ᠪᠠᠭᠠᠴᠤᠳ ᠤᠨ ᠬᠤᠰᠢᠭᠤᠴᠢ ᠠᠩᠬᠢ ᠶᠢᠨ ᠬᠦᠳᠡᠯᠭᠡᠭᠡᠨ ᠢᠶᠠᠷ ᠰᠤᠷᠤᠭᠴᠢᠳ ᠲᠤ ᠬᠡᠷᠬᠢᠨ ᠬᠦᠮᠦᠵᠢᠯ ᠬᠢᠬᠦ ᠪᠤᠢ
ᠨᠡᠶᠢᠲᠡᠯᠡᠭᠰᠡᠨ ᠴᠠᠭ᠄
2020/4/9
                             ᠦᠵᠦᠮ᠎ᠡ      ᠪᠠᠭᠠᠴᠤᠳ ᠤᠨ ᠬᠤᠰᠢᠭᠤᠴᠢ ᠠᠩᠬᠢ ᠪᠤᠯ ᠪᠠᠭ᠎ᠠ ᠰᠤᠷᠭᠠᠭᠤᠯᠢ ᠶᠢᠨ ᠮᠤᠷᠠᠯ ᠤᠨ ᠠᠵᠢᠯ ᠳᠤ ᠬᠢ ᠬᠠᠮᠤᠭ ᠤᠨ ᠴᠤᠭ ᠵᠤᠯᠪᠤᠭᠠᠲᠠᠢ ᠬᠦᠴᠦᠨ ᠪᠤᠯᠤᠨ᠎ᠠ᠃ ᠮᠦᠨ ᠴᠤ ᠪᠦᠬᠦ᠋ᠢᠯᠡ ᠰᠤᠷᠭᠠᠭᠤᠯᠢ ᠶᠢᠨ ᠠᠵᠢᠯ ᠤᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠪᠤᠯᠬᠤ ᠮᠦᠷᠲᠡᠭᠡᠨ ᠰᠤᠷᠤᠭᠴᠢᠳ ᠢ ᠬᠠᠷᠠᠬᠠᠨ ᠪᠠᠭ᠎ᠠ ᠠᠴᠠ ᠨᠢ ᠬᠦᠰᠡᠯᠡᠩ ᠲᠠᠢ᠂ ᠶᠤᠰᠦ ᠮᠤᠷᠠᠯ ᠲᠠᠢ᠂ ᠡᠷᠳᠡᠮ ᠴᠢᠳᠠᠪᠤᠷᠢ ᠲᠠᠢ᠂ ᠡᠷᠡᠬᠦᠯ ᠰᠠᠷᠠᠭᠤᠯ ᠰᠡᠳᠬᠢᠴᠡ ᠲᠠᠢ ᠪᠦᠬᠦ ᠲᠠᠯ᠎ᠡ ᠪᠠᠷ ᠬᠦᠭᠵᠢᠭᠰᠡᠨ ᠬᠦᠮᠦᠨ ᠪᠤᠯᠭᠠᠨ ᠬᠦᠮᠦᠵᠢᠬᠦᠯᠬᠦ ᠳᠤ ᠴᠢᠬᠤᠯᠡ ᠰᠠᠭᠤᠷᠢ ᠨᠢ ᠪᠤᠯᠳᠠᠭ᠃ ᠡᠶᠢᠮᠦ ᠠᠴᠠ ᠪᠠᠭᠠᠴᠤᠳ ᠤᠨ ᠬᠤᠰᠢᠭᠤᠴᠢ ᠠᠩᠬᠢ ᠶᠢᠨ ᠬᠦᠳᠡᠯᠭᠡᠭᠡᠨ ᠤ ᠠᠭᠤᠯᠭ᠎ᠠ ᠪᠠᠨ ᠪᠠᠶᠠᠯᠢᠬᠵᠢᠭᠤᠯᠵᠦ᠂ ᠬᠡᠤᠬᠡᠳ ᠪᠠᠭᠠᠴᠤᠳ ᠤᠨ ᠡᠷᠡᠬᠦᠯ ᠢᠶᠠᠷ ᠦᠰᠦᠨ ᠪᠤᠶᠢᠵᠢᠬᠤ ᠳᠤ ᠨᠢ ᠰᠠᠶᠢᠨ ᠰᠠᠶᠢᠬᠠᠨ ᠨᠦᠬᠦᠴᠡᠯ ᠪᠦᠷᠢᠯᠳᠦᠬᠦᠯᠦᠨ ᠦᠭᠬᠦ ᠮᠦᠷᠳᠡᠭᠡᠨ ᠬᠡᠷᠬᠢᠨ ᠬᠦᠮᠦᠵᠢᠯ ᠤᠯᠭᠤᠬᠤ ᠲᠤᠬᠠᠢ ᠰᠠᠨᠠᠭᠠᠴᠢᠯᠠᠬᠤ ᠴᠢᠬᠤᠯᠠ ᠲᠠᠢ᠃ ᠳᠤᠤᠷ᠎ᠡ ᠪᠢ ᠪᠠᠭᠠᠴᠤᠳ ᠤᠨ ᠬᠤᠰᠢᠭᠤᠴᠢ ᠠᠩᠬᠢ ᠶᠢᠨ ᠭᠦᠳᠡᠯᠭᠡᠭᠡᠨ ᠢᠶᠠᠷ ᠪᠡᠭᠠᠴᠤᠳ ᠬᠡᠤᠬᠡᠳ ᠲᠤ ᠬᠡᠷᠬᠢᠨ ᠬᠦᠮᠦᠵᠢᠯ ᠬᠢᠬᠦ ᠲᠤᠬᠠᠢ ᠦᠪᠡᠷ ᠤᠨ ᠲᠦᠬᠦᠮ ᠤᠶᠢᠯᠠᠭᠠᠯᠲᠠ ᠪᠠᠨ ᠳᠤᠷᠠᠳᠤᠶ᠎ᠠ᠃      ᠨᠢᠬᠡ᠂ ᠪᠠᠭᠠᠴᠤᠳ ᠤᠨ ᠬᠤᠰᠢᠭᠤᠴᠢ ᠠᠩᠬᠢ ᠶᠢᠨ ᠲᠤᠬᠠᠢ ᠲᠠᠨᠢᠯᠲᠠ ᠤᠶᠢᠯᠠᠭᠠᠯᠲᠠ ᠠᠴᠠ ᠨᠢ ᠭᠠᠷᠳᠠᠨ ᠰᠤᠷᠤᠭᠴᠢᠳ ᠲᠤ ᠦᠵᠡᠯ ᠰᠠᠨᠠᠭᠠᠨ ᠤ ᠬᠦᠮᠦᠵᠢᠯ ᠬᠢᠬᠦ      ᠨᠢᠭᠡᠳᠦᠭᠡᠷ ᠤᠨ ᠤ ᠰᠤᠷᠤᠭᠴᠢᠳ ᠢ ᠬᠤᠰᠢᠭᠤᠴᠢ ᠠᠩᠬᠢ ᠳᠤ ᠡᠯᠰᠡᠭᠳᠡᠬᠦ ᠠᠴᠠ ᠡᠮᠦᠨ᠎ᠡ ᠬᠤᠰᠢᠭᠤᠴᠢ ᠠᠩᠬᠢ ᠶᠢᠨ ᠲᠤᠬᠠᠢ ᠠᠩᠬᠠᠨ ᠤ ᠲᠠᠨᠢᠯᠲᠠ ᠲᠠᠢ ᠪᠤᠯᠭᠠᠵᠦ᠂ ᠬᠤᠰᠢᠭᠤᠴᠢ ᠠᠩᠬᠢ ᠶᠢᠨ ᠶᠡᠷᠦ ᠶᠢᠨ ᠮᠡᠳᠡᠯᠭᠡ ᠶᠢ ᠲᠠᠨᠢᠭᠤᠯᠬᠤ᠂ ᠰᠤᠨᠢᠷᠬᠠᠭᠤᠯᠬᠤ᠂ ᠵᠢᠯᠤᠭᠤᠳᠤᠨ ᠰᠤᠷᠤᠯᠴᠠᠭᠤᠯᠬᠤ ᠵᠡᠷᠭᠡ ᠠᠷᠭ᠎ᠠ ᠪᠠᠷ ᠰᠤᠷᠤᠭᠴᠢᠳ ᠲᠤ ᠦᠵᠡᠯ ᠰᠠᠨᠠᠭᠠᠨ ᠤ ᠬᠦᠮᠦᠵᠢᠯ ᠬᠢᠨ᠎ᠡ᠃ ᠵᠢᠱᠢᠶᠡᠯᠡᠪᠡᠯ᠄ ᠬᠤᠰᠢᠭᠤᠴᠢ ᠠᠩᠬᠢ ᠶᠢᠨ ᠰᠢᠨᠵᠢ ᠴᠢᠨᠠᠷ ᠢ ᠪᠠᠭᠰᠢ ᠠᠴᠠ ᠶᠠᠷᠢᠵᠦ ᠮᠡᠳᠡᠭᠦᠯᠬᠦ᠂ ᠬᠤᠰᠢᠭᠤᠴᠢ ᠠᠩᠬᠢ ᠶᠢᠨ ᠨᠡᠷ᠎ᠡ ᠶᠢ ᠰᠠᠮᠪᠠᠷᠠᠯᠠᠨ ᠤᠩᠰᠢᠭᠤᠯᠬᠤ᠂ ᠬᠤᠰᠢᠭᠤᠴᠢ ᠠᠩᠬᠢ ᠶᠢᠨ ᠲᠤᠭ᠂ ᠬᠤᠰᠢᠭᠤᠴᠢ ᠠᠩᠬᠢ ᠶᠢᠨ ᠲᠡᠮᠳᠡᠭ ᠢ ᠵᠢᠷᠤᠭ ᠢᠶᠠᠷ ᠦᠵᠡᠬᠦᠯᠬᠦ ᠪᠤᠶᠤ ᠪᠤᠳᠠᠲᠠᠢ ᠪᠤᠳᠠᠰ ᠢ ᠦᠵᠡᠬᠦᠯᠦᠨ ᠲᠠᠨᠢᠭᠤᠯᠬᠤ᠂ ᠬᠤᠰᠢᠭᠤᠴᠢ ᠠᠩᠬᠢ ᠶᠢᠨ ᠶᠤᠰᠦ ᠶᠢ ᠲᠦᠷᠢᠮᠴᠢᠯᠡᠨ ᠬᠢᠵᠦ ᠦᠵᠡᠬᠦᠯᠬᠦ᠂ ᠤᠯᠠᠭᠠᠨ ᠪᠦᠴᠡ‌‍ᠪᠠᠨ ᠵᠦᠪ ᠵᠡᠬᠦᠵᠦ ᠴᠢᠳᠠᠬᠤ᠂ ᠬᠤᠰᠢᠭᠤᠴᠢ ᠠᠩᠬᠢ ᠶᠢᠨ ᠳᠠᠭᠤᠤ ᠰᠢᠩᠭᠡᠭᠡᠯᠲᠡ ᠶᠢ ᠦᠵᠡᠬᠦᠯᠵᠦ ᠰᠤᠨᠢᠷᠬᠠᠭᠤᠯᠬᠤ᠂ ᠤᠷᠢᠶ᠎ᠠ ᠬᠠᠰᠬᠢᠷᠴᠤ ᠲᠦᠷᠢᠮᠴᠢᠯᠡᠬᠦ ᠵᠡᠷᠭᠡ ᠲᠡᠯ᠎ᠡ ᠪᠠᠷ ᠲᠤᠰᠬᠠᠢ ᠬᠢᠴᠢᠶᠡᠯ ᠤᠷᠤᠵᠦ ᠪᠤᠳᠠᠲᠠᠢ ᠵᠢᠯᠤᠭᠤᠳᠤᠯᠭ᠎ᠠ ᠬᠢᠵᠦ ᠰᠤᠷᠤᠯᠴᠠᠭᠤᠯᠤᠨ᠂ ᠨᠢᠭᠡᠳᠦᠭᠡᠷ ᠤᠨ ᠤ ᠰᠤᠷᠤᠭᠴᠢᠳ ᠲᠤ ᠬᠤᠰᠢᠭᠤᠴᠢ ᠠᠩᠬᠢ ᠶᠢᠨ ᠲᠤᠬᠠᠢ ᠠᠩᠬᠠᠨ ᠤ ᠲᠠᠨᠢᠯᠲᠠ ᠲᠠᠢ ᠪᠤᠯᠭᠠᠨ᠎ᠠ᠃      ᠪᠠᠭᠠᠴᠤᠳ ᠤᠨ ᠬᠤᠰᠢᠭᠤᠴᠢ ᠠᠩᠬᠢ ᠳᠤ ᠡᠯᠰᠡᠭᠳᠡᠭᠰᠡᠨ ᠤ ᠳᠠᠷᠠᠭ᠎ᠠ ᠰᠠᠶᠢᠨ ᠬᠦᠮᠦᠨ ᠤ ᠰᠠᠶᠢᠨ ᠦᠢᠯᠡ ᠠᠵᠢᠯᠯᠠᠭ᠎ᠠ᠂ ᠪᠤᠯᠪᠠᠰᠤᠨ ᠶᠤᠰᠤᠷᠬᠠᠭ ᠪᠠᠶᠢᠬᠤ᠂ ᠪᠠᠭᠰᠢ ᠠᠬᠠᠮᠠᠳ ᠢᠶᠠᠨ ᠬᠦᠨᠳᠦᠳᠬᠡᠬᠦ᠂ ᠨᠡᠶᠢᠲᠡ ᠶᠢᠨ ᠡᠳ᠋ ᠬᠤᠭᠰᠢᠯ ᠢ ᠬᠠᠶᠢᠷᠠᠯᠠᠬᠤ ᠁ ︽ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠠᠬᠢᠬᠤ ᠲᠦᠷᠢᠮ︾ ᠪᠠ ︽ᠪᠠᠭ᠎ᠠ ᠰᠤᠷᠭᠠᠭᠤᠯᠢ ᠶᠢᠨ ᠡᠳᠦᠷ ᠲᠤᠲᠤᠮ ᠤᠨ ᠠᠵᠢᠯᠯᠠᠭᠠᠨ ᠤ ᠲᠦᠷᠢᠮᠵᠢᠯ︾ ᠲᠠᠢ ᠤᠶᠠᠯᠳᠤᠭᠤᠯᠤᠨ ᠰᠤᠷᠤᠭᠴᠢᠳ ᠤᠨ ᠬᠤᠰᠢᠭᠤᠴᠢ ᠠᠩᠬᠢ ᠶᠢᠨ ᠲᠤᠬᠠᠢ ᠦᠵᠡᠯᠲᠡ ᠲᠠᠨᠢᠯᠲᠠ ᠶᠢ ᠨᠢ ᠳᠡᠭᠡᠭᠰᠢᠯᠡᠬᠦᠯᠪᠡᠯ ᠬᠢᠷᠢ ᠲᠡᠩᠴᠡᠭᠰᠡᠨ ᠪᠠᠭᠠᠴᠤᠳ ᠤᠨ ᠬᠤᠰᠢᠭᠤᠴᠢ ᠠᠩᠬᠢ ᠶᠢᠨ ᠬᠡᠰᠢᠬᠦᠨ ᠪᠤᠯᠬᠤ ᠤᠷᠮ᠎ᠠ ᠶᠢ ᠨᠢ ᠬᠦᠪᠴᠢᠯᠡᠵᠦ᠂ ᠢᠳᠡᠪᠬᠢᠵᠢᠯ ᠢ ᠨᠢ ᠳᠠᠶᠢᠴᠢᠯᠠᠵᠤ ᠴᠢᠳᠠᠨ᠎ᠠ᠃      ᠬᠤᠶᠠᠷ᠂ ᠭᠤᠤᠯ ᠰᠡᠲᠤᠪᠲᠤ ᠳᠤᠮᠳᠠ ᠠᠩᠬᠢ ᠶᠢᠨ ᠬᠦᠳᠡᠯᠭᠡᠭᠡᠨ ᠢᠶᠠᠷ ᠰᠤᠷᠤᠭᠴᠢᠳ ᠤᠨ ᠪᠦᠬᠦ ᠲᠠᠯ᠎ᠡ ᠶᠢᠨ ᠠᠪᠢᠶᠠᠰ ᠢ ᠨᠢ ᠬᠦᠭᠵᠢᠬᠦᠯᠵᠦ ᠶᠤᠰᠦ ᠰᠤᠷᠲᠠᠬᠤᠨ ᠤ ᠬᠦᠮᠦᠵᠢᠯ ᠬᠢᠬᠦ      ᠭᠤᠤᠯ ᠰᠡᠳᠤᠪᠲᠤ ᠳᠤᠮᠳᠠ ᠠᠩᠬᠢ ᠶᠢᠨ ᠬᠦᠳᠡᠯᠭᠡᠭᠡᠨ ᠪᠤᠯ ᠬᠤᠰᠢᠭᠤᠴᠢ ᠠᠩᠬᠢ ᠶᠢᠨ ᠠᠵᠢᠯ ᠤᠨ ᠴᠢᠬᠤᠯᠠ ᠨᠢᠭᠡᠨ ᠠᠭᠤᠯᠭ᠎ᠠ ᠮᠦᠨ᠃ ᠭᠤᠤᠯ ᠰᠡᠲᠤᠪᠲᠤ ᠳᠤᠮᠳᠠ ᠠᠩᠬᠢ ᠶᠢᠨ ᠬᠦᠳᠡᠯᠭᠡᠭᠡᠨ ᠦᠷᠨᠢᠬᠦᠯᠵᠦ ᠰᠤᠷᠤᠭᠴᠢᠳ ᠤᠨ ᠶᠠᠷᠢᠵᠦ ᠢᠯᠡᠳᠬᠡᠬᠦ ᠴᠢᠳᠠᠪᠤᠷᠢ᠂ ᠳᠠᠭᠤᠯᠠᠵᠦ ᠪᠦᠵᠢᠭᠯᠡᠬᠦ ᠵᠡᠷᠬᠡ ᠤᠯᠠᠨ ᠲᠠᠯ᠎ᠠ ᠶᠢᠨ ᠴᠢᠳᠡᠪᠤᠷᠢ᠂ ᠮᠡᠳᠡᠯᠭᠡ ᠶᠢ ᠨᠢ ᠨᠡᠮᠡᠭᠳᠡᠬᠦᠯᠪᠡᠯ ᠰᠤᠷᠤᠭᠴᠢᠳ ᠲᠤ ᠶᠤᠰᠦ ᠰᠤᠷᠲᠠᠬᠤᠨ ᠤ ᠬᠦᠮᠦᠵᠢᠯ ᠤᠯᠭᠤᠵᠦ ᠴᠢᠳᠠᠨ᠎ᠠ᠃ ᠵᠢᠱᠢᠶᠡᠯᠡᠪᠡᠯ᠄ ᠯᠧᠢ ᠹᠧᠩ ᠠᠴᠠ ᠲᠠᠭᠠᠨ ᠰᠤᠷᠤᠯᠴᠠᠬᠤ ᠠᠵᠢᠯᠯᠠᠭ᠎ᠠ᠂ ︽10 · 1︾ ᠤ ᠤᠯᠤᠰ ᠪᠠᠶᠢᠭᠤᠯᠤᠭᠳᠠᠭᠰᠠᠨ ᠪᠠᠶᠠᠷ ᠤᠨ  ᠡᠳᠦᠷ᠂ ︽6 · 1︾ ᠤ ᠳᠡᠯᠡᠭᠡᠢ ᠶᠢᠨ ᠬᠡᠤᠭᠡᠳ ᠤᠨ ᠪᠠᠶᠠᠷ᠂ ︽9 · 10︾ ᠤ ᠪᠠᠭᠰᠢ ᠶᠢᠨ ᠪᠠᠶᠠᠷ᠂ ︽3 · 8 ︾ ᠤ ᠡᠮᠡᠭᠲᠡᠶᠢᠴᠤᠳ ᠤᠨ ᠪᠠᠶᠠᠷ ᠵᠡᠷᠬᠡ ᠪᠠᠶᠠᠷ ᠲᠤᠷᠠᠰᠬᠠᠯᠲᠤ ᠡᠳᠦᠷ ᠢ ᠳᠤᠷᠠᠰᠬᠠᠬᠤ ᠭᠤᠤᠯ ᠰᠡᠲᠤᠪᠲᠤ ᠳᠤᠮᠳᠠ ᠠᠩᠬᠢ ᠶᠢᠨ ᠠᠵᠢᠯᠯᠠᠭᠠᠨ ᠢ ᠦᠷᠨᠢᠬᠦᠯᠵᠦ᠂ ᠪᠠᠶᠠᠷ ᠳᠤᠷᠠᠰᠬᠠᠯ ᠤᠨ ᠡᠳᠦᠷ ᠤᠨ ᠢᠷᠡᠯᠲᠡ ᠶᠢ ᠤᠶᠢᠯᠠᠭᠠᠭᠤᠯᠵᠦ᠂ ᠬᠢᠯᠠᠯᠵᠠᠭᠰᠠᠨ ᠠᠮᠵᠢᠯᠲᠠ ᠪᠦᠲᠦᠬᠡᠯ᠂ ᠬᠡᠷᠡᠯᠲᠤ ᠲᠡᠤᠭᠡ ᠶᠢᠨ ᠤᠯᠠ ᠮᠦᠷ ᠢ ᠨᠢ ᠮᠡᠳᠡᠬᠦᠯᠬᠦ ᠪᠠᠷ ᠳᠠᠮᠵᠢᠨ ᠪᠠᠭᠠᠴᠤᠳ ᠤᠨ ᠬᠤᠰᠢᠭᠤᠴᠢ ᠠᠩᠬᠢ ᠶᠢᠨ ᠬᠤᠪᠢᠰᠬᠠᠯᠲᠤ ᠴᠢᠨᠠᠷ ᠢ ᠲᠠᠨᠢᠭᠤᠯᠵᠦ᠂ ᠪᠠᠭᠠᠴᠤᠳ ᠬᠡᠤᠭᠡᠳ ᠤᠨ ᠦᠵᠡᠯᠲᠡ ᠲᠠᠨᠢᠯᠲᠠ ᠶᠢ ᠨᠡᠮᠡᠭᠳᠡᠬᠦᠯᠵᠦ᠂ ᠶᠤᠰᠤ ᠰᠤᠷᠲᠠᠬᠤᠨ ᠤ ᠬᠦᠮᠦᠵᠢᠯ ᠤᠯᠭᠤᠵᠤ ᠪᠤᠯᠤᠨ᠎ᠠ᠃ ᠵᠢᠱᠢᠶᠠᠯᠡᠪᠡᠯ᠄ ᠤᠯᠤᠰ ᠪᠠᠶᠢᠭᠤᠯᠤᠭᠳᠠᠭᠰᠠᠨ ᠪᠠᠶᠡᠷ ᠢ ᠳᠤᠷᠠᠰᠬᠠᠨ ᠪᠡᠯᠭᠡᠯᠡᠬᠦ ᠪᠠᠷ ᠭᠤᠤᠯ ᠰᠡᠳᠦᠪ ᠪᠤᠯᠭᠠᠵᠦ᠂ ᠡᠬᠡ ᠤᠯᠤᠰ ᠢᠶᠠᠨ ᠬᠠᠶᠢᠷᠠᠯᠠᠬᠤ ᠬᠦᠮᠦᠵᠢᠯ ᠢᠶᠠᠷ ᠵᠤᠷᠢᠯᠭ᠎ᠠ ᠪᠠᠨ ᠪᠤᠯᠭᠠᠭᠰᠠᠨ ᠳᠤᠮᠲᠡ ᠠᠩᠬᠢ ᠶᠢᠨ ᠠᠵᠢᠯᠯᠠᠭᠠᠨ ᠢ ᠵᠤᠬᠢᠶᠠᠨ ᠪᠠᠶᠢᠭᠤᠯᠤᠨ᠂ ᠰᠤᠷᠤᠭᠴᠢᠳ ᠢ ᠰᠢᠯᠦᠭ᠂ ᠳᠠᠭᠤᠤ ᠵᠡᠷᠭᠡ ᠶᠢ ᠪᠡᠯᠡᠳᠭᠡᠯᠭᠡᠵᠦ ᠤᠯᠠᠨ ᠶᠠᠩᠵᠦ ᠶᠢᠨ ᠠᠵᠢᠯᠯᠠᠭᠠᠨ ᠢ ᠦᠷᠨᠢᠭᠦᠯᠦᠨ ᠲᠡᠳᠡᠨ ᠳᠤ 1949 ᠤᠨ ᠤ 10 ᠰᠡᠷ᠎ᠡ ᠶᠢᠨ 1 ᠤ ᠡᠳᠦᠷ ᠮᠠᠨ ᠤ ᠡᠬᠡ ᠤᠯᠤᠰ ᠪᠠᠶᠢᠭᠤᠯᠤᠭᠳᠠᠬᠤ ᠳᠤ᠂ ᠶᠠᠮᠠᠷ ᠬᠠᠲᠠᠭᠤ ᠪᠡᠷᠬᠡᠰᠢᠶᠡᠯᠲᠤ ᠴᠠᠭ ᠦᠶ᠎ᠡ ᠶᠢ ᠦᠩᠬᠡᠷᠡᠬᠦᠯᠵᠤ᠂ ᠬᠡᠴᠢᠨᠡᠨ ᠤᠯᠠᠨ ᠬᠦᠮᠦᠨ ᠤ ᠴᠢᠰᠦ ᠬᠦᠯᠦᠰᠦ ᠪᠠᠷ ᠦᠨᠦᠳᠦᠷ ᠤᠨ ᠵᠤᠯ ᠵᠢᠷᠭᠠᠯᠲᠤ ᠠᠮᠢᠳᠤᠷᠠᠯ ᠢ ᠰᠤᠯᠢᠵᠦ ᠠᠪᠴᠢᠷᠠᠭᠰᠠᠨ ᠢ ᠮᠡᠳᠡᠬᠦᠯᠵᠦ᠂ ᠡᠬᠦᠨ ᠢᠶᠠᠷ ᠳᠠᠮᠵᠢᠨ ᠰᠤᠷᠤᠭᠴᠢᠳ ᠤᠨ ᠡᠬᠡ ᠤᠯᠤᠰ ᠢᠶᠠᠨ ᠬᠠᠶᠢᠷᠠᠯᠠᠬᠤ᠂ ᠠᠮᠢᠳᠤᠷᠠᠯ ᠢᠶᠠᠨ ᠨᠠᠨᠳᠢᠩᠨᠠᠬᠤ᠂ ᠡᠬᠡ ᠤᠯᠤᠰ ᠤᠨ ᠢᠶᠠᠨ ᠢᠷᠡᠬᠦ ᠮᠠᠷᠭᠠᠰᠢ ᠶᠢᠨ ᠴᠡᠴᠡᠭᠯᠡᠨ ᠬᠦᠭᠵᠢᠯᠲᠡ ᠳᠤ ᠬᠤᠪᠢ ᠨᠡᠮᠡᠷᠢ ᠪᠠᠨ ᠦᠵᠡᠬᠦᠯᠬᠦ ᠪᠠᠷ ᠴᠢᠷᠮᠠᠶᠢᠬᠤ ᠵᠤᠷᠢᠭ ᠢ ᠨᠢ ᠬᠦᠪᠴᠢᠯᠡᠵᠦ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯᠲᠡ ᠲᠠᠨᠢᠯᠲᠠ ᠶᠢ ᠨᠢ ᠳᠡᠭᠡᠭᠰᠢᠯᠡᠭᠦᠯᠦᠨ᠎ᠠ᠃      ᠭᠤᠷᠪᠠ᠂ ᠬᠢᠴᠢᠶᠡᠯ ᠤᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠬᠢ ᠶᠢᠨ ᠬᠦᠳᠡᠯᠭᠡᠭᠡᠨ ᠢᠶᠠᠷ ᠰᠤᠷᠤᠭᠴᠢᠳ ᠢ ᠦᠢᠯᠡᠳᠦᠯᠭᠡ ᠬᠦᠳᠡᠯᠪᠦᠷᠢ ᠳᠤ ᠤᠷᠤᠯᠴᠠᠭᠤᠯᠬᠤ      ᠬᠢᠴᠢᠶᠡᠯ ᠤᠨ ᠭᠠᠳᠠᠨᠠᠬᠢ ᠪᠠᠭᠠᠴᠤᠳ ᠤᠨ ᠬᠤᠰᠢᠭᠤᠴᠢ ᠠᠩᠬᠢ ᠶᠢᠨ ᠬᠦᠳᠡᠯᠭᠡᠭᠡᠨ ᠤ ᠠᠭᠤᠯᠭ᠎ᠠ ᠪᠠᠨ ᠪᠠᠶᠠᠯᠢᠭ᠂ ᠤᠯᠠᠨ ᠶᠠᠩᠵᠦ ᠶᠢᠨ᠂ ᠰᠢᠨᠡᠷᠭᠡᠤ ᠬᠡᠯᠪᠡᠷᠢ ᠪᠠᠷ ᠰᠢᠨ᠎ᠡ ᠰᠤᠷᠭᠤᠭ ᠢᠶᠠᠷ ᠵᠤᠬᠢᠶᠠᠨ ᠪᠠᠶᠢᠭᠤᠯᠵᠦ᠂ ᠰᠤᠷᠤᠭᠴᠢᠳ ᠢ ᠡᠯ᠎ᠡ ᠵᠦᠢᠯ ᠤᠨ ᠬᠦᠳᠡᠯᠭᠡᠭᠡᠨ ᠳᠤ ᠤᠷᠤᠯᠴᠠᠭᠤᠯᠤᠨ᠂ ᠤᠷᠮ᠎ᠠ ᠶᠢ ᠨᠢ ᠬᠦᠭᠵᠢᠭᠡᠨ᠂ ᠪᠠᠶᠠᠴᠢ ᠦᠢᠯᠡᠳᠦᠯᠭᠡ ᠶᠢᠨ ᠬᠦᠮᠦᠵᠢᠯ ᠤᠯᠭᠤᠬᠤ ᠪᠠᠷ ᠴᠢᠷᠮᠠᠶᠢᠨ᠎ᠠ᠃ ᠵᠢᠱᠢᠶᠠᠯᠡᠪᠡᠯ᠄ ᠪᠠᠭᠠᠴᠤᠳ ᠤᠨ ᠬᠤᠰᠢᠭᠤᠴᠢ ᠠᠩᠬᠢ ᠶᠢᠨ ᠡᠩᠨᠡᠭᠡ ᠪᠠᠨ ᠦᠷᠭᠡᠳᠬᠡᠬᠦ ᠠᠵᠢᠯᠯᠠᠭ᠎ᠠ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠬᠤ ᠶᠢ ᠰᠤᠷᠲᠠᠯᠴᠢᠯᠠᠭᠰᠠᠨ ᠠᠵᠢᠯᠯᠠᠭ᠎ᠠ᠂ ᠠᠩᠬᠢ ᠶᠢᠨ ᠬᠤᠭᠤᠷᠤᠨᠳᠤᠬᠢ ᠠᠷᠢᠭᠤᠨ ᠴᠡᠪᠡᠷ ᠤᠨ ᠬᠢᠨᠠᠨ ᠪᠠᠶᠢᠴᠠᠭᠠᠯᠲᠠ ᠬᠢᠵᠦ ᠰᠠᠶᠢᠨ ᠲᠠᠢ ᠲᠠᠯ᠎ᠡ ᠪᠠ ᠬᠦᠷᠦᠯᠴᠡᠬᠦ ᠦᠭᠡᠢ ᠲᠠᠯ᠎ᠡ ᠶᠢ ᠳᠠᠷᠤᠢ ᠳᠤ ᠨᠢ ᠳᠤᠷᠠᠳᠤᠨ ᠭᠠᠷᠭᠠᠬᠤ᠂ ᠡᠯ᠎ᠡ ᠵᠦᠢᠯ ᠤᠨ ᠲᠤᠰᠬᠠᠢ ᠰᠡᠳᠦᠪᠲᠤ ᠶᠠᠷᠢᠶᠠᠨ ᠤ ᠤᠷᠤᠯᠳᠤᠭᠠᠨ᠂ ᠦᠯᠢᠭᠡᠷ ᠤᠨ ᠤᠷᠤᠯᠳᠤᠭᠠᠨ᠂ ᠰᠢᠯᠦᠭ ᠤᠨ ᠤᠷᠤᠯᠳᠤᠭᠠᠨ᠂ ᠲᠠᠭᠤᠨ ᠤ ᠤᠷᠤᠯᠳᠤᠭᠠᠨ᠂ ᠴᠡᠪᠡᠷ ᠪᠢᠴᠢᠯᠭᠡ ᠶᠢᠨ ᠦᠵᠡᠬᠦᠯᠭᠡ᠂ ᠵᠤᠬᠢᠶᠠᠨ ᠪᠢᠴᠢᠯᠭᠡ ᠶᠢᠨ ᠤᠷᠤᠯᠳᠤᠭᠠᠨ᠂ ᠠᠮᠢ ᠠᠬᠤᠢ ᠶᠢ ᠬᠠᠶᠢᠷᠠᠯᠠᠵᠦ ᠬᠠᠮᠠᠭᠠᠯᠠᠬᠤ ᠭᠠᠷ ᠪᠢᠴᠢᠮᠡᠯ ᠰᠤᠨᠢᠨ ᠤ ᠦᠵᠡᠬᠦᠯᠭᠡ᠂ ᠬᠠᠨ᠎ᠠ ᠶᠢᠨ ᠰᠤᠨᠢᠨ᠂ ᠭᠤᠳᠤᠮᠵᠢ ᠶᠢᠨ ᠰᠤᠨᠢᠨ ᠵᠡᠷᠬᠡ ᠶᠢ ᠦᠷᠬᠦᠯᠵᠢ ᠲᠤᠭᠳᠠᠭᠰᠠᠨ ᠬᠤᠭᠤᠴᠠᠭ᠎ᠠ ᠲᠠᠢ ᠲᠤᠰᠬᠠᠢ ᠰᠡᠳᠦᠪ ᠢᠶᠠᠷ ᠭᠠᠷᠭᠠᠬᠤ ᠶᠢᠨ ᠬᠠᠮᠳᠤ ᠴᠠᠭ ᠤᠨ ᠪᠠᠶᠢᠳᠠᠯ ᠤᠯᠤᠰ ᠲᠦᠷᠦ ᠶᠢᠨ ᠬᠦᠮᠦᠵᠢᠯ ᠬᠢᠵᠦ᠂ ᠴᠠᠭ ᠦᠶ᠎ᠡ ᠲᠠᠢ ᠴᠤᠭ ᠢᠶᠠᠷ ᠲᠠᠪᠰᠢᠬᠤ ᠪᠠ ᠦᠨᠳᠦᠰᠦᠲᠠᠨ ᠤ ᠦᠪᠡᠷᠮᠢᠴᠡ ᠤᠨᠴᠠᠯᠢᠭ ᠲᠠᠢ ᠴᠠᠭᠠᠨ ᠢᠳᠡᠭᠡ᠂ ᠵᠠᠩ ᠠᠷᠠᠨᠰᠢᠨ᠂ ᠠᠮᠢᠳᠤᠷᠠᠯ ᠤᠨ ᠡᠳ᠋ᠯᠡᠯ ᠬᠡᠷᠡᠭᠰᠡᠯ᠂ ᠬᠤᠪᠴᠠᠰᠦ ᠵᠠᠰᠠᠯ ᠵᠡᠷᠬᠡ ᠶᠢ ᠰᠤᠷᠤᠭᠴᠢᠳ ᠲᠤ ᠤᠶᠢᠯᠠᠭᠠᠭᠤᠯᠵᠦ ᠮᠡᠳᠡᠬᠦᠯᠬᠦ ᠠᠵᠢᠯᠯᠠᠭ᠎ᠠ ᠵᠡᠷᠭᠡ ᠶᠠᠮᠠᠷ ᠨᠢᠭᠡᠨ ᠤᠳᠬ᠎ᠠ ᠰᠠᠨᠠᠭ᠎ᠠ ᠶᠢ ᠬᠠᠷᠠᠭᠤᠯᠤᠭᠰᠠᠨ ᠬᠦᠮᠦᠵᠢᠯ ᠤᠨ ᠰᠢᠨᠵᠢ ᠲᠠᠢ ᠠᠭᠤᠯᠭ᠎ᠠ ᠪᠠᠷ ᠰᠡᠳᠦᠪᠯᠡᠨ ᠰᠤᠷᠤᠭᠴᠢᠳ ᠢ ᠲᠦᠯᠦᠪᠯᠡᠭᠡ ᠲᠠᠢ᠂ ᠠᠯᠬᠤᠮ ᠳᠠᠷᠠᠭ᠎ᠠ ᠲᠠᠢ ᠵᠤᠬᠢᠶᠠᠨ ᠪᠠᠶᠢᠭᠤᠯᠵᠦ᠂ ᠪᠤᠳᠠᠲᠠᠢ ᠦᠢᠯᠡᠳᠦᠯᠭᠡ ᠳᠤ ᠤᠷᠤᠯᠴᠠᠭᠤᠯᠪᠡᠯ ᠰᠤᠷᠤᠭᠴᠢᠳ ᠲᠤ ᠦᠨᠡᠨ ᠬᠦ ᠬᠦᠮᠦᠵᠢᠯ ᠤᠯᠭᠤᠵᠦ ᠴᠢᠳᠡᠨ᠎ᠠ᠃ ᠤᠳᠤᠬᠠᠨ ᠳᠤ ᠰᠤᠷᠤᠭᠴᠢᠳ ᠦᠪᠡᠷ ᠤᠨ ᠦᠨᠳᠦᠰᠦᠲᠡᠨ ᠤ ᠵᠠᠩ ᠳᠠᠳᠬᠠᠯ᠂ ᠶᠤᠰᠤ ᠠᠷᠠᠨᠰᠢᠨ ᠢᠶᠠᠨ ᠮᠡᠳᠡᠬᠦ ᠨᠢ ᠴᠦᠬᠡᠨ ᠪᠠᠶᠢᠵᠦ᠂ ᠲᠡᠷᠡᠴᠢᠯᠡᠨ ᠵᠠᠷᠢᠮ ᠭᠡᠷ ᠤᠨ ᠠᠬᠠᠮᠠᠳ ᠴᠤ ᠮᠡᠳᠡᠬᠦ ᠦᠭᠡᠢ ᠪᠤᠯᠬᠤᠷ ᠬᠡᠤᠬᠡᠳ ᠲᠤ ᠪᠠᠨ ᠤᠯᠠᠮᠵᠢᠯᠠᠵᠤ ᠴᠢᠳᠠᠬᠤ ᠦᠭᠡᠢ᠂ ᠡᠳᠦᠷ ᠤᠨ ᠤᠳᠠᠭᠠᠨ ᠳᠤ ᠪᠠᠨ ᠮᠠᠷᠲᠠᠭᠳᠠᠵᠤ ᠪᠠᠶᠢᠭ᠎ᠠ ᠪᠤᠳᠠᠲᠠᠢ ᠪᠠᠶᠢᠳᠠᠯ ᠳᠤ ᠬᠠᠨᠳᠤᠭᠤᠯᠤᠨ᠂ ᠰᠤᠷᠭᠠᠭᠤᠯᠢ ᠶᠢᠨ ᠬᠦᠷᠢᠶᠠᠨ ᠳᠤ ᠬᠦᠮᠦᠨ ᠢ ᠬᠦᠨᠳᠦᠯᠡᠬᠦ ᠶᠤᠰᠤᠨ᠂ ᠮᠤᠷᠢ ᠡᠮᠡᠭᠡᠯᠯᠡᠬᠦ ᠶᠤᠰᠦᠨ ᠵᠡᠷᠬᠡ ᠶᠢ ᠮᠡᠳᠡᠬᠦᠯᠬᠦ ᠦᠨᠳᠤᠰᠤᠳᠠᠨ ᠤ ᠤᠨᠴᠠᠯᠢᠭ ᠲᠠᠢ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯᠯᠠᠭ᠎ᠠ ᠶᠢ ᠦᠷᠨᠢᠬᠦᠯᠵᠦ᠂ ᠰᠤᠷᠤᠭᠴᠢᠳ ᠲᠤ ᠦᠨᠡᠨ ᠪᠤᠳᠠᠲᠠᠢ ᠪᠠᠷ ᠦᠵᠡᠬᠦᠯᠦᠨ ᠲᠠᠨᠢᠭᠤᠯᠵᠤ ᠪᠡᠶ᠎ᠡ ᠪᠠᠷ ᠨᠢ ᠤᠷᠤᠯᠴᠠᠭᠤᠯᠪᠠᠯ ᠪᠤᠳᠠᠲᠠᠢ ᠰᠠᠭᠤᠭᠳᠠᠯ ᠨᠢ ᠬᠦᠨ ᠪᠠᠶᠢᠵᠤ᠂ ᠮᠠᠷᠳᠠᠭᠳᠠᠵᠦ ᠤᠷᠬᠢᠭᠳᠠᠭᠰᠠᠨ ᠡᠰᠡᠬᠦᠯ᠎ᠡ ᠮᠡᠳᠡᠬᠦ ᠦᠭᠡᠢ ᠤᠯᠠᠨ ᠵᠠᠩ ᠳᠠᠳᠬᠠᠯ᠂ ᠶᠤᠰᠦ ᠵᠠᠩᠰᠢᠯ ᠢᠶᠠᠨ ᠰᠡᠷᠭᠦᠭᠡᠨ ᠤᠯᠠᠮᠵᠢᠯᠠᠳᠠᠬ ᠪᠠᠶᠢᠨ᠎ᠠ᠃      ᠪᠠᠭᠠᠴᠤᠳ ᠤᠨ ᠬᠤᠰᠢᠭᠤᠴᠢ ᠠᠩᠬᠢ ᠶᠢᠨ ᠠᠵᠢᠯᠯᠠᠭ᠎ᠠ ᠪᠠᠨ ᠤᠯᠠᠮ ᠴᠢᠨᠠᠷᠵᠢᠭᠤᠨ ᠦᠷᠨᠢᠬᠦᠯᠵᠦ᠂ ᠪᠠᠭᠠᠴᠤᠳ ᠬᠡᠤᠬᠡᠳ ᠤᠨ ᠦᠵᠡᠯᠲᠡ ᠲᠠᠨᠢᠯᠲᠡ ᠶᠢ ᠨᠢ ᠨᠡᠮᠡᠭᠳᠡᠬᠦᠯᠤᠨ᠂ ᠡᠯ᠎ᠡ ᠵᠦᠢᠯ ᠤᠨ ᠠᠵᠢᠯᠯᠠᠭ᠎ᠠ᠂ ᠦᠢᠯᠡᠳᠦᠯᠭᠡ ᠪᠠᠷ ᠰᠤᠷᠤᠭᠴᠢᠳ ᠤᠨ ᠴᠢᠳᠠᠪᠤᠷᠢ ᠶᠢ ᠬᠦᠭᠵᠢᠬᠦᠯᠦᠨ᠂ ᠮᠡᠳᠡᠯᠬᠡ ᠮᠠᠳᠡᠴᠡ ᠶᠢ ᠨᠢ ᠨᠡᠮᠡᠭᠳᠡᠭᠦᠯᠵᠦ᠂ ᠤᠯᠠᠨ ᠲᠠᠯ᠎ᠡ ᠶᠢᠨ ᠬᠦᠮᠦᠵᠢᠯ ᠤᠯᠭᠤᠪᠠᠯ ᠰᠤᠷᠤᠭᠴᠢᠳ ᠤᠨ ᠬᠡᠪ ᠴᠢᠨᠠᠷ ᠢ ᠳᠡᠬᠡᠭᠰᠢᠯᠡᠬᠦᠯᠵᠦ᠂ ᠪᠦᠬᠦ ᠲᠡᠯ᠎ᠡ ᠶᠢᠨ ᠬᠦᠭᠵᠢᠯᠲᠡ ᠶᠢ ᠠᠬᠢᠭᠤᠯᠵᠦ ᠴᠢᠳᠠᠨ᠎ᠠ᠃         ᠬᠠᠶ᠋ᠢᠬ᠄  ᠡᠧᠡᠩᠬᠢ ᠦᠨᠳᠦᠰᠦᠲᠡᠨ ᠤ ᠦᠪᠡᠷᠳᠡᠭᠡᠨ ᠵᠠᠰᠠᠬᠤ ᠬᠤᠰᠢᠭᠤᠨ ᠤ                   ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ                           ︵ᠴ᠊ · ᠲᠤᠭᠳᠠᠭᠤᠨ ᠨᠠᠶᠢᠷᠠᠭᠤᠯᠪᠠ︶                              8 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map