ᠨᠠᠢᠮᠠᠨ ᠬᠤᠰᠢᠭᠤᠨ ᠤ ᡁᠢ ᠠᠨ ᠪᠠᠯᠭᠠᠰᠥᠨ ᠤ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠲᠡᠦᠬᠡᠨ ᠮᠦᠷ
ᠨᠡᠶᠢᠲᠡᠯᠡᠭᠰᠡᠨ ᠴᠠᠭ᠄
2020/4/9
                                  ᠬᠠᠷᠠᠪᠠᠷᠰ      ᠨᠠᠢᠮᠠᠨ ᠬᠤᠰᠢᠭᠤᠨ ᠤ ᡁᠢ ᠠᠨ ᠪᠠᠯᠭᠠᠰᠣᠨ ᠤ ᠵᠡᠭᠦᠨ ᠬᠤᠯᠣᠰᠣᠲᠠᠢ ᠭᠠᠴᠠᠭ᠎ᠠ ᠪᠣᠯ ᠡᠮᠦᠨᠡᠭᠦᠷ ᠢᠶᠠᠨ ᠬᠦᠷᠢᠶ᠎ᠡ ᠬᠤᠰᠢᠭᠤ ᠲᠠᠢ ᠬᠦᠷᠰᠢᠯᠡᠵᠦ᠂ ᠵᠡᠭᠦᠨ ᠲᠠᠯ᠎ᠠ ᠪᠠᠷ ᠢᠶᠠᠨ ᠬᠤᠷᠴᠢᠨ ᠵᠡᠭᠦᠨ ᠭᠠᠷᠣᠨ ᠬᠤᠶᠢᠲᠣ ᠬᠤᠰᠢᠭᠤ ︵ᠣᠣᠯ ᠨᠢ ᠪᠢᠩᠳᠦ ᠬᠤᠰᠢᠭᠤ︶ ᠲᠠᠢ ᠵᠠᠯᠭᠠᠯᠳᠣᠵᠣ᠂ ᠵᠡᠭᠦᠨ ᠬᠤᠶᠢᠲᠣ ᠲᠠᠯ᠎ᠠ ᠪᠠᠷ ᠢᠶᠠᠨ ᠺᠠᠶᠢᠯᠦ ᠰᠢᠶᠠᠨ ︵ᠣᠣᠯ ᠨᠢ ᠳᠠᠷᠬᠠᠨ ᠬᠤᠰᠢᠭᠤ︶ ᠲᠠᠢ ᠵᠠᠬ᠎ᠠ ᠨᠡᠶᠢᠯᠡᠭᠰᠡᠨ᠂ ᠠᠷᠣ ᠲᠠᠯ᠎ᠠ ᠪᠠᠷ ᠢᠶᠠᠨ ᠢᠭᠴᠣ ᠵᠣᠵᠠᠭᠠᠨ ᠬᠠᠶᠢᠯᠠᠰᠣᠨ ᠲᠦᠩ ᠢᠶᠠᠷ ᠲᠦᠰᠢᠯᠭᠡ ᠪᠣᠯᠭᠠᠵᠣ᠂ ᠡᠮᠦᠨᠡᠭᠦᠷ ᠢᠶᠠᠨ ᠪᠤᠯᠠᠭ ᠪᠤᠷᠭᠢᠯᠵᠣ ᠭᠤᠷᠤᠬ᠎ᠠ ᠤᠷᠤᠰᠤᠭᠰᠠᠨ᠂ ᠲᠡᠭᠡᠷ᠎ᠡ ᠲᠣᠣᠷ᠎ᠠ ᠪᠣᠯᠠᠭ ᠭᠡᠭᠴᠢ ᠬᠤᠶᠠᠷ ᠲᠣᠮᠣ ᠨᠠᠭᠤᠷ ᠲᠣᠭᠤᠷᠢᠮ ᠳᠤ ᠨᠢ ᠨᠡᠶᠢᠳᠡᠮ ᠳᠤ ᠪᠠᠨ ᠬᠤᠯᠣᠰᠣ ᠣᠷᠭᠤᠵᠣ ᠨᠣᠳᠤᠭ ᠢᠶᠠᠨ ᠴᠢᠮᠡᠳᠡᠭ ᠪᠠᠶᠢᠭᠰᠠᠨ ᠠᠴᠠ ᠡᠨᠡ ᠨᠣᠳᠤᠭ ᠨᠢ ︽ᠵᠡᠬᠦᠨ ᠬᠤᠯᠣᠰᠣᠲᠠᠢ︾ ᠭᠡᠳᠡᠭ ᠰᠠᠶᠢᠬᠠᠨ ᠨᠡᠷᠡᠶᠢᠳᠣᠯ ᠲᠠᠢ ᠪᠣᠯᠣᠭᠰᠠᠨ  ᠶᠣᠮ᠃      ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠨᠢ ᠬᠤᠷᠢᠳᠣᠭᠠᠷ ᠵᠠᠭᠤᠨ ᠤ ᠳᠦᠴᠢᠭᠡᠳ ᠣᠨ ᠤ ᠡᠬᠢᠨ ᠤ ᠦᠶ᠎ᠡ ᠪᠠᠷ ᠴᠠᠭ ᠲᠦᠷᠦ ᠶᠢᠨ ᠣᠷᠤᠭ᠎ᠠ ᠪᠣᠰᠬᠠᠭ᠎ᠠ ᠪᠠᠶᠢᠳᠠᠯ ᠲᠤᠤᠷ᠎ᠠ ᠰᠦᠮ᠎ᠡ ᠬᠡᠶᠢᠳ ᠢ ᠦᠭᠡᠶᠢᠰᠬᠡᠭᠰᠡᠨ ᠤ ᠳᠠᠷᠠᠭ᠎ᠠ ᠵᠡᠭᠦᠨ ᠬᠤᠯᠣᠰᠣᠲᠠᠢ ᠭᠠᠴᠠᠭᠠᠨ ᠤ ᠰᠡᠭᠡᠭᠡᠷᠡᠭᠰᠡᠨ ᠵᠠᠯᠠᠭᠤᠴᠤᠳ ᠠᠴᠠ ᠬᠤᠯᠣᠰᠣᠲᠠᠢ ᠶᠢᠨ ᠰᠦᠮ᠎ᠡ ᠶᠢᠨ ᠯᠠᠮᠠ ᠭᠠᠷᠣᠯ ᠲᠠᠢ ᠮᠣᠩᠭᠤᠯ ᠪᠢᠴᠢᠭᠲᠡᠨ ᠷᠢᠨᠴᠢᠨᠨᠢᠩᠪᠦ᠂ ᠯᠣᠷᠣᠢ ᠪᠣᠯᠣᠨ ᠴᠠᠭᠠᠨᠨᠠᠭᠤᠷ ᠨᠣᠳᠤᠭ ᠲᠠᠢ ᠬᠠᠰᠪᠠᠭᠠᠳᠣᠷ ᠵᠡᠷᠭᠡ ᠪᠠᠭᠰᠢ ᠨᠠᠷ ᠢ ᠣᠷᠢᠵᠣ ᠬᠤᠯᠣᠰᠣᠲᠠᠢ ᠶᠢᠨ ᠰᠦᠮ᠎ᠡ ᠶᠢᠨ ᠬᠠᠮᠤᠭ ᠰᠡᠭᠦᠯᠴᠢ ᠶᠢᠨ ᠰᠦᠮ᠎ᠡ ᠪᠣᠯᠬᠤ ︽ᠭᠦᠨ ᠬᠤᠳᠳᠤᠭ ᠤᠨ ᠰᠦᠮ᠎ᠡ︾ ᠶᠢᠨ ᠬᠤᠪᠢᠯᠭᠠᠨ ᠯᠠᠮᠠ ᠶᠢᠨ ᠣᠷᠳᠣᠨ ᠤ ᠭᠡᠷ ᠲᠤ ᠴᠠᠭᠠᠠᠠᠷᠰᠯᠠᠨ᠂ ᠵᠢᠭᠮᠡᠳᠳᠤᠷᠵᠢ᠂ ᠬᠠᠰᠪᠠᠭᠠᠳᠣᠷ ᠁ ᠵᠡᠷᠭᠡ ᠬᠤᠷᠢ ᠭᠠᠷᠣᠢ ᠰᠣᠷᠣᠭᠴᠢ ᠲᠠᠢ ᠬᠠᠮᠤᠭ ᠤᠨ ᠠᠩᠬᠠᠨ ᠤ ᠠᠷᠠᠳ ᠠᠴᠠ ᠡᠷᠬᠢᠯᠡᠭᠰᠡᠨ ᠰᠣᠷᠭᠠᠭᠤᠯᠢ ᠪᠤᠯᠵᠤ ᠪᠠᠶᠢᠭᠤᠯᠣᠭᠳᠠᠭᠰᠠᠨ ᠪᠠᠶᠢᠨ᠎ᠠ᠃      ᠲᠣᠬᠠᠢ ᠶᠢᠨ ᠦᠶ᠎ᠡ ᠶᠢᠨ ᠲᠦᠯᠦᠭᠡᠯᠡᠬᠦ ᠴᠢᠨᠠᠷ ᠲᠠᠢ ᠵᠢᠭᠠᠨ ᠰᠣᠷᠭᠠᠬᠤ ᠠᠷᠭ᠎ᠠ ᠨᠢ ︽ᠬᠤᠭᠤᠯᠠᠢ ᠨᠡᠶᠢᠯᠡᠭᠦᠯᠦᠨ ᠬᠠᠮᠳᠣ ᠪᠠᠷ ᠣᠩᠰᠢᠬᠤ᠂ ᠬᠠᠪᠳᠠᠰᠣ ᠮᠣᠳᠣ ᠪᠠᠷ ᠠᠯᠠᠭ᠎ᠠ ᠳᠠᠪᠰᠢᠬᠤ︾ ᠪᠠᠶᠢᠵᠤ᠂ ᠵᠢᠭᠠᠨ ᠰᠣᠷᠭᠠᠬᠤ ᠠᠭᠤᠯᠭ᠎ᠠ ᠬᠢᠭᠡᠳ ᠪᠠᠭᠠᠵᠢ ᠭᠡᠪᠡᠯ ︽ᠰᠣᠷᠬᠤ ᠪᠢᠴᠢᠭ ᠪᠠᠶᠢᠬᠤ ᠦᠭᠡᠢ᠂ ᠪᠠᠭᠰᠢ ᠠᠴᠠ ᠲᠦᠰᠦᠪ ᠢᠶᠠᠨ ᠲᠣᠭᠲᠠᠭᠠᠨ ᠲᠦᠷ ᠨᠠᠶᠢᠷᠠᠭᠤᠯᠣᠨ᠎ᠠ᠂ ᠪᠢᠷ ᠴᠠᠭᠠᠰᠣ ᠪᠠᠶᠢᠬᠤ ᠦᠭᠡᠢ᠂ ᠮᠣᠳᠣᠨ ᠬᠠᠪᠳᠠᠰᠣ ᠶᠢ ᠭᠦᠯᠢᠭᠡᠷ ᠬᠠᠷᠣᠭᠤᠯᠳᠠᠵᠣ ᠳᠠᠬᠢᠨ ᠣᠯᠣᠰᠣᠨ ᠲᠣᠰᠣ᠂ ᠡᠰᠡᠭᠦᠯ᠎ᠡ ᠡᠷᠡᠨᠳᠡ ᠶᠢᠨ ᠲᠣᠰᠣ ᠶᠢ ᠲᠦᠷᠬᠢᠵᠦ ᠳᠠᠬᠢᠨ ᠳᠡᠭᠡᠷ᠎ᠡ ᠨᠢ ᠦᠨᠡᠰᠦ ᠰᠠᠴᠣᠨ ᠴᠠᠭᠠᠰᠣ ᠶᠢ ᠣᠷᠣᠯᠠᠭᠤᠯᠣᠨ᠂ ᠮᠣᠳᠣ ᠶᠢ ᠵᠣᠷᠭᠤᠨ ᠪᠢᠷ ᠪᠣᠯᠭᠠᠵᠣ ᠦᠰᠦᠭ ᠪᠢᠴᠢᠭ ᠪᠢᠴᠢᠵᠦ ᠰᠣᠷᠳᠠᠭ    ᠪᠠᠶᠢᠵᠠᠢ︾᠃      1947 ᠣᠨ ᠳᠤ ᠳᠣᠮᠳᠠᠳᠣ ᠣᠯᠣᠰ ᠤᠨ ᠡᠪ ᠬᠠᠮᠳᠣ ᠨᠠᠮ ᠤᠨ ᠣᠳᠣᠷᠢᠳᠣᠯᠭ᠎ᠠ ᠳᠣᠣᠷᠠᠬᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠭᠤᠯᠣᠭᠳᠠᠭᠰᠠᠨ ᠤ ᠳᠠᠷᠠᠭ᠎ᠠ ᠨᠠᠢᠮᠠᠨ ᠬᠤᠰᠢᠭᠤᠨ ᠤ ᡁᠢ ᠠᠨ ᠪᠠᠯᠭᠠᠰᠣᠨ ᠤ ᠡᠮᠦᠨ᠎ᠡ ᠬᠡᠰᠡᠭ ᠤᠨ ᠵᠢᠷᠭᠤᠭᠠᠨ ᠠᠶᠢᠯ ᠢ ᠨᠢᠭᠡ ᠭᠠᠴᠠᠭ᠎ᠠ ᠪᠣᠯᠭᠠᠨ ᠴᠠᠭᠠᠨᠨᠠᠭᠤᠷ ᠭᠠᠴᠠᠭ᠎ᠠ ᠭᠡᠵᠦ ᠨᠡᠷᠡᠯᠡᠭᠡᠳ᠂ 1948 ᠣᠨ‌‍ᠳᠤ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠨᠢ ᠴᠠᠭᠠᠨᠨᠠᠭᠤᠷ ᠭᠠᠴᠠᠭᠠᠨ ᠤ ᠰᠣᠷᠭᠠᠭᠤᠯᠢ ᠪᠣᠯᠣᠨ ᠦᠭᠡᠷᠡᠴᠢᠯᠡᠭᠳᠡᠵᠦ ᠵᠢᠩᠬᠢᠨᠢ ᠪᠠᠷ ᠠᠯᠪᠠᠨ ᠠᠴᠠ ᠡᠷᠬᠢᠯᠡᠭᠰᠡᠨ ᠪᠦᠬᠦᠯᠢ ᠡᠳᠦᠷ ᠤᠨ ᠳᠦᠷᠪᠡᠨ ᠵᠢᠯ ᠤᠨ ᠳᠦᠷᠢᠮᠲᠦ ᠴᠣᠯᠣ ᠮᠣᠩᠭᠤᠯ ᠢᠶᠠᠷ ᠬᠢᠴᠢᠶᠡᠯᠯᠡᠬᠦ ᠡᠩ ᠤᠨ ᠪᠠᠭ᠎ᠠ ᠰᠣᠷᠭᠠᠭᠤᠯᠢ ᠪᠣᠯᠵᠣ᠂ ᠠᠯᠪᠠᠨ ᠶᠣᠰᠣᠭᠠᠷ ᠵᠡᠭᠦᠨ ᠬᠤᠯᠣᠰᠣᠲᠠᠢ᠂ ᠴᠠᠭᠠᠨᠨᠠᠭᠤᠷ᠂ ᠰᠢᠪᠠᠷᠨᠠᠭᠤᠷ᠂ ᠮᠠᠨᠳᠠᠯᠳᠣ᠂ ᠮᠠᠩᠬᠠᠠ ᠠᠶᠢᠯ᠂ ᠪᠠᠷᠠᠭᠤᠨ ᠬᠤᠯᠣᠰᠣᠲᠠᠢ᠂ ᠶᠣᠣ ᠶᠢᠨ ᠠᠶᠢᠯ ᠵᠡᠷᠭᠡ ᠳᠣᠯᠣᠭᠠᠨ ᠠᠶᠢᠯ ᠤᠨ ᠰᠣᠷᠣᠭᠴᠢ ᠶᠢ ᠡᠯᠰᠡᠵᠣ ᠵᠢᠶᠠᠰᠠᠨ ᠬᠤᠭᠤᠯᠠᠢ ᠨᠣᠳᠤᠭ ᠲᠠᠢ ᠸᠴᠢᠷ᠂ ᠲᠣᠳᠤᠬᠢ ︵ᠪᠣᠣ ᠳ᠋ᠧ ᠯᠢᠩ︶ ᠬᠤᠶᠠᠷ ᠪᠠᠭᠰᠢ ᠶᠢ ᠲᠣᠬᠢᠷᠠᠭᠤᠯᠵᠣ ᠰᠢᠨ᠎ᠡ ᠴᠠᠭ ᠦᠶ᠎ᠡ ᠶᠢᠨ ᠠᠩᠬᠠᠨ ᠤ ᠰᠣᠷᠭᠠᠭᠤᠯᠢ ᠶᠢᠨ ᠬᠤᠩᠬᠤᠨ ᠳᠠᠭᠤᠨ ᠢᠶᠠᠨ ᠡᠬᠢᠯᠡᠨ ᠲᠠᠭᠤᠷᠢᠰᠣᠭᠤᠯᠵᠡᠢ᠃      1948~1965 ᠣᠨ᠂ ᠳᠠᠷᠣᠢ ︽ᠰᠣᠶᠣᠯ ᠤᠨ ᠶᠡᠭᠡ ᠬᠤᠪᠢᠰᠬᠠᠯ︾ ᠡᠬᠢᠯᠡᠬᠦ ᠪᠣᠯᠲᠠᠯᠠᠬᠢ ᠬᠤᠭᠤᠴᠠᠭᠠᠨ ᠳᠤ ᠵᠡᠭᠦᠨ ᠬᠤᠯᠣᠰᠣᠲᠠᠢ ᠰᠣᠷᠭᠠᠭᠤᠯᠢ ᠨᠢ 70 ᠭᠠᠷᠣᠢ ᠰᠣᠷᠣᠭᠴᠢ ᠲᠠᠢ ᠲᠠᠪᠣᠨ ᠵᠢᠯ ᠤᠨ ᠳᠦᠷᠢᠮᠳᠦ ᠪᠦᠷᠢᠨ ᠪᠠᠭ᠎ᠠ ᠰᠣᠷᠭᠠᠭᠤᠯᠢ ᠪᠣᠯᠵᠣ ᠬᠦᠭᠵᠢᠨ ᠪᠣᠵᠠᠭᠠᠶᠢᠷᠠᠭᠰᠠᠨ ᠪᠠᠶᠢᠪᠠ᠃ ᠡᠨᠡ ᠬᠤᠭᠤᠴᠠᠭᠠᠨ ᠳᠤ ᠲᠣᠰ ᠰᠣᠷᠭᠠᠭᠤᠯᠢ ᠳᠤ ᠠᠵᠢᠯᠯᠠᠵᠣ ᠦᠩᠭᠡᠷᠡᠭᠰᠡᠨ ᠪᠠᠭᠰᠢ ᠨᠠᠷ ᠢ ᠣᠨ ᠳᠠᠷᠠᠭᠠᠯᠠᠨ ᠪᠦᠷᠢᠳᠭᠡᠪᠡᠯ᠄ ᠷᠢᠨᠴᠢᠨᠨᠢᠩᠪᠦ ︵1945~1948 ᠣᠨ︶ ︵ᠭᠦᠨ ᠬᠤᠳᠳᠤᠭ ᠤᠨ ᠰᠦᠮ᠎ᠡ ᠶᠢᠨ ᠯᠠᠮ᠎ᠠ ᠭᠠᠷᠣᠯᠲᠠᠢ︶᠂ ᠯᠣᠷᠣᠢ ︵1945~1949 ᠣᠨ︶ ︵ᠯᠠᠮᠠ ᠭᠠᠷᠣᠯᠲᠠᠢ︶᠂ ᠬᠠᠰᠪᠠᠭᠠᠳᠣᠷ ︵1945~1949 ᠣᠨ︶ ︵ᠴᠠᠭᠠᠨᠨᠠᠭᠤᠷ ᠨᠤᠲᠤᠭ ᠲᠠᠢ︶᠂ ᠸᠴᠢᠷ ︵1948~1950 ᠣᠨ︶ ︵ᠵᠢᠶᠠᠰᠠᠨ ᠬᠤᠭᠤᠯᠠᠢ ᠨᠣᠳᠤᠭ ᠲᠠᠢ︶᠂ ᠲᠣᠳᠣᠭᠢ ︵ᠪᠣᠣ ᠳ᠋ᠧ ᠯᠢᠩ︶ ︵1948~1950 ᠣᠨ︶ ︵ᠵᠢᠶᠠᠰᠡᠨ ᠬᠤᠭᠤᠯᠠᠢ ᠨᠣᠲᠤᠭ ᠲᠠᠢ︶᠂ ᠶᠢᠨ ᠴᠠᠩ ᠯᠢᠩ ︵1951~1953 ᠣᠨ︶ ︵ᠬᠠᠷᠢᠶᠠᠳᠣ ᠨᠣᠳᠤᠭ ᠲᠠᠢ︶᠂ ᠲᠣᠶ᠋ᠢᠨᠢᠩᠪᠦ ︵1952~1953 ᠣᠨ︶ ︵ᠰᠦᠳᠡᠨ ᠨᠤᠲᠤᠭ ᠲᠠᠢ︶᠂ ᠭᠠᠩᠰᠦ᠋ᠬᠡ ︵1953~1954 ᠣᠨ︶ ︵ᠮᠠᠩᠬᠠᠨ ᠠᠶᠢᠯ ᠨᠤᠲᠤᠭ ᠲᠠᠢ︶᠂ ᠳᠡᠮᠪᠡᠷᠢᠯ ︵1954~1955 ᠣᠨ︶ ︵ᠪᠠᠭ᠎ᠠ ᠲᠣᠵᠢᠪᠠᠢ ᠨᠤᠲᠤᠭ ᠲᠠᠢ︶᠂ ᠮᠢᠩᠭᠠᠨᠪᠠᠶᠠᠷ ︵1954~1956 ᠣᠨ︶ ︵ᠮᠠᠩᠬᠢᠰᠣᠳᠠᠢ ᠨᠣᠳᠤᠭ ᠲᠠᠢ︶᠂ ᠷᠠᠰᠢᠵᠠᠮᠰᠣ ︵1954~1955 ᠣᠨ︶ ︵ᠵᠡᠭᠦᠨ ᠬᠤᠯᠤᠰᠤᠲᠠᠢ ᠨᠣᠳᠤᠭ ᠲᠠᠢ︶᠂ ᠴᠢᠯᠠᠭᠤᠨᠪᠠᠭᠠᠳᠣᠷ ︵1955~1956 ᠣᠨ︶ ︵ᠰᠠᠷᠠ ᠶᠢᠨ ᠠᠷᠤ ᠨᠣᠳᠤᠭ ᠲᠠᠢ︶᠂ ᠰᠣᠳᠪᠠ ︵1955~1956 ᠣᠨ︶ ︵ᠲᠤᠵᠢᠪᠠᠢ ᠨᠤᠲᠤᠭ ᠲᠠᠢ︶᠂ ᠯᠢᠶᠠᠩ ᠪᠠᠯᠳᠠᠨ ︵1957~1959 ᠣᠨ︶ ︵ᠪᠣᠷᠤ ᠬᠤᠰᠢᠭᠤ ᠨᠣᠳᠤᠭ ᠲᠠᠢ︶᠂ ᠷᠠᠰᠢᠳᠣᠷᠵᠢ ︵1956~1957 ᠣᠨ︶ ︵ᠵᠡᠭᠦᠨ ᠬᠤᠯᠤᠰᠤᠲᠠᠢ ᠨᠣᠳᠤᠭ ᠲᠠᠢ︶᠂ ᠲᠣᠷᠵᠢ ︵1957~1958 ᠣᠨ︶ ︵ᠵᠡᠭᠦᠨ ᠬᠤᠯᠤᠰᠤᠲᠠᠢ ᠨᠣᠳᠤᠭ ᠲᠠᠢ︶᠂ ᠮᠠᠨᠢᠪᠠᠳᠠᠷ᠎ᠠ ︵1959~1961 ᠣᠨ︶ ︵ᠮᠠᠨᠳᠠᠯᠲᠣ ᠨᠣᠳᠤᠭ ᠲᠠᠢ︶᠂ ᠪᠦᠬᠡᠬᠠᠳᠠ ︵1959~1960 ᠣᠨ︶ ︵ᠵᠠᠩᠭᠤᠲᠠᠢ ᠨᠣᠳᠤᠭ ᠲᠠᠢ︶᠂ ᠵᠣᠣ ᠸᠧᠨ ᠱᠠᠨ ︵1961~63 ᠣᠨ︶ ︵ᠰᠢᠪᠠᠷᠨᠠᠭᠤᠷ ᠨᠣᠳᠤᠭ ᠲᠠᠢ︶᠂ ᠵᠣᠭᠰᠣᠭᠠᠯ ︵1961~1962︶ ᠣᠨ ︵ᠰᠢᠪᠠᠷᠨᠠᠭᠤᠷ ᠨᠣᠳᠤᠭ ᠲᠠᠢ︶᠂ ᠵᠢᠮᠪᠠ ︵1960~1963 ᠣᠨ︶ ︵ᠵᠡᠬᠦᠨ ᠬᠤᠯᠣᠰᠣᠳᠠᠢ ᠨᠣᠳᠤᠭ ᠲᠠᠢ︶᠂ ᠬᠦᠷᠡᠯᠵᠠᠭᠠᠨ᠎ᠠ ︵1960~1964 ᠣᠨ︶ ︵ᠵᠡᠬᠦᠨ ᠬᠤᠯᠣᠰᠣᠳᠠᠢ ᠨᠣᠳᠤᠭ ᠲᠠᠢ︶᠂ ᠯᠠᠨ ᠵᠢᠶᠠᠩ ︵1962~1963 ᠣᠨ ︶ ︵ᡁᠢ ᠠᠨ ᠪᠠᠯᠭᠠᠰᠣᠨ‌‍ᠤ ᠬᠢᠳᠠᠳ ᠭᠠᠷᠣᠯ ᠲᠠᠢ ᠮᠣᠩᠭᠤᠯ ᠪᠢᠴᠢᠭᠲᠡᠨ︶᠂ ᠲᠠᠮᠦᠵᠠᠪ ︵1963~1965 ᠣᠨ ︶ ︵ᠸᠠᠩ ᠤᠨ ᠬᠤᠷᠢᠶ᠎ᠠ ᠨᠣᠳᠤᠭ ᠲᠠᠢ︶᠂ ᠬᠦᠦᠳᠠᠭᠤᠯᠠ ︵1964︶ ᠣᠨ᠂ ᠷᠢᠨᠴᠢᠨᠳᠣᠷᠵᠢ ︵1964~1966︶ ᠣᠨ ︵ᠬᠠᠭᠠᠰ ᠡᠳᠦᠷ ᠬᠢᠴᠢᠶᠡᠯᠯᠡᠵᠣ ᠬᠠᠭᠠᠰ ᠡᠳᠦᠷ ᠬᠦᠳᠡᠯᠮᠦᠷᠢᠯᠡᠬᠦ ᠠᠩᠭᠢ ᠶᠢᠨ ᠪᠠᠭᠰᠢ︶ ︵ᠵᠡᠬᠦᠨ ᠬᠤᠯᠣᠰᠣᠳᠠᠢ ᠨᠣᠳᠤᠭ ᠲᠠᠢ︶᠂ ᠶᠧᠰᠢ  ︵1964~1966︶ ᠣᠨ ︵ᠬᠠᠭᠠᠰ ᠡᠳᠦᠷ ᠬᠢᠴᠢᠶᠡᠯᠯᠡᠵᠣ ᠬᠠᠭᠠᠰ ᠡᠳᠦᠷ ᠬᠦᠳᠡᠯᠮᠦᠷᠢᠯᠡᠬᠦ ᠠᠩᠭᠢ ᠶᠢᠨ ᠪᠠᠭᠰᠢ︶ ︵ᠵᠡᠬᠦᠨ ᠬᠤᠯᠣᠰᠣᠳᠠᠢ ᠨᠣᠳᠤᠭ ᠲᠠᠢ︶᠃ ᠡᠳᠡᠭᠡᠷ ᠪᠠᠭᠰᠢ ᠨᠠᠷ ᠣᠷᠢᠳ ᠬᠤᠵᠢᠳ ᠵᠡᠭᠦᠨ ᠬᠤᠯᠣᠰᠣᠲᠠᠢ ᠶᠢᠨ ᠰᠣᠷᠭᠠᠭᠤᠯᠢ ᠳᠤ ᠠᠵᠢᠯᠯᠠᠨ ᠵᠡᠬᠦᠨ ᠬᠤᠯᠣᠰᠣᠲᠠᠢ ᠭᠠᠴᠠᠭᠠᠨ ᠤ ᠰᠣᠷᠭᠠᠨ ᠬᠦᠮᠦᠵᠢᠯ ᠤᠨ ᠦᠢᠯᠡᠰ ᠲᠤ ᠦᠪᠡᠷ ᠦᠪᠡᠷ ᠤᠨ ᠣᠶᠣᠨ ᠣᠬᠠᠭᠠᠨ ᠬᠦᠴᠦᠨ ᠴᠢᠳᠠᠯ ᠢᠶᠠᠨ ᠡᠷᠭᠦᠭᠰᠡᠨ ᠪᠦᠭᠡᠳ ᠮᠠᠰᠢ ᠣᠯᠠᠨ ᠴᠢᠳᠠᠪᠣᠷᠢᠲᠠᠨ ᠢ ᠬᠦᠮᠦᠵᠢᠬᠦᠯᠦᠨ᠂ ᠳᠣᠮᠳᠠ ᠵᠡᠷᠭᠡ ᠶᠢᠨ ᠲᠣᠰᠬᠠᠢ ᠮᠡᠷᠬᠡᠵᠢᠯ ᠤᠨ ᠰᠣᠷᠭᠠᠭᠤᠯᠢ ᠪᠣᠯᠣᠨ ᠶᠡᠭᠡ ᠳᠡᠭᠡᠳᠦ ᠰᠣᠷᠭᠠᠭᠤᠯᠢ ᠳᠤ ᠲᠡᠪᠰᠢᠬᠦ ᠳᠤ ᠨᠢ ᠠᠩᠬᠠᠨ ᠤ ᠰᠠᠭᠤᠷᠢ ᠶᠢ ᠲᠠᠯᠪᠢᠵᠤ ᠦᠭᠭᠦᠭᠰᠡᠨ ᠪᠠᠶᠢᠨ᠎ᠠ᠃ ᠡᠳᠡᠭᠡᠷ ᠰᠣᠷᠣᠭᠴᠢᠳ ᠤᠨ ᠳᠣᠲᠣᠷ᠎ᠠ ᠠᠴᠠ ᠲᠦᠯᠦᠭᠡᠯᠡᠬᠦ ᠴᠢᠨᠠᠷ ᠲᠠᠢ ᠬᠡᠳᠦ ᠶᠢ ᠨᠢ ᠳᠣᠷᠠᠳᠪᠠᠯ᠄      ᠮᠧᠳᠡᠭ᠂ ᠴᠣᠭᠳᠣ᠂ ᠶᠢᠨ ᠰᠢᠶᠣᠣ᠂ ᠭᠡᠪᠡᠨᠢᠩᠪᠦ ᠪᠤᠯ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠪᠠᠶᠢᠭᠤᠯᠣᠭᠳᠠᠭᠰᠠᠨ ᠤ ᠳᠠᠷᠠᠭ᠎ᠠ ᠬᠠᠮᠤᠭ ᠤᠨ ᠠᠩᠬᠠᠨ ᠤ ᠣᠯᠣᠰ ᠤᠨ ᠰᠢᠯᠭᠠᠯᠳᠠ ᠪᠠᠷ ᠳᠠᠮᠵᠢᠨ ᠳᠣᠮᠳᠠ ᠵᠡᠷᠭᠡ ᠶᠢᠨ ᠲᠣᠰᠬᠠᠢ ᠮᠡᠷᠭᠡᠵᠢᠯ ᠤᠨ ᠰᠣᠷᠭᠠᠭᠤᠯᠢ ᠳᠤ ᠰᠣᠷᠣᠯᠴᠠᠭᠰᠠᠨ ᠰᠡᠭᠡᠭᠡᠳᠡᠳ ᠪᠤᠯᠬᠤ ᠶᠤᠮ᠃      ᠮᠧᠳᠡᠭ ︵1934~1989︶᠃ ᠳᠤᠮᠳᠠᠳᠤ ᠤᠯᠤᠰ ᠤᠨ ᠡᠪ ᠬᠠᠮᠲᠣ ᠨᠠᠮ ᠤᠨ ᠭᠡᠰᠢᠭᠦᠨ᠂ 1955 ᠣᠨ ᠳᠤ ᠣᠣᠯ ᠤᠨ ᠦᠪᠦᠷ ᠮᠣᠩᠭᠤᠯ ᠤᠨ ᠮᠣᠩᠭᠤᠯ ᠬᠡᠯᠡᠨ ᠤ ᠲᠣᠰᠬᠠᠢ ᠮᠡᠷᠭᠡᠵᠢᠯ ᠤᠨ ᠰᠣᠷᠭᠠᠭᠤᠯᠢ ᠠᠴᠠ ᠲᠡᠭᠦᠰᠴᠦ ᠦᠪᠦᠷ ᠮᠣᠩᠭᠤᠯ ᠤᠨ ᠨᠠᠮ ᠤᠨ ᠬᠤᠷᠢᠶᠠᠨ ᠳᠤ ᠣᠷᠴᠢᠭᠤᠯᠣᠭᠴᠢ ᠪᠠᠷ ᠠᠵᠢᠯᠯᠠᠨ᠂ 1959 ᠣᠨ ᠳᠤ ᠰᠢᠯᠢ ᠶᠢᠨ ᠭᠤᠣᠯ ᠠᠶᠢᠮᠠᠭ ᠲᠤ ᠠᠵᠢᠯ ᠰᠢᠯᠵᠢᠨ ᠰᠦᠨᠢᠳ ᠵᠡᠭᠦᠨ ᠬᠤᠰᠢᠭᠤᠨ ᠤ ᠨᠢᠭᠤᠴᠠ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠣᠰᠢᠶᠠᠯ ᠠᠴᠠ ᠠᠵᠢᠯ ᠤᠨ ᠠᠮᠠᠷᠠᠯᠳᠠ ᠪᠠᠨ ᠠᠪᠴᠠᠢ᠃      ᠭᠡᠪᠡᠨᠢᠩᠪᠦ᠂ 1936 ᠣᠨ ᠳᠤ ᠲᠦᠷᠦᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1955 ᠣᠨ ᠳᠤ ᠦᠪᠦᠷ ᠮᠣᠩᠭᠤᠯ ᠤᠨ ᠮᠣᠩᠭᠤᠯ ᠬᠡᠯᠡᠨ ᠤ ᠲᠣᠰᠬᠠᠢ ᠮᠡᠷᠬᠡᠵᠢᠯ ᠤᠨ ᠰᠣᠷᠭᠠᠭᠤᠯᠢ ᠳᠤ ᠰᠢᠯᠭᠠᠭᠳᠠᠨ ᠣᠷᠣᠭᠰᠠᠨ ᠪᠣᠯᠪᠠᠴᠦ ᠡᠯᠰᠡᠭᠳᠡᠭᠰᠡᠨ ᠮᠡᠳᠡᠭᠳᠡᠯ ᠨᠢ ᠴᠠᠭᠠᠨᠨᠠᠭᠤᠷ ᠭᠠᠴᠠᠭᠠᠨ ᠠᠴᠠ ᠵᠡᠬᠦᠨ ᠬᠤᠯᠣᠰᠤᠳᠠᠢ ᠳᠤ ᠰᠢᠯᠵᠢᠬᠦᠯᠬᠦ ᠵᠠᠮ ᠵᠠᠭᠤᠷ᠎ᠠ ᠭᠡᠭᠡᠭᠳᠡᠭᠰᠡᠨ ᠢᠶᠠᠷ ᠲᠠᠷᠠᠭ᠎ᠠ ᠵᠢᠯ ᠨᠢ ᠲᠠᠬᠢᠵᠦ ᠰᠢᠯᠭᠠᠭᠠᠳ ᠦᠪᠦᠷ ᠮᠣᠩᠭᠤᠯ ᠤᠨ ᠮᠠᠯ ᠠᠵᠣ ᠠᠬᠤᠢ ᠶᠢᠨ ᠺᠠᠳ᠋ᠷ ᠤᠨ ᠰᠣᠷᠭᠠᠭᠤᠯᠢ ᠳᠤ ᠤᠷᠤᠵᠤ᠂ 1958 ᠣᠨ ᠳᠤ ᠰᠣᠷᠭᠠᠭᠤᠯᠢ ᠪᠠᠨ ᠲᠡᠭᠦᠰᠭᠡᠵᠡᠢ᠃ 1960 ᠤᠨ ᠳᠤ ᠨᠠᠮ ᠳᠤ ᠡᠯᠰᠡᠭᠳᠡᠵᠦ ᠤᠷᠢᠳ ᠬᠤᠵᠢᠳ ᠦᠢᠯᠡᠳᠪᠦᠷᠢ ᠶᠢᠨ ᠡᠪᠯᠡᠯ ᠤᠨ ᠡᠬᠦᠷ ᠤᠨ ᠶᠡᠷᠦᠩᠬᠡᠢ ᠡᠬᠦᠷ ᠤᠨ ᠱᠦᠵᠢ᠂ ᠦᠢᠯᠡᠳᠪᠦᠷᠢ ᠶᠢᠨ ᠲᠠᠰᠤᠭ ᠤᠨ ᠲᠠᠷᠤᠭ᠎ᠠ᠂ ᠨᠠᠮ ᠤᠨ ᠡᠬᠦᠷ ᠤᠨ ᠱᠦᠵᠢ ᠵᠡᠷᠭᠡ ᠲᠣᠰᠢᠶᠠᠯ ᠬᠠᠷᠢᠭᠤᠴᠠᠵᠦ ᠦᠩᠭᠡᠷᠡᠵᠡᠢ᠃ 1983 ᠣᠨ ᠳᠤ ᠢᠨᠵᠧᠨᠧᠷ ᠢᠶᠠᠷ ᠴᠣᠯᠠᠯᠠᠭᠳᠠᠨ᠂ ᠦᠪᠦᠷ ᠮᠣᠩᠭᠤᠯ ᠤᠨ ᠠᠮᠢᠳᠦ ᠪᠣᠳᠠᠰ ᠮᠠᠯ ᠤᠨ ᠡᠮ ᠤᠨ ᠦᠢᠯᠡᠳᠪᠦᠷᠢ ᠶᠢᠨ ᠬᠦᠳᠡᠯᠮᠦᠷᠢ ᠠᠵᠢᠯᠳᠠᠨ ᠤ ᠰᠠᠯᠠᠭᠠᠨ ᠤ ᠰᠠᠯᠠᠭᠠᠨ ᠲᠠᠷᠤᠭ᠎ᠠ ᠪᠠᠷ 1998 ᠣᠨ ᠳᠤ ᠠᠵᠢᠯ ᠤᠨ ᠠᠮᠠᠷᠠᠯᠲᠠ ᠪᠠᠨ ᠠᠪᠲᠠᠯ᠎ᠠ ᠠᠵᠢᠯᠯᠠᠭᠰᠠᠨ ᠪᠠᠶᠢᠨ᠎ᠠ᠃      ᠨᠠᠮᠳᠠᠭ᠂ ᠪᠦᠬᠡᠬᠠᠳᠠ᠂ ᠬᠠᠷᠠᠪᠠᠷᠰ᠂ ᠪᠣᠣ ᠴᠤᠭᠲᠤ᠄ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠡᠭᠦᠳᠡᠨ ᠪᠣᠱᠤᠭ᠎ᠠ ᠶᠢ ᠳᠠᠮᠵᠢᠵᠣ ᠶᠡᠭᠡ ᠳᠡᠭᠡᠳᠦ ᠰᠣᠷᠭᠠᠭᠤᠯᠢ ᠳᠤ ᠰᠢᠯᠭᠠᠭᠳᠠᠨ ᠣᠷᠣᠭᠰᠠᠨ ᠬᠠᠮᠤᠭ ᠤᠨ ᠠᠩᠬᠠᠨ ᠤ ᠳᠦᠷᠪᠡᠨ ᠣᠶᠣᠲᠠᠨ᠃      ᠨᠠᠮᠳᠠᠭ᠂ 1939 ᠣᠨ ᠳᠤ ᠲᠦᠷᠦᠪᠡ᠃ 1963 ᠣᠨ ᠳᠤ ᠦᠪᠦᠷ ᠮᠣᠩᠭᠤᠯ ᠤᠨ ᠪᠠᠭᠰᠢ ᠶᠢᠨ ᠳᠡᠭᠡᠳᠦ ᠰᠣᠷᠭᠠᠭᠤᠯᠢ ᠠᠴᠠ ᠲᠡᠭᠦᠰᠴᠦ ᠣᠯᠠᠭᠠᠨᠴᠠᠪ ᠠᠶᠢᠮᠠᠭ ᠤᠨ ᠪᠠᠭᠰᠢ ᠶᠢᠨ ᠰᠣᠷᠭᠠᠭᠤᠯᠢ ᠳᠤ ᠠᠵᠢᠯᠯᠠᠵᠤ ᠲᠠᠨᠳᠠ ᠠᠴᠠ ᠠᠵᠢᠯ ᠤᠨ ᠠᠮᠠᠷᠠᠯᠲᠠ ᠪᠠᠨ ᠠᠪᠴᠠᠢ᠂ ᠳᠡᠳ᠋ ᠫᠷᠣᠹᠧᠰᠰᠤᠷ ᠴᠣᠯᠠ ᠲᠠᠢ ᠮᠣᠩᠭᠤᠯ ᠦᠨᠳᠦᠰᠦᠳᠡᠨ ᠤ ᠰᠣᠷᠭᠠᠨ ᠬᠦᠮᠦᠵᠢᠯ ᠤᠨ ᠵᠢᠳᠬᠦᠯᠳᠡᠨ᠃ ᠲᠡᠷᠡ ᠤᠳᠠᠭᠠᠨ ᠵᠢᠯ ᠮᠣᠩᠭᠤᠯ ᠬᠡᠯᠡᠨ ᠤ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠠᠵᠢᠯᠯᠠᠨ ᠦᠢ ᠣᠯᠠᠨ ᠮᠤᠩᠭᠤᠯ ᠬᠡᠯᠡᠨ ᠤ ᠪᠠᠭᠰᠢ ᠶᠢ ᠬᠦᠮᠤᠵᠢᠭᠦᠯᠦᠨ ᠦᠨᠳᠦᠰᠦᠲᠡᠨ ᠤ ᠰᠤᠷᠭᠠᠨ ᠬᠦᠮᠦᠵᠢᠯ‌‍ᠤᠨ ᠦᠢᠯᠡᠰ ᠲᠤ ᠰᠢᠨᠳᠠᠷᠠᠰᠢ ᠦᠭᠡᠢ ᠵᠢᠳᠬᠦᠭᠰᠡᠨ ᠢᠶᠠᠷ ᠠᠵᠢᠯ ᠨᠢᠭᠡᠳᠡᠨ ᠪᠤᠯᠤᠨ ᠰᠤᠷᠤᠭᠴᠢᠳ‌‍ᠤᠨ ᠢᠶᠠᠨ ᠬᠦᠨᠳᠦᠳᠭᠡᠯ ᠪᠢᠰᠢᠷᠡᠯ ᠢ ᠤᠯᠵᠠᠢ᠃ ᠦᠪᠦᠷ ᠮᠣᠩᠭᠤᠯ ᠤᠨ ᠨᠠᠰᠤᠲᠠᠶᠢᠴᠤᠳ ᠤᠨ ᠤᠷᠠᠨ ᠪᠢᠴᠢᠯᠭᠡᠲᠡᠳ ᠤᠨ ᠨᠡᠶᠢᠭᠡᠮᠯᠢᠭ ᠤᠨ ᠭᠡᠰᠢᠭᠦᠨ᠂ ᠦᠪᠦᠷ ᠮᠣᠩᠭᠤᠯ ᠤᠨ ᠮᠣᠩᠭᠤᠯ ᠤᠷᠠᠨ ᠪᠢᠴᠢᠯᠭᠡᠲᠡᠳ ᠤᠨ ᠨᠡᠶᠢᠭᠡᠮᠯᠢᠭ ᠤᠨ ᠭᠡᠰᠢᠭᠦᠨ᠂ ᠤᠷᠠᠨ ᠵᠢᠷᠤᠭ ᠪᠢᠴᠢᠯᠭᠡ ᠶᠢᠨ ᠬᠦᠷᠢᠶᠡᠯᠡᠩ ᠤᠨ ᠭᠡᠰᠢᠭᠦᠨ᠃ ᠲᠡᠭᠦᠨ ᠤ ᠮᠣᠩᠭᠤᠯ ᠬᠢᠲᠠᠳ ᠤᠷᠠᠨ ᠪᠢᠴᠢᠯᠭᠡ ᠨᠢ ᠤᠯᠤᠰ ᠤᠨ ᠳᠣᠲᠣᠨ᠎ᠠ ᠭᠠᠳᠠᠨ᠎ᠠ ᠠᠯᠳᠠᠷᠰᠢᠵᠤ ᠳᠡᠯᠡᠬᠡᠢ ᠶᠢᠨ ᠳᠡᠯᠭᠡᠨ ᠦᠵᠡᠭᠦᠯᠭᠡ ᠳᠤ ᠣᠷᠣᠯᠴᠠᠵᠤ ᠦᠩᠭᠡᠷᠡᠭᠰᠡᠨ ᠪᠦᠭᠡᠳ ᠪᠤᠰᠤᠳ ᠲᠠᠢ ᠬᠠᠮᠳᠤᠷᠠᠭᠰᠠᠨ ︽ᠮᠣᠩᠭᠤᠯ ᠬᠢᠲᠠᠳ ᠬᠠᠪᠰᠤᠷᠭᠠᠭᠰᠠᠨ ᠴᠢᠩᠭᠢᠰ ᠬᠠᠭᠠᠨ ᠤ ᠪᠢᠯᠢᠭ ᠰᠤᠷᠭᠠᠯ ᠤᠨ ᠤᠷᠠᠨ ᠪᠢᠴᠢᠯᠭᠡ︾᠂ ︽ᠮᠣᠩᠭᠤᠯ ᠬᠢᠲᠠᠳ ᠬᠠᠪᠰᠤᠷᠭᠠᠭᠰᠠᠨ ᠰᠢᠭᠦᠮᠵᠢᠯᠡᠯ ᠦᠭᠦᠯᠡᠯ ᠤᠨ ᠤᠷᠠᠨ ᠪᠢᠴᠢᠯᠭᠡ︾ ᠵᠡᠷᠭᠡ ᠬᠤᠶᠠᠷ ᠲᠣᠮᠤ ᠤᠷᠠᠨ ᠪᠢᠴᠢᠯᠭᠡ ᠶᠢᠨ ᠨᠣᠮ ᠲᠠᠢ ᠪᠦᠭᠡᠳ ︽ᠮᠣᠩᠭᠤᠯ ᠬᠢᠲᠠᠳ ᠬᠠᠪᠰᠤᠷᠭᠠᠭᠰᠠᠨ ᠰᠢᠭᠦᠮᠵᠢᠯᠡᠯ ᠦᠭᠦᠯᠡᠯ ᠤᠨ ᠤᠷᠠᠨ ᠪᠢᠴᠢᠯᠭᠡ︾ ᠨᠢ ᠦᠪᠦᠷ ᠮᠣᠩᠭᠤᠯ ᠤᠨ ᠰᠣᠶᠤᠯ ᠲᠡᠦᠬᠡ ᠰᠤᠳᠤᠯᠬᠤ ᠭᠠᠵᠠᠷ ᠲᠤ ᠬᠠᠳᠠᠭᠠᠯᠠᠭᠳᠠᠭᠰᠠᠨ ᠪᠠᠶᠢᠨ᠎ᠠ᠃      ᠬᠠᠷᠠᠪᠠᠷᠰ᠂ 1938 ᠣᠨ ᠳᠤ ᠲᠦᠷᠦᠪᠡ᠂ ᠳᠤᠮᠳᠠᠳᠤ ᠤᠯᠤᠰ ᠤᠨ ᠡᠪ ᠬᠠᠮᠳᠣ ᠨᠠᠮ ᠤᠨ ᠭᠡᠰᠢᠭᠦᠨ᠃ 1964 ᠣᠨ ᠳᠤ ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠲᠣᠭᠠᠨ ᠤ ᠤᠬᠠᠭᠠᠨ ᠤ ᠰᠠᠯᠪᠤᠷᠢ ᠠᠴᠠ ᠲᠡᠭᠦᠰᠴᠦ ᠦᠪᠦᠷ ᠮᠣᠩᠭᠤᠯ ᠤᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶᠠᠨ ᠳᠤ ᠠᠵᠢᠯ ᠤᠨ ᠬᠤᠪᠢᠶᠠᠷᠢ ᠠᠪᠴᠣ᠂ 1985 ᠣᠨ ᠳᠤ ᠳᠠᠬᠢᠨ ᠤᠯᠠᠭᠠᠠᠬᠠᠳᠠ ᠳᠤ ᠬᠢ ᠦᠪᠤᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶᠠᠨ ᠳᠤ ᠠᠵᠢᠯ ᠰᠢᠯᠵᠢᠵᠤ᠂ 1988 ᠣᠨ ᠳᠤ ᠦᠪᠦᠷ ᠮᠣᠩᠭᠤᠯ ᠤᠨ ᠪᠠᠭᠠᠴᠣᠳ ᠬᠡᠦᠬᠡᠳ‌‍ᠤᠨ ᠬᠡᠪᠯᠡᠯ ᠬᠤᠷᠢᠶᠠᠨ ᠠᠴᠠ ᠠᠵᠢᠯ ᠤᠨ ᠠᠮᠠᠷᠠᠯᠲᠠ ᠪᠠᠨ ᠠᠪᠴᠠᠢ᠃      ᠪᠣᠣ ᠴᠣᠭᠲᠤ᠂ ᠴᠠᠭᠠᠨᠨᠠᠭᠤᠷ ᠨᠤᠲᠤᠭ ᠲᠠᠢ᠃ 1962 ᠣᠨ ᠳᠤ ᠦᠪᠦᠷ ᠮᠣᠩᠭᠤᠯ ᠤᠨ ᠶᠡᠭᠡ ᠰᠤᠷᠭᠠᠭᠤᠯᠢ ᠠᠴᠠ ᠲᠡᠭᠦᠰᠪᠡ᠃      ᠪᠦᠬᠡᠬᠠᠳᠠ᠂ 1963 ᠣᠨ ᠳᠤ ᠦᠪᠦᠷ ᠮᠣᠩᠭᠤᠯ ᠤᠨ ᠶᠡᠭᠡ ᠰᠤᠷᠭᠠᠭᠤᠯᠢ ᠠᠴᠠ ᠲᠡᠭᠦᠰᠪᠡ᠃      ᠪᠦᠬᠡᠪᠠᠶᠠᠷ᠂ ᠪᠠᠯᠳᠠᠨ᠂ ᠠᠯᠠᠮᠠᠰ ︵ᠴᠠᠭᠠᠨᠨᠠᠭᠤᠷ ᠨᠤᠲᠤᠭ ᠲᠠᠢ︶᠂ ᠭᠤᠮᠪᠦᠵᠠᠪ᠂ ᠮᠦᠩᠭᠦᠨᠲᠣᠶᠠᠭ᠎ᠠ᠂ ᠵᠧᠩ ᠶᠣᠸᠠᠢ᠂ ᠮᠦᠩᠬᠡ᠂ ᠠᠯᠳᠠᠨᠴᠢᠮᠡᠭ᠂ ᠪᠣᠣ ᠢᠣᠢ᠂ ᠪᠣᠣ ᠶᠢᠨ ᠱᠠᠨ ᠨᠠᠷ ᠪᠣᠯ ︽ᠰᠣᠶᠣᠯ ᠤᠨ ᠶᠡᠭᠡ ᠬᠤᠪᠢᠰᠬᠠᠯ︾ ᠡᠬᠢᠯᠡᠬᠦ ᠠᠴᠠ ᠡᠮᠦᠨ᠎ᠡ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠡᠭᠦᠳᠡᠨ ᠪᠣᠱᠤᠭ᠎ᠠ ᠪᠠᠷ ᠳᠠᠮᠵᠢᠭᠰᠠᠨ ᠣᠶᠣᠳᠡᠨ ᠰᠡᠭᠡᠭᠡᠳᠡᠳ᠃      ᠠᠯᠮᠠᠰ᠂ ᠲᠦᠩᠯᠢᠶᠤᠤ ︵ᠣᠣᠯ ᠤᠨ ᠵᠢᠷᠢᠮ ᠠᠶᠢᠮᠠᠭ︶ ᠶᠢᠨ ᠪᠠᠭᠰᠢ ᠶᠢᠨ ᠰᠤᠷᠭᠠᠭᠤᠯᠢ ᠠᠴᠠ ᠦᠪᠦᠷ ᠮᠣᠩᠭᠤᠯ ᠤᠨ ᠪᠠᠭᠰᠢ ᠶᠢᠨ ᠲᠡᠭᠡᠳᠦ ᠰᠤᠷᠭᠠᠭᠤᠯᠢ ᠳᠤ ᠪᠠᠳᠤᠯᠠᠨ ᠬᠦᠷᠭᠡᠭᠳᠡᠵᠡᠢ᠃ ᠨᠠᠢᠮᠠᠨ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠳᠤ ᠤᠳᠠᠭᠠᠨ ᠵᠢᠯ ᠬᠢᠮᠢ ᠶᠢᠨ ᠪᠠᠭᠰᠢ ᠪᠠᠷ ᠠᠵᠢᠯᠯᠠᠵᠣ ᠦᠨᠳᠦᠰᠦᠳᠡᠨ ᠤ ᠰᠣᠷᠭᠠᠨ ᠬᠦᠮᠦᠵᠢᠯ ᠤᠨ ᠦᠢᠯᠡᠰ ᠲᠤ ᠣᠶᠣᠨ ᠤᠬᠠᠭᠠᠨ ᠬᠦᠴᠦᠨ ᠴᠢᠳᠠᠯ ᠢᠶᠠᠨ ᠡᠷᠭᠦᠭᠰᠡᠨ ᠲᠡᠭᠡᠳᠤ ᠳᠡᠰ ᠤᠨ ᠪᠠᠭᠰᠢ ᠶᠢᠨ ᠮᠡᠷᠭᠡᠵᠢᠯ ᠤᠨ ᠴᠣᠯᠠ ᠲᠠᠢ ᠨᠡᠷᠡᠲᠦ ᠪᠠᠭᠰᠢ᠃ ᠨᠠᠢᠮᠠᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠡᠷᠬᠢᠯᠡᠭᠴᠢ ᠶᠢᠨ ᠲᠣᠰᠢᠶᠠᠯ ᠳᠤ ᠪᠠᠶᠢᠵᠤ ᠪᠠᠶᠢᠭᠠᠳ ᠲᠠᠨᠳᠠ ᠠᠴᠠ ᠠᠵᠢᠯ ᠤᠨ ᠠᠮᠠᠷᠠᠯᠲᠠ ᠪᠠᠨ ᠠᠪᠴᠠᠢ᠃      ᠭᠤᠮᠪᠣᠵᠠᠪ᠂ ︵1947~1995︶᠂ ᠮᠠᠰᠢᠨ ᠮᠧᠬᠠᠨᠢᠭ ᠤᠨ ᠢᠨᠵᠧᠨᠧᠷ᠃ 1977 ᠣᠨ ᠳᠤ ᠬᠢᠷᠢᠨ ᠮᠣᠵᠢ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠰᠢᠨ ᠮᠧᠬᠠᠨᠢᠬ ᠤᠨ ᠰᠠᠯᠪᠤᠷᠢ ᠠᠴᠠ ᠲᠡᠭᠦᠰᠴᠦ ᠨᠠᠢᠮᠠᠨ ᠬᠤᠰᠢᠭᠤᠨ ᠤ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠦᠢᠯᠡᠳᠪᠦᠷᠢ ᠳᠤ ᠶᠡᠷᠦᠩᠬᠡᠢ ᠢᠨᠵᠧᠨᠧᠷ ᠢᠶᠠᠷ ᠤᠳᠠᠭᠠᠨ ᠵᠢᠯ ᠠᠵᠢᠯᠯᠠᠵᠤ ᠨᠠᠢᠮᠠᠨ ᠬᠤᠰᠢᠭᠤᠨ ᠤ ᠮᠠᠰᠢᠨ ᠮᠧᠬᠠᠨᠢᠭ ᠤᠨ ᠦᠢᠯᠡᠰ ᠤᠨ ᠬᠦᠭᠵᠢᠯᠲᠡ ᠳᠤ ᠬᠢᠵᠠᠭᠠᠷᠯᠠᠰᠢ ᠦᠭᠡᠢ ᠬᠤᠪᠢ ᠨᠡᠮᠡᠷᠢ ᠦᠵᠡᠭᠦᠯᠦᠭᠰᠡᠨ ᠮᠡᠷᠭᠡᠵᠢᠯᠲᠡᠨ᠃      ᠪᠣᠣ ᠶᠢᠨ ᠱᠠᠨ᠂ 1952 ᠣᠨ ᠳᠤ ᠲᠦᠷᠦᠪᠡ᠂ ᠳᠣᠮᠳᠠᠳᠤ ᠣᠯᠣᠰ ᠤᠨ ᠡᠪ ᠬᠠᠮᠲᠣ ᠨᠠᠮ ᠤᠨ ᠭᠡᠰᠢᠬᠦᠨ᠃ ᠲᠡᠷᠡ ᠴᠣᠭᠲᠠᠢ ᠰᠣᠮᠣ ᠶᠢᠨ ᠰᠣᠮᠣᠨ ᠳᠠᠷᠤᠭ᠎ᠠ᠂ ᠬᠤᠩᠭᠤᠷᠲᠠᠯ᠎ᠠ ᠰᠣᠮᠣᠨ ᠤ ᠨᠠᠮ ᠤᠨ ᠬᠤᠷᠢᠶᠠᠨ ᠤ ᠱᠦᠵᠢ᠂ ᠨᠠᠢᠮᠠᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶᠡᠨ ᠤ ᠲᠣᠪᠴᠢᠶᠠᠨ ᠲᠠᠷᠤᠭ᠎ᠠ ᠵᠡᠷᠭᠡ ᠠᠯᠪᠠᠨ ᠲᠣᠰᠢᠶᠠᠯ ᠢ ᠡᠭᠦᠷᠭᠡᠯᠡᠵᠦ ᠦᠩᠭᠡᠷᠡᠭᠰᠡᠨ ᠪᠦᠬᠡᠳ ᠨᠠᠢᠮᠠᠨ ᠬᠤᠰᠢᠭᠤᠨ ᠤ ᠨᠠᠮ ᠤᠨ ᠬᠤᠷᠢᠶᠠᠨ ᠤ ᠲᠦᠯᠦᠪᠵᠢᠭᠦᠯᠭᠡ ᠶᠢᠨ ᠵᠦᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠠᠵᠢᠯ ᠤᠨ ᠠᠮᠠᠷᠠᠯᠲᠠ ᠪᠠᠨ ᠠᠪᠴᠠᠢ᠂ ᠳᠡᠳ᠋ ᠭᠠᠵᠠᠷ ᠤᠨ ᠳᠡᠰ ᠤᠨ ᠺᠠᠳ᠋ᠷ᠃      1966~1976 ᠣᠨ ᠤ ᠬᠤᠭᠤᠷᠣᠨᠳᠣ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠨᠢ ᠲᠠᠪᠣᠨ ᠵᠢᠯ ᠤᠨ ᠳᠦᠷᠢᠮᠳᠤ ᠪᠦᠷᠢᠨ ᠪᠠᠭ᠎ᠠ ᠰᠣᠷᠭᠠᠭᠤᠯᠢ ᠪᠣᠯᠣᠨ ᠦᠭᠡᠷᠡᠴᠢᠯᠡᠭᠳᠡᠵᠣ ᠰᠣᠷᠣᠭᠴᠢ ᠶᠢᠨ ᠢᠷᠡᠯᠲᠡ ᠨᠡᠮᠡᠭᠳᠡᠬᠦ ᠶᠢ ᠳᠠᠭᠠᠯᠳᠣᠨ ᠪᠠᠭᠰᠢ ᠶᠢᠨ ᠡᠩᠨᠡᠭᠡ ᠴᠦ ᠦᠷᠭᠡᠵᠢᠵᠡᠢ᠃ ᠡᠨᠡ ᠬᠡᠰᠡᠭ ᠬᠤᠭᠤᠴᠠᠭᠠᠨ ᠳᠤ ᠬᠡᠳᠦ᠋ᠢᠪᠡᠷ ︽ᠰᠣᠶᠣᠯ ᠤᠨ ᠶᠡᠭᠡ ᠬᠤᠪᠢᠰᠬᠠᠯ︾ ᠤᠨ ᠨᠦᠯᠦᠭᠡᠨ ᠳᠤᠤᠷ᠎ᠠ 1966 ᠣᠨ ᠳᠤ ᠪᠦᠳᠦᠨ ᠨᠢᠭᠡ ᠵᠢᠯ ᠬᠢᠴᠢᠶᠡᠯ ᠵᠣᠭᠰᠣᠭᠰᠠᠨ ᠪᠤᠯᠪᠠᠴᠤ 1967 ᠣᠨ ᠠᠴᠠ ᠬᠤᠶᠢᠰᠢ ᠰᠣᠷᠭᠠᠭᠤᠯᠢ ᠶᠢᠨ ᠬᠠᠮᠢᠶᠠᠷᠣᠯᠲᠠ ᠪᠠ ᠬᠢᠴᠢᠶᠡᠯ ᠬᠦᠮᠦᠵᠢᠯ ᠤᠨ ᠠᠵᠢᠯ ᠡᠮᠬᠢ ᠲᠢᠭᠯᠢᠮ ᠢᠶᠠᠨ ᠠᠯᠳᠠᠭᠰᠠᠨ ᠦᠭᠡᠢ ᠶᠣᠮ᠃      ᠡᠨᠡ ᠬᠡᠰᠡᠭ ᠬᠤᠭᠤᠴᠠᠭᠠᠨ ᠳᠤ ᠬᠢ ᠵᠡᠭᠦᠨ ᠬᠤᠯᠤᠰᠤᠲᠠᠢ ᠶᠢᠨ ᠰᠤᠷᠭᠠᠭᠤᠯᠢ ᠶᠢᠨ ᠲᠡᠦᠬᠡ ᠪᠣᠯ ᠠᠵᠢᠯᠴᠢ ᠠᠷᠪᠢᠴᠢ ᠪᠠᠷ ᠰᠤᠷᠭᠠᠭᠤᠯᠢ ᠡᠷᠭᠢᠯᠡᠭᠰᠡᠨ ᠲᠡᠦᠬᠡ ᠪᠣᠯᠤᠨ᠎ᠠ᠃ ᠲᠤᠬᠠᠢ ᠶᠢᠨ ᠦᠶ᠎ᠡ ᠶᠢᠨ ᠷᠢᠨᠴᠢᠨᠳᠣᠷᠵᠢ᠂  ᠴᠤᠩᠬᠤᠷᠠ᠂ ᠷᠠᠰᠢ ᠵᠡᠷᠭᠡ ᠭᠤᠷᠪᠠᠨ ᠬᠤᠭᠤᠴᠠᠭᠠᠨ ᠤ ᠰᠤᠷᠭᠠᠭᠤᠯᠢ ᠶᠢᠨ ᠬᠠᠷᠢᠭᠤᠴᠠᠯᠭᠠᠲᠠᠳ ᠦᠢᠯᠡᠳᠪᠦᠷᠢᠯᠡᠯ ᠤᠨ ᠪᠠᠷᠢᠭᠠᠳᠠ ᠲᠠᠢ ᠬᠠᠷᠢᠴᠠᠵᠤ ᠲᠠᠷᠢᠶᠠᠨ ᠭᠠᠵᠠᠷ ᠬᠤᠪᠢᠳᠠᠨ ᠠᠪᠴᠤ᠂ ᠳᠤᠯᠠᠭᠠᠨ ᠤ ᠴᠠᠭ ᠪᠤᠯᠪᠠᠯ ᠪᠠᠭᠰᠢ ᠰᠤᠷᠤᠭᠴᠢ ᠪᠠᠨ ᠲᠠᠭᠠᠭᠤᠯᠤᠨ ᠡᠷᠡᠨᠳᠡ᠂ ᠪᠣᠷᠴᠠᠭ ᠤᠨ ᠲᠦᠷᠦᠯ ᠲᠠᠷᠢᠵᠤ ᠪᠠᠶᠢᠭᠰᠠᠨ ᠪᠠ ᠮᠦᠨ ᠨᠠᠷᠢᠨ ᠨᠣᠣᠰᠤᠲᠤ ᠬᠤᠨᠢ ᠲᠡᠵᠢᠭᠡᠵᠦ ᠣᠷᠤᠯᠭ᠎ᠠ ᠣᠯᠵᠤ ᠪᠠᠶᠢᠭᠰᠠᠨ ᠲᠤᠯᠠ ᠰᠤᠷᠭᠠᠭᠤᠯᠢ ᠨᠢ ᠰᠤᠷᠤᠭᠴᠢ ᠠᠴᠠ ᠰᠤᠷᠤᠯᠭ᠎ᠠ ᠶᠢᠨ ᠰᠦᠢᠳᠭᠡᠯ᠂ ᠨᠣᠮ ᠳᠡᠪᠲᠡᠷ ᠤᠨ ᠰᠦᠢᠳᠭᠡᠯ ᠭᠡᠵᠦ ᠬᠤᠷᠢᠶᠠᠳᠠᠭ ᠦᠭᠡᠢ ᠪᠠᠶᠢᠭᠰᠠᠨ ᠪᠦᠭᠡᠳ ᠬᠢᠴᠢᠶᠡᠯ ᠤᠨ ᠭᠡᠷ ᠡᠪᠦᠯ ᠳᠤ ᠪᠠᠨ ᠮᠠᠰᠢ ᠳᠤᠯᠠᠭᠠᠨ ᠲᠠᠭᠠᠯᠠᠮᠵᠢᠲᠠᠢ ᠪᠠᠶᠢᠵᠤ ᠵᠢᠭᠠᠨ ᠰᠣᠷᠭᠠᠯᠳᠠ ᠶᠢᠨ ᠴᠢᠨᠠᠷ ᠴᠢᠨᠰᠠᠭ᠎ᠠ ᠶᠢ ᠨᠦᠯᠦᠭᠡᠯᠡᠳᠡᠭ ᠦᠭᠡᠢ ᠪᠠᠶᠢᠵᠡᠢ᠃ ᠢᠡᠭᠬᠢᠭᠰᠡᠨ ᠠᠴᠠ ᠭᠡᠷ ᠤᠨ ᠠᠮᠢᠳᠤᠷᠠᠯ ᠨᠢ ᠬᠦᠴᠢᠷᠲᠠᠢ ᠬᠡᠦᠬᠡᠳ ᠤᠳ ᠴᠦ ᠪᠢᠴᠢᠭ ᠰᠣᠶᠤᠯ ᠬᠦᠷᠲᠡᠬᠦ ᠠᠵᠠ ᠳᠣᠬᠢᠶᠠᠯ ᠲᠠᠢ ᠪᠣᠯᠵᠦ ᠴᠢᠳᠠᠭᠰᠠᠨ ᠪᠠ ᠰᠤᠶᠤᠯ ᠤᠨ ᠪᠠᠯᠠᠢ ᠶᠢ ᠠᠷᠢᠯᠭᠠᠬᠤ ᠠᠵᠢᠯ ᠢ ᠡᠷᠴᠢᠮᠲᠠᠢ ᠬᠢᠭᠰᠡᠨ ᠠᠴᠠ ᠰᠤᠷᠭᠠᠭᠤᠯᠢ ᠶᠢᠨ ᠨᠠᠰᠣᠨ ᠤ ᠬᠡᠦᠬᠡᠳ ᠤᠨ ᠰᠣᠷᠭᠠᠭᠤᠯᠢ ᠳᠤ ᠣᠷᠣᠭᠰᠠᠨ ᠨᠣᠷᠮ᠎ᠠ ᠵᠠᠭᠤᠨ ᠤ ᠵᠠᠭᠤ ᠳᠤ ᠬᠦᠷᠦᠭᠰᠡᠨ ᠢᠶᠠᠷ ᠪᠠᠷᠠᠬᠤ ᠦᠭᠡᠢ ᠰᠤᠶᠤᠯ ᠤᠨ ᠪᠠᠯᠠᠢ ᠴᠦ ᠴᠦᠭᠡᠷᠡᠭᠰᠡᠨ ᠪᠠᠶᠢᠨ᠎ᠠ᠃ ᠰᠤᠷᠭᠠᠭᠤᠯᠢ ᠨᠢ ᠵᠢᠭᠠᠬᠤ ᠪᠠᠭᠠᠵᠢ ᠲᠦᠬᠦᠭᠡᠷᠦᠮᠵᠢ ᠬᠤᠳᠠᠯᠳᠤᠨ ᠠᠪᠴᠤ ᠬᠢᠴᠢᠶᠡᠯ ᠲᠦᠷᠦᠯ ᠪᠤᠯᠭᠠᠨ ᠢ ᠡᠷᠬᠡ ᠲᠡᠭᠰᠢ‌‍ᠪᠠᠷ ᠦᠵᠡᠵᠦ ᠲᠠᠮᠢᠷ᠂ ᠤᠷᠠᠯᠢᠭ ᠤᠨ ᠬᠦᠳᠡᠯᠭᠡᠭᠡᠨ ᠢ ᠬᠦᠨᠳᠦᠳᠭᠡᠳᠡᠭ ᠪᠠᠶᠢᠭᠰᠠᠨ ᠠᠴᠠ ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠵᠤ ᠴᠢᠳᠠᠵᠠᠢ᠃ ᠲᠣᠬᠠᠢ ᠶᠢᠨ ᠦᠶ᠎ᠡ ᠶᠢᠨ ᠰᠣᠷᠭᠠᠨ ᠬᠦᠮᠦᠵᠢᠯ ᠤᠨ ᠪᠠᠰᠠ ᠨᠢᠭᠡ ᠳᠠᠪᠠᠭᠤᠯᠢᠭ ᠲᠠᠯ᠎ᠠ ᠭᠡᠪᠡᠯ᠂ ᠶᠠᠳᠠᠭᠤ ᠲᠠᠷᠢᠶᠠᠴᠢᠨ ᠰᠣᠷᠭᠠᠭᠤᠯᠢ ᠬᠠᠮᠢᠶᠠᠷᠬᠤ ᠲᠦᠷᠦ ᠶᠢᠨ ᠪᠣᠳᠣᠯᠭ᠎ᠠ ᠲᠤᠤᠷ᠎ᠠ ᠭᠡᠷ ᠤᠨ ᠠᠬᠠᠮᠠᠳ ᠣᠳᠠᠭ᠎ᠠ ᠳᠠᠷᠠᠭᠠᠯᠠᠨ ᠰᠣᠷᠭᠠᠭᠤᠯᠢ ᠳᠤ ᠢᠷᠡᠵᠣ ᠬᠤᠪᠢᠰᠬᠠᠯ ᠤᠨ ᠤᠯᠠᠮᠵᠢᠯᠠᠯ ᠤᠨ ᠬᠦᠮᠦᠵᠢᠯ᠂ ᠰᠢᠨ᠎ᠡ ᠬᠠᠭᠤᠴᠢᠨ ᠨᠡᠶᠢᠭᠡᠮ ᠤᠨ ᠬᠠᠷᠢᠴᠠᠭᠤᠯᠣᠯ ᠤᠨ ᠬᠦᠮᠦᠵᠢᠯ ᠬᠢᠭᠰᠡᠨ ᠠᠴᠠ ᠭᠠᠳᠠᠨ᠎ᠠ ᠨᠠᠮ ᠢᠶᠠᠨ ᠬᠦᠷᠢᠶᠡᠯᠡᠵᠦ᠂ ᠠᠷᠠᠳ ᠲᠦᠮᠡᠨ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠬᠦ ᠬᠦᠮᠦᠵᠢᠯ ᠢ ᠦᠷᠭᠦᠯᠵᠢ ᠶᠢᠨ ᠴᠢᠨᠠᠷᠲᠠᠢ ᠬᠢᠳᠡᠭ ᠳᠣᠯᠠ ᠰᠣᠷᠭᠠᠭᠤᠯᠢ᠂ ᠨᠡᠶᠢᠭᠡᠮ᠂ ᠭᠡᠷ ᠪᠦᠯᠢ ᠶᠢᠨ ᠬᠦᠮᠦᠵᠢᠯ ᠤᠨ ᠬᠠᠮᠳᠣᠷᠠᠯᠴᠠᠭ᠎ᠠ ᠶᠢ ᠠᠬᠢᠭᠤᠯᠵᠦ᠂ ᠰᠣᠷᠣᠭᠴᠢᠳ ᠤᠨ ᠶᠣᠰᠣ ᠮᠣᠷᠠᠯ᠂ ᠬᠡᠪ ᠴᠢᠨᠠᠷ ᠦᠨᠳᠦᠷ ᠪᠠᠶᠢᠵᠠᠢ᠃      1975 ᠣᠨ ᠠᠴᠠ ᠡᠬᠢᠯᠡᠨ ᠵᠡᠭᠦᠨ ᠬᠤᠯᠤᠰᠤᠲᠠᠢ ᠰᠤᠷᠭᠠᠭᠤᠯᠢ ᠨᠢ ᠠᠩᠬ᠎ᠠ ᠳᠣᠮᠳᠠᠳᠣ ᠶᠢᠨ ᠠᠩᠭᠢ ᠳᠤ ᠪᠠᠨ ᠰᠤᠷᠤᠭᠴᠢ ᠡᠯᠰᠡᠵᠦ᠂ 1978 ᠣᠨ ᠪᠣᠯᠲᠠᠯ᠎ᠠ ᠬᠤᠶᠠᠷ ᠡᠭᠡᠯᠵᠢ ᠶᠢᠨ ᠰᠤᠷᠤᠭᠴᠢ ᠶᠢ  ᠲᠡᠭᠦᠰᠭᠡᠵᠡᠢ᠃ 1978 ᠣᠨ ᠳᠤ ᠠᠩᠬ᠎ᠠ ᠳᠣᠮᠳᠠᠳᠣ ᠶᠢᠨ ᠰᠤᠷᠤᠭᠴᠢ ᠪᠠᠨ ᠱᠧᠩᠯᠢ ᠳᠣᠮᠳᠠᠳᠣ ᠰᠣᠷᠭᠠᠭᠤᠯᠢ ᠳᠤ ᠰᠢᠯᠵᠢᠭᠦᠯᠵᠦ ᠵᠦᠪᠬᠡᠨ ᠪᠠᠭ᠎ᠠ ᠰᠤᠷᠭᠠᠭᠤᠯᠢ ᠶᠢᠨ ᠲᠠᠪᠤᠨ ᠣᠨ ᠢᠶᠠᠨ ᠦᠯᠡᠳᠡᠭᠡᠪᠡ᠃ ᠡᠨᠡ ᠬᠤᠭᠤᠴᠠᠭᠠᠨ ᠳᠤ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠳᠤ ᠠᠵᠢᠯᠯᠠᠵᠣ ᠦᠩᠭᠡᠷᠡᠭᠰᠡᠨ ᠪᠠᠭᠰᠢ ᠨᠠᠷ ᠢ ᠳᠤᠷᠠᠳᠪᠠᠯ᠄      ᠷᠠᠰᠢᠳᠣᠷᠵᠢ ︵ᠰᠣᠷᠭᠠᠭᠤᠯᠢ ᠶᠢᠨ ᠬᠠᠷᠢᠭᠤᠴᠠᠯᠭᠠᠳᠠᠨ︶ ︵1965~1966︶ ᠣᠨ᠂ ᠭᠠᠨᠵᠣᠣᠷᠵᠠᠪ ︵1965~1978 ᠣᠨ︶᠂ ᠮᠦᠩᠭᠦᠨᠲᠣᠶᠠᠭ᠎ᠠ ︵1968~1978 ᠣᠨ︶᠂ ᠰᠢᠷᠡᠮᠦᠪᠣᠯᠣ ︵1967~1969 ᠣᠨ︶ ︵ᠪᠠᠶᠢᠳᠣ ᠶᠢᠨ ᠠᠶᠢᠯ ᠨᠣᠳᠤᠭ ᠲᠠᠢ︶᠂ ᠷᠢᠨᠴᠢᠨᠳᠣᠷᠵᠢ ︵ᠰᠣᠷᠭᠠᠭᠤᠯᠢ ᠶᠢᠨ ᠬᠠᠷᠢᠭᠤᠴᠠᠯᠭᠠᠳᠠᠨ︶ ︵1964~1972︶ ᠣᠨ᠂ ᠬᠤᠸᠠᠩ ᠯᠦᠩ ᠮᠧᠢ ︵1970~1971 ᠣᠨ︶᠂ ᠰᠧᠪᠡᠯᠮ᠎ᠠ ︵1971~1972 ᠣᠨ︶᠂ ᠨᠢᠮ᠎ᠠ ︵1970~1973 ᠣᠨ︶᠂ ᠰᠡᠷᠭᠦᠯᠡᠩ ︵1971 ᠣᠨ︶᠂ ᠴᠠᠭᠠᠨᠪᠠᠷᠰ ︵1972 ᠣᠨ︶᠂ ᠴᠣᠩᠬᠤᠷᠠ ︵ᠰᠣᠷᠭᠠᠭᠤᠯᠢ ᠶᠢᠨ ᠬᠠᠷᠢᠭᠤᠴᠠᠯᠭᠠᠳᠠᠨ︶ ︵1972~1975 ᠣᠨ︶᠂ ᠮᠠ ᠪᠠᠲᠣ ︵1972~1973 ᠣᠨ︶ ︵ᠪᠠᠭᠠᠪᠡᠷᠬᠡ ᠰᠣᠮᠣ ᠶᠢᠨ ᠨᠣᠳᠤᠭ ᠲᠠᠢ ︶᠂ ᠷᠠᠰᠢ ︵ᠰᠣᠷᠭᠠᠭᠤᠯᠢ ᠶᠢᠨ ᠬᠠᠷᠢᠭᠤᠴᠠᠯᠭᠠᠳᠠᠨ︶ ︵1972~1976 ᠣᠨ︶ ︵1973 ᠣᠨ ᠠᠴᠠ 1976 ᠣᠨ ᠪᠣᠯᠲᠠᠯ᠎ᠠ ᠴᠡᠷᠢᠭ ᠤᠨ ᠠᠯᠪᠠ ᠲᠠᠭᠠᠵᠤ᠂ 1976 ᠣᠨ ᠤ 3 ᠰᠠᠷ᠎ᠠ ᠠᠴᠠ ᠡᠬᠢᠯᠡᠨ ᠪᠠᠭᠰᠢᠯᠠᠵᠤ᠂ ᠰᠤᠷᠭᠠᠭᠤᠯᠢ ᠶᠢᠨ ᠬᠠᠷᠢᠭᠤᠴᠠᠯᠭᠠᠲᠠᠨ ᠢᠶᠠᠷ ᠠᠵᠢᠯᠯᠠᠪᠠ︶᠂ ᠪᠣᠣ ᠢᠣᠢ ︵1972~1974︶ ᠦᠯᠵᠠᠶᠢᠪᠣᠯᠠᠭ ︵1973~1974 ᠣᠨ︶ ︵ᠪᠠᠭ᠎ᠠ ᠲᠣᠵᠢᠪᠠᠢ ᠨᠣᠳᠤᠭ ᠲᠠᠢ︶᠂ ᠶᠧᠰᠢ ︵1974~1981 ᠣᠨ︶᠂ ᠪᠦᠬᠡᠬᠡᠰᠢᠭ ︵1975 ᠣᠨ︶᠂ ᠪᠣᠣ ᠶᠢᠨ ᠯᠢᠶᠠᠩ ︵1975~1983 ᠣᠨ︶᠂ ᠵᠢᠮᠪᠠᠵᠠᠮᠰᠣ ︵1975 ᠣᠨ︶᠂ ᠲᠣᠭᠲᠠᠬᠤ ︵1976 ᠣᠨ︶᠂ ᠯᠢᠶᠠᠩ ᠴᠢᠩ ᠯᠦᠩ ︵1976~1978 ᠣᠨ︶᠂ ᠪᠦᠬᠡᠪᠠᠶᠠᠷ ︵ᠰᠣᠷᠭᠠᠭᠤᠯᠢ ᠶᠢᠨ ᠬᠠᠷᠢᠭᠤᠴᠠᠯᠭᠠᠳᠠᠨ︶ ︵1975~1977 ᠣᠨ︶᠂ ᠪᠥᠬᠡ ︵1975~1977 ᠣᠨ︶᠂ ᠮᠧᠳᠡᠭ ︵1975~1978 ᠣᠨ︶᠂ ᠭᠧᠪᠡᠵᠠᠮᠰᠣ ︵1976 ᠣᠨ︶᠂ ᠴᠠᠭᠳᠣᠷ ︵1976~1978 ᠣᠨ︶᠂ ᠰᠢᠷᠠᠪᠠᠷᠰ ︵1976~1978 ᠣᠨ︶᠂ ᠬᠤᠸᠠᠩ ᠵᠢᠮᠪᠠ ︵1977~1978 ᠣᠨ︶᠂ ᠵᠠᠭᠤᠨᠠᠰᠣᠳᠣ ︵1976~1977 ᠣᠨ︶᠂ ᠬᠦᠷᠡᠯᠵᠠᠭᠠᠨ᠎ᠠ ︵ᠰᠣᠷᠭᠠᠭᠤᠯᠢ ᠶᠢᠨ ᠬᠠᠷᠢᠭᠤᠴᠠᠯᠭᠠᠳᠠᠨ︶ ︵1976~1978 ᠣᠨ︶᠂ ᠴᠣᠩᠬᠤᠷᠠ ︵1978 ᠣᠨ︶᠃      ᠡᠳᠡᠭᠡᠷ ᠪᠠᠭᠰᠢ ᠨᠠᠷ ᠣᠷᠤᠭ᠎ᠠ ᠪᠣᠰᠬᠠᠭ᠎ᠠ ᠤᠨ ᠵᠢᠯ ᠤᠳ ᠲᠤ ᠦᠨᠳᠦᠰᠦᠳᠡᠨ ᠤ ᠰᠣᠷᠭᠠᠨ ᠬᠦᠮᠦᠵᠢᠯ ᠤᠨ ᠦᠢᠯᠡᠰ ᠤᠨ ᠲᠦᠯᠦᠭᠡ ᠣᠶᠣᠨ ᠢᠶᠠᠨ ᠰᠢᠪᠬᠠᠨ ᠠᠵᠢᠯᠯᠠᠭᠰᠠᠨ ᠢᠶᠠᠷ ᠣᠯᠣᠰ ᠤᠨ ᠰᠢᠯᠭᠠᠯᠳᠠ ᠶᠢᠨ ᠳᠦᠷᠢᠮ ᠳᠠᠬᠢᠨ ᠰᠡᠷᠭᠦᠭᠡᠭᠳᠡᠭᠰᠡᠨ ᠤ ᠳᠠᠷᠠᠭ᠎ᠠ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠠᠴᠠ ᠮᠠᠰᠢ ᠤᠯᠠᠨ ᠤᠶᠤᠳᠠᠨ ᠰᠡᠭᠡᠭᠡᠳᠡᠳ ᠴᠤᠯᠭᠤᠷᠠᠨ ᠭᠠᠷᠤᠭᠰᠠᠨ ᠪᠠᠶᠢᠨ᠎ᠠ᠃ ᠦᠭᠡᠷᠡᠴᠢᠯᠡᠯᠲᠡ ᠬᠢᠵᠦ ᠴᠢᠯᠦᠭᠡᠲᠠᠢ ᠶᠠᠪᠣᠯᠴᠠᠬᠰᠠᠨ ᠤ ᠳᠠᠷᠠᠭ᠎ᠠ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠨᠢ ᠳᠡᠭᠡᠳᠦ ᠱᠠᠳᠣᠨ ᠤ ᠲᠣᠬᠢᠷᠠᠭᠤᠯᠭ᠎ᠠ ᠪᠠᠷ ᠪᠠᠭᠰᠢ ᠶᠢᠨ ᠡᠩᠨᠡᠭᠡ ᠪᠠᠨ ᠰᠢᠯᠢᠳᠡᠭᠵᠢᠬᠦᠯᠦᠨ ᠰᠣᠷᠭᠠᠭᠤᠯᠢ ᠡᠷᠬᠢᠯᠡᠬᠦ ᠦᠵᠡᠯ ᠰᠠᠨᠠᠭ᠎ᠠ ᠪᠠᠨ ᠣᠯᠣᠰ ᠤᠨ ᠰᠣᠷᠭᠠᠨ ᠬᠦᠮᠦᠵᠢᠯ ᠤᠨ ᠴᠢᠭᠯᠡᠯᠳᠡ ᠲᠠᠢ ᠨᠢᠭᠡᠳᠬᠡᠵᠦ ᠪᠢᠴᠢᠭ ᠵᠢᠭᠠᠵᠦ ᠬᠦᠮᠦᠨ ᠢ ᠬᠦᠮᠦᠵᠢᠭᠦᠯᠬᠦ ᠵᠠᠷᠴᠢᠮ ᠢ ᠪᠠᠷᠢᠮᠳᠠᠯᠠᠨ᠂ 2005 ᠣᠨ‌‍ᠳᠤ ᡁᠢ ᠠᠨ ᠤ ᠮᠣᠩᠭᠤᠯ ᠪᠠᠭ᠎ᠠ ᠰᠣᠷᠭᠠᠭᠤᠯᠢ ᠲᠠᠢ ᠨᠡᠶᠢᠯᠡᠬᠦ ᠪᠣᠯᠲᠠᠯ᠎ᠠ ᠠᠷᠭ᠎ᠠ ᠪᠦᠬᠦᠨ ᠢ ᠰᠦᠪᠡᠭᠴᠢᠯᠡᠨ ᠰᠣᠷᠭᠠᠭᠤᠯᠢ ᠶᠢᠨ ᠭᠡᠷ ᠪᠠᠷᠢᠯᠭ᠎ᠠ ᠶᠢ ᠬᠤᠶᠠᠷ ᠣᠳᠠᠭ᠎ᠠ ᠸᠠᠭᠠᠷ ᠲᠣᠭᠤᠰᠬᠠᠨ ᠭᠡᠷ ᠢᠶᠠᠷ ᠰᠢᠨᠡᠳᠭᠡᠨ ᠪᠠᠶᠢᠭᠤᠯᠵᠣ᠂ ᠲᠣᠨᠤᠭ ᠲᠦᠬᠦᠭᠡᠷᠦᠮᠵᠢ ᠪᠠᠨ ᠣᠯᠠᠨ ᠣᠳᠠᠭ᠎ᠠ ᠬᠠᠯᠠᠨ ᠰᠠᠶᠢᠵᠢᠷᠠᠭᠤᠯᠣᠭᠠᠳ ᠪᠦᠲᠦᠭᠡᠯᠴᠢ ᠪᠠᠷ ᠠᠰᠢᠭᠯᠠᠬᠤ ᠶᠢᠨ ᠬᠠᠮᠳᠣ ᠷᠠᠰᠢᠳᠣᠷᠵᠢ᠂ ᠪᠠᠯᠳᠠᠨ᠂ ᠭᠠᠨᠵᠣᠣᠷᠵᠠᠪ᠂ ᠮᠦᠩᠭᠦᠨᠲᠤᠶᠠᠭ᠎ᠠ᠂ ᠶᠧᠰᠢ᠂ ᠬᠦᠷᠡᠯᠳᠣᠭᠤ ᠵᠡᠷᠭᠡ ᠠᠬᠠᠮᠠᠳ ᠪᠠᠭᠰᠢ ᠨᠠᠷ ᠤᠨ ᠣᠳᠠᠭᠠᠨ ᠵᠢᠯ ᠤᠨ ᠵᠢᠭᠠᠨ ᠰᠤᠷᠭᠠᠯᠳᠠ ᠲᠤᠮᠳᠠ ᠬᠤᠷᠠᠮᠳᠣᠭᠤᠯᠣᠭᠰᠠᠨ ᠲᠣᠷᠰᠢᠯᠭ᠎ᠠ ᠪᠠᠨ ᠬᠠᠷᠠᠮ ᠦᠭᠡᠢ ᠳᠡᠯᠭᠡᠷᠡᠭᠦᠯᠦᠨ ᠣᠯᠠᠮᠵᠢᠯᠠᠳᠠᠭ ᠪᠠᠶᠢᠭᠰᠠᠨ ᠤ ᠣᠯᠠᠮ ᠠᠴᠠ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠳᠤ ᠠᠵᠢᠯᠯᠠᠭᠰᠠᠨ ᠵᠠᠯᠠᠭᠤ ᠪᠠᠭᠰᠢ ᠨᠠᠷ ᠴᠦ ᠵᠢᠭᠠᠨ ᠰᠣᠷᠭᠠᠬᠤ ᠣᠷ᠎ᠠ ᠮᠡᠷᠭᠡᠰᠢᠯ ᠮᠠᠰᠢ ᠲᠦᠷᠭᠡᠨ ᠳᠡᠭᠡᠭᠰᠢᠯᠡᠵᠦ᠂ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠬᠢᠷᠢ ᠬᠡᠮᠵᠢᠶ᠎ᠡ ᠶᠢ ᠨᠡᠶᠢᠳᠡᠮ ᠤᠨ ᠴᠢᠨᠠᠷ ᠲᠠᠢ ᠪᠠᠲᠣᠯᠠᠭᠰᠠᠭᠠᠷ ᠢᠷᠡᠭᠰᠡᠨ ᠶᠣᠮ᠃ ᠣᠨᠴᠠᠭᠠᠶᠢᠯᠠᠨ ᠪᠠᠯᠳᠠᠨ ᠪᠠᠭᠰᠢ ᠶᠢᠨ ᠦᠪᠡᠷ ᠤᠨ ᠬᠢᠨᠢ ᠰᠣᠳᠣᠯᠣᠨ ᠣᠷᠣᠯᠳᠣᠵᠣ ᠵᠢᠭᠠᠨ ᠰᠣᠷᠭᠠᠯᠳᠠ ᠳᠤ ᠪᠠᠨ ᠠᠰᠢᠭᠯᠠᠵᠣ ᠪᠠᠶᠢᠭᠰᠠᠨ ᠵᠢᠭᠠᠨ ᠰᠣᠷᠭᠠᠬᠤ ᠠᠷᠭ᠎ᠠ ᠨᠢ ᠬᠡᠳᠦ᠋ᠢᠪᠡᠷ ᠨᠣᠮ ᠳᠡᠪᠲᠡᠷ ᠤᠨ ᠬᠡᠯᠪᠡᠷᠢ ᠪᠠᠷ ᠬᠡᠪᠯᠡᠭᠳᠡᠭᠰᠡᠨ ᠦᠭᠡᠢ ᠪᠣᠯᠪᠠᠴᠣ ᠪᠦᠬᠦ ᠣᠯᠣᠰ ᠤᠨ ᠬᠤᠶᠠᠳᠣᠭᠠᠷ ᠣᠳᠠᠭᠠᠨ ᠤ ᠵᠢᠭᠠᠨ ᠰᠣᠷᠭᠠᠯᠲᠠ ᠶᠢᠨ ᠦᠭᠡᠷᠡᠴᠢᠯᠡᠯᠲᠡ ᠶᠢᠨ ᠭᠤᠣᠯ ᠰᠡᠳᠦᠪ ᠲᠠᠢ ᠲᠡᠷᠡ ᠬᠡᠪ ᠢᠶᠠᠷ ᠢᠶᠠᠨ ᠨᠡᠶᠢᠴᠡᠵᠦ ᠪᠠᠶᠢᠭᠰᠠᠨ ᠨᠢ ᠭᠠᠶᠢᠬᠠᠭᠤᠰᠢᠳᠠᠢ ᠪᠦᠭᠡᠳ ᠵᠠᠯᠠᠭᠤ ᠪᠠᠭᠰᠢ ᠨᠠᠷ ᠲᠤ ᠵᠣᠷᠢᠭ ᠲᠠᠢ ᠪᠠᠷ ᠣᠯᠠᠮᠵᠢᠯᠠᠵᠣ ᠪᠠᠶᠢᠭᠰᠠᠨ ᠢ ᠨᠢ ᠮᠠᠭᠳᠠᠭᠤᠰᠢᠳᠠᠢ᠃ ᠲᠡᠷᠡ ᠦᠷᠭᠦᠯᠵᠢ ︽ᠪᠠᠭᠰᠢ ᠶᠢᠨ ᠵᠢᠭᠠᠵᠣ ᠪᠠᠶᠢᠬᠤ ᠨᠢ ᠵᠢᠭᠠᠬᠤ ᠦᠭᠡᠢ ᠶᠢᠨ ᠲᠦᠯᠦᠭᠡ ᠶᠣᠮ᠂ ᠪᠠᠭᠰᠢ ᠰᠣᠷᠣᠭᠴᠢ ᠳᠤ ᠲᠦᠯᠬᠢᠭᠦᠷ ᠵᠢᠭᠠᠳᠠᠭ︾ ᠭᠡᠬᠦ ᠮᠡᠳᠦ ᠦᠭᠡ ᠶᠠᠷᠢᠶ᠎ᠠ ᠪᠠᠷ ᠰᠣᠷᠣᠭᠴᠢᠳ ᠲᠤ ᠰᠣᠷᠬᠤ ᠠᠷᠭ᠎ᠠ ᠶᠢᠨ ᠵᠢᠯᠤᠭᠤᠳᠤᠮᠵᠢ ᠬᠢᠭᠦ ᠪᠠ ᠰᠣᠷᠣᠯᠴᠠᠬᠤ ᠣᠷᠮᠠᠰᠢᠯ ᠢ ᠨᠢ ᠲᠡᠭᠡᠭᠰᠢᠯᠡᠭᠦᠯᠭᠦ ᠶᠢᠨ ᠴᠢᠬᠤᠯᠠ ᠴᠢᠨᠠᠷ ᠢ ᠬᠠᠮᠲᠣ ᠠᠵᠢᠯᠯᠠᠭᠰᠠᠳ ᠲᠤ ᠪᠠᠨ ᠣᠬᠠᠮᠰᠠᠷᠠᠭᠤᠯᠬᠤ ᠶᠢᠨ ᠲᠠᠭᠠᠣ ᠪᠡᠶ᠎ᠡ ᠪᠠᠷ ᠢᠶᠠᠨ ᠵᠢᠯᠣᠭᠤᠳᠣᠨ ᠳᠠᠭᠠᠭᠤᠯᠵᠣ ᠰᠣᠷᠭᠠᠳᠠᠭ ᠪᠠᠶᠢᠭᠰᠠᠨ ᠠᠴᠠ ᠰᠢᠨ᠎ᠡ ᠬᠢᠴᠢᠶᠡᠯᠯᠡᠭᠡ ᠶᠢᠨ ᠦᠭᠡᠷᠡᠴᠢᠯᠡᠯᠲᠡ ᠶᠢ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠪᠠᠭᠰᠢ ᠨᠠᠷ ᠮᠠᠰᠢ ᠬᠢᠯᠪᠠᠷᠬᠠᠨ ᠭᠦᠯᠢᠶᠡᠵᠦ᠂ ᠰᠣᠷᠣᠭᠴᠢᠳ ᠤᠨ ᠰᠣᠷᠣᠯᠭ᠎ᠠ ᠶᠢᠨ ᠬᠢᠷᠢ ᠬᠡᠮᠵᠢᠶ᠎ᠡ ᠶᠠᠪᠣᠬᠤ ᠳᠣᠲᠣᠮ ᠰᠠᠶᠢᠵᠢᠷᠠᠬᠤ ᠰᠢᠨ᠎ᠡ ᠠᠬᠢᠴᠠ ᠲᠠᠢ ᠪᠣᠯᠵᠦ ᠴᠢᠳᠠᠭᠰᠠᠨ ᠪᠠᠶᠢᠨ᠎ᠠ᠃      1978~2005 ᠣᠨ ᠪᠣᠯᠲᠠᠯ᠎ᠠ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠪᠠᠭᠰᠢ ᠠᠵᠢᠯᠲᠡᠨ ᠤ ᠠᠵᠢᠯᠯᠠᠭᠰᠠᠨ ᠪᠠᠶᠢᠳᠠᠯ ᠤᠨ ᠬᠤᠪᠢᠷᠠᠯᠲᠠ ᠶᠢ ᠣᠨ ᠳᠠᠷᠠᠭᠠᠯᠠᠨ ᠵᠢᠭᠰᠠᠭᠠᠪᠠᠯ᠄      1977 ᠣᠨ ᠠᠴᠠ 1978 ᠣᠨ ᠤ ᠬᠤᠭᠤᠴᠠᠭᠠᠨ ᠳᠤ ᠶᠧᠰᠢ᠂ ᠮᠦᠩᠭᠦᠨᠲᠣᠶᠠᠭ᠎ᠠ᠂ ᠪᠠᠯᠳᠠᠨ᠂ ᠪᠣᠣ ᠶᠢᠨ ᠯᠢᠶᠠᠩ᠂ ᠦ᠋ ᠶᠢᠨ ᠱᠠᠨ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠶᠧᠰᠢ᠃      1978 ᠣᠨ ᠠᠴᠠ 1979 ᠣᠨ ᠤ ᠬᠤᠭᠤᠴᠠᠭᠠᠨ ᠳᠤ ᠶᠧᠰᠢ᠂ ᠬᠦᠷᠡᠯᠳᠣᠭᠤ᠂ ᠪᠣᠣ ᠶᠢᠨ ᠯᠢᠶᠠᠩ᠂ ᠮᠦᠩᠭᠦᠨᠲᠣᠶᠠᠭ᠎ᠠ᠂ ᠦ᠋ ᠶᠢᠨ ᠱᠠᠨ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠶᠧᠰᠢ᠃      1979 ᠣᠨ ᠠᠴᠠ 1980 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂  ᠮᠦᠩᠭᠦᠨᠲᠣᠶᠠᠭ᠎ᠠ᠂ ᠪᠣᠣ ᠶᠢᠨ ᠯᠢᠶᠠᠩ᠂ ᠦ᠋ ᠶᠢᠨ ᠱᠠᠨ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠶᠧᠰᠢ᠃      1980 ᠣᠨ ᠠᠴᠠ 1981 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂  ᠮᠦᠩᠭᠦᠨᠲᠣᠶᠠᠭ᠎ᠠ᠂ ᠪᠣᠣ ᠶᠢᠨ ᠯᠢᠶᠠᠩ᠂ ᠦ᠋ ᠶᠢᠨ ᠱᠠᠨ᠂ ᠱᠣᠸᠠᠩ ᠯᠢᠶᠠᠩ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠷᠠᠰᠢᠳᠣᠷᠵᠢ᠃      1981 ᠣᠨ ᠠᠴᠠ 1982 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠪᠣᠣ ᠶᠢᠨ ᠯᠢᠶᠠᠩ᠂ ᠦ᠋ ᠶᠢᠨ ᠱᠠᠨ᠂ ᠵᠡᠷᠭᠡ ᠪᠠᠭᠰᠢ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ  ᠬᠠᠷᠢᠭᠤᠴᠠᠯᠭᠠᠳᠠᠨ᠄ ᠬᠦᠷᠡᠯᠳᠣᠭᠤ᠃      1982 ᠣᠨ ᠠᠴᠠ 1983 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠪᠣᠣ ᠶᠢᠨ ᠯᠢᠶᠠᠩ᠂ ᠦ᠋ ᠶᠢᠨ ᠱᠠᠨ᠂ ᠬᠠᠷᠠᠪᠠᠷᠰ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠦᠷᠡᠯᠳᠣᠭᠤ᠃      1983 ᠣᠨ ᠠᠴᠠ 1984 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠦ᠋ ᠶᠢᠨ ᠱᠠᠨ᠂ ᠬᠠᠷᠠᠪᠠᠷᠰ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠤᠷᠭᠠᠭᠤᠯᠢ ᠶᠢᠨ ᠬᠠᠷᠢᠭᠤᠴᠠᠯᠳᠠᠨ᠄ ᠭᠦᠷᠡᠯᠳᠤᠭᠤ᠃      1984 ᠣᠨ ᠠᠴᠠ 1985 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠦ᠋ ᠶᠢᠨ ᠱᠠᠨ᠂ ᠬᠠᠷᠠᠪᠠᠷᠰ᠂ ᠪᠣᠣ ᠮᠧᠢ ᠷᠦᠩ᠂ ᠼᠦᠢ ᠢᠣᠢ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠦᠷᠡᠯᠳᠣᠭᠤ᠃      1985 ᠣᠨ ᠠᠴᠠ 1986 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠦ᠋ ᠶᠢᠨ ᠱᠠᠨ᠂ ᠬᠠᠷᠠᠪᠠᠷᠰ᠂ ᠪᠣᠣ ᠮᠧᠢ ᠷᠦᠩ᠂ ᠶᠢᠨ ᠮᠠ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠦᠷᠡᠯᠳᠣᠭᠤ᠃      1986 ᠣᠨ ᠠᠴᠠ 1987 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠬᠠᠷᠠᠪᠠᠷᠰ᠂ ᠣᠳᠬᠤᠠᠬᠤᠸᠠᠷ᠂ ᠶᠢᠨ ᠮᠠ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠦᠷᠡᠯᠳᠣᠭᠤ᠃      1987 ᠣᠨ ᠠᠴᠠ 1988 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠣᠳᠬᠤᠠᠬᠤᠸᠠᠷ᠂ ᠳᠠᠯᠠᠢ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠦᠷᠡᠯᠳᠣᠭᠤ᠃      1988 ᠣᠨ ᠠᠴᠠ 1989 ᠣᠨ ᠤ ᠬᠤᠭᠤᠴᠠᠭᠠᠨ ᠳᠤ ᠷᠠᠰᠢᠳᠣᠷᠵᠢ᠂ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠪᠣᠣ ᠶᠢᠨ ᠼᠠᠢ᠂ ᠳᠠᠯᠠᠢ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠦᠷᠡᠯᠳᠣᠭᠤ᠃      1989 ᠣᠨ ᠠᠴᠠ 1990 ᠣᠨ ᠤ ᠬᠤᠭᠤᠴᠠᠭᠠᠨ ᠳᠤ᠂ ᠷᠠᠰᠢᠳᠣᠷᠵᠢ᠂ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠪᠣᠣ ᠶᠢᠨ ᠼᠠᠢ᠂ ᠳᠠᠯᠠᠢ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠦᠷᠡᠯᠳᠣᠭᠤ᠃      1990 ᠣᠨ ᠠᠴᠠ 1995 ᠣᠨ ᠤ 9 ᠰᠠᠷ᠎ᠠ ᠪᠣᠯᠲᠠᠯᠠᠬᠢ ᠬᠤᠭᠤᠴᠠᠭᠠᠨ ᠳᠤ᠂ ᠷᠠᠰᠢᠳᠣᠷᠵᠢ᠂ ᠪᠠᠯᠳᠠᠨ᠂ ᠭᠠᠨᠵᠣᠣᠷᠵᠠᠪ᠂ ᠪᠣᠣ ᠶᠢᠨ ᠼᠠᠢ᠂ ᠳᠠᠯᠠᠢ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠭᠠᠨᠵᠣᠣᠷᠵᠠᠪ᠃      1995 ᠣᠨ ᠳᠤ ᠨᠠᠢᠮᠠᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠠᠴᠠ ᠵᠡᠬᠦᠨ ᠬᠤᠯᠣᠰᠣᠲᠠᠢ ᠭᠠᠴᠠᠭ᠎ᠠ ᠲᠠᠢ ᠮᠠᠯ ᠠᠵᠣ ᠠᠬᠤᠢ ᠶᠢᠨ ᠬᠠᠮᠲᠣᠷᠠᠯᠴᠠᠭ᠎ᠠ ᠶᠠᠪᠣᠭᠤᠯᠵᠣ᠂ ᠵᠡᠭᠦᠨ ᠬᠤᠯᠣᠰᠣᠲᠠᠢ ᠭᠠᠴᠠᠭ᠎ᠠ ᠶᠢᠨ ᠨᠢᠭᠡ ᠬᠡᠰᠡᠭ ᠨᠣᠲᠤᠭ ᠪᠡᠯᠴᠢᠭᠡᠷ ᠢ ᠡᠵᠡᠩᠨᠡᠭᠰᠡᠨ ᠠᠴᠠ ᠵᠡᠭᠦᠨ ᠬᠤᠯᠣᠰᠣᠲᠠᠢ ᠭᠠᠴᠠᠭ᠎ᠠ ᠶᠢᠨ ᠰᠣᠷᠭᠠᠭᠤᠯᠢ ᠶᠢᠨ ᠭᠡᠷ ᠪᠠᠷᠢᠯᠭ᠎ᠠ᠂ ᠲᠣᠨᠤᠭ ᠲᠦᠬᠦᠭᠡᠷᠦᠮᠵᠢ ᠶᠢ ᠪᠦᠬᠦ ᠲᠠᠯ᠎ᠠ ᠪᠠᠷ ᠦᠭᠡᠷᠡᠴᠢᠯᠡᠨ ᠰᠢᠨᠡᠳᠭᠡᠵᠣ᠂ ᠪᠠᠭᠰᠢ ᠶᠢᠨ ᠡᠩᠨᠡᠭᠡ ᠳᠤ ᠴᠦ ᠶᠡᠭᠡ ᠲᠤᠬᠢᠷᠠᠭᠤᠯᠣᠯᠳᠠ ᠬᠢᠭᠰᠡᠨ ᠪᠠᠶᠢᠨ᠎ᠠ᠃      1995 ᠣᠨ ᠠᠴᠠ 1996 ᠣᠨ ᠤ ᠬᠤᠭᠤᠴᠠᠭᠠᠨ ᠳᠤ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠬᠠᠷᠠᠪᠠᠷᠰ᠂ ᠪᠣᠣ ᠮᠧᠢ ᠷᠦᠩ᠂ ᠶᠢᠩ ᠢᠣᠢ᠂ ᠳᠠᠯᠠᠢ᠂ ᠬᠠᠢ ᠮᠧᠢ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠠᠷᠠᠪᠠᠷᠰ᠃      1996 ᠣᠨ ᠠᠴᠠ 1997 ᠣᠨ ᠤ ᠬᠤᠭᠤᠴᠠᠭᠠᠨ ᠳᠤ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠬᠠᠷᠠᠪᠠᠷᠰ᠂ ᠪᠣᠣ ᠮᠧᠢ ᠷᠦᠩ᠂ ᠶᠢᠩ ᠢᠣᠢ᠂ ᠳᠠᠯᠠᠢ᠂ ᠬᠠᠢ ᠮᠧᠢ᠂ ᠬᠦᠦ᠋ᠢᠷ᠎ᠡ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠠᠷᠠᠪᠠᠷᠰ᠃      1997 ᠣᠨ ᠠᠴᠠ 1998 ᠣᠨ ᠤ ᠬᠤᠭᠤᠴᠠᠭᠠᠨ ᠳᠤ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠬᠠᠷᠠᠪᠠᠷᠰ᠂ ᠪᠣᠣ ᠮᠧᠢ ᠷᠦᠩ᠂ ᠶᠢᠩ ᠢᠣᠢ᠂ ᠯᠢᠶᠠᠩ ᠱᠧᠩ᠂ ᠳᠠᠯᠠᠢ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠠᠷᠠᠪᠠᠷᠰ᠃      1998 ᠣᠨ ᠠᠴᠠ 1999 ᠣᠨ ᠤ ᠬᠤᠭᠤᠴᠠᠭᠠᠨ ᠳᠤ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠬᠠᠷᠠᠪᠠᠷᠰ᠂ ᠪᠣᠣ ᠮᠧᠢ ᠷᠦᠩ᠂ ᠶᠢᠩ ᠢᠣᠢ᠂ ᠭᠦᠨᠢᠶᠠᠩ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠠᠷᠠᠪᠠᠷᠰ᠃      1999 ᠣᠨ ᠠᠴᠠ 2000 ᠣᠨ ᠤ ᠬᠤᠭᠤᠴᠠᠭᠠᠨ ᠳᠤ ᠬᠦᠷᠡᠯᠳᠣᠭᠤ᠂ ᠪᠠᠯᠳᠠᠨ᠂ ᠭᠠᠨᠵᠣᠣᠷᠵᠠᠪ᠂ ᠬᠠᠷᠠᠪᠠᠷᠰ᠂ ᠪᠣᠣ ᠮᠧᠢ ᠷᠦᠩ᠂ ᠶᠢᠩ ᠢᠣᠢ᠂ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠠᠷᠠᠪᠠᠷᠰ᠃      2000 ᠣᠨ ᠳᠤ ᠨᠠᠢᠮᠠᠨ ᠬᠤᠰᠢᠭᠤ ᠨᠢ ᠰᠤᠷᠭᠠᠨ ᠬᠦᠮᠦᠵᠢᠯ ᠤᠨ ᠶᠡᠭᠡ ᠦᠭᠡᠷᠡᠴᠢᠯᠡᠯᠲᠡ ᠶᠠᠪᠤᠭᠳᠠᠭᠤᠯᠵᠤ ᠣᠷᠤᠨ ᠨᠤᠲᠤᠭ ᠤᠨ ᠪᠠᠭᠰᠢ ᠶᠡᠭᠡ ᠪᠠᠷ ᠭᠠᠳᠠᠭᠰᠢ ᠰᠢᠯᠵᠢᠨ ᠭᠠᠳᠠᠨ᠎ᠠ ᠠᠴᠠ ᠤᠯᠠᠨ ᠪᠠᠭᠰᠢ ᠶᠢ ᠰᠢᠯᠵᠢᠭᠦᠯᠦᠨ ᠤᠷᠤᠭᠤᠯᠵᠤ ᠰᠤᠷᠭᠠᠭᠤᠯᠢ ᠠᠴᠠ ᠪᠠᠭᠰᠢ ᠶᠢᠨ ᠪᠠᠶᠢᠷᠢ ᠶᠢ ᠲᠣᠬᠢᠷᠠᠭᠤᠯᠪᠠ᠃      2000 ᠣᠨ ᠠᠴᠠ 2004 ᠣᠨ ᠤ ᠬᠤᠭᠤᠴᠠᠭᠠᠨ ᠳᠤ ᠬᠠᠷᠠᠪᠠᠷᠰ᠂ ᠬᠦᠷᠡᠯᠳᠣᠭᠤ᠂ ᠰᠠᠷᠠᠨᠲᠣᠶᠠᠭ᠎ᠠ ︵ᠱᠧᠩᠯᠢ ᠨᠤᠲᠤᠭ ᠲᠠᠢ︶᠂ ᠦ᠋ ᠶᠠᠨ ︵ᠱᠧᠩᠯᠢ ᠨᠤᠲᠤᠭ ᠲᠠᠢ︶᠂ ᠣᠯᠠᠭᠠᠨ ︵ᠵᠠᠷᠤᠳ ᠨᠤᠲᠤᠭ ᠲᠠᠢ︶ ᠵᠡᠷᠭᠡ ᠪᠠᠭᠰᠢ ᠨᠠᠷ ᠬᠢᠴᠢᠶᠡᠯᠯᠡᠵᠣ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠬᠠᠷᠠᠪᠠᠷᠰ᠃      2004 ᠣᠨ ᠠᠴᠠ 2005 ᠣᠨ ᠤ ᠬᠤᠭᠤᠴᠠᠭᠠᠨ ᠳᠤ ᠬᠠᠷᠠᠪᠠᠷᠰ᠂ ᠬᠦᠷᠡᠯᠳᠣᠭᠤ᠂ ᠰᠠᠶᠢᠨᠴᠣᠭᠳᠣ᠂ ᠱᠣᠸᠠᠩ ᠬᠤᠣ᠂ ᠴᠧᠨ ᠶᠠ ᠰᠢᠣᠸᠠᠢ᠂ ᠪᠣᠣ ᠰᠢᠶᠠᠩ ᠹᠦ᠋ ᠵᠡᠷᠭᠡ ᠪᠠᠭᠰᠢ ᠨᠠᠷ ᠬᠢᠴᠢᠶᠡᠯᠯᠡᠵᠦ ᠪᠠᠶᠢᠪᠠ᠃ ᠰᠣᠷᠭᠠᠭᠤᠯᠢ ᠶᠢᠨ ᠬᠠᠷᠢᠭᠤᠴᠠᠯᠭᠠᠳᠠᠨ᠄ ᠪᠣᠣ ᠰᠢᠶᠠᠩ ᠹᠦ᠋᠃      2005 ᠣᠨ ᠤ 9 ᠰᠠᠷ᠎ᠠ ᠠᠴᠠ ᡁᠢ ᠠᠨ ᠪᠠᠯᠭᠠᠰᠣᠨ ᠤ ᠮᠣᠩᠭᠤᠯ ᠢᠶᠠᠷ ᠬᠢᠴᠢᠶᠡᠯᠯᠡᠵᠦ ᠪᠠᠶᠢᠭᠰᠠᠨ ᠪᠠᠭ᠎ᠠ ᠰᠣᠷᠭᠠᠭᠤᠯᠢ ᠨᠤᠭᠤᠳ ᠢ ᠪᠦᠬᠦᠨ ᠢ ᠣᠣᠯ ᠤᠨ ᠨᠠᠢᠮᠠᠨ ᠬᠤᠰᠢᠭᠤᠨ ᠤ ᠱᠧᠩᠯᠢ ᠮᠣᠩᠭᠤᠯ ᠳᠣᠮᠳᠠᠳᠣ ᠰᠣᠷᠭᠠᠭᠤᠯᠢ ᠶᠢᠨ ᠪᠠᠭᠤᠷᠢ ᠳᠡᠭᠡᠷ᠎ᠡ ᠰᠢᠨ᠎ᠡ ᠪᠠᠷ ᠰᠣᠷᠭᠠᠭᠤᠯᠢ ᠪᠠᠶᠢᠭᠤᠯᠵᠣ ᠨᠡᠶᠢᠯᠡᠭᠦᠯᠦᠨ ᠠᠪᠠᠴᠢᠭᠠᠳ ︽ᡁᠢ ᠠᠨ ᠮᠣᠩᠭᠤᠯ ᠪᠠᠭ᠎ᠠ ᠰᠣᠷᠭᠠᠭᠤᠯᠢ︾ ᠭᠡᠵᠣ ᠨᠡᠷᠡᠶᠢᠳᠪᠡ᠃ ᠢᠩᠬᠢᠭᠡᠳ ᠵᠡᠭᠦᠨ ᠬᠤᠯᠣᠰᠣᠳᠠᠢ ᠪᠠᠭ᠎ᠠ ᠰᠣᠷᠭᠠᠭᠤᠯᠢ ᠵᠢᠷᠠᠨ ᠵᠢᠯ ᠤᠨ ᠣᠢ ᠳᠤ ᠪᠠᠨ ᠲᠤᠯᠵᠤ ᠲᠡᠦᠬᠡᠳᠣ ᠢᠷᠠᠭᠤ ᠠᠯᠳᠠᠷᠳᠣ ᠡᠬᠦᠷᠭᠡ ᠪᠠᠨ ᠪᠠᠶᠠᠯᠠᠭᠦᠯᠵᠦ᠂ ᠨᠣᠳᠤᠭ ᠣᠰᠣᠨ ᠤ ᠪᠠᠨ ᠦᠶ ᠣᠯᠠᠨ ᠪᠠᠭᠠᠴᠣᠳ ᠢ ᠭᠠᠷ ᠢ ᠨᠢ ᠭᠠᠨᠵᠤᠭᠠᠨ ᠳᠤ ᠬᠦᠯ ᠢ ᠨᠢ ᠳᠦᠷᠦᠭᠡᠨ ᠳᠤ ᠬᠦᠷᠭᠡᠵᠣ ᠪᠠᠶᠢᠭᠰᠠᠨ ᠰᠣᠶᠣᠯ ᠭᠡᠭᠡᠷᠡᠯ ᠤᠨ ᠦᠯᠦᠭᠡᠢ ᠮᠢᠨᠢ ᠲᠡᠦᠬᠡ ᠪᠣᠯᠤᠨ ᠬᠤᠴᠤᠷᠴᠠᠢ᠃ ᠡᠨᠡ ᠬᠦ ᠵᠢᠷᠠᠨ ᠵᠢᠯ ᠤᠨ ᠲᠡᠦᠬᠡᠨ ᠬᠤᠭᠤᠴᠠᠭᠠᠨ ᠳᠤ ᠨᠡᠶᠢᠲᠡ 800 ᠭᠠᠷᠤᠢ ᠰᠤᠷᠤᠭᠴᠢ ᠶᠢ ᠬᠦᠮᠦᠵᠢᠭᠦᠯᠦᠭᠰᠡᠨ ᠤ ᠳᠣᠲᠣᠷ᠎ᠠ ᠠᠴᠠ 147 ᠨᠡᠷᠡᠰ ᠰᠤᠷᠤᠭᠴᠢ ᠨᠢ ᠤᠯᠤᠰ ᠤᠨ ᠨᠢᠭᠡᠳᠦᠯᠲᠠᠢ ᠰᠢᠯᠭᠠᠯᠲᠠ ᠪᠠᠷ ᠳᠠᠮᠵᠢᠨ ᠪᠦᠬᠦᠯᠢ ᠡᠳᠦᠷ ᠤᠨ ᠳᠦᠷᠢᠮᠲᠦ ᠶᠡᠭᠡ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠬᠦᠰᠬᠡᠵᠦ᠂ 72 ᠨᠡᠷᠡᠰ ᠰᠤᠷᠤᠯᠭᠠᠲᠠᠨ ᠨᠢ ᠴᠡᠷᠢᠭ ᠠᠴᠠ ᠬᠠᠯᠠᠭᠳᠠᠨ ᠠᠵᠢᠯ ᠬᠤᠪᠢᠶᠠᠭᠳᠠᠭᠰᠠᠨ ᠪᠣᠶᠤ ᠪᠣᠰᠤᠳ ᠠᠷᠭ᠎ᠠ ᠵᠠᠮ ᠢᠶᠠᠷ ᠤᠯᠤᠰ ᠤᠨ ᠠᠯᠪᠠᠨ ᠠᠵᠢᠯ ᠪᠣᠶᠤ ᠠᠵᠢᠯ ᠦᠢᠯᠡᠰ ᠤᠨ ᠨᠢᠭᠡᠴᠢ ᠪᠠᠷ ᠠᠵᠢᠯ ᠬᠤᠪᠢᠳᠠᠨ᠂ ᠨᠡᠶᠢᠲᠡ 219 ᠨᠡᠷᠡᠰ ᠰᠤᠷᠤᠯᠭᠠᠲᠠᠨ ᠤᠯᠤᠰ ᠪᠠ ᠣᠷᠣᠨ ᠤ ᠡᠯ᠎ᠡ ᠭᠠᠵᠠᠷ ᠢᠶᠠᠷ ᠠᠯᠪᠠᠨ ᠠᠵᠢᠯ ᠳᠤ ᠣᠷᠤᠯᠴᠠᠭᠰᠠᠨ ᠪᠠᠶᠢᠨ᠎ᠠ᠃      ᠰᠢᠯᠭᠠᠯᠳᠠ ᠶᠢᠨ ᠲᠦᠷᠢᠮ ᠰᠡᠷᠬᠦᠭᠡᠭᠳᠡᠭᠰᠡᠨ ᠪᠠ ᠦᠭᠡᠷᠡᠴᠢᠯᠡᠯᠳᠡ ᠬᠢᠵᠦ ᠴᠢᠯᠦᠭᠡᠲᠠᠢ ᠶᠠᠪᠣᠯᠴᠠᠬᠤ ᠲᠦᠷᠦ ᠶᠢᠨ ᠪᠣᠳᠣᠯᠭ᠎ᠠ ᠬᠡᠷᠡᠭᠵᠢᠬᠦᠯᠦᠭᠰᠡᠨ ᠤ ᠰᠡᠭᠦᠯᠡᠷ 2005 ᠣᠨ ᠪᠣᠯᠲᠠᠯᠠᠬᠢ ᠭᠤᠴᠢ ᠭᠠᠷᠣᠢ ᠵᠢᠯ ᠤᠨ ᠬᠤᠭᠤᠴᠠᠭᠠᠨ ᠳᠤ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠡᠭᠦᠳᠡᠨ ᠪᠣᠱᠤᠭ᠎ᠠ ᠶᠢ ᠳᠠᠮᠵᠢᠭᠰᠠᠨ 600 ᠭᠠᠷᠣᠢ ᠰᠣᠷᠣᠯᠭᠠᠲᠡᠳ ᠠᠴᠠ 132 ᠨᠡᠷᠡᠰ ᠰᠤᠷᠤᠯᠭᠠᠲᠠᠨ ᠶᠡᠭᠡ ᠳᠡᠭᠡᠳᠦ ᠰᠤᠷᠭᠠᠭᠤᠯᠢ ᠪᠠ ᠳᠣᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠬᠦᠰᠬᠡᠵᠦ᠂ 64 ᠨᠡᠷᠡᠰ ᠰᠤᠷᠤᠬᠴᠢ ᠴᠡᠷᠢᠭ ᠠᠴᠠ ᠬᠠᠯᠠᠭᠳᠠᠭᠰᠠᠨ ᠪᠤᠶᠤ ᠪᠣᠰᠤᠳ ᠵᠦᠢᠯ ᠤᠨ ᠵᠠᠮ ᠢᠶᠠᠷ ᠣᠯᠣᠰ ᠤᠨ ᠠᠯᠪᠠᠨ ᠪᠠᠶᠢᠭᠤᠯᠣᠯᠭ᠎ᠠ ᠵᠢᠴᠢ ᠠᠵᠢᠯ ᠦᠢᠯᠡᠰ ᠤᠨ ᠨᠢᠭᠡᠴᠢ ᠪᠠᠷ ᠠᠵᠢᠯ ᠬᠤᠪᠢᠳᠠᠨ᠂ ᠨᠡᠶᠢᠲᠡ 196 ᠨᠡᠷᠡᠰ ᠰᠤᠷᠤᠭᠴᠢ ᠣᠯᠣᠰ ᠪᠠ ᠣᠷᠣᠨ ᠤ ᠡᠯ᠎ᠡ ᠭᠠᠵᠠᠷ ᠢᠶᠠᠷ ᠲᠦᠭᠡᠨ ᠲᠠᠷᠬᠠᠵᠣ᠂ ᠣᠯᠣᠰ ᠣᠷᠣᠨ ᠤ ᠠᠵᠣ ᠠᠬᠤᠢ ᠰᠣᠶᠣᠯ ᠤᠨ ᠪᠠᠶᠢᠭᠤᠯᠣᠯᠲᠠ ᠬᠢᠭᠡᠳ ᠨᠡᠶᠢᠭᠡᠮ ᠤᠨ ᠬᠦᠭᠵᠢᠯᠲᠡ ᠳᠤ ᠣᠶᠣᠨ ᠣᠬᠠᠭᠠᠨ᠂ ᠬᠦᠴᠦᠨ ᠴᠢᠳᠠᠯ ᠢᠶᠠᠨ ᠡᠷᠭᠦᠭᠰᠡᠨ ᠶᠣᠮ᠃ ᠡᠳᠡᠭᠡᠷ ᠴᠢᠳᠠᠪᠣᠷᠢᠲᠡᠳ ᠤᠨ ᠳᠣᠲᠣᠷ᠎ᠠ ᠠᠴᠠ ᠣᠨᠴᠠᠭᠠᠢ ᠬᠡᠳᠦ ᠶᠢ ᠳᠣᠷᠠᠳᠪᠠᠯ᠄      ᠳᠠᠮᠪᠠᠷᠠᠪᠵᠠᠢ᠂ 1957 ᠣᠨ ᠳᠤ ᠲᠦᠷᠦᠪᠡ᠂ ᠳᠤᠮᠳᠠᠳᠤ ᠤᠯᠤᠰ ᠤᠨ ᠡᠪ ᠬᠠᠮᠳᠣ ᠨᠠᠮ ᠤᠨ ᠭᠡᠰᠢᠭᠦᠨ᠃ 1982 ᠣᠨ ᠳᠤ ᠦᠪᠦᠷ ᠮᠣᠩᠭᠤᠯ ᠤᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ ᠵᠢᠩᠬᠢᠨᠢ ᠠᠩᠭᠢ ᠠᠴᠠ ᠲᠡᠭᠦᠰᠭᠡᠪᠡ᠃ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠨᠠᠢᠮᠠᠨ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ᠂ ᠵᠢᠷᠢᠮ ᠤᠨ ᠪᠠᠭᠰᠢ ᠶᠢᠨ ᠰᠤᠷᠭᠠᠭᠤᠯᠢ ᠳᠤ ᠮᠣᠩᠭᠤᠯ ᠬᠡᠯᠡᠨ ᠤ ᠪᠠᠭᠰᠢ ᠪᠠᠷ ᠤᠳᠠᠭᠠᠨ ᠵᠢᠯ ᠠᠵᠢᠯᠯᠠᠪᠠ᠃ ᠵᠢᠷᠢᠮ ᠤᠨ ᠪᠠᠭᠰᠢ ᠶᠢᠨ ᠰᠤᠷᠭᠠᠭᠤᠯᠢ ᠨᠢ ᠲᠦᠩᠯᠢᠶᠣᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠤᠯᠤᠭᠰᠠᠨ ᠤ ᠳᠠᠷᠠᠭ᠎ᠠ ᠲᠡᠷᠡ ᠲᠦᠩᠯᠢᠶᠣᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠮᠣᠩᠭᠤᠯ ᠬᠡᠯᠡᠨ ᠤ ᠫᠷᠣᠹᠧᠰᠰᠣᠷ ᠢᠶᠠᠷ ᠣᠷᠢᠭᠳᠠᠨ ᠠᠵᠢᠯᠯᠠᠵᠤ᠂ ᠠᠵᠢᠯ ᠤᠨ ᠠᠮᠠᠷᠠᠯᠲᠠ ᠪᠠᠨ ᠠᠪᠤᠭᠰᠠᠨ ᠶᠤᠮ᠃ ᠲᠡᠷᠡ ᠬᠢᠴᠢᠶᠡᠯ ᠬᠦᠮᠦᠵᠢᠯ ᠤᠨ ᠠᠵᠢᠯ ᠳᠤ ᠮᠡᠷᠭᠡᠵᠢᠭᠰᠡᠨ ᠨᠡᠷᠡᠲᠦ ᠪᠠᠭᠰᠢ ᠪᠦᠭᠡᠳ ᠬᠢᠲᠠᠳ ᠮᠣᠩᠭᠤᠯ ᠬᠡᠯᠡᠨ ᠤ ᠣᠷᠴᠢᠭᠤᠯᠭ᠎ᠠ ᠳᠤ ᠴᠠᠭᠠᠷᠠᠭᠰᠠᠨ ᠡᠷᠳᠠᠮᠳᠠᠨ ᠪᠣᠯᠣᠨ᠎ᠠ᠃      ᠬᠦᠷᠡᠯᠪᠠᠭᠠᠳᠣᠷ᠂ 1957 ᠣᠨ ᠳᠤ ᠲᠦᠷᠦᠪᠡ᠂ ᠳ᠋ᠣᠺᠲ᠋ᠣᠷ ᠴᠣᠯᠠ ᠲᠠᠢ᠃ 1983 ᠣᠨ ᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ ᠵᠢᠩᠬᠢᠨᠢ ᠠᠩᠬᠢ ᠠᠴᠠ ᠲᠡᠭᠦᠰᠴᠤ᠂ 1987 ᠣᠨ ᠳᠤ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠣᠷᠢ ᠠᠴᠠ ᠰᠤᠳᠤᠯᠬᠤ ᠰᠤᠷᠤᠭᠴᠢ ᠶᠢᠨ ᠰᠤᠷᠤᠯᠴᠠᠯᠭ᠎ᠠ ᠪᠠᠨ ᠲᠡᠭᠦᠰᠭᠡᠵᠦ ᠮᠠᠰᠲ᠋ᠧᠷ ᠴᠣᠯᠠ ᠬᠠᠮᠠᠭᠠᠯᠠᠨ᠂ ᠰᠤᠷᠭᠠᠭᠤᠯᠢ ᠶᠢᠨ ᠢᠶᠠᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠦᠯᠡᠳᠡᠨ ᠠᠵᠢᠯᠯᠠᠪᠠ᠃ ᠲᠠᠷᠠᠭ᠎ᠠ ᠨᠢ ᠠᠩᠭ᠍ᠯᠢ ᠶᠢᠨ ᠼᠠᠮᠪᠷᠢᠳᠭᠧ ᠶᠡᠭᠡ ᠰᠣᠷᠭᠠᠭᠤᠯᠢ ᠳᠤ ᠰᠤᠷᠤᠯᠴᠠᠵᠤ᠂ ᠳ᠋ᠣᠺᠲ᠋ᠣᠷ ᠴᠣᠯᠠ ᠬᠠᠮᠠᠭᠠᠯᠠᠵᠠᠢ᠃ ᠬᠤᠵᠢᠮ ᠨᠢ ᠼᠠᠮᠪᠷᠢᠳᠭᠧ ᠶᠡᠭᠡ ᠰᠣᠷᠭᠠᠭᠤᠯᠢ ᠳᠤ ᠪᠠᠨ ᠦᠯᠡᠳᠡᠵᠦ ᠪᠠᠭᠰᠢᠯᠠᠨ᠂ ᠲᠡᠨᠳᠡ ᠨᠣᠳᠣᠭᠰᠢᠪᠠ᠃      ᠨᠠᠰᠤᠠᠥ᠌ᠯᠵᠡᠢ᠂ 1959 ᠣᠨ ᠳᠤ ᠲᠦᠷᠦᠪᠡ᠂ ᠳᠤᠮᠳᠠᠳᠤ ᠰᠤᠷᠭᠠᠭᠤᠯᠢ ᠶᠢᠨ ᠦᠨᠳᠦᠷ ᠳᠡᠰ ᠤᠨ ᠪᠠᠭᠰᠢ᠃ 1979 ᠣᠨ ᠤ 9 ᠰᠠᠷ᠎ᠠ ᠳᠤ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠶᠢᠨ ᠰᠠᠯᠪᠤᠷᠢ ᠳᠤ ᠰᠢᠯᠭᠠᠨ ᠣᠷᠤᠵᠤ᠂ 1983 ᠣᠨ ᠤ 7 ᠰᠠᠷ᠎ᠠ ᠳᠤ ᠲᠡᠭᠦᠰᠪᠡ᠃ 1983 ᠣᠨ ᠤ 9 ᠰᠠᠷ᠎ᠠ ᠠᠴᠠ ᠲᠦᠩᠯᠢᠶᠣᠣ ᠮᠣᠩᠭᠤᠯ ᠳᠤᠮᠳᠠᠳᠤ ᠰᠤᠷᠭᠠᠭᠤᠯᠢ ᠳᠤ ᠠᠵᠢᠯ ᠤᠨ ᠬᠤᠪᠢᠶᠠᠷᠢ ᠠᠪᠴᠣ ᠦᠨᠳᠦᠷ ᠳᠤᠮᠳᠠᠳᠤ ᠶᠢᠨ ᠲᠡᠦᠬᠡ ᠶᠢᠨ ᠬᠢᠴᠢᠶᠡᠯ ᠵᠢᠭᠠᠵᠤ ᠣᠳᠤ ᠪᠣᠯᠲᠠᠯ᠎ᠠ ᠠᠵᠢᠯᠯᠠᠵᠤ ᠪᠤᠢ᠃ ᠲᠡᠷᠡ ᠤᠳᠠᠭᠠᠨ ᠵᠢᠯ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠠᠵᠢᠯᠯᠠᠵᠤ ᠦᠢ ᠣᠯᠠᠨ ᠣᠶᠤᠲᠠᠨ ᠢ ᠬᠦᠮᠦᠵᠢᠭᠦᠯᠬᠦ ᠶᠠᠪᠤᠴᠠ ᠳᠤ ᠪᠠᠨ ᠰᠤᠷᠤᠭᠴᠢᠳ ᠤᠨ ᠲᠡᠦᠬᠡ ᠶᠢᠨ ᠬᠢᠴᠢᠶᠡᠯ ᠤᠨ ᠰᠤᠷᠤᠯᠴᠠᠯᠭ᠎ᠠ ᠶᠢᠨ ᠳᠠᠷᠤᠭᠠᠰᠤ ᠶᠢ ᠬᠦᠩᠭᠡᠯᠡᠵᠦ ᠰᠤᠷᠤᠯᠴᠠᠯᠭ᠎ᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠵᠦ ᠦᠢᠯᠡᠳᠦᠯᠭᠡᠵᠢᠭᠦᠯᠳᠡᠭ ᠪᠦᠭᠡᠳ ᠬᠢᠴᠢᠶᠡᠯ ᠵᠢᠭᠠᠬᠤ ᠤᠷ᠎ᠠ ᠮᠡᠷᠭᠡᠰᠢᠯ ᠨᠢ ᠤᠯᠠᠨ ᠡᠰᠢ ᠲᠠᠢ᠂ ᠣᠯᠠᠩᠬᠢ ᠰᠤᠷᠤᠭᠴᠢ ᠶᠢᠨ ᠬᠦᠯᠢᠶᠡᠨ ᠠᠪᠬᠤ ᠴᠢᠳᠠᠪᠤᠷᠢ ᠳᠤ ᠲᠣᠬᠢᠷᠠᠳᠠᠭ ᠲᠤᠯᠠ ᠲᠡᠭᠦᠨ ᠤ ᠵᠢᠭᠠᠭᠰᠠᠨ ᠠᠩᠭᠢ ᠶᠢᠨ ᠲᠡᠦᠬᠡ ᠶᠢᠨ ᠬᠢᠴᠢᠶᠡᠯ ᠨᠢ ᠣᠨ ᠳᠠᠷᠠᠭᠠᠯᠠᠨ ᠰᠢᠯᠢᠳᠡᠭ ᠬᠢᠷᠢ ᠪᠦᠲᠦᠮᠵᠢ ᠣᠯᠳᠠᠭ ᠪᠠᠶᠢᠪᠠ᠃ ᠣᠨᠴᠠᠭᠠᠶᠢᠯᠠᠨ ᠳᠤᠷᠠᠳᠤᠭᠤᠰᠢᠲᠠᠢ ᠨᠢ ᠲᠡᠭᠦᠨ ᠤ ᠵᠢᠭᠠᠭᠰᠠᠨ ᠠᠩᠭᠢ ᠠᠴᠠ ᠲᠡᠭᠦᠰᠦᠭᠰᠡᠨ ᠣᠶᠤᠲᠠᠨ ᠰᠤᠷᠤᠭᠴᠢ ᠵᠢᠴᠢ ᠠᠵᠢᠯ ᠤᠨ ᠪᠠᠶᠢᠷᠢ ᠳᠤ ᠪᠠᠶᠢᠭ᠎ᠠ ᠰᠤᠷᠤᠭᠴᠢᠳ ᠨᠢ ᠲᠡᠭᠦᠨ ᠤ ᠲᠤᠬᠠᠢ ᠶᠠᠷᠢᠶ᠎ᠠ ᠳᠡᠯᠭᠡᠬᠦ ᠲᠠᠢ ᠵᠡᠷᠭᠡ ᠤᠷᠮ᠎ᠠ ᠨᠢ ᠬᠦᠭᠵᠢᠵᠦ ᠡᠷᠡᠬᠡᠢ ᠭᠠᠷᠭᠠᠬᠤ ᠦᠭᠡᠢ ᠬᠦᠮᠦᠨ ᠦᠭᠡᠢ᠃ ᠬᠤᠷᠢᠳᠤᠭᠠᠷ ᠵᠠᠭᠤᠨ ᠤ ᠨᠠᠶᠠᠭᠠᠳ ᠣᠨ ᠤ ᠦᠶ᠎ᠡ ᠪᠠᠷ ᠦᠨᠳᠦᠷ ᠳᠤᠮᠳᠠᠳᠤ ᠶᠢᠨ ᠨᠡᠶᠢᠭᠡᠮ‌‍ᠤᠨ ᠰᠢᠨᠵᠢᠯᠡᠬᠦ ᠣᠬᠠᠭᠠᠨ ᠤ ᠠᠩᠭᠢ ᠶᠢᠨ ᠲᠡᠭᠦᠰᠬᠦ ᠣᠨ ᠤ ᠰᠤᠷᠤᠭᠴᠢᠳ ᠨᠠᠰᠤᠠᠥ᠌ᠯᠵᠡᠢ ᠪᠠᠭᠰᠢ‌‍ᠶᠢ ᠪᠤᠯᠢᠶᠠᠯᠳᠤᠵᠤ ᠬᠢᠴᠢᠶᠡᠯ ᠬᠠᠶᠠᠭᠰᠠᠨ ᠦᠯᠢᠭᠡᠷ ᠲᠠᠢ ᠪᠢᠯᠡ᠃ ᠲᠡᠷᠡ ᠲᠡᠭᠡᠳᠦ ᠲᠣᠮᠳᠠᠳᠣ ᠶᠢᠨ ᠲᠡᠣᠭᠡ ᠶᠢᠨ ᠬᠢᠴᠢᠶᠡᠯ ᠤᠨ ᠪᠢᠴᠢᠭ ᠨᠠᠶᠢᠷᠠᠭᠤᠯᠬᠤ ᠠᠵᠢᠯ ᠳᠤ ᠣᠯᠠᠨᠳᠠ ᠣᠷᠣᠯᠴᠠᠭᠰᠠᠨ ᠪᠦᠬᠡᠳ ᠣᠯᠣᠰ ᠤᠨ ᠰᠢᠯᠭᠠᠯᠳᠠ ᠭᠠᠷᠭᠠᠬᠤ ᠠᠵᠢᠯ ᠳᠤ ᠴᠦ ᠣᠯᠠᠨᠳᠠ ᠣᠷᠣᠯᠴᠠᠵᠠᠢ᠃      ᠲᠡᠷᠡ ᠵᠢᠭᠠᠨ ᠰᠤᠷᠭᠠᠯᠲᠠ ᠶᠢᠨ ᠲᠠᠯ᠎ᠠ ᠪᠠᠷ ᠭᠢᠯᠠᠯᠵᠠᠮ᠎ᠠ ᠠᠮᠵᠢᠯᠲᠠ ᠲᠠᠢ ᠪᠠᠷ ᠪᠠᠷᠠᠬᠤ ᠦᠭᠡᠢ ᠵᠢᠭᠠᠨ ᠰᠤᠷᠭᠠᠯᠲᠠ ᠶᠢᠨ ᠰᠤᠳᠤᠯᠭᠠᠨ ᠤ ᠲᠠᠯ᠎ᠠ ᠪᠠᠷ ᠴᠦ ᠮᠠᠰᠢ ᠣᠯᠠᠨ ᠦᠨ᠎ᠡ ᠦᠷᠲᠡᠭ ᠲᠠᠢ ᠦᠭᠦᠯᠡᠯ ᠪᠢᠴᠢᠵᠦ᠂ ᠣᠷᠤᠨ ᠤ ᠳᠤᠳᠤᠨ᠎ᠠ ᠭᠠᠳᠠᠨ᠎ᠠ ᠶᠢᠨ ᠰᠡᠳᠬᠦᠯ ᠳᠡᠭᠡᠷ᠎ᠡ ᠨᠡᠶᠢᠲᠡᠯᠡᠭᠦᠯᠦᠭᠰᠡᠨ ᠪᠦᠭᠡᠳ ᠳᠤᠮᠳᠠᠳᠤ ᠰᠤᠷᠭᠠᠭᠤᠯᠢ ᠶᠢᠨ ᠲᠡᠦᠬᠡ ᠶᠢᠨ ᠨᠢᠭᠡᠳᠦᠯᠲᠠᠢ ᠰᠤᠷᠬᠤ ᠪᠢᠴᠢᠭ ᠨᠠᠶᠢᠷᠠᠭᠤᠯᠬᠤ ᠺᠤᠮᠢᠰ ᠤᠨ ᠭᠡᠰᠢᠭᠦᠨ ᠢᠶᠠᠷ ᠣᠯᠠᠨ ᠵᠢᠯ ᠠᠵᠢᠯᠯᠠᠭᠰᠠᠨ ᠪᠢᠯᠡ᠃      ᠯᠢᠶᠠᠩ ᠴᠢᠩ ᠯᠦᠩ᠂ ᠪᠢᠷ ᠤᠨ ᠨᠡᠷ᠎ᠡ ᠨᠢ ᠰᠢᠷᠠᠨᠣᠳ ᠮ᠊ · ᠬᠦᠬᠡᠬᠦᠦ᠂ 1958 ᠣᠨ ᠤ 4 ᠰᠠᠷ᠎ᠠ ᠶᠢᠨ 5 ᠤ ᠡᠳᠦᠷ ᠣᠣᠯ ᠤᠨ ᠵᠢᠷᠢᠮ ᠠᠶᠢᠮᠠᠭ ᠤᠨ ᠨᠠᠢᠮᠠᠨ ᠬᠤᠰᠢᠭᠤᠨ ᠤ ᡁᠢ ᠠᠨ ᠪᠠᠯᠭᠠᠰᠣᠨ ᠤ ᠵᠡᠭᠦᠨ ᠬᠤᠯᠣᠰᠣᠲᠠᠢ ᠭᠠᠴᠠᠭᠠᠨ ᠳᠤ ᠲᠦᠷᠦᠪᠡ᠃ 1982 ᠣᠨ ᠳᠤ ᠣᠯᠠᠭᠠᠨᠬᠠᠳᠠ ᠶᠢᠨ ᠪᠠᠭᠰᠢ ᠶᠢᠨ ᠲᠣᠰᠬᠠᠢ ᠮᠡᠷᠭᠡᠵᠢᠯ ᠤᠨ ᠲᠡᠭᠡᠳᠦ ᠰᠣᠷᠭᠠᠭᠤᠯᠢ ᠠᠴᠠ ᠲᠡᠭᠦᠰᠴᠦ ᠠᠯᠠᠱᠠ ᠨᠤᠳᠤᠬ ᠲᠤ ᠠᠵᠢᠯ ᠤᠨ ᠭᠠᠷᠤᠭ᠎ᠠ ᠠᠪᠣᠭᠠᠳ᠂ ᠲᠣᠮᠳᠠ ᠨᠢ ᠪᠠᠰᠠ ᠦᠪᠦᠷ ᠮᠣᠩᠭᠤᠯ ᠤᠨ ᠦᠨᠳᠦᠰᠦᠳᠡᠨ ᠤ ᠣᠷᠠᠯᠢᠭ ᠤᠨ ᠳᠡᠭᠡᠳᠦ ᠰᠣᠷᠭᠠᠭᠤᠯᠢ ᠶᠢᠨ ᠳᠡᠳ᠋ ᠵᠠᠬᠢᠷᠣᠯ ᠵᠡᠷᠭᠡ ᠲᠣᠰᠢᠶᠠᠯ ᠳᠤ ᠣᠷᠢᠭᠳᠠᠨ ᠠᠵᠢᠯᠯᠠᠵᠤ᠂ ᠲᠡᠳ᠋ ᠭᠠᠵᠠᠷ ᠤᠨ ᠲᠡᠰ ᠤᠨ ᠺᠠᠳ᠋ᠷ ᠵᠡᠷᠭᠡ ᠲᠠᠢ ᠠᠵᠢᠯ ᠤᠨ ᠠᠮᠠᠷᠠᠯᠳᠠ ᠪᠠᠨ ᠠᠪᠴᠡᠢ᠃ ᠦᠪᠦᠷ ᠮᠣᠩᠭᠤᠯ ᠤᠨ ᠵᠣᠬᠢᠶᠠᠯᠴᠢᠳ ᠤᠨ ᠡᠪᠯᠡᠯ ᠤᠨ ᠭᠡᠰᠢᠭᠦᠨ᠂ ᠦᠪᠦᠷ ᠮᠣᠩᠭᠤᠯ ᠤᠨ ᠣᠷᠴᠢᠭᠤᠯᠭ᠎ᠠ ᠶᠢᠨ ᠨᠡᠶᠢᠭᠡᠮᠯᠢᠭ ᠤᠨ ᠭᠡᠰᠢᠭᠦᠨ ᠵᠡᠷᠭᠡ ᠨᠡᠶᠢᠭᠡᠮ ᠤᠨ ᠲᠣᠰᠢᠶᠠᠯ ᠲᠠᠢ᠃ ᠲᠠᠷᠠ‌‍ᠪᠠᠷ 1983 ᠣᠨ ᠠᠴᠠ 1986 ᠣᠨ ᠤ ᠬᠤᠭᠤᠷᠣᠨᠳᠣ ᠠᠯᠠᠱᠠ ᠠᠶᠢᠮᠠᠬ ᠤᠨ ᠪᠠᠶᠠᠨᠬᠤᠳᠠ ᠣᠷᠣᠨ ᠤ ︽ᠠᠩᠬᠠᠨ ᠤ ᠴᠠᠰᠣ︾ ᠰᠢᠯᠦᠭ ᠲᠠᠭᠤᠣ ᠶᠢᠨ ᠣᠷᠣᠯᠳᠣᠭᠠᠨ ᠢ ᠭᠤᠷᠪᠠᠨ ᠵᠢᠯ ᠲᠠᠷᠠᠭᠠᠯᠠᠨ ᠵᠣᠬᠢᠶᠠᠨ ᠪᠠᠶᠢᠭᠤᠯᠣᠨ ᠡᠷᠬᠢᠯᠡᠵᠦ ᠪᠠᠶᠢᠭᠰᠠᠨ ᠪᠦᠬᠡᠳ 2013 ᠣᠨ ᠤ 12 ᠰᠠᠷ᠎ᠠ ᠶᠢᠨ 5 ᠳᠤ ᠬᠤᠪᠢ ᠬᠦᠮᠦᠨ ᠤ ᠨᠡᠷ᠎ᠡ ᠪᠠᠷ ᠨᠠᠢᠮᠠᠨ ᠮᠣᠵᠢ ᠣᠷᠣᠨ ᠤ ︽ᠬᠦᠬᠡᠬᠦᠣ ᠨᠡᠷᠡᠮᠵᠢᠳᠦ︾ ᠮᠣᠩᠭᠤᠯ ᠢᠷᠠᠭᠤ ᠨᠠᠶᠢᠷᠠᠭ ᠣᠶᠠᠩᠭᠠᠯᠠᠨ ᠲᠣᠭᠯᠠᠬᠤ ︵ᠲᠠᠶᠢᠰᠠᠨ ᠤ ᠣᠷᠠᠯᠢᠭ ᠪᠣᠯᠭᠠᠨ ᠲᠣᠭᠯᠠᠬᠤ ᠠᠩᠬᠠᠨ ᠤ ᠲᠣᠷᠰᠢᠯᠳᠠ︶ ᠣᠷᠣᠯᠳᠣᠭᠠᠨ ᠢ ᠦᠪᠤᠷ ᠮᠤᠩᠭᠤᠯ ᠤᠨ ᠪᠠᠭᠰᠢ ᠶᠢᠨ ᠶᠡᠭᠡ ᠰᠣᠷᠭᠠᠭᠤᠯᠢ‌‍ᠳᠤ ᠡᠷᠬᠢᠯᠡᠬᠡᠳ ᠲᠣᠩ ᠶᠡᠭᠡ ᠨᠦᠯᠦᠭᠡ ᠲᠣᠰᠬᠠᠯ ᠭᠠᠷᠭᠠᠨ᠂ ᠪᠠᠰᠠ ᠪᠦᠬᠦ ᠣᠷᠣᠨ ᠤ ᠶᠡᠭᠡ ᠰᠣᠷᠭᠠᠭᠤᠯᠢ᠂ ᠲᠡᠭᠡᠳᠦ ᠲᠣᠮᠳᠠᠳᠣ᠂ ᠠᠩᠬ᠎ᠠ ᠲᠣᠮᠳᠠᠳᠣ ᠰᠣᠷᠭᠠᠭᠤᠯᠢ ᠶᠢᠨ ︽ᠨᠠᠢᠮᠠᠨ ᠰᠢᠷᠭ᠎ᠠ︾ ᠵᠣᠬᠢᠶᠠᠯ ᠤᠨ ᠣᠷᠣᠯᠳᠣᠭᠠᠨ ᠳᠤ ᠭᠤᠷᠪᠠᠨ ᠣᠳᠠᠭ᠎ᠠ ᠠᠩᠬᠠᠨ ᠤ ᠨᠣᠭᠤᠯᠤᠭᠠᠨ ᠤ ᠰᠢᠬᠦᠭᠴᠢ ᠪᠠᠷ ᠣᠷᠢᠭᠳᠠᠵᠦ᠂ ᠬᠤᠶᠠᠳᠣᠭᠠᠷ ᠣᠳᠠᠭᠠᠨ ᠤ ᠱᠠᠩᠨᠠᠯ ᠲᠠᠷᠬᠠᠭᠠᠬᠤ ᠶᠣᠰᠣᠯᠠᠯ ᠤᠨ ᠲᠣᠭᠯᠠᠯᠳᠠ ᠶᠢ ᠲᠦᠰᠦᠪᠯᠡᠨ ᠣᠳᠣᠷᠢᠳᠣᠭᠠᠵᠦ᠂ ᠬᠦᠳᠦᠯᠬᠦ ᠦᠬᠡ ᠶᠢ ᠨᠢ ᠪᠢᠴᠢᠵᠦ ᠦᠭᠴᠦ ᠪᠠᠶᠢᠭᠰᠠᠨ ᠨᠡᠶᠢᠬᠡᠮ ᠰᠣᠶᠣᠯ ᠤᠨ ᠵᠢᠳᠬᠦᠯᠳᠡᠨ᠃ ᠲᠡᠭᠦᠨ ᠤ ᠪᠢᠴᠢᠭᠰᠡᠨ ︽ᠦᠬᠢᠨ ᠲᠣᠮᠤᠭ‌‍ᠲ᠋ᠠᠢ ᠰᠠᠯᠬᠢ︾ ᠭᠡᠬᠦ ᠰᠢᠯᠦᠭ ᠤᠨ ᠲᠡᠭᠦᠪᠦᠷᠢ ᠨᠢ 2015 ᠣᠨ ᠳᠤ ᠦᠨᠳᠦᠰᠦᠲᠡᠨ ᠤ ᠬᠡᠪᠯᠡᠯ ᠤᠨ ᠬᠤᠷᠢᠶᠠᠨ ᠳᠤ ᠠᠩᠬᠠᠨ ᠤ ᠬᠡᠪᠯᠡᠯ ᠢᠶᠠᠨ ᠬᠡᠪᠯᠡᠭᠦᠯᠦᠨ ᠣᠩᠰᠢᠬᠴᠢᠳ ᠤᠨ ᠭᠠᠷ ᠲᠤ ᠬᠦᠷᠦᠭᠰᠡᠨ ᠪᠠᠶᠢᠨ᠎ᠠ᠃ ︽ᠮᠣᠩᠭᠤᠯ ᠦᠰᠦᠭ ᠲᠠᠭᠠᠬᠤ ᠣᠨᠢᠰᠤᠭ᠎ᠠ︾ ᠨᠢ ᠨᠡᠶᠢᠬᠡᠮ ᠤᠨ ᠨᠦᠯᠦᠭᠡ ᠲᠣᠰᠬᠠᠯ ᠶᠡᠬᠡᠳᠡᠢ ᠪᠠᠶᠢᠵᠦ᠂ ᠬᠡᠣᠬᠡᠳ ᠤᠨ ᠵᠢᠷᠣᠭᠳᠦ ᠰᠢᠷᠢᠰ ᠨᠣᠮ ︽ᠵᠢᠩᠭᠠᠷ ᠤᠨ ᠲᠣᠮᠤᠭ︾ ᠨᠢ ᠪᠣᠷᠣᠯᠠᠭᠤᠯᠭ᠎ᠠ ᠰᠠᠶᠢᠳᠠᠢ ᠨᠣᠮ ᠪᠤᠯᠤᠭᠰᠠᠨ ᠠᠴᠠ ᠭᠠᠳᠠᠨ᠎ᠠ ᠮᠣᠩᠭᠤᠯ ᠵᠠᠩ ᠵᠠᠩᠰᠢᠯ ᠤᠨ ᠬᠢᠳᠠᠳ ᠣᠷᠴᠢᠭᠤᠯᠭ᠎ᠠ ︽ᠮᠣᠩᠭᠤᠯ ᠴᠡᠭᠡᠷ ᠤᠨ ᠴᠢᠭᠤᠯᠭᠠᠨ︾ ᠵᠡᠷᠭᠡ ᠨᠣᠮ ᠴᠦ ᠪᠣᠢ᠃ ᠲᠡᠷᠡ 1994 ᠣᠨ᠂ 2018 ᠣᠨ ᠳᠤ ᠲᠣᠰ ᠪᠦᠷᠢ ᠦᠪᠠᠷᠳᠡᠭᠡᠨ ᠵᠠᠰᠠᠬᠤ ᠣᠷᠣᠨ ᠤ ︽5.1 ᠢᠨᠵᠧᠨᠧᠷᠢᠩ︾ ᠱᠠᠩᠨᠠᠯ ᠢ ᠬᠦᠷᠳᠡᠭᠰᠡᠨ ᠪᠦᠬᠡᠳ 2002 ᠣᠨ ᠳᠤ ᠦᠪᠦᠷ ᠮᠣᠩᠭᠤᠯ ᠣᠷᠣᠨ ᠤ ᠮᠣᠩᠭᠤᠯ ᠬᠡᠯᠡ ᠪᠢᠴᠢᠭ ᠰᠣᠷᠴᠦ ᠬᠡᠷᠡᠭᠯᠡᠭᠰᠡᠨ ᠲᠡᠷᠢᠬᠦᠨ ᠤ ᠬᠤᠪᠢ ᠬᠦᠮᠦᠨ ᠢᠶᠠᠷ ᠬᠦᠬᠢᠭᠦᠯᠦᠭᠳᠡᠪᠡ᠃ ᠨᠢᠬᠡᠨᠳᠡ ᠬᠡᠪᠯᠡᠯ ᠳᠤ ᠣᠷᠣᠭᠠᠳ ᠪᠠᠶᠢᠭ᠎ᠠ ᠮᠣᠩᠭᠤᠯ ᠣᠷᠴᠢᠭᠤᠯᠭ᠎ᠠ ᠶᠢᠨ ᠨᠣᠮ ︽ᠬᠠᠣᠯᠢ ᠲᠦᠷᠢᠮ ᠢ ᠭᠠᠴᠠᠭ᠎ᠠ ᠲᠣᠰᠬᠤᠨ ᠳᠤ ᠬᠦᠷᠭᠡᠬᠦ ᠰᠦᠪᠡᠭᠴᠢᠯᠡᠯ ᠵᠢᠷᠣᠭᠳᠦ ᠰᠢᠷᠢᠰ ᠴᠣᠪᠣᠷᠠᠯ ᠨᠣᠮ︾ 62 ᠲᠡᠪᠳᠡᠷ᠂ ︽ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠣᠯᠢ︾ ︽ᠢᠳᠡᠭᠡᠨ ᠤ ᠠᠮᠣᠷ ᠲᠦᠪᠰᠢᠨ ᠤ ᠬᠠᠣᠯᠢ︾ ︽ᠮᠠᠯ ᠮᠠᠯᠵᠢᠯ ᠤᠨ ᠬᠠᠣᠯᠢ︾ ︽ᠨᠣᠳᠤᠭ ᠪᠡᠯᠴᠢᠬᠡᠷ ᠤᠨ ᠬᠠᠣᠯᠢ︾ ︽ᠣᠷᠤᠭ ᠤᠨ ᠬᠠᠣᠯᠢ︾ ᠵᠡᠷᠭᠡ ᠲᠠᠶᠢᠯᠪᠣᠷᠢ ᠲᠠᠭᠠᠯᠳᠣᠭᠰᠠᠨ ᠲᠠᠪᠣᠨ ᠨᠣᠮ᠂ ︽ᠴᠠ ᠪᠣᠭᠤ ᠶᠢᠨ ᠵᠢᠷᠭᠤᠭᠠᠨ ᠣᠯᠠᠷᠢᠯ︾ ᠭᠡᠭᠴᠢ ᠷᠣᠮᠠᠨ ᠨᠡᠶᠢᠳᠡ 68 ᠲᠡᠪᠳᠡᠷ ᠨᠣᠮ ᠨᠢ 2019 ᠣᠨ ᠳᠤ ᠬᠡᠪᠯᠡᠭᠳᠡᠨ ᠣᠩᠰᠢᠬᠴᠢᠳ ᠲᠠᠢ ᠵᠣᠯᠭᠠᠬᠤ ᠪᠣᠯᠣᠨ᠎ᠠ᠃      ᠬᠤᠸᠠᠩ ᠵᠢᠮᠪᠠ᠂ 1959 ᠣᠨ ᠤ 11 ᠰᠠᠷ᠎ᠠ ᠳᠤ ᠲᠦᠷᠦᠪᠡ᠂ ᠳᠣᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠃ 1977 ᠣᠨ ᠤ 9 ᠰᠠᠷ᠎ᠠ ᠠᠴᠠ 1978 ᠣᠨ ᠤ 7 ᠬᠦᠷᠲᠡᠯ᠎ᠡ ᠵᠡᠭᠦᠨ ᠬᠤᠯᠤᠰᠤᠳᠠᠢ ᠪᠠᠭ᠎ᠠ ᠰᠤᠷᠭᠠᠭᠤᠯᠢ ᠳᠤ ᠪᠠᠭᠰᠢᠯᠠᠪᠠ᠃ 1978 ᠣᠨ ᠠᠴᠠ 1980 ᠣᠨ ᠬᠦᠷᠲᠡᠯ᠎ᠡ ᠣᠣᠯ ᠤᠨ ᠵᠢᠷᠢᠮ ᠠᠶᠢᠮᠠᠭ ᠤᠨ ᠪᠠᠭᠰᠢ ᠶᠢᠨ ᠰᠤᠷᠭᠠᠭᠤᠯᠢ ᠳᠤ ᠰᠤᠷᠤᠯᠴᠠᠪᠠ᠃ 1980 ᠣᠨ ᠠᠴᠠ 1988 ᠣᠨ ᠬᠦᠷᠲᠡᠯ᠎ᠡ ᠨᠠᠢᠮᠠᠨ ᠬᠤᠰᠢᠭᠤᠨ ᠤ ᠪᠠᠶᠢᠰᠢᠩᠳᠣ ᠳᠤᠮᠳᠠᠳᠤ ᠰᠤᠷᠭᠠᠭᠤᠯᠢ ᠳᠤ ᠪᠠᠭᠰᠢᠯᠠᠪᠠ᠃ 1988 ᠣᠨ ᠤ 10 ᠰᠠᠷ᠎ᠠ ᠠᠴᠠ ᠣᠳᠣ ᠪᠣᠯᠳᠠᠯ᠎ᠠ ᠨᠠᠢᠮᠠᠨ ᠬᠤᠰᠢᠭᠤᠨ ᠤ ᠰᠢᠭᠦᠬᠦ ᠬᠤᠷᠢᠶᠠᠨ ᠳᠤ ᠰᠢᠭᠦᠭᠴᠢ ᠪᠠᠷ ᠠᠵᠢᠯᠯᠠᠵᠦ ᠪᠣᠢ᠃      ᠮᠠᠨᠳᠣᠬᠤ᠂ 1960 ᠣᠨ ᠤ 12 ᠰᠠᠷ᠎ᠠ ᠳᠤ ᠲᠦᠷᠦᠪᠡ᠂ ᠮᠠᠰᠲ᠋ᠧᠷ᠃ 1984 ᠣᠨ‌‍ᠤ 7 ᠰᠠᠷ᠎ᠠ ᠳᠤ ᠦᠪᠦᠷ ᠮᠣᠩᠭᠤᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠮᠣᠩᠭᠤᠯ ᠬᠢᠲᠠᠳ ᠡᠮᠨᠡᠯᠭᠡ ᠶᠢᠨ ᠰᠠᠯᠪᠣᠷᠢ ᠳᠤ ᠮᠣᠩᠭᠤᠯ ᠠᠨᠠᠭᠠᠬᠤ ᠤᠬᠠᠭᠠᠨ ᠤ ᠲᠣᠰᠬᠠᠢ ᠮᠡᠷᠭᠡᠵᠢᠯ ᠤᠨ ᠵᠢᠩᠭᠢᠨᠢ ᠠᠩᠭᠢ ᠠᠴᠠ ᠲᠡᠭᠦᠰᠴᠤ᠂ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠠᠷᠢᠶ᠎ᠠ ᠡᠮᠨᠡᠯᠭᠡ ᠶᠢᠨ ᠬᠤᠷᠢᠶᠠᠨ ᠳᠤ ᠠᠵᠢᠯ ᠤᠨ ᠬᠤᠪᠢᠶᠠᠷᠢ ᠠᠪᠤᠪᠠ᠃ ᠠᠵᠢᠯ ᠳᠤ ᠭᠠᠷᠣᠭᠰᠠᠨ ᠤ ᠳᠠᠷᠠᠭ᠎ᠠ ᠭᠤᠣᠯᠳᠠᠭᠤ ᠮᠣᠩᠭᠤᠯ ᠠᠨᠠᠭᠠᠬᠤ ᠤᠬᠠᠭᠠᠨ‌‍ᠤ ᠭᠠᠳᠠᠷ ᠰᠠᠯᠠᠭᠠᠨ ᠤ ᠡᠮᠴᠢᠯᠡᠭᠡ ᠪᠣᠯᠣᠨ ᠵᠢᠭᠠᠨ ᠰᠤᠷᠭᠠᠯᠲᠠ ᠶᠢᠨ ᠠᠵᠢᠯ ᠢ ᠬᠠᠪᠰᠤᠷᠭᠠᠨ ᠬᠢᠭᠰᠡᠨ ᠪᠠᠶᠢᠨ᠎ᠠ᠃ ᠣᠯᠠᠨ ᠵᠢᠯ ᠤᠨ ᠡᠮᠴᠢᠯᠡᠭᠡᠨ ᠤ ᠶᠠᠪᠤᠴᠠ ᠳᠤ ︽ᠤᠯᠠᠭᠠᠨ — 13 ᠲᠠᠩ ᠢᠶᠠᠷ ᠪᠠᠮᠪᠠᠢ ᠪᠣᠯᠴᠢᠷᠬᠠᠢ ᠶᠢᠨ ᠠᠵᠢᠯᠯᠠᠭ᠎ᠠ ᠬᠡᠲᠦᠷᠡᠭᠰᠡᠨ ᠭᠡᠮ ᠤᠨ ᠮᠡᠰᠡ ᠵᠠᠰᠠᠯ ᠠᠴᠠ ᠡᠮᠦᠨᠡᠬᠢ ᠪᠡᠯᠡᠳᠭᠡᠯ ᠳᠤ ᠦᠵᠡᠭᠦᠯᠬᠦ ᠨᠦᠯᠦᠭᠡ ᠶᠢᠨ ᠡᠮᠴᠢᠯᠡᠭᠡᠨ ᠤ ᠠᠵᠢᠭᠯᠠᠯᠲᠠ︾ ᠭᠡᠬᠦ ᠮᠡᠲᠦ 20 ᠭᠠᠷᠤᠢ ᠦᠭᠦᠯᠡᠯ ᠢᠶᠠᠨ ᠤᠷᠢᠳ ᠬᠤᠵᠢᠳ ᠨᠡᠶᠢᠲᠡᠯᠡᠭᠦᠯᠵᠠᠢ᠃ 2013 ᠣᠨ ᠳᠤ ︽ᠭᠠᠳᠠᠷ ᠰᠠᠯᠠᠭᠠᠨ‌‍ᠤ ᠤᠳᠠᠭᠠᠨ ᠴᠢᠨᠠᠷᠲᠠᠢ ᠡᠪᠡᠳᠴᠢᠨ ᠢ ᠣᠨᠣᠰᠢᠯᠠᠬᠤ ᠰᠡᠳᠬᠢᠴᠡ ᠪᠣᠯᠣᠨ ᠰᠢᠢᠳᠪᠦᠷᠢᠯᠡᠬᠦ ᠫᠷᠤᠭ᠍ᠷᠠᠮ︾ ᠭᠡᠬᠦ ᠨᠣᠮ ᠢᠶᠠᠨ ᠬᠡᠪᠯᠡᠭᠦᠯᠪᠡ᠃ 2017 ᠣᠨ ᠳᠤ ᠲᠦᠩᠯᠢᠶᠣᠣ ᠬᠤᠲᠠ ᠶᠢᠨ ︽ᠨᠡᠷᠡᠲᠦ ᠮᠣᠩᠭᠤᠯ ᠡᠮᠴᠢ︾ ᠴᠤᠯᠠ ᠶᠢ ᠬᠦᠷᠲᠡᠪᠡ᠃ ᠲᠡᠷᠡ ᠠᠵᠢᠯ ᠳᠤ ᠭᠠᠷᠤᠭᠰᠠᠨ ᠭᠤᠴᠢ ᠭᠠᠷᠤᠢ ᠵᠢᠯ ᠳᠤ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠢᠴᠢᠶᠡᠯ ᠬᠦᠮᠦᠵᠢᠯ ᠪᠠ ᠡᠮᠴᠢᠯᠡᠭᠡᠨ ᠤ ᠲᠠᠯ᠎ᠠ ᠶᠢᠨ ᠬᠦᠬᠢᠭᠦᠯᠦᠯ ᠱᠠᠩᠨᠠᠯ ᠢ ᠣᠯᠠᠨ ᠤᠳᠠᠭ᠎ᠠ ᠲᠣᠰᠤᠭᠰᠠᠨ ᠪᠠᠶᠢᠨ᠎ᠠ᠃      ᠯᠠᠶᠢᠰᠢᠸᠧ᠂ 1962 ᠳᠤ ᠲᠦᠷᠦᠪᠡ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠃ 1985 ᠣᠨ ᠤ 7 ᠰᠠᠷ᠎ᠠ ᠳᠤ ᠦᠪᠦᠷ ᠮᠣᠩᠭᠤᠯ ᠤᠨ ᠦᠨᠳᠦᠰᠦᠲᠡᠨ ᠤ ᠪᠠᠭᠰᠢ ᠶᠢᠨ ᠳᠡᠭᠡᠳᠦ ᠰᠤᠷᠭᠠᠭᠤᠯᠢ ᠶᠢᠨ ᠮᠣᠩᠭᠤᠯ ᠬᠡᠯᠡᠨ ᠤ ᠰᠠᠯᠪᠤᠷᠢ ᠶᠢᠨ ᠵᠢᠩᠭᠢᠨᠢ ᠠᠩᠭᠢ ᠠᠴᠠ ᠲᠡᠭᠦᠰᠴᠦ ᠦᠪᠦᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠳᠤ ᠠᠵᠢᠯ ᠤᠨ ᠭᠠᠷᠤᠭ᠎ᠠ ᠠᠪᠤᠪᠠ᠃ ᠣᠳᠤ ᠲᠡᠷᠡ ᠦᠪᠦᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠪᠠᠷᠠᠭᠤᠨ ᠣᠷᠣᠨ ᠤ ᠦᠷᠲᠡᠭᠡᠨ ᠤ ᠦᠷᠲᠡᠭᠡᠨ ᠳᠠᠷᠤᠭ᠎ᠠ ᠶᠢᠨ ᠲᠤᠰᠢᠶᠠᠯ ᠬᠠᠷᠢᠭᠤᠴᠠᠵᠤ ᠪᠣᠢ᠂ ᠭᠠᠵᠠᠷ ᠤᠨ ᠳᠡᠰ ᠤᠨ ᠺᠠᠳ᠋ᠷ᠃      ᠲᠡᠭᠦᠰᠪᠠᠶᠠᠷ᠂ 1963 ᠣᠨ ᠳᠤ ᠲᠦᠷᠦᠪᠡ᠂ ᠳᠤᠮᠳᠠᠳᠤ ᠤᠯᠤᠰ ᠤᠨ ᠡᠪ ᠬᠠᠮᠲᠤ ᠨᠠᠮ‌‍ᠤᠨ ᠭᠡᠰᠢᠭᠦᠨ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ 1986 ᠣᠨ ᠳᠤ ᠣᠣᠯ ᠤᠨ ᠵᠢᠷᠢᠮ ᠤᠨ ᠪᠠᠭᠰᠢ ᠰᠤᠷᠭᠠᠭᠤᠯᠢ ᠠᠴᠠ ᠲᠡᠭᠦᠰᠴᠦ ᠨᠠᠢᠮᠠᠨ ᠬᠤᠰᠢᠭᠤᠨ ᠤ ᠱᠧᠩᠯᠢ ᠳᠤᠮᠳᠠᠳᠤ ᠰᠤᠷᠭᠠᠭᠤᠯᠢ ᠳᠤ ᠠᠵᠢᠯ ᠤᠨ ᠬᠤᠪᠢᠶᠠᠷᠢ ᠠᠪᠴᠤ ᠠᠩᠬ᠎ᠠ ᠳᠤᠮᠳᠠᠳᠤ ᠶᠢᠨ ᠹᠢᠽᠢᠺ ᠤᠨ ᠪᠠᠭᠰᠢ ᠪᠠᠷ ᠠᠵᠢᠯᠯᠠᠪᠠ᠃ 1991 ᠣᠨ ᠳᠤ ᠲᠦᠩᠯᠢᠶᠣᠣ ᠬᠤᠲᠠ ᠶᠢᠨ ᠤᠳᠬ᠎ᠠ ᠵᠣᠬᠢᠶᠠᠯ ᠤᠷᠠᠯᠢᠭ ᠰᠤᠳᠤᠯᠬᠤ ᠲᠥᠪ ᠲᠤ ᠠᠵᠢᠯ ᠰᠢᠯᠵᠢᠨ ᠣᠳᠤ ᠪᠣᠯᠲᠠᠯ᠎ᠠ ᠠᠵᠢᠯᠯᠠᠵᠤ  ᠪᠤᠢ᠃ ᠭᠠᠵᠠᠷ ᠤᠨ ᠳᠡᠰ ᠤᠨ ᠺᠠᠳ᠋ᠷ᠃      ᠪᠣᠣ ᠸᠧᠨ ᠴᠧᠩ ︵ᠪᠢᠷ ᠤᠨ ᠨᠡᠷ᠎ᠡ ᠭᠡ᠊ · ᠬᠠᠶᠢᠷᠬᠠᠨ︶᠂ 1964 ᠣᠨ ᠳᠤ ᠲᠦᠷᠦᠪᠡ᠂ ᠳ᠋ᠣᠺᠲ᠋ᠣᠷ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1985 ᠣᠨ ᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ‌‍ᠶᠢᠨ ᠮᠣᠩᠭᠤᠯ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠤᠨ ᠵᠢᠩᠭᠢᠨᠢ ᠠᠩᠭᠢ ᠠᠴᠠ ᠲᠡᠭᠦᠰᠴᠦ᠂ 1988 ᠣᠨ ᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠤᠨ ᠣᠳᠣ ᠦᠶ᠎ᠡ ᠶᠢᠨ ᠮᠣᠩᠭᠤᠯ ᠬᠡᠯᠡᠨ ᠤ ᠴᠢᠭᠯᠡᠯ ᠤᠨ ᠠᠰᠫᠢᠷᠠᠨᠲ ᠤᠨ ᠰᠣᠳᠣᠯᠬᠤ ᠰᠤᠷᠤᠭᠴᠢ ᠶᠢᠨ ᠰᠤᠷᠤᠯᠭ᠎ᠠ ᠪᠠᠨ ᠲᠡᠭᠦᠰᠭᠡᠪᠡ᠃ 2010 ᠣᠨ ᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠲᠥᠪ ᠲᠤ ᠴᠦᠭᠡᠨ ᠲᠣᠭᠠᠲᠣ ᠦᠨᠳᠦᠰᠦᠲᠡᠨ ᠤ ᠲᠡᠦᠬᠡ ᠶᠢᠨ ᠲᠤᠰᠬᠠᠢ ᠮᠡᠷᠭᠡᠵᠢᠯ ᠤᠨ ᠮᠣᠩᠭᠤᠯ ᠰᠣᠶᠤᠯ ᠤᠨ ᠲᠡᠦᠬᠡ ᠶᠢᠨ ᠴᠢᠭᠯᠡᠯ ᠤᠨ ᠳ᠋ᠣᠺᠲ᠋ᠣᠷᠠᠨᠲ ᠤᠨ ᠰᠤᠳᠤᠯᠬᠤ ᠰᠤᠷᠤᠭᠴᠢ ᠶᠢᠨ ᠰᠤᠷᠤᠯᠴᠠᠯᠭ᠎ᠠ ᠪᠠᠨ ᠲᠡᠭᠦᠰᠪᠡ᠃ 1988 ᠣᠨ ᠠᠴᠠ 2007 ᠣᠨ ᠪᠤᠯᠳᠠᠯ᠎ᠠ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠣᠷᠭᠠᠭᠤᠯᠢ ᠳᠤ ᠪᠠᠭᠰᠢᠯᠠᠪᠠ᠃ 1995 ᠣᠨ ᠳᠤ ᠳᠡᠳ᠋ ᠫᠷᠣᠹᠧᠰᠰᠣᠷ ᠮᠡᠷᠭᠡᠵᠢᠯ ᠤᠨ ᠳᠡᠰ ᠲᠤ ᠬᠦᠷᠴᠦ᠂ 2002 ᠣᠨ ᠳᠤ ᠫᠷᠣᠹᠧᠰᠰᠣᠷ ᠮᠡᠷᠭᠡᠵᠢᠯ ᠤᠨ ᠳᠡᠰ ᠲᠤ ᠬᠦᠷᠴᠦ᠂ 2004 ᠣᠨ ᠳᠤ ᠠᠰᠫᠢᠷᠠᠨᠲ ᠤᠨ ᠵᠢᠯᠣᠭᠤᠳᠤᠭᠴᠢ ᠪᠠᠭᠰᠢ ᠪᠠᠷ ᠠᠵᠢᠯᠯᠠᠭᠠᠳ ᠭᠤᠷᠪᠠᠨ ᠬᠤᠭᠤᠴᠠᠭᠠᠨ ᠤ ᠰᠤᠷᠤᠭᠴᠢ ᠲᠡᠭᠦᠰᠭᠡᠪᠡ᠃ 1996 ᠣᠨ ᠳᠤ ᠦᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠪᠣᠯᠣᠨ ᠬᠦᠳᠡᠯᠮᠦᠷᠢ ᠠᠵᠢᠯᠲᠠᠨ ᠤ ᠲᠢᠩᠬᠢᠮ ᠠᠴᠠ ᠣᠯᠭᠤᠭᠰᠠᠨ ︽ᠲᠠᠪᠤᠨ ᠰᠠᠷ᠎ᠠ ᠶᠢᠨ ᠳᠦᠷᠪᠡᠨ ᠤ ᠰᠢᠯᠢᠳᠡᠭ ᠵᠠᠯᠠᠭᠤᠴᠣᠳ ᠤᠨ ᠳᠠᠭᠤᠷᠢᠶᠠᠯ︾ ᠭᠡᠬᠦ ᠢᠷᠠᠭᠤ ᠠᠯᠳᠠᠷ ᠢᠶᠠᠷ ᠰᠠᠶᠢᠰᠢᠶᠠᠭᠳᠠᠨ ᠬᠦᠬᠢᠭᠦᠯᠦᠭᠳᠡᠪᠡ᠃ 1999 ᠣᠨ ᠳᠤ ᠦᠪᠡᠷᠲᠡᠭᠡᠨ ᠵᠠᠰᠠᠬᠤ ᠤᠷᠣᠨ ᠤ ︽ᠰᠢᠨ᠎ᠡ ᠡᠷᠡᠨ ᠤ ︿321﹀ ᠴᠢᠳᠠᠪᠤᠷᠢᠲᠠᠨ ᠤ ᠢᠨᠵᠧᠨᠧᠷᠢᠩ ︾ ᠤᠨ ᠬᠤᠶᠠᠳᠤᠭᠠᠷ ᠱᠠᠲᠤᠨ ᠤ ᠭᠡᠰᠢᠭᠦᠨ ᠢᠶᠠᠷ ᠰᠤᠩᠭᠤᠭᠳᠠᠪᠠ᠃ ︽ᠮᠣᠩᠭᠤᠯ ᠬᠡᠯᠡ ᠶᠢᠨ ᠤᠯᠤᠰ ᠲᠦᠷᠦ ᠶᠢᠨ ᠰᠣᠶᠤᠯ ᠳᠠᠬᠢ ᠵᠠᠩᠭᠢᠯᠠᠭ᠎ᠠ ᠶᠢᠨ ᠦᠭᠡᠰ ᠤᠨ ᠰᠣᠳᠣᠯᠣᠯ︾ ︵ᠦᠪᠦᠷ ᠮᠣᠩᠭᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ︶ ᠭᠡᠬᠦ ᠨᠣᠮ ᠨᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠰᠣᠳᠤᠯᠤᠯ ᠤᠨ ᠵᠠᠰᠠᠭ ᠤᠨ ᠣᠷᠳᠤᠨ ᠤ ᠱᠠᠩᠨᠠᠯ ᠢ ᠲᠣᠰᠪᠠ᠃ 2010 ᠣᠨ ᠠᠴᠠ ᠣᠳᠣ ᠪᠤᠯᠳᠠᠯ᠎ᠠ ᠦᠪᠦᠷ ᠮᠣᠩᠭᠤᠯ ᠤᠨ ᠶᠡᠭᠡ ᠰᠤᠷᠭᠠᠭᠤᠯᠢ ᠳᠤ ᠠᠵᠢᠯᠯᠠᠵᠦ ᠪᠣᠢ᠃ 1996~1999 ᠣᠨ᠂ 2004~2008 ᠤ ᠬᠤᠭᠤᠴᠠᠭᠠᠨ ᠳᠤ ︽ᠮᠣᠩᠭᠤᠯ ᠬᠡᠯᠡ ᠬᠢᠭᠡᠳ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠤᠯ︾᠂ ︽ᠮᠣᠩᠭᠤᠯ ᠬᠡᠯᠡᠨ ᠤ ᠰᠣᠶᠤᠯ ᠤᠨ ᠦᠭᠡᠰ ᠤᠨ ᠰᠠᠩ ᠤᠨ ᠰᠤᠳᠣᠯᠣᠯ︾ ᠵᠡᠷᠭᠡ ᠦᠪᠡᠷᠲᠡᠭᠡᠨ ᠵᠠᠰᠠᠬᠤ ᠣᠷᠣᠨ ᠤ ᠭᠦᠨ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠨ ᠤ ᠲᠦᠯᠦᠪᠵᠢᠭᠦᠯᠦᠭᠰᠡᠨ ᠬᠤᠶᠠᠷ ᠶᠡᠭᠡ ᠰᠡᠳᠦᠪ ᠢ ᠳᠠᠭᠠᠭᠠᠴᠢᠯᠠᠨ ᠪᠡᠶᠡᠯᠡᠭᠦᠯᠪᠡ᠃ ᠪᠠᠰᠠ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠬᠡᠪᠴᠢᠶᠡᠨ ᠤ ᠬᠤᠶᠠᠷ ᠰᠤᠳᠤᠯᠭᠠᠨ ᠤ ᠰᠡᠳᠦᠪ ᠢ ᠳᠠᠭᠠᠭᠠᠴᠢᠯᠠᠨ ᠭᠦᠢᠴᠡᠳᠭᠡᠭᠰᠡᠨ ᠪᠠᠶᠢᠨ᠎ᠠ᠃ ᠡᠭᠦᠨ ᠠᠴᠠ ᠭᠠᠳᠠᠨ᠎ᠠ ᠤᠯᠤᠰ ᠤᠨ ᠰᠤᠷᠭᠠᠨ ᠬᠦᠮᠦᠵᠢᠯ‌‍ᠤᠨ ᠶᠠᠮᠤᠨ ᠤ ᠲᠦᠯᠦᠪᠯᠡᠭᠰᠡᠨ ︽ᠬᠤᠷᠴᠢᠨ ᠨᠣᠲᠤᠭ ᠤᠨ ᠬᠡᠯᠡ ᠬᠢᠭᠡᠳ ᠭᠠᠵᠠᠷ ᠣᠷᠣᠨ ᠤ ᠰᠣᠶᠤᠯ︾ ᠭᠡᠬᠦ ᠶᠡᠭᠡ ᠳᠡᠭᠡᠳᠦ ᠰᠤᠷᠭᠠᠭᠤᠯᠢ ᠶᠢᠨ ᠰᠣᠳᠤᠯᠭᠠᠨ ᠤ ᠰᠡᠳᠦᠪ ᠤᠨ ᠰᠣᠳᠤᠯᠭᠠᠨ ᠳᠤ ᠣᠷᠤᠯᠴᠠᠵᠤ᠂ ᠴᠢᠬᠤᠯᠠ ᠪᠦᠷᠢᠯᠳᠦᠬᠦᠨ ᠪᠦᠭᠡᠳ ᠡᠷᠬᠢᠯᠡᠨ ᠪᠢᠴᠢᠬᠦ ᠡᠭᠦᠷᠭᠡ ᠶᠢ ᠬᠠᠷᠢᠭᠤᠴᠠᠨ ᠪᠡᠶᠡᠯᠡᠭᠦᠯᠪᠡ᠃ 1992 ᠣᠨ ᠠᠴᠠ 1995 ᠣᠨ ᠤ ᠬᠤᠭᠤᠷᠤᠨᠳᠤ ᠲᠡᠷᠡ ᠪᠠᠰᠠ ︽ᠮᠣᠩᠭᠤᠯ ᠬᠡᠯᠡᠨ ᠤ ᠦᠭᠡ ᠶᠢᠨ ᠪᠦᠲᠦᠴᠡ ᠶᠢᠨ ᠤᠭ ᠶᠣᠰᠤᠨ‌‍ᠤ ᠲᠤᠬᠠᠢ ᠰᠣᠳᠤᠯᠤᠯ︾ ︵ᠦᠪᠦᠷ ᠮᠣᠩᠭᠤᠯ‌‍ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ 1998 ᠣᠨ︶᠂ ︽ᠮᠣᠩᠭᠤᠯ ᠬᠡᠯᠡ ᠬᠢᠭᠡᠳ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠤᠯ︾ ︵ᠦᠪᠦᠷ ᠮᠣᠩᠭᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ᠂ 2001 ᠣᠨ︶ ᠵᠡᠷᠭᠡ ᠡᠷᠳᠡᠮ ᠰᠢᠨᠵᠢᠯᠡᠭᠡᠨ ᠤ ᠨᠠᠢᠮᠠᠨ ᠳᠡᠪᠲᠡᠷ ᠨᠣᠮ ᠢᠶᠠᠨ ᠣᠷᠢᠳ ᠬᠤᠵᠢᠳ ᠬᠡᠪᠯᠡᠭᠦᠯᠦᠭᠰᠡᠨ ᠢᠶᠠᠷ ᠪᠠᠷᠠᠬᠤ ᠦᠭᠡᠢ ᠲᠠᠪᠢ ᠭᠠᠷᠤᠢ ᠡᠷᠳᠡᠮ ᠰᠢᠨᠵᠢᠯᠡᠭᠡᠨ ᠤ ᠦᠭᠦᠯᠡᠯ ᠢᠶᠠᠨ ᠣᠷᠣᠨ ᠤ ᠳᠣᠲᠣᠨ᠎ᠠ ᠭᠠᠳᠠᠨᠠᠬᠢ ᠰᠡᠳᠭᠦᠯ ᠳᠤ ᠨᠡᠶᠢᠲᠡᠯᠡᠭᠦᠯᠦᠭᠰᠡᠨ ᠪᠠᠶᠢᠨ᠎ᠠ᠃      ᠪᠦᠷᠢᠨᠵᠢᠷᠭᠠᠯ᠂ 1964 ᠣᠨ ᠳᠤ ᠲᠦᠷᠦᠪᠡ᠃ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠃ 1989 ᠣᠨ ᠳᠤ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠠᠵᠠᠷ ᠵᠦᠢ ᠶᠢᠨ ᠰᠠᠯᠪᠤᠷᠢ ᠠᠴᠠ ᠲᠡᠭᠦᠰᠴᠦ ᠬᠦᠯᠦᠨ ᠪᠤᠶᠢᠷ ᠤᠨ ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠠᠵᠠᠷ ᠵᠦᠢ ᠶᠢᠨ ᠪᠠᠭᠰᠢ ᠪᠠᠷ ᠠᠵᠢᠯᠯᠠᠵᠤ ᠪᠤᠢ᠃ ᠳᠤᠮᠳᠠᠳᠤ ᠰᠤᠷᠭᠠᠭᠤᠯᠢ ᠶᠢᠨ ᠳᠡᠭᠡᠳᠤ ᠳᠡᠰ ᠤᠨ ᠪᠠᠭᠰᠢ᠃      ᠪᠠᠶᠢᠭᠠᠯᠢ ︵ᠠᠷᠰᠯᠠᠨ︶᠂ 1965 ᠣᠨ ᠳᠤ ᠣᠣᠯ ᠤᠨ ᠵᠢᠷᠢᠮ ᠠᠶᠢᠮᠠᠭ ᠤᠨ ᠨᠠᠢᠮᠠᠨ ᠬᠤᠰᠢᠭᠤᠨ ᠤ ᡁᠢ ᠠᠨ ᠪᠠᠯᠭᠠᠰᠣᠨ ᠤ ᠵᠡᠭᠦᠨ ᠬᠤᠯᠣᠰᠣᠲᠠᠢ ᠭᠠᠴᠠᠭᠠᠨ ᠳᠤ ᠲᠦᠷᠦᠪᠡ᠃ ᠠᠰᠫᠢᠷᠠᠨᠲ ᠤᠨ ᠰᠣᠷᠣᠯᠭ᠎ᠠ ᠶᠢᠨ ᠨᠠᠮᠳᠠᠷ ᠲᠠᠢ᠂ ᠡᠷᠬᠢᠯᠡᠭᠴᠢ ᠡᠮᠴᠢ᠃ 1993 ᠣᠨ ᠳᠤ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠣᠷᠭᠠᠭᠤᠯᠢ ᠶᠢᠨ ᠮᠣᠩᠭᠤᠯ ᠡᠮᠨᠡᠯᠭᠡ ᠶᠢᠨ ᠰᠠᠯᠪᠣᠷᠢ ᠶᠢᠨ ᠵᠢᠩᠭᠢᠨᠢ ᠠᠩᠭᠢ ᠠᠴᠠ ᠲᠡᠭᠦᠰᠴᠦ ᠭᠤᠸᠠᠩᠳᠦ᠋ᠩ ᠮᠣᠵᠢ ᠶᠢᠨ ᠹᠥᠸᠧ ᠱᠠᠨ ᠬᠤᠲᠠ ᠶᠢᠨ ᠨᠠᠨ ᠬᠠᠢ ᠲᠣᠭᠤᠷᠢᠭ ᠤᠨ ᠳᠣᠯᠣᠳᠣᠭᠠᠷ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠡᠮᠨᠡᠯᠭᠡ ᠶᠢᠨ ᠰᠠᠯᠠᠭᠠᠨ ᠳᠤ ᠠᠵᠢᠯᠯᠠᠪᠠ᠃ ᠡᠷᠬᠢᠯᠡᠭᠴᠢ ᠡᠮᠴᠢ᠂ ᠡᠷᠡᠭᠦᠯᠵᠢᠯ ᠤᠨ ᠡᠮᠨᠡᠯᠭᠡ ᠶᠢᠨ ᠰᠠᠯᠠᠭᠠᠨ ᠤ ᠡᠷᠬᠢᠯᠡᠭᠴᠢ᠂ ᠠᠵᠢᠯᠴᠢᠨ ᠲᠠᠷᠢᠶᠠᠴᠢᠨ ᠤ ᠠᠷᠠᠳᠴᠢᠯᠠᠭᠰᠠᠨ ᠨᠠᠮ ᠤᠨ ᠭᠡᠰᠢᠭᠦᠨ᠂ ᠭᠤᠸᠠᠩᠳᠦ᠋ᠩ ᠡᠷᠡᠭᠦᠯᠵᠢᠯ ᠤᠨ ᠨᠡᠶᠢᠭᠡᠮᠯᠢᠭ ᠤᠨ ᠠᠮᠢᠰᠬᠤᠯ ᠤᠨ ᠡᠷᠡᠭᠦᠯᠵᠢᠯ ᠤᠨ ᠬᠤᠪᠢᠶᠠᠷᠢ ᠨᠡᠶᠢᠭᠡᠮᠯᠢᠭ ᠤᠨ ᠪᠠᠶᠢᠩᠭᠤ ᠶᠢᠨ ᠭᠡᠰᠢᠭᠦᠨ᠂ ᠳᠣᠮᠳᠠᠳᠣ ᠣᠯᠣᠰ ᠤᠨ ᠵᠡᠭᠦᠦ ᠲᠦᠭᠡᠨᠡᠯᠭᠡ ᠶᠢᠨ ᠣᠬᠠᠭᠠᠨ ᠤ ᠨᠡᠶᠢᠭᠡᠮᠯᠢᠭ ᠤᠨ ᠭᠤᠸᠠᠩᠳᠦ᠋ᠩ ᠮᠣᠵᠢ ᠶᠢᠨ ᠬᠤᠪᠢᠶᠠᠷᠢ ᠨᠡᠶᠢᠬᠡᠮᠯᠢᠭ ᠤᠨ ᠵᠡᠭᠦᠦ ᠵᠠᠰᠠᠯ ᠤᠨ ᠵᠦᠪᠯᠡᠯ ᠤᠨ ᠪᠠᠶᠢᠩᠭᠤ ᠶᠢᠨ ᠭᠡᠰᠢᠭᠦᠨ᠂ ᠭᠤᠸᠠᠩᠳᠦ᠋ᠩ ᠮᠣᠵᠢ ᠶᠢᠨ ᠡᠷᠡᠭᠦᠯᠵᠢᠯ ᠤᠨ ᠡᠮᠨᠡᠯᠭᠡ ᠶᠢᠨ ᠣᠬᠠᠭᠠᠨ ᠤ ᠨᠡᠶᠢᠭᠡᠮᠯᠢᠭ‌‍ᠤᠨ ᠡᠷᠡᠭᠦᠯᠵᠢᠯ ᠵᠠᠰᠠᠯ ᠤᠨ ᠬᠤᠪᠢᠶᠠᠷᠢ ᠨᠡᠶᠢᠭᠡᠮᠯᠢᠭ ᠤᠨ ᠬᠡᠷᠡᠭ ᠡᠷᠬᠢᠯᠡᠭᠴᠢ᠂ ᠭᠤᠸᠠᠩᠳᠦ᠋ᠩ ᠮᠣᠵᠢ ᠶᠢᠨ ᠹᠢᠽᠢᠺ ᠤᠨ ᠠᠨᠠᠭᠠᠬᠤ ᠣᠬᠠᠭᠠᠨ ᠬᠢᠭᠡᠳ ᠡᠷᠡᠭᠦᠯᠵᠢᠯ ᠤᠨ ᠣᠬᠠᠭᠠᠨ ᠤ ᠨᠡᠶᠢᠭᠡᠮᠯᠢᠭ ᠤᠨ ᠹᠥᠸᠧ ᠱᠠᠨ ᠬᠤᠲᠠ ᠶᠢᠨ ᠬᠤᠪᠢᠶᠠᠷᠢ ᠨᠡᠶᠢᠭᠡᠮᠯᠢᠭ ᠤᠨ ᠪᠠᠶᠢᠩᠭᠤ ᠶᠢᠨ ᠭᠡᠰᠢᠭᠦᠨ᠂ ᠹᠥᠸᠧ ᠱᠠᠨ ᠬᠤᠲᠠ ᠶᠢᠨ ᠬᠢᠲᠠᠳ ᠧᠦ᠋ᠷᠥᠫᠡ ᠡᠮᠨᠡᠯᠭᠡ ᠶᠢᠨ ᠣᠬᠠᠭᠠᠨ ᠤ ᠨᠡᠶᠢᠭᠡᠮᠯᠢᠭ ᠤᠨ ᠡᠷᠡᠭᠦᠯᠵᠢᠯ ᠤᠨ ᠬᠤᠪᠢᠶᠠᠷᠢ ᠨᠡᠶᠢᠭᠡᠮᠯᠢᠭ ᠤᠨ ᠳᠡᠳ᠋ ᠡᠷᠬᠢᠯᠡᠭᠴᠢ ᠭᠡᠰᠢᠭᠦᠨ᠂ ᠹᠥᠸᠧ ᠱᠠᠨ ᠬᠤᠲᠠ ᠶᠢᠨ ᠡᠷᠡᠭᠦᠯᠵᠢᠯ ᠤᠨ ᠠᠨᠠᠭᠠᠬᠤ ᠣᠬᠠᠭᠠᠨ ᠤ ᠨᠠᠰᠣᠲᠠᠶᠢᠴᠣᠳ ᠤᠨ ᠡᠪᠡᠳᠴᠢᠨ ᠤ ᠲᠣᠰᠬᠠᠢ ᠮᠡᠷᠭᠡᠵᠢᠯ ᠤᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ᠂ ᠹᠥᠸᠧ ᠱᠠᠨ ᠬᠤᠲᠠ ᠶᠢᠨ ᠡᠷᠡᠭᠦᠯᠵᠢᠯ ᠤᠨ ᠠᠨᠠᠭᠠᠬᠤ ᠣᠬᠠᠭᠠᠨ ᠤ ᠨᠡᠶᠢᠭᠡᠮᠯᠢᠭ ᠤᠨ ᠪᠠᠶᠢᠩᠭᠤ ᠶᠢᠨ ᠭᠡᠰᠢᠭᠦᠨ ᠵᠡᠷᠭᠡ ᠨᠡᠶᠢᠭᠡᠮ ᠤᠨ ᠲᠣᠰᠢᠶᠠᠯ ᠢ ᠬᠠᠷᠢᠭᠤᠴᠠᠵᠣ ᠪᠠᠶᠢᠨ᠎ᠠ᠃      ᠲᠡᠷᠡ ᠪᠠᠰᠠ ︽ᠲᠠᠷᠢᠬᠢᠨ ᠤ ᠦᠬᠢᠷᠲᠡᠯ ᠡᠪᠡᠳᠴᠢᠨ ᠢ ᠰᠡᠷᠭᠦᠭᠡᠨ ᠨᠡᠬᠡᠭᠡᠭᠳᠡᠭᠦᠯᠬᠦ ᠵᠡᠭᠦᠦ ᠬᠠᠳᠬᠤᠯᠭ᠎ᠠ ᠳᠠᠭᠠᠯᠳᠤᠭᠤᠯᠤᠨ ᠲᠠᠨᠢᠨ ᠮᠡᠳᠡᠷᠡᠬᠦᠢ ᠳᠠᠰᠬᠠᠯ ᠬᠢᠯᠭᠡᠬᠦ ᠶᠢᠨ ᠲᠠᠷᠢᠬᠢᠨ ᠤ ᠭᠡᠮᠲᠦᠯ‌‍ᠳᠤ ᠦᠵᠡᠭᠦᠯᠬᠦ ᠨᠦᠯᠦᠭᠡ︾᠂ ︽ᠮᠠᠺᠺᠤᠨᠰ ᠬᠢᠶᠧ ᠶᠢᠨ ᠵᠠᠰᠠᠯᠭ᠎ᠠ ᠶᠢᠨ ᠠᠷᠭ᠎ᠠ ᠶᠢ ᠨᠢᠷᠤᠭᠤ ᠰᠡᠭᠡᠷ ᠲᠤᠪᠤᠶᠢᠭᠰᠠᠨ ᠢ ᠵᠠᠰᠠᠬᠤ ᠳᠤ ᠬᠡᠷᠡᠭᠯᠡᠬᠦ ᠨᠢ︾ ᠵᠡᠷᠭᠡ ᠦᠭᠦᠯᠡᠯ ᠢᠶᠠᠨ ᠨᠡᠶᠢᠲᠡᠯᠡᠭᠦᠯᠦᠭᠰᠡᠨ ᠪᠦᠭᠡᠳ ᠪᠠᠰᠠ ︽ᠬᠢᠲᠠᠳ ᠡᠮ ᠢᠶᠠᠷ ᠪᠢᠲᠡᠭᠦᠮᠵᠢᠯᠡᠨ ᠪᠣᠭᠤᠬᠤ ᠵᠠᠰᠠᠯ︾ ᠵᠡᠷᠭᠡ ᠬᠤᠷᠢ ᠭᠠᠷᠣᠢ ᠰᠢᠨ᠎ᠡ ᠲᠦᠷᠦᠯ  ᠵᠦᠢᠯ᠂ ᠰᠢᠨ᠎ᠡ ᠮᠡᠷᠭᠡᠵᠢᠯ ᠤᠨ ᠡᠭᠦᠷᠭᠡ ᠶᠢ ᠳᠠᠭᠠᠭᠠᠴᠢᠯᠠᠨ ᠪᠡᠶᠡᠯᠡᠭᠦᠯᠪᠡ᠃      ᠦᠨᠡᠨᠵᠢᠷᠭᠠᠯ᠂ 1972 ᠣᠨ ᠳᠤ ᠲᠦᠷᠦᠪᠡ᠃ 1994 ᠣᠨ ᠳᠤ ᠰᠢᠯᠢ ᠶᠢᠨ ᠭᠤᠣᠯ ᠤᠨ ᠡᠳ᠋ ᠤᠨ ᠵᠠᠰᠠᠭ ᠠᠵᠤ ᠠᠬᠤᠢ ᠶᠢᠨ ᠰᠤᠷᠭᠠᠭᠤᠯᠢ ᠠᠴᠠ ᠲᠡᠭᠦᠰᠴᠦ 1994 ᠣᠨ ᠤ 8 ᠰᠠᠷ᠎ᠠ ᠳᠤ ᡁᠢ ᠠᠨ ᠪᠠᠯᠭᠠᠰᠤᠨ ᠤ ᠵᠠᠰᠠᠭ ᠤᠨ ᠣᠷᠳᠤᠨ ᠳᠤ ᠠᠵᠢᠯ ᠤᠨ ᠭᠠᠷᠤᠭ᠎ᠠ ᠠᠪᠴᠤ 1999~2001 ᠣᠨ ᠳᠤ ᡁᠢ ᠠᠨ ᠪᠠᠯᠭᠠᠰᠤᠨ ᠤ ᠲᠦᠯᠦᠪᠯᠡᠭᠡᠲᠦ ᠦᠷᠡᠵᠢᠯ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ᠂ 2001~2002 ᠣᠨ ᠳᠤ ᡁᠢ ᠠᠨ ᠪᠠᠯᠭᠠᠰᠤᠨ ᠤ ᠡᠪᠯᠡᠯ ᠤᠨ ᠬᠤᠷᠢᠶᠠᠨ ᠤ ᠱᠦᠵᠢ ᠵᠢᠴᠢ ᠡᠵᠡᠩᠨᠡᠨ ᠬᠠᠮᠢᠶᠠᠷᠤᠯᠲᠠ ᠶᠢᠨ ᠦᠷᠲᠡᠭᠡᠨ ᠤ ᠦᠷᠲᠡᠭᠡᠨ ᠳᠠᠷᠤᠭ᠎ᠠ ᠵᠡᠷᠭᠡ ᠲᠣᠰᠢᠶᠠᠯ ᠢ ᠬᠠᠪᠰᠣᠷᠭᠠᠨ ᠬᠠᠷᠢᠭᠤᠴᠠᠪᠠ᠃ 2002~2008 ᠣᠨ ᠳᠤ ᡁᠢ ᠠᠨ ᠪᠠᠯᠭᠠᠰᠤ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ ᠪᠦᠭᠡᠳ ᠨᠠᠮ ᠤᠨ ᠬᠤᠷᠢᠶᠠᠨ ᠤ ᠨᠠᠷᠢᠨ ᠪᠢᠴᠢᠭᠡᠴᠢ ᠶᠢᠨ ᠲᠤᠰᠢᠶᠠᠯ ᠢ ᠬᠠᠷᠢᠭᠤᠴᠠᠪᠠ᠃ 2008 ᠣᠨ 3 ᠰᠠᠷ᠎ᠠ ᠠᠴᠠ 2009 ᠣᠨ ᠤ 3 ᠰᠠᠷ᠎ᠠ ᠬᠦᠷᠲᠡᠯ᠎ᠡ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ ᠶᠢᠨ ᠲᠤᠰᠠᠯᠠᠭᠴᠢ ᠪᠠᠷ ᠠᠵᠢᠯᠯᠠᠪᠠ᠃ 2009 ᠣᠨ ᠤ 3 ᠰᠠᠷ᠎ᠠ ᠠᠴᠠ 2013 ᠣᠨ ᠤ 5 ᠰᠠᠷ᠎ᠠ ᠬᠦᠷᠲᠡᠯ᠎ᠡ ᠨᠠᠢᠮᠠᠨ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 2013 ᠣᠨ ᠠᠴᠠ 2018 ᠣᠨ ᠤ 12 ᠰᠠᠷ᠎ᠠ ᠬᠦᠷᠲᠡᠯ᠎ᠡ ᠨᠠᠢᠮᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠶᠢᠨ ᠲᠣᠰᠢᠶᠠᠯ ᠢ ᠬᠠᠷᠢᠭᠤᠴᠠᠭᠰᠠᠭᠠᠷ ᠪᠣᠢ᠃      ᠰᠢᠪᠰᠢᠭᠤᠳ ᠬᠠᠷᠠᠪᠠᠷᠰ᠂ ᠲᠣᠮᠳᠠᠳᠣ ᠰᠣᠷᠭᠠᠭᠤᠯᠢ ᠶᠢᠨ ᠳᠡᠭᠡᠳᠤ ᠵᠡᠷᠭᠡ ᠤᠨ ᠪᠠᠭᠰᠢ ᠴᠣᠯᠠ ᠲᠠᠢ᠃ ᠵᠢᠷᠢᠮ ᠠᠶᠢᠮᠠᠭ ᠤᠨ ᠨᠠᠢᠮᠠᠨ ᠬᠤᠰᠢᠭᠤᠨ ᠤ ᠠᠮᠣᠭᠤᠯᠠᠩ ᠰᠣᠮᠣ ᠶᠢᠨ ᠵᠡᠬᠦᠨ ᠬᠤᠯᠣᠰᠣᠳᠠᠢ ᠭᠠᠴᠠᠭᠠᠨ ᠳᠤ ᠨᠤᠲᠤᠭ ᠲᠠᠢ᠃ ᠪᠠᠶᠢᠳᠣ᠂ ᠵᠡᠬᠦᠨ ᠬᠤᠯᠣᠰᠣᠳᠠᠢ ᠪᠠᠭ᠎ᠠ ᠰᠣᠷᠭᠠᠭᠤᠯᠢ ᠠᠴᠠ ᠪᠢᠴᠢᠭ ᠰᠣᠶᠣᠯ ᠤᠨ ᠮᠦᠷ ᠬᠦᠬᠡᠬᠡᠵᠦ 1990 ᠣᠨ ᠳᠤ ᠦᠪᠦᠷ ᠮᠤᠩᠭᠤᠯ ᠤᠨ ᠶᠡᠭᠡ ᠰᠣᠷᠭᠠᠭᠤᠯᠢ ᠶᠢᠨ ᠮᠤᠩᠭᠤᠯ ᠬᠡᠯᠡ ᠣᠳᠬ᠎ᠠ ᠵᠣᠬᠢᠶᠠᠯ ᠤᠨ ᠰᠠᠯᠪᠣᠷᠢ ᠶᠢᠨ ᠵᠢᠩᠭᠢᠨᠢ ᠠᠩᠬᠢ ᠪᠠᠨ ᠲᠡᠭᠦᠰᠭᠡᠭᠡᠳ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠣᠩᠭᠤᠯ ᠲᠣᠮᠳᠠᠳᠣ ᠰᠠᠣᠷᠭᠠᠭᠤᠯᠢ ᠳᠤ ᠪᠠᠭᠰᠢᠯᠠᠵᠤ᠂ ᠲᠣᠣᠷᠠᠶᠢᠳᠣ ᠨᠣᠳᠤᠭ ᠤᠨ ᠲᠣᠷᠭᠤᠳ ᠶᠠᠰᠣᠨ ᠤ ᠬᠡᠣᠬᠡᠳ ᠢ ︽ᠶᠠᠰᠣ ᠲᠠᠢ᠂ ᠨᠣᠮ‌‍ᠲ᠋ᠠᠢ︾ ᠪᠣᠯᠭᠠᠬᠤ ᠬᠡᠵᠦ ᠮᠠᠬᠠᠷᠠᠨ ᠵᠢᠳᠬᠦᠭᠰᠡᠨ ᠭᠤᠪᠢ ᠶᠢᠨ ᠱᠣᠩᠬᠤᠷ ᠤᠨ ᠨᠢᠬᠡᠨ ᠪᠢᠯᠡ᠃ ᠭᠤᠴᠢ ᠰᠢᠬᠠᠮ ᠵᠢᠯ ᠤᠨ ᠲᠣᠷᠰᠢ ᠲᠦᠷᠦᠭᠰᠡᠨ ᠨᠣᠳᠤᠭ ᠬᠢᠭᠡᠳ ᠬᠠᠷᠢ ᠨᠣᠳᠤᠭ ᠤᠨ ᠬᠢᠨ ᠤ ᠨᠡᠷ᠎ᠡ ᠬᠦᠨᠳᠦ ᠶᠢ ᠭᠤᠳᠣᠭᠠᠭᠰᠠᠨ ᠦᠭᠡᠢ ᠮᠡᠷᠡᠶᠢᠨ ᠲᠠᠮᠠᠴᠡᠵᠦ᠂ ᠠᠯᠠᠱᠠ ᠠᠶᠢᠮᠠᠭ ᠤᠨ ᠵᠢᠭᠠᠨ ᠰᠣᠷᠭᠠᠬᠤ ᠰᠣᠳᠣᠨ ᠴᠢᠳᠠᠪᠣᠷᠢᠳᠠᠨ ᠢᠶᠠᠷ ᠬᠤᠶᠠᠷᠳᠠ ᠴᠣᠯᠭᠤᠷᠠᠨ᠂ 2006 ᠣᠨ ᠳᠤ ᠦᠪᠦᠷ ᠮᠣᠩᠭᠤᠯ ᠣᠷᠣᠨ ᠤ ᠰᠢᠯᠢᠳᠡᠭ ᠪᠠᠭᠰᠢ ᠶᠢᠨ ᠠᠯᠳᠠᠷ ᠢᠶᠠᠷ ᠡᠩᠭᠡᠷ ᠢᠶᠠᠨ ᠮᠢᠯᠢᠶᠠᠯᠭᠠᠭᠰᠠᠨ ᠪᠠᠶᠢᠨ᠎ᠠ᠃ ᠠᠯᠠᠱᠠ ᠠᠶᠢᠮᠠᠭ ᠤᠨ ᠲᠠᠭᠤᠷᠢᠶᠠᠯ ᠦᠵᠡᠬᠦᠯᠬᠦ ᠬᠢᠴᠢᠶᠡᠯᠯᠡᠭᠡ ᠶᠢᠨ ᠪᠦᠯᠬᠦᠮ ᠤᠨ ᠬᠡᠰᠢᠬᠦᠨ᠂ ᠦᠪᠦᠷ ᠮᠣᠩᠭᠤᠯ ᠤᠨ ᠮᠣᠩᠭᠤᠯ ᠬᠡᠯᠡᠨ ᠤ ᠲᠠᠭᠤᠷᠢᠶᠠᠯ ᠦᠵᠡᠬᠦᠯᠬᠦ ᠬᠢᠴᠢᠶᠡᠯᠯᠡᠭᠡ ᠶᠢᠨ ᠦᠬᠡᠷᠡᠴᠢᠯᠡᠯᠳᠡ ᠶᠢᠨ ᠲᠠᠭᠠᠭᠤᠯᠣᠭᠴᠢ ᠪᠠᠭᠰᠢ ᠵᠡᠷᠭᠡ ᠪᠠᠷ ᠮᠣᠩᠭᠤᠯ ᠬᠡᠯᠡᠨ ᠤ ᠵᠢᠭᠠᠨ ᠰᠣᠷᠭᠠᠯᠳᠠ ᠳᠤ ᠬᠤᠰᠢᠭᠤᠴᠢᠯᠠᠨ ᠭᠠᠷᠮᠠᠭᠠᠶᠢᠯᠠᠵᠦ ᠪᠠᠶᠢᠨ᠎ᠠ᠃ ᠠᠯᠠᠱᠠ ᠠᠶᠢᠮᠠᠭ ᠤᠨ ᠣᠷᠠᠨ ᠪᠢᠴᠢᠯᠭᠡᠳᠡᠳ ᠤᠨ ᠨᠡᠶᠢᠬᠡᠮᠯᠢᠭ ᠤᠨ ᠬᠡᠰᠢᠬᠦᠨ᠂ ᠦᠪᠦᠷ ᠮᠣᠩᠭᠤᠯ ᠤᠨ ᠣᠷᠠᠨ ᠪᠢᠷ ᠤᠨ ᠪᠢᠴᠢᠯᠭᠡ ᠶᠢᠨ ᠬᠡᠰᠢᠬᠦᠨ᠂ ᠡᠵᠡᠨ᠎ᠡ ᠬᠤᠰᠢᠭᠤᠨ ᠤ ᠵᠣᠬᠢᠶᠠᠯᠴᠢᠳ ᠤᠨ ᠨᠡᠶᠢᠬᠡᠮᠯᠢᠭ ᠤᠨ ᠬᠡᠰᠢᠬᠦᠨ᠂ ᠠᠯᠠᠱᠠ ᠠᠶᠢᠮᠠᠭ ᠤᠨ ᠵᠣᠬᠢᠶᠠᠯᠴᠢᠳ ᠤᠨ ᠨᠡᠶᠢᠬᠡᠮᠯᠢᠭ ᠤᠨ ᠬᠡᠰᠢᠬᠦᠨ ᠵᠡᠷᠭᠡ ᠨᠡᠶᠢᠬᠡᠮ ᠤᠨ ᠲᠤᠰᠢᠶᠠᠯ ᠲᠠᠢ᠃ ︽ᠮᠦᠩᠭᠡ ᠲᠣᠯᠭ᠎ᠠ︾ ᠰᠣᠶᠣᠯ ᠤᠨ ᠨᠡᠶᠢᠬᠡᠮᠯᠢᠭ ᠤᠨ ᠡᠬᠦᠰᠬᠡᠨ ᠪᠠᠶᠢᠭᠤᠯᠣᠭᠴᠢ᠃ ︽ᠶᠡᠭᠡ ᠭᠤᠪᠢ ᠶᠢᠨ ᠲᠣᠣᠯᠢ︾ ︽ᠣᠶᠠᠩᠭᠠᠨ ᠲᠣᠣᠷᠠᠢ︾ ︽ᠠᠷᠢᠭᠤᠨ ᠲᠣᠭᠤᠰᠣ︾ ᠵᠡᠷᠭᠡ ᠣᠯᠠᠨ ᠰᠢᠯᠦᠭ ᠤᠨ ᠪᠦᠳᠦᠬᠡᠯ ᠲᠠᠢ᠃ ᠡᠳᠦᠬᠡ ᠡᠵᠡᠨ᠎ᠡ ᠬᠤᠰᠢᠭᠤᠨ ᠤ ᠮᠣᠩᠭᠤᠯ ᠲᠣᠮᠳᠠᠳᠣ ᠰᠣᠷᠭᠠᠭᠤᠯᠢ ᠶᠢᠨ ᠲᠡᠳ᠋ ᠵᠠᠬᠢᠷᠣᠯ ᠢᠶᠠᠷ ᠠᠵᠢᠯᠯᠠᠵᠤ ᠪᠤᠢ᠃      ᠵᠢᠩ ᠷᠦᠩ᠂ 1973 ᠣᠨ ᠳᠤ ᠲᠦᠷᠦᠪᠡ᠃ ᠠᠰᠫᠢᠷᠠᠨᠲ ᠶᠢᠨ ᠰᠤᠷᠤᠯᠭ᠎ᠠ ᠶᠢᠨ ᠨᠠᠮᠳᠠᠷ ᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1998 ᠣᠨ ᠳᠤ ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠣᠷᠢ ᠠᠴᠠ ᠲᠡᠭᠦᠰᠴᠦ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠤᠨ ︽ᠰᠣᠯᠣᠩᠭ᠎ᠠ︾ ᠰᠡᠳᠬᠦᠯ ᠳᠤ ᠠᠵᠢᠯ ᠤᠨ ᠬᠤᠪᠢᠶᠠᠷᠢ ᠠᠪᠴᠣ ᠣᠷᠴᠢᠭᠤᠯᠣᠭᠴᠢ᠂ ᠨᠠᠶᠢᠷᠠᠭᠤᠯᠣᠭᠴᠢ᠂ ᠬᠠᠷᠢᠭᠤᠴᠠᠭᠰᠠᠨ ᠨᠠᠶᠢᠷᠠᠭᠤᠯᠣᠭᠴᠢ ᠪᠠᠷ ᠠᠵᠢᠯᠯᠠᠪᠠ᠃      2006 ᠣᠨ ᠤ 8 ᠰᠠᠷ᠎ᠠ ᠠᠴᠠ 2008 ᠣᠨ ᠤ 7 ᠰᠠᠷ᠎ᠠ ᠪᠤᠯᠳᠠᠯ᠎ᠠ ᠮᠣᠩᠭᠤᠯ ᠣᠯᠣᠰ ᠤᠨ ᠣᠯᠣᠰ ᠤᠨ ᠶᠡᠭᠡ ᠰᠣᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠬᠦᠷᠢᠶᠡᠯᠡᠩ ᠳᠤ ᠠᠶᠢᠯᠴᠢᠯᠠᠭᠴᠢ ᠮᠡᠷᠭᠡᠵᠢᠯᠲᠡᠨ ᠤ ᠬᠤᠪᠢ ᠪᠠᠷ ᠰᠣᠷᠣᠯᠴᠠᠪᠠ᠃ ᠡᠨᠡ ᠬᠤᠭᠤᠴᠠᠭᠠᠨ ᠳᠤ ᠪᠠᠨ ᠮᠦᠨ ᠮᠤᠩᠭᠤᠯ ᠤᠯᠤᠰ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠨᠢᠨ ᠮᠡᠳᠡᠭᠡᠨ ᠤ ᠰᠠᠯᠪᠤᠷᠢ ᠳᠤ ᠰᠤᠳᠤᠯᠬᠤ ᠰᠤᠷᠤᠭᠴᠢ ᠪᠠᠷ ᠰᠤᠷᠤᠯᠴᠠᠵᠤ ᠰᠤᠨᠢᠨ ᠮᠡᠳᠡᠭᠡᠨ ᠤ ᠮᠡᠷᠭᠡᠵᠢᠯ ᠤᠨ ᠠᠰᠫᠢᠷᠠᠨᠲ ᠤᠨ ᠴᠤᠯᠠ ᠬᠦᠷᠲᠡᠵᠠᠢ᠃ ᠤᠯᠤᠰ ᠲᠤ ᠪᠠᠨ ᠪᠤᠴᠠᠭᠰᠠᠨ ᠤ ᠳᠠᠷᠠᠭ᠎ᠠ ᠠᠵᠢᠯ ᠤᠨ ᠱᠠᠭᠠᠷᠳᠠᠯᠭ᠎ᠠ ᠪᠠᠷ ︽ᠰᠤᠨᠢᠨ ᠮᠡᠳᠡᠭᠡ ᠬᠡᠪᠯᠡᠯ ᠤᠨ ᠭᠠᠵᠠᠷ︾ ᠲᠤ ᠠᠵᠢᠯ ᠰᠢᠯᠵᠢᠵᠤ ᠳᠡᠳ᠋ ᠭᠠᠵᠠᠷ ᠤᠨ ᠳᠡᠰ‌‍ᠤᠨ ᠺᠠᠳ᠋ᠷ ᠢᠶᠠᠷ ᠠᠵᠢᠯᠯᠠᠵᠤ ᠪᠣᠢ᠃      ᠲᠡᠷᠡ ᠪᠠᠰᠠ ︽ᠬᠢᠲᠠᠳ ᠬᠡᠪᠰᠢᠮᠡᠯ ᠦᠭᠡᠨ ᠤ ᠣᠷᠴᠢᠭᠤᠯᠭ᠎ᠠ ᠶᠢᠨ ᠲᠤᠬᠠᠢ︾᠂ ︽ᠣᠷᠴᠢᠭᠤᠯᠭ᠎ᠠ ᠶᠢᠨ ᠠᠮᠢᠳᠤᠯᠢᠭ ᠴᠢᠨᠠᠷ︾᠂ ︽ᠣᠷᠴᠢᠭᠤᠯᠭ᠎ᠠ ᠶᠢᠨ ᠭᠤᠷᠪᠠᠨ ᠵᠠᠩᠭᠢᠯᠠᠭ᠎ᠠ ᠶᠢ ᠡᠵᠡᠮᠰᠢᠬᠦ ᠲᠣᠬᠠᠢ︾᠂ ︽ᠮᠣᠩᠭᠤᠯ ᠮᠤᠷᠢᠨ ᠤ ᠲᠤᠬᠠᠢ︾ ᠵᠡᠷᠭᠡ 30 ᠭᠠᠷᠤᠢ ᠦᠭᠦᠯᠡᠯ ᠢᠶᠠᠨ ︽ᠮᠣᠩᠭᠤᠯ ᠬᠡᠯᠡ ᠪᠢᠴᠢᠭ︾᠂ ︽ᠬᠡᠯᠡ ᠪᠠ ᠤᠷᠴᠢᠭᠤᠯᠭ᠎ᠠ︾᠂ ︽ᠮᠣᠩᠭᠤᠯ ᠬᠡᠯᠡ ᠤᠳᠬ᠎ᠠ ᠵᠤᠬᠢᠶᠠᠯ︾᠂ ︽ᠦᠪᠦᠷ ᠮᠣᠩᠭᠤᠯ ᠤᠨ ᠡᠳᠦᠷ ᠤᠨ ᠰᠤᠨᠢᠨ︾ ᠵᠡᠷᠭᠡ ᠰᠤᠨᠢᠨ ᠰᠡᠳᠬᠦᠯ ᠳᠤ ᠨᠡᠶᠢᠲᠡᠯᠡᠭᠦᠯᠵᠠᠢ᠃ ᠪᠠᠰᠠ ᠳᠤᠮᠳᠠᠳᠤ᠂ ᠮᠣᠩᠭᠤᠯ᠂ ᠣᠷᠣᠰ ᠭᠤᠷᠪᠠᠨ ᠤᠯᠤᠰ ᠤᠨ ᠵᠠᠯᠠᠭᠤᠴᠤᠳ ᠤᠨ ᠶᠠᠷᠢᠯᠴᠠᠭᠠᠨ ᠤ ᠬᠤᠷᠠᠯ ᠤᠨ ᠬᠢᠲᠠᠳ ᠮᠠᠲ᠋ᠧᠷᠢᠶᠠᠯ ᠢ ᠺᠢᠷᠢᠯ ᠦᠰᠦᠭ ᠢᠶᠠᠷ ᠤᠷᠴᠢᠭᠤᠯᠬᠤ ᠠᠵᠢᠯ ᠪᠤᠯᠤᠨ ᠦᠪᠦᠷ ᠮᠣᠩᠭᠤᠯ ᠪᠠ ᠮᠣᠩᠭᠤᠯ ᠤᠯᠤᠰ ᠤᠨ ᠨᠦᠬᠦᠷᠰᠡᠭ ᠰᠤᠶᠤᠯ ᠤᠨ ᠠᠵᠢᠯᠯᠠᠭᠠᠨ ᠤ ᠤᠷᠴᠢᠭᠤᠯᠤᠭᠴᠢ ᠶᠢᠨ ᠠᠵᠢᠯ ᠢ ᠬᠠᠷᠢᠭᠤᠴᠠᠵᠤ ᠦᠡᠭᠭᠡᠷᠡᠵᠡᠢ᠃ ᠠᠵᠢᠯ ᠳᠤ ᠭᠠᠷᠤᠭᠰᠠᠨ ᠴᠠᠭ ᠠᠴᠠ ᠨᠠᠭᠠᠰᠢ ︽ᠰᠢᠯᠢᠳᠡᠭ ᠠᠵᠢᠯᠲᠡᠨ︾᠂ ︽ᠰᠢᠯᠢᠳᠡᠭ ᠨᠠᠮ ᠤᠨ ᠭᠡᠰᠢᠭᠦᠨ︾᠂ ︽ᠦᠪᠡᠷᠲᠡᠭᠡᠨ ᠵᠠᠰᠠᠬᠤ ᠤᠷᠤᠨ ᠤ ᠮᠣᠩᠭᠤᠯ ᠬᠡᠯᠡ ᠰᠤᠷᠴᠤ ᠡᠵᠡᠮᠰᠢᠭᠰᠡᠨ ᠰᠢᠯᠢᠳᠡᠭ ᠠᠵᠢᠯᠲᠠᠨ︾ ᠵᠡᠷᠭᠡ ᠢᠷᠠᠭᠤ ᠠᠯᠳᠠᠷ ᠢ ᠬᠦᠷᠲᠡᠭᠰᠡᠨ ᠪᠦᠭᠡᠳ 2010 ᠣᠨ ᠤ ᠱᠠᠩᠬᠠᠢ ᠶᠢᠨ ᠳᠡᠯᠡᠬᠡᠢ ᠶᠢᠨ ᠦᠵᠡᠰᠭᠦᠯᠡᠩ ᠤᠨ ᠬᠤᠷᠠᠯ ᠤᠨ ᠰᠤᠨᠢᠨ ᠮᠡᠳᠡᠭᠡᠨ ᠤ ᠠᠵᠢᠯ ᠤᠨ ᠦᠪᠦᠷ ᠮᠣᠩᠭᠤᠯ ᠳᠤ ᠬᠢ ᠰᠢᠯᠢᠳᠡᠭ ᠬᠤᠯᠪᠤᠭᠠᠲᠠᠨ ᠢᠶᠠᠷ ᠦᠨᠡᠯᠡᠭᠳᠡᠭᠰᠡᠨ ᠪᠠᠶᠢᠨ᠎ᠠ᠃      ᠪᠣᠣ ᠶᠢᠨ ᠰᠢᠶᠠᠩ᠂ 1972 ᠣᠨ ᠳᠤ ᠲᠦᠷᠦᠪᠡ᠃ ᠠᠰᠫᠢᠷᠠᠨᠲ ᠶᠢᠨ ᠰᠤᠷᠤᠯᠭ᠎ᠠ ᠶᠢᠨ ᠨᠠᠮᠳᠠᠷ ᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1997 ᠣᠨ ᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠠᠯᠪᠤᠷᠢ ᠶᠢᠨ ᠵᠢᠩᠭᠢᠨᠢ ᠠᠩᠭᠢ ᠠᠴᠠ ᠲᠡᠭᠦᠰᠴᠦ᠂ 1997 ᠣᠨ ᠤ 10 ᠰᠠᠷ᠎ᠠ ᠳᠤ ᠠᠵᠢᠯ ᠤᠨ ᠭᠠᠷᠤᠭ᠎ᠠ  ᠠᠪᠤᠪᠠ᠃ 1997 ᠣᠨ ᠠᠴᠠ 2000 ᠣᠨ ᠤ 6 ᠰᠠᠷ᠎ᠠ ᠬᠦᠷᠲᠡᠯ᠎ᠡ ᠪᠡᠭᠡᠵᠢᠩ ᠤᠨ ᠵᠦᠸᠧ ᠶᠣᠸᠠᠢ ᠴᠢᠮᠡᠭᠡ ᠵᠠᠩᠬᠢ ᠶᠢᠨ ᠵᠦᠪᠯᠡᠬᠦ ᠲᠥᠪ ᠲᠤ ᠰᠤᠷᠤᠯᠴᠠᠪᠠ᠃ 2000 ᠣᠨ ᠤ 6 ᠰᠠᠷ᠎ᠠ ᠠᠴᠠ 2006 ᠣᠨ ᠤ 5 ᠰᠠᠷ᠎ᠠ ᠬᠦᠷᠲᠡᠯ᠎ᠡ ᠨᠠᠢᠮᠠᠨ ᠬᠤᠰᠢᠭᠤᠨ ᠤ ᠪᠠᠭᠠᠪᠡᠷᠬᠡ ᠰᠤᠮᠤᠨ ᠤ ᠡᠵᠡᠩᠨᠡᠯᠲᠡ ᠬᠠᠮᠢᠶᠠᠷᠤᠯᠲᠠ‌‍ᠶᠢᠨ ᠦᠷᠲᠡᠭᠡᠨ ᠳᠤ  ᠠᠵᠢᠯᠯᠠᠪᠠ᠃ 2006 ᠣᠨ ᠤ 6 ᠰᠠᠷ᠎ᠠ ᠠᠴᠠ ᠣᠳᠣ ᠪᠤᠯᠳᠠᠯ᠎ᠠ ᠨᠠᠢᠮᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠨ ᠬᠠᠮᠢᠶᠠᠷᠤᠯᠲᠠ ᠶᠢᠨ ᠲᠥᠪ ᠲᠤ ᠠᠵᠢᠯᠯᠠᠵᠤ ᠪᠣᠢ᠃ ᠠᠵᠢᠯ ᠳᠤ ᠭᠠᠷᠤᠭᠰᠠᠨ ᠠᠴᠠ ᠨᠠᠰᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠭᠤᠭᠰᠠᠨ ︽ᠪᠦᠬᠦ ᠣᠷᠣᠨ ᠤ ᠲᠠᠷᠢᠶᠠᠯᠠᠩ ᠤᠨ ᠪᠦᠷᠢᠳᠭᠡᠯ ᠤᠨ ᠴᠢᠮᠡᠭᠡ ᠵᠠᠩᠬᠢ ᠶᠢᠨ ᠲᠡᠷᠢᠭᠦᠨ ᠤ ᠬᠤᠪᠢ ᠬᠦᠮᠦᠨ︾᠂ ︽ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠮᠡᠭᠡ ᠵᠠᠩᠬᠢ ᠶᠢᠨ ᠠᠵᠢᠯ ᠤᠨ ᠲᠡᠷᠢᠭᠦᠨ ᠤ ᠬᠤᠪᠢ ᠬᠦᠮᠦᠨ︾ ᠵᠡᠷᠭᠡ ᠱᠠᠩᠨᠠᠯ ᠬᠦᠬᠢᠭᠦᠯᠦᠯ ᠢ ᠣᠯᠠᠨᠲᠠ ᠲᠣᠰᠤᠭᠰᠠᠨ ᠪᠠᠶᠢᠨ᠎ᠠ᠃      ᠶᠢᠨ ᠰᠦᠩ᠂ 1974 ᠣᠨ ᠳᠤ ᠲᠦᠷᠦᠪᠡ᠃ 1998 ᠣᠨ ᠤ 7 ᠰᠠᠷ᠎ᠠ ᠳᠤ ᠭᠢᠷᠢᠨ ᠮᠤᠵᠢ ᠶᠢᠨ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠯᠪᠤᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠢᠨᠵᠧᠨᠧᠷᠢᠩ ᠤᠨ ᠠᠩᠭᠢ ᠶᠢᠨ ᠵᠢᠩᠭᠢᠨᠢ ᠠᠩᠭᠢ ᠠᠴᠠ ᠲᠡᠭᠦᠰᠪᠡ᠃      1998 ᠣᠨ ᠤ 9 ᠰᠠᠷ᠎ᠠ ~2003 ᠣᠨ ᠤ 10 ᠰᠠᠷ᠎ᠠ ᠪᠤᠯᠳᠠᠯ᠎ᠠ᠂ ᠦᠪᠦᠷ ᠮᠣᠩᠭᠤᠯ ᠤᠨ ᠡᠷᠡᠨᠳᠡ ᠶᠢᠨ ᠬᠢᠮᠢ ᠶᠢᠨ ᠠᠵᠤ ᠦᠢᠯᠡᠳᠪᠦᠷᠢ ᠬᠢᠵᠠᠭᠠᠷᠲᠤ ᠺᠣᠮᠫᠠᠨᠢ ᠳᠤ ᠮᠡᠷᠭᠡᠵᠢᠯᠲᠡᠨ᠂ ᠢᠨᠵᠧᠨᠧᠷ᠂ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠵᠡᠷᠭᠡ ᠲᠤᠰᠢᠶᠠᠯ ᠢ ᠡᠭᠦᠷᠭᠡᠯᠡᠵᠦ ᠡᠳᠦᠷ ᠰᠦᠨᠢ ᠶᠢᠨ ᠬᠤᠪᠢᠨ ᠳᠤ ᠴᠢᠷᠮᠠᠶᠢᠨ ᠠᠵᠢᠯᠯᠠᠭᠰᠠᠨ ᠠᠴᠠ 6 ᠰᠠᠷ᠎ᠠ ᠶᠢᠨ ᠬᠤᠭᠤᠴᠠᠭᠠᠨ ᠳᠤ ᠬᠢᠷᠢ ᠲᠡᠩᠴᠡᠭᠰᠡᠨ ᠪᠦᠲᠦᠭᠡᠭᠳᠡᠬᠦᠨ ᠢᠶᠠᠨ ᠭᠠᠷᠭᠠᠪᠠ᠃      2003 ᠣᠨ ᠤ 10 ᠰᠠᠷ᠎ᠠ ~2005 ᠣᠨ ᠤ 5 ᠰᠠᠷ᠎ᠠ ᠪᠤᠯᠳᠠᠯ᠎ᠠ ᠭᠤᠸᠠᠩᠳᠦ᠋ᠩ ᠤᠨ ᠶᠢᠨ ᠲᠢᠶᠠᠨ ᠪᠦᠯᠦᠭᠯᠡᠯ ᠤᠨ ᠵᠢᠶᠠ ᠶᠢ ᠢᠳᠡᠭᠡᠨ ᠤ ᠬᠢᠵᠠᠭᠠᠷᠲᠤ ᠺᠤᠮᠫᠠᠨᠢ ᠳᠤ ᠢᠨᠵᠧᠨᠧᠷ ᠢᠶᠠᠷ ᠠᠵᠢᠯᠯᠠᠪᠠ᠃      2005 ᠣᠨ ᠤ 5 ᠰᠠᠷ᠎ᠠ ~2008 ᠣᠨ ᠤ 5 ᠰᠠᠷ᠎ᠠ ᠪᠤᠯᠳᠠᠯ᠎ᠠ ᠭᠤᠸᠠᠩᠰᠢ ᠶᠢᠨ ᠴᠢᠨᠵᠧᠦ ᠶᠢᠨ ᠬᠠᠢ ᠨᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠳᠤ ᠶᠡᠷᠦᠩᠬᠡᠢ ᠢᠨᠵᠧᠨᠧᠷ ᠢᠶᠠᠷ ᠠᠵᠢᠯᠯᠠᠪᠠ᠃      2008 ᠣᠨ ᠤ 5 ᠰᠠᠷ᠎ᠠ ~2011 ᠣᠨ ᠤ 11 ᠰᠠᠷ᠎ᠠ ᠪᠤᠯᠳᠠᠯ᠎ᠠ ᠴᠢᠩᠶᠤᠸᠠᠨ ᠬᠤᠲᠠ ᠶᠢᠨ ᠵᠦᠩ ᠬᠠᠨ ᠰᠢᠨ᠎ᠡ ᠡᠨᠧᠷᠬᠢ ᠶᠢᠨ ᠬᠢᠵᠠᠭᠠᠷᠲᠤ ᠺᠤᠮᠫᠠᠨᠢ ᠳᠤ ᠲᠦᠷᠦᠯ ᠵᠦᠢᠯ ᠤᠨ ᠡᠷᠬᠢᠯᠡᠭᠴᠢ᠂ ᠦᠢᠯᠡᠳᠪᠦᠷᠢᠯᠡᠬᠦ ᠦᠢᠯᠡᠳᠪᠦᠷᠢ ᠶᠢᠨ ᠳᠠᠷᠤᠭ᠎ᠠ ᠵᠡᠷᠭᠡ ᠲᠤᠰᠢᠶᠠᠯ ᠡᠬᠦᠷᠬᠡᠯᠡᠨ ᠠᠵᠢᠯᠯᠠᠪᠠ᠃      2011 ᠣᠨ ᠤ 11 ᠰᠠᠷ᠎ᠠ ~2016 ᠣᠨ ᠤ 5 ᠰᠠᠷ᠎ᠠ ᠪᠤᠯᠳᠠᠯ᠎ᠠ ᠹᠧᠩ ᠶᠢ ᠨᠠᠷᠢᠯᠢᠬ ᠬᠢᠮᠢ ᠶᠢᠨ ᠬᠢᠵᠠᠭᠠᠷᠲᠤ ᠺᠤᠮᠫᠠᠨᠢ ᠳᠤ ᠲᠦᠷᠦᠯ ᠵᠦᠢᠯ ᠤᠨ ᠡᠷᠬᠢᠯᠡᠭᠴᠢ᠂ ᠦᠢᠯᠡᠳᠪᠦᠷᠢᠯᠡᠬᠦ ᠦᠢᠯᠡᠳᠪᠦᠷᠢ ᠶᠢᠨ ᠳᠠᠷᠤᠭ᠎ᠠ ᠵᠡᠷᠭᠡ ᠲᠤᠰᠢᠶᠠᠯ ᠡᠭᠦᠷᠭᠡᠯᠡᠨ ᠠᠵᠢᠯᠯᠠᠪᠠ᠃      2016 ᠣᠨ ᠤ 5 ᠰᠠᠷ᠎ᠠ ~2018 ᠣᠨ ᠤ 12 ᠰᠠᠷ᠎ᠠ ᠪᠤᠯᠳᠠᠯ᠎ᠠ ᠵᠢᠶᠠᠩᠰᠢ ᠶᠢᠨ ᠰᠦ᠋ ᠰᠢᠩ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ ᠳᠡᠳ᠋ ᠶᠡᠷᠦᠩᠬᠡᠢ ᠡᠷᠬᠢᠯᠡᠭᠴᠢ ᠪᠠᠷ ᠠᠵᠢᠯᠯᠠᠪᠠ᠃      2018 ᠣᠨ ᠤ 12 ᠰᠠᠷ᠎ᠠ ᠠᠴᠠ ᠡᠬᠢᠯᠡᠨ ᠦᠪᠦᠷ ᠮᠣᠩᠭᠤᠯ ᠤᠨ ᠴᠢ ᠯᠦ ᠡᠮ ᠦᠢᠯᠡᠳᠪᠦᠷᠢᠯᠡᠬᠦ ᠬᠢᠵᠠᠭᠠᠷᠳᠤ ᠺᠤᠮᠫᠠᠨᠢ ᠳᠤ ᠲᠦᠷᠦᠯ ᠵᠦᠢᠯ ᠤᠨ ᠡᠷᠬᠢᠯᠡᠭᠴᠢ ᠪᠠᠷ ᠠᠵᠢᠯᠯᠠᠵᠤ ᠪᠤᠢ᠃      ᠡᠳᠡᠭᠡᠷ ᠠᠬᠠᠮᠠᠳ ᠦᠶ᠎ᠡ ᠶᠢᠨ ᠤᠶᠤᠳᠠᠳ ᠰᠡᠭᠡᠭᠡᠳᠡᠳ ᠠᠴᠠ ᠭᠠᠳᠠᠨ᠎ᠠ ᠪᠠᠰᠠ ᠦᠢ ᠤᠯᠠᠨ ᠣᠶᠤᠲᠠᠳ ᠪᠦᠬᠦ ᠤᠯᠤᠰ ᠤᠨ ᠡᠯ᠎ᠡ ᠭᠠᠵᠠᠷ ᠢᠶᠠᠷ ᠲᠦᠭᠡᠨ ᠲᠠᠷᠬᠠᠵᠤ ᠣᠯᠣᠰ ᠦᠨᠳᠦᠰᠦᠲᠡᠨ ᠤ ᠬᠦᠭᠵᠢᠯᠲᠡ ᠳᠤ ᠦᠪᠡᠷ ᠦᠪᠡᠷ ᠤᠨ ᠬᠦᠴᠦᠨ ᠴᠢᠳᠠᠯ ᠢᠶᠠᠨ ᠡᠷᠭᠦᠵᠦ ᠪᠤᠢ᠃      ︽ᠣᠰᠣ ᠶᠢ ᠨᠢ ᠣᠣᠭᠤᠪᠠᠯ ᠡᠬᠢ ᠶᠢ ᠨᠢ ᠪᠣᠣ ᠮᠠᠷᠲᠠ︾ ᠭᠡᠳᠡᠭᠴᠢᠯᠡᠨ ᠡᠳᠡᠭᠡᠷ ᠣᠯᠠᠨ ᠡᠷᠳᠡᠮᠲᠡᠨ ᠴᠢᠳᠠᠪᠣᠷᠢᠳᠠᠨ ᠤ ᠭᠦᠮᠦᠵᠢᠯ ᠭᠦᠷᠳᠡᠭᠦ ᠠᠩᠬᠠᠨ ᠤ ᠱᠠᠳᠤᠨ ᠳᠤ ᠠᠯᠢᠪᠠ ᠪᠠᠨ ᠦᠨᠳᠦᠰᠦᠲᠡᠨ ᠤ ᠰᠠᠭᠤᠷᠢ ᠰᠣᠷᠭᠠᠨ ᠬᠦᠮᠦᠵᠢᠯ ᠤᠨ ᠦᠢᠯᠡᠰ ᠲᠤ ᠡᠷᠭᠦᠭᠰᠡᠨ ᠵᠡᠭᠦᠨ ᠬᠤᠯᠣᠰᠣᠲᠠᠢ ᠨᠣᠲᠤᠭ ᠲᠠᠢ ᠬᠡᠳᠦᠨ ᠠᠬᠠᠮᠠᠳ ᠪᠠᠭᠰᠢ ᠶᠢᠨ ᠠᠴᠢ ᠪᠠᠶᠢᠭ᠎ᠠ ᠭᠡᠭᠴᠢ ᠶᠢ ᠵᠡᠭᠦᠨ ᠬᠤᠯᠣᠰᠣᠳᠠᠢ ᠶᠢᠨ ᠰᠣᠷᠭᠠᠭᠤᠯᠢ ᠶᠢᠨ ᠲᠡᠦᠭᠡᠨ ᠳᠤ ᠮᠠᠷᠳᠠᠰᠢ ᠦᠭᠡᠢ ᠲᠡᠮᠳᠡᠭᠯᠡᠵᠦ ᠦᠯᠡᠳᠡᠭᠡᠬᠦ ᠶᠣᠰᠣᠳᠠᠢ ᠶᠣᠮᠰᠠᠨ᠃      ᠷᠠᠰᠢᠵᠠᠮᠰᠣ᠂ ︵1929~1982︶᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠃ ᠲᠠᠪᠢᠭᠠᠳ ᠣᠨ ᠤ ᠦᠶ᠎ᠡ ᠪᠠᠷ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠳᠤ ᠬᠡᠳᠦᠬᠡᠨ ᠰᠠᠷ᠎ᠠ ᠠᠵᠢᠯᠯᠠᠭᠰᠠᠨ ᠪᠣᠯᠪᠠᠴᠣ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠲᠡᠦᠬᠡᠨ ᠳᠤ ᠬᠢ ᠨᠢᠬᠡᠨ ᠭᠡᠷᠡᠯᠳᠣ ᠣᠳᠣᠨ ᠭᠡᠵᠦ ᠦᠵᠡᠵᠦ ᠪᠤᠯᠤᠨ᠎ᠠ᠃ ᠲᠡᠷᠡ ᠰᠤᠷᠭᠠᠭᠤᠯᠢ ᠪᠠᠨ ᠲᠡᠭᠦᠰᠤᠭᠡᠳ ᠦᠪᠦᠷ ᠮᠣᠩᠭᠤᠯ ᠤᠨ ᠮᠠᠯ ᠠᠵᠣ ᠠᠬᠤᠢ ᠶᠢᠨ ᠲᠢᠩᠬᠢᠮ ᠳᠤ ᠠᠵᠢᠯ ᠤᠨ ᠬᠤᠪᠢᠶᠠᠷᠢ ᠠᠪᠴᠣ ᠮᠠᠯ ᠠᠵᠣ ᠠᠬᠤᠢ ᠶᠢᠨ ᠡᠵᠡᠩᠨᠡᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠵᠣ ᠬᠠᠷᠢᠶ᠎ᠠ ᠪᠠᠶᠢᠭᠤᠯᠭ᠎ᠠ ᠳᠤ ᠪᠠᠨ ᠮᠠᠯ ᠠᠵᠣ ᠠᠬᠤᠢ ᠶᠢᠨ ᠡᠵᠡᠩᠨᠡᠨ ᠬᠠᠮᠢᠶᠠᠷᠣᠯᠲᠠ ᠶᠢᠨ ᠬᠠᠮᠢᠶ᠎ᠠ ᠪᠦᠬᠦᠢ ᠬᠢᠴᠢᠶᠡᠯ ᠣᠷᠣᠵᠣ ᠪᠠᠶᠢᠭᠰᠠᠨ ᠢᠶᠠᠨ ᠬᠤᠵᠢᠮ ᠨᠢ ᠰᠢᠯᠢ ᠶᠢᠨ ᠭᠤᠣᠯ ᠠᠶᠢᠮᠠᠭ ᠤᠨ ᠮᠠᠯ ᠠᠵᠣ ᠠᠬᠤᠢ ᠶᠢᠨ ᠰᠣᠷᠭᠠᠭᠤᠯᠢ ᠪᠠᠶᠢᠭᠤᠯᠣᠭᠳᠠᠬᠤ ᠦᠶ᠎ᠡ ᠳᠤ ᠰᠢᠯᠢ ᠶᠢᠨ ᠭᠤᠣᠯ ᠠᠶᠢᠮᠠᠭ ᠤᠨ ᠮᠠᠯ ᠠᠵᠣ ᠠᠬᠤᠢ‌‍ᠶᠢᠨ ᠰᠣᠷᠭᠠᠭᠤᠯᠢ ᠳᠤ ᠪᠠᠭᠰᠢᠯᠠᠭᠰᠠᠨ ᠪᠦᠬᠡᠳ ᠲᠣᠰ ᠰᠣᠷᠭᠠᠭᠤᠯᠢ ᠶᠢᠨ ᠬᠠᠮᠤᠭ ᠠᠩᠬᠠᠨ ᠤ ᠲᠣᠰᠬᠠᠢ ᠮᠡᠷᠭᠡᠵᠢᠯ ᠤᠨ ᠰᠣᠷᠬᠤ ᠪᠢᠴᠢᠭ ᠢ ᠨᠠᠶᠢᠷᠠᠭᠤᠯᠣᠨ ᠪᠢᠴᠢᠪᠡ᠃ ᠲᠡᠭᠦᠨ ᠤ ᠨᠢᠭᠡ ᠨᠠᠰᠣ ᠪᠣᠯ ᠦᠨᠳᠦᠰᠦᠲᠡᠨ ᠤ ᠰᠣᠶᠣᠯ ᠰᠣᠷᠭᠠᠨ ᠬᠦᠮᠦᠵᠢᠯ ᠳᠤ ᠵᠢᠳᠬᠦᠭᠰᠡᠨ ᠨᠢᠭᠡ ᠨᠠᠰᠣ ᠮᠦᠨ᠃ ᠮᠦᠨ ᠴᠦ ᠦᠨᠳᠦᠰᠦᠲᠡᠨ ᠤ ᠮᠠᠯᠵᠢᠬᠤ ᠦᠢᠯᠡᠰ ᠤᠨ ᠬᠦᠭᠵᠢᠯᠲᠡ ᠳᠤ ᠬᠢᠵᠠᠭᠠᠷᠯᠠᠰᠢ ᠦᠭᠡᠢ ᠬᠤᠪᠢ ᠨᠡᠮᠡᠷᠢ ᠪᠠᠨ ᠦᠵᠡᠭᠦᠯᠦᠭᠰᠡᠨ ᠰᠠᠶᠢᠨ ᠺᠠᠳ᠋ᠷ ᠪᠣᠯᠣᠨ᠎ᠠ᠃      ᠷᠠᠰᠢᠳᠣᠷᠵᠢ᠂ ︵1936~2004︶᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠵᠢᠷᠢᠮ ᠠᠶᠢᠮᠠᠭ ᠤᠨ ᠪᠠᠭᠰᠢ ᠶᠢᠨ ᠰᠣᠷᠭᠠᠭᠤᠯᠢ ᠳᠤ ᠬᠤᠶᠠᠷ ᠵᠢᠯ ᠰᠣᠷᠣᠯᠴᠠᠵᠣ ᠰᠣᠷᠣᠯᠭ᠎ᠠ ᠪᠠᠨ ᠲᠡᠭᠦᠰᠦᠭᠰᠡᠨ ᠤ ᠳᠠᠷᠠᠭ᠎ᠠ ᠨᠣᠲᠤᠭ ᠲᠤ ᠪᠠᠨ ᠬᠠᠷᠢᠵᠤ ᠪᠠᠭᠰᠢᠯᠠᠪᠠ᠃ ᠬᠤᠵᠢᠮ ᠨᠢ ᠮᠢᠩ ᠷᠧᠨ ᠰᠣᠮᠣ᠂ ᠴᠢᠩ ᠾᠧ ᠰᠣᠮᠣ ᠵᠡᠷᠭᠡ ᠭᠠᠵᠠᠷ ᠲᠤ ᠪᠠᠭᠰᠢᠯᠠᠵᠣ᠂ ᠳᠠᠬᠢᠨ ᡁᠢ ᠠᠨ ᠪᠠᠯᠭᠠᠰᠣᠨ ᠤ ᠶᠣᠣ ᠶᠢᠨ ᠠᠶᠢᠯ ᠤᠨ ᠳᠣᠮᠳᠠᠳᠣ ᠰᠣᠷᠭᠠᠭᠤᠯᠢ ᠠᠩᠬ᠎ᠠ ᠪᠠᠶᠢᠭᠤᠯᠣᠭᠳᠠᠬᠤ ᠦᠶᠡᠰ ᠰᠣᠷᠭᠠᠭᠤᠯᠢ ᠶᠢᠨ ᠳᠠᠷᠤᠭ᠎ᠠ ᠪᠠᠷ ᠲᠣᠮᠢᠯᠠᠭᠳᠠᠨ ᠤᠴᠢᠵᠤ ᠶᠣᠣ ᠶᠢᠨ ᠠᠶᠢᠯ ᠳᠣᠮᠳᠠᠳᠣ ᠰᠣᠷᠭᠠᠭᠤᠯᠢ‌‍ᠶᠢ ᠡᠭᠦᠰᠭᠡᠨ ᠪᠠᠶᠢᠭᠤᠯᠪᠠ᠃      ᠪᠠᠯᠳᠠᠨ᠂ ︵ᠪᠢᠷ ᠤᠨ ᠨᠡᠷ᠎ᠡ — ᠲ᠊ · ᠬᠢᠩᠭᠠᠨ︶᠂ ︵1945~2010︶᠃ ᠣᠣᠯ ᠤᠨ ᠵᠢᠷᠢᠮ ᠠᠶᠢᠮᠠᠭ ᠤᠨ ᠪᠠᠭᠰᠢ ᠶᠢᠨ ᠰᠣᠷᠭᠠᠭᠤᠯᠢ ᠠᠴᠠ ᠲᠡᠭᠦᠰᠴᠦ ᠨᠣᠳᠤᠭ ᠲᠤ ᠪᠠᠨ ᠢᠷᠡᠵᠦ ᠪᠠᠭᠰᠢᠯᠠᠪᠠ᠃ ︽ᠵᠢᠭᠠᠨ ᠰᠣᠷᠭᠠᠯᠲᠠ ᠨᠢ ᠵᠢᠭᠠᠬᠤ ᠪᠠ ᠰᠣᠷᠬᠤ ᠬᠠᠷᠢᠴᠠᠭ᠎ᠠ ᠶᠢ ᠵᠦᠪ ᠰᠢᠢᠳᠪᠦᠷᠢᠯᠡᠬᠦ ᠶᠠᠪᠣᠳᠠᠯ ᠮᠦᠨ᠂ ᠪᠠᠭᠰᠢ ᠶᠢᠨ ᠵᠢᠭᠠᠬᠤ ᠨᠢ ᠵᠦᠪᠬᠡᠨ ᠨᠣᠮ ᠪᠢᠴᠢᠭ ᠳᠡᠭᠡᠷᠡᠬᠢ ᠮᠡᠳᠡᠯᠭᠡ ᠲᠡᠳᠦᠢ ᠪᠢᠰᠢ ᠬᠠᠷᠢᠨ ᠨᠣᠮ ᠪᠢᠴᠢᠭ ᠢᠶᠠᠷ ᠵᠠᠭᠤᠴᠢ ᠪᠣᠯᠭᠠᠵᠣ ᠮᠡᠳᠡᠯᠭᠡ ᠣᠯᠠᠮᠵᠢᠯᠠᠬᠤ ᠶᠢᠨ ᠲᠠᠭᠠᠣ ᠰᠣᠷᠬᠤ ᠠᠷᠭ᠎ᠠ ᠶᠢ ᠵᠢᠭᠠᠬᠤ ᠨᠢ ᠨᠡᠩ ᠴᠢᠬᠤᠯᠠ᠂ ᠪᠠᠭᠰᠢ ᠨᠢ ᠰᠣᠷᠣᠭᠴᠢ‌‍ᠳᠤ ᠲᠦᠯᠬᠢᠭᠦᠷ ᠵᠢᠭᠠᠬᠤ ᠬᠡᠷᠡᠭᠲᠡᠢ︾ ᠭᠡᠬᠦ ᠮᠡᠲᠦ ᠶᠢᠨ ᠰᠣᠷᠭᠠᠨ ᠬᠦᠮᠦᠵᠢᠯ ᠤᠨ ᠦᠵᠡᠯ ᠰᠠᠨᠠᠭ᠎ᠠ‌ᠨᠢ ᠣᠯᠣᠰ ᠤᠨ ᠰᠢᠨ᠎ᠡ ᠬᠢᠴᠢᠶᠡᠯᠯᠡᠭᠡ ᠶᠢᠨ ᠦᠭᠡᠷᠡᠴᠢᠯᠡᠯᠲᠡ ᠶᠢᠨ ᠦᠵᠡᠯ ᠰᠠᠨᠠᠭ᠎ᠠ ᠵᠢᠴᠢ ᠦᠨᠳᠦᠰᠦᠨ ᠣᠨᠣᠯᠵᠢᠬᠤᠨ ᠲᠠᠢ ᠦᠨᠳᠦᠰᠦᠨ ᠳᠤ ᠪᠠᠨ ᠠᠳᠠᠯᠢ ᠪᠠᠶᠢᠭᠰᠠᠨ ᠨᠢ ᠭᠠᠶᠢᠬᠠᠯᠳᠠᠢ᠃ ᠲᠡᠭᠦᠨ ᠤ ᠡᠨᠡ ᠬᠦ ᠰᠣᠳᠣᠯᠣᠯ ᠨᠢ ᠤᠨᠤᠯ ᠤᠨ ᠦᠨᠳᠤᠷ ᠲᠦᠪᠰᠢᠨ ᠳᠤ ᠭᠦᠷᠳᠡᠯ᠎ᠡ ᠲᠦᠭᠡᠮᠡᠯᠵᠢᠭᠰᠡᠨ ᠦᠭᠡᠢ ᠪᠣᠯᠪᠠᠴᠣ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠪᠠᠭᠰᠢ ᠰᠣᠷᠣᠭᠴᠢ ᠶᠢᠨ ᠣᠶᠣᠨ ᠢ ᠰᠢᠮᠡᠵᠢᠭᠦᠯᠦᠭᠰᠡᠨ ᠨᠢ ᠶᠠᠭᠠᠬᠢᠬᠤ ᠶᠢᠨ ᠠᠷᠭ᠎ᠠ ᠦᠭᠡᠢ ᠦᠨᠡᠨ ᠪᠢᠯᠡ᠃ ᠲᠡᠷᠡ ᠪᠠᠰᠠ ᠣᠷᠠᠨ ᠵᠣᠬᠢᠶᠠᠯ ᠳᠤ ᠣᠨᠴᠠ ᠪᠠᠬ᠎ᠠ ᠲᠠᠢ᠃ ᠵᠠᠯᠠᠭᠤ ᠳᠤ ᠪᠠᠨ ︽ᠦᠨᠢᠷ ᠴᠡᠴᠡᠭ︾᠂ ︽ᠵᠢᠷᠢᠮ ᠤᠨ ᠣᠷᠠᠨ ᠵᠣᠬᠢᠶᠠᠯ︾ ᠵᠡᠷᠭᠡ ᠣᠷᠠᠨ ᠵᠣᠬᠢᠶᠠᠯ ᠤᠨ ᠰᠡᠳᠭᠦᠯ ᠤᠳ ᠲᠤ ᠰᠢᠯᠦᠭ ᠵᠣᠬᠢᠶᠠᠯ ᠨᠡᠶᠢᠲᠡᠯᠡᠭᠦᠯᠵᠦ ᠪᠠᠶᠢᠵᠡᠢ᠃      ᠭᠠᠨᠵᠣᠣᠷᠵᠠᠪ᠂ 1946 ᠣᠨ ᠳᠤ ᠲᠦᠷᠦᠪᠡ᠃ ᠳᠤᠮᠳᠠᠳᠤ ᠤᠯᠤᠰ ᠤᠨ ᠡᠪ ᠬᠠᠮᠳᠣ ᠨᠠᠮ ᠤᠨ ᠭᠡᠰᠢᠭᠦᠨ᠃ ᠡᠪᠡᠳᠴᠢᠨ ᠤ ᠬᠠᠷᠠᠭ᠎ᠠ ᠠᠴᠠ ᠪᠣᠯᠵᠣ ᠲᠦᠩᠯᠢᠶᠣᠣ ᠬᠤᠶᠠᠳᠣᠭᠠᠷ ᠳᠣᠮᠳᠠᠳᠣ ᠰᠣᠷᠭᠠᠭᠤᠯᠢ ᠠᠴᠠ ᠰᠠᠯᠵᠤ ᠨᠣᠳᠤᠭ ᠤᠨ ᠪᠠᠭ᠎ᠠ ᠰᠣᠷᠭᠠᠭᠤᠯᠢ ᠳᠤ ᠪᠠᠨ ᠪᠠᠭᠰᠢᠯᠠᠵᠠᠢ᠃ ᠲᠡᠭᠦᠨ‌‍ᠳᠤ ᠬᠦᠮᠦᠨ ᠠᠴᠠ ᠬᠡᠳᠦ᠋ᠢᠳᠦᠭᠰᠡᠨ ᠰᠣᠳᠣᠯᠭᠠᠨ ᠤ ᠪᠦᠲᠦᠭᠡᠯ ᠪᠠᠶᠢᠬᠤ ᠦᠭᠡᠢ ᠴᠦ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠦᠢᠯᠡᠰ ᠤᠨ ᠢᠶᠠᠨ ᠲᠦᠯᠦᠭᠡ ᠵᠢᠳᠬᠦᠳᠡᠭ ᠵᠣᠷᠢᠭ ᠰᠠᠨᠠᠭ᠎ᠠ ᠨᠢ ᠰᠣᠷᠣᠯᠴᠠᠭᠤᠰᠢᠲᠠᠢ ᠲᠠᠭᠤᠷᠢᠶᠠᠯ ᠪᠢᠯᠡ᠃ ᠲᠡᠷᠡ 1965 ᠣᠨ ᠳᠤ ᠠᠵᠢᠯ ᠳᠤ ᠭᠠᠷᠣᠭᠰᠠᠨ ᠴᠠᠭ ᠠᠴᠠ ᠪᠠᠨ ᠠᠪᠤᠭᠠᠳ 1986 ᠣᠨ ᠪᠣᠯᠲᠠᠯᠠᠬᠢ ᠭᠤᠴᠢ ᠭᠠᠷᠣᠢ ᠵᠢᠯ ᠤᠨ ᠲᠤᠷᠰᠢ ᠳᠤ ᡁᠢ ᠠᠨ ᠪᠠᠯᠭᠠᠰᠣᠨ ᠤ ᠮᠣᠩᠭᠤᠯ ᠠᠶᠢᠯ ᠤᠳ ᠢᠶᠠᠷ ᠪᠠᠷᠤᠭ ᠯᠠ ᠪᠦᠷ ᠤᠴᠢᠵᠤ ᠦᠡᠭᠭᠡᠷᠡᠵᠡᠢ᠃ ᠣᠴᠢᠭᠰᠠᠨ ᠭᠠᠵᠠᠷ ᠪᠣᠯᠭᠠᠨ ᠨᠢ ᠪᠠᠷᠤᠭ ᠯᠠ ᠠᠩᠬ᠎ᠠ ᠰᠣᠷᠭᠠᠭᠤᠯᠢ ᠪᠠᠶᠢᠭᠤᠯᠵᠣ ᠪᠠᠶᠢᠬᠤ ᠲᠦᠯᠦᠪ ᠲᠠᠢ ᠪᠠᠶᠢᠵᠤ᠂ ᠲᠡᠳᠡᠭᠡᠷ ᠰᠤᠷᠭᠠᠭᠤᠯᠢ ᠶᠢᠨ ᠪᠠᠶᠢᠭᠤᠯᠤᠯᠲᠠ ᠳᠤ ᠲᠡᠭᠦᠨ ᠤ ᠬᠦᠴᠦ ᠬᠦᠯᠦᠰᠦ ᠰᠢᠩᠭᠡᠭᠰᠡᠨ‌ᠨᠢ ᠦᠨᠡᠨ ᠶᠤᠮ᠃ ᠲᠡᠭᠦᠨ ᠤ ᠭᠤᠶᠣ ᠰᠠᠶᠢᠬᠠᠨ ᠪᠢᠴᠢᠯᠭᠡ ᠲᠢᠭ ᠨᠢ ᠦᠢ ᠣᠯᠠᠨ ᠰᠤᠷᠤᠭᠴᠢ ᠶᠢᠨ ᠣᠶᠤᠨ ᠢ ᠤᠮᠳᠠᠯᠠᠭᠰᠠᠨ ᠪᠠᠶᠢᠬᠤ ᠶᠣᠰᠤᠲᠠᠢ᠃ ᠲᠡᠭᠦᠨ ᠤ ᠨᠢᠭᠡ ᠨᠠᠰᠣ ᠪᠣᠯ ᠪᠠᠰᠠ ᠴᠦ ᠦᠨᠳᠦᠰᠦᠲᠡᠨ ᠤ ᠰᠣᠷᠭᠠᠨ ᠬᠦᠮᠦᠵᠢᠯ ᠤᠨ ᠦᠢᠯᠡᠰ ᠲᠤ ᠰᠢᠳᠣᠷᠭᠤ ᠪᠠᠷ ᠵᠢᠳᠬᠦᠭᠰᠡᠨ ᠨᠢᠭᠡ ᠨᠠᠰᠣ ᠪᠣᠯᠣᠨ᠎ᠠ᠃      ᠮᠦᠩᠭᠦᠨᠲᠣᠶᠠᠭ᠎ᠠ᠂ 1949 ᠣᠨ ᠳᠤ ᠲᠦᠷᠦᠪᠡ᠃ ᠳᠤᠮᠳᠠᠳᠤ ᠤᠯᠤᠰ ᠤᠨ ᠡᠪ ᠬᠠᠮᠳᠣ ᠨᠠᠮ ᠤᠨ ᠭᠡᠰᠢᠭᠦᠨ᠃ 1968 ᠣᠨ ᠳᠤ ᠣᠣᠯ ᠤᠨ ᠵᠢᠷᠢᠮ ᠠᠶᠢᠮᠠᠭ ᠤᠨ ᠪᠠᠭᠰᠢ ᠶᠢᠨ ᠰᠣᠷᠭᠠᠭᠤᠯᠢ ᠠᠴᠠ ᠲᠡᠭᠦᠰᠴᠦ ᠨᠣᠳᠤᠭ ᠲᠤ ᠪᠠᠨ ᠬᠠᠷᠢᠵᠤ ᠪᠠᠭᠰᠢᠯᠠᠵᠠᠢ᠃ ᠲᠠᠷᠠ ᠪᠤᠯ ᠪᠠᠭᠰᠢᠯᠠᠬᠤ ᠣᠷ᠎ᠠ ᠠᠪᠢᠶᠠᠰ ᠪᠦᠷᠢᠳᠦᠭᠰᠡᠨ ᠰᠠᠶᠢᠨ ᠪᠠᠭᠰᠢ ᠮᠦᠨ᠃ ᠠᠶᠢᠯ ᠠᠶᠢᠮᠠᠭ ᠤᠨ ᠢᠶᠠᠨ ᠲᠣᠮᠣᠭᠠᠲᠡᠳ‌‍ᠤᠨ ᠰᠡᠳᠬᠢᠯ ᠳᠤ ᠰᠣᠳᠤᠨ ᠦᠬᠢᠨ᠂ ᠰᠤᠷᠤᠭᠴᠢᠳ ᠤᠨ ᠢᠶᠠᠨ ᠣᠢ ᠪᠢᠯᠢᠭ ᠲᠤ ᠤᠷᠠᠨ ᠪᠦᠵᠢᠭᠴᠢᠨ᠂ ᠵᠠᠯᠠᠭᠤ ᠽᠠᠨᠳᠠᠨ ᠨᠠᠰᠣ ᠪᠠᠨ ᠨᠣᠳᠤᠭ ᠤᠨ ᠢᠶᠠᠨ ᠬᠡᠦᠬᠡᠳ ᠤᠨ ᠰᠣᠶᠣᠯ ᠭᠡᠭᠡᠷᠡᠯ ᠳᠤ ᠵᠣᠷᠢᠭᠤᠯᠣᠭᠰᠠᠨ ᠭᠠᠪᠢᠶᠠᠳᠣ ᠪᠠᠭᠰᠢ᠃ ᠬᠠᠮᠢᠭ᠎ᠠ ᠣᠴᠢᠭᠰᠠᠨ ᠴᠣ᠋ ᠱᠠᠩᠨᠠᠯ ᠬᠦᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠣ ᠶᠠᠪᠣᠳᠠᠬ ᠡᠪ ᠬᠠᠮᠳᠣ ᠨᠠᠮ ᠤᠨ ᠭᠡᠰᠢᠭᠦᠨ᠂ ᠠᠮᠢ ᠨᠠᠰᠣᠨ ᠤ ᠰᠢᠵᠢᠷ ᠠᠯᠲᠠᠨ ᠴᠠᠭ ᠮᠦᠴᠡ ᠪᠠᠨ ᠦᠨᠳᠦᠰᠦᠲᠡᠨ ᠤ ᠰᠣᠷᠭᠠᠨ ᠬᠦᠮᠦᠵᠢᠯ ᠤᠨ ᠦᠢᠯᠡᠰ ᠲᠤ ᠵᠣᠷᠢᠭᠤᠯᠣᠭᠰᠠᠨ ᠤᠷᠤᠨ ᠨᠤᠲᠤᠭ ᠤᠨ ᠰᠣᠷᠭᠠᠨ ᠬᠦᠮᠦᠵᠢᠯ ᠤᠨ ᠵᠢᠳᠬᠦᠯᠲᠡᠨ᠃      ᠬᠦᠷᠡᠯᠳᠣᠭᠤ᠂ 1948 ᠣᠨ ᠳᠤ ᠲᠦᠷᠦᠪᠡ᠃ ᠵᠠᠯᠠᠭᠤ ᠨᠠᠰᠣᠨ ᠳᠤ ᠪᠠᠨ ᠴᠡᠷᠢᠭ ᠤᠨ ᠠᠯᠪᠠ ᠬᠠᠭᠠᠭᠰᠠᠨ ᠲᠡᠷᠡ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠭᠠᠴᠠᠭᠠᠨ ᠤ ᠨᠢᠭᠲᠠᠯᠠᠨ ᠪᠣᠳᠣᠭᠴᠢ ᠶᠢᠨ ᠠᠵᠢᠯ ᠬᠢᠵᠣ ᠪᠠᠶᠢᠭᠰᠠᠨ ᠢᠶᠠᠨ ᠦᠭᠡᠷᠡᠴᠢᠯᠡᠯᠲᠡ ᠬᠢᠵᠣ ᠴᠢᠯᠦᠭᠡᠲᠠᠢ ᠶᠠᠪᠣᠯᠴᠠᠬᠤ ᠲᠦᠷᠦ ᠶᠢᠨ ᠪᠣᠳᠣᠯᠭ᠎ᠠ ᠬᠡᠷᠡᠭᠵᠢᠭᠦᠯᠦᠭᠰᠡᠨ ᠤ ᠳᠠᠷᠠᠭ᠎ᠠ ᠣᠷᠣᠨ ᠲᠠᠶᠠᠭᠠᠷ ᠰᠣᠷᠭᠠᠨ ᠬᠦᠮᠦᠵᠢᠯ ᠤᠨ ᠶᠠᠰᠣ ᠴᠢᠨᠠᠷ ᠢ ᠴᠢᠬᠤᠯᠠᠴᠢᠯᠠᠭᠰᠠᠨ ᠠᠴᠠ ᠳᠦᠴᠢᠨ ᠨᠠᠰᠣᠨ ᠤ ᠦᠶ᠎ᠡ ᠳᠤ ᠪᠠᠨ ᠪᠠᠭᠰᠢ ᠪᠠᠷ ᠰᠢᠯᠢᠭᠳᠡᠨ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠳᠤ ᠪᠠᠭᠰᠢᠯᠠᠪᠠ᠃ ᠲᠡᠷᠡ ᠪᠠᠭᠰᠢᠯᠠᠭᠰᠠᠨ ᠡᠳᠦᠷ ᠠᠴᠠ ᠪᠠᠨ ᠡᠬᠢᠯᠡᠨ ᠴᠢᠷᠮᠠᠶᠢᠨ ᠰᠣᠷᠣᠯᠴᠠᠵᠣ ᠰᠢᠨᠳᠠᠷᠠᠰᠢ ᠦᠭᠡᠢ ᠰᠣᠳᠣᠯᠣᠨ ᠰᠢᠷᠭᠠᠭᠤ ᠠᠵᠢᠯᠯᠠᠭᠰᠠᠨ ᠠᠴᠠ ᠲᠡᠭᠦᠨ ᠤ ᠡᠷᠬᠢᠯᠡᠭᠰᠡᠨ ᠠᠩᠭᠢ᠂ ᠵᠢᠭᠠᠭᠰᠠᠨ ᠬᠢᠴᠢᠶᠡᠯ ᠨᠢ ᠬᠤᠰᠢᠭᠤ ᠪᠠᠯᠭᠠᠰᠣᠨ ᠤ ᠬᠡᠪᠴᠢᠶᠡᠨ ᠳᠤ ᠠᠯᠳᠠᠷᠰᠢᠬᠰᠠᠨ ᠲᠣᠯᠠ ᠲᠡᠭᠦᠨ ᠢ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠬᠠᠷᠢᠭᠤᠴᠠᠯᠭᠠᠳᠠᠨ ᠢᠶᠠᠷ ᠳᠡᠪᠰᠢᠭᠦᠯᠪᠡ᠃ ᠲᠡᠷᠡ ᠠᠷᠪᠠ ᠭᠠᠷᠣᠢ ᠵᠢᠯ ᠵᠡᠭᠦᠨ ᠬᠤᠯᠣᠰᠣᠲᠠᠢ ᠪᠠᠭ᠎ᠠ ᠰᠣᠷᠭᠠᠭᠤᠯᠢ ᠶᠢᠨ ᠬᠠᠷᠢᠭᠤᠴᠠᠯᠭᠠᠲᠠᠨ ᠤ ᠠᠵᠢᠯ ᠢ ᠭᠠᠷᠳᠠᠨ ᠬᠢᠭᠡᠳ ᠵᠢᠭᠠᠨ ᠰᠣᠷᠭᠠᠯᠲᠠ ᠶᠢᠨ ᠶᠠᠰᠣ ᠴᠢᠨᠠᠷ ᠢ ᠨᠡᠶᠢᠳᠡᠮ ᠲᠡᠭᠡᠭᠰᠢᠯᠡᠬᠦᠯᠦᠭᠰᠡᠨ ᠪᠠᠶᠢᠳᠠᠭ᠃ ᠲᠡᠭᠦᠨ ᠤ ᠬᠠᠲᠠᠭᠤᠵᠢᠯᠲᠠᠢ ᠣᠷᠴᠢᠨ ᠳᠤ ᠲᠡᠰᠪᠦᠷᠢ ᠲᠠᠢ ᠠᠵᠢᠯᠯᠠᠳᠠᠭ ᠵᠣᠷᠢᠭ ᠰᠠᠨᠠᠭ᠎ᠠ ᠨᠢ ᠳᠠᠭᠤᠷᠢᠶᠠᠯ ᠲᠠᠢ᠂ ᠨᠠᠰᠣᠨ ᠲᠣᠷᠰᠢ ᠰᠣᠷᠣᠯᠴᠠᠯᠭ᠎ᠠ ᠶᠢ ᠬᠠᠶᠠᠳᠠᠭ ᠦᠭᠡᠢ ᠵᠣᠷᠰᠢᠯ ᠨᠢ   ᠮᠠᠭᠲᠠᠭᠤᠰᠢᠲᠠᠢ᠃      ᠨᠢᠮ᠎ᠠ᠂ ︵1947~2007︶᠃ ᠬᠤᠶᠠᠷᠬᠠᠨ ᠵᠢᠯ ᠪᠠᠭᠰᠢᠯᠠᠭᠰᠠᠨ ᠲᠡᠦᠬᠡ ᠲᠠᠢ ᠪᠣᠯᠪᠠᠴᠤ ᠪᠢᠴᠢᠭ ᠵᠢᠭᠠᠵᠣ ᠦᠩᠭᠡᠷᠡᠭᠰᠡᠨ ᠰᠤᠷᠤᠭᠴᠢᠳ ᠤᠨ ᠢᠶᠠᠨ ᠣᠢ ᠰᠡᠳᠬᠢᠯ ᠳᠤ ᠮᠠᠰᠢ ᠭᠦᠨ ᠰᠠᠭᠤᠭᠳᠠᠯ ᠦᠯᠡᠳᠡᠭᠡᠭᠰᠡᠨ ᠨᠢ ᠪᠢᠰᠢᠷᠡᠭᠦᠰᠢᠲᠠᠢ᠃ ᠲᠡᠷᠡ ᠬᠢᠴᠢᠶᠡᠯ ᠤᠨ ᠨᠣᠮ ᠦᠭᠡᠢ ᠪᠠᠶᠢᠳᠠᠯ ᠳᠣᠣᠷ᠎ᠠ ᠮᠠᠣ ᠽᠧ ᠳ᠋ᠦᠩ ᠤᠨ ᠰᠢᠯᠦᠭ ᠳᠠᠭᠤᠯᠠᠯ ᠢ ᠠᠰᠢᠭᠯᠠᠨ ᠬᠡᠯᠡ ᠪᠢᠴᠢᠭ ᠤᠨ ᠬᠢᠴᠢᠶᠡᠯ ᠤᠨ ᠵᠢᠭᠠᠨ ᠰᠤᠷᠭᠠᠬᠤ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ ᠪᠠᠶᠢᠭᠰᠠᠨ ᠪᠦᠭᠡᠳ ᠡᠷᠲᠡᠨ ᠡᠳᠦᠭᠡ ᠶᠢᠨ ᠨᠣᠮ ᠪᠢᠴᠢᠭ ᠢ ᠣᠯᠠᠨ ᠪᠣᠳᠢ ᠤᠩᠰᠢᠵᠤ᠂ ᠤᠩᠰᠢᠭᠰᠠᠨ ᠨᠣᠮ ᠤᠨ ᠢᠶᠠᠨ ᠰᠤᠩᠭᠤᠳᠠᠭ ᠪᠠᠳᠠᠬ ᠢ ᠠᠮᠠᠨ ᠤ ᠠᠶ᠎ᠠ ᠪᠠᠷ ᠭᠡᠩᠰᠢᠨ᠂ ᠨᠡᠷᠡᠲᠦ ᠬᠦᠮᠦᠰ ᠤᠨ ᠵᠤᠬᠢᠶᠠᠯ ᠪᠦᠲᠦᠭᠡᠯ ᠤᠨ ᠣᠨᠴᠠᠭᠠᠢ ᠬᠡᠰᠡᠭᠯᠡᠯ ᠢᠶᠠᠷ ᠡᠰᠢ ᠲᠠᠲᠠᠨ ᠵᠢᠯᠤᠭᠤᠳᠬᠤ ᠶᠢᠨ ᠬᠠᠮᠲᠣ ᠡᠷᠲᠡᠨ ᠤ ᠦᠯᠢᠭᠡᠷ ᠲᠡᠦᠬᠡ ᠶᠢ ᠨᠢᠳᠦᠨ ᠳᠤ ᠦᠵᠡᠭᠳᠡᠮ᠎ᠡ ᠳᠦᠷᠰᠦᠯᠡᠨ ᠶᠠᠷᠢᠳᠠᠭ ᠨᠢ ᠪᠠᠭ᠎ᠠ ᠬᠡᠦᠬᠡᠳ ᠤᠨ ᠳᠤᠷ᠎ᠠ ᠪᠠᠬ᠎ᠠ ᠶᠢ ᠲᠠᠲᠠᠵᠤ ᠬᠦᠰᠡᠯ ᠬᠦᠭᠡᠭᠡᠴᠡᠯᠳᠦᠯ ᠤᠨ ᠬᠢᠨᠢ ᠭᠡᠷᠡᠯᠲᠦ ᠴᠠᠮᠬᠠᠭ ᠪᠣᠯᠵᠤ ᠪᠠᠶᠢᠭᠰᠠᠨ ᠨᠢ ᠦᠨᠡᠨ ᠲᠠᠢ᠃      ᠶᠧᠰᠢ᠂ ᠵᠠᠯᠠᠭᠤ ᠬᠠᠯᠠᠭᠤᠨ ᠨᠠᠰᠤ ᠪᠠᠨ ᠬᠤᠯᠤᠰᠤᠲᠠᠢ ᠨᠤᠲᠤᠭ ᠤᠨ ᠢᠶᠠᠨ ᠬᠤᠶᠢᠴᠢ ᠦᠶ᠎ᠡ‌‍ᠶᠢᠨ ᠰᠣᠶᠣᠯ ᠭᠡᠭᠡᠷᠡᠯ ᠤᠨ ᠦᠢᠯᠡᠰ ᠲᠤ ᠵᠣᠷᠢᠭᠤᠯᠤᠭᠰᠠᠨ ᠨᠤᠲᠤᠭ ᠤᠰᠤᠨ ᠤ ᠪᠠᠨ ᠠᠷᠠᠳ ᠤᠨ ᠲᠠᠭᠠᠰᠢᠶᠠᠯ ᠢ ᠣᠯᠤᠭᠰᠠᠨ ᠰᠠᠶᠢᠨ ᠪᠠᠭᠰᠢ᠃ ᠲᠡᠭᠦᠨ ᠤ ᠰᠤᠷᠤᠯᠭ᠎ᠠ ᠶᠢᠨ ᠨᠠᠮᠲᠠᠷ ᠦᠨᠳᠤᠷ ᠪᠢᠰᠢ ᠴᠦ ᠰᠤᠷᠤᠯᠭ᠎ᠠ ᠶᠢ ᠡᠷᠬᠢᠮᠯᠡᠨ ᠵᠢᠭᠠᠨ ᠰᠤᠷᠭᠠᠬᠤ ᠤᠷ᠎ᠠ ᠮᠠᠷᠭᠡᠰᠢᠯ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠤᠷᠠᠨ ᠳᠡᠮ ᠲᠠᠢ ᠬᠤᠶᠠᠷ ᠭᠠᠷ ᠢᠶᠠᠷ ᠢᠶᠠᠨ ᠬᠠᠪᠤᠯᠢᠭ ᠰᠠᠶᠢᠬᠠᠨ ᠵᠢᠭᠠᠬᠤ ᠪᠠᠭᠠᠵᠢ ᠵᠤᠬᠢᠶᠠᠨ ᠠᠰᠢᠭᠯᠠᠵᠤ ᠪᠠᠶᠢᠭᠰᠠᠨ ᠢ ᠨᠢ ᠰᠤᠷᠤᠭᠴᠢᠳ ᠨᠢ ᠦᠷᠭᠦᠯᠵᠢ ᠲᠤᠷᠠᠰᠴᠤ ᠪᠠᠶᠢᠳᠠᠬ ᠠᠴᠠ ᠨᠢ ᠦᠵᠡᠪᠡᠯ ᠪᠠᠭᠰᠢ ᠮᠠᠨᠢ ᠰᠤᠷᠤᠭᠴᠢᠳ ᠤᠨ ᠢᠶᠠᠨ ᠤᠢ ᠤᠬᠠᠭᠠᠨ ᠳᠤ ᠪᠠᠯᠠᠷᠠᠰᠢ ᠦᠭᠡᠢ ᠢᠮ ᠲᠠᠮᠠᠭ᠎ᠠ ᠦᠯᠡᠳᠡᠭᠡᠵᠡᠢ᠃      ᠰᠣᠷᠭᠠᠭᠤᠯᠢ ᠶᠢᠨ ᠲᠡᠣᠭᠡ ᠭᠡᠮᠡᠭᠴᠢ ᠶᠣᠰᠣᠨ ᠳᠤ ᠪᠠᠨ ᠪᠠᠭᠰᠢ ᠰᠣᠷᠣᠭᠴᠢ ᠶᠢᠨ ᠲᠡᠣᠭᠡ ᠪᠣᠯᠬᠤᠷ ᠪᠢ ᠡ᠊ᠨᠳᠡ ᠪᠠᠭᠰᠢ ᠰᠣᠷᠣᠭᠴᠢ ᠭᠡᠰᠡᠨ ᠬᠤᠶᠠᠷ ᠰᠢᠵᠢᠮ ᠢᠶᠠᠷ ᠵᠡᠬᠦᠨ ᠬᠤᠯᠣᠰᠣᠳᠠᠢ ᠪᠠᠭ᠎ᠠ ᠰᠣᠷᠭᠠᠭᠤᠯᠢ ᠶᠢᠨ ᠲᠡᠣᠭᠡ ᠶᠢ ᠲᠦᠭᠦᠮᠭᠡᠨ ᠡᠮᠬᠢᠳᠭᠡᠪᠡ᠃ ᠡ᠊ᠨᠳᠡᠭᠦᠦ ᠲᠠᠰᠢᠶ᠎ᠠ ᠵᠦᠢᠯ ᠪᠠᠶᠢᠵᠤ ᠮᠠᠳᠡᠨ᠎ᠡ᠂ ᠦᠵᠡᠭᠦ ᠮᠠᠷᠭᠡᠳ ᠵᠠᠰᠠᠨ ᠪᠤᠯᠭᠤᠭᠠᠵᠤ ᠵᠠᠯᠠᠷᠠᠭᠤᠯᠤᠨ ᠤᠡᠭᠰᠢᠮᠤ︕        ᠬᠠᠶ᠋ᠢᠬ᠄ ᠨᠠᠢᠮᠠᠨ ᠬᠤᠰᠢᠭᠤᠨ ᠤ ᠭᠤᠷᠪᠠᠨᠬᠤᠸᠠ ᠰᠤᠮᠤ ᠶᠢᠨ ᠭᠤᠤᠯ ᠪᠠᠭ᠎ᠠ ᠰᠤᠷᠭᠠᠭᠤᠯᠢ                                          ︵ᠴ᠊ · ᠲᠤᠭᠳᠠᠭᠤᠨ ᠨᠠᠶᠢᠷᠠᠭᠤᠯᠪᠠ︶                                            8 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map