ᠰᠤᠷᠭᠠᠨ ᠬᠥᠮᠦᠵᠢᠯ ᠤᠨ ᠶᠠᠮᠤᠨ ᠤ ᠣᠯᠠᠨ ᠤᠯᠤᠰ ᠤᠨ ᠬᠠᠮᠲᠤᠷᠠᠯᠴᠠᠭᠠᠨ ᠪᠠ ᠰᠣᠯᠢᠯᠴᠠᠭᠠᠨ ᠤ ᠵᠤᠷᠭᠠᠨ ᠤ ᠬᠠᠷᠢᠭᠤᠴᠠᠯᠭᠠᠲᠠᠨ ᠠᠴᠠ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠬᠦᠯᠢᠶᠡᠨ ᠠᠪᠬᠤ ᠬᠤᠯᠪᠣᠭᠳᠠᠯ ᠪᠥᠬᠦᠶ ᠠᠵᠢᠯ ᠢ ᠳᠦᠷᠢᠮᠵᠢᠭᠦᠯᠬᠦ ᠲᠤᠬᠠᠶ ᠮᠡᠳᠡᠭᠳᠡᠯ︾   ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/6/22
      ᠣᠯᠠᠨ ᠤᠯᠤᠰ ᠤᠨ ᠰᠤᠷᠤᠭᠴᠢᠳ ᠤᠨ ᠭᠤᠶᠤᠴᠢᠯᠠᠬᠤ ᠬᠢᠷᠢ ᠬᠡᠮ ᠢ ᠴᠢᠩᠳᠠᠯᠠᠵᠤ ᠳᠤᠮᠳᠠᠳᠤ       ᠤᠯᠤᠰ ᠲᠤ ᠢᠷᠡᠵᠦ ᠰᠤᠷᠤᠯᠴᠠᠬᠤ ᠲᠥᠷᠥ ᠶᠢᠨ ᠪᠣᠳᠣᠯᠭ᠎ᠠ ᠬᠠᠤᠯᠢ ᠳᠦᠷᠢᠮ ᠢ ᠲᠡᠭᠦᠯᠳᠡᠷᠵᠢᠭᠦᠯᠦᠨ᠎ᠡ— ᠰᠤᠷᠭᠠᠨ ᠬᠥᠮᠦᠵᠢᠯ ᠤᠨ ᠶᠠᠮᠤᠨ ᠤ ᠣᠯᠠᠨ ᠤᠯᠤᠰ ᠤᠨ ᠬᠠᠮᠲᠤᠷᠠᠯᠴᠠᠭᠠᠨ ᠬᠢᠭᠡᠳ ᠰᠣᠯᠢᠯᠴᠠᠭᠠᠨ ᠤ ᠵᠤᠷᠭᠠᠨ ᠤ ᠬᠠᠷᠢᠭᠤᠴᠠᠯᠭᠠᠲᠠᠨ ᠠᠴᠠ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠬᠦᠯᠢᠶᠡᠨ ᠠᠪᠬᠤ ᠬᠤᠯᠪᠣᠭᠳᠠᠯ ᠪᠥᠬᠦᠶ ᠠᠵᠢᠯ ᠢ  ᠳᠦᠷᠢᠮᠵᠢᠭᠦᠯᠬᠦ ᠲᠤᠬᠠᠶ ᠮᠡᠳᠡᠭᠳᠡᠯ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ       ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠴᠠ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠭᠥᠯᠢᠶᠡᠨ ᠠᠪᠬᠤ ᠬᠤᠯᠪᠣᠭᠳᠠᠯ ᠪᠥᠬᠦᠶ ᠠᠵᠢᠯ ᠢ ᠳᠦᠷᠢᠮᠵᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠵᠠᠰᠠᠪᠤᠷᠢ ᠣᠷᠣᠭᠤᠯᠤᠨ ᠨᠡᠶᠢᠲᠡᠯᠡᠵᠦ᠂ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠪᠠᠷ ᠭᠤᠶᠤᠴᠢᠯᠠᠬᠤ ᠣᠯᠠᠨ ᠤᠯᠤᠰ ᠤᠨ ᠰᠤᠷᠤᠭᠴᠢᠳ ᠤᠨ ᠬᠢᠷᠢ ᠬᠡᠮ ᠳᠤ ᠲᠣᠬᠢᠷᠠᠭᠤᠯᠤᠯᠲᠠ ᠬᠢᠪᠠ᠃ ᠡᠭᠦᠨ ᠤ ᠲᠤᠯᠠᠳᠠ ᠰᠤᠷᠭᠠᠨ ᠬᠥᠮᠦᠵᠢᠯ ᠤᠨ ᠶᠠᠮᠤᠨ ᠤ ᠣᠯᠠᠨ ᠤᠯᠤᠰ ᠤᠨ ᠵᠤᠷᠭᠠᠨ ᠤ ᠬᠠᠷᠢᠭᠤᠴᠠᠯᠭᠠᠲᠠᠨ ᠠᠴᠠ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       1. ᠠᠰᠠᠭᠤᠯᠲᠠ᠄ ︽ᠮᠡᠳᠡᠭᠳᠡᠯ︾ ᠳᠤ ᠵᠠᠰᠠᠪᠤᠷᠢ ᠣᠷᠣᠭᠤᠯᠤᠭᠰᠠᠨ ᠭᠤᠤᠯ ᠠᠬᠤᠶ ᠪᠠᠶᠢᠳᠠᠯ ᠢ ᠲᠠᠨᠢᠯᠴᠠᠭᠤᠯᠵᠤ ᠥᠭᠭᠦᠭᠡᠷᠡᠢ᠃       ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠲᠤ ᠢᠷᠡᠵᠦ ᠰᠤᠷᠤᠯᠴᠠᠬᠤ ᠦᠢᠯᠡᠰ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠬᠥᠭᠵᠢᠯᠲᠡ ᠶᠢᠨ ᠱᠠᠲᠤᠨ ᠳᠤ ᠣᠷᠤᠪᠠ᠃ ᠰᠤᠷᠭᠠᠨ ᠬᠥᠮᠦᠵᠢᠯ ᠤᠨ ᠶᠠᠮᠤᠨ ᠤᠷᠢᠳ ᠬᠤᠵᠢᠳ ᠰᠢᠷᠢᠰ ᠲᠥᠷᠥ ᠶᠢᠨ ᠪᠣᠳᠣᠯᠭ᠎ᠠ ᠨᠡᠶᠢᠲᠡᠯᠡᠵᠦ᠂ ᠲᠦᠷᠢᠮ ᠤᠨ ᠳᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠮᠢᠶᠠᠷᠤᠯᠲᠠ ᠪᠠᠨ ᠴᠢᠩᠭᠠᠳᠬᠠᠨ ᠳᠦᠷᠢᠮᠵᠢᠭᠦᠯᠵᠦ᠂ ᠳᠤᠮᠳᠠᠳᠤ ᠤᠯᠤᠰ ᠲᠤ ᠢᠷᠡᠵᠦ ᠰᠤᠷᠤᠯᠴᠠᠬᠤ ᠠᠭᠤᠯᠤᠭᠳᠠᠬᠤᠨ ᠤ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ 2017 ᠣᠨ ᠳᠤ᠂ ᠰᠤᠷᠭᠠᠨ ᠬᠥᠮᠦᠵᠢᠯ ᠤᠨ ᠶᠠᠮᠤᠨ ᠠᠴᠠ ᠭᠠᠳᠠᠭᠠᠳᠤ ᠶᠠᠪᠤᠳᠠᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠲᠠᠢ ᠬᠠᠮᠲᠤᠷᠠᠨ ︽ᠳᠡᠭᠡᠳᠦ ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠡᠯᠰᠡᠬᠦ ᠪᠠ ᠬᠥᠮᠦᠵᠢᠭᠦᠯᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠨᠢ ᠰᠤᠷᠭᠠᠭᠤᠯᠢ ᠳᠤ ᠣᠷᠣᠬᠤ ᠪᠠᠷᠢᠮᠵᠢᠶ᠎ᠠ ᠪᠠᠨ ᠴᠢᠩᠭ᠎ᠠ ᠪᠠᠷᠢᠵᠤ᠂ ᠳᠤᠮᠳᠠᠳᠤ ᠤᠯᠤᠰ ᠲᠤ ᠢᠷᠡᠵᠦ ᠰᠤᠷᠤᠯᠴᠠᠬᠤ ᠪᠠᠷ ᠭᠤᠶᠤᠴᠢᠯᠠᠭᠰᠠᠳ ᠲᠤ ᠬᠢᠷᠢ ᠬᠡᠮ ᠢ ᠬᠢᠨᠠᠨ ᠪᠠᠶᠢᠴᠠᠭᠠᠬᠤ᠂ ᠰᠢᠯᠭᠠᠬᠤ ᠪᠤᠶᠤ ᠰᠢᠯᠭᠠᠨ ᠬᠢᠨᠠᠵᠤ᠂ ᠰᠤᠷᠤᠭᠴᠢ ᠡᠯᠰᠡᠬᠦ ᠳᠤ ᠪᠠᠨ ᠰᠤᠷᠭᠠᠭᠤᠯᠢ ᠳᠤ ᠣᠷᠣᠬᠤ ᠪᠠᠷᠢᠮᠵᠢᠶᠠᠨ ᠳᠤ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠬᠠᠤᠯᠢ ᠪᠠ ᠳᠦᠷᠢᠮ ᠶᠣᠰᠤ ᠪᠠᠷ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ 2018 ᠣᠨ ᠳᠤ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠤᠯᠤᠰ ᠲᠤ ᠢᠷᠡᠵᠦ ᠰᠤᠷᠤᠯᠴᠠᠬᠤ ᠭᠠᠳᠠᠭᠠᠳᠤ ᠶᠢᠨ ᠰᠤᠷᠤᠭᠴᠢ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭᠠᠨ ᠤ ᠳᠦᠷᠢᠮᠵᠢᠯ ︵ᠲᠤᠷᠰᠢᠨ ᠬᠡᠷᠡᠭᠯᠡᠬᠦ︶︾ ᠢ ᠨᠡᠶᠢᠲᠡᠯᠡᠵᠦ᠂ ᠳᠡᠭᠡᠳᠦ ᠰᠤᠷᠭᠠᠭᠤᠯᠢ ᠨᠤᠭᠤᠳ ᠤᠯᠤᠰ ᠤᠨ ᠬᠤᠯᠪᠣᠭᠳᠠᠯ ᠪᠥᠬᠦᠶ ᠳᠦᠷᠢᠮ ᠲᠣᠭᠲᠠᠭᠠᠯ ᠶᠣᠰᠤ ᠪᠠᠷ ᠰᠤᠷᠭᠠᠭᠤᠯᠢ ᠳᠤ ᠣᠷᠣᠬᠤ ᠪᠠᠷᠢᠮᠵᠢᠶᠠᠨ ᠳᠤ ᠪᠠᠨ ᠳᠤᠮᠳᠠᠳᠤ ᠤᠯᠤᠰ ᠲᠤ ᠢᠷᠡᠵᠦ ᠰᠤᠷᠤᠯᠴᠠᠬᠤ ᠰᠤᠷᠤᠭᠴᠢ ᠶᠢᠨ ᠰᠤᠷᠭᠠᠭᠤᠯᠢ ᠳᠤ ᠣᠷᠣᠬᠤ ᠪᠠᠷ ᠭᠤᠶᠤᠴᠢᠯᠠᠬᠤ ᠬᠢᠷᠢ ᠬᠡᠮ ᠢ ᠲᠣᠳᠣᠷᠬᠠᠶ ᠲᠣᠭᠲᠠᠭᠠᠵᠤ᠂ ᠪᠦᠲᠦᠮᠵᠢᠲᠡᠶ ᠬᠢᠨᠠᠨ ᠪᠠᠶᠢᠴᠠᠭᠠᠬᠤ ᠳᠠᠷᠠᠭᠠᠯᠠᠯ ᠢ ᠪᠠᠶᠢᠭᠤᠯᠵᠤ ᠭᠤᠶᠤᠴᠢᠯᠠᠭᠰᠠᠳ ᠤᠨ ᠤᠯᠤᠰ ᠤᠨ ᠬᠠᠷᠢᠶ᠎ᠠ ᠵᠡᠷᠭᠡ ᠪᠡᠶ᠎ᠡ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠤᠯᠠᠮ ᠨᠢᠭᠡ ᠠᠯᠬᠤᠮ  ᠴᠢᠩᠭᠠᠳᠬᠠᠪᠠ᠃       2009 ᠣᠨ ᠳᠤ ᠰᠤᠷᠭᠠᠨ ᠬᠥᠮᠦᠵᠢᠯ ᠤᠨ ᠶᠠᠮᠤᠨ ᠠᠴᠠ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠭᠥᠯᠢᠶᠡᠨ ᠠᠪᠬᠤ ᠬᠤᠯᠪᠣᠭᠳᠠᠯ ᠪᠥᠬᠦᠶ ᠠᠵᠢᠯ ᠢ ᠳᠦᠷᠢᠮᠵᠢᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ᠢ ᠨᠡᠶᠢᠲᠡᠯᠡᠵᠦ᠂ ᠳᠤᠮᠳᠠᠳᠤ ᠤᠯᠤᠰ ᠤᠨ ᠢᠷᠭᠡᠨ ᠭᠠᠳᠠᠭᠠᠳᠤ ᠤᠯᠤᠰ ᠲᠤ ᠨᠡᠭᠦᠭᠰᠡᠨ ᠤ ᠳᠠᠷᠠᠭ᠎ᠠ ᠭᠠᠳᠠᠭᠠᠳᠤ ᠤᠯᠤᠰ ᠤᠨ ᠰᠣᠷᠣᠭᠴᠢ ᠶᠢᠨ ᠬᠤᠪᠢ ᠪᠠᠷ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠣᠯᠤᠨ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠬᠢᠷᠢ ᠬᠡᠮ ᠤᠨ ᠲᠤᠬᠠᠶ ᠲᠣᠳᠣᠷᠬᠠᠶ ᠱᠠᠭᠠᠷᠳᠠᠯᠭ᠎ᠠ ᠭᠠᠷᠭᠠᠵᠠᠶ᠃ ᠤᠶᠢᠷ᠎ᠠ ᠶᠢᠨ ᠵᠢᠯ᠂ ᠬᠡᠰᠡᠭ ᠰᠤᠷᠤᠭᠴᠢ ᠶᠢᠨ ᠡᠴᠢᠭᠡ ᠡᠬᠡ ᠪᠤᠶᠤ ᠡᠴᠢᠭᠡ ᠡᠬᠡ ᠶᠢᠨ ᠨᠢᠭᠡ ᠨᠢ ᠳᠤᠮᠳᠠᠳᠤ ᠤᠯᠤᠰ ᠤᠨ ᠢᠷᠭᠡᠨ᠂ ᠲᠣᠰ ᠬᠥᠮᠦᠨ  ᠨᠢ ᠲᠥᠷᠥᠮᠡᠭᠴᠡ ᠪᠠᠨ ᠭᠠᠳᠠᠭᠠᠳᠤ ᠤᠯᠤᠰ ᠤᠨ ᠬᠠᠷᠢᠶ᠎ᠠ ᠣᠯᠤᠭᠰᠠᠨ ᠮᠥᠷᠲᠡᠭᠡᠨ ᠳᠤᠮᠳᠠᠳᠤ ᠤᠯᠤᠰ ᠲᠤ ᠰᠠᠭᠤᠷᠢ ᠰᠤᠷᠭᠠᠨ ᠬᠥᠮᠦᠵᠢᠯ ᠬᠦᠷᠲᠡᠨ᠂ ᠭᠠᠳᠠᠭᠠᠳᠤ ᠤᠯᠤᠰ ᠤᠨ ᠰᠣᠷᠣᠭᠴᠢ ᠶᠢᠨ ᠬᠤᠪᠢ ᠪᠠᠷ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠪᠠᠷ ᠭᠤᠶᠤᠴᠢᠯᠠᠭᠰᠠᠨ ᠪᠠᠶᠢᠳᠠᠯ ᠢᠯᠡᠷᠡᠵᠦ᠂ ᠨᠡᠶᠢᠭᠡᠮ ᠤᠨ ᠠᠩᠬᠠᠷᠤᠯ ᠢ ᠳᠠᠲᠠᠭᠰᠠᠨ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠠᠴᠠ ᠡᠨᠡ ᠬᠦ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠲᠤ ᠢᠷᠡᠵᠦ ᠰᠤᠷᠤᠯᠴᠠᠭᠰᠠᠳ ᠤᠨ ᠰᠢᠨ᠎ᠡ ᠬᠠᠨᠳᠤᠰᠢ ᠶᠢ ᠵᠣᠬᠢᠴᠠᠭᠤᠯᠬᠤ ᠶᠢᠨ ᠲᠥᠯᠥᠭᠡ᠂ ᠬᠠᠮᠢᠶᠠᠷᠤᠯᠲᠠ ᠶᠢᠨ ᠶᠠᠪᠤᠴᠠ ᠳᠤ ᠢᠯᠡᠷᠡᠭᠰᠡᠨ ᠰᠢᠨ᠎ᠡ ᠠᠰᠠᠭᠤᠳᠠᠯ ᠢ ᠰᠢᠢᠳᠪᠦᠷᠢᠯᠡᠨ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠣᠯᠤᠨ ᠥᠷᠭᠡᠨ ᠬᠡᠪᠴᠢᠶᠡᠨ᠎ᠡ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ︽ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠣᠯᠠᠨ ᠤᠯᠤᠰ ᠤᠨ  ᠰᠤᠷᠤᠭᠴᠢ ᠶᠢ ᠬᠦᠯᠢᠶᠡᠨ ᠠᠪᠬᠤ ᠬᠤᠯᠪᠣᠭᠳᠠᠯ ᠪᠦᠬᠦᠢ ᠠᠵᠢᠯ ᠢ ᠳᠦᠷᠢᠮᠵᠢᠭᠦᠯᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ᠳᠤ ᠵᠠᠰᠠᠪᠤᠷᠢ ᠣᠷᠣᠭᠤᠯᠵᠤ᠂ ᠭᠠᠳᠠᠭᠠᠳᠤ ᠤᠯᠤᠰ ᠤᠨ ᠰᠤᠷᠤᠭᠴᠢ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠪᠠᠷ ᠭᠤᠶᠤᠴᠢᠯᠠᠬᠤ ᠬᠢᠷᠢ ᠬᠡᠮ ᠢ ᠤᠯᠠᠮ ᠨᠢᠭᠡ ᠠᠯᠬᠤᠮ ᠴᠢᠩᠭᠠᠳᠬᠠᠵᠠᠢ᠃       2. ᠠᠰᠠᠭᠤᠯᠲᠠ᠄ ︽ᠮᠡᠳᠡᠭᠳᠡᠯ︾ ᠳᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠭᠤᠯᠭ᠎ᠠ ᠳᠤ ᠶᠠᠮᠠᠷ ᠶᠠᠮᠠᠷ ᠭᠤᠤᠯ ᠬᠤᠪᠢᠷᠠᠯᠲᠠ ᠭᠠᠷᠤᠭᠰᠠᠨ ᠢ ᠶᠠᠷᠢᠵᠤ ᠥᠭᠭᠦᠨ᠎ᠡ ᠦᠦ︖       ᠬᠠᠷᠢᠭᠤᠯᠲᠠ᠄ ︽ᠮᠡᠳᠡᠭᠳᠡᠯ︾ ᠨᠢ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠴᠢᠨᠠᠷ ᠢ ᠪᠠᠲᠤᠯᠠᠬᠤ ᠶᠢᠨ ᠬᠠᠮᠲᠤ ᠰᠢᠨ᠎ᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠴᠢᠭᠡ ᠡᠬᠡ ᠪᠤᠶᠤ ᠡᠴᠢᠭᠡ ᠡᠬᠡ ᠶᠢᠨ ᠨᠢᠭᠡ ᠨᠢ ᠳᠤᠮᠳᠠᠳᠤ ᠤᠯᠤᠰ ᠤᠨ ᠢᠷᠭᠡᠨ᠂ ᠲᠣᠰ ᠬᠥᠮᠦᠨ ᠲᠥᠷᠦᠮᠡᠭᠴᠡ ᠪᠠᠨ ᠭᠠᠳᠠᠭᠠᠳᠤ ᠤᠯᠤᠰ ᠤᠨ ᠬᠠᠷᠢᠶ᠎ᠠ ᠣᠯᠤᠭᠰᠠᠨ ᠮᠥᠷᠲᠡᠭᠡᠨ ᠭᠠᠳᠠᠭᠠᠳᠤ ᠤᠯᠤᠰ ᠤᠨ ᠰᠣᠷᠣᠭᠴᠢ ᠶᠢᠨ ᠬᠤᠪᠢ ᠪᠠᠷ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠭᠰᠠᠳ᠂ ᠰᠤᠷᠭᠠᠭᠤᠯᠢ ᠶᠢᠨ ᠨᠡᠷ᠎ᠡ ᠮᠡᠳᠡᠭᠦᠯᠬᠦ ᠪᠤᠰᠤᠳ ᠬᠢᠷᠢ ᠬᠡᠮ ᠳᠤ ᠨᠡᠶᠢᠴᠡᠬᠦ ᠠᠴᠠ ᠭᠠᠳᠠᠨ᠎ᠠ ᠭᠤᠶᠤᠴᠢᠯᠠᠭᠴᠢ ᠨᠢ ᠪᠠᠰᠠ ᠣᠶᠢᠷ᠎ᠠ ᠶᠢᠨ 4 ᠵᠢᠯ ᠤᠨ ᠳᠣᠲᠣᠷ᠎ᠠ ᠭᠠᠳᠠᠭᠠᠳᠤ ᠤᠯᠤᠰ ᠲᠤ 2 ᠵᠢᠯ ᠠᠴᠠ ᠳᠡᠭᠡᠭᠰᠢ ᠠᠮᠢᠳᠤᠷᠠᠭᠰᠠᠨ ᠪᠣᠳᠠᠲᠠᠶ ᠲᠡᠮᠳᠡᠭᠯᠡᠯ ᠲᠠᠢ ᠪᠠᠶᠢᠬᠤ ᠬᠡᠷᠡᠭᠲᠡᠶ ᠭᠡᠵᠦ ︽ᠮᠡᠳᠡᠭᠳᠡᠯ︾ ᠳᠤ ᠲᠣᠳᠣᠷᠬᠠᠶ ᠳᠣᠭᠲᠠᠭᠠᠪᠠ᠃       ᠭᠠᠳᠠᠭᠠᠳᠤ ᠳᠤ ᠨᠡᠭᠦᠨ ᠣᠴᠢᠵᠤ ᠭᠠᠳᠠᠭᠠᠳᠤ ᠤᠯᠤᠰ ᠤᠨ ᠬᠠᠷᠢᠶ᠎ᠠ ᠣᠯᠤᠭᠰᠠᠨ ᠤ ᠳᠠᠷᠠᠭ᠎ᠠ ᠭᠠᠳᠠᠭᠠᠳᠤ ᠤᠯᠤᠰ ᠤᠨ ᠰᠤᠷᠤᠭᠴᠢ ᠶᠢᠨ ᠬᠤᠪᠢ ᠪᠠᠷ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠳᠤ ᠣᠷᠣᠵᠤ ᠰᠤᠷᠤᠯᠴᠠᠬᠤ ᠪᠠᠷ ᠭᠤᠶᠤᠴᠢᠯᠠᠭᠰᠠᠳ ᠰᠤᠷᠭᠠᠭᠤᠯᠢ ᠶᠢᠨ ᠪᠤᠰᠤᠳ ᠨᠡᠷ᠎ᠡ ᠮᠡᠳᠡᠭᠦᠯᠬᠦ ᠬᠢᠷᠢ ᠬᠡᠮ ᠳᠤ ᠨᠡᠶᠢᠴᠡᠬᠦ ᠠᠴᠠ ᠭᠠᠳᠠᠨ᠎ᠠ᠂ ᠬᠦᠴᠦᠨ ᠪᠥᠬᠦᠶ ᠭᠠᠳᠠᠭᠠᠳᠤ ᠤᠯᠤᠰ ᠤᠨ ᠫᠠᠰᠫᠣᠷᠲ ᠪᠤᠶᠤ 4 ᠵᠢᠯ  ︵4 ᠵᠢᠯ ᠢ ᠪᠠᠭᠲᠠᠭᠠᠨ᠎ᠠ︶ ᠠᠴᠠ ᠳᠡᠭᠡᠭᠰᠢ ᠭᠠᠳᠠᠭᠠᠳᠤ ᠳᠤ ᠠᠮᠢᠳᠤᠷᠠᠭᠰᠠᠨ ᠭᠠᠳᠠᠭᠠᠳᠤ ᠤᠯᠤᠰ ᠤᠨ ᠬᠠᠷᠢᠶ᠎ᠠ ᠶᠢ ᠭᠡᠷᠡᠴᠢᠯᠡᠬᠦ ᠪᠢᠴᠢᠭ ᠮᠠᠲ᠋ᠧᠷᠢᠶᠠᠯ ᠪᠤᠶᠤ ᠣᠶᠢᠷ᠎ᠠ ᠶᠢᠨ 4 ᠵᠢᠯ ᠤᠨ ᠳᠣᠲᠣᠷ᠎ᠠ 2 ᠵᠢᠯ ᠠᠴᠠ ᠳᠡᠭᠡᠭᠰᠢ ᠭᠠᠳᠠᠭᠠᠳᠤ ᠤᠯᠤᠰ ᠲᠤ ᠠᠮᠢᠳᠤᠷᠠᠭᠰᠠᠨ ᠪᠣᠳᠠᠲᠠᠢ ᠲᠡᠮᠳᠡᠭᠯᠡᠯ ᠪᠠᠶᠢᠬᠤ ᠬᠡᠷᠡᠭᠲᠡᠢ᠃       3. ᠠᠰᠠᠭᠤᠯᠲᠠ᠄ ᠣᠳᠣᠬᠠᠨ ᠳᠤ ᠤᠯᠤᠰ ᠤᠨ ᠳᠣᠲᠣᠭᠠᠳᠤ ᠶᠢᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠡᠴᠢᠭᠡ ᠡᠬᠡ ᠪᠤᠶᠤ ᠡᠴᠢᠭᠡ ᠡᠬᠡ ᠶᠢᠨ ᠨᠢᠭᠡ ᠨᠢ ᠳᠤᠮᠳᠠᠳᠤ ᠤᠯᠤᠰ ᠤᠨ ᠢᠷᠭᠡᠨ ᠪᠣᠯᠬᠤ ᠨᠢᠭᠡ ᠪᠦᠯᠦᠭ ᠭᠠᠳᠠᠭᠠᠳᠤ ᠤᠯᠤᠰ ᠤᠨ ᠬᠠᠷᠢᠶ᠎ᠠ ᠪᠥᠬᠦᠢ ᠰᠤᠷᠤᠭᠴᠢ ᠬᠡᠷᠪᠡ ︽ᠮᠡᠳᠡᠭᠳᠡᠯ︾ ᠳᠤ ᠳᠣᠭᠲᠠᠭᠠᠭᠰᠠᠨ ᠭᠠᠳᠠᠭᠠᠳᠤ ᠤᠯᠤᠰ ᠲᠤ ᠪᠣᠳᠠᠲᠠᠶ ᠠᠮᠢᠳᠤᠷᠠᠭᠰᠠᠨ ᠴᠠᠭ ᠤᠨ ᠬᠢᠵᠠᠭᠠᠷᠯᠠᠯ ᠳᠤ ᠨᠡᠶᠢᠴᠡᠬᠦ ᠦᠭᠡᠢ ᠪᠣᠯ ᠳᠤᠮᠳᠠᠳᠤ ᠤᠯᠤᠰ ᠤᠨ ᠳᠡᠭᠡᠳᠦ ᠰᠤᠷᠭᠠᠭᠤᠯᠢ ᠳᠤ ᠬᠡᠷᠬᠢᠨ ᠣᠷᠣᠵᠤ ᠰᠤᠷᠤᠯᠴᠠᠬᠤ ᠪᠤᠢ︖       ᠬᠠᠷᠢᠭᠤᠯᠲᠠ᠄ ᠮᠠᠨ ᠤ ᠶᠠᠮᠤᠨ ᠤ ᠣᠳᠣ ᠬᠡᠷᠡᠭᠵᠢᠭᠦᠯᠵᠦ ᠪᠠᠶᠢᠭ᠎ᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠠᠵᠢᠯ ᠤᠨ ᠲᠣᠭᠲᠠᠭᠠᠯ ᠢ ᠦᠨᠳᠦᠰᠦᠯᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠷ ᠤᠨ ᠦᠰᠦᠭ ᠵᠢᠷᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠲᠤ ᠭᠠᠳᠠᠭᠠᠳᠤ ᠤᠯᠤᠰ ᠤᠨ ᠬᠥᠮᠦᠨ ᠤ ᠤᠷᠲᠤ ᠬᠤᠭᠤᠴᠠᠭ᠎ᠠ ᠪᠠᠷ ᠠᠮᠢᠳᠤᠷᠠᠬᠤ ᠪᠡᠶ᠎ᠡ ᠶᠢᠨ ᠦᠨᠡᠮᠯᠡᠯ︾ ᠲᠠᠢ ᠳᠤᠮᠳᠠᠳᠤ ᠤᠯᠤᠰ ᠲᠤ ᠠᠮᠢᠳᠤᠷᠠᠵᠤ ᠪᠠᠶᠢᠭ᠎ᠠ ᠭᠠᠳᠠᠭᠠᠳᠤ ᠶᠢᠨ ᠬᠠᠷᠢᠶ᠎ᠠ ᠪᠥᠬᠦᠢ ᠢᠷᠭᠡᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠤᠯᠪᠣᠭᠳᠠᠯ ᠪᠥᠬᠦᠶ ᠮᠤᠵᠢ ᠣᠷᠣᠨ ᠳᠤ ᠪᠠᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠪᠠᠷ ᠭᠤᠶᠤᠴᠢᠯᠠᠵᠤ ᠪᠣᠯᠤᠨ᠎ᠠ᠃       4. ᠠᠰᠠᠭᠤᠯᠲᠠ᠄ ᠳᠡᠭᠡᠳᠦ ᠰᠤᠷᠭᠠᠭᠤᠯᠢ ᠳᠤ ᠣᠯᠠᠨ ᠤᠯᠤᠰ ᠤᠨ ᠰᠤᠷᠤᠭᠴᠢ ᠶᠢ ᠡᠯᠰᠡᠬᠦ ᠦᠶ᠎ᠡ ᠰᠤᠷᠤᠭᠴᠢ ᠶᠢᠨ ᠤᠯᠤᠰ ᠤᠨ ᠬᠠᠷᠢᠶ᠎ᠠ ᠨᠢ ᠲᠣᠳᠤᠷᠬᠠᠢ ᠦᠭᠡᠢ ᠪᠤᠶᠤ ᠰᠣᠷᠣᠭᠴᠢ ᠥᠪᠡᠷ ᠢᠶᠠᠨ ᠤᠯᠤᠰ ᠤᠨ ᠬᠠᠷᠢᠶ᠎ᠠ ᠪᠠᠨ ᠲᠣᠳᠣᠷᠬᠠᠶ ᠮᠡᠳᠡᠬᠦ ᠥᠬᠡᠶ ᠪᠣᠯ ᠬᠡᠷᠬᠢᠨ ᠨᠤᠲᠠᠯᠠᠬᠤ ᠪᠣᠶ︖       ᠬᠠᠷᠢᠭᠤᠯᠲᠠ᠄ ᠤᠯᠤᠰ ᠤᠨ ᠬᠠᠷᠢᠶ᠎ᠠ ᠨᠢ ᠲᠣᠳᠣᠷᠬᠠᠶ ᠥᠬᠡᠶ ᠪᠣᠯ ᠳᠡᠭᠡᠳᠦ ᠰᠤᠷᠭᠠᠭᠤᠯᠢ ᠪᠤᠶᠤ ᠰᠤᠷᠤᠭᠴᠢ ᠥᠪᠡᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶᠠᠨ ᠤ ᠬᠠᠤᠯᠢ︾ ᠶᠢ ᠦᠨᠳᠦᠰᠦᠯᠡᠨ ᠮᠠᠭᠠᠳᠯᠠᠬᠤ ᠪᠤᠶᠤ ᠲᠤᠬᠠᠶ ᠶᠢᠨ ᠭᠠᠵᠠᠷ ᠤᠨ ᠢᠶᠠᠨ ᠣᠷᠤᠨ ᠤ ᠪᠤᠶᠤ ᠬᠤᠲᠠ ᠶᠢᠨ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠬᠠᠷᠢᠶ᠎ᠠ ᠪᠣᠯᠤᠨ ᠪᠡᠶ᠎ᠡ ᠶᠢᠨ ᠭᠠᠷᠤᠯ ᠢᠶᠠᠨ ᠪᠠᠶᠢᠴᠠᠭᠠᠨ ᠨᠣᠲᠠᠯᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map