ᠰᠤᠷᠭᠠᠨ ᠬᠥᠮᠦᠵᠢᠯ ᠤᠨ ᠶᠠᠮᠤᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ ︽ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠰᠠᠯᠠᠭ᠎ᠠ ᠮᠥᠴᠢᠷ ᠤᠨ ᠰᠠᠨᠠᠯ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/5/28
     ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ      ᠶᠢ ᠥᠳᠲᠡᠷ ᠲᠦᠷᠭᠡᠨ ᠪᠠᠶᠢᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ      ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠥᠵᠢᠭᠦᠯᠦᠶ᠎ᠡ-- ᠰᠤᠷᠭᠠᠨ ᠬᠥᠮᠦᠵᠢᠯ ᠤᠨ ᠶᠠᠮᠤᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ ︽ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠰᠠᠯᠠᠭ᠎ᠠ ᠮᠥᠴᠢᠷ ᠤᠨ ᠰᠠᠨᠠᠯ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ       ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠲᠥᠪ ᠤᠨ ᠰᠦᠯᠵᠢᠶᠡᠨ ᠤ ᠰᠤᠷᠠᠭ ᠵᠠᠩᠭᠢᠴᠢᠯᠠᠯᠲᠠ ᠶᠢᠨ ᠠᠯᠪᠠᠨ ᠬᠡᠷ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠵᠡᠷᠭᠡ ᠨᠠᠢᠮᠠᠨ ᠰᠠᠯᠠᠭ᠎ᠠ ᠮᠥᠴᠢᠷ ᠠᠴᠠ ︽ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠰᠠᠯᠠᠭ᠎ᠠ ᠮᠥᠴᠢᠷ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃  ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ ᠵᠠᠩᠭᠢᠯᠠᠭ᠎ᠠ ᠪᠠ ᠭᠤᠣᠯᠳᠠᠯᠭ᠎ᠠ ᠶᠢ ᠬᠡᠷᠬᠢᠨ ᠡᠵᠡᠮᠳᠡᠬᠦ ᠪᠤᠢ︖ ᠡᠨᠡ ᠲᠤᠬᠠᠢ᠂ ᠰᠤᠷᠭᠠᠨ ᠬᠥᠮᠦᠵᠢᠯ ᠤᠨ ᠶᠠᠮᠤᠨ‌‍ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       1. ᠠᠰᠠᠭᠤᠯᠲᠠ᠄ ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖       ᠬᠠᠷᠢᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ ᠪᠣᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠶᠠᠪᠤᠴᠠ ᠳᠤ ᠲᠤᠭᠤᠰᠢᠯᠠᠭᠤᠯᠬᠤ ᠶᠢ ᠠᠬᠢᠭᠤᠯᠬᠤ ᠵᠠᠩᠭᠢᠯᠠᠭ᠎ᠠ ᠶᠢᠨ ᠭᠠᠷᠳᠠᠴᠠ ᠮᠥᠨ᠃ ︽ᠰᠠᠨᠠᠯ︾ ᠢ ᠨᠡᠶᠢᠲᠡᠯᠡᠭᠰᠡᠨ ᠨᠢ ᠭᠤᠤᠯᠳᠠᠭᠤ ᠳᠣᠤᠷᠠᠬᠢ ᠬᠤᠶᠠᠷ ᠲᠠᠯ᠎ᠠ ᠶᠢᠨ ᠠᠬᠤᠶ ᠪᠠᠶᠢᠳᠠᠯ ᠲᠠᠢ ᠶᠤᠮ᠃       ᠨᠢᠭᠡ ᠳᠤ᠂ ᠰᠢᠨ᠎ᠡ ᠴᠠᠭ ᠦᠶ᠎ᠡ ᠶᠢᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠳᠤ ᠬᠢ ᠨᠠᠮ ᠤᠨ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠴᠡᠭᠡ ᠠᠴᠠ ᠪᠣᠯᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠠᠴᠠ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠠᠴᠠ ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠤᠷᠠᠯ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠰᠠᠭᠤᠳᠠᠯ ᠤᠨ ᠬᠤᠷᠠᠯ ᠳᠡᠭᠡᠷ᠎ᠡ ᠠᠯᠢ ᠤᠯᠠᠨ ᠴᠢᠬᠤᠯᠠ ᠶᠠᠷᠢᠶ᠎ᠠ ᠲᠠᠯᠪᠢᠨ᠂ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠬᠢᠵᠦ᠂ ᠴᠢᠳᠠᠪᠤᠷᠢᠲᠠᠨ ᠢ ᠬᠥᠮᠦᠵᠢᠭᠦᠯᠬᠦ ᠳᠣᠭᠲᠠᠯᠴᠠᠭ᠎ᠠ ᠨᠢ ᠰᠢᠨᠵᠢᠯᠡᠭᠡᠨ ᠤ ᠰᠠᠯᠠᠭᠠᠨ ᠤ ᠳᠣᠭᠲᠠᠯᠴᠠᠭ᠎ᠠ᠂ ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ᠂ ᠬᠠᠮᠢᠶᠠᠷᠤᠯᠲᠠ ᠶᠢᠨ ᠳᠣᠭᠲᠠᠯᠴᠠᠭ᠎ᠠ ᠵᠡᠷᠭᠡ ᠲᠠᠢ ᠬᠤᠯᠪᠤᠭᠳᠠᠬᠤ ᠶᠢ ᠴᠢᠬᠤᠯᠠᠴᠢᠯᠠᠵᠤ᠂ ᠡᠭᠦᠨ ᠳᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠨᠢ ᠲᠤᠭᠤᠰᠢᠲᠠᠢ ᠨᠡᠪᠲᠡᠷᠡᠵᠦ ᠪᠠᠶᠢᠭ᠎ᠠ ᠪᠣᠯᠬᠤᠷ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃       ᠬᠤᠶᠠᠷ ᠲᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠢᠨ᠎ᠡ ᠶᠢ ᠡᠭᠦᠳᠴᠦ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠴᠡᠭᠡ ᠠᠴᠠ ᠪᠣᠯᠵᠠᠢ᠃ ᠣᠳᠣᠬᠠᠨ ᠳᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠭᠤᠷᠪᠠ ᠶᠢ ᠪᠦᠷᠢᠳᠦᠭᠦᠯᠦᠭᠰᠡᠨ ᠬᠥᠮᠦᠨ ᠢ ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠠᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠳᠡᠭᠡᠳᠦ ᠰᠤᠷᠭᠠᠭᠤᠯᠢ ᠨᠢ ᠢᠳᠡᠪᠬᠢᠲᠡᠢ ᠦᠢᠯᠡᠳᠦᠯᠭᠡᠵᠢᠭᠦᠯᠵᠦ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠲᠠᠰᠤᠷᠠᠯᠲᠠ ᠦᠭᠡᠢ ᠥᠭᠡᠳᠡᠯᠡᠨ ᠳᠠᠪᠰᠢᠬᠤ ᠬᠥᠭᠵᠢᠯᠲᠡ ᠶᠢᠨ ᠪᠠᠶᠢᠳᠠᠯ ᠢᠯᠡᠷᠡᠪᠡ᠃ ᠵᠠᠯᠭᠠᠭᠠᠳ ᠪᠢᠳᠡ ᠠᠵᠢᠯ ᠢᠶᠠᠨ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠬᠤ ᠶᠢ ᠠᠬᠢᠭᠤᠯᠬᠤ ᠳᠤ ᠡᠷᠬᠡᠪᠰᠢ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ ᠪᠠᠷ ᠶᠡᠷᠦᠩᠬᠡᠶ ᠢᠨᠵᠧᠨᠧᠷᠢᠩ  ᠪᠣᠯᠭᠠᠵᠤ᠂ ᠲᠡᠭᠦᠨ ᠤ ᠨᠡᠪᠲᠡᠷᠡᠬᠦ ᠪᠠ ᠲᠠᠲᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠪᠦᠬᠦ᠋ᠢᠯᠡ ᠰᠤᠷᠭᠠᠨ ᠬᠥᠮᠦᠵᠢᠯ ᠤᠨ ᠦᠢᠯᠡᠰ ᠲᠠᠢ ᠤᠶᠠᠯᠳᠤᠭᠤᠯᠵᠤ᠂ ᠰᠤᠷᠤᠭᠴᠢᠳ ᠤᠨ ᠦᠰᠦᠨ ᠪᠤᠶᠢᠵᠢᠬᠤ ᠶᠠᠪᠤᠴᠠ ᠲᠠᠢ ᠤᠶᠠᠯᠳᠤᠭᠤᠯᠤᠨ᠂ ᠥᠷᠭᠡᠨ ᠣᠯᠠᠨ ᠪᠠᠭᠰᠢ ᠶᠢᠨ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠦᠢᠯᠡᠳᠦᠯᠭᠡ ᠲᠠᠢ ᠤᠶᠠᠯᠳᠤᠭᠤᠯᠵᠤ᠂ ᠬᠥᠮᠦᠨ ᠢ ᠬᠥᠮᠦᠵᠢᠭᠦᠯᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃       2. ᠠᠰᠠᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠵᠢᠯᠣᠭᠤᠳᠬᠤ ᠦᠵᠡᠯ ᠰᠠᠨᠠᠭ᠎ᠠ ᠪᠠ ᠬᠠᠷᠠᠯᠲᠠ ᠡᠭᠦᠷᠭᠡ ᠶᠢ ᠬᠡᠷᠬᠢᠨ ᠡᠵᠡᠮᠳᠡᠬᠦ ᠪᠣᠶ︖       ᠬᠠᠷᠢᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢᠶᠠᠷ ᠭᠤᠣᠯ  ᠪᠣᠯᠭᠠᠨ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠪᠠᠷ ᠭᠤᠤᠯ ᠰᠢᠵᠢᠮ ᠪᠣᠯᠭᠠᠵᠤ᠂ ᠪᠦᠬᠦ ᠠᠵᠢᠯᠲᠠᠨ᠂ ᠪᠦᠬᠦ ᠶᠠᠪᠤᠴᠠ᠂ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠪᠠᠶᠢᠭᠤᠯᠤᠯ ᠳᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠵᠠᠩᠭᠢᠯᠠᠭ᠎ᠠ ᠪᠣᠯᠭᠠᠨ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃       ᠬᠠᠷᠠᠯᠲᠠ ᠡᠭᠦᠷᠭᠡ ᠶᠢᠨ ᠲᠤᠬᠠᠶ ︽ᠰᠠᠨᠠᠯ︾ ᠳᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠵᠡᠯ ᠰᠠᠨᠠᠭ᠎ᠠ ᠶᠣᠰᠣ ᠮᠣᠷᠠᠯ᠂ ᠰᠣᠶᠣᠯ ᠮᠡᠳᠡᠯᠭᠡ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠤᠨ ᠡᠯ᠎ᠡ ᠭᠤᠭᠴᠤᠭᠠᠨ ᠳᠤ ᠠᠭᠤᠰᠬᠠᠬᠤ ᠬᠡᠷᠡᠭᠲᠡᠶ ᠭᠡᠵᠦ ᠳᠤᠷᠠᠳᠤᠨ ᠭᠠᠷᠭᠠᠵᠤ᠂ ᠰᠢᠨᠵᠢᠯᠡᠭᠡᠨ ᠤ ᠰᠠᠯᠠᠭᠠᠨ ᠤ ᠳᠣᠭᠲᠠᠯᠴᠠᠭ᠎ᠠ᠂ ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ᠂ ᠬᠠᠮᠢᠶᠠᠷᠤᠯᠲᠠ ᠶᠢᠨ ᠳᠣᠭᠲᠠᠯᠴᠠᠭ᠎ᠠ ᠶᠢ ᠨᠡᠪᠲᠡᠷᠡᠭᠦᠯᠵᠦ᠂ ᠬᠠᠷᠠᠯᠲᠠ ᠨᠢ ᠲᠣᠳᠣᠷᠬᠠᠶ᠂ ᠠᠭᠤᠯᠭ᠎ᠠ ᠨᠢ ᠲᠡᠭᠦᠯᠳᠡᠷ᠂ ᠪᠠᠷᠢᠮᠵᠢᠶ᠎ᠠ ᠨᠢ ᠪᠦᠷᠢᠨ ᠲᠡᠭᠦᠯᠳᠡᠷ᠂ ᠠᠵᠢᠯᠯᠠᠭ᠎ᠠ ᠨᠢ ᠰᠢᠨᠵᠢᠯᠡᠬᠦ ᠤᠬᠠᠭᠠᠨᠴᠢ᠂ ᠪᠠᠲᠤᠯᠠᠭ᠎ᠠ ᠨᠢ ᠬᠦᠴᠦᠨ ᠲᠡᠭᠦᠯᠳᠡᠷ᠂ ᠦᠷ᠎ᠡ ᠪᠦᠲᠦᠮᠵᠢ ᠨᠢ ᠢᠯᠡ ᠲᠣᠳᠤᠷᠬᠠᠢ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠬᠡᠷᠡᠭᠲᠡᠢ᠃       3. ᠠᠰᠠᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠪᠠᠶᠢᠭᠤᠯᠬᠤ ᠲᠤᠬᠠᠶ ︽ᠰᠠᠨᠠᠯ︾ ᠳᠤ ᠶᠠᠮᠠᠷ ᠶᠠᠮᠠᠷ ᠭᠤᠤᠯᠳᠠᠯᠭ᠎ᠠ ᠲᠠᠢ ᠲᠣᠬᠢᠷᠠᠭᠤᠯᠤᠯᠲᠠ  ᠬᠢᠭᠰᠡᠨ ᠪᠣᠶ︖       ᠬᠠᠷᠢᠭᠤᠯᠲᠠ᠄ ︽ᠰᠠᠨᠠᠯ︾ ᠳᠤ ᠣᠨᠣᠯ ᠢᠶᠠᠷ ᠵᠡᠪᠰᠡᠭᠯᠡᠬᠦ ᠳᠣᠭᠲᠠᠯᠴᠠᠭ᠎ᠠ᠂ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠡᠳᠦᠷ ᠲᠤᠲᠤᠮ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ᠂ ᠬᠠᠮᠢᠶᠠᠷᠤᠯᠲᠠ ᠦᠢᠯᠡᠴᠢᠯᠡᠭᠡᠨ ᠤ ᠳᠣᠭᠲᠠᠯᠴᠠᠭ᠎ᠠ᠂ ᠠᠮᠤᠷ ᠲᠦᠪᠰᠢᠨ ᠲᠣᠭᠲᠠᠭᠤᠨ ᠤ ᠳᠣᠭᠲᠠᠯᠴᠠᠭ᠎ᠠ᠂ ᠡᠩᠨᠡᠭᠡᠨ ᠤ ᠪᠠᠶᠢᠭᠤᠯᠤᠯᠲᠠ ᠶᠢᠨ ᠳᠣᠭᠲᠠᠯᠴᠠᠭ᠎ᠠ᠂ ᠦᠨᠡᠯᠡᠨ ᠵᠢᠱᠢᠵᠦ ᠬᠢᠨᠠᠨ ᠵᠢᠯᠣᠭᠤᠳᠬᠤ ᠳᠣᠭᠲᠠᠯᠴᠠᠭ᠎ᠠ ᠵᠡᠷᠭᠡ ᠶᠢ ᠪᠠᠭᠲᠠᠭᠠᠭᠰᠠᠨ ᠲᠤᠯᠤᠭᠠᠨ ᠬᠤᠪᠢᠶᠠᠷᠢ ᠳᠣᠭᠲᠠᠯᠴᠠᠭ᠎ᠠ ᠶᠢ ᠨᠠᠷᠢᠨ ᠲᠥᠯᠦᠪᠵᠢᠭᠦᠯᠪᠡ᠃       ᠡᠭᠦᠨ ᠤ ᠳᠣᠲᠣᠷ᠎ᠠ᠂ ᠤᠨᠤᠯ ᠢᠶᠠᠷ ᠵᠡᠪᠰᠡᠭᠯᠡᠬᠦ ᠳᠣᠭᠲᠠᠯᠴᠠᠭ᠎ᠠ ᠨᠢ ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠵᠤ᠂ ᠡᠬᠡ ᠣᠷᠤᠨᠴᠢ ᠰᠡᠳᠬᠢᠯᠭᠡ ᠪᠠᠨ ᠵᠤᠵᠠᠭᠠᠳᠬᠠᠵᠤ᠂ ᠥᠷᠲᠡᠭ ᠤᠨ ᠵᠢᠯᠣᠭᠤᠳᠤᠮᠵᠢ ᠶᠢ ᠴᠢᠩᠭᠠᠳᠬᠠᠬᠤ ᠬᠡᠷᠡᠭᠲᠡᠢ︔ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢᠨ ᠳᠣᠭᠲᠠᠯᠴᠠᠭᠠᠨ ᠳᠤ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠢ ᠰᠠᠶᠢᠲᠤᠷ ᠡᠷᠬᠢᠯᠡᠬᠦ ᠬᠡᠷᠡᠭᠲᠡᠶ ᠭᠡᠵᠦ ᠳᠤᠷᠠᠳᠴᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢᠶᠠᠷ ᠬᠥᠮᠦᠨ ᠢ ᠬᠥᠮᠦᠵᠢᠭᠦᠯᠬᠦ ᠦᠢᠯᠡᠳᠦᠯ ᠢ ᠴᠢᠩᠭᠠᠷᠠᠭᠤᠯᠵᠤ᠂ ᠪᠣᠢ ᠪᠦᠬᠦᠢ ᠰᠢᠨᠵᠢᠯᠡᠭᠡᠨ ᠤ ᠰᠠᠯᠠᠭᠠᠨ ᠤ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠬᠥᠮᠦᠨ ᠢ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ︔ ᠡᠳᠦᠷ ᠲᠤᠲᠤᠮ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠳᠤ ᠦᠢᠯᠡᠳᠦᠯᠭᠡ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠬᠡᠷᠡᠭᠲᠡᠶ ᠭᠡᠵᠦ ᠳᠤᠷᠠᠳᠤᠨ᠂ ᠰᠦᠯᠵᠢᠶ᠎ᠡ ᠪᠠᠷ ᠬᠥᠮᠦᠨ ᠢ ᠬᠥᠮᠦᠵᠢᠭᠦᠯᠬᠦ ᠶᠢ ᠴᠢᠩᠭᠠᠳᠬᠠᠵᠤ᠂ ᠰᠡᠳᠬᠢᠴᠡ ᠶᠢᠨ ᠡᠷᠡᠭᠦᠯ ᠮᠡᠨᠳᠦ ᠶᠢ ᠲᠦᠯᠬᠢᠨ ᠠᠬᠢᠭᠤᠯᠬᠤ ᠬᠡᠷᠡᠭᠲᠡᠢ︔ ᠬᠠᠮᠢᠶᠠᠷᠤᠯᠲᠠ ᠦᠢᠯᠡᠴᠢᠯᠡᠭᠡᠨ ᠤ ᠳᠣᠭᠲᠠᠯᠴᠠᠭ᠎ᠠ ᠨᠢ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠣᠯᠠᠨ ᠲᠥᠮᠡᠨᠴᠢ ᠪᠥᠯᠬᠦᠮ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠥᠷᠲᠡᠭᠡᠯᠢᠭ ᠬᠡᠯᠪᠡᠷᠢᠲᠦ︾ ᠰᠤᠷᠤᠭᠴᠢᠳ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠮᠦᠨ ᠢ ᠬᠥᠮᠦᠵᠢᠭᠦᠯᠬᠦ ᠳᠤ ᠤᠨᠢᠨ ᠳᠡᠭᠡᠷ᠎ᠡ ᠨᠢ ᠲᠤᠰᠠᠯᠠᠬᠤ ᠶᠢ ᠲᠡᠭᠦᠯᠳᠡᠷᠵᠢᠭᠦᠯᠬᠦ ᠬᠡᠷᠡᠭᠲᠡᠢ︔ ᠠᠮᠤᠷ ᠲᠦᠪᠰᠢᠨ ᠲᠣᠭᠲᠠᠭᠤᠨ ᠤ ᠳᠣᠭᠲᠠᠯᠴᠠᠭᠠᠨ ᠳᠤ ᠳᠡᠭᠡᠳᠦ ᠰᠤᠷᠭᠠᠭᠤᠯᠢ ᠶᠢᠨ ᠤᠯᠤᠰ ᠲᠥᠷᠥ ᠶᠢᠨ ᠠᠮᠤᠷ ᠲᠦᠪᠰᠢᠨ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ︔ ᠡᠩᠨᠡᠭᠡᠨ ᠤ ᠪᠠᠶᠢᠭᠤᠯᠤᠯᠲᠠ ᠶᠢᠨ ᠳᠣᠭᠲᠠᠯᠴᠠᠭᠠᠨ ᠳᠤ ᠥᠨᠳᠥᠷ  ᠲᠦᠪᠰᠢᠨᠲᠦ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ ᠭᠡᠵᠦ ᠳᠤᠷᠠᠳᠴᠤ᠂ ᠥᠨᠳᠥᠷ ᠬᠡᠪ ᠴᠢᠨᠠᠷ ᠪᠦᠬᠦᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠨᠠᠮ ᠤᠨ ᠠᠵᠢᠯ ᠤᠨ ᠡᠩᠨᠡᠭᠡ ᠶᠢ ᠪᠠᠶᠢᠭᠤᠯᠵᠤ᠂ ᠮᠠᠷᠺᠰ ᠤᠨ ᠦᠵᠡᠯᠲᠡᠨ ᠤ ᠡᠷᠳᠡᠮᠲᠡᠨ ᠪᠣᠯᠤᠨ ᠵᠠᠯᠠᠭᠤ ᠮᠠᠷᠺᠰ ᠤᠨ ᠦᠵᠡᠯᠳᠡᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠦᠨᠡᠯᠡᠨ ᠵᠢᠱᠢᠵᠦ ᠬᠢᠨᠠᠨ ᠵᠢᠯᠣᠭᠤᠳᠬᠤ ᠳᠣᠭᠲᠠᠯᠴᠠᠭ᠎ᠠ ᠨᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠳᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃       ᠡᠭᠦᠨ ᠤ ᠬᠠᠮᠲᠤ᠂ ︽ᠰᠠᠨᠠᠯ︾ ᠳᠤ ᠪᠠᠰᠠ ᠡᠯ᠎ᠡ ᠬᠤᠪᠢᠶᠠᠷᠢ ᠳᠣᠭᠲᠠᠯᠴᠠᠭᠠᠨ ᠤ ᠬᠤᠭᠤᠷᠤᠨᠳᠤᠬᠢ ᠰᠢᠰᠲ᠋ᠧᠮᠲᠦ ᠴᠢᠨᠠᠷ᠂ ᠪᠥᠬᠦᠯᠢ ᠴᠣᠭᠴᠠᠲᠤ ᠴᠢᠨᠠᠷ᠂ ᠬᠠᠮᠵᠢᠯᠴᠠᠭᠠᠲᠤ ᠴᠢᠨᠠᠷ ᠢ ᠶᠡᠭᠡ ᠪᠠᠷ ᠴᠢᠬᠤᠯᠠᠴᠢᠯᠠᠵᠤ᠂ ᠨᠢᠭᠡ ᠴᠣᠭᠴᠠᠵᠢᠭᠰᠠᠨ᠂ ᠪᠥᠬᠦᠨ ᠢ ᠨᠡᠪᠲᠡᠷᠡᠭᠦᠯᠦᠭᠰᠡᠨ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠤᠨ ᠳᠣᠭᠲᠠᠯᠴᠠᠭ᠎ᠠ ᠶᠢ ᠪᠣᠢ ᠪᠣᠯᠭᠠᠬᠤ ᠬᠡᠷᠡᠭᠲᠡᠢ ᠭᠡᠵᠡᠢ᠃       4. ᠠᠰᠠᠭᠤᠯᠲᠠ᠄ ︽ᠰᠠᠨᠠᠯ︾ ᠳᠤ ᠬᠢ ᠶᠠᠮᠠᠷ ᠶᠠᠮᠠᠷ ᠬᠢᠯᠠᠰ ᠴᠡᠭ ᠪᠣᠯᠬᠤ ᠠᠭᠤᠯᠭ᠎ᠠ ᠶᠢ ᠪᠢᠳᠡ ᠣᠨᠴᠠᠭᠠᠶᠢᠯᠠᠨ ᠠᠩᠬᠠᠷᠤᠭᠤᠰᠢᠲᠠᠢ ᠪᠣᠶ︖       ᠬᠠᠷᠢᠭᠤᠯᠲᠠ᠄ ︽ᠰᠠᠨᠠᠯ︾ ᠤᠨ ᠠᠩᠬᠠᠷᠤᠭᠤᠰᠢᠲᠠᠶ ᠬᠢᠯᠠᠰ ᠴᠡᠭ ᠤᠨ ᠠᠭᠤᠯᠭ᠎ᠠ ᠶᠢ ︽ᠭᠤᠷᠪᠠᠨ ᠠᠯᠢ ᠣᠯᠠᠨ︾ ᠢᠶᠠᠷ ᠬᠤᠷᠢᠶᠠᠩᠭᠤᠶᠢᠯᠠᠵᠤ ᠪᠣᠯᠤᠨ᠎ᠠ᠃       ᠨᠢᠭᠡ ᠳᠤ᠂ ᠠᠯᠢ ᠣᠯᠠᠨ ᠳᠡᠮᠵᠢᠬᠦ ᠲᠥᠷᠥ ᠶᠢᠨ ᠪᠣᠳᠣᠯᠭ᠎ᠠ ᠭᠠᠷᠭᠠᠪᠠ᠃ ᠵᠢᠱᠢᠶᠡᠯᠡᠪᠡᠯ᠂ ᠬᠠᠪᠰᠤᠷᠤᠨ ᠵᠢᠯᠣᠭᠤᠳᠤᠭᠴᠢ ᠶᠢᠨ ᠠᠵᠢᠯ ᠮᠡᠷᠭᠡᠵᠢᠯ ᠤᠨ ᠬᠥᠭᠵᠢᠯᠲᠡ ᠶᠢ ᠠᠬᠢᠭᠤᠯᠬᠤ ᠶᠢᠨ ᠲᠥᠯᠦᠭᠡ᠂ ︽ᠰᠠᠨᠠᠯ︾ ᠳᠤ ᠳᠡᠭᠡᠳᠦ ᠰᠤᠷᠭᠠᠭᠤᠯᠢ ᠶᠢᠨ ᠲᠤᠰᠬᠠᠶ ᠬᠠᠪᠰᠤᠷᠤᠨ ᠵᠢᠯᠣᠭᠤᠳᠣᠭᠴᠢ ᠶᠢᠨ ᠠᠵᠢᠯ ᠮᠡᠷᠭᠡᠵᠢᠯ ᠤᠨ ᠬᠥᠭᠵᠢᠭᠦᠯᠦᠯᠲᠡ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠤᠰᠢᠶᠠᠯ ᠤᠨ ᠲᠠᠰ᠂ ᠮᠡᠷᠭᠡᠵᠢᠯ ᠤᠨ ᠴᠣᠯᠠ ᠶᠢᠨ ︽ᠬᠤᠤᠰ ᠱᠤᠭᠤᠮ︾ ᠢᠶᠠᠷ ᠳᠡᠪᠰᠢᠭᠦᠯᠬᠦ ᠠᠷᠭ᠎ᠠ ᠶᠢ ᠪᠠᠶᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠬᠤ ᠶᠢᠨ ᠬᠠᠮᠲᠤ ᠰᠤᠷᠭᠠᠭᠤᠯᠢ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠶ ᠬᠠᠪᠰᠤᠷᠤᠨ ᠵᠢᠯᠣᠭᠤᠳᠤᠭᠴᠢ ᠶᠢᠨ ᠵᠣᠬᠢᠬᠤ ᠬᠠᠷᠢᠴᠠᠯ ᠢᠶᠠᠷ ᠵᠢᠩᠬᠢᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠤᠨ ᠪᠠᠶᠢᠷᠢ ᠶᠢ ᠳᠤᠰᠬᠠᠶᠢᠯᠠᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ︔ ᠲᠤᠰᠬᠠᠶ  ᠬᠠᠪᠰᠤᠷᠤᠨ ᠵᠢᠯᠣᠭᠤᠳᠣᠭᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠠᠨᠠᠯ︾ ᠳᠤ ᠬᠥᠳᠡᠯᠮᠦᠷᠢ ᠦᠢᠯᠡᠴᠢᠯᠡᠭᠡ ᠪᠠᠷ ᠲᠣᠮᠢᠯᠠᠬᠤ᠂ ᠠᠵᠢᠯᠲᠠᠨ ᠤ ᠶᠠᠪᠤᠳᠠᠯ ᠢ ᠣᠷᠣᠯᠠᠨ  ᠭᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ ᠬᠠᠪᠰᠤᠷᠤᠨ ᠵᠢᠯᠣᠭᠤᠳᠣᠭᠴᠢ ᠶᠢ ᠤᠷᠢᠨ ᠬᠡᠷᠡᠭᠯᠡᠵᠦ ᠪᠣᠯᠬᠤ ᠥᠬᠡᠶ ᠭᠡᠵᠦ ᠴᠢᠬᠤᠯᠠᠴᠢᠯᠠᠪᠠ︔ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠪᠣᠯᠤᠨ ᠬᠠᠪᠰᠤᠷᠤᠨ ᠵᠢᠯᠣᠭᠤᠳᠤᠭᠴᠢ ᠶᠢᠨ ᠴᠠᠯᠢᠩ ᠣᠯᠭᠤᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠰᠠᠨᠠᠯ︾ ᠳᠤ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠵᠣᠬᠢᠴᠠᠭᠤᠯᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠪᠣᠯᠤᠨ ᠬᠠᠪᠰᠤᠷᠤᠨ ᠵᠢᠯᠣᠭᠤᠳᠤᠭᠴᠢ ᠶᠢᠨ ᠠᠵᠢᠯ ᠤᠨ ᠪᠠᠶᠢᠷᠢ ᠶᠢᠨ ᠨᠡᠮᠡᠭᠦᠷᠢ ᠮᠥᠩᠭᠦ ᠶᠢ ᠲᠣᠬᠢᠷᠠᠭᠤᠯᠵᠤ᠂ ᠦᠷ᠎ᠡ ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠰᠤᠷᠭᠠᠭᠤᠯᠢ ᠶᠢᠨ ᠦᠷ᠎ᠡ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠵᠣᠬᠢᠴᠠᠩᠭᠤᠢ ᠪᠠᠷ ᠨᠡᠮᠡᠭᠳᠡᠭᠦᠯᠬᠦ ᠬᠡᠷᠡᠭᠲᠡᠢ᠃       ᠬᠤᠶᠠᠷ ᠲᠤ᠂ ᠠᠯᠢ ᠣᠯᠠᠨ ᠲᠤᠰᠬᠠᠶ ᠵᠦᠢᠯ ᠤᠨ ᠵᠠᠷᠤᠳᠠᠯ ᠢ ᠲᠣᠬᠢᠷᠠᠭᠤᠯᠪᠠ᠃ ᠵᠢᠱᠢᠶᠡᠯᠡᠪᠡᠯ᠂ ︽ᠰᠠᠨᠠᠯ︾ ᠳᠤ ᠡᠯ᠎ᠡ ᠳᠡᠭᠡᠳᠦ ᠰᠤᠷᠭᠠᠭᠤᠯᠢ ᠨᠢ ᠰᠤᠷᠭᠠᠭᠤᠯᠢ ᠳᠤ ᠰᠠᠭᠤᠭ᠎ᠠ ᠰᠤᠷᠤᠭᠴᠢᠳ ᠤᠨ ᠶᠡᠷᠦᠩᠬᠡᠢ ᠲᠤᠭ᠎ᠠ ᠶᠢ ᠦᠨᠳᠦᠰᠦᠯᠡᠨ᠂ ᠰᠤᠷᠤᠭᠴᠢ ᠨᠢᠭᠡ ᠪᠦᠷᠢ ᠳᠤ ᠵᠢᠯ ᠪᠣᠯᠭᠠᠨ ᠳᠤ ᠬᠠᠮᠤᠭ ᠤᠨ ᠪᠠᠭ᠎ᠠ ᠳᠤ ᠪᠠᠨ 30 ᠲᠥᠭᠦᠷᠢᠭ ᠤᠨ ᠪᠠᠷᠢᠮᠵᠢᠶ᠎ᠠ ᠪᠠᠷ ᠰᠦᠯᠵᠢᠶᠡᠨ ᠤ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠤᠨ ᠳᠤᠰᠬᠠᠢ ᠵᠠᠷᠤᠳᠠᠯ ᠢ ᠲᠣᠬᠢᠷᠠᠭᠤᠯᠬᠤ ᠬᠡᠷᠡᠭᠲᠡᠢ᠃       ᠭᠤᠷᠪᠠ ᠳᠤ᠂ ᠠᠯᠢ ᠣᠯᠠᠨ ᠦᠨᠡᠯᠡᠬᠦ ᠭᠦᠢᠴᠡᠳᠭᠡᠯ ᠲᠤᠭ᠎ᠠ ᠶᠢ ᠣᠷᠣᠭᠤᠯᠪᠠ᠃ ᠵᠢᠱᠢᠶᠡᠯᠡᠪᠡᠯ᠂ ︽ᠰᠠᠨᠠᠯ︾ ᠳᠤ ᠳᠡᠭᠡᠳᠦ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ    ︽ᠬᠤᠤᠰ ᠲᠡᠷᠢᠭᠦᠨ︾ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ᠂ ᠰᠢᠨᠵᠢᠯᠡᠭᠡᠨ ᠤ ᠰᠠᠯᠠᠭᠠᠨ ᠤ ᠮᠡᠷᠭᠡᠵᠢᠯ ᠤᠨ ᠴᠢᠨᠠᠷ ᠴᠢᠨᠰᠠᠭ᠎ᠠ ᠶᠢ ᠦᠨᠡᠯᠡᠬᠦ᠂ ᠴᠢᠳᠠᠪᠤᠷᠢᠲᠠᠨ ᠤ ᠲᠥᠷᠥᠯ ᠵᠦᠢᠯ ᠢ ᠬᠢᠨᠠᠨ ᠲᠣᠭᠲᠠᠭᠠᠬᠤ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠳᠠᠯᠢᠳᠬᠠᠨ ᠰᠢᠯᠭᠠᠷᠠᠭᠤᠯᠬᠤ ᠴᠢᠬᠤᠯᠠ ᠭᠦᠢᠴᠡᠳᠭᠡᠯ ᠲᠤᠭ᠎ᠠ ᠪᠣᠯᠭᠠᠬᠤ ᠶᠢᠨ ᠬᠠᠮᠲᠤ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ᠂ ᠣᠷᠣᠨ ᠨᠤᠲᠤᠭ ᠪᠠ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠢ ᠬᠢᠨᠠᠨ ᠰᠢᠯᠭᠠᠬᠤ᠂ ᠤᠳᠤᠷᠢᠳᠬᠤ ᠺᠠᠳ᠋ᠷ ᠤᠨ ᠲᠤᠰᠢᠶᠠᠯ ᠤᠨ ᠮᠡᠳᠡᠭᠦᠯᠦᠯᠲᠡ ᠬᠢᠬᠦ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠶ ᠭᠡᠵᠦ ᠴᠢᠬᠤᠯᠠᠴᠢᠯᠠᠪᠠ︔ ᠰᠤᠷᠭᠠᠭᠤᠯᠢ᠂ ᠳᠡᠭᠡᠳᠦ ᠰᠤᠷᠭᠠᠭᠤᠯᠢ᠂ ᠰᠠᠯᠪᠤᠷᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠨᠠᠮ  ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠬᠢᠬᠦ ᠶᠢ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠬᠦ ᠬᠡᠷᠡᠭᠲᠡᠶ ᠪᠥᠭᠡᠳ ᠨᠠᠮ ᠤᠨ ᠰᠠᠬᠢᠯᠭ᠎ᠠ ᠪᠠᠲᠤ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶᠡᠨ ᠳᠤ ᠪᠠᠨ ᠣᠷᠤᠭᠤᠯᠬᠤ ᠬᠡᠷᠡᠭᠲᠡᠢ᠃       5. ᠠᠰᠠᠭᠤᠯᠲᠠ᠄ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠳᠣᠭᠲᠠᠯᠴᠠᠭ᠎ᠠ ᠶᠢ ᠥᠳᠲᠡᠷ ᠲᠦᠷᠭᠡᠨ ᠪᠠᠶᠢᠭᠤᠯᠬᠤ ᠶᠢᠨ ᠲᠥᠯᠥᠭᠡ᠂ ︽ᠰᠠᠨᠠᠯ︾ ᠳᠤ ᠵᠣᠬᠢᠶᠠᠨ ᠪᠠᠶᠢᠭᠤᠯᠵᠤ ᠤᠳᠤᠷᠢᠳᠬᠤ ᠪᠠ ᠬᠡᠷᠡᠭᠵᠢᠭᠦᠯᠬᠦ ᠪᠠᠲᠤᠯᠠᠭ᠎ᠠ ᠶᠢᠨ ᠲᠠᠯ᠎ᠠ ᠪᠠᠷ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠣᠶ︖       ᠬᠠᠷᠢᠭᠤᠯᠲᠠ᠄ ᠨᠡᠶᠢᠲᠡ 3 ᠵᠦᠢᠯ ᠤᠨ ᠪᠣᠳᠠᠲᠠᠢ ᠱᠠᠭᠠᠷᠳᠠᠯᠭ᠎ᠠ ᠳᠤᠷᠠᠳᠪᠠ᠃       ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ ︽ᠰᠠᠨᠠᠯ︾ ᠳᠤ ᠡᠯ᠎ᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠨᠢ ᠪᠠᠶᠢᠭᠤᠯᠤᠯ ᠲᠣᠭᠲᠠᠴᠠ᠂ ᠲᠥᠷᠥᠯ ᠵᠦᠢᠯ ᠤᠨ ᠪᠠᠶᠢᠷᠢᠯᠠᠭᠤᠯᠤᠯᠲᠠ᠂ ᠡᠩᠨᠡᠭᠡᠨ ᠤ ᠪᠠᠶᠢᠭᠤᠯᠤᠯᠲᠠ᠂ ᠨᠥᠬᠦᠴᠡᠯ ᠤᠨ ᠪᠠᠲᠤᠯᠠᠭ᠎ᠠ ᠵᠡᠷᠭᠡ ᠲᠠᠯ᠎ᠠ ᠶᠢ ᠰᠢᠰᠲ᠋ᠧᠮ ᠲᠠᠢ ᠲᠥᠯᠦᠪᠯᠡᠬᠦ ᠶᠢ ᠴᠢᠩᠭᠠᠳᠬᠠᠵᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠡᠪᠴᠢᠶᠡᠨ ᠳᠤ  ᠬᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠴᠢᠬᠤᠯᠠ ᠶᠡᠭᠡ ᠠᠰᠠᠭᠤᠳᠠᠯ ᠢ ᠰᠣᠳᠤᠯᠵᠤ ᠰᠢᠢᠳᠪᠦᠷᠢᠯᠡᠨ᠂ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠮ ᠤᠨ ᠬᠤᠷᠢᠶᠠᠨ ᠤ ᠱᠦᠵᠢ ᠪᠣᠯ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠳᠣᠳᠣᠷᠬᠠᠶᠢᠯᠠᠨ᠂ ᠰᠤᠷᠭᠠᠭᠤᠯᠢ ᠶᠢᠨ ᠵᠠᠬᠢᠷᠤᠯ ᠪᠣᠯᠤᠨ ᠪᠠᠭ ᠤᠨ ᠪᠦᠷᠢᠯᠳᠦᠬᠦᠨ ᠨᠡᠷ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠪᠡᠶᠡᠯᠡᠭᠦᠯᠬᠦ ᠬᠡᠷᠡᠭᠲᠡᠢ᠃       ᠬᠤᠶᠠᠷ ᠲᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠪᠠ᠃ ︽ᠰᠠᠨᠠᠯ︾ ᠳᠤ᠂ ᠳᠡᠭᠡᠳᠦ ᠰᠤᠷᠭᠠᠭᠤᠯᠢ᠂ ᠰᠠᠯᠪᠤᠷᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠢᠩᠭᠠᠳᠬᠠᠵᠤ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠡᠯ᠎ᠡ ᠵᠦᠢᠯ ᠤᠨ ᠳᠦᠷᠢᠮ ᠢ ᠴᠢᠩᠳᠠᠯᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃       ᠭᠤᠷᠪᠠ ᠳᠤ᠂ ᠠᠵᠢᠯ ᠤᠨ ᠬᠠᠮᠵᠢᠯᠴᠠᠭᠠᠨ ᠤ ᠪᠠᠲᠤᠯᠠᠭ᠎ᠠ ᠶᠢ ᠴᠢᠩᠭᠠᠳᠬᠠᠪᠠ᠃ ︽ᠰᠠᠨᠠᠯ︾ ᠳᠤ ᠰᠤᠷᠭᠠᠭᠤᠯᠢ᠂ ᠭᠡᠷ ᠪᠦᠯᠢ ᠪᠠ ᠨᠡᠶᠢᠭᠡᠮ ᠤᠨ ᠰᠤᠷᠭᠠᠨ ᠬᠥᠮᠦᠵᠢᠯ ᠬᠠᠮᠵᠢᠯᠴᠠᠨ ᠬᠥᠮᠦᠨ ᠢ ᠬᠥᠮᠥᠵᠢᠭᠦᠯᠬᠦ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠵᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠵᠦᠪᠯᠡᠯ ᠤᠨ ᠲᠤᠰᠬᠠᠶ ᠮᠡᠷᠭᠡᠵᠢᠯᠲᠡᠨ ᠠᠴᠠ ᠵᠥᠪᠯᠡᠯᠭᠡ ᠥᠭᠬᠦ ᠦᠢᠯᠡᠳᠦᠯ ᠢ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠲᠤᠰᠬᠠᠶ ᠪᠡᠯᠡ ᠮᠥᠩᠭᠦᠨ ᠤ ᠬᠡᠷᠡᠭᠯᠡᠯᠲᠡ ᠬᠠᠮᠢᠶᠠᠷᠤᠯᠲᠠ ᠶᠢ ᠰᠠᠶᠢᠲᠤᠷ ᠬᠢᠵᠦ᠂ ᠣᠷᠣᠨ ᠨᠤᠲᠤᠭ ᠪᠣᠯᠤᠨ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠣᠷᠣᠭᠤᠯᠤᠯᠲᠠ ᠪᠠᠨ ᠨᠡᠮᠡᠭᠳᠡᠭᠦᠯᠵᠦ᠂ ᠵᠠᠷᠤᠳᠠᠯ ᠣᠷᠣᠭᠤᠯᠵᠤ ᠬᠥᠮᠦᠨ ᠢ ᠬᠥᠮᠦᠵᠢᠭᠦᠯᠬᠦ ᠤᠳᠤᠷᠢᠳᠤᠮᠵᠢ ᠶᠢ ᠴᠢᠩᠭᠠᠷᠠᠭᠤᠯᠬᠤ ᠬᠡᠷᠡᠭᠲᠡᠢ᠃       6. ᠠᠰᠠᠭᠤᠯᠲᠠ᠄ ︽ᠰᠠᠨᠠᠯ︾ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ  ᠦᠷ᠎ᠡ ᠪᠥᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠵᠠᠯᠭᠠᠭᠠᠳ ᠶᠠᠮᠠᠷ  ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖       ᠬᠠᠷᠢᠭᠤᠯᠲᠠ᠄ ᠵᠠᠯᠭᠠᠭᠠᠳ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ ᠵᠢᠯ ᠪᠦᠷᠢ ᠡᠬᠡ ᠲᠠᠩᠰᠠ ᠪᠠᠶᠢᠭᠤᠯᠬᠤ᠂ ᠵᠦᠢᠯ ᠳᠠᠷᠠᠭᠠᠯᠠᠨ ᠠᠬᠢᠭᠤᠯᠬᠤ ᠠᠷᠭ᠎ᠠ ᠮᠠᠶ᠋ᠢᠭ ᠢᠶᠠᠷ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠶᠢ ᠠᠬᠢᠭᠤᠯᠤᠨ᠎ᠠ᠃ ᠪᠣᠳᠠᠲᠠᠶ ᠪᠠᠷ ᠬᠡᠯᠡᠪᠡᠯ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ ᠳᠣᠯᠣᠭᠠᠨ ᠬᠤᠪᠢᠶᠠᠷᠢ ᠳᠣᠭᠲᠠᠯᠴᠠᠭ᠎ᠠ ᠵᠢᠴᠢ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠲᠤᠯᠠᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠤᠳᠠᠭᠠᠨ ᠳᠠᠭᠠᠭᠠᠮᠠᠭᠠᠶ ᠴᠢᠷᠮᠠᠶᠢᠬᠤ ᠪᠠ ᠭᠤᠤᠯᠳᠠᠯᠭ᠎ᠠ ᠲᠠᠢ ᠰᠢᠪᠲᠤᠯᠤᠯᠲᠠ ᠬᠢᠬᠦ ᠶᠢ ᠤᠶᠠᠯᠳᠤᠭᠤᠯᠬᠤ ᠬᠡᠷᠡᠭᠲᠡᠶ᠃ 3 ᠵᠢᠯ ᠢᠶᠠᠷ ᠨᠢᠭᠡ ᠦᠶᠡᠯᠡᠯ ᠪᠣᠯᠭᠠᠵᠤ᠂ ᠵᠢᠯ ᠬᠤᠪᠢᠶᠠᠨ᠂ ᠵᠤᠷᠪᠤᠰ ᠬᠤᠪᠢᠶᠠᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠵᠢᠯ ᠤᠨ ᠡᠬᠡ ᠲᠠᠩᠰᠠ ᠶᠢ ᠰᠤᠳᠤᠯᠤᠨ ᠲᠣᠭᠲᠠᠭᠠᠨ᠎ᠠ᠃ ᠡᠬᠡ ᠲᠠᠩᠰᠠᠨ ᠳᠤ ᠬᠢ ᠠᠵᠢᠯ ᠤᠨ ᠠᠷᠭ᠎ᠠ ᠪᠠᠷᠢᠯ ᠨᠢ ᠵᠢᠯ ᠤᠨ ᠡᠴᠦᠰ ᠤᠨ ᠬᠠᠷᠠᠯᠲᠠ ᠲᠠᠢ ᠨᠡᠶᠢᠴᠡᠵᠦ᠂ ᠨᠠᠷᠢᠯᠢᠭ ᠣᠨᠤᠪᠴᠢᠲᠠᠢ ᠠᠵᠢᠯᠯᠠᠬᠤ ᠶᠢ ᠴᠢᠬᠤᠯᠠᠴᠢᠯᠠᠨ᠂ ᠠᠷᠭ᠎ᠠ ᠵᠠᠮ ᠤᠨ ᠠᠴᠢᠶᠠᠯᠠᠪᠤᠷᠢ ᠶᠢ ᠲᠣᠳᠣᠷᠬᠠᠶᠢᠯᠠᠵᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠨᠢ ᠠᠰᠠᠭᠤᠬᠤ ᠳᠤ ᠳᠥᠭᠦᠮ ᠪᠠᠶᠢᠯᠭᠠᠬᠤ ᠬᠡᠷᠡᠭᠲᠡᠶ᠃ ᠠᠵᠢᠯ ᠤᠨ ᠲᠣᠭᠲᠠᠴᠠ ᠪᠠᠨ ᠠᠯᠢ ᠴᠢᠳᠠᠬᠤ ᠪᠠᠷ ᠲᠣᠳᠣᠷᠬᠠᠶ ᠪᠣᠯᠭᠠᠵᠤ᠂ ᠬᠡᠷᠡᠭᠵᠢᠭᠦᠯᠬᠦ ᠠᠷᠭ᠎ᠠ ᠮᠠᠶ᠋ᠢᠭ ᠢ ᠠᠯᠢ ᠴᠢᠳᠠᠬᠤ ᠪᠠᠷ ᠨᠠᠷᠢᠯᠢᠭᠵᠢᠭᠤᠯᠵᠤ᠂ ᠦᠷ᠎ᠡ ᠪᠦᠲᠦᠭᠡᠯ ᠦᠷ᠎ᠡ ᠪᠦᠲᠦᠮᠵᠢ ᠶᠢ ᠠᠯᠢ ᠴᠢᠳᠠᠬᠤ ᠪᠠᠷ ᠤᠷᠢᠳᠴᠢᠯᠠᠨ ᠵᠢᠱᠢᠬᠦ ᠬᠡᠷᠡᠭᠲᠡᠶ᠃ ︽ᠰᠠᠨᠠᠯ︾ ᠳᠤ ᠨᠢᠭᠡᠨᠲᠡ ᠲᠣᠳᠣᠷᠬᠠᠶ ᠱᠠᠭᠠᠷᠳᠠᠯᠭ᠎ᠠ ᠭᠠᠷᠭᠠᠭᠰᠠᠨ ᠪᠣᠳᠠᠲᠠᠶ ᠲᠥᠷᠥ ᠶᠢᠨ ᠪᠣᠳᠣᠯᠭ᠎ᠠ ᠶᠢ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ ᠪᠡᠶᠡᠯᠡᠭᠦᠯᠬᠦ ᠪᠣᠳᠠᠲᠠᠶ ᠣᠨ ᠰᠠᠷ᠎ᠠ ᠪᠠᠨ ᠲᠣᠭᠲᠠᠭᠠᠬᠤ ᠬᠡᠷᠡᠭᠲᠡᠶ᠃       ᠣᠨᠴᠠᠭᠠᠶᠢᠯᠠᠨ ᠴᠢᠬᠤᠯᠠᠴᠢᠯᠠᠭᠤᠰᠢᠲᠠᠶ ᠨᠢ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠠᠵᠢᠯ ᠤᠨ ᠡᠬᠡ ᠲᠠᠩᠰᠠ ᠪᠠᠨ ᠴᠠᠭ ᠲᠤᠬᠠᠶ ᠳᠤ ᠨᠢ ᠰᠤᠷᠭᠠᠨ ᠬᠥᠮᠥᠵᠢᠯ ᠤᠨ ᠶᠠᠮᠤᠨ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠂ ᠪᠢᠳᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤ ᠨᠢ ᠲᠣᠬᠢᠷᠠᠭᠤᠯᠵᠤ ᠬᠢᠨᠠᠨ ᠵᠢᠯᠣᠭᠤᠳᠴᠤ  ᠪᠠᠶᠢᠴᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map