ᠣᠳᠣ ᠦᠶ᠎ᠡ ᠶᠢᠨ ᠤᠶᠤᠲᠠᠳ ᠤᠨ ᠠᠵᠢᠯ ᠤᠯᠭᠤᠯᠳᠠ ᠶᠢᠨ ᠠᠰᠠᠭᠤᠳᠠᠯ ᠠᠴᠠ ᠰᠡᠳᠬᠢᠭᠳᠡᠭᠰᠡᠨ ᠨᠢ
ᠨᠡᠶᠢᠲᠡᠯᠡᠭᠰᠡᠨ ᠴᠠᠭ᠄
2020/5/14
                                     ᠠᠵᠠᠲᠠᠢ      ᠤᠳᠤᠬᠠᠨ ᠳᠤ᠂ ᠶᠡᠭᠡ ᠲᠡᠭᠡᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠳᠠᠭᠠᠯᠳᠤᠨ᠂ ᠤᠶᠤᠲᠠᠳ ᠤᠨ ᠲᠤᠭ᠎ᠠ ᠤᠯᠠᠰᠢᠷᠠᠨ᠂ ᠰᠤᠷᠭᠠᠭᠤᠯᠢ ᠲᠡᠭᠦᠰᠦᠭᠰᠡᠳ ᠤᠨ ᠠᠵᠢᠯ ᠤᠯᠭᠤᠯᠳᠠ ᠶᠢᠨ ᠠᠰᠠᠭᠤᠳᠠᠯ ᠡᠳᠦᠷ ᠢᠷᠡᠬᠦᠶ᠎ᠡ ᠲᠤᠪᠤᠶᠢᠮ᠎ᠠ ᠪᠣᠯᠵᠤ᠂ ᠤᠯᠠᠨ ᠲᠠᠯ᠎ᠠ ᠶᠢᠨ ᠬᠦᠴᠢᠷᠳᠡᠯ ᠢᠯᠡᠷᠡᠵᠤ ᠪᠠᠶᠢᠨ᠎ᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠶᠤᠲᠠᠳ ᠤᠨ ᠠᠵᠢᠯ ᠤᠯᠭᠤᠯᠳᠠ ᠳᠤ ᠨᠠᠩ ᠣᠯᠠᠨ ᠠᠰᠠᠭᠤᠳᠠᠯ ᠲᠤᠯᠭᠠᠷᠠᠬᠤ ᠪᠤᠯᠪᠠᠴᠤ᠂ ᠡᠭᠦᠨ ᠤ ᠬᠠᠮᠲᠤ ᠨᠡᠶᠢᠭᠡᠮ ᠤᠨ ᠥᠭᠡᠷᠡᠴᠢᠯᠡᠯᠲᠡ ᠬᠥᠭᠵᠢᠯᠲᠡ ᠠᠴᠠ ᠡᠭᠦᠰᠦᠭᠰᠡᠨ ᠠᠵᠠ ᠲᠣᠬᠢᠶᠠᠯ ᠴᠤ ᠤᠯᠠᠨ ᠪᠤᠯᠬᠤ ᠶᠤᠮ ᠭᠡᠳᠡᠭ ᠢ ᠪᠢᠳᠡ ᠪᠦᠬᠦᠨ ᠮᠡᠳᠡᠷᠡᠬᠦ ᠬᠡᠷᠡᠭᠳᠠᠢ᠃      ᠨᠢᠭᠡ᠂ ᠤᠶᠤᠲᠠᠳ ᠤᠨ ᠠᠵᠢᠯ ᠤᠯᠭᠤᠯᠳᠠ ᠶᠢᠨ ᠣᠳᠣᠬᠢ ᠪᠠᠶᠢᠳᠠᠯ      ᠬᠤᠯᠪᠣᠭᠳᠠᠯ ᠪᠦᠬᠦᠢ ᠪᠦᠷᠢᠳᠬᠡᠯ ᠢ ᠦᠨᠳᠦᠰᠦᠯᠡᠪᠡᠯ᠂ 2009 ᠣᠨ ᠠᠴᠠ ᠨᠠᠭᠠᠰᠢ᠂ ᠮᠠᠨ ᠤ ᠤᠯᠤᠰ ᠤᠨ ᠵᠢᠯ ᠪᠦᠷᠢ ᠶᠢᠨ ᠶᠡᠭᠡ ᠲᠡᠭᠡᠳᠤ ᠰᠤᠷᠭᠠᠭᠤᠯᠢ ᠲᠡᠭᠦᠰᠦᠭᠰᠡᠳ ᠤᠨ ᠠᠵᠢᠯ ᠣᠯᠤᠭᠰᠠᠨ ᠬᠥᠮᠦᠨ ᠤ ᠲᠤᠭ᠎ᠠ ᠴᠥᠮ 600 ᠲᠦᠮᠡ ᠠᠴᠠ ᠲᠡᠭᠡᠭᠰᠢ ᠪᠣᠯᠤᠭᠰᠠᠨ ᠪᠥᠭᠡᠳ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ 2014 ᠣᠨ ᠳᠤ ᠶᠡᠭᠡ ᠲᠡᠭᠡᠳᠤ ᠰᠤᠷᠭᠠᠭᠤᠯᠢ ᠲᠡᠭᠦᠰᠦᠭᠰᠡᠨ ᠰᠤᠷᠤᠭᠴᠢ ᠶᠢᠨ ᠲᠤᠭ᠎ᠠ 727 ᠲᠦᠮᠡ ᠪᠣᠯᠵᠤ᠂ 2015 ᠣᠨ ᠳᠤ 749 ᠲᠦᠮᠡ ᠳᠤ ᠭᠦᠷᠴᠦ᠂ ᠵᠢᠯ ᠪᠦᠷᠢ ︽ᠲᠡᠤᠬᠡ ᠶᠢᠨ ᠲᠡᠮᠳᠡᠭᠯᠡᠯ︾ ᠢ ᠡᠭᠦᠳᠤᠨ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠦᠷᠭᠦᠯᠵᠢᠯᠡᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 770 ᠲᠦᠮᠡ ᠣᠷᠴᠢᠮ ᠰᠤᠷᠤᠭᠴᠢ ᠶᠡᠭᠡ ᠲᠡᠭᠡᠳᠤ ᠰᠤᠷᠭᠠᠭᠤᠯᠢ ᠲᠡᠭᠦᠰᠭᠦ ᠪᠤᠯᠤᠨ᠎ᠠ᠃ ᠵᠠᠬ᠎ᠠ ᠳᠡᠯᠭᠡᠭᠦᠷ ᠳᠡᠭᠡᠷ᠎ᠡ ᠲᠤᠬᠢᠷᠠᠮᠵᠢᠳᠠᠢ ᠠᠵᠢᠯ ᠤᠨ ᠪᠠᠶᠢᠷᠢ ᠭᠦᠢᠴᠡᠳ ᠦᠭᠡᠢ ᠪᠠᠶᠢᠬᠤ ᠵᠢᠴᠢ ᠠᠵᠤ ᠠᠬᠤᠶᠢᠯᠠᠯ ᠤᠨ ᠤᠷᠢᠵᠤ ᠬᠡᠷᠡᠭᠯᠡᠬᠦ ᠬᠦᠰᠡᠯ ᠱᠠᠭᠠᠷᠳᠠᠯᠭ᠎ᠠ ᠵᠤᠬᠢᠬᠤ ᠬᠡᠮᠵᠢᠶ᠎ᠡ ᠪᠠᠷ ᠪᠠᠭᠤᠷᠠᠨ᠂ ᠲᠡᠭᠡᠳᠤ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠰᠤᠷᠭᠠᠨ ᠬᠥᠮᠦᠵᠢᠯ ᠤᠨ ᠪᠦᠲᠦᠴᠡ᠂ ᠠᠵᠢᠯ ᠣᠯᠬᠤ ᠦᠵᠡᠯᠲᠡ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠰᠠᠯᠤᠩᠭᠢᠷᠠᠭᠰᠠᠨ ᠪᠦᠲᠦᠴᠡ ᠶᠢᠨ ᠴᠢᠨᠠᠷᠲᠠᠶ ᠵᠥᠷᠢᠴᠡᠯ ᠮᠥᠨ ᠬᠦ ᠲᠤᠪᠤᠶᠢᠮ᠎ᠠ ᠪᠠᠶᠢᠬᠤ ᠨᠢ ᠠᠵᠢᠯ ᠣᠯᠭᠤᠯᠲᠠ ᠶᠢᠨ ᠳᠠᠷᠤᠯᠲᠠ ᠶᠢ ᠬᠦᠨᠳᠦᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠣᠯᠠᠨ ᠲᠠᠯ᠎ᠠ ᠶᠢᠨ ᠠᠰᠠᠭᠤᠳᠠᠯ ᠢ ᠪᠣᠢ ᠪᠣᠯᠭᠠᠵᠠᠶ᠃      1. ᠰᠤᠷᠭᠠᠭᠤᠯᠢ ᠲᠡᠭᠦᠰᠦᠭᠰᠡᠨ ᠲᠤᠬᠠᠶ ᠶᠢᠨ ᠵᠢᠯ ᠳᠤ ᠪᠠᠨ ᠠᠵᠢᠯ ᠤᠯᠤᠭᠰᠠᠨ ᠥᠬᠡᠶ ᠣᠶᠤᠲᠠᠳ ᠤᠨ ᠲᠤᠭᠠᠨ ᠤ ᠬᠠᠷᠢᠴᠠᠯ ᠨᠡᠯᠢᠶᠡᠳ ᠶᠡᠭᠡ ᠪᠠᠶᠢᠬᠤ᠄ ᠰᠤᠷᠭᠠᠭᠤᠯᠢ ᠲᠡᠭᠦᠰᠦᠭᠰᠡᠨ ᠤᠶᠤᠳᠠᠳ ᠤᠨ ᠤᠯᠠᠰᠢᠷᠠᠬᠤ ᠶᠢ ᠳᠠᠭᠠᠯᠳᠤᠨ᠂ ᠶᠡᠭᠡ ᠰᠤᠷᠭᠠᠭᠤᠯᠢ ᠶᠢᠨ ᠣᠶᠤᠲᠠᠨ ᠭᠡᠬᠦ ᠮᠡᠲᠦ ᠶᠢᠨ ᠣᠨᠴᠠᠭᠠᠢ ᠠᠵᠢᠯ ᠤᠨ ᠬᠥᠮᠦᠰ ᠤᠨ ᠬᠡᠷᠡᠭᠴᠡᠭᠡ ᠨᠡᠮᠡᠭᠳᠡᠬᠦ ᠨᠢ ᠬᠢᠵᠠᠭᠠᠷ ᠲᠠᠢ ᠪᠣᠯᠵᠤ᠂ ᠠᠵᠢᠯ ᠣᠯᠭᠤᠯᠲᠠ ᠶᠢᠨ ᠯᠤᠲᠤ ᠶᠡᠭᠡ ᠳᠠᠷᠤᠯᠲᠠ ᠶᠢ ᠪᠤᠢ ᠪᠤᠯᠭᠠᠵᠤ᠂ ᠵᠢᠯ ᠪᠦᠷᠢ ᠲᠡᠭᠦᠰᠬᠦ ᠰᠤᠷᠤᠭᠴᠢᠳ ᠤᠨ ᠠᠵᠢᠯ ᠣᠯᠬᠤ ᠬᠠᠷᠢᠴᠠᠯ ᠲᠤᠷᠤᠭᠰᠢᠯᠠᠵᠤ ᠪᠠᠶᠢᠨ᠎ᠠ᠃      2. ᠤᠶᠤᠲᠠᠳ ᠤᠨ ᠠᠵᠢᠯ ᠣᠯᠭᠤᠯᠲᠠ ᠶᠢᠨ ᠥᠪᠡᠷ ᠤᠨ ᠥᠷᠲᠡᠭ ᠤᠨ ᠨᠡᠮᠡᠭᠳᠡᠯ᠄ ᠣᠳᠣᠬᠠᠨ ᠳᠤ ᠤᠶᠤᠲᠠᠳ ᠤᠨ ᠠᠵᠢᠯ ᠡᠷᠢᠬᠦ ᠳᠤ ᠬᠡᠷᠡᠭᠯᠡᠬᠦ ᠵᠠᠷᠤᠳᠠᠯ ᠨᠡᠮᠡᠭᠳᠡᠵᠤ ᠪᠠᠶᠢᠨ᠎ᠠ᠂ ᠡᠨᠡ ᠬᠦ ᠦᠵᠡᠭᠳᠡᠯ ᠢ ᠪᠣᠢ ᠪᠣᠯᠭᠠᠭᠰᠠᠨ ᠭᠤᠣᠯ ᠰᠢᠯᠲᠠᠭᠠᠨ ᠪᠣᠯ ᠠᠵᠢᠯ ᠣᠯᠭᠤᠯᠲᠠ ᠶᠢᠨ ᠳᠠᠷᠤᠯᠲᠠ ᠨᠡᠮᠡᠭᠳᠡᠭᠰᠡᠨ ᠠᠴᠠ ᠬᠥᠮᠦᠰ ᠤᠨ ᠰᠠᠨᠠᠭᠠᠨ ᠳᠤ ᠳᠠᠭᠠᠷᠠᠭᠰᠠᠨ ᠠᠵᠢᠯ ᠣᠯᠬᠤ ᠶᠢᠨ ᠲᠥᠯᠥᠭᠡ ᠭᠠᠷᠭᠠᠬᠤ ᠦᠨ᠎ᠡ ᠥᠷᠲᠡᠭ ᠨᠢ ᠳᠡᠭᠡᠭᠰᠢᠯᠡᠭᠰᠡᠨ ᠠᠴᠠ ᠪᠣᠯᠤᠭᠰᠠᠨ  ᠶᠤᠮ᠃      3. ᠨᠡᠶᠢᠭᠡᠮ ᠤᠨ ᠣᠷᠴᠢᠨ ᠲᠣᠭᠤᠷᠢᠨ ᠤ ᠬᠤᠪᠢᠷᠠᠯᠲᠠ ᠶᠢᠨ ᠠᠵᠢᠯ ᠣᠯᠭᠤᠯᠲᠠ ᠳᠤ ᠦᠵᠡᠭᠦᠯᠬᠦ ᠨᠥᠯᠥᠭᠡ᠄ ᠤᠳᠤᠬᠠᠨ ᠤ ᠨᠡᠶᠢᠭᠡᠮ ᠨᠢ ᠬᠤᠷᠴᠠ ᠰᠢᠷᠦᠭᠦᠨ ᠬᠤᠪᠢᠰᠤᠯᠲᠠ ᠶᠢᠨ ᠬᠤᠭᠤᠴᠠᠭᠠᠨ ᠳᠤ ᠣᠷᠣᠰᠢᠵᠤ᠂ ᠡᠯ᠎ᠡ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠨᠡᠯᠢᠶᠡᠳ ᠶᠡᠭᠡ ᠪᠠᠶᠢᠬᠤ ᠨᠢ ᠠᠵᠢᠯ ᠣᠯᠭᠤᠯᠲᠠ ᠳᠤ ᠵᠣᠬᠢᠬᠤ ᠨᠥᠯᠥᠭᠡ ᠲᠠᠢ ᠪᠠᠶᠢᠳᠠᠭ᠃ ᠵᠢᠱᠢᠶᠡᠯᠡᠪᠡᠯ᠂ ᠦᠢᠯᠡᠴᠢᠯᠡᠭᠡᠨ ᠤ ᠦᠢᠯᠡᠰ ᠤᠨ ᠤᠯᠤᠰ ᠠᠷᠠᠳ ᠤᠨ ᠠᠵᠤ ᠠᠬᠤᠶ ᠳᠤ ᠡᠵᠡᠯᠡᠬᠦ ᠬᠤᠪᠢ ᠶᠢᠨ ᠵᠢᠩ ᠨᠡᠮᠡᠭᠳᠡᠬᠦ᠂ ᠰᠢᠨ᠎ᠡ ᠪᠠᠷ ᠬᠥᠭᠵᠢᠭᠰᠡᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ᠂ ᠨᠡᠶᠢᠭᠡᠮ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠵᠡᠷᠭᠡ ᠨᠢ ᠠᠵᠢᠯ ᠣᠯᠭᠤᠯᠲᠠ ᠶᠢᠨ ᠠᠵᠢᠯ ᠤᠨ ᠪᠠᠶᠢᠷᠢ‌‍ᠶᠢ ᠵᠠᠶᠢᠯᠠᠰᠢ ᠦᠭᠡᠢ ᠨᠡᠮᠡᠭᠳᠡᠭᠦᠯᠬᠦ ᠪᠤᠯᠪᠠᠴᠤ ᠤᠯᠠᠮᠵᠢᠯᠠᠯᠲᠤ ᠠᠵᠤ ᠦᠢᠯᠡᠰ ᠤᠨ ᠰᠢᠯᠵᠢᠯᠳᠠ ᠲᠠᠪᠰᠢᠯᠳᠠ ᠨᠢ ᠪᠠᠰᠠ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠬᠠᠰᠤᠭᠳᠠᠭᠤᠯᠬᠤ ᠪᠣᠯᠤᠨ᠎ᠠ᠃      4. ᠤᠶᠤᠲᠠᠳ ᠤᠨ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠥᠨᠳᠥᠷ ᠪᠢᠰᠢ ᠪᠠᠶᠢᠬᠤ᠄ ᠬᠡᠰᠡᠭ ᠰᠤᠷᠤᠭᠴᠢᠳ ᠠᠵᠢᠯ ᠣᠯᠬᠤ ᠶᠢᠨ ᠲᠥᠯᠥᠭᠡ ᠬᠦᠰᠡᠵᠤ ᠲᠥᠯᠥᠪᠯᠡᠭᠰᠡᠨ ᠠᠵᠢᠯ ᠣᠯᠬᠤ ᠪᠤᠳᠤᠯ ᠱᠠᠭᠠᠷᠳᠠᠯᠭ᠎ᠠ ᠪᠠᠨ ᠲᠠᠶᠠᠭᠳᠠᠵᠤ᠂ ᠪᠠᠰᠠ ᠵᠠᠷᠢᠮ ᠨᠢ ᠠᠵᠢᠯ ᠣᠯᠤᠭᠰᠠᠨ ᠤ ᠳᠠᠷᠠᠭ᠎ᠠ ᠠᠵᠢᠯ ᠳᠤ ᠪᠠᠨ ᠬᠠᠨᠤᠮᠵᠢ ᠦᠭᠡᠢ ᠪᠠᠶᠢᠵᠤ᠂ ᠪᠠᠶᠢᠨ ᠳᠠᠬᠢᠨ ᠠᠵᠢᠯ ᠰᠣᠯᠢᠵᠤ ᠪᠠᠶᠢᠳᠠᠭ᠃      5. ᠤᠶᠤᠲᠠᠳ ᠤᠨ ᠠᠵᠢᠯ ᠣᠯᠬᠤ ᠳᠤ ᠲᠤᠯᠭᠠᠷᠠᠵᠤ ᠮᠡᠳᠡᠬᠦ ᠭᠤᠣᠯᠴᠢ ᠪᠤᠰᠤ ᠪᠠᠶᠢᠳᠠᠯ᠄ ᠠᠵᠢᠯ ᠣᠯᠬᠤ ᠦᠶ᠎ᠠ ᠳᠤ ᠬᠡᠰᠡᠭ ᠰᠤᠷᠤᠭᠴᠢᠳ ᠡᠷᠦᠬᠡ ᠠᠮᠠ ᠶᠢᠨ ᠬᠠᠷᠢᠶ᠎ᠠ ᠶᠢᠨ ᠲᠦᠷᠢᠮ᠂ ᠬᠦᠮᠦᠨ ᠤ ᠶᠠᠪᠤᠳᠠᠯ ᠤᠨ ᠳᠦᠷᠢᠮ ᠪᠣᠯᠤᠨ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ ᠲᠤᠭᠳᠠᠯᠴᠠᠭ᠎ᠠ ᠵᠡᠷᠭᠡ ᠲᠠᠯ᠎ᠠ ᠶᠢᠨ ᠬᠢᠵᠠᠭᠠᠷᠯᠠᠯ ᠢ ᠬᠦᠯᠢᠶᠡᠬᠦ ᠪᠣᠯᠤᠨ᠎ᠠ᠃      ᠤᠶᠤᠲᠠᠳ ᠤᠨ ᠠᠵᠢᠯ ᠣᠯᠭᠤᠯᠲᠠ ᠶᠢᠨ ᠪᠠᠶᠢᠳᠠᠯ ᠭᠦᠴᠢᠷᠳᠠᠯ ᠲᠠᠢ ᠪᠠᠶᠢᠬᠤ ᠪᠣᠯ ᠮᠠᠷᠭᠤᠰᠢ ᠦᠭᠡᠢ ᠪᠣᠳᠠᠲᠤ ᠬᠡᠷᠡᠭ ᠮᠥᠨ᠂ ᠡᠶᠢᠮᠦᠷᠬᠦᠤ ᠪᠣᠳᠠᠲᠤ ᠪᠠᠶᠢᠳᠠᠯ ᠨᠢ ᠨᠢᠭᠡᠨᠲᠡ ᠲᠡᠭᠡᠳᠤ ᠵᠡᠷᠭᠡ ᠶᠢᠨ ᠰᠤᠷᠭᠠᠨ ᠬᠥᠮᠦᠵᠢᠯ᠂ ᠴᠠᠭᠠᠰᠢᠯᠠᠪᠠᠯ ᠪᠦᠬᠦ᠋ᠢᠯᠡ ᠨᠡᠶᠢᠭᠡᠮ ᠳᠤ ᠨᠥᠯᠥᠭᠡ ᠦᠵᠡᠭᠦᠯᠦᠭᠰᠡᠨ ᠤ ᠬᠠᠮᠲᠤ ᠪᠠᠰᠠ ᠲᠡᠭᠡᠳᠤ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠳᠤ ᠠᠵᠠ ᠲᠣᠬᠢᠶᠠᠯ ᠪᠠ ᠥᠷᠢᠰᠥᠯᠳᠦᠭᠡᠨ ᠢ ᠬᠠᠩᠭᠠᠭᠰᠠᠨ ᠪᠠᠶᠢᠨ᠎ᠠ᠂ ᠲᠡᠭᠦᠨ ᠤ ᠨᠡᠶᠢᠭᠡᠮ ᠤᠨ ᠨᠥᠯᠥᠭᠡ ᠶᠢ ᠡᠷᠬᠡᠪᠰᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠪᠡᠯ ᠵᠤᠬᠢᠨ᠎ᠠ᠃      ᠬᠤᠶᠠᠷ᠂ ᠤᠶᠤᠳᠠᠳ ᠮᠡᠳᠡᠯᠭᠡ ᠴᠢᠳᠠᠪᠤᠷᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠳᠠᠢ      ᠤᠶᠤᠳᠠᠳ ᠤᠨ ᠠᠵᠢᠯ ᠤᠯᠭᠤᠯᠳᠠ ᠶᠢᠨ ᠪᠠᠶᠢᠳᠠᠯ ᠳᠤ ᠴᠢᠭᠯᠡᠭᠦᠯᠵᠤ᠂ ᠤᠯᠤᠰ ᠤᠨ ᠰᠤᠷᠭᠠᠨ ᠬᠥᠮᠦᠵᠢᠯ ᠤᠨ ᠶᠠᠮᠤᠨ ᠠᠴᠠ ᠲᠤᠤᠷᠠᠬᠢ ᠮᠡᠳᠤ ᠳᠣᠯᠣᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠳᠡᠯᠡᠪᠡ᠄      ︵ᠨᠢᠭᠡ︶ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠰᠤᠷᠤᠭᠴᠢ ᠨᠢᠭᠡᠪᠦᠷᠢ ᠶᠢᠨ ᠠᠵᠢᠯ ᠣᠯᠭᠤᠯᠲᠠ ᠶᠢ ᠬᠠᠯᠠᠮᠵᠢᠯᠠᠨ ᠬᠠᠪᠰᠤᠷᠬᠤ ᠬᠡᠷᠡᠭᠲᠡᠶ᠃      ︵ᠬᠤᠶᠠᠷ︶ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠤᠷᠭᠠᠭᠤᠯᠢ ᠲᠡᠭᠦᠰᠦᠭᠰᠡᠳ ᠲᠤ᠂ ᠢᠯᠠᠩᠭᠤᠶ᠎ᠠ ᠠᠵᠤ ᠠᠬᠤᠢ ᠶᠢᠨ ᠪᠠᠶᠢᠳᠠᠯ ᠤᠨ ᠨᠥᠯᠥᠭᠡ ᠶᠢ ᠨᠡᠯᠢᠶᠡᠳ ᠶᠡᠭᠡ ᠬᠦᠷᠳᠡᠭᠰᠡᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠴᠤᠭᠯᠠᠭᠤᠯᠵᠤ ᠥᠭᠬᠦ ᠬᠡᠷᠡᠭᠲᠡᠶ᠃      ︵ᠭᠤᠷᠪᠠ︶ ᠠᠵᠢᠯᠲᠠᠨ ᠤᠷᠢᠬᠤ ᠰᠢᠷᠢᠰ ᠠᠵᠢᠯᠯᠠᠭ᠎ᠠ ᠶᠢ ᠡᠷᠬᠢᠯᠡᠵᠦ᠂ ᠠᠵᠢᠯ ᠣᠯᠭᠤᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠳᠥᠷᠪᠡ︶ ᠦᠢᠯᠡᠰ ᠪᠤᠰᠬᠠᠬᠤ ᠶᠢ ᠳᠡᠮᠵᠢᠬᠦ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠵᠤ᠂ ᠲᠡᠭᠦᠰᠬᠦ ᠰᠤᠷᠤᠭᠴᠢᠳ ᠤᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠶᠡᠬᠡᠪᠡᠷ ᠲᠦᠯᠬᠢᠨ ᠠᠬᠢᠭᠤᠯᠤᠨ᠎ᠠ᠃      ︵ᠲᠠᠪᠤ︶ ᠴᠢᠭᠯᠡᠭᠦᠯᠬᠦ ᠴᠢᠨᠠᠷᠲᠠᠶ ᠠᠵᠢᠯ ᠣᠯᠭᠤᠬᠤ ᠵᠢᠯᠣᠭᠤᠳᠤᠯᠭ᠎ᠠ ᠦᠢᠯᠡᠴᠢᠯᠡᠭᠡᠨ ᠢ ᠢᠳᠡᠪᠬᠢᠲᠡᠢ ᠥᠷᠨᠢᠭᠦᠯᠵᠦ᠂ ᠠᠵᠢᠯ ᠣᠯᠬᠤ ᠳᠤ ᠬᠦᠴᠢᠷᠳᠡᠯᠲᠡᠶ ᠲᠡᠭᠦᠰᠦᠭᠰᠡᠳ ᠢ ᠭᠤᠤᠯᠳᠠᠯᠭ᠎ᠠ ᠲᠠᠢ ᠬᠠᠪᠰᠤᠷᠤᠨ     ᠲᠡᠳᠬᠦᠨ᠎ᠡ᠃      ︵ᠵᠢᠷᠭᠤᠭ᠎ᠠ︶ ᠳᠠᠳᠤᠯᠭ᠎ᠠ ᠦᠢᠯᠡᠳᠦᠯᠭᠡ ᠶᠢ ᠥᠷᠭᠡᠨ ᠢᠶᠠᠷ ᠵᠣᠬᠢᠶᠠᠨ ᠪᠠᠶᠢᠭᠤᠯᠵᠤ᠂ ᠲᠡᠭᠦᠰᠬᠦ ᠰᠤᠷᠤᠭᠴᠢᠳ ᠤᠨ ᠠᠵᠢᠯ ᠤᠯᠭᠤᠯᠳᠠ ᠶᠢᠨ ᠦᠷᠢᠰᠦᠯᠳᠤᠭᠡᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃      ︵ᠳᠣᠯᠤᠭ᠎ᠠ︶ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠭᠦᠨᠵᠡᠭᠡᠶ ᠥᠷᠨᠢᠭᠦᠯᠬᠦ   ᠶᠢ    ᠱᠠᠭᠠᠷᠳᠠᠨ᠎ᠠ᠃      ᠤᠳᠤ ᠦᠶ᠎ᠡ ᠶᠢᠨ ᠣᠶᠤᠲᠠᠨ ᠰᠡᠬᠡᠭᠡᠲᠡᠳ ᠳᠡᠭᠡᠷᠡᠬᠢ ᠠᠷᠭ᠎ᠠ ᠬᠡᠮᠵᠢᠶᠡᠨ ᠳᠤ ᠰᠠᠭᠤᠷᠢᠯᠠᠵᠤ᠂ ᠠᠰᠠᠭᠤᠳᠠᠯ ᠢ ᠰᠢᠢᠳᠪᠤᠷᠢᠯᠡᠬᠦ ᠰᠡᠳᠬᠢᠬᠦᠶ ᠪᠤᠯᠤᠨ ᠴᠢᠳᠠᠪᠤᠷᠢ ᠶᠢ ᠪᠦᠷᠢᠯᠳᠤᠭᠦᠯᠵᠤ᠂ ᠠᠵᠢᠯ ᠣᠯᠭᠤᠯᠲᠠ ᠶᠢ ᠨᠢᠭᠡ ᠵᠦᠢᠯ ᠤᠨ ᠥᠷᠢᠰᠥᠯᠳᠦᠭᠡᠨ ᠢᠶᠠᠷ ᠦᠵᠡᠵᠦ᠂ ᠥᠪᠡᠷ ᠢ ᠪᠠᠨ ᠴᠣᠯᠭᠤᠷᠠᠭᠤᠯᠬᠤ ᠪᠠᠷ ᠴᠢᠷᠮᠠᠶᠢᠬᠤ ᠬᠡᠷᠡᠭᠲᠡᠶ᠃      ᠡᠩ ᠲᠡᠷᠢᠭᠦᠨ ᠳᠤ᠂ ᠲᠤᠰ ᠪᠡᠶ᠎ᠡ ᠶᠢᠨ ᠬᠡᠪ ᠪᠤᠯᠪᠠᠰᠤᠷᠠᠯ ᠢᠶᠠᠨ ᠦᠨᠳᠤᠰᠤᠯᠡᠨ᠎ᠡ᠃ ᠤᠳᠤᠬᠠᠨ ᠳᠤ ᠶᠡᠭᠡ ᠲᠡᠭᠡᠳᠤ ᠰᠤᠷᠭᠠᠭᠤᠯᠢ ᠨᠢ ᠲᠡᠭᠷᠢ ᠶᠢᠨ ᠤᠳᠤ ᠰᠢᠬ ᠤᠯᠠᠰᠢᠷᠠᠵᠤ᠂ ᠨᠢᠭᠡᠨ ᠨᠠᠷᠠᠲᠤ ᠶᠡᠭᠡ ᠰᠤᠷᠭᠠᠭᠤᠯᠢ ᠳᠤ ᠰᠢᠯᠭᠠᠨ ᠣᠷᠣᠬᠤ ᠨᠢ ᠢᠷᠡᠭᠡᠳᠦᠶ ᠶᠢᠨ ᠵᠠᠮ ᠢ ᠲᠤᠭᠳᠠᠭᠠᠬᠤ ᠶᠢᠨ ᠠᠷᠭ᠎ᠠ ᠦᠭᠡᠢ ᠪᠣᠯᠵᠠᠶ᠃ ᠵᠢᠯ ᠪᠦᠷᠢ ᠶᠢᠨ ᠲᠡᠭᠦᠰᠬᠦ ᠰᠤᠷᠤᠭᠴᠢ ᠨᠡᠮᠡᠭᠳᠡᠭᠦ ᠶᠢ ᠲᠠᠭᠠᠯᠳᠤᠨ᠂ ᠠᠵᠢᠯᠳᠠᠨ ᠤᠷᠢᠵᠤ ᠡᠯᠰᠡᠬᠦ ᠲᠠᠷᠤᠭᠠᠰᠤ ᠶᠡᠭᠡᠰᠴᠦ᠂ ᠡᠩ ᠤᠨ ᠨᠢᠭᠡᠨ ᠠᠵᠢᠯ ᠤᠨ ᠪᠠᠶᠢᠷᠢ ᠶᠢ ᠮᠠᠰᠢ ᠤᠯᠠᠨ ᠭᠦᠮᠦᠨ ᠪᠤᠯᠢᠶᠠᠯᠳᠤᠬᠤ ᠪᠤᠯᠪᠠ᠃ ᠡᠶᠢᠮᠦ ᠠᠴᠠ ᠬᠤᠷᠴᠠ ᠰᠢᠷᠦᠭᠦᠨ ᠥᠷᠢᠰᠥᠯᠳᠦᠭᠡᠨ ᠪᠦᠭᠦᠢ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠲᠤ ᠥᠪᠡᠷ ᠢ ᠪᠠᠨ ᠬᠡᠷᠬᠢᠨ ᠴᠤᠯᠭᠤᠷᠠᠭᠤᠯᠬᠤ ᠪᠣᠶ ᠭᠡᠳᠡᠭ ᠢ ᠪᠤᠳᠤᠯᠬᠢᠯᠠᠭᠤᠰᠢᠲᠠᠢ ᠶᠤᠮ᠃      ᠶᠡᠭᠡ ᠰᠤᠷᠭᠠᠭᠤᠯᠢ ᠪᠣᠯ ᠨᠢᠭᠡᠨ ᠮᠡᠳᠡᠯᠭᠡ ᠡᠵᠡᠮᠰᠢᠬᠦ ᠭᠠᠵᠠᠷ ᠮᠥᠨ᠃ ᠡ᠊ᠨᠳᠡ ᠬᠡᠯᠡᠵᠦ ᠪᠠᠶᠢᠭ᠎ᠠ ᠮᠡᠳᠡᠯᠭᠡ ᠨᠢ ᠲᠤᠰᠬᠠᠶ ᠮᠡᠷᠭᠡᠵᠢᠯ ᠤᠨ ᠮᠡᠳᠡᠯᠭᠡ ᠪᠠ ᠶᠡᠷᠤᠩᠬᠡᠶᠢᠯᠡᠭᠰᠡᠨ ᠬᠡᠪ ᠴᠢᠨᠠᠷ ᠢ ᠪᠠᠭᠳᠠᠭᠠᠵᠤ ᠪᠠᠶᠢᠨ᠎ᠠ᠃ ᠤᠶᠤᠳᠠᠳ ᠴᠥᠮ ᠦᠪᠡᠷ ᠥᠪᠡᠷ ᠤᠨ ᠰᠣᠷᠣᠭᠰᠠᠨ ᠲᠤᠰᠬᠠᠶ ᠮᠡᠷᠭᠡᠵᠢᠯ ᠲᠠᠢ ᠪᠠᠶᠢᠳᠠᠭ ᠨᠢ ᠢᠷᠡᠭᠡᠳᠦᠶ ᠶᠢᠨ ᠴᠢᠳᠠᠪᠤᠷᠢᠲᠠᠨ ᠤ ᠲᠤᠰᠬᠠᠶᠢᠵᠢᠭᠰᠠᠨ ᠬᠢᠷᠢ ᠲᠦᠪᠰᠢᠨ ᠢ ᠥᠨᠳᠥᠷ ᠪᠠᠶᠢᠯᠭᠠᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ ᠶᠡᠭᠡ ᠰᠤᠷᠭᠠᠭᠤᠯᠢ ᠶᠢᠨ ᠰᠤᠷᠤᠭᠴᠢ ᠡᠩ ᠲᠡᠷᠢᠭᠦᠨ ᠳᠤ ᠥᠪᠡᠷ ᠤᠨ ᠲᠤᠰᠬᠠᠶ ᠮᠡᠷᠭᠡᠵᠢᠯ ᠤᠨ ᠮᠡᠳᠡᠯᠭᠡ ᠪᠠᠨ ᠰᠠᠶᠢᠨ ᠰᠤᠷᠴᠤ᠂ ᠥᠨᠳᠥᠷ ᠬᠢᠷᠢ ᠲᠦᠪᠰᠢᠨ ᠪᠦᠬᠦᠢ ᠲᠤᠰᠬᠠᠶ ᠮᠡᠷᠭᠡᠵᠢᠯ ᠢᠶᠠᠷ ᠪᠤᠰᠤᠳ ᠲᠠᠢ ᠥᠷᠢᠰᠦᠯᠳᠦᠬᠦ ᠬᠡᠷᠡᠭᠲᠡᠶ᠃ ᠲᠠᠬᠢᠭᠠᠳ ᠬᠡᠯᠡᠪᠡᠯ᠂ ᠶᠡᠷᠦᠩᠬᠡᠶᠢᠯᠡᠭᠰᠡᠨ ᠬᠡᠪ ᠴᠢᠨᠠᠷ ᠴᠦ ᠮᠠᠰᠢ ᠴᠢᠬᠤᠯᠠ ᠪᠠᠶᠢᠳᠠᠭ᠃ ᠶᠡᠷᠦᠩᠬᠡᠶᠢᠯᠡᠭᠰᠡᠨ ᠬᠡᠪ ᠴᠢᠨᠠᠷ ᠲᠤ ᠶᠡᠷᠦᠩᠬᠡᠶᠢᠯᠡᠭᠰᠡᠨ ᠮᠡᠳᠡᠯᠭᠡ ᠶᠢᠨ ᠬᠢᠷᠢ ᠲᠦᠪᠰᠢᠨ ᠵᠢᠴᠢ ᠲᠤᠰ ᠪᠡᠶ᠎ᠡ ᠶᠢᠨ ᠶᠣᠰᠣ ᠰᠤᠷᠳᠠᠬᠤᠨ ᠤ ᠪᠣᠯᠪᠠᠰᠤᠷᠠᠯ᠂ ᠰᠡᠳᠬᠢᠬᠦᠢ ᠶᠢᠨ ᠡᠷᠡᠬᠦᠯ ᠮᠡᠨᠳᠤ ᠶᠢᠨ ᠬᠡᠪ ᠴᠢᠨᠠᠷ ᠵᠢᠴᠢ ᠲᠤᠰᠬᠠᠶ ᠮᠡᠷᠭᠡᠵᠢᠯ ᠤᠨ ᠭᠠᠳᠠᠨᠠᠬᠢ ᠪᠤᠰᠤᠳ ᠤᠷ᠎ᠠ ᠴᠢᠳᠠᠪᠤᠷᠢ ᠶᠢ ᠪᠠᠭᠳᠠᠭᠠᠨ᠎ᠠ᠃      ᠠᠵᠢᠯᠲᠠᠨ ᠤᠷᠢᠵᠤ ᠡᠯᠰᠡᠬᠦ ᠲᠠᠯ᠎ᠠ ᠶᠢᠨ ᠬᠢᠨ ᠵᠠᠬ᠎ᠠ ᠳᠡᠯᠭᠡᠭᠦᠷ ᠢ ᠡᠵᠡᠮᠳᠡᠭᠰᠡᠨ ᠤᠷᠢᠲᠠᠯ ᠳᠣᠤᠷ᠎ᠠ᠂ ᠲᠠᠳᠡ ᠠᠵᠢᠯ ᠡᠷᠢᠬᠦ ᠭᠤᠶᠤᠴᠢᠯᠠᠯ ᠭᠠᠷᠭᠠᠭᠰᠠᠨ ᠦᠶ ᠣᠯᠠᠨ ᠤᠶᠤᠳᠠᠳ ᠤᠨ ᠳᠤᠮᠳᠠ ᠠᠴᠠ ᠬᠠᠮᠤᠭ ᠤᠨ ᠰᠢᠯᠢᠳᠡᠭ ᠢ ᠨᠢ ᠰᠣᠩᠭᠤᠬᠤ ᠨᠢ ᠶᠠᠷᠢᠶᠠᠨ ᠥᠬᠡᠶ᠃ ᠡᠨᠡ ᠦᠶ᠎ᠠ ᠳᠤ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠥᠨᠳᠥᠷ ᠪᠢᠰᠢ ᠪᠤᠯ ᠠᠩᠬᠠᠨ ᠤ ᠪᠦᠯᠦᠭ ᠲᠤ ᠰᠢᠭᠰᠢᠭᠳᠡᠬᠦ ᠪᠣᠯᠤᠨ᠎ᠠ᠂ ᠳᠠᠬᠢᠭᠠᠳ ᠬᠡᠯᠡᠪᠡᠯ᠂ ᠬᠥᠮᠦᠨ ᠪᠣᠯ ᠨᠡᠶᠢᠭᠡᠮᠴᠢ ᠴᠢᠨᠠᠷ ᠲᠠᠢ ᠲᠤᠯᠠ ᠶᠣᠰᠣ ᠰᠤᠷᠳᠠᠬᠤᠨ ᠤ ᠬᠢᠷᠢ ᠲᠦᠪᠰᠢᠨ ᠬᠠᠷᠢᠴᠠᠩᠭᠤᠢ ᠠᠨᠠᠢ ᠪᠠᠶᠢᠪᠠᠯ ᠯᠠᠪᠲᠠᠶ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠳᠤ ᠬᠢ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠵᠤ ᠴᠢᠳᠠᠬᠤ ᠦᠭᠡᠢ ᠲᠤᠯᠠ ᠳᠠᠬᠢᠨ ᠰᠢᠭᠰᠢᠭᠳᠡᠭᠦᠯᠬᠦ ᠪᠣᠯᠤᠨ᠎ᠠ᠃ ᠬᠠᠮᠤᠭ ᠤᠨ ᠡᠴᠦᠰ ᠲᠤ᠂ ᠡᠯᠰᠡᠵᠤ ᠬᠡᠷᠡᠭᠯᠡᠬᠦ ᠠᠵᠢᠯ ᠤᠨ ᠪᠠᠶᠢᠷᠢ ᠨᠢ ᠬᠢᠵᠠᠭᠠᠷ ᠲᠠᠢ ᠪᠠᠶᠢᠬᠤ ᠤᠷᠢᠲᠠᠯ ᠳᠣᠤᠷ᠎ᠠ ᠯᠠᠪᠲᠠᠶ ᠰᠢᠯᠢᠳᠡᠭ ᠤᠨ ᠰᠣᠩᠭᠤᠯᠲᠠ ᠬᠢᠬᠦ ᠶᠤᠮ᠂ ᠡᠶᠢᠮᠦ ᠠᠴᠠ ᠶᠡᠷᠦᠩᠬᠡᠶᠢᠯᠡᠭᠰᠡᠨ ᠬᠡᠪ ᠴᠢᠨᠠᠷ ᠥᠨᠳᠥᠷ ᠣᠶᠤᠲᠠᠳ ᠵᠣᠬᠢᠬᠤ ᠬᠡᠮᠵᠢᠶᠡᠨ ᠤ ᠪᠡᠶᠡᠴᠢ ᠲᠠᠯ᠎ᠠ ᠶᠢᠨ ᠳᠠᠪᠠᠭᠤᠯᠢᠭ ᠲᠠᠢ ᠪᠠᠶᠢᠳᠠᠭ᠃      ᠶᠡᠷᠦᠩᠬᠡᠶᠢᠯᠡᠭᠰᠡᠨ ᠬᠡᠪ ᠴᠢᠨᠠᠷ ᠭᠡᠳᠡᠭ ᠲᠤ ᠰᠡᠳᠬᠢᠬᠦᠢ ᠶᠢᠨ ᠡᠷᠡᠬᠦᠯ ᠮᠡᠨᠳᠤ ᠶᠢᠨ ᠬᠡᠪ ᠴᠢᠨᠠᠷ ᠢ ᠪᠠᠭᠳᠠᠭᠠᠬᠤ ᠶᠤᠮ᠃ ᠠᠵᠢᠯ ᠣᠯᠭᠤᠯᠲᠠ ᠶᠢᠨ ᠶᠡᠭᠡ ᠵᠢᠭᠰᠠᠭᠠᠯ ᠤᠨ ᠦᠢᠮᠡᠭᠡᠨ ᠲᠡᠪᠵᠢᠶᠡᠨ ᠳᠤ᠂ ᠮᠠᠰᠢ ᠣᠯᠠᠨ ᠶᠡᠭᠡ ᠲᠡᠭᠡᠳᠤ ᠰᠤᠷᠭᠠᠭᠤᠯᠢ ᠶᠢᠨ ᠤᠶᠤᠳᠠᠳ ᠠᠵᠢᠯ ᠣᠯᠭᠤᠯᠲᠠ ᠶᠢᠨ ᠳᠠᠷᠤᠯᠲᠠ ᠶᠢ ᠳᠠᠭᠠᠭᠠᠵᠤ ᠴᠢᠳᠠᠬᠤ ᠦᠭᠡᠢ ᠪᠠᠶᠢᠵᠤ᠂ ᠪᠡᠶ᠎ᠡ ᠪᠠᠨ ᠭᠤᠯᠣᠬᠤ᠂ ᠲᠤᠯᠤᠭᠠᠢ ᠪᠦᠬᠦ᠋ᠢᠬᠦ᠂ ᠴᠠᠭᠠᠰᠢᠯᠠᠪᠠᠯ ᠠᠮᠢ ᠨᠠᠰᠤ ᠪᠠᠨ ᠡᠴᠦᠰᠯᠡᠭᠦᠯᠬᠦ ᠵᠡᠷᠭᠡ ᠭᠤᠨᠢᠭᠲᠤ ᠵᠠᠮ ᠢᠶᠠᠷ ᠶᠠᠪᠤᠳᠠᠭ ᠴᠦ ᠪᠤᠢ᠃ ᠨᠢᠭᠡᠨ ᠵᠢᠩᠬᠢᠨᠢ ᠰᠢᠯᠢᠳᠡᠭ ᠣᠶᠤᠲᠠᠨ ᠪᠣᠯ ᠨᠡᠯᠢᠶᠡᠳ ᠥᠨᠳᠥᠷ ᠶᠡᠷᠦᠩᠬᠡᠶᠢᠯᠡᠭᠰᠡᠨ ᠬᠡᠪ ᠴᠢᠨᠠᠷ ᠢ ᠪᠦᠷᠢᠯᠳᠤᠭᠦᠯᠦᠨ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠤᠭᠳᠤᠵᠤ ᠢᠯᠡᠪᠠᠯ ᠵᠤᠬᠢᠨ᠎ᠠ᠂ ᠬᠠᠷᠢᠨ ᠨᠤᠭᠤᠷᠠᠯ ᠪᠦᠳᠦᠷᠢᠯ ᠤᠨ ᠡᠮᠦᠨ᠎ᠡ ᠨᠤᠭᠤᠷᠠᠨ ᠲᠤᠷᠦ᠋ᠢᠳᠠᠬᠤ ᠪᠢᠰᠢ ᠶᠤᠮ᠃ ᠡᠶᠢᠮᠦ ᠠᠴᠠ ᠠᠵᠢᠯ ᠣᠯᠭᠤᠯᠲᠠ ᠶᠢᠨ ᠬᠦᠨᠳᠦ ᠬᠡᠴᠡᠭᠦᠤ ᠪᠠᠶᠢᠳᠠᠯ ᠤᠨ ᠳᠣᠤᠷ᠎ᠠ᠂ ᠰᠡᠳᠬᠢᠴᠡ ᠶᠢᠨ ᠬᠡᠪ ᠴᠢᠨᠠᠷ ᠢ ᠳᠡᠭᠡᠭᠰᠢᠯᠡᠭᠦᠯᠬᠦ ᠨᠢ ᠪᠠᠰᠠ ᠴᠤ ᠴᠢᠬᠤᠯᠠ ᠨᠢᠭᠡ ᠲᠠᠯ᠎ᠠ ᠪᠣᠯᠤᠨ᠎ᠠ᠃      ᠡᠭᠦᠨ ᠠᠴᠠ ᠭᠠᠳᠠᠨ᠎ᠠ᠂ ᠮᠠᠰᠢ ᠣᠯᠠᠨ ᠣᠶᠤᠲᠠᠳ ᠢᠷᠡᠭᠡᠳᠦᠶ ᠶᠢᠨ ᠠᠵᠢᠯ ᠮᠡᠷᠭᠡᠵᠢᠯ ᠵᠢᠴᠢ ᠴᠠᠯᠢᠩ ᠤᠯᠭᠤᠮᠵᠢ ᠳᠤ ᠨᠡᠯᠢᠶᠡᠳ ᠥᠨᠳᠥᠷ ᠣᠷᠣᠨ ᠲᠤᠭᠳᠠᠭᠠᠯ ᠬᠢᠵᠤ᠂ ᠮᠥᠩᠭᠦᠨ ᠭᠦᠢᠯᠭᠡᠭᠡᠨ ᠤ ᠬᠢᠮᠤᠷᠠᠯ᠂ ᠠᠵᠢᠯ ᠤᠨ ᠪᠠᠶᠢᠷᠢ ᠶᠢᠨ ᠴᠥᠭᠡᠨ ᠪᠠᠶᠢᠬᠤ ᠵᠡᠷᠭᠡ ᠤᠯᠠᠨ ᠲᠠᠯ᠎ᠠ ᠶᠢᠨ ᠨᠦᠬᠦᠴᠡᠯ ᠪᠠᠶᠢᠳᠠᠯ ᠠᠴᠠ ᠪᠤᠯᠵᠤ᠂ ᠤᠷᠢᠵᠤ ᠬᠡᠷᠡᠭᠯᠡᠬᠦ ᠲᠠᠯ᠎ᠠ ᠶᠢᠨ ᠬᠠᠩᠭᠠᠭᠰᠠᠨ ᠠᠵᠢᠯ ᠤᠨ ᠪᠠᠶᠢᠷᠢ ᠵᠢᠴᠢ ᠴᠠᠯᠢᠩ ᠤᠯᠭᠤᠮᠵᠢ ᠨᠢ ᠤᠶᠤᠲᠠᠳ ᠤᠨ ᠬᠦᠰᠡᠯ ᠡᠷᠡᠮᠡᠯᠵᠡᠯ ᠳᠤ ᠬᠤᠯᠠ ᠬᠦᠷᠬᠦ ᠦᠭᠡᠢ ᠪᠠᠶᠢᠳᠠᠯ ᠢᠯᠡᠷᠡᠳᠡᠭ᠃ ᠡᠨᠡ ᠦᠶᠠᠰ᠂ ᠣᠶᠤᠲᠠᠳ ᠠᠵᠢᠯ ᠣᠯᠭᠤᠯᠲᠠ ᠶᠢᠨ ᠲᠤᠬᠠᠢ ᠱᠠᠭᠠᠷᠳᠠᠯᠭ᠎ᠠ ᠶᠢ ᠵᠤᠬᠢᠬᠤ ᠬᠡᠮᠵᠢᠶ᠎ᠡ ᠪᠠᠷ ᠲᠤᠷᠤᠭᠰᠢᠯᠠᠭᠤᠯᠤᠨ᠂ ᠤᠷᠢᠳ ᠢᠶᠠᠷ ᠠᠵᠢᠯ ᠣᠯᠵᠤ ᠳᠠᠷᠠᠭ᠎ᠠ ᠨᠢ ᠠᠵᠢᠯ ᠢ ᠰᠤᠩᠭᠤᠨ᠂ ᠠᠵᠢᠯ ᠣᠯᠤᠭᠰᠠᠨ ᠤ ᠳᠠᠷᠠᠭ᠎ᠠ ᠲᠤᠷᠰᠢᠯᠭ᠎ᠠ ᠬᠤᠷᠠᠮᠳᠤᠭᠤᠯᠵᠤ᠂ ᠳᠠᠬᠢᠨ ᠠᠯᠬᠤᠮ ᠠᠯᠬᠤᠮ ᠢᠶᠠᠷ ᠬᠦᠰᠡᠨ ᠡᠷᠡᠮᠡᠯᠵᠡᠭᠰᠡᠨ ᠠᠵᠢᠯ ᠦᠢᠯᠡᠰ ᠤᠨ ᠵᠦᠭ ᠴᠢᠷᠮᠠᠶᠢᠨ ᠲᠡᠮᠡᠤᠯᠡᠪᠡᠯ ᠵᠤᠬᠢᠨ᠎ᠠ᠃ ᠤᠶᠤᠳᠠᠳ ᠥᠪᠡᠷ ᠢ ᠪᠠᠨ ᠲᠡᠭᠦᠯᠳᠡᠷᠵᠢᠭᠦᠯᠬᠦ ᠠᠴᠠ ᠭᠠᠳᠠᠨ᠎ᠠ᠂ ᠲᠤᠤᠷᠠᠬᠢ ᠮᠡᠳᠤ ᠵᠠᠮ ᠢ ᠴᠦ ᠰᠣᠩᠭᠤᠵᠤ ᠪᠤᠯᠬᠤ ᠶᠤᠮ᠃      1. ᠰᠤᠳᠤᠯᠬᠤ ᠰᠤᠷᠤᠭᠴᠢ ᠰᠢᠯᠭᠠᠭᠤᠯᠵᠤ᠂ ᠠᠵᠢᠯ ᠣᠯᠭᠤᠯᠲᠠ ᠶᠢᠨ ᠶᠡᠭᠡ ᠵᠢᠭᠰᠠᠭᠠᠯ ᠠᠴᠠ ᠲᠦᠷ ᠴᠠᠭ ᠵᠠᠶᠢᠯᠠᠰᠬᠢᠨ᠂ ᠨᠠᠩ ᠥᠨᠳᠥᠷ ᠬᠢᠷᠢ ᠲᠦᠪᠰᠢᠨ ᠪᠦᠬᠦᠢ ᠮᠡᠳᠡᠯᠭᠡ ᠮᠡᠷᠭᠡᠰᠢᠯ ᠢ ᠭᠦᠨᠵᠡᠭᠡᠶᠢᠷᠡᠨ ᠰᠤᠷᠤᠯᠴᠠᠵᠤ᠂ ᠥᠪᠡᠷ ᠤᠨ ᠥᠷᠢᠰᠦᠯᠳᠦᠬᠦ ᠬᠦᠴᠦᠨ ᠢᠶᠠᠨ ᠲᠡᠭᠡᠭᠰᠢᠯᠡᠭᠦᠯᠦᠨ᠎ᠡ᠃      2. ᠠᠯᠪᠠᠲᠠᠨ ᠤ ᠰᠢᠯᠭᠠᠯᠳᠠ ᠳᠤ ᠤᠷᠤᠯᠴᠠᠨ᠂ ᠤᠯᠤᠰ ᠠᠴᠠ ᠬᠠᠩᠭᠠᠭᠰᠠᠨ ᠲᠤᠰᠢᠶᠠᠯ ᠤᠨ ᠪᠠᠶᠢᠷᠢ ᠳᠤ ᠰᠢᠯᠭᠠᠭᠤᠯᠤᠨ᠎ᠠ᠃      3. ᠪᠡᠶ᠎ᠡ ᠪᠠᠨ ᠳᠠᠭᠠᠭᠠᠵᠤ ᠦᠢᠯᠡᠰ ᠪᠤᠰᠬᠠᠨ᠎ᠠ᠃ ᠰᠢᠨ᠎ᠡ ᠶᠢ ᠡᠭᠦᠳᠤᠨ ᠦᠢᠯᠡᠰ ᠪᠤᠰᠬᠠᠬᠤ ᠲᠠᠯ᠎ᠠ ᠪᠠᠷ᠂ ᠡᠯ᠎ᠡ ᠭᠠᠵᠠᠷ ᠤᠨ ᠬᠢᠨ ᠠᠳᠠᠯᠢ ᠪᠤᠰᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠲᠠᠢ ᠪᠠᠶᠢᠵᠤ᠂ ᠥᠪᠡᠷ ᠤᠨ ᠪᠡᠶ᠎ᠡ ᠳᠤ ᠪᠠᠨ ᠠᠵᠢᠯ ᠤᠯᠭᠤᠵᠤ ᠠᠵᠢᠯ ᠤᠨ ᠪᠠᠶᠢᠷᠢ ᠬᠠᠩᠭᠠᠬᠤ ᠨᠢ ᠪᠠᠰᠠ ᠴᠤ ᠨᠢᠭᠡᠨ ᠰᠤᠩᠭᠤᠭᠤᠰᠢᠲᠠᠢ ᠵᠠᠮ ᠪᠣᠯᠬᠤ ᠶᠤᠮ᠃      ᠭᠤᠷᠪᠠ᠂ ᠤᠶᠤᠳᠠᠳ ᠠᠵᠢᠯ ᠮᠡᠷᠭᠡᠵᠢᠯ ᠤᠨ ᠲᠦᠯᠦᠪᠵᠢᠭᠦᠯᠭᠡ ᠬᠢᠵᠤ ᠴᠢᠳᠠᠬᠤ ᠬᠡᠷᠡᠭᠲᠠᠢ      ︵ᠨᠢᠭᠡ︶ ᠥᠪᠡᠷ ᠢ ᠪᠠᠨ ᠵᠦᠪ ᠦᠨᠡᠯᠡᠵᠦ᠂ ᠠᠵᠢᠯ ᠮᠡᠷᠭᠡᠵᠢᠯ ᠤᠨ ᠲᠥᠯᠥᠪᠵᠢᠭᠦᠯᠭᠡ ᠶᠢ ᠰᠠᠶᠢᠲᠤᠷ ᠬᠢᠬᠦ ᠬᠡᠷᠡᠭᠲᠡᠶ᠃      ᠠᠵᠢᠯ ᠰᠣᠩᠭᠤᠬᠤ ᠨᠢ ᠤᠶᠤᠳᠠᠳ ᠲᠤ ᠠᠪᠴᠤ ᠬᠡᠯᠡᠪᠡᠯ᠂ ᠠᠮᠢᠳᠤᠷᠠᠬᠤᠢ ᠶᠢᠨ ᠨᠢᠭᠡᠨ ᠲᠣᠮᠣ ᠶᠠᠪᠤᠳᠠᠯ ᠪᠣᠯᠤᠨ᠎ᠠ᠃ ᠠᠵᠢᠯ ᠢᠶᠠᠨ ᠵᠥᠪ ᠰᠣᠩᠭᠤᠶ᠎ᠠ ᠭᠡᠪᠡᠯ ᠡᠩ ᠲᠡᠷᠢᠭᠦᠨ ᠳᠤ ᠥᠪᠡᠷ ᠢ ᠪᠠᠨ ᠵᠥᠪ ᠣᠶᠢᠯᠠᠭᠠᠬᠤ ᠬᠡᠷᠡᠭᠲᠡᠶ᠄ ᠨᠢᠭᠡ ᠲᠠᠯ᠎ᠠ ᠪᠠᠷ ᠵᠠᠩ ᠴᠢᠨᠠᠷ ᠵᠡᠷᠭᠡ ᠣᠨᠴᠠᠯᠢᠭ ᠢᠶᠠᠨ ᠲᠣᠳᠣᠷᠬᠠᠶ ᠮᠡᠳᠡᠵᠦ᠂ ᠨᠥᠭᠦᠭᠡ ᠲᠠᠯ᠎ᠠ ᠪᠠᠷ ᠬᠢᠬᠦ ᠭᠡᠵᠦ ᠪᠠᠶᠢᠭ᠎ᠠ ᠠᠵᠢᠯ ᠲᠥᠷᠥᠯ ᠤᠨ ᠢᠶᠠᠨ ᠱᠠᠭᠠᠷᠳᠠᠯᠭ᠎ᠠ ᠶᠢ ᠲᠣᠳᠣᠷᠬᠠᠶ ᠮᠡᠳᠡᠵᠦ᠂ ᠲᠤᠰ ᠠᠵᠢᠯ ᠳᠤ ᠲᠣᠬᠢᠷᠠᠬᠤ ᠡᠰᠡᠬᠦ ᠪᠠᠨ ᠵᠠᠳᠠᠯᠤᠨ ᠰᠢᠨᠵᠢᠯᠡᠬᠦ ᠬᠡᠷᠡᠭᠲᠡᠶ᠃ ᠬᠦᠮᠦᠰ ᠥᠪᠡᠷ ᠤᠨ ᠰᠠᠨᠠᠭᠠᠨ ᠳᠤ ᠦᠯᠦ ᠨᠡᠶᠢᠴᠡᠬᠦ᠂ ᠥᠪᠡᠷ ᠤᠨ ᠪᠡᠶ᠎ᠡ ᠳᠤ ᠦᠯᠦ ᠲᠣᠬᠢᠷᠠᠬᠤ ᠠᠵᠢᠯ ᠢ ᠬᠢᠬᠦ ᠳᠤᠷ᠎ᠠ ᠦᠭᠡᠢ᠂ ᠡᠶᠢᠮᠦ ᠠᠴᠠ ᠰᠣᠩᠭᠤᠬᠤ ᠪᠣᠯᠤᠮᠵᠢ ᠲᠠᠢ ᠣᠢᠶ᠎ᠠ ᠳᠤ᠂ ᠵᠠᠪᠠᠯ ᠠᠵᠢᠯ ᠮᠡᠷᠭᠡᠵᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠢᠶᠠᠨ ᠴᠢᠭᠯᠡᠯ ᠵᠦᠭ ᠴᠢᠷᠮᠠᠶᠢᠬᠤ ᠬᠡᠷᠡᠭᠲᠡᠶ᠃ ᠳᠠᠷᠠᠭ᠎ᠠ ᠳᠤᠨᠢ᠂ ᠶᠡᠭᠡ ᠰᠤᠷᠭᠠᠭᠤᠯᠢ ᠶᠢᠨ ᠬᠤᠭᠤᠴᠠᠭᠠᠨ ᠳᠤ ᠬᠢ ᠶᠡᠷᠦᠩᠬᠡᠶ ᠢᠯᠡᠷᠡᠯ ᠪᠠ ᠴᠢᠳᠠᠪᠤᠷᠢ ᠪᠠᠨ ᠦᠨᠳᠦᠰᠦᠯᠡᠨ᠂ ᠠᠵᠢᠯ ᠣᠯᠬᠤ ᠤᠬ ᠰᠠᠨᠠᠭ᠎ᠠ ᠶᠢ ᠲᠤᠬᠢᠷᠠᠮᠵᠢᠲᠠᠢ ᠪᠠᠶᠢᠯᠭᠠᠨ᠎ᠠ᠃ ᠤᠬ ᠰᠠᠨᠠᠭ᠎ᠠ ᠬᠡᠲᠦ ᠥᠨᠳᠥᠷ ᠪᠣᠯᠪᠠᠯ ᠤᠳᠠᠭ᠎ᠠ ᠳᠠᠷᠠᠭᠠᠯᠠᠨ ᠬᠠᠳᠠᠭᠠᠰᠤ ᠮᠥᠷᠭᠦᠵᠦ᠂ ᠴᠣᠬᠢᠯᠲᠠ ᠣᠯᠵᠤ ᠮᠡᠳᠡᠨ᠎ᠡ᠃ ᠤᠬ ᠰᠠᠨᠠᠭ᠎ᠠ ᠬᠡᠲᠦᠷᠬᠡᠢ ᠳᠣᠣᠷ᠎ᠠ ᠪᠣᠯ᠂ ᠤᠬᠤᠷᠢᠵᠤ ᠲᠠᠳᠠᠭᠠᠯᠵᠠᠨ᠂ ᠵᠤᠷᠢᠭ ᠮᠤᠬᠤᠵᠤ᠂ ᠠᠵᠠ ᠵᠠᠪᠰᠢᠶᠠᠨ ᠢ ᠠᠯᠳᠠᠵᠤ ᠮᠡᠳᠡᠨ᠎ᠡ᠃ ᠡᠳᠡᠭᠡᠷ ᠨᠢ ᠠᠵᠢᠯ ᠰᠣᠩᠭᠤᠬᠤ ᠳᠤ ᠠᠪᠴᠤ ᠬᠡᠯᠡᠪᠡᠯ ᠴᠥᠮ ᠠᠰᠢᠭ ᠦᠭᠡᠢ ᠶᠤᠮ᠃ ᠭᠤᠷᠪᠠᠳᠤᠭᠠᠷ‌‍ᠲ᠋ᠤ᠂ ᠥᠪᠡᠷ ᠤᠨ ᠠᠵᠢᠯ ᠰᠣᠩᠭᠤᠬᠤ ᠪᠠᠷᠢᠮᠵᠢᠶ᠎ᠠ ᠶᠢ ᠤᠶᠢᠯᠠᠭᠠᠨ᠎ᠠ᠃ ᠠᠵᠢᠯᠯᠠᠬᠤ ᠭᠠᠵᠠᠷ ᠨᠢ ᠴᠢᠬᠤᠯᠠ ᠶᠤᠮ ᠤᠤ᠂ ᠬᠤᠪᠢ ᠬᠥᠮᠦᠨ ᠤ ᠬᠥᠭᠵᠢᠯᠲᠡ᠂ ᠡᠰᠡᠬᠦᠯ᠎ᠡ ᠴᠠᠯᠢᠩ ᠤᠯᠭᠤᠮᠵᠢ ᠨᠡᠩ ᠴᠢᠬᠤᠯᠠ ᠶᠤᠮ ᠤᠤ ᠭᠡᠬᠦ ᠲᠠᠯ᠎ᠠ ᠪᠠᠷ ᠯᠠᠪᠳᠠᠭᠤᠨ ᠲᠤᠳᠤᠷᠬᠠᠢ ᠦᠵᠡᠯᠳᠡ ᠲᠠᠨᠢᠯᠳᠠ ᠲᠠᠢ ᠪᠠᠶᠢᠪᠠᠯ ᠵᠤᠬᠢᠨ᠎ᠠ᠃     ︵ᠬᠤᠶᠠᠷ︶ ᠢᠳᠡᠭᠡᠯ ᠵᠤᠷᠢᠭ ᠪᠠ ᠬᠦᠴᠢᠷ ᠠᠮᠰᠠᠬᠤ ᠦᠵᠡᠯ ᠰᠠᠨᠠᠭᠠᠨ ᠤ ᠪᠡᠯᠡᠳᠬᠡᠯ ᠪᠠᠶᠢᠬᠤ ᠬᠡᠷᠡᠭᠲᠡᠶ᠃     ︽ᠰᠠᠯᠬᠢ ᠪᠣᠷᠣᠭᠠᠨ ᠢ ᠥᠩᠭᠡᠷᠡᠭᠦᠯᠬᠦ ᠦᠭᠡᠢ ᠪᠠᠷ ᠦᠩᠭᠡᠲᠤ ᠰᠣᠯᠣᠩᠭ᠎ᠠ ᠶᠢ ᠬᠡᠷᠬᠢᠨ ᠣᠯᠵᠤ ᠦᠵᠡᠬᠦ ᠪᠤᠢ︾ ᠭᠡᠳᠡᠭ ᠢᠶᠠᠷ ᠶᠠᠮᠠᠷ ᠠᠵᠢᠯ ᠢ ᠬᠢᠭᠰᠡᠨ ᠴᠦ ᠪᠦᠷ ᠬᠠᠮᠤᠭ ᠤᠨ ᠬᠦᠴᠢᠷ ᠬᠠᠮᠤᠭ ᠤᠨ ᠦᠨᠳᠤᠰᠤ ᠠᠴᠠ ᠨᠢ ᠭᠠᠷᠳᠠᠨ ᠪᠡᠶᠡᠯᠡᠭᠦᠯᠵᠤ᠂ ᠰᠠᠭᠤᠷᠢ ᠶᠢ ᠪᠠᠳᠤᠳᠬᠠᠨ ᠲᠤᠷᠰᠢᠯᠭ᠎ᠠ ᠬᠤᠷᠠᠮᠳᠤᠭᠤᠯᠵᠤ᠂ ᠲᠤᠰ ᠠᠵᠢᠯ ᠢ ᠰᠠᠶᠢᠨ ᠬᠢᠵᠦ ᠲᠡᠶᠢᠯᠭᠦ ᠬᠢᠷᠢ ᠭᠡᠮ ᠲᠠᠢ ᠪᠤᠯᠪᠠᠯ ᠵᠤᠬᠢᠨ᠎ᠠ᠃ ᠠᠵᠢᠯ ᠡᠷᠢᠬᠦ ᠶᠠᠪᠤᠴᠠ ᠳᠤ ᠢᠲᠡᠭᠡᠯ ᠵᠣᠷᠢᠭ ᠲᠤᠩ ᠴᠢᠬᠤᠯᠠ᠂ ᠵᠥᠪᠬᠡᠨ ᠥᠪᠡᠷ ᠤᠨ ᠳᠤᠲᠠᠭᠳᠠᠯ ᠢᠶᠠᠨ ᠬᠠᠷᠠᠭᠠᠳ᠂ ᠳᠠᠪᠠᠭᠤᠯᠢᠭ ᠲᠠᠯ᠎ᠠ ᠪᠠᠨ ᠳᠠᠷᠤᠵᠤ ᠪᠣᠯᠬᠤ ᠦᠭᠡᠢ᠃ ᠠᠵᠢᠯ ᠡᠷᠢᠬᠦ ᠶᠠᠪᠤᠴᠠ ᠳᠤ᠂ ᠠᠯᠬᠤᠮ ᠨᠢᠭᠡᠪᠦᠷᠢ ᠶᠢ ᠨᠠᠷᠢᠯᠢᠬ ᠲᠦᠰᠦᠪᠯᠡᠵᠤ᠂ ᠠᠵᠢᠭᠯᠠᠵᠤ ᠰᠠᠭᠤᠭᠠᠳ ᠭᠠᠷ ᠬᠥᠳᠡᠯᠬᠦ ᠦᠭᠡᠢ ᠪᠠᠶᠢᠵᠤ ᠪᠣᠯᠬᠤ ᠦᠭᠡᠢ᠂ ᠡᠷᠬᠡᠪᠰᠢ ᠦᠢᠯᠡᠳᠤᠯᠭᠡ ᠳᠤ ᠤᠷᠤᠯᠴᠠᠪᠠᠯ ᠰᠠᠶ᠋ᠢ ᠬᠦᠴᠢᠷ ᠪᠡᠷᠬᠡᠰᠢᠶᠡᠯ ᠲᠠᠢ ᠦᠶᠡᠰ ᠲᠠᠯᠪᠢᠭᠤᠨ ᠪᠠᠶᠢᠵᠤ᠂ ᠠᠮᠵᠢᠯᠲᠠ ᠣᠯᠵᠤ ᠴᠢᠳᠠᠨ᠎ᠠ᠃ ᠠᠵᠢᠯ ᠰᠣᠩᠭᠤᠨ ᠠᠮᠵᠢᠯᠲᠠ ᠣᠯᠬᠤ ᠶᠢᠨ ᠵᠠᠩᠭᠢᠯᠠᠭ᠎ᠠ ᠨᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠠᠮᠢᠳᠤᠯᠢᠭ ᠰᠣᠩᠭᠤᠬᠤ ᠳᠤ ᠤᠷᠤᠰᠢᠨ᠎ᠠ᠃ ᠶᠠᠭᠠᠬᠢᠭᠰᠠᠨ ᠴᠤ ᠣᠮᠣᠷᠬᠠᠭᠯᠠᠨ ᠪᠠᠷᠳᠠᠮᠨᠠᠵᠤ ᠪᠣᠯᠬᠤ ᠦᠭᠡᠢ᠃ ᠤᠴᠢᠷ ᠨᠢ ᠥᠪᠡᠷ ᠤᠨ ᠪᠡᠶ᠎ᠡ᠂ ᠭᠡᠷ ᠪᠦᠯᠢ᠂ ᠨᠡᠶᠢᠭᠡᠮ ᠤᠨ ᠠᠯᠢ ᠲᠠᠯ᠎ᠠ ᠪᠠᠷ ᠪᠤᠳᠤᠯᠬᠢᠯᠠᠭᠰᠠᠨ ᠴᠦ ᠡᠷᠲᠡᠬᠡᠨ ᠠᠵᠢᠯ ᠣᠯᠬᠤ ᠨᠢ ᠴᠢᠬᠤᠯᠠ ᠪᠠᠶᠢᠳᠠᠬ᠃ ᠦᠨᠡᠨ ᠳᠤ ᠪᠠᠨ᠂ ᠲᠤᠰᠬᠠᠢ ᠮᠡᠷᠭᠡᠵᠢᠯ ᠢᠶᠠᠨ ᠠᠮᠵᠢᠯᠳᠠ ᠲᠠᠢ ᠰᠤᠷᠤᠯᠴᠠᠵᠤ ᠲᠡᠭᠦᠰᠬᠡᠭᠰᠡᠨ ᠤᠶᠤᠳᠠᠨ ᠪᠦᠬᠦᠨ ᠳᠤ ᠰᠠᠶᠢᠨ ᠰᠠᠶᠢᠬᠠᠨ ᠠᠵᠢᠯ ᠤᠯᠬᠤ ᠠᠵᠠ ᠲᠤᠬᠢᠶᠠᠯ ᠮᠠᠰᠢ ᠤᠯᠠᠨ ᠪᠠᠶᠢᠳᠠᠭ᠃ ᠡᠶᠢᠮᠤ ᠠᠴᠠ ᠤᠶᠤᠳᠠᠳ ᠨᠢᠳᠦᠨ ᠡᠮᠦᠨᠡᠬᠢ ᠠᠵᠢᠯ ᠰᠤᠷᠤᠯᠴᠠᠯᠭ᠎ᠠ ᠡᠭᠦᠷᠭᠡ ᠬᠠᠷᠢᠭᠤᠴᠠᠯᠭ᠎ᠠ ᠪᠦᠬᠦᠨ ᠢᠶᠠᠨ ᠰᠠᠶᠢᠲᠤᠷ ᠭᠦᠢᠴᠡᠳᠬᠡᠵᠤ᠂ ᠬᠤᠶᠢᠰᠢᠳᠠ ᠶᠢᠨ ᠠᠵᠢᠯ ᠤᠯᠬᠤ ᠳᠤ ᠪᠠᠨ ᠰᠠᠭᠤᠷᠢ ᠲᠠᠯᠪᠢᠪᠠᠯ ᠵᠤᠬᠢᠨ᠎ᠠ᠃         ᠬᠠᠶ᠋ᠢᠭ᠄ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠤ                  ᠰᠤᠷᠭᠠᠭᠤᠯᠢ ᠶᠢᠨ ᠮᠤᠩᠭᠤᠯ ᠲᠡᠦᠭᠡ ᠶᠢᠨ ᠤᠬᠠᠭᠠᠨ ᠤ ᠰᠠᠯᠪᠤᠷᠢ                                ︵ᠪᠠᠭᠠᠨ᠎ᠠ ᠨᠠᠶᠢᠷᠠᠭᠤᠯᠪᠠ︶                                2019 ᠣᠨ ᠤ 12 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map