ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠠᠩᠬᠠᠷᠴᠤ ᠰᠡᠳᠭᠢᠭᠦᠰᠢᠳᠠᠢ ᠣᠴᠢᠷ ᠤᠳ — ᠮᠦᠭᠳᠡᠨ ᠬᠤᠲᠠ ᠶᠢᠨ ᠰᠤᠷᠤᠯᠴᠠᠯᠭ᠎ᠠ ᠶᠢᠨ ᠳᠠᠷᠠᠭᠠᠬᠢ ᠲᠦᠷᠦᠭᠳᠠᠯ
ᠨᠡᠶᠢᠲᠡᠯᠡᠭᠰᠡᠨ ᠴᠠᠭ᠄
2020/4/9
                              ᠬᠠᠷᠬᠠᠲᠠᠨ ᠠᠯᠲᠠᠨᠳᠠᠯᠠᠢ      ᠮᠦᠭᠳᠡᠨ ᠬᠤᠳᠠ ᠬᠡᠵᠦ ᠤᠯᠤᠰ ᠲᠦᠷᠦ᠂ ᠠᠵᠤ ᠦᠢᠯᠡᠳᠪᠦᠷᠢ᠂ ᠠᠷᠠᠯᠵᠢᠶ᠎ᠠ ᠮᠠᠶᠢᠮᠠᠢ᠂ ᠲᠡᠦᠬᠡ ᠰᠤᠶᠤᠯ ᠬᠦᠭᠵᠢᠭᠰᠡᠨ ᠲᠤᠮᠦ ᠬᠤᠳᠠ᠂ ᠡ᠊ᠨᠳᠡᠬᠢ ᠶᠢᠨ ᠠᠷᠠᠳ ᠲᠦᠮᠡᠨ ᠪᠠᠶᠠᠨ ᠴᠢᠨᠡᠭᠡᠯᠢᠭ᠂ ᠪᠤᠯᠪᠠᠰᠤᠨ ᠶᠤᠰᠤᠷᠬᠠᠭ ᠢᠶᠠᠷ ᠢᠶᠠᠨ ᠠᠯᠳᠠᠷ ᠲᠠᠢ᠃ ᠡ᠊ᠨᠳᠡ ᠮᠠᠨᠵᠤ ᠴᠢᠩ ᠤᠨ ᠨᠤᠷᠬᠠᠴᠢ ᠶᠢᠨ ᠤᠷᠳᠤᠨ᠂ ᠭᠤᠮᠢᠨᠳᠠᠩ ᠤᠨ ᠵᠠᠩ ᠽᠦᠸᠧ ᠯᠢᠨ᠂ ᠵᠠᠩ ᠰᠢᠤᠸᠠᠢ ᠯᠢᠶᠠᠩ ᠤᠨ ᠬᠠᠭᠤᠴᠢᠨ ᠰᠠᠭᠤᠷᠢᠰᠢᠯ᠂ 1931 ᠤᠨ ᠤ ︽9.18 ᠤ ᠬᠡᠷᠡᠭ ᠬᠤᠪᠢᠰᠤᠯ︾ ᠤᠨ ᠦᠵᠡᠬᠦᠯᠭᠡ ᠵᠡᠷᠬᠡ ᠣᠯᠠᠨ ᠰᠤᠶᠤᠯ ᠲᠡᠤᠬᠡᠨ ᠬᠠᠭᠤᠳᠠᠰᠤ ᠳᠡᠯᠭᠡᠭᠡᠰᠦ ᠲᠠᠢ᠃      ᠠᠷᠪᠠᠨ ᠰᠠᠷ᠎ᠠ ᠶᠢᠨ ᠰᠡᠭᠦᠯᠴᠢ ᠪᠠᠷ ᠠᠭᠠᠷ ᠲᠡᠭᠷᠢ ᠴᠡᠯᠮᠡᠭᠰᠢᠵᠦ ᠶᠤᠰᠤᠳᠠᠢ ᠰᠤᠷᠤᠯᠴᠠᠵᠤ ᠰᠤᠳᠤᠯᠬᠤ ᠳᠤ ᠳᠤᠬᠢᠷᠠᠭᠰᠠᠨ ᠴᠠᠭ ᠪᠠᠶᠢᠵᠦ᠂ ᠡᠨᠡ ᠭᠦ ᠳᠤᠬᠢᠶᠠᠯ ᠢᠶᠠᠷ ᠤᠷᠳᠤᠰ ᠬᠤᠳᠠ ᠶᠢᠨ ᠰᠤᠷᠭᠠᠨ ᠬᠦᠮᠦᠵᠢᠯ ᠤᠨ ᠲᠤᠪᠴᠢᠶᠠᠨ ᠤ ᠵᠤᠬᠢᠶᠠᠨ ᠪᠠᠶᠢᠭᠤᠯᠤᠭᠰᠠᠨ ︽ᠤᠷᠳᠤᠰ ᠬᠤᠳᠠ ᠶᠢᠨ ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠵᠠᠬᠢᠷᠤᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠤᠯᠪᠠᠰᠤᠷᠠᠯ ᠤᠨ ᠠᠩᠭᠢ︾ ᠨᠢ ᠮᠦᠭᠳᠡᠨ ᠬᠤᠳᠠᠨ ᠳᠤ ᠠᠷᠪᠠ ᠶᠢᠰᠦᠨ ᠤ ᠦᠷᠯᠦᠬᠡ ᠠᠴᠠ ᠡᠬᠢᠯᠡᠭᠰᠡᠨ ᠪᠢᠯᠡ᠃ ᠪᠤᠯᠪᠠᠰᠤᠷᠠᠯ ᠤᠨ ᠳᠠᠷᠠᠭ᠎ᠠ᠂ ᠤᠯᠳᠤᠢ ᠨᠠᠳᠠ ᠳᠤ ᠦᠯᠡᠮᠵᠢ ᠲᠦᠭᠦᠷᠡᠩ ᠰᠡᠳᠬᠢᠮᠵᠢ ᠲᠦᠷᠦᠭᠳᠡᠭᠰᠡᠨ ᠢᠶᠠᠨ ᠡ᠊ᠨᠳᠠ ᠮᠦᠴᠢᠳ ᠰᠠᠶᠢᠷᠠᠭᠦᠯᠪᠡ᠃      ᠨᠢᠬᠡ᠂ ᠰᠤᠷᠭᠠᠨ ᠬᠦᠮᠦᠵᠢᠯ ᠤᠨ ᠤᠳᠤᠬᠠᠨ ᠤ ᠪᠠᠶᠢᠳᠠᠯ      ᠤᠣᠯ ᠳᠤ ᠪᠠᠨ ᠰᠤᠷᠭᠠᠨ ᠬᠦᠮᠦᠵᠢᠯ ᠪᠤᠯ ︽ᠪᠢᠴᠢᠭ ᠵᠢᠭᠠᠵᠤ ᠬᠦᠮᠦᠨ ᠢ ᠬᠦᠮᠦᠵᠢᠬᠦᠯᠬᠦ︾ ᠬᠡᠵᠦ ᠤᠷᠢᠶᠠᠯᠠᠵᠤ ᠪᠠᠶᠢᠭᠰᠠᠨ ᠪᠤᠯ ᠤᠳᠤᠬᠠᠨ ᠳᠤ ︽ᠨᠤᠮ ᠢ ᠨᠢ ᠰᠤᠷᠬᠤ ᠦᠬᠡᠢ ᠴᠤ᠂ ᠨᠤᠮᠤᠬᠠᠨ ᠢ ᠨᠢ ᠰᠤᠷ︾ ᠬᠡᠭᠦ ᠤᠯᠠᠮᠵᠢᠯᠡᠯᠳᠤ ᠵᠢᠭᠠᠨ ᠰᠤᠷᠭᠠᠬᠤ ᠠᠷᠭ᠎ᠠ ᠶᠢ ᠭᠡᠷᠡᠭᠯᠡᠵᠦ ᠡᠬᠢᠯᠡᠵᠡᠢ᠃ ᠤᠯᠠᠨ ᠢᠶᠠᠷ ᠢᠶᠠᠨ ᠵᠢᠭᠠᠨ ᠰᠤᠷᠭᠠᠯᠳᠠ ᠳᠤ ᠦᠭᠡᠷᠡᠴᠢᠯᠡᠯᠲᠡ ᠡᠷᠢᠯᠬᠢᠯᠡᠯ ᠬᠢᠵᠦ᠂ ᠰᠢᠨ᠎ᠠ ᠠᠬᠢᠯᠳᠠ ᠳᠠᠪᠰᠢᠯᠳᠠ ᠭᠠᠷᠭᠠᠬᠤ ᠪᠠᠷ ᠴᠢᠷᠮᠠᠶᠢᠬᠤ ᠪᠤᠯᠵᠠᠢ᠂ ᠳᠠᠷᠤᠢ ᠤᠷᠢᠳ ᠢᠶᠠᠷ ᠬᠦᠮᠦᠨ ᠢ ᠬᠦᠮᠦᠵᠢᠬᠦᠯᠵᠤ ᠳᠠᠷᠠᠭ᠎ᠠ ᠨᠢ ᠰᠠᠶ᠋ᠢ ᠪᠢᠴᠢᠭ ᠵᠢᠭᠠᠬᠤ ᠪᠤᠯᠪᠠ᠃      ᠤᠳᠤᠬᠠᠨ ᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠷᠢ ᠪᠦᠳᠦᠮᠵᠢ ᠶᠢ ᠠᠳᠠᠯᠢᠳᠬᠠᠨ ᠰᠤᠷᠤᠭᠴᠢᠳ ᠤᠨ ᠳᠠᠷᠤᠭᠠᠰᠤ ᠶᠢ ᠬᠦᠨᠳᠦᠷᠡᠬᠦᠯᠵᠦ ᠰᠢᠯᠭᠠᠯᠳᠠ ᠶᠢ ᠠᠷᠭᠠᠴᠠᠭᠠᠳᠠᠬ ᠶᠠᠭᠤᠮ᠎ᠠ︔ ᠳᠤᠮᠳᠠᠳᠤ ᠰᠤᠷᠭᠠᠭᠠᠤᠯᠢ ᠨᠢ ᠬᠢᠴᠢᠶᠠᠯ ᠲᠦᠷᠦᠯ ᠬᠤᠪᠢᠶᠠᠭᠠᠳ ᠪᠤᠰᠤᠳ ᠲᠠᠢ ᠬᠤᠭᠤᠷᠤᠨᠳᠤ ᠪᠠᠨ ᠠᠳᠠᠯᠢᠳᠬᠠᠨ ᠬᠤᠪᠢ ᠪᠠᠷ ᠪᠠᠷᠢᠮᠵᠢᠶ᠎ᠠ ᠪᠤᠯᠭᠠᠵᠤ ᠪᠠᠶᠢᠬᠤ︔ ᠦᠨᠳᠦᠷ ᠳᠤᠮᠳᠠᠳᠤ ᠨᠢ ᠠᠮᠢ ᠲᠡᠮᠡᠴᠡᠨ ᠦᠭᠦᠨ ᠳᠠᠪᠳᠠᠬᠤ ᠵᠢᠭᠠᠨ ᠰᠤᠷᠭᠠᠯᠳᠠ ᠪᠤᠯᠵᠤ ᠪᠠᠶᠢᠬᠤ︔ ᠶᠡᠭᠡ ᠰᠤᠷᠭᠠᠭᠤᠯᠢ ᠳᠤ ᠤᠷᠤᠪᠠᠯ ᠡᠨᠡ ᠪᠡᠶ᠎ᠠ ᠴᠢᠯᠦᠭᠡᠯᠡᠭᠳᠡᠭᠰᠡᠨ ᠰᠢᠭ ᠰᠢᠯᠭᠠᠯᠳᠡ ᠳᠤ ᠬᠢᠷᠢ ᠲᠠᠩᠴᠠᠪᠠᠯ ᠪᠤᠯᠴᠢᠬᠠᠨ᠎ᠠ᠂ ᠦᠬᠦᠯᠡᠯ ᠢᠶᠠᠨ ᠪᠢᠴᠢᠭᠡᠳ ᠪᠠᠷᠠᠴᠢᠬᠠᠪᠠᠯ ᠪᠤᠯᠴᠢᠬᠠᠨ᠎ᠠ ᠭᠡᠭᠦ ᠮᠡᠳᠦ ᠶᠢᠨ ᠦᠵᠡᠭᠳᠡᠯ ᠤᠳ ᠢᠯᠠᠷᠠᠵᠦ ᠪᠠᠶᠢᠭ᠎ᠠ ᠶᠢ ᠠᠩᠬᠠᠷᠤᠨ ᠰᠡᠳᠬᠢᠭᠦᠰᠢᠳᠠᠢ ᠪᠠᠶᠢᠨ᠎ᠠ᠃      ᠬᠤᠶᠠᠷ᠂ ᠰᠤᠷᠭᠠᠨ ᠬᠦᠮᠦᠵᠢᠯ ᠤᠨ ᠦᠭᠡᠷᠡᠴᠢᠯᠠᠯᠳᠠ      ᠨᠡᠶᠢᠬᠡᠮ ᠬᠦᠭᠵᠢᠨ ᠲᠠᠪᠰᠢᠬᠤ ᠳᠤ ᠰᠤᠷᠭᠠᠨ ᠬᠦᠮᠦᠵᠢᠯ ᠵᠢᠭᠠᠨ ᠰᠤᠷᠭᠠᠯᠳᠠ ᠠᠴᠠ ᠰᠠᠯᠵᠦ ᠴᠢᠳᠠᠬᠤ ᠦᠬᠡᠢ᠃ ᠨᠠᠶᠢᠭᠡᠮ ᠭᠦᠭᠵᠢᠭᠦ ᠶᠢ ᠲᠠᠭᠠᠯᠳᠤᠨ ᠰᠤᠷᠭᠠᠨ ᠭᠦᠮᠦᠵᠢᠯ ᠴᠦ ᠭᠦᠭᠵᠢᠭᠦ ᠬᠡᠷᠡᠭᠳᠡᠢ᠃ ᠦᠭᠡᠷ᠎ᠡ ᠪᠠᠷ ᠭᠡᠯᠡᠪᠡᠯ᠂ ᠰᠤᠷᠭᠠᠨ ᠭᠦᠮᠦᠵᠢᠯ ᠳᠤ ᠦᠭᠡᠷᠡᠴᠢᠯᠡᠯᠲᠡ ᠬᠢᠭᠦ ᠭᠡᠷᠡᠭᠳᠠᠢ᠃ ᠢᠩᠬᠢᠬᠡᠳ ᠰᠢᠨ᠎ᠠ ᠬᠢᠴᠢᠶᠡᠯ ᠤᠨ ᠦᠬᠡᠷᠡᠴᠢᠯᠡᠯᠳᠡ ᠦᠷᠨᠢᠵᠦ ᠤᠯᠠᠨ ᠵᠦᠢᠯ ᠤᠨ ᠦᠭᠡᠷᠡᠴᠢᠯᠡᠯᠲᠡ ᠶᠢᠨ ᠠᠷᠭ᠎ᠠ ᠭᠠᠷᠴᠤ ᠢᠷᠡᠭᠰᠡᠨ ᠨᠢ ᠮᠡᠳᠡᠳᠡᠭ ᠲᠤ ᠨᠢ ᠮᠡᠷᠬᠡᠨ ᠴᠤᠬᠤᠷ᠂ ᠮᠡᠳᠡᠳᠡᠭ ᠦᠬᠡᠢ ᠳᠤ ᠨᠢ ᠡᠷᠢᠶᠡᠨ ᠴᠤᠬᠤᠷ ᠪᠤᠯᠵᠦ ᠪᠤᠢ᠃ ᠨᠢᠭᠡᠨ ᠦᠶ᠎ᠡ᠂ ᠰᠤᠷᠭᠠᠨ ᠬᠦᠮᠦᠵᠢᠯ ᠨᠢ ᠳᠤᠩᠭᠤᠷᠤᠭᠰᠠᠨ ᠮᠠᠶ᠋ᠢᠭ ᠤᠨ ᠵᠢᠭᠠᠨ ᠰᠤᠷᠭᠠᠯᠳᠠ ᠪᠤᠯᠵᠤ᠂ ᠶᠤᠰᠤ ᠰᠤᠷᠲᠠᠬᠤᠨ ᠢᠶᠠᠷ ᠰᠠᠭᠤᠷᠢᠯᠠᠵᠤ᠂ ᠪᠠᠭ᠎ᠠ ᠰᠤᠷᠭᠠᠭᠤᠯᠢ ᠳᠤ ᠰᠡᠯᠡᠬᠦᠦ ᠪᠠᠶᠢᠪᠠᠯ ᠵᠤᠬᠢᠰᠳᠠᠢ ᠪᠠᠶᠢᠬᠤ ᠳᠤ ᠬᠠᠷᠢᠨ ᠪᠠᠭ᠎ᠠ ᠰᠤᠷᠭᠠᠭᠤᠯᠢ ᠳᠤ ᠮᠡᠳᠡᠬᠦ ᠮᠡᠳᠡᠬᠦ ᠦᠭᠡᠢ ᠲᠠᠢ ᠴᠢᠬᠢᠵᠦ ᠳᠦᠬᠦᠷᠬᠡᠬᠡᠳ᠂ ᠰᠤᠷᠴᠤ ᠰᠤᠳᠤᠯᠪᠠᠯ ᠵᠤᠬᠢᠰᠳᠠᠢ ᠪᠠᠶᠢᠬᠤ ᠶᠡᠭᠡ ᠰᠤᠷᠭᠠᠭᠤᠯᠢ ᠶᠢ ᠰᠡᠯᠡᠬᠦᠦ ᠪᠤᠯᠭᠠᠭᠰᠠᠨ ᠪᠠᠶᠢᠨ᠎ᠠ᠃      ᠣᠯᠣᠰ ᠲᠠᠶᠠᠭᠠᠷ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠦᠬᠡᠷᠡᠴᠢᠯᠡᠯᠳᠡ ᠬᠢᠭᠰᠡᠨ ᠴᠣ᠋ ᠭᠡᠰᠡᠭ ᠭᠠᠵᠠᠷ ᠤᠷᠤᠨ ᠮᠦᠨ ᠤᠤᠯ ᠤᠨ ᠠᠳᠠᠯᠢ ᠶᠠᠮᠠᠷᠴᠤ ᠬᠤᠪᠢᠷᠠᠯᠳᠠ ᠭᠠᠷᠤᠭᠰᠠᠨ ᠦᠬᠡᠢ᠃ ᠡᠬᠦᠨ ᠠᠴᠠ ᠦᠵᠡᠵᠦ ᠭᠠᠷᠬᠤ ᠨᠢ ᠰᠤᠷᠭᠠᠨ ᠬᠦᠮᠦᠵᠢᠯ ᠤᠨ ᠦᠢᠯᠡᠰ ᠵᠠᠷᠢᠮ ᠦᠶᠡᠰ ᠤᠮᠳᠤᠭᠠᠢᠢᠯᠠᠭᠳᠠᠵᠤ ᠪᠠᠶᠢᠨ᠎ᠠ᠃ ᠦᠨᠡᠨ ᠳᠤ ᠪᠠᠨ ᠰᠤᠷᠭᠠᠨ ᠬᠦᠮᠦᠵᠢᠯ ᠨᠢ ᠤᠯᠤᠰ ᠤᠨ ᠢᠷᠡᠭᠡᠳᠦᠢ ᠲᠠᠢ ᠰᠢᠭᠤᠳ ᠬᠤᠯᠪᠤᠭᠳᠠᠨ᠎ᠠ᠃      ᠭᠤᠷᠪᠠ᠂ ᠪᠠᠭᠰᠢ ᠶᠢᠨ ᠡᠩᠨᠡᠭᠡ ᠪᠤᠶᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ      ᠨᠢᠬᠡ ᠰᠠᠶᠢᠨ ᠵᠠᠬᠢᠷᠤᠯ ᠤᠨ ᠠᠷᠤ ᠳᠤ ᠨᠢᠬᠡ ᠪᠦᠯᠦᠭ ᠰᠢᠯᠢᠳᠡᠭ ᠪᠠᠭᠰᠢ ᠨᠠᠷ ᠤᠨ ᠡᠩᠨᠡᠭᠡ ᠪᠠᠶᠢᠵᠤ᠂ ᠪᠠᠭᠰᠢ ᠨᠠᠷ ᠤᠨ ᠬᠠᠮᠳᠤ ᠶᠢᠨ ᠡᠨᠧᠷᠬᠢ ᠪᠠᠷ ᠪᠦᠷᠢᠯᠳᠦᠭᠰᠡᠨ ᠵᠢᠭᠠᠨ ᠰᠤᠷᠭᠠᠯᠳᠠ ᠶᠢᠨ ᠵᠤᠬᠢᠶᠠᠨ ᠪᠠᠶᠢᠭᠤᠯᠤᠯᠳᠠ ᠪᠠᠶᠢᠬᠤ ᠨᠢ ᠵᠦᠢᠳᠠᠢ ᠶᠤᠮ᠃ ᠡᠳᠦᠭᠡ ᠪᠠᠭᠰᠢ ᠶᠢᠨ ᠡᠩᠨᠡᠭᠡᠨ ᠤ ᠵᠤᠬᠢᠶ᠋ᠨᠨ ᠪᠠᠶᠢᠭᠤᠯᠤᠯᠳᠠ ᠶᠢᠨ ᠳᠠᠯ᠎ᠠ ᠳᠤ ᠤᠯᠤᠰ ᠤᠷᠤᠨ ᠤ ᠬᠢᠨ ᠢᠳᠡᠪᠬᠢᠳᠠᠢ ᠬᠦᠴᠦᠯᠡᠴᠡ ᠪᠠ ᠠᠷᠭ᠎ᠠ ᠬᠡᠮᠵᠢᠶ᠎ᠡ ᠠᠪᠴᠤ ᠪᠠᠶᠢᠨ᠎ᠠ᠃ ᠭᠡᠪᠡᠴᠦ ᠪᠠᠭᠰᠢ ᠶᠢᠨ ᠪᠤᠯᠪᠠᠰᠤᠷᠠᠯ ᠨᠢ ᠵᠠᠷᠢᠮ ᠦᠶᠡᠰ ᠪᠠᠭᠰᠢ ᠨᠠᠷ ᠤᠨ ᠪᠠᠷᠠᠭᠤᠨ ᠴᠢᠬᠢ ᠪᠠᠷ ᠤᠷᠤᠭᠠᠳ ᠵᠡᠬᠦᠨ ᠴᠢᠬᠢ ᠪᠠᠷ ᠭᠠᠷᠴᠤ ᠪᠤᠢ᠃ ᠪᠠᠭᠰᠢ ᠨᠠᠷ ᠪᠤᠯᠪᠠᠰᠤᠷᠠᠯ ᠳᠤ ᠤᠷᠤᠯᠴᠠᠬᠤ ᠳᠤᠷ᠎ᠠ ᠰᠤᠨᠢᠷᠬᠠᠯ ᠠᠨᠠᠢ᠂ ᠪᠤᠯᠪᠠᠰᠤᠷᠠᠯ ᠨᠢ ᠪᠠᠭᠰᠢ ᠨᠠᠷ ᠤᠨ ᠤᠶᠤᠨ ᠲᠠᠷᠢᠬᠢ ᠶᠢ ᠬᠦᠳᠡᠯᠬᠡᠵᠦ ᠴᠢᠳᠠᠬᠤ ᠦᠭᠡᠢ ᠦᠵᠡᠭᠳᠡᠯ ᠴᠦ ᠪᠠᠶᠢᠨ᠎ᠠ᠃ ᠪᠤᠯᠪᠠᠰᠤᠷᠠᠯ ᠤᠨ ᠠᠭᠤᠯᠭ᠎ᠠ ᠨᠢ ᠵᠤᠬᠢᠰ ᠦᠭᠡᠢ ᠪᠤᠶᠤ ᠪᠠᠭᠰᠢ ᠨᠠᠷ ᠬᠤᠶᠢᠷᠭᠤᠰᠢᠭᠰᠠᠨ ᠪᠠᠶᠢᠳᠠᠯ ᠳᠤ ᠤᠷᠤᠭᠠᠳ ᠪᠠᠶᠢᠭ᠎ᠠ᠃ ᠰᠤᠷᠤᠯᠴᠠᠭᠰᠠᠨ ᠪᠤᠯᠪᠠᠴᠤ ᠲᠡᠮᠳᠡᠭᠯᠡᠯ ᠦᠬᠡᠢ᠂ ᠤᠯᠤᠯᠳᠠ ᠲᠦᠷᠦᠭᠳᠡᠯ ᠦᠬᠡᠢ᠂ ᠪᠠᠭᠰᠢ ᠨᠠᠷ ᠤᠨ ᠨᠠᠰᠤᠨ ᠳᠤᠷᠰᠢᠳᠠ ᠰᠤᠷᠤᠯᠴᠠᠬᠤ ᠪᠠᠨ ᠲᠠᠭ ᠤᠮᠠᠷᠳᠠᠭᠰᠠᠨ ᠪᠠᠶᠢᠳᠠᠭ᠃ ᠪᠠᠭᠰᠢ ᠨᠠᠷ ᠡᠷᠬᠡᠪᠰᠢ ᠦᠪᠡᠷ ᠤᠨ ᠪᠡᠶ᠎ᠡ ᠪᠠᠨ ᠵᠡᠪᠰᠡᠭᠯᠡᠬᠦ ᠬᠡᠷᠡᠭᠳᠡᠢ᠃ ᠪᠠᠶᠢᠯᠳᠤᠭᠠᠨ ᠳᠤ ᠢᠯᠠᠭᠳᠠᠰᠢ ᠦᠬᠡᠢ ᠪᠠᠭᠠᠲᠣᠷ ᠵᠤᠷᠢᠭᠳᠠᠨ ᠪᠤᠯ ᠪᠦᠷ ᠯᠠ ᠪᠤᠰᠤᠳ ᠠᠴᠠ ᠳᠤᠪᠤᠶᠢᠬᠰᠠᠨ ᠴᠢᠳᠠᠪᠤᠷᠢ ᠲᠠᠢ ᠪᠠᠶᠢᠳᠠᠭ᠃ ᠪᠡᠶ᠎ᠡ ᠪᠠᠨ ᠵᠠᠰᠠᠵᠦ ᠴᠢᠳᠠᠪᠠᠯ ᠪᠤᠰᠤᠳ ᠢ ᠵᠠᠰᠠᠵᠦ ᠴᠢᠳᠠᠨ᠎ᠠ᠃      ᠰᠤᠷᠭᠠᠭᠤᠯᠢ ᠨᠢ ᠪᠠᠭᠰᠢ ᠨᠠᠷ ᠤᠨ ᠠᠵᠢᠯ ᠠᠮᠢᠳᠤᠷᠠᠯ ᠤᠨ ᠰᠠᠭᠤᠷᠢᠨ ᠪᠤᠯᠤᠭᠰᠠᠨ ᠤ ᠬᠤᠪᠢ ᠳᠤ ᠡᠯᠳᠡᠪ ᠵᠦᠢᠯ ᠤᠨ ᠨᠦᠬᠦᠴᠠᠯ ᠪᠤᠯᠤᠯᠴᠠᠭ᠎ᠠ ᠲᠤᠨᠤᠬ ᠲᠦᠭᠦᠭᠡᠷᠤᠮᠵᠢ ᠪᠦᠷᠢᠨ ᠭᠦᠢᠴᠡᠳ ᠪᠠᠶᠢᠯᠭᠠᠪᠠᠯ ᠵᠤᠬᠢᠨ᠎ᠠ᠃ ᠰᠤᠷᠭᠠᠭᠤᠯᠢ ᠶᠢᠨ ᠨᠦᠬᠦᠴᠡᠯ ᠪᠤᠯᠤᠯᠴᠠᠭ᠎ᠠ ᠶᠢ ᠤᠷᠴᠢᠮ ᠤᠨ ᠵᠢᠯ ᠠᠴᠠ ᠡᠬᠢᠯᠡᠨ ᠲᠦᠢᠯ ᠢᠶᠠᠷ ᠴᠢᠬᠤᠯᠠᠴᠢᠯᠠᠨ ᠦᠵᠡᠵᠦ᠂ ᠲᠡᠩᠴᠡᠭᠦᠷᠢᠳᠠᠢ ᠬᠦᠭᠵᠢᠯᠳᠡ ᠶᠢᠨ ᠠᠵᠢᠯ ᠢ ᠢᠳᠡᠪᠬᠢᠳᠡᠢ ᠬᠢᠵᠦ ᠪᠦᠬᠦ ᠤᠯᠤᠰ ᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠴᠢᠨᠠᠷᠵᠢᠭᠤᠯᠵᠤ ᠪᠠᠶᠢᠨ᠎ᠠ᠃      ︽ᠬᠦᠮᠦᠨ ᠪᠣᠯᠬᠤ ᠪᠠᠭ᠎ᠠ ᠠᠴᠠ ᠪᠠᠨ᠂ ᠬᠦᠯᠦᠭ ᠪᠤᠯᠬᠤ ᠤᠨᠠᠭᠠᠨ ᠠᠴᠠ ᠪᠠᠨ︾ ᠬᠡᠵᠦ ᠭᠡᠷ ᠤᠨ ᠠᠬᠠᠮᠠᠳ ᠨᠢ ᠬᠡᠣᠬᠡᠳ ᠲᠤ ᠪᠠᠨ ᠠᠩᠬᠠᠨ ᠤ ᠪᠠᠭᠰᠢ ᠪᠤᠯᠵᠦ ᠬᠦᠮᠦᠨ ᠪᠤᠯᠬᠤ ᠶᠢᠨ ᠤᠳᠬ᠎ᠠ ᠤᠬᠠᠭᠠᠨ ᠢ ᠲᠠᠨᠢᠭᠤᠯᠵᠤ ᠪᠠᠶᠢᠳᠠᠭ᠃ ᠪᠢᠳᠡ ᠭᠡᠷ ᠤᠨ ᠬᠦᠮᠦᠵᠢᠯ ᠢ ᠤᠮᠳᠤᠭᠠᠶᠢᠯᠠᠵᠤ ᠪᠤᠯᠬᠤ ᠦᠬᠡᠢ ᠠᠪᠤ ᠡᠵᠢ ᠶᠢᠨ ᠰᠤᠷᠭᠠᠯ ᠬᠠᠮᠤᠭ ᠤᠨ ᠴᠢᠬᠤᠯᠠ᠂ ᠭᠡᠷ ᠤᠨ ᠬᠦᠮᠦᠵᠢᠯ ᠶᠠᠭᠤᠨ ᠠᠴᠠ ᠴᠣ᠋ ᠡᠷᠬᠢᠮ ᠨᠠᠨᠳᠢᠨ ᠶᠤᠮ᠃      ᠤᠯᠤᠰ ᠤᠷᠤᠨ᠂ ᠨᠡᠶᠢᠬᠡᠮ ᠠᠬᠤᠢ ᠶᠢᠨ ᠦᠷᠨᠢᠨ ᠬᠦᠭᠵᠢᠯᠲᠡ ᠶᠢ ᠳᠠᠭᠠᠯᠳᠤᠨ ᠰᠤᠷᠭᠠᠨ ᠬᠦᠮᠦᠵᠢᠯ ᠶᠡᠭᠡ ᠬᠤᠪᠢᠷᠠᠯᠳᠠ ᠲᠠᠢ ᠪᠤᠯᠵᠤ ᠪᠠᠶᠢᠨ᠎ᠠ᠃ ᠡᠨᠡ ᠭᠦ ᠴᠠᠭ ᠦᠶ᠎ᠡ ᠳᠤ ᠪᠠᠭᠰᠢ᠂ ᠭᠡᠷ ᠤᠨ ᠠᠬᠠᠮᠠᠳ ᠪᠠ ᠰᠤᠷᠭᠠᠭᠤᠯᠢ ᠰᠠᠳᠬᠢᠯ ᠢᠶᠠᠨ ᠨᠢᠭᠡᠳᠭᠡᠨ ᠭᠡᠤᠭᠡᠳ ᠤᠳ ᠢ ᠭᠦᠮᠦᠵᠢᠭᠦᠯᠭᠦ ᠴᠢᠬᠤᠯᠠᠳᠠᠢ᠃ ᠤᠯᠣᠰ ᠦᠨᠳᠦᠰᠦᠲᠡᠨ ᠤ ᠢᠷᠡᠬᠡᠳᠦᠢ ᠪᠤᠯ ᠪᠠᠭᠰᠢ ᠨᠠᠷ ᠤᠨ ᠬᠦᠴᠦ ᠬᠦᠯᠦᠰᠦ ᠠᠴᠠ ᠰᠠᠯᠵᠤ ᠪᠤᠯᠤᠰᠢ ᠦᠬᠡᠢ᠃ ᠨᠠᠶᠢᠬᠡᠮ ᠤᠨ ᠬᠦᠭᠵᠢᠯᠳᠡ ᠶᠢ ᠳᠠᠭᠠᠭᠠᠳ ᠭᠡᠷ ᠪᠦᠯᠢ᠂ ᠰᠤᠷᠭᠠᠭᠤᠯᠢ᠂ ᠨᠡᠶᠢᠬᠡᠮ ᠤᠨ ᠬᠠᠷᠢᠴᠠᠭ᠎ᠠ ᠶᠢ ᠨᠢᠭᠳᠠᠷᠠᠭᠤᠯᠵᠤ᠂ ᠰᠤᠷᠤᠭᠴᠢ᠂ ᠪᠠᠭᠰᠢ᠂ ᠭᠡᠷ ᠤᠨ ᠠᠬᠠᠮᠠᠳ ᠤᠨ ᠬᠤᠷᠰᠢᠯᠴᠠᠭ᠎ᠠ ᠳᠤᠮᠳᠠ ᠠᠴᠠ ᠬᠠᠮᠳᠤ ᠪᠠᠷ ᠳᠠᠪᠰᠢᠬᠤ ᠵᠦᠪ ᠰᠤᠩᠭᠤᠯᠳᠠ ᠶᠢ ᠬᠢᠬᠦ ᠬᠡᠷᠡᠭᠳᠠᠢ᠃      ᠰᠤᠷᠭᠠᠨ ᠬᠦᠮᠦᠵᠢᠯ ᠪᠤᠯ ᠮᠦᠩᠬᠡ ᠨᠤᠭᠤᠭᠠᠨ ᠨᠠᠷᠠᠰᠤ ᠮᠦᠨ᠃ ᠭᠡᠳᠡᠯ᠎ᠡ ᠲᠠᠷᠠ ᠨᠢ ᠴᠠᠭ ᠦᠶ᠎ᠡ ᠶᠢ ᠳᠠᠭᠠᠭᠠᠳ ᠬᠤᠪᠢᠷᠠᠯᠳᠠ ᠭᠠᠷᠳᠠᠭ᠂ ᠨᠡᠶᠢᠬᠡᠮ ᠤᠨ ᠬᠦᠭᠵᠢᠯᠳᠡ ᠪᠤᠯ ᠬᠦᠮᠦᠨ ᠢ ᠬᠦᠯᠢᠶᠡᠳᠡᠭ ᠦᠬᠡᠢ ᠬᠠᠷᠢᠨ ᠤᠯᠠᠮ ᠴᠠᠭᠠᠰᠢᠳᠠ ᠬᠦᠭᠵᠢᠨ ᠪᠤᠵᠠᠭᠠᠶᠢᠷᠠᠵᠤ ᠪᠠᠶᠢᠳᠠᠭ ᠶᠤᠮ᠃ ᠡᠶᠢᠮᠦ ᠠᠴᠠ ᠰᠤᠷᠭᠠᠭᠤᠯᠢ᠂ ᠭᠡᠷ ᠤᠨ ᠠᠬᠠᠮᠠᠳ ᠬᠠᠮᠳᠤᠷᠠᠯᠴᠠᠨ᠂ ᠴᠠᠭ ᠦᠶ᠎ᠡ ᠶᠢᠨ ᠦᠷᠨᠢᠯ ᠭᠦᠭᠵᠢᠯ ᠲᠠᠢ ᠤᠶᠠᠯᠳᠤᠨ ᠰᠤᠷᠭᠠᠨ ᠭᠦᠮᠦᠵᠢᠯ ᠤᠨ ᠦᠢᠯᠡᠰ ᠲᠤ ᠭᠦᠴᠦᠨ ᠢᠶᠠᠨ ᠡᠷᠭᠦᠪᠡᠯ ᠵᠤᠬᠢᠨ᠎ᠠ᠃         ᠬᠠᠶ᠋ᠢᠬ᠄ ᠦᠤᠰᠢᠨ ᠬᠤᠰᠢᠭᠤᠨ ᠤ ᠮᠤᠩᠭᠤᠯ ᠳᠤᠷᠰᠢᠯᠲᠠ ᠶᠢᠨ ᠪᠠᠭ᠎ᠠ ᠰᠤᠷᠭᠠᠭᠤᠯᠢ                                        ︵ᠡᠾᠦ᠋ᠩ ᠮᠸᠢ ᠨᠠᠶᠢᠷᠠᠭᠤᠯᠪᠠ︶                                         8 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map