ᠰᠦᠪᠸᠢ ᠰᠢᠶᠡᠨ ᠤ ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾ ᠶᠢᠨ ᠰᠤᠷᠭᠠᠨ ᠭᠦᠮᠦᠵᠢᠯ ᠤᠨ ᠲᠤᠬᠠᠢ
ᠨᠡᠶᠢᠲᠡᠯᠡᠭᠰᠡᠨ ᠴᠠᠭ᠄
2020/5/20
                                        ᠲᠤᠩᠭᠠᠯᠠᠭ      ᠬᠠᠭᠤᠴᠢᠨ ᠲᠤᠷᠭᠠᠨ ᠵᠠᠮ ᠤᠨ ᠾᠧᠰᠢ ᠶᠢᠨ ᠬᠤᠩᠭᠢᠯ ᠤᠨ ᠪᠠᠷᠠᠭᠤᠨ ᠲᠠᠯ᠎ᠠ ᠳᠤ ᠰᠠᠭᠤᠷᠢᠰᠢᠵᠤ ᠪᠠᠶᠢᠭ᠎ᠠ ᠰᠦᠪᠸᠢ ᠶᠢᠨ ᠮᠤᠩᠭᠤᠯ ᠦᠨᠳᠦᠰᠦᠲᠡᠨ ᠤ ᠦᠪᠡᠷᠳᠡᠭᠡᠨ ᠵᠠᠰᠠᠬᠤ ᠰᠢᠶᠡᠨ ᠪᠤᠯ ᠮᠤᠩᠭᠤᠯ ᠦᠨᠳᠦᠰᠦᠲᠡᠨ ᠢᠶᠠᠷ ᠭᠤᠤᠯᠯᠠᠭᠰᠠᠨ ᠴᠦᠭᠡᠨ ᠲᠤᠭᠠᠲᠤ ᠦᠨᠳᠦᠰᠦᠲᠡᠨ ᠤ ᠭᠢᠯᠢ ᠶᠢᠨ ᠰᠢᠶᠡᠨ ᠮᠦᠨ᠃ ᠡᠷᠲᠡ ᠡᠳᠦᠭᠡ ᠠᠴᠠ ᠮᠤᠩᠭᠤᠯ ᠠᠷᠠᠳ ᠲᠦᠮᠡᠨ ᠡᠨᠡ ᠭᠦ ᠨᠤᠲᠤᠭ ᠲᠡᠪᠢᠰᠭᠡᠷ ᠲᠡᠭᠡᠷ᠎ᠡ ᠠᠵᠤ ᠲᠦᠷᠦᠨ ᠠᠮᠢᠳᠤᠷᠠᠵᠤ᠂ ᠭᠡᠷᠡᠯ ᠰᠠᠴᠤᠷᠠᠩᠭᠤᠢ ᠦᠨᠳᠦᠰᠦᠲᠡᠨ ᠤ ᠰᠤᠶᠤᠯ ᠢᠶᠠᠨ ᠪᠢᠴᠢᠭᠯᠡᠭᠰᠡᠭᠡᠷ ᠢᠷᠡᠵᠡᠢ᠃      ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾ ᠭᠡᠳᠡᠭ ᠨᠢ ᠮᠠᠯᠵᠢᠬᠤ ᠤᠷᠤᠨ ᠤ ᠪᠠᠭᠰᠢ ᠮᠤᠷᠢ ᠪᠠᠨ ᠤᠨᠤᠵᠤ᠂ ᠡᠯ᠎ᠡ ᠮᠠᠯ ᠬᠠᠷᠢᠭᠤᠯᠬᠤ ᠲᠠᠯᠠᠪᠤᠷ ᠲᠡᠭᠡᠷ᠎ᠡ ᠭᠦᠷᠴᠤ ᠨᠡᠭᠦᠳᠡᠯ ᠮᠠᠶ᠋ᠢᠬ ᠤᠨ ᠵᠢᠭᠠᠨ ᠰᠤᠷᠭᠠᠯᠲᠠ ᠭᠢᠭᠦ‍ ᠨᠢᠭᠡ ᠵᠦᠢᠯ ᠤᠨ ᠵᠢᠭᠠᠨ ᠰᠤᠷᠭᠠᠯᠲᠠ ᠶᠢᠨ ᠬᠡᠯᠪᠡᠷᠢ ᠪᠤᠯᠤᠨ᠎ᠠ᠃ ᠦᠩᠭᠡᠷᠡᠭᠰᠡᠨ ᠳᠤ ᠮᠠᠯᠴᠢᠳ ᠤᠷᠲᠤ ᠬᠤᠭᠤᠴᠠᠭ᠎ᠠ ᠪᠠᠷ ᠨᠡᠭᠦᠳᠡᠯᠯᠡᠨ ᠮᠠᠯᠵᠢᠬᠤ ᠠᠮᠢᠳᠤᠷᠠᠯ ᠢ ᠦᠩᠭᠡᠷᠡᠭᠡᠳᠡᠭ ᠪᠤᠯᠬᠤᠷ ᠭᠡᠦᠭᠡᠳ ᠰᠤᠷᠭᠠᠭᠤᠯᠢ ᠳᠤ ᠤᠷᠤᠬᠤ ᠳᠤ ᠲᠤᠩ ᠭᠦᠴᠢᠷ ᠲᠠᠢ ᠪᠠᠶᠢᠳᠠᠭ᠃ ᠦᠷᠭᠡᠨ ᠤᠯᠠᠨ ᠮᠠᠯᠴᠢᠳ ᠤᠨ ᠭᠡᠤᠭᠡᠳ ᠢ ᠰᠤᠶᠤᠯ ᠰᠤᠷᠭᠠᠨ ᠭᠦᠮᠦᠵᠢᠯ ᠭᠦᠷᠲᠡᠭᠡᠭᠦ ᠶᠢᠨ ᠲᠦᠯᠦᠭᠡ᠂ ᠵᠠᠰᠠᠭ ᠤᠨ ᠤᠷᠳᠤᠨ ᠠᠴᠠ ᠪᠠᠭᠰᠢ ᠲᠤᠮᠢᠯᠡᠨ ᠮᠤᠷᠢ ᠤᠨᠤᠨ ᠰᠠᠮᠪᠠᠷ᠎ᠠ ᠪᠤᠯᠤᠨ ᠨᠤᠮ ᠢᠶᠠᠨ ᠡᠭᠦᠷᠴᠤ᠂ ᠮᠤᠩᠭᠤᠯ ᠭᠡᠷ ᠤᠳ ᠢᠶᠠᠷ ᠲᠠᠮᠵᠢᠨ ᠭᠢᠴᠢᠶᠠᠯ ᠤᠷᠤᠵᠤ ᠪᠠᠶᠢᠭᠰᠠᠨ᠃ ᠡᠶᠢᠮᠦᠷᠭᠦᠤ ᠨᠡᠭᠦᠳᠡᠯ ᠮᠠᠶ᠋ᠢᠬ ᠤᠨ ᠵᠢᠭᠠᠨ ᠰᠤᠷᠭᠠᠯᠲᠠ ᠶᠢᠨ ᠬᠡᠯᠪᠡᠷᠢ ᠶᠢ ᠮᠠᠯᠴᠢᠳ ᠬᠠᠯᠠᠭᠤᠮᠰᠤᠭ ᠢᠶᠠᠷ ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾   ᠪᠤᠶᠤ ︽ᠮᠣᠩᠭᠤᠯ ᠭᠡᠷ ᠰᠤᠷᠭᠠᠭᠤᠯᠢ︾ ᠭᠡᠵᠡᠭᠡᠳᠡᠭ᠃ ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾ ᠨᠢ ᠨᠢᠭᠡᠨ ᠦᠶ᠎ᠠ ᠮᠠᠯᠵᠢᠬᠤ ᠤᠷᠤᠨ ᠤ ᠰᠤᠷᠭᠠᠭᠤᠯᠢ ᠡᠷᠭᠢᠯᠡᠭᠦ ᠬᠠᠨᠳᠤᠰᠢ ᠪᠤᠯᠤᠭᠰᠠᠨ ᠪᠠᠶᠢᠯ᠎ᠠ᠃ ᠲᠡᠷᠡ ᠨᠢ ᠭᠡᠳᠦ᠋ᠢᠪᠡᠷ ᠵᠢᠭᠠᠨ ᠰᠤᠷᠭᠠᠬᠤ ᠨᠦᠭᠦᠴᠡᠯ ᠳᠦᠭᠦᠮᠭᠡᠨ ᠪᠤᠯᠪᠠᠴᠤ ᠮᠠᠯᠴᠢᠳ ᠤᠨ ᠭᠡᠦᠭᠡᠳ ᠲᠤ ᠭᠡᠷ ᠠᠴᠠ ᠪᠠᠨ ᠤᠢᠢᠷᠠᠬᠠᠨ ᠰᠤᠷᠭᠠᠨ ᠭᠦᠮᠦᠵᠢᠯ ᠭᠦᠷᠲᠡᠭᠦ ᠨᠦᠭᠦᠴᠡᠯ ᠪᠦᠷᠢᠯᠳᠦᠭᠦᠯᠵᠤ ᠦᠭᠭᠦᠭᠰᠡᠨ ᠪᠦᠭᠡᠳ ᠮᠠᠯᠴᠢᠳ ᠤᠨ ᠲᠠᠷᠤᠭᠠᠰᠤ ᠶᠢ ᠶᠡᠭᠡᠪᠡᠷ ᠭᠦᠩᠭᠡᠯᠡᠵᠤ᠂ ᠮᠠᠯᠵᠢᠬᠤ ᠤᠷᠤᠨ ᠤ ᠰᠤᠷᠭᠠᠨ ᠭᠦᠮᠦᠵᠢᠯ ᠤᠨ ᠭᠦᠭᠵᠢᠯᠲᠠ ᠪᠤᠯᠤᠨ ᠡᠷᠲᠡ ᠦᠶ᠎ᠡ ᠶᠢᠨ ᠰᠤᠶᠤᠯ ᠤᠨ ᠰᠤᠬᠤᠷ ᠠᠴᠠ ᠠᠷᠢᠯᠭᠠᠬᠤ ᠦᠢᠯᠡᠰ ᠲᠤ ᠢᠲᠡᠪᠭᠢ ᠦᠢᠯᠡᠳᠦᠯ ᠦᠵᠡᠭᠦᠯᠦᠭᠰᠡᠨ ᠪᠠᠶᠢᠨ᠎ᠠ᠃      ᠮᠢᠨᠦ ᠡᠵᠢ ᠰᠦᠪᠸᠢ ᠰᠢᠶᠡᠨ ᠤ ᠬᠠᠮᠤᠭ ᠤᠨ ᠠᠩᠬᠠᠨ ᠤ ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾ ᠶᠢᠨ ᠪᠠᠭᠰᠢ ᠪᠠᠶᠢᠭᠰᠠᠨ ᠪᠢᠯᠡ᠃ ᠨᠠᠮ᠎ᠠ ᠶᠢ ᠬᠤᠶᠠᠷ ᠨᠠᠰᠤᠲᠠᠢ ᠪᠠᠶᠢᠬᠤ ᠳᠤ᠂ ᠡᠵᠢ ᠮᠢᠨᠢ ᠮᠠᠨ ᠤ ᠰᠢᠶᠠᠨ ᠤ ᠶᠤᠷᠬᠠᠨ ᠰᠤᠮᠤ ᠳᠤ ᠴᠣᠷᠢ ᠶᠢᠨ ᠭᠠᠭᠴᠠ ᠠᠩᠬ᠎ᠠ ᠳᠤᠮᠳᠠᠳᠤ ᠲᠡᠭᠦᠰᠦᠭᠰᠠᠨ ᠰᠣᠶᠤᠯ ᠲᠠᠢ ᠬᠥᠮᠦᠨ ᠪᠠᠶᠢᠭᠰᠠᠨ ᠠᠴᠠ ᠮᠣᠷᠢ ᠪᠠᠨ ᠤᠨᠤᠨ ᠮᠠᠯᠴᠢᠳ ᠤᠨ ᠭᠡᠷ ᠢᠶᠠᠷ ᠲᠣᠭᠤᠷᠢᠵᠤ᠂ ᠠᠷᠪᠠᠭᠠᠳ ᠬᠡᠤᠬᠡᠳ ᠲᠤ ᠪᠠᠭᠰᠢᠯᠠᠳᠠᠭ ᠪᠠᠶᠢᠵᠡᠢ᠃ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠦᠶᠡᠰ᠂ ᠭᠠᠭᠴᠠᠭᠠᠷ ᠢᠶᠠᠨ ᠮᠣᠷᠢ ᠪᠠᠷ ᠢᠶᠠᠨ ᠬᠤᠰᠢᠭᠤᠨ ᠲᠥᠪ ᠤᠨ 500km ᠤᠨ ᠭᠠᠵᠠᠷ ᠠᠴᠠ ᠬᠢᠴᠢᠶᠠᠯ ᠤᠨ ᠨᠣᠮ ᠠᠴᠢᠵᠤ ᠵᠥᠭᠡᠭᠡᠳᠡᠭ ᠪᠠᠶᠢᠭᠰᠠᠨ ᠭᠡᠰᠡᠨ᠃ ᠡᠵᠢ ᠮᠢᠨᠢ ᠮᠠᠯᠴᠢᠳ ᠤᠨ ᠬᠡᠤᠬᠡᠳ ᠤᠨ ᠲᠥᠯᠦᠭᠡ ᠭᠡᠰᠡᠨ ᠭᠠᠭᠴᠠ ᠯᠠ ᠰᠡᠳᠭᠢᠯ ᠢᠶᠠᠷ ᠬᠦᠴᠢᠷ ᠢ ᠢᠯᠡᠨ ᠳᠠᠪᠠᠵᠤ ᠴᠢᠷᠮᠠᠶᠢᠵᠤ ᠪᠠᠶᠢᠭᠰᠠᠨ ᠠᠵᠢ᠃ ᠬᠡᠳᠦ᠋ᠢᠪᠠᠷ ᠦᠷᠭᠦᠯᠵᠢᠯᠡᠨ ᠪᠠᠭᠰᠢᠯᠠᠵᠤ ᠲᠡᠶᠢᠯᠦᠭᠰᠠᠨ ᠦᠭᠡᠢ ᠪᠣᠯᠪᠠᠴᠤ ᠬᠡᠤᠬᠡᠨ ᠨᠢ ᠪᠣᠯᠤᠭᠰᠠᠨ ᠪᠢ ᠡᠵᠢ ᠶᠢᠨ ᠢᠶᠠᠨ ᠡᠨᠡ ᠰᠠᠶᠢᠬᠠᠨ ᠬᠠᠯᠠᠭᠤᠨ ᠰᠡᠳᠭᠢᠯ ᠢ ᠵᠠᠯᠭᠠᠮᠵᠢᠯᠠᠵᠤ᠂ ᠠᠷᠠᠳ ᠤᠨ ᠪᠠᠭᠰᠢ ᠪᠣᠯᠤᠭᠰᠠᠨ ᠨᠢ ᠡᠵᠢ ᠳᠤ ᠮᠢᠨᠢ ᠪᠠᠰᠠ ᠨᠢᠭᠡ ᠵᠦᠢᠯ ᠤᠨ ᠲᠠᠶᠢᠳᠬᠤᠷᠠᠭᠤᠯᠤᠯ ᠪᠣᠯᠪᠠᠤ ᠭᠡᠵᠤ ᠪᠣᠳᠤᠳᠠᠭ᠃      1913 ᠤᠨ ᠠᠴᠠ ᠡᠮᠦᠨ᠎ᠡ᠂ ᠭᠦᠭᠡᠨᠠᠭᠤᠷ ᠤᠨ ᠭᠦᠷᠯᠦᠭ ᠬᠤᠰᠢᠭᠤᠨ ᠤ ᠸᠠᠩ ᠤᠨ ᠤᠷᠳᠤᠨ ᠪᠠᠶᠢᠬᠤ ᠭᠠᠵᠠᠷ ᠲᠤ ᠨᠢᠭᠡ ᠰᠤᠷᠭᠠᠭᠤᠯᠢ ᠲᠠᠢ ᠪᠠᠶᠢᠵᠤ᠂ ᠬᠤᠰᠢᠭᠤᠨ ᠤ ᠠᠷᠠᠳ ᠤᠨ ᠦᠷ᠎ᠡ ᠭᠡᠤᠭᠡᠳ ᠢ ᠦᠷᠭᠡᠨ ᠢᠶᠠᠷ   ᠡᠯᠰᠡᠨ᠂ ᠰᠦᠪᠸᠢ ᠶᠢᠨ ᠭᠢᠵᠠᠭᠠᠷ ᠳᠤ ᠬᠢ ᠮᠤᠩᠭᠤᠯ ᠭᠡᠤᠭᠡᠳ ᠤᠳ ᠢ ᠪᠠᠰᠠ ᠡᠯᠰᠠᠵᠤ ᠪᠠᠶᠢᠵᠡᠢ᠃ ᠴᠢᠯᠥᠭᠡᠯᠡᠭᠳᠡᠬᠦ ᠠᠴᠠ ᠡᠮᠦᠨ᠎ᠡ᠂ ᠪᠦᠭᠦ ᠰᠢᠶᠠᠨ ᠤ ᠮᠤᠩᠭᠤᠯ ᠠᠷᠠᠳ ᠤᠨ ᠲᠤᠮᠳᠠ ᠮᠤᠩᠭᠤᠯ ᠭᠢᠲᠠᠳ ᠢᠶᠠᠷ ᠤᠡᠭᠰᠢᠵᠤ ᠪᠢᠴᠢᠵᠤ ᠴᠢᠳᠠᠬᠤ ᠭᠦᠮᠦᠰ 16 ᠭᠦᠮᠦᠨ ᠪᠠᠶᠢᠭᠰᠠᠨ ᠭᠡᠳᠡᠭ᠃      1951 ᠤᠨ ᠤ 4 ᠰᠠᠷ᠎ᠠ ᠳᠤ᠂ ᠰᠦᠪᠸᠢ ᠶᠢᠨ ᠮᠤᠩᠭᠤᠯ ᠦᠨᠳᠦᠰᠦᠲᠡᠨ ᠤ ᠦᠪᠡᠷᠳᠡᠭᠡᠨ ᠵᠠᠰᠠᠬᠤ ᠤᠷᠤᠨ ᠤ ︵ᠲᠡᠷᠡ ᠦᠶ᠎ᠡ ᠶᠢᠨ ᠨᠡᠷᠡᠶᠢᠲᠦᠯ︶ ᠲᠡᠳ᠋ ᠲᠡᠷᠢᠭᠦᠯᠡᠭᠴᠢ ᠲᠦᠭᠦᠷ ᠨᠦᠭᠦᠷ ᠦᠪᠡᠷ ᠤᠨ ᠢᠶᠠᠨ ᠮᠠᠶᠢᠬᠠᠨ ᠢ ᠭᠠᠷᠭᠠᠵᠤ᠂ ᠮᠤᠩᠭᠤᠯ ᠦᠰᠦᠭ ᠮᠡᠳᠡᠳᠡᠭ ᠵᠡᠭᠦᠨ ᠬᠤᠶᠢᠲᠦ ᠤᠷᠤᠨ ᠤ ᠨᠢᠭᠡᠨ ᠮᠠᠯᠴᠢᠨ ᠢᠶᠠᠷ ᠪᠠᠭᠰᠢ ᠪᠣᠯᠭᠠᠵᠤ᠂ 11 ᠰᠤᠷᠤᠭᠴᠢ ᠡᠯᠰᠡᠨ᠂ ᠴᠢᠯᠦᠭᠡᠯᠡᠭᠳᠡᠭᠰᠡᠨ ᠠᠴᠠ ᠨᠠᠰᠢᠭᠢ ᠬᠠᠮᠤᠭ ᠠᠩᠬᠠᠨ ᠤ ᠪᠠᠶᠢᠷᠢᠯᠠᠬᠤ ᠲᠦᠷᠢᠮᠳᠤ ᠪᠠᠭ᠎ᠠ ᠰᠤᠷᠭᠠᠭᠤᠯᠢ ᠪᠠᠶᠢᠭᠤᠯᠤᠭᠳᠠᠵᠠᠢ᠃ ᠡᠨᠡ ᠨᠢ ᠰᠦᠪᠸᠢ ᠰᠢᠶᠡᠨ ᠤ ᠬᠠᠮᠤᠭ ᠤᠨ ᠠᠩᠬᠠᠨ ᠤ ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾ ᠶᠢᠨ ᠡᠬᠢᠯᠡᠯᠲᠡ ᠪᠠᠶᠢᠵᠡᠢ᠃ ᠲᠤᠬᠠᠢ ᠶᠢᠨ ᠦᠶ᠎ᠡ ᠶᠢᠨ ᠮᠠᠯᠵᠢᠬᠤ ᠤᠷᠤᠨ ᠤ ᠠᠵᠤ ᠤᠢᠢᠯᠡᠳᠪᠤᠷᠢᠯᠠᠯ ᠤᠨ ᠬᠡᠯᠪᠡᠷᠢ ᠪᠤᠯᠤᠨ ᠰᠠᠭᠤᠬᠤ ᠨᠦᠭᠦᠴᠡᠯ ᠠᠨᠠᠢ᠂ ᠰᠤᠷᠭᠠᠭᠤᠯᠢ᠂ ᠮᠠᠯᠴᠢᠳ ᠤᠨ ᠨᠡᠭᠦᠳᠡᠯᠯᠡᠭᠦ ᠶᠢ ᠲᠠᠭᠠᠯᠳᠤᠨ ᠨᠡᠭᠦᠵᠤ᠂ ᠭᠡᠵᠢᠶᠡᠳᠡ ᠮᠠᠯᠴᠢᠳ ᠤᠨ ᠲᠤᠮᠲᠠ ᠪᠠᠶᠢᠲᠠᠭ᠃ ᠰᠤᠷᠤᠭᠴᠢ ᠨᠠᠰᠢ ᠴᠠᠰᠢ ᠶᠠᠪᠤᠬᠤ᠂ ᠭᠡᠷ ᠤᠨ ᠠᠬᠠᠮᠠᠳ ᠡᠷᠭᠢᠵᠤ ᠦᠵᠡᠭᠦ ᠳᠤ ᠲᠦᠭᠦᠮ ᠲᠤᠯᠠ ᠮᠠᠯᠵᠢᠯ ᠦᠢᠯᠡᠳᠪᠦᠷᠢᠯᠡᠯ ᠢ ᠨᠦᠯᠦᠭᠡᠯᠡᠭᠦ ᠦᠭᠡᠢ ᠮᠦᠷᠲᠡᠭᠡᠨ ᠭᠡᠤᠭᠡᠳ ᠢᠶᠠᠨ ᠰᠤᠷᠭᠠᠭᠤᠯᠢ ᠳᠤ ᠰᠠᠭᠤᠯᠭᠠᠬᠤ ᠶᠢ ᠴᠤ ᠨᠦᠯᠦᠭᠡᠯᠡᠭᠦ ᠦᠭᠡᠢ ᠪᠠᠶᠢᠵᠡᠢ᠃      1955 ᠤᠨ ᠳᠤ᠂ ᠦᠪᠡᠷᠲᠡᠭᠡᠨ ᠵᠠᠰᠠᠬᠤ ᠰᠢᠶᠠᠨ ᠤ ᠵᠠᠰᠠᠭ ᠤᠨ ᠤᠷᠳᠤᠨ ᠠᠴᠠ ᠰᠤᠶᠤᠯ ᠤᠨ ᠪᠠᠯᠠᠢ ᠶᠢ ᠠᠷᠢᠯᠭᠠᠬᠤ ᠭᠦᠳᠠᠯᠭᠡᠭᠡᠨ ᠢ ᠭᠤᠤᠯ ᠵᠦᠪᠯᠡᠯᠭᠡᠨ ᠤ ᠤᠴᠢᠷ ᠲᠤ ᠣᠷᠤᠭᠤᠯᠵᠤ᠂ ᠰᠢᠶᠠᠨ ᠬᠤᠲᠠ ᠶᠢᠨ ᠡᠯ᠎ᠡ ᠪᠠᠶᠢᠭᠤᠯᠭ᠎ᠠ ᠨᠢᠭᠡᠴᠢ ᠶᠢᠨ 80% ᠶᠢᠨ ᠮᠤᠩᠭᠤᠯ ᠭᠢᠲᠠᠳ ᠺᠠᠳ᠋ᠷ ᠠᠵᠢᠯᠲᠠᠨ ᠵᠢᠴᠢ ᠰᠠᠭᠤᠭᠠᠯᠢ ᠠᠷᠠᠳ          ᠪᠦᠷ ︽ᠺᠠᠳ᠋ᠷ ᠤᠨ ᠠᠵᠢᠯ ᠤᠨ ᠴᠢᠯᠦᠭᠡᠨ ᠤ ᠰᠤᠷᠭᠠᠭᠤᠯᠢ︾ ᠳᠤ ᠰᠤᠷᠤᠯᠴᠠᠭᠰᠠᠨ ᠪᠠᠶᠢᠨ᠎ᠠ᠃ ᠢᠩᠭᠢᠭᠡᠳ ᠨᠠᠰᠤᠨ ᠳᠤ ᠭᠦᠷᠦᠭᠰᠠᠨ ᠡᠷᠡᠭᠲᠠᠢ ᠡᠮᠡᠭᠲᠠᠢ ᠵᠠᠯᠠᠭᠤ ᠢᠳᠡᠷᠴᠤᠳ ᠢ ᠪᠦᠭᠦᠨ ᠢᠶᠠᠷ ᠨᠢ ᠰᠤᠶᠤᠯ ᠰᠤᠷᠭᠠᠨ ᠭᠦᠮᠦᠵᠢᠯ ᠭᠦᠷᠲᠡᠭᠡᠵᠤ ᠡᠬᠢᠯᠡᠭᠰᠡᠨ ᠪᠠᠶᠢᠨ᠎ᠠ᠃      1958 ᠤᠨ ᠳᠤ᠂ ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾ ᠨᠢ ᠡᠯ᠎ᠠ ᠰᠢᠶᠠᠩ ᠤᠨ ᠵᠠᠰᠠᠭ ᠤᠨ ᠤᠷᠳᠤᠨ ᠤ ᠰᠠᠭᠤᠷᠢᠰᠢᠬᠤ ᠶᠢ ᠲᠠᠭᠠᠯᠳᠤᠨ ᠲᠤᠭᠲᠠᠮᠠᠯ ᠰᠤᠷᠭᠠᠭᠤᠯᠢ ᠶᠢᠨ ᠪᠠᠶᠢᠷᠢ ᠪᠠᠶᠢᠰᠢᠩ ᠪᠠᠷᠢᠵᠤ᠂ ᠡᠭᠢᠯᠡᠨ ᠰᠤᠷᠭᠠᠭᠤᠯᠢ ᠡᠷᠬᠢᠯᠡᠭᠰᠡᠨ ᠪᠣᠯᠪᠠᠴᠤ 1969 ᠤᠨ ᠪᠣᠯᠬᠤ ᠳᠤ ᠰᠤᠶᠤᠯ ᠤᠨ ᠬᠤᠪᠢᠰᠬᠠᠯ ᠤᠨ ᠨᠦᠯᠦᠭᠡ ᠠᠴᠠ ᠪᠤᠯᠵᠤ᠂ ᠡᠯ᠎ᠠ ᠭᠥᠩᠱᠧ ᠶᠢᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢ ᠴᠦᠮ ᠪᠠᠷᠢᠭᠠᠲᠠ ᠪᠤᠶᠤ ᠦᠢᠯᠡᠳᠪᠤᠷᠢᠯᠠᠯ ᠤᠨ ᠳᠤᠭᠤᠢᠢᠯᠠᠩ ᠳᠤ ᠶᠠᠪᠤᠭᠤᠯᠵᠤ᠂ ᠲᠡᠭᠢᠨ ︽ᠮᠤᠷᠢᠨ ᠨᠢᠷᠤᠭᠤᠨ ᠲᠡᠭᠡᠷᠡᠭᠢ ᠰᠤᠷᠭᠠᠭᠤᠯᠢ︾ ᠪᠠᠨ ᠡᠷᠬᠢᠯᠡᠵᠤ ᠡᠬᠢᠯᠡᠵᠡᠢ᠃ ᠡᠨᠡ ᠮᠡᠲᠦ ᠪᠠᠷ 1975 ᠤᠨ ᠳᠤ ︽ᠦᠪᠡᠷᠳᠡᠭᠡᠨ ᠵᠠᠰᠠᠬᠤ ᠰᠢᠶᠠᠨ ᠤ ᠰᠤᠷᠭᠠᠨ ᠭᠥᠮᠦᠵᠢᠯ ᠤᠨ ᠭᠥᠭᠵᠢᠯᠲᠡ ᠶᠢᠨ ᠲᠦᠯᠦᠪᠵᠢᠭᠦᠯᠭᠡ︾ ᠶᠢ ᠲᠤᠭᠲᠠᠭᠠᠵᠤ ᠭᠡᠷᠡᠭᠵᠢᠭᠦᠯᠦᠭᠰᠠᠨ ᠠᠴᠠ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠ ᠬᠠᠮᠢᠶᠠᠷᠤᠯᠲᠠ ᠶᠢ ᠲᠡᠭᠡᠭᠰᠢᠯᠡᠭᠦᠯᠭᠦ ᠶᠢᠨ ᠲᠦᠯᠦᠭᠡ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠡᠭᠢᠨ ᠲᠤᠭᠢᠷᠠᠭᠤᠯᠵᠤ᠂ ᠮᠠᠯᠵᠢᠬᠤ ᠤᠷᠤᠨ ᠤ ︽ᠮᠤᠷᠢᠨ ᠨᠢᠷᠤᠭᠤᠨ ᠲᠡᠭᠡᠷᠡᠭᠢ   ᠰᠤᠷᠭᠠᠭᠤᠯᠢ︾ ᠶᠢ ᠪᠥᠭᠦᠲᠠ ᠶᠢ ᠬᠠᠮᠲᠤᠷᠠᠭᠤᠯᠤᠨ ᠨᠢᠭᠡᠳᠭᠡᠭᠰᠠᠨ ᠪᠠᠶᠢᠵᠡᠢ᠃ ᠡᠭᠦᠨ ᠤ ᠬᠠᠮᠲᠤ ᠴᠦᠭᠡᠨ ᠲᠤᠭᠠᠲᠤ ᠦᠨᠳᠦᠰᠦᠲᠡᠨ ᠤ ᠰᠢᠯᠢᠳᠡᠭ ᠰᠤᠷᠤᠭᠴᠢᠳ ᠠᠴᠠ ᠰᠤᠩᠭᠤᠨ ᠪᠠᠷᠠᠭᠤᠨ ᠬᠤᠶᠢᠲᠤ ᠶᠢᠨ ᠦᠨᠳᠦᠰᠦᠲᠡᠨ ᠤ ᠲᠡᠭᠡᠳᠦ ᠰᠤᠷᠭᠠᠭᠤᠯᠢ ᠳᠤ ᠰᠤᠷᠤᠯᠴᠠᠭᠤᠯᠤᠨ ᠲᠤᠰ ᠤᠷᠤᠨ ᠤ ᠪᠠᠨ ᠪᠠᠭᠰᠢ ᠶᠢᠨ ᠭᠦᠴᠦᠨ ᠢ ᠴᠢᠩᠭᠠᠳᠬᠠᠭᠰᠠᠨ ᠪᠠᠶᠢᠨ᠎ᠠ᠃      1977 ᠤᠨ ᠳᠤ᠂ ᠤᠯᠤᠰ ᠤᠨ ᠰᠢᠯᠭᠠᠯᠲᠠ ᠶᠢᠨ ᠳᠦᠷᠢᠮ ᠰᠠᠷᠭᠦᠭᠡᠭᠳᠡᠵᠦ᠂ ᠲᠡᠭᠡᠳᠦ ᠲᠤᠮᠲᠠᠳᠤ ᠶᠢ ᠲᠡᠭᠦᠰᠦᠭᠰᠡᠨ ᠰᠤᠷᠤᠭᠴᠢᠳ ᠪᠦᠷ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠵᠤ ᠴᠢᠳᠠᠭᠰᠠᠨ ᠶᠤᠮ᠃ 1980 ᠤᠨ ᠪᠣᠯᠬᠤ ᠳᠤ᠂ ᠮᠠᠨ ᠤ ᠮᠤᠵᠢ ᠶᠢᠨ ᠮᠤᠩᠭᠤᠯ ᠲᠤᠮᠲᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠭᠦᠮᠦᠵᠢᠭᠦᠯᠭᠦ ᠲᠡᠭᠡᠳᠦ ᠰᠤᠷᠭᠠᠭᠤᠯᠢ ᠦᠭᠡᠢ ᠪᠠᠶᠢᠬᠤ ᠪᠠᠶᠢᠲᠠᠯ ᠲᠤᠤᠷ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠲᠢᠩᠭᠢᠮ ᠲᠠᠢ ᠵᠦᠪᠳᠠᠯᠴᠠᠵᠤ᠂ ᠭᠦᠭᠡᠬᠤᠲᠠ ᠶᠢᠨ ᠦᠨᠳᠦᠰᠦᠲᠠᠨ ᠤ ᠪᠠᠭᠰᠢ ᠶᠢᠨ ᠰᠤᠷᠭᠠᠭᠤᠯᠢ ᠳᠤ ᠰᠤᠷᠤᠭᠴᠢ ᠬᠥᠮᠦᠵᠢᠭᠦᠯᠵᠦ ᠡᠬᠢᠯᠡᠵᠡᠢ᠃      2004 ᠤᠨ ᠳᠤ᠂ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠠᠭᠢᠨ ᠲᠣᠬᠢᠷᠠᠭᠤᠯᠵᠤ᠂ ᠰᠢᠶᠠᠨ ᠤ ᠮᠤᠩᠭᠤᠯ ᠲᠤᠮᠲᠠᠲᠤ ᠰᠤᠷᠭᠠᠭᠤᠯᠢ ᠪᠠ ᠰᠢᠶᠠᠨ ᠤ ᠮᠤᠩᠭᠤᠯ ᠪᠠᠭ᠎ᠠ ᠰᠤᠷᠭᠠᠭᠤᠯᠢ ᠶᠢ ᠦᠪᠡᠷᠳᠡᠭᠡᠨ ᠵᠠᠰᠠᠬᠤ ᠰᠢᠶᠠᠨ ᠤ ᠠᠷᠪᠠᠨ ᠬᠤᠶᠠᠷ ᠵᠢᠯ ᠤᠨ ᠲᠦᠷᠢᠮᠲᠤ ᠮᠤᠩᠭᠤᠯ ᠦᠨᠳᠦᠰᠦᠲᠡᠨ ᠤ ᠰᠤᠷᠭᠠᠭᠤᠯᠢ ᠪᠣᠯᠭᠠᠨ ᠪᠠᠶᠢᠭᠤᠯᠤᠭᠰᠠᠨ ᠪᠠᠶᠢᠨ᠎ᠠ᠃ ᠰᠦᠪᠸᠢ ᠰᠢᠶᠠᠨ ᠤ ᠰᠤᠷᠭᠠᠨ ᠬᠥᠮᠦᠵᠢᠯ ᠤᠨ ᠦᠢᠯᠡᠰ ᠡᠨᠡ ᠮᠡᠲᠤ ᠪᠠᠷ ᠪᠠᠭ᠎ᠠ ᠠᠴᠠ ᠪᠠᠨ ᠶᠡᠭᠡ᠂ ᠪᠠᠭᠤᠷᠠᠢ ᠠᠴᠠ ᠬᠦᠴᠦᠷᠬᠡᠭ ᠪᠣᠯᠵᠤ᠂ ᠬᠡᠳᠤᠨ ᠠᠷᠪᠠᠨ ᠵᠢᠯ ᠤᠨ ᠬᠥᠭᠵᠢᠯᠲᠡ ᠶᠢᠨ ᠲᠡᠤᠬᠡ ᠪᠠᠨ ᠪᠢᠴᠢᠭᠯᠡᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠹᠷᠣᠨᠲ ᠲᠤ ᠣᠮᠳᠤᠭᠠᠢᠢᠯᠠᠵᠤ ᠪᠣᠯᠤᠰᠢ ᠦᠭᠡᠢ ᠣᠷᠤᠨ ᠵᠠᠢ ᠶᠢ ᠡᠵᠡᠯᠡᠵᠦ᠂ ᠭᠠᠨᠰᠤ ᠮᠤᠵᠢ ᠶᠢᠨ ᠴᠤᠷ ᠤᠨ ᠭᠠᠭᠴᠠ ᠮᠣᠩᠭᠤᠯ ᠢᠶᠠᠷ ᠬᠢᠴᠢᠶᠠᠯᠯᠠᠵᠤ ᠪᠠᠶᠢᠭ᠎ᠠ ᠰᠤᠷᠭᠠᠭᠤᠯᠢ ᠪᠣᠯᠬᠤ ᠮᠥᠷᠲᠡᠭᠡᠨ ᠪᠦᠬᠦ ᠤᠯᠤᠰ ᠤᠨ ᠨᠠᠢᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠭᠠᠨ ᠤ ᠭᠤᠣᠯᠳᠠᠯᠭ᠎ᠠ ᠲᠠᠢ ᠰᠤᠷᠭᠠᠭᠤᠯᠢ ᠶᠢᠨ ᠨᠢᠭᠡ ᠪᠤᠯᠤᠭᠰᠠᠨ ᠶᠤᠮ᠃                       ᠬᠠᠶ᠋ᠢᠬ᠄ ᠭᠠᠨᠰᠤ ᠮᠤᠵᠢ ᠶᠢᠨ ᠰᠦᠪᠸᠢ ᠰᠢᠶᠠᠨ ᠤ ᠮᠤᠩᠭᠤᠯ                               ᠦᠨᠳᠦᠰᠦᠲᠡᠨ ᠤ ᠰᠤᠷᠭᠠᠭᠤᠯᠢ                               ︵ᠰᠦᠶ᠎ᠠ ᠨᠠᠶᠢᠷᠠᠭᠤᠯᠪᠠ︶                               2020 ᠤᠨ ᠤ 1 ᠳ᠋ᠦ᠋ᠭᠡᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map