ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠳᠤᠬᠠᠢ ᠵᠦᠪᠯᠡᠮᠵᠢ
ᠨᠡᠶᠢᠲᠡᠯᠡᠭᠰᠡᠨ ᠴᠠᠭ᠄
2020/5/12
                                ᠤᠷᠠᠨᠰᠤᠪᠤᠳ      ︽ᠳᠡᠯᠡᠬᠡᠢ ᠳ᠋ᠡᠬᠢᠨ ᠳᠤ ᠠᠳᠠᠯᠢᠬᠠᠨ ᠬᠤᠶᠠᠷ ᠨᠠᠪᠴᠢ ᠪᠠᠶᠢᠳᠠᠬ ᠦᠭᠡᠢ︾ ᠭᠡᠳᠡᠭ ᠢᠶᠠᠷ ᠶᠠᠮᠠᠷᠪᠠ ᠬᠡᠷᠡᠭ ᠪᠤᠳᠠᠰ ᠲᠤ ᠪᠦᠷ ᠲᠥᠭᠡᠮᠡᠯ ᠲᠠᠯ᠎ᠠ ᠪᠠ ᠥᠪᠡᠷᠮᠢᠴᠡ ᠲᠠᠯ᠎ᠠ ᠲᠠᠢ᠃ ᠠᠳᠠᠯᠢᠬᠠᠨ ᠢᠶᠠᠷ ᠠᠩᠬᠢ ᠶᠢᠨ ᠠᠵᠢᠯ ᠤᠨ ᠬᠠᠮᠢᠶᠠᠷᠤᠯᠳᠠ ᠳᠤ ᠴᠤ ᠲᠥᠭᠡᠮᠡᠯ ᠣᠨᠴᠠᠯᠢᠭ ᠪᠠ ᠥᠪᠡᠷᠮᠢᠴᠡ ᠣᠨᠴᠠᠯᠢᠭ ᠲᠠᠢ ᠪᠠᠶᠢᠬᠤ ᠨᠢ ᠶᠠᠷᠢᠶᠠᠨ ᠦᠭᠡᠢ᠃      ᠡ᠊ᠨᠳᠡ ᠪᠢ ᠠᠩᠬᠢ ᠶᠢᠨ ᠬᠠᠮᠢᠶᠠᠷᠤᠯᠳᠠ ᠶᠢᠨ ᠠᠵᠢᠯ ᠤᠨ ᠳᠤᠬᠠᠢ ᠳᠤᠪᠴᠢᠬᠠᠨ ᠶᠠᠷᠢᠶ᠎ᠠ᠃      ᠨᠢᠭᠡ᠂ ᠡᠩ ᠲᠡᠷᠢᠭᠦᠨ ᠳᠤ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠢ ᠭᠠᠷᠳᠠᠨ ᠠᠪᠬᠤ ᠳᠤ ᠦᠵᠡᠯ ᠰᠠᠨᠠᠭᠠᠨ ᠤ ᠲᠠᠯ᠎ᠠ ᠪᠠᠷ ᠪᠦᠷᠢᠨ ᠪᠡᠯᠡᠳᠬᠡᠯ ᠲᠠᠢ ᠪᠠᠶᠢᠬᠤ ᠬᠡᠷᠡᠭᠲᠠᠢ      ᠤᠳᠤᠬᠠᠨ ᠤ ᠪᠠᠶᠢᠳᠠᠯ ᠠᠴᠠ ᠦᠵᠡᠬᠦ ᠳᠤ᠂ ᠬᠤᠪᠢ ᠬᠦᠮᠦᠨ ᠠᠩᠬᠢ ᠶᠢᠨ ᠡᠷᠬᠢᠯᠡᠭᠴᠢ ᠪᠠᠭᠰᠢ ᠪᠤᠯᠬᠤ ᠪᠠᠷ ᠡᠷᠭᠦᠳᠡᠯ ᠲᠡᠪᠰᠢᠭᠦᠯᠭᠦ ᠪᠤᠶᠤ ᠰᠤᠷᠭᠠᠭᠤᠯᠢ ᠠᠴᠠ ᠰᠢᠭᠤᠳ ᠡᠭᠦᠷᠭᠡ ᠲᠠᠭᠠᠭᠠᠯᠭᠠᠬᠤ ᠬᠡᠯᠪᠡᠷᠢ ᠪᠠᠷ ᠠᠩᠬᠢ ᠶᠢᠨ ᠡᠷᠬᠢᠯᠡᠭᠴᠢ ᠪᠠᠭᠰᠢ ᠶᠢ ᠳᠤᠭᠳᠠᠭᠠᠵᠤ ᠪᠠᠶᠢᠨ᠎ᠠ᠃ ︽ᠠᠵᠢᠯ ᠬᠢᠪᠡᠯ ᠳᠠᠭᠤᠰᠳᠠᠯ᠎ᠠ᠂ ᠳᠠᠪᠤᠰᠤ ᠬᠢᠪᠡᠯ ᠠᠭᠤᠰᠳᠠᠯ᠎ᠠ︾ ᠭᠡᠳᠡᠭ ᠢᠶᠠᠷ ᠬᠢᠪᠡᠯ ᠵᠠᠪᠠᠯ ᠰᠠᠶᠢᠨ ᠬᠢᠬᠦ ᠬᠡᠷᠡᠭᠳᠠᠢ᠃ ᠨᠢᠭᠡ ᠠᠵᠢᠯ ᠢ ᠬᠢᠬᠦ ᠳᠤ ᠰᠡᠳᠬᠢᠯ ᠰᠢᠭᠤᠳᠬᠤ ᠦᠭᠡᠢ᠂ ᠡᠷᠡᠬᠡᠯᠵᠡᠭᠡ ᠲᠠᠢ᠂ ᠬᠡᠷᠪᠡ ᠳᠤᠷ᠎ᠠ ᠦᠭᠡᠢ ᠪᠣᠯ ᠡᠷᠡᠮᠡᠯᠵᠡᠭᠰᠡᠨ ᠤ ᠬᠡᠷᠡᠭ ᠦᠭᠡᠢ᠂ ᠬᠦᠯᠢᠶᠡᠨ ᠠᠪᠤᠭᠰᠠᠨ ᠤ ᠴᠦ ᠴᠢᠬᠤᠯᠠ ᠦᠭᠡᠢ᠃ ᠢᠡᠭᠬᠢᠭᠦ ᠨᠢ ᠬᠡᠦᠬᠡᠳ ᠢ ᠦᠭᠡᠶ ᠬᠢᠵᠦ ᠮᠡᠳᠡᠭᠦ ᠮᠦᠷᠳᠡᠭᠡᠨ ᠴᠠᠭᠠᠰᠢᠯᠠᠪᠠᠯ ᠰᠤᠷᠭᠠᠭᠤᠯᠢ ᠶᠢᠨ ᠠᠵᠢᠯ ᠳᠤ ᠴᠦ ᠬᠠᠷᠰᠢ ᠪᠤᠯᠤᠨ᠎ᠠ᠃ ᠡᠶᠢᠮᠦ ᠠᠴᠠ ᠠᠩᠬᠢ ᠶᠢᠨ ᠡᠷᠬᠢᠯᠡᠭᠴᠢ ᠪᠠᠭᠰᠢ ᠪᠤᠯᠤᠨ᠎ᠠ ᠭᠡᠪᠡᠯ ᠡᠷᠬᠡᠪᠰᠢ ᠦᠵᠡᠯ ᠰᠠᠨᠠᠭᠠᠨ ᠤ ᠲᠠᠯ᠎ᠠ ᠪᠠᠷ ᠭᠦᠢᠴᠡᠳ ᠪᠡᠯᠡᠳᠬᠡᠯ ᠬᠢᠵᠦ ︽ᠠᠩᠬᠢ ᠪᠠᠨ ᠵᠠᠪᠠᠯ ᠰᠠᠶᠢᠨ ᠡᠷᠬᠢᠯᠡᠶ᠎ᠡ︾ ᠭᠡᠰᠡᠨ ᠡᠷᠡᠰ ᠰᠢᠭᠤᠷᠬᠠᠢ ᠵᠤᠷᠢᠭ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠬᠤ ᠬᠡᠷᠡᠭᠳᠠᠢ᠃ ᠡ᠊ᠨᠡ ᠪᠣᠯ ᠬᠠᠮᠤᠭ ᠴᠢᠬᠤᠯᠠ᠃ ᠮᠦᠨ ᠴᠦ ᠪᠠᠭᠰᠢ ᠬᠦᠮᠦᠨ ᠤ ᠬᠠᠮᠤᠭ ᠤᠨ ᠳᠡᠭᠡᠳᠦ ᠬᠠᠷᠢᠭᠤᠴᠠᠯᠭ᠎ᠠ ᠪᠤᠯᠬᠤ ᠶᠤᠮ᠃      ᠬᠤᠶᠠᠷ᠂ ᠰᠤᠷᠤᠭᠴᠢ ᠪᠠᠨ ᠰᠠᠶᠢᠳᠤᠷ ᠰᠤᠳᠤᠯᠵᠤ᠂ ᠣᠶᠢᠯᠠᠭᠠᠬᠤ ᠶᠢ ᠣᠨᠴᠠ ᠠᠩᠬᠠᠷᠬᠤ ᠬᠡᠷᠡᠭᠳᠡᠢ      ᠰᠤᠷᠤᠭᠴᠢ ᠶᠢᠨ ᠭᠡᠷ ᠪᠦᠯᠢ᠂ ᠵᠠᠩ ᠠᠷᠠᠨᠰᠢᠨ᠂ ᠰᠡᠳᠬᠢᠴᠡ᠂ ᠠᠮᠢᠳᠤᠷᠠᠯ ᠤᠨ ᠪᠠᠶᠢᠳᠠᠯ ᠵᠡᠷᠭᠡ ᠶᠢ ᠨᠢ ᠠᠯᠠᠭᠠᠨ ᠵᠢᠷᠤᠭᠠᠰᠤ ᠪᠠᠨ ᠰᠢᠬ ᠳᠤᠳᠤᠷᠬᠠᠢ ᠮᠡᠳᠡᠵᠦ ᠠᠪᠬᠤ ᠪᠣᠯ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠤᠨ ᠬᠠᠮᠤᠭ ᠤᠨ ᠴᠢᠬᠤᠯᠠ ᠵᠦᠢᠯ ᠶᠤᠮ᠃ ᠪᠢ ᠰᠤᠷᠤᠭᠴᠢ ᠪᠠᠨ ᠬᠦᠯᠢᠶᠡᠨ ᠠᠪᠤᠮᠠᠭᠴᠠ ᠪᠠᠨ ᠨᠠᠷᠢᠨ ᠨᠢᠮᠪᠠᠢ ᠠᠰᠠᠭᠤᠨ ᠯᠠᠪᠯᠠᠵᠤ᠂ ᠣᠶᠢᠯᠠᠭᠠᠵᠤ ᠠᠪᠬᠤ ᠶᠢ ᠡᠷᠬᠢᠮᠯᠡᠳᠡᠭ᠃ ᠡᠭᠦᠨ ᠳᠤ ᠰᠤᠷᠤᠭᠴᠢ ᠶᠢᠨ ᠲᠤᠰ ᠪᠡᠶ᠎ᠡ ᠲᠠᠢ ᠨᠢ ᠶᠠᠷᠢᠯᠴᠠᠬᠤ᠂ ᠭᠡᠷ ᠤᠨ ᠠᠬᠠᠮᠠᠳ ᠠᠴᠠ ᠨᠢ ᠯᠠᠪᠯᠠᠬᠤ᠂ ᠬᠠᠮᠳᠤ ᠨᠦᠬᠦᠳ ᠠᠴᠠ ᠨᠢ ᠠᠰᠠᠭᠤᠬᠤ ᠵᠡᠷᠭᠡ ᠠᠷᠭ᠎ᠠ ᠪᠠᠷ ᠰᠤᠷᠤᠭᠴᠢ ᠶᠢᠨ ᠳᠤᠬᠠᠢ ᠭᠦᠨᠵᠡᠭᠡᠢ ᠤᠶᠢᠯᠠᠭᠠᠯᠲᠠ ᠲᠠᠢ ᠪᠤᠯᠳᠠᠭ᠃ ᠠᠩᠬᠢ ᠶᠢᠨ ᠡᠷᠬᠢᠯᠡᠭᠴᠢ ᠪᠠᠭᠰᠢ ᠪᠠᠰᠠ ᠥᠪᠡᠷ ᠢ ᠪᠠᠨ ᠰᠤᠷᠤᠭᠴᠢᠳ ᠲᠤ ᠤᠶᠢᠯᠠᠭᠠᠭᠤᠯᠬᠤ ᠬᠡᠷᠡᠭᠳᠠᠢ᠃ ᠢᠩᠬᠢᠵᠦ ᠬᠠᠷᠢᠯᠴᠠᠨ ᠰᠠᠶᠢᠨ ᠤᠶᠢᠯᠠᠭᠠᠴᠢᠬᠠᠪᠠᠯ ᠪᠠᠭᠰᠢ ᠰᠤᠷᠤᠭᠴᠢ ᠶᠢᠨ ᠰᠡᠳᠬᠢᠯ ᠤᠨ ᠵᠠᠢ ᠣᠯᠠᠮ ᠣᠶᠢᠷ᠎ᠠ ᠪᠤᠯᠵᠤ᠂ ᠰᠤᠷᠤᠭᠴᠢ ᠴᠦ ᠰᠡᠳᠭᠢᠯ ᠤᠨ ᠦᠭᠡ ᠪᠠᠨ ᠪᠠᠭᠰᠢ ᠳᠤ ᠪᠠᠨ ᠨᠢᠭᠤᠯ ᠦᠭᠡᠢ ᠶᠠᠷᠢᠬᠤ ᠪᠤᠯᠤᠨ᠎ᠠ᠃ ᠨᠡᠩ ᠴᠦ ᠤᠳᠤ ᠶᠢᠨ ᠬᠡᠦᠬᠡᠳ ᠤᠳ ᠬᠦᠴᠢᠷ ᠢ ᠳᠡᠰᠪᠤᠷᠢᠯᠡᠵᠦ ᠳᠡᠶᠢᠯᠬᠦ ᠦᠭᠡᠢ᠂ ᠠᠯᠵᠠᠭᠤ ᠵᠠᠯᠬᠠᠭᠤ᠂ ᠵᠤᠵᠢᠭ ᠵᠦᠷᠢᠭᠦᠳ᠂ ᠪᠤᠰᠤᠳ ᠲᠤ ᠬᠡᠯᠡᠭᠳᠡᠬᠦ ᠳᠤᠷ᠎ᠠ ᠦᠭᠡᠢ᠂ ᠰᠡᠳᠬᠢᠴᠡ ᠨᠢ ᠬᠡᠪᠡᠷᠡᠭ ᠪᠤᠯᠵᠤ ᠪᠠᠶᠢᠨ᠎ᠠ᠃ ᠶᠠᠭ ᠡᠶᠢᠮᠦᠷᠬᠦᠤ ᠪᠠᠶᠢᠳᠠᠯ ᠳᠤ ᠰᠤᠷᠤᠭᠴᠢ ᠪᠠᠨ ᠰᠤᠳᠤᠯᠵᠤ᠂ ᠰᠤᠷᠤᠭᠴᠢ ᠪᠠᠨ ᠤᠶᠢᠯᠠᠭᠠᠵᠦ᠂ ᠰᠤᠷᠭᠠᠨ ᠬᠦᠮᠦᠵᠢᠭᠦᠯᠬᠦ ᠠᠷᠭ᠎ᠠ ᠠᠪᠴᠠᠯ ᠢᠶᠠᠨ ᠵᠥᠪ ᠪᠠᠶᠢᠯᠭᠠᠬᠤ ᠪᠣᠯ ᠲᠦᠢᠯ ᠤᠨ ᠴᠢᠬᠤᠯᠠ ᠶᠤᠮ᠃      ︽ᠡᠪᠡᠳᠴᠢᠨ ᠳᠤ ᠨᠢ ᠳᠤᠬᠢᠷᠠᠭᠤᠯᠵᠤ ᠡᠮ ᠬᠡᠷᠡᠭᠯᠡᠨ᠎ᠡ︾ ᠭᠡᠳᠡᠭ ᠢᠶᠠᠷ ᠰᠤᠷᠤᠭᠴᠢ ᠪᠠᠨ ᠰᠠᠶᠢᠨ ᠣᠶᠢᠯᠠᠭᠠᠵᠤ ᠠᠪᠤᠪᠠᠯ ᠬᠦᠮᠦᠵᠢᠭᠦᠯᠵᠦ ᠰᠤᠷᠭᠠᠬᠤ ᠳᠤ ᠬᠠᠷᠠᠯᠳᠠ ᠲᠠᠢ ᠪᠤᠯᠵᠤ᠂ ᠣᠨᠴᠠᠯᠢᠭ ᠲᠤ ᠨᠢ ᠲᠤᠬᠢᠷᠠᠭᠤᠯᠵᠤ ᠰᠤᠷᠭᠠᠨ ᠬᠦᠮᠦᠵᠢᠭᠦᠯᠵᠦ ᠴᠢᠳᠠᠨ᠎ᠠ᠃ ᠰᠤᠷᠤᠭᠴᠢ ᠶᠢᠨ ᠪᠤᠳᠠᠳᠠᠢ ᠪᠠᠶᠢᠳᠠᠯ ᠢ ᠡᠳᠦᠷ ᠪᠤᠯᠭᠠᠨ᠂ ᠴᠠᠭ ᠮᠦᠴᠡ ᠦᠭᠡᠢ ᠠᠵᠢᠭᠯᠠᠨ ᠰᠤᠳᠤᠯᠵᠤ᠂ ᠲᠡᠳᠡᠨ ᠤ ᠥᠰᠥᠨ ᠪᠤᠶᠢᠵᠢᠯᠳᠠ ᠶᠢᠨ ᠶᠠᠪᠤᠴᠠ ᠶᠢ ᠲᠡᠮᠳᠡᠭᠯᠡᠵᠦ᠂ ᠰᠤᠷᠤᠭᠴᠢ ᠶᠢᠨ ᠪᠤᠳᠠᠳᠠᠢ ᠠᠴᠠ ᠡᠭᠦᠰᠴᠦ ᠵᠢᠭᠠᠬᠤ ᠠᠷᠭ᠎ᠠ᠂ ᠬᠦᠮᠦᠵᠢᠭᠦᠯᠬᠦ ᠠᠷᠭ᠎ᠠ ᠪᠠᠨ ᠠᠮᠢᠳᠤᠯᠢᠭ ᠪᠠᠶᠢᠯᠭᠠᠬᠤ ᠬᠡᠷᠡᠭᠳᠠᠢ᠃      ᠭᠤᠷᠪᠠ᠂ ᠠᠩᠬᠢ ᠶᠢᠨ ᠡᠷᠬᠢᠯᠡᠭᠴᠢ ᠪᠠᠭᠰᠢ ᠰᠤᠷᠤᠭᠴᠢ ᠪᠠᠨ ᠬᠠᠶᠢᠷᠠᠯᠠᠵᠤ᠂ ᠰᠤᠷᠤᠭᠴᠢ ᠶᠢᠨ ᠢᠶᠠᠨ ᠬᠦᠨᠳᠦᠳᠬᠡᠯ ᠢ ᠣᠯᠬᠤ ᠶᠢ ᠴᠢᠬᠤᠯᠠᠴᠢᠯᠠᠬᠤ ᠬᠡᠷᠡᠭᠳᠡᠢ      ︽ᠰᠤᠷᠭᠠᠨ ᠬᠦᠮᠦᠵᠢᠭᠦᠯᠬᠦ ᠶᠢᠨ ᠠᠯᠢᠪᠠ ᠨᠢᠭᠤᠴᠠ ᠨᠢ ᠬᠡᠦᠬᠡᠳ ᠢ ᠬᠠᠶᠢᠷᠠᠯᠠᠬᠤ ᠳᠤ ᠪᠠᠶᠢᠨ᠎ᠠ︾ ᠭᠡᠬᠦ ᠠᠯᠳᠠᠷᠳᠤ ᠦᠭᠡ ᠶᠢ ᠪᠠᠭᠰᠢ ᠪᠤᠯᠭᠠᠨ ᠮᠡᠳᠡᠳᠡᠭ᠂ ᠰᠤᠷᠤᠭᠴᠢ ᠪᠠᠨ ᠬᠠᠶᠢᠷᠠᠯᠠᠬᠤ ᠪᠣᠯ ᠪᠠᠭᠰᠢ ᠬᠦᠮᠦᠨ ᠤ ᠪᠡᠶᠡᠯᠡᠭᠦᠯᠬᠦ ᠠᠵᠢᠯ᠂ ᠬᠦᠮᠦᠨ ᠢ ᠬᠦᠮᠦᠵᠢᠭᠦᠯᠬᠦ ᠬᠠᠮᠤᠭ ᠤᠨ ᠳᠤᠬᠢᠷᠠᠮᠵᠢᠳᠠᠢ ᠠᠷᠭ᠎ᠠ ᠪᠠᠷᠢᠯ ᠪᠤᠯᠬᠤ ᠶᠤᠮ᠃      ︽ᠪᠠᠭᠰᠢ ᠶᠢᠨ ᠠᠵᠢᠯ ᠪᠣᠯ ᠨᠠᠷᠠᠨ ᠤ ᠭᠡᠷᠡᠯ ᠳᠤᠤᠷᠠᠬᠢ ᠬᠠᠮᠤᠭ ᠤᠨ ᠢᠷᠠᠭᠤ ᠠᠯᠳᠠᠷᠳᠠᠢ ᠪᠥᠭᠡᠳ ᠬᠠᠮᠤᠭ ᠤᠨ ᠬᠦᠴᠢᠷ ᠠᠵᠢᠯ ᠮᠦᠨ︾ ᠭᠡᠵᠦ ᠡᠷᠳᠡᠮᠳᠠᠳ ᠶᠠᠷᠢᠭᠰᠠᠨ ᠪᠠᠶᠢᠳᠠᠭ᠃ ᠡᠴᠢᠬᠡ ᠡᠬᠡᠴᠤᠤᠯ ᠥᠪᠡᠷ ᠤᠨ ᠦᠷ᠎ᠡ ᠬᠡᠦᠬᠡᠳ ᠤᠨ ᠢᠶᠠᠨ ᠲᠥᠯᠥᠭᠡ ᠵᠢᠳᠬᠦᠳᠡᠭ᠂ ᠮᠠᠨ ᠤ ᠪᠠᠭᠰᠢ ᠬᠦᠮᠦᠨ ᠣᠯᠠᠨ ᠬᠡᠦᠬᠡᠳ ᠤᠨ ᠲᠥᠯᠥᠭᠡ ᠵᠢᠳᠬᠦᠳᠡᠭ ᠢᠶᠠᠷ ᠢᠶᠠᠨ ᠠᠭᠤᠤ ᠶᠡᠭᠡ ᠪᠠᠶᠢᠳᠠᠭ ᠶᠤᠮ᠃ ᠡᠶᠢᠮᠦ ᠠᠴᠠ ᠪᠢᠳᠡ ᠡᠶᠢᠮᠦ ᠠᠭᠤᠤ ᠶᠡᠭᠡ ᠬᠦᠮᠦᠨ ᠪᠤᠯᠤᠭᠰᠠᠨ ᠳᠤ ᠪᠠᠨ ᠣᠮᠣᠭᠰᠢᠬᠤ ᠶᠤᠰᠤᠳᠠᠢ᠃ ᠰᠤᠷᠤᠭᠴᠢᠳ ᠤᠨ ᠬᠠᠯᠭᠤᠤ ᠪᠤᠷᠤᠭᠤ ᠵᠦᠢᠯ᠂ ᠬᠠᠵᠠᠭᠠᠢ ᠮᠤᠰᠢᠭᠠᠢ ᠠᠯᠬᠤᠳᠠᠯ ᠳᠤ ᠵᠥᠪᠬᠡᠨ ᠠᠭᠤᠷᠯᠠᠭᠠᠳ ᠯᠡ ᠪᠠᠶᠢᠵᠤ ᠪᠤᠯᠬᠤ ᠦᠭᠡᠢ᠃ ᠬᠠᠷᠢᠨ ᠲᠡᠳᠡᠭᠡᠷ ᠠᠯᠢᠶ᠎ᠠ ᠳᠦᠢᠳᠬᠡᠷ ᠰᠤᠷᠤᠭᠴᠢᠳ ᠢ ᠬᠠᠶᠢᠷᠠᠯᠠᠵᠤ ᠦᠨᠡᠨ ᠰᠡᠳᠬᠢᠯ ᠠᠴᠠ ᠪᠠᠨ ᠬᠠᠨᠳᠤᠪᠠᠯ ᠲᠡᠳᠡ ᠴᠦ ᠪᠠᠭᠰᠢ ᠪᠠᠨ ᠤᠶᠢᠯᠠᠭᠠᠵᠦ᠂ ᠪᠠᠭᠰᠢ ᠪᠠᠨ ᠬᠦᠨᠳᠦᠳᠬᠡᠵᠤ᠂ ᠪᠠᠭᠰᠢ ᠪᠠᠨ ᠬᠠᠶᠢᠷᠠᠯᠠᠵᠤ᠂ ᠡᠰᠡᠷᠭᠦᠴᠡᠭᠴᠢ ᠳᠡᠷᠰᠡᠯᠡᠭᠴᠢ ᠪᠠᠶᠢᠭᠰᠠᠨ ᠠᠴᠠ ᠪᠠᠨ ᠴᠢᠨᠦ ᠥᠮᠥᠭᠯᠡᠭᠴᠢ᠂ ᠬᠠᠮᠠᠭᠠᠯᠠᠭᠴᠢ᠂ ᠰᠢᠳᠦᠨ ᠪᠢᠰᠢᠷᠡᠭᠴᠢ ᠪᠤᠯᠵᠤ ᠮᠡᠳᠡᠨ᠎ᠡ᠃ ᠪᠢᠳᠡ ᠰᠤᠷᠤᠭᠴᠢ ᠶᠢᠨ ᠬᠦᠯᠳᠡᠭᠰᠡᠨ ᠰᠡᠳᠬᠢᠯ ᠢ ᠬᠠᠶᠢᠷ᠎ᠠ ᠶᠢᠨ ᠬᠠᠯᠠᠭᠤᠨ ᠢᠯᠴᠢ ᠪᠠᠷ ᠢᠶᠠᠨ ᠤᠶᠠᠷᠠᠭᠠᠨ ᠬᠡᠰᠬᠡᠵᠦ᠂ ᠮᠠᠭᠤ ᠮᠠᠭᠤᠬᠠᠢ ᠵᠠᠩ ᠰᠤᠷᠳᠠᠯ ᠢ ᠨᠢ ᠰᠠᠶᠢᠨ ᠰᠠᠶᠢᠬᠠᠨ ᠰᠡᠳᠬᠢᠯ ᠢᠶᠠᠷ ᠢᠶᠠᠨ ᠬᠤᠪᠢᠷᠠᠭᠤᠯᠵᠤ ᠠᠪᠬᠤ ᠬᠡᠷᠡᠭᠳᠠᠢ᠃ ︽ᠥᠪᠡᠷ ᠤᠨ ᠬᠡᠦᠬᠡᠳ ᠢᠶᠠᠨ ᠬᠠᠶᠢᠷᠠᠯᠠᠵᠤ ᠴᠢᠳᠠᠳᠠᠭ ᠪᠣᠯ ᠬᠦᠮᠦᠨ᠂ ᠥᠷᠥᠭᠡᠯ ᠤᠨ ᠬᠡᠦᠬᠡᠳ ᠢ ᠬᠠᠶᠢᠷᠠᠯᠠᠵᠤ ᠴᠢᠳᠠᠳᠠᠭ ᠪᠣᠯ ᠪᠤᠷᠬᠠᠨ︾ ᠭᠡᠳᠡᠭ᠃      ᠲᠦᠷᠪᠡ᠂ ᠰᠤᠷᠤᠭᠴᠢᠳ ᠲᠤ ᠵᠥᠪ ᠬᠦᠮᠦᠵᠢᠯ ᠬᠢᠬᠦ ᠶᠢ ᠴᠢᠬᠤᠯᠠᠴᠢᠯᠠᠨ ᠬᠦᠢᠴᠡᠳᠭᠡᠬᠦ ᠬᠡᠷᠡᠭᠲᠡᠢ      ᠪᠢ ᠰᠤᠷᠤᠭᠴᠢ ᠶᠢ ᠰᠠᠶᠢᠨ ᠰᠤᠷᠤᠭᠴᠢ ᠪᠤᠯᠬᠤ ᠠᠴᠠ ᠨᠢ ᠡᠮᠦᠨ᠎ᠡ ᠰᠠᠶᠢᠨ ᠬᠦᠮᠦᠨ ᠪᠤᠯᠭᠠᠬᠤ ᠶᠢ ᠵᠤᠷᠢᠳᠠᠭ᠃ ᠳᠠᠷᠤᠢ ᠬᠦᠮᠦᠨ ᠮᠥᠰᠥ ᠶᠢᠨ ᠬᠦᠮᠦᠵᠢᠯ ᠬᠢᠬᠦ ᠶᠢ ᠣᠨᠴᠠ ᠠᠩᠬᠠᠷᠳᠠᠭ᠃ ︽ᠬᠦᠮᠦᠨ ᠤ ᠰᠠᠶᠢᠬᠠᠨ ᠰᠡᠳᠬᠢᠯ ᠨᠢ ᠬᠤᠷᠸ᠎ᠠ ᠶᠢᠨ ᠳᠤᠳᠠᠭᠤ ᠶᠢ ᠨᠦᠬᠦᠳᠡᠭ︾ ᠭᠡᠳᠡᠭ ᠢᠶᠠᠷ ︽ᠶᠠᠮᠠᠷ ᠴᠦ ᠶᠠᠭᠤᠮ᠎ᠠ ᠶᠢ ᠰᠠᠶᠢᠨ ᠵᠦᠭ ᠲᠤ ᠨᠢ ᠪᠤᠳᠤᠭᠠᠷᠠᠢ᠂ ᠶᠢᠷᠲᠢᠨᠴᠦ ᠭᠡᠵᠦ ᠰᠠᠶᠢᠨ ᠬᠦᠮᠦᠨ ᠤ ᠥᠯᠥᠭᠡᠢ ᠪᠤᠯᠬᠤᠷ ᠨᠠᠷᠠᠨ ᠪᠤᠷᠬᠠᠨ ᠭᠡᠷᠡᠯ ᠢᠯᠴᠢ ᠪᠠᠨ ᠬᠠᠶᠢᠷᠠᠯᠠᠭᠰᠠᠨ ᠶᠤᠮ ᠰᠢᠤ︾ ᠭᠡᠬᠦ ᠬᠡᠯᠡᠯᠭᠡ ᠪᠠᠷ ᠬᠡᠦᠬᠡᠳ ᠤᠳ ᠲᠤ ᠪᠠᠨ ᠴᠠᠭ ᠦᠷᠭᠦᠯᠵᠢ ᠵᠢᠭᠠᠵᠤ ᠪᠠᠶᠢᠭ᠎ᠠ ᠬᠢᠴᠢᠶᠡᠯ ᠲᠥᠷᠥᠯ ᠲᠠᠢ ᠪᠠᠨ ᠤᠶᠠᠯᠳᠤᠭᠤᠯᠤᠨ᠂ ᠪᠤᠯᠪᠠᠰᠤᠨ ᠰᠠᠶᠢᠬᠠᠨ ᠵᠠᠩ ᠰᠤᠷᠳᠠᠯ ᠲᠠᠢ᠂ ᠪᠤᠯᠪᠠᠰᠤᠨ ᠰᠠᠶᠢᠬᠠᠨ ᠦᠭᠡ ᠶᠠᠷᠢᠶ᠎ᠠ ᠲᠠᠢ᠂ ᠪᠤᠯᠪᠠᠰᠤᠨ ᠰᠠᠶᠢᠬᠠᠨ ᠦᠢᠯᠡ ᠠᠵᠢᠯᠯᠠᠭ᠎ᠠ ᠲᠠᠢ᠂ ᠠᠴᠢᠯᠠᠯ ᠵᠢᠷᠤᠮ ᠢ ᠪᠤᠳᠤᠳᠠᠭ᠂ ᠬᠠᠶᠢᠷ᠎ᠠ ᠡᠨᠡᠷᠢᠯ ᠢ ᠮᠡᠳᠡᠷᠡᠳᠡᠭ᠂ ᠠᠪᠤ ᠡᠵᠢ ᠪᠠᠨ ᠬᠠᠶᠢᠷᠠᠯᠠᠨ ᠠᠬᠠᠮᠠᠳ ᠨᠠᠰᠤᠳᠠᠨ ᠢᠶᠠᠨ ᠬᠦᠨᠳᠦᠳᠬᠡᠳᠡᠭ᠂ ᠠᠩᠬᠢ ᠶᠢᠨ ᠨᠦᠬᠦᠳ ᠲᠠᠢ ᠪᠠᠨ ᠪᠦᠯᠬᠦᠮᠳᠡᠳᠡᠭ᠂ ᠪᠤᠰᠤᠳ ᠤᠨ ᠬᠠᠶᠢᠷ᠎ᠠ ᠬᠦᠨᠳᠦᠳᠬᠡᠯ ᠢ ᠣᠯᠵᠣ ᠴᠢᠳᠠᠳᠠᠭ ᠥᠭᠡᠳᠡᠷᠬᠡᠭ ᠪᠤᠳᠤᠯ ᠲᠠᠢ ᠬᠦᠮᠦᠨ ᠪᠤᠯᠭᠠᠨ ᠬᠦᠮᠦᠵᠢᠭᠦᠯᠬᠦ ᠶᠢ ᠵᠤᠷᠢᠳᠠᠭ᠃      ᠲᠠᠪᠤ᠂ ᠳᠠᠳᠬᠠᠯ ᠤᠨ ᠬᠦᠮᠦᠵᠢᠯ ᠢ ᠰᠠᠶᠢᠨ ᠬᠢᠵᠦ᠂ ᠪᠤᠯᠪᠠᠰᠤᠨ ᠶᠤᠰᠤᠷᠬᠠᠭ᠂ ᠪᠦᠯᠬᠦᠮᠳᠡᠯ ᠨᠢᠭᠳᠠᠷᠠᠯ ᠲᠠᠢ ᠠᠩᠬᠢ ᠶᠢᠨ ᠬᠡᠪ ᠰᠤᠷᠳᠠᠯ ᠢ ᠪᠦᠷᠢᠯᠳᠦᠭᠦᠯᠬᠦ ᠶᠢ ᠠᠩᠬᠠᠷᠳᠠᠭ      ︽ᠨᠢᠭᠡ ᠰᠠᠶᠢᠬᠠᠨ ᠳᠠᠳᠬᠠᠯ ᠨᠢ ᠬᠦᠮᠦᠨ ᠢ ᠨᠠᠰᠤᠨ ᠲᠤᠷᠰᠢ ᠳᠤ ᠨᠢ ᠳᠠᠭᠠᠳᠠᠭ︾᠃ ᠪᠢ ᠠᠩᠬᠢ ᠶᠢᠨ ᠢᠶᠠᠨ ᠬᠡᠦᠬᠡᠳ ᠢ ᠳᠤᠰᠤᠨ ᠠᠪᠤᠮᠠᠭᠴᠠ ᠵᠥᠪ ᠰᠠᠶᠢᠬᠠᠨ ᠠᠮᠢᠳᠤᠷᠠᠬᠤᠢ ᠶᠢᠨ ᠦᠵᠡᠯᠳᠡ ᠲᠠᠢ᠂ ᠠᠮᠢᠳᠤᠷᠠᠯ ᠰᠤᠷᠤᠯᠴᠠᠯᠭ᠎ᠠ ᠳᠤ ᠪᠠᠨ ᠵᠥᠪ ᠣᠪᠣᠷ ᠢᠶᠠᠷ ᠬᠠᠨᠳᠤᠳᠠᠭ᠂ ᠠᠷᠢᠭᠤᠨ ᠴᠡᠪᠡᠷᠴᠢ ᠰᠤᠷᠳᠠᠯ ᠲᠠᠢ᠂ ᠠᠵᠢᠯᠴᠢ ᠬᠦᠳᠡᠯᠮᠤᠷᠢᠴᠢ ᠠᠷᠠᠨᠰᠢᠨ ᠲᠠᠢ ᠬᠦᠮᠦᠨ ᠪᠤᠯᠭᠠᠬᠤ ᠵᠦᠭ ᠬᠦᠳᠦᠯᠳᠡᠭ᠃      ᠵᠢᠷᠭᠤᠭ᠎ᠠ᠂ ᠤᠷᠮᠠᠰᠢᠭᠤᠯᠤᠯ ᠵᠤᠷᠢᠬᠵᠢᠭᠤᠯᠤᠯ ᠤᠨ ᠬᠦᠴᠦᠨ ᠢᠶᠠᠷ ᠬᠡᠦᠬᠡᠳ ᠤᠨ ᠢᠲᠡᠬᠡᠯ ᠬᠦᠰᠡᠯ ᠢ ᠨᠢ ᠬᠥᠪᠴᠢᠯᠡᠳᠡᠭ      ︽ᠮᠤᠩᠭᠤᠯᠴᠤᠳ ᠬᠡᠦᠬᠡᠳ ᠢ ᠳᠤᠯᠤᠪᠤᠷ ᠬᠤᠷᠤᠭᠤ ᠪᠠᠷ ᠵᠢᠭᠠᠬᠤ ᠶᠢᠨ ᠣᠷᠤᠨ ᠳᠤ ᠡᠷᠡᠬᠡᠢ ᠭᠠᠷᠭᠠᠨ   ᠮᠠᠭᠳᠠ︾ ᠭᠡᠵᠦ ᠳᠤᠯᠤᠪᠤᠷ ᠬᠤᠷᠤᠭᠤ ᠪᠠᠷ ᠢᠶᠠᠨ ᠵᠢᠭᠠᠵᠤ ᠵᠢᠮᠡᠯᠡᠬᠦ ᠶᠢ ᠶᠡᠭᠡ ᠪᠠᠷ ᠴᠡᠭᠡᠷᠯᠡᠳᠡᠭ᠃ ᠭᠠᠳᠠᠭᠠᠳᠤ ᠶᠢᠨ ᠰᠤᠷᠭᠠᠨ ᠬᠦᠮᠦᠵᠢᠯ ᠳᠤ ᠮᠠᠭᠳᠠᠭᠠᠯ ᠰᠠᠶᠢᠰᠢᠶᠠᠯ ᠢ ᠲᠤᠩ ᠡᠷᠬᠢᠮᠯᠡᠳᠡᠭ ᠭᠡᠨ᠎ᠠ᠃ ᠡᠶᠢᠮᠦ ᠨᠢᠭᠡᠨ ᠦᠯᠢᠭᠡᠷ ᠪᠠᠶᠢᠳᠠᠭ᠄ ᠠᠮᠧᠷᠢᠺᠠ ᠶᠢᠨ ᠨᠢᠭᠡ ᠭᠡᠷ ᠪᠦᠯᠢ ᠳᠤ ᠭᠡᠷ ᠤᠨ ᠡᠵᠡᠭᠳᠠᠢ ᠨᠢ ᠣᠷᠤᠰ ᠬᠦᠮᠦᠨ᠂ ᠠᠩᠭ᠍ᠯᠢ ᠬᠡᠯᠡ ᠤᠭᠳᠤ ᠮᠡᠳᠡᠬᠦ ᠦᠭᠡᠢ᠃ ᠬᠡᠦᠬᠡᠳ ᠨᠢ ᠣᠷᠤᠢ ᠰᠤᠷᠭᠠᠭᠤᠯᠢ ᠠᠴᠠ ᠪᠠᠨ ᠢᠷᠡᠮᠡᠭᠴᠡ ᠡᠵᠢ ᠳᠤ ᠪᠠᠨ ᠲᠠᠰᠬᠠᠯ ᠢᠶᠠᠨ ᠦᠵᠡᠭᠦᠯᠳᠡᠭ ᠭᠡᠨ᠎ᠡ᠃ ᠡᠵᠢ ᠨᠢ ᠬᠦᠦ ᠶᠢᠨ ᠢᠶᠠᠨ ᠲᠠᠰᠬᠠᠯ ᠢ ᠦᠵᠡᠭᠡᠳ᠄ ︽ᠮᠢᠨᠦ ᠬᠦᠦ ᠶᠢᠨ ᠬᠢᠭᠰᠡᠨ ᠲᠠᠰᠬᠠᠯ ᠲᠤᠩ ᠭᠤᠶᠤ ᠪᠠᠶᠢᠨ᠎ᠠ᠂ ᠵᠥᠪ ᠭᠦᠢᠴᠡᠳᠬᠡᠯ᠎ᠡ︾ ᠭᠡᠵᠦ ᠮᠠᠭᠳᠠᠳᠠᠭ᠃ ᠦᠨᠡᠨ ᠳᠤ ᠪᠠᠨ ᠬᠦᠦ ᠶᠢᠨ ᠬᠢᠨᠢ ᠲᠠᠰᠬᠠᠯ ᠲᠡᠶᠢᠮᠦ ᠭᠤᠶᠤ ᠪᠢᠰᠢ᠃ ᠰᠡᠭᠦᠯᠡᠷ ᠨᠢ ᠬᠠᠨᠠᠨ ᠳᠤ ᠪᠠᠨ ᠨᠠᠭᠠᠵᠤ ᠵᠤᠴᠢᠨ ᠵᠠᠯᠠᠵᠤ ᠦᠵᠡᠭᠦᠯᠳᠡᠭ ᠪᠤᠯᠪᠠ᠃ ᠦᠵᠡᠭᠰᠡᠨ ᠵᠤᠴᠢᠳ ᠨᠢ ᠡᠷᠡᠬᠡᠢ ᠭᠠᠷᠭᠠᠨ ᠮᠠᠭᠳᠠᠳᠠᠬ᠃ ᠬᠤᠵᠢᠮ ᠨᠢ ᠡ᠊ᠨᠡ ᠬᠦᠦ ᠶᠢᠨ ᠭᠠᠷ ᠤᠨ ᠲᠢᠭ ᠢᠳᠡᠭ ᠢᠳᠡᠭ ᠢᠶᠠᠷ ᠳᠡᠭᠡᠭᠰᠢᠯᠡᠯᠳᠡ ᠲᠠᠢ ᠪᠤᠯᠵᠤ᠂ ᠰᠤᠷᠤᠯᠭ᠎ᠠ ᠨᠢ ᠴᠦ ᠳᠠᠪᠰᠢᠵᠤ᠂ ᠬᠤᠵᠢᠮ ᠨᠢ ᠲᠤᠰ ᠬᠦᠦ ᠨᠢᠭᠡᠨ ᠰᠢᠯᠭᠠᠷᠠᠭᠰᠠᠨ ᠡᠷᠳᠡᠮᠲᠡᠨ ᠪᠤᠯᠤᠭᠰᠠᠨ ᠭᠡᠨ᠎ᠡ᠃ ᠲᠤᠰ ᠦᠯᠢᠭᠡᠷ ᠠᠴᠠ ᠦᠵᠡᠬᠦ ᠳᠤ ᠤᠷᠮᠠᠰᠢᠭᠤᠯᠤᠯ ᠵᠤᠷᠢᠬᠵᠢᠭᠤᠯᠤᠯ ᠪᠣᠯ ᠲᠤᠩ ᠶᠡᠭᠡ ᠡᠷᠴᠢ ᠬᠦᠴᠦᠨ ᠲᠠᠢ ᠶᠤᠮ ᠪᠠᠶᠢᠨ᠎ᠠ ᠭᠡᠳᠡᠭ ᠢ ᠣᠶᠢᠯᠠᠭᠠᠵᠤ ᠪᠤᠯᠤᠨ᠎ᠠ᠃      ᠲᠡᠭᠡᠪᠡᠯ ᠰᠤᠷᠤᠭᠴᠢ ᠪᠠᠨ ︽ᠤᠷᠮᠠᠰᠢᠭᠤᠯᠤᠨ᠎ᠠ᠂ ᠵᠤᠷᠢᠬᠵᠢᠭᠤᠯᠤᠨ᠎ᠠ᠂ ᠮᠠᠭᠳᠠᠨ᠎ᠠ᠂ ᠰᠠᠶᠢᠰᠢᠶᠠᠨ᠎ᠠ᠂ ᠬᠠᠶᠢᠷᠠᠯᠠᠨ᠎ᠠ᠂ ᠬᠠᠮᠠᠭᠠᠯᠠᠨ᠎ᠠ︾ ᠭᠡᠳᠡᠭ ᠨᠢ ᠬᠡᠵᠢᠶᠡᠳᠡ ᠵᠢᠮᠡᠯᠡᠬᠦ ᠦᠭᠡᠢ᠂ ᠰᠢᠭᠦᠮᠵᠢᠯᠡᠬᠦ ᠦᠭᠡᠢ ᠭᠡᠰᠡᠨ ᠰᠠᠨᠠᠭ᠎ᠠ ᠤᠭᠳᠤ ᠪᠢᠰᠢ᠃ ᠦᠨᠡᠨ ᠰᠡᠳᠬᠢᠯ ᠠᠴᠠ ᠪᠠᠨ ᠰᠤᠷᠤᠭᠴᠢ ᠳᠤ ᠪᠠᠨ ᠬᠠᠨᠳᠤᠵᠤ᠂ ᠦᠨᠡᠨ ᠬᠦ ᠵᠥᠪ ᠬᠦᠮᠦᠵᠢᠭᠦᠯᠬᠦ ᠶᠢᠨ ᠲᠥᠯᠥᠭᠡ ᠴᠢᠷᠮᠠᠶᠢᠳᠠᠭ ᠯᠡ ᠶᠤᠮ ᠪᠣᠯ ᠰᠤᠷᠤᠭᠴᠢ ᠴᠢᠨᠢ ᠠᠭᠤᠷᠯᠠᠵᠤ ᠵᠠᠩᠨᠠᠭᠰᠠᠨ ᠴᠦ ᠬᠤᠷᠤᠰᠬᠤ ᠦᠭᠡᠢ᠂ ᠬᠠᠷᠢᠨ ᠲᠠᠯᠠᠷᠬᠠᠬᠤ ᠰᠡᠳᠬᠢᠯ ᠢ ᠡᠪᠤᠷᠯᠡᠨ᠎ᠡ᠃ ᠮᠦᠨ ᠴᠦ ᠪᠤᠰᠤᠳ ᠢ ᠬᠦᠨᠳᠦᠳᠬᠡᠨ ᠬᠠᠶᠢᠷᠠᠯᠠᠬᠤ ᠰᠡᠳᠬᠢᠯ ᠠᠶᠠᠨᠳᠠᠭᠠᠨ ᠡᠭᠦᠰᠳᠡᠭ᠃ ᠤᠳᠤ ᠶᠢᠨ ᠬᠡᠦᠬᠡᠳ ᠬᠦᠮᠦᠨ ᠢᠶᠠᠷ ᠬᠠᠶᠢᠷᠠᠯᠠᠭᠤᠯᠬᠤ ᠶᠢ ᠮᠡᠳᠡᠬᠦ ᠠᠴᠠ ᠪᠢᠰᠢ ᠬᠦᠮᠦᠨ ᠢ ᠬᠠᠶᠢᠷᠠᠯᠠᠵᠤ ᠬᠠᠯᠠᠮᠵᠢᠯᠠᠬᠤ ᠶᠢ ᠤᠭᠳᠤᠬᠠᠨ ᠴᠦ ᠮᠡᠳᠡᠬᠦ ᠦᠭᠡᠢ ᠪᠠᠶᠢᠨ᠎ᠠ᠃ ᠡᠶᠢᠮᠦ ᠠᠴᠠ ᠲᠡᠳᠡᠨ ᠳᠤ ᠪᠠᠭᠰᠢ ᠶᠢᠨ ᠠᠤᠭ᠎ᠠ ᠬᠠᠶᠢᠷ᠎ᠠ᠂ ᠬᠦᠯᠢᠴᠡᠩᠭᠦᠢ ᠵᠢᠯᠤᠭᠤᠳᠤᠯᠭ᠎ᠠ ᠲᠤᠩ ᠴᠢᠬᠤᠯᠠ ᠶᠤᠮ᠃      ᠳᠤᠯᠤᠭ᠎ᠠ᠂ ᠦᠯᠢᠭᠡᠷ ᠳᠠᠭᠤᠷᠢᠶᠠᠯ ᠤᠨ ᠦᠢᠯᠡᠳᠦᠯ ᠢᠶᠠᠷ ᠰᠤᠷᠤᠭᠴᠢ ᠪᠠᠨ ᠳᠠᠶᠢᠯᠠᠨ ᠳᠠᠭᠠᠭᠤᠯᠬᠤ ᠶᠢ ᠠᠩᠬᠠᠷᠳᠠᠭ      ᠴᠧᠷᠨᠢᠰᠸᠧᠰᠺᠢ᠄ ︽ᠪᠠᠭᠰᠢ ᠬᠦᠮᠦᠨ ᠰᠤᠷᠤᠭᠴᠢ ᠪᠠᠨ ᠶᠠᠮᠠᠷ ᠮᠠᠶ᠋ᠢᠭ ᠤᠨ ᠬᠦᠮᠦᠨ ᠪᠤᠯᠭᠠᠶ᠎ᠠ ᠭᠡᠪᠡᠯ ᠥᠪᠡᠷ ᠢᠶᠠᠨ ᠳᠠᠷᠤᠢ ᠲᠡᠶᠢᠮᠦ ᠮᠠᠶ᠋ᠢᠭ ᠤᠨ ᠬᠦᠮᠦᠨ ᠪᠠᠶᠢᠬᠤ ᠶᠤᠰᠤᠳᠠᠢ︾ ᠭᠡᠵᠦ ᠦᠭᠦᠯᠡᠭᠰᠡᠨ ᠪᠠᠶᠢᠳᠠᠭ᠃ ᠪᠠᠭᠰᠢ ᠡᠷᠬᠡᠪᠰᠢ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠦᠨ ᠰᠤᠷᠤᠭᠴᠢᠳ ᠢ ᠵᠥᠪ ᠳᠠᠭᠠᠭᠤᠯᠵᠤ᠂ ᠲᠡᠳᠡᠨ ᠤ ᠥᠰᠥᠨ ᠪᠤᠶᠢᠵᠢᠯᠳᠠ ᠶᠢ ᠨᠥᠯᠥᠭᠡᠯᠡᠬᠦ ᠬᠡᠷᠡᠭᠳᠠᠢ᠃ ᠠᠩᠬᠢ ᠶᠢᠨ ᠡᠷᠬᠢᠯᠡᠭᠴᠢ ᠪᠠᠭᠰᠢ ᠪᠣᠯ ᠰᠤᠷᠤᠭᠴᠢ ᠲᠠᠢ ᠬᠠᠮᠤᠭ ᠠᠴᠠ ᠢᠯᠡᠭᠦᠦ ᠣᠶᠢᠷᠠᠳᠤᠵᠤ᠂ ᠲᠡᠳᠡᠨ‌ᠢ ᠬᠠᠮᠤᠭ ᠠᠴᠠ ᠢᠯᠡᠭᠦᠦ ᠤᠶᠢᠯᠠᠭᠠᠳᠠᠭ ᠳᠤᠳᠤᠨᠤ ᠬᠦᠮᠦᠨ ᠤ ᠬᠢᠨᠢ ᠨᠢᠭᠡ ᠪᠤᠯᠬᠤ ᠶᠤᠮ᠃ ᠰᠤᠷᠤᠭᠴᠢᠳ ᠮᠦᠨ ᠠᠩᠬᠢ ᠶᠢᠨ ᠡᠷᠬᠢᠯᠡᠭᠴᠢ ᠪᠠᠭᠰᠢ ᠪᠠᠨ ᠤᠶᠢᠯᠠᠭᠠᠵᠦ᠂ ᠳᠠᠭᠤᠷᠢᠶᠠᠵᠤ᠂ ᠠᠩᠬᠢ ᠶᠢᠨ ᠡᠷᠬᠢᠯᠡᠭᠴᠢ ᠪᠠᠭᠰᠢ ᠲᠠᠢ ᠪᠠᠨ ᠠᠳᠠᠯᠢ ᠬᠦᠮᠦᠨ ᠪᠤᠯᠬᠤ ᠶᠢ ᠪᠤᠳᠤᠳᠠᠭ᠃ ᠪᠢᠴᠢᠬᠠᠨ ᠬᠡᠦᠬᠡᠳ ᠤᠨ ᠪᠤᠳᠤᠯ ᠳᠤ ᠪᠠᠭᠰᠢ ᠶᠢᠨ ᠳᠦᠷᠢ ᠪᠣᠯ ᠠᠯᠢᠪᠠ ᠪᠦᠬᠦᠨ ᠢ ᠴᠢᠳᠠᠳᠠᠭ ︽ᠲᠡᠭᠦᠰ ᠴᠢᠳᠠᠪᠤᠷᠢᠳᠠᠨ︾᠂ ᠶᠠᠮᠠᠷ ᠤᠴᠢᠷ ᠲᠤ ᠴᠦ ᠪᠤᠷᠤᠭᠤ ᠭᠠᠷᠭᠠᠳᠠᠭ ᠦᠭᠡᠢ ︽ᠪᠤᠭᠳᠠ ᠬᠦᠮᠦᠨ︾ ᠰᠢᠭ ᠪᠤᠳᠤᠭᠳᠠᠳᠠᠬ᠃ ᠡᠶᠢᠮᠦ ᠠᠴᠠ ᠰᠤᠷᠤᠭᠴᠢᠳ ᠪᠠᠭᠰᠢ ᠶᠢᠨ ᠰᠤᠷᠭᠠᠯ ᠢ ᠰᠤᠨᠤᠰᠴᠤ᠂ ᠪᠠᠭᠰᠢ ᠶᠢᠨ ᠵᠢᠯᠤᠭᠤᠳᠤᠯᠭ᠎ᠠ ᠶᠢ ᠬᠦᠯᠢᠶᠡᠵᠦ᠂ ᠪᠠᠭᠰᠢ ᠪᠠᠨ ᠪᠢᠰᠢᠷᠡᠨ ᠬᠦᠨᠳᠦᠳᠬᠡᠳᠡᠭ᠃ ᠪᠢᠳᠡ ᠶᠡᠷᠦ ᠳᠤ ᠪᠠᠨ ᠬᠡᠦᠬᠡᠳ ᠤᠨ ᠢᠶᠠᠨ ︽ᠪᠠᠭᠰᠢ ᠬᠡᠯᠡᠭᠰᠡᠨ︾᠂ ︽ᠪᠠᠭᠰᠢ ᠲᠡᠭᠡᠭᠰᠡᠨ︾᠂ ︽ᠪᠠᠭᠰᠢ ᠠᠴᠠ ᠠᠰᠠᠭᠤᠶ᠎ᠠ︾᠂ ︽ᠪᠠᠭᠰᠢ ᠳᠤ ᠬᠡᠯᠡᠶ᠎ᠡ︾ ᠭᠡᠬᠦ ᠮᠡᠲᠦ ᠶᠢᠨ ᠦᠭᠡ ᠶᠢ ᠣᠯᠵᠣ ᠰᠤᠨᠤᠰᠳᠠᠭ᠂ ᠡ᠊ᠨᠡ ᠨᠢ ᠪᠠᠭᠰᠢ ᠪᠠᠨ ᠢᠲᠡᠬᠡᠨ ᠳᠠᠭᠤᠷᠢᠶᠠᠵᠤ ᠪᠠᠶᠢᠬᠤ ᠶᠢ ᠬᠠᠷᠠᠭᠤᠯᠵᠤ ᠪᠤᠢ᠃ ︽ᠬᠡᠦᠬᠡᠳ ᠴᠢᠨᠠᠷ᠂ ᠮᠦᠷ ᠢ ᠬᠠᠷᠠᠵᠦ ᠬᠦᠮᠦᠨ ᠪᠤᠯᠳᠠᠭ︾ ᠭᠡᠳᠡᠭ ᠦᠭᠡ ᠪᠤᠢ᠃ ᠪᠠᠭᠰᠢ ᠥᠪᠡᠷ ᠢᠶᠠᠨ ᠨᠠᠷᠢᠨ ᠨᠢᠮᠪᠠᠢ᠂ ᠲᠦᠪ ᠴᠢᠩᠭ᠎ᠠ᠂ ᠦᠨᠡᠨᠴᠢ ᠯᠠᠪᠳᠠᠭᠤᠨ᠂ ᠪᠠᠶᠠᠷ ᠵᠢᠪᠬᠤᠯᠠᠩ ᠲᠠᠢ ᠪᠠᠶᠢᠵᠤ᠂ ᠬᠡᠯᠡᠵᠤ ᠬᠢᠬᠦ ᠪᠠᠨ ᠨᠢᠭᠡᠳᠦᠯᠳᠠᠢ ᠪᠤᠯᠭᠠᠨ ᠰᠤᠷᠤᠭᠴᠢᠳ ᠲᠤ ᠦᠯᠢᠭᠡᠷ ᠳᠠᠭᠤᠷᠢᠶᠠᠯ ᠪᠤᠯᠬᠤ ᠬᠡᠷᠡᠭᠳᠠᠢ᠃ ᠬᠠᠷᠢᠨ ᠠᠯᠠᠩ ᠰᠠᠯᠠᠩ᠂ ᠰᠤᠯᠠ ᠵᠠᠳᠠᠭᠠᠢ᠂ ᠬᠤᠳᠠᠯ ᠬᠠᠭᠤᠷᠮᠠᠴᠢ ᠪᠠᠶᠢᠵᠤ ᠪᠤᠯᠬᠤ ᠦᠭᠡᠢ᠂ ᠢᠡᠭᠬᠢᠪᠡᠯ ᠰᠤᠷᠤᠭᠴᠢᠳ ᠤᠨ ᠳᠤᠮᠳᠠ ᠢᠲᠡᠬᠡᠯ ᠢᠶᠠᠨ ᠠᠯᠳᠠᠬᠤ ᠮᠥᠷᠳᠡᠭᠡᠨ ᠰᠤᠷᠤᠭᠴᠢ ᠴᠦ ᠪᠠᠭᠰᠢ ᠳᠤ ᠪᠠᠨ ᠨᠦᠯᠦᠭᠡᠯᠡᠭᠳᠡᠨ ᠰᠢᠯᠢᠳᠡᠭ ᠰᠠᠶᠢᠨ ᠳᠠᠳᠬᠠᠯ ᠲᠠᠢ ᠪᠤᠯᠤᠨ ᠬᠦᠮᠦᠵᠢᠭᠳᠡᠬᠦ ᠦᠭᠡᠢ ᠶᠤᠮ᠃ ᠪᠢ ︽ᠦᠭᠦᠯᠡᠵᠦ ᠰᠤᠷᠭᠠᠬᠤ ᠪᠠᠷ ᠦᠯᠢᠭᠡᠷᠯᠡᠵᠦ ᠰᠤᠷᠭ᠎ᠠ︾ ᠭᠡᠳᠡᠭ ᠦᠭᠡ ᠶᠢ ᠣᠨᠴᠠ ᠴᠢᠬᠤᠯᠠᠴᠢᠯᠠᠵᠤ᠂ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠤᠯᠬᠤ ᠶᠢ ᠣᠨᠴᠠ ᠠᠩᠬᠠᠷᠳᠠᠭ᠃ ᠵᠢᠱᠢᠶᠡᠯᠡᠪᠡᠯ᠄ ① ᠠᠰᠠᠷ ᠤᠨ ᠭᠤᠳᠤᠮ ᠪᠤᠶᠤ ᠵᠠᠮ ᠳᠤ ᠬᠤᠭ ᠪᠠᠶᠢᠪᠠᠯ ᠬᠤᠭ ᠤᠨ ᠬᠠᠶᠢᠷᠴᠠᠬ ᠲᠤ ᠬᠢᠨ᠎ᠡ᠃ ᠬᠠᠷᠢᠨ ᠥᠯᠥ ᠣᠶᠢᠰᠢᠶᠠᠬᠤ ᠪᠤᠶᠤ ᠬᠡᠦᠬᠡᠳ ᠢ ᠠᠯᠪᠠᠳᠠᠨ ᠵᠠᠩᠨᠠᠵᠤ ᠭᠦᠢᠴᠡᠳᠬᠡᠯᠭᠡᠬᠦ ᠦᠭᠡᠢ᠃ ② ᠠᠩᠬᠢ ᠶᠢᠨ ᠭᠡᠷ ᠤᠨ ᠡᠭᠦᠳᠡᠨ ᠳᠤ᠂ ᠭᠠᠵᠠᠷ ᠤᠨ ᠱᠦᠭᠦᠷ ᠤᠨᠠᠭᠰᠠᠨ ᠪᠠᠶᠢᠪᠠᠯ ᠳᠡᠭᠡᠭᠦᠷ ᠨᠢ ᠠᠯᠬᠤᠵᠤ ᠭᠠᠷᠬᠤ ᠪᠢᠰᠢ᠂ ᠬᠠᠷᠢᠨ ᠲᠡᠭᠦᠨ ᠢ ᠠᠪᠴᠤ ᠤᠭ ᠣᠷᠤᠨ ᠳᠤ ᠨᠢ ᠲᠠᠯᠪᠢᠨ᠎ᠠ᠃ ③ ᠲᠠᠰᠬᠠᠯ ᠳᠠᠭᠠᠭᠠᠯᠭᠠᠪᠤᠷᠢ ᠪᠠᠨ ᠨᠠᠷᠢᠨ ᠨᠢᠮᠪᠠᠢ᠂ ᠴᠡᠪᠡᠷ ᠴᠡᠮᠴᠡᠭᠡᠷ ᠬᠢᠬᠦ ᠶᠢ ᠠᠩᠬᠠᠷᠴᠤ᠂ ᠦᠭᠡ ᠦᠰᠦᠭ ᠤᠨ ᠠᠴᠤᠭ ᠰᠢᠯᠪᠢ᠂ ᠴᠡᠭ ᠳᠤᠰᠤᠯ ᠳᠤ ᠨᠢ ᠬᠦᠷᠳᠡᠯ᠎ᠡ ᠵᠥᠪ ᠨᠢᠮᠪᠠᠢ ᠪᠢᠴᠢᠬᠦ ᠶᠢ ᠱᠠᠭᠠᠷᠳᠠᠵᠤ᠂ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠤᠯᠤᠨ᠎ᠠ᠃ ᠡᠶᠢᠷᠮᠦᠬᠦᠤ ᠬᠦᠮᠦᠨ ᠳᠤ ᠥᠯᠥ ᠣᠶᠢᠰᠢᠶᠠᠭᠳᠠᠮ᠎ᠠ ᠵᠢᠵᠢᠭ ᠰᠠᠵᠢᠭ ᠦᠢᠯᠡ ᠬᠦᠳᠡᠯᠦᠯ᠂ ᠠᠵᠢᠯᠯᠠᠭ᠎ᠠ ᠨᠤᠭᠤᠳ ᠨᠢ ᠰᠤᠷᠤᠭᠴᠢ ᠶᠢ ᠵᠤᠬᠢᠬᠤ ᠬᠡᠮᠵᠢᠶ᠎ᠡ ᠪᠠᠷ ᠨᠥᠯᠥᠭᠡᠯᠡᠳᠡᠭ᠃ ᠲᠡᠳᠡ ᠪᠠᠭᠰᠢ ᠶᠢᠨ ᠦᠢᠯᠡ ᠠᠵᠢᠯᠯᠠᠭ᠎ᠠ ᠶᠢ ᠳᠠᠭᠤᠷᠢᠶᠠᠵᠤ᠂ ᠵᠢᠵᠢᠭ ᠰᠠᠵᠢᠭ ᠤᠴᠢᠷ ᠠᠴᠠ ᠡᠬᠢᠯᠡᠵᠦ᠂ ᠥᠪᠡᠷ ᠢ ᠪᠠᠨ ᠥᠭᠡᠷᠡᠴᠢᠯᠡᠵᠦ᠂ ᠥᠪᠡᠷ ᠢ ᠪᠠᠨ ᠳᠡᠭᠡᠭᠰᠢᠯᠡᠭᠦᠯᠵᠦ᠂ ᠡᠷᠡᠭᠦᠯ ᠰᠠᠶᠢᠬᠠᠨ ᠥᠰᠥᠨ ᠪᠤᠶᠢᠵᠢᠳᠠᠭ᠃      ᠨᠠᠢᠮᠨ᠂ ᠭᠡᠷ ᠤᠨ ᠠᠬᠠᠮᠠᠳ ᠲᠠᠢ ᠨᠢᠭᠳᠠ ᠬᠠᠮᠵᠢᠯᠴᠠᠵᠤ ᠰᠤᠷᠤᠭᠴᠢᠳ ᠤᠨ ᠰᠤᠷᠤᠯᠭ᠎ᠠ᠂ ᠠᠮᠢᠳᠤᠷᠠᠯ ᠳᠤ ᠳᠦᠯᠬᠢᠴᠡ ᠬᠦᠴᠦᠨ ᠪᠤᠯᠭᠠᠬᠤ ᠶᠢ ᠠᠩᠬᠠᠷᠳᠠᠭ      ᠠᠩᠬᠢ ᠶᠢᠨ ᠡᠷᠬᠢᠯᠡᠭᠴᠢ ᠪᠠᠭᠰᠢ ᠪᠣᠯ ︽ᠰᠤᠷᠭᠠᠭᠤᠯᠢ᠂ ᠨᠡᠶᠢᠭᠡᠮ᠂ ᠭᠡᠷ ᠪᠦᠯᠢ︾ ᠶᠢᠨ ᠬᠠᠷᠢᠴᠠᠭᠠᠨ ᠳᠤ ᠬᠥᠭᠦᠷᠭᠡ ᠶᠢᠨ ᠦᠢᠯᠡᠳᠦᠯ ᠦᠵᠡᠭᠦᠯᠵᠦ ᠪᠠᠶᠢᠳᠠᠭ᠃ ᠡᠶᠢᠮᠦ ᠠᠴᠠ ᠪᠢ ᠬᠤᠭᠤᠴᠠᠭ᠎ᠠ ᠪᠦᠷᠢ 2~3 ᠤᠳᠠᠭᠠᠨ ᠤ ᠭᠡᠷ ᠤᠨ ᠠᠬᠠᠮᠠᠳ ᠤᠨ ᠬᠤᠷᠠᠯ ᠢ ᠵᠤᠬᠢᠶᠠᠨ ᠪᠠᠶᠢᠭᠤᠯᠵᠤ᠂ ᠰᠤᠷᠤᠭᠴᠢᠳ ᠤᠨ ᠢᠶᠠᠨ ᠰᠤᠷᠤᠯᠭ᠎ᠠ ᠠᠮᠢᠳᠤᠷᠠᠯ ᠤᠨ ᠲᠠᠯ᠎ᠠ ᠪᠠᠷ ᠬᠠᠷᠢᠭᠤ ᠮᠡᠳᠡᠭᠦᠯᠦᠨ᠂ ᠭᠡᠷ ᠤᠨ ᠠᠬᠠᠮᠠᠳ ᠠᠴᠠ ᠰᠠᠨᠠᠯ ᠰᠢᠭᠦᠮᠵᠢ ᠬᠤᠷᠢᠶᠠᠨ᠂ ᠬᠡᠦᠬᠡᠳ ᠤᠨ ᠬᠦᠭᠵᠢᠯᠳᠡ᠂ ᠥᠰᠥᠨ ᠪᠤᠶᠢᠵᠢᠯᠳᠠ ᠶᠢᠨ ᠲᠥᠯᠥᠭᠡ ᠨᠢᠭᠳᠠ ᠬᠠᠮᠵᠢᠯᠴᠠᠳᠠᠭ ᠠᠴᠠ ᠮᠠᠨ ᠤ ᠠᠩᠬᠢ ᠶᠢᠨ ᠬᠡᠦᠬᠡᠳ ᠤᠳ ᠨᠢ ᠬᠦᠮᠦᠨ ᠮᠥᠰᠥ ᠪᠠᠷ ᠴᠢᠩᠭ᠎ᠠ᠂ ᠬᠢᠷᠢ ᠳᠤ ᠪᠠᠨ ᠳᠤᠬᠢᠷᠠᠭᠰᠠᠨ ᠬᠡᠪ ᠪᠣᠯᠪᠠᠰᠤᠷᠠᠯ ᠲᠠᠢ᠂ ᠰᠠᠶᠢᠨ ᠰᠠᠶᠢᠬᠠᠨ ᠥᠭᠡᠳᠡᠷᠬᠡᠭ ᠪᠤᠳᠤᠯ ᠲᠠᠢ᠂ ᠬᠦᠰᠡᠯ ᠬᠥᠭᠡᠭᠡᠴᠡᠯᠳᠦᠯ ᠲᠠᠢ ᠬᠡᠦᠬᠡᠳ ᠪᠤᠯᠤᠨ ᠬᠦᠮᠦᠵᠢᠭᠳᠡᠳᠡᠭ᠃      ᠬᠠᠶ᠋ᠢᠬ᠄ ᠤᠩᠨᠢᠭᠤᠳ ᠬᠤᠰᠢᠭᠤᠨ ᠤ ᠪᠤᠷᠤᠬᠤᠳᠠ ᠮᠣᠩᠭᠤᠯ ᠦᠨᠳᠦᠰᠦᠳᠡᠨ ᠤ ᠪᠠᠭ᠎ᠠ ᠰᠤᠷᠭᠠᠭᠤᠯᠢ                                           ︵ᠴ᠊ · ᠲᠤᠭᠳᠠᠭᠤᠨ ᠨᠠᠶᠢᠷᠠᠭᠤᠯᠪᠠ︶                                           2019 ᠣᠨ ᠤ 11 ᠳ᠋ᠦ᠋ᠭᠡᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map