ᠠᠩᠭᠢ ᠶᠢᠨ ᠡᠷᠬᠢᠯᠡᠭᠴᠢ ᠶᠢᠨ ᠠᠵᠢᠯ ᠳᠤ ᠬᠢ ᠰᠤᠷᠤᠭᠴᠢ ᠶᠢᠨ ᠬᠠᠮᠢᠶᠠᠷᠤᠯᠳᠠ ᠶᠢᠨ ᠠᠷᠭ᠎ᠠ ᠪᠠᠷᠢᠯ
ᠨᠡᠶᠢᠲᠡᠯᠡᠭᠰᠡᠨ ᠴᠠᠭ᠄
2020/4/9
                               ᠠᠯᠳᠠᠨᠳᠤᠶᠠᠭ᠎ᠠ      ᠬᠦᠭᠡᠷᠦᠬᠦᠨ ᠰᠤᠷᠤᠭᠴᠢᠳ ᠤᠨ ᠤᠶᠤᠨ ᠢ ᠣᠮᠳᠠᠯᠠᠵᠣ᠂ ᠬᠦᠷᠬᠦ ᠮᠠᠷᠭᠠᠰᠢ ᠶᠢᠨ ᠬᠢᠨᠢ ᠵᠢᠯᠣᠭᠤ ᠶᠢ ᠠᠳᠬᠤᠭᠤᠯᠬᠤ ᠪᠠᠷ ᠶᠠᠭᠠᠷᠠᠤᠬᠠᠨ ᠠᠵᠢᠯᠯᠠᠵᠤ ᠪᠠᠶᠢᠭ᠎ᠠ ᠠᠩᠭᠢ ᠶᠢᠨ ᠡᠷᠬᠢᠯᠡᠭᠴᠢ ᠶᠢᠨ ᠠᠵᠢᠯ ᠭᠡᠳᠡᠭ ᠶᠡᠷᠦ ᠠᠴᠠ ᠬᠦᠨᠳᠦ ᠮᠦᠷᠳᠡᠬᠡᠨ ᠬᠦᠭᠵᠢᠶᠡᠨ ᠲᠠᠢ ᠠᠵᠢᠯ ᠬᠡᠵᠦ ᠪᠢ ᠬᠤᠪᠢᠨ ᠳᠤ ᠪᠠᠨ ᠣᠶᠢᠯᠠᠭᠠᠳᠠᠭ᠃ ᠣᠴᠢᠷ ᠨᠢ ᠠᠩᠭᠢ ᠶᠢᠨ ᠡᠷᠬᠢᠯᠡᠭᠴᠢ ᠪᠣᠯ ᠨᠢᠭᠡ ᠠᠩᠭᠢ ᠶᠢᠨ ᠵᠤᠬᠢᠶᠠᠨ ᠪᠠᠶᠢᠭᠤᠯᠤᠭᠴᠢ ᠮᠦᠷᠳᠡᠬᠡᠨ ᠵᠢᠯᠤᠭᠤᠳᠤᠭᠴᠢ ᠮᠦᠨ᠃      ᠠᠩᠭᠢ ᠶᠢᠨ ᠡᠷᠬᠢᠯᠡᠭᠴᠢ ᠪᠣᠯᠣᠭᠰᠠᠳ ᠰᠤᠷᠤᠭᠴᠢ ᠶᠢᠨ ᠰᠤᠷᠤᠯᠭ᠎ᠠ ᠬᠢᠴᠢᠶᠡᠯ᠂ ᠶᠤᠰᠤ ᠮᠤᠷᠠᠯ ᠢ ᠠᠩᠬᠠᠷᠤᠨ ᠬᠦᠮᠦᠵᠢᠬᠦᠯᠬᠦ ᠠᠴᠠ ᠭᠠᠳᠠᠨ᠎ᠠ ᠲᠡᠳᠡᠨ ᠤ ᠵᠠᠩ ᠠᠷᠠᠨᠰᠢᠨ᠂ ᠪᠡᠶ᠎ᠡ ᠰᠡᠳᠬᠢᠴᠡ ᠶᠢᠨ ᠡᠷᠡᠬᠦᠯ ᠴᠢᠬᠢᠷᠠᠭ᠂ ᠭᠡᠷ ᠪᠦᠯᠢ ᠶᠢᠨ ᠪᠠᠶᠢᠳᠠᠯ᠂ ᠠᠮᠢᠳᠣᠷᠠᠯ ᠤᠨ ᠬᠡᠷᠡᠭᠴᠡᠭᠡ ᠱᠠᠭᠠᠷᠳᠠᠯᠭ᠎ᠠ ᠳᠤ ᠬᠦᠷᠳᠡᠯ᠎ᠡ ᠠᠩᠬᠠᠷᠴᠦ ᠬᠠᠯᠠᠮᠵᠢᠯᠠᠬᠤ ᠬᠡᠷᠡᠭᠳᠡᠢ ᠪᠠᠶᠢᠳᠠᠭ᠃ ᠡᠶᠢᠮᠦ ᠠᠴᠠ ᠠᠩᠭᠢ ᠶᠢᠨ ᠡᠷᠬᠢᠯᠡᠭᠴᠢ ᠶᠢᠨ ᠠᠵᠢᠯ ᠬᠡᠵᠦ ᠶᠠᠷᠢᠪᠠᠯ ᠲᠤᠩ ᠦᠷᠭᠡᠨ ᠠᠭᠤᠯᠭ᠎ᠠ ᠬᠠᠮᠤᠷᠤᠭᠳᠠᠨ᠎ᠠ᠃ ᠪᠢ ᠦᠨᠦᠳᠦᠷ ᠵᠦᠪᠬᠡᠨ ᠰᠤᠷᠤᠭᠴᠢ ᠶᠢᠨ ᠬᠠᠮᠢᠶᠠᠷᠣᠯᠳᠡ ᠶᠢᠨ ᠠᠷᠭ᠎ᠠ ᠪᠠᠷᠢᠯ ᠤᠨ ᠲᠠᠯ᠎ᠠ ᠪᠠᠷ ᠮᠦᠴᠢᠳ ᠶᠠᠷᠢᠶ᠎ᠠ᠃      ᠰᠤᠷᠤᠭᠴᠢ ᠶᠢᠨ ᠬᠠᠮᠢᠶᠠᠷᠣᠯᠳᠡ ᠠᠩᠭᠢ ᠶᠢᠨ ᠡᠷᠬᠢᠯᠡᠭᠴᠢ ᠶᠢᠨ ᠠᠵᠢᠯ ᠤᠨ ᠶᠡᠬᠡᠩᠬᠢ ᠶᠢ ᠡᠵᠡᠯᠡᠨ᠎ᠠ᠃ ᠲᠡᠭᠦᠨ ᠠᠴᠠ ᠨᠢᠭᠡ ᠠᠩᠭᠢ ᠶᠢᠨ ᠳᠦᠷᠰᠦ ᠪᠠᠶᠢᠳᠠᠯ ᠢ ᠤᠯᠵᠤ ᠬᠠᠷᠠᠵᠤ ᠪᠤᠯᠳᠠᠬ᠃ ᠰᠤᠷᠤᠭᠴᠢ ᠶᠢᠨ ᠬᠠᠮᠢᠶᠠᠷᠣᠯᠳᠠ ᠶᠢᠨ ᠠᠵᠢᠯ ᠢ ᠰᠠᠶᠢᠨ ᠬᠢᠵᠦ ᠴᠢᠳᠠᠪᠠᠯ ᠰᠤᠷᠤᠭᠴᠢᠳ ᠪᠠᠭᠰᠢ ᠶᠢᠨ ᠢᠶᠠᠨ ᠬᠠᠷᠠᠴᠠ᠂ ᠭᠠᠷ ᠤᠨ ᠲᠤᠬᠢᠶ᠎ᠠ ᠪᠠᠷ ᠰᠠᠨᠠᠭ᠎ᠠ ᠶᠢ ᠨᠢ ᠮᠡᠳᠡᠴᠢᠭᠡᠳᠡᠭ᠃ ᠦᠭᠡᠷ᠎ᠠ ᠪᠠᠷ ᠭᠡᠯᠡᠪᠡᠯ᠂ ᠠᠩᠭᠢ ᠶᠢᠨ ᠪᠠᠭᠰᠢ ᠰᠤᠷᠤᠭᠴᠢ ᠶᠢᠨ ᠬᠠᠮᠢᠶᠠᠷᠤᠯᠳᠡ ᠶᠢᠨ ᠠᠵᠢᠯ ᠢ ᠢᠯᠭᠤᠮ ᠣᠷᠣᠭᠰᠢᠳᠠᠢ ᠬᠢᠵᠦ ᠴᠢᠳᠠᠪᠠᠯ ᠰᠤᠷᠤᠭᠴᠢᠳ ᠲᠠᠢ ᠪᠠᠨ ᠦᠭᠡ ᠬᠡᠯᠡ ᠪᠠᠷ ᠪᠢᠰᠢ ᠵᠢᠷᠦᠬᠡ ᠰᠡᠳᠬᠢᠯ ᠢᠶᠠᠷ ᠢᠶᠠᠨ ᠠᠭᠤᠰᠤᠯᠴᠠᠨ ᠨᠡᠪᠳᠡᠷᠡᠯᠴᠡᠵᠦ ᠴᠢᠳᠠᠨ᠎ᠠ ᠭᠡᠰᠡᠨ ᠦᠭᠡ᠃      ᠨᠢᠭᠡ᠂ ᠰᠤᠷᠤᠭᠴᠢᠳ ᠲᠠᠢ ᠦᠨᠡᠨᠴᠢ ᠪᠠᠷ ᠨᠠᠶᠢᠵᠢᠯᠠᠨ᠎ᠠ᠃ ᠰᠤᠷᠤᠭᠴᠢ ᠶᠢᠨ ᠬᠠᠮᠢᠶᠠᠷᠤᠯᠳᠠ ᠭᠡᠳᠡᠭ ᠨᠢ ᠲᠡᠳᠡᠨ ᠢ ᠬᠠᠮᠢᠶᠠᠷᠴᠦ ᠦᠪᠡᠷ ᠤᠨ ᠰᠠᠨᠠᠭ᠎ᠠ ᠪᠠᠷ ᠢᠶᠠᠨ ᠶᠠᠪᠤᠭᠤᠯᠤᠨ᠎ᠠ ᠭᠡᠰᠡᠨ ᠦᠭᠡ ᠪᠢᠰᠢ᠂ ᠬᠠᠷᠢᠨ ᠲᠡᠳᠡᠨ ᠲᠠᠢ ᠦᠨᠡᠨᠴᠢ ᠪᠠᠷ ᠨᠠᠶᠢᠵᠢᠯᠠᠵᠦ᠂ ᠬᠡᠤᠬᠡᠳ ᠪᠦᠬᠦᠨ ᠳᠤ ᠦᠨᠡᠨᠴᠢ ᠪᠠᠷ ᠬᠠᠨᠳᠤᠵᠦ᠂ ᠲᠡᠳᠡᠨ ᠤ ᠰᠡᠳᠬᠢᠯ ᠤᠨ ᠭᠦᠨ ᠳᠤ ᠬᠢ ᠨᠢᠭᠤᠴᠠ ᠶᠢ ᠣᠶᠢᠯᠠᠭᠠᠨ ᠰᠡᠳᠬᠢᠯ ᠤᠨ ᠰᠠᠶᠢᠬᠠᠨ ᠠᠨᠳᠡ ᠨᠢ ᠪᠤᠯᠤᠨ᠎ᠠ ᠭᠡᠰᠡᠨ ᠦᠭᠡ ᠮᠦᠨ᠃ ᠢᠩᠭᠢᠪᠡᠯ ᠲᠡᠳᠡ ᠴᠦ ᠴᠢᠮ᠎ᠠ ᠶᠢ ᠢᠳᠡᠬᠡᠨ ᠨᠠᠶᠢᠳᠠᠵᠦ ᠠᠯᠳᠠᠭ᠎ᠠ ᠲᠤᠳᠠᠭᠳᠠᠯ ᠪᠤᠶᠤ ᠬᠡᠯᠡᠵᠦ ᠴᠢᠳᠠᠬᠤ ᠦᠬᠡᠢ ᠰᠡᠳᠬᠢᠯ ᠤᠨ ᠭᠤᠨᠢᠭ ᠢᠶᠠᠨ ᠨᠢᠭᠤᠯᠳᠡ ᠦᠭᠡᠢ ᠶᠠᠷᠢᠳᠠᠬ᠃ ᠲᠡᠳᠡᠨ ᠤ ᠪᠤᠳᠤᠯ ᠢ ᠤᠢᠢᠯᠠᠭᠠᠴᠢᠬᠠᠪᠠᠯ ᠲᠡᠳᠡ ᠴᠢᠮ᠎ᠠ ᠳᠤ ᠠᠮᠠᠷᠬᠠᠨ ︽ᠬᠠᠮᠢᠶᠠᠷᠣᠭᠳᠠᠵᠤ︾ ᠴᠢᠳᠠᠨ᠎ᠠ᠃      ᠬᠤᠶᠠᠷ᠂ ᠰᠤᠷᠤᠭᠴᠢ ᠶᠢᠨ ᠬᠠᠮᠢᠶᠠᠷᠦᠯᠳᠠ ᠶᠢᠨ ᠠᠵᠢᠯ ᠢ ᠬᠢᠬᠦ ᠳᠤ ᠪᠦᠬᠦ ᠵᠦᠢᠯ ᠢ ᠰᠡᠳᠬᠢᠯ ᠢᠶᠠᠷ ᠢᠶᠠᠨ ᠤᠴᠢᠵᠦ ᠬᠢᠨ᠎ᠡ᠃ ᠠᠯᠢ ᠠᠵᠢᠯ ᠳᠤ ᠲᠠᠨ ᠤ ᠰᠡᠳᠬᠢᠯ ᠭᠦᠷᠴᠦ ᠪᠠᠶᠢᠪᠠᠯ ᠰᠤᠷᠤᠭᠴᠢᠳ ᠴᠤ ᠠᠶᠠᠨᠳᠠᠭᠠᠨ ᠲᠠᠨ ᠢ ᠣᠶᠢᠯᠠᠭᠠᠵᠦ ᠮᠦᠨ ᠴᠦ ᠲᠠᠨ ᠢ ᠲᠠᠭᠤᠷᠢᠶᠠᠨ ᠪᠦᠬᠦ ᠵᠦᠢᠯ ᠳᠤ ᠰᠡᠳᠬᠢᠯ ᠲᠠᠯᠪᠢᠳᠠᠭ ᠪᠤᠯᠵᠦ ᠬᠦᠮᠦᠵᠢᠭᠳᠡᠨ᠎ᠡ᠃      ᠭᠤᠷᠪᠡ᠂ ᠬᠠᠶᠢᠷ᠎ᠠ ᠪᠠᠷ ᠬᠦᠮᠦᠵᠢᠬᠦᠯᠦᠨ᠎ᠡ᠃ ᠰᠤᠷᠤᠭᠴᠢ ᠶᠢᠨ ᠬᠠᠮᠢᠶᠠᠷᠤᠯᠳᠠ ᠶᠢᠨ ᠠᠵᠢᠯ ᠬᠢᠭᠦ ᠳᠤ ᠬᠡᠣᠬᠡᠳ ᠪᠤᠯᠭᠠᠨ ᠢ ᠬᠠᠶᠢᠷ᠎ᠠ ᠪᠠᠷ ᠢᠪᠡᠬᠡᠵᠦ ᠪᠠᠶᠢᠪᠠᠯ ᠰᠤᠷᠤᠭᠴᠢᠳ ᠠᠶᠠᠨᠳᠠᠭᠠᠨ ᠴᠢᠮ᠎ᠠ ᠶᠢ ᠬᠦᠨᠳᠦᠯᠡᠵᠦ᠂ ᠦᠭᠡ ᠶᠢ ᠴᠢᠨᠢ ᠠᠮᠠᠷᠬᠠᠨ ᠰᠤᠨᠤᠰᠴᠦ ᠳᠠᠭᠠᠬᠤ ᠲᠣᠷᠠᠳᠠᠢ ᠪᠤᠯᠤᠨ᠎ᠠ᠃ ᠶᠠᠷᠤ ᠠᠴᠠ ᠬᠤᠴᠤᠷᠤᠩᠭᠤᠢ ᠰᠤᠷᠤᠭᠴᠢ ᠪᠤᠶᠤ ᠭᠡᠷ ᠤᠨ ᠠᠮᠢᠳᠤᠷᠠᠯ ᠨᠢ ᠣᠨᠴᠠᠭᠠᠢ ᠪᠠᠶᠢᠳᠠᠯ ᠲᠠᠢ᠂ ᠦᠨᠦᠴᠢᠨ ᠦᠷᠦᠭᠡᠰᠦᠨ ᠶᠤᠮ ᠦᠦ ᠡᠴᠢᠭᠡ ᠡᠬᠡ ᠨᠢ ᠤᠷᠤᠬ ᠰᠠᠯᠤᠭᠰᠠᠨ ᠬᠡᠤᠬᠡᠳ ᠢ ᠲᠠ ᠬᠠᠶᠢᠷ᠎ᠠ ᠪᠠᠷ ᠡᠩᠬᠦᠷᠡᠶᠢᠯᠡᠵᠦ᠂ ᠬᠠᠶᠠ ᠡᠬᠡ ᠶᠢᠨ ᠬᠠᠶᠢᠷ᠎ᠠ ᠪᠠᠷ ᠡᠯᠢᠭᠡᠨ ᠳᠤ ᠪᠠᠨ ᠲᠡᠪᠡᠷᠢᠵᠦ ᠪᠠᠶᠢᠪᠠᠯ ᠲᠠᠳᠠ ᠮᠠᠰᠢ ᠪᠠᠶᠠᠷᠯᠠᠵᠦ᠂ ᠰᠡᠳᠬᠢᠯ ᠰᠠᠨᠠᠭ᠎ᠠ ᠨᠢ ᠲᠠᠶᠢᠪᠣᠰᠢᠷᠠᠵᠦ᠂ ᠦᠵᠡᠯ ᠪᠤᠳᠤᠯ ᠨᠢ ᠴᠦ ᠦᠭᠡᠳᠡᠷᠬᠡᠭ ᠪᠤᠯᠵᠦ ︽ᠪᠢ ᠴᠢᠷᠮᠠᠶᠢᠶ᠎ᠠ᠂ ᠪᠢ ᠴᠢᠳᠠᠨ᠎ᠠ︾ ᠭᠡᠰᠡᠨ ᠪᠤᠳᠤᠯ ᠲᠠᠢ ᠪᠤᠯᠬᠤ ᠶᠠᠭᠤ ᠮᠠᠭᠠᠳ᠃      ᠳᠥᠷᠪᠡ ᠳᠤ᠂ ᠰᠤᠷᠤᠭᠴᠢ ᠶᠢᠨ ᠬᠠᠮᠢᠶᠠᠷᠤᠯᠳᠠ ᠶᠢᠨ ᠠᠵᠢᠯ ᠤᠨ ᠳᠣᠮᠳᠠ ᠠᠩᠭᠢ ᠶᠢᠨ ᠺᠠᠳ᠋ᠷ ᠤᠨ ᠢᠳᠡᠪᠬᠢ ᠬᠦᠴᠦᠨ ᠢ ᠬᠦᠢᠴᠡᠳ ᠪᠠᠳᠠᠷᠠᠭᠤᠯᠵᠦ᠂ ᠵᠣᠷᠢᠯᠭ᠎ᠠ ᠲᠠᠢ ᠪᠠᠷ ᠠᠩᠭᠢ ᠶᠢᠨ ᠺᠠᠳ᠋ᠷ ᠲᠤ ᠨᠠᠶᠢᠳᠠᠨ ᠬᠠᠮᠢᠶᠠᠷᠤᠭᠤᠯᠤᠨ᠎ᠠ᠃ ᠵᠢᠵᠢᠬᠦᠷ᠂ ᠠᠷᠢᠭᠤᠨ ᠴᠡᠪᠡᠷ ᠢ ᠪᠠᠶᠢᠴᠠᠭᠠᠬᠤ ᠵᠡᠷᠭᠡ ᠠᠵᠢᠯ ᠢ ᠠᠩᠭᠢ ᠶᠢᠨ ᠺᠠᠳ᠋ᠷ ᠢᠶᠠᠷ ᠬᠢᠯᠬᠡᠵᠦ᠂ ᠪᠠᠭᠰᠢ ᠠᠴᠠ ᠵᠢᠯᠣᠭᠤᠳᠤᠯᠭ᠎ᠠ ᠬᠢᠨ᠎ᠡ᠃ ᠡᠨᠠ ᠨᠢ ᠠᠩᠭᠢ ᠶᠢᠨ ᠺᠠᠳ᠋ᠷ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠦ᠂ ᠦᠪᠡᠷ ᠢᠶᠠᠨ ᠬᠠᠮᠢᠶᠠᠷᠤᠭᠰᠠᠨ ᠠᠴᠠ ᠢᠯᠡᠭᠦᠦ ᠦᠨᠳᠦᠷ ᠦᠷ᠎ᠠ ᠪᠦᠳᠤᠮᠵᠢ ᠲᠠᠢ ᠪᠠᠶᠢᠳᠠᠭ᠃      ᠲᠠᠪᠤ᠂ ᠰᠣᠷᠣᠭᠴᠢ ᠪᠤᠯᠭᠠᠨ ᠤ ᠳᠠᠪᠠᠭᠤᠯᠢᠭ ᠲᠠᠯ᠎ᠠ ᠶᠢ ᠢᠯᠡᠷᠡᠭᠦᠯᠦᠨ᠎ᠡ᠃ ᠰᠤᠷᠤᠯᠭ᠎ᠠ ᠳᠤ ᠪᠠᠨ ᠠᠨᠠᠢ ᠰᠤᠷᠤᠭᠴᠢᠳ ᠲᠤ ᠴᠦ ᠲᠠᠪᠠᠭᠤᠯᠢᠭ ᠲᠠᠯ᠎ᠠ ᠯᠠᠪ ᠪᠠᠶᠢᠨ᠎ᠠ᠃ ᠲᠡᠳᠡᠨ ᠤ ᠲᠠᠪᠠᠭᠤᠯᠢᠭ ᠲᠠᠯ᠎ᠠ ᠶᠢ ᠨᠢ ᠢᠯᠠᠷᠠᠭᠦᠯᠦᠨ᠂ ᠲᠡᠷᠡ ᠲᠠᠯ᠎ᠠ ᠪᠠᠷ ᠬᠦᠳᠦᠯᠦᠨ ᠳᠠᠭᠠᠭᠤᠯᠵᠦ ᠣᠷᠮ᠎ᠠ ᠵᠣᠷᠢᠭ ᠢ ᠨᠢ ᠭᠦᠭᠵᠢᠬᠡᠬᠦ ᠬᠡᠷᠡᠭᠳᠡᠢ᠃ ᠰᠤᠷᠣᠯᠭ᠎ᠠ ᠳᠤ ᠪᠠᠨ ᠠᠨᠠᠢ ᠶᠤᠮ ᠦᠦ ᠠᠯᠢᠶ᠎ᠠ ᠵᠠᠩ ᠲᠠᠢ ᠭᠡᠤᠭᠡᠳ ᠢ ᠦᠷᠬᠦᠯᠵᠢ ᠰᠢᠭᠦᠮᠵᠢᠯᠡᠭᠡᠳ ᠪᠠᠶᠢᠪᠠᠯ ᠲᠡᠷᠡ ᠲᠠᠯ᠎ᠠ ᠪᠠᠷ ᠢᠶᠠᠨ ᠤᠯᠠᠮ ᠭᠦᠭᠵᠢᠵᠦ ᠨᠡᠩ ᠠᠯᠢᠶ᠎ᠠ ᠪᠤᠯᠤᠨ᠎ᠠ᠃ ᠰᠡᠳᠬᠢᠴᠡ ᠵᠦᠢ ᠶᠢᠨ ᠦᠭᠡ ᠪᠠᠷ ᠪᠤᠯ ᠨᠢᠭᠡ ᠵᠦᠢᠯ ᠢ ᠲᠠᠬᠢᠨ ᠲᠠᠪᠳᠠᠨ ᠶᠠᠷᠢᠭᠠᠳ ᠪᠠᠶᠢᠪᠠᠯ ᠲᠡᠷᠡ ᠵᠦᠢᠯ ᠪᠡᠶᠡᠯᠡᠯ ᠢᠶᠠᠨ ᠤᠯᠤᠨ᠎ᠠ ᠭᠡᠳᠡᠭ᠃ ᠡᠶᠢᠮᠦ ᠠᠴᠠ ᠪᠢᠳᠡ ᠳᠡᠳᠡᠨ ᠤ ᠲᠤᠳᠠᠭᠳᠠᠯ ᠢ ᠲᠦᠷ ᠴᠠᠬ ᠴᠦ ᠭᠡᠰᠡᠨ ᠮᠠᠷᠳᠠᠵᠦ ᠲᠠᠪᠠᠭᠤᠯᠢᠭ ᠢ ᠨᠢ ᠢᠯᠡᠷᠡᠭᠦᠯᠭᠦ ᠬᠡᠷᠡᠭᠳᠡᠢ᠃ ᠶᠠᠭ ᠳᠠᠪᠠᠭᠤᠯᠢᠭ ᠨᠢ ᠣᠯᠳᠠᠬᠤ ᠦᠭᠡᠢ ᠪᠣᠯ ᠵᠢᠵᠢᠬᠦᠷ ᠤᠨ ᠲᠠᠷᠤᠭ᠎ᠠ ᠴᠦ ᠭᠡᠰᠡᠨ ᠪᠤᠯᠭᠠᠴᠢᠬ᠎ᠠ᠂ ᠲᠡᠷᠡ ᠲᠠᠷᠤᠭ᠎ᠠ ᠪᠤᠯᠪᠠᠯ ᠬᠠᠷᠢᠭᠤᠴᠠᠯᠭ᠎ᠠ ᠭᠡᠳᠡᠭ ᠢ ᠲᠠᠨᠢᠵᠤ ᠪᠠᠭ᠎ᠠ ᠴᠦ ᠭᠡᠰᠡᠨ ᠵᠤᠷᠢᠬᠵᠢᠭᠤᠯᠤᠯ ᠪᠤᠯᠬᠤ ᠪᠢᠰᠢᠤ᠃ ᠢᠩᠬᠢᠭᠰᠡᠨ ᠤ ᠲᠠᠷᠠᠭ᠎ᠠ ᠲᠡᠬᠦᠨ ᠤ ᠡᠨᠡ ᠬᠦ ᠲᠠᠪᠰᠢᠯᠲᠠ ᠶᠢ ᠪᠠᠷᠢᠵᠦ ᠮᠠᠭᠳᠠᠨ ᠵᠤᠷᠢᠬᠵᠢᠭᠤᠯᠪᠠᠯ ᠲᠠᠬᠦᠨ ᠢ ᠯᠠᠪᠲᠠᠢ ᠦᠬᠡᠳᠡ ᠨᠢ ᠳᠠᠳᠠᠵᠦ ᠲᠠᠶᠢᠯᠦᠨ᠎ᠠ᠃      ᠵᠢᠷᠭᠤᠭ᠎ᠠ᠂ ᠰᠤᠷᠤᠭᠴᠢ ᠶᠢᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠳᠤ ᠭᠡᠷ ᠤᠨ ᠠᠬᠠᠮᠠᠳ ᠲᠠᠢ ᠮᠠᠰᠢ ᠰᠠᠶᠢᠨ ᠬᠠᠷᠢᠴᠠᠵᠦ ᠴᠢᠳᠠᠭᠰᠠᠨ ᠪᠠᠶᠢᠬᠤ ᠭᠡᠷᠡᠭᠳᠡᠢ᠃ ︽ᠠᠪᠤ ᠶᠢᠨ ᠬᠦᠦ ᠠᠳᠠᠯᠢ ᠦᠭᠡᠢ᠂ ᠠᠷᠪᠠᠨ ᠬᠤᠷᠤᠭᠤ ᠲᠡᠭᠰᠢ ᠦᠭᠡᠢ︾ ᠭᠡᠳᠡᠭᠴᠢᠯᠡᠨ ᠠᠶᠢᠯ ᠪᠤᠯᠭᠠᠨ ᠤ ᠠᠵᠦ ᠤᠨᠳᠤᠷᠤᠯᠭ᠎ᠠ ᠠᠴᠠ ᠡᠬᠢᠯᠡᠬᠡᠳ ᠵᠠᠩ ᠠᠷᠠᠨᠰᠢᠨ᠂ ᠶᠤᠰᠤ ᠵᠠᠩᠰᠢᠯ᠂ ᠰᠤᠷᠳᠡᠯ ᠰᠤᠷᠭᠠᠯ ᠵᠡᠷᠭᠡ ᠴᠦᠮ ᠠᠳᠠᠯᠢ ᠦᠭᠡᠢ ᠪᠠᠶᠢᠳᠠᠭ᠃ ᠡᠶᠢᠮᠦ ᠠᠴᠠ ᠠᠩᠭᠢ ᠶᠢᠨ ᠡᠷᠬᠢᠯᠡᠭᠴᠢ ᠪᠤᠯᠤᠭᠰᠠᠳ ᠭᠡᠷ ᠤᠨ ᠠᠬᠠᠮᠠᠳ ᠲᠠᠢ ᠮᠠᠰᠢ ᠰᠠᠶᠢᠨ ᠬᠠᠷᠢᠴᠠᠵᠦ᠂ ᠬᠡᠣᠬᠡᠳ ᠪᠤᠯᠭᠠᠨ ᠤ ᠭᠡᠷ ᠪᠦᠯᠢ ᠶᠢᠨ ᠪᠠᠶᠢᠳᠠᠯ ᠢ ᠨᠠᠪᠳᠡ ᠤᠶᠢᠯᠠᠭᠠᠨ ᠭᠡᠷ ᠤᠨ ᠠᠬᠠᠮᠠᠳ ᠪᠤᠯᠭᠠᠨ ᠤ ᠤᠨᠴᠠᠯᠢᠭ ᠲᠤ ᠨᠢ ᠲᠤᠬᠢᠷᠠᠭᠤᠯᠤᠨ ᠬᠡᠤᠬᠡᠳ ᠢ ᠠᠳᠠᠯᠢ ᠪᠤᠰᠤ ᠪᠠᠷ ᠬᠦᠮᠦᠵᠢᠬᠦᠯᠬᠦ ᠭᠡᠷᠡᠭᠳᠡᠢ᠃ ᠰᠤᠷᠤᠭᠴᠢᠳ ᠤᠨ ᠭᠡᠷ ᠤᠨ ᠠᠬᠠᠮᠠᠳ ᠲᠠᠢ ᠡᠪ ᠨᠠᠶᠢᠷᠳᠠᠢ ᠬᠠᠷᠢᠴᠠᠭ᠎ᠠ ᠶᠢ ᠪᠤᠢ ᠪᠤᠯᠭᠠᠵᠦ᠂ ᠲᠡᠳᠡᠨ ᠢ ᠰᠠᠶᠢᠨ ᠳᠤᠷ᠎ᠠ ᠠᠴᠠ ᠪᠠᠨ ᠲᠠᠨ ᠤ ᠠᠵᠢᠯ ᠢ ᠲᠡᠮᠵᠢᠬᠦᠯᠭᠦ ᠪᠠᠷ ᠴᠢᠷᠮᠠᠶᠢᠬᠤ ᠭᠡᠷᠡᠭᠳᠡᠢ᠃          ᠬᠠᠶ᠋ᠢᠬ᠄ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ                                 ︵ᠴ᠊ · ᠲᠤᠭᠳᠠᠭᠤᠨ ᠨᠠᠶᠢᠷᠠᠭᠤᠯᠪᠠ︶                                   8 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map