ᠴᠡᠴᠡᠷᠯᠢᠭ ᠤᠨ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠦᠭᠦᠯᠡᠭᠦ ᠨᠢ
ᠨᠡᠶᠢᠲᠡᠯᠡᠭᠰᠡᠨ ᠴᠠᠭ᠄
2020/6/4
                                    ᠰᠢᠠᠬᠤᠸᠠ      ᠮᠡᠳᠡᠭᠡᠵᠢ ᠪᠠᠷ᠂ ᠬᠡᠦᠬᠡᠳ ᠤᠨ ᠭᠡᠯᠡᠨ ᠤ ᠬᠦᠭᠵᠢᠯᠲᠡ ᠳᠤ ᠰᠤᠨᠤᠰᠬᠤ ᠪᠠ ᠶᠠᠷᠢᠬᠤ ᠴᠢᠳᠠᠪᠤᠷᠢ ᠶᠢᠨ ᠬᠦᠮᠦᠵᠢᠯ ᠴᠢᠬᠤᠯᠠ ᠰᠠᠭᠤᠷᠢ ᠪᠤᠯᠵᠤ ᠪᠠᠶᠢᠳᠠᠭ᠃ ᠡᠶᠢᠨ ᠬᠦ ᠴᠡᠴᠡᠷᠯᠢᠭ ᠤᠨ ᠪᠠᠭᠰᠢ ᠨᠠᠷ ᠬᠡᠦᠬᠡᠳ ᠤᠳ ᠢ ᠪᠠᠭ᠎ᠠ ᠰᠤᠷᠭᠠᠭᠤᠯᠢ ᠳᠤ ᠤᠷᠤᠬᠤ ᠦᠶᠡᠰ ᠰᠤᠨᠤᠰᠬᠤ ᠶᠠᠷᠢᠬᠤ ᠲᠠᠯ᠎ᠠ ᠪᠠᠷ ᠭᠦᠢᠴᠡᠳ ᠬᠦᠭᠵᠢᠯᠲᠡ ᠲᠠᠢ ᠪᠤᠯᠭᠠᠵᠤ᠂ ᠴᠠᠭᠠᠰᠢᠳᠠ ᠰᠤᠷᠤᠯᠴᠠᠬᠤ ᠳᠤ ᠨᠢ ᠰᠠᠭᠤᠷᠢ ᠲᠠᠯᠪᠢᠵᠤ ᠦᠭᠬᠦ ᠴᠢᠬᠤᠯᠠ ᠲᠠᠢ᠃ ᠡᠭᠦᠨ ᠢ ᠴᠡᠴᠡᠷᠯᠢᠭ ᠤᠨ ᠪᠠᠭᠰᠢ ᠨᠠᠷ ᠤᠨ ᠵᠠᠪᠠᠯ ᠭᠦᠢᠴᠡᠳᠭᠡᠬᠦ ᠡᠭᠦᠷᠭᠡ ᠭᠡᠬᠦ ᠳᠤ ᠠᠬᠠᠳᠠᠬᠤ ᠦᠭᠡᠢ ᠶᠤᠮ᠃      ᠨᠢᠭᠡ᠂ ᠦᠯᠢᠭᠡᠷ ᠰᠤᠨᠤᠰᠴᠤ᠂ ᠦᠯᠢᠭᠡᠷ ᠬᠡᠯᠡᠬᠦ ᠬᠦᠳᠡᠯᠪᠦᠷᠢ ᠪᠠᠷ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠵᠦ ᠪᠤᠯᠤᠨ᠎ᠠ᠃ ᠦᠯᠢᠭᠡᠷ ᠰᠣᠨᠣᠰᠬᠤ ᠨᠢ ᠬᠡᠦᠬᠡᠳ ᠤᠨ ᠤᠨᠴᠠᠯᠢᠭ ᠲᠤ ᠲᠤᠬᠢᠷᠠᠵᠤ ᠳᠤᠷ᠎ᠠ ᠪᠠᠬ᠎ᠠ ᠶᠢ ᠨᠢ ᠳᠠᠲᠠᠵᠤ ᠳᠡᠶᠢᠯᠳᠡᠭ᠃ ᠪᠤᠳᠠᠲᠠᠢ ᠬᠡᠯᠡᠪᠡᠯ᠂ ᠬᠡᠦᠬᠡᠳ ᠦᠯᠢᠭᠡᠷ ᠰᠤᠨᠤᠰᠬᠤ ᠲᠤᠩ ᠳᠤᠷ᠎ᠠ ᠲᠠᠢ ᠮᠦᠷᠲᠡᠭᠡᠨ ᠰᠤᠨᠤᠰᠤᠭᠰᠠᠨ ᠦᠯᠢᠭᠡᠷ ᠢᠶᠠᠨ ᠴᠦ ᠪᠤᠰᠤᠳ ᠲᠤ ᠶᠠᠷᠢᠵᠤ ᠦᠭᠬᠦ ᠳᠤᠷ᠎ᠠ ᠲᠠᠢ ᠪᠠᠶᠢᠳᠠᠭ᠃ ᠡᠶᠢᠮᠦ ᠠᠴᠠ ᠬᠡᠦᠬᠡᠳ ᠤᠨ ᠲᠠᠯ᠎ᠠ‌ᠡᠴᠠ ᠠᠪᠴᠤ ᠬᠡᠯᠡᠪᠡᠯ᠂ ᠦᠯᠢᠭᠡᠷ ᠰᠤᠨᠤᠰᠬᠤ ᠪᠠ ᠰᠤᠨᠤᠰᠤᠭᠰᠠᠨ ᠦᠯᠢᠭᠡᠷ ᠢᠶᠠᠨ ᠪᠤᠰᠤᠳ ᠲᠤ ᠶᠠᠷᠢᠵᠤ ᠦᠭᠬᠦ ᠪᠤᠯ ᠲᠡᠳᠡ ᠨᠡᠷ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠨᠢᠭᠡᠨ ᠵᠦᠢᠯ ᠤᠨ ᠪᠦᠲᠦᠮᠵᠢᠲᠡᠢ ᠠᠷᠭ᠎ᠠ ᠪᠠᠷᠢᠯ ᠮᠥᠨ᠃ ᠪᠢ ᠡᠨᠡ ᠬᠦ ᠪᠦᠲᠦᠮᠵᠢᠲᠡᠢ ᠠᠷᠭ᠎ᠠ ᠪᠠᠷᠢᠯ ᠢ ᠠᠰᠢᠭᠯᠠᠨ ᠠᠩᠬᠢ ᠶᠢᠨ ᠬᠡᠦᠬᠡᠳ ᠤᠨ ᠢᠶᠠᠨ ᠰᠤᠨᠤᠰᠬᠤ ᠪᠠ ᠶᠠᠷᠢᠬᠤ ᠴᠢᠳᠠᠪᠤᠷᠢ ᠶᠢ ᠪᠤᠯᠪᠠᠰᠤᠷᠠᠭᠤᠯᠬᠤ ᠳᠤ ᠭᠡᠷ ᠤᠨ ᠠᠬᠠᠮᠠᠳ ᠲᠠᠢ ᠬᠠᠮᠵᠢᠯᠴᠠᠭᠰᠠᠨ ᠠᠴᠠ᠂ ᠡᠨᠡ ᠲᠠᠯ᠎ᠠ ᠶᠢᠨ ᠠᠵᠢᠯ ᠤᠨ ᠦᠷ᠎ᠡ ᠠᠰᠢᠭ ᠢ ᠠᠬᠢᠭᠤᠯᠵᠤ ᠴᠢᠳᠠᠭᠰᠠᠨ ᠪᠠᠶᠢᠨ᠎ᠠ᠃ ᠲᠤᠬᠠᠶᠢᠯᠠᠪᠠᠯ᠂ ᠬᠡᠦᠬᠡᠳ ᠭᠡᠷ ᠲᠤ ᠪᠠᠨ ᠭᠡᠷ ᠤᠨ ᠠᠬᠠᠮᠠᠳ ᠠᠴᠠ ᠪᠠᠨ ᠣᠬᠤᠷᠬᠠᠨ᠂ ᠰᠤᠨᠢᠷᠬᠠᠯᠲᠠᠢ᠂ ᠡᠷᠡᠭᠦᠯ ᠠᠭᠤᠯᠭ᠎ᠠ ᠪᠦᠬᠦᠢ ᠦᠯᠢᠭᠡᠷ ᠰᠤᠨᠤᠰᠴᠤ᠂ ᠲᠡᠭᠦᠨ ᠢ ᠴᠡᠭᠡᠵᠢᠯᠡᠭᠦᠯᠵᠤ᠂ ᠴᠡᠴᠡᠷᠯᠢᠭ ᠲᠤ ᠪᠠᠨ ᠢᠷᠡᠵᠦ ᠪᠠᠭᠰᠢ ᠪᠠ ᠨᠠᠶᠢᠵᠢ ᠨᠠᠷ ᠲᠤ ᠪᠠᠨ ᠴᠡᠭᠡᠵᠢᠯᠡᠭᠰᠡᠨ ᠦᠯᠢᠭᠡᠷ ᠢᠶᠠᠨ ᠶᠠᠷᠢᠵᠤ ᠰᠤᠨᠤᠰᠬᠠᠨ᠎ᠠ᠃ ᠪᠠᠭᠰᠢ ᠠᠴᠠ ᠬᠡᠦᠬᠡᠳ ᠤᠨ ᠶᠠᠷᠢᠭᠰᠠᠨ ᠦᠯᠢᠭᠡᠷ ᠢ ᠰᠤᠨᠤᠰᠴᠤ ᠳᠠᠬᠢᠨ ᠵᠢᠯᠤᠭᠤᠳᠤᠯᠭ᠎ᠠ ᠬᠢᠨ᠎ᠡ᠃ ᠡᠭᠦᠨ ᠳᠤ ᠪᠠᠭᠰᠢ ᠪᠠ ᠭᠡᠷ ᠤᠨ ᠠᠬᠠᠮᠠᠳ ᠲᠤ ᠪᠠᠨ ᠦᠭᠡ ᠵᠢᠭᠠᠬᠤ ᠪᠤᠶᠤ ᠳᠠᠭᠠᠭᠤᠯᠤᠨ ᠬᠡᠯᠡᠬᠦ ᠵᠡᠷᠭᠡ ᠳᠤᠳᠤᠮᠳᠠᠯᠭ᠎ᠠ ᠵᠢᠯᠤᠭᠤᠳᠤᠯᠭ᠎ᠠ ᠠᠭᠤᠰᠤᠯᠳᠤᠨ ᠶᠠᠪᠤᠭᠳᠠᠵᠤ ᠪᠠᠶᠢᠳᠠᠭ᠃ ᠵᠢᠯᠤᠭᠤᠳᠤᠯᠭ᠎ᠠ ᠪᠠ ᠶᠠᠷᠢᠬᠤ ᠠᠵᠢᠯᠯᠠᠭᠠᠨ ᠤ ᠳᠠᠭᠠᠤ ᠳᠤ ᠨᠢ ᠬᠡᠦᠬᠡᠳ ᠢ ᠦᠨᠡᠯᠡᠨ ᠵᠤᠷᠢᠬᠵᠢᠭᠤᠯᠵᠤ ᠤᠷᠮ᠎ᠠ ᠶᠢ ᠬᠦᠭᠵᠢᠭᠡᠬᠦ ᠶᠢ ᠤᠮᠳᠤᠭᠠᠶᠢᠯᠠᠵᠤ ᠪᠤᠯᠬᠤ ᠦᠭᠡᠢ᠃ ᠤᠷᠮ᠎ᠠ ᠪᠠᠬ᠎ᠠ ᠪᠤᠯ ᠬᠠᠮᠤᠭ ᠤᠨ ᠰᠠᠶᠢᠨ ᠪᠠᠭᠰᠢ ᠭᠡᠳᠡᠭ ᠰᠢᠤ᠃ ᠢᠩᠬᠢᠵᠦ ᠤᠳᠠᠭᠠᠨ ᠪᠠᠷᠢᠮᠲᠠᠯᠠᠪᠠᠯ ᠬᠡᠦᠬᠡᠳ ᠰᠤᠨᠤᠰᠬᠤ ᠪᠠ ᠶᠠᠷᠢᠬᠤ ᠲᠠᠯ᠎ᠠ ᠪᠠᠷ ᠤᠯᠠᠮ ᠳᠤᠷ᠎ᠠ ᠪᠠᠬ᠎ᠠ ᠲᠠᠢ ᠪᠤᠯᠵᠤ᠂ ᠢᠳᠡᠭ ᠢᠳᠡᠭ ᠢᠶᠠᠷ ᠰᠤᠨᠤᠰᠬᠤ ᠪᠠ ᠶᠠᠷᠢᠬᠤ ᠴᠢᠳᠠᠪᠤᠷᠢ ᠲᠡᠳᠡᠨ ᠤ ᠤᠢ ᠤᠬᠠᠭᠠᠨ‌‍ᠳᠤ ᠡᠬᠢᠯᠡᠨ ᠪᠦᠷᠢᠯᠳᠤᠭᠦ ᠪᠦᠭᠡᠳ ᠢᠳᠡᠭ ᠠᠯᠬᠤᠮ ᠢᠶᠠᠷ ᠦᠷᠭᠦᠯᠵᠢᠯᠡᠨ ᠣᠷᠭᠤᠨ ᠲᠦᠯᠵᠢᠬᠦ ᠪᠤᠯᠤᠨ᠎ᠠ᠃      ᠬᠤᠶᠠᠷ᠂ ᠤᠨᠢᠰᠤᠭ᠎ᠠ ᠲᠠᠭᠠᠭᠠᠬᠤ᠂ ᠵᠦᠢᠷ ᠰᠡᠴᠡᠨ ᠦᠭᠡ ᠶᠠᠷᠢᠵᠤ ᠡᠵᠡᠮᠰᠢᠬᠦ᠂ ᠬᠡᠯᠡ ᠵᠦᠭᠰᠢᠷᠡᠭᠦᠯᠬᠦ ᠦᠭᠡ ᠶᠢ ᠬᠡᠯᠡᠵᠦ ᠪᠤᠯᠪᠠᠰᠤᠷᠠᠬᠤ ᠬᠦᠳᠡᠯᠪᠦᠷᠢ ᠪᠠᠷ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠵᠦ ᠪᠤᠯᠤᠨ᠎ᠠ᠃ ᠮᠠᠨ ᠤ ᠮᠤᠩᠭᠤᠯ ᠦᠨᠳᠦᠰᠦᠲᠡᠨ ᠤ ᠦᠭᠡᠰ ᠤᠨ ᠰᠠᠩ ᠳᠠᠯᠠᠢ ᠪᠠᠶᠠᠨ᠂ ᠬᠡᠯᠡᠨ ᠤ ᠡᠬᠢ ᠪᠠᠶᠠᠯᠢᠭ ᠦᠯᠡᠮᠵᠢ ᠪᠠᠶᠢᠳᠠᠭ᠃ ᠡᠭᠦᠨ ᠤ ᠳᠤᠲᠤᠷᠠᠬᠢ ᠣᠨᠢᠰᠤᠭ᠎ᠠ ᠲᠠᠭᠠᠬᠤ᠂ ᠵᠦᠢᠷ ᠰᠡᠴᠡᠨ ᠦᠭᠡ ᠶᠠᠷᠢᠵᠤ ᠡᠵᠡᠮᠰᠢᠬᠦ᠂ ᠬᠡᠯᠡ ᠪᠤᠯᠪᠠᠰᠤᠷᠠᠭᠤᠯᠬᠤ ᠦᠭᠡ ᠬᠡᠯᠡᠵᠦ ᠬᠡᠯᠡ ᠶᠢ ᠨᠢ ᠤᠷᠠᠯᠢᠭ ᠪᠤᠯᠭᠠᠨ ᠪᠤᠯᠪᠠᠰᠤᠷᠠᠭᠤᠯᠬᠤ ᠨᠢ ᠴᠦᠮ ᠬᠡᠦᠬᠡᠳ ᠪᠠᠭᠠᠴᠤᠳ ᠤᠨ ᠬᠦᠭᠵᠢᠯᠲᠡ ᠳᠤ ᠲᠤᠩ ᠲᠤᠬᠢᠷᠠᠮᠵᠢᠲᠠᠢ ᠠᠵᠢᠯᠯᠠᠭᠠᠨ ᠪᠤᠯᠬᠤ ᠶᠤᠮ᠃ ᠮᠥᠨ ᠴᠦ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢᠨ ᠬᠦᠭᠵᠢᠯᠲᠡ ᠳᠤ ᠬᠠᠮᠤᠭ ᠤᠨ ᠲᠤᠬᠢᠷᠠᠮᠵᠢᠲᠠᠢ ᠮᠦᠷᠲᠡᠭᠡᠨ ᠲᠤᠩ ᠠᠰᠢᠭᠲᠠᠢ ᠨᠢᠭᠡ ᠵᠦᠢᠯ ᠤᠨ ᠠᠷᠭ᠎ᠠ ᠪᠠᠷᠢᠯ ᠪᠤᠯᠬᠤ ᠨᠢ ᠮᠠᠷᠭᠤᠰᠢ ᠦᠭᠡᠢ᠃ ᠪᠢ ᠠᠩᠬᠢ ᠶᠢᠨ ᠢᠶᠠᠨ ᠦᠭᠡ ᠬᠡᠯᠡᠨ ᠤ ᠬᠦᠳᠡᠯᠭᠡᠭᠡᠨ ᠤ ᠴᠠᠭ ᠢ ᠠᠰᠢᠭᠯᠠᠨ᠂ ᠬᠡᠦᠬᠡᠳ ᠤᠳ ᠲᠤ ᠤᠨᠢᠰᠤᠭ᠎ᠠ ᠲᠠᠭᠠᠭᠠᠬᠤ᠂ ᠵᠦᠢᠷ ᠰᠡᠴᠡᠨ ᠦᠭᠡ ᠶᠠᠷᠢᠵᠤ ᠡᠵᠡᠮᠰᠢᠬᠦ᠂ ᠬᠡᠯᠡ ᠵᠦᠭᠰᠢᠷᠡᠭᠦᠯᠬᠦ ᠦᠭᠡ ᠶᠢ ᠬᠡᠯᠡᠵᠦ ᠪᠤᠯᠪᠠᠰᠤᠷᠠᠬᠤ ᠬᠦᠳᠡᠯᠪᠦᠷᠢ ᠶᠢ ᠬᠢᠯᠭᠡᠵᠦ᠂ ᠬᠡᠦᠬᠡᠳ  ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠪᠤᠯᠪᠠᠰᠤᠷᠠᠭᠤᠯᠤᠭᠠᠳ ᠬᠡᠦᠬᠡᠳ ᠤᠨ ᠰᠤᠨᠤᠰᠬᠤ ᠶᠠᠷᠢᠬᠤ ᠬᠢᠭᠡᠳ ᠬᠡᠯᠡᠨ ᠤ ᠤᠷᠠᠯᠢᠭ ᠤᠨ ᠪᠤᠯᠪᠠᠰᠤᠷᠠᠯ ᠢ ᠵᠤᠬᠢᠬᠤ ᠬᠡᠮᠵᠢᠶᠡᠨ᠎ᠡ ᠠᠬᠢᠭᠤᠯᠵᠤ ᠴᠢᠳᠠᠭᠰᠠᠨ ᠪᠠᠶᠢᠨ᠎ᠠ᠃ ᠴᠤᠬᠤᠰ ᠳᠤᠷᠠᠳᠪᠠᠯ᠂ ᠭᠡᠷ ᠤᠨ ᠠᠬᠠᠮᠠᠳ ᠲᠠᠢ ᠬᠠᠮᠵᠢᠯᠴᠠᠨ ᠬᠡᠦᠬᠡᠳ ᠢᠶᠠᠷ ᠤᠨᠢᠰᠤᠭ᠎ᠠ ᠴᠡᠭᠡᠵᠢᠯᠡᠭᠦᠯᠦᠭᠰᠡᠨ ᠰᠠᠭᠤᠷᠢᠨ ᠳᠡᠭᠡᠷ᠎ᠡ᠂ ᠬᠡᠦᠬᠡᠳ ᠤᠨ ᠨᠢᠭᠡ ᠨᠢ ᠤᠨᠢᠰᠤᠭ᠎ᠠ ᠬᠡᠯᠡᠵᠦ᠂ ᠪᠤᠰᠤᠳ ᠨᠢ ᠤᠨᠢᠰᠤᠭ᠎ᠠ ᠲᠠᠭᠠᠭᠠᠬᠤ᠂ ᠵᠦᠢᠷ ᠰᠡᠴᠡᠨ ᠦᠭᠡ ᠴᠡᠭᠡᠵᠢᠯᠡᠭᠰᠡᠨ ᠰᠠᠭᠤᠷᠢᠨ ᠳᠡᠭᠡᠷ᠎ᠡ᠂ ᠨᠢᠭᠡ ᠬᠡᠦᠬᠡᠳ ᠵᠦᠢᠷ ᠰᠡᠴᠡᠨ ᠦᠭᠡ ᠶᠢᠨ ᠬᠠᠭᠠᠰ ᠢ ᠬᠡᠯᠡᠵᠦ᠂ ᠪᠤᠰᠤᠳ ᠨᠢ ᠵᠠᠯᠭᠠᠨ ᠬᠡᠯᠡᠵᠦ ᠪᠦᠷᠢᠨ ᠪᠤᠯᠭᠠᠬᠤ᠂ ᠪᠤᠰᠤᠳ ᠤᠨ ᠬᠡᠯᠡᠭᠰᠡᠨ ᠤ ᠳᠤᠮᠳᠠᠬᠢ ᠭᠡᠭᠡᠵᠦ ᠤᠷᠬᠢᠭᠳᠠᠭᠰᠠᠨ ᠢ ᠨᠦᠬᠦᠪᠦᠷᠢᠯᠡᠬᠦ︔ ᠬᠡᠯᠡ ᠵᠦᠭᠰᠢᠷᠡᠭᠦᠯᠬᠦ ᠦᠭᠡ ᠶᠢ ᠬᠠᠮᠲᠤ ᠪᠠᠷ ᠬᠡᠯᠡᠵᠦ ᠪᠤᠯᠪᠠᠰᠤᠷᠠᠬᠤ᠂ ᠭᠠᠭᠴᠠᠭᠠᠷ ᠬᠡᠯᠡᠵᠦ ᠪᠤᠯᠪᠠᠰᠤᠷᠠᠬᠤ᠂ ᠬᠡᠳᠦᠭᠦᠯᠡ ᠬᠡᠯᠡᠵᠦ ᠪᠤᠯᠪᠠᠰᠤᠷᠠᠬᠤ᠂ ᠰᠤᠨᠤᠰᠤᠭᠰᠠᠨ ᠬᠡᠦᠬᠡᠳ ᠪᠤᠰᠤᠳ ᠤᠨ ᠠᠨᠳᠠᠭᠤ ᠲᠠᠰᠢᠶ᠎ᠠ ᠶᠢ ᠵᠠᠯᠠᠷᠠᠭᠤᠯᠵᠤ ᠦᠭᠬᠦ ᠁ ᠵᠡᠷᠭᠡ ᠨᠢ ᠴᠦᠮ ᠬᠡᠦᠬᠡᠳ ᠤᠨ ᠬᠡᠯᠡᠨ ᠤ ᠬᠦᠭᠵᠢᠯᠲᠡ ᠶᠢ ᠢᠳᠡᠭ ᠢᠳᠡᠭ ᠢᠶᠠᠷ ᠠᠬᠢᠭᠤᠯᠬᠤ ᠨᠠᠷᠢᠯᠢᠬ ᠭᠤᠭᠴᠤᠭ᠎ᠠ ᠪᠤᠯᠬᠤ ᠶᠤᠮ᠃ ᠪᠠᠭᠰᠢ ᠠᠴᠠ ᠬᠡᠦᠬᠡᠳ ᠪᠤᠯᠭᠠᠨ ᠤ ᠠᠵᠢᠯᠯᠠᠭᠠᠨ ᠢ ᠨᠠᠷᠢᠯᠢᠬ ᠠᠵᠢᠭᠯᠠᠵᠤ᠂ ᠳᠠᠪᠰᠢᠯᠲᠠ ᠳᠡᠭᠡᠭᠰᠢᠯᠡᠯᠲᠡ᠂ ᠤᠪᠤᠷ ᠲᠤ ᠨᠢ ᠦᠨᠡᠯᠡᠯᠲᠡ ᠵᠤᠷᠢᠬᠵᠢᠭᠤᠯᠤᠯ ᠳᠠᠭᠠᠯᠳᠤᠭᠤᠯᠬᠤ ᠴᠢᠬᠤᠯᠠ ᠲᠠᠢ᠃ ᠡᠭᠦᠨ ᠤ ᠳᠤᠲᠤᠷ᠎ᠠ ᠮᠥᠨ ᠴᠦ ᠪᠠᠭᠰᠢ ᠪᠤᠯᠤᠨ ᠭᠡᠷ ᠤᠨ ᠠᠬᠠᠮᠠᠳ ᠤᠨ ᠲᠠᠭᠠᠭᠤᠯᠤᠨ ᠬᠡᠯᠡᠬᠦ᠂ ᠵᠢᠭᠠᠵᠤ ᠦᠭᠬᠦ ᠵᠠᠯᠠᠷᠠᠭᠤᠯᠤᠨ ᠦᠭᠬᠦ ᠁ ᠵᠡᠷᠭᠡ ᠠᠵᠢᠯᠯᠠᠭᠠᠨ ᠠᠭᠤᠰᠤᠯᠳᠤᠨ ᠨᠡᠪᠴᠢᠵᠤ᠂ ᠤᠳᠠᠭᠠᠨ ᠳᠠᠭᠠᠭᠠᠮᠠᠭᠠᠢ ᠲᠡᠰᠪᠦᠷᠢ ᠲᠡᠪᠴᠢᠶᠡᠷᠢ ᠲᠠᠢ ᠤᠪᠤᠷ ᠠᠵᠢᠯᠯᠠᠭᠠᠨ ᠤ ᠪᠦᠬᠦ ᠶᠠᠪᠤᠴᠠ ᠳᠤ ᠳᠠᠭᠠᠯᠳᠤᠨ ᠶᠠᠪᠤᠭᠳᠠᠨ᠎ᠠ᠃      ᠭᠤᠷᠪᠠ᠂ ᠬᠡᠦᠬᠡᠳ ᠤᠨ ᠰᠢᠯᠦᠭ ᠤᠩᠰᠢᠬᠤ ᠪᠠ ᠰᠢᠯᠦᠭ ᠤᠩᠰᠢᠯᠭ᠎ᠠ ᠶᠢ ᠰᠤᠨᠤᠰᠬᠤ ᠬᠦᠳᠡᠯᠪᠦᠷᠢ ᠪᠠᠷ ᠬᠡᠦᠬᠡᠳ ᠤᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠵᠦ ᠪᠤᠯᠤᠨ᠎ᠠ᠃ ᠰᠢᠯᠦᠭ ᠤᠩᠰᠢᠬᠤ ᠪᠠ ᠰᠢᠯᠥᠭ ᠤᠩᠰᠢᠯᠭ᠎ᠠ ᠶᠢ ᠰᠤᠨᠤᠰᠬᠤ ᠪᠤᠯ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠪᠠᠰᠠ ᠨᠢᠭᠡᠨ ᠠᠷᠭ᠎ᠠ ᠪᠠᠷᠢᠯ ᠪᠤᠯᠬᠤ ᠨᠢ ᠳᠠᠮᠵᠢᠭ ᠦᠭᠡᠢ᠃ ᠬᠡᠦᠬᠡᠳ ᠤᠨ ᠰᠢᠯᠦᠭ ᠨᠢ ᠬᠡᠦᠬᠡᠳ ᠤᠨ ᠤᠨᠴᠠᠯᠢᠭ ᠲᠤ ᠲᠤᠬᠢᠷᠠᠭᠰᠠᠨ ᠪᠤᠯᠬᠤᠷ ᠲᠡᠳᠡᠨᠣᠰ ᠤᠨ ᠤᠩᠰᠢᠬᠤ ᠪᠠ ᠰᠤᠨᠤᠰᠬᠤ ᠳᠤ ᠠᠶᠠᠲᠠᠢ ᠪᠠᠶᠢᠵᠤ᠂ ᠤᠷᠮ᠎ᠠ ᠶᠢ ᠨᠢ ᠳᠠᠲᠠᠵᠤ ᠴᠢᠳᠠᠳᠠᠭ᠃ ᠪᠢ ᠠᠩᠬᠢ ᠶᠢᠨ ᠢᠶᠠᠨ ᠬᠡᠦᠬᠡᠳ ᠢ ᠵᠢᠯᠤᠭᠤᠳᠤᠨ ᠲᠡᠳᠡᠨᠤᠰ ᠲᠤ ᠦᠷᠭᠦᠯᠵᠢ ᠰᠢᠯᠦᠭ ᠴᠡᠭᠡᠵᠢᠯᠡᠭᠦᠯᠦᠨ᠂ ᠤᠩᠰᠢᠯᠭ᠎ᠠ ᠬᠢᠯᠭᠡᠳᠡᠭ᠃ ᠡᠨᠡ ᠨᠢ ᠬᠡᠦᠬᠡᠳ ᠤᠨ ᠰᠤᠨᠤᠰᠬᠤ ᠪᠠ ᠶᠠᠷᠢᠬᠤ ᠲᠠᠯ᠎ᠠ ᠶᠢᠨ ᠬᠡᠯᠡᠨ ᠤ ᠬᠦᠭᠵᠢᠯᠲᠡ ᠳᠤ ᠠᠬᠢᠭᠤᠯᠬᠤ ᠦᠢᠯᠡᠳᠦᠯ ᠦᠵᠡᠭᠦᠯᠵᠦ ᠴᠢᠳᠠᠭᠰᠠᠨ ᠪᠠᠶᠢᠨ᠎ᠠ᠃ ᠳᠠᠷᠣᠢ ᠬᠡᠦᠬᠡᠳ ᠴᠡᠭᠡᠵᠢᠯᠡᠭᠰᠡᠨ ᠰᠢᠯᠥᠭ ᠢᠶᠠᠨ ᠤᠩᠰᠢᠵᠤ᠂ ᠪᠤᠰᠤᠳ ᠨᠢ ᠰᠤᠨᠤᠰᠬᠤ ᠦᠶ᠎ᠡ ᠳᠤ᠂ ᠢᠷᠠᠭᠤ ᠰᠤᠨᠤᠰᠬᠤᠯᠠᠩ ᠲᠠᠢ᠂ ᠠᠶᠢᠵᠠᠮ ᠲᠠᠢ ᠮᠦᠷᠲᠡᠭᠡᠨ ᠰᠡᠳᠭᠢᠯᠭᠡ ᠠᠭᠤᠯᠤᠭᠰᠠᠨ ᠤᠷᠠᠨ ᠲᠤᠳᠤ ᠤᠩᠰᠢᠯᠭ᠎ᠠ ᠳᠤ ᠰᠤᠨᠤᠰᠴᠤ ᠪᠠᠶᠢᠭ᠎ᠠ ᠬᠡᠦᠬᠡᠳ ᠴᠦ ᠳᠠᠲᠠᠭᠳᠠᠵᠤ᠂ ᠳᠤᠷᠠᠲᠠᠢ ᠰᠤᠨᠤᠰᠴᠤ ᠪᠠᠶᠢᠳᠠᠭ᠃ ᠤᠩᠰᠢᠯᠭ᠎ᠠ ᠬᠢᠭᠰᠡᠨ ᠬᠡᠦᠬᠡᠳ ᠨᠢ ᠤᠷᠠᠨ ᠤᠩᠰᠢᠯᠭ᠎ᠠ ᠶᠢᠨ ᠦᠢᠯᠡᠳᠦᠯᠭᠡ ᠳᠤ ᠪᠡᠶ᠎ᠡ ᠪᠠᠷ ᠢᠶᠠᠨ ᠤᠷᠤᠯᠴᠠᠬᠤ ᠪᠠᠷ ᠥᠯᠥ ᠪᠠᠷᠠᠨ ᠰᠡᠯᠡᠭᠦᠨ ᠲᠠᠭᠠᠲᠠᠢ ᠰᠡᠳᠭᠢᠯᠭᠡ ᠶᠢᠨ ᠤᠷᠴᠢᠨ ᠳᠤ ᠠᠭᠤᠰᠴᠤ ᠨᠠᠮ ᠲᠤᠭᠲᠠᠭᠤᠨ ᠲᠠᠪᠠᠲᠠᠢ ᠪᠠᠶᠢᠳᠠᠭ᠃ ᠡᠭᠦᠨ ᠳᠤ ᠪᠠᠭᠰᠢ ᠶᠢᠨ ᠵᠢᠭᠠᠨ ᠳᠠᠭᠠᠭᠤᠯᠭ᠎ᠠ᠂ ᠵᠠᠰᠠᠨ ᠵᠠᠯᠠᠷᠠᠭᠤᠯᠭ᠎ᠠ᠂ ᠳᠦᠷᠢᠮ ᠳᠠᠭᠤᠷᠢᠶᠠᠯ᠂ ᠨᠡᠩ ᠢᠯᠡᠭᠦᠦ ᠲᠡᠰᠪᠦᠷᠢ ᠲᠡᠪᠴᠢᠶᠡᠷᠢ ᠳᠤᠲᠠᠭᠳᠠᠵᠤ ᠪᠤᠯᠬᠤ  ᠦᠭᠡᠢ᠃ ᠭᠡᠷ ᠤᠨ ᠠᠬᠠᠮᠠᠳ ᠤᠨ ᠢᠳᠡᠪᠬᠢᠲᠡᠢ ᠬᠠᠪᠰᠤᠷᠤᠯᠭ᠎ᠠ ᠰᠠᠨᠠᠭᠤᠯᠭ᠎ᠠ ᠵᠦᠪᠯᠡᠯᠭᠡ ᠵᠡᠷᠭᠡ ᠬᠠᠮᠵᠢᠯᠴᠠᠭ᠎ᠠ ᠬᠠᠪᠰᠤᠷᠤᠯᠭ᠎ᠠ ᠴᠦ ᠳᠤᠲᠠᠭᠳᠠᠵᠤ ᠪᠤᠯᠬᠤ ᠦᠭᠡᠢ᠃      ᠳᠦᠷᠪᠡ᠂ ᠶᠠᠷᠢᠶ᠎ᠠ ᠬᠠᠷᠢᠯᠴᠠᠭ᠎ᠠ ᠬᠢᠯᠭᠡᠬᠦ ᠬᠦᠳᠡᠯᠪᠦᠷᠢ ᠪᠠᠷ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠵᠦ ᠪᠤᠯᠤᠨ᠎ᠠ᠃ ᠶᠠᠷᠢᠶ᠎ᠠ ᠬᠠᠷᠢᠯᠴᠠᠭ᠎ᠠ ᠨᠢ ᠬᠦᠮᠦᠰ ᠤᠨ ᠠᠮᠢᠳᠤᠷᠠᠯ ᠳᠤᠮᠳᠠᠬᠢ ᠲᠤᠩ ᠴᠢᠬᠤᠯᠠ ᠨᠢᠭᠡᠨ ᠵᠦᠢᠯ ᠤᠨ ᠬᠠᠷᠢᠯᠴᠠᠨ ᠤᠶᠢᠯᠠᠭᠠᠯᠴᠠᠬᠤ ᠪᠠ ᠰᠤᠯᠢᠯᠴᠠᠬᠤ ᠠᠷᠭ᠎ᠠ ᠬᠡᠯᠪᠡᠷᠢ ᠮᠥᠨ᠃ ᠶᠠᠷᠢᠶ᠎ᠠ ᠬᠠᠷᠢᠯᠴᠠᠭ᠎ᠠ ᠨᠢ ᠬᠡᠦᠬᠡᠳ ᠤᠨ ᠰᠤᠨᠤᠰᠬᠤ ᠬᠢᠭᠡᠳ ᠶᠠᠷᠢᠬᠤ ᠴᠢᠳᠠᠪᠤᠷᠢ ᠶᠢᠨ ᠪᠤᠯᠪᠠᠰᠤᠷᠠᠨ ᠭᠦᠨᠵᠡᠭᠡᠶᠢᠷᠡᠬᠦ‍ ᠨᠢᠭᠡ ᠵᠦᠢᠯ ᠤᠨ ᠠᠷᠭ᠎ᠠ ᠵᠠᠮ ᠪᠤᠯᠬᠤ ᠨᠢ ᠶᠠᠷᠢᠶᠠᠨ ᠦᠭᠡᠢ᠃ ᠬᠡᠦᠬᠡᠳ ᠬᠤᠷᠠᠮᠳᠤᠭᠤᠯᠤᠭᠰᠠᠨ ᠰᠤᠷᠠᠭ ᠵᠠᠩᠬᠢ ᠪᠠᠨ ᠶᠠᠷᠢᠶ᠎ᠠ ᠬᠠᠷᠢᠯᠴᠠᠭ᠎ᠠ ᠪᠠᠷ ᠳᠠᠮᠵᠢᠨ ᠢᠯᠡᠳᠭᠡᠵᠦ᠂ ᠬᠦᠮᠦᠰ ᠲᠤ ᠮᠡᠳᠡᠭᠳᠡᠵᠦ ᠤᠶᠢᠯᠠᠭᠠᠭᠤᠯᠬᠤ ᠴᠢᠬᠤᠯᠠ ᠲᠠᠢ᠃ ᠪᠢ ᠠᠩᠬᠢ ᠶᠢᠨ ᠬᠡᠦᠬᠡᠳ ᠤᠳ ᠲᠤ ᠪᠡᠶ᠎ᠡ ᠪᠠᠨ ᠲᠠᠨᠢᠯᠴᠠᠭᠤᠯᠬᠤ᠂ ᠵᠢᠵᠢᠭ ᠤᠴᠢᠷ ᠶᠠᠪᠤᠳᠠᠯ ᠤᠨ ᠶᠠᠪᠤᠴᠠ ᠶᠢ ᠶᠠᠷᠢᠬᠤ᠂ ᠭᠡᠷ ᠤᠨ ᠠᠬᠠᠮᠠᠳ ᠢᠶᠠᠨ ᠲᠠᠨᠢᠯᠴᠠᠭᠤᠯᠬᠤ᠂ ᠠᠨᠳᠠ ᠨᠠᠶᠢᠵᠠ ᠪᠠᠨ ᠲᠠᠨᠢᠯᠴᠠᠭᠤᠯᠬᠤ ᠁ ᠵᠡᠷᠭᠡ ᠳᠦᠭᠦᠮᠬᠡᠨ ᠶᠠᠷᠢᠶ᠎ᠠ ᠬᠠᠷᠢᠯᠴᠠᠭ᠎ᠠ ᠬᠢᠬᠦ ᠶᠢ ᠵᠢᠯᠤᠭᠤᠳᠤᠨ ᠪᠤᠯᠪᠠᠰᠤᠷᠠᠭᠤᠯᠵᠤ᠂ ᠨᠢᠭᠡ ᠬᠡᠦᠬᠡᠳ ᠶᠠᠷᠢᠵᠤ᠂ ᠪᠤᠰᠤᠳ ᠬᠡᠦᠬᠡᠳ ᠨᠢ ᠰᠤᠨᠤᠰᠬᠤ ᠬᠡᠯᠡᠨ ᠤ ᠪᠠ ᠰᠤᠨᠤᠷ ᠤᠨ ᠬᠦᠳᠡᠯᠪᠦᠷᠢ‌‍ᠶᠢ ᠬᠢᠯᠭᠡᠳᠡᠭ ᠮᠦᠷᠲᠡᠭᠡᠨ ᠴᠠᠭ ᠳᠠᠷᠤᠢ ᠳᠤ ᠨᠢ ᠵᠠᠰᠠᠨ ᠵᠠᠯᠠᠷᠠᠭᠤᠯᠵᠤ ᠦᠭᠳᠡᠭ᠃ ᠶᠠᠷᠢᠭᠰᠠᠨ ᠰᠤᠨᠤᠰᠤᠭᠰᠠᠨ ᠬᠡᠦᠬᠡᠳ ᠤᠳ ᠢ ᠴᠥᠮ ᠵᠤᠷᠢᠬᠵᠢᠭᠤᠯᠤᠨ ᠦᠨᠡᠯᠡᠳᠡᠭ ᠠᠴᠠ ᠬᠡᠦᠬᠡᠳ ᠤᠳ ᠤᠨ ᠶᠠᠷᠢᠶ᠎ᠠ ᠬᠠᠷᠢᠯᠴᠠᠭᠠᠨ ᠳᠤ ᠤᠷᠤᠯᠴᠠᠬᠤ ᠢᠳᠡᠪᠬᠢᠵᠢᠯ ᠳᠠᠶᠢᠴᠢᠯᠠᠭᠳᠠᠨ᠂ ᠡᠨᠡ ᠲᠠᠯ᠎ᠠ ᠶᠢᠨ ᠠᠵᠢᠯᠯᠠᠭᠠᠨ ᠳᠤ ᠢᠳᠡᠭ ᠠᠯᠬᠤᠮ ᠢᠶᠠᠷ ᠳᠤᠷ᠎ᠠ ᠪᠠᠬ᠎ᠠ ᠲᠠᠢ ᠪᠤᠯᠵᠤ᠂ ᠶᠠᠪᠤᠴᠠ ᠶᠢᠨ ᠳᠤᠮᠳᠠ ᠶᠠᠷᠢᠵᠤ ᠬᠠᠷᠢᠯᠴᠠᠬᠤ ᠲᠠᠯ᠎ᠠ ᠪᠠᠷ ᠮᠡᠳᠡᠭᠳᠡᠮ᠎ᠡ ᠳᠡᠭᠡᠭᠰᠢᠯᠡᠯᠲᠡ ᠲᠠᠢ ᠪᠤᠯᠵᠤ᠂ ᠶᠠᠷᠢᠶ᠎ᠠ ᠬᠠᠷᠢᠯᠴᠠᠭᠠᠨ ᠤ ᠦᠨᠳᠦᠰᠦᠨ ᠤᠬᠠᠮᠰᠠᠷ ᠪᠠ ᠴᠢᠳᠠᠪᠤᠷᠢ ᠠᠩᠬ᠎ᠠ ᠠᠯᠬᠤᠮ ᠪᠤᠢ ᠪᠤᠯᠤᠭᠰᠠᠨ ᠪᠠᠶᠢᠨ᠎ᠠ᠃ ᠡᠭᠦᠨ ᠤ ᠶᠠᠪᠤᠴᠠ ᠳᠤ ᠮᠥᠨ ᠬᠦ ᠭᠡᠷ ᠤᠨ ᠠᠬᠠᠮᠠᠳ ᠬᠢᠭᠡᠳ ᠪᠠᠭᠰᠢ ᠶᠢᠨ ᠵᠢᠯᠤᠭᠤᠳᠤᠯᠭ᠎ᠠ ᠭᠤᠭᠴᠤᠭ᠎ᠠ ᠪᠤᠯᠭᠠᠨ ᠳᠤ ᠨᠢ ᠳᠠᠭᠠᠯᠳᠤᠨ ᠶᠠᠪᠤᠭᠳᠠᠵᠤ᠂ ᠲᠡᠰᠪᠦᠷᠢ ᠲᠡᠪᠴᠢᠶᠡᠷᠢ ᠴᠦ ᠪᠦᠬᠦ᠋ᠢᠯᠡ ᠶᠠᠪᠤᠴᠠ ᠳᠤ ᠨᠢ ᠠᠭᠤᠰᠤᠯᠳᠤᠨ ᠰᠢᠮᠡᠳᠦᠭᠰᠡᠨ ᠪᠠᠶᠢᠨ᠎ᠠ᠃      ᠲᠠᠪᠤ᠂ ᠵᠢᠷᠤᠭ ᠦᠵᠡᠵᠦ ᠶᠠᠷᠢᠬᠤ ᠬᠦᠳᠡᠯᠪᠦᠷᠢ ᠪᠠᠷ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠳᠡᠭᠡᠭᠰᠢᠯᠡᠭᠦᠯᠵᠦ ᠪᠤᠯᠤᠨ᠎ᠠ᠃ ᠬᠡᠦᠬᠡᠳ ᠪᠤᠯᠭᠠᠨ ᠵᠢᠷᠤᠭ ᠰᠤᠨᠢᠷᠬᠠᠬᠤ ᠳᠤᠷ᠎ᠠ ᠲᠠᠢ᠃ ᠡᠨᠡ ᠨᠢ ᠬᠡᠦᠬᠡᠳ ᠪᠦᠬᠦᠨ ᠳᠤ ᠪᠠᠶᠢᠳᠠᠭ ᠨᠡᠶᠢᠳᠡᠮ ᠤᠨ ᠤᠨᠴᠠᠯᠢᠭ ᠪᠤᠯᠤᠨ᠎ᠠ᠃ ᠵᠢᠷᠤᠭ ᠨᠢ ᠬᠠᠷᠢᠴᠠᠩᠭᠤᠢ ᠪᠠᠷ ᠪᠤᠳᠠᠲᠤ ᠦᠵᠡᠭᠳᠡᠯᠲᠦ ᠴᠢᠨᠠᠷ ᠲᠠᠢ ᠲᠤᠯᠠ ᠬᠡᠦᠬᠡᠳ ᠤᠨ ᠦᠵᠡᠵᠦ ᠤᠶᠢᠯᠠᠭᠠᠬᠤ ᠳᠤ ᠳᠦᠭᠦᠮ ᠪᠠᠶᠢᠳᠠᠭ᠃ ᠡᠭᠦᠨ ᠳᠤ ᠬᠡᠦᠬᠡᠳ ᠢᠶᠠᠷ ᠳᠦᠭᠦᠮ ᠲᠤᠳᠤᠷᠬᠠᠢ ᠲᠡᠳᠡᠨ ᠳᠤ ᠲᠤᠬᠢᠷᠠᠭᠰᠠᠨ ᠵᠢᠷᠤᠭ ᠢ ᠦᠵᠡᠭᠦᠯᠵᠦ ᠵᠢᠯᠤᠭᠤᠳᠪᠠᠯ᠂ ᠬᠡᠦᠬᠡᠳ ᠵᠢᠷᠤᠭ ᠦᠵᠡᠵᠦ ᠤᠶᠢᠯᠠᠭᠠᠵᠤ ᠴᠢᠳᠠᠬᠤ ᠮᠦᠷᠲᠡᠭᠡᠨ ᠦᠵᠡᠵᠦ ᠤᠶᠢᠯᠠᠭᠠᠭᠰᠠᠨ ᠢᠶᠠᠨ ᠪᠤᠰᠤᠳ ᠲᠤ ᠬᠡᠯᠡᠵᠦ ᠦᠭᠬᠦ ᠳᠤᠷᠠᠲᠠᠢ ᠨᠢ ᠠᠷᠭ᠎ᠠ ᠦᠭᠡᠢ᠃ ᠪᠢ ᠬᠡᠦᠬᠡᠳ ᠤᠨ ᠡᠶᠢᠮᠦ ᠤᠨᠴᠠᠯᠢᠭ ᠢ ᠠᠰᠢᠭᠯᠠᠨ᠂ ᠵᠢᠷᠤᠭ ᠦᠵᠡᠵᠦ ᠶᠠᠷᠢᠬᠤ ᠬᠦᠳᠡᠯᠪᠦᠷᠢ ᠶᠢ ᠵᠢᠯᠤᠭᠤᠳᠤᠨ ᠬᠢᠯᠭᠡᠵᠦ᠂ ᠲᠡᠳᠡᠨ ᠤ ᠰᠣᠨᠣᠰᠬᠤ ᠪᠠ ᠶᠠᠷᠢᠬᠤ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠠᠢ᠃ ᠵᠢᠱᠢᠶᠡᠯᠡᠪᠡᠯ᠄ ᠬᠡᠦᠬᠡᠳ ᠤᠳ ᠲᠤ ᠳᠦᠭᠦᠮᠬᠡᠨ ᠵᠢᠷᠤᠭ ᠠᠵᠢᠭᠯᠠᠭᠤᠯᠵᠤ᠂ ᠵᠢᠷᠤᠭ ᠤᠨ ᠠᠭᠤᠯᠭ᠎ᠠ ᠶᠢ ᠶᠠᠷᠢᠭᠤᠯᠬᠤ ᠳᠤ ᠪᠠᠨ ᠡᠵᠡᠨ ᠪᠡᠶ᠎ᠡ ᠲᠠᠢ᠂ ᠭᠦᠢᠴᠡᠳ᠂ ᠲᠤᠳᠤᠷᠬᠠᠢ᠂ ᠳᠦᠭᠦᠮᠬᠡᠨ ᠢᠶᠠᠷ ᠶᠠᠷᠢᠵᠤ ᠢᠯᠡᠳᠭᠡᠬᠦ ᠶᠢ ᠵᠢᠯᠤᠭᠤᠳᠤᠨ᠂ ᠬᠡᠦᠬᠡᠳ ᠢᠶᠠᠷ ᠶᠠᠷᠢᠭᠤᠯᠤᠨ ᠪᠤᠯᠪᠠᠰᠤᠷᠠᠭᠤᠯᠵᠤ᠂ ᠰᠡᠭᠦᠯᠡᠷ ᠨᠢ ᠨᠢᠭᠡ ᠬᠡᠦᠬᠡᠳ ᠵᠢᠷᠤᠭ ᠦᠵᠡᠵᠦ ᠠᠭᠤᠯᠭ᠎ᠠ ᠶᠢ ᠨᠢ ᠶᠠᠷᠢᠵᠤ ᠪᠤᠰᠤᠳ ᠬᠡᠦᠬᠡᠳ ᠰᠤᠨᠤᠰᠬᠤ ᠠᠵᠢᠯᠯᠠᠭ᠎ᠠ ᠶᠢ ᠶᠠᠪᠤᠭᠳᠠᠭᠤᠯᠪᠠ᠃ ᠮᠥᠨ ᠴᠦ ᠭᠡᠷ ᠤᠨ ᠠᠬᠠᠮᠠᠳ ᠲᠠᠢ ᠬᠠᠮᠵᠢᠯᠴᠠᠨ ᠬᠡᠦᠬᠡᠳ ᠤᠳ ᠢ ᠭᠡᠷ ᠲᠤ ᠨᠢ ᠪᠠᠰᠠ ᠡᠶᠢᠮᠦ ᠪᠤᠯᠪᠠᠰᠤᠷᠠᠯ ᠢ ᠬᠢᠯᠭᠡᠬᠦ ᠪᠤᠶᠤ ᠬᠡᠦᠬᠡᠳ‌‍ᠤᠨ ᠪᠠᠶᠢᠳᠠᠯ ᠢ ᠦᠨᠳᠦᠰᠦᠯᠡᠨ ᠨᠦᠬᠦᠪᠦᠷᠢᠯᠡᠬᠦ ᠪᠤᠯᠪᠠᠰᠤᠷᠠᠯ ᠢ ᠬᠢᠯᠭᠡᠪᠡ᠃ ᠲᠡᠭᠡᠭᠰᠡᠨ ᠠᠴᠠ ᠬᠡᠦᠬᠡᠳ ᠤᠳ ᠵᠢᠷᠤᠭ ᠦᠵᠡᠵᠦ ᠤᠶᠢᠯᠠᠭᠠᠬᠤ᠂ ᠤᠶᠢᠯᠠᠭᠠᠭᠰᠠᠨ ᠢᠶᠠᠨ ᠶᠠᠷᠢᠬᠤ ᠲᠠᠯ᠎ᠠ ᠪᠠᠷ ᠮᠡᠳᠡᠭᠳᠡᠮ᠎ᠡ ᠳᠡᠭᠡᠭᠰᠢᠯᠡᠯᠲᠡ ᠲᠠᠢ ᠪᠤᠯᠤᠭᠰᠠᠨ ᠪᠠᠶᠢᠨ᠎ᠠ᠃ ᠬᠡᠦᠬᠡᠳ ᠤᠨ ᠭᠡᠷ ᠤᠨ ᠠᠬᠠᠮᠠᠳ ᠤᠳ ᠴᠦ ᠡᠨᠡ ᠬᠦ ᠠᠵᠢᠯᠯᠠᠭ᠎ᠠ ᠶᠢ ᠦᠷ᠎ᠡ ᠠᠰᠢᠭ ᠲᠠᠢ ᠭᠡᠵᠦ ᠮᠡᠳᠡᠷᠡᠭᠡᠳ᠂ ᠳᠤᠷᠠᠲᠠᠢ ᠳᠡᠮᠵᠢᠬᠦ ᠪᠤᠯᠤᠭᠰᠠᠨ ᠪᠠᠶᠢᠨ᠎ᠠ᠃      ᠬᠡᠦᠬᠡᠳ ᠤᠨ ᠴᠡᠴᠡᠷᠯᠢᠭ ᠤᠨ ᠪᠠᠭᠰᠢ ᠨᠠᠷ ᠬᠡᠦᠬᠡᠳ ᠤᠨ ᠨᠡᠶᠢᠳᠡᠮ ᠤᠨ ᠤᠨᠴᠠᠯᠢᠭ ᠪᠠ ᠨᠡᠶᠢᠳᠡᠮ ᠤᠨ ᠳᠤᠷ᠎ᠠ ᠪᠠᠬ᠎ᠠ ᠶᠢ ᠦᠨᠳᠦᠰᠦᠯᠡᠨ᠂ ᠦᠯᠢᠭᠡᠷ ᠶᠠᠷᠢᠵᠤ᠂ ᠦᠯᠢᠭᠡᠷ ᠰᠤᠨᠤᠰᠬᠤ᠂ ᠤᠨᠢᠰᠤᠭ᠎ᠠ ᠲᠠᠭᠠᠬᠤ᠂ ᠵᠦᠢᠷ ᠰᠡᠴᠡᠨ ᠦᠭᠡ ᠴᠡᠭᠡᠵᠢᠯᠡᠬᠦ ᠪᠠ ᠶᠠᠷᠢᠬᠤ᠂ ᠬᠡᠯᠡ ᠪᠤᠯᠪᠠᠰᠤᠷᠠᠭᠤᠯᠬᠤ ᠦᠭᠡ ᠬᠡᠯᠡᠵᠦ ᠪᠤᠯᠪᠠᠰᠤᠷᠠᠬᠤ᠂ ᠬᠡᠦᠬᠡᠳ ᠤᠨ ᠰᠢᠯᠦᠭ ᠤᠩᠰᠢᠬᠤ᠂ ᠰᠢᠯᠦᠭ ᠤᠩᠰᠢᠯᠭ᠎ᠠ ᠶᠢ ᠰᠣᠨᠣᠰᠬᠤ᠂ ᠶᠡᠷᠦ ᠶᠢᠨ ᠶᠠᠷᠢᠶ᠎ᠠ ᠬᠠᠷᠢᠯᠴᠠᠭ᠎ᠠ ᠬᠢᠬᠦ᠂ ᠵᠢᠷᠤᠭ ᠦᠵᠡᠵᠦ ᠶᠠᠷᠢᠬᠤ ᠁ ᠵᠡᠷᠭᠡ ᠬᠡᠦᠬᠡᠳ ᠤᠨ ᠰᠤᠨᠤᠰᠬᠤ ᠪᠠ ᠶᠠᠷᠢᠬᠤ ᠴᠢᠳᠠᠪᠤᠷᠢ ᠶᠢ ᠬᠦᠮᠦᠵᠢᠭᠦᠯᠬᠦ ᠳᠤ ᠠᠰᠢᠭ ᠲᠠᠢ ᠬᠦᠳᠡᠯᠪᠦᠷᠢ ᠨᠦᠭᠦᠳ ᠢ ᠠᠰᠢᠭᠯᠠᠨ᠂ ᠬᠡᠦᠬᠡᠳ ᠤᠳ ᠲᠤ ᠶᠠᠷᠢᠬᠤ ᠰᠤᠨᠤᠰᠬᠤ ᠲᠠᠪᠴᠠᠩ ᠪᠠᠶᠢᠭᠤᠯᠤᠨ ᠦᠭᠴᠦ᠂ ᠶᠠᠷᠢᠬᠤ ᠰᠣᠨᠣᠰᠬᠤ ᠠᠵᠢᠯᠯᠠᠭᠠᠨ ᠢ ᠵᠢᠯᠤᠭᠤᠳᠤᠨ ᠶᠠᠪᠤᠭᠳᠠᠭᠤᠯᠵᠤ᠂ ᠭᠤᠭᠴᠤᠭ᠎ᠠ ᠪᠤᠯᠭᠠᠨ ᠢ ᠨᠠᠷᠢᠯᠢᠬ ᠵᠢᠯᠤᠭᠤᠳᠬᠤ ᠪᠦᠭᠡᠳ ᠭᠡᠷ ᠤᠨ ᠠᠬᠠᠮᠠᠳ ᠲᠠᠢ ᠰᠠᠶᠢᠲᠤᠷ ᠬᠠᠮᠵᠢᠯᠴᠠᠨ᠂ ᠬᠠᠷᠢᠯᠴᠠᠨ ᠲᠤᠰᠠᠯᠠᠯᠴᠠᠵᠤ᠂ ᠬᠠᠷᠢᠯᠴᠠᠨ ᠨᠦᠬᠦᠪᠦᠷᠢᠯᠡᠨ᠂ ᠬᠡᠦᠬᠡᠳ ᠢ ᠬᠠᠮᠲᠤ ᠪᠠᠷ ᠵᠢᠯᠤᠭᠤᠳᠤᠨ᠂ ᠬᠠᠮᠲᠤ ᠪᠠᠷ ᠵᠤᠷᠢᠬᠵᠢᠭᠤᠯᠤᠨ᠂ ᠤᠳᠠᠭᠠᠨ ᠳᠠᠭᠠᠭᠠᠮᠠᠭᠠᠢ ᠲᠡᠰᠪᠦᠷᠢ ᠲᠡᠪᠴᠢᠶᠡᠷᠢ ᠲᠠᠢ ᠵᠠᠩ ᠲᠠᠢ ᠪᠠᠶᠢᠵᠤ᠂ ᠠᠵᠢᠯᠯᠠᠭᠠᠨ ᠢᠶᠠᠨ ᠦᠷᠭᠦᠯᠵᠢᠯᠡᠨ ᠪᠠᠷᠢᠮᠲᠠᠯᠠᠪᠠᠯ᠂ ᠬᠡᠦᠬᠡᠳ ᠤᠨ ᠬᠡᠯᠡᠨ ᠤ ᠬᠦᠭᠵᠢᠯᠲᠡ ᠶᠢ ᠠᠬᠢᠭᠤᠯᠵᠤ᠂ ᠪᠠᠭ᠎ᠠ ᠰᠤᠷᠭᠠᠭᠤᠯᠢ ᠳᠤ ᠰᠤᠨᠤᠰᠬᠤ ᠪᠠ ᠶᠠᠷᠢᠬᠤ ᠲᠠᠯ᠎ᠠ ᠪᠠᠷ ᠵᠤᠬᠢᠬᠤ ᠬᠡᠮᠵᠢᠶᠡᠨ ᠤ ᠴᠢᠳᠠᠪᠤᠷᠢ ᠪᠠ ᠳᠠᠳᠬᠠᠯ ᠪᠦᠷᠢᠯᠳᠦᠭᠰᠡᠨ᠂ ᠬᠡᠯᠡᠨ ᠤ ᠰᠠᠭᠤᠷᠢ ᠰᠠᠶᠢᠲᠠᠢ ᠬᠡᠦᠬᠡᠳ ᠤᠳ ᠢ ᠲᠡᠪᠰᠢᠭᠦᠯᠭᠦ ᠪᠤᠯᠤᠨ᠎ᠠ᠃ ᠡᠨᠡ ᠨᠢ ᠴᠡᠴᠡᠷᠯᠢᠭ ᠤᠨ ᠪᠠᠭᠰᠢ ᠨᠠᠷ ᠬᠡᠦᠬᠡᠳ ᠤᠳ ᠲᠤ ᠬᠠᠷᠢᠭᠤᠴᠠᠵᠤ ᠪᠠᠶᠢᠭ᠎ᠠ ᠶᠠᠪᠤᠳᠠᠯ ᠮᠥᠨ᠃ ᠮᠥᠨ ᠴᠦ ᠴᠡᠴᠡᠷᠯᠢᠭᠴᠢ ᠶᠢᠨ ᠠᠵᠢᠯ ᠡᠭᠦᠷᠭᠡ ᠳᠤ ᠪᠠᠨ ᠬᠠᠷᠢᠭᠤᠴᠠᠵᠤ ᠪᠠᠶᠢᠭ᠎ᠠ ᠶᠠᠪᠤᠳᠠᠯ ᠮᠥᠨ᠃ ᠰᠤᠨᠤᠰᠬᠤ ᠪᠠ ᠶᠠᠷᠢᠬᠤ ᠲᠠᠯ᠎ᠠ ᠶᠢᠨ ᠳᠠᠳᠬᠠᠯ ᠪᠤᠯᠪᠠᠰᠤᠷᠠᠯ ᠨᠢ ᠬᠡᠦᠬᠡᠳ ᠤᠨ ᠪᠤᠰᠤᠳ ᠰᠠᠶᠢᠨ ᠰᠠᠶᠢᠬᠠᠨ ᠴᠢᠳᠠᠪᠤᠷᠢ ᠪᠠ ᠵᠠᠩ ᠳᠠᠳᠬᠠᠯ ᠤᠨ ᠪᠦᠷᠢᠯᠳᠦᠬᠦ ᠳᠤ ᠰᠢᠭᠤᠳ ᠪᠤᠶᠤ ᠳᠠᠮ ᠢᠶᠠᠷ ᠦᠢᠯᠡᠴᠢᠯᠡᠭᠦ ᠨᠢ ᠭᠠᠷᠴᠠᠭ᠎ᠠ ᠦᠭᠡᠢ᠃ ᠡᠶᠢᠮᠦ ᠠᠴᠠ ᠬᠡᠦᠬᠡᠳ ᠤᠨ ᠴᠡᠴᠡᠷᠯᠢᠭ ᠤᠨ ᠪᠠᠭᠰᠢ ᠨᠠᠷ ᠬᠡᠦᠬᠡᠳ ᠤᠳ ᠤᠨ ᠰᠤᠨᠤᠰᠬᠤ ᠬᠢᠭᠡᠳ ᠶᠠᠷᠢᠬᠤ ᠴᠢᠳᠠᠪᠤᠷᠢ ᠶᠢ ᠬᠦᠮᠦᠵᠢᠭᠦᠯᠬᠦ ᠪᠠ ᠳᠡᠭᠡᠭᠰᠢᠯᠡᠭᠦᠯᠬᠦ ᠲᠠᠯ᠎ᠠ ᠪᠠᠷ ᠢᠯᠡᠭᠦᠬᠡᠨ ᠤᠷᠤᠯᠳᠤᠨ ᠰᠦᠪᠡᠭᠴᠢᠯᠡᠬᠦ ᠪᠦᠭᠡᠳ ᠦᠢᠯᠡᠳᠦᠯᠭᠡᠵᠢᠭᠦᠯᠵᠦ᠂ ᠪᠦᠲᠦᠮᠵᠢᠲᠡᠢ ᠠᠷᠭ᠎ᠠ ᠵᠠᠮ ᠢ ᠡᠷᠢᠨ ᠤᠯᠵᠤ᠂ ᠬᠡᠦᠬᠡᠳ ᠤᠳ ᠲᠤ ᠡᠨᠡ ᠲᠠᠯ᠎ᠠ ᠶᠢᠨ ᠴᠢᠳᠠᠪᠤᠷᠢ ᠶᠢ ᠡᠷᠬᠡᠪᠰᠢ ᠰᠤᠶᠤᠭᠠᠯᠠᠭᠤᠯᠵᠤ ᠦᠭᠬᠦ ᠴᠢᠬᠤᠯᠠ ᠲᠠᠢ ᠪᠦᠭᠡᠳ ᠳᠠᠭᠠᠤ ᠳᠤ ᠨᠢ ᠡᠨᠡ ᠴᠢᠳᠠᠪᠤᠷᠢ ᠶᠢᠨ ᠦᠷᠭᠦᠯᠵᠢᠯᠡᠨ ᠦᠰᠦᠨ ᠪᠤᠵᠠᠭᠠᠶᠢᠷᠠᠬᠤ ᠶᠢᠨ ᠰᠠᠭᠤᠷᠢ ᠶᠢ ᠰᠠᠶᠢᠨ ᠲᠠᠯᠪᠢᠬᠤ ᠶᠢ ᠠᠩᠬᠠᠷᠤᠨ ᠪᠡᠶᠡᠯᠡᠭᠦᠯᠪᠡᠯ    ᠵᠤᠬᠢᠨ᠎ᠠ᠃           ᠬᠠᠶ᠋ᠢᠬ᠄ ᠤᠩᠨᠢᠭᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠭᠤᠤᠯ ᠪᠠᠭ᠎ᠠ ᠰᠤᠷᠭᠠᠭᠤᠯᠢ                                      ︵ᠮᠦᠡᠭᠭᠦᠨᠴᠢᠮᠡᠭ ᠨᠠᠶᠢᠷᠠᠭᠤᠯᠪᠠ︶                                      2020 ᠣᠨ ᠤ 3 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map