ᠎ᠠ ᠪᠠᠷ ᠨᠢᠭᠡ ᠪᠣᠳᠠᠳᠠᠢ ᠵᠢᠱᠢᠶ᠎ᠡ ᠲᠠᠳᠠᠪᠠᠯ ᠲᠣᠣᠷᠠᠬᠢ ᠮᠡᠳᠦ ᠪᠠᠶᠢᠨ᠎ᠠ᠃      ᠰᠣᠷᠣᠬᠴᠢ × ×᠂ ᠡᠷᠡᠭᠳᠡᠢ᠃ ᠲᠣᠰ ᠰᠣᠷᠣᠬᠴᠢ ᠨᠢᠭᠡᠳᠦᠭᠡᠷ ᠣᠨ ᠪᠠᠶᠢᠬᠤ ᠦᠶᠡᠰ ᠠᠪᠤ ᠡᠵᠢ ᠨᠢ ᠣᠷᠤᠭ ᠰᠠᠯᠤᠭᠰᠠᠨ ᠠᠴᠠ ᠪᠣᠯᠵᠤ ᠠᠪᠤ ᠪᠠᠨ ᠲᠠᠭᠠᠵᠤ ᠠᠮᠢᠳᠤᠷᠠᠵᠠᠢ᠃ ᠲᠣᠰ ᠰᠣᠷᠣᠬᠴᠢ ᠶᠡᠷᠦ ᠶᠢᠨ ᠴᠠᠭ ᠲᠤ ᠪᠠᠨ ᠣᠷᠮ᠎ᠠ ᠵᠣᠷᠢᠭ ᠢᠶᠠᠷ ᠠᠨᠠᠢ᠂ ᠰᠡᠳᠬᠢᠯ ᠨᠢ ᠭᠡᠪᠡᠷᠡᠭ᠂ ᠪᠠᠭ᠎ᠠ ᠯᠡ ᠰᠢᠷᠦᠬᠦᠨ ᠣᠷᠣᠪᠠᠯ ᠣᠬᠢᠯᠠᠴᠢᠬᠠᠨ᠎ᠠ᠃ ᠶᠠᠮᠠᠷ ᠶᠠᠭᠤᠮᠠᠨ ᠳᠤ ᠴᠣ᠋ ᠲᠡᠮᠡᠢ ᠲᠣᠷ᠎ᠠ ᠰᠣᠨᠢᠷᠬᠠᠯ ᠦᠭᠡᠢ᠃ ᠦᠨᠦᠴᠢᠨ ᠭᠠᠭᠴᠠᠭᠠᠷᠳᠠᠮᠠᠯ ᠪᠠᠶᠢᠳᠠᠯ ᠲᠠᠢ ᠪᠠᠶᠢᠳᠠᠭ᠃ ᠠᠪᠤ ᠨᠢ ᠦᠨᠡᠨ ᠳᠤ ᠪᠠᠨ ᠶᠡᠭᠡ ᠰᠠᠶᠢᠨ ᠬᠠᠮᠢᠶᠠᠷᠳᠠᠭ ᠪᠣᠯᠪᠠᠴᠣ ᠡᠭᠡ ᠶᠢᠨ ᠬᠠᠶᠢᠷ᠎ᠠ ᠲᠣᠳᠠᠭᠳᠠᠭᠰᠠᠨ ᠠᠴᠠ ᠪᠣᠯᠵᠣ ᠪᠡᠶ᠎ᠡ ᠪᠠᠨ ᠬᠠᠶᠠᠵᠣ ᠰᠣᠷᠣᠯᠭ᠎ᠠ ᠬᠢᠴᠢᠶᠡᠯ ᠳᠤ ᠪᠠᠨ ᠰᠢᠮᠳᠠᠬᠤ ᠦᠭᠡᠢ᠂ ᠦᠪᠡᠷ ᠤᠨ ᠪᠡᠶᠡᠨ ᠳᠤ ᠪᠠᠨ ᠱᠠᠭᠠᠷᠳᠠᠯᠭ᠎ᠠ ᠦᠭᠡᠢ᠂ ᠵᠠᠪᠠᠯ ᠪᠠᠭᠰᠢ ᠪᠠᠷ ᠢᠶᠠᠨ ᠴᠠᠭ ᠢᠮᠠᠭᠳᠠ ᠬᠡᠯᠡᠬᠦᠯᠵᠦ ᠪᠠᠶᠢᠮᠠᠨᠵᠢᠨ ᠬᠢᠴᠢᠶᠡᠯ ᠰᠤᠷᠤᠯᠭ᠎ᠠ ᠪᠠᠨ ᠭᠦᠢᠴᠡᠳᠭᠡᠳᠡᠭ ᠪᠠᠶᠢᠨ᠎ᠠ᠃      ᠲᠣᠰ ᠰᠣᠷᠣᠬᠴᠢ ᠶᠢ ᠬᠦᠮᠦᠵᠢᠬᠦᠯᠬᠦ ᠳᠤ ᠪᠠᠨ ᠪᠠᠭᠰᠢ ᠠᠴᠠ ᠶᠠᠭᠤᠨ ᠤ ᠤᠷᠢᠳ ᠬᠠᠶᠢᠷ᠎ᠠ ᠰᠡᠳᠬᠢᠯᠭᠡ ᠶᠢᠨ ᠬᠦᠮᠦᠵᠢᠯ ᠬᠢᠭᠰᠡᠨ ᠪᠠᠶᠢᠨ᠎ᠠ᠃ ᠰᠣᠯᠠ ᠴᠠᠭ ᠭᠠᠷᠪᠠᠯ ᠠᠰ ᠢᠶᠠᠷ ᠨᠢ ᠬᠢᠴᠢᠶᠡᠯ ᠰᠣᠷᠣᠯᠭ᠎ᠠ ᠶᠢ ᠨᠢ ᠵᠢᠯᠣᠭᠤᠳᠴᠣ᠂ ᠦᠵᠡᠯ ᠰᠠᠨᠠᠭᠠᠨ ᠤ ᠬᠦᠮᠦᠵᠢᠯ ᠬᠢᠨ᠂ ᠢᠯᠡᠬᠦᠭᠡᠨ ᠵᠣᠷᠢᠬᠵᠢᠭᠤᠯᠵᠤ᠂ ᠪᠠᠶᠠᠷ ᠲᠣᠷᠠᠰᠬᠠᠯ ᠤᠨ ᠡᠳᠦᠷ ᠵᠢᠵᠢᠭ ᠪᠡᠯᠡᠭ ᠭᠦᠷᠭᠡᠨ᠂ ᠴᠢᠯᠣᠭᠡᠨ ᠤ ᠬᠤᠭᠤᠴᠠᠭᠠᠨ ᠳᠤ ᠭᠡᠷ ᠲᠤ ᠪᠠᠨ ᠠᠪᠴᠢᠷᠠᠵᠣ ᠲᠠᠰᠬᠠᠯ ᠲᠠᠭᠠᠭᠠᠯᠭᠠᠪᠣᠷᠢ ᠶᠢ ᠨᠢ ᠬᠢᠯᠬᠡᠪᠡ᠃ ᠢᠡᠭᠬᠢᠵᠦ ᠵᠦᠭᠡᠯᠡᠨ‌‍ᠢᠶ᠋ᠠᠷ ᠰᠣᠷᠭᠠᠨ᠂ ᠲᠡᠭᠦᠨ ᠤ ᠰᠡᠳᠬᠢᠯ ᠤᠨ ᠦᠭᠡ ᠶᠢ ᠨᠢ ᠰᠣᠨᠣᠰᠴᠣ᠂ ᠵᠣᠪᠠᠯᠠᠩ ᠲᠠᠷᠣᠭᠠᠰᠣ ᠶᠢ ᠨᠢ ᠬᠤᠪᠢᠶᠠᠯᠴᠠᠭᠰᠠᠨ ᠠᠴᠠ ᠲᠣᠰ ᠰᠣᠷᠣᠬᠴᠢ ᠣᠳᠣ ᠨᠢᠭᠡᠨᠳᠡ ᠪᠡᠶ᠎ᠡ ᠳᠤ ᠪᠠᠨ ᠨᠡᠯᠢᠶᠡᠳ ᠢᠳᠡᠭᠡᠯ ᠲᠠᠢ ᠪᠣᠯᠵᠣ᠂ ᠣᠣᠯ ᠠᠴᠠ ᠪᠠᠨ ᠬᠤᠯᠡ ᠶᠡᠭᠡ ᠬᠤᠪᠢᠷᠠᠯᠳᠠ ᠲᠠᠢ ᠪᠣᠯᠤᠭᠰᠠᠨ ᠪᠠᠶᠢᠨ᠎ᠠ᠃      ᠮᠠᠨ ᠤ ᠠᠩᠭᠢ ᠳᠤ ᠡᠶᠢᠮᠦᠷᠬᠦᠤ ᠬᠡᠣᠭᠡᠳ ᠨᠡᠯᠢᠶᠡᠳ ᠭᠡᠳᠤ ᠪᠤᠢ᠃ ᠲᠡᠳᠡ ᠰᠡᠳᠬᠢᠯ ᠨᠢ ᠭᠡᠪᠡᠷᠡᠭ᠂ ᠬᠠᠶᠢᠷ᠎ᠠ ᠪᠠᠷ ᠲᠣᠳᠠᠭᠤ᠂ ᠰᠡᠳᠬᠢᠴᠡ ᠶᠢᠨ ᠰᠠᠭᠠᠳ ᠲᠠᠢ ᠪᠠᠶᠢᠳᠠᠭ ᠠᠴᠠ ᠪᠡᠶ᠎ᠡ ᠪᠠᠨ ᠭᠤᠯᠣᠬᠤ᠂ ᠲᠣᠷ᠎ᠠ ᠪᠠᠬ᠎ᠠ ᠪᠠᠷ ᠪᠠᠷᠣᠬᠳᠠᠢ᠂ ᠵᠣᠷᠢᠭ ᠢᠶᠠᠷ ᠲᠣᠳᠠᠮᠠᠭ ᠪᠠᠶᠢᠳᠠᠭ᠃ ᠡᠶᠢᠮᠦᠷᠬᠦᠤ ᠬᠡᠣᠭᠡᠳ‌ᠢ ᠬᠦᠮᠦᠵᠢᠬᠦᠯᠬᠦ ᠳᠤ ᠪᠠᠨ ᠲᠡᠳᠡᠨ ᠲᠠᠢ ᠢᠯᠡᠬᠦᠬᠡᠨ ᠶᠠᠷᠢᠯᠴᠠᠵᠣ᠂ ᠢᠯᠡᠬᠦᠭᠡᠨ ᠲᠤᠰ ᠲᠡᠮᠵᠢᠯᠭᠡ ᠦᠵᠡᠭᠦᠯᠦᠨ ᠢᠯᠡᠭᠦᠭᠡᠨ ᠵᠣᠷᠢᠬᠵᠢᠭᠤᠯᠬᠤ ᠭᠡᠷᠡᠭᠳᠠᠢ᠃      ᠲᠦᠷᠪᠡ᠂ ᠬᠡᠣᠭᠡᠳ ᠲᠤ ᠪᠠᠨ ᠬᠦᠮᠦᠨ ᠮᠦᠰᠦ ᠶᠢᠨ ᠬᠦᠮᠦᠵᠢᠯ ᠰᠠᠶᠢᠳᠣᠷ ᠬᠢᠬᠦ ᠭᠡᠷᠡᠭᠳᠡᠢ᠃      ︽ᠬᠦᠮᠦᠨ ᠪᠣᠯᠬᠤ ᠪᠠᠭ᠎ᠠ ᠠᠴᠠ ᠪᠠᠨ᠂ ᠬᠦᠯᠦᠭ ᠪᠣᠯᠬᠤ ᠣᠨᠠᠭᠠᠨ ᠠᠴᠠ ᠪᠠᠨ︾ ᠭᠡᠳᠡᠭᠴᠢᠯᠡᠨ ᠭᠡᠣᠭᠡᠳ ᠲᠤ ᠪᠠᠨ ᠬᠠᠷᠠᠬᠠᠨ ᠪᠠᠭ᠎ᠠ ᠠᠴᠠ ᠨᠢ ᠬᠦᠮᠦᠨ ᠪᠣᠯᠬᠤ ᠶᠣᠰᠣ ᠶᠢ ᠰᠠᠶᠢᠳᠣᠷ ᠲᠠᠨᠢᠭᠤᠯᠵᠣ᠂ ᠲᠡᠳᠡᠨ ᠳᠤ ᠰᠣᠷᠣᠯᠭ᠎ᠠ ᠬᠢᠴᠢᠶᠡᠯ ᠤᠨ ᠬᠢᠨᠢ ᠵᠣᠷᠢᠯᠭ᠎ᠠ ᠣᠳᠬ᠎ᠠ ᠶᠢ ᠣᠶᠢᠯᠠᠭᠠᠭᠤᠯᠬᠤ ᠭᠡᠷᠡᠭᠳᠡᠢ ᠪᠠᠶᠢᠳᠠᠭ᠃ ᠰᠣᠷᠣᠯᠭ᠎ᠠ ᠶᠢᠨ ᠵᠢᠩᠭᠢᠨᠢ ᠵᠣᠷᠢᠯᠭ᠎ᠠ ᠪᠣᠯ ᠬᠦᠮᠦᠰ ᠤᠨ ᠭᠡᠪ ᠪᠣᠯᠪᠠᠰᠣᠷᠠᠯ ᠢ ᠲᠡᠭᠡᠭᠰᠢᠯᠡᠭᠦᠯᠵᠦ᠂ ᠣᠶᠣᠨ ᠣᠬᠠᠭᠠᠨ ᠢ ᠨᠢ ᠨᠡᠮᠡᠭᠳᠡᠬᠦᠯᠵᠦ ᠡᠷᠳᠡᠮ ᠴᠢᠳᠠᠪᠣᠷᠢᠳᠠᠢ ᠬᠦᠮᠦᠨ ᠪᠣᠯᠬᠤ ᠶᠢᠨ ᠲᠦᠯᠦᠭᠡ ᠭᠡᠰᠡᠨ ᠢ ᠣᠶᠢᠯᠠᠭᠠᠵᠣ ᠮᠡᠳᠡᠬᠦᠯᠭᠦ ᠴᠢᠬᠤᠯᠠᠳᠠᠢ ᠪᠠᠶᠢᠳᠠᠭ᠃ ᠡᠨᠡ ᠲᠠᠯ᠎ᠠ ᠪᠠᠷ ᠪᠠᠰᠠ ᠨᠢᠭᠡ ᠪᠣᠳᠠᠳᠠᠢ ᠵᠢᠱᠢᠶ᠎ᠡ ᠲᠠᠳᠠᠶ᠎ᠠ᠃      ᠰᠣᠷᠣᠬᠴᠢ × ×᠂ ᠡᠷᠡᠭᠳᠡᠢ᠃ ᠠᠪᠤ ᠡᠵᠢ ᠨᠢ ᠬᠤᠭᠤᠷᠣᠨᠳᠦ ᠪᠠᠨ ᠰᠠᠶᠢᠨ ᠲᠠᠭᠠᠷᠠᠯᠴᠠᠬᠤ ᠦᠭᠡᠢ ᠠᠴᠠ ᠪᠣᠯᠵᠣ᠂ ᠰᠣᠷᠣᠯᠭ᠎ᠠ ᠪᠠᠷ ᠠᠨᠠᠢ᠂ ᠶᠣᠰᠣ ᠮᠣᠷᠠᠯ ᠦᠭᠡᠢ᠂ ᠦᠷᠬᠦᠯᠵᠢ ᠪᠣᠰᠣᠳ ᠢ ᠦᠢᠮᠡᠭᠦᠯᠵᠦ᠂ ᠪᠠᠭᠰᠢ ᠶᠢᠨ ᠬᠢᠴᠢᠶᠡᠯ ᠢ ᠰᠠᠮᠠᠭᠤᠷᠠᠭᠤᠯᠳᠠᠬ᠃      ᠲᠣᠰ ᠰᠣᠷᠣᠬᠴᠢ ᠶᠢ ᠬᠦᠮᠦᠵᠢᠬᠦᠯᠬᠦ ᠳᠤ ᠶᠠᠭᠤᠨ ᠤ ᠡᠮᠦᠨ᠎ᠡ ᠲᠡᠬᠦᠨ ᠤ ᠲᠠᠪᠠᠭᠤᠯᠢᠭ ᠲᠠᠯ᠎ᠠ‌‍ᠶᠢ ᠨᠢ ᠣᠯᠵᠣ ᠦᠵᠡᠬᠦ ᠭᠡᠷᠡᠭᠳᠡᠢ᠃ ᠠᠵᠢᠭᠯᠠᠭᠰᠠᠨ ᠢᠶᠠᠷ᠂ ᠲᠣᠰ ᠰᠣᠷᠣᠬᠴᠢ ᠲᠠᠮᠢᠷ ᠲᠤ ᠪᠠᠨ ᠶᠡᠭᠡ ᠰᠠᠶᠢᠨ ᠪᠠᠶᠢᠳᠠᠭ ᠶᠣᠮ ᠪᠠᠶᠢᠨ᠎ᠠ᠃ ᠵᠢᠷᠭᠤᠭᠠᠨ ᠰᠠᠷ᠎ᠠ ᠶᠢᠨ ᠨᠢᠭᠡᠨ ᠪᠣᠯᠪᠠᠯ ᠲᠠᠮᠢᠷ ᠤᠨ ᠣᠷᠣᠯᠳᠣᠭᠠᠨ ᠳᠤ ᠣᠷᠣᠯᠴᠠᠵᠣ᠂ ᠠᠩᠭᠢ ᠨᠢᠭᠡᠴᠢ ᠳᠤ ᠪᠠᠨ ᠢᠷᠠᠭᠤ ᠠᠯᠳᠠᠷ ᠢ ᠠᠪᠴᠢᠷᠠᠳᠠᠭ᠃ ᠪᠢ ᠲᠡᠭᠦᠨ ᠤ ᠡᠨᠡᠬᠦ ᠲᠠᠪᠠᠭᠤᠯᠢᠭ ᠲᠠᠯ᠎ᠠ ᠶᠢ ᠨᠢ ᠠᠰᠢᠬᠯᠠᠨ ᠣᠯᠠᠨ ᠤ ᠡᠮᠦᠨ᠎ᠡ ᠮᠠᠭᠳᠠᠨ ᠵᠣᠷᠢᠬᠵᠢᠭᠤᠯᠵᠣ ᠠᠩᠭᠢ ᠶᠢᠨ ᠪᠣᠰᠣᠳ ᠨᠦᠬᠦᠳ ᠢ ᠴᠣ᠋ ᠡᠨᠡ ᠲᠠᠯ᠎ᠠ ᠪᠠᠷ ᠲᠡᠭᠦᠨ ᠠᠴᠠ ᠲᠠᠭᠠᠨ ᠰᠣᠷᠣᠯᠴᠠᠬᠤ ᠶᠢ ᠣᠷᠢᠶᠠᠯᠠᠵᠠᠢ᠃ ᠢᠩᠭᠢᠭᠡᠳ ᠲᠠᠪᠠᠭᠤᠯᠢᠭ ᠲᠠᠯ᠎ᠠ ᠶᠢ ᠨᠢ ᠰᠠᠶᠢᠰᠢᠶᠠᠨ ᠵᠣᠷᠢᠬᠵᠢᠭᠤᠯᠵᠣ᠂ ᠲᠣᠳᠠᠭᠳᠠᠯ ᠲᠠᠢ ᠲᠠᠯ᠎ᠠ ᠶᠢ ᠨᠢ ᠠᠯᠭᠤᠷ ᠢᠶᠠᠷ ᠬᠠᠯᠠᠨ ᠵᠠᠰᠠᠭᠰᠠᠨ ᠪᠠᠶᠢᠨ᠎ᠠ᠃      ᠲᠠᠪᠣᠳᠣᠭᠠᠷ ᠣᠨ ᠪᠣᠯᠬᠤ ᠳᠤ ᠲᠣᠰ ᠰᠣᠷᠣᠬᠴᠢ ᠬᠠᠵᠠᠭᠤ ᠰᠢᠷᠡᠭᠡᠨ ᠤ ᠰᠣᠷᠣᠬᠴᠢ ᠶᠢ ᠦᠢᠮᠡᠭᠦᠯᠭᠦ ᠦᠭᠡᠢ ᠪᠣᠯᠵᠣ᠂ ᠨᠦᠬᠦᠳ ᠬᠤᠭᠤᠷᠤᠨᠳᠤ ᠶᠢᠨ ᠪᠦᠯᠬᠦᠮᠳᠡᠯ ᠴᠣ᠋ ᠲᠣᠩ ᠰᠠᠶᠢᠨ ᠪᠣᠯᠣᠬᠰᠠᠨ ᠪᠠᠶᠢᠨ᠎ᠠ᠃ ᠪᠠᠭᠰᠢ ᠳᠤ ᠪᠠᠨ ᠴᠦ ᠶᠡᠭᠡ ᠡᠶᠡᠯᠳᠡᠭ ᠢᠶᠠᠷ ᠬᠠᠨᠳᠣᠵᠣ᠂ ᠪᠠᠭᠰᠢ ᠶᠢᠨ ᠦᠭᠡᠨ ᠳᠤ ᠴᠣ᠋ ᠶᠡᠭᠡ ᠣᠷᠣᠳᠠᠭ ᠪᠤᠯᠵᠠᠢ᠃ ᠵᠢᠷᠭᠤᠳᠣᠭᠠᠷ ᠣᠨ ᠲᠡᠭᠦᠰᠭᠦ ᠳᠤ ᠡᠯ᠎ᠡ ᠲᠦᠷᠦᠯ ᠤᠨ ᠬᠢᠴᠢᠶᠡᠯ ᠳᠤ ᠴᠦᠮ ᠬᠢᠷᠢ ᠲᠡᠩᠴᠡᠵᠡᠢ᠂ ᠲᠣᠰ ᠰᠣᠷᠣᠬᠴᠢ ᠣᠳᠣ ᠠᠶᠢᠮᠠᠭ ᠤᠨ ᠮᠣᠩᠭᠤᠯ ᠲᠣᠮᠳᠠᠳᠣ ᠰᠣᠷᠭᠠᠭᠤᠯᠢ ᠶᠢᠨ ᠲᠡᠭᠡᠳᠦ ᠨᠢᠭᠡᠳᠦᠭᠡᠷ ᠣᠨ ᠳᠤ ᠰᠣᠷᠣᠯᠴᠠᠵᠣ ᠪᠠᠶᠢᠨ᠎ᠠ᠃      ᠲᠠᠪᠤ᠂ ᠰᠢᠯᠢᠳᠡᠭ ᠰᠠᠶᠢᠨ ᠠᠩᠭᠢ ᠶᠢᠨ ᠺᠠᠳ᠋ᠷ ᠢ ᠰᠣᠩᠭᠤᠵᠣ ᠬᠦᠮᠦᠵᠢᠬᠦᠯᠬᠦ ᠭᠡᠷᠡᠭᠳᠡᠢ᠃      ᠠᠩᠭᠢ ᠶᠢᠨ ᠡᠷᠬᠢᠯᠡᠭᠴᠢ ᠪᠣᠯᠣᠬᠰᠠᠳ ᠠᠩᠭᠢ ᠶᠢᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠶᠢᠨ ᠲᠠᠭᠠᠣ ᠠᠯᠢ ᠴᠢᠳᠠᠬᠤ ᠪᠠᠷ ᠰᠣᠷᠣᠬᠴᠢ ᠪᠣᠯᠭᠠᠨ ᠢ ᠠᠩᠭᠢ ᠶᠢᠨ ᠺᠠᠳ᠋ᠷ ᠤᠨ ᠰᠣᠩᠭᠤᠯᠳᠠ ᠳᠤ ᠣᠷᠣᠯᠴᠠᠭᠤᠯᠵᠣ᠂ ᠲᠡᠳᠡᠨ ᠤ ᠲᠣᠮᠳᠠ ᠠᠴᠠ ᠰᠢᠯᠢᠳᠡᠭ ᠰᠠᠶᠢᠨ ᠠᠩᠭᠢ ᠶᠢᠨ ᠺᠠᠳ᠋ᠷ ᠢ ᠬᠦᠮᠦᠵᠢᠬᠦᠯᠦᠨ᠂ ᠠᠩᠭᠢ ᠶᠢᠨ ᠪᠦᠯᠬᠦᠮᠳᠡᠯ ᠢ ᠴᠢᠩᠭᠠᠳᠬᠠᠨ᠂ ᠬᠠᠮᠳᠣ ᠪᠠᠷ ᠲᠠᠪᠰᠢᠬᠤ ᠠᠭᠤᠷ ᠠᠮᠢᠰᠬᠤᠯ ᠢ ᠪᠣᠢ ᠪᠣᠯᠭᠠᠬᠤ ᠭᠡᠷᠡᠭᠳᠡᠢ᠃      ᠵᠢᠷᠭᠤᠭ᠎ᠠ᠂ ᠡᠯ᠎ᠡ ᠬᠢᠴᠢᠶᠡᠯ ᠲᠦᠷᠦᠯ ᠤᠨ ᠪᠠᠭᠰᠢ ᠲᠠᠢ ᠰᠠᠶᠢᠳᠤᠷ ᠬᠠᠮᠵᠢᠯᠴᠠᠬᠤ ᠭᠡᠷᠡᠭᠳᠡᠢ᠃      ᠠᠩᠭᠢ ᠶᠢᠨ ᠡᠷᠬᠢᠯᠡᠭᠴᠢ ᠪᠠᠭᠰᠢ ᠵᠠᠪᠠᠯ ᠡᠯ᠎ᠡ ᠬᠢᠴᠢᠶᠡᠯ ᠲᠦᠷᠦᠯ ᠤᠨ ᠪᠠᠭᠰᠢ ᠨᠠᠷ ᠲᠠᠢ ᠰᠠᠶᠢᠳᠤᠷ ᠬᠠᠮᠵᠢᠯᠴᠠᠵᠤ᠂ ᠲᠡᠳᠡᠨ ᠠᠴᠠ ᠠᠩᠭᠢ ᠶᠢᠨ ᠰᠣᠷᠣᠬᠴᠢ ᠶᠢᠨ ᠢᠶᠠᠨ ᠪᠠᠶᠢᠳᠠᠯ ᠢ ᠨᠠᠷᠢᠨ ᠣᠶᠢᠯᠠᠭᠠᠵᠣ ᠰᠣᠷᠣᠬᠴᠢ ᠶᠢᠨ ᠬᠤᠪᠢᠷᠠᠯᠳᠠ ᠶᠢᠨ ᠲᠣᠬᠠᠢ ᠦᠷᠬᠦᠯᠵᠢ ᠠᠩᠬᠠᠷᠣᠨ ᠵᠦᠪᠳᠡᠯᠴᠡᠵᠦ᠂ ᠲᠦᠪ ᠭᠤᠣᠯᠴᠢ ᠪᠠᠷ ᠰᠣᠷᠣᠬᠴᠢ ᠪᠠᠨ ᠬᠦᠮᠦᠵᠢᠬᠦᠯᠬᠦ ᠭᠡᠷᠡᠭᠳᠡᠢ᠃      ᠲᠣᠯᠤᠭ᠎ᠠ᠂ ᠭᠡᠷ ᠤᠨ ᠠᠬᠠᠮᠠᠳ ᠲᠠᠢ ᠢᠯᠡᠬᠦᠭᠡᠨ ᠬᠠᠷᠢᠯᠴᠠᠵᠣ᠂ ᠭᠡᠷ ᠪᠦᠯᠢ ᠶᠢᠨ ᠬᠦᠮᠦᠵᠢᠯ ᠪᠠ ᠰᠣᠷᠭᠠᠭᠤᠯᠢ ᠶᠢᠨ ᠬᠦᠮᠦᠵᠢᠯ ᠢ ᠣᠷᠭᠠᠨᠢᠭ ᠢᠶᠠᠷ ᠣᠶᠠᠯᠳᠣᠭᠤᠯᠬᠤ ᠭᠡᠷᠡᠭᠳᠡᠢ᠃      ᠬᠡᠣᠭᠡᠳ ᠢ ᠬᠦᠮᠦᠵᠢᠬᠦᠯᠬᠦ ᠳᠤ ᠭᠡᠷ ᠪᠦᠯᠢ᠂ ᠰᠣᠷᠭᠠᠭᠤᠯᠢ᠂ ᠨᠡᠶᠢᠭᠡᠮ ᠤᠨ ᠬᠦᠮᠦᠵᠢᠯ ᠢ ᠣᠶᠠᠯᠳᠣᠭᠤᠯᠬᠤ ᠭᠡᠷᠡᠭᠳᠡᠢ᠃ ᠰᠤᠷᠭᠠᠭᠤᠯᠢ ᠶᠢᠨ ᠭᠦᠮᠦᠵᠢᠯ ᠪᠤᠯᠤᠨ ᠭᠡᠷ ᠤᠨ ᠬᠦᠮᠦᠵᠢᠯ ᠨᠢᠭᠡᠳᠬᠦ ᠦᠭᠡᠢ ᠪᠣᠯ ᠬᠡᠣᠭᠡᠳ ᠵᠦᠭ ᠴᠢᠭ ᠢᠶᠠᠨ ᠣᠯᠬᠤ ᠦᠭᠡᠢ ᠪᠠᠶᠢᠳᠠᠬ᠃ ᠬᠡᠣᠭᠡᠳ ᠢ ᠪᠦᠬᠦ ᠲᠠᠯ᠎ᠠ ᠪᠠᠷ ᠬᠦᠮᠦᠵᠢᠬᠦᠯᠦᠶ᠎ᠡ ᠭᠡᠪᠡᠯ ᠭᠡᠷ ᠤᠨ ᠠᠬᠠᠮᠠᠳ ᠢ ᠲᠠᠶᠢᠴᠢᠯᠠᠨ ᠬᠡᠣᠭᠡᠳ ᠢ ᠬᠦᠮᠦᠵᠢᠬᠦᠯᠬᠦ ᠠᠵᠢᠯ ᠳᠤ ᠤᠷᠤᠯᠴᠠᠭᠤᠯᠬᠤ ᠭᠡᠷᠡᠭᠳᠡᠢ᠃ ᠰᠣᠷᠭᠠᠭᠤᠯᠢ᠂ ᠭᠡᠷ ᠪᠦᠯᠢ᠂ ᠨᠡᠶᠢᠭᠡᠮ ᠭᠤᠷᠪᠠᠨ ᠴᠣᠬᠴᠠ ᠶᠢᠨ ᠦᠢᠯᠡᠳᠦᠯ ᠢ ᠣᠶᠠᠯᠳᠣᠭᠤᠯᠤᠨ᠎ᠠ᠃ ᠡᠬᠦᠨ ᠳᠤ ᠰᠣᠷᠣᠬᠴᠢᠳ ᠢᠶᠠᠷ ᠢᠶᠠᠨ ᠨᠡᠶᠢᠭᠡᠮ ᠤᠨ ᠪᠠᠶᠢᠴᠠᠭᠠᠯᠳᠠ ᠬᠢᠯᠬᠡᠬᠦ᠂ ᠦᠪᠡᠷ ᠢᠶᠠᠨ ᠲᠣᠬᠳᠠᠭᠰᠠᠨ ᠬᠤᠭᠤᠴᠠᠭ᠎ᠠ ᠲᠠᠢ ᠪᠠᠷ ᠭᠡᠷ ᠤᠨ ᠠᠬᠠᠮᠠᠳ ᠢ ᠰᠣᠷᠪᠣᠯᠵᠢᠯᠠᠬᠤ ᠵᠡᠷᠭᠡ ᠨᠢ ᠨᠡᠯᠢᠶᠡᠳ ᠪᠦᠳᠦᠮᠵᠢᠳᠡᠢ ᠠᠷᠭ᠎ᠠ ᠮᠠᠶ᠋ᠢᠭ ᠪᠣᠯᠬᠤ ᠶᠣᠮ᠃      ᠠᠩᠭᠢ ᠶᠢᠨ ᠡᠷᠭᠢᠯᠡᠭᠴᠢ ᠶᠢᠨ ᠬᠤᠪᠢ ᠳᠤ ᠰᠣᠷᠣᠬᠴᠢᠳ ᠢᠶᠠᠨ ᠠᠳᠠᠯᠢ ᠲᠡᠭᠰᠢ ᠪᠠᠷ ᠬᠠᠶᠢᠷᠠᠯᠠᠨ  ᠬᠠᠯᠠᠮᠵᠢᠯᠠᠵᠣ᠂ ᠬᠢᠴᠢᠶᠡᠯ ᠰᠣᠷᠣᠯᠭ᠎ᠠ ᠠᠴᠠ ᠨᠢ ᠡᠬᠢᠯᠡᠭᠦᠯᠦᠨ ᠢᠳᠡᠵᠦ ᠣᠣᠭᠤᠬᠤ᠂ ᠣᠨᠳᠠᠵᠣ ᠠᠮᠠᠷᠠᠬᠤ ᠳᠤ ᠨᠢ ᠬᠦᠷᠳᠡᠯ᠎ᠡ ᠲᠡᠳᠡᠨ ᠤ ᠲᠦᠯᠦᠭᠡ ᠪᠣᠳᠣᠯᠬᠢᠯᠡᠨ᠂ ᠬᠠᠷᠠᠭᠠᠯᠵᠠᠨ ᠬᠠᠪᠰᠣᠷᠬᠤ ᠴᠢᠬᠤᠯᠠᠳᠠᠢ ᠪᠠᠶᠢᠳᠠᠭ᠃ ᠰᠣᠷᠣᠬᠴᠢᠳ ᠤᠨ ᠦᠪᠠᠷᠮᠢᠴᠡ ᠣᠨᠴᠠᠯᠢᠭ ᠴᠢᠳᠠᠪᠣᠷᠢ᠂ ᠲᠣᠷ᠎ᠠ ᠪᠠᠬ᠎ᠠ ᠶᠢ ᠨᠢ ᠦᠨᠳᠦᠰᠦᠯᠡᠨ ᠣᠯᠠᠨ ᠭᠡᠯᠪᠡᠷᠢ ᠶᠢᠨ ᠬᠦᠳᠡᠯᠪᠣᠷᠢ ᠠᠵᠢᠯᠯᠠᠭ᠎ᠠ ᠶᠢ ᠶᠠᠪᠣᠬᠳᠠᠭᠤᠯᠵᠣ ᠪᠣᠯᠣᠨ᠎ᠠ᠃ ᠵᠢᠱᠢᠶᠡᠯᠡᠪᠡᠯ᠄ ᠣᠷᠠᠨ ᠲᠣᠳᠣ ᠣᠩᠰᠢᠯᠭ᠎ᠠ ᠶᠢᠨ ᠣᠷᠣᠯᠳᠣᠭᠠᠨ᠂ ᠨᠠᠬᠢᠶ᠎ᠠ᠂ ᠴᠣᠮᠣᠷᠯᠢᠭ ᠰᠡᠳᠬᠦᠯ ᠢ ᠣᠩᠰᠢᠭᠤᠯᠬᠤ᠂ ᠲᠠᠮᠢᠷ ᠣᠷᠠᠯᠢᠭ ᠤᠨ ᠬᠦᠳᠡᠯᠪᠣᠷᠢ ᠠᠵᠢᠯᠯᠠᠭ᠎ᠠ ᠬᠢᠯᠭᠡᠬᠦ ᠵᠡᠷᠭᠡ ᠨᠢ ᠪᠦᠷ ᠰᠠᠶᠢᠨ ᠠᠷᠭ᠎ᠠ ᠪᠣᠯᠬᠤ ᠶᠣᠮ᠃      ᠠᠩᠭᠢ ᠶᠢᠨ ᠡᠷᠬᠢᠯᠡᠭᠴᠢ ᠪᠣᠯᠣᠬᠰᠠᠳ ᠵᠢᠭᠠᠨ ᠰᠣᠷᠭᠠᠬᠤ ᠲᠣᠮᠳᠠ ᠪᠠᠨ ᠰᠣᠷᠣᠬᠴᠢᠳ ᠲᠠᠢ‌‍ᠪᠠᠨ ᠢᠯᠡᠬᠦᠭᠡᠨ ᠣᠶᠢᠯᠠᠭᠠᠯᠴᠠᠨ ᠬᠠᠷᠢᠯᠴᠠᠨ ᠬᠠᠶᠢᠷᠠᠯᠠᠵᠣ ᠬᠠᠯᠠᠮᠵᠢᠯᠠᠨ᠂ ᠲᠡᠳᠡᠨ ᠤ ᠲᠣᠷ᠎ᠠ ᠪᠠᠬ᠎ᠠ᠂ ᠰᠡᠳᠬᠢᠯ ᠰᠠᠨᠠᠭ᠎ᠠ ᠶᠢ ᠪᠦᠷᠢᠮᠦᠰᠣᠨ ᠣᠶᠢᠯᠠᠭᠠᠵᠣ ᠮᠡᠳᠡᠬᠦ ᠶᠢᠨ ᠵᠡᠷᠭᠡ ᠪᠠᠷ ᠠᠮᠢᠳᠣᠯᠢᠭ ᠪᠦᠭᠡᠳ ᠦᠷ᠎ᠡ ᠠᠰᠢᠭ ᠢᠶᠠᠷ ᠰᠠᠶᠢᠨ ᠵᠢᠭᠠᠨ ᠰᠣᠷᠭᠠᠬᠤ ᠠᠷᠭ᠎ᠠ ᠪᠠᠷᠢᠯ ᠢ ᠢᠳᠡᠪᠬᠢᠳᠡᠢ ᠰᠡᠳᠬᠢᠨ ᠰᠣᠳᠣᠯᠵᠣ᠂ ᠰᠣᠷᠣᠬᠴᠢᠳ ᠢᠶᠠᠨ ᠶᠣᠰᠣ ᠰᠣᠷᠳᠠᠬᠤᠨ᠂ ᠣᠶᠣᠨ ᠣᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠦᠳᠡᠯᠮᠣᠷᠢ ᠵᠡᠷᠭᠡ ᠪᠦᠬᠦ ᠲᠠᠯ᠎ᠠ ᠪᠠᠷ ᠵᠢᠭᠠᠨ ᠵᠢᠯᠣᠭᠤᠳᠬᠤ ᠭᠡᠷᠡᠭᠳᠠᠢ ᠪᠠᠶᠢᠳᠠᠭ᠃          ᠬᠠᠶ᠋ᠢᠬ᠄ ᠰᠢᠯᠣᠭᠤᠨ ᠬᠦᠭᠡ ᠬᠤᠰᠢᠭᠤᠨ ᠤ ᠮᠣᠩᠭᠤᠯ ᠦᠨᠳᠦᠰᠦᠳᠡᠨ ᠤ ᠪᠠᠭ᠎ᠠ ᠰᠣᠷᠭᠠᠭᠤᠯᠢ                                      ︵ᠰᠦᠶ᠎ᠡ ᠨᠠᠶᠢᠷᠠᠭᠤᠯᠪᠠ︶                                      7 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map