ᠠᠩᠬᠢ ᠶᠢᠨ ᠡᠷᠬᠢᠯᠡᠭᠴᠢ ᠶᠢᠨ ᠠᠵᠢᠯ ᠤᠨ ᠳᠤᠬᠠᠢ ᠤᠯᠤᠯᠳᠠ ᠤᠶᠢᠯᠠᠭᠠᠯᠳᠠ
ᠨᠡᠶᠢᠲᠡᠯᠡᠭᠰᠡᠨ ᠴᠠᠭ᠄
2020/5/22
                                          ᠪᠤᠯᠭᠠᠬᠦᠦ   ᠵᠢᠶᠠᠨ ᠭᠤᠸᠠᠩ      ︽ᠬᠠᠮᠢᠭ᠎ᠠ ᠴᠦ᠂ ᠬᠡᠵᠢᠶ᠎ᠡ ᠴᠦ ᠠᠯᠢᠪᠠ ᠦᠢᠯᠡᠰ ᠲᠤ ᠵᠢᠳᠭᠦᠭᠰᠡᠨ ᠨᠢ ᠪᠦᠳᠦᠨ᠎ᠡ᠂ ᠠᠯᠭᠤᠷᠯᠠᠭᠰᠠᠨ ᠨᠢ ᠢᠯᠠᠭᠳᠠᠨ᠎ᠠ︾ ᠭᠡᠳᠡᠭ ᠴᠢᠩᠭᠢᠰ ᠤᠨ ᠪᠢᠯᠢᠭ ᠰᠤᠷᠭᠠᠯ ᠪᠠᠶᠢᠳᠠᠭ᠃ ︽ᠰᠤᠷᠤᠯᠭ᠎ᠠ ᠭᠦᠨ ᠪᠤᠯᠪᠠᠰᠤ ᠪᠠᠭᠰᠢ᠂ ᠰᠤᠷᠳᠠᠯ ᠳᠦᠪ ᠪᠤᠯᠪᠠᠰᠤ ᠳᠠᠭᠤᠷᠢᠶᠠᠯ︾ ᠭᠡᠬᠦ ᠨᠠᠨᠳᠢᠨ ᠰᠤᠷᠭᠠᠯ ᠢᠶᠠᠷ ᠭᠦᠳᠤᠯᠤᠮᠵᠢ ᠪᠤᠯᠭᠠᠵᠤ ᠪᠠᠭᠰᠢ ᠶᠢᠨ ᠰᠤᠷᠭᠠᠭᠤᠯᠢ ᠪᠠᠨ ᠳᠡᠭᠦᠰᠭᠡᠨ᠂ ᠠᠩᠬᠢ ᠶᠢᠨ ᠡᠷᠬᠢᠯᠡᠭᠴᠢ ᠶᠢᠨ ᠠᠵᠢᠯ ᠤᠨ ᠠᠩᠬᠠᠨ ᠤ ᠭᠠᠷᠤᠭ᠎ᠠ ᠶᠢ ᠠᠪᠴᠤ᠂ ᠦᠢᠯᠡᠰ ᠢᠶᠠᠨ ᠭᠡᠵᠦ ᠵᠢᠳᠬᠦᠵᠦ ᠶᠠᠪᠤᠬᠤ ᠳᠤ ᠪᠠᠨ ︽ᠬᠡᠥᠬᠡᠳ ᠲᠤ ᠪᠠᠨ ᠪᠢᠴᠢᠭ ᠡᠷᠳᠡᠮ ᠢ ᠨᠢ ᠰᠠᠶᠢᠨ ᠰᠤᠷᠭᠠᠵᠦ᠂ ᠰᠠᠬᠢᠯᠭ᠎ᠠ ᠪᠠᠳᠤ ᠶᠢ ᠰᠠᠬᠢᠳᠠᠭ ᠤᠬᠠᠭᠠᠨ ᠲᠠᠢ ᠰᠤᠷᠤᠭᠴᠢ︾ ᠪᠤᠯᠭᠠᠬᠤ ᠪᠠᠷ ᠴᠢᠷᠮᠠᠶᠢᠵᠤ ᠶᠠᠪᠤᠳᠠᠭ ᠶᠤᠮ ᠡ᠃      ᠬᠤᠷᠢᠭᠠᠳ ᠵᠢᠯ ᠠᠩᠬᠢ ᠶᠢᠨ ᠡᠷᠬᠢᠯᠡᠭᠴᠢ ᠶᠢᠨ ᠠᠵᠢᠯ ᠢ ᠬᠢᠵᠦ ᠶᠠᠪᠤᠬᠤ ᠳᠤ ᠪᠠᠨ ᠰᠤᠷᠤᠯᠴᠠᠯᠭ᠎ᠠ ᠪᠤᠯᠪᠠᠰᠤᠷᠠᠯ᠂ ᠴᠢᠷᠮᠠᠶᠢᠯᠭ᠎ᠠ ᠰᠤᠳᠤᠯᠤᠯ ᠵᠢᠴᠢ ᠳᠤᠷᠰᠢᠯᠭ᠎ᠠ ᠰᠤᠷᠭᠠᠮᠵᠢ ᠪᠠᠷ ᠢᠶᠠᠨ ᠪᠢᠴᠢᠭ ᠵᠢᠭᠠᠵᠦ ᠬᠦᠮᠦᠨ ᠢ ᠬᠦᠮᠦᠵᠢᠭᠦᠯᠦᠨ᠎ᠡ ᠭᠡᠳᠡᠭ ᠦᠭᠡᠨ ᠤ ᠬᠦᠨ ᠤᠳᠬ᠎ᠠ ᠶᠢ ᠰᠡᠷᠡᠵᠦ ᠤᠶᠢᠯᠠᠭᠠᠵᠦ᠂ ᠬᠡᠥᠬᠡᠳ ᠤᠳ ᠲᠠᠢ ᠪᠠᠨ ᠠᠵᠢᠯ ᠦᠢᠯᠡᠰ ᠲᠠᠢ ᠪᠠᠨ ᠬᠠᠮᠳᠤ ᠦᠰᠦᠨ ᠪᠤᠶᠢᠵᠢᠵᠦ ᠢᠷᠡᠭᠰᠡᠨ ᠠᠩᠬᠢ ᠶᠢᠨ ᠡᠷᠬᠢᠯᠡᠭᠴᠢ ᠶᠢᠨ ᠠᠵᠢᠯ ᠤᠨ ᠳᠤᠬᠠᠢ ᠤᠯᠤᠯᠳᠠ ᠤᠶᠢᠯᠠᠭᠠᠯᠳᠠ ᠪᠠᠨ ᠡ᠊ᠨᠳᠠ ᠰᠠᠶᠢᠷᠠᠭᠦᠯᠪᠡ᠃      ᠨᠢᠭᠡ᠂ ᠮᠠᠭᠳᠠᠨ ᠰᠠᠶᠢᠰᠢᠶᠠᠬᠤ ᠪᠠ ᠵᠤᠷᠢᠬᠵᠢᠭᠤᠯᠬᠤ ᠪᠣᠯ ᠬᠡᠥᠬᠡᠳ ᠢ ᠳᠠᠪᠰᠢᠭᠤᠯᠬᠤ ᠬᠠᠮᠤᠭ ᠤᠨ ᠪᠦᠳᠦᠮᠵᠢᠳᠡᠢ ᠠᠷᠭ᠎ᠠ ᠪᠠᠷᠢᠯ ᠮᠦᠨ᠃      ᠬᠡᠥᠬᠡᠳ ᠲᠤ ᠬᠠᠶᠢᠷ᠎ᠠ ᠡᠨᠡᠷᠢᠯ ᠤᠷᠮ᠎ᠠ ᠳᠡᠮᠵᠢᠯᠭᠡ ᠳᠤᠩ ᠴᠢᠬᠤᠯᠠ᠃ ᠬᠡᠥᠬᠡᠳ ᠵᠤᠷᠢᠬᠵᠢᠭᠤᠯᠤᠯ ᠤᠨ ᠳᠤᠮᠳᠠ ᠠᠮᠢᠳᠤᠷᠠᠵᠤ ᠰᠤᠷᠤᠯᠴᠠᠪᠠᠯ ᠦᠪᠡᠷ ᠢ ᠪᠠᠨ ᠢᠳᠡᠭᠡᠬᠦ ᠢᠳᠡᠭᠡᠯ ᠲᠠᠢ ᠪᠤᠯᠳᠠᠭ᠂ ᠦᠪᠡᠷ ᠢ ᠪᠠᠨ ᠳᠡᠭᠦᠯᠳᠡᠷᠵᠢᠭᠦᠯᠵᠦ ᠬᠦᠭᠵᠢᠬᠦᠯᠵᠦ ᠴᠢᠳᠠᠳᠠᠭ᠃ ᠡᠶᠢᠮᠦ ᠠᠴᠠ ᠪᠢ ᠤᠷᠮᠠᠰᠢᠭᠤᠯᠤᠨ ᠵᠤᠷᠢᠬᠵᠢᠭᠤᠯᠬᠤ ᠠᠷᠭ᠎ᠠ ᠪᠠᠷ ᠰᠤᠷᠤᠭᠴᠢ ᠶᠢᠨ ᠢᠶᠠᠨ ᠡᠳᠦᠷ ᠳᠤᠳᠤᠮ ᠤᠨ ᠠᠮᠢᠳᠤᠷᠠᠯ ᠰᠤᠷᠤᠯᠴᠠᠯᠭ᠎ᠠ ᠶᠢᠨ ᠰᠠᠶᠢᠨ ᠰᠠᠶᠢᠬᠠᠨ ᠵᠠᠩᠰᠢᠯ ᠳᠠᠳᠬᠠᠯ ᠢ ᠬᠦᠮᠦᠵᠢᠭᠦᠯᠳᠡᠭ᠃ ᠵᠢᠵᠢᠭᠬᠡᠨ ᠵᠢᠱᠢᠶ᠎ᠡ ᠪᠠᠷ ᠵᠢᠱᠢᠶᠡᠯᠡᠪᠡᠯ᠄ ᠳᠡᠭᠰᠢᠬᠡᠨ ᠰᠠᠭᠤᠵᠦ ᠪᠢᠴᠢᠭ ᠪᠢᠴᠢᠬᠦ᠂ ᠳᠠᠰᠬᠠᠯ ᠳᠠᠭᠠᠭᠠᠯᠭᠠᠪᠦᠷᠢ ᠪᠠᠨ ᠴᠠᠭ ᠳᠤᠬᠠᠢ ᠳᠤ ᠨᠢ ᠪᠡᠶᠡᠯᠡᠭᠦᠯᠬᠦ᠂ ᠵᠢᠵᠢᠭᠦᠷ ᠢᠶᠠᠨ ᠬᠠᠷᠢᠭᠤᠴᠠᠯᠭ᠎ᠠ ᠲᠠᠢ ᠪᠡᠶᠡᠯᠡᠬᠦᠯᠬᠦ᠂ ᠦᠪᠡᠷ ᠤᠨ ᠠᠵᠢᠯ ᠢᠶᠠᠨ ᠦᠪᠡᠷ ᠢᠶᠠᠨ ᠬᠢᠬᠦ ᠮᠡᠳᠦ ᠪᠠᠷ ᠳᠡᠳᠡᠨ ᠢ ᠱᠠᠭᠠᠷᠳᠠᠨ ᠰᠠᠶᠢᠨ ᠰᠠᠶᠢᠬᠠᠨ ᠠᠮᠢᠳᠤᠷᠠᠯ ᠰᠤᠷᠤᠯᠴᠠᠯᠭ᠎ᠠ ᠶᠢᠨ ᠳᠠᠳᠬᠠᠯ ᠢ ᠬᠦᠮᠦᠵᠢᠭᠦᠯᠵᠤ᠂ ᠳᠡᠳᠡᠨ ᠤ ᠡᠳᠦᠷ ᠪᠦᠷᠢ ᠶᠢᠨ ᠵᠢᠭᠠᠬᠠᠨ ᠬᠤᠪᠢᠷᠠᠯᠳᠠ ᠳᠠᠪᠰᠢᠯᠳᠠ ᠪᠠᠷ ᠤᠷᠮᠠᠰᠢᠭᠤᠯᠤᠨ ᠵᠤᠷᠢᠬᠵᠢᠭᠤᠯᠵᠦ ᠨᠡᠩ ᠶᠡᠭᠡ ᠠᠬᠢᠯᠳᠠ ᠳᠠᠪᠰᠢᠯᠳᠠ ᠲᠠᠢ ᠪᠤᠯᠭᠠᠳᠠᠭ ᠪᠠᠶᠢᠨ᠎ᠠ᠃      ᠬᠤᠶᠠᠷ᠂ ᠲᠠᠪᠠᠭᠤᠯᠢᠬ ᠳᠠᠯ᠎ᠠ ᠪᠤᠶᠤ ᠬᠢᠯᠠᠰ ᠴᠡᠭ ᠢ ᠠᠰᠢᠭᠯᠠᠨ ᠳᠠᠭᠠᠭᠤᠯᠤᠨ ᠵᠢᠯᠤᠭᠤᠳᠴᠤ ᠰᠤᠷᠤᠭᠴᠢᠳ ᠤᠨ ᠪᠦᠬᠦ ᠳᠠᠯ᠎ᠠ ᠶᠢᠨ ᠬᠦᠭᠵᠢᠯᠳᠡ ᠶᠢ ᠠᠬᠢᠭᠤᠯᠤᠨ᠎ᠠ᠃      ︽ᠳᠡᠮᠦᠵᠢᠨ ᠰᠡᠯᠡᠮ᠎ᠡ ᠰᠢᠭ ᠢᠷᠲᠡᠢ ᠶᠠᠪᠤᠬᠤ ᠳᠤ ᠪᠠᠨ ᠴᠦ ᠤᠯᠵᠠᠨ ᠤ ᠪᠤᠭᠤᠯ ᠤᠨ ᠦᠴᠢᠭ ᠳᠤᠮᠳᠠ ᠠᠴᠠ ᠪᠤᠭᠤᠳᠠᠢ ᠶᠢᠨ ᠴᠢᠨᠡᠭᠡᠨ ᠠᠯᠳᠠᠨ ᠰᠠᠨᠠᠭ᠎ᠠ ᠶᠢ ᠴᠦ ᠠᠯᠳᠠᠯ ᠦᠭᠡᠢ ᠰᠢᠭᠦᠷᠳᠡᠭ ᠪᠠᠶᠢᠭᠰᠠᠨ︾ ᠭᠡᠳᠡᠭ ᠢᠶᠠᠷ ᠰᠤᠷᠤᠭᠴᠢᠳ ᠤᠨ ᠲᠠᠪᠠᠭᠤᠯᠢᠬ ᠳᠠᠯ᠎ᠠ ᠭᠢᠯᠠᠰ ᠴᠡᠭ ᠢ ᠠᠰᠢᠭᠯᠠᠨ ᠰᠠᠶᠢᠨ ᠰᠠᠶᠢᠬᠠᠨ ᠠᠮᠢᠳᠤᠷᠠᠯ ᠰᠤᠷᠤᠯᠴᠠᠯᠭ᠎ᠠ ᠶᠢᠨ ᠤᠪᠤᠷ ᠳᠠᠳᠬᠠᠯ ᠢ ᠬᠦᠮᠦᠵᠢᠭᠦᠯᠳᠡᠭ᠃ ᠳᠠᠷᠤᠢ ᠰᠤᠷᠤᠭᠴᠢᠳ ᠤᠨ ᠢᠶᠠᠨ ᠠᠪᠢᠶᠠᠰ ᠴᠢᠳᠠᠪᠦᠷᠢ᠂ ᠰᠢᠯᠢᠳᠡᠭ ᠮᠤᠷᠠᠯ ᠳᠠᠳᠬᠠᠯ ᠵᠡᠷᠭᠡ ᠤᠯᠠᠨ ᠠᠴᠠ ᠤᠷᠦ᠋ᠢᠯᠠᠵᠦ ᠪᠠᠶᠢᠭ᠎ᠠ ᠤᠨᠴᠠ ᠴᠢᠳᠠᠪᠦᠷᠢ ᠶᠢ ᠠᠰᠢᠭᠯᠠᠨ ᠳᠡᠳᠡᠨ ᠤ ᠠᠨᠠᠢ ᠳᠤᠷᠤᠢ ᠪᠠᠶᠢᠭ᠎ᠠ ᠳᠠᠯ᠎ᠠ ᠶᠢ ᠳᠠᠭᠠᠭᠤᠯᠤᠨ ᠳᠡᠭᠡᠭᠰᠢᠯᠡᠭᠦᠯᠵᠦ ᠰᠤᠷᠤᠭᠴᠢᠳ ᠤᠨ ᠢᠶᠠᠨ ᠪᠦᠬᠦ ᠳᠠᠯ᠎ᠠ ᠶᠢᠨ ᠭᠦᠭᠵᠢᠯᠳᠡ ᠶᠢ ᠠᠬᠢᠭᠤᠯᠵᠤ ᠪᠤᠯᠬᠤ ᠶᠤᠮ᠃      ᠭᠤᠷᠪᠠ᠂ ᠠᠴᠢᠯᠠᠯ ᠵᠢᠷᠤᠮ ᠤᠨ ᠬᠦᠮᠦᠵᠢᠯ ᠢ ᠤᠨᠴᠠᠯᠠᠨ ᠠᠳᠬᠤᠪᠠᠯ ᠵᠤᠬᠢᠨ᠎ᠠ᠃      ᠮᠠᠨ ᠢ ᠪᠠᠭ᠎ᠠ ᠪᠠᠶᠢᠬᠤ ᠳᠤ ᠡᠪᠦᠭᠡ ᠡᠮᠡᠭᠡ ᠦᠷᠭᠦᠯᠵᠢ ᠳᠤ ᠪᠠᠨ᠄ ︽ᠬᠦᠳᠡᠭᠡ ᠬᠡᠭᠡᠷ᠎ᠡ ᠶᠠᠪᠤᠬᠤ ᠳᠤ ᠪᠠᠨ ᠰᠢᠪᠠᠭᠤᠨ ᠤ ᠦᠨᠳᠡᠭᠡ ᠶᠢ ᠬᠠᠭᠠᠯᠵᠦ ᠪᠤᠯᠬᠤ ᠦᠭᠡᠢ᠂ ᠦᠨᠳᠡᠭᠡᠨ ᠳᠡᠭᠡᠷ᠎ᠡ ᠨᠢ ᠰᠡᠭᠦᠳᠡᠷ ᠢᠶᠠᠨ ᠳᠤᠰᠬᠠᠵᠦ ᠪᠤᠯᠬᠤ ᠦᠭᠡᠢ᠂ ᠠᠮᠢᠳᠠᠨ ᠠᠷᠢᠶᠠᠳᠠᠨ ᠢ ᠬᠤᠤᠷᠯᠠᠵᠦ ᠪᠤᠯᠬᠤ ᠦᠭᠡᠢ᠂ ᠡᠪᠡᠰᠦ ᠮᠤᠳᠤ ᠶᠢ ᠳᠠᠰᠤᠳᠠᠵᠦ ᠰᠦᠢᠳᠬᠡᠵᠦ ᠪᠤᠯᠬᠤ ᠦᠭᠡᠢ︾ ᠭᠡᠵᠦ ᠶᠠᠷᠢᠳᠠᠬ᠃ ︽ᠠᠭᠠᠷ ᠳᠡᠭᠷᠢ ᠪᠣᠯ ᠠᠮᠢᠳᠠᠨ ᠪᠦᠬᠦᠨ ᠤ ᠪᠤᠷᠬᠠᠨ᠂ ᠠᠪᠤ ᠡᠵᠢ ᠪᠣᠯ ᠠᠴᠢᠷ ᠦᠷ᠎ᠡ ᠶᠢᠨ ᠢᠶᠠᠨ ᠠᠮᠢᠳᠦ ᠪᠤᠷᠬᠠᠨ︾ ᠭᠡᠵᠦ ᠠᠴᠢ ᠰᠢᠮ᠎ᠡ ᠶᠢ ᠨᠢ ᠬᠦᠷᠳᠡᠵᠦ ᠪᠠᠶᠢᠭ᠎ᠠ ᠡᠬᠡ ᠪᠠᠶᠢᠭᠠᠯᠢ ᠪᠠᠨ ᠬᠠᠶᠢᠷᠠᠯᠠᠵᠦ ᠶᠠᠪᠤᠬᠤ ᠬᠠᠮᠠᠭᠠᠯᠠᠵᠦ ᠶᠠᠪᠤᠬᠤ ᠵᠢᠴᠢ ᠳᠦᠷᠦᠵᠦ ᠦᠰᠭᠡᠭᠰᠡᠨ ᠠᠪᠤ ᠡᠵᠢ ᠪᠠᠨ ᠠᠴᠢᠯᠠᠵᠦ ᠶᠠᠪᠤᠬᠤ ᠬᠦᠨᠳᠦᠯᠡᠵᠦ ᠶᠠᠪᠤᠬᠤ ᠨᠢ ᠬᠦᠮᠦᠨ ᠪᠦᠬᠦᠨ ᠤ ᠬᠠᠷᠢᠭᠤᠴᠠᠯᠭ᠎ᠠ ᠮᠦᠨ ᠭᠡᠵᠦ ᠶᠤᠰᠤ ᠬᠠᠳᠠᠭᠤ ᠰᠤᠷᠭᠠᠵᠦ ᠪᠠᠶᠢᠳᠠᠭ᠃ ᠤᠳᠤ ᠪᠤᠯᠬᠤ ᠳᠤ ᠬᠡᠥᠬᠡᠳ ᠠᠴᠢᠯᠠᠯ ᠡᠯᠪᠡᠷᠢᠯ ᠦᠭᠡᠢ ᠪᠤᠯᠵᠦ ᠪᠠᠶᠢᠨ᠎ᠠ᠂ ᠡᠴᠢᠬᠡ ᠡᠬᠡ ᠪᠠᠨ ᠬᠠᠶᠢᠷᠠᠯᠠᠵᠦ ᠰᠠᠨᠠᠬᠤ ᠠᠴᠢᠯᠠᠵᠦ ᠡᠨᠡᠷᠢᠬᠦ ᠶᠢ ᠮᠡᠳᠡᠬᠦ ᠦᠭᠡᠢ ᠪᠠᠶᠢᠨ᠎ᠠ ᠭᠡᠵᠦ ᠭᠦᠮᠦᠰ ᠦᠷᠭᠦᠯᠵᠢᠳᠡ ᠶᠠᠷᠢᠳᠠᠭ᠃ ᠡᠨᠡᠬᠦ ᠦᠵᠡᠭᠳᠡᠯ ᠳᠤ ᠭᠠᠭᠴᠠ ᠬᠡᠥᠬᠡᠳ ᠢ ᠪᠤᠷᠤᠭᠤᠳᠬᠠᠭᠠᠳ ᠪᠤᠯᠬᠤ ᠪᠢᠰᠢ᠂ ᠬᠠᠷᠢᠨ ᠰᠤᠷᠭᠠᠭᠤᠯᠢ᠂ ᠨᠡᠶᠢᠭᠡᠮ᠂ ᠭᠡᠷ ᠪᠦᠯᠢ ᠶᠢᠨ ᠰᠤᠷᠭᠠᠨ ᠬᠦᠮᠦᠵᠢᠯ ᠳᠤ ᠬᠠᠶᠢᠷ᠎ᠠ ᠶᠢᠨ ᠬᠦᠮᠦᠵᠢᠯ᠂ ᠠᠴᠢᠯᠠᠯ ᠡᠯᠪᠡᠷᠢᠯ ᠤᠨ ᠬᠦᠮᠦᠵᠢᠯ ᠳᠤᠳᠠᠭᠳᠠᠵᠦ ᠪᠠᠶᠢᠬᠤ ᠠᠴᠠ ᠪᠤᠯᠤᠭᠰᠠᠨ ᠭᠡᠳᠡᠭ ᠢ ᠮᠠᠳᠠᠷᠠᠵᠤ᠂ ᠰᠤᠷᠭᠠᠨ ᠭᠦᠮᠦᠵᠢᠭᠦᠯᠭᠦ ᠠᠷᠭ᠎ᠠ ᠤᠬᠠᠭᠠᠨ ᠢ ᠠᠩᠬᠠᠷᠬᠤ ᠭᠡᠷᠡᠭᠳᠠᠢ ᠪᠤᠯᠪᠠ᠃      ᠡᠮᠦᠨ᠎ᠡ ᠬᠡᠳᠦᠨ ᠡᠳᠦᠷ ᠮᠠᠨ ᠤ ᠨᠢᠭᠡ ᠪᠠᠭᠰᠢ ᠨᠡᠶᠢᠳᠡ ᠶᠢᠨ ᠮᠠᠰᠢᠨ ᠳᠡᠷᠭᠡᠨ ᠳᠡᠭᠡᠷ᠎ᠡ ᠶᠠᠪᠤᠵᠦ ᠪᠠᠶᠢᠬᠤ ᠳᠤ ᠨᠢᠭᠡᠨ ᠳᠤᠮᠳᠠᠳᠤ ᠰᠤᠷᠭᠠᠭᠤᠯᠢ ᠶᠢᠨ ᠬᠤᠶᠠᠷ ᠬᠡᠥᠬᠡᠨ ᠰᠤᠷᠤᠭᠴᠢ ᠶᠢᠨ ᠵᠤᠭᠤᠭ ᠢ ᠰᠤᠨᠤᠰᠤᠭᠠᠳ᠄ ︽ᠪᠤᠷᠬᠠᠨ     ᠡ︕︾ ᠭᠡᠵᠦ ᠵᠠᠯᠪᠠᠷᠢᠵᠦ ᠪᠠᠶᠢᠭᠰᠠᠨ᠃ ᠵᠤᠭᠤᠬ ᠤᠨ ᠠᠭᠤᠯᠭ᠎ᠠ ᠨᠢ ᠶᠡᠭᠡ ᠲᠦᠯᠦᠪ ᠡᠶᠢᠮᠦᠷᠭᠦᠦ ᠪᠠᠶᠢᠪᠠ ᠭᠡᠨ᠎ᠡ᠃ ᠨᠢᠭᠡ ᠬᠡᠥᠬᠡᠨ ᠰᠢᠯᠭᠠᠯᠳᠠ ᠳᠤ ᠪᠠᠨ ᠭᠤᠷᠪᠠᠳᠤᠭᠠᠷ ᠲᠤ ᠤᠷᠤᠭᠰᠠᠨ ᠳᠤ ᠡᠵᠢ ᠨᠢ ᠶᠠᠭᠠᠬᠢᠭᠠᠳ ᠨᠢᠭᠡᠳᠦᠭᠡᠷ ᠲᠤ ᠤᠷᠤᠭᠰᠠᠨ ᠦᠭᠡᠢ ᠪᠤᠢ ᠭᠡᠵᠦ ᠰᠢᠭᠦᠮᠵᠢᠯᠡᠪᠡ᠃ ︽ᠪᠢ ᠦᠨᠡᠨ ᠳᠤ ᠪᠠᠨ ᠨᠢᠭᠡᠳᠦᠭᠡᠷ ᠲᠤ ᠤᠷᠤᠵᠦ ᠳᠡᠶᠢᠯᠦᠨ᠎ᠡ᠃ ᠭᠡᠪᠡᠴᠦ ᠳᠡᠭᠦᠨ ᠲᠠᠢ ᠦᠰᠢᠭᠡᠳ ᠰᠡᠳᠦᠪ ᠢᠶᠠᠨ ᠵᠤᠷᠢᠯᠭ᠎ᠠ ᠲᠠᠢ ᠪᠤᠷᠤᠭᠤ ᠬᠢᠭᠰᠡᠨ᠂ ᠦᠷᠭᠦᠯᠵᠢ ᠳᠤ ᠪᠠᠨ ᠰᠤᠷᠤᠯᠭ᠎ᠠ ᠰᠤᠷᠤᠯᠭ᠎ᠠ ᠭᠡᠳ ᠦᠭᠡᠷ᠎ᠡ ᠤᠴᠢᠷ ᠦᠭᠡᠢ᠂ ᠪᠢ ᠵᠠᠷᠢᠮ ᠳᠤ ᠪᠠᠨ ᠳᠡᠭᠦᠨ ᠢ ᠠᠩᠭ᠍ᠯᠢ ᠪᠠᠷ ᠬᠠᠷᠢᠶᠠᠳᠠᠭ᠂ ᠳᠡᠷᠡ ᠨᠠᠮ᠎ᠠ ᠶᠢ ᠳᠠᠩ ᠦᠭᠡ ᠪᠠᠨ ᠴᠡᠭᠡᠵᠢᠯᠡᠵᠦ ᠪᠠᠶᠢᠨ᠎ᠠ ᠭᠡᠵᠦ ᠪᠤᠳᠤᠳᠠᠬ ᠪᠠᠶᠢᠬ᠎ᠠ︾ ᠭᠡᠵᠦ ᠨᠦᠭᠦᠭᠡ ᠬᠡᠥᠬᠡᠨ ᠳᠤ ᠪᠠᠨ ᠶᠠᠷᠢᠵᠦ ᠪᠠᠶᠢᠭᠰᠠᠨ ᠭᠡᠨ᠎ᠡ᠃ ᠤᠷᠢᠳᠦ ᠳᠤ ᠪᠣᠯ ᠠᠪᠤ ᠡᠵᠢ ᠶᠢᠨ ᠦᠭᠡᠳᠡ ᠬᠠᠷᠢᠭᠤ ᠬᠡᠯᠡᠵᠦ ᠪᠤᠯᠳᠠᠭ ᠦᠭᠡᠢ᠂ ᠨᠡᠩ ᠬᠠᠷᠢᠶᠠᠬᠤ ᠶᠢ ᠪᠢᠳᠡᠬᠡᠢ ᠬᠡᠯᠡ᠃ ᠭᠡᠳᠡᠯ᠎ᠡ ᠤᠳᠤ ᠶᠢᠨ ᠬᠡᠥᠬᠡᠳ ᠶᠠᠭᠠᠬᠢᠭᠠᠳ ᠭᠡᠷ ᠲᠤ ᠪᠠᠨ ᠠᠵᠢᠯ ᠬᠦᠳᠡᠯᠮᠦᠷᠢ ᠬᠢᠬᠦ ᠦᠭᠡᠢ᠂ ᠡᠵᠢ ᠠᠪᠤ ᠨᠢ ᠢᠳᠡᠵᠦ ᠤᠤᠭᠤᠬᠤ ᠶᠢ ᠨᠢ ᠠᠮᠠᠨ ᠳᠤ ᠨᠢ ᠬᠢᠵᠦ ᠦᠭᠭᠦᠮᠡᠷ ᠠᠰᠠᠷᠠᠵᠦ ᠬᠠᠷᠠᠭᠠᠯᠵᠠᠵᠦ ᠪᠠᠶᠢᠳᠠᠯ᠎ᠠ ᠪᠠᠰᠠ ᠳᠡᠳᠡᠨ ᠤ ᠰᠠᠨᠠᠭᠠᠨ ᠳᠤ ᠳᠠᠭᠠᠷᠠᠬᠤ ᠦᠭᠡᠢ ᠪᠠᠶᠢᠬᠤ ᠪᠤᠢ︖ ᠡᠨᠡ ᠪᠣᠯ ᠳᠠᠷᠤᠢ ᠰᠤᠷᠤᠯᠭ᠎ᠠ ᠶᠢᠨ ᠬᠢᠷᠢ ᠪᠦᠳᠦᠮᠵᠢ ᠶᠢ ᠯᠡ ᠬᠦᠭᠡᠭᠡᠴᠡᠯᠳᠦᠭᠡᠳ ᠬᠦᠮᠦᠨ ᠮᠦᠰᠦ ᠶᠢᠨ ᠰᠤᠷᠭᠠᠨ ᠬᠦᠮᠦᠵᠢᠯ ᠢ ᠤᠮᠳᠤᠭᠠᠶᠢᠯᠠᠵᠦ ᠪᠠᠶᠢᠭ᠎ᠠ ᠠᠴᠠ ᠪᠤᠯᠤᠭᠰᠠᠨ ᠶᠤᠮ᠃ ᠠᠪᠤ ᠡᠵᠢ ᠪᠠᠨ ᠪᠠᠰᠠ ᠬᠠᠶᠢᠷᠠᠯᠠᠵᠦ ᠬᠦᠨᠳᠦᠯᠡᠬᠦ ᠶᠢ ᠮᠡᠳᠡᠬᠦ ᠦᠭᠡᠢ ᠰᠦᠷᠭᠡᠥ ᠪᠤᠳᠤᠯ ᠰᠡᠳᠬᠢᠬᠦᠢ ᠲᠠᠢ ᠰᠤᠷᠤᠭᠴᠢ ᠬᠡᠴᠢᠨᠡᠨ ᠦᠨᠳᠦᠷ ᠰᠤᠷᠤᠯᠭ᠎ᠠ ᠶᠢᠨ ᠨᠠᠮᠳᠠᠷ ᠲᠠᠢ ᠪᠤᠯᠤᠭᠰᠠᠨ ᠴᠦ ᠶᠠᠭᠠᠬᠢᠬᠤᠪ︕ ᠬᠡᠥᠬᠡᠳ ᠢ ᠠᠴᠢᠯᠠᠯ ᠡᠯᠪᠡᠷᠢᠯ ᠲᠠᠢ᠂ ᠳᠠᠯᠠᠷᠬᠠᠬᠤ ᠰᠡᠳᠬᠢᠯ ᠲᠠᠢ ᠪᠤᠯᠭᠠᠨ ᠬᠦᠮᠦᠵᠢᠬᠦᠯᠬᠦ ᠪᠣᠯ ᠤᠳᠤ ᠶᠢᠨ ᠰᠤᠷᠭᠠᠨ ᠬᠦᠮᠦᠵᠢᠯ ᠤᠨ ᠳᠤᠳᠠᠭᠳᠠᠵᠦ ᠪᠤᠯᠤᠰᠢ ᠦᠭᠡᠢ ᠨᠢᠬᠡ ᠠᠭᠤᠯᠭ᠎ᠠ ᠪᠤᠯᠬᠤ ᠲᠤᠯᠠ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠠᠪᠤ ᠡᠵᠢ ᠠᠬᠠᠮᠠᠳ ᠨᠠᠰᠤᠳᠠᠨ ᠢᠶᠠᠨ ᠬᠠᠶᠢᠷᠠᠯᠠᠵᠦ ᠬᠦᠨᠳᠦᠯᠡᠵᠦ ᠶᠠᠪᠤᠬᠤ᠂ ᠪᠤᠰᠤᠳ ᠤᠨ ᠠᠴᠢ ᠡᠨᠡᠷᠢᠯ ᠳᠤ ᠳᠠᠯᠠᠷᠬᠠᠵᠦ ᠶᠠᠪᠤᠬᠤ ᠰᠠᠶᠢᠨ ᠰᠠᠶᠢᠬᠠᠨ ᠰᠤᠷᠳᠠᠯ ᠮᠤᠷᠠᠯ ᠤᠨ ᠬᠦᠮᠦᠵᠢᠯ ᠢ ᠴᠢᠩᠭᠠᠳᠬᠠᠪᠠᠯ ᠵᠤᠬᠢᠬᠤ ᠶᠤᠮ᠃      * * *      ᠪᠠᠭ᠎ᠠ ᠨᠠᠰᠤ ᠭᠡᠵᠦ ᠬᠦᠮᠦᠨ ᠤ ᠬᠠᠮᠤᠭ ᠤᠨ ᠵᠤᠯ ᠵᠢᠷᠭᠠᠯᠳᠠᠢ ᠴᠠᠭ ᠦᠶ᠎ᠡ ᠪᠤᠯᠬᠤ ᠪᠦᠭᠡᠳ ᠬᠤᠵᠢᠮ ᠤᠨ ᠶᠠᠮᠠᠷ ᠬᠦᠮᠦᠨ ᠪᠤᠯᠵᠦ ᠬᠦᠮᠦᠵᠢᠭᠳᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠤᠯᠬᠤ ᠶᠤᠮ᠃ ᠬᠡᠥᠬᠡᠳ ᠪᠣᠯ ᠨᠢᠭᠡ ᠬᠠᠭᠤᠳᠠᠰᠤ ᠴᠠᠭᠠᠨ ᠴᠠᠭᠠᠰᠤ ᠪᠠᠶᠢᠵᠤ᠂ ᠡᠨᠡᠬᠦ ᠴᠠᠭᠠᠰᠤᠨ ᠳᠡᠭᠡᠷ᠎ᠡ ᠭᠤᠶᠤ ᠰᠠᠶᠢᠬᠠᠨ ᠵᠢᠷᠤᠭ ᠳᠦᠷᠰᠦ ᠵᠢᠷᠤᠵᠦ ᠪᠦᠳᠦᠭᠡᠬᠦ ᠨᠢ ᠡᠵᠢ ᠠᠪᠤ ᠵᠢᠴᠢ ᠰᠤᠷᠭᠠᠨ ᠬᠦᠮᠦᠵᠢᠭᠦᠯᠬᠦ ᠡᠭᠦᠷᠭᠡ ᠶᠢ ᠡᠭᠦᠷᠭᠡᠯᠡᠵᠦ ᠪᠠᠶᠢᠭ᠎ᠠ ᠪᠠᠭᠰᠢ ᠨᠠᠷ ᠤᠨ ᠲᠠᠷᠬᠠᠨ ᠬᠠᠷᠢᠭᠤᠴᠠᠯᠭ᠎ᠠ ᠪᠤᠯᠬᠤ ᠶᠤᠮ᠃ ᠬᠠᠶᠢᠷ᠎ᠠ ᠪᠠᠶᠢᠪᠠᠯ ᠬᠠᠷᠢᠭᠤᠴᠠᠯᠭ᠎ᠠ ᠪᠠᠶᠢᠨ᠎ᠠ᠃ ᠬᠠᠷᠢᠭᠤᠴᠠᠯᠭ᠎ᠠ ᠪᠣᠯ ᠨᠢᠭᠡ ᠵᠦᠢᠯ ᠤᠨ ᠵᠠᠷᠯᠢᠭ ᠵᠠᠬᠢᠶ᠎ᠠ᠂ ᠢᠷᠠᠭᠤ ᠠᠯᠳᠠᠷ᠂ ᠨᠡᠩ ᠴᠦ ᠬᠦᠮᠦᠨ ᠮᠦᠰᠦ ᠶᠢᠨ ᠢᠯᠡᠷᠡᠯ ᠮᠦᠨ᠃ ᠡᠶᠢᠮᠦ ᠠᠴᠠ ᠠᠩᠬᠢ ᠶᠢᠨ ᠡᠷᠬᠢᠯᠡᠭᠴᠢ ᠪᠤᠯᠤᠭᠰᠠᠳ ᠰᠤᠷᠤᠭᠴᠢᠳ ᠢᠶᠠᠨ ᠬᠠᠶᠢᠷ᠎ᠠ ᠪᠠᠷ ᠤᠶᠠᠰᠬᠠᠵᠦ ᠬᠠᠷᠢᠭᠤᠴᠠᠯᠭ᠎ᠠ ᠪᠠᠷ ᠢᠶᠠᠨ ᠨᠦᠯᠦᠭᠡᠯᠡᠨ᠂ ᠦᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠤᠨ ᠳᠠᠭᠠᠭᠤᠯᠤᠨ ᠬᠦᠮᠦᠵᠢᠭᠦᠯᠬᠦ ᠶᠢ ᠠᠩᠬᠠᠷᠪᠠᠯ ᠵᠤᠬᠢᠨ᠎ᠠ᠃ ︽ᠵᠢᠷ ᠤᠨ ᠪᠠᠭᠰᠢ ᠵᠦᠪᠬᠡᠨ ᠶᠠᠷᠢᠳᠠᠭ᠂ ᠰᠠᠶᠢᠨ ᠪᠠᠭᠰᠢ ᠪᠣᠯ ᠭᠠᠭᠴᠠ ᠯᠠ ᠳᠠᠶᠢᠯᠪᠦᠷᠢᠯᠠᠳᠠᠭ᠂ ᠮᠤᠨᠳᠠᠭ ᠪᠠᠭᠰᠢ ᠪᠣᠯ ᠦᠯᠢᠭᠡᠷ ᠳᠠᠭᠤᠷᠢᠶᠠᠯ ᠦᠵᠡᠭᠦᠯᠳᠡᠭ᠂ ᠠᠭᠤᠤ ᠪᠠᠭᠰᠢ ᠪᠣᠯ ᠰᠤᠷᠤᠭᠴᠢᠳ ᠤᠨ ᠢᠶᠠᠨ ᠴᠡᠭᠡᠵᠢᠨ ᠳᠤ ᠭᠠᠯ ᠠᠰᠠᠭᠠᠳᠠᠭ︾ ᠭᠡᠳᠡᠭ ᠢᠶᠠᠷ ᠰᠤᠷᠤᠭᠴᠢᠳ ᠤᠨ ᠬᠦᠨᠳᠦᠳᠬᠡᠯ ᠪᠢᠰᠢᠷᠠᠯ ᠢ ᠤᠯᠵᠦ᠂ ᠪᠡᠶ᠎ᠡ ᠪᠠᠷ ᠢᠶᠠᠨ ᠬᠡᠪ ᠳᠦᠷᠢᠮ ᠪᠤᠯᠤᠨ᠂ ᠵᠢᠭᠠᠨ ᠰᠤᠷᠭᠠᠬᠤ ᠭᠡᠪ ᠪᠤᠯᠪᠠᠰᠤᠷᠠᠯ ᠢ ᠴᠠᠭ ᠢᠮᠠᠭᠳᠠ ᠲᠡᠭᠡᠭᠰᠢᠯᠠᠭᠦᠯᠵᠤ᠂ ᠠᠩᠬᠢ ᠶᠢᠨ ᠠᠵᠢᠯ ᠤᠨ ᠴᠢᠨᠠᠷ ᠴᠢᠨᠰᠠᠭ᠎ᠠ ᠶᠢ ᠪᠤᠳᠠᠳᠠᠢ ᠰᠠᠶᠢᠵᠢᠷᠠᠭᠤᠯᠬᠤ ᠪᠠᠷ ᠰᠤᠳᠤᠯᠤᠨ ᠴᠢᠷᠮᠠᠶᠢᠬᠤ ᠪᠤᠯ ᠠᠩᠬᠢ ᠶᠢᠨ ᠡᠷᠬᠢᠯᠡᠭᠴᠢ ᠪᠠᠭᠰᠢ ᠨᠠᠷ ᠤᠨ ᠭᠦᠢᠴᠡᠳᠭᠡᠪᠡᠰᠤ ᠵᠤᠬᠢᠬᠤ ᠦᠨᠳᠤᠰᠤᠨ ᠡᠭᠦᠷᠭᠡ ᠪᠤᠯᠬᠤ ᠶᠤᠮ᠃                                                   ᠬᠠᠶ᠋ᠢᠬ᠄ ᠪᠤᠷᠤᠬᠤᠳᠠ ᠮᠤᠩᠭᠤᠯ ᠪᠠᠭ᠎ᠠ ᠰᠤᠷᠭᠠᠭᠤᠯᠢ                                                    ︵ᠰᠦᠶ᠎ᠠ ᠨᠠᠶᠢᠷᠠᠭᠤᠯᠪᠠ︶                                                            2020 ᠤᠨ ᠤ 2 ᠳ᠋ᠤᠭᠠᠷ ᠬᠤᠭᠤᠴᠠᠭ᠎ᠠ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map