ᠭᠡᠤᠭᠡᠳ ᠤᠨ ᠭᠦᠮᠦᠵᠢᠯ ᠪᠤᠯᠪᠠᠰᠤᠷᠠᠯ ᠳᠤ ᠦᠵᠡᠭᠦᠯᠭᠦ ᠭᠡᠷ ᠤᠨ ᠠᠬᠠᠮᠠᠳ ᠤᠨ ᠨᠦᠯᠦᠭᠡ
ᠨᠡᠶᠢᠲᠡᠯᠡᠭᠰᠡᠨ ᠴᠠᠭ᠄
2020/5/20
     ᠨᠠᠶᠢᠷᠠᠭᠤᠯᠤᠭᠴᠢ ᠶᠢᠨ ᠦᠭᠡ᠄ ᠲᠤᠰ ᠠᠭᠤᠯᠭ᠎ᠠ ᠪᠤᠯ 2019 ᠤᠨ ᠤ ᠤᠯᠤᠰ ᠤᠨ ᠰᠢᠯᠭᠠᠯᠲᠠ ᠳᠤ 622 ᠬᠤᠪᠢ ᠰᠢᠯᠭᠠᠭᠤᠯᠵᠤ᠂ ᠲᠦᠩᠯᠢᠶᠤᠤ ᠬᠤᠲᠠ ᠶᠢᠨ ᠮᠤᠩᠭᠤᠯ ᠢᠶᠠᠷ ᠬᠢᠴᠢᠶᠠᠯᠯᠠᠵᠤ ᠪᠠᠶᠢᠭ᠎ᠠ ᠨᠡᠶᠢᠭᠡᠮ ᠤᠨ ᠰᠢᠨᠵᠢᠯᠡᠬᠦ ᠤᠬᠠᠭᠠᠨ ᠤ ᠬᠢᠴᠢᠶᠠᠯ ᠲᠦᠷᠤᠯ ᠤᠨ ᠮᠠᠩᠯᠠᠢ ᠪᠠᠷ ᠲᠤᠲᠤᠷᠠᠨ᠂ ᠤᠳᠤ ᠲᠤᠷᠤᠨᠠᠲᠦ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠰᠠᠯᠪᠤᠷᠢ ᠳᠤ ᠰᠤᠷᠤᠯᠴᠠᠵᠦ ᠪᠠᠶᠢᠭ᠎ᠠ ᠭᠠᠩᠭᠠᠩ ᠤᠨ ᠡᠵᠢ — ᠤᠳᠤᠨ ᠪᠠᠭᠰᠢ ᠶᠢᠨ ᠬᠡᠤᠬᠡᠨ ᠢᠶᠠᠨ ᠦᠰᠭᠡᠨ ᠬᠦᠮᠦᠵᠢᠭᠦᠯᠦᠭᠰᠡᠨ ᠠᠷᠭ᠎ᠠ ᠲᠤᠷᠰᠢᠯᠭ᠎ᠠ ᠪᠠᠨ ᠲᠠᠨᠢᠯᠴᠠᠭᠤᠯᠵᠤ ᠪᠢᠴᠢᠭᠰᠡᠨ ᠵᠤᠬᠢᠶᠠᠯ ᠪᠤᠯᠬᠤ ᠶᠤᠮ᠂ ᠵᠤᠬᠢᠶᠠᠯ ᠤᠨ ᠠᠷᠤ ᠳᠤ ᠲᠤᠭᠲᠠᠬᠤ ᠪᠠᠭᠰᠢ ᠶᠢᠨ ᠦᠵᠠᠯᠳᠠ ᠤᠢᠢᠯᠠᠭᠠᠯᠳᠠ ᠶᠢ ᠲᠠᠭᠠᠯᠳᠤᠭᠤᠯᠪᠠ᠃                                       ᠮᠢᠨᠦ ᠦᠵᠡᠯᠳᠠ                                            — ᠤᠳᠤᠨ      ᠶᠧ ᠱᠧᠩ ᠲᠤᠤ ᠠᠪᠤᠭᠠᠢ᠄ ︽ᠶᠠᠭᠤ ᠶᠢ ᠰᠤᠷᠭᠠᠨ ᠬᠦᠮᠦᠵᠢᠯ ᠭᠡᠬᠦ ᠪᠤᠢ︖ ᠲᠦᠭᠦᠮᠬᠡᠨ ᠬᠡᠯᠡᠪᠡᠯ᠂ ᠰᠤᠷᠭᠠᠨ ᠬᠦᠮᠦᠵᠢᠯ ᠪᠤᠯ ᠲᠠᠷᠤᠢ ᠬᠡᠤᠬᠡᠳ ᠢ ᠲᠠᠳᠬᠠᠯᠵᠢᠭᠤᠯᠬᠤ ᠬᠦᠮᠦᠵᠢᠯ ᠪᠤᠯᠤᠨ᠎ᠠ︾ ᠭᠡᠵᠡᠢ᠃ ᠦᠭᠡᠷ᠎ᠡ ᠪᠠᠷ ᠬᠡᠯᠡᠪᠡᠯ᠂ ᠰᠤᠷᠤᠭᠴᠢᠳ ᠲᠤ ᠰᠤᠷᠤᠯᠴᠠᠬᠤ ᠲᠠᠳᠬᠠᠯ᠂ ᠮᠡᠳᠡᠯᠭᠡ ᠡᠵᠡᠮᠰᠢᠬᠦ ᠤᠷᠮ᠎ᠠ ᠰᠡᠳᠭᠢᠯᠭᠡ᠂ ᠵᠦᠪ ᠤᠨᠤᠪᠴᠢᠲᠡᠢ ᠶᠢᠷᠲᠢᠨᠴᠦ ᠶᠢᠨ ᠦᠵᠡᠯᠲᠡ ᠪᠠ ᠦᠷᠲᠡᠭ ᠤᠨ ᠦᠵᠡᠯᠲᠡ ᠶᠢ ᠪᠤᠢ ᠪᠤᠯᠭᠠᠬᠤ ᠶᠠᠪᠤᠳᠠᠯ ᠪᠤᠯᠤᠨ᠎ᠠ ᠭᠡᠵᠦ ᠬᠡᠯᠡᠵᠦ ᠪᠤᠯᠬᠤ ᠶᠤᠮ᠃ ᠡᠳᠡᠭᠡᠷ ᠨᠢ ᠬᠡᠳᠦ᠋ᠢᠪᠡᠷ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠪᠤᠴᠠ ᠳᠤ ᠪᠦᠷᠢᠯᠳᠦᠳᠡᠭ ᠪᠤᠯᠪᠠᠴᠦ᠂ ᠭᠡᠷ ᠪᠦᠯᠢ ᠶᠢᠨ ᠬᠦᠮᠦᠵᠢᠯ ᠨᠢ ᠰᠠᠭᠤᠷᠢ ᠴᠢᠯᠠᠭᠤ ᠶᠢᠨ ᠦᠢᠯᠡᠳᠤᠯ ᠦᠵᠡᠭᠦᠯᠵᠦ   ᠪᠠᠶᠢᠳᠠᠭ᠃ ᠡᠶᠢᠮᠦ ᠤᠴᠢᠷ ᠠᠴᠠ᠂ ᠬᠡᠤᠬᠡᠳ ᠤᠨ ᠬᠦᠮᠦᠵᠢᠯ ᠳᠤ ᠭᠡᠷ ᠪᠦᠯᠢ ᠶᠢᠨ ᠭᠦᠮᠦᠵᠢᠯ ᠨᠢ ᠤᠮᠳᠤᠭᠠᠶᠢᠯᠠᠵᠦ ᠪᠤᠯᠤᠰᠢ ᠦᠭᠡᠢ ᠴᠢᠬᠤᠯᠠ ᠪᠠᠶᠢᠳᠠᠭ᠃ ᠲᠡᠭᠡᠪᠡᠯ ᠭᠡᠷ ᠤᠨ ᠠᠬᠠᠮᠠᠳ ᠪᠤᠯᠤᠭᠰᠠᠳ ᠬᠡᠤᠬᠡᠳ ᠢᠶᠠᠨ ᠬᠡᠷᠬᠢᠨ ᠰᠤᠷᠭᠠᠨ ᠬᠦᠮᠦᠵᠢᠭᠦᠯᠪᠡᠯ ᠵᠤᠬᠢᠬᠤ ᠪᠤᠢ︖ ᠡ᠊ᠨᠲᠡ ᠪᠢ ᠡᠨᠡ ᠭᠦ ᠠᠰᠠᠭᠤᠳᠠᠯ ᠢ ᠲᠤᠤᠷᠠᠬᠢ ᠮᠡᠲᠦ ᠬᠡᠳᠦᠨ ᠲᠠᠯ᠎ᠠ ᠪᠠᠷ ᠲᠦᠭᠦᠮ ᠶᠠᠷᠢᠰᠤᠭᠠᠢ᠃      ︵ᠨᠢᠭᠡ︶ ᠭᠡᠷ ᠤᠨ ᠠᠬᠠᠮᠠᠳ ᠪᠤᠯᠤᠭᠰᠠᠳ ᠬᠠᠮᠤᠭ ᠤᠨ ᠲᠦᠷᠦᠭᠦᠨ ᠳᠤ ᠬᠡᠤᠬᠡᠳ ᠲᠤ ᠪᠠᠨ ᠬᠦᠮᠦᠨ ᠪᠤᠯᠬᠤ ᠶᠤᠰᠤ ᠶᠢ ᠮᠡᠳᠡᠭᠦᠯᠵᠦ᠂ ᠬᠦᠮᠦᠨᠴᠢ ᠴᠢᠨᠠᠷ ᠤᠨ ᠬᠦᠮᠦᠵᠢᠯ ᠬᠢᠬᠦ ᠶᠢ ᠴᠢᠬᠤᠯᠠᠴᠢᠯᠠᠬᠤ ᠬᠡᠷᠡᠭᠲᠡᠢ      ᠶᠠᠭᠤᠨ ᠤ ᠤᠷᠢᠳ ᠬᠦᠮᠦᠨ ᠪᠤᠯᠬᠤ ᠶᠤᠰᠤ ᠶᠢ ᠮᠡᠳᠡᠬᠦ ᠴᠢᠬᠤᠯᠠ ᠲᠠᠢ ᠪᠠᠶᠢᠳᠠᠭ᠃ ︽ᠬᠦᠮᠦᠨ ᠪᠤᠯᠬᠤ ᠪᠠᠭ᠎ᠠ ᠠᠴᠠ ᠪᠠᠨ᠂ ᠬᠦᠯᠦᠭ ᠪᠤᠯᠬᠤ ᠤᠨᠠᠭᠠᠨ ᠠᠴᠠ ᠪᠠᠨ︾ ᠭᠡᠳᠡᠭᠴᠢᠯᠠᠨ ᠪᠢᠲᠡ ᠬᠡᠤᠬᠡᠳ ᠢᠶᠠᠨ ᠬᠠᠷᠠᠬᠠᠨ ᠪᠠᠭ᠎ᠠ ᠠᠴᠠ ᠨᠢ ᠰᠠᠶᠢᠨ ᠬᠦᠮᠦᠨ ᠪᠤᠯᠬᠤ᠂ ᠬᠦᠮᠦᠨ ᠮᠦᠰᠦ ᠲᠠᠢ ᠬᠦᠮᠦᠨ ᠪᠤᠯᠬᠤ ᠲᠡᠰᠢ ᠬᠦᠮᠦᠵᠢᠭᠦᠯᠦᠨ   ᠰᠤᠷᠭᠠᠵᠦ᠂ ᠠᠪᠤ ᠡᠵᠢ ᠪᠤᠯᠤᠨ ᠪᠠᠭᠰᠢ ᠠᠬᠠᠮᠠᠳ ᠢᠶᠠᠨ ᠬᠦᠨᠳᠦᠯᠡᠬᠦ᠂ ᠠᠩᠭ᠎ᠠ ᠲᠡᠭᠦᠦ ᠨᠠᠷ ᠢᠶᠠᠨ ᠬᠠᠷᠠᠭᠠᠯᠵᠠᠬᠤ ᠪᠤᠶᠤ ᠬᠠᠮᠲᠤ ᠨᠦᠬᠦᠳ ᠲᠠᠢ ᠪᠠᠨ ᠡᠶ᠎ᠡ ᠨᠠᠶᠢᠷᠲᠠᠢ ᠶᠠᠪᠤᠬᠤ ᠵᠡᠷᠭᠡ ᠬᠦᠮᠦᠨ ᠪᠤᠯᠬᠤ ᠶᠢᠨ ᠤᠭ ᠶᠤᠰᠤ ᠶᠢ ᠲᠠᠨᠢᠭᠤᠯᠵᠦ ᠮᠡᠳᠡᠭᠦᠯᠬᠦ ᠶᠠᠪᠤᠳᠠᠯ ᠨᠢ ᠤᠮᠳᠤᠭᠠᠶᠢᠯᠠᠵᠦ ᠪᠤᠯᠤᠰᠢ ᠦᠭᠡᠢ ᠴᠢᠬᠤᠯᠠ ᠪᠠᠶᠢᠳᠠᠭ᠃ ᠮᠤᠩᠭᠤᠯ ᠵᠦᠢᠷ ᠰᠡᠴᠡᠨ ᠦᠭᠡᠨ ᠳᠤ ︽ᠲᠡᠪᠡᠯ ᠳᠤ ᠵᠠᠬ᠎ᠠ ᠲᠠᠢ᠂ ᠬᠦᠮᠦᠨ ᠳᠤ ᠠᠬ᠎ᠠ ᠲᠠᠢ︾ ᠭᠡᠳᠡᠭ ᠪᠢᠰᠢᠤ᠃ ᠨᠢᠭᠡ ᠬᠦᠮᠦᠨ ᠬᠡᠳᠦ᠋ᠢᠴᠢᠨᠡᠬᠡᠨ ᠶᠡᠭᠡ ᠡᠷᠲᠡᠮ ᠮᠡᠳᠡᠯᠭᠡ ᠲᠠᠢ ᠪᠠᠶᠢᠭᠰᠠᠨ ᠴᠦ ᠬᠦᠮᠦᠨ ᠪᠤᠯᠬᠤ ᠦᠨᠳᠦᠰᠦᠨ ᠶᠤᠰᠤ ᠶᠢ ᠮᠡᠳᠡᠭᠦ ᠦᠭᠡᠢ ᠪᠤᠯᠪᠠᠯ ᠬᠡᠷᠡᠭ ᠦᠭᠡᠢ ᠶᠤᠮ᠃ ᠮᠠᠨ ᠤ ᠲᠡᠷᠭᠡᠲᠡ ᠲᠦᠷᠦᠭᠰᠡᠨ ᠠᠪᠤ ᠡᠵᠢ ᠪᠠᠨ ᠲᠡᠵᠢᠭᠡᠬᠦ ᠦᠭᠡᠢ᠂ ᠬᠠᠳᠠᠮ ᠡᠵᠢ ᠠᠪᠤ ᠪᠠᠨ ᠬᠦᠨᠳᠦᠯᠡᠬᠦ ᠦᠭᠡᠢ᠂ ᠤᠯᠠᠨ ᠨᠡᠶᠢᠲᠡ ᠶᠢᠨ ᠲᠠᠯᠠᠪᠤᠷ ᠲᠤ ᠦᠪᠡᠷ ᠤᠨ ᠲᠦᠷᠦᠭᠰᠡᠨ ᠡᠵᠢ ᠪᠠᠨ ᠴᠤᠬᠢᠵᠦ ᠨᠦᠳᠦᠬᠦ ᠮᠡᠲᠦ ᠶᠢᠨ ᠨᠠᠵᠠᠭᠠᠢ ᠪᠤᠷᠤᠭᠤ ᠠᠵᠢᠯᠯᠠᠭ᠎ᠠ ᠤᠯᠠᠨ ᠠᠷᠪᠢᠨ ᠭᠠᠷᠴᠦ ᠪᠠᠶᠢᠨ᠎ᠠ᠃ ᠮᠢᠨᠤ ᠪᠤᠳᠤᠬᠤ ᠪᠠᠷ ᠡᠳᠡᠭᠡᠷ ᠨᠢ᠂ ᠭᠡᠷ ᠤᠨ ᠠᠬᠠᠮᠠᠳ ᠠᠴᠠ ᠬᠡᠤᠬᠡᠳ ᠲᠤ ᠪᠠᠨ ᠬᠦᠮᠦᠨ ᠪᠤᠯᠬᠤ ᠶᠤᠰᠤ ᠶᠢ ᠪᠦᠷᠢᠨ ᠬᠦᠢᠴᠡᠳ ᠮᠡᠳᠡᠭᠦᠯᠦᠭᠰᠡᠨ ᠦᠭᠡᠢ ᠶᠢᠨ ᠦᠷ᠎ᠡ ᠳ᠋ᠦᠩ ᠭᠡᠵᠦ ᠦᠵᠡᠵᠦ ᠪᠠᠶᠢᠨ᠎ᠠ᠃      ︵ᠬᠤᠶᠠᠷ︶ ᠬᠡᠤᠬᠡᠳ ᠲᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠡᠷ ᠪᠦᠯᠢ ᠶᠢᠨ ᠬᠦᠮᠦᠵᠢᠯ ᠢ ᠰᠠᠶᠢᠨ ᠬᠢᠬᠦ ᠴᠢᠬᠤᠯᠠ ᠲᠠᠢ      ᠡᠨᠡ ᠲᠤᠬᠠᠢ ᠪᠢ ᠬᠡᠤᠬᠡᠨ ᠢᠶᠠᠨ ᠬᠦᠮᠦᠵᠢᠭᠦᠯᠦᠭᠰᠡᠨ ᠶᠠᠪᠤᠳᠠᠯ ᠲᠠᠢ ᠤᠶᠠᠯᠳᠤᠭᠤᠯᠵᠦ ᠲᠤᠤᠷᠠᠬᠢ ᠮᠡᠲᠦ ᠬᠡᠲᠦᠨ ᠲᠠᠯ᠎ᠠ ᠪᠠᠷ ᠦᠭᠦᠯᠡᠶ᠎ᠡ᠃ ᠬᠡᠤᠬᠡᠨ ᠢ ᠪᠠᠭ᠎ᠠ ᠳᠤ ᠨᠢ ᠭᠤᠤᠯᠳᠠᠭᠤ ᠮᠢᠨᠤ ᠡᠵᠢ ᠰᠠᠭᠠᠲᠠᠭᠤᠯᠵᠦ ᠦᠰᠭᠡᠭᠰᠡᠨ ᠶᠤᠮ᠃ ᠮᠢᠨᠤ ᠡᠵᠢ ᠭᠡᠵᠦ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠬᠢᠷᠢ ᠭᠡᠮ ᠲᠠᠢ᠂ ᠬᠦᠳᠡᠭᠡ ᠶᠢᠨ ᠵᠢᠷ ᠤᠨ ᠨᠢᠭᠡᠨ ᠮᠠᠯᠴᠢᠨ ᠪᠦᠰᠡᠭᠦᠢ ᠶᠤᠮ᠃ ᠡᠵᠢ ᠮᠢᠨᠢ ᠬᠡᠤᠬᠡᠳ ᠲᠤ ᠲᠤᠩ ᠬᠠᠶᠢᠷᠠᠲᠡᠢ ᠪᠠᠶᠢᠳᠠᠭ᠃ ᠬᠡᠤᠬᠡᠨ ᠢ ᠦᠰᠭᠡᠬᠦ ᠳᠤ ᠪᠠᠨ ᠶᠠᠮᠠᠷᠴᠦ ᠲᠡᠶᠢᠮᠦ ᠢᠯᠡ ᠲᠤᠲᠤ ᠬᠠᠷᠠᠯᠲᠠ ᠵᠤᠷᠢᠯᠭ᠎ᠠ ᠦᠭᠡᠢ ᠪᠤᠯᠪᠠᠴᠦ᠂ ᠦᠪᠡᠷ ᠤᠨ ᠮᠡᠳᠡᠳᠡᠭ ᠵᠦᠢᠯ ᠢᠶᠠᠨ ᠦᠯᠢᠭᠡᠷᠯᠡᠨ ᠶᠠᠷᠢᠬᠤ ᠠᠷᠭ᠎ᠠ ᠪᠠᠷ ᠦᠰᠭᠡᠵᠦ ᠪᠠᠶᠢᠵᠠᠢ᠃ ᠬᠡᠤᠬᠡᠨ ᠠᠷᠠᠢ ᠴᠢᠷᠠᠢ ᠦᠭᠡ ᠬᠡᠯᠡᠵᠦ ᠡᠬᠢᠯᠡᠮᠡᠭᠴᠡ ᠡᠵᠢ ᠠᠴᠠ ᠬᠡᠤᠬᠡᠨ ᠲᠠᠢ ᠤᠯᠠᠨ ᠠᠷᠪᠢᠨ ᠦᠭᠡ ᠶᠠᠷᠢᠶ᠎ᠠ ᠭᠦᠤᠷᠨᠢᠨ ᠵᠤᠭᠤᠭᠳᠠᠳᠠᠭ᠃ ᠵᠢᠱᠢᠶᠡᠯᠡᠪᠡᠯ᠂ ᠬᠠᠰᠢᠶᠠᠨ ᠳᠤ ᠪᠠᠨ ᠨᠤᠭᠤᠭ᠎ᠠ ᠲᠠᠷᠢᠵᠦ ᠪᠠᠶᠢᠬᠤ ᠦᠶᠡᠰ᠂ ᠠᠯᠢ ᠨᠢ ᠨᠤᠭᠤᠭ᠎ᠠ ᠶᠢᠨ ᠴᠢᠬᠢ ᠪᠤᠯᠬᠤ᠂ ᠠᠯᠢ ᠨᠢ ᠪᠤᠵᠠᠷ ᠡᠪᠡᠰᠦ ᠪᠤᠯᠬᠤ᠂ ᠠᠯᠢ ᠨᠢ ᠲᠦᠪᠡᠳ ᠬᠠᠰᠢ ᠶᠢᠨ ᠴᠢᠬᠢ ᠪᠤᠯᠬᠤ᠂ ᠠᠯᠢ ᠨᠢ ᠬᠠᠰᠢ ᠶᠢᠨ ᠴᠢᠬᠢ ᠪᠤᠯᠬᠤ ᠵᠡᠷᠭᠡ ᠶᠢ ᠨᠢᠭᠡᠳ ᠨᠢᠭᠡ ᠪᠠᠷ ᠬᠡᠯᠡᠵᠦ ᠦᠭᠳᠡᠭ ᠪᠠᠶᠢᠵᠠᠢ᠃ ᠡᠭᠦᠨ ᠠᠴᠠ ᠭᠠᠳᠠᠨ᠎ᠠ᠂ ᠲᠤᠭᠤᠯ ᠢᠶᠠᠨ ᠡᠷᠭᠢᠬᠦᠯᠬᠦ ᠪᠠᠷ ᠶᠠᠪᠤᠬᠤ ᠳᠤ᠂ ᠬᠡᠤᠬᠡᠨ ᠢᠶᠠᠨ ᠠᠷᠤ ᠳᠤ ᠪᠠᠨ ᠡᠭᠦᠷᠴᠦ ᠪᠠᠶᠢᠬᠤ ᠦᠶ᠎ᠡ ᠳᠤ ᠪᠠᠨ ᠠᠶ᠎ᠠ ᠲᠠᠭᠤᠤ ᠭᠡᠩᠰᠢᠳᠡᠭ ᠪᠦᠭᠡᠳ ᠬᠡᠤᠬᠡᠨ ᠢ ᠭᠠᠷ ᠠᠴᠠ ᠨᠢ ᠬᠦᠲᠦᠯᠵᠦ ᠶᠠᠪᠤᠬᠤ ᠳᠤ ᠪᠠᠨ ᠡᠪᠡᠰᠦ ᠤᠷᠭᠤᠮᠠᠯ ᠤᠨ ᠨᠡᠷ᠎ᠡ ᠶᠢ ᠤᠯᠠᠨ ᠠᠷᠪᠢᠨ ᠬᠡᠯᠡᠵᠦ ᠦᠭᠳᠡᠭ ᠪᠠᠶᠢᠪᠠ᠃ ᠵᠢᠱᠢᠶᠡᠯᠡᠪᠡᠯ᠂ ᠪᠦᠪᠡᠭᠡᠳᠡᠩ ᠬᠤᠸᠠᠷ᠂ ᠰᠢᠷ᠎ᠡ ᠬᠤᠸᠠᠷ᠂ ᠴᠠᠬᠢᠯᠳᠠᠭ ᠤᠨ ᠴᠡᠴᠡᠭ ᠢ ᠶᠠᠮᠠᠷ ᠲᠦᠷᠤᠯ ᠤᠨ ᠡᠪᠡᠰᠦ ᠪᠤᠯᠬᠤ ᠶᠢ ᠨᠢᠭᠡᠳ ᠨᠢᠭᠡ ᠪᠠᠷ ᠰᠠᠶᠢᠬᠠᠨ ᠶᠠᠷᠢᠵᠦ ᠦᠭᠳᠡᠭ ᠠᠵᠢ᠃ ᠡᠮᠡᠭᠡ ᠶᠢᠨ ᠢᠶᠠᠨ ᠢᠩᠭᠢᠵᠦ ᠬᠡᠯᠡᠵᠦ ᠶᠠᠷᠢᠬᠤ ᠦᠭᠡ ᠶᠠᠷᠢᠶ᠎ᠠ ᠶᠢ ᠬᠡᠤᠬᠡᠨ ᠮᠠᠨᠢ ᠮᠠᠰᠢ ᠰᠡᠳᠭᠢᠯ ᠲᠠᠯᠪᠢᠨ ᠰᠤᠨᠤᠰᠳᠠᠭ ᠶᠤᠮ᠃ ᠤᠴᠢᠷ ᠨᠢ᠂ ᠪᠢᠲᠡ ᠠᠵᠢᠯᠯᠠᠬᠤ ᠪᠠᠷ ᠶᠠᠪᠤᠭᠰᠠᠨ ᠤ ᠲᠠᠷᠠᠭ᠎ᠠ ᠬᠡᠤᠬᠡᠨ ᠮᠠᠨᠢ ᠡᠮᠡᠭᠡ ᠲᠠᠢ ᠪᠠᠨ ᠬᠤᠶᠠᠭᠤᠯᠬᠠᠨ ᠭᠡᠷ ᠲᠤ ᠪᠠᠨ ᠦᠯᠡᠳᠡᠬᠦ ᠪᠤᠯᠬᠤᠷ ᠡᠮᠡᠭᠡ ᠡᠵᠢ ᠠᠴᠠ ᠪᠠᠨ ᠤᠯᠠᠨ ᠠᠷᠪᠢᠨ ᠦᠯᠢᠭᠡᠷ ᠲᠤᠮᠤᠭ ᠪᠤᠶᠤ ᠨᠤᠲᠤᠭ ᠤᠰᠤᠨ ᠤ ᠲᠤᠬᠠᠢ ᠵᠤᠭᠤᠭ ᠶᠠᠷᠢᠶ᠎ᠡ ᠶᠢ ᠤᠯᠵᠦ ᠰᠤᠨᠤᠰᠲᠠᠭ ᠪᠠᠶᠢᠪᠠ᠃ ᠡᠨᠡ ᠦᠶ᠎ᠡ ᠳᠤ ᠭᠠᠩᠭᠠᠩ ᠡᠮᠡᠭᠡ ᠡᠵᠢ ᠠᠴᠠ ᠪᠠᠨ ᠮᠠᠰᠢ ᠤᠯᠠᠨ ᠤᠬᠠᠭᠠᠨ ᠢ ᠨᠢ ᠤᠯᠬᠤ ᠦᠭᠡᠢ ᠠᠰᠠᠭᠤᠯᠲᠠ ᠠᠰᠠᠭᠤᠳᠠᠭ ᠪᠤᠯᠪᠠᠴᠦ᠂ ᠮᠢᠨᠤ ᠡᠵᠢ ᠤᠭᠲᠤ ᠬᠠᠯᠠᠰᠢᠷᠠᠯ ᠦᠭᠡᠢ᠂ ᠬᠦᠯᠢᠴᠡᠩᠬᠦᠢ ᠰᠠᠶᠢᠬᠠᠨ ᠬᠠᠷᠢᠭᠤᠯᠵᠦ ᠦᠭᠳᠡᠭ ᠪᠠᠶᠢᠪᠠ᠃      ᠨᠦᠭᠦᠭᠡ ᠲᠠᠯ᠎ᠠ ᠪᠠᠷ᠂ ᠮᠢᠨᠤ ᠡᠵᠢ ᠮᠤᠩᠭᠤᠯ ᠦᠰᠦᠭ ᠢ ᠲᠤᠷᠤᠭ᠎ᠠ ᠦᠭᠡᠢ ᠰᠠᠶᠢᠬᠠᠨ ᠤᠩᠰᠢᠵᠦ ᠭᠠᠷᠳᠠᠭ ᠪᠤᠯᠬᠤᠷ ᠮᠤᠩᠭᠤᠯ ᠢᠶᠠᠷ ᠪᠢᠴᠢᠭᠳᠡᠭᠰᠡᠨ ᠦᠯᠢᠭᠡᠷ ᠤᠨ ᠨᠤᠮ ᠢ ᠤᠩᠰᠢᠬᠤ ᠲᠤᠷ᠎ᠡ ᠲᠠᠢ ᠪᠢᠯᠠ᠃ ᠪᠠᠭ᠎ᠠ ᠪᠠᠶᠢᠬᠤ ᠳᠤ ᠮᠠᠨ ᠤ ᠭᠡᠷ ᠲᠤ ︽ᠱᠦᠢ ᠬᠡᠤ ᠶᠢᠨ ᠦᠯᠢᠭᠡᠷ︾᠂ ︽ᠭᠤᠷᠪᠠᠨ ᠤᠯᠤᠰ ᠤᠨ ᠦᠯᠢᠭᠡᠷ︾᠂ ︽ᠰᠠᠬᠢᠭᠤᠯᠤᠭᠰᠠᠨ ᠡᠷᠭᠦᠮᠵᠢᠯᠡᠭᠰᠡᠨ ᠦᠯᠢᠭᠡᠷ︾ ᠪᠤᠶᠤ ︽ᠪᠠᠷᠠᠭᠤᠨᠰᠢ ᠵᠤᠷᠴᠢᠭᠰᠠᠨ ᠲᠡᠮᠲᠡᠭᠯᠡᠯ︾ ᠵᠡᠷᠭᠡ ᠤᠯᠠᠨ ᠲᠦᠷᠤᠯ ᠤᠨ ᠨᠤᠮ ᠲᠠᠢ ᠪᠠᠶᠢᠵᠠᠢ᠃ ᠡᠨᠡ ᠨᠤᠮ ᠤᠳ ᠢ ᠡᠵᠢ ᠨᠢᠭᠡ ᠲᠠᠯ᠎ᠠ ᠠᠴᠠ ᠨᠢ ᠬᠡᠤᠬᠡᠨ ᠳᠤ ᠡᠮᠬᠢ ᠲᠠᠷᠠᠭ᠎ᠠ ᠲᠠᠢ ᠤᠩᠰᠢᠨ ᠰᠤᠨᠤᠰᠬᠠᠳᠠᠭ ᠪᠠᠶᠢᠪᠠ᠃ ᠬᠡᠤᠬᠡᠨ ᠦᠭᠡ ᠬᠡᠯᠡ ᠲᠠᠢ ᠪᠤᠯᠵᠦ ᠡᠬᠢᠯᠡᠬᠦ ᠦᠶ᠎ᠡ ᠳᠤ᠂ ᠡᠵᠢ ᠶᠢᠨ ᠤᠩᠰᠢᠳᠠᠭ ᠨᠤᠮ ᠨᠢ ᠦᠯᠢᠭᠡᠷ ᠲᠡᠤᠬᠡ ᠠᠴᠠ ᠪᠠᠨ ︽ᠮᠤᠩᠭᠤᠯ ᠠᠷᠠᠳ ᠤᠨ ᠬᠡᠤᠬᠡᠳ ᠤᠨ ᠲᠤᠮᠤᠭ︾ ᠤᠷᠤᠭᠤ ᠰᠢᠯᠵᠢᠭᠰᠡᠨ ᠮᠦᠷᠲᠡᠭᠡᠨ᠂ ᠮᠠᠨᠤᠰ ᠢ ᠭᠠᠳᠠᠭᠰᠢ ᠭᠠᠷᠬᠤ ᠪᠤᠯᠭᠠᠨ ᠳᠤ ᠮᠤᠩᠭᠤᠯ ᠬᠡᠤᠬᠡᠳ ᠤᠨ ᠦᠯᠢᠭᠡᠷ ᠲᠤᠮᠤᠭ ᠤᠨ ᠨᠤᠮ ᠢ ᠠᠪᠴᠢᠷᠠᠭᠤᠯᠤᠨ ᠭᠠᠩᠭᠠᠩ ᠳᠤ ᠤᠩᠰᠢᠨ ᠰᠤᠨᠤᠰᠬᠠᠳᠠᠭ ᠪᠠᠶᠢᠪᠠ᠃ ᠵᠢᠱᠢᠶᠡᠯᠡᠪᠡᠯ᠂ ᠲᠡᠤᠯᠠᠢ ᠶᠢᠨ ᠦᠯᠢᠭᠡᠷ᠂ ᠠᠷᠰᠯᠠᠨ ᠤ ᠦᠯᠢᠭᠡᠷ᠂ ᠪᠠᠷᠰ ᠤᠨ ᠦᠯᠢᠭᠡᠷ ᠪᠤᠶᠤ ᠬᠤᠯᠤᠭᠠᠨ᠎ᠠ ᠶᠢᠨ ᠦᠯᠢᠭᠡᠷ ᠢ ᠤᠩᠰᠢᠨ ᠰᠤᠨᠤᠰᠬᠠᠬᠤ ᠪᠤᠶᠤ ᠬᠡᠯᠡᠵᠦ ᠰᠤᠨᠤᠰᠬᠠᠳᠠᠭ ᠪᠢᠯᠠ᠃ ᠮᠠᠨ ᠢ ᠡᠳᠦᠷ ᠪᠤᠯᠭᠠᠨ ᠠᠵᠢᠯ ᠪᠠᠭᠤᠵᠦ ᠭᠡᠷ ᠲᠤ ᠪᠠᠨ ᠬᠠᠷᠢᠵᠦ ᠢᠷᠡᠬᠦ ᠳᠤ᠂ ᠬᠡᠤᠬᠡᠨ ᠨᠢᠭᠡ ᠡᠳᠦᠷ ᠤᠨ ᠰᠤᠨᠤᠰᠴᠦ ᠴᠡᠭᠡᠵᠢᠯᠡᠭᠰᠡᠨ ᠦᠯᠢᠭᠡᠷ ᠢᠶᠠᠨ ᠮᠠᠨᠤᠰ ᠲᠤ ᠤᠷᠮ᠎ᠠ ᠲᠠᠢ ᠰᠠᠶᠢᠬᠠᠨ ᠶᠠᠷᠢᠵᠦ ᠦᠭᠳᠡᠭ ᠶᠤᠮ᠃ ᠡᠳᠦᠷ ᠤᠳᠠᠭᠠᠨ ᠦᠷᠬᠦᠯᠵᠢᠯᠡᠬᠦ ᠶᠢ ᠲᠠᠭᠠᠯᠳᠤᠨ ᠬᠡᠤᠬᠡᠨ ᠤ ᠴᠡᠭᠡᠵᠢᠯᠡᠬᠦ ᠴᠢᠳᠠᠪᠤᠷᠢ ᠨᠢ ᠶᠠᠪᠤᠬᠤ ᠲᠤᠲᠤᠮ ᠲᠡᠭᠡᠭᠰᠢᠯᠡᠵᠤ᠂ ᠬᠡᠯᠡᠵᠦ ᠶᠠᠷᠢᠬᠤ ᠴᠢᠳᠠᠪᠤᠷᠢ ᠨᠢ ᠤᠷᠤᠰᠤᠮ᠎ᠠ ᠮᠦᠷᠲᠡᠭᠡᠨ ᠪᠤᠰᠤᠳ ᠠᠴᠠ ᠲᠠᠪᠠᠭᠰᠠᠨ ᠪᠠᠶᠢᠳᠠᠯ ᠲᠠᠢ ᠪᠤᠯᠵᠦ   ᠡᠬᠢᠯᠡᠵᠠᠢ᠃ ᠢᠩᠭᠢᠵᠦ ᠬᠡᠤᠬᠡᠨ ᠮᠠᠨᠢ ᠡᠮᠡᠭᠡ ᠠᠴᠠ ᠪᠠᠨ ᠤᠯᠠᠨ ᠠᠷᠪᠢᠨ ᠦᠯᠢᠭᠡᠷ ᠨᠤᠮ ᠢ ᠤᠯᠵᠦ ᠰᠤᠨᠤᠰᠬᠤ ᠪᠠᠷ ᠲᠠᠮᠵᠢᠨ᠂ ᠨᠤᠮ ᠳᠤ ᠬᠤᠷᠤᠬᠠᠢ ᠲᠠᠢ ᠪᠤᠯᠵᠦ᠂ ᠨᠤᠮ ᠤᠩᠰᠢᠬᠤ ᠲᠤᠷ᠎ᠡ ᠲᠠᠢ ᠪᠤᠯᠤᠭᠰᠠᠨ ᠢᠶᠠᠷ ᠪᠠᠷᠠᠬᠤ ᠦᠭᠡᠢ ᠨᠤᠮ ᠳᠤ ᠰᠡᠳᠭᠢᠯ ᠲᠠᠲᠠᠭᠳᠠᠨ ᠨᠤᠮ ᠠᠴᠠ ᠲᠤᠩ ᠤᠯᠠᠨ ᠮᠡᠳᠡᠯᠭᠡ ᠶᠢ ᠤᠯᠵᠦ ᠰᠤᠷᠳᠠᠭ ᠢ ᠮᠡᠳᠡᠵᠦ ᠡᠬᠢᠯᠡᠭᠰᠡᠨ ᠪᠠᠶᠢᠨ᠎ᠠ᠃ ᠡᠭᠦᠨ ᠢᠶᠠᠷ ᠪᠠᠷᠠᠬᠤ ᠦᠭᠡᠢ ᠨᠤᠮ ᠤᠩᠰᠢᠬᠤ ᠲᠤᠷ᠎ᠡ ᠪᠠᠬ᠎ᠠ ᠨᠢ ᠡᠳᠦᠷ ᠠᠴᠠ ᠡᠳᠦᠷ ᠨᠡᠮᠡᠭᠳᠡᠵᠦ ᠡᠬᠢᠯᠡᠭᠰᠡᠨ ᠶᠤᠮ᠃      ᠡᠵᠢ ᠦᠪᠡᠷ ᠤᠨ ᠮᠡᠳᠡᠳᠡᠭ ᠬᠡᠲᠦᠨ ᠪᠠᠳᠠᠭ ᠰᠢᠯᠦᠭ ᠢᠶᠠᠨ ᠬᠡᠤᠬᠡᠨ ᠳᠤ ᠵᠢᠭᠠᠵᠦ ᠦᠭᠬᠦ ᠪᠠᠷ ᠪᠠᠷᠠᠬᠤ ᠦᠭᠡᠢ᠂ ᠶᠢᠰᠦ ᠶᠢᠰᠦ ᠶᠢᠨ ᠦᠷᠡᠵᠢᠬᠦᠯᠬᠦ ᠦᠢᠯᠡᠳᠤᠯ ᠤᠨ ᠠᠮᠠᠨ ᠤᠩᠰᠢᠯᠭ᠎ᠠ᠂ ᠠᠷᠪᠠ ᠠᠴᠠ ᠬᠤᠷᠢ ᠲᠤᠲᠤᠷᠠᠬᠢ ᠲᠤᠭᠠᠨ ᠤ ᠨᠡᠮᠡᠵᠦ ᠬᠠᠰᠤᠬᠤ ᠠᠷᠭ᠎ᠠ ᠶᠢ ᠵᠢᠭᠠᠵᠦ ᠡᠵᠡᠮᠰᠢᠭᠦᠯᠦᠭᠰᠡᠨ ᠪᠠᠶᠢᠳᠠᠭ᠃ ᠡᠵᠢ ᠭᠠᠩᠭᠠᠩ ᠳᠤ ᠡᠳᠡᠭᠡᠷ ᠢ ᠵᠢᠭᠠᠬᠤ ᠳᠤ ᠪᠠᠨ ᠵᠠᠪᠠᠯ ᠴᠡᠭᠡᠵᠢᠯᠡᠬᠦᠯᠬᠦ ᠭᠡᠵᠦ ᠠᠯᠪᠠᠳᠠᠭᠰᠠᠨ ᠪᠢᠰᠢ᠂ ᠬᠠᠷᠢᠨ ᠬᠠᠵᠠᠭᠤ ᠳᠤ ᠨᠢ ᠰᠠᠨᠠᠭᠠᠴᠢᠯᠠᠭ᠎ᠠ ᠲᠠᠢ ᠪᠠᠷ ᠤᠳᠠᠬᠤ ᠦᠭᠡᠢ ᠤᠳᠠᠬᠤ ᠦᠭᠡᠢ ᠦᠪᠡᠷ ᠢᠶᠠᠨ ᠤᠩᠰᠢᠳᠠᠭ ᠪᠠᠶᠢᠪᠠ᠃ ᠢᠩᠭᠢᠵᠦ ᠤᠳᠠᠭᠠᠨ ᠡᠳᠦᠷ ᠦᠷᠭᠦᠯᠵᠢᠯᠡᠬᠦ ᠶᠢ ᠲᠠᠭᠠᠯᠳᠤᠨ ᠭᠠᠩᠭᠠᠩ ᠡᠮᠡᠭᠡ ᠶᠢᠨ ᠢᠶᠠᠨ ᠤᠩᠰᠢᠳᠠᠭ ᠰᠢᠯᠦᠭ ᠪᠤᠶᠤ ᠠᠮᠠᠨ ᠤᠩᠰᠢᠯᠭ᠎ᠠ ᠶᠢ ᠰᠠᠨᠠᠮᠰᠠᠷ ᠦᠭᠡᠢ ᠪᠠᠷ ᠴᠡᠭᠡᠵᠢ ᠪᠠᠷ ᠤᠩᠰᠢᠵᠦ ᠴᠢᠳᠠᠬᠤ ᠪᠤᠯᠤᠭᠰᠠᠨ ᠢᠶᠠᠷ ᠪᠠᠷᠠᠬᠤ ᠦᠭᠡᠢ᠂ ᠬᠡᠯᠡᠵᠦ ᠶᠠᠷᠢᠬᠤ ᠴᠢᠳᠠᠪᠤᠷᠢ ᠪᠤᠶᠤ ᠴᠡᠭᠡᠵᠢᠯᠡᠬᠦ ᠴᠢᠳᠠᠪᠤᠷᠢ ᠨᠢ ᠲᠡᠭᠡᠭᠰᠢᠯᠡᠨ ᠨᠠᠯᠢᠶᠠᠳ ᠬᠤᠷᠳᠤᠨ ᠬᠡᠯᠡ ᠳᠤ ᠤᠷᠤᠭᠰᠠᠨ    ᠪᠢᠯᠠ᠃ ᠦᠭᠡ ᠬᠡᠯᠡᠬᠦ ᠳᠤ ᠪᠠᠨ ᠤᠭᠲᠤ ᠲᠤᠷᠴᠦ ᠲᠡᠭᠡᠭᠯᠡᠳᠡᠭ ᠦᠭᠡᠢ ᠮᠦᠷᠲᠡᠭᠡᠨ ᠤᠷᠤᠰᠤᠮ᠎ᠠ ᠰᠠᠶᠢᠬᠠᠨ ᠶᠠᠷᠢᠵᠦ ᠴᠢᠳᠠᠬᠤ ᠪᠤᠯᠤᠭᠰᠠᠨ ᠶᠤᠮ᠃      ᠡᠵᠢ ᠪᠠᠰᠠ ᠮᠠᠨ ᠢ ᠪᠠᠭ᠎ᠠ ᠳᠤ ᠱᠠᠬᠠᠢ ᠬᠤᠪᠴᠠᠰᠦ ᠤᠶᠤᠬᠤ ᠦᠶ᠎ᠡ ᠳᠤ᠂ ᠭᠠᠩᠭᠠᠩ ᠢ ᠲᠠᠭᠤᠳᠠᠨ ᠵᠡᠬᠦᠦ ᠪᠠᠨ ᠰᠦᠪᠡᠯᠡᠭᠦᠯᠳᠡᠭ ᠪᠤᠶᠤ ᠬᠡᠤᠬᠡᠨ ᠢᠶᠠᠷ ᠬᠠᠶᠢᠴᠢ ᠪᠠᠷᠢᠭᠤᠯᠵᠦ᠂ ᠤᠯᠠᠨ ᠲᠦᠷᠤᠯ ᠤᠨ ᠬᠠᠶᠢᠴᠢᠯᠠᠮᠠᠯ ᠬᠠᠶᠢᠴᠢᠯᠠᠭᠤᠯᠬᠤ ᠠᠷᠭ᠎ᠠ ᠪᠠᠷ ᠭᠠᠷ ᠢ ᠨᠢ ᠬᠦᠳᠡᠯᠭᠡᠵᠦ᠂ ᠪᠡᠶ᠎ᠡ ᠶᠢᠨ ᠬᠦᠳᠡᠯᠮᠤᠷᠢ ᠳᠤ ᠤᠷᠤᠯᠴᠠᠭᠤᠯᠳᠠᠭ ᠪᠠᠶᠢᠵᠠᠢ᠃ ᠵᠢᠱᠢᠶᠡᠯᠡᠪᠡᠯ᠂ ︽ᠬᠤᠤᠰᠪᠠᠶ᠋ᠷ︾ ᠭᠡᠳᠡᠭ ᠬᠢᠲᠡᠳ ᠦᠰᠦᠭ᠂ ᠵᠢᠭᠠᠰᠤ ᠪᠤᠶᠤ ᠤᠷᠠᠨ ᠬᠠᠵᠢᠨ ᠵᠡᠷᠭᠡ ᠶᠢ ᠦᠪᠡᠷ ᠢᠶᠠᠨ ᠵᠢᠷᠤᠵᠦ ᠪᠠᠷᠠᠭᠰᠠᠨ ᠤ ᠲᠠᠷᠠᠭ᠎ᠠ ᠭᠠᠩᠭᠠᠩ ᠢᠶᠠᠷ ᠬᠠᠶᠢᠴᠢᠯᠠᠭᠤᠯᠳᠠᠭ ᠪᠠᠶᠢᠪᠠ᠃ ᠡᠨᠡ ᠬᠦ ᠠᠷᠭ᠎ᠠ ᠨᠢ᠂ ᠮᠢᠨᠤ ᠬᠡᠤᠬᠡᠨ ᠤ ᠪᠠᠭ᠎ᠠ ᠶᠢᠨ ᠦᠶ᠎ᠡ ᠶᠢᠨ ᠤᠶᠤᠨ ᠤᠬᠠᠭᠠᠨ ᠢ ᠨᠢ ᠨᠦᠯᠦᠭᠡᠯᠡᠵᠦ᠂ ᠲᠠᠷᠢᠬᠢ ᠲᠤᠯᠤᠭᠠᠢ ᠶᠢᠨ ᠬᠦᠭᠵᠢᠯᠲᠡ ᠶᠢ ᠮᠠᠰᠢ ᠶᠡᠭᠡ ᠨᠦᠯᠦᠭᠡᠯᠡᠵᠦ ᠴᠢᠳᠠᠭᠰᠠᠨ ᠪᠠᠶᠢᠨ᠎ᠠ᠃ ᠮᠢᠨᠤ ᠡᠵᠢ ᠬᠡᠤᠬᠡᠨ ᠢ ᠬᠡᠵᠢᠶᠡᠲᠡ ᠠᠭᠤᠷᠯᠠᠵᠤ ᠵᠠᠩᠨᠠᠳᠠᠭ ᠦᠭᠡᠢ ᠮᠦᠷᠲᠡᠭᠡᠨ ᠠᠶ᠎ᠠ ᠶᠢ ᠨᠢ ᠳᠠᠭᠠᠭᠤᠯᠵᠦ ᠴᠢᠳᠠᠳᠠᠭ ᠠᠴᠠ ᠭᠠᠩᠭᠠᠩ ᠡᠮᠡᠭᠡ ᠪᠠᠨ ᠨᠠᠳᠠ ᠠᠴᠠ ᠢᠯᠡᠬᠦᠦ ᠲᠠᠭᠠᠬᠤ ᠪᠤᠯᠵᠦ᠂ ᠡᠮᠡᠭᠡ ᠲᠠᠢ ᠪᠠᠨ ᠨᠠᠳᠠ ᠠᠴᠠ ᠢᠯᠡᠬᠦᠦ ᠲᠠᠰᠴᠢᠬᠠᠭᠰᠠᠨ ᠪᠠᠶᠢᠪᠠ᠃ ᠲᠤᠮᠲᠠᠳᠤ ᠰᠤᠷᠭᠠᠭᠤᠯᠢ ᠶᠢᠨ ᠨᠢᠭᠡᠨ ᠤᠳᠠᠭᠠᠨ ᠤ ᠬᠤᠭᠤᠴᠠᠭᠠᠨ ᠡᠴᠤᠰ ᠤᠨ ᠬᠢᠲᠡᠳ ᠬᠡᠯᠡᠨ ᠤ ᠰᠢᠯᠭᠠᠯᠲᠠ ᠳᠤ ︽ᠮᠢᠨᠤ ᠪᠠᠭᠰᠢ︾ ᠭᠡᠰᠡᠨ ᠭᠠᠷᠴᠠᠭ ᠢᠶᠠᠷ ᠦᠪᠡᠷ ᠤᠨ ᠡᠮᠡᠭᠡ ᠶᠢᠨ ᠢᠶᠠᠨ ᠲᠤᠬᠠᠢ ᠤᠬᠤᠷ ᠵᠤᠬᠢᠶᠠᠯ ᠪᠢᠴᠢᠭᠰᠡᠨ ᠪᠠᠶᠢᠪᠠ᠃ ᠡᠨᠡ ᠵᠤᠬᠢᠶᠠᠯ ᠢ ᠨᠢ ᠪᠠᠭᠰᠢ ᠨᠢ ᠮᠠᠰᠢ ᠪᠠᠭ᠋ᠠᠷᠬᠠᠨ ᠲᠤᠭᠤᠭᠰᠠᠨ ᠮᠦᠷᠲᠡᠭᠡᠨ ᠲᠦᠩᠯᠢᠶᠤᠤ ᠶᠢᠨ ᠡᠳᠤᠷ ᠤᠨ ᠰᠤᠨᠢᠨ ᠳᠤ ᠬᠦᠷᠭᠡᠵᠦ ᠦᠭᠭᠦᠭᠰᠡᠨ ᠳᠤ᠂ 2015 ᠤᠨ ᠤ 5 ᠰᠠᠷ᠎ᠡ ᠶᠢᠨ 14 ᠤ ᠲᠦᠩᠯᠢᠶᠤᠤ ᠶᠢᠨ ᠡᠳᠤᠷ ᠤᠨ ᠰᠤᠨᠢᠨ ᠳᠤ ᠨᠡᠶᠢᠲᠡᠯᠡᠭᠳᠡᠭᠰᠡᠨ ᠪᠠᠶᠢᠪᠠ᠃ ᠡᠶᠢᠨ ᠬᠦ ᠮᠢᠨᠤ ᠬᠡᠤᠬᠡᠨ ᠤ ᠬᠠᠮᠤᠭ ᠤᠨ ᠠᠩᠬ᠎ᠠ ᠪᠢᠴᠢᠭᠰᠡᠨ ᠬᠢᠲᠡᠳ ᠵᠤᠬᠢᠶᠠᠯ ᠤᠨ ᠡᠬᠢᠨ ᠳᠤ ︽ᠪᠠᠭᠰᠢ ᠭᠡᠵᠦ ᠬᠡᠯᠡᠬᠦ ᠳᠤ ᠪᠢ ᠶᠠᠭᠤᠨ ᠤ ᠡᠮᠦᠨ᠎ᠡ ᠪᠤᠳᠤᠵᠦ ᠤᠯᠬᠤ ᠨᠢ ᠦᠷᠭᠡᠨ ᠮᠡᠳᠡᠯᠭᠡ ᠲᠠᠢ᠂ ᠠᠯᠤᠰ ᠤᠨ ᠬᠠᠷᠠᠯᠲᠠ ᠲᠠᠢ ᠮᠦᠷᠲᠡᠭᠡᠨ ᠮᠡᠳᠡᠯᠭᠡ ᠴᠢᠳᠠᠪᠤᠷᠢ ᠬᠤᠤᠰᠯᠠᠭᠰᠠᠨ ᠮᠦᠷᠲᠡᠭᠡᠨ ᠨᠢᠳᠤᠨ ᠳᠤ ᠪᠠᠨ ᠰᠢᠯ ᠵᠡᠭᠦᠵᠦ ᠦᠰᠦ ᠭᠡᠵᠢᠭᠡ ᠨᠢ ᠪᠤᠭᠤᠷᠤᠯ ᠪᠤᠯᠤᠭᠰᠠᠨ ᠳ᠋ᠤᠺᠲ᠋ᠤᠷ ᠪᠤᠶᠤ ᠫᠷᠤᠹᠧᠰᠰᠤᠷ ᠪᠢᠰᠢ᠂ ᠬᠠᠷᠢᠨ ᠵᠠᠵᠢᠨ ᠦᠰᠦ ᠨᠢ ᠴᠠᠶᠢᠵᠦ᠂ ᠡᠴᠢᠵᠦ ᠲᠤᠷᠠᠭᠰᠠᠨ ᠬᠦᠳᠡᠭᠡ ᠶᠢᠨ ᠵᠢᠷ ᠤᠨ ᠨᠢᠭᠡᠨ ᠮᠠᠯᠴᠢᠨ ᠡᠮᠡᠭᠡᠨ ᠪᠤᠯᠬᠤ ᠶᠤᠮ︾ ᠭᠡᠵᠦ᠂ ᠦᠪᠡᠷ ᠤᠨ ᠠᠩᠬᠠᠨ ᠤ ᠪᠠᠭᠰᠢ ᠪᠤᠯᠬᠤ ᠡᠮᠡᠭᠡ ᠡᠵᠢ ᠶᠢᠨ ᠢᠶᠠᠨ ᠲᠤᠬᠠᠢ ᠪᠢᠴᠢᠭᠰᠡᠨ ᠪᠢᠯᠠ᠃ ᠡᠭᠦᠨ ᠠᠴᠠ ᠪᠢ ᠮᠢᠨᠤ ᠬᠡᠤᠬᠡᠨ ᠤ ᠪᠠᠭ᠎ᠠ ᠨᠠᠰᠦ ᠶᠢ ᠬᠠᠮᠤᠭ ᠠᠴᠠ ᠨᠦᠯᠦᠭᠡᠯᠡᠭᠰᠡᠨ ᠨᠢ ᠪᠢ ᠪᠢᠰᠢ᠂ ᠬᠠᠷᠢᠨ ᠮᠢᠨᠤ ᠡᠵᠢ ᠪᠤᠯᠤᠨ᠎ᠠ ᠭᠡᠳᠡᠭ ᠢ ᠰᠡᠳᠭᠢᠯ ᠳᠤ ᠪᠠᠨ ᠪᠤᠳᠤᠵᠦ ᠶᠠᠪᠤᠳᠠᠭ᠃ ᠪᠢ ᠡᠵᠢ ᠶᠢᠨ ᠢᠶᠠᠨ ᠲᠤᠬᠠᠢ ᠶᠠᠷᠢᠬᠤ ᠳᠤ ᠮᠡᠳᠡᠯᠭᠡ ᠰᠤᠶᠤᠯ ᠦᠭᠡᠢ ᠮᠦᠷᠲᠡᠭᠡᠨ ᠬᠦᠮᠦᠨ ᠠᠴᠠ ᠲᠠᠪᠠᠭᠰᠠᠨ ᠡᠷᠳᠡᠮᠲᠡᠨ ᠪᠢᠰᠢ᠂ ᠡᠭᠦᠨ ᠢᠶᠠᠷ ᠪᠠᠷᠠᠬᠤ ᠦᠭᠡᠢ ᠬᠡᠤᠬᠡᠨ ᠢ ᠬᠦᠮᠦᠵᠢᠬᠦᠯᠬᠦ ᠳᠤ ᠶᠠᠮᠠᠷᠴᠦ ᠵᠤᠷᠢᠯᠭ᠎ᠠ ᠲᠠᠢ ᠪᠠᠷ ᠤᠴᠢᠵᠦ ᠬᠢᠭᠰᠡᠨ ᠵᠦᠢᠯ ᠪᠠᠶᠢᠳᠠᠭ ᠦᠭᠡᠢ ᠪᠢᠯᠠ᠃ ᠵᠦᠪᠬᠡᠨ ᠦᠪᠡᠷ ᠤᠨ ᠨᠠᠰᠤᠨ ᠲᠤᠷᠰᠢ ᠶᠢᠨ ᠦᠩᠭᠡᠷᠡᠯᠲᠡ ᠲᠤᠷᠰᠢᠯᠭ᠎ᠠ ᠪᠤᠯᠤᠨ ᠡᠳᠦᠢ ᠲᠡᠲᠦᠢ ᠪᠤᠳᠤᠵᠦ ᠤᠯᠤᠭᠰᠠᠨ ᠵᠦᠢᠯ ᠢᠶᠠᠨ ᠬᠡᠤᠬᠡᠨ ᠳᠤ ᠬᠠᠷᠠᠮ ᠦᠭᠡᠢ ᠬᠦᠨᠲᠦᠷᠦᠨ ᠴᠢᠳᠬᠤᠭᠰᠠᠨ ᠵᠦᠢᠯᠡᠰ ᠨᠢ ᠭᠡᠤᠭᠡᠳ ᠤᠨ ᠬᠦᠮᠦᠵᠢᠯ ᠪᠤᠯᠪᠠᠰᠤᠷᠠᠯ ᠳᠤ ᠲᠦᠢᠯ ᠤᠨ ᠶᠡᠭᠡ ᠰᠡᠩᠬᠡᠷᠡᠭᠦᠯᠦᠯ ᠬᠦᠷᠲᠡᠭᠡᠵᠦ ᠴᠢᠳᠠᠭᠰᠠᠨ ᠪᠠᠶᠢᠨ᠎ᠠ᠃      ︵ᠭᠤᠷᠪᠠ︶ ᠦᠨᠳᠦᠰᠦᠨ ᠱᠠᠲᠤᠨ ᠤ ᠰᠠᠭᠤᠷᠢ ᠰᠤᠷᠭᠠᠨ ᠬᠦᠮᠦᠵᠢᠯ ᠢ ᠭᠤᠤᠯ ᠪᠤᠯᠭᠠᠨ ᠠᠳᠬᠤᠬᠤ ᠶᠢ ᠴᠢᠬᠤᠯᠠᠴᠢᠯᠠᠭᠰᠠᠨ      ᠬᠡᠤᠬᠡᠳ ᠲᠤ ᠠᠪᠴᠦ ᠬᠡᠯᠡᠪᠡᠯ ᠪᠠᠭ᠎ᠠ ᠰᠤᠷᠭᠠᠭᠤᠯᠢ ᠶᠢᠨ ᠱᠠᠲᠦ ᠪᠤᠯ ᠰᠠᠶ᠋ᠢ ᠡᠬᠢᠯᠡᠨ ᠰᠤᠷᠭᠠᠭᠤᠯᠢ ᠳᠤ ᠰᠠᠭᠤᠵᠦ᠂ ᠠᠩᠬ᠎ᠠ ᠠᠯᠬᠤᠮ ᠰᠤᠷᠭᠠᠭᠤᠯᠢ ᠶᠢᠨ ᠠᠮᠢᠳᠤᠷᠠᠯ ᠳᠤ ᠡᠬᠢᠯᠡᠨ ᠲᠠᠳᠬᠤ ᠶᠢᠨ ᠴᠢᠬᠤᠯᠠ ᠨᠢᠭᠡᠨ ᠱᠠᠲᠦ ᠦᠶ᠎ᠡ ᠪᠤᠯᠤᠨ᠎ᠠ᠃ ᠡᠨᠡ ᠦᠶ᠎ᠡ ᠨᠢ ᠬᠡᠤᠬᠡᠳ ᠤᠨ ᠤᠬᠠᠭᠠᠨ ᠲᠦᠬᠦᠭᠡ ᠠᠩᠬ᠎ᠠ ᠠᠯᠬᠤᠮ ᠡᠬᠢᠯᠡᠨ ᠪᠦᠷᠢᠯᠳᠦᠵᠦ ᠪᠠᠶᠢᠭ᠎ᠠ ᠱᠠᠲᠦ ᠦᠶ᠎ᠡ ᠪᠤᠯᠬᠤ ᠤᠴᠢᠷ ᠠᠴᠠ ᠡᠨᠡ ᠱᠠᠲᠤᠨ ᠤ ᠰᠤᠷᠭᠠᠨ ᠬᠦᠮᠦᠵᠢᠯ ᠢ ᠭᠤᠤᠯ ᠪᠤᠯᠭᠠᠨ ᠠᠳᠬᠤᠵᠦ᠂ ᠰᠤᠷᠤᠯᠭ᠎ᠠ ᠶᠢᠨ ᠲᠠᠯ᠎ᠠ ᠳᠤ ᠨᠢ ᠢᠯᠡᠬᠦᠬᠡᠨ ᠠᠩᠬᠠᠷᠤᠯ ᠲᠠᠯᠪᠢᠵᠦ ᠬᠡᠤᠬᠡᠳ ᠤᠨ ᠪᠡᠶ᠎ᠡ ᠰᠡᠳᠭᠢᠴᠡ ᠶᠢᠨ ᠬᠦᠭᠵᠢᠯᠲᠡ ᠶᠢ ᠴᠢᠬᠤᠯᠠᠴᠢᠯᠠᠨ ᠦᠵᠡᠪᠡᠯ ᠲᠠᠭᠠᠷᠠᠨ᠎ᠠ ᠭᠡᠵᠦ ᠦᠵᠡᠵᠦ ᠪᠤᠢ᠃ ᠡᠨᠡ ᠪᠤᠯ ᠤᠳᠤᠬᠠᠨ ᠤ ᠭᠡᠷ ᠤᠨ ᠠᠬᠠᠮᠠᠳ ᠲᠤ ᠲᠤᠯᠭᠠᠷᠠᠵᠦ ᠪᠦᠬᠦᠢ ᠰᠢᠢᠳᠪᠦᠷᠢᠯᠡᠬᠦ ᠴᠢᠬᠤᠯᠠ ᠲᠠᠢ ᠠᠰᠠᠭᠤᠳᠠᠯ ᠪᠤᠯᠬᠤ ᠶᠤᠮ᠃ ᠮᠠᠨ ᠤ ᠵᠠᠷᠢᠮ ᠬᠡᠷ ᠤᠨ ᠠᠬᠠᠮᠠᠳ ᠪᠠᠭ᠎ᠠ ᠰᠤᠷᠭᠠᠭᠤᠯᠢ ᠶᠢᠨ ᠥᠨᠳᠥᠰᠥᠨ ᠱᠠᠳᠥᠨ ᠤ ᠰᠠᠭᠤᠷᠢ ᠰᠤᠷᠭᠠᠨ ᠬᠥᠮᠥᠵᠢᠯ ᠢ ᠤᠮᠳᠤᠭᠠᠶᠢᠯᠠᠵᠥ᠂ ︽ᠪᠠᠭ᠎ᠠ ᠰᠤᠷᠭᠠᠭᠤᠯᠢ ᠶᠢᠨ ᠱᠠᠲᠦ ᠪᠤᠯ ᠬᠠᠮᠢᠶ᠎ᠠ ᠦᠭᠡᠢ᠂ ᠰᠤᠷᠤᠭᠰᠠᠨ ᠴᠦ ᠪᠤᠯᠤᠨ᠎ᠠ᠂ ᠰᠤᠷᠬᠤ ᠦᠭᠡᠢ ᠴᠦ ᠪᠠᠰᠠ ᠪᠤᠯᠤᠨ᠎ᠠ᠂ ᠬᠤᠵᠢᠮ ᠦᠭᠡᠯᠡᠢ ᠪᠤᠯᠤᠭᠠᠳ ᠨᠢᠭᠡ ᠯᠠ ᠮᠡᠳᠡᠴᠢᠭᠡᠶ᠎ᠡ︾ ᠭᠡᠵᠦ ᠪᠤᠳᠤᠳᠠᠭ᠃ ᠦᠨᠡᠨ ᠢ ᠬᠡᠯᠡᠬᠦ ᠳᠤ᠂ ᠡᠨᠡ ᠦᠶ᠎ᠡ ᠳᠤ ᠬᠡᠤᠬᠡᠳ ᠶᠠᠮᠠᠷ ᠬᠡᠪ ᠲᠦᠷᠢᠮ ᠢᠶᠠᠷ ᠪᠢᠴᠢᠭ ᠦᠵᠡᠪᠡᠯ ᠲᠡᠶᠢᠮᠦ ᠬᠡᠪ ᠲᠦᠷᠢᠮ ᠤᠨ ᠪᠡᠶ᠎ᠡ ᠰᠡᠳᠭᠢᠴᠡ ᠲᠠᠢ ᠪᠤᠯᠵᠦ ᠬᠦᠮᠦᠵᠢᠭᠳᠡᠳᠡᠭ ᠶᠤᠮ᠃ ᠲᠡᠶᠢᠮᠦ ᠠᠴᠠ ᠪᠢ ᠬᠡᠤᠬᠡᠨ ᠤ ᠪᠠᠨ ᠪᠠᠭ᠎ᠠ ᠰᠤᠷᠭᠠᠭᠤᠯᠢ ᠶᠢᠨ ᠱᠠᠲᠤᠨ ᠤ ᠰᠤᠷᠤᠯᠭ᠎ᠠ ᠶᠢ ᠭᠤᠤᠯ ᠪᠤᠯᠭᠠᠬᠤ ᠶᠢᠨ ᠲᠠᠭᠠᠤ ᠪᠠᠭᠰᠢ ᠶᠢᠨ ᠦᠯᠡᠳᠡᠭᠡᠭᠰᠡᠨ ᠲᠠᠰᠬᠠᠯ ᠢ ᠶᠠᠭᠠᠬᠢᠵᠦ ᠪᠡᠶᠡᠯᠡᠭᠦᠯᠵᠦ ᠪᠠᠶᠢᠬᠤ᠂ ᠪᠠᠭᠰᠢ ᠶᠢᠨ ᠢᠶᠠᠨ ᠬᠢᠴᠢᠶᠡᠯ ᠢ ᠬᠢᠷᠢ ᠵᠡᠷᠭᠡ ᠰᠡᠳᠭᠢᠯ ᠲᠠᠯᠪᠢᠨ ᠰᠤᠨᠤᠰᠴᠦ ᠪᠠᠶᠢᠬᠤ᠂ ᠰᠤᠷᠭᠠᠭᠤᠯᠢ ᠳᠤ ᠪᠠᠨ ᠬᠠᠮᠲᠤ ᠨᠦᠬᠦᠳ ᠲᠠᠢ ᠪᠠᠨ ᠬᠢᠷᠢ ᠵᠡᠷᠭᠡ ᠬᠠᠷᠢᠴᠠᠵᠦ ᠪᠠᠶᠢᠬᠤ ᠵᠡᠷᠭᠡ ᠤᠯᠠᠨ ᠲᠠᠯ᠎ᠠ ᠠᠴᠠ ᠠᠩᠬᠠᠷᠤᠯ ᠲᠠᠯᠪᠢᠨ ᠠᠵᠢᠭᠯᠠᠨ ᠰᠢᠨᠵᠢᠵᠤ ᠰᠤᠷᠭᠠᠨ ᠭᠦᠮᠦᠵᠢᠭᠦᠯᠳᠡᠭ᠃      ᠨᠢᠭᠡ ᠳᠤ᠂ ᠪᠠᠭ᠎ᠠ ᠰᠤᠷᠭᠠᠭᠤᠯᠢ ᠶᠢᠨ ᠨᠢᠭᠡᠲᠦᠭᠡᠷ ᠤᠨ ᠳᠤ ᠲᠤᠭ᠎ᠠ ᠪᠤᠳᠤᠯᠭ᠎ᠠ ᠶᠢᠨ ᠲᠦᠷᠭᠡᠨ ᠪᠤᠳᠤᠯᠭ᠎ᠠ ᠭᠡᠰᠡᠨ ᠬᠢᠲᠡᠳ ᠮᠠᠲ᠋ᠧᠷᠢᠶᠠᠯ ᠢ ᠠᠪᠴᠦ ᠬᠢᠯᠭᠡᠳᠡᠭ ᠪᠠᠶᠢᠵᠠᠢ᠃ ᠲᠤᠰ ᠮᠠᠲ᠋ᠧᠷᠢᠶᠠᠯ ᠤᠨ ᠠᠭᠤᠯᠭ᠎ᠠ ᠨᠢ ᠲᠡᠶᠢᠮᠥ ᠬᠥᠴᠢᠷ ᠪᠢᠰᠢ᠂ ᠰᠡᠳᠥᠪ ᠨᠢ ᠠᠮᠠᠷᠬᠠᠨ ᠪᠠᠶᠢᠳᠠᠭ ᠤᠨ ᠤᠴᠢᠷ ᠠᠴᠠ ᠤᠯᠠᠩᠬᠢ ᠭᠡᠷ ᠤᠨ ᠠᠬᠠᠮᠠᠳ ᠡᠶᠢᠮᠦ ᠬᠢᠯᠪᠡᠷ ᠶᠠᠭᠤᠮ᠎ᠠ ᠶᠢ ᠬᠢᠬᠦ ᠴᠢᠬᠤᠯᠠ ᠦᠭᠡᠢ ᠭᠡᠵᠦ ᠦᠵᠡᠳᠡᠭ ᠪᠢᠯᠠ᠃ ᠭᠡᠲᠡᠯ᠎ᠡ ᠡᠨᠡ ᠨᠢ ᠬᠡᠳᠦ᠋ᠢᠪᠡᠷ ᠬᠢᠲᠡᠳ ᠮᠠᠲ᠋ᠧᠷᠢᠶᠠᠯ ᠪᠤᠯᠪᠠᠴᠦ ᠮᠠᠰᠢ ᠨᠠᠷᠢᠯᠢᠬ᠂ ᠡᠮᠬᠢ ᠵᠢᠷᠤᠮ ᠲᠠᠢ᠂ ᠤᠳᠤᠬᠢᠴᠢᠯᠠᠭᠰᠠᠨ ᠬᠡᠯᠪᠡᠷᠢ ᠲᠠᠢ ᠮᠦᠷᠲᠡᠭᠡᠨ ᠴᠢᠨᠠᠷ ᠴᠢᠨᠰᠠᠭ᠎ᠠ ᠨᠢ ᠮᠠᠰᠢ ᠰᠠᠶᠢᠨ ᠪᠠᠶᠢᠳᠠᠭ ᠠᠴᠠ ᠬᠡᠤᠬᠡᠳ ᠤᠨ ᠰᠡᠳᠤᠪ ᠬᠢᠬᠦ ᠬᠤᠷᠳᠤᠴᠠ ᠪᠠ ᠰᠡᠳᠤᠪ ᠬᠢᠬᠦ ᠤᠨᠤᠪᠴᠢ ᠶᠢᠨ ᠬᠡᠮᠵᠢᠶ᠎ᠡ ᠶᠢ ᠲᠡᠭᠡᠭᠰᠢᠯᠡᠭᠦᠯᠬᠦ ᠳᠤ ᠲᠤᠩ ᠴᠢᠬᠤᠯᠠ ᠦᠢᠯᠡᠳᠤᠯ ᠲᠠᠢ ᠭᠡᠵᠦ ᠦᠵᠡᠵᠦ ᠪᠠᠶᠢᠨ᠎ᠠ᠃ ᠡᠨᠡ ᠮᠠᠲ᠋ᠧᠷᠢᠶᠠᠯ ᠤᠨ ᠤᠨᠴᠠᠯᠢᠭ ᠤᠨ ᠲᠠᠯ᠎ᠠ ᠠᠴᠠ ᠠᠪᠴᠦ ᠬᠡᠯᠡᠪᠡᠯ᠂ ᠰᠡᠳᠤᠪ ᠢ ᠬᠢᠬᠦ ᠳᠤ ᠰᠤᠷᠤᠭᠴᠢ ᠲᠠᠷᠢᠬᠢ ᠶᠠᠳᠠᠷᠠᠬᠤ ᠦᠭᠡᠢ ᠮᠦᠷᠲᠡᠭᠡᠨ ᠰᠡᠳᠤᠪ ᠬᠢᠬᠦ ᠬᠤᠷᠳᠤᠴᠠ ᠪᠠ ᠠᠷᠭ᠎ᠠ ᠤᠬᠠᠭᠠᠨ ᠢ ᠡᠵᠡᠮᠰᠢᠭᠦᠯᠬᠦ ᠵᠡᠷᠭᠡ ᠤᠯᠠᠨ ᠠᠷᠪᠢᠨ ᠰᠠᠶᠢᠨ ᠲᠠᠢ ᠲᠠᠯ᠎ᠠ ᠪᠠᠶᠢᠳᠠᠭ᠃ ᠡᠶᠢᠮᠦ ᠠᠴᠠ ᠭᠡᠷ ᠤᠨ ᠠᠬᠠᠮᠠᠳ ᠬᠡᠤᠬᠡᠳ ᠲᠤ ᠪᠠᠨ ᠡᠨᠡ ᠰᠡᠳᠤᠪ ᠢ ᠬᠢᠯᠭᠡᠬᠦ ᠨᠢ ᠬᠡᠤᠬᠡᠳ ᠤᠨ ᠲᠦᠷᠭᠡᠨ ᠪᠤᠳᠤᠬᠤ ᠴᠢᠳᠠᠪᠤᠷᠢ ᠶᠢ ᠲᠡᠭᠡᠭᠰᠢᠯᠡᠭᠦᠯᠵᠦ᠂ ᠲᠠᠷᠢᠬᠢᠨ ᠤ ᠬᠦᠭᠵᠢᠯᠲᠡ ᠶᠢ ᠠᠬᠢᠭᠤᠯᠵᠦ ᠲᠡᠶᠢᠯᠦᠨ᠎ᠡ ᠭᠡᠵᠦ ᠰᠠᠨᠠᠭᠤᠯᠵᠦ ᠪᠠᠶᠢᠨ᠎ᠠ᠃      ᠬᠤᠶᠠᠷ ᠲᠤ᠂ ᠵᠤᠷᠢᠯᠭ᠎ᠠ ᠲᠠᠢ ᠪᠠᠷ ᠨᠤᠮ ᠤᠨ ᠲᠡᠯᠭᠡᠭᠦᠷ ᠲᠤ ᠤᠴᠢᠵᠦ ᠨᠤᠮ ᠤᠩᠰᠢᠭᠤᠯᠳᠠᠭ ᠪᠠᠶᠢᠵᠠᠢ᠃ ᠮᠢᠨᠤ ᠴᠡᠭᠡᠵᠢᠯᠡᠵᠦ ᠪᠠᠶᠢᠬᠤ ᠪᠠᠷ ᠦᠬᠢᠨ ᠢᠶᠠᠨ ᠲᠤᠯᠤᠭᠠᠨ ᠨᠠᠰᠤ ᠲᠠᠢ ᠦᠶ᠎ᠡ ᠳᠤ ᠭᠠᠨᠵᠤᠭ᠎ᠠ ᠪᠠᠯᠭᠠᠰᠤᠨ ᠤ ᠰᠢᠠᠬᠤᠸᠠ ᠨᠤᠮ ᠤᠨ ᠲᠡᠯᠭᠡᠬᠦᠷ ᠲᠤ ᠲᠠᠭᠠᠭᠤᠯᠵᠦ ᠤᠴᠢᠭᠰᠠᠨ ᠳᠤ᠂ ᠬᠡᠤᠬᠡᠨ ᠮᠢᠨᠢ ᠲᠡᠯᠭᠡᠬᠦᠷ ᠤᠨ ᠡᠭᠦᠳᠡᠨ ᠳᠤ ᠭᠦᠷᠦᠮᠡᠭᠴᠡ ︽ᠡᠨᠡ ᠴᠢᠨᠢ ᠮᠢᠨᠤ ᠡᠮᠡᠭᠡ ᠶᠢᠨ ᠨᠠᠳᠠ ᠳᠤ ᠬᠡᠯᠡᠵᠦ ᠦᠭᠭᠦᠭᠰᠡᠨ ᠦᠯᠢᠭᠡᠷ ᠪᠤᠯᠤᠨ᠎ᠠ᠂ ᠪᠢ ᠲᠤᠮᠤᠭ ᠦᠯᠢᠭᠡᠷ ᠢ ᠠᠪᠤᠨ᠎ᠠ︾ ᠭᠡᠪᠡ᠃ ᠡᠭᠦᠨ ᠢᠶᠠᠷ ᠪᠠᠷᠠᠬᠤ ᠦᠭᠡᠢ ᠲᠡᠷᠡ ᠨᠤᠮ ᠢ ᠬᠤᠳᠠᠯᠳᠤᠨ ᠠᠪᠤᠮᠠᠭᠴᠠ ᠨᠤᠮ ᠤᠨ ᠲᠡᠯᠭᠡᠬᠦᠷ ᠲᠤ ᠰᠠᠭᠤᠵᠦ ᠪᠠᠶᠢᠭᠠᠳ ᠤᠩᠰᠢᠵᠦ ᠲᠠᠭᠤᠰᠬᠠᠭᠰᠠᠨ ᠪᠦᠭᠡᠳ ᠡᠮᠡᠭᠡ ᠶᠢᠨ ᠢᠶᠠᠨ ᠬᠡᠯᠡᠵᠦ ᠦᠭᠭᠦᠭᠰᠡᠨ ᠦᠭᠡᠷ᠎ᠡ ᠪᠤᠰᠤᠳ ᠦᠯᠢᠭᠡᠷ ᠤᠨ ᠨᠤᠮ ᠤᠳ ᠢ ᠪᠠᠷᠤᠭ ᠪᠦᠬᠦᠨ ᠢ ᠬᠤᠳᠠᠯᠳᠤᠨ ᠠᠪᠤᠭᠰᠠᠨ ᠪᠠᠶᠢᠨ᠎ᠠ᠃ ᠪᠢ ᠬᠡᠤᠬᠡᠨ ᠤ ᠪᠠᠨ ᠡᠶᠢᠨ ᠬᠦ ᠨᠤᠮ ᠳᠤ ᠬᠤᠷᠤᠬᠠᠢ ᠲᠠᠢ ᠪᠤᠯᠤᠭᠰᠠᠨ ᠢ ᠮᠡᠳᠡᠭᠰᠡᠨ ᠤ ᠲᠠᠷᠠᠭ᠎ᠠ᠂ ᠭᠠᠷᠠᠭ ᠪᠤᠯᠭᠠᠨ ᠨᠤᠮ ᠤᠨ ᠲᠡᠯᠭᠡᠬᠦᠷ ᠲᠤ ᠲᠠᠭᠠᠭᠤᠯᠤᠨ ᠤᠴᠢᠳᠠᠭ ᠪᠤᠯᠪᠠ᠃ ᠨᠤᠮ ᠤᠨ ᠲᠡᠯᠭᠡᠬᠦᠷ ᠲᠤ ᠤᠴᠢᠬᠤ ᠳᠤ ᠪᠠᠨ ᠪᠢ ᠬᠡᠤᠬᠡᠨ ᠳᠤ ᠪᠠᠨ ᠶᠠᠮᠠᠷ ᠨᠤᠮ ᠦᠵᠡᠬᠦ ᠶᠢ ᠵᠠᠬᠢᠳᠠᠭ ᠦᠭᠡᠢ ᠪᠦᠭᠡᠳ ᠬᠢᠲᠡᠳ ᠨᠤᠮ᠂ ᠮᠤᠩᠭᠤᠯ ᠨᠤᠮ ᠤᠨ ᠠᠯᠢᠨ ᠢ ᠨᠢ ᠦᠵᠡᠭᠰᠡᠨ ᠴᠦ ᠤᠭᠲᠤ ᠬᠠᠮᠢᠶᠠᠷᠳᠠᠭ ᠦᠭᠡᠢ ᠶᠤᠮ᠃ ᠤᠳᠠᠭ᠎ᠠ ᠪᠤᠯᠭᠠᠨ ᠬᠤᠶᠠᠷ ᠴᠠᠭ ᠪᠤᠶᠤ ᠬᠠᠭᠠᠰ ᠡᠳᠦᠷ ᠤᠨ ᠴᠠᠭ ᠭᠠᠷᠭᠠᠨ ᠲᠤᠷᠡᠲᠡᠢ ᠨᠤᠮ ᠢ ᠨᠢ ᠤᠩᠰᠢᠭᠤᠯᠵᠦ ᠪᠠᠷᠠᠭᠰᠠᠨ ᠤ ᠲᠠᠷᠠᠭ᠎ᠠ ᠭᠡᠷ ᠲᠤ ᠪᠠᠨ ᠬᠠᠷᠢᠳᠠᠭ᠃ ᠢᠩᠭᠢᠵᠦ ᠡᠳᠦᠷ ᠬᠤᠨᠤᠭ ᠦᠷᠭᠦᠯᠵᠢᠯᠡᠬᠦ ᠶᠢ ᠲᠠᠭᠠᠯᠳᠤᠨ ᠬᠡᠤᠬᠡᠨ ᠤ ᠨᠤᠮ ᠦᠵᠡᠬᠦ ᠤᠷᠮ᠎ᠠ ᠪᠠᠬ᠎ᠠ ᠨᠢ ᠤᠯᠠᠮ ᠨᠡᠮᠡᠭᠳᠡᠵᠦ᠂ ᠭᠠᠷᠠᠭ ᠤᠨ ᠡᠳᠦᠷ ᠪᠤᠯᠪᠠᠯ ᠦᠪᠡᠷ ᠢᠶᠠᠨ ᠨᠤᠮ ᠤᠨ ᠳᠡᠯᠭᠡᠭᠦᠷ ᠲᠤ ᠤᠴᠢᠬᠤ ᠶᠢ ᠭᠤᠶᠤᠴᠢᠯᠠᠳᠠᠭ ᠪᠤᠯᠪᠠ᠃ ᠲᠡᠷᠡ ᠦᠶ᠎ᠡ ᠳᠤ ᠪᠢ ᠬᠡᠤᠬᠡᠨ ᠢᠶᠠᠨ ᠨᠤᠮ ᠤᠨ ᠲᠡᠯᠭᠡᠬᠦᠷ ᠲᠤ ᠬᠦᠷᠭᠡᠵᠦ ᠤᠴᠢᠪᠠᠯ ᠬᠦᠯᠢᠶᠡᠵᠦ ᠰᠠᠭᠤᠳᠠᠭ ᠦᠭᠡᠢ ᠪᠤᠯᠤᠭᠰᠠᠨ ᠮᠦᠷᠲᠡᠭᠡᠨ᠂ ᠬᠡᠤᠬᠡᠨ ᠦᠪᠡᠷ ᠤᠨ ᠲᠤᠷ᠎ᠡ ᠪᠠᠷ ᠢᠶᠠᠨ ᠨᠤᠮ ᠢᠶᠠᠨ ᠤᠩᠰᠢᠵᠦ ᠪᠠᠷᠠᠪᠠᠯ ᠦᠪᠡᠷᠲᠡᠭᠡᠨ ᠭᠡᠷ ᠲᠤ ᠪᠠᠨ ᠬᠠᠷᠢᠵᠦ ᠢᠷᠡᠳᠡᠭ ᠪᠤᠯᠪᠠ᠃       ᠭᠤᠷᠪᠠ ᠳᠤ᠂ ᠲᠠᠰᠬᠠᠯ ᠢᠶᠠᠨ ᠴᠠᠭ ᠲᠤᠬᠠᠢ ᠳᠤ ᠨᠢ ᠬᠢᠭᠦ᠂ ᠰᠢᠯᠭᠠᠯᠳᠠ ᠶᠢᠨ ᠰᠡᠳᠥᠪ ᠢᠶᠠᠨ ᠠᠯᠢ ᠠᠯᠢ ᠶᠢ ᠨᠢ ᠬᠢᠵᠥ ᠴᠢᠳᠠᠬᠤ ᠥᠭᠡᠢ ᠪᠠᠶᠢᠬᠤ ᠲᠤᠬᠠᠢ ᠵᠠᠳᠠᠯᠥᠨ ᠰᠢᠨᠵᠢᠯᠡᠵᠥ ᠬᠡᠯᠡᠵᠥ ᠦᠭᠬᠦ ᠶᠢ ᠬᠢᠴᠢᠶᠡᠳᠡᠭ ᠪᠠᠶᠢᠵᠠᠢ᠃ ᠬᠡᠤᠬᠡᠨ ᠢ ᠰᠤᠷᠭᠠᠭᠤᠯᠢ ᠳᠤ ᠤᠷᠤᠭᠰᠠᠨ ᠠᠴᠠ ᠠᠪᠤᠭᠠᠳ ᠲᠤᠮᠲᠠᠳᠤ ᠰᠤᠷᠭᠠᠭᠤᠯᠢ ᠶᠢ ᠲᠡᠭᠦᠰᠬᠦ ᠪᠤᠯᠲᠠᠯ᠎ᠠ᠂ ᠪᠢ ᠬᠡᠤᠬᠡᠨ ᠤ ᠠᠩᠭ᠍ᠯᠢ ᠬᠡᠯᠡᠨ ᠠᠴᠠ ᠪᠤᠰᠤᠳ ᠬᠢᠴᠢᠶᠡᠯ ᠲᠦᠷᠤᠯ ᠤᠨ ᠰᠢᠯᠭᠠᠯᠲᠠ ᠶᠢ ᠶᠡᠭᠡ ᠪᠠᠭ᠎ᠠ ᠭᠡᠵᠦ ᠬᠠᠮᠢᠶᠠᠷᠬᠤ ᠦᠭᠡᠢ ᠯᠠᠪᠲᠠᠢ ᠬᠢᠨᠠᠨ ᠪᠠᠶᠢᠴᠠᠭᠠᠬᠤ ᠶᠢ ᠢᠮᠠᠭᠲᠠ ᠪᠠᠷᠢᠮᠳᠠᠯᠠᠳᠠᠭ᠃ ᠰᠡᠳᠤᠪ ᠢ ᠬᠢᠨᠠᠬᠤ ᠲᠤᠮᠲᠠ ᠠᠯᠢ ᠰᠡᠳᠤᠪ ᠢ ᠬᠢᠵᠦ ᠴᠢᠳᠠᠭᠰᠠᠨ᠂ ᠠᠯᠢ ᠰᠡᠳᠤᠪ ᠢ ᠬᠢᠵᠦ ᠴᠢᠳᠠᠭᠰᠠᠨ ᠦᠭᠡᠢ ᠪᠤᠶᠤ ᠶᠠᠭᠠᠬᠢᠵᠦ ᠬᠢᠬᠦ ᠡᠰᠡᠭᠦᠯ᠎ᠡ ᠦᠭᠡᠷ᠎ᠡ ᠶᠠᠮᠠᠷ ᠬᠢᠬᠦ ᠠᠷᠭ᠎ᠠ ᠪᠠᠶᠢᠬᠤ ᠲᠤᠬᠠᠢ ᠤᠯᠠᠨ ᠠᠷᠪᠢᠨ ᠶᠠᠷᠢᠯᠴᠠᠨ ᠵᠤᠭᠤᠭᠳᠠᠳᠠᠭ ᠪᠠᠶᠢᠪᠠ᠃ ᠡᠭᠦᠨ ᠢᠶᠠᠷ ᠲᠠᠮᠵᠢᠨ ᠮᠢᠨᠤ ᠬᠡᠤᠬᠡᠨ ᠤ ᠤᠢ ᠤᠬᠠᠭᠠᠨ ᠳᠤ ᠰᠢᠯᠭᠠᠯᠲᠠ ᠭᠡᠳᠡᠭ ᠪᠤᠯ ᠲᠦᠢᠯ ᠤᠨ ᠴᠢᠬᠤᠯᠠ ᠭᠡᠰᠡᠨ ᠦᠵᠡᠯᠲᠡ ᠪᠤᠢ ᠪᠤᠯᠵᠦ ᠪᠦᠷᠢᠯᠳᠦᠭᠰᠡᠨ ᠪᠠᠶᠢᠨ᠎ᠠ᠃ ᠡᠶᠢᠮᠦ ᠠᠴᠠ ᠬᠡᠤᠭᠡᠨ ᠮᠠᠨᠢ ᠰᠢᠯᠭᠠᠯᠲᠠ ᠪᠤᠯᠭᠠᠨ ᠢ ᠬᠦᠨᠳᠦᠳᠭᠡᠨ ᠦᠵᠡᠵᠦ ᠬᠦᠩᠭᠡᠨ ᠬᠠᠭᠤᠳᠠᠮᠴᠢ ᠬᠠᠨᠳᠤᠳᠠᠭ ᠦᠭᠡᠢ ᠪᠤᠯᠪᠠ᠃      ᠲᠦᠷᠪᠡ ᠳᠤ᠂ ᠭᠠᠳᠠᠭᠠᠳᠥ ᠤᠷᠴᠢᠨ ᠲᠠᠢ ᠬᠠᠷᠢᠯᠴᠠᠬᠤ ᠲᠠᠯ᠎ᠠ ᠪᠠᠷ ᠬᠢᠵᠠᠭᠠᠷᠯᠠᠳᠠᠭ ᠪᠠᠶᠢᠵᠠᠢ᠃ ᠪᠢ ᠬᠡᠤᠭᠡᠨ ᠢᠶᠠᠨ ᠪᠠᠭ᠎ᠠ ᠠᠴᠠ ᠨᠢ ᠶᠡᠭᠡ ᠪᠠᠭ᠎ᠠ ᠨᠠᠶᠢᠷ ᠨᠠᠭᠠᠳᠤᠮ ᠪᠤᠶᠤ ᠬᠤᠭᠤᠯᠠᠨ ᠰᠢᠷᠡᠭᠡ ᠵᠡᠷᠭᠡ ᠤᠯᠠᠨ ᠨᠡᠶᠢᠳᠡ ᠶᠢᠨ ᠲᠠᠯᠠᠪᠤᠷ ᠲᠤ ᠲᠠᠭᠠᠭᠤᠯᠵᠥ ᠤᠴᠢᠬᠤ ᠶᠢ ᠶᠡᠭᠡ ᠬᠢᠴᠢᠶᠡᠳᠡᠭ ᠪᠠᠶᠢᠪᠠ᠃ ᠤᠴᠢᠷ ᠨᠢ ᠬᠤᠭᠤᠯᠠᠨ ᠰᠢᠷᠡᠭᠡ ᠭᠡᠳᠡᠭ ᠪᠤᠯ ᠤᠯᠠᠨ ᠵᠦᠢᠯ ᠤᠨ ᠬᠦᠮᠦᠰ ᠴᠤᠭᠯᠠᠷᠠᠨ ᠦᠪᠡᠷ ᠦᠪᠡᠷ ᠤᠨ ᠦᠵᠡᠯᠲᠡ ᠵᠤᠷᠢᠯᠲᠡ ᠪᠠᠨ ᠶᠠᠷᠢᠬᠤ ᠪᠤᠶᠤ ᠨᠠᠭᠠᠳᠤᠮ ᠲᠤᠭᠯᠠᠭᠠᠮ ᠭᠠᠷᠭᠠᠳᠠᠭ ᠴᠢᠯᠦᠭᠡᠲᠡᠢ ᠤᠷᠴᠢᠨ ᠪᠠᠶᠢᠵᠦ᠂ ᠡᠨᠡ ᠰᠢᠷᠡᠭᠡᠨ ᠠᠴᠠ ᠡᠯᠳᠡᠪ ᠤᠨ ᠰᠤᠨᠢᠨ ᠰᠡᠪᠡᠭᠦᠨ᠂ ᠮᠠᠭᠤ ᠮᠠᠭᠤᠬᠠᠢ ᠪᠤᠶᠤ ᠵᠦᠪ ᠪᠤᠷᠤᠭᠤ ᠶᠠᠮᠠᠷᠴᠦ ᠦᠭᠡ ᠶᠠᠷᠢᠶ᠎ᠠ ᠪᠦᠷ ᠭᠠᠷᠴᠦ ᠪᠤᠯᠳᠠᠭ᠃ ᠲᠡᠶᠢᠮᠤ ᠪᠤᠯᠬᠤᠷ ᠪᠠᠭ᠎ᠠ ᠨᠠᠰᠤᠨ ᠤ ᠬᠡᠤᠬᠡᠳ ᠢ ᠡᠯᠳᠡᠪ ᠡᠰᠡᠨ ᠨᠠᠶᠢᠷ ᠨᠠᠭᠠᠳᠤᠮ ᠤᠨ ᠰᠢᠷᠡᠭᠡᠨ ᠳᠤ ᠲᠠᠭᠠᠭᠤᠯᠵᠦ ᠤᠴᠢᠬᠤ ᠨᠢ ᠵᠠᠷᠢᠮ ᠮᠠᠭᠤ ᠮᠠᠭᠤᠬᠠᠢ ᠵᠦᠢᠯ ᠳᠤ ᠨᠦᠯᠦᠭᠡᠯᠡᠭᠳᠡᠬᠦ ᠪᠤᠶᠤ ᠨᠠᠵᠠᠭᠠᠢ ᠪᠤᠷᠤᠭᠤ ᠤᠶᠢᠯᠠᠭᠠᠯᠲᠠ ᠲᠠᠢ ᠪᠤᠯᠵᠦ ᠮᠡᠳᠡᠬᠦ ᠶᠤᠮ᠃      ᠲᠠᠪᠤ ᠳᠤ᠂ ᠬᠡᠤᠬᠡᠨ ᠢᠶᠠᠨ ᠡᠳᠤᠷ ᠪᠦᠷᠢ ᠰᠤᠷᠤᠭᠰᠠᠨ ᠬᠢᠴᠢᠶᠡᠯ ᠲᠤᠷᠤᠯ ᠤᠨ ᠲᠤᠬᠠᠢ ᠶᠠᠷᠢᠭᠤᠯᠳᠠᠭ ᠪᠠᠶᠢᠵᠠᠢ᠃ ᠪᠢ ᠭᠡᠤᠬᠡᠨ ᠢᠶᠠᠨ ᠰᠤᠷᠭᠠᠭᠤᠯᠢ ᠳᠤ ᠤᠷᠤᠭᠰᠠᠨ ᠲᠡᠷᠡ ᠴᠠᠭ ᠠᠴᠠ ᠨᠢ ᠡᠬᠢᠯᠡᠵᠥ ᠡᠳᠥᠷ ᠪᠥᠷᠢ ᠰᠤᠷᠭᠠᠭᠤᠯᠢ ᠳᠤ ᠪᠠᠨ ᠶᠠᠭᠤ ᠰᠤᠷᠤᠭᠰᠠᠨ ᠲᠤᠬᠠᠢ ᠬᠡᠷ ᠲᠤ ᠪᠠᠨ ᠢᠷᠡᠪᠡᠯ ᠵᠠᠪᠠᠯ ᠶᠠᠷᠢᠭᠤᠯᠳᠠᠭ ᠪᠠᠶᠢᠭᠰᠠᠨ ᠶᠤᠮ᠃ ᠵᠢᠱᠢᠶᠡᠯᠡᠪᠡᠯ᠂ ᠨᠢᠭᠡᠲᠦᠭᠡᠷ ᠬᠢᠴᠢᠶᠡᠯ ᠪᠤᠯ ᠲᠤᠭ᠎ᠠ ᠪᠤᠳᠤᠯᠭ᠎ᠠ ᠶᠢᠨ ᠬᠢᠴᠢᠶᠡᠯ᠂ ᠬᠤᠶᠠᠳᠤᠭᠠᠷ ᠬᠢᠴᠢᠶᠡᠯ ᠪᠤᠯ ᠬᠡᠯᠡ ᠪᠢᠴᠢᠭ ᠤᠨ ᠬᠢᠴᠢᠶᠡᠯ ᠪᠠᠶᠢᠵᠦ᠂ ᠲᠤᠭᠠᠨ ᠤ ᠬᠢᠴᠢᠶᠡᠯ ᠳᠤ ᠶᠠᠭᠤ ᠶᠢ ᠰᠤᠷᠴᠦ ᠬᠡᠯᠡ ᠪᠢᠴᠢᠭ ᠤᠨ ᠬᠢᠴᠢᠶᠡᠯ ᠳᠤ ᠶᠠᠭᠤ ᠶᠢ ᠰᠤᠷᠤᠭᠰᠠᠨ ᠲᠤᠬᠠᠢ ᠨᠠᠷᠢᠨ ᠨᠢᠭᠲᠠ ᠲᠠᠶᠢᠯᠪᠤᠷᠢᠯᠠᠨ ᠶᠠᠷᠢᠭᠤᠯᠳᠠᠭ ᠪᠠᠶᠢᠪᠠ᠃ ᠢᠩᠭᠢᠵᠥ ᠤᠷᠳᠤ ᠬᠤᠭᠤᠴᠠᠭ᠎ᠠ ᠶᠠᠷᠢᠭᠤᠯᠬᠤ ᠪᠠᠷ ᠲᠠᠮᠵᠢᠭᠠᠳ ᠬᠡᠤᠭᠡᠨ ᠤ ᠰᠤᠷᠤᠯᠭ᠎ᠠ ᠶᠢᠨ ᠵᠠᠮ ᠳᠤ ᠬᠢᠴᠢᠶᠡᠯ ᠤᠨ ᠴᠠᠭ ᠲᠤ ᠪᠠᠭᠰᠢ ᠶᠢᠨ ᠲᠠᠶᠢᠯᠪᠤᠷᠢᠯᠠᠬᠤ ᠶᠢ ᠵᠠᠪᠠᠯ ᠰᠡᠳᠭᠢᠯ ᠲᠠᠯᠪᠢᠨ ᠰᠤᠨᠤᠰᠬᠤ ᠬᠡᠷᠡᠭᠲᠡᠢ ᠭᠡᠰᠡᠨ ᠦᠵᠡᠯᠲᠡ ᠪᠤᠢ ᠪᠤᠯᠵᠦ ᠪᠦᠷᠢᠯᠲᠦᠭᠰᠡᠨ ᠪᠠᠶᠢᠨ᠎ᠠ᠃ ᠡᠶᠢᠮᠦ ᠠᠴᠠ ᠬᠡᠵᠢᠶ᠎ᠡ ᠶᠠᠮᠠᠷ ᠰᠤᠷᠭᠠᠭᠤᠯᠢ ᠳᠤ ᠤᠷᠤᠭᠰᠠᠨ ᠴᠦ ᠲᠡᠷᠡ ᠮᠠᠨᠢ ᠪᠠᠭᠰᠢ ᠶᠢᠨ ᠬᠢᠴᠢᠶᠡᠯ ᠢ ᠲᠦᠢᠯ ᠢᠶᠠᠷ ᠠᠩᠬᠠᠷᠤᠯ ᠲᠦᠪᠯᠡᠷᠡᠭᠦᠯᠦᠨ ᠰᠤᠨᠤᠰᠳᠠᠭ ᠪᠤᠯᠵᠦ᠂ ᠬᠢᠴᠢᠶᠡᠯ ᠲᠡᠭᠡᠷ᠎ᠡ ᠭᠠᠷᠴᠦ ᠢᠷᠡᠬᠦ ᠪᠤᠢ ᠪᠦᠬᠦᠢ ᠮᠡᠳᠡᠯᠭᠡ ᠶᠢ ᠦᠨᠳᠦᠰᠦᠨ ᠳᠤ ᠪᠠᠨ ᠲᠡᠮᠡᠢ ᠠᠯᠳᠠᠳᠠᠭ ᠦᠭᠡᠢ ᠪᠠᠶᠢᠪᠠ᠃ ᠤᠴᠢᠷ ᠨᠢ᠂ ᠲᠡᠷᠡ ᠬᠢᠴᠢᠶᠡᠯ ᠲᠡᠭᠡᠷᠡᠬᠢ ᠮᠡᠳᠡᠯᠭᠡ ᠶᠢ ᠲᠤᠬᠠᠢ ᠶᠢᠨ ᠴᠠᠭ ᠲᠤ ᠨᠢ ᠰᠢᠩᠭᠡᠭᠡᠵᠦ ᠴᠢᠳᠠᠳᠠᠭ ᠪᠤᠯᠴᠢᠬᠠᠭᠰᠠᠨ ᠪᠤᠯᠬᠤᠷ᠂ ᠬᠢᠴᠢᠶᠡᠯ ᠠᠴᠠ ᠭᠠᠳᠠᠭᠤᠷ ᠲᠡᠮᠡᠢ ᠬᠦᠴᠦ ᠲᠡᠯᠪᠢᠨ ᠲᠠᠪᠲᠠᠬᠤ ᠦᠭᠡᠢ ᠪᠠᠶᠢᠭᠰᠠᠨ ᠴᠦ ᠰᠤᠷᠤᠯᠭ᠎ᠠ ᠶᠢᠨ ᠬᠢᠷᠢ ᠪᠦᠲᠦᠮᠵᠢ ᠨᠢ ᠨᠠᠯᠢᠶᠡᠳ ᠲᠤᠭᠲᠠᠪᠤᠷᠢᠲᠡᠢ ᠪᠤᠯᠤᠭᠰᠠᠨ ᠲᠠᠢ ᠬᠤᠯᠪᠤᠭ᠎ᠠ ᠲᠠᠢ ᠭᠡᠵᠦ ᠦᠵᠡᠨ᠎ᠡ᠃ ᠭᠡᠤᠭᠡᠨ ᠮᠢᠨᠢ ᠲᠡᠭᠡᠳᠤ ᠲᠤᠮᠲᠠᠳᠤ ᠲᠡᠭᠦᠰᠲᠡᠯ᠎ᠡ ᠬᠡᠵᠢᠶᠡᠲᠡ ᠦᠷᠯᠦᠭᠡ ᠲᠤᠯᠤᠭᠠᠨ ᠴᠠᠭ ᠲᠤ ᠪᠤᠰᠴᠦ᠂ ᠤᠷᠤᠢ ᠪᠠᠰᠠ ᠲᠡᠶᠢᠮᠦ ᠤᠷᠤᠢ ᠪᠤᠯᠳᠠᠭ ᠦᠭᠡᠢ᠂ ᠤᠨᠲᠠᠬᠤ ᠴᠠᠭ ᠲᠤ ᠪᠠᠨ ᠤᠨᠲᠠᠳᠠᠭ ᠪᠠᠶᠢᠪᠠ᠃      ︵ᠲᠥᠷᠪᠡ︶ ᠦᠷᠢᠰᠦᠯᠳᠦᠭᠡᠨ ᠤ ᠴᠢᠳᠠᠪᠥᠷᠢ ᠶᠢ ᠨᠢ ᠠᠯᠬᠤᠮ ᠠᠯᠬᠤᠮ ᠢᠶᠠᠷ ᠪᠠᠳᠠᠷᠠᠭᠤᠯᠤᠨ᠎ᠠ      ᠮᠢᠨᠤ ᠬᠡᠦᠬᠡᠨ ᠴᠢᠯᠠᠭᠤᠲᠦ ᠰᠤᠮᠤ ᠶᠢᠨ ᠭᠤᠤᠯ ᠪᠠᠭ᠎ᠠ ᠰᠤᠷᠭᠠᠭᠤᠯᠢ ᠳᠤ ᠪᠢᠴᠢᠭ ᠦᠵᠡᠵᠠᠢ᠃ ᠰᠤᠷᠭᠠᠭᠤᠯᠢ ᠳᠤ ᠰᠠᠭᠤᠵᠦ ᠪᠢᠴᠢᠭ ᠦᠵᠡᠬᠦ ᠪᠤᠯᠤᠭᠰᠠᠨ ᠤ ᠲᠠᠷᠠᠭ᠎ᠠ ᠪᠢ ᠭᠡᠦᠭᠡᠨ ᠤ ᠪᠠᠨ ᠪᠡᠶ᠎ᠡ ᠲᠡᠭᠡᠷ᠎ᠡ ᠨᠢᠭᠡᠨ ᠵᠦᠢᠯ ᠤᠨ ᠡᠮᠵᠡᠭ ᠲᠠᠯ᠎ᠠ ᠪᠠᠶᠢᠬᠤ ᠶᠢ ᠤᠯᠵᠦ ᠮᠡᠳᠡᠵᠡᠢ᠃ ᠲᠡᠷᠡ ᠨᠢ ᠶᠡᠭᠤ ᠪᠤᠢ ᠭᠡᠪᠡᠯ᠂ ᠨᠢᠭᠡ ᠶᠠᠭᠤᠮ᠎ᠠ ᠶᠢ ᠰᠤᠷᠤᠭᠠᠳ ᠬᠦᠮᠦᠨ ᠤ ᠡᠮᠦᠨ᠎ᠡ ᠤᠷᠤᠴᠢᠬᠠᠪᠠᠯ ᠲᠡᠮᠡᠢ ᠶᠡᠭᠡ ᠴᠢᠷᠮᠠᠶᠢᠬᠤ ᠦᠭᠡᠢ ᠪᠠᠶᠢᠳᠠᠯ ᠢᠯᠡᠷᠡᠳᠡᠭ᠃ ᠵᠢᠱᠢᠶᠡᠯᠡᠪᠡᠯ᠂ ᠠᠩᠭᠢ ᠳᠤ ᠪᠠᠨ ᠲᠦᠷᠦᠭᠦᠦ ᠨᠢᠭᠡ ᠬᠤᠶᠠᠷ ᠲᠤ ᠤᠷᠤᠪᠠᠯ ᠲᠡᠮᠡᠢ ᠶᠡᠭᠡ ᠴᠢᠷᠮᠠᠶᠢᠬᠤ ᠦᠭᠡᠢ᠂ ᠤᠮᠤᠷᠬᠠᠭ ᠰᠠᠭᠰᠠᠭᠤ ᠵᠠᠩ ᠭᠠᠷᠭᠠᠳᠠᠭ᠃ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠦᠶ᠎ᠡ ᠳᠤ ᠴᠢᠯᠠᠭᠤᠲᠤ ᠭᠤᠤᠯ ᠪᠠᠭ᠎ᠠ ᠰᠤᠷᠭᠠᠭᠤᠯᠢ ᠶᠢᠨ ᠨᠢᠭᠡ ᠤᠨ ᠳᠤ ᠬᠤᠶᠠᠷ ᠠᠩᠭᠢ ᠲᠠᠢ ᠪᠤᠯᠤᠭᠰᠠᠨ ᠪᠢᠯᠡ᠃ ᠭᠡᠪᠡᠴᠦ ᠬᠡᠤᠬᠡᠨ ᠤ ᠰᠤᠷᠤᠯᠭ᠎ᠠ ᠶᠢᠨ ᠬᠢᠷᠢ ᠪᠦᠲᠦᠮᠵᠢ ᠨᠢ ᠦᠨᠳᠦᠰᠦᠨ ᠳᠤ ᠪᠠᠨ ᠨᠡᠯᠢᠶᠡᠳ ᠰᠠᠶᠢᠨ ᠪᠠᠶᠢᠳᠠᠭ ᠠᠴᠠ ᠤᠮᠤᠷᠬᠠᠭ ᠵᠠᠩ ᠭᠠᠷᠭᠠᠨ ᠲᠡᠮᠡᠢ ᠴᠢᠷᠮᠠᠶᠢᠨ ᠰᠤᠷᠤᠯᠴᠠᠳᠠᠭ ᠦᠭᠡᠢ ᠪᠤᠯᠪᠠ᠃ ᠡᠨᠡ ᠪᠠᠶᠢᠳᠠᠯ ᠢ ᠦᠵᠡᠵᠦ ᠭᠠᠷᠤᠭᠰᠠᠨ ᠤ ᠲᠠᠷᠠᠭ᠎ᠠ᠂ ᠪᠢ ᠬᠡᠤᠬᠡᠨ ᠢᠶᠠᠨ ᠲᠦᠷᠪᠡᠲᠦᠭᠡᠷ ᠤᠨ ᠪᠤᠯᠬᠤ ᠳᠤ ᠭᠠᠨᠵᠤᠭ᠎ᠠ ᠳᠤ ᠬᠢ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠭᠡᠨ ᠰᠤᠷᠤᠯᠴᠠᠭᠤᠯᠤᠭᠰᠠᠨ ᠶᠤᠮ᠃ ᠲᠤᠰ ᠰᠤᠷᠭᠠᠭᠤᠯᠢ ᠨᠢ ᠬᠤᠰᠢᠭᠤᠨ ᠤ ᠭᠤᠤᠯᠳᠠᠯᠭ᠎ᠠ ᠲᠠᠢ ᠰᠤᠷᠭᠠᠭᠤᠯᠢ ᠪᠤᠯᠤᠭᠰᠠᠨ ᠤ ᠬᠤᠪᠢ ᠳᠤ ᠰᠤᠷᠤᠭᠴᠢ ᠶᠢᠨ ᠲᠤᠭ᠎ᠠ ᠮᠠᠰᠢ ᠠᠷᠪᠢᠨ ᠮᠦᠷᠲᠡᠭᠡᠨ ᠨᠢᠭᠡ ᠠᠩᠭᠢ ᠳᠤ ᠵᠢᠷᠠ ᠭᠠᠷᠤᠢ ᠬᠦᠮᠦᠨ ᠲᠠᠢ᠂ ᠨᠢᠭᠡ ᠤᠨ ᠳᠤ ᠠᠷᠪᠠᠭᠠᠳ ᠠᠩᠭᠢ ᠲᠠᠢ ᠪᠠᠶᠢᠪᠠ᠃ ᠡᠨᠡ ᠦᠶᠡᠰ ᠬᠡᠤᠬᠡᠨ ᠤ ᠬᠢᠷᠢ ᠪᠦᠲᠦᠮᠵᠢ ᠨᠢ ᠲᠡᠮᠡᠢ ᠰᠠᠶᠢᠨ ᠪᠢᠰᠢ ᠮᠦᠷᠲᠡᠭᠡᠨ ᠭᠤᠴᠢ ᠪᠤᠶᠤ ᠳᠥᠴᠢ ᠳ᠋ᠤᠭᠠᠷ ᠲᠤ ᠰᠢᠯᠭᠠᠬᠤ ᠪᠤᠯᠪᠠ᠃ ᠡᠶᠢᠨ ᠬᠦ ᠪᠠᠶᠢᠳᠠᠯ ᠲᠤᠤᠷ᠎ᠡ ᠬᠡᠤᠬᠡᠨ ᠤ ᠤᠮᠤᠷᠬᠠᠭ ᠰᠠᠭᠰᠠᠭᠤ ᠵᠠᠩ ᠨᠢ ᠵᠢᠭᠠᠬᠠᠨ ᠪᠠᠭᠤᠷᠠᠵᠦ ᠴᠢᠷᠮᠠᠶᠢᠨ ᠰᠤᠷᠤᠯᠴᠠᠬᠤ ᠪᠤᠯᠵᠦ᠂ ᠪᠠᠭ᠎ᠠ ᠰᠤᠷᠭᠠᠭᠤᠯᠢ ᠲᠡᠭᠦᠰᠬᠦ ᠰᠢᠯᠭᠠᠯᠲᠠ ᠳᠤ ᠪᠦᠬᠦ ᠬᠤᠰᠢᠭᠤᠨ ᠳᠤ ᠬᠤᠶᠠᠳᠤᠭᠠᠷ ᠲᠤ ᠰᠢᠯᠭᠠᠵᠦ᠂ ᠭᠠᠨᠵᠤᠭ᠎ᠠ ᠳᠤ ᠬᠢ ᠮᠤᠩᠭᠤᠯ ᠦᠨᠳᠦᠰᠦᠲᠡᠨ ᠤ ᠲᠤᠮᠲᠠᠳᠤ ᠰᠤᠷᠭᠠᠭᠤᠯᠢ ᠳᠤ ᠰᠢᠯᠭᠠᠨ ᠤᠷᠤᠭᠰᠠᠨ ᠶᠤᠮ᠃ ᠠᠩᠬ᠎ᠠ ᠲᠤᠮᠲᠠᠳᠤ ᠶᠢᠨ ᠨᠢᠭᠡᠳᠦᠭᠡᠷ ᠤᠨ ᠳᠤ ᠦᠨᠳᠦᠰᠦᠨ ᠳᠤ ᠪᠠᠨ ᠲᠦᠷᠦᠬᠦᠦ ᠰᠢᠯᠭᠠᠬᠤ ᠪᠤᠯᠵᠦ ᠤᠮᠤᠷᠬᠠᠭ ᠰᠠᠭᠰᠠᠭᠤ ᠵᠠᠩ ᠨᠢ ᠪᠠᠰᠠᠯᠠ ᠢᠯᠡᠷᠡᠭᠰᠡᠨ ᠪᠠᠶᠢᠪᠠ᠃ ᠡᠨᠡ ᠪᠠᠶᠢᠳᠠᠯ ᠳᠤ ᠴᠢᠭᠯᠡᠭᠦᠯᠦᠨ ᠪᠢ ᠬᠡᠤᠬᠡᠨ ᠢᠶᠠᠨ ᠠᠩᠬ᠎ᠠ ᠲᠤᠮᠲᠠᠳᠤ ᠶᠢᠨ ᠬᠤᠶᠠᠳᠤᠭᠠᠷ ᠤᠨ ᠪᠤᠯᠬᠤ ᠳᠤ ᠲᠦᠩᠯᠢᠶᠤᠤ ᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠳᠤ ᠰᠢᠯᠵᠢᠭᠦᠯᠦᠨ ᠰᠤᠷᠤᠯᠴᠠᠭᠤᠯᠪᠠ᠃ ᠡᠨᠡ ᠦᠶᠡᠰ ᠬᠡᠤᠬᠡᠨ ᠤ ᠬᠢᠷᠢ ᠪᠦᠲᠦᠮᠵᠢ ᠨᠢ ᠲᠡᠶᠢᠮᠦ ᠰᠠᠶᠢᠨ ᠪᠢᠰᠢ ᠶᠢᠨ ᠲᠡᠭᠡᠷ᠎ᠡ ᠬᠦᠮᠦᠨ ᠠᠴᠠ ᠬᠤᠵᠢᠭᠳᠠᠬᠤ ᠪᠠᠶᠢᠳᠠᠯ ᠲᠠᠢ ᠪᠤᠯᠪᠠ᠃ ᠲᠡᠭᠡᠲᠡᠯ᠎ᠡ ᠬᠡᠤᠬᠡᠨ ᠵᠢᠭᠠᠬᠠᠨ ᠰᠠᠨᠲᠤᠷᠬᠤ ᠪᠠᠶᠢᠳᠠᠯ ᠲᠠᠢ ᠪᠤᠯᠵᠦ᠂ ᠰᠤᠷᠤᠯᠭ᠎ᠠ ᠳᠤ ᠪᠠᠨ ᠵᠤᠷᠢᠭ ᠰᠢᠭᠤᠳᠤᠨ ᠰᠢᠮᠲᠠᠨ ᠰᠤᠷᠤᠯᠴᠠᠵᠦ ᠡᠬᠢᠯᠡᠭᠰᠡᠨ ᠪᠢᠯᠡ᠃ ᠡᠨᠡ ᠮᠡᠲᠦ ᠪᠠᠷ ᠪᠢ ᠬᠡᠤᠬᠡᠨ ᠢᠶᠠᠨ ᠨᠠᠷᠢᠨ ᠠᠵᠢᠭᠯᠠᠵᠦ᠂ ᠤᠷ᠎ᠠ ᠴᠢᠳᠠᠪᠤᠷᠢ ᠶᠢ ᠨᠢ ᠪᠠᠳᠠᠷᠠᠭᠤᠯᠬᠤ ᠲᠠᠶᠢᠰᠠ ᠶᠢ ᠨᠢ ᠤᠳᠠᠭ᠎ᠠ ᠪᠤᠯᠭᠠᠨ ᠪᠦᠷᠢᠯᠳᠦᠭᠦᠯᠦᠨ ᠦᠭᠴᠦ ᠪᠠᠶᠢᠭᠰᠠᠨ ᠶᠤᠮ᠃ ᠡᠬᠦᠨ ᠢᠶᠠᠷ ᠲᠠᠮᠵᠢᠨ ᠬᠡᠤᠬᠡᠨ ᠤ ᠰᠢᠨ᠎ᠡ ᠤᠷᠴᠢᠨ ᠲᠤᠭᠤᠷᠢᠨ ᠳᠤ ᠲᠠᠳᠬᠤ ᠪᠤᠶᠤ ᠪᠡᠶ᠎ᠡ ᠪᠠᠨ ᠲᠠᠭᠠᠭᠠᠵᠥ ᠰᠤᠷᠤᠯᠴᠠᠬᠤ ᠴᠢᠳᠠᠪᠥᠷᠢ ᠨᠢ ᠲᠡᠭᠡᠭᠰᠢᠯᠡᠵᠥ᠂ ᠦᠷᠢᠰᠦᠯᠳᠦᠭᠡᠨ ᠤ ᠲᠤᠮᠲᠠ ᠦᠪᠡᠷ ᠢ ᠪᠠᠨ ᠢᠯᠡᠵᠦ ᠴᠢᠳᠠᠬᠤ ᠪᠤᠯᠵᠦ ᠬᠦᠮᠦᠵᠢᠭᠳᠡᠭᠰᠡᠨ ᠪᠠᠶᠢᠨ᠎ᠠ᠃      ︵ᠲᠠᠪᠤ︶ ᠰᠤᠷᠤᠯᠴᠠᠬᠤ ᠬᠡᠯᠪᠡᠷᠢ ᠶᠢ ᠤᠯᠠᠨ ᠵᠥᠢᠯ ᠤᠨ ᠪᠠᠶᠢᠯᠭᠠᠵᠥ᠂ ᠡᠯ᠎ᠡ ᠵᠥᠢᠯ ᠤᠨ ᠬᠡᠯᠪᠡᠷᠢ ᠪᠠᠷ ᠰᠤᠷᠤᠯᠴᠠᠬᠤ ᠶᠢ ᠵᠤᠷᠢᠬᠵᠢᠭᠤᠯᠤᠭᠰᠠᠨ      ᠪᠢ ᠬᠡᠤᠬᠡᠨ ᠢᠶᠠᠨ ᠲᠠᠰᠬᠠᠯ ᠢᠶᠠᠨ ᠵᠠᠪᠠᠯ ᠵᠥᠪ ᠬᠢᠵᠦ ᠲᠠᠭᠤᠰᠬᠠᠬᠤ ᠶᠢ ᠤᠨᠴᠠ ᠱᠠᠭᠠᠷᠳᠠᠳᠠᠭ᠃ ᠭᠡᠪᠡᠴᠦ ᠬᠡᠷ ᠤᠨ ᠲᠠᠰᠬᠠᠯ ᠢ ᠬᠢᠯᠭᠡᠭᠦ ᠳᠤ ᠪᠠᠨ ᠵᠠᠪᠠᠯ ᠰᠠᠨᠳᠠᠯᠢ ᠲᠡᠭᠡᠷ᠎ᠡ ᠲᠥᠪ ᠰᠠᠭᠤᠵᠥ᠂ ᠰᠢᠷᠡᠭᠡᠨ ᠲᠡᠭᠡᠷ᠎ᠡ ᠰᠤᠷᠤᠯᠴᠠᠬᠤ ᠶᠢ ᠠᠯᠪᠠᠳᠠᠨ ᠱᠠᠭᠠᠷᠳᠠᠳᠠᠭ ᠦᠭᠡᠢ ᠪᠠᠶᠢᠵᠦ᠂ ᠬᠡᠪᠳᠡᠵᠥ ᠪᠠᠶᠢᠭᠠᠳ ᠬᠢᠭᠰᠡᠨ ᠴᠦ ᠪᠤᠯᠤᠨ᠎ᠠ᠂ ᠠᠯᠬᠤᠵᠦ ᠪᠠᠶᠢᠭᠠᠳ ᠬᠢᠭᠰᠡᠨ ᠴᠦ ᠪᠤᠯᠤᠨ᠎ᠠ᠂ ᠢᠲᠡᠵᠦ ᠪᠠᠶᠢᠭᠠᠳ ᠬᠢᠭᠰᠡᠨ ᠴᠦ ᠪᠥᠷ ᠪᠤᠯᠥᠨ᠎ᠡ ᠭᠡᠵᠦ ᠵᠦᠪᠰᠢᠶᠡᠷᠡᠳᠡᠭ ᠪᠠᠶᠢᠵᠠᠢ᠃ ᠨᠢᠭᠡ ᠡᠳᠦᠷ ᠰᠤᠷᠭᠠᠭᠤᠯᠢ ᠳᠤ ᠲᠦᠪ ᠰᠠᠭᠤᠵᠦ᠂ ᠰᠢᠷᠡᠭᠡ ᠰᠠᠨᠳᠠᠯᠢ ᠲᠠᠢ ᠨᠤᠴᠤᠯᠳᠤᠨ ᠶᠠᠳᠠᠷᠠᠭᠠᠳ ᠢᠷᠡᠭᠰᠡᠨ ᠬᠡᠤᠬᠡᠳ ᠢ ᠭᠡᠷ ᠲᠤ ᠪᠠᠨ ᠬᠠᠷᠢᠪᠠᠯ ᠪᠠᠰᠠᠯᠠ ᠰᠤᠷᠭᠠᠭᠤᠯᠢ ᠲᠠᠢ ᠠᠳᠠᠯᠢ ᠮᠠᠶ᠋ᠢᠭ ᠢᠶᠠᠷ ᠰᠠᠨᠳᠠᠯᠢ ᠲᠡᠭᠡᠷ᠎ᠡ ᠲᠦᠪ ᠰᠠᠭᠤᠯᠭᠠᠵᠦ᠂ ᠲᠠᠰᠬᠠᠯ ᠬᠢᠯᠭᠡᠬᠦ ᠶᠢ ᠱᠠᠭᠠᠷᠳᠠᠬᠤ ᠨᠢ ᠬᠡᠤᠬᠡᠳ ᠲᠤ ᠶᠡᠭᠡ ᠶᠠᠳᠠᠷᠠᠯ ᠲᠠᠢ     ᠰᠠᠨᠠᠭᠳᠠᠳᠠᠭ᠃ ᠦᠨᠡᠨ ᠢ ᠬᠡᠯᠡᠬᠦ ᠳᠤ ᠡᠲᠦᠷ ᠲᠤᠵᠢ ᠠᠵᠢᠯᠯᠠᠭᠠᠳ ᠶᠠᠳᠠᠷᠠᠵᠦ ᠢᠷᠡᠭᠰᠡᠨ ᠶᠡᠭᠡ ᠬᠦᠮᠦᠨ ᠳᠤ ᠠᠪᠴᠦ ᠬᠡᠯᠡᠭᠰᠡᠨ ᠴᠦ ᠠᠳᠠᠯᠢᠬᠠᠨ ᠲᠦᠷᠦᠭᠳᠡᠯ ᠲᠠᠢ ᠪᠠᠶᠢᠳᠠᠭ ᠠᠴᠠ ᠵᠢᠭᠠᠬᠠᠨ ᠰᠤᠯᠠ ᠰᠡᠯᠡᠬᠦᠦ ᠮᠦᠷᠲᠡᠭᠡᠨ ᠴᠢᠯᠦᠭᠡᠲᠡᠢ ᠪᠠᠶᠢᠬᠤ ᠶᠢ ᠬᠦᠰᠡᠳᠡᠭ ᠶᠤᠮ᠃ ᠢᠩᠭᠢᠵᠥ ᠤᠯᠠᠨ ᠵᠥᠢᠯ ᠤᠨ ᠬᠡᠯᠪᠡᠷᠢ ᠪᠠᠷ ᠴᠢᠯᠦᠭᠡᠲᠡᠢ ᠰᠤᠷᠤᠯᠴᠠᠭᠤᠯᠬᠤ ᠨᠢ ᠬᠡᠤᠭᠡᠳ ᠤᠨ ᠲᠠᠰᠬᠠᠯ ᠬᠢᠭᠦ ᠠᠴᠠ ᠠᠶᠤᠬᠤ᠂ ᠠᠯᠵᠠᠭᠤᠷᠠᠬᠤ ᠵᠡᠷᠭᠡ ᠨᠠᠵᠠᠭᠠᠢ ᠬᠡᠪ ᠰᠤᠷᠳᠠᠯ ᠲᠠᠢ ᠪᠤᠯᠬᠤ ᠠᠴᠠ ᠵᠠᠶᠢᠯᠠᠰᠭᠢᠵᠦ ᠴᠢᠳᠠᠨ᠎ᠠ ᠬᠡᠵᠥ ᠥᠵᠡᠵᠥ ᠪᠤᠢ᠃      ︵ᠵᠢᠷᠭᠤᠭ᠎ᠠ︶ ᠰᠤᠷᠤᠯᠭ᠎ᠠ ᠶᠢᠨ ᠠᠰᠠᠭᠤᠳᠠᠯ ᠳᠤ ᠬᠡᠤᠭᠡᠳ ᠲᠤ ᠥᠪᠡᠷ ᠤᠨ ᠬᠡᠰᠡᠨ ᠡᠷᠭᠡ ᠶᠢ ᠨᠢ ᠦᠭᠴᠦ᠂ ᠥᠪᠡᠷ ᠤᠨ ᠪᠡᠶ᠎ᠡ ᠪᠠᠨ ᠲᠠᠭᠠᠭᠠᠬᠤ ᠴᠢᠳᠠᠪᠥᠷᠢ ᠶᠢ ᠬᠦᠮᠦᠵᠢᠭᠦᠯᠦᠭᠰᠡᠨ      ᠡᠨᠡ ᠲᠤᠬᠠᠢ ᠨᠤᠮ ᠤᠩᠰᠢᠬᠤ ᠪᠠᠷ ᠵᠢᠱᠢᠶᠡᠯᠡᠬᠦ ᠳᠤ᠂ ᠤᠯᠠᠩᠭᠢ ᠭᠡᠷ ᠤᠨ ᠠᠬᠠᠮᠠᠳ ᠬᠡᠤᠬᠡᠳ ᠤᠨ ᠢᠶᠠᠨ ᠲᠤᠷ᠎ᠡ ᠲᠠᠢ ᠡᠰᠡᠭᠦ ᠶᠢ ᠬᠠᠮᠢᠶᠠᠷᠬᠤ ᠦᠭᠡᠢ ᠦᠪᠡᠷ ᠢᠶᠠᠨ ᠲᠦᠯᠦᠪᠯᠡᠭᠡ ᠲᠤᠭᠲᠠᠭᠠᠨ ᠬᠡᠤᠬᠡᠳ ᠢᠶᠠᠨ ᠠᠯᠪᠠᠳᠠᠯᠭ᠎ᠠ ᠪᠠᠷ ᠤᠩᠰᠢᠭᠤᠯᠬᠤ ᠶᠢ ᠱᠠᠭᠠᠷᠳᠠᠳᠠᠭ᠃ ᠪᠢ ᠪᠤᠯ ᠬᠡᠤᠬᠡᠳ ᠦᠪᠡᠷ ᠤᠨ ᠲᠤᠷ᠎ᠡ ᠲᠠᠢ ᠮᠦᠷᠲᠡᠭᠡᠨ ᠡᠷᠡᠭᠦᠯ ᠰᠠᠷᠠᠭᠤᠯ ᠠᠭᠤᠯᠭ᠎ᠠ ᠲᠠᠢ ᠨᠤᠮ ᠪᠤᠯᠪᠠᠯ ᠶᠠᠭᠤ ᠶᠢ ᠤᠩᠰᠢᠭᠰᠠᠨ ᠴᠦ ᠪᠦᠷ ᠪᠤᠯᠤᠨ᠎ᠠ ᠭᠡᠵᠦ ᠦᠵᠡᠳᠡᠭ᠃ ᠡᠪᠤᠯ ᠤᠨ ᠠᠮᠠᠷᠠᠯᠲᠠ ᠳᠤ ᠵᠠᠪᠠᠯ ᠨᠢᠭᠡ ᠡᠳᠦᠷ ᠲᠤ ᠲᠦᠷᠪᠡᠨ ᠴᠠᠭ ᠭᠠᠷᠭᠠᠵᠦ ᠲᠠᠰᠬᠠᠯ ᠢᠶᠠᠨ ᠬᠢᠬᠦ ᠪᠤᠶᠤ ᠦᠪᠡᠷ ᠢᠶᠠᠨ ᠰᠤᠷᠤᠯᠴᠠᠬᠤ ᠶᠢ ᠪᠠᠷᠢᠮᠳᠠᠯᠠᠳᠠᠭ ᠪᠠᠶᠢᠪᠠ᠃ ᠲᠠᠰᠬᠠᠯ ᠬᠢᠬᠦ ᠳᠤ ᠪᠠᠭᠰᠢ ᠶᠢᠨ ᠢᠶᠠᠨ ᠲᠡᠷᠭᠡᠲᠡ ᠤᠴᠢᠬᠤ ᠪᠤᠶᠤ ᠡᠰᠡᠭᠦᠯ᠎ᠡ ᠦᠭᠡᠷ᠎ᠡ ᠪᠠᠭᠰᠢ ᠶᠢ ᠡᠷᠢᠨ ᠲᠠᠰᠬᠠᠯ ᠢᠶᠠᠨ ᠵᠢᠯᠤᠭᠤᠳᠤᠭᠤᠯᠤᠨ ᠬᠢᠵᠦ ᠪᠤᠯᠬᠤ ᠶᠢ ᠵᠦᠪᠰᠢᠶᠡᠷᠡᠳᠡᠭ᠃ ᠡᠶᠢᠮᠦ ᠠᠴᠠ ᠬᠡᠤᠬᠡᠨ ᠠᠮᠠᠷᠠᠯᠲᠠ ᠲᠠᠯᠪᠢᠭᠠᠳ ᠢᠷᠡᠬᠦ ᠳᠤ ᠪᠠᠨ ᠶᠠᠭᠤ ᠬᠢᠬᠦ᠂ ᠠᠯᠢ ᠪᠠᠭᠰᠢ ᠶᠢ ᠡᠷᠢᠵᠦ ᠶᠠᠮᠠᠷ ᠬᠢᠴᠢᠶᠡᠯ ᠢᠶᠠᠨ ᠵᠢᠯᠤᠭᠤᠳᠤᠭᠤᠯᠬᠤ ᠭᠡᠳᠡᠭ ᠢᠶᠠᠨ ᠨᠠᠷᠢᠨ ᠲᠦᠯᠦᠪᠯᠡᠭᠡᠳ ᠢᠷᠡᠳᠡᠭ ᠪᠠᠶᠢᠪᠠ᠃ ᠡᠨᠡ ᠦᠶ᠎ᠡ ᠳᠤ ᠪᠢ ᠵᠦᠪᠬᠡᠨ ᠪᠠᠭᠰᠢ ᠶᠢ ᠨᠢ ᠡᠷᠢᠵᠦ ᠦᠭᠬᠦ ᠠᠴᠠ ᠦᠭᠡᠷ᠎ᠡ ᠶᠠᠭᠤ ᠶᠢ ᠶᠠᠭᠠᠬᠢᠵᠦ ᠬᠢᠬᠦ ᠲᠤᠬᠠᠢ ᠲᠦᠯᠦᠪᠯᠡᠨ ᠲᠤᠭᠲᠠᠭᠠᠬᠤ ᠪᠤᠶᠤ ᠤᠭᠲᠤ ᠶᠠᠷᠢᠵᠦ ᠶᠠᠩᠰᠢᠳᠠᠭ ᠦᠭᠡᠢ᠃ ᠠᠮᠠᠷᠠᠯᠲᠠ ᠶᠢᠨ ᠬᠤᠭᠤᠴᠠᠭᠠᠨ ᠤ ᠭᠤᠴᠢᠨ ᠡᠳᠦᠷ ᠠᠴᠠ ᠦᠭᠡᠷ᠎ᠡ ᠴᠠᠭ ᠢ ᠬᠡᠤᠬᠡᠨ ᠦᠪᠡᠷ ᠢᠶᠠᠨ ᠴᠤᠬᠤᠮ ᠶᠠᠭᠤ ᠬᠢᠵᠦ᠂ ᠥᠪᠡᠷ ᠤᠨ ᠬᠡᠷᠡᠭ ᠢᠶᠠᠨ ᠥᠪᠡᠷ ᠲᠤ ᠪᠠᠨ ᠬᠡᠷᠬᠢᠨ ᠰᠢᠢᠳᠪᠥᠷᠢᠯᠡᠭᠦ᠂ ᠶᠠᠭᠠᠬᠢᠵᠦ ᠲᠤᠬᠢᠷᠠᠭᠤᠯᠳᠠᠭ ᠢ ᠬᠠᠮᠢᠶᠠᠷᠳᠠᠭ ᠦᠭᠡᠢ ᠮᠦᠷᠲᠡᠭᠡᠨ ᠭᠤᠤᠯ ᠡᠷᠬᠡ ᠶᠢ ᠬᠡᠤᠭᠡᠳ ᠲᠤ ᠦᠭᠳᠡᠭ ᠪᠢᠯᠡ᠃ ᠢᠩᠭᠢᠵᠦ ᠬᠢᠬᠦ ᠨᠢ ᠬᠡᠤᠬᠡᠳ ᠤᠨ ᠪᠡᠶ᠎ᠡ ᠪᠠᠨ ᠲᠠᠭᠠᠭᠠᠬᠤ ᠴᠢᠳᠠᠪᠤᠷᠢ ᠶᠢ ᠬᠦᠮᠦᠵᠢᠬᠦᠯᠬᠦ ᠳᠤ ᠠᠰᠢᠭᠲᠠᠢ ᠭᠡᠵᠦ ᠦᠵᠡᠳᠡᠭ᠃      ︵ᠲᠤᠯᠤᠭ᠎ᠠ︶ ᠬᠥᠮᠥᠨ ᠤ ᠨᠢᠭᠡ ᠨᠠᠰᠥᠨ ᠳᠤ ᠰᠤᠷᠤᠯᠴᠠᠯᠭ᠎ᠠ ᠪᠤᠯ ᠬᠠᠮᠤᠭ ᠤᠨ ᠴᠢᠬᠤᠯᠨ ᠶᠠᠪᠤᠳᠠᠯ ᠭᠡᠵᠦ ᠵᠠᠬᠢᠳᠠᠭ      ᠪᠢ ᠬᠡᠤᠬᠡᠨ ᠳᠤ ᠪᠠᠨ ᠬᠦᠮᠦᠨ ᠤ ᠨᠢᠭᠡ ᠨᠠᠰᠤᠨ ᠳᠤ ᠰᠤᠷᠤᠯᠴᠠᠯᠭ᠎ᠠ ᠪᠤᠯ ᠬᠠᠮᠤᠭ ᠠᠴᠠ ᠴᠢᠬᠤᠯᠠ ᠵᠦᠢᠯ ᠭᠡᠵᠦ ᠶᠠᠷᠢᠳᠠᠭ ᠪᠠᠶᠢᠪᠠ᠃ ᠨᠢᠯᠬ᠎ᠠ ᠪᠠᠭ᠎ᠠ ᠪᠠᠶᠢᠭᠰᠠᠨ ᠴᠦ ᠲᠡᠷᠡ᠂ ᠤᠷᠠᠢ ᠵᠠᠯᠠᠭᠤ ᠪᠤᠶᠤ ᠦᠲᠡᠯᠦᠭᠡ ᠨᠠᠰᠤᠯᠠᠭᠰᠠᠨ ᠴᠦ ᠲᠡᠷᠡ᠂ ᠬᠦᠮᠦᠨ ᠬᠡᠵᠢᠶᠡᠲᠡ ᠰᠤᠷᠤᠯᠴᠠᠯᠭ᠎ᠠ ᠠᠴᠠ ᠰᠠᠯᠵᠥ ᠪᠤᠯᠬᠤ ᠥᠭᠡᠢ᠃ ᠰᠤᠷᠤᠯᠴᠠᠯᠭ᠎ᠠ ᠪᠤᠯ ᠬᠥᠮᠥᠨ ᠤ ᠨᠢᠭᠡ ᠨᠠᠰᠥᠨ ᠤ ᠬᠠᠮᠤᠭ ᠤᠨ ᠴᠢᠬᠤᠯᠨ ᠵᠥᠢᠯ ᠮᠥᠨ ᠬᠡᠳᠡᠭ ᠢ ᠨᠠᠷᠢᠨ ᠨᠢᠠᠠᠳᠠ ᠲᠠᠶᠢᠯᠪᠤᠷᠢᠯᠠᠨ ᠶᠠᠷᠢᠵᠦ᠂ ᠥᠵᠡᠯ ᠰᠠᠨᠠᠭᠠᠨ ᠤ ᠬᠥᠮᠥᠵᠢᠯ ᠢ ᠰᠠᠶᠢᠨ ᠬᠢᠭᠦ ᠶᠢ ᠠᠩᠬᠠᠷᠤᠨ ᠵᠢᠯᠤᠭᠤᠳᠤᠭᠰᠠᠨ ᠪᠠᠶᠢᠨ᠎ᠠ᠃ ᠶᠠᠮᠠᠷ ᠤᠷᠴᠢᠨ ᠲᠤᠭᠤᠷᠢᠨ     ᠳᠤ᠂ ᠶᠠᠮᠠᠷ ᠬᠡᠮᠵᠢᠶ᠎ᠡ ᠪᠤᠶᠤ ᠶᠠᠮᠠᠷ ᠬᠦᠴᠢᠷ ᠵᠤᠪᠠᠭᠤᠷᠢ ᠲᠠᠢ ᠪᠠᠶᠢᠭᠰᠠᠨ ᠴᠦ ᠰᠤᠷᠤᠯᠴᠠᠬᠤ ᠬᠡᠷᠡᠭᠲᠡᠢ ᠭᠡᠰᠡᠨ ᠢ ᠬᠦᠨᠳᠦᠳᠭᠡᠨ ᠦᠵᠡᠳᠡᠭ ᠪᠠᠶᠢᠪᠠ᠃ ᠵᠢᠱᠢᠶᠡᠯᠡᠪᠡᠯ᠂ ᠵᠢᠷᠭᠤᠳᠤᠭᠠᠷ ᠤᠨ ᠲᠡᠭᠦᠰᠬᠦ ᠠᠴᠠ ᠡᠮᠦᠨ᠎ᠡ ᠨᠢᠭᠡ ᠰᠠᠷ᠎ᠡ ᠶᠢᠨ ᠦᠶ᠎ᠡ ᠳᠤ ᠭᠠᠩᠭᠠᠩ ᠡᠪᠡᠳᠴᠢᠯᠡᠨ ᠱᠧᠨᠶᠠᠩ ᠬᠤᠲᠠᠨ ᠳᠤ ᠤᠴᠢᠵᠦ ᠮᠡᠰᠡ ᠵᠠᠰᠠᠯ ᠬᠢᠯᠭᠡᠬᠦ ᠴᠢᠬᠤᠯᠠ ᠲᠠᠢ ᠪᠤᠯᠪᠠ᠃ ᠢᠩᠭᠢᠭᠡᠳ ᠮᠡᠰᠡ ᠵᠠᠰᠠᠯ ᠬᠢᠯᠭᠡᠬᠦ ᠪᠠᠷ ᠶᠠᠪᠤᠬᠤ ᠠᠴᠠ ᠡᠮᠦᠨ᠎ᠡ ᠬᠡᠦᠬᠡᠨ ᠠᠩᠭᠢ ᠶᠢᠨ ᠪᠠᠭᠰᠢ ᠲᠠᠢ ᠪᠠᠨ ᠠᠭᠤᠯᠵᠠᠨ᠂ ᠲᠠᠰᠬᠠᠯ ᠪᠤᠶᠤ ᠪᠤᠯᠪᠠᠰᠤᠷᠠᠯ ᠵᠢᠴᠢ ᠦᠪᠡᠷ ᠤᠨ ᠨᠤᠮ ᠲᠡᠪᠲᠡᠷ ᠢᠶᠠᠨ ᠡᠮᠨᠡᠯᠭᠡ ᠳᠤ ᠠᠪᠤᠭᠠᠳ ᠶᠠᠪᠤᠭᠰᠠᠨ ᠶᠤᠮ᠃ ᠮᠡᠰᠡ ᠵᠠᠰᠠᠯ ᠬᠢᠵᠦ ᠡᠮᠨᠡᠯᠭᠡ ᠶᠢᠨ ᠤᠷᠤ ᠲᠡᠭᠡᠷ᠎ᠡ ᠬᠡᠪᠳᠡᠵᠦ ᠪᠠᠶᠢᠭ᠎ᠠ ᠦᠶ᠎ᠡ ᠳᠤ ᠭᠠᠩᠭᠠᠩ ᠤᠨ ᠠᠪᠤ ᠲᠠᠢ ᠨᠢ ᠪᠢᠲᠡ ᠬᠤᠶᠠᠭᠤᠯᠠ ᠪᠠᠨ ᠬᠡᠤᠬᠡᠨ ᠳᠤ ᠪᠠᠨ ᠨᠤᠮ ᠢ ᠨᠢ ᠤᠩᠰᠢᠨ ᠦᠭᠴᠦ ᠬᠡᠤᠬᠡᠨ ᠤ ᠪᠠᠨ ᠰᠤᠷᠤᠯᠭ᠎ᠠ ᠶᠢ ᠬᠠᠶᠠᠭᠤᠯᠬᠤ ᠦᠭᠡᠢ ᠬᠡᠮᠡᠨ ᠴᠢᠷᠮᠠᠶᠢᠭᠰᠠᠨ ᠪᠢᠯᠠ᠃ ᠨᠢᠭᠡ ᠰᠠᠷ᠎ᠡ ᠶᠢᠨ ᠬᠤᠭᠤᠴᠠᠭ᠎ᠠ ᠦᠩᠭᠡᠷᠡᠭᠡᠵᠦ ᠭᠡᠷ ᠲᠤ ᠪᠠᠨ ᠬᠠᠷᠢᠵᠦ ᠢᠷᠡᠭᠰᠡᠨ ᠤ ᠲᠠᠷᠠᠭ᠎ᠠ᠂ ᠭᠠᠩᠭᠠᠩ ᠢ ᠬᠢᠴᠢᠶᠡᠯ ᠤᠨ ᠠᠰᠠᠷ ᠲᠦᠷᠪᠡᠳᠦᠭᠡᠷ ᠲᠠᠪᠬᠤᠷ ᠲᠤ ᠡᠭᠦᠷᠴᠦ ᠭᠠᠷᠴᠦ ᠪᠠᠶᠢᠭᠠᠳ ᠵᠢᠷᠭᠤᠳᠤᠭᠠᠷ ᠤᠨ ᠤ ᠲᠡᠬᠦᠰᠬᠦ ᠰᠢᠯᠭᠠᠯᠲᠠ ᠳᠤ ᠤᠷᠤᠯᠴᠠᠭᠤᠯᠪᠠ᠃ ᠰᠢᠯᠭᠠᠯᠲᠠ ᠶᠢᠨ ᠦᠷ᠎ᠡ ᠳ᠋ᠦᠩ ᠨᠢ ᠰᠠᠨᠠᠭᠠᠨ ᠠᠴᠠ ᠭᠠᠳᠠᠭᠤᠷ ᠬᠢᠷᠢ ᠪᠦᠲᠦᠮᠵᠢ ᠤᠯᠵᠦ᠂ ᠭᠠᠩᠭᠠᠩ ᠪᠦᠬᠦ ᠬᠤᠰᠢᠭᠤᠨ ᠳᠤ ᠪᠠᠨ ᠬᠤᠶᠠᠳᠤᠭᠠᠷ ᠨᠡᠷ᠎ᠡ ᠳᠤ ᠤᠷᠤᠭᠰᠠᠨ ᠪᠠᠶᠢᠪᠠ᠃ ᠢᠩᠭᠢᠭᠰᠡᠨ ᠴᠢᠨᠢ ᠬᠡᠤᠬᠡᠨ ᠦᠪᠡᠷ ᠤᠨ ᠪᠡᠶᠡᠨ ᠳᠤ ᠪᠠᠨ ᠮᠠᠰᠢ ᠶᠡᠭᠡ ᠢᠲᠡᠭᠡᠯ ᠲᠠᠢ ᠪᠤᠯᠤᠭᠰᠠᠨ ᠢᠶᠠᠷ ᠪᠠᠷᠠᠬᠤ ᠦᠭᠡᠢ᠂ ᠮᠢᠨᠤ ᠤᠯᠤᠭᠰᠠᠨ ᠰᠤᠷᠤᠯᠭ᠎ᠠ ᠶᠢᠨ ᠠᠮᠵᠢᠯᠲᠠ ᠳᠤ ᠠᠪᠤ ᠡᠵᠢ ᠶᠢᠨ ᠦᠵᠡᠭᠦᠯᠦᠭᠰᠡᠨ ᠠᠴᠢ ᠭᠠᠪᠢᠶ᠎ᠠ ᠶᠡᠭᠡ ᠲᠠᠢ᠂ ᠬᠡᠷᠪᠡ ᠡᠵᠢ ᠠᠪᠤ ᠮᠢᠨᠢ ᠡᠮᠨᠡᠯᠭᠡ ᠶᠢᠨ ᠤᠷᠤ ᠲᠡᠭᠡᠷ᠎ᠡ ᠮᠢᠨᠤ ᠬᠢᠴᠢᠶᠡᠯ ᠢ ᠵᠢᠭᠠᠨ ᠵᠢᠯᠤᠭᠤᠳᠤᠭᠰᠠᠨ ᠦᠭᠡᠢ ᠪᠤᠯᠪᠠᠯ᠂ ᠮᠢᠨᠤ ᠦᠨᠦᠲᠦᠷ ᠤᠨ ᠠᠮᠵᠢᠯᠲᠠ ᠪᠦᠲᠦᠭᠡᠯ ᠪᠠᠶᠢᠵᠦ ᠴᠢᠳᠠᠬᠤ ᠦᠭᠡᠢ ᠭᠡᠵᠦ ᠶᠠᠷᠢᠳᠠᠬ᠃ ᠡᠨᠡ ᠬᠦ ᠦᠩᠭᠡᠷᠡᠯᠲᠡ ᠪᠠᠷ ᠲᠠᠮᠵᠢᠨ ᠭᠡᠦᠬᠡᠨ ᠮᠢᠨᠢ ᠡᠵᠢ ᠠᠪᠤ ᠪᠠᠨ ᠰᠡᠳᠭᠢᠯ ᠤᠨ ᠤᠭ ᠠᠴᠠ ᠪᠠᠨ ᠢᠲᠡᠭᠡᠨ ᠪᠢᠰᠢᠷᠡᠬᠦ ᠪᠤᠯᠵᠦ᠂ ᠲᠡᠭᠦᠨ ᠠᠴᠠ ᠬᠤᠵᠢᠮ ᠪᠢᠲᠡ ᠶᠠᠭᠤ ᠬᠡᠯᠡᠭᠰᠡᠨ ᠴᠦ ᠲᠤᠷᠠᠳᠠᠢ ᠰᠤᠨᠤᠰᠬᠤ ᠪᠤᠯᠵᠦ ᠬᠤᠪᠢᠷᠠᠭᠰᠠᠨ ᠪᠢᠯᠠ᠃ ᠲᠦᠩᠯᠢᠶᠤᠤ ᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠠᠴᠠ ᠠᠩᠬ᠎ᠠ ᠲᠤᠮᠲᠠᠳᠤ ᠪᠠᠨ ᠲᠡᠭᠦᠰᠭᠡᠬᠦ ᠦᠶ᠎ᠡ ᠳᠤ᠂ ᠪᠦᠭᠦ ᠤᠷᠤᠨ ᠤ ᠨᠢᠭᠡᠳᠦᠯᠲᠡᠢ ᠰᠢᠯᠭᠠᠯᠲᠠ ᠳᠤ ᠲᠠᠪᠢᠨ ᠬᠤᠶᠠᠳᠤᠭᠠᠷ ᠲᠤ ᠰᠢᠯᠭᠠᠭᠤᠯᠵᠦ᠂ ᠲᠦᠩᠯᠢᠶᠤᠤ ᠮᠤᠩᠭᠤᠯ ᠲᠤᠮᠲᠠᠳᠤ ᠰᠤᠷᠭᠠᠭᠤᠯᠢ ︵ᠳᠡᠭᠡᠳᠤ ᠲᠤᠮᠲᠠᠳᠤ︶ ᠳᠤ ᠲᠡᠪᠰᠢᠨ ᠤᠷᠤᠭᠰᠠᠨ ᠶᠤᠮ᠃      ︵ᠨᠠᠢᠮᠨ︶ ᠠᠩᠭᠢ ᠶᠢᠨ ᠪᠠᠭᠰᠢ ᠪᠠ ᠡᠯ᠎ᠡ ᠬᠢᠴᠢᠶᠡᠯ ᠲᠥᠷᠥᠯ ᠤᠨ ᠪᠠᠭᠰᠢ ᠨᠠᠷ ᠲᠠᠢ ᠬᠠᠷᠢᠯᠴᠠᠬᠤ ᠠᠵᠢᠯ ᠢ ᠰᠠᠶᠢᠨ ᠬᠢᠭᠰᠡᠨ      ᠪᠢ ᠬᠡᠤᠬᠡᠨ ᠢᠶᠠᠨ ᠰᠤᠷᠭᠠᠨ ᠬᠦᠮᠦᠵᠢᠬᠦᠯᠬᠦ ᠲᠤᠮᠲᠠ ᠠᠩᠭᠢ ᠶᠢᠨ ᠪᠠᠭᠰᠢ ᠪᠠ ᠡᠯ᠎ᠡ ᠬᠢᠴᠢᠶᠡᠯ ᠲᠥᠷᠥᠯ ᠤᠨ ᠪᠠᠭᠰᠢ ᠨᠠᠷ ᠲᠠᠢ ᠦᠷᠭᠦᠯᠵᠢ ᠬᠠᠷᠢᠯᠴᠠᠬᠤ ᠶᠢ ᠪᠠᠷᠢᠮᠳᠠᠯᠠᠳᠠᠭ ᠪᠠᠶᠢᠪᠠ᠃ ᠬᠤᠭᠤᠴᠠᠭ᠎ᠠ ᠪᠦᠷᠢ ᠶᠢᠨ ᠰᠤᠷᠤᠯᠭ᠎ᠠ ᠶᠢᠨ ᠲᠠᠯ᠎ᠠ ᠪᠤᠶᠤ ᠤᠳᠠᠭ᠎ᠠ ᠪᠤᠯᠭᠠᠨ ᠤ ᠰᠢᠯᠭᠠᠯᠲᠠ ᠳᠤ ᠪᠠᠭᠰᠢ ᠨᠠᠷ ᠲᠠᠢ ᠨᠢ ᠨᠡᠶᠢᠲᠡᠮ ᠤᠨ ᠴᠢᠨᠠᠷᠲᠡᠢ ᠬᠠᠷᠢᠯᠴᠠᠬᠤ ᠪᠠᠷ ᠲᠠᠮᠵᠢᠨ ᠬᠡᠤᠬᠡᠨ ᠤ ᠪᠠᠨ ᠪᠠᠶᠢᠳᠠᠯ ᠢ ᠨᠠᠷᠢᠯᠢᠬ ᠰᠠᠶᠢᠬᠠᠨ ᠤᠶᠢᠯᠠᠭᠠᠵᠦ ᠪᠠᠶᠢᠳᠠᠭ᠃ ᠬᠢᠴᠢᠶᠡᠯ ᠰᠤᠷᠤᠯᠴᠠᠯᠭ᠎ᠠ ᠪᠤᠶᠤ ᠪᠡᠶ᠎ᠡ ᠮᠠᠬᠠᠪᠤᠳ ᠤᠨ ᠪᠠᠶᠢᠳᠠᠯ ᠢ ᠴᠠᠭ ᠲᠤᠬᠠᠢ ᠳᠤ ᠨᠢ ᠮᠡᠳᠡᠵᠦ ᠠᠪᠬᠤ ᠪᠠᠷ ᠪᠠᠷᠠᠬᠤ ᠦᠭᠡᠢ᠂ ᠶᠡᠭᠡ ᠪᠠᠭ᠎ᠠ ᠶᠠᠮᠠᠷᠴᠦ ᠠᠰᠠᠭᠤᠳᠠᠯ ᠭᠡᠵᠦ ᠢᠯᠭᠠᠬᠤ ᠦᠭᠡᠢ ᠲᠡᠷᠡ ᠲᠠᠷᠤᠢ ᠳᠤ ᠨᠢ ᠮᠡᠳᠡᠵᠦ ᠠᠪᠬᠤ ᠶᠢᠨ ᠲᠠᠭᠠᠤ ᠲᠤᠬᠠᠢ ᠶᠢᠨ ᠴᠠᠭ ᠲᠤ ᠨᠢ ᠰᠢᠢᠳᠪᠦᠷᠢᠯᠡᠬᠦ ᠶᠢ ᠪᠠᠷᠢᠮᠲᠠᠯᠠᠳᠠᠭ ᠪᠠᠶᠢᠪᠠ᠃ ᠲᠦᠩᠯᠢᠶᠤᠤ ᠳᠤ ᠪᠢᠴᠢᠭ ᠦᠵᠡᠵᠦ ᠪᠠᠶᠢᠬᠤ ᠦᠶ᠎ᠡ ᠳᠤ ᠭᠠᠷᠠᠭ ᠪᠤᠯᠭᠠᠨ ᠬᠡᠤᠬᠡᠨ ᠤ ᠪᠠᠨ ᠬᠠᠵᠠᠭᠤ ᠳᠤ ᠤᠴᠢᠳᠠᠭ ᠪᠤᠯᠪᠠᠴᠦ ᠲᠡᠭᠦᠨ ᠢ ᠲᠠᠭᠠᠭᠤᠯᠤᠨ ᠲᠦᠩᠯᠢᠶᠤᠤ ᠬᠤᠲᠠ ᠶᠢᠨ ᠬᠦᠷ ᠬᠦᠭᠵᠢᠶᠡᠨ ᠲᠠᠢ ᠭᠠᠵᠠᠷ ᠪᠤᠶᠤ ᠲᠡᠯᠭᠡᠬᠦᠷ ᠬᠤᠳᠠᠯᠳᠤᠭ᠎ᠠ ᠪᠠᠷ ᠤᠴᠢᠳᠠᠭ ᠪᠢᠰᠢ᠂ ᠬᠠᠷᠢᠨ ᠲᠡᠷᠭᠡᠨ ᠲᠤᠲᠤᠷ᠎ᠡ ᠪᠠᠨ ᠬᠡᠤᠬᠡᠨ ᠤ ᠪᠠᠨ ᠨᠢᠭᠡ ᠭᠠᠷᠠᠭ ᠤᠨ ᠰᠤᠷᠤᠯᠴᠠᠯᠭ᠎ᠠ ᠶᠢᠨ ᠲᠤᠬᠠᠢ ᠶᠠᠷᠢᠯᠴᠠᠨ᠂ ᠤᠷᠤᠰᠢᠵᠦ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠳᠡᠭ ᠶᠤᠮ᠃ ᠢᠩᠭᠢᠵᠦ ᠪᠠᠷᠠᠭᠰᠠᠨ ᠤ ᠲᠠᠷᠠᠭ᠎ᠠ ᠬᠡᠤᠬᠡᠨ ᠢᠶᠠᠨ ᠪᠠᠶᠢᠷᠢ ᠳᠤ ᠨᠢ ᠬᠦᠷᠭᠡᠵᠦ ᠨᠢᠭᠡ ᠰᠠᠶᠢᠨ ᠤᠨᠲᠠᠵᠦ ᠠᠮᠠᠷᠠᠬᠤ ᠶᠢ ᠵᠠᠬᠢᠳᠠᠭ ᠪᠠᠶᠢᠪᠠ᠃ ᠭᠠᠷᠠᠭ ᠤᠨ ᠡᠳᠦᠷ ᠢᠩᠭᠢᠵᠦ ᠨᠢᠭᠡ ᠰᠠᠶᠢᠨ ᠠᠮᠠᠷᠠᠭᠰᠠᠨ ᠤ ᠲᠠᠷᠠᠭ᠎ᠠ᠂ ᠬᠡᠤᠬᠡᠳ ᠤᠨ ᠪᠡᠶ᠎ᠡ ᠰᠡᠳᠭᠢᠯ ᠤᠨ ᠶᠠᠳᠠᠷᠠᠭ᠎ᠠ ᠨᠢ ᠲᠠᠶᠢᠯᠤᠭᠳᠠᠨ ᠭᠠᠷᠠᠭ ᠤᠨ ᠨᠢᠭᠡᠨ ᠠᠴᠠ ᠦᠷᠭᠦᠯᠵᠢᠯᠡᠨ ᠬᠢᠴᠢᠶᠡᠯ ᠰᠤᠷᠤᠯᠴᠠᠯᠭ᠎ᠠ ᠳᠤ ᠪᠠᠨ ᠰᠢᠮᠳᠠᠵᠦ ᠴᠢᠳᠠᠳᠠᠭ᠃ ᠦᠬᠢᠨ ᠤ ᠪᠠᠨ ᠲᠦᠩᠯᠢᠶᠤᠤ ᠬᠤᠲᠠ ᠶᠢᠨ ᠮᠤᠩᠭᠤᠯ ᠲᠤᠮᠳᠠᠳᠤ ᠰᠤᠷᠭᠠᠭᠤᠯᠢ ᠳᠤ ᠪᠢᠴᠢᠭ ᠦᠵᠡᠵᠦ ᠡᠬᠢᠯᠡᠭᠰᠡᠨ ᠠᠴᠠ ᠳᠡᠭᠡᠳᠤ ᠲᠤᠮᠲᠠᠳᠤ ᠲᠡᠭᠦᠰᠲᠡᠯ᠎ᠡ ᠪᠦᠲᠦᠨ ᠲᠠᠪᠤᠨ ᠵᠢᠯ ᠤᠨ ᠬᠤᠭᠤᠴᠠᠭᠠᠨ ᠳᠤ ᠪᠢ ᠨᠢᠭᠡ ᠤᠳᠠᠭ᠎ᠠ ᠴᠦ ᠠᠯᠳᠠᠯ ᠦᠭᠡᠢ᠂ ᠬᠡᠤᠬᠡᠨ ᠤ ᠬᠠᠵᠠᠭᠤ ᠳᠤ ᠭᠠᠷᠠᠭ ᠪᠦᠷᠢ ᠤᠴᠢᠬᠤ ᠶᠢ ᠡᠷᠡᠰ ᠪᠠᠷᠢᠮᠲᠠᠯᠠᠭᠰᠠᠨ ᠶᠤᠮ᠃      ᠲᠡᠭᠡᠷ᠎ᠡ ᠦᠭᠦᠯᠡᠭᠰᠡᠨ ᠪᠤᠯ ᠭᠠᠩᠭᠠᠩ ᠤᠨ ᠰᠤᠷᠤᠯᠭ᠎ᠠ ᠪᠤᠯᠪᠠᠰᠤᠷᠠᠯ ᠤᠨ ᠲᠠᠯ᠎ᠠ ᠳᠤ ᠠᠪᠤᠭᠰᠠᠨ ᠮᠢᠨᠤ ᠵᠢᠵᠢᠭ ᠰᠠᠵᠢᠭ ᠲᠤᠷᠰᠢᠯᠭ᠎ᠠ ᠰᠤᠷᠭᠠᠮᠵᠢ ᠪᠤᠯᠬᠤ ᠶᠤᠮ᠃ ᠡᠳᠡᠭᠡᠷ ᠠᠷᠭ᠎ᠠ ᠬᠡᠯᠪᠡᠷᠢ ᠶᠢᠨ ᠲᠤᠲᠤᠷ᠎ᠡ ᠵᠠᠷᠢᠮ ᠨᠢ ᠵᠤᠷᠢᠯᠭ᠎ᠠ ᠲᠠᠢ ᠪᠤᠶᠤ ᠡᠰᠡᠭᠦᠯ᠎ᠡ ᠲᠡᠶᠢᠮᠦ ᠢᠯᠡ ᠲᠤᠲᠤ ᠵᠤᠷᠢᠯᠭ᠎ᠠ ᠦᠭᠡᠢ ᠭᠡᠰᠡᠨ ᠴᠦ ᠬᠡᠤᠬᠡᠨ ᠤ ᠮᠢᠨᠢ ᠰᠤᠷᠤᠯᠭ᠎ᠠ ᠠᠮᠢᠳᠤᠷᠠᠯ ᠳᠤ ᠲᠤᠰᠠᠯᠠᠬᠤ ᠦᠢᠯᠡᠳᠤᠯ ᠦᠵᠡᠭᠦᠯᠵᠠᠢ ᠭᠡᠵᠦ ᠦᠵᠡᠵᠦ ᠪᠠᠶᠢᠨ᠎ᠠ᠃ ᠭᠠᠩᠭᠠᠩ ᠤᠨ ᠦᠨᠦᠲᠦᠷ ᠤᠨ ᠤᠯᠤᠭᠰᠠᠨ ᠠᠮᠵᠢᠯᠲᠠ ᠶᠢᠨ ᠠᠷᠤ ᠳᠤ ᠲᠤᠩ ᠤᠯᠠᠨ ᠬᠠᠶᠢᠷ᠎ᠠ ᠬᠠᠷᠢᠭᠤᠴᠠᠯᠭ᠎ᠠ ᠲᠠᠢ ᠮᠦᠷᠲᠡᠭᠡᠨ ᠦᠷᠦᠭᠡᠯ ᠤᠨ ᠬᠡᠤᠬᠡᠳ ᠤᠨ ᠲᠦᠯᠦᠭᠡ ᠦᠪᠡᠷ ᠤᠨ ᠠᠯᠢᠪᠠ ᠪᠠᠨ ᠵᠤᠷᠢᠭᠤᠯᠳᠠᠭ ᠡᠷᠬᠢᠮ ᠤᠨ ᠤᠯᠠᠨ ᠪᠠᠭᠰᠢᠨᠠᠷ ᠤᠨ ᠭᠦᠨ ᠠᠴᠠ ᠭᠦᠨ ᠬᠠᠶᠢᠷ᠎ᠠ ᠬᠠᠯᠠᠮᠵᠢ ᠪᠠ ᠬᠦᠴᠦ ᠬᠦᠳᠡᠯᠮᠤᠷᠢ ᠨᠢᠭᠤᠭᠳᠠᠵᠦ ᠪᠠᠶᠢᠬᠤ ᠶᠤᠮ᠃ ᠡᠨᠡ ᠪᠤᠯ ᠵᠦᠪᠬᠡᠨ ᠲᠡᠬᠦᠨ ᠤ ᠬᠦᠮᠦᠨ ᠪᠤᠯᠬᠤ ᠤᠷᠲᠤ ᠠᠶᠠᠨ ᠤ ᠲᠤᠮᠳᠠᠬᠢ ᠶᠠᠯᠢᠮ ᠦᠭᠡᠢ ᠵᠢᠭᠠᠬᠠᠨ ᠠᠮᠵᠢᠯᠲᠠ ᠲᠡᠲᠦᠢ ᠠᠴᠠ ᠪᠢᠰᠢ᠂ ᠤᠯᠠᠨ ᠠᠴᠠ ᠬᠡᠲᠦᠷᠡᠭᠰᠡᠨ ᠠᠮᠵᠢᠯᠲᠠ ᠪᠦᠲᠦᠭᠡᠯ ᠢ ᠡᠭᠦᠳᠦᠭᠰᠡᠨ ᠶᠠᠪᠤᠳᠠᠯ ᠤᠭᠲᠤ ᠪᠢᠰᠢ ᠶᠤᠮ᠃ ᠵᠦᠪᠬᠡᠨ ᠦᠪᠡᠷ ᠤᠨ ᠠᠮᠢᠳᠤᠷᠠᠯ ᠤᠨ ᠠᠩᠬᠠᠨ ᠤ ᠠᠯᠬᠤᠮ ᠢᠶᠠᠨ ᠵᠦᠭᠡᠷ ᠠᠯᠬᠤᠭᠰᠠᠨ ᠲᠡᠲᠦᠢ ᠪᠠᠶᠢᠵᠦ᠂ ᠲᠡᠭᠦᠨ ᠤ ᠪᠡᠶ᠎ᠡ ᠲᠡᠭᠡᠷ᠎ᠡ ᠪᠠᠰᠠ ᠤᠯᠠᠨ ᠬᠦᠷᠦᠯᠴᠡᠬᠦ ᠦᠭᠡᠢ ᠭᠠᠵᠠᠷ ᠪᠤᠶᠤ ᠲᠤᠲᠠᠭᠳᠠᠯ ᠲᠠᠢ ᠲᠠᠯ᠎ᠠ ᠪᠠᠶᠢᠳᠠᠭ᠃ ᠬᠤᠵᠢᠮ ᠤᠨ ᠰᠤᠷᠤᠯᠭ᠎ᠠ ᠶᠢᠨ ᠠᠮᠢᠳᠤᠷᠠᠯ ᠳᠤ ᠦᠪᠡᠷ ᠤᠨ ᠪᠡᠶ᠎ᠡ ᠲᠡᠭᠡᠷ᠎ᠡ ᠤᠷᠤᠰᠢᠵᠦ ᠪᠦᠬᠦᠢ ᠲᠤᠲᠠᠭᠳᠠᠯ ᠲᠠᠢ ᠲᠠᠯ᠎ᠠ ᠪᠠᠨ ᠨᠦᠬᠦᠪᠦᠷᠢᠯᠡᠵᠦ ᠦᠷᠭᠦᠯᠵᠢᠯᠡᠨ ᠴᠢᠷᠮᠠᠶᠢᠬᠤ ᠴᠢᠬᠤᠯᠠ ᠲᠠᠢ ᠶᠤᠮ᠃             ᠠᠶᠢᠯ ᠠᠴᠠ ᠡᠷᠢᠬᠦ ᠪᠠᠷ ᠠᠪᠳᠠᠷ᠎ᠡ ᠠᠴᠠ ᠪᠠᠨ ᠡᠷᠢ                                                    — ᠲᠤᠭᠳᠠᠬᠤ      ︽ᠠᠶᠢᠯ ᠠᠴᠠ ᠡᠷᠢᠬᠦ ᠪᠠᠷ ᠠᠪᠳᠠᠷ᠎ᠠ ᠠᠴᠠ ᠪᠠᠨ ᠡᠷᠢ︾ ᠭᠡᠳᠡᠭᠴᠢᠯᠡᠨ᠂ ᠤᠳᠤ ᠶᠢᠨ ᠬᠦᠮᠦᠰ ᠬᠡᠤᠬᠡᠤᠨ ᠬᠦᠮᠦᠵᠢᠬᠦᠯᠬᠦ ᠳᠤ ᠶᠠᠭᠤᠨ ᠤ ᠬᠢᠨᠢ ᠰᠢᠨᠵᠢᠯᠡᠬᠦ ᠤᠬᠠᠭᠠᠨᠴᠢ ᠪᠢᠰᠢ ᠪᠤᠯ ᠤᠳᠤᠬᠢᠴᠢᠯᠠᠭᠰᠠᠨ ᠮᠡᠷᠭᠡᠵᠢᠯ ᠭᠡᠵᠦ ᠡᠷᠤᠢ ᠬᠤᠷᠤᠢ ᠦᠭᠡᠢ ᠶᠠᠷᠢᠬᠤ ᠨᠢ ᠤᠯᠠᠨ ᠪᠤᠯᠵᠦ ᠪᠠᠶᠢᠨ᠎ᠠ᠃      ᠲᠡᠭᠡᠷ᠎ᠡ ᠶᠠᠷᠢᠭᠰᠠᠨ ᠤᠳᠤᠨ ᠪᠠᠭᠰᠢ ᠶᠢᠨ ᠬᠡᠤᠬᠡᠨ ᠢᠶᠠᠨ ᠦᠰᠭᠡᠨ ᠬᠦᠮᠦᠵᠢᠭᠦᠯᠦᠭᠰᠡᠨ ᠠᠷᠭ᠎ᠠ ᠲᠤᠷᠰᠢᠯᠭ᠎ᠠ ᠶᠢᠨ ᠲᠤᠲᠤᠷᠠᠬᠢ ᠬᠠᠮᠤᠭ ᠤᠨ ᠴᠢᠬᠤᠯᠠ ᠮᠦᠷᠲᠡᠭᠡᠨ ᠵᠠᠩᠭᠢᠯᠠᠭ᠎ᠠ ᠶᠢᠨ ᠨᠢᠭᠡᠨ ᠠᠭᠤᠯᠭ᠎ᠠ ᠪᠤᠯ ᠭᠠᠩᠭᠠᠩ ᠤᠨ ᠨᠢᠯᠬ᠎ᠠ ᠦᠶ᠎ᠡ ᠶᠢᠨ ᠬᠦᠮᠦᠵᠢᠯ ᠪᠤᠯᠤᠨ᠎ᠠ᠃ ᠭᠠᠩᠭᠠᠩ ᠬᠡᠤᠬᠡᠨ ᠢ ᠨᠢᠯᠬ᠎ᠠ ᠪᠠᠭ᠎ᠠ ᠠᠴᠠ ᠨᠢ ᠨᠠᠭᠠᠴᠦ ᠡᠮᠡᠭᠡ ᠨᠢ ᠬᠠᠶᠢᠷᠠᠯᠠᠨ ᠰᠠᠨᠠᠵᠦ᠂ ᠬᠠᠷᠠᠭᠠᠯᠵᠠᠨ ᠦᠰᠭᠡᠬᠦ ᠳᠤ ᠪᠠᠨ ᠦᠪᠡᠷ ᠤᠨ ᠮᠡᠳᠡᠳᠡᠭ ᠡᠲᠦᠢ ᠲᠡᠲᠦᠢ ᠰᠢᠯᠦᠭ ᠲᠠᠭᠤᠤ ᠪᠤᠶᠤ ᠲᠤᠭᠤᠯ ᠤᠨ ᠪᠡᠯᠴᠢᠭᠡᠷ ᠲᠠᠯ᠎ᠠ ᠶᠢᠨ ᠡᠪᠡᠰᠦ ᠵᠡᠷᠭᠡ ᠬᠦᠳᠡᠭᠡ ᠶᠢᠨ ᠠᠮᠢᠳᠤᠷᠠᠯ ᠤᠨ ᠡᠳᠦᠷ ᠲᠤᠲᠤᠮ ᠤᠨ ᠵᠦᠢᠯᠡᠰ ᠪᠤᠯᠤᠨ ᠦᠪᠡᠷ ᠤᠨ ᠬᠠᠶᠢᠷᠠᠲᠠᠢ ᠪᠠᠶᠢᠳᠠᠭ ᠦᠯᠢᠭᠡᠷ ᠤᠨ ᠨᠤᠮ ᠢ ᠤᠡᠭᠰᠢᠵᠤ ᠦᠭᠭᠦᠭᠰᠡᠨ ᠲᠡᠲᠦᠢ ᠪᠢᠯᠠ᠃ ᠭᠠᠩᠭᠠᠩ ᠤᠨ ᠨᠠᠭᠠᠴᠦ ᠡᠮᠡᠭᠡ ᠳᠤ ᠠᠪᠴᠦ ᠬᠡᠯᠡᠪᠡᠯ᠂ ᠤᠳᠤ ᠶᠢᠨ ᠨᠡᠶᠢᠭᠡᠮ ᠳᠤ ᠲᠡᠯᠭᠡᠷᠡᠵᠦ ᠪᠦᠬᠦᠢ ᠵᠢᠯᠤᠭᠤᠳᠬᠤ ᠠᠩᠭᠢ᠂ ᠭᠡᠷ ᠤᠨ ᠪᠠᠭᠰᠢ ᠪᠤᠶᠤ ᠤᠨᠴᠠᠭᠠᠢ ᠠᠩᠭᠢ ᠡᠰᠡᠭᠦᠯ᠎ᠡ ᠶᠠᠭᠤᠨ ᠤ ᠬᠢᠨᠢ ᠴᠠᠬᠢᠯᠭᠠᠨᠴᠢᠯᠠᠭᠰᠠᠨ ᠤᠩᠰᠢᠯᠭ᠎ᠠ ᠶᠢᠨ ᠮᠠᠰᠢᠨ ᠵᠡᠷᠭᠡ ᠨᠢ ᠤᠶᠢᠯᠠᠭᠠᠭᠳᠠᠰᠢ ᠦᠭᠡᠢ ᠬᠠᠴᠢᠨ ᠪᠠᠶᠢᠵᠦ ᠮᠡᠳᠡᠨ᠎ᠡ᠃ ᠡ᠊ᠨᠲᠡ ᠪᠢ ᠦᠪᠡᠷ ᠤᠨ ᠦᠵᠡᠯᠲᠡ ᠪᠠᠨ ᠲᠤᠤᠷᠠᠬᠢ ᠮᠡᠲᠦ ᠬᠡᠳᠦᠨ ᠲᠠᠯ᠎ᠠ ᠪᠠᠷ ᠬᠤᠷᠢᠶᠠᠩᠭᠤᠶᠢᠯᠠᠨ ᠶᠠᠷᠢᠶ᠎ᠠ᠃      ᠨᠢᠭᠡ ᠳᠤ᠂ ᠭᠡᠷ ᠪᠦᠯᠢ ᠶᠢᠨ ᠠᠩᠬᠠᠨ ᠤ ᠰᠤᠷᠭᠠᠭᠤᠯᠢ ᠪᠤᠯᠬᠤ ᠦᠢᠯᠡᠳᠤᠯ ᠢ ᠬᠦᠢᠴᠡᠳ ᠪᠠᠳᠠᠷᠠᠭᠤᠯᠵᠦ ᠴᠢᠳᠠᠭᠰᠠᠨ ᠪᠠᠶᠢᠨ᠎ᠠ᠃ ᠲᠡᠤᠬᠡᠨ ᠠᠴᠠ ᠠᠪᠤᠭᠠᠳ ᠤᠳᠤ ᠬᠦᠷᠲᠡᠯ᠎ᠡ ᠬᠡᠲᠦ᠋ᠢᠪᠡᠷ ᠭᠡᠷ ᠪᠦᠯᠢ ᠶᠢ ᠰᠤᠷᠭᠠᠭᠤᠯᠢ ᠭᠡᠵᠦ ᠬᠡᠯᠡᠳᠡᠭ ᠦᠭᠡᠢ ᠪᠤᠯᠪᠠᠴᠦ᠂ ᠬᠡᠤᠬᠡᠳ ᠲᠤ ᠭᠡᠷ ᠪᠦᠯᠢ ᠶᠢᠨ ᠡᠳᠦᠷ ᠲᠤᠲᠤᠮ ᠤᠨ ᠠᠮᠢᠳᠤᠷᠠᠯ ᠲᠤᠮᠲᠠ ᠠᠴᠠ ᠰᠤᠷᠭᠠᠵᠦ ᠮᠡᠳᠡᠭᠦᠯᠬᠦ ᠵᠦᠢᠯ ᠨᠢ ᠬᠤᠵᠢᠮ ᠤᠨ ᠰᠤᠷᠤᠯᠭ᠎ᠠ ᠠᠮᠢᠳᠤᠷᠠᠯ ᠪᠤᠶᠤ ᠬᠦᠮᠦᠨ ᠪᠤᠯᠬᠤ ᠪᠦᠬᠦ ᠶᠠᠪᠤᠴᠠ ᠶᠢᠨ ᠠᠩᠬᠠᠨ ᠤ ᠰᠠᠭᠤᠷᠢ ᠶᠢ ᠲᠠᠯᠪᠢᠬᠤ ᠴᠢᠬᠤᠯᠠ ᠪᠦᠬᠦᠢ ᠦᠢᠯᠡᠳᠤᠯ ᠲᠠᠢ ᠭᠡᠳᠡᠭ ᠢ ᠭᠠᠩᠭᠠᠩ ᠤᠨ ᠨᠠᠭᠠᠴᠦ ᠡᠮᠡᠭᠡ ᠶᠢᠨ ᠦᠨᠡᠨ ᠪᠤᠳᠠᠲᠡᠢ ᠦᠢᠯᠡ ᠠᠵᠢᠯᠯᠠᠭ᠎ᠠ ᠠᠴᠠ ᠤᠶᠢᠯᠠᠭᠠᠨ ᠮᠡᠳᠡᠵᠦ ᠪᠤᠯᠬᠤ ᠶᠤᠮ᠃ ᠭᠠᠩᠭᠠᠩ ᠤᠨ ᠨᠠᠭᠠᠴᠦ ᠡᠮᠡᠭᠡ ᠪᠤᠯ ᠭᠤᠷᠪᠠᠳᠤᠭᠠᠷ ᠤᠨ ᠤ ᠰᠤᠷᠤᠯᠭ᠎ᠠ ᠶᠢᠨ ᠬᠢᠷᠢ ᠪᠦᠲᠦᠮᠵᠢ ᠲᠠᠢ ᠬᠦᠳᠡᠭᠡ ᠶᠢᠨ ᠨᠢᠭᠡᠨ ᠮᠠᠯᠴᠢᠨ ᠪᠦᠰᠡᠭᠦᠢ ᠪᠠᠶᠢᠵᠦ᠂ ︽ᠰᠤᠷᠭᠠᠨ ᠬᠦᠮᠦᠵᠢᠯ︾ ᠭᠡᠳᠡᠭ ᠴᠤᠬᠤᠮ ᠶᠠᠭᠤ ᠪᠤᠯᠬᠤ ᠲᠤᠬᠠᠢ ᠨᠠᠷᠢᠨ ᠮᠡᠳᠡᠳᠡᠭ ᠦᠭᠡᠢ ᠬᠦᠮᠦᠨ ᠪᠢᠯᠠ᠃ ᠬᠡᠳᠦ᠋ᠢᠪᠡᠷ ᠲᠡᠶᠢᠮᠦ ᠪᠠᠶᠢᠳᠠᠭ ᠪᠤᠯᠪᠠᠴᠦ ᠬᠡᠤᠬᠡᠳ ᠲᠤ ᠪᠠᠨ ᠮᠠᠰᠢ ᠨᠠᠷᠢᠯᠢᠬ ᠰᠠᠶᠢᠬᠠᠨ ᠬᠦᠮᠦᠵᠢᠯ ᠪᠤᠯᠪᠠᠰᠤᠷᠠᠯ ᠢ ᠬᠦᠷᠲᠡᠭᠡᠵᠦ᠂ ᠰᠡᠴᠡᠨ ᠰᠡᠷᠭᠦᠯᠡᠩ ᠮᠦᠷᠲᠡᠭᠡᠨ ᠤᠢ ᠤᠬᠠᠭᠠᠨ ᠲᠠᠢ ᠬᠡᠤᠬᠡᠳ ᠪᠤᠯᠭᠠᠨ ᠦᠰᠭᠡᠨ ᠬᠦᠮᠦᠵᠢᠬᠦᠯᠵᠦ ᠴᠢᠳᠠᠭᠰᠠᠨ ᠪᠠᠶᠢᠨ᠎ᠠ᠃ ᠭᠠᠩᠭᠠᠩ ᠤᠨ ᠨᠠᠭᠠᠴᠦ ᠡᠮᠡᠭᠡ ᠨᠢ ᠲᠡᠭᠦᠨ ᠢ ᠬᠡᠯᠡ ᠳᠤ ᠤᠷᠤᠵᠦ ᠬᠦᠯ ᠤᠷᠤᠬᠤ ᠠᠴᠠ ᠡᠬᠢᠯᠡᠨ᠂ ᠦᠪᠡᠷ ᠤᠨ ᠶᠠᠪᠤᠵᠦ ᠦᠩᠭᠡᠷᠡᠭᠦᠯᠦᠭᠰᠡᠨ ᠠᠮᠢᠳᠤᠷᠠᠯ ᠤᠨ ᠲᠤᠷᠰᠢᠯᠭ᠎ᠠ ᠪᠤᠯᠤᠨ ᠭᠡᠷ ᠪᠦᠯᠢ ᠶᠢᠨ ᠠᠮᠢᠳᠤᠷᠠᠯ ᠤᠨ ᠪᠤᠳᠠᠲᠡᠢ ᠪᠠᠶᠢᠳᠠᠯ ᠠᠴᠠ ᠪᠠᠨ ᠡᠭᠦᠰᠴᠦ᠂ ᠬᠦᠮᠦᠨ ᠪᠤᠯᠬᠤ ᠶᠤᠰᠤ ᠤᠴᠢᠷ ᠢ ᠵᠢᠭᠠᠵᠦ᠂ ᠨᠤᠮ ᠤᠩᠰᠢᠨ ᠦᠯᠢᠭᠡᠷ ᠰᠤᠨᠤᠰᠬᠠᠬᠤ ᠮᠡᠲᠦ ᠤᠳᠤ ᠶᠢᠨ ᠬᠦᠳᠡᠭᠡ ᠶᠢᠨ ᠠᠮᠢᠳᠤᠷᠠᠯ ᠳᠤ ᠬᠡᠨ ᠳᠤ ᠴᠦ ᠪᠦᠷ ᠪᠠᠶᠢᠵᠦ ᠴᠢᠳᠠᠬᠤ ᠮᠦᠷᠲᠡᠭᠡᠨ ᠬᠡᠨ ᠴᠦ ᠪᠦᠷ ᠬᠢᠵᠦ ᠲᠡᠶᠢᠯᠬᠦ ᠡᠩ ᠤᠨ ᠠᠷᠭ᠎ᠠ ᠪᠠᠷ ᠬᠡᠤᠬᠡᠨ ᠢᠶᠠᠨ ᠰᠤᠷᠭᠠᠵᠦ ᠬᠦᠮᠦᠵᠢᠭᠦᠯᠦᠭᠰᠡᠨ ᠪᠠᠶᠢᠨ᠎ᠠ᠃ ᠭᠡᠷ ᠪᠦᠯᠢ ᠶᠢ ᠤᠤᠯ ᠳᠤ ᠪᠠᠨ ᠰᠤᠷᠭᠠᠭᠤᠯᠢ ᠭᠡᠵᠦ ᠬᠡᠯᠡᠳᠡᠭ ᠦᠭᠡᠢ ᠪᠠᠶᠢᠭᠰᠠᠨ ᠢᠶᠠᠨ ᠤᠳᠤ ᠬᠠᠷᠢᠨ ᠰᠤᠷᠭᠠᠭᠤᠯᠢ ᠭᠡᠵᠦ ᠬᠡᠯᠡᠬᠦ ᠪᠤᠯᠤᠭᠰᠠᠨ ᠨᠢ ᠭᠡᠷ ᠪᠦᠯᠢ ᠶᠢᠨ ᠰᠤᠷᠭᠠᠨ ᠬᠦᠮᠦᠵᠢᠯ ᠤᠨ ᠦᠢᠯᠡᠳᠤᠯ ᠨᠢ ᠤᠮᠳᠤᠭᠠᠶᠢᠯᠠᠵᠦ ᠪᠤᠯᠤᠰᠢ ᠦᠭᠡᠢ ᠴᠢᠬᠤᠯᠠ ᠦᠢᠯᠡᠳᠤᠯ ᠲᠠᠢ ᠠᠴᠠ ᠪᠤᠯᠤᠭᠰᠠᠨ ᠭᠡᠵᠦ ᠦᠵᠡᠵᠦ ᠪᠤᠢ᠃      ᠬᠤᠶᠠᠷ ᠲᠤ᠂ ᠤᠷᠢᠳᠠᠪᠡᠷ ᠵᠦᠪ ᠲᠦᠪ ᠬᠦᠮᠦᠨ ᠪᠤᠯᠭᠠᠵᠦ ᠲᠠᠷᠠᠭ᠎ᠠ ᠨᠢ ᠮᠡᠳᠡᠯᠭᠡ ᠤᠯᠠᠮᠵᠢᠯᠠᠬᠤ ᠶᠢ ᠴᠢᠬᠤᠯᠠᠴᠢᠯᠠᠭᠰᠠᠨ ᠪᠠᠶᠢᠨ᠎ᠠ᠃ ︽ᠬᠦᠮᠦᠨ ᠪᠤᠯᠬᠤ ᠪᠠᠭ᠎ᠠ ᠠᠴᠠ ᠪᠠᠨ ᠬᠦᠯᠦᠭ ᠪᠤᠯᠬᠤ ᠤᠨᠠᠭᠠᠨ ᠠᠴᠠ ᠪᠠᠨ︾ ᠭᠡᠳᠡᠭ ᠢ ᠬᠦᠮᠦᠨ ᠪᠦᠷᠢ ᠮᠡᠳᠡᠳᠡᠭ ᠪᠤᠯᠪᠠᠴᠦ᠂ ᠬᠦᠮᠦᠨ ᠪᠤᠯᠭᠠᠬᠤ ᠬᠦᠮᠦᠵᠢᠯ ᠢ ᠵᠦᠪ ᠰᠠᠶᠢᠬᠠᠨ ᠬᠢᠵᠦ ᠴᠢᠳᠠᠬᠤ ᠭᠡᠵᠦ ᠲᠡᠶᠢᠮᠦ ᠬᠢᠯᠪᠠᠷᠬᠠᠨ ᠶᠠᠪᠤᠳᠠᠯ ᠪᠢᠰᠢ ᠪᠤᠯᠤᠭᠰᠠᠨ ᠪᠠᠶᠢᠨ᠎ᠠ᠃ ᠭᠠᠩᠭᠠᠩ ᠢ ᠬᠦᠮᠦᠨ ᠪᠤᠯᠭᠠᠨ ᠦᠰᠭᠡᠬᠦ ᠳᠤ ᠨᠠᠭᠠᠴᠦ ᠡᠮᠡᠭᠡ ᠨᠢ ᠶᠠᠮᠠᠷ ᠶᠡᠭᠡ ᠤᠨᠤᠯ ᠶᠤᠰᠤ ᠪᠤᠶᠤ ᠰᠢᠨ᠎ᠡ ᠮᠠᠶ᠋ᠢᠭ ᠤᠨ ᠵᠢᠯᠤᠭᠤᠳᠬᠤ ᠠᠷᠭ᠎ᠠ ᠶᠢ ᠬᠡᠷᠡᠭᠯᠡᠭᠰᠡᠨ ᠪᠢᠰᠢ᠂ ᠬᠠᠷᠢᠨ ︽ᠭᠤᠷᠪᠠᠨ ᠤᠯᠤᠰ ᠤᠨ ᠦᠯᠢᠭᠡᠷ︾ ᠪᠤᠶᠤ ︽ᠱᠦᠢ ᠬᠡᠦ ᠶᠢᠨ ᠦᠯᠢᠭᠡᠷ︾ ᠭᠡᠬᠦ ᠮᠡᠲᠦ ᠶᠢᠨ ᠬᠠᠭᠤᠴᠢᠨ ᠤ ᠦᠯᠢᠭᠡᠷ ᠲᠤᠮᠤᠭ ᠲᠤ ᠭᠠᠷᠳᠠᠭ ᠦᠨᠡᠨ ᠬᠤᠳᠠᠯ᠂ ᠵᠦᠪ ᠪᠤᠷᠤᠭᠤ᠂ ᠰᠠᠶᠢᠨ ᠮᠠᠭᠤ ᠶᠢᠨ ᠲᠤᠬᠠᠢ ᠪᠤᠳᠠᠲᠡᠢ ᠵᠢᠱᠢᠶ᠎ᠡ ᠪᠠᠷ ᠲᠠᠮᠵᠢᠭᠤᠯᠤᠨ ᠬᠦᠮᠦᠨ ᠪᠤᠯᠬᠤ ᠬᠦᠮᠦᠵᠢᠯ ᠤᠨ ᠲᠤᠬᠠᠢ ᠤᠶᠢᠯᠠᠭᠠᠭᠤᠯᠤᠨ ᠮᠡᠳᠡᠭᠦᠯᠦᠭᠰᠡᠨ ᠪᠠᠶᠢᠨ᠎ᠠ᠃ ᠤᠳᠤ ᠬᠡᠳᠦ᠋ᠢᠪᠡᠷ ᠰᠤᠷᠠᠭ ᠵᠠᠩᠭᠢ ᠲᠦᠭᠡᠮᠡᠯᠵᠠᠨ᠂ ᠰᠢᠨ᠎ᠡ ᠮᠠᠶ᠋ᠢᠭ ᠤᠨ ᠵᠠᠭᠤᠴᠢᠯᠠᠭᠤᠷ ᠵᠡᠷᠭᠡ ᠶᠢ ᠠᠰᠢᠭᠯᠠᠬᠤ ᠪᠤᠯᠤᠭᠰᠠᠨ ᠪᠤᠯᠪᠠᠴᠦ᠂ ᠬᠡᠤᠬᠡᠳ ᠲᠤ ᠵᠦᠪ ᠲᠦᠪ ᠬᠦᠮᠦᠵᠢᠯ ᠬᠦᠷᠲᠡᠭᠡᠬᠦ ᠳᠤ ᠦᠯᠢᠭᠡᠷ ᠰᠤᠨᠤᠰᠬᠠᠬᠤ ᠠᠷᠭ᠎ᠠ ᠨᠢ ᠬᠠᠮᠤᠭ ᠤᠨ ᠲᠤᠬᠢᠷᠠᠮᠵᠢᠲᠡᠢ ᠭᠡᠵᠦ ᠦᠵᠡᠵᠦ ᠪᠤᠢ᠃ ᠬᠡᠤᠬᠡᠳ ᠢ ᠢᠩᠭᠢᠵᠦ ᠵᠦᠪ ᠲᠦᠪ ᠬᠦᠮᠦᠵᠢᠯ ᠰᠤᠷᠲᠠᠯ ᠲᠠᠢ ᠬᠦᠮᠦᠨ ᠪᠤᠯᠭᠠᠨ ᠬᠦᠮᠦᠵᠢᠬᠦᠯᠬᠦ ᠨᠢ ᠮᠡᠳᠡᠯᠭᠡ ᠤᠯᠠᠮᠵᠢᠯᠠᠬᠤ ᠶᠢᠨ ᠤᠷᠢᠳᠠᠯ ᠨᠦᠬᠦᠴᠡᠯ ᠪᠤᠯᠳᠠᠭ᠃ ᠡᠨᠡ ᠲᠤᠬᠠᠢ ᠲᠠᠷᠢᠶᠠᠴᠢᠨ ᠦᠨᠳᠦᠰᠦᠲᠡᠨ ᠢᠶᠠᠷ ᠵᠢᠱᠢᠶᠡᠯᠡᠬᠦ ᠳᠤ᠂ ᠤᠷᠢᠳᠠᠪᠡᠷ ᠬᠦᠷᠦᠰᠦ ᠰᠢᠷᠤᠢ ᠪᠠᠨ ᠵᠦᠭᠡᠯᠡᠷᠡᠭᠦᠯᠦᠭᠰᠡᠨ ᠤ ᠲᠠᠷᠠᠭ᠎ᠠ ᠰᠠᠶ᠋ᠢ ᠲᠠᠷᠢᠶ᠎ᠠ ᠪᠠᠨ ᠲᠠᠷᠢᠳᠠᠭ ᠨᠢ ᠠᠳᠠᠯᠢᠬᠠᠨ ᠶᠤᠰᠤ ᠭᠡᠵᠦ ᠦᠵᠡᠨ᠎ᠡ᠃ ᠲᠡᠶᠢᠮᠤ ᠠᠴᠠ ᠪᠢ ᠭᠠᠩᠭᠠᠩ ᠤᠨ ᠨᠠᠭᠠᠴᠦ ᠡᠮᠡᠭᠡ ᠶᠢᠨ ᠬᠢᠨᠢ ᠬᠡᠤᠬᠡᠳ ᠬᠦᠮᠦᠵᠢᠬᠦᠯᠬᠦ ᠠᠷᠭ᠎ᠠ ᠲᠤᠷᠰᠢᠯᠭ᠎ᠠ ᠳᠤ ᠲᠠᠭᠠᠨ ᠰᠤᠷᠤᠯᠴᠠᠭᠤᠰᠢᠲᠡᠢ ᠬᠤᠪᠤᠷᠬᠠᠨ ᠵᠦᠢᠯ ᠨᠢᠭᠤᠭᠳᠠᠵᠦ ᠪᠤᠢ ᠭᠡᠵᠦ ᠦᠵᠡᠵᠦ ᠪᠠᠶᠢᠨ᠎ᠠ᠃      ᠭᠤᠷᠪᠠ ᠳᠤ᠂ ᠲᠠᠳᠬᠠᠯ ᠤᠨ ᠬᠦᠮᠦᠵᠢᠯ ᠢ ᠪᠦᠲᠦᠮᠵᠢᠲᠡᠢ ᠰᠠᠶᠢᠬᠠᠨ ᠬᠢᠵᠦ ᠴᠢᠳᠠᠭᠰᠠᠨ ᠪᠠᠶᠢᠨ᠎ᠠ᠃ ︽ᠰᠤᠷᠤᠭᠰᠠᠨ ᠵᠠᠩ ᠢ ᠰᠤᠷ ᠢᠶᠠᠷ ᠪᠤᠭᠤᠭᠰᠠᠨ ᠴᠦ ᠬᠠᠯᠠᠵᠦ ᠲᠡᠶᠢᠯᠬᠦ ᠦᠭᠡᠢ ᠭᠡᠳᠡᠭᠴᠢᠯᠠᠨ︾ ᠭᠠᠩᠭᠠᠩ ᠬᠡᠤᠬᠡᠨ ᠳᠤ ᠨᠢᠯᠬ᠎ᠠ ᠪᠠᠭ᠎ᠠ ᠠᠴᠠ ᠨᠢ ᠦᠯᠢᠭᠡᠷ ᠲᠡᠤᠬᠡ ᠰᠤᠨᠤᠰᠬᠤ᠂ ᠨᠤᠮ ᠤᠩᠰᠢᠬᠤ᠂ ᠦᠪᠡᠷ ᠢᠶᠠᠨ ᠪᠡᠶᠡᠴᠢᠯᠡᠨ ᠤᠷᠤᠯᠴᠠᠬᠤ᠂ ᠴᠠᠭ ᠢ ᠪᠠᠷᠢᠮᠳᠠᠯᠠᠬᠤ᠂ ᠴᠢᠳᠠᠬᠤ ᠦᠭᠡᠢ ᠮᠡᠳᠡᠭᠦ ᠦᠭᠡᠢ ᠪᠠᠨ ᠬᠦᠮᠦᠨ ᠠᠴᠠ ᠠᠰᠠᠭᠤᠬᠤ ᠪᠤᠶᠤ ᠦᠪᠡᠷ ᠤᠨ ᠭᠡᠰᠡᠨ ᠠᠮᠢᠳᠤᠷᠠᠯ ᠤᠨ ᠵᠤᠷᠰᠢᠯ ᠲᠠᠢ ᠪᠠᠶᠢᠬᠤ ᠵᠡᠷᠭᠡ ᠲᠠᠳᠬᠠᠯ ᠤᠨ ᠬᠦᠮᠦᠵᠢᠯ ᠢ ᠨᠠᠷᠢᠨ ᠨᠢᠭᠲᠠ ᠰᠠᠶᠢᠬᠠᠨ ᠮᠡᠳᠡᠭᠦᠯᠦᠨ ᠰᠤᠷᠭᠠᠭᠰᠠᠨ ᠪᠠᠶᠢᠨ᠎ᠠ᠃ ᠵᠢᠱᠢᠶᠡᠯᠡᠪᠡᠯ᠂ ᠬᠡᠤᠬᠡᠨ ᠳᠤ ᠪᠠᠨ ︽ᠭᠤᠷᠪᠠᠨ ᠤᠯᠤᠰ ᠤᠨ ᠦᠯᠢᠭᠡᠷ︾ ᠵᠡᠷᠭᠡ ᠦᠯᠢᠭᠡᠷᠲᠦ ᠨᠤᠮ ᠢ ᠤᠩᠰᠢᠨ ᠰᠤᠨᠤᠰᠬᠠᠬᠤ ᠪᠠᠷ ᠲᠠᠮᠵᠢᠭᠤᠯᠤᠨ ᠨᠤᠮ ᠤᠩᠰᠢᠬᠤ ᠲᠠᠳᠬᠠᠯ ᠤᠨ ᠬᠦᠮᠦᠵᠢᠯ ᠢ ᠬᠢᠵᠦ᠂ ᠨᠤᠮ ᠲᠡᠪᠲᠡᠷ ᠲᠤ ᠲᠤᠷ᠎ᠡ ᠪᠠᠬ᠎ᠠ ᠲᠠᠢ ᠪᠤᠯᠭᠠᠬᠤ ᠲᠡᠰᠢ ᠬᠦᠲᠦᠯᠦᠭᠰᠡᠨ ᠪᠠᠶᠢᠨ᠎ᠠ᠃ ᠲᠠᠳᠬᠠᠯ ᠭᠡᠵᠦ ᠰᠠᠶᠢᠨ ᠮᠠᠭᠤ ᠶᠢ ᠢᠯᠭᠠᠬᠤ ᠦᠭᠡᠢ ᠨᠢᠭᠡᠨᠲᠡ ᠪᠦᠷᠢᠯᠳᠦᠴᠢᠭᠡᠪᠡᠯ ᠬᠠᠯᠠᠬᠤ ᠳᠤ ᠬᠦᠴᠢᠷᠲᠡᠢ ᠪᠠᠶᠢᠳᠠᠭ᠃ ᠭᠠᠩᠭᠠᠩ ᠬᠡᠤᠬᠡᠨ ᠨᠢᠯᠬ᠎ᠠ ᠪᠠᠭ᠎ᠠ ᠠᠴᠠ ᠪᠠᠨ ᠨᠤᠮ ᠤᠩᠰᠢᠬᠤ ᠲᠠᠳᠬᠠᠯ ᠲᠠᠢ ᠪᠤᠯᠴᠢᠬᠠᠭᠰᠠᠨ ᠤᠴᠢᠷ ᠠᠴᠠ ᠶᠡᠭᠡ ᠪᠤᠯᠤᠭᠰᠠᠨ ᠤ ᠲᠠᠷᠠᠭ᠎ᠠ ᠨᠤᠮ ᠲᠠᠢ ᠬᠠᠨᠢᠯᠠᠵᠦ᠂ ᠨᠤᠮ ᠲᠠᠢ ᠨᠦᠬᠦᠷᠯᠡᠨ ᠦᠪᠡᠷ ᠤᠨ ᠤᠶᠤᠨ ᠤᠬᠠᠭᠠᠨ ᠢᠶᠠᠨ ᠰᠡᠭᠡᠭᠡᠷᠡᠭᠦᠯᠬᠦ ᠳᠤ ᠬᠡᠷᠡᠭᠴᠡᠭᠡ ᠪᠦᠬᠦᠢ ᠵᠦᠪ ᠡᠨᠧᠷᠬᠢ ᠶᠢ ᠬᠤᠷᠠᠮᠳᠤᠭᠤᠯᠵᠦ ᠴᠢᠳᠠᠭᠰᠠᠨ ᠪᠠᠶᠢᠨ᠎ᠠ᠃ ᠡᠭᠦᠨ ᠤ ᠰᠠᠭᠤᠷᠢᠨ ᠲᠡᠭᠡᠷ᠎ᠡ᠂ ᠪᠡᠶ᠎ᠡ ᠪᠠᠨ ᠲᠠᠭᠠᠭᠠᠵᠦ ᠰᠡᠳᠭᠢᠨ ᠪᠤᠳᠤᠯᠬᠢᠯᠠᠬᠤ ᠴᠢᠳᠠᠪᠤᠷᠢ ᠲᠠᠢ ᠪᠤᠯᠵᠦ ᠴᠢᠳᠠᠭᠰᠠᠨ ᠨᠢ ᠭᠠᠩᠭᠠᠩ ᠬᠡᠤᠬᠡᠨ ᠤ ᠠᠮᠵᠢᠯᠲᠠ ᠤᠯᠬᠤ ᠳᠤ ᠬᠠᠮᠤᠭ ᠤᠨ ᠶᠡᠭᠡ ᠲᠦᠯᠬᠢᠴᠡ ᠦᠢᠯᠡᠳᠤᠯ ᠦᠵᠡᠭᠦᠯᠵᠠᠢ ᠭᠡᠵᠦ ᠬᠡᠯᠡᠵᠦ ᠪᠤᠯᠬᠤ ᠶᠤᠮ᠃      ᠲᠦᠷᠪᠡ ᠳᠤ᠂ ᠨᠢᠯᠬ᠎ᠠ ᠪᠠᠭ᠎ᠠ ᠠᠴᠠ ᠤᠢ ᠤᠬᠠᠭᠠᠨ ᠢ ᠭᠡᠭᠡᠷᠡᠬᠦᠯᠬᠦ ᠬᠦᠮᠦᠵᠢᠯ ᠢ ᠴᠢᠬᠤᠯᠠᠴᠢᠯᠠᠨ ᠠᠳᠬᠤᠭᠰᠠᠨ ᠪᠠᠶᠢᠨ᠎ᠠ᠃ ᠭᠠᠩᠭᠠᠩ ᠤᠨ ᠨᠠᠭᠠᠴᠦ ᠡᠮᠡᠭᠡ ᠨᠢ ᠬᠦᠳᠡᠭᠡ ᠨᠤᠲᠤᠭ ᠤᠨ ᠲᠠᠩᠰᠤᠭ ᠪᠠᠶᠢᠭᠠᠯᠢ ᠶᠢᠨ ᠡᠪᠡᠰᠦ ᠤᠷᠭᠤᠮᠠᠯ ᠪᠤᠯᠤᠨ ᠦᠪᠡᠷ ᠤᠨ ᠡᠲᠦᠷ ᠲᠤᠲᠤᠮ ᠤᠨ ᠠᠮᠢᠳᠤᠷᠠᠯ ᠲᠤᠮᠳᠠᠬᠢ ᠵᠡᠬᠦᠦ ᠰᠦᠪᠡᠯᠡᠭᠦᠯᠬᠦ᠂ ᠵᠢᠷᠤᠭ ᠵᠢᠷᠤᠬᠤ ᠪᠤᠶᠤ ᠬᠠᠶᠢᠴᠢᠯᠠᠮᠠᠯ ᠬᠠᠶᠢᠴᠢᠯᠠᠭᠤᠯᠬᠤ ᠵᠡᠷᠭᠡ ᠡᠩ ᠤᠨ ᠵᠦᠢᠯᠡᠰ ᠢᠶᠠᠷ ᠲᠡᠳᠡᠨ ᠤ ᠬᠤᠭᠤᠷᠤᠨᠳᠤᠬᠢ ᠬᠠᠷᠢᠯᠴᠠᠭᠠᠨ ᠤ ᠰᠦᠪᠡᠭᠴᠢ ᠪᠤᠯᠭᠠᠬᠤ ᠪᠤᠶᠤ ᠨᠤᠲᠤᠭ ᠤᠰᠤᠨ ᠤ ᠬᠠᠮᠢᠶ᠎ᠠ ᠲᠠᠢ ᠦᠯᠢᠭᠡᠷ ᠵᠤᠭᠤᠭ ᠢ ᠶᠠᠷᠢᠵᠦ ᠰᠤᠨᠤᠰᠬᠠᠳᠠᠭ ᠪᠠᠶᠢᠵᠠᠢ᠃ ᠡᠨᠡ ᠨᠢ ᠭᠠᠩᠭᠠᠩ ᠤᠨ ᠨᠢᠯᠬ᠎ᠠ ᠦᠶ᠎ᠡ ᠶᠢᠨ ᠤᠢ ᠤᠬᠠᠭᠠᠨ ᠢ ᠨᠢ ᠭᠡᠭᠡᠷᠡᠬᠦᠯᠬᠦ ᠳᠤ ᠰᠠᠭᠤᠷᠢ ᠪᠦᠬᠦᠢ ᠦᠢᠯᠡᠳᠤᠯ ᠢ ᠦᠵᠡᠭᠦᠯᠵᠦ ᠴᠢᠳᠠᠭᠰᠠᠨ ᠭᠡᠵᠦ ᠦᠵᠡᠵᠦ ᠪᠠᠶᠢᠨ᠎ᠠ᠃ ᠤᠴᠢᠷ ᠨᠢ ᠶᠠᠭᠤ ᠭᠡᠪᠡᠯ᠂ ︽ᠬᠦᠮᠦᠨ ᠡᠬᠡ ᠶᠢᠨ ᠬᠡᠪᠡᠯᠢ ᠠᠴᠠ ᠲᠦᠷᠦᠮᠡᠭᠴᠡ ᠠᠪᠢᠶᠠᠰ ᠪᠢᠯᠢᠭ ᠲᠡᠭᠦᠯᠳᠡᠷ ᠪᠠᠶᠢᠳᠠᠭ ᠦᠭᠡᠢ᠂ ᠬᠠᠷᠢᠨ ᠬᠤᠵᠢᠮ ᠤᠨ ᠭᠡᠷ ᠪᠦᠯᠢ ᠶᠢᠨ ᠤᠷᠴᠢᠨ ᠲᠤᠭᠤᠷᠢᠨ ᠤ ᠨᠦᠯᠦᠭᠡᠯᠡᠯ ᠢᠶᠠᠷ ᠲᠠᠮᠵᠢᠨ ᠤᠢ ᠤᠬᠠᠭᠠᠨ ᠨᠢ ᠨᠡᠬᠡᠭᠡᠭᠳᠡᠳᠡᠭ᠂ ᠭᠡᠬᠦ ᠳᠤ ᠪᠠᠨ ᠤᠢ ᠪᠢᠯᠢᠭ ᠤᠨ ᠨᠡᠬᠡᠭᠡᠭᠳᠡᠬᠦ ᠬᠡᠮᠵᠢᠶ᠎ᠡ ᠨᠢ ᠬᠦᠮᠦᠨ ᠬᠦᠮᠦᠨ ᠠᠳᠠᠯᠢ ᠦᠭᠡᠢ ᠪᠠᠶᠢᠳᠠᠭ︾ ᠭᠡᠵᠦ ᠶᠠᠷᠢᠳᠠᠭ ᠨᠢ ᠲᠠᠷᠤᠢ ᠬᠡᠤᠬᠡᠳ ᠤᠨ ᠤᠢ ᠤᠬᠠᠭᠠᠨ ᠤ ᠨᠡᠬᠡᠭᠡᠯᠲᠡ ᠨᠢᠯᠬ᠎ᠠ ᠦᠶ᠎ᠡ ᠶᠢᠨ ᠬᠦᠮᠦᠵᠢᠯ ᠲᠠᠢ ᠰᠢᠭᠤᠳ ᠬᠤᠯᠪᠤᠭ᠎ᠠ ᠲᠠᠢ ᠭᠡᠳᠡᠭ ᠢ ᠬᠡᠯᠡᠵᠦ ᠪᠠᠶᠢᠭ᠎ᠠ ᠶᠠᠪᠤᠳᠠᠯ ᠪᠤᠯᠬᠤ ᠶᠤᠮ᠃ ᠬᠡᠤᠬᠡᠳ ᠦᠰᠭᠡᠬᠦ ᠳᠤ ᠶᠠᠮᠠᠷ ᠴᠦ ᠭᠦᠴᠦ ᠬᠦᠯᠦᠰᠦ ᠤᠷᠤᠰᠬᠠᠬᠤ ᠦᠭᠡᠢ ᠬᠠᠶᠠᠭᠠᠨ ᠳᠤ ᠨᠢ ᠬᠠᠶᠠᠭᠰᠠᠨ ᠬᠡᠤᠬᠡᠳ ᠪᠤᠯᠤᠨ ᠶᠡᠬᠡᠭᠡᠨ ᠬᠦᠴᠦ ᠬᠦᠯᠦᠰᠦ ᠵᠠᠷᠤᠴᠠᠭᠤᠯᠤᠭᠰᠠᠨ ᠬᠡᠤᠬᠡᠳ ᠤᠨ ᠮᠡᠳᠡᠯᠭᠡ ᠰᠤᠷᠬᠤ ᠤᠢ ᠪᠢᠯᠢᠭ ᠤᠨ ᠨᠡᠬᠡᠭᠡᠭᠳᠡᠬᠦ ᠬᠡᠮᠵᠢᠶ᠎ᠡ ᠨᠢ ᠠᠳᠠᠯᠢ ᠦᠭᠡᠢ ᠪᠠᠷ ᠪᠠᠷᠠᠬᠤ ᠦᠭᠡᠢ᠂ ᠬᠤᠵᠢᠮ ᠬᠤᠶᠢᠨ᠎ᠠ ᠰᠤᠷᠭᠠᠭᠤᠯᠢ ᠲᠠᠪᠰᠢᠬᠤ ᠶᠢ ᠰᠢᠭᠤᠳ ᠨᠦᠯᠦᠭᠡᠯᠡᠵᠤ᠂ ᠠᠵᠢᠯ ᠠᠮᠢᠳᠤᠷᠠᠯ ᠤᠨ ᠲᠠᠯ᠎ᠠ ᠳᠤ ᠪᠠᠰᠠ ᠪᠦᠷᠢᠮᠤᠰᠤᠨ ᠠᠳᠠᠯᠢ ᠦᠭᠡᠢ ᠦᠷ᠎ᠡ ᠳ᠋ᠦᠩ ᠢ ᠠᠪᠴᠢᠷᠠᠳᠠᠭ ᠶᠤᠮ᠃ ᠬᠦᠳᠡᠭᠡ ᠲᠤᠰᠬᠤᠨ ᠤ ᠦᠨᠳᠦᠰᠦᠨ ᠱᠠᠳᠤᠨ ᠳᠤ ᠪᠠᠭᠰᠢᠯᠠᠵᠦ ᠪᠦᠬᠦᠢ ᠤᠳᠤᠨ ᠪᠠᠭᠰᠢ ᠶᠢᠨ ᠬᠡᠤᠬᠡᠨ ᠭᠠᠩᠭᠠᠩ ᠤᠨ ᠪᠦᠬᠦ ᠤᠯᠤᠰ ᠤᠨ ᠨᠢᠭᠡᠲᠦᠯᠲᠡᠢ ᠰᠢᠯᠭᠠᠯᠲᠠ ᠳᠤ ᠤᠨᠴᠠ ᠦᠨᠳᠦᠷ ᠬᠢᠷᠢ ᠪᠦᠲᠦᠮᠵᠢ ᠶᠢ ᠰᠢᠯᠭᠠᠨ ᠤᠯᠵᠦ᠂ ᠤᠯᠤᠰ ᠤᠨ ᠭᠤᠤᠯᠳᠠᠯᠭ᠎ᠠ ᠲᠠᠢ ᠰᠤᠷᠭᠠᠭᠤᠯᠢ ᠳᠤ ᠡᠯᠰᠡᠭᠳᠡᠨ ᠤᠷᠤᠭᠰᠠᠨ ᠶᠠᠪᠤᠳᠠᠯ ᠪᠤᠯ ᠨᠢᠯᠬ᠎ᠠ ᠪᠠᠭ᠎ᠠ ᠠᠴᠠ ᠤᠢ ᠤᠬᠠᠭᠠᠨ ᠢ ᠭᠡᠭᠡᠷᠡᠭᠦᠯᠬᠦ ᠬᠦᠮᠦᠵᠢᠯ ᠢ ᠴᠢᠬᠤᠯᠠᠴᠢᠯᠠᠨ ᠠᠳᠬᠤᠭᠰᠠᠨ ᠲᠠᠢ ᠰᠢᠭᠤᠳ ᠬᠤᠯᠪᠤᠭ᠎ᠠ ᠲᠠᠢ᠃      ᠲᠠᠪᠤ ᠳᠤ᠂ ᠦᠪᠡᠷ ᠤᠨ ᠪᠡᠶ᠎ᠡ ᠪᠠᠷ ᠦᠯᠢᠭᠡᠷ ᠲᠠᠭᠤᠷᠢᠶᠠᠯ ᠪᠤᠯᠬᠤ ᠦᠢᠯᠡᠳᠤᠯ ᠢ ᠪᠠᠳᠠᠷᠠᠭᠤᠯᠵᠦ ᠴᠢᠳᠠᠭᠰᠠᠨ ᠪᠠᠶᠢᠨ᠎ᠠ᠃ ᠭᠠᠩᠭᠠᠩ ᠤᠨ ᠦᠨᠦᠲᠦᠷ ᠤᠨ ᠠᠮᠵᠢᠯᠲᠠ ᠤᠯᠤᠭᠰᠠᠨ ᠤ ᠭᠤᠤᠯ ᠰᠢᠯᠲᠠᠭᠠᠨ ᠨᠢ ᠲᠡᠭᠦᠨ ᠤ ᠨᠠᠭᠠᠴᠦ ᠡᠮᠡᠭᠡ ᠪᠤᠶᠤ ᠦᠪᠡᠷ ᠤᠨ ᠡᠵᠢ ᠠᠪᠤ ᠨᠢ ᠪᠡᠶ᠎ᠡ ᠪᠠᠷ ᠢᠶᠠᠨ ᠬᠡᠤᠬᠡᠳ ᠤᠨ ᠢᠶᠠᠨ ᠰᠠᠶᠢᠨ ᠰᠠᠶᠢᠬᠠᠨ ᠰᠤᠷᠤᠯᠴᠠᠬᠤ ᠦᠯᠢᠭᠡᠷ ᠲᠠᠭᠤᠷᠢᠶᠠᠯ ᠪᠤᠯᠵᠦ ᠴᠢᠳᠠᠭᠰᠠᠨ ᠢᠶᠠᠷ ᠪᠠᠷᠠᠬᠤ ᠦᠭᠡᠢ᠂ ᠭᠤᠷᠪᠠᠨ ᠦᠶ᠎ᠡ ᠪᠠᠷ ᠢᠶᠠᠨ ᠰᠡᠳᠭᠢᠯ ᠨᠢᠭᠡᠲᠦᠨ ᠴᠢᠷᠮᠠᠶᠢᠭᠰᠠᠨ ᠲᠠᠢ ᠰᠢᠭᠤᠳ ᠬᠤᠯᠪᠤᠭ᠎ᠠ ᠲᠠᠢ᠃ ᠭᠠᠩᠭᠠᠩ ᠤᠨ ᠨᠠᠭᠠᠴᠦ ᠡᠮᠡᠭᠡ ᠨᠢ ᠲᠤᠬᠠᠢ ᠶᠢᠨ ᠦᠶ᠎ᠡ ᠶᠢᠨ ᠬᠠᠲᠠᠭᠤ ᠵᠦᠳᠡᠬᠦᠦ ᠠᠮᠢᠳᠤᠷᠠᠯ ᠤᠨ ᠨᠦᠬᠦᠴᠡᠯ ᠲᠤᠤᠷ᠎ᠡ ᠭᠠᠩᠭᠠᠩ ᠤᠨ ᠡᠵᠢ ᠤᠳᠤᠨ ᠪᠠᠭᠰᠢ ᠶᠢ ᠰᠠᠶᠢᠨ ᠰᠠᠶᠢᠬᠠᠨ ᠰᠤᠷᠭᠠᠨ ᠬᠦᠮᠦᠵᠢᠬᠦᠯᠵᠦ ᠴᠢᠳᠠᠭᠰᠠᠨ ᠦᠭᠡᠢ ᠪᠤᠯᠬᠤ ᠳᠤ ᠬᠦᠷᠪᠡᠯ᠂ ᠤᠳᠤᠨ ᠪᠠᠭᠰᠢ ᠪᠠᠰᠠ ᠬᠡᠤᠬᠡᠨ ᠢᠶᠠᠨ ᠢᠩᠭᠢᠵᠦ ᠨᠠᠷᠢᠨ ᠨᠢᠭᠲᠠ ᠬᠦᠮᠦᠵᠢᠬᠦᠯᠦᠨ ᠰᠤᠷᠭᠠᠵᠦ ᠦᠨᠦᠲᠦᠷ ᠤᠨ ᠬᠡᠮᠵᠢᠶᠡᠨ ᠳᠤ ᠬᠦᠷᠭᠡᠵᠦ ᠴᠢᠳᠠᠬᠤ ᠭᠡᠵᠦ ᠪᠡᠷᠭᠡᠲᠡᠢ ᠪᠠᠶᠢᠳᠠᠭ ᠶᠤᠮ᠃ ᠤᠳᠤ ᠶᠢᠨ ᠨᠡᠶᠢᠭᠡᠮ ᠳᠤ ᠦᠶ᠎ᠡ ᠠᠯᠤᠰᠯᠠᠭᠰᠠᠨ ᠰᠤᠷᠭᠠᠨ ᠬᠦᠮᠦᠵᠢᠯ ᠤᠨ ᠮᠠᠭᠤ ᠲᠠᠯ᠎ᠠ ᠶᠢᠨ ᠨᠦᠯᠦᠭᠡᠨ ᠤ ᠲᠤᠬᠠᠢ ᠶᠠᠷᠢᠬᠤ ᠬᠦᠮᠦᠨ ᠤᠯᠠᠨ ᠪᠠᠶᠢᠳᠠᠭ ᠪᠤᠯᠪᠠᠴᠦ᠂ ᠭᠠᠩᠭᠠᠩ ᠤᠨ ᠨᠠᠭᠠᠴᠦ ᠡᠮᠡᠭᠡ ᠰᠢᠭ ᠢᠩᠭᠢᠵᠦ ᠦᠪᠡᠷ ᠤᠨ ᠪᠡᠶ᠎ᠡ ᠪᠠᠷ ᠢᠶᠠᠨ ᠦᠯᠢᠭᠡᠷ ᠲᠠᠭᠤᠷᠢᠶᠠᠯ ᠪᠤᠯᠵᠦ ᠦᠷ᠎ᠡ ᠤᠮᠪᠤᠯᠤ ᠪᠠᠨ ᠨᠠᠷᠢᠯᠢᠬ ᠰᠠᠶᠢᠬᠠᠨ ᠬᠦᠮᠦᠵᠢᠭᠦᠯᠦᠨ ᠰᠤᠷᠭᠠᠵᠦ ᠴᠢᠳᠠᠬᠤ ᠦᠯᠢᠭᠡᠷ ᠵᠢᠱᠢᠶ᠎ᠡ ᠴᠦᠬᠡᠨ ᠰᠤᠨᠤᠰᠳᠠᠭ᠃ ᠤᠯᠠᠩᠬᠢ ᠡᠪᠦᠭᠡ ᠡᠮᠡᠭᠡ ᠪᠤᠯᠤᠭᠰᠠᠳ ᠦᠷ᠎ᠡ ᠬᠡᠤᠬᠡᠳ ᠤᠨ ᠢᠶᠠᠨ ᠪᠡᠶ᠎ᠡ ᠮᠠᠬᠠᠪᠤᠳ ᠤᠨ ᠬᠦᠮᠦᠵᠢᠯ ᠢ ᠴᠢᠬᠤᠯᠠᠴᠢᠯᠠᠭᠠᠳ ᠤᠶᠤᠨ ᠤ ᠬᠦᠮᠦᠵᠢᠯ ᠢ ᠤᠮᠳᠤᠭᠠᠶᠢᠯᠠᠬᠤ ᠠᠴᠠ ᠪᠤᠯᠵᠦ ᠠᠯᠵᠠᠭᠤ ᠵᠠᠯᠬᠠᠭᠤ᠂ ᠯᠠᠷᠵᠠᠯᠠᠵᠦ ᠶᠠᠩᠪᠠᠭᠠᠯᠠᠬᠤ ᠪᠤᠶᠤ ᠬᠦᠴᠢᠷ ᠠᠴᠠ ᠠᠶᠤᠬᠤ ᠮᠡᠲᠦ ᠨᠠᠵᠠᠭᠠᠢ ᠰᠤᠷᠲᠠᠯ ᠲᠠᠢ ᠬᠡᠤᠬᠡᠳ ᠤᠯᠠᠰᠢᠷᠠᠵᠦ ᠪᠠᠶᠢᠨ᠎ᠠ᠃      ᠵᠢᠷᠭᠤᠭ᠎ᠠ ᠳᠤ᠂ ᠡᠵᠢ ᠠᠪᠤ ᠪᠤᠯᠤᠭᠰᠠᠳ ᠬᠡᠤᠬᠡᠳ ᠤᠨ ᠢᠶᠠᠨ ᠰᠤᠳᠤᠯᠤᠭᠠᠴᠢ ᠪᠤᠯᠵᠦ ᠴᠢᠳᠠᠭᠰᠠᠨ ᠪᠠᠶᠢᠨ᠎ᠠ᠃ ᠭᠠᠩᠭᠠᠩ ᠢ ᠬᠦᠮᠦᠵᠢᠬᠦᠯᠬᠦ ᠲᠤᠮᠲᠠ ᠡᠵᠢ ᠠᠪᠤ ᠨᠢ ᠬᠡᠤᠬᠡᠨ ᠢᠶᠠᠨ ᠵᠦᠪᠬᠡᠨ ᠬᠢᠴᠢᠶᠡᠯ ᠰᠤᠷᠤᠯᠴᠠᠯᠭ᠎ᠠ ᠳᠤ ᠨᠢ ᠱᠠᠭᠠᠷᠳᠠᠭᠰᠠᠨ ᠪᠠᠰᠢ ᠬᠠᠷᠢᠨ ᠲᠡᠭᠦᠨ ᠢ ᠡᠯ᠎ᠡ ᠲᠡᠯ᠎ᠡ ᠶᠢᠨ ᠢᠯᠡᠷᠡᠯ ᠪᠠᠶᠢᠳᠠᠯ ᠢ ᠨᠠᠷᠢᠨ ᠠᠵᠢᠭᠯᠠᠵᠦ᠂ ᠬᠡᠤᠬᠡᠨ ᠤ ᠪᠠᠨ ᠤᠳᠠᠭ᠎ᠠ ᠲᠠᠷᠠᠭᠠᠯᠠᠨ ᠢᠯᠡᠷᠡᠬᠦ ᠤᠮᠤᠷᠬᠠᠭ ᠰᠠᠭᠰᠠᠭᠤ ᠵᠠᠩ ᠢ ᠨᠢ ᠴᠠᠭ ᠲᠤᠬᠠᠢ ᠳᠤ ᠨᠢ ᠠᠵᠢᠭᠯᠠᠨ ᠮᠡᠳᠡᠵᠦ᠂ ᠵᠤᠬᠢᠰᠲᠡᠢ ᠰᠠᠶᠢᠬᠠᠨ ᠰᠢᠢᠳᠪᠦᠷᠢᠯᠡᠵᠦ ᠪᠠᠶᠢᠭᠰᠠᠨ ᠤᠳᠠᠭ᠎ᠠ ᠲᠠᠢ᠃ ᠭᠠᠩᠭᠠᠩ ᠬᠡᠤᠬᠡᠨ ᠡᠪᠡᠳᠴᠢᠯᠡᠨ ᠡᠮᠨᠡᠯᠭᠡ ᠳᠤ ᠨᠢᠭᠡ ᠰᠠᠷ᠎ᠡ ᠰᠢᠬᠠᠮ ᠡᠮᠨᠡᠭᠦᠯᠵᠦ ᠪᠠᠶᠢᠬᠤ ᠬᠤᠭᠤᠴᠠᠭᠠᠨ ᠳᠤ ᠡᠵᠢ ᠠᠪᠤ ᠨᠢ ᠬᠡᠤᠬᠡᠨ ᠠᠴᠠ ᠪᠠᠨ ᠰᠠᠯᠤᠯ ᠦᠭᠡᠢ ᠠᠰᠠᠷᠠᠵᠦ ᠰᠤᠪᠢᠯᠠᠬᠤ ᠶᠢᠨ ᠲᠠᠭᠠᠤ ᠬᠢᠴᠢᠶᠡᠯ ᠰᠤᠷᠤᠯᠭ᠎ᠠ ᠶᠢ ᠨᠢ ᠵᠢᠭᠠᠨ ᠵᠢᠯᠤᠭᠤᠳᠤᠭᠰᠠᠨ ᠪᠠᠶᠢᠨ᠎ᠠ᠃ ᠡᠭᠦᠨ ᠢᠶᠠᠷ ᠪᠠᠷᠠᠬᠤ ᠦᠭᠡᠢ᠂ ᠵᠢᠷᠭᠤᠳᠤᠭᠠᠷ ᠤᠨ ᠤ ᠲᠡᠭᠦᠰᠬᠦ ᠰᠢᠯᠭᠠᠯᠲᠠ ᠳᠤ ᠬᠡᠤᠬᠡᠨ ᠨᠢ ᠠᠯᠬᠤᠵᠦ ᠲᠡᠶᠢᠯᠬᠦ ᠦᠭᠡᠢ ᠪᠠᠶᠢᠳᠠᠯ ᠲᠤᠤᠷ᠎ᠡ᠂ ᠲᠡᠭᠦᠨ ᠢ ᠠᠰᠠᠷ ᠲᠡᠭᠡᠷ᠎ᠡ ᠡᠭᠦᠷᠦᠨ ᠭᠠᠷᠭᠠᠵᠦ ᠰᠢᠯᠭᠠᠯᠲᠠ ᠳᠤ ᠤᠷᠤᠯᠴᠠᠭᠤᠯᠤᠭᠰᠠᠨ ᠵᠡᠷᠭᠡ ᠶᠠᠪᠤᠳᠠᠯ ᠨᠢ ᠭᠠᠩᠭᠠᠩ ᠬᠡᠤᠬᠡᠨ ᠳᠤ ᠮᠠᠰᠢ ᠶᠡᠭᠡ ᠰᠡᠳᠭᠢᠯ ᠤᠨ ᠵᠤᠷᠢᠬᠵᠢᠭᠤᠯᠤᠯ ᠪᠤᠯᠤᠭᠰᠠᠨ ᠶᠤᠮ᠃ ᠡᠳᠡᠭᠡᠷ ᠦᠢᠯᠡ ᠶᠠᠪᠤᠳᠠᠯ ᠤᠨ ᠦᠩᠭᠡᠷᠡᠯᠲᠡ ᠪᠠᠷ ᠲᠡᠮᠵᠢᠨ ᠭᠠᠩᠭᠠᠩ ᠬᠡᠤᠬᠡᠨ ᠠᠪᠤ ᠡᠵᠢ ᠶᠢᠨ ᠢᠶᠠᠨ ᠰᠡᠳᠭᠢᠯ ᠢ ᠤᠶᠢᠯᠠᠭᠠᠨ᠂ ᠦᠨᠡᠨ ᠰᠡᠳᠭᠢᠯ ᠠᠴᠠ ᠪᠠᠨ ᠢᠲᠡᠭᠡᠨ ᠪᠢᠰᠢᠷᠡᠬᠦ ᠪᠤᠯᠤᠭᠰᠠᠨ ᠪᠠᠶᠢᠨ᠎ᠠ᠃ ᠡᠨᠡ ᠪᠤᠯ ᠡᠵᠢ ᠠᠪᠤ ᠶᠢᠨ ᠬᠢᠨᠢ ᠬᠡᠤᠬᠡᠨ ᠢᠶᠠᠨ ᠨᠠᠷᠢᠨ ᠬᠢᠨᠠᠮᠠᠭᠠᠢ ᠠᠵᠢᠭᠯᠠᠨ ᠰᠢᠨᠵᠢᠵᠦ᠂ ᠪᠠᠶᠢᠳᠠᠯ ᠳᠤ ᠨᠢ ᠲᠤᠬᠢᠷᠠᠭᠤᠯᠤᠨ ᠵᠦᠪ ᠰᠠᠶᠢᠬᠠᠨ ᠵᠢᠭᠠᠨ ᠵᠢᠯᠤᠭᠤᠳᠤᠭᠰᠠᠨ ᠤ ᠬᠢᠨᠢ ᠦᠷ᠎ᠡ ᠳ᠋ᠦᠩ ᠪᠤᠯᠤᠨ᠎ᠠ᠃      ᠲᠤᠯᠤᠭ᠎ᠠ ᠳᠤ᠂ ᠬᠡᠯᠡᠬᠦ ᠶᠢ ᠪᠢᠰᠢ ᠬᠢᠬᠦ ᠶᠢ ᠴᠢᠬᠤᠯᠠᠴᠢᠯᠠᠵᠦ᠂ ᠬᠡᠤᠬᠡᠳ ᠤᠨ ᠢᠶᠠᠨ ᠰᠡᠳᠭᠢᠯ ᠤᠨ ᠬᠠᠨᠢ ᠪᠤᠯᠵᠦ ᠴᠢᠳᠠᠭᠰᠠᠨ ᠪᠠᠶᠢᠨ᠎ᠠ᠃ ᠭᠠᠩᠭᠠᠩ ᠤᠨ ᠡᠵᠢ ᠶᠢᠨ ᠬᠢᠨᠢ ᠶᠠᠷᠢᠶᠠᠨ ᠳᠤ ᠬᠡᠤᠬᠡᠨ ᠤ ᠢᠯᠡᠷᠡᠯ ᠪᠠᠶᠢᠳᠠᠯ ᠳᠤ ᠠᠭᠤᠷᠯᠠᠵᠦ ᠤᠴᠠᠭᠠᠷᠯᠠᠭᠰᠠᠨ ᠵᠦᠢᠯ ᠤᠭᠲᠤ ᠬᠠᠷᠠᠭᠳᠠᠬᠤ ᠦᠭᠡᠢ ᠪᠠᠶᠢᠨ᠎ᠠ᠃ ᠲᠡᠷᠡ ᠦᠪᠡᠷ ᠤᠨ ᠬᠡᠤᠬᠡᠨ ᠤ ᠪᠠᠨ ᠢᠯᠡᠷᠡᠯ ᠪᠠᠶᠢᠳᠠᠯ ᠢ ᠨᠠᠷᠢᠨ ᠬᠢᠨᠠᠮᠠᠭᠠᠢ ᠠᠵᠢᠭᠯᠠᠨ ᠰᠢᠨᠵᠢᠭᠰᠡᠨ ᠪᠠᠶᠢᠳᠠᠯ ᠲᠤᠤᠷ᠎ᠡ᠂ ᠦᠪᠡᠷ ᠢᠶᠠᠨ ᠦᠯᠢᠭᠡᠷ ᠲᠠᠭᠤᠷᠢᠶᠠᠯ ᠪᠤᠯᠬᠤ ᠦᠢᠯᠡᠳᠤᠯ ᠢ ᠮᠠᠰᠢ ᠰᠠᠶᠢᠬᠠᠨ ᠬᠦᠢᠴᠡᠳᠭᠡᠵᠦ ᠴᠢᠳᠠᠵᠠᠢ᠃ ᠵᠢᠱᠢᠶᠡᠯᠡᠪᠡᠯ᠂ ᠨᠤᠮ ᠤᠨ ᠰᠠᠩ ᠢᠶᠠᠷ ᠬᠡᠤᠬᠡᠨ ᠢᠶᠠᠨ ᠲᠠᠭᠠᠭᠤᠯᠵᠦ ᠨᠤᠮ ᠤᠩᠰᠢᠭᠤᠯᠬᠤ᠂ ᠡᠳᠦᠷ ᠪᠤᠯᠭᠠᠨ ᠶᠠᠭᠤ ᠰᠤᠷᠤᠭᠰᠠᠨ ᠢ ᠮᠠᠷᠲᠠᠯ ᠦᠭᠡᠢ ᠠᠰᠠᠭᠤᠳᠠᠭ ᠪᠤᠶᠤ ᠲᠦᠩᠯᠢᠶᠤᠤ ᠬᠤᠲᠠᠨ ᠳᠤ ᠪᠢᠴᠢᠭ ᠦᠵᠡᠵᠦ ᠪᠠᠶᠢᠭᠰᠠᠨ ᠲᠠᠪᠤᠨ ᠵᠢᠯ ᠤᠨ ᠬᠤᠭᠤᠴᠠᠭᠠᠨ ᠳᠤ ᠭᠠᠷᠠᠭ ᠪᠤᠯᠭᠠᠨ ᠬᠡᠤᠬᠡᠨ ᠲᠡᠭᠡᠷ᠎ᠡ ᠪᠠᠨ ᠤᠴᠢᠵᠦ᠂ ᠰᠤᠷᠤᠯᠭ᠎ᠠ ᠶᠢᠨ ᠲᠠᠯ᠎ᠠ ᠶᠢᠨ ᠠᠰᠠᠭᠤᠳᠠᠯ ᠢ ᠨᠢᠮᠪᠠᠢ ᠰᠠᠶᠢᠬᠠᠨ ᠰᠢᠢᠳᠪᠦᠷᠢᠯᠡᠵᠦ ᠪᠠᠶᠢᠭᠰᠠᠨ ᠵᠡᠷᠭᠡ ᠨᠢ ᠬᠡᠯᠡᠬᠦ ᠶᠢ ᠴᠢᠬᠤᠯᠠᠴᠢᠯᠠᠭᠰᠠᠨ ᠪᠢᠰᠢ ᠬᠠᠷᠢᠨ ᠬᠢᠬᠦ ᠶᠢ ᠴᠢᠬᠤᠯᠠᠴᠢᠯᠠᠵᠦ᠂ ᠬᠡᠤᠬᠡᠳ ᠤᠨ ᠢᠶᠠᠨ ᠰᠡᠳᠭᠢᠯ ᠤᠨ ᠬᠠᠨᠢ ᠪᠤᠯᠵᠦ ᠪᠠᠶᠢᠭᠰᠠᠨ ᠨᠢ ᠭᠠᠩᠭᠠᠩ ᠤᠨ ᠢᠲᠡᠭᠡᠯ ᠵᠤᠷᠢᠭ ᠢ ᠬᠦᠪᠴᠢᠯᠡᠵᠦ᠂ ᠰᠤᠷᠤᠯᠭ᠎ᠠ ᠶᠢᠨ ᠠᠮᠢᠳᠤᠷᠠᠯ ᠳᠤ ᠲᠤᠩ ᠶᠡᠭᠡ ᠵᠤᠷᠢᠬᠵᠢᠭᠤᠯᠤᠯ ᠪᠤᠯᠵᠦ ᠪᠠᠶᠢᠭᠰᠠᠨ ᠭᠡᠵᠦ ᠦᠵᠡᠵᠦ ᠪᠠᠶᠢᠨ᠎ᠠ᠃      ᠨᠠᠢᠮᠠ ᠳᠤ᠂ ᠰᠤᠷᠭᠠᠨ ᠬᠦᠮᠦᠵᠢᠯ ᠪᠤᠯ ᠨᠢᠭᠡᠨ ᠶᠡᠭᠡ ᠪᠡᠯᠡ ᠤᠷᠤᠭᠤᠯᠤᠯᠲᠡ ᠮᠦᠨ ᠭᠡᠰᠡᠨ ᠢ ᠵᠦᠪ ᠢᠶᠠᠷ ᠲᠠᠨᠢᠵᠦ ᠦᠷ᠎ᠡ ᠠᠰᠢᠭ ᠲᠠᠢ ᠪᠡᠶᠡᠯᠡᠭᠦᠯᠵᠦ ᠴᠢᠳᠠᠭᠰᠠᠨ ᠭᠡᠵᠦ ᠦᠨᠡᠯᠡᠵᠦ ᠪᠤᠯᠤᠨ᠎ᠠ᠃ ᠤᠳᠤᠨ ᠪᠠᠭᠰᠢ ᠭᠠᠷᠠᠭ ᠪᠤᠯᠭᠠᠨ ᠬᠡᠤᠬᠡᠨ ᠲᠡᠭᠡᠷ᠎ᠡ ᠪᠠᠨ ᠤᠴᠢᠵᠦ᠂ ᠬᠡᠤᠬᠡᠨ ᠤ ᠪᠠᠨ ᠪᠠᠶᠢᠳᠠᠯ ᠢ ᠯᠠᠪᠯᠠᠨ ᠤᠶᠢᠯᠠᠭᠠᠵᠦ᠂ ᠬᠡᠵᠢᠶᠡᠲᠡ ᠬᠢᠨᠠᠭᠤᠷ ᠯᠠᠪᠳᠠᠭᠤᠨ ᠢᠶᠠᠷ ᠠᠰᠠᠭᠤᠳᠠᠯ ᠢ ᠵᠤᠬᠢᠰᠲᠡᠢ ᠰᠠᠶᠢᠬᠠᠨ ᠰᠢᠢᠳᠪᠦᠷᠢᠯᠡᠳᠡᠭ ᠪᠠᠶᠢᠵᠠᠢ᠃ ᠡᠨᠡ ᠨᠢ ᠬᠡᠳᠦ᠋ᠢᠪᠡᠷ ᠬᠡᠯᠡᠬᠦ ᠳᠤ ᠬᠢᠯᠪᠠᠷ ᠪᠠᠶᠢᠳᠠᠭ ᠪᠤᠯᠪᠠᠴᠦ ᠬᠢᠬᠦ ᠳᠤ ᠲᠡᠶᠢᠮᠦ ᠬᠢᠯᠪᠡᠷ ᠶᠠᠪᠤᠳᠠᠯ ᠪᠢᠰᠢ ᠶᠤᠮ᠃ ᠤᠯᠠᠩᠬᠢ ᠬᠦᠮᠦᠰ ᠬᠡᠤᠬᠡᠳ ᠤᠨ ᠬᠦᠮᠦᠵᠢᠯ ᠢ ᠵᠤᠭᠤᠰ ᠮᠦᠩᠬᠦ ᠲᠠᠢ ᠬᠤᠯᠪᠤᠭᠳᠠᠭᠤᠯᠤᠨ ᠶᠠᠷᠢᠬᠤ ᠪᠦᠭᠡᠳ ᠵᠤᠭᠤᠰ ᠮᠦᠩᠬᠦ ᠶᠢ ᠨᠢ ᠪᠤᠯᠤᠮᠵᠢᠲᠡᠢ ᠰᠠᠶᠢᠬᠠᠨ ᠬᠠᠩᠭᠠᠴᠢᠬᠠᠪᠠᠯ ᠬᠡᠤᠬᠡᠳ ᠠᠶᠠᠨᠳᠠᠭᠠᠨ ᠰᠤᠷᠴᠢᠬᠠᠳᠠᠭ ᠭᠡᠵᠦ ᠦᠵᠡᠳᠡᠭ᠃ ᠭᠡᠪᠡᠴᠦ ᠲᠦᠮᠡᠨ ᠶᠠᠭᠤᠮ᠎ᠠ ᠶᠢ ᠵᠤᠭᠤᠰ ᠢᠶᠠᠷ ᠬᠤᠳᠠᠯᠳᠤᠨ ᠠᠪᠴᠦ ᠲᠡᠶᠢᠯᠬᠦ ᠪᠤᠯᠪᠠᠴᠦ ᠮᠡᠳᠡᠯᠭᠡ ᠶᠢ ᠮᠦᠩᠬᠦ ᠪᠠᠷ ᠬᠤᠳᠠᠯᠳᠤᠨ ᠠᠪᠴᠦ ᠲᠡᠶᠢᠯᠬᠦ ᠦᠭᠡᠢ ᠭᠡᠳᠡᠭ ᠮᠡᠷᠭᠡᠨ ᠦᠭᠡ ᠪᠠᠶᠢᠳᠠᠭ᠃ ᠦᠨᠡᠨ ᠢ ᠬᠡᠯᠡᠬᠦ ᠳᠤ ᠰᠤᠷᠬᠤ ᠭᠡᠳᠡᠭ ᠦᠢᠯᠡ ᠪᠤᠯ ᠬᠠᠮᠤᠭ ᠤᠨ ᠰᠢᠷᠭᠠᠭᠤ ᠬᠠᠲᠠᠭᠤᠵᠢᠯᠲᠡᠢ ᠮᠦᠷᠲᠡᠭᠡᠨ ᠬᠡᠨ ᠴᠦ ᠭᠡᠰᠡᠨ ᠦᠭᠡᠢ ᠬᠢᠨ᠎ᠡ ᠭᠡᠪᠡᠯ ᠬᠢᠴᠢᠭᠡᠳᠡᠭ ᠬᠢᠯᠪᠠᠷᠬᠠᠨ ᠶᠠᠪᠤᠳᠠᠯ ᠪᠢᠰᠢ ᠶᠤᠮ᠃ ᠰᠤᠷᠤᠭᠴᠢ ᠬᠦᠮᠦᠨ ᠪᠡᠶ᠎ᠡ ᠰᠡᠳᠭᠢᠯ ᠢᠶᠠᠨ ᠵᠦᠳᠡᠭᠡᠨ᠂ ᠤᠶᠤᠨ ᠤᠬᠠᠭᠠᠨ ᠢᠶᠠᠨ ᠰᠢᠪᠬᠠᠵᠦ ᠡᠷᠲᠡᠯᠡᠨ ᠤᠷᠦ᠋ᠢᠯᠠᠨ ᠰᠤᠷᠤᠯᠴᠠᠬᠤ ᠶᠢᠨ ᠵᠡᠷᠭᠡ ᠳᠤ᠂ ᠡᠴᠢᠭᠡ ᠡᠬᠡ ᠪᠤᠯᠤᠭᠰᠠᠳ ᠴᠦ ᠬᠡᠤᠬᠡᠳ ᠠᠴᠠ ᠪᠠᠨ ᠢᠯᠡᠬᠦᠦ ᠰᠠᠨᠠᠭ᠎ᠠ ᠪᠤᠯᠳᠠᠭ ᠤᠴᠢᠷ ᠲᠠᠢ᠃ ᠡᠨᠡ ᠪᠦᠬᠦᠨ ᠢ ᠵᠤᠭᠤᠰ ᠢᠶᠠᠷ ᠤᠷᠤᠯᠠᠭᠤᠯᠵᠦ ᠲᠡᠶᠢᠯᠬᠦ ᠦᠭᠡᠢ ᠪᠦᠭᠡᠳ ᠵᠤᠭᠤᠰ ᠠᠴᠠ ᠲᠠᠪᠠᠭᠰᠠᠨ ᠦᠷᠲᠡᠭ ᠪᠦᠭᠦᠢ ᠶᠡᠭᠡ ᠪᠡᠯᠡ ᠤᠷᠤᠭᠤᠯᠤᠯᠲᠡ ᠭᠡᠵᠦ ᠬᠡᠯᠡᠵᠦ ᠪᠤᠯᠬᠤ ᠶᠤᠮ᠃ ᠡᠶᠢᠮᠦ ᠪᠠᠷ ᠢᠶᠠᠨ ᠪᠢᠲᠡ ᠤᠳᠤᠨ ᠪᠠᠭᠰᠢ ᠶᠢᠨ ᠦᠪᠡᠷ ᠤᠨ ᠬᠡᠤᠬᠡᠨ ᠢᠶᠠᠨ ᠦᠰᠭᠡᠨ ᠬᠦᠮᠦᠵᠢᠬᠦᠯᠦᠭᠰᠡᠨ ᠠᠷᠭ᠎ᠠ ᠲᠤᠷᠰᠢᠯᠭ᠎ᠠ ᠠᠴᠠ ᠬᠡᠤᠬᠡᠳ ᠤᠨ ᠬᠦᠮᠦᠵᠢᠯ ᠳᠤ ᠮᠦᠩᠬᠦ ᠵᠤᠭᠤᠰ ᠪᠠᠶᠢᠭᠠᠳ ᠯᠠ ᠪᠤᠯᠬᠤ ᠪᠢᠰᠢ᠂ ᠬᠠᠷᠢᠨ ᠬᠡᠤᠬᠡᠳ ᠤᠨ ᠢᠶᠠᠨ ᠰᠠᠨᠠᠭ᠎ᠠ ᠰᠡᠳᠭᠢᠯᠭᠡ ᠶᠢ ᠤᠶᠢᠯᠠᠭᠠᠨ ᠮᠡᠳᠡᠵᠦ᠂ ᠬᠡᠤᠬᠡᠳ ᠤᠨ ᠢᠶᠠᠨ ᠦᠨᠡᠨ ᠰᠡᠳᠭᠢᠯ ᠤᠨ ᠬᠠᠨᠢ ᠪᠤᠯᠵᠦ ᠴᠢᠳᠠᠬᠤ ᠨᠢ ᠬᠠᠮᠤᠭ ᠤᠨ ᠴᠢᠬᠤᠯᠠ ᠭᠡᠳᠡᠭ ᠢ ᠤᠶᠢᠯᠠᠭᠠᠨ ᠮᠡᠳᠡᠪᠡᠯ ᠲᠠᠭᠠᠷᠠᠬᠤ ᠶᠤᠮ᠃      ᠬᠡᠤᠬᠡᠳ ᠪᠤᠯ ᠴᠡᠴᠡᠭ ᠬᠤᠸᠠᠷ ᠲᠠᠢ ᠠᠳᠠᠯᠢᠬᠠᠨ ᠪᠠᠶᠢᠵᠦ᠂ ᠲᠡᠳᠡᠨ ᠤ ᠦᠰᠦᠨ ᠲᠤᠷᠨᠢᠬᠤ ᠵᠢᠮ᠎ᠡ ᠶᠤᠰᠤ ᠶᠢ ᠨᠢ ᠤᠶᠢᠯᠠᠭᠠᠨ ᠮᠡᠳᠡᠭᠰᠡᠨ ᠰᠠᠭᠤᠷᠢᠨ ᠲᠡᠭᠡᠷ᠎ᠡ᠂ ᠪᠠᠶᠢᠳᠠᠯ ᠳᠤ ᠨᠢ ᠵᠤᠬᠢᠴᠠᠭᠤᠯᠤᠨ ᠵᠢᠭᠠᠨ ᠵᠢᠯᠤᠭᠤᠳᠬᠤ ᠪᠠᠷ ᠪᠠᠷᠠᠬᠤ ᠦᠭᠡᠢ ᠴᠢᠳᠠᠪᠤᠷᠢ ᠶᠢᠨ ᠪᠤᠭᠤᠮᠲᠠ ᠶᠢ ᠨᠢ ᠲᠤᠬᠢᠲᠠᠢ ᠴᠠᠭ ᠲᠤ ᠨᠢ ᠨᠡᠬᠡᠭᠡᠵᠦ ᠦᠭᠳᠡᠭ ᠯᠠ ᠶᠤᠮ ᠪᠤᠯ ᠴᠢᠳᠠᠪᠤᠷᠢᠲᠠᠨ ᠪᠤᠯᠬᠤ ᠪᠤᠯᠤᠮᠵᠢ ᠬᠡᠤᠬᠡᠳ ᠪᠤᠯᠭᠠᠨ ᠳᠤ ᠠᠳᠠᠯᠢᠬᠠᠨ ᠪᠠᠶᠢᠨ᠎ᠠ᠃ ᠭᠡᠪᠡᠴᠦ ᠮᠠᠰᠢ ᠤᠯᠠᠨ ᠡᠴᠢᠭᠡ ᠡᠬᠡ ᠪᠤᠯᠤᠭᠰᠠᠳ ᠬᠡᠤᠬᠡᠳ ᠤᠨ ᠢᠶᠠᠨ ᠲᠤᠷ᠎ᠡ ᠰᠤᠨᠢᠷᠬᠠᠯ ᠪᠤᠯᠤᠨ ᠠᠪᠢᠶᠠᠰ ᠴᠢᠳᠠᠪᠤᠷᠢ ᠶᠢᠨ ᠬᠦᠮᠦᠵᠢᠯ ᠢ ᠬᠠᠮᠢᠶᠠᠷᠬᠤ ᠦᠭᠡᠢ᠂ ᠬᠠᠮᠢᠶ᠎ᠠ ᠨᠠᠮᠢᠶ᠎ᠠ ᠦᠭᠡᠢ ᠵᠢᠭᠠᠨ ᠵᠢᠯᠤᠭᠤᠳᠬᠤ ᠪᠤᠶᠤ ᠡᠰᠡᠭᠦᠯ᠎ᠡ ᠬᠡᠤᠬᠡᠳ ᠤᠨ ᠢᠶᠠᠨ ᠲᠤᠷ᠎ᠡ ᠰᠤᠨᠢᠷᠬᠠᠯ ᠳᠤ ᠰᠠᠭᠤᠷᠢᠯᠠᠭᠰᠠᠨ ᠤᠷᠬᠢᠯᠤᠮ᠎ᠠ ᠬᠠᠯᠠᠭᠤᠨ ᠰᠡᠳᠭᠢᠯᠭᠡ ᠶᠢ ᠨᠢ ᠬᠦᠭᠵᠢᠭᠡᠵᠦ ᠲᠡᠶᠢᠯᠬᠦ ᠠᠴᠠ ᠪᠠᠨ ᠡᠮᠦᠨ᠎ᠡ ᠲᠡᠭᠦᠨ ᠢ ᠨᠢ ᠤᠨᠲᠠᠷᠠᠭᠠᠵᠦ ᠬᠠᠶᠠᠴᠢᠬᠠᠳᠠᠭ᠃      ᠬᠡᠯᠡᠯᠭᠡᠨ ᠦᠭᠡᠢ ᠬᠦᠮᠦᠨ ᠬᠦᠮᠦᠨ ᠤ ᠦᠷᠳᠡᠭ ᠤᠨ ᠦᠵᠡᠯᠲᠡ ᠪᠤᠯᠤᠨ ᠬᠡᠤᠬᠡᠳ ᠬᠦᠮᠦᠵᠢᠬᠦᠯᠬᠦ ᠠᠷᠭ᠎ᠠ ᠲᠤᠷᠰᠢᠯᠭ᠎ᠠ ᠠᠳᠠᠯᠢ ᠪᠠᠶᠢᠳᠠᠭ ᠦᠭᠡᠢ ᠶᠢᠨ ᠲᠡᠭᠡᠷ᠎ᠡ᠂ ᠤᠳᠤᠬᠠᠨ ᠤ ᠬᠡᠤᠬᠡᠳ ᠤᠨ ᠪᠡᠶ᠎ᠡ ᠲᠡᠭᠡᠷ᠎ᠡ ᠢᠯᠡᠷᠡᠵᠦ ᠪᠦᠬᠦᠢ ᠦᠪᠡᠷᠮᠢᠴᠡ ᠴᠢᠨᠠᠷ ᠤᠨ ᠵᠦᠷᠢᠶ᠎ᠡ ᠶᠢ ᠪᠠᠰᠠ ᠤᠮᠳᠤᠭᠠᠶᠢᠯᠠᠬᠤ ᠶᠢᠨ ᠠᠷᠭ᠎ᠠ ᠦᠭᠡᠢ ᠪᠠᠶᠢᠳᠠᠭ᠃ ᠶᠠᠭ ᠲᠡᠶᠢᠮᠦ ᠤᠴᠢᠷ ᠠᠴᠠ ᠤᠳᠤᠨ ᠪᠠᠭᠰᠢ ᠶᠢᠨ ᠠᠷᠭ᠎ᠠ ᠲᠤᠷᠰᠢᠯᠭ᠎ᠠ ᠶᠢᠨ ᠲᠤᠮᠲᠠ ᠠᠴᠠ ᠭᠤᠤᠯᠳᠠᠯᠭ᠎ᠠ ᠲᠠᠢ ᠵᠦᠢᠯ ᠢ ᠨᠢ ᠠᠮᠢᠳᠤᠯᠢᠭ ᠢᠶᠠᠷ ᠰᠢᠩᠭᠡᠭᠡᠨ ᠠᠪᠴᠦ᠂ ᠦᠷ᠎ᠡ ᠬᠡᠤᠬᠡᠳ ᠤᠨ ᠢᠶᠠᠨ ᠪᠠᠶᠢᠳᠠᠯ ᠳᠤ ᠨᠢ ᠲᠤᠬᠢᠷᠠᠭᠤᠯᠤᠨ ᠵᠤᠬᠢᠰᠲᠡᠢ ᠠᠰᠢᠭᠯᠠᠬᠤ ᠶᠢ ᠰᠠᠨᠠᠭᠤᠯᠵᠦ ᠪᠠᠶᠢᠨ᠎ᠠ᠃            ᠬᠠᠶ᠋ᠢᠬ᠄ ᠤᠳᠤᠨ — ᠲᠦᠡᠭᠯᠢᠶᠤᠤ ᠬᠤᠳᠠ ᠶᠢᠨ ᠬᠤᠷᠴᠢᠨ ᠵᠠᠭᠦᠨ ᠭᠠᠷᠤᠨ                                ᠬᠤᠶᠢᠳᠤ ᠬᠤᠰᠢᠭᠤᠨ ᠤ ᠴᠢᠯᠠᠭᠤᠳᠤ ᠪᠠᠯᠭᠠᠰᠤᠨ ᠤ                                ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ                    ᠲᠤᠭᠳᠠᠬᠤ — ᠦᠪᠤᠷ ᠮᠤᠩᠭᠤᠯ ᠤᠨ ᠦᠨᠳᠤᠰᠤᠳᠠᠨ ᠤ ᠶᠡᠭᠡ ᠰᠤᠷᠭᠠᠭᠤᠯᠢ                                           ᠶᠢᠨ ᠰᠤᠷᠭᠠᠨ ᠭᠦᠮᠦᠵᠢᠯ ᠤᠨ ᠰᠢᠨᠵᠢᠯᠠᠭᠦ                                 ᠤᠬᠠᠭᠠᠨ ᠤ ᠲᠡᠭᠡᠳᠤ ᠰᠤᠷᠭᠠᠭᠤᠯᠢ                                   ︵ᠡᠾᠦ᠋ᠩ ᠮᠸᠢ ᠨᠠᠶᠢᠷᠠᠭᠤᠯᠪᠠ︶                                 2020 ᠤᠨ ᠤ 1 ᠳ᠋ᠦ᠋ᠭᠡᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map