ᠨᠢᠭᠡᠨ ᠰᠢᠯᠢᠳᠡᠭ ᠠᠩᠬᠢ ᠶᠢᠨ ᠡᠷᠬᠢᠯᠡᠭᠴᠢ ᠪᠠᠭᠰᠢ ᠶᠢᠨ ᠪᠦᠷᠢᠯᠳᠦᠬᠦᠯᠬᠦ ᠴᠢᠬᠤᠯᠠ ᠲᠠᠢ ᠬᠡᠪ ᠴᠢᠨᠡᠷ
ᠨᠡᠶᠢᠲᠡᠯᠡᠭᠰᠡᠨ ᠴᠠᠭ᠄
2020/5/12
                                      ᠳᠡᠭᠦᠦᠳᠠᠭᠤᠯ      ᠠᠩᠬᠢ ᠶᠢᠨ ᠡᠷᠬᠢᠯᠡᠭᠴᠢ ᠪᠣᠯ ᠨᠢᠭᠡ ᠠᠩᠬᠢ ᠶᠢᠨ ᠰᠤᠷᠤᠭᠴᠢᠳ ᠤᠨ ᠦᠵᠡᠯ ᠰᠠᠨᠠᠭ᠎ᠠ ᠶᠣᠰᠣ ᠮᠤᠷᠠᠯ᠂ ᠰᠤᠷᠤᠯᠭ᠎ᠠ᠂ ᠡᠷᠡᠭᠦᠯ ᠮᠡᠨᠳᠦ ᠪᠠ ᠠᠮᠢᠳᠤᠷᠠᠯ ᠵᠡᠷᠭᠡ ᠲᠠᠯ᠎ᠠ ᠶᠢᠨ ᠠᠵᠢᠯ ᠢ ᠪᠦᠬᠦ ᠲᠠᠯ᠎ᠠ‌‍ᠪᠠᠷ ᠬᠠᠷᠢᠭᠤᠴᠠᠵᠤ ᠪᠠᠶᠢᠭ᠎ᠠ ᠪᠠᠭᠰᠢ᠂ ᠨᠢᠭᠡ ᠠᠩᠬᠢ ᠶᠢ ᠵᠣᠬᠢᠶᠠᠨ ᠪᠠᠶᠢᠭᠤᠯᠤᠭᠴᠢ᠂ ᠤᠳᠤᠷᠢᠳᠤᠨ ᠳᠠᠭᠠᠭᠤᠯᠤᠭᠴᠢ ᠮᠦᠷᠲᠡᠭᠡᠨ ᠰᠤᠷᠭᠠᠨ ᠬᠦᠮᠦᠵᠢᠭᠦᠯᠦᠭᠴᠢ ᠶᠤᠮ᠃ ᠡᠭᠦᠨ ᠢᠶᠠᠷ ᠦᠯᠦ ᠪᠠᠷᠠᠨ ᠡᠯ᠎ᠡ ᠲᠦᠷᠦᠯ ᠤᠨ ᠬᠢᠴᠢᠶᠡᠯᠯᠡᠭᠴᠢ ᠪᠠᠭᠰᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠠᠵᠢᠯ ᠤᠨ ᠲᠣᠬᠢᠷᠠᠭᠤᠯᠤᠭᠴᠢ ᠪᠢᠯᠡ᠃ ᠠᠩᠬᠢ ᠶᠢᠨ ᠡᠷᠬᠢᠯᠡᠭᠴᠢ ᠪᠠᠭᠰᠢ ᠶᠢᠨ ᠴᠢᠳᠠᠪᠤᠷᠢ ᠶᠢᠨ ᠰᠠᠶᠢᠨ ᠮᠠᠭᠤ ᠨᠢ ᠠᠩᠬᠢ ᠶᠢᠨ ᠰᠤᠷᠭᠠᠨ ᠬᠦᠮᠦᠵᠢᠯ ᠳᠤ ᠯᠣᠲᠤ ᠶᠡᠭᠡ ᠨᠦᠯᠦᠭᠡᠯᠡᠬᠦ ᠬᠦᠴᠦᠨ ᠪᠠ ᠰᠢᠢᠳᠪᠤᠷᠢᠯᠡᠭᠦ ᠦᠢᠯᠡᠳᠦᠯ ᠢ ᠦᠵᠡᠭᠦᠯᠵᠦ᠂ ᠰᠤᠷᠤᠭᠴᠢ ᠶᠢᠨ ᠦᠵᠡᠯ ᠰᠠᠨᠠᠭ᠎ᠠ᠂ ᠰᠤᠷᠤᠯᠭ᠎ᠠ ᠠᠮᠢᠳᠤᠷᠠᠯ ᠪᠠ ᠬᠥᠮᠦᠨ ᠪᠣᠯᠬᠤ ᠶᠢ ᠰᠢᠭᠤᠳ ᠨᠦᠯᠦᠭᠡᠯᠡᠵᠦ ᠪᠠᠶᠢᠳᠠᠭ᠃ ᠰᠢᠯᠢᠳᠡᠭ ᠰᠠᠶᠢᠨ ᠠᠩᠬᠢ ᠶᠢᠨ ᠡᠷᠬᠢᠯᠡᠭᠴᠢ ᠪᠠᠭᠰᠢ ᠪᠣᠯᠣᠶ᠎ᠠ ᠭᠡᠪᠡᠯ ᠳᠠᠷᠠᠭᠠᠬᠢ ᠳᠦᠷᠪᠡᠨ ᠲᠠᠯ᠎ᠠ ᠶᠢᠨ ᠬᠡᠪ ᠴᠢᠨᠠᠷ ᠢ ᠪᠦᠷᠢᠯᠳᠦᠭᠦᠯᠬᠦ ᠬᠡᠷᠡᠭᠲᠡᠢ᠃      ᠨᠢᠭᠡ᠂ ᠪᠠᠭᠰᠢ ᠶᠢᠨ ᠶᠣᠰᠣ ᠰᠣᠷᠲᠠᠬᠤᠨ ᠤ ᠬᠡᠪ ᠴᠢᠨᠠᠷ ᠪᠣᠯ ᠰᠢᠯᠢᠳᠡᠭ ᠠᠩᠬᠢ ᠶᠢᠨ ᠡᠷᠬᠢᠯᠡᠭᠴᠢ ᠪᠠᠭᠰᠢ ᠪᠣᠯᠬᠤ ᠶᠢᠨ ᠣᠷᠢᠳᠠᠯ ᠨᠦᠬᠦᠴᠡᠯ      ᠲᠠᠩ ᠣᠯᠣᠰ ᠤᠨ ᠡᠷᠳᠡᠮᠲᠡᠨ ᠬᠠᠨ ᠢᠤᠢ᠄ ︽ᠪᠠᠭᠰᠢ ᠬᠦᠮᠦᠨ ᠪᠣᠯ ᠮᠣᠷᠠᠯ ᠢ ᠬᠦᠮᠦᠵᠢᠭᠦᠯᠦᠭᠴᠢ᠂ ᠮᠡᠳᠡᠯᠭᠡ ᠴᠢᠳᠠᠪᠣᠷᠢ ᠶᠢ ᠣᠯᠠᠮᠵᠢᠯᠠᠭᠴᠢ᠂ ᠰᠡᠵᠢᠭ ᠲᠠᠭᠠᠪᠣᠷᠢ ᠶᠢ ᠠᠯᠳᠠᠷᠠᠭᠠᠭᠴᠢ︾ ᠭᠡᠵᠠᠢ᠃ ᠪᠠᠭᠰᠢ ᠬᠦᠮᠦᠨ ᠨᠡᠶᠢᠭᠡᠮ ᠵᠢᠷᠣᠮᠲᠣ ᠣᠶᠣᠨ ᠤ ᠪᠣᠯᠪᠠᠰᠣᠨ ᠤ ᠪᠦᠲᠦᠭᠡᠨ ᠪᠠᠶᠢᠭᠤᠯᠣᠭᠴᠢ ᠮᠦᠷᠲᠡᠭᠡᠨ ᠳᠡᠯᠭᠡᠷᠡᠭᠦᠯᠦᠭᠴᠢ ᠮᠥᠨ᠂ ᠨᠡᠩ ᠴᠦ ᠰᠣᠷᠣᠭᠴᠢ ᠶᠢᠨ ᠶᠣᠰᠣ ᠰᠣᠷᠲᠠᠬᠤᠨ ᠤ ᠳᠠᠭᠤᠷᠢᠶᠠᠯ ᠦᠵᠡᠭᠦᠯᠦᠭᠴᠢ ᠪᠠ ᠵᠢᠭᠠᠨ ᠵᠢᠯᠣᠭᠤᠳᠣᠭᠴᠢ ᠪᠠᠶᠢᠬᠤ ᠬᠡᠷᠡᠭᠲᠡᠢ᠃      ᠠᠩᠬᠢ ᠶᠢᠨ ᠡᠷᠬᠢᠯᠡᠭᠴᠢ ᠪᠠᠭᠰᠢ ᠳᠤ ᠠᠪᠴᠦ ᠬᠡᠯᠡᠪᠡᠯ᠂ ᠰᠢᠯᠢᠳᠡᠭ ᠰᠠᠶᠢᠨ ᠶᠣᠰᠣ ᠰᠣᠷᠲᠠᠬᠤᠨ ᠲᠠᠢ ᠪᠣᠯᠬᠤ ᠳᠤ ᠡᠩ ᠲᠡᠷᠢᠭᠦᠨ ᠳᠤ᠂ ᠦᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠵᠦ ᠴᠢᠳᠠᠭᠰᠠᠨ ᠪᠠᠶᠢᠵᠤ᠂ ᠪᠠᠲᠣ ᠴᠢᠩᠭ᠎ᠠ ᠵᠦᠪ ᠣᠨᠣᠪᠴᠢᠲᠠᠢ ᠶᠢᠷᠲᠢᠨᠴᠦ ᠶᠢᠨ ᠦᠵᠡᠯᠲᠡ᠂ ᠠᠮᠢᠳᠣᠷᠠᠬᠤᠢ ᠶᠢᠨ ᠦᠵᠡᠯᠳᠠ ᠪᠠ ᠦᠷᠲᠡᠭ ᠤᠨ ᠦᠵᠡᠯᠲᠡ ᠲᠠᠢ ᠪᠠᠶᠢᠬᠤ ᠬᠡᠷᠡᠭᠲᠡᠢ᠃ ᠰᠣᠷᠣᠭᠴᠢᠳ ᠢᠮᠠᠭᠲᠠ ᠪᠠᠭᠰᠢ ᠶᠢᠨ ᠮᠡᠳᠡᠯᠭᠡ᠂ ᠣᠶᠣᠨ ᠣᠬᠠᠭᠠᠨ ᠢ ᠪᠢᠰᠢᠷᠡᠵᠦ᠂ ᠬᠦᠰᠡᠯᠡᠩᠲᠣ ᠬᠦᠮᠦᠨ ᠮᠦᠰᠦ ᠶᠢᠨ ᠪᠦᠷᠢᠯᠸ᠎ᠠ ᠪᠠᠷ ᠦᠵᠡᠳᠡᠭ᠃ ᠡᠶᠢᠮᠦ ᠠᠴᠠ ᠰᠣᠷᠣᠭᠴᠢ ᠲᠠᠢ ᠬᠠᠮᠤᠭ ᠨᠢᠭᠲᠠ ᠬᠠᠷᠢᠴᠠᠭ᠎ᠠ ᠲᠠᠢ ᠬᠦᠮᠦᠨ — ᠠᠩᠬᠢ ᠶᠢᠨ ᠡᠷᠬᠢᠯᠡᠭᠴᠢ ᠪᠠᠭᠰᠢ ᠪᠣᠯᠣᠭᠰᠠᠨ ᠤ ᠬᠤᠪᠢ ᠳᠤ᠂ ᠡᠷᠬᠡᠪᠰᠢ ᠦᠪᠡᠷ‌‍ᠤᠨ ᠪᠡᠶ᠎ᠡ ᠠᠴᠠ ᠪᠠᠨ ᠭᠠᠷᠲᠠᠵᠦ᠂ ᠦᠪᠡᠷ ᠤᠨ ᠪᠡᠶ᠎ᠡ ᠪᠠᠷ ᠢᠶᠠᠨ ᠬᠡᠪ ᠳᠦᠷᠢᠮ ᠦᠵᠡᠭᠦᠯᠦᠨ᠂ ᠪᠠᠭᠰᠢ ᠬᠦᠮᠦᠨ ᠤ ᠳᠠᠭᠤᠷᠢᠶᠠᠯ ᠤᠨ ᠦᠢᠯᠡᠳᠣᠯ ᠢᠶᠠᠨ ᠪᠠᠳᠠᠷᠠᠭᠤᠯᠵᠦ ᠴᠢᠳᠠᠭᠰᠠᠨ ᠪᠠᠶᠢᠬᠤ ᠬᠡᠷᠡᠭᠲᠡᠢ᠃ ᠡᠷᠬᠡᠪᠰᠢ ᠦᠨᠡᠨᠴᠢ ᠢᠲᠡᠭᠡᠯ ᠲᠠᠢ᠂ ᠠᠰᠪᠣᠷᠢ ᠰᠢᠯᠣᠭᠤᠨ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠣᠯᠲᠡᠢ᠂ ᠰᠠᠶᠢᠨ ᠰᠠᠶᠢᠬᠠᠨ ᠶᠣᠰᠣ ᠰᠣᠷᠲᠠᠬᠤᠨ ᠤ ᠬᠡᠪ ᠴᠢᠨᠠᠷ ᠲᠠᠢ ᠪᠠᠶᠢᠬᠤ ᠬᠡᠷᠡᠭᠲᠡᠢ᠃ ᠰᠣᠷᠣᠭᠴᠢ ᠶᠢ ᠱᠠᠭᠠᠷᠳᠠᠵᠦ ᠬᠢᠯᠭᠡᠬᠦ ᠵᠦᠢᠯᠡᠰ ᠢ ᠪᠠᠭᠰᠢ ᠦᠪᠡᠷ ᠢᠶᠠᠨ ᠣᠷᠢᠳ ᠢᠶᠠᠷ ᠬᠢᠵᠦ ᠳᠡᠶᠢᠯᠦᠭᠰᠡᠨ ᠪᠠᠶᠢᠬᠤ ᠬᠡᠷᠡᠭᠲᠡᠢ᠃ ᠰᠣᠷᠣᠭᠴᠢ ᠶᠢ ᠬᠢᠵᠦ ᠪᠣᠯᠬᠤ ᠦᠭᠡᠢ ᠭᠡᠵᠦ ᠱᠠᠭᠠᠷᠳᠠᠭᠰᠠᠨ ᠵᠦᠢᠯᠡᠰ ᠢ ᠪᠠᠭᠰᠢ ᠦᠪᠡᠷ ᠢᠶᠠᠨ ᠶᠠᠭᠠᠬᠢᠭᠰᠠᠨ ᠴᠦ ᠬᠢᠵᠦ ᠪᠣᠯᠬᠤ ᠦᠭᠡᠢ᠃      ᠠᠩᠬᠢ ᠶᠢᠨ ᠪᠠᠭᠰᠢ ᠶᠢᠨ ᠰᠠᠶᠢᠨ ᠰᠠᠶᠢᠬᠠᠨ ᠦᠭᠡ ᠶᠠᠷᠢᠶ᠎ᠠ ᠦᠢᠯᠡ ᠠᠵᠢᠯᠯᠠᠭᠠᠨ ᠤ ᠬᠡᠪ ᠴᠢᠨᠠᠷ ᠪᠣᠯ ᠨᠢᠭᠡ ᠵᠦᠢᠯ ᠤᠨ ᠠᠶᠠᠨᠳᠠᠭᠠᠨ ᠤ ᠰᠣᠷᠭᠠᠨ ᠬᠦᠮᠦᠵᠢᠯ ᠤᠨ ᠬᠦᠴᠦᠨ ᠵᠦᠢᠯ ᠮᠥᠨ᠃ ᠰᠣᠷᠣᠭᠴᠢ ᠶᠢᠨ ᠦᠢᠯᠡ ᠠᠵᠢᠯᠯᠠᠭᠠᠨ ᠤ ᠳᠠᠳᠬᠠᠯ ᠳᠤ ᠬᠡᠮᠵᠢᠶᠡᠯᠡᠰᠢ ᠦᠭᠡᠢ ᠶᠡᠭᠡ ᠨᠦᠯᠦᠭᠡ ᠭᠠᠷᠭᠠᠳᠠᠭ ᠶᠤᠮ᠃ ᠰᠣᠷᠣᠭᠴᠢ ᠠᠩᠬᠢ ᠶᠢᠨ ᠪᠠᠭᠰᠢ ᠶᠢᠨ ᠪᠡᠶ᠎ᠡ ᠳᠤ ᠢᠯᠡᠷᠡᠭᠰᠡᠨ ᠰᠢᠯᠢᠳᠡᠭ ᠰᠠᠶᠢᠨ ᠬᠡᠪ ᠰᠣᠷᠲᠠᠯ ᠢ ᠣᠯᠵᠦ ᠬᠠᠷᠠᠪᠠᠯ ᠰᠠᠶ᠋ᠢ ᠢᠲᠡᠭᠡᠨ ᠪᠢᠰᠢᠷᠡᠵᠦ ᠳᠠᠭᠤᠷᠢᠶᠠᠳᠠᠭ᠃ ᠠᠩᠬᠢ ᠶᠢᠨ ᠡᠷᠬᠢᠯᠡᠭᠴᠢ ᠢᠡᠭᠬᠢᠵᠦ ᠲᠡᠳᠡᠨ ᠤ ᠳᠣᠳᠣᠭᠠᠳᠣ ᠰᠡᠳᠬᠢᠯᠭᠡ ᠠᠴᠠ ᠪᠠᠨ ᠰᠠᠶᠢᠨ ᠰᠠᠶᠢᠬᠠᠨ ᠢ ᠬᠦᠭᠡᠭᠡᠴᠡᠯᠳᠣᠬᠦ ᠢᠳᠡᠪᠬᠢᠵᠢᠯ ᠢ ᠳᠠᠶᠢᠴᠢᠯᠠᠬᠤ ᠪᠣᠯᠣᠨ᠎ᠠ᠃      ᠬᠤᠶᠠᠷ᠂ ᠠᠵᠢᠯ ᠳᠤ ᠪᠠᠨ ᠣᠷᠭᠢᠯᠣᠮ᠎ᠠ ᠬᠠᠯᠠᠭᠤᠨ ᠬᠠᠶᠢᠷ᠎ᠠ ᠰᠡᠳᠬᠢᠯᠭᠡ ᠪᠠᠶᠢᠬᠤ ᠪᠠ ᠳᠡᠭᠡᠳᠣ ᠬᠡᠮᠵᠢᠶᠡᠨ ᠤ ᠬᠠᠷᠢᠭᠤᠴᠠᠯᠭᠠᠳᠣ ᠤᠪᠤᠷ ᠲᠠᠢ ᠪᠠᠶᠢᠬᠤ ᠨᠢ ᠰᠢᠯᠢᠳᠡᠭ ᠠᠩᠬᠢ ᠶᠢᠨ ᠡᠷᠬᠢᠯᠡᠭᠴᠢ ᠪᠠᠭᠰᠢ ᠪᠣᠯᠬᠤ ᠶᠢᠨ ᠰᠠᠭᠤᠷᠢ      ᠣᠷᠭᠢᠯᠣᠮ᠎ᠠ ᠬᠠᠯᠠᠭᠤᠨ ᠠᠵᠢᠯ ᠤᠨ ᠣᠪᠣᠷ ᠪᠠ ᠬᠠᠷᠢᠭᠤᠴᠠᠯᠭᠠᠲᠣ ᠰᠡᠳᠬᠢᠯᠭᠡ ᠪᠣᠯ ᠠᠩᠬᠢ‌‍ᠶᠢᠨ ᠡᠷᠬᠢᠯᠡᠭᠴᠢ ᠪᠠᠭᠰᠢ ᠪᠤᠯᠤᠭᠰᠠᠳ ᠤᠨ ᠦᠨᠳᠦᠰᠦᠨ ᠱᠠᠭᠠᠷᠳᠠᠯᠭ᠎ᠠ ᠪᠦᠭᠡᠳ ᠮᠦᠨ ᠴᠦ ᠨᠢᠭᠡᠨ ᠰᠢᠯᠢᠳᠡᠭ ᠰᠠᠶᠢᠨ ᠠᠩᠬᠢ ᠶᠢᠨ ᠡᠷᠬᠢᠯᠡᠭᠴᠢ ᠪᠠᠭᠰᠢ ᠪᠣᠯᠵᠦ ᠳᠡᠶᠢᠯᠬᠦ ᠡᠰᠡᠬᠦ ᠶᠢᠨ ᠦᠵᠡᠯ ᠰᠠᠨᠠᠭᠠᠨ ᠤ ᠰᠠᠭᠤᠷᠢ ᠪᠣᠯᠬᠤ ᠶᠤᠮ᠃ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠳᠤ ᠪᠠᠨ ᠬᠠᠷᠢᠭᠤᠴᠠᠬᠤ ᠣᠷᠭᠢᠯᠣᠮ᠎ᠠ ᠬᠠᠯᠠᠭᠤᠨ ᠵᠣᠷᠢᠭ ᠰᠠᠨᠠᠭ᠎ᠠ ᠪᠠ ᠤᠪᠤᠷ ᠨᠢ ᠬᠤᠶᠠᠷ ᠲᠠᠯ᠎ᠠ ᠳᠤ ᠢᠯᠡᠷᠡᠳᠡᠭ᠃ ᠨᠢᠭᠡ ᠨᠢ ᠦᠪᠡᠷ ᠤᠨ ᠲᠣᠬᠠᠶᠢᠯᠠᠭᠰᠠᠨ ᠠᠵᠢᠯ ᠳᠤ ᠪᠠᠨ ᠬᠠᠶᠢᠷ᠎ᠠ ᠲᠠᠢ ᠪᠠᠶᠢᠬᠤ ᠬᠡᠷᠡᠭᠲᠠᠢ᠃ ᠨᠦᠭᠦᠭᠡ ᠨᠢ ᠰᠣᠷᠣᠭᠴᠢ ᠪᠠᠨ ᠬᠠᠶᠢᠷᠠᠯᠠᠵᠦ ᠬᠠᠷᠠᠭᠠᠯᠵᠠᠭᠰᠠᠨ ᠪᠠᠶᠢᠬᠤ ᠬᠡᠷᠡᠭᠲᠡᠢ᠃      ︽ᠬᠠᠶᠢᠷ᠎ᠠ ᠦᠭᠡᠢ ᠰᠣᠷᠭᠠᠨ ᠬᠦᠮᠦᠵᠢᠯ ᠪᠣᠯ ᠦᠬᠦᠮᠡᠯ ᠰᠣᠷᠭᠠᠨ ᠬᠦᠮᠦᠵᠢᠯ ᠶᠤᠮ᠃ ᠬᠠᠶᠢᠷ᠎ᠠ ᠶᠢᠨ ᠬᠦᠮᠦᠵᠢᠯ ᠢ ᠬᠦᠷᠲᠡᠭᠡᠵᠦ ᠳᠡᠶᠢᠯᠬᠦ ᠦᠭᠡᠢ ᠰᠣᠷᠭᠠᠨ ᠬᠦᠮᠦᠵᠢᠯ ᠪᠣᠯ ᠢᠯᠠᠭᠳᠠᠭᠰᠠᠨ ᠰᠣᠷᠭᠠᠨ ᠬᠦᠮᠦᠵᠢᠯ ᠶᠤᠮ︾᠃ ᠦᠪᠡᠷ ᠤᠨ ᠲᠣᠬᠠᠶᠢᠯᠠᠭᠰᠠᠨ ᠠᠵᠢᠯ ᠳᠤ ᠪᠠᠨ ᠬᠠᠶᠢᠷ᠎ᠠ ᠦᠭᠡᠢ ᠪᠠᠭᠰᠢ᠂ ᠰᠣᠷᠣᠭᠴᠢ ᠪᠠᠨ ᠬᠠᠶᠢᠷᠠᠯᠠᠨ ᠬᠠᠷᠠᠭᠠᠯᠵᠠᠳᠠᠭ ᠦᠭᠡᠢ ᠪᠠᠭᠰᠢ᠂ ᠰᠠᠶᠢᠨ ᠠᠩᠬᠢ ᠶᠢᠨ ᠡᠷᠬᠢᠯᠡᠭᠴᠢ ᠪᠠᠭᠰᠢ ᠪᠣᠯᠣᠨ᠎ᠡ ᠭᠡᠳᠡᠭ ᠢ ᠲᠦᠰᠦᠭᠡᠯᠡᠭᠦ ᠶᠢᠨ ᠠᠷᠭ᠎ᠠ ᠦᠭᠡᠢ ᠶᠤᠮ᠃ ᠬᠠᠶᠢᠷ᠎ᠠ ᠦᠭᠡᠢ ᠪᠣᠯ ᠦᠪᠡᠷ ᠢ ᠪᠠᠨ ᠵᠣᠷᠢᠭᠤᠯᠬᠤ ᠵᠣᠷᠢᠭ ᠰᠠᠨᠠᠭ᠎ᠠ ᠪᠠᠶᠢᠵᠤ ᠴᠢᠳᠠᠬᠤ ᠦᠭᠡᠢ ᠶᠤᠮ᠃ ︽ᠬᠡᠳᠣᠢ ᠭᠦᠨ ᠬᠠᠶᠢᠷᠠᠲᠠᠢ ᠪᠣᠯ ᠲᠡᠳᠣᠢ ᠴᠢᠩᠭ᠎ᠠ ᠬᠠᠷᠢᠭᠤᠴᠠᠯᠭᠠᠲᠣ ᠰᠡᠳᠬᠢᠯᠭᠡ ᠲᠠᠢ ᠪᠠᠶᠢᠳᠠᠭ︾ ᠭᠡᠳᠡᠭᠴᠢᠯᠡᠨ ᠠᠩᠬᠢ ᠶᠢᠨ ᠡᠷᠬᠢᠯᠡᠭᠴᠢ ᠪᠠᠭᠰᠢ ᠬᠡᠷᠪᠡ ᠣᠷᠣᠭᠰᠢᠯᠠᠨ ᠳᠠᠪᠰᠢᠬᠤ ᠢᠳᠡᠪᠬᠢᠲᠣ ᠠᠮᠢᠳᠣᠷᠠᠬᠤᠢ ᠶᠢᠨ ᠦᠵᠡᠯ ᠦᠭᠡᠢ ᠪᠣᠯ ᠠᠵᠢᠯ ᠢᠶᠠᠨ ᠰᠠᠶᠢᠨ ᠬᠢᠬᠦ ᠳᠣᠲᠣᠭᠠᠳᠣ ᠬᠦᠳᠡᠯᠭᠡᠬᠦ ᠬᠦᠴᠦᠨ ᠦᠭᠡᠢ ᠶᠤᠮ᠃ ᠨᠡᠩ ᠴᠠᠭᠠᠰᠢᠲᠠ ᠨᠢᠭᠡᠨ ᠰᠠᠶᠢᠨ ᠠᠩᠬᠢ ᠶᠢᠨ ᠡᠷᠬᠢᠯᠡᠭᠴᠢ ᠪᠣᠯᠬᠤ ᠶᠢ ᠶᠠᠷᠢᠭᠰᠠᠨ ᠤ ᠬᠡᠷᠡᠭ ᠠᠯᠠᠭ᠎ᠠ᠃ ᠡᠶᠢᠮᠦ ᠠᠴᠠ ᠲᠣᠬᠠᠶᠢᠯᠠᠭᠰᠠᠨ ᠠᠵᠢᠯ ᠳᠤ ᠪᠠᠨ ᠭᠦᠨ ᠬᠠᠶᠢᠷᠠᠲᠠᠢ᠂ ᠣᠷᠣᠭᠰᠢᠯᠠᠨ ᠳᠠᠪᠰᠢᠬᠤ ᠵᠣᠷᠢᠭ ᠰᠠᠨᠠᠭ᠎ᠠ ᠪᠢᠯᠬᠠᠮ᠎ᠠ᠂ ᠰᠣᠷᠣᠭᠴᠢ ᠪᠠᠨ ᠬᠠᠶᠢᠷᠠᠯᠠᠨ ᠬᠠᠷᠠᠭᠠᠯᠵᠠᠳᠠᠭ ᠲᠡᠳᠡᠭᠡᠷ ᠬᠦᠮᠦᠰ ᠯᠡ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠢ ᠡᠭᠦᠷᠭᠡᠯᠡᠵᠦ ᠳᠡᠶᠢᠯᠳᠡᠭ  ᠪᠢᠯᠡ᠃      ᠠᠩᠬᠢ ᠶᠢᠨ ᠡᠷᠬᠢᠯᠡᠭᠴᠢ ᠪᠠᠭᠰᠢ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠠ ᠬᠦᠭᠵᠢᠯᠲᠡ ᠶᠢᠨ ᠬᠠᠨᠳᠣᠰᠢ ᠵᠢᠴᠢ ᠰᠣᠷᠣᠭᠴᠢ ᠶᠢᠨ ᠪᠡᠶ᠎ᠡ ᠰᠡᠳᠬᠢᠴᠡ ᠶᠢᠨ ᠦᠪᠡᠷᠮᠢᠴᠡ ᠣᠨᠴᠠᠯᠢᠭ ᠢᠶᠠᠷ ᠦᠨᠳᠣᠰᠣᠯᠡᠯ ᠪᠣᠯᠭᠠᠵᠦ᠂ ᠠᠩᠬᠢ ᠶᠢᠨ ᠠᠵᠢᠯ ᠤᠨ ᠳᠣᠮᠳᠠ ᠪᠦᠯᠬᠦᠮᠳᠡᠯ ᠢ ᠠᠬᠢᠭᠤᠯᠣᠨ᠂ ᠬᠠᠮᠵᠢᠯᠴᠠᠬᠤ ᠣᠬᠠᠮᠰᠠᠷ ᠢ ᠪᠣᠢ ᠪᠣᠯᠭᠠᠨ᠂ ᠦᠷᠢᠰᠦᠯᠳᠦᠬᠦ ᠦᠵᠡᠯ ᠢ ᠬᠦᠮᠦᠵᠢᠭᠦᠯᠬᠦ ᠬᠡᠷᠡᠭᠲᠡᠢ᠃ ᠬᠦᠮᠦᠨ ᠤ ᠭᠠᠭᠴᠠ ᠬᠡᠣᠬᠡᠳ ᠤᠨ ᠦᠪᠡᠷᠮᠢᠴᠡ ᠣᠨᠴᠠᠯᠢᠭ ᠲᠤ ᠬᠠᠨᠳᠣᠭᠤᠯᠣᠨ᠂ ᠠᠩᠬᠢ ᠳᠤ ᠪᠠᠨ ᠬᠠᠮᠵᠢᠯᠴᠠᠬᠤ ᠠᠭᠤᠷ ᠠᠮᠢᠰᠬᠤᠯ ᠢ ᠪᠦᠷᠢᠯᠳᠦᠭᠦᠯᠬᠦ ᠶᠢ ᠣᠨᠴᠠᠭᠠᠶᠢᠯᠠᠨ  ᠠᠩᠬᠠᠷᠴᠦ᠂ ᠬᠠᠮᠳᠣ ᠨᠡᠶᠢᠲᠡ ᠶᠢᠨ ᠠᠵᠢᠯᠯᠠᠭᠠᠨ ᠳᠤ ᠰᠣᠷᠣᠭᠴᠢᠳ ᠲᠤ ᠪᠣᠰᠣᠳ ᠢ ᠬᠦᠨᠳᠦᠳᠭᠡᠬᠦ ᠣᠬᠠᠮᠰᠠᠷ ᠪᠠ ᠪᠣᠰᠣᠳ ᠲᠠᠢ ᠨᠦᠬᠦᠷᠰᠡᠭ ᠬᠠᠷᠢᠯᠴᠠᠬᠤ ᠣᠬᠠᠮᠰᠠᠷ ᠢ ᠬᠦᠮᠦᠵᠢᠭᠦᠯᠪᠡᠯ ᠵᠤᠬᠢᠨ᠎ᠠ᠃      ᠭᠤᠷᠪᠠ᠂ ᠡᠯ᠎ᠡ ᠲᠠᠯ᠎ᠠ ᠶᠢᠨ ᠶᠡᠷᠣᠩᠬᠡᠶᠢᠯᠡᠭᠰᠡᠨ ᠬᠡᠪ ᠴᠢᠨᠠᠷ ᠨᠢ ᠰᠢᠯᠢᠳᠡᠭ ᠠᠩᠬᠢ ᠶᠢᠨ ᠡᠷᠬᠢᠯᠡᠭᠴᠢ ᠪᠠᠭᠰᠢ ᠪᠣᠯᠬᠤ ᠶᠢᠨ ᠭᠤᠣᠯ ᠴᠦᠮ᠎ᠡ      ᠠᠩᠬᠢ ᠶᠢᠨ ᠡᠷᠬᠢᠯᠡᠭᠴᠢ ᠪᠠᠭᠰᠢ ᠶᠢᠨ ᠦᠨᠳᠣᠰᠣᠨ ᠡᠭᠦᠷᠭᠡ ᠪᠣᠯ ︽ᠶᠣᠰᠣ ᠰᠣᠷᠲᠠᠬᠤᠨ᠂ ᠣᠶᠣᠨ ᠣᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠦᠳᠡᠯᠮᠦᠷᠢ ᠮᠡᠷᠭᠡᠵᠢᠯ ᠵᠡᠷᠭᠡ ᠪᠦᠬᠦ ᠲᠠᠯ᠎ᠠ ᠶᠢᠨ ᠬᠦᠭᠵᠢᠯᠲᠡ ᠶᠢᠨ ᠱᠠᠭᠠᠷᠳᠠᠯᠭ᠎ᠠ ᠶᠣᠰᠣᠭᠠᠷ ᠠᠩᠬᠢ ᠶᠢᠨ ᠠᠵᠢᠯ ᠢᠶᠠᠨ ᠦᠷᠨᠢᠭᠦᠯᠤᠨ᠂ ᠪᠦᠬᠦ ᠲᠠᠯ᠎ᠠ ᠪᠠᠷ ᠰᠣᠷᠭᠠᠨ ᠬᠦᠮᠦᠵᠢᠭᠦᠯᠵᠦ᠂ ᠳᠡᠲᠡᠨ ᠢ ᠬᠦᠰᠡᠯᠡᠩ ᠲᠠᠢ᠂ ᠶᠣᠰᠣ ᠰᠣᠷᠲᠠᠬᠤᠨ ᠲᠠᠢ᠂ ᠮᠡᠳᠡᠯᠭᠡ ᠲᠠᠢ᠂ ᠰᠠᠬᠢᠯᠭ᠎ᠠ ᠪᠠᠳᠣ ᠲᠠᠢ᠂ ᠡᠷᠡᠭᠦᠯ ᠴᠢᠬᠢᠷᠠᠭ ᠪᠡᠶ᠎ᠡ ᠰᠡᠳᠬᠢᠴᠡ ᠲᠠᠢ ᠠᠷᠠᠳ ᠢᠷᠭᠡᠨ ᠪᠣᠯᠭᠠᠨ ᠬᠦᠮᠦᠵᠢᠭᠦᠯᠬᠦ ᠶᠠᠪᠣᠲᠠᠯ ᠪᠣᠯᠬᠤ ᠶᠤᠮ︾᠃ ᠠᠩᠬᠢ ᠶᠢᠨ ᠡᠷᠬᠢᠯᠡᠭᠴᠢ ᠪᠠᠭᠰᠢ‌ᠨᠢ ᠰᠣᠷᠣᠭᠴᠢ ᠲᠠᠢ ᠬᠠᠮᠤᠭ ᠢᠯᠡᠭᠦᠣ ᠬᠠᠷᠢᠴᠠᠨ᠂ ᠲᠡᠳᠡᠨ ᠢ ᠬᠠᠮᠤᠭ ᠤᠨ ᠶᠡᠭᠡ ᠨᠦᠯᠦᠭᠡᠯᠡᠭᠦ ᠪᠣᠯᠣᠨ᠎ᠠ᠃ ᠡᠶᠢᠮᠦ ᠠᠴᠠ ᠠᠩᠬᠢ ᠶᠢᠨ ᠡᠷᠬᠢᠯᠡᠭᠴᠢ ᠶᠢᠨ ᠬᠤᠪᠢ ᠪᠡᠶ᠎ᠡ ᠶᠢᠨ ᠬᠡᠪ ᠴᠢᠨᠠᠷ ᠨᠢ ᠪᠦᠬᠦ ᠲᠠᠯ᠎ᠠ ᠪᠠᠷ ᠳᠡᠭᠡᠭᠰᠢᠯᠡᠬᠦ ᠪᠠ ᠬᠦᠭᠵᠢᠵᠦ ᠳᠡᠶᠢᠯᠬᠦ ᠡᠰᠡᠬᠦ ᠨᠢ ᠰᠣᠷᠣᠭᠴᠢ ᠶᠢᠨ ᠪᠦᠬᠦ ᠲᠠᠯ᠎ᠠ ᠪᠠᠷ ᠬᠦᠭᠵᠢᠬᠦ ᠶᠢ ᠬᠡᠮᠵᠢᠨ ᠲᠣᠭᠲᠠᠭᠠᠬᠤ ᠵᠠᠩᠬᠢᠯᠠᠭ᠎ᠠ ᠶᠢᠨ ᠡᠯᠧᠮᠧᠨ᠋ᠲ ᠪᠣᠯᠳᠠᠭ᠃ ᠰᠢᠯᠢᠳᠡᠭ ᠠᠩᠬᠢ ᠶᠢᠨ ᠡᠷᠬᠢᠯᠡᠭᠴᠢ ᠪᠠᠭᠰᠢ ᠪᠣᠯᠬᠤ ᠶᠢᠨ ᠭᠤᠣᠯ ᠴᠦᠮ᠎ᠡ ᠨᠢ ᠡᠯ᠎ᠡ ᠲᠠᠯ᠎ᠠ ᠶᠢᠨ ᠶᠡᠷᠦᠩᠬᠡᠶᠢᠯᠡᠭᠰᠡᠨ ᠬᠡᠪ ᠴᠢᠨᠠᠷ ᠪᠠᠶᠢᠵᠦ᠂ ᠲᠤᠤᠷᠠᠬᠢ ᠭᠡᠳᠤᠨ ᠲᠠᠯ᠎ᠠ ᠪᠠᠷ ᠢᠯᠡᠷᠡᠳᠡᠭ᠃      1. ᠲᠣᠬᠠᠶᠢᠯᠠᠭᠰᠠᠨ ᠠᠵᠢᠯ ᠤᠨ ᠣᠨᠣᠯ ᠤᠨ ᠮᠡᠳᠡᠯᠭᠡ ᠲᠠᠢ ᠪᠠᠶᠢᠬᠤ      ᠠᠩᠬᠢ ᠶᠢᠨ ᠡᠷᠬᠢᠯᠡᠭᠴᠢ ᠪᠠᠭᠰᠢ ᠶᠢᠨ ᠲᠣᠬᠠᠶᠢᠯᠠᠭᠰᠠᠨ ᠠᠵᠢᠯ ᠤᠨ ᠣᠨᠣᠯ ᠤᠨ ᠮᠡᠳᠡᠯᠭᠡ ᠭᠡᠳᠡᠭ ᠨᠢ ᠵᠣᠬᠢᠬᠤ ᠣᠨᠣᠯ ᠤᠨ ᠰᠢᠰᠲ᠋ᠧᠮ ᠢ ᠪᠦᠷᠢᠯᠳᠦᠭᠦᠯᠳᠡᠭ ᠮᠡᠳᠡᠯᠭᠡ ᠶᠢ ᠵᠢᠭᠠᠨ᠎ᠠ᠃ ᠲᠤᠬᠠᠢᠢᠯᠠᠪᠠᠯ᠂ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠤᠨ ᠪᠠᠶᠢᠷᠢ ᠪᠠ ᠦᠢᠯᠡᠳᠣᠯ ᠤᠨ ᠲᠣᠬᠠᠢ ᠲᠠᠨᠢᠯᠲᠠ᠂ ᠠᠩᠬᠢ ᠶᠢᠨ ᠬᠦᠭᠵᠢᠯᠲᠡ ᠶᠢᠨ ᠲᠣᠬᠠᠢ ᠣᠶᠢᠯᠠᠭᠠᠯᠲᠠ᠂ ᠰᠣᠷᠣᠭᠴᠢ ᠶᠢᠨ ᠲᠣᠬᠠᠢ ᠣᠶᠢᠯᠠᠭᠠᠯᠲᠠ ᠪᠠ ᠰᠣᠳᠣᠯᠣᠯᠲᠠ᠂ ᠡᠶ᠎ᠡ ᠨᠠᠶᠢᠷᠠᠮᠳᠠᠭᠤ ᠪᠠᠭᠰᠢ ᠰᠣᠷᠣᠭᠴᠢ ᠶᠢᠨ ᠬᠠᠷᠢᠴᠠᠭᠠᠨ ᠤ ᠪᠦᠲᠦᠭᠡᠨ ᠪᠠᠶᠢᠭᠤᠯᠣᠯᠲᠠ ᠵᠡᠷᠭᠡ ᠪᠣᠢ᠃      ᠪᠣᠳᠠᠲᠠᠢ ᠶᠠᠷᠢᠪᠠᠯ᠂ ᠠᠩᠬᠢ ᠶᠢᠨ ᠡᠷᠬᠢᠯᠡᠭᠴᠢ ᠪᠠᠭᠰᠢ ᠠᠩᠬᠢ ᠨᠢᠭᠡᠴᠢ ᠶᠢᠨ ᠵᠣᠬᠢᠶᠠᠨ ᠪᠠᠶᠢᠭᠤᠯᠣᠭᠴᠢ ᠪᠠ ᠬᠠᠮᠢᠶᠠᠷᠣᠭᠴᠢ ᠪᠣᠯᠣᠭᠰᠠᠨ ᠤ ᠬᠤᠪᠢ ᠳᠤ᠂ ︽ᠠᠩᠬᠢ ᠨᠢᠭᠡᠴᠢ ᠶᠢᠨ ᠬᠠᠮᠢᠶᠠᠷᠣᠯᠲᠠ ᠶᠢᠨ ᠣᠨᠣᠯ︾ ᠤᠨ ᠮᠡᠳᠡᠯᠭᠡ ᠪᠠᠷ ᠵᠢᠯᠣᠭᠤᠳᠣᠯᠭ᠎ᠠ ᠪᠣᠯᠭᠠᠪᠠᠯ ᠵᠣᠬᠢᠨ᠎ᠠ᠃ ᠡᠷᠬᠡᠪᠰᠢ ᠰᠣᠷᠭᠠᠨ ᠬᠦᠮᠦᠵᠢᠭᠦᠯᠬᠦ ᠣᠬᠠᠭᠠᠨ ᠪᠠ ︽ᠶᠣᠰᠣ ᠰᠣᠷᠲᠠᠬᠤᠨ ᠤ ᠬᠦᠮᠦᠵᠢᠯ ᠤᠨ ᠣᠨᠣᠯ︾ ᠤᠨ ᠬᠠᠮᠢᠶ᠎ᠠ ᠪᠦᠬᠦᠢ ᠣᠨᠣᠯ ᠤᠨ ᠮᠡᠳᠡᠯᠭᠡ ᠶᠢ ᠮᠡᠳᠡᠬᠦ ᠬᠡᠷᠡᠭᠲᠡᠢ᠃ ᠠᠩᠬᠢ ᠶᠢᠨ ᠡᠷᠬᠢᠯᠡᠭᠴᠢ ᠪᠠᠭᠰᠢ ︽ᠰᠣᠷᠣᠭᠴᠢ ᠶᠢᠨ ᠰᠡᠳᠬᠢᠴᠡ ᠶᠢᠨ ᠵᠦᠪᠳᠡᠯ ᠤᠨ ᠪᠠᠭᠰᠢ︾ ᠪᠣᠯᠣᠭᠰᠠᠨ ᠪᠠᠶᠢᠬᠤ᠂ ᠰᠡᠳᠬᠢᠴᠡ ᠶᠢᠨ ᠰᠣᠷᠭᠠᠨ ᠬᠦᠮᠦᠵᠢᠯ ᠪᠠ ᠰᠡᠳᠬᠢᠴᠡ ᠶᠢᠨ ᠵᠦᠪᠳᠡᠯ ᠤᠨ ᠲᠠᠯ᠎ᠠ ᠶᠢᠨ ᠣᠨᠣᠯ ᠤᠨ ᠮᠡᠳᠡᠯᠭᠡ ᠶᠢ ᠰᠣᠷᠣᠯᠴᠠᠬᠤ ᠪᠣᠶᠣ ᠡᠵᠡᠮᠰᠢᠭᠰᠡᠨ ᠪᠠᠶᠢᠬᠤ᠂ ᠰᠣᠷᠭᠠᠭᠤᠯᠢ᠂ ᠭᠡᠷ ᠤᠨ ᠠᠬᠠᠮᠠᠳ᠂ ᠨᠡᠶᠢᠭᠡᠮ ᠭᠡᠬᠦ ᠭᠤᠷᠪᠠᠨ ᠲᠠᠯ᠎ᠠ ᠶᠢᠨ ᠰᠣᠷᠭᠠᠨ ᠬᠦᠮᠦᠵᠢᠯ ᠤᠨ ᠬᠦᠴᠦᠨ ᠢ ᠰᠠᠶᠢᠲᠣᠷ ᠵᠣᠬᠢᠴᠠᠭᠤᠯᠵᠦ᠂ ᠰᠣᠷᠭᠠᠨ ᠬᠦᠮᠦᠵᠢᠯ ᠤᠨ ᠬᠠᠮᠵᠢᠯᠴᠠᠭ᠎ᠠ ᠶᠢ ᠪᠠᠶᠢᠭᠤᠯᠬᠤ ᠶᠢᠨ ᠬᠠᠮᠲᠣ ᠭᠡᠷ ᠪᠦᠯᠢ ᠶᠢᠨ ᠰᠣᠷᠭᠠᠨ ᠬᠦᠮᠦᠵᠢᠯ ᠤᠨ ᠣᠨᠣᠯ᠂ ᠬᠦᠮᠦᠨ ᠤ ᠬᠠᠷᠢᠴᠠᠭᠠᠨ ᠤ ᠣᠨᠣᠯ᠂ ᠶᠣᠰᠣ ᠰᠣᠷᠲᠠᠬᠤᠨ ᠤ ᠣᠬᠠᠭᠠᠨ ᠤ ᠮᠡᠳᠡᠯᠭᠡ ᠵᠡᠷᠭᠡ ᠲᠠᠯ᠎ᠠ ᠶᠢᠨ ᠮᠡᠳᠡᠯᠭᠡ ᠶᠢ ᠡᠵᠡᠮᠰᠢᠭᠰᠡᠨ ᠪᠠᠶᠢᠬᠤ ᠬᠡᠷᠡᠭᠲᠡᠢ᠃      ᠡᠳᠡᠭᠡᠷ ᠲᠣᠬᠠᠶᠢᠯᠠᠭᠰᠠᠨ ᠠᠵᠢᠯ ᠤᠨ ᠣᠨᠣᠯ ᠤᠨ ᠮᠡᠳᠡᠯᠭᠡ ᠨᠢ ᠠᠩᠬᠢ ᠶᠢᠨ ᠡᠷᠬᠢᠯᠡᠭᠴᠢ ᠪᠠᠭᠰᠢ ᠶᠢᠨ ︽ᠰᠣᠷᠭᠠᠨ ᠬᠦᠮᠦᠵᠢᠭᠦᠯᠬᠦ ᠬᠦᠰᠡᠯᠡᠩ ᠪᠠ ᠬᠠᠷᠠᠯᠲᠠ︾ ᠶᠢᠨ ᠪᠣᠢ ᠪᠣᠯᠬᠤ ᠳᠤ ᠨᠦᠯᠦᠭᠡ ᠦᠵᠡᠭᠦᠯᠦᠨ᠂ ᠠᠩᠬᠢ ᠶᠢᠨ ᠡᠷᠬᠢᠯᠡᠭᠴᠢ ᠪᠠᠭᠰᠢ ᠶᠢᠨ ᠦᠢᠯᠡ ᠠᠵᠢᠯᠯᠠᠭ᠎ᠠ ᠠᠷᠭ᠎ᠠ ᠪᠠᠷᠢᠯ ᠢ ᠳᠦᠷᠢᠮᠵᠢᠭᠦᠯᠳᠡᠭ ᠮᠦᠷᠲᠡᠭᠡᠨ ᠠᠩᠬᠢ ᠶᠢᠨ ᠡᠷᠬᠢᠯᠡᠭᠴᠢ ᠪᠠᠭᠰᠢ ᠶᠢᠨ ᠲᠣᠬᠠᠶᠢᠯᠠᠭᠰᠠᠨ ᠠᠵᠢᠯ ᠢᠶᠠᠨ ᠪᠡᠶ᠎ᠡ ᠪᠠᠨ ᠳᠠᠭᠠᠭᠠᠵᠦ ᠪᠡᠶᠡᠯᠡᠭᠦᠯᠬᠦ ᠳᠤ ᠬᠠᠪᠰᠣᠷᠣᠮᠵᠢ ᠪᠣᠯᠳᠠᠭ᠃ ᠠᠩᠬᠢ ᠶᠢᠨ ᠬᠠᠮᠢᠶᠠᠷᠣᠯᠲᠠ ᠶᠢᠨ ᠶᠠᠪᠤᠴᠠ ᠳᠤ ᠠᠩᠬᠢ ᠶᠢᠨ ᠡᠷᠬᠢᠯᠡᠭᠴᠢ ᠠᠷᠠᠳᠴᠢᠯᠠᠯ ᠲᠠᠢ᠂ ᠡᠷᠬᠡ ᠲᠡᠭᠰᠢ᠂ ᠡᠶ᠎ᠡ ᠵᠣᠬᠢᠴᠠᠩᠭᠤᠢ ᠠᠩᠬᠢ ᠶᠢᠨ ᠠᠭᠤᠷ ᠠᠮᠢᠰᠬᠤᠯ ᠢ ᠪᠦᠷᠢᠯᠳᠦᠭᠦᠯᠪᠡᠯ ᠠᠩᠬᠢ ᠶᠢᠨ ᠰᠣᠷᠣᠭᠴᠢ ᠶᠢᠨ ᠭᠤᠣᠯ ᠴᠣᠭᠴᠠ ᠶᠢᠨ ᠦᠢᠯᠡᠳᠣᠯ ᠢ ᠭᠦᠢᠴᠡᠳ ᠪᠠᠳᠠᠷᠠᠭᠤᠯᠣᠨ᠂ ᠲᠡᠳᠡᠨ ᠤ ᠡᠵᠡᠨ ᠬᠦᠮᠦᠨ ᠤ ᠣᠬᠠᠮᠰᠠᠷ ᠢ ᠨᠡᠮᠡᠭᠳᠡᠭᠦᠯᠬᠦ ᠪᠣᠯᠣᠨ᠎ᠠ᠃ ᠰᠣᠷᠭᠠᠨ ᠬᠦᠮᠦᠵᠢᠭᠦᠯᠬᠦ ᠣᠬᠠᠭᠠᠨᠲᠠᠨ ᠶᠧ ᠱᠧᠩ ᠲᠣᠣ ᠠᠪᠣᠭᠠᠢ ᠬᠡᠯᠡᠭᠰᠡᠨ ᠨᠢ᠄ ︽ᠪᠠᠭᠰᠢ ᠶᠢᠨ ᠵᠢᠭᠠᠨ ᠰᠣᠷᠭᠠᠯᠲᠠ ᠨᠢ ᠰᠣᠷᠣᠭᠴᠢ ᠳᠤ ᠮᠡᠳᠡᠯᠭᠡ ᠶᠢ ᠣᠯᠠᠮᠵᠢᠯᠠᠬᠤ ᠲᠡᠳᠣᠢ ᠯᠡ ᠠᠰᠠᠭᠤᠳᠠᠯ ᠪᠢᠰᠢ᠂ ᠬᠠᠷᠢᠨ ᠰᠣᠷᠣᠭᠴᠢ ᠳᠤ ᠰᠣᠷᠣᠯᠴᠠᠬᠤ ᠴᠢᠳᠠᠪᠣᠷᠢ ᠶᠢ ᠬᠦᠮᠦᠵᠢᠭᠦᠯᠬᠦ ᠠᠰᠠᠭᠤᠳᠠᠯ ᠶᠤᠮ᠃ ᠵᠢᠭᠠᠬᠤ ᠨᠢ ᠵᠢᠭᠠᠬᠤ ᠦᠭᠡᠢ ᠶᠢᠨ ᠲᠦᠯᠦᠭᠡ ᠭᠡᠳᠡᠭ ᠢ ᠪᠣᠲᠠᠲᠠᠢ ᠪᠡᠶᠡᠯᠡᠭᠦᠯᠬᠦ ᠠᠰᠠᠭᠤᠳᠠᠯ ᠪᠣᠯᠣᠨ᠎ᠠ︾ ᠭᠡᠵᠠᠢ᠃      2. ᠳᠡᠭᠡᠳᠣ ᠬᠡᠮᠵᠢᠶᠡᠨ ᠤ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠴᠢᠳᠠᠪᠣᠷᠢ ᠲᠠᠢ ᠪᠠᠶᠢᠬᠤ      ᠠᠩᠬᠢ ᠶᠢᠨ ᠠᠵᠢᠯ ᠤᠨ ᠰᠠᠶᠢᠨ ᠮᠠᠭᠤ ᠨᠢ ᠠᠩᠬᠢ ᠡᠷᠬᠢᠯᠡᠭᠴᠢ ᠪᠠᠭᠰᠢ ᠶᠢᠨ ᠠᠵᠢᠯ ᠤᠨ ᠴᠢᠳᠠᠪᠣᠷᠢ ᠲᠠᠢ ᠨᠢᠭᠲᠠ ᠬᠠᠷᠢᠴᠠᠭ᠎ᠠ ᠲᠠᠢ ᠪᠠᠶᠢᠳᠠᠭ ᠭᠡᠰᠡᠨ ᠢ ᠦᠢᠯᠡᠳᠦᠯᠭᠡ ᠭᠡᠷᠡᠴᠢᠯᠡᠪᠡ᠃ ᠰᠢᠯᠢᠳᠡᠭ ᠰᠠᠶᠢᠨ ᠠᠩᠬᠢ ᠶᠢᠨ ᠡᠷᠬᠢᠯᠡᠭᠴᠢ ᠪᠠᠭᠰᠢ ᠳᠤ ᠳᠣᠣᠷᠠᠬᠢ ᠭᠡᠳᠤᠨ ᠲᠠᠯ᠎ᠠ ᠶᠢᠨ ᠴᠢᠳᠠᠪᠣᠷᠢ ᠬᠡᠷᠡᠭᠳᠡᠢ᠃      ︵1︶ ᠵᠣᠬᠢᠶᠠᠨ ᠪᠠᠶᠢᠭᠤᠯᠵᠦ ᠬᠠᠮᠢᠶᠠᠷᠬᠤ ᠴᠢᠳᠠᠪᠣᠷᠢ      ᠣᠳᠣ ᠦᠶ᠎ᠡ ᠶᠢᠨ ᠰᠢᠨᠵᠢᠯᠡᠬᠦ ᠣᠬᠠᠭᠠᠨ ᠮᠡᠳᠡᠯᠭᠡ ᠶᠢᠨ ᠬᠡᠪᠴᠢᠶ᠎ᠡ ᠶᠡᠭᠡ᠂ ᠰᠣᠷᠭᠠᠨ ᠬᠦᠮᠦᠵᠢᠭᠦᠯᠬᠦ ᠠᠭᠤᠯᠭ᠎ᠠ ᠦᠷᠭᠡᠨ ᠳᠡᠯᠭᠡᠷ᠂ ᠬᠡᠯᠪᠡᠷᠢ ᠲᠦᠷᠰᠦ ᠣᠯᠠᠨ ᠶᠠᠩᠵᠦ᠂ ᠠᠷᠭ᠎ᠠ ᠣᠬᠠᠭᠠᠨ ᠠᠮᠢᠳᠣᠯᠢᠭ ᠪᠠᠶᠢᠳᠠᠭ᠃ ᠠᠩᠬᠢ ᠶᠢᠨ ᠡᠷᠬᠢᠯᠡᠭᠴᠢ ᠪᠠᠭᠰᠢ ᠡᠷᠬᠡᠪᠰᠢ ᠰᠢᠨ᠎ᠡ ᠴᠠᠭ ᠦᠶ᠎ᠡ ᠶᠢᠨ ᠰᠣᠷᠣᠭᠴᠢ ᠶᠢᠨ ᠦᠪᠡᠷᠮᠢᠴᠡ ᠣᠨᠴᠠᠯᠢᠭ ᠢ ᠦᠨᠳᠦᠰᠦᠯᠡᠵᠦ᠂ ᠰᠢᠨᠵᠢᠯᠡᠬᠦ ᠣᠬᠠᠭᠠᠨᠴᠢ ᠪᠠᠷ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠠᠩᠬᠢ ᠶᠢᠨ ᠬᠠᠮᠢᠶᠠᠷᠣᠯᠲᠠ ᠪᠠᠨ ᠪᠦᠳᠦᠮᠵᠢᠲᠠᠢ ᠴᠢᠩᠭᠠᠳᠬᠠᠭᠰᠠᠨ ᠪᠠᠶᠢᠬᠤ ᠬᠡᠷᠡᠭᠲᠡᠢ᠃ ᠬᠠᠷᠢᠨ ᠣᠯᠠᠮᠵᠢᠯᠠᠯᠲᠣ ᠬᠠᠮᠢᠶᠠᠷᠣᠯᠲᠠ ᠶᠢᠨ ᠠᠷᠭ᠎ᠠ ᠮᠠᠶ᠋ᠢᠭ ᠲᠤ ᠨᠢᠭᠡᠯᠡ ᠬᠦᠭ ᠢᠶᠠᠷ ᠲᠦᠰᠢᠭᠯᠡᠵᠦ ᠪᠣᠯᠬᠤ ᠦᠭᠡᠢ᠃ ᠠᠩᠬᠢ ᠶᠢᠨ ᠡᠷᠬᠢᠯᠡᠭᠴᠢ ᠪᠠᠭᠰᠢ ᠡᠷᠬᠡᠪᠰᠢ ᠠᠷᠠᠳᠴᠢᠯᠠᠯ ᠢᠶᠠᠷ ᠪᠦᠬᠦ ᠰᠣᠷᠣᠭᠴᠢ ᠳᠤ ᠬᠠᠨᠳᠣᠨ᠂ ᠰᠣᠷᠣᠭᠴᠢ ᠶᠢᠨ ᠬᠦᠮᠦᠨ ᠮᠦᠰᠦ ᠶᠢ ᠬᠦᠨᠳᠦᠳᠭᠡᠨ᠂ ᠰᠣᠷᠣᠭᠴᠢ ᠶᠢᠨ ᠰᠠᠶᠢᠨ ᠪᠠᠭᠰᠢ ᠮᠦᠷᠲᠡᠭᠡᠨ ᠰᠠᠶᠢᠨ ᠨᠠᠶᠢᠵᠢ ᠨᠢ ᠪᠣᠯᠵᠦ ᠠᠩᠬᠢ ᠶᠢᠨ ᠪᠦᠯᠬᠦᠮᠳᠡᠯ ᠤᠨ ᠬᠦᠴᠦᠨ ᠢ ᠲᠠᠰᠣᠷᠠᠯᠲᠠ ᠦᠭᠡᠢ ᠳᠡᠭᠡᠭᠰᠢᠯᠡᠭᠦᠯᠵᠦ ᠴᠢᠳᠠᠭᠰᠠᠨ ᠪᠠᠶᠢᠬᠤ ᠬᠡᠷᠡᠭᠲᠡᠢ᠃      ︵2︶ ᠵᠣᠬᠢᠴᠠᠭᠤᠯᠬᠤ ᠴᠢᠳᠠᠪᠣᠷᠢ      ᠣᠳᠣᠬᠢ ᠨᠡᠶᠢᠭᠡᠮ ᠡᠭᠡᠳᠡᠷᠡᠭᠡᠨ ᠪᠣᠳᠣᠯᠢᠶᠠᠨᠲᠠᠢ ᠪᠠᠶᠢᠵᠦ᠂ ᠬᠡᠷᠡᠭ ᠪᠣᠳᠠᠰ ᠪᠦᠭᠦᠨ ᠲᠠᠩ ᠭᠠᠭᠴᠠ ᠪᠠᠷ ᠣᠷᠣᠰᠢᠨ ᠲᠣᠭᠲᠠᠨᠢᠵᠦ ᠳᠡᠶᠢᠯᠬᠦ ᠦᠭᠡᠢ ᠪᠣᠯᠣᠭᠰᠠᠨ ᠪᠠᠶᠢᠳᠠᠭ᠃ ᠰᠣᠷᠣᠭᠴᠢ᠂ ᠪᠠᠭᠰᠢ᠂ ᠭᠡᠷ ᠤᠨ ᠠᠬᠠᠮᠠᠳ᠂ ᠰᠣᠷᠭᠠᠭᠤᠯᠢ᠂ ᠨᠡᠶᠢᠭᠡᠮ ᠬᠤᠭᠤᠷᠣᠨᠳᠣ ᠪᠠᠨ ᠰᠠᠯᠵᠤ ᠪᠤᠯᠤᠰᠢ ᠦᠭᠡᠢ ᠨᠢᠭᠲᠠ ᠬᠠᠷᠢᠴᠠᠭ᠎ᠠ ᠲᠠᠢ ᠪᠠᠶᠢᠳᠠᠭ᠃ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠨᠢ ᠳᠠᠷᠣᠢ ᠡᠳᠡᠭᠡᠷ ᠬᠠᠷᠢᠴᠠᠭᠠᠨ ᠤ ᠭᠤᠭᠴᠤᠭ᠎ᠠ ᠪᠣᠯᠬᠤ ᠶᠤᠮ᠃ ᠠᠩᠬᠢ ᠶᠢᠨ ᠪᠠᠭᠰᠢ ᠠᠴᠠ ᠰᠣᠷᠣᠭᠴᠢ ᠶᠢᠨ ᠦᠵᠡᠯ ᠰᠠᠨᠠᠭᠠᠨ ᠤ ᠬᠦᠮᠦᠵᠢᠯ ᠢ ᠬᠢᠬᠦ ᠳᠤ ᠴᠢᠳᠠᠮᠠᠭᠠᠢ ᠪᠠᠶᠢᠬᠤ ᠬᠡᠷᠡᠭᠲᠡᠢ ᠮᠦᠷᠲᠡᠭᠡᠨ ᠡᠯ᠎ᠡ ᠵᠦᠢᠯ‌‍ᠤᠨ ᠨᠡᠶᠢᠭᠡᠮ ᠤᠨ ᠬᠠᠷᠢᠴᠠᠭ᠎ᠠ ᠶᠢ ᠴᠢᠳᠠᠮᠠᠭᠠᠢ ᠵᠣᠬᠢᠴᠠᠭᠤᠯᠣᠨ᠂ ᠰᠣᠷᠣᠭᠴᠢ ᠶᠢᠨ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠳᠤ ᠰᠢᠯᠢᠳᠡᠭ ᠰᠠᠶᠢᠨ ᠣᠷᠴᠢᠨ ᠲᠣᠭᠤᠷᠢᠨ ᠢ ᠪᠣᠢ ᠪᠣᠯᠭᠠᠵᠦ ᠦᠭᠬᠦ ᠬᠡᠷᠡᠭᠲᠡᠢ᠃ ᠡᠶᠢᠮᠦ ᠠᠴᠠ ᠠᠩᠬᠢ ᠶᠢᠨ ᠡᠷᠬᠢᠯᠡᠭᠴᠢ ᠪᠠᠭᠰᠢ ᠶᠢᠨ ᠵᠣᠬᠢᠴᠠᠭᠤᠯᠬᠤ ᠦᠢᠯᠡᠳᠣᠯ ᠲᠣᠩ ᠴᠢᠬᠤᠯᠠ ᠶᠤᠮ᠃      3. ᠨᠡᠯᠢᠶᠡᠳ ᠰᠠᠶᠢᠨ ᠬᠡᠯᠡ ᠶᠠᠷᠢᠶᠠᠨ ᠤ ᠢᠯᠡᠳᠭᠡᠬᠦ ᠴᠢᠳᠠᠪᠣᠷᠢ      ᠬᠡᠯᠡ ᠶᠠᠷᠢᠶᠠᠨ ᠤ ᠢᠯᠡᠳᠭᠡᠬᠦ ᠴᠢᠳᠠᠪᠣᠷᠢ ᠪᠣᠯ ᠠᠩᠬᠢ ᠶᠢᠨ ᠡᠷᠬᠢᠯᠡᠭᠴᠢ ᠪᠠᠭᠰᠢ ᠶᠢᠨ ᠴᠢᠳᠠᠪᠣᠷᠢ ᠶᠢᠨ ᠪᠦᠳᠦᠴᠡ ᠳᠤ ᠬᠢ ᠴᠢᠬᠤᠯᠠ ᠡᠯᠧᠮᠧᠨ᠋ᠲ ᠶᠢᠨ ᠨᠢᠭᠡ ᠨᠢ ᠪᠣᠯᠣᠨ᠎ᠠ᠃ ᠮᠦᠨ ᠴᠦ ᠰᠣᠷᠭᠠᠨ ᠬᠦᠮᠦᠵᠢᠯ ᠤᠨ ᠦᠷ᠎ᠡ ᠪᠦᠲᠦᠮᠵᠢ ᠶᠢ ᠰᠢᠭᠤᠳ ᠨᠦᠯᠦᠭᠡᠯᠡᠬᠦ ᠴᠢᠬᠤᠯᠠ ᠨᠦᠬᠦᠴᠡᠯ ᠪᠣᠯᠳᠠᠭ᠃ ᠬᠡᠯᠡ ᠶᠠᠷᠢᠶᠠᠨ ᠤ ᠢᠯᠡᠳᠭᠡᠬᠦ ᠴᠢᠳᠠᠪᠣᠷᠢ ᠭᠡᠳᠡᠭ ᠨᠢ ᠳᠠᠷᠣᠢ ᠦᠪᠡᠷ ᠤᠨ ᠦᠵᠡᠯ ᠰᠠᠨᠠᠭ᠎ᠠ᠂ ᠣᠷᠮ᠎ᠠ ᠰᠡᠳᠬᠢᠯᠭᠡ᠂ ᠮᠡᠳᠡᠯᠭᠡ᠂ ᠬᠦᠰᠡᠯ᠂ ᠵᠣᠷᠢᠯᠭ᠎ᠠ ᠱᠠᠭᠠᠷᠳᠠᠯᠭ᠎ᠠ ᠵᠡᠷᠭᠡ ᠶᠢ ᠦᠭᠡ ᠬᠡᠯᠡ ᠪᠠᠷ ᠢᠯᠡᠳᠭᠡᠬᠦ ᠴᠢᠳᠠᠪᠦᠷᠢ ᠶᠢ ᠬᠡᠯᠡᠨ᠎ᠡ᠃ ᠠᠩᠬᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠣᠯᠲᠠ ᠨᠢ ᠠᠩᠬᠢ ᠶᠢᠨ ᠡᠷᠬᠢᠯᠡᠭᠴᠢ ᠶᠢᠨ ᠬᠡᠯᠡ ᠶᠠᠷᠢᠶᠠᠨ ᠤ ᠴᠢᠳᠠᠪᠣᠷᠢ ᠶᠢᠨ ᠬᠡᠪ ᠪᠣᠯᠪᠠᠰᠣᠷᠠᠯ ᠳᠤ ᠲᠣᠩ ᠦᠨᠳᠦᠷ ᠱᠠᠭᠠᠷᠳᠠᠯᠭ᠎ᠠ ᠶᠢ ᠳᠣᠷᠠᠳᠣᠭᠰᠠᠨ ᠪᠠᠶᠢᠳᠠᠭ᠃      ᠠᠩᠬᠢ ᠶᠢᠨ ᠡᠷᠬᠢᠯᠡᠭᠴᠢ ᠶᠢᠨ ᠦᠭᠡ ᠬᠡᠯᠡᠨ ᠤ ᠢᠯᠡᠳᠭᠡᠬᠦ ᠴᠢᠳᠠᠪᠣᠷᠢ ᠳᠤ ᠭᠤᠣᠯᠳᠠᠭᠤ ᠬᠡᠯᠡ ᠶᠠᠷᠢᠶᠠᠨ ᠤ ᠲᠠᠲᠠᠬᠤ ᠬᠦᠴᠦᠨ ᠪᠠ ᠬᠡᠯᠡ ᠶᠠᠷᠢᠶᠠᠨ ᠤ ᠣᠷ᠎ᠠ ᠳᠠᠮ ᠪᠠᠭᠲᠠᠨ᠎ᠠ᠃      ᠬᠦᠮᠦᠨ ᠤ ᠠᠩᠬᠠᠷᠣᠯ ᠢ ᠲᠠᠳᠠᠬᠤ ᠬᠦᠴᠦᠨ ᠲᠠᠢ ᠬᠡᠯᠡ ᠶᠠᠷᠢᠶ᠎ᠠ ᠨᠢ ᠴᠡᠪᠡᠷ ᠲᠤᠳᠤ᠂ ᠲᠣᠪᠴᠢ ᠠᠪᠰᠠᠷ᠂ ᠵᠣᠷᠢᠬᠵᠢᠭᠤᠯᠬᠤ ᠭᠦᠴᠦᠨ ᠪᠦᠬᠦᠢ ᠦᠭᠡ ᠬᠡᠯᠡ ᠶᠤᠮ᠃ ᠲᠡᠷᠠ ᠨᠢ ᠠᠩᠬᠢ ᠶᠢᠨ ᠡᠷᠬᠢᠯᠡᠭᠴᠢ ᠪᠠᠭᠰᠢ ᠶᠢᠨ ᠬᠡᠯᠡ ᠶᠠᠷᠢᠶᠠᠨ ᠤ ᠬᠡᠪ ᠪᠣᠯᠪᠠᠰᠣᠷᠠᠯ ᠤᠨ ᠪᠦᠷᠢᠯᠳᠦᠬᠦ ᠳᠤ ᠯᠣᠳᠤ ᠶᠡᠭᠡ ᠨᠦᠯᠦᠭᠡ ᠦᠵᠡᠭᠦᠯᠲᠡᠭ ᠶᠤᠮ᠃ ᠭᠤᠶᠣ ᠰᠠᠶᠢᠬᠠᠨ ᠦᠭᠡ ᠶᠠᠷᠢᠶ᠎ᠠ ᠪᠠᠷ ᠰᠣᠷᠣᠭᠴᠢ ᠶᠢᠨ ᠰᠡᠳᠬᠢᠯ ᠰᠠᠨᠠᠭ᠎ᠠ ᠶᠢ ᠬᠦᠨᠳᠡᠵᠤ᠂ ᠲᠡᠳᠡᠨ ᠳᠤ ᠴᠡᠪᠡᠷ ᠠᠷᠢᠭᠤᠨ ᠣᠶᠣᠨ ᠰᠠᠨᠠᠭᠠᠨ ᠤ ᠶᠢᠷᠲᠢᠨᠴᠦ ᠶᠢ ᠪᠦᠷᠢᠯᠳᠦᠭᠦᠯᠵᠦ ᠦᠭᠬᠦ ᠬᠡᠷᠡᠭᠲᠡᠢ᠃ ᠬᠠᠶᠢᠷ᠎ᠠ ᠬᠤᠷᠣᠰᠣᠯ᠂ ᠲᠠᠭᠠᠰᠢᠶᠠᠯ ᠵᠢᠪᠡᠭᠦᠴᠡᠯ ᠤᠨ ᠦᠩᠭᠡ ᠠᠶᠠᠰ ᠢᠯᠡ ᠲᠣᠳᠣ ᠪᠠᠶᠢᠵᠦ᠂ ᠭᠤᠣᠯᠳᠠᠯᠭ᠎ᠠ ᠳᠣᠪᠤᠶᠢᠮ᠎ᠠ᠂ ᠦᠵᠡᠯᠲᠡ ᠲᠠᠨᠢᠯᠲᠠ ᠭᠦᠨᠵᠡᠭᠡᠢ᠂ ᠬᠦᠮᠦᠨ ᠤ ᠠᠩᠬᠠᠷᠣᠯ ᠢ ᠲᠠᠳᠠᠵᠦ᠂ ᠰᠣᠷᠣᠭᠴᠢ ᠳᠤ ᠰᠡᠩᠬᠡᠷᠡᠭᠦᠯᠦᠯ ᠣᠯᠭᠤᠨ᠂ ᠰᠣᠷᠣᠭᠴᠢ ᠶᠢᠨ ᠦᠪᠡᠷ ᠤᠨ ᠣᠬᠠᠮᠰᠠᠷ ᠢ ᠬᠦᠮᠦᠵᠢᠭᠦᠯᠬᠦ ᠵᠣᠷᠢᠯᠭ᠎ᠠ ᠳᠤ ᠪᠠᠨ ᠬᠦᠷᠬᠦ ᠪᠣᠯᠣᠨ᠎ᠠ᠃ ᠵᠣᠷᠢᠬᠵᠢᠭᠤᠯᠬᠤ ᠬᠡᠯᠡ ᠶᠠᠷᠢᠶ᠎ᠠ ᠨᠢ ᠰᠣᠷᠣᠭᠴᠢ ᠳᠤ ᠬᠦᠳᠡᠯᠭᠡᠬᠦ ᠬᠦᠴᠦᠨ ᠣᠯᠭᠤᠨ᠂ ᠲᠡᠳᠡᠨ ᠤ ᠭᠤᠸ᠎ᠠ ᠰᠠᠶᠢᠬᠠᠨ ᠤ ᠲᠦᠯᠦᠭᠡ ᠬᠦᠭᠡᠭᠡᠴᠡᠯᠳᠦᠬᠦ ᠬᠦᠴᠦᠨ ᠢ ᠨᠡᠮᠡᠭᠳᠡᠭᠦᠯᠦᠨ᠂ ᠨᠡᠩ ᠦᠨᠳᠦᠷ ᠬᠠᠷᠠᠯᠲᠠ ᠳᠤ ᠬᠦᠷᠬᠦ ᠪᠠᠷ ᠴᠢᠷᠮᠠᠶᠢᠯᠭᠠᠳᠠᠭ᠃      ᠬᠡᠯᠡ ᠶᠠᠷᠢᠶᠠᠨ ᠤ ᠣᠷ᠎ᠠ ᠳᠠᠮ ᠳᠤ ᠡᠩ ᠲᠡᠷᠢᠭᠦᠨ ᠳᠤ ᠣᠷᠮ᠎ᠠ ᠰᠡᠳᠬᠢᠯᠭᠡ ᠪᠠᠨ ᠠᠩᠬᠠᠷᠬᠤ ᠬᠡᠷᠡᠭᠳᠡᠢ᠃ ᠰᠡᠳᠬᠢᠯ ᠰᠠᠨᠠᠭ᠎ᠠ ᠪᠠᠨ ᠡᠷᠬᠡᠪᠰᠢ ᠲᠣᠭᠲᠠᠭᠤᠨ ᠪᠠᠶᠢᠯᠭᠠᠵᠦ᠂ ᠦᠨᠡᠨᠴᠢ ᠡᠶᠡᠯᠳᠡᠭ ᠢᠶᠠᠷ ᠲᠡᠳᠡᠨ ᠲᠠᠢ ᠶᠠᠷᠢᠯᠴᠠᠭᠰᠠᠨ ᠪᠠᠶᠢᠬᠤ ᠬᠡᠷᠡᠭᠲᠡᠢ᠃ ︵ᠡᠩ ᠤᠨ ᠴᠠᠭ ᠲᠤ ᠪᠠᠭ᠎ᠠ ᠰᠠᠭ᠎ᠠ ᠵᠦᠷᠢᠴᠡᠯ ᠮᠦᠷᠭᠦᠯᠳᠦᠭᠡᠨ ᠲᠠᠢ ᠪᠠᠶᠢᠯ᠎ᠠ ᠴᠦ ᠭᠡᠰᠡᠨ ᠲᠡᠳᠡᠨ ᠢ ᠨᠠᠶᠢᠵᠠ ᠪᠠᠷ ᠦᠵᠡᠭᠰᠡᠨ ᠪᠠᠶᠢᠬᠤ ᠬᠡᠷᠡᠭᠲᠡᠢ︶ ᠬᠡᠷᠪᠡ ᠠᠭᠤᠷ ᠣᠮᠤᠭ ᠲᠠᠢ ᠪᠠᠷ ᠶᠠᠷᠢᠯᠴᠠᠭ᠎ᠠ ᠬᠢᠪᠡᠯ ᠵᠤᠷᠯᠳᠠ ᠳᠤ ᠪᠠᠨ ᠭᠦᠷᠴᠦ ᠴᠢᠳᠠᠳᠠᠬ ᠦᠭᠡᠢ᠃      4. ᠣᠷᠮ᠎ᠠ ᠰᠡᠳᠬᠢᠯᠭᠡ ᠪᠠᠨ ᠡᠵᠡᠮᠳᠡᠬᠦ ᠴᠢᠳᠠᠪᠣᠷᠢ      ᠰᠣᠷᠭᠠᠨ ᠬᠦᠮᠦᠵᠢᠯ ᠨᠢ ᠡᠯᠪᠡᠭ ᠪᠠᠶᠠᠯᠢᠭ ᠣᠷᠮ᠎ᠠ ᠰᠡᠳᠬᠢᠯᠭᠡ ᠶᠢᠨ ᠰᠠᠭᠤᠷᠢᠨ ᠳᠡᠭᠡᠷ᠎ᠡ ᠪᠠᠶᠢᠭᠤᠯᠣᠭᠳᠠᠭᠰᠠᠨ ᠪᠠᠶᠢᠳᠠᠭ᠃ ᠠᠩᠬᠢ ᠶᠢᠨ ᠡᠷᠬᠢᠯᠡᠭᠴᠢ ᠪᠠᠭᠰᠢ ᠣᠷᠮ᠎ᠠ ᠰᠡᠳᠬᠢᠯᠭᠡ ᠡᠯᠪᠡᠭ ᠪᠠᠶᠠᠯᠢᠭ ᠪᠠᠶᠢᠬᠤ ᠬᠡᠷᠡᠭᠳᠡᠢ ᠮᠦᠷᠲᠡᠭᠡᠨ ᠡᠭᠦᠨ ᠢ ᠪᠠᠨ ᠦᠪᠡᠷ ᠢᠶᠠᠨ ᠴᠢᠳᠠᠮᠠᠭᠠᠢ ᠡᠵᠡᠮᠳᠡᠵᠦ ᠴᠢᠳᠠᠭᠰᠠᠨ ᠪᠠᠶᠢᠬᠤ ᠬᠡᠷᠡᠭᠲᠡᠢ᠃ ᠣᠴᠢᠷ ᠨᠢ ᠠᠩᠬᠢ ᠶᠢᠨ ᠡᠷᠬᠢᠯᠡᠭᠴᠢ ᠪᠠᠭᠰᠢ ᠦᠵᠡᠯ ᠰᠠᠨᠠᠭᠠᠨ ᠤ ᠬᠦᠮᠦᠵᠢᠯ ᠬᠢᠬᠦ ᠳᠤ ᠪᠠᠨ ᠴᠠᠭ ᠭᠠᠵᠠᠷ ᠤᠨ ᠢᠯᠭᠠᠯ ᠦᠭᠡᠢ ᠢᠮᠠᠭᠲᠠ ᠪᠣᠳᠣᠯᠢᠶᠠᠨᠲᠠᠢ ᠰᠠᠨᠠᠭᠠᠨ ᠳᠤ ᠦᠭᠡᠢ ᠪᠠᠶᠢᠳᠠᠯ ᠪᠣᠶᠣ ᠰᠢᠢᠳᠪᠦᠷᠢᠯᠡᠬᠦ ᠳᠤ ᠬᠦᠴᠢᠷᠲᠡᠢ ᠠᠰᠠᠭᠤᠳᠠᠯ ᠳᠤ ᠲᠣᠯᠭᠠᠷᠠᠵᠦ ᠮᠡᠳᠡᠬᠦ ᠶᠤᠮ᠃ ᠣᠴᠢᠷ ᠶᠠᠪᠣᠳᠠᠯ ᠤᠨ ᠪᠦᠬᠦ ᠦᠩᠭᠡᠷᠡᠯᠲᠡ ᠶᠢ ᠲᠣᠳᠣᠷᠬᠠᠢ ᠮᠡᠳᠡᠬᠦ ᠠᠴᠠ ᠡᠮᠦᠨ᠎ᠡ ᠯᠠᠪᠳᠠᠭᠤᠨ ᠲᠣᠭᠲᠠᠭᠤᠨ ᠪᠠᠶᠢᠬᠤ ᠬᠡᠷᠡᠭᠲᠡᠢ᠃ ᠠᠰᠠᠭᠤᠳᠠᠯ ᠢ ᠪᠣᠰᠣᠳᠴᠢ ᠪᠠᠷ ᠵᠠᠳᠠᠯᠣᠨ᠂ ᠦᠨᠡᠨ ᠠᠴᠠ ᠵᠦᠪ ᠢ ᠡᠷᠢᠬᠦ ᠡᠭᠦᠳᠡᠨ ᠠᠴᠠ ᠠᠰᠠᠭᠤᠳᠠᠯ ᠢ ᠰᠢᠢᠳᠪᠦᠷᠢᠯᠡᠵᠦ᠂ ᠬᠦᠩᠭᠡᠨ ᠬᠠᠭᠤᠳᠠᠮ ᠢᠶᠠᠷ ᠰᠢᠢᠳᠪᠦᠷᠢᠯᠡᠭᠰᠡᠨ ᠠᠴᠠ ᠪᠣᠯᠵᠦ ᠵᠣᠬᠢᠰ ᠦᠭᠡᠢ ᠦᠷ᠎ᠡ ᠳ᠋ᠦᠩ ᠳᠤ ᠬᠦᠷᠬᠦ ᠠᠴᠠ ᠵᠠᠶᠢᠯᠠᠰᠬᠢᠬᠤ ᠬᠡᠷᠡᠭᠲᠡᠢ᠃ ᠠᠩᠬᠢ ᠶᠢᠨ ᠡᠷᠬᠢᠯᠡᠭᠴᠢ ᠪᠠᠭᠰᠢ ᠪᠣᠯᠬᠤ ᠬᠦᠮᠦᠰ ᠬᠠᠶᠢᠷ᠎ᠠ᠂ ᠬᠤᠷᠣᠰᠣᠯ᠂ ᠪᠠᠶᠠᠷ᠂ ᠭᠤᠨᠢᠭᠲᠣ ᠣᠴᠠᠷᠠᠯ ᠳᠤ ᠪᠦᠷ ᠵᠤᠬᠢᠬᠤ ᠬᠡᠮᠵᠢᠶᠡᠨ ᠤ ᠵᠣᠬᠢᠴᠠᠭᠤᠯᠬᠤ ᠴᠢᠳᠠᠪᠤᠷᠢ ᠪᠠᠶᠢᠬᠤ ᠬᠡᠷᠡᠭᠲᠡᠢ᠃ ᠪᠡᠶ᠎ᠡ ᠪᠠᠨ ᠪᠠᠷᠢᠵᠦ ᠳᠡᠶᠢᠯᠬᠦ ᠦᠭᠡᠢ ᠠᠴᠠ ᠪᠣᠯᠵᠦ ᠬᠡᠳᠤ ᠰᠡᠳᠬᠢᠯ ᠬᠦᠳᠡᠯᠦᠭᠰᠡᠨ ᠰᠣᠷᠭᠠᠨ ᠬᠦᠮᠦᠵᠢᠯ ᠨᠢ ᠰᠣᠷᠣᠭᠴᠢ ᠳᠤ ᠮᠠᠭᠤ ᠮᠠᠭᠤᠬᠠᠢ ᠨᠦᠯᠦᠭᠡ ᠦᠭᠴᠦ᠂ ᠵᠣᠬᠢᠰ ᠦᠭᠡᠢ ᠦᠷ᠎ᠡ ᠳ᠋ᠦᠩ ᠳᠤ ᠭᠦᠷᠭᠡᠭᠦ ᠪᠤᠯᠤᠨ᠎ᠠ᠃ ᠰᠢᠯᠢᠳᠡᠭ ᠰᠠᠶᠢᠨ ᠣᠷᠮ᠎ᠠ ᠰᠡᠳᠬᠢᠯᠭᠡ ᠪᠠᠷ ᠰᠣᠷᠣᠭᠴᠢ ᠶᠢ ᠨᠦᠯᠦᠭᠡᠯᠡᠵᠦ ᠬᠦᠮᠦᠵᠢᠬᠦᠯᠬᠦ ᠬᠡᠷᠡᠭᠲᠡᠢ᠃ ᠠᠩᠬᠢ ᠶᠢᠨ ᠡᠷᠬᠢᠯᠡᠭᠴᠢ ᠪᠠᠭᠰᠢ ᠶᠢᠨ ᠣᠷᠮ᠎ᠠ ᠰᠡᠳᠬᠢᠯᠭᠡ ᠨᠢ ᠰᠣᠷᠣᠭᠴᠢ ᠶᠢᠨ ᠣᠷᠮ᠎ᠠ ᠰᠡᠳᠬᠢᠯᠭᠡ ᠶᠢ ᠰᠢᠭᠤᠳ ᠨᠦᠯᠦᠭᠡᠯᠡᠳᠡᠭ ᠶᠤᠮ᠃ ᠰᠣᠷᠣᠭᠴᠢ ᠶᠢᠨ ᠣᠷᠮ᠎ᠠ ᠰᠡᠳᠬᠢᠯᠭᠡ ᠨᠢ ᠳᠠᠬᠢᠨ ᠠᠩᠬᠢ ᠶᠢᠨ ᠡᠷᠬᠢᠯᠡᠭᠴᠢ ᠪᠠᠭᠰᠢ ᠳᠤ ᠰᠦᠷᠭᠡᠣ ᠦᠢᠯᠡᠳᠣᠯ ᠦᠵᠡᠭᠦᠯᠳᠡᠭ᠃ ᠠᠩᠬᠢ ᠶᠢᠨ ᠡᠷᠬᠢᠯᠡᠭᠴᠢ ᠪᠠᠭᠰᠢ ᠣᠷᠮ᠎ᠠ ᠰᠡᠳᠬᠢᠯᠭᠡ ᠪᠠᠨ ᠰᠠᠶᠢᠲᠣᠷ ᠡᠵᠡᠮᠳᠡᠪᠡᠯ᠂ ᠳᠠᠷᠢᠬᠢ ᠪᠠᠨ ᠬᠡᠷᠡᠭᠯᠡᠬᠦ ᠴᠢᠳᠠᠪᠣᠷᠢ ᠨᠢ ᠳᠡᠭᠡᠭᠰᠢᠯᠡᠬᠦ ᠪᠠᠷ ᠦᠯᠦ ᠪᠠᠷᠠᠨ ᠦᠪᠡᠷ ᠤᠨ ᠪᠡᠶ᠎ᠡ ᠶᠢᠨ ᠨᠢᠭᠤᠭᠳᠠᠮᠠᠯ ᠴᠢᠳᠠᠪᠣᠷᠢ ᠪᠠᠨ ᠴᠦ ᠭᠦᠢᠴᠡᠳ ᠢᠯᠡᠷᠡᠭᠦᠯᠵᠦ ᠳᠡᠶᠢᠯᠬᠦ ᠪᠣᠯᠣᠨ᠎ᠠ᠃      ᠳᠦᠷᠪᠡ᠂ ᠡᠷᠡᠭᠦᠯ ᠴᠢᠬᠢᠷᠠᠭ ᠪᠡᠶ᠎ᠡ ᠮᠠᠬᠠᠪᠣᠳ ᠤᠨ ᠬᠡᠪ ᠴᠢᠨᠠᠷ ᠨᠢ ᠰᠢᠯᠢᠳᠡᠭ ᠠᠩᠬᠢ ᠶᠢᠨ ᠡᠷᠬᠢᠯᠡᠭᠴᠢ ᠪᠠᠭᠰᠢ ᠪᠣᠯᠬᠤ ᠶᠢᠨ ᠪᠠᠲᠣᠯᠠᠭ᠎ᠠ      ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠨᠢ ᠲᠣᠩ ᠵᠦᠳᠡᠷᠡᠯᠲᠡᠢ ᠠᠵᠢᠯ ᠶᠤᠮ᠃ ᠡ᠊ᠨᠡ ᠭᠦ ᠬᠦᠴᠢᠷ ᠲᠦᠪᠡᠭᠲᠡᠢ ᠬᠦᠳᠡᠯᠮᠦᠷᠢ ᠶᠢ ᠬᠢᠬᠦ ᠳᠤ ᠳᠠᠷᠢᠬᠢ ᠬᠡᠷᠡᠭᠯᠡᠵᠦ ᠰᠡᠳᠬᠢᠬᠦ ᠪᠠᠷ ᠦᠯᠦ ᠪᠠᠷᠠᠨ ᠶᠡᠭᠡ ᠬᠡᠮᠵᠢᠶᠡᠨ ᠤ ᠪᠡᠶ᠎ᠡ ᠶᠢᠨ ᠬᠦᠳᠡᠯᠮᠦᠷᠢ ᠶᠢ ᠵᠠᠷᠣᠴᠠᠭᠤᠯᠳᠠᠭ᠃ ᠠᠩᠬᠢ ᠶᠢᠨ ᠡᠷᠬᠢᠯᠡᠭᠴᠢ ᠪᠠᠭᠰᠢ ᠶᠢᠨ ᠪᠡᠶ᠎ᠡ ᠮᠠᠬᠠᠪᠣᠳ ᠤᠨ ᠬᠡᠪ ᠴᠢᠨᠠᠷ ᠲᠤ ᠨᠢᠭᠡ ᠬᠡᠮᠵᠢᠶᠡᠨ ᠤ ᠱᠠᠭᠠᠷᠳᠠᠯᠭ᠎ᠠ ᠲᠠᠢ ᠪᠠᠶᠢᠳᠠᠬ᠃ ᠠᠩᠬᠢ ᠶᠢᠨ ᠡᠷᠬᠢᠯᠡᠭᠴᠢ ᠪᠠᠭᠰᠢ ᠰᠢᠯᠢᠳᠡᠭ ᠰᠠᠶᠢᠨ ᠪᠡᠶ᠎ᠡ ᠮᠠᠬᠠᠪᠣᠳ ᠤᠨ ᠨᠦᠬᠦᠴᠡᠯ ᠢ ᠪᠦᠷᠢᠯᠳᠦᠭᠦᠯᠵᠦ ᠳᠡᠶᠢᠯᠬᠦ ᠦᠭᠡᠢ ᠪᠣᠯ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠤᠨ ᠭᠦᠨᠴᠡ ᠶᠢᠨ ᠬᠡᠮᠵᠢᠶ᠎ᠡ ᠪᠤᠯᠤᠨ ᠦᠷᠭᠡᠵᠢᠯ ᠤᠨ ᠬᠡᠮᠵᠢᠶ᠎ᠡ ᠶᠢ ᠨᠦᠯᠦᠭᠡᠯᠡᠬᠦ ᠪᠦᠭᠡᠳ ᠠᠩᠬᠢ ᠶᠢᠨ ᠡᠷᠬᠢᠯᠡᠭᠴᠢ ᠪᠠᠭᠰᠢ ᠶᠢᠨ ᠮᠡᠳᠡᠯᠭᠡ ᠴᠢᠳᠠᠪᠣᠷᠢ ᠪᠠᠨ ᠪᠠᠳᠠᠷᠠᠭᠤᠯᠬᠤ ᠶᠢ ᠨᠦᠯᠦᠭᠡᠯᠡᠳᠡᠭ᠃ ᠡᠶᠢᠮᠦ ᠠᠴᠠ ᠪᠡᠶ᠎ᠡ ᠮᠠᠬᠠᠪᠣᠳ ᠤᠨ ᠬᠡᠪ ᠴᠢᠨᠠᠷ ᠨᠢ ᠠᠩᠬᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠣᠯᠲᠠ ᠶᠢᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠬᠦ ᠶᠢᠨ ᠪᠠᠲᠣᠯᠠᠭ᠎ᠠ ᠪᠣᠯᠬᠤ ᠶᠤᠮ᠃      ᠶᠡᠷᠦᠩᠬᠡᠶᠢᠯᠡᠪᠡᠯ᠂ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠨᠢ ᠶᠡᠷᠣᠩᠬᠡᠶᠢᠯᠡᠭᠰᠡᠨ ᠬᠡᠪ ᠴᠢᠨᠠᠷ ᠲᠤ ᠪᠦᠬᠦ ᠲᠠᠯ᠎ᠠ ᠶᠢᠨ ᠱᠠᠭᠠᠷᠳᠠᠯᠭ᠎ᠠ ᠲᠠᠯᠪᠢᠭᠰᠠᠨ ᠪᠠᠶᠢᠳᠠᠭ᠃ ᠨᠢᠭᠡᠨ ᠰᠢᠯᠢᠳᠡᠭ ᠰᠠᠶᠢᠨ ᠠᠩᠬᠢ ᠶᠢᠨ ᠡᠷᠬᠢᠯᠡᠭᠴᠢ ᠪᠠᠭᠰᠢ ᠪᠣᠯᠣᠶ᠎ᠠ ᠭᠡᠪᠡᠯ ᠡᠳᠡᠭᠡᠷ ᠱᠠᠭᠠᠷᠳᠠᠯᠭ᠎ᠠ ᠪᠠᠷ ᠪᠡᠶ᠎ᠡ ᠪᠠᠨ ᠱᠠᠭᠠᠷᠳᠠᠨ᠂ ᠪᠠᠭᠰᠢ ᠶᠢᠨ ᠶᠣᠰᠣ ᠰᠣᠷᠲᠠᠬᠤᠨ ᠤ ᠬᠡᠪ ᠴᠢᠨᠠᠷ᠂ ᠠᠵᠢᠯ ᠦᠢᠯᠡᠰ ᠤᠨ ᠬᠠᠷᠢᠭᠤᠴᠠᠯᠭᠠᠲᠤ ᠰᠡᠳᠬᠢᠯᠭᠡ᠂ ᠶᠡᠷᠦᠩᠬᠡᠶᠢᠯᠡᠭᠰᠡᠨ ᠬᠡᠪ ᠴᠢᠨᠠᠷ ᠪᠠ ᠪᠡᠶ᠎ᠡ ᠮᠠᠬᠠᠪᠣᠳ ᠤᠨ ᠬᠡᠪ ᠴᠢᠨᠠᠷ ᠢᠶᠠᠨ ᠲᠠᠰᠣᠷᠠᠯᠲᠠ ᠦᠭᠡᠢ ᠳᠡᠭᠡᠭᠰᠢᠯᠡᠭᠦᠯᠪᠠᠯ ᠰᠠᠶ᠋ᠢ ᠣᠷᠣᠭᠰᠢᠯᠠᠨ ᠳᠠᠪᠰᠢᠬᠤ ᠵᠣᠷᠢᠭ ᠰᠠᠨᠠᠭ᠎ᠠ ᠲᠠᠢ᠂ ᠨᠢᠭᠲᠠ ᠴᠢᠩᠭ᠎ᠠ ᠪᠦᠯᠬᠦᠮᠳᠡᠯ ᠤᠨ ᠬᠦᠴᠦᠨ ᠲᠠᠢ ᠰᠢᠯᠢᠳᠡᠭ ᠰᠠᠶᠢᠨ ᠠᠩᠬᠢ ᠨᠢᠭᠡᠴᠢ ᠶᠢ ᠣᠳᠣᠷᠢᠳᠣᠨ ᠳᠠᠭᠠᠭᠤᠯᠵᠦ᠂ ᠨᠡᠩ ᠣᠯᠠᠨ ᠰᠢᠯᠢᠳᠡᠭ ᠰᠣᠷᠣᠭᠴᠢ ᠶᠢ ᠬᠦᠮᠦᠵᠢᠭᠦᠯᠵᠤ ᠴᠢᠳᠠᠨ᠎ᠠ᠃       ᠬᠠᠶ᠋ᠢᠬ᠄ ᠠᠷᠤ ᠬᠤᠷᠴᠢᠨ ᠬᠤᠰᠢᠭᠤᠨ ᠤ ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ                                  ︵ᠴ᠊ · ᠲᠤᠭᠳᠠᠭᠤᠨ ᠨᠠᠶᠢᠷᠠᠭᠤᠯᠪᠠ︶                                 2019 ᠣᠨ ᠤ 11 ᠳ᠋ᠦ᠋ᠭᠡᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map