ᠪᠠᠯᠴᠢᠷ ᠬᠡᠦᠬᠡᠳ ᠤᠨ ᠰᠤᠷᠭᠠᠨ ᠬᠦᠮᠦᠵᠢᠯ ᠳᠤ ᠬᠢ ᠲᠤᠭᠯᠠᠭᠠᠮ ᠤᠨ ᠬᠡᠷᠡᠭᠯᠡᠯᠲᠡ ᠶᠢᠨ ᠲᠤᠬᠠᠢ
ᠨᠡᠶᠢᠲᠡᠯᠡᠭᠰᠡᠨ ᠴᠠᠭ᠄
2020/5/22
                                             ᠰᠡᠴᠡᠨᠲᠠᠨ᠎ᠠ      ᠬᠡᠦᠬᠡᠳ ᠤᠨ ᠦᠰᠦᠨ ᠪᠤᠶᠢᠵᠢᠯᠲᠠ ᠶᠢᠨ ᠶᠠᠪᠤᠴᠠ ᠳᠤ ᠲᠤᠭᠯᠠᠭᠠᠮ ᠠᠴᠠ ᠰᠠᠯᠵᠤ ᠳᠡᠶᠢᠯᠬᠦ ᠦᠭᠡᠢ᠃ ᠲᠤᠭᠯᠠᠭᠠᠮ ᠨᠢ ᠬᠡᠦᠬᠡᠳ ᠤᠨ ᠤᠶᠤᠨ ᠪᠢᠯᠢᠭ ᠢ ᠨᠡᠬᠡᠭᠡᠭᠳᠡᠭᠦᠯᠵᠦ᠂ ᠪᠠᠯᠴᠢᠷ ᠬᠡᠦᠬᠡᠳ ᠤᠨ ᠪᠡᠶ᠎ᠡ ᠰᠡᠳᠭᠢᠴᠡ ᠶᠢᠨ ᠬᠦᠭᠵᠢᠯᠲᠡ ᠶᠢ ᠠᠬᠢᠭᠤᠯᠳᠠᠭ᠃ ᠲᠤᠭᠯᠠᠭᠠᠮ ᠨᠢ ᠪᠠᠯᠴᠢᠷ ᠬᠡᠦᠬᠡᠳ ᠤᠨ ᠰᠤᠷᠭᠠᠨ ᠬᠦᠮᠦᠵᠢᠯ ᠳᠤ ᠴᠢᠬᠤᠯᠠ ᠳᠦᠷᠢ ᠶᠢ ᠲᠤᠭᠯᠠᠵᠤ᠂ ᠬᠢᠴᠢᠶᠡᠯ ᠤᠨ ᠲᠠᠩᠭᠢᠮ ᠤᠨ ᠠᠭᠤᠷ ᠠᠮᠢᠰᠬᠤᠯ ᠢ ᠳᠠᠶᠢᠴᠢᠯᠠᠵᠤ᠂ ᠪᠠᠯᠴᠢᠷ ᠬᠡᠦᠬᠡᠳ ᠤᠨ ᠰᠤᠨᠢᠷᠬᠠᠯ ᠢ ᠲᠠᠲᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠪᠠᠯᠴᠢᠷ ᠬᠡᠦᠬᠡᠳ ᠤᠨ ᠬᠤᠭᠤᠴᠠᠭ᠎ᠠ ᠪᠤᠯ ᠬᠡᠦᠬᠡᠳ ᠤᠨ ᠪᠡᠶ᠎ᠡ ᠰᠡᠳᠭᠢᠯ ᠴᠦᠮ ᠲᠤᠭᠲᠠᠪᠤᠷᠢᠲᠤ ᠪᠤᠰᠤ ᠱᠠᠲᠤ ᠪᠠᠶᠢᠵᠤ᠂ ᠲᠤᠭᠯᠠᠭᠠᠮ ᠢᠶᠠᠷ ᠳᠠᠮᠵᠢᠨ ᠬᠡᠦᠬᠡᠳ ᠢ ᠬᠠᠪᠰᠤᠷᠴᠤ ᠦᠪᠡᠷ ᠪᠢ ᠶᠢ ᠨᠢ ᠲᠡᠭᠦᠯᠳᠡᠷᠵᠢᠭᠦᠯᠵᠦ᠂ ᠨᠡᠶᠢᠭᠡᠮ ᠪᠤᠯᠤᠨ ᠠᠮᠢᠳᠤᠷᠠᠯ ᠤᠨ ᠲᠤᠬᠠᠢ ᠲᠠᠨᠢᠨ ᠮᠡᠳᠡᠷᠡᠬᠦᠢ ᠶᠢ ᠨᠢ ᠴᠢᠩᠭᠠᠳᠬᠠᠨ᠎ᠠ᠃ ᠶᠠᠷᠢᠶᠠᠨ ᠦᠭᠡᠢ᠂ ᠲᠤᠭᠯᠠᠭᠠᠮ ᠤᠨ ᠲᠤᠬᠢᠷᠠᠭᠤᠯᠤᠯᠲᠠ ᠨᠢ ᠳᠦᠭᠦᠮᠬᠡᠨ ᠢᠶᠠᠷ ᠬᠠᠭᠤᠯᠪᠤᠷᠢᠯᠠᠬᠤ ᠪᠢᠰᠢ᠂ ᠬᠠᠷᠢᠨ ᠪᠠᠯᠴᠢᠷ ᠬᠡᠦᠬᠡᠳ ᠤᠨ ᠪᠡᠶ᠎ᠡ ᠰᠡᠳᠭᠢᠯ ᠤᠨ ᠤᠨᠴᠠᠯᠢᠭ ᠲᠠᠢ ᠤᠶᠠᠯᠳᠤᠭᠤᠯᠵᠤ᠂ ᠬᠠᠮᠤᠭ ᠤᠨ ᠲᠤᠬᠢᠷᠠᠮᠵᠢᠲᠠᠢ ᠪᠠᠷ ᠲᠤᠭᠯᠠᠭᠠᠮ ᠤᠨ ᠦᠵᠡᠭᠳᠡᠯ ᠢ ᠲᠤᠬᠢᠷᠠᠭᠤᠯᠬᠤ ᠬᠡᠷᠡᠭᠲᠡᠢ᠂ ᠢᠩᠭᠢᠪᠡᠯ ᠰᠠᠶ᠋ᠢ ᠪᠠᠯᠴᠢᠷ ᠬᠡᠦᠬᠡᠳ ᠲᠤᠭᠯᠠᠭᠠᠮ ᠤᠨ ᠬᠠᠪᠤ ᠴᠡᠩᠭᠡᠯ ᠢ ᠦᠨᠡᠨ ᠬᠦ ᠮᠡᠳᠡᠷᠡᠵᠦ ᠳᠡᠶᠢᠯᠦᠨ᠎ᠡ᠃      ᠴᠡᠴᠡᠷᠯᠢᠭ ᠤᠨ ᠬᠡᠦᠬᠡᠳ ᠤᠨ ᠤᠯᠠᠩᠬᠢ ᠨᠢ 3~6 ᠨᠠᠰᠤᠨ ᠤ ᠬᠤᠭᠤᠷᠤᠨᠳᠤ ᠪᠠᠶᠢᠵᠤ᠂ ᠡᠨᠡ ᠬᠦ ᠬᠤᠭᠤᠴᠠᠭ᠎ᠠ ᠪᠤᠯ ᠦᠪᠡᠷᠮᠢᠴᠡ ᠴᠢᠨᠠᠷ ᠤᠨ ᠰᠠᠭᠤᠷᠢ ᠶᠢᠨ ᠴᠢᠨᠠᠷᠲᠠᠢ ᠱᠠᠲᠤ ᠪᠠᠶᠢᠵᠤ᠂ ᠮᠦᠨ ᠴᠤ ᠪᠠᠯᠴᠢᠷ ᠬᠡᠦᠬᠡᠳ ᠤᠨ ᠦᠪᠡᠷᠮᠢᠴᠡ ᠴᠢᠨᠠᠷ ᠤᠨ ᠬᠦᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠃ ᠡᠨᠡ ᠬᠦ ᠬᠤᠭᠤᠴᠠᠭᠠᠨ ᠤ ᠪᠠᠯᠴᠢᠷ ᠬᠡᠦᠬᠡᠳ ᠤᠨ ᠤᠯᠠᠩᠭᠢ ᠨᠢ ᠨᠡᠯᠢᠶᠡᠳ ᠰᠡᠷᠭᠡᠭ᠂ ᠰᠤᠨᠢᠭᠤᠴᠢ ᠰᠡᠳᠭᠢᠯ ᠨᠢ ᠴᠢᠩᠭ᠎ᠠ᠂ ᠰᠠᠨᠠᠭᠠᠴᠢᠯᠠᠭ᠎ᠠ ᠲᠠᠢ ᠪᠠᠷ ᠪᠤᠰᠤᠳ ᠢ ᠳᠠᠭᠤᠷᠢᠶᠠᠵᠤ᠂ ᠠᠭᠠᠵᠢᠮ ᠢᠶᠠᠷ ᠲᠤᠰᠠᠭᠠᠷ ᠬᠥᠮᠥᠨ ᠴᠢᠨᠠᠷ ᠤᠨ ᠤᠨᠴᠠᠯᠢᠭ ᠢ ᠪᠦᠷᠢᠯᠳᠦᠭᠦᠯᠳᠡᠭ᠃ ᠡᠶᠢᠮᠦ ᠠᠴᠠ ᠪᠠᠯᠴᠢᠷ ᠬᠡᠦᠬᠡᠳ ᠤᠨ ᠬᠤᠭᠤᠴᠠᠭᠠᠨ ᠤ ᠰᠤᠷᠭᠠᠨ ᠬᠦᠮᠦᠵᠢᠯ ᠪᠤᠯ ᠮᠠᠰᠢ ᠴᠢᠬᠤᠯᠠ ᠶᠤᠮ᠃ ᠪᠠᠯᠴᠢᠷ ᠬᠡᠦᠬᠡᠳ ᠤᠨ ᠰᠤᠷᠭᠠᠨ ᠬᠦᠮᠦᠵᠢᠯ ᠳᠤ ᠬᠢ ᠲᠤᠭᠯᠠᠭᠠᠮ ᠤᠨ ᠬᠡᠷᠡᠭᠯᠡᠯᠲᠡ ᠨᠢ ᠰᠤᠷᠤᠭᠴᠢᠳ ᠤᠨ ᠳᠦᠷᠰᠦᠯᠡᠨ ᠪᠤᠳᠤᠬᠤ ᠴᠢᠳᠠᠪᠤᠷᠢ ᠪᠤᠯᠤᠨ ᠡᠭᠦᠳᠦᠨ ᠪᠦᠲᠦᠭᠡᠬᠦ ᠴᠢᠳᠠᠪᠤᠷᠢ ᠶᠢ ᠨᠢ ᠭᠦᠢᠴᠡᠳ ᠪᠠᠳᠠᠷᠠᠭᠤᠯᠵᠤ᠂ ᠪᠠᠯᠴᠢᠷ ᠬᠡᠦᠬᠡᠳ ᠲᠤ ᠬᠡᠦᠬᠡᠳ ᠨᠠᠰᠤᠨ ᠤ ᠪᠠᠶᠠᠷ ᠪᠠᠶᠠᠰᠤᠯ ᠢ ᠡᠳ᠋ᠯᠡᠭᠦᠯᠦᠨ᠎ᠡ᠃      ᠨᠢᠭᠡ᠂ ᠪᠠᠯᠴᠢᠷ ᠬᠡᠦᠬᠡᠳ ᠤᠨ ᠰᠤᠷᠭᠠᠨ ᠬᠦᠮᠦᠵᠢᠯ ᠳᠤ ᠬᠢ ᠲᠤᠭᠯᠠᠭᠠᠮ ᠤᠨ ᠴᠢᠬᠤᠯᠠ ᠴᠢᠨᠠᠷ      ᠲᠤᠭᠯᠠᠭᠠᠮ ᠨᠢ ᠪᠠᠯᠴᠢᠷ ᠬᠡᠦᠬᠡᠳ ᠲᠤ ᠠᠪᠴᠤ ᠬᠡᠯᠡᠪᠡᠯ ᠨᠠᠭᠠᠳᠬᠤ ᠠᠷᠭ᠎ᠠ ᠪᠠᠷᠢᠯ ᠪᠤᠯᠬᠤ ᠮᠦᠷᠲᠡᠭᠡᠨ ᠨᠡᠩ ᠴᠤ ᠰᠤᠷᠭᠠᠨ ᠬᠦᠮᠦᠵᠢᠯ ᠬᠦᠷᠲᠡᠬᠦ‍ ᠨᠢᠭᠡ ᠵᠦᠢᠯ ᠤᠨ ᠴᠢᠬᠤᠯᠠ ᠠᠷᠭ᠎ᠠ ᠪᠠᠷᠢᠯ ᠪᠤᠯᠤᠨ᠎ᠠ᠃ ᠲᠤᠭᠯᠠᠭᠠᠮ ᠨᠢ ᠬᠡᠦᠬᠡᠳ ᠤᠨ ᠮᠡᠳᠡᠯᠭᠡ ᠶᠢ ᠨᠡᠮᠡᠭᠳᠡᠭᠦᠯᠬᠦ ᠪᠠᠷ ᠪᠠᠷᠠᠬᠤ ᠦᠭᠡᠢ᠂ ᠪᠠᠰᠠ ᠪᠠᠯᠴᠢᠷ ᠬᠡᠦᠬᠡᠳ ᠤᠨ ᠦᠭᠡ ᠬᠡᠯᠡ ᠪᠤᠯᠤᠨ ᠤᠶᠤᠨ ᠪᠢᠯᠢᠭ ᠤᠨ ᠬᠦᠭᠵᠢᠯᠲᠡ ᠶᠢ ᠠᠬᠢᠭᠤᠯᠳᠠᠭ᠃      ︵ᠨᠢᠭᠡ︶ ᠶᠡᠷᠦ ᠶᠢᠨ ᠮᠡᠳᠡᠯᠭᠡ ᠶᠢᠨ ᠴᠢᠨᠠᠷᠲᠠᠢ ᠮᠡᠳᠡᠯᠭᠡ ᠶᠢ ᠪᠠᠲᠤᠳᠬᠠᠨ᠎ᠠ      ᠤᠯᠠᠮᠵᠢᠯᠠᠯᠲᠤ ᠰᠤᠷᠭᠠᠨ ᠬᠦᠮᠦᠵᠢᠯ ᠤᠨ ᠵᠠᠭᠪᠤᠷ ᠤᠨ ᠨᠦᠯᠦᠭᠡ ᠪᠠᠷ᠂ ᠪᠠᠯᠴᠢᠷ ᠬᠡᠦᠬᠡᠳ ᠤᠨ ᠰᠤᠷᠭᠠᠨ ᠬᠦᠮᠦᠵᠢᠯ ᠳᠤ ᠮᠠᠰᠢ ᠤᠯᠠᠨ ᠶᠡᠷᠦ ᠶᠢᠨ ᠮᠡᠳᠡᠯᠭᠡ ᠶᠢᠨ ᠴᠢᠨᠠᠷᠲᠠᠢ ᠵᠢᠭᠠᠨ ᠰᠤᠷᠭᠠᠬᠤ ᠠᠭᠤᠯᠭ᠎ᠠ ᠬᠤᠯᠪᠤᠭᠳᠠᠵᠤ᠂ ᠡᠳᠡᠭᠡᠷ ᠮᠡᠳᠡᠯᠭᠡ ᠨᠢ ᠨᠡᠶᠢᠳᠡᠮ ᠳᠤ ᠪᠠᠨ ᠰᠤᠨᠢᠷᠬᠠᠯ ᠢ ᠲᠠᠲᠠᠵᠤ ᠳᠡᠶᠢᠯᠬᠦ ᠦᠭᠡᠢ ᠠᠴᠠ ᠪᠤᠯᠵᠤ᠂ ᠪᠠᠯᠴᠢᠷ ᠬᠡᠦᠬᠡᠳ ᠤᠳᠤᠬᠢ ᠰᠤᠷᠤᠯᠴᠠᠯᠭ᠎ᠠ ᠳᠤ ᠪᠠᠨ ᠳᠡᠮᠡᠢ ᠳᠤᠷ᠎ᠠ ᠪᠠᠬ᠎ᠠ ᠦᠭᠡᠢ ᠪᠤᠯᠤᠭᠰᠠᠨ ᠪᠠᠶᠢᠨ᠎ᠠ᠃ ᠶᠡᠷᠦ ᠶᠢᠨ ᠮᠡᠳᠡᠯᠭᠡ ᠶᠢᠨ ᠴᠢᠨᠠᠷᠲᠠᠢ ᠵᠢᠭᠠᠨ ᠰᠤᠷᠭᠠᠬᠤ ᠠᠭᠤᠯᠭ᠎ᠠ ᠶᠢᠨ ᠤᠯᠠᠩᠬᠢ ᠨᠢ ᠪᠠᠯᠴᠢᠷ ᠬᠡᠦᠬᠡᠳ ᠲᠤ ᠵᠢᠭᠠᠨ ᠰᠤᠷᠭᠠᠬᠤ ᠵᠢᠭᠠᠬᠤ ᠮᠠᠲ᠋ᠧᠷᠢᠶᠠᠯ ᠠᠴᠠ ᠢᠷᠡᠯᠲᠡ ᠲᠠᠢ ᠪᠦᠭᠡᠳ ᠢᠷᠡᠭᠡᠳᠦᠢ ᠶᠢᠨ ᠬᠦᠭᠵᠢᠯᠲᠡ ᠶᠢᠨ ᠲᠦᠯᠦᠪᠯᠡᠭᠡ ᠶᠢᠨ ᠲᠤᠬᠠᠢ ᠵᠤᠬᠢᠬᠤ ᠲᠠᠶᠢᠯᠪᠤᠷᠢᠯᠠᠯᠲᠠ ᠶᠢᠨ ᠰᠢᠨᠵᠢ ᠲᠠᠢ ᠮᠡᠳᠡᠯᠭᠡ ᠲᠠᠢ ᠲᠤᠯᠠ ᠡᠨᠡ ᠨᠢ ᠪᠠᠯᠴᠢᠷ ᠬᠡᠦᠬᠡᠳ ᠢ ᠠᠮᠠᠷᠬᠠᠨ ᠬᠠᠯᠠᠰᠢᠷᠠᠭᠤᠯᠳᠠᠭ ᠪᠠᠶᠢᠨ᠎ᠠ᠃ ᠲᠤᠭᠯᠠᠭᠠᠮ ᠢ ᠠᠭᠤᠰᠬᠠᠪᠠᠯ ᠤᠨᠤᠯ ᠤᠨ ᠮᠡᠳᠡᠯᠭᠡ ᠶᠢᠨ ᠪᠠᠯᠴᠢᠷ ᠬᠡᠦᠬᠡᠳ ᠢ ᠲᠠᠲᠠᠵᠤ ᠴᠢᠳᠠᠬᠤ ᠦᠭᠡᠢ ᠪᠠᠶᠢᠬᠤ ᠠᠰᠠᠭᠤᠳᠠᠯ ᠢ ᠮᠠᠰᠢ ᠰᠠᠶᠢᠨ ᠰᠢᠢᠳᠪᠦᠷᠢᠯᠡᠵᠦ᠂ ᠰᠤᠷᠤᠭᠴᠢᠳ ᠤᠨ ᠰᠤᠷᠤᠯᠴᠠᠬᠤ ᠢᠳᠡᠪᠬᠢᠵᠢᠯ ᠢ ᠰᠠᠶᠢᠬᠠᠨ ᠳᠠᠶᠢᠴᠢᠯᠠᠳᠠᠭ ᠶᠤᠮ᠃ ᠲᠤᠭᠯᠠᠭᠠᠮ ᠤᠨ ᠲᠤᠰ ᠪᠡᠶ᠎ᠡ ᠶᠢᠨ ᠬᠠᠪᠤ ᠴᠡᠩᠬᠡᠯ ᠨᠢ ᠪᠠᠯᠴᠢᠷ ᠬᠡᠦᠬᠡᠳ ᠢ ᠲᠤᠭᠯᠠᠭᠠᠮ ᠤᠨ ᠳᠤᠮᠳᠠ ᠦᠪᠡᠷ ᠪᠢ ᠶᠢ ᠨᠢ ᠴᠢᠯᠦᠭᠡᠯᠡᠵᠦ᠂ ᠦᠪᠡᠷ ᠤᠨ ᠪᠤᠳᠤᠯ ᠢᠶᠠᠨ ᠪᠠᠶᠠᠷᠲᠠᠢ ᠪᠠᠷ ᠢᠯᠡᠳᠭᠡᠵᠦ᠂ ᠪᠠᠯᠴᠢᠷ ᠬᠡᠦᠬᠡᠳ ᠤᠨ ᠰᠤᠷᠤᠯᠴᠠᠬᠤ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠵᠦ ᠴᠢᠳᠠᠨ᠎ᠠ᠃ ᠵᠢᠱᠢᠶᠡᠯᠡᠪᠡᠯ᠂ ᠦᠷᠭᠦᠯᠵᠢ ᠬᠡᠷᠡᠭᠯᠡᠳᠡᠭ ᠠᠮᠢᠳᠤᠷᠠᠯ ᠤᠨ ᠬᠡᠷᠡᠭᠰᠡᠯ ᠤᠨ ᠬᠡᠷᠡᠭᠴᠡᠭᠡ ᠪᠤᠯᠤᠨ ᠤᠨᠴᠠᠯᠢᠭ ᠢ ᠲᠠᠶᠢᠯᠪᠤᠷᠢᠯᠠᠬᠤ ᠦᠶ᠎ᠡ ᠳᠤ᠂ ᠪᠠᠯᠴᠢᠷ ᠬᠡᠦᠬᠡᠳ ᠤᠨ ᠰᠤᠷᠤᠯᠴᠠᠬᠤ ᠤᠷᠮ᠎ᠠ ᠪᠠᠬ᠎ᠠ ᠶᠢ ᠬᠦᠭᠵᠢᠭᠡᠬᠦ ᠶᠢᠨ ᠲᠦᠯᠦᠭᠡ᠂ ᠪᠠᠭᠰᠢ ᠤᠷᠢᠳ ᠢᠶᠠᠷ ᠬᠠᠮᠢᠶ᠎ᠠ ᠪᠦᠬᠦᠢ ᠪᠠᠭᠠᠵᠢ ᠶᠢ ᠪᠡᠯᠡᠳᠭᠡᠵᠦ᠂ ᠪᠠᠯᠴᠢᠷ ᠬᠡᠦᠬᠡᠳ ᠢᠶᠠᠷ ᠮᠡᠳᠡᠷᠡᠭᠦᠯᠵᠦ ᠬᠡᠷᠡᠭᠯᠡᠭᠦᠯᠵᠦ ᠪᠤᠯᠤᠨ᠎ᠠ᠃ ᠢᠩᠭᠢᠬᠦ ᠨᠢ ᠪᠠᠯᠴᠢᠷ ᠬᠡᠦᠬᠡᠳ ᠤᠨ ᠤᠨᠤᠯ ᠤᠨ ᠮᠡᠳᠡᠯᠭᠡ ᠶᠢ ᠭᠠᠳᠠᠭᠤᠷᠴᠢᠯᠠᠬᠤ ᠶᠢ ᠨᠠᠮᠳᠠᠭᠤᠯᠵᠤ ᠪᠤᠯᠬᠤ ᠪᠦᠭᠡᠳ ᠲᠡᠳᠡᠨᠤᠰ ᠢᠶᠠᠷ ᠦᠪᠡᠷ ᠤᠨ ᠪᠡᠶ᠎ᠡ ᠪᠠᠷ ᠨᠢ ᠦᠢᠯᠡᠳᠦᠯᠭᠡᠵᠢᠭᠦᠯᠬᠦ ᠪᠠᠷ ᠳᠠᠮᠵᠢᠨ ᠤᠨᠤᠯ ᠤᠨ ᠮᠡᠳᠡᠯᠭᠡ ᠶᠢᠨ ᠪᠤᠳᠠᠳᠤ ᠠᠴᠢ ᠬᠤᠯᠪᠤᠭᠳᠠᠯ ᠢ ᠲᠠᠨᠢᠭᠤᠯᠵᠤ ᠪᠤᠯᠤᠨ᠎ᠠ᠃      ︵ᠬᠤᠶᠠᠷ︶ ᠪᠠᠯᠴᠢᠷ ᠬᠡᠦᠬᠡᠳ ᠤᠨ ᠬᠡᠯᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ      ᠪᠠᠯᠴᠢᠷ ᠬᠡᠦᠬᠡᠳ ᠤᠨ ᠵᠢᠭᠠᠨ ᠰᠤᠷᠭᠠᠬᠤ ᠬᠡᠯᠡ ᠶᠢ ᠳᠤᠷᠠᠳᠤᠮᠠᠭᠴᠠ ᠶᠡᠷᠦ ᠳᠤ ᠪᠠᠨ ᠬᠡᠦᠬᠡᠳ ᠤᠨ ᠲᠤᠮᠤᠭ᠂ ᠶᠤᠵᠤᠳᠤ ᠦᠯᠢᠭᠡᠷ ᠵᠡᠷᠭᠡ ᠵᠤᠬᠢᠶᠠᠯ ᠤᠨ ᠰᠲ᠋ᠢᠯᠢ ᠶᠢ ᠪᠤᠳᠤᠵᠤ ᠤᠯᠳᠠᠭ᠃ ᠡᠶᠢᠮᠦᠷᠬᠦᠦ ᠢᠯᠡᠳᠭᠡᠬᠦ ᠬᠡᠯᠪᠡᠷᠢ ᠨᠢ ᠪᠠᠯᠴᠢᠷ ᠬᠡᠦᠬᠡᠳ ᠤᠨ ᠪᠡᠶ᠎ᠡ ᠰᠡᠳᠭᠢᠴᠡ ᠶᠢᠨ ᠤᠨᠴᠠᠯᠢᠭ ᠲᠤ ᠨᠡᠩ ᠲᠤᠬᠢᠷᠠᠳᠠᠭ᠃ ᠪᠠᠯᠴᠢᠷ ᠬᠡᠦᠬᠡᠳ ᠢ ᠠᠳᠠᠯᠢ ᠪᠤᠰᠤ ᠳᠦᠷᠢ ᠪᠠᠷ ᠬᠤᠪᠢᠶᠠᠵᠤ᠂ ᠲᠤᠭᠯᠠᠭᠠᠮ ᠤᠨ ᠠᠬᠤᠢ ᠪᠠᠶᠢᠳᠠᠯ ᠢ ᠢᠯᠡᠷᠡᠭᠦᠯᠵᠦ᠂ ᠪᠠᠯᠴᠢᠷ ᠬᠡᠦᠬᠡᠳ ᠢᠶᠠᠷ ᠦᠯᠢᠭᠡᠷ ᠲᠤ ᠬᠢ ᠬᠥᠮᠥᠰ ᠤᠨ ᠰᠡᠳᠭᠢᠯᠭᠡ ᠶᠢ ᠦᠪᠡᠷ ᠤᠨ ᠮᠡᠳᠡᠷᠡᠮᠵᠢ ᠪᠠᠷ ᠨᠢ ᠢᠯᠡᠷᠡᠭᠦᠯᠵᠦ᠂ ᠳᠡᠭᠡᠷ᠎ᠡ ᠨᠢ ᠡᠭᠦᠷᠭᠡ ᠶᠢᠨ ᠢᠶᠠᠨ ᠬᠡᠯᠡᠨ ᠤ ᠤᠨᠴᠠᠯᠢᠭ ᠢ ᠳᠠᠭᠤᠷᠢᠶᠠᠵᠤ ᠢᠯᠡᠷᠡᠭᠦᠯᠪᠡᠯ᠂ ᠪᠠᠯᠴᠢᠷ ᠬᠡᠦᠬᠡᠳ ᠤᠨ ᠬᠡᠯᠡᠨ ᠤ ᠴᠢᠳᠠᠪᠤᠷᠢ ᠶᠢ ᠮᠠᠰᠢ ᠰᠠᠶᠢᠨ ᠢᠶᠠᠷ ᠬᠦᠮᠦᠵᠢᠭᠦᠯᠵᠦ ᠴᠢᠳᠠᠨ᠎ᠠ᠃ ᠬᠡᠯᠡᠨ ᠤ ᠠᠬᠤᠢ ᠪᠠᠶᠢᠳᠠᠯ ᠢ ᠲᠤᠭᠲᠠᠭᠠᠬᠤ ᠪᠠᠷ ᠳᠠᠮᠵᠢᠵᠤ᠂ ᠪᠠᠯᠴᠢᠷ ᠬᠡᠦᠬᠡᠳ ᠰᠠᠨᠠᠭᠠᠴᠢᠯᠠᠭᠠᠲᠤ ᠴᠢᠨᠠᠷ ᠢᠶᠠᠨ ᠪᠠᠳᠠᠷᠠᠭᠤᠯᠵᠤ᠂ ᠬᠡᠯᠡᠨ ᠤ ᠴᠢᠳᠠᠪᠤᠷᠢ ᠪᠠᠨ ᠪᠠᠶᠠᠯᠢᠬᠵᠢᠭᠤᠯᠬᠤ ᠪᠠ ᠲᠡᠭᠦᠯᠳᠡᠷᠵᠢᠭᠦᠯᠵᠦ᠂ ᠬᠡᠦᠬᠡᠳ ᠤᠨ ᠬᠤᠵᠢᠮ ᠤᠨ ᠬᠦᠭᠵᠢᠯᠲᠡ ᠳᠤ ᠮᠠᠰᠢ ᠠᠰᠢᠭ ᠲᠠᠢ ᠶᠤᠮ᠃      ︵ᠭᠤᠷᠪᠠ︶ ᠪᠠᠯᠴᠢᠷ ᠬᠡᠦᠬᠡᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ᠎ᠡ      ᠪᠠᠯᠴᠢᠷ ᠬᠡᠦᠬᠡᠳ ᠤᠨ ᠬᠤᠭᠤᠴᠠᠭ᠎ᠠ ᠪᠤᠯ ᠬᠡᠦᠬᠡᠳ ᠤᠨ ᠨᠢᠭᠡ ᠨᠠᠰᠤᠨ ᠤ ᠬᠦᠭᠵᠢᠯᠲᠡ ᠲᠠᠢ ᠬᠤᠯᠪᠤᠭᠳᠠᠬᠤ ᠶᠡᠭᠡ ᠶᠠᠪᠤᠳᠠᠯ ᠮᠦᠨ᠃ ᠡᠶᠢᠮᠦ ᠠᠴᠠ ᠶᠤᠰᠤ᠂ ᠮᠤᠷᠠᠯ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ      ᠰᠠᠶᠢᠬᠠᠨ᠂ ᠬᠦᠳᠡᠯᠮᠦᠷᠢ ᠵᠡᠷᠭᠡ ᠡᠯ᠎ᠡ ᠲᠠᠯ᠎ᠠ ᠶᠢ ᠬᠠᠷᠠᠭᠠᠯᠵᠠᠵᠤ᠂ ᠵᠤᠬᠢᠴᠠᠩᠭᠤᠢ ᠬᠦᠭᠵᠢᠭᠦᠯᠬᠦ ᠬᠡᠷᠡᠭᠲᠡᠢ᠃ ᠡᠨᠡ ᠨᠢ ᠬᠡᠦᠬᠡᠳ ᠤᠨ ᠬᠤᠵᠢᠮ ᠤᠨ ᠵᠠᠩ ᠴᠢᠨᠠᠷ ᠤᠨ ᠬᠦᠮᠦᠵᠢᠭᠦᠯᠦᠯ᠂ ᠬᠥᠮᠥᠨ ᠲᠠᠢ ᠶᠠᠪᠤᠯᠴᠠᠵᠤ ᠬᠡᠷᠡᠭ ᠪᠤᠳᠠᠰ ᠲᠤ ᠬᠠᠨᠳᠤᠬᠤ ᠵᠢᠴᠢ ᠪᠡᠶ᠎ᠡ ᠮᠠᠬᠠᠪᠤᠳ ᠤᠨ ᠬᠡᠪ ᠴᠢᠨᠠᠷ ᠵᠡᠷᠭᠡ ᠡᠯ᠎ᠡ ᠲᠠᠯ᠎ᠠ ᠶᠢᠨ ᠬᠦᠮᠦᠵᠢᠯ ᠳᠤ ᠠᠪᠴᠤ ᠬᠡᠯᠡᠪᠡᠯ ᠴᠢᠬᠤᠯᠠ ᠤᠳᠬ᠎ᠠ ᠠᠭᠤᠯᠭ᠎ᠠ ᠲᠠᠢ ᠶᠤᠮ᠃ ᠲᠤᠭᠯᠠᠭᠠᠮ ᠤᠨ ᠬᠡᠷᠡᠭᠯᠡᠯᠲᠡ ᠶᠢᠨ ᠶᠠᠪᠤᠴᠠ ᠳᠤ ᠲᠤᠭᠯᠠᠭᠠᠮ ᠤᠨ ᠳᠦᠷᠢᠮ ᠢᠶᠠᠷ ᠲᠤᠭᠯᠠᠭᠠᠮ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠂ ᠡᠳᠡᠭᠡᠷ ᠳᠦᠷᠢᠮ ᠨᠢ ᠬᠡᠦᠬᠡᠳ ᠢ ᠰᠠᠨᠠᠮᠰᠠᠷ ᠦᠭᠡᠢ ᠪᠠᠷ ᠰᠠᠶᠢᠨ ᠰᠠᠶᠢᠬᠠᠨ ᠰᠠᠬᠢᠯᠭ᠎ᠠ ᠪᠠᠲᠤᠴᠢ ᠴᠢᠨᠠᠷ ᠪᠤᠯᠤᠨ ᠵᠠᠩ ᠴᠢᠨᠠᠷ ᠲᠠᠢ ᠪᠤᠯᠭᠠᠨ ᠬᠥᠮᠥᠵᠢᠭᠦᠯᠦᠨ᠎ᠡ᠃ ᠡᠭᠦᠨ ᠠᠴᠠ ᠭᠠᠳᠠᠨ᠎ᠠ᠂ ᠲᠤᠭᠯᠠᠭᠠᠮ ᠤᠨ ᠲᠤᠬᠢᠷᠠᠭᠤᠯᠤᠯᠲᠠ ᠳᠤ ᠪᠠᠯᠴᠢᠷ ᠬᠡᠦᠬᠡᠳ ᠲᠠᠷᠢᠬᠢ ᠪᠠᠨ ᠬᠦᠳᠡᠯᠭᠡᠬᠦ ᠪᠠ ᠬᠠᠮᠢᠶ᠎ᠠ ᠪᠦᠬᠦᠢ ᠲᠠᠮᠢᠷ ᠤᠨ ᠪᠤᠯᠪᠠᠰᠤᠷᠠᠯ ᠢ ᠱᠠᠭᠠᠷᠳᠠᠵᠤ᠂ ᠲᠤᠭᠲᠠᠭᠰᠠᠨ ᠪᠡᠶ᠎ᠡ ᠲᠠᠮᠢᠷ ᠪᠤᠯᠤᠨ ᠲᠠᠷᠢᠬᠢᠨ ᠤ ᠪᠤᠯᠪᠠᠰᠤᠷᠠᠯ ᠤᠨ ᠳᠤᠮᠳᠠ ᠪᠠᠯᠴᠢᠷ ᠬᠡᠦᠬᠡᠳ ᠤᠨ ᠰᠡᠳᠭᠢᠬᠦ ᠴᠢᠳᠠᠪᠤᠷᠢ ᠪᠤᠯᠤᠨ ᠰᠤᠷᠤᠯᠴᠠᠯᠭ᠎ᠠ ᠶᠢᠨ ᠲᠦᠪᠰᠢᠨ ᠨᠢ ᠮᠠᠰᠢ ᠶᠡᠭᠡ ᠪᠠᠷ ᠳᠡᠭᠡᠭᠰᠢᠯᠡᠵᠦ᠂ ᠪᠠᠯᠴᠢᠷ ᠬᠡᠦᠬᠡᠳ ᠤᠨ ᠶᠠᠷᠦᠩᠬᠡᠶᠢᠯᠡᠭᠰᠡᠨ ᠴᠢᠳᠠᠪᠤᠷᠢ ᠶᠢ ᠬᠦᠮᠦᠵᠢᠭᠦᠯᠬᠦ ᠳᠤ ᠢᠯᠡᠷᠬᠡᠢ ᠦᠷ᠎ᠡ ᠪᠦᠲᠦᠮᠵᠢ ᠲᠠᠢ ᠶᠤᠮ᠃      ᠬᠤᠶᠠᠷ᠂ ᠪᠠᠯᠴᠢᠷ ᠬᠡᠦᠬᠡᠳ ᠤᠨ ᠲᠤᠭᠯᠠᠭᠠᠮ ᠢ ᠪᠦᠲᠦᠮᠵᠢᠲᠡᠢ ᠬᠡᠷᠡᠭᠯᠡᠬᠦ ᠠᠷᠭ᠎ᠠ ᠪᠤᠳᠤᠯᠭ᠎ᠠ      ︵ᠨᠢᠭᠡ︶ ᠪᠠᠯᠴᠢᠷ ᠬᠡᠦᠬᠡᠳ ᠲᠤ ᠰᠠᠶᠢᠨ ᠰᠠᠶᠢᠬᠠᠨ ᠲᠤᠭᠯᠠᠭᠠᠮ ᠤᠨ ᠤᠷᠴᠢᠨ ᠢ ᠡᠭᠦᠳᠴᠦ ᠦᠭᠬᠦ ᠬᠡᠷᠡᠭᠲᠡᠢ      ᠲᠤᠭᠯᠠᠭᠠᠮ ᠨᠢ ᠨᠢᠭᠡ ᠵᠦᠢᠯ ᠤᠨ ᠤᠨᠴᠠᠭᠠᠢ ᠰᠤᠷᠭᠠᠨ ᠬᠦᠮᠦᠵᠢᠯ ᠤᠨ ᠬᠡᠯᠪᠡᠷᠢ ᠪᠤᠯᠤᠭᠰᠠᠨ ᠤ ᠬᠤᠪᠢ ᠳᠤ᠂ ᠲᠡᠭᠦᠨ ᠤ ᠬᠡᠷᠡᠭᠵᠢᠭᠦᠯᠦᠭᠳᠡᠬᠦ ᠦᠷ᠎ᠡ ᠪᠦᠲᠦᠮᠵᠢ ᠶᠢᠨ ᠰᠠᠶᠢᠨ ᠮᠠᠭᠤ ᠨᠢ ᠵᠢᠭᠠᠨ ᠰᠤᠷᠭᠠᠯᠲᠠ ᠶᠢᠨ ᠤᠷᠴᠢᠨ ᠲᠤᠭᠤᠷᠢᠨ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠳᠤ ᠪᠠᠶᠢᠵᠤ᠂ ᠪᠠᠯᠴᠢᠷ ᠬᠡᠦᠬᠡᠳ ᠤᠨ ᠪᠡᠶ᠎ᠡ ᠰᠡᠳᠭᠢᠴᠡ ᠶᠢᠨ ᠡᠷᠡᠭᠦᠯ ᠴᠢᠬᠢᠷᠠᠭ ᠤᠨ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ ᠰᠠᠶᠢᠨ ᠰᠠᠶᠢᠬᠠᠨ ᠵᠢᠭᠠᠨ ᠰᠤᠷᠭᠠᠯᠲᠠ ᠶᠢᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠨᠢᠭᠡ ᠲᠠᠯ᠎ᠠ ᠪᠠᠷ᠂ ᠵᠢᠭᠠᠨ ᠰᠤᠷᠭᠠᠯᠲᠠ ᠶᠢᠨ ᠲᠤᠨᠤᠭ ᠲᠦᠭᠦᠭᠡᠷᠦᠮᠵᠢ ᠪᠤᠯᠤᠨ ᠬᠡᠷᠡᠭᠰᠡᠯ ᠨᠢ ᠵᠢᠭᠠᠨ ᠰᠤᠷᠭᠠᠯᠲᠠ ᠶᠢᠨ ᠪᠤᠲᠠᠲᠠᠢ ᠲᠦᠪᠰᠢᠨ ᠢ ᠬᠠᠩᠭᠠᠵᠤ ᠳᠡᠶᠢᠯᠬᠦ ᠡᠰᠡᠬᠦ ᠶᠢ ᠡᠩ ᠲᠡᠷᠢᠭᠦᠨ ᠳᠤ ᠪᠤᠳᠤᠯᠬᠢᠯᠠᠬᠤ ᠴᠢᠬᠤᠯᠠ ᠲᠠᠢ ᠪᠠᠶᠢᠵᠤ᠂ ᠬᠡᠷᠡᠭᠰᠡᠯ ᠪᠤᠯᠤᠨ ᠲᠠᠯᠠᠪᠤᠷ ᠤᠨ ᠲᠤᠬᠢᠷᠠᠭᠤᠯᠤᠯᠲᠠ ᠨᠢ ᠵᠤᠬᠢᠰᠲᠠᠢ ᠪᠠᠶᠢᠬᠤ ᠡᠰᠡᠬᠦ ᠶᠢ ᠠᠵᠢᠭᠯᠠᠵᠤ ᠨᠤᠲᠠᠯᠠᠬᠤ ᠬᠡᠷᠡᠭᠲᠡᠢ᠃ ᠬᠠᠮᠤᠭ ᠤᠨ ᠴᠢᠬᠤᠯᠠ ᠨᠢ ᠪᠠᠯᠴᠢᠷ ᠬᠡᠦᠬᠡᠳ ᠤᠨ ᠤᠳᠤ ᠶᠢᠨ ᠱᠠᠲᠤᠨ ᠤ ᠭᠤᠸ᠎ᠠ ᠰᠠᠶᠢᠬᠠᠨ ᠤ ᠲᠠᠭᠠᠰᠢᠶᠠᠯ ᠤᠨ ᠲᠦᠪᠰᠢᠨ ᠲᠠᠢ ᠤᠶᠠᠯᠳᠤᠭᠤᠯᠵᠤ᠂ ᠪᠠᠯᠴᠢᠷ ᠬᠡᠦᠬᠡᠳ ᠤᠨ ᠠᠩᠬᠠᠷᠤᠯ ᠢ ᠲᠠᠲᠠᠵᠤ᠂ ᠰᠤᠷᠤᠯᠴᠠᠯᠭ᠎ᠠ ᠶᠢᠨ ᠢᠳᠡᠪᠬᠢᠵᠢᠯ ᠢ ᠨᠢ ᠳᠠᠶᠢᠴᠢᠯᠠᠵᠤ ᠴᠢᠳᠠᠬᠤ ᠡᠰᠡᠬᠦ ᠶᠢ ᠦᠵᠡᠨ᠎ᠡ᠃ ᠵᠢᠱᠢᠶᠡᠯᠡᠪᠡᠯ᠂ ᠠᠩᠭᠢ ᠶᠢᠨ ᠭᠡᠷ ᠤᠨ ᠰᠢᠷᠡᠭᠡ ᠰᠠᠨᠳᠠᠯᠢ ᠶᠢ ᠲᠤᠬᠢᠷᠠᠭᠤᠯᠬᠤ ᠦᠶ᠎ᠡ ᠳᠤ᠂ ᠪᠠᠯᠴᠢᠷ ᠬᠡᠦᠬᠡᠳ ᠤᠨ ᠲᠤᠭᠤᠳᠠᠭ ᠦᠩᠭᠡ ᠪᠤᠶᠤ ᠬᠡᠯᠪᠡᠷᠢ ᠶᠢ ᠰᠤᠩᠭᠤᠵᠤ᠂ ᠰᠢᠨᠵᠢᠯᠡᠬᠦ ᠤᠬᠠᠭᠠᠨᠴᠢ ᠵᠤᠬᠢᠰᠲᠠᠢ ᠪᠠᠷ ᠪᠠᠶᠢᠷᠢᠯᠠᠭᠤᠯᠵᠤ᠂ ᠬᠡᠦᠬᠡᠳ ᠡᠳᠦᠷ ᠲᠤᠳᠤᠮ ᠨᠠᠭᠠᠳᠬᠤ ᠳᠤ ᠭᠦᠢᠴᠡᠳ ᠵᠠᠢ ᠦᠯᠡᠳᠡᠭᠡᠵᠦ ᠦᠭᠬᠦ ᠬᠡᠷᠡᠭᠲᠡᠢ᠃ ᠨᠦᠭᠦᠭᠡ ᠨᠢᠭᠡ ᠲᠠᠯ᠎ᠠ ᠪᠠᠷ᠂ ᠪᠠᠯᠴᠢᠷ ᠬᠡᠦᠬᠡᠳ ᠤᠨ ᠪᠠᠭᠰᠢ ᠵᠢᠭᠠᠨ ᠰᠤᠷᠭᠠᠯᠲᠠ ᠶᠢᠨ ᠤᠷᠴᠢᠨ ᠲᠤᠭᠤᠷᠢᠨ ᠢ ᠵᠤᠬᠢᠰᠲᠠᠢ ᠠᠰᠢᠭᠯᠠᠬᠤ ᠪᠠᠷ ᠳᠠᠮᠵᠢᠵᠤ᠂ ᠠᠩᠭᠢ ᠶᠢᠨ ᠭᠡᠷ ᠤᠨ ᠰᠤᠯᠠ ᠭᠠᠵᠠᠷ ᠢ ᠵᠠᠰᠠᠨ ᠴᠢᠮᠡᠭᠯᠡᠵᠦ᠂ ᠲᠤᠭᠯᠠᠭᠠᠮ ᠤᠨ ᠴᠠᠭᠠᠨᠠᠬᠢ ᠮᠡᠳᠡᠯᠭᠡ ᠶᠢᠨ ᠠᠭᠤᠯᠭ᠎ᠠ ᠶᠢ ᠰᠤᠷᠤᠭᠴᠢᠳ ᠢᠶᠠᠷ ᠰᠢᠭᠤᠳ ᠦᠵᠡᠭᠦᠯᠭᠡ ᠶᠢᠨ ᠮᠠᠶ᠋ᠢᠭ ᠢᠶᠠᠷ ᠤᠶᠢᠯᠠᠭᠠᠭᠤᠯᠤᠨ᠎ᠠ᠃ ᠡᠨᠡ ᠬᠦ ᠭᠤᠭᠴᠤᠭᠠᠨ ᠳᠤ ᠪᠠᠯᠴᠢᠷ ᠬᠡᠦᠬᠡᠳ ᠤᠨ ᠢᠳᠡᠪᠬᠢᠲᠡᠢ ᠪᠠᠷ ᠤᠷᠤᠯᠴᠠᠬᠤ ᠶᠢ ᠵᠤᠷᠢᠬᠵᠢᠭᠤᠯᠵᠤ᠂ ᠬᠠᠮᠲᠤ ᠪᠠᠷ ᠡᠭᠦᠳᠦᠨ ᠪᠦᠲᠦᠭᠡᠬᠦ ᠪᠠᠷ ᠳᠠᠮᠵᠢᠭᠤᠯᠵᠤ᠂ ᠰᠤᠷᠤᠭᠴᠢᠳ ᠤᠨ ᠬᠤᠭᠤᠷᠤᠨᠳᠤᠬᠢ ᠨᠡᠪᠲᠡᠷᠡᠯᠴᠡᠯ ᠪᠤᠯᠤᠨ ᠰᠤᠯᠢᠯᠴᠠᠯ ᠢ ᠬᠦᠮᠦᠵᠢᠭᠦᠯᠦᠨ᠎ᠡ᠃ ᠡᠭᠦᠨ ᠠᠴᠠ ᠪᠠᠭᠰᠢ ᠪᠠᠯᠴᠢᠷ ᠬᠡᠦᠬᠡᠳ ᠤᠨ ᠡᠳᠦᠷ ᠲᠤᠳᠤᠮ ᠤᠨ ᠵᠢᠭᠠᠨ ᠰᠤᠷᠭᠠᠯᠲᠠ ᠳᠤ ᠬᠢ ᠢᠯᠡᠷᠡᠯ ᠨᠢ ᠵᠤᠬᠢᠰᠲᠠᠢ ᠪᠠᠶᠢᠬᠤ ᠡᠰᠡᠬᠦ ᠶᠢ ᠰᠢᠭᠤᠳ ᠤᠯᠵᠤ ᠬᠠᠷᠠᠨ᠎ᠠ᠃      ︵ᠬᠤᠶᠠᠷ︶ ᠲᠤᠭᠯᠠᠭᠠᠮ ᠤᠨ ᠲᠦᠰᠦᠪᠯᠡᠯᠲᠡ ᠨᠢ ᠪᠠᠯᠴᠢᠷ ᠬᠡᠦᠬᠡᠳ ᠤᠨ ᠤᠨᠴᠠᠯᠢᠭ ᠲᠤ ᠨᠡᠶᠢᠴᠡᠬᠦ ᠬᠡᠷᠡᠭᠲᠡᠢ      ᠪᠠᠯᠴᠢᠷ ᠬᠡᠦᠬᠡᠳ ᠤᠨ ᠵᠢᠭᠠᠨ ᠰᠤᠷᠭᠠᠯᠲᠠ ᠶᠢᠨ ᠭᠤᠤᠯ ᠴᠤᠭᠴᠠ ᠨᠢ ᠪᠠᠯᠴᠢᠷ ᠬᠡᠦᠬᠡᠳ ᠪᠤᠯᠤᠨ᠎ᠠ᠂ ᠡᠶᠢᠮᠦ ᠠᠴᠠ ᠲᠤᠭᠯᠠᠭᠠᠮ ᠢ ᠲᠤᠭᠲᠠᠭᠠᠬᠤ ᠳᠤ ᠪᠠᠨ ᠪᠠᠯᠴᠢᠷ ᠬᠡᠦᠬᠡᠳ ᠤᠨ ᠪᠡᠶ᠎ᠡ ᠰᠡᠳᠭᠢᠴᠡ ᠶᠢᠨ ᠬᠦᠭᠵᠢᠯᠲᠡ ᠶᠢᠨ ᠪᠠᠶᠢᠳᠠᠯ ᠢ ᠪᠤᠳᠤᠯᠬᠢᠯᠠᠵᠤ᠂ ᠠᠳᠠᠯᠢ ᠪᠤᠰᠤ ᠬᠡᠦᠬᠡᠳ ᠤᠨ ᠤᠨᠴᠠᠯᠢᠭ ᠢ ᠲᠠᠰᠤᠷᠠᠯᠲᠠ ᠦᠭᠡᠢ ᠵᠠᠳᠠᠯᠬᠤ ᠪᠠᠷ ᠳᠠᠮᠵᠢᠨ ᠴᠢᠭᠯᠡᠯᠲᠦ ᠴᠢᠨᠠᠷ ᠲᠠᠢ ᠲᠤᠭᠯᠠᠭᠠᠮ ᠢ ᠵᠤᠬᠢᠶᠠᠵᠤ᠂ ᠪᠠᠯᠴᠢᠷ ᠬᠡᠦᠬᠡᠳ ᠤᠨ ᠦᠪᠡᠷᠮᠢᠴᠡ ᠴᠢᠨᠠᠷ ᠢ ᠬᠦᠨᠳᠦᠳᠭᠡᠬᠦ ᠬᠡᠷᠡᠭᠲᠡᠢ᠃ ᠲᠤᠭᠯᠠᠭᠠᠮ ᠤᠨ ᠭᠤᠭᠴᠤᠭᠠᠨ ᠳᠤ᠂ ᠪᠠᠯᠴᠢᠷ ᠬᠡᠦᠬᠡᠳ᠂ ᠲᠤᠭᠯᠠᠭᠠᠮ ᠤᠨ ᠮᠠᠲ᠋ᠧᠷᠢᠶᠠᠯ᠂ ᠤᠷᠴᠢᠨ ᠲᠤᠭᠤᠷᠢᠨ ᠨᠢ ᠴᠦᠮ ᠠᠳᠠᠯᠢ ᠪᠤᠰᠤ ᠬᠡᠮᠵᠢᠶ᠎ᠡ ᠪᠠᠷ ᠮᠦᠷᠭᠦᠯᠳᠦᠭᠡᠨ ᠡᠭᠦᠰᠳᠡᠭ᠃ ᠡᠨᠡ ᠦᠶ᠎ᠡ ᠳᠤ ᠪᠠᠭᠰᠢ ᠶᠢᠨ ᠵᠤᠬᠢᠴᠠᠭᠤᠯᠭ᠎ᠠ ᠶᠢ ᠱᠠᠭᠠᠷᠳᠠᠵᠤ᠂ ᠪᠠᠰᠠ ᠠᠳᠠᠯᠢ ᠪᠤᠰᠤ ᠰᠤᠷᠤᠭᠴᠢᠳ ᠤᠨ ᠠᠳᠠᠯᠢ ᠪᠤᠰᠤ ᠱᠠᠭᠠᠷᠳᠠᠯᠭ᠎ᠠ ᠳᠤ ᠴᠢᠭᠯᠡᠭᠦᠯᠦᠨ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠲᠤᠭᠯᠠᠭᠠᠮ ᠢ ᠵᠤᠬᠢᠶᠠᠬᠤ ᠬᠡᠷᠡᠭᠲᠡᠢ᠃ ᠵᠢᠱᠢᠶᠡᠯᠡᠪᠡᠯ᠂ ᠤᠯᠠᠨ ᠺᠠᠷᠲ᠋ᠤᠨ ᠺᠢᠨᠤ᠋ ᠶᠢ ᠡᠳᠦᠷ ᠲᠤᠳᠤᠮ ᠤᠨ ᠵᠢᠭᠠᠨ ᠰᠤᠷᠭᠠᠯᠲᠠ ᠶᠢᠨ ᠳᠤᠮᠳᠠ ᠠᠭᠤᠰᠤᠯᠴᠠᠭᠤᠯᠵᠤ᠂ ᠪᠠᠯᠴᠢᠷ ᠬᠡᠦᠬᠡᠳ ᠤᠨ ᠵᠤᠭᠰᠤᠴᠠ ᠠᠴᠠ ᠰᠤᠨᠢᠷᠬᠠᠯᠲᠤ ᠴᠢᠨᠠᠷ ᠲᠠᠢ ᠵᠢᠭᠠᠨ ᠰᠤᠷᠭᠠᠯᠲᠠ ᠶᠢᠨ ᠠᠵᠢᠯᠯᠠᠭ᠎ᠠ ᠶᠠᠪᠤᠭᠳᠠᠭᠤᠯᠵᠤ ᠪᠤᠯᠤᠨ᠎ᠠ᠃      ︵ᠭᠤᠷᠪᠠ︶ ᠵᠢᠭᠠᠨ ᠰᠤᠷᠭᠠᠯᠲᠠ ᠶᠢᠨ ᠭᠤᠤᠯ ᠰᠡᠳᠦᠪ ᠨᠢ ᠰᠤᠷᠭᠠᠨ ᠬᠦᠮᠦᠵᠢᠭᠦᠯᠬᠦ ᠠᠭᠤᠯᠭ᠎ᠠ ᠪᠠᠷ ᠭᠤᠤᠯᠯᠠᠭᠤᠯᠬᠤ ᠬᠡᠷᠡᠭᠲᠡᠢ᠃      ᠪᠤᠢ ᠪᠦᠬᠦᠢ ᠲᠤᠭᠯᠠᠭᠠᠮ ᠨᠢ ᠦᠨᠡᠨ ᠳᠤ ᠪᠠᠨ ᠳᠠᠷᠤᠢ ᠪᠤᠳᠠᠲᠤ ᠠᠮᠢᠳᠤᠷᠠᠯ ᠳᠤᠮᠳᠠᠬᠢ ᠠᠵᠢᠯᠯᠠᠭ᠎ᠠ ᠶᠢ ᠳᠠᠭᠤᠷᠢᠶᠠᠵᠤ᠂ ᠳᠡᠭᠡᠷ᠎ᠡ ᠨᠢ ᠳᠠᠬᠢᠨ ᠪᠦᠲᠦᠭᠡᠬᠦ ᠪᠠ ᠲᠡᠭᠦᠯᠳᠡᠷᠵᠢᠭᠦᠯᠦᠭᠰᠡᠨ ᠡᠯ᠎ᠡ ᠵᠦᠢᠯ ᠤᠨ ᠬᠠᠷᠢᠯᠴᠠᠨ ᠦᠢᠯᠡᠳᠦᠯᠴᠡᠯ ᠤᠨ ᠶᠡᠷᠦᠩᠬᠡᠢ ᠨᠡᠷᠡᠶᠢᠳᠦᠯ ᠪᠤᠯᠤᠨ᠎ᠠ᠃      ᠦᠭᠡᠷ᠎ᠡ ᠪᠠᠷ ᠬᠡᠯᠡᠪᠡᠯ᠂ ᠠᠮᠢᠳᠤᠷᠠᠯ ᠤᠨ ᠦᠢᠯᠡᠳᠦᠯᠭᠡ ᠶᠢᠨ ᠲᠤᠷᠰᠢᠯᠭ᠎ᠠ ᠨᠢ ᠵᠢᠭᠠᠨ ᠰᠤᠷᠭᠠᠯᠲᠠ ᠶᠢᠨ ᠠᠭᠤᠯᠭ᠎ᠠ ᠲᠠᠢ ᠰᠢᠭᠤᠳ ᠬᠠᠷᠢᠴᠠᠭᠠᠲᠤ ᠪᠤᠯᠤᠨ᠎ᠠ᠃ ᠠᠮᠢᠳᠤᠷᠠᠯ ᠤᠨ ᠦᠢᠯᠡᠳᠦᠯᠭᠡ ᠶᠢᠨ ᠮᠡᠳᠡᠯᠭᠡ ᠶᠢ ᠵᠢᠭᠠᠨ ᠰᠤᠷᠭᠠᠯᠲᠠ ᠶᠢᠨ ᠤᠨᠤᠯ ᠤᠨ ᠳᠤᠮᠳᠠ ᠨᠡᠩ ᠤᠯᠠᠨ ᠢᠶᠠᠷ ᠠᠭᠤᠰᠤᠯᠴᠠᠭᠤᠯᠬᠤ ᠬᠡᠷᠡᠭᠲᠡᠢ᠃ ᠪᠠᠯᠴᠢᠷ ᠬᠡᠦᠬᠡᠳ ᠤᠨ ᠪᠠᠭᠰᠢ ᠪᠤᠯᠤᠭᠰᠠᠳ ᠦᠪᠡᠷ ᠤᠨ ᠪᠡᠶ᠎ᠡ ᠶᠢᠨ ᠵᠢᠭᠠᠨ ᠰᠤᠷᠭᠠᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠤᠯᠠᠨ ᠠᠮᠢᠳᠤᠷᠠᠯ ᠤᠨ ᠦᠢᠯᠡᠳᠦᠯᠭᠡ ᠶᠢᠨ ᠠᠭᠤᠯᠭ᠎ᠠ ᠶᠢ ᠵᠢᠭᠠᠨ ᠰᠤᠷᠭᠠᠯᠲᠠ ᠲᠤᠭᠯᠠᠭᠠᠮ ᠤᠨ ᠠᠭᠤᠯᠭ᠎ᠠ ᠲᠠᠢ ᠠᠭᠤᠰᠤᠯᠴᠠᠭᠤᠯᠵᠤ᠂ ᠠᠭᠤᠵᠢᠮ ᠴᠢᠯᠦᠭᠡᠲᠡᠢ ᠪᠠᠶᠠᠷ ᠪᠠᠶᠠᠰᠤᠯ ᠲᠠᠢ ᠤᠷᠴᠢᠨ ᠲᠤᠭᠤᠷᠢᠨ ᠤ ᠳᠤᠮᠳᠠ ᠪᠠᠯᠴᠢᠷ ᠬᠡᠦᠬᠡᠳ ᠢᠶᠠᠷ ᠠᠮᠢᠳᠤᠷᠠᠯ ᠤᠨ ᠦᠢᠯᠡᠳᠦᠯᠭᠡ ᠶᠢ ᠤᠬᠠᠭᠠᠷᠠᠭᠤᠯᠵᠤ᠂ ᠡᠭᠦᠨ ᠤ ᠤᠯᠠᠮ ᠠᠴᠠ ᠨᠡᠶᠢᠭᠡᠮ ᠤᠨ ᠲᠤᠷᠰᠢᠯᠭ᠎ᠠ ᠶᠢ ᠨᠢ ᠨᠡᠮᠡᠭᠳᠡᠭᠦᠯᠦᠨ᠎ᠡ᠃ ᠵᠢᠱᠢᠶᠡᠯᠡᠪᠡᠯ᠂ ᠪᠠᠯᠴᠢᠷ ᠬᠡᠦᠬᠡᠳ ᠤᠨ ᠬᠠᠮᠲᠤᠯᠢᠭ ᠤᠨ ᠤᠬᠠᠮᠰᠠᠷ ᠢ ᠬᠦᠮᠦᠵᠢᠭᠦᠯᠬᠦ ᠶᠢᠨ ᠲᠦᠯᠦᠭᠡ᠂ ᠪᠠᠭᠰᠢ ᠨᠢ ᠶᠤᠭᠳᠠ ᠦᠯᠢᠭᠡᠷ ᠮᠡᠲᠦ ᠶᠢᠨ ᠠᠭᠤᠯᠭ᠎ᠠ ᠶᠢ ᠠᠰᠢᠭᠯᠠᠵᠤ ᠳᠦᠷᠢ ᠶᠢ ᠲᠤᠭᠯᠠᠵᠤ᠂ ᠲᠤᠭᠯᠠᠭᠠᠮ ᠤᠨ ᠳᠤᠮᠳᠠ ᠠᠴᠠ ᠬᠠᠮᠲᠤᠯᠢᠭ ᠤᠨ ᠬᠠᠮᠲᠤᠷᠠᠯᠴᠠᠯ ᠨᠢ ᠪᠦᠬᠦ᠋ᠢᠯᠡ ᠵᠤᠷᠢᠯᠭ᠎ᠠ ᠶᠢᠨ ᠪᠡᠶᠡᠯᠡᠭᠳᠡᠯ ᠳᠤ ᠬᠢ ᠴᠢᠬᠤᠯᠠ ᠴᠢᠨᠠᠷ ᠢ ᠮᠡᠳᠡᠷᠡᠭᠦᠯᠦᠨ᠎ᠡ᠃ ᠲᠤᠭᠯᠠᠭᠠᠮ ᠤᠨ ᠦᠵᠡᠭᠳᠡᠯ ᠢ ᠤᠳᠤᠷᠢᠳᠤᠨ ᠤᠷᠤᠭᠤᠯᠬᠤ ᠪᠠᠷ ᠳᠠᠮᠵᠢᠨ ᠰᠤᠷᠤᠭᠴᠢᠳ ᠤᠨ ᠤᠷᠤᠯᠴᠠᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠮᠲᠤ ᠳᠤ ᠨᠢ ᠨᠡᠶᠢᠭᠡᠮ ᠤᠨ ᠤᠷᠤᠰᠢᠬᠤᠢ ᠶᠢᠨ ᠵᠢᠮ᠎ᠡ ᠶᠤᠰᠤ ᠵᠢᠴᠢ ᠲᠤᠷᠰᠢᠯᠭ᠎ᠠ ᠶᠢ ᠡᠵᠡᠮᠳᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃      ᠬᠤᠷᠢᠶᠠᠩᠭᠤᠶᠢᠯᠠᠪᠠᠯ᠂ ᠪᠠᠯᠴᠢᠷ ᠬᠡᠦᠬᠡᠳ ᠤᠨ ᠰᠤᠷᠭᠠᠨ ᠬᠦᠮᠦᠵᠢᠯ ᠳᠤ ᠬᠢ ᠲᠤᠭᠯᠠᠭᠠᠮ ᠤᠨ ᠬᠡᠷᠡᠭᠯᠡᠯᠲᠡ ᠠᠴᠠ ᠬᠡᠦᠬᠡᠳ ᠰᠠᠭᠤᠷᠢ ᠮᠡᠳᠡᠯᠭᠡ ᠶᠢ ᠬᠦᠷᠲᠡᠵᠦ ᠳᠡᠶᠢᠯᠬᠦ ᠪᠦᠭᠡᠳ ᠪᠡᠶ᠎ᠡ ᠰᠡᠳᠭᠢᠴᠡ ᠨᠢ ᠴᠦᠮ ᠡᠷᠡᠭᠦᠯ ᠴᠢᠬᠢᠷᠠᠭ ᠢᠶᠠᠷ ᠬᠦᠭᠵᠢᠵᠦ ᠴᠢᠳᠠᠨ᠎ᠠ᠃ ᠪᠠᠭᠰᠢ ᠪᠤᠯᠤᠭᠰᠠᠨ ᠤ ᠬᠤᠪᠢ ᠳᠤ᠂ ᠪᠠᠯᠴᠢᠷ ᠬᠡᠦᠬᠡᠳ ᠤᠨ ᠵᠢᠭᠠᠨ ᠰᠤᠷᠭᠠᠯᠲᠠ ᠳᠤ ᠬᠢ ᠲᠤᠭᠯᠠᠭᠠᠮ ᠤᠨ ᠴᠢᠬᠤᠯᠠ ᠴᠢᠨᠠᠷ ᠢ ᠲᠠᠨᠢᠵᠤ᠂ ᠲᠤᠭᠯᠠᠭᠠᠮ ᠢ ᠪᠠᠯᠴᠢᠷ ᠬᠡᠦᠬᠡᠳ ᠤᠨ ᠵᠢᠭᠠᠨ ᠰᠤᠷᠭᠠᠯᠲᠠ ᠳᠤ ᠨᠡᠩ ᠰᠠᠶᠢᠨ ᠢᠶᠠᠷ ᠠᠰᠢᠭᠯᠠᠵᠤ᠂ ᠪᠠᠯᠴᠢᠷ ᠬᠡᠦᠬᠡᠳ ᠤᠨ ᠭᠤᠤᠯ ᠴᠤᠭᠴᠠ ᠶᠢᠨ ᠪᠠᠶᠢᠷᠢ ᠰᠠᠭᠤᠷᠢ ᠶᠢ ᠢᠮᠠᠭᠲᠠ ᠪᠠᠷᠢᠮᠲᠠᠯᠠᠵᠤ᠂ ᠬᠡᠦᠬᠡᠳ ᠢ ᠬᠢᠴᠢᠶᠡᠯ ᠤᠨ ᠲᠠᠩᠭᠢᠮ ᠤᠨ ᠵᠢᠭᠠᠨ ᠰᠤᠷᠭᠠᠯᠲᠠ ᠶᠢᠨ ᠡᠵᠡᠨ ᠨᠢ ᠪᠤᠯᠭᠠᠬᠤ ᠬᠡᠷᠡᠭᠲᠡᠢ᠃ ᠪᠠᠯᠴᠢᠷ ᠬᠡᠦᠬᠡᠳ ᠤᠨ ᠢᠳᠡᠪᠬᠢᠵᠢᠯ ᠢ ᠬᠡᠷᠬᠢᠨ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠵᠤ᠂ ᠨᠡᠩ ᠤᠯᠠᠨ ᠤᠨᠴᠠᠯᠢᠭ ᠲᠠᠢ ᠲᠤᠭᠯᠠᠭᠠᠮ ᠢ ᠲᠦᠰᠦᠪᠯᠡᠬᠦ ᠪᠤᠯ ᠦᠷᠭᠡᠨ ᠤᠯᠠᠨ ᠴᠡᠴᠡᠷᠯᠢᠭ ᠤᠨ ᠪᠠᠭᠰᠢ ᠶᠢᠨ ᠲᠠᠰᠤᠷᠠᠯᠲᠠ ᠦᠭᠡᠢ ᠰᠦᠪᠡᠭᠴᠢᠯᠡᠬᠦ ᠴᠢᠬᠤᠯᠠ ᠲᠠᠢ ᠰᠡᠳᠦᠪ ᠮᠦᠨ᠃                                              ᠬᠠᠶ᠋ᠢᠬ᠄ ᠤᠡᠭᠨᠢᠭᠤᠳ ᠬᠤᠰᠢᠭᠤᠨ ᠤ                                                      ᠭᠡᠷᠰᠡᠩ ᠭᠤᠤᠯ ᠪᠠᠭ᠎ᠠ ᠰᠤᠷᠭᠠᠭᠤᠯᠢ                                                     ︵ᠰᠦᠶ᠎ᠠ ᠨᠠᠶᠢᠷᠠᠭᠤᠯᠪᠠ︶                                                             2020 ᠤᠨ ᠤ 2 ᠳ᠋ᠤᠭᠠᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map