ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠢ ᠰᠠᠶᠢᠨ ᠬᠢᠬᠦ ᠳᠤ
ᠨᠡᠶᠢᠲᠡᠯᠡᠭᠰᠡᠨ ᠴᠠᠭ᠄
2020/6/4
                                     ᠬᠦᠪᠴᠢᠨ      ᠠᠩᠭᠢ ᠪᠤᠯ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ ᠳᠤ ᠬᠢ ᠬᠠᠮᠤᠭ ᠤᠨ ᠦᠨᠳᠦᠰᠦᠨ ᠵᠤᠬᠢᠶᠠᠨ ᠪᠠᠶᠢᠭᠤᠯᠬᠤ ᠨᠢᠭᠡᠴᠢ ᠮᠦᠨ᠃ ᠡᠭᠦᠨ ᠳᠤ ᠠᠩᠭᠢ ᠶᠢᠨ ᠡᠷᠬᠢᠯᠡᠭᠴᠢ ᠪᠤᠯ ᠨᠢᠭᠡ ᠠᠩᠭᠢ ᠨᠢᠭᠡᠴᠡ ᠶᠢᠨ ᠭᠤᠣᠯ ᠵᠤᠬᠢᠶᠠᠨ ᠪᠠᠶᠢᠭᠤᠯᠤᠭᠴᠢ᠂ ᠬᠠᠮᠢᠶᠠᠷᠤᠭᠴᠢ ᠮᠦᠨ᠃ ᠰᠤᠷᠤᠭᠴᠢᠳ ᠲᠤ ᠮᠡᠳᠡᠯᠭᠡ ᠤᠯᠠᠮᠵᠢᠯᠠᠨ᠂ ᠦᠵᠡᠯ ᠰᠠᠨᠠᠭᠠᠨ ᠤ ᠬᠦᠮᠦᠵᠢᠯ ᠬᠦᠷᠳᠡᠭᠡᠬᠦ ᠭᠤᠤᠯ ᠲᠤᠯᠭᠠᠭᠤᠷᠢ ᠬᠦᠴᠦᠨ ᠮᠦᠨ᠃ ᠠᠩᠭᠢ ᠶᠢᠨ ᠡᠷᠬᠢᠯᠡᠭᠴᠢ ᠪᠤᠯ ᠰᠤᠷᠭᠠᠭᠤᠯᠢ ᠳᠤ ᠤᠯᠤᠰ ᠤᠨ ᠰᠤᠷᠭᠠᠨ ᠬᠦᠮᠦᠵᠢᠯ ᠤᠨ ᠴᠢᠭᠯᠡᠯᠳᠡ ᠪᠤᠯᠤᠨ ᠬᠦᠮᠦᠵᠢᠭᠦᠯᠬᠦ ᠬᠠᠷᠠᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠡᠪ ᠴᠢᠨᠠᠷ ᠤᠨ ᠰᠤᠷᠭᠠᠨ ᠬᠦᠮᠦᠵᠢᠯ ᠢ ᠲᠦᠯᠬᠢᠨ ᠠᠬᠢᠭᠤᠯᠬᠤ ᠶᠢ ᠪᠠᠳᠤᠳᠬᠠᠬᠤ ᠦᠢᠯᠡᠳᠦᠯ ᠲᠠᠢ᠃ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠪᠤᠯ ᠨᠢᠭᠡᠨ ᠮᠠᠰᠢ ᠢᠷᠠᠭᠤ ᠠᠯᠳᠠᠷᠲᠠᠢ᠂ ᠬᠦᠳᠡᠯᠮᠦᠷᠢᠴᠢ᠂ ᠤᠯᠠᠨ ᠲᠠᠯ᠎ᠠ ᠶᠢᠨ ᠠᠪᠢᠶᠠᠰ ᠢ ᠬᠤᠷᠠᠮᠳᠤᠭᠤᠯᠤᠭᠰᠠᠨ ᠴᠢᠳᠠᠪᠤᠷᠢᠳᠠᠨ᠂ ᠰᠤᠷᠤᠭᠴᠢᠳ ᠲᠤ ᠡᠶᠡᠯᠰᠡᠭ ᠲᠤᠯᠠᠭᠠᠨ ᠡᠵᠢ ᠶᠢᠨ ᠬᠠᠶᠢᠷ᠎ᠠ ᠶᠢ ᠬᠦᠷᠳᠡᠭᠡᠭᠴᠢ᠂ ᠰᠤᠷᠤᠭᠴᠢ ᠶᠢᠨ ᠠᠯᠳᠠᠭ᠎ᠠ ᠲᠤᠳᠠᠭᠳᠠᠯ ᠢ ᠡᠷᠢᠨ ᠭᠠᠷᠭᠠᠵᠤ᠂ ᠴᠠᠭ ᠲᠤᠬᠠᠢ ᠳᠤ ᠨᠢ ᠬᠠᠪᠰᠤᠷᠤᠨ ᠵᠠᠯᠠᠷᠠᠭᠤᠯᠬᠤ ᠬᠠᠲᠠᠭᠤ ᠴᠢᠩᠭ᠎ᠠ ᠪᠠᠭᠰᠢ  ᠮᠦᠨ᠃ ᠰᠤᠷᠭᠠᠭᠤᠯᠢ ᠳᠤ ᠠᠩᠭᠢ ᠶᠢᠨ ᠡᠷᠬᠢᠯᠡᠭᠴᠢ ᠰᠤᠷᠤᠭᠴᠢ ᠲᠠᠢ ᠬᠠᠮᠤᠭ ᠤᠨ ᠤᠷᠳᠤ ᠬᠤᠭᠤᠴᠠᠭ᠎ᠠ ᠬᠠᠷᠢᠯᠴᠠᠵᠤ᠂ ᠬᠠᠮᠤᠭ ᠤᠨ ᠠᠷᠪᠢᠨ ᠰᠤᠷᠭᠠᠨ ᠬᠦᠮᠦᠵᠢᠭᠦᠯᠬᠦ ᠠᠵᠢᠯᠯᠠᠭᠠᠨ ᠦᠷᠨᠢᠭᠦᠯᠵᠦ᠂ ᠰᠤᠷᠤᠭᠴᠢᠳ ᠲᠤ ᠦᠭᠬᠦ ᠨᠦᠯᠦᠭᠡ ᠲᠤᠰᠬᠠᠯ ᠬᠠᠮᠤᠭ ᠤᠨ ᠭᠦᠨ ᠪᠠᠶᠢᠳᠠᠭ᠃ ᠠᠩᠭᠢ ᠨᠢᠭᠡᠴᠡ ᠪᠤᠯ ᠪᠦᠬᠦ ᠠᠩᠭᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠵᠤ᠂ ᠪᠠᠶᠠᠷ ᠬᠦᠷ ᠲᠠᠢ ᠰᠤᠷᠤᠯᠴᠠᠬᠤ ᠲᠠᠯᠠᠪᠤᠷ ᠮᠦᠨ᠃ ᠬᠢᠴᠢᠶᠡᠯᠯᠡᠭᠴᠢ ᠪᠠᠭᠰᠢ ᠨᠠᠷ ᠤᠨ ᠪᠠᠶᠠᠰᠤᠩᠭᠤᠢ ᠪᠠᠷ ᠮᠡᠳᠡᠯᠭᠡ ᠴᠢᠳᠠᠪᠤᠷᠢ ᠪᠠᠨ ᠪᠠᠳᠠᠷᠠᠭᠤᠯᠬᠤ ᠲᠤᠭᠯᠠᠯᠳᠠ ᠶᠢᠨ ᠲᠠᠶᠢᠰᠠ ᠪᠢᠯᠡ᠃ ᠡᠭᠦᠨ ᠳᠤ ᠠᠩᠭᠢ ᠶᠢᠨ ᠡᠷᠬᠢᠯᠡᠭᠴᠢ ᠶᠢᠨ ᠠᠵᠢᠯ ᠨᠢ ᠬᠦᠨᠳᠦ ᠬᠦᠡᠭᠭᠡᠨ ᠢ ᠭᠦᠢᠴᠡᠳ ᠲᠤᠬᠢᠷᠠᠭᠤᠯᠬᠤ ᠦᠢᠯᠡᠳᠦᠯ ᠲᠠᠢ᠃      ᠨᠢᠭᠡ᠂ ᠠᠩᠭᠢ ᠶᠢᠨ ᠡᠷᠬᠢᠯᠡᠭᠴᠢ ᠶᠢᠨ ᠠᠵᠢᠯ ᠳᠤ ᠪᠠᠨ ᠲᠤᠷ᠎ᠠ ᠪᠠᠬ᠎ᠠ ᠲᠠᠢ ᠪᠠᠶᠢᠬᠤ      ᠳᠤᠷ᠎ᠠ ᠪᠠᠬ᠎ᠠ ᠪᠤᠯ ᠤᠷᠮ᠎ᠠ ᠪᠠᠬ᠎ᠠ ᠶᠢᠨ ᠡᠬᠢ ᠰᠤᠷᠪᠤᠯᠵᠢ ᠪᠤᠯᠠᠢ᠃ ᠬᠡᠷᠪᠡ ᠨᠢᠭᠡ ᠬᠦᠮᠦᠨ ᠶᠠᠮᠠᠷ ᠨᠢᠭᠡᠨ ᠬᠡᠷᠡᠭ ᠪᠤᠳᠠᠰ ᠪᠤᠶᠤ ᠶᠠᠮᠠᠷ ᠨᠢᠭᠡᠨ ᠤᠴᠢᠷ ᠶᠠᠪᠤᠳᠠᠯ ᠳᠤ ᠲᠤᠷ᠎ᠠ ᠪᠠᠬ᠎ᠠ ᠦᠭᠡᠢ ᠪᠤᠯ ᠬᠠᠯᠠᠭᠤᠮᠰᠤᠭ ᠢᠶᠠᠷ ᠬᠠᠨᠳᠤᠵᠤ ᠳᠡᠶᠢᠯᠬᠦ ᠦᠭᠡᠢ᠂ ᠨᠡᠩ ᠢᠯᠠᠩᠭᠤᠶ᠎ᠠ ᠲᠡᠷᠡ ᠠᠵᠢᠯ ᠢ ᠰᠠᠶᠢᠨ ᠬᠢᠵᠤ ᠲᠡᠶᠢᠯᠬᠦ ᠦᠭᠡᠢ ᠶᠤᠮ᠃ ᠡᠭᠦᠨ ᠲᠠᠢ ᠠᠳᠠᠯᠢ ᠪᠠᠷ ᠬᠡᠷᠪᠡ ᠨᠢᠭᠡ ᠠᠩᠭᠢ ᠶᠢᠨ ᠡᠷᠬᠢᠯᠡᠭᠴᠢ ᠦᠪᠡᠷ ᠤᠨ ᠠᠵᠢᠯ ᠳᠤ ᠪᠠᠨ ᠲᠤᠷ᠎ᠠ ᠪᠠᠬ᠎ᠠ ᠦᠭᠡᠢ ᠪᠤᠯ ᠲᠡᠷᠡ ᠠᠩᠭᠢ ᠶᠢᠨ ᠡᠷᠬᠢᠯᠡᠭᠴᠢ ᠶᠢᠨ ᠠᠵᠢᠯ ᠢ ᠰᠠᠶᠢᠳᠤᠷ ᠬᠢᠵᠦ ᠲᠡᠶᠢᠯᠬᠦ ᠪᠤᠯᠤᠯᠴᠠᠭ᠎ᠠ ᠦᠭᠡᠢ ᠶᠤᠮ᠃ ᠡᠶᠢᠮᠦ ᠠᠴᠠ ᠠᠩᠭᠢ ᠶᠢᠨ ᠡᠷᠬᠢᠯᠡᠭᠴᠢ ᠶᠢᠨ ᠠᠵᠢᠯ ᠳᠤ ᠪᠠᠨ ᠲᠤᠷ᠎ᠠ ᠪᠠᠬ᠎ᠠ ᠲᠠᠢ ᠪᠠᠶᠢᠬᠤ ᠪᠤᠯ ᠰᠢᠯᠢᠳᠡᠭ ᠠᠩᠭᠢ ᠶᠢᠨ ᠡᠷᠬᠢᠯᠡᠭᠴᠢ ᠶᠢᠨ ᠠᠵᠢᠯ ᠤᠨ ᠤᠷᠢᠳᠠᠯ ᠨᠦᠭᠦᠴᠡᠯ ᠮᠦᠨ᠃ ᠶᠠᠷᠤ ᠶᠢᠨ ᠦᠭᠡᠨ ᠳᠤ ︽ᠬᠢᠬᠦ ᠦᠭᠡᠢ ᠪᠤᠯ ᠬᠢᠬᠦ ᠦᠭᠡᠢ᠂ ᠬᠢᠪᠡᠯ ᠵᠠᠪᠠᠯ ᠬᠠᠮᠤᠭ ᠤᠨ ᠰᠠᠶᠢᠨ ᠬᠢᠬᠦ ᠬᠡᠷᠡᠭᠳᠡᠢ︾ ᠭᠡᠳᠡᠭ᠃ ᠡᠨᠡ ᠪᠤᠯ ᠲᠠᠷᠤᠢ ᠮᠢᠨᠤ ᠠᠵᠢᠯ ᠤᠨ ᠡᠷᠬᠢᠮ ᠵᠤᠷᠢᠯᠳᠠ ᠮᠦᠨ᠃ ᠠᠷᠪᠠᠭᠠᠳ ᠵᠢᠯ ᠤᠨ ᠲᠤᠷᠰᠢ ᠪᠢ ᠬᠠᠮᠳᠤ ᠠᠵᠢᠯᠯᠠᠭᠰᠠᠳ ᠲᠠᠢ ᠪᠠᠨ ᠠᠩᠭᠢ ᠶᠢᠨ ᠬᠠᠮᠢᠶᠠᠷᠤᠯᠳᠠ ᠶᠢᠨ ᠠᠵᠢᠯ ᠤᠨ ᠲᠤᠬᠠᠢ ᠠᠷᠭ᠎ᠠ ᠶᠢ ᠢᠳᠡᠪᠬᠢᠳᠡᠢ ᠰᠦᠪᠡᠭᠴᠢᠯᠡᠨ ᠰᠤᠳᠤᠯᠵᠤ᠂ ᠠᠵᠢᠯ ᠤᠨ ᠲᠤᠷᠰᠢᠯᠭ᠎ᠠ ᠪᠠᠨ ᠰᠤᠯᠢᠯᠴᠠᠳᠠᠭ᠃ ᠠᠬᠠᠮᠠᠳ ᠪᠠᠭᠰᠢ ᠨᠠᠷ‌ᠡᠴᠠ ᠲᠠᠷᠤᠤ ᠬᠢᠴᠢᠶᠡᠩᠭᠦᠢ ᠪᠠᠷ ᠰᠤᠷᠤᠯᠴᠠᠵᠤ᠂ ᠲᠤᠷᠰᠢᠯᠭ᠎ᠠ ᠰᠤᠷᠭᠠᠮᠵᠢ ᠲᠠᠢ ᠠᠩᠭᠢ ᠶᠢᠨ ᠡᠷᠬᠢᠯᠡᠭᠴᠢ ᠨᠠᠷ ᠢᠶᠠᠷ ᠵᠢᠭᠠᠨ ᠵᠢᠯᠤᠭᠤᠳᠤᠭᠤᠯᠵᠤ᠂ ᠲᠤᠤᠷ ᠰᠦᠯᠵᠢᠶᠡᠨ ᠠᠴᠠ ︽ᠠᠩᠭᠢ ᠶᠢᠨ ᠡᠷᠬᠢᠯᠡᠭᠴᠢ ᠶᠢᠨ ᠡᠷᠳᠡᠨᠢ ᠶᠢᠨ ᠲᠤᠯᠢ︾ ᠭᠡᠬᠦ ᠨᠤᠮ ᠢ ᠲᠠᠬᠢᠨ ᠲᠠᠪᠳᠠᠨ ᠤᠡᠭᠰᠢᠨ ᠬᠠᠮᠢᠶᠠᠷᠤᠯᠳᠠ ᠶᠢᠨ ᠠᠷᠭ᠎ᠠ ᠮᠠᠶ᠋ᠢᠭ‌‍ᠤᠨ ᠰᠤᠳᠤ ᠶᠢ ᠨᠢ ᠰᠢᠯᠢᠨ ᠰᠤᠷᠤᠯᠴᠠᠵᠤ᠂ ᠦᠪᠡᠷ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠳᠡᠭ ᠪᠠᠶᠢᠯ᠎ᠠ᠃ ᠠᠵᠢᠯ ᠤᠨ ᠲᠤᠮᠳᠠ ᠰᠤᠷᠤᠭᠴᠢᠳ ᠲᠠᠢ ᠬᠠᠮᠳᠤ ᠳᠤ ᠪᠠᠨ ᠰᠤᠷᠤᠯᠴᠠᠵᠤ᠂ ᠬᠠᠮᠳᠤ ᠳᠤ ᠪᠠᠨ ᠲᠤᠭᠯᠠᠵᠤ᠂ ᠰᠤᠷᠤᠭᠴᠢᠳ ᠲᠠᠢ ᠪᠠᠶᠠᠷ ᠵᠢᠷᠭᠠᠯ ᠢᠶᠠᠨ ᠬᠠᠮᠳᠤᠳᠬᠠᠵᠠᠢ᠃      ᠬᠤᠶᠠᠷ᠂ ᠰᠤᠷᠭᠠᠭᠤᠯᠢ ᠶᠢᠨ ᠭᠠᠳᠠᠨ᠎ᠠ ᠲᠤᠳᠤᠨᠠᠬᠢ ᠠᠵᠢᠯ ᠳᠤ ᠲᠤᠬᠢᠷᠠᠮᠵᠢᠳᠠᠢ ᠲᠤᠬᠢᠷᠠᠭᠤᠯᠤᠯᠳᠠ ᠬᠢᠬᠦ      ᠰᠤᠷᠤᠭᠴᠢᠳ ᠦᠰᠦᠨ ᠪᠤᠶᠢᠵᠢᠯᠳᠠ ᠶᠢᠨ ᠶᠠᠪᠤᠴᠠ ᠳᠤ ᠪᠠᠨ ᠰᠤᠷᠭᠠᠭᠤᠯᠢ᠂ ᠭᠡᠷ ᠪᠦᠯᠢ᠂ ᠨᠡᠶᠢᠭᠡᠮ ᠵᠡᠷᠭᠡ ᠤᠯᠠᠨ ᠲᠠᠯ᠎ᠠ ᠶᠢᠨ ᠨᠦᠯᠦᠭᠡ ᠲᠤᠰᠬᠠᠯ ᠪᠠ ᠤᠯᠠᠨ ᠵᠦᠢᠯ ᠤᠨ ᠰᠤᠷᠭᠠᠨ ᠬᠦᠮᠦᠵᠢᠭᠦᠯᠬᠦ ᠬᠦᠴᠦᠨ ᠤ ᠶᠡᠷᠦᠩᠬᠡᠶᠢᠯᠡᠭᠰᠡᠨ ᠴᠢᠨᠠᠷ ᠲᠠᠢ ᠦᠷ᠎ᠡ ᠠᠰᠢᠭ ᠤᠨ ᠦᠢᠯᠡᠳᠦᠯ ᠢ ᠬᠦᠷᠳᠡᠳᠡᠭ᠃ ᠬᠡᠷᠪᠡ ᠡᠯ᠎ᠡ ᠲᠠᠯ᠎ᠠ ᠶᠢᠨ ᠰᠤᠷᠭᠠᠨ ᠬᠦᠮᠦᠵᠢᠭᠦᠯᠬᠦ ᠬᠦᠴᠦᠨ ᠢ ᠵᠦᠢ ᠵᠤᠬᠢᠰᠲᠠᠢ ᠪᠠᠶᠢᠯᠭᠠᠵᠤ᠂ ᠰᠤᠷᠤᠭᠴᠢᠳ ᠲᠤ ᠨᠢᠭᠡᠳᠦᠯᠳᠡᠢ ᠢᠳᠡᠪᠬᠢᠳᠦ ᠴᠢᠨᠠᠷ ᠲᠠᠢ ᠰᠤᠷᠭᠠᠨ ᠬᠦᠮᠦᠵᠢᠯ ᠤᠨ ᠨᠦᠯᠦᠭᠡ ᠲᠤᠰᠬᠠᠯ ᠦᠭᠴᠦ᠂ ᠬᠦᠮᠦᠨ ᠪᠦᠷᠢ ᠰᠤᠷᠤᠭᠴᠢ ᠶᠢᠨ ᠡᠪᠯᠡᠯ ᠤᠨ ᠦᠵᠡᠯ ᠤᠬᠠᠮᠰᠠᠷ ᠲᠠᠢ ᠪᠤᠯᠤᠭᠰᠠᠭᠠᠷ ᠰᠤᠷᠤᠭᠴᠢ ᠶᠢᠨ ᠦᠰᠦᠨ ᠪᠦᠢᠵᠢᠯᠳᠠ ᠨᠡᠩ ᠤᠷᠤᠭᠰᠢᠳᠠᠢ ᠪᠤᠯᠤᠨ᠎ᠠ᠃      ᠠᠩᠭᠢ ᠶᠢᠨ ᠡᠷᠬᠢᠯᠡᠭᠴᠢ ᠠᠴᠠ ᠬᠦᠳᠡᠯᠦᠩᠭᠦᠢ ᠪᠠᠷ ᠰᠤᠷᠤᠭᠴᠢᠳ ᠤᠨ ᠪᠠᠶᠢᠳᠠᠯ ᠪᠠ ᠤᠷᠤᠰᠢᠵᠤ ᠪᠦᠬᠦᠢ ᠠᠰᠠᠭᠤᠳᠠᠯ ᠢ ᠡᠯ᠎ᠡ ᠬᠢᠴᠢᠶᠡᠯ ᠲᠦᠷᠦᠯ ᠤᠨ ᠪᠠᠭᠰᠢ ᠨᠠᠷ ᠲᠤ ᠲᠠᠨᠢᠯᠴᠠᠭᠤᠯᠤᠨ ᠦᠭᠴᠦ᠂ ᠲᠡᠳᠡᠨ ᠤ ᠰᠤᠷᠤᠭᠴᠢᠳ ᠤᠨ ᠲᠤᠬᠠᠢ ᠦᠵᠡᠯᠳᠡ ᠲᠠᠨᠢᠯᠳᠠ ᠪᠠ ᠰᠠᠨᠠᠭᠤᠯᠭ᠎ᠠ ᠶᠢ ᠬᠢᠨᠠᠮᠠᠭᠠᠢ ᠰᠤᠨᠤᠰᠴᠤ᠂ ᠬᠠᠷᠢᠯᠴᠠᠨ ᠰᠠᠨᠠᠯ ᠢᠶᠠᠨ ᠰᠤᠯᠢᠯᠴᠠᠨ᠂ ᠲᠠᠨᠢᠯᠳᠠ ᠪᠠᠨ ᠨᠢᠭᠡᠳᠭᠡᠵᠦ᠂ ᠰᠤᠷᠭᠠᠨ ᠬᠦᠮᠦᠵᠢᠭᠦᠯᠬᠦ ᠱᠠᠭᠠᠷᠳᠠᠯᠭ᠎ᠠ ᠪᠠᠨ    ᠨᠢᠭᠡᠳᠭᠡᠨ᠎ᠡ᠃      ᠰᠤᠷᠤᠭᠴᠢᠳ ᠲᠤ ᠪᠠᠨ ᠡᠯ᠎ᠡ ᠰᠢᠨᠵᠢᠯᠡᠭᠡᠨ ᠤ ᠪᠠᠭᠰᠢ ᠨᠠᠷ ᠢᠶᠠᠨ ᠬᠦᠨᠳᠦᠳᠭᠡᠬᠦ ᠶᠢ ᠰᠤᠷᠭᠠᠵᠤ᠂ ᠠᠩᠭᠢ ᠶᠢᠨ ᠭᠤᠤᠯ ᠬᠦᠳᠡᠯᠭᠡᠭᠡᠨ ᠳᠤ ᠡᠯ᠎ᠡ ᠰᠢᠨᠵᠢᠯᠡᠭᠡᠨ ᠤ ᠪᠠᠭᠰᠢ ᠨᠠᠢ ᠢᠶᠠᠨ ᠤᠷᠢᠨ ᠵᠠᠯᠠᠵᠤ ᠵᠢᠭᠠᠨ ᠵᠢᠯᠤᠭᠤᠳᠤᠭᠤᠯᠤᠨ᠎ᠠ᠃ ᠡᠭᠦᠨ ᠤ ᠬᠠᠮᠳᠤ ᠠᠩᠭᠢ ᠶᠢᠨ ᠡᠷᠬᠢᠯᠡᠭᠴᠢ ᠦᠪᠡᠷ ᠢᠶᠠᠨ ᠡᠯ᠎ᠡ ᠬᠢᠴᠢᠶᠡᠯ ᠲᠦᠷᠦᠯ ᠤᠨ ᠪᠠᠭᠰᠢ ᠨᠠᠷ ᠤᠨ ᠬᠤᠭᠤᠷᠤᠨᠳᠤ ᠪᠠᠨ ᠪᠦᠯᠬᠦᠮᠳᠡᠵᠦ᠂ ᠪᠠᠭᠰᠢ ᠰᠤᠷᠤᠭᠴᠢ ᠶᠢᠨ ᠬᠤᠭᠤᠷᠤᠨᠳᠤ ᠪᠠᠨ ᠴᠦ ᠪᠦᠯᠬᠦᠮᠳᠡᠯ ᠢᠶᠠᠨ ᠴᠢᠩᠭᠠᠳᠬᠠᠨ᠎ᠠ᠃ ᠡᠩ ᠲᠡᠷᠢᠭᠦᠨ ᠳᠤ ᠠᠩᠭᠢ ᠶᠢᠨ ᠡᠷᠬᠢᠯᠡᠭᠴᠢ ᠠᠴᠠ ᠠᠩᠭᠢ ᠶᠢᠨ ᠺᠠᠳ᠋ᠷ ᠤᠨ ᠡᠩᠨᠡᠭᠡ ᠶᠢ ᠬᠦᠮᠦᠵᠢᠭᠦᠯᠬᠦ ᠲᠡᠭᠡᠷ᠎ᠡ ᠬᠦᠴᠦ ᠲᠠᠯᠪᠢᠵᠦ᠂ ᠲᠡᠳᠡᠨ ᠢ ᠮᠡᠳᠡᠯᠭᠡ ᠲᠤᠷᠰᠢᠯᠭ᠎ᠠ ᠶᠢᠨ ᠲᠠᠯ᠎ᠠ ᠪᠠᠷ ᠬᠠᠪᠰᠤᠷᠤᠨ ᠵᠢᠯᠤᠭᠤᠳᠤᠨ᠎ᠠ᠃ ᠲᠠᠷᠠᠭ᠎ᠠ ᠳᠤ ᠨᠢ ᠠᠩᠭᠢ ᠶᠢᠨ ᠡᠷᠬᠢᠯᠡᠭᠴᠢ ᠠᠴᠠ ᠭᠡᠷ ᠤᠨ ᠠᠬᠠᠮᠠᠳ ᠲᠠᠢ ᠰᠠᠶᠢᠳᠤᠷ ᠬᠠᠷᠢᠯᠴᠠᠵᠤ᠂ ᠭᠡᠷ ᠤᠨ ᠠᠬᠠᠮᠠᠳ ᠤᠨ ᠲᠡᠮᠵᠢᠯᠭᠡ ᠪᠠ ᠬᠠᠮᠵᠢᠯᠴᠠᠭ᠎ᠠ ᠶᠢ ᠤᠯᠵᠤ᠂ ᠠᠩᠭᠢ ᠶᠢᠨ ᠡᠷᠬᠢᠯᠡᠭᠴᠢ ᠶᠢᠨ ᠠᠵᠢᠯ ᠪᠠ ᠭᠡᠷ ᠤᠨ ᠠᠬᠠᠮᠠᠳ ᠤᠨ ᠰᠤᠷᠭᠠᠨ ᠬᠦᠮᠦᠵᠢᠯ ᠢ ᠬᠠᠷᠢᠯᠴᠠᠨ ᠤᠶᠠᠯᠳᠤᠭᠤᠯᠬᠤ ᠬᠡᠷᠡᠭᠳᠡᠢ᠃ ᠠᠩᠭᠢ ᠶᠢᠨ ᠡᠷᠬᠢᠯᠡᠭᠴᠢ ᠠᠴᠠ ᠭᠡᠷ ᠤᠨ ᠠᠬᠠᠮᠠᠳ ᠲᠠᠢ ᠦᠷᠬᠦᠯᠵᠢ ᠬᠠᠷᠢᠯᠴᠠᠬᠤ ᠶᠢ ᠪᠠᠷᠢᠮᠳᠠᠯᠠᠵᠤ᠂ ᠭᠡᠷ ᠲᠤ ᠨᠢ ᠤᠴᠢᠵᠤ ᠰᠤᠷᠪᠤᠯᠵᠢᠯᠠᠬᠤ᠂ ᠤᠳᠠᠰᠤ ᠠᠪᠴᠤ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠰᠤᠷᠤᠭᠴᠢᠳ ᠤᠨ ᠭᠡᠷ ᠪᠦᠯᠢ ᠳᠤ ᠬᠢ ᠲᠡᠩᠰᠡ ᠡᠪᠬᠡᠮᠡᠯ ᠢ ᠪᠦᠷᠢᠳᠭᠡᠵᠦ᠂ ᠰᠤᠷᠤᠭᠴᠢ‌‍ᠶᠢᠨ ᠭᠡᠷ ᠪᠦᠯᠢ ᠳᠤ ᠬᠢ ᠪᠠᠶᠢᠳᠠᠯ᠂ ᠰᠤᠷᠤᠯᠴᠠᠬᠤ ᠨᠦᠭᠦᠴᠡᠯ ᠪᠠ ᠭᠡᠷ ᠤᠨ ᠠᠬᠠᠮᠠᠳ ᠤᠨ ᠬᠡᠤᠬᠡᠳ ᠢᠶᠠᠨ ᠰᠤᠷᠭᠠᠨ ᠬᠦᠮᠦᠵᠢᠭᠦᠯᠬᠦ ᠤᠪᠤᠷ ᠪᠠᠶᠢᠳᠠᠯ ᠢ ᠤᠶᠢᠯᠠᠭᠠᠨ᠂ ᠭᠡᠷ ᠤᠨ ᠠᠬᠠᠮᠠᠳ ᠲᠤ ᠰᠤᠷᠤᠭᠴᠢ ᠶᠢᠨ ᠰᠤᠷᠭᠠᠭᠤᠯᠢ ᠳᠤ ᠬᠢ ᠢᠯᠡᠷᠡᠯ ᠢ ᠮᠡᠳᠡᠭᠳᠡᠨ᠎ᠡ᠃ ᠠᠩᠭᠢ ᠶᠢᠨ ᠡᠷᠬᠢᠯᠡᠭᠴᠢ ᠠᠴᠠ ᠭᠡᠷ ᠤᠨ ᠠᠬᠠᠮᠠᠳ ᠤᠨ ᠰᠠᠭᠤᠳᠠᠯ ᠤᠨ ᠬᠤᠷᠠᠯ ᠢ ᠡᠷᠬᠢᠯᠡᠵᠦ᠂ ᠤᠷᠴᠢᠮ ᠤᠨ ᠠᠩᠭᠢ ᠳᠤ ᠬᠢ ᠬᠠᠨᠳᠤᠰᠢ ᠲᠠᠢ ᠠᠰᠠᠭᠤᠳᠠᠯ ᠪᠤᠯᠤᠨ ᠠᠩᠬᠠᠷᠤᠭᠤᠰᠢᠳᠠᠢ ᠤᠴᠢᠷ ᠶᠠᠪᠤᠳᠠᠯ ᠢ ᠭᠡᠷ ᠤᠨ ᠠᠬᠠᠮᠠᠳ ᠲᠤ  ᠲᠠᠨᠢᠯᠴᠠᠭᠤᠯᠵᠤ᠂ ᠰᠤᠷᠭᠠᠭᠤᠯᠢ ᠪᠤᠯᠤᠨ ᠠᠩᠭᠢ ᠶᠢᠨ ᠦᠨᠳᠦᠰᠦᠨ ᠪᠠᠶᠢᠳᠠᠯ ᠢ ᠤᠶᠢᠯᠠᠭᠠᠭᠤᠯᠵᠤ᠂ ᠰᠤᠷᠭᠠᠨ ᠬᠦᠮᠦᠵᠢᠯ ᠤᠨ ᠦᠵᠡᠯ ᠪᠤᠯᠤᠨ ᠠᠷᠭ᠎ᠠ ᠠᠪᠴᠠᠯ ᠢ ᠤᠬᠠᠭᠤᠯᠵᠤ᠂ ᠡᠭᠦᠨ ᠤ ᠬᠠᠮᠳᠤ ᠰᠢᠯᠢᠳᠡᠭ ᠭᠡᠷ ᠤᠨ ᠠᠬᠠᠮᠠᠳ ᠢ ᠤᠷᠢᠨ᠂ ᠰᠢᠯᠢᠳᠡᠭ ᠰᠤᠷᠭᠠᠨ ᠬᠦᠮᠦᠵᠢᠭᠦᠯᠬᠦ ᠲᠤᠷᠰᠢᠯᠭ᠎ᠠ ᠰᠤᠷᠭᠠᠮᠵᠢ ᠠᠴᠠ ᠨᠢ ᠶᠠᠷᠢᠶ᠎ᠠ ᠢᠯᠡᠳᠭᠡᠯ ᠬᠢᠯᠭᠡᠵᠦ᠂ ᠪᠤᠰᠤᠳ ᠭᠡᠷ ᠤᠨ ᠠᠬᠠᠮᠠᠳ ᠲᠤ ᠰᠤᠷᠭᠠᠮᠵᠢ ᠪᠤᠯᠭᠠᠨ᠎ᠠ᠃ ᠮᠦᠨ ᠴᠦ ᠭᠡᠷ ᠤᠨ ᠠᠬᠠᠮᠠᠳ ᠠᠴᠠ ᠰᠤᠷᠭᠠᠭᠤᠯᠢ ᠪᠤᠯᠤᠨ ᠠᠩᠭᠢ ᠳᠤ ᠲᠤᠷᠠᠳᠬᠤ ᠰᠠᠨᠠᠭᠤᠯᠭ᠎ᠠ ᠶᠢ ᠬᠦᠯᠢᠶᠡᠨ ᠠᠪᠴᠦ᠂ ᠬᠠᠮᠳᠤ ᠳᠤ ᠪᠠᠨ ᠰᠤᠷᠭᠠᠨ ᠬᠦᠮᠦᠵᠢᠭᠦᠯᠬᠦ ᠠᠷᠭ᠎ᠠ ᠠᠪᠴᠠᠯ ᠪᠤᠯᠤᠨ ᠠᠷᠭ᠎ᠠ ᠪᠤᠳᠤᠯᠭ᠎ᠠ ᠶᠢ ᠰᠤᠳᠤᠯᠤᠨ᠎ᠠ᠃      ᠭᠤᠷᠪᠠ᠂ ᠰᠤᠷᠤᠭᠴᠢ ᠶᠢ ᠦᠨᠡᠯᠡᠬᠦ ᠠᠵᠢᠯ ᠢ ᠰᠠᠶᠢᠳᠤᠷ ᠬᠢᠬᠦ      ᠰᠤᠷᠤᠭᠴᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠠᠩᠭᠢ ᠶᠢᠨ ᠡᠷᠬᠢᠯᠡᠭᠴᠢ ᠠᠴᠠ ᠲᠡᠭᠦᠨ ᠳᠤ ᠬᠠᠨᠳᠤᠬᠤ ᠤᠪᠤᠷ ᠦᠵᠡᠯᠳᠡ ᠶᠢ ᠲᠤᠩ ᠴᠢᠬᠤᠯᠠᠴᠢᠯᠠᠳᠠᠭ᠃ ᠡᠷᠬᠡ ᠲᠡᠭᠰᠢ ᠪᠠᠷ ᠰᠤᠷᠤᠭᠴᠢ ᠶᠢ ᠦᠨᠡᠯᠡᠪᠡᠯ ᠰᠠᠶ᠋ᠢ ᠪᠦᠳᠦᠮᠵᠢᠳᠡᠢ ᠦᠷ᠎ᠡ ᠳ᠋ᠦᠩ ᠢ ᠤᠯᠵᠤ ᠲᠡᠶᠢᠯᠦᠨ᠎ᠡ᠃      ᠰᠤᠷᠤᠭᠴᠢ ᠶᠢᠨ ᠬᠤᠭᠤᠴᠠᠭ᠎ᠠ ᠪᠦᠷᠢ ᠶᠢᠨ ᠮᠤᠷᠠᠯ ᠰᠤᠷᠲᠠᠯ᠂ ᠴᠢᠳᠠᠪᠦᠷᠢ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠦᠳᠡᠯᠮᠦᠷᠢ ᠵᠡᠷᠭᠡ ᠪᠦᠬᠦ ᠲᠠᠯ᠎ᠠ ᠶᠢᠨ ᠶᠡᠷᠦᠩᠬᠡᠶᠢᠯᠡᠭᠰᠡᠨ ᠴᠢᠨᠡᠷ ᠲᠠᠢ ᠦᠨᠡᠯᠡᠯᠳᠡ ᠬᠢᠬᠦ ᠳᠤ ᠪᠠᠨ ᠠᠩᠭᠢ ᠶᠢᠨ ᠡᠷᠬᠢᠯᠡᠭᠴᠢ ᠵᠠᠪᠠᠯ ᠰᠤᠷᠤᠭᠴᠢ ᠪᠦᠷᠢ ᠶᠢᠨ ᠡᠳᠦᠷ ᠲᠤᠳᠤᠮ ᠤᠨ ᠡᠩ ᠤᠨ ᠪᠠᠶᠢᠳᠠᠯ ᠳᠤ ᠬᠢ ᠦᠵᠡᠯ ᠰᠠᠨᠠᠭ᠎ᠠ ᠶᠤᠰᠤ ᠮᠤᠷᠠᠯ ᠤᠨ ᠲᠤᠬᠠᠢ ᠦᠨᠡᠯᠡᠭᠰᠡᠨ ᠲᠡᠮᠳᠡᠭᠯᠡᠯ ᠪᠤᠯᠬᠤ ᠮᠠᠲ᠋ᠧᠷᠢᠶᠠᠯ ᠢ ᠠᠩᠬᠠᠷᠤᠨ ᠴᠤᠭᠯᠠᠭᠤᠯᠬᠤ ᠪᠠᠷ ᠦᠨᠳᠦᠰᠦ ᠪᠤᠯᠭᠠᠵᠤ᠂ ᠮᠦᠨ ᠠᠩᠭᠢ ᠶᠢᠨ ᠡᠷᠬᠢᠯᠡᠭᠴᠢ ᠠᠴᠠ ᠡᠯ᠎ᠡ ᠰᠢᠨᠵᠢᠯᠡᠭᠡᠨ ᠤ ᠪᠠᠭᠰᠢ ᠨᠠᠷ ᠪᠤᠯᠤᠨ ᠠᠩᠭᠢ ᠶᠢᠨ ᠺᠠᠳ᠋ᠷ ᠤᠨ ᠰᠠᠨᠠᠭᠤᠯᠭ᠎ᠠ ᠶᠢ ᠠᠪᠤᠭᠰᠠᠨ ᠤ ᠳᠠᠷᠠᠭ᠎ᠠ ᠰᠤᠷᠤᠭᠴᠢ ᠶᠢᠨ ᠪᠤᠳᠠᠳᠠᠢ ᠢᠯᠡᠷᠡᠯ ᠪᠠᠶᠢᠳᠠᠯ ᠢᠶᠠᠷ ᠠᠩᠭᠢ ᠶᠢᠨ ᠡᠷᠬᠢᠯᠡᠭᠴᠢ ᠠᠴᠠ ᠦᠨᠡᠯᠡᠯᠲᠡ ᠪᠢᠴᠢᠨ᠎ᠡ᠃ ᠦᠨᠡᠯᠡᠯᠳᠡ ᠶᠢ ᠪᠢᠴᠢᠬᠦ ᠦᠶᠡᠰ ᠡᠷᠬᠡᠪᠰᠢ ᠦᠨᠡᠨ ᠪᠤᠳᠠᠲᠠᠢ ᠪᠠᠶᠢᠵᠤ᠂ ᠬᠤᠭᠤᠰᠤᠨ ᠶᠠᠷᠢᠵᠤ ᠲᠤᠷ᠎ᠠ ᠪᠠᠷ ᠵᠤᠬᠢᠶᠠᠵᠤ ᠪᠤᠯᠬᠤ ᠦᠭᠡᠢ᠂ ᠭᠤᠤᠯᠳᠠᠯᠭ᠎ᠠ ᠵᠢ‌ᠨᠢ ᠠᠳᠬᠤᠵᠤ᠂ ᠬᠠᠨᠳᠤᠯᠭ᠎ᠠ ᠲᠠᠢ ᠪᠠᠷ ᠰᠤᠷᠤᠭᠴᠢ ᠶᠢᠨ ᠪᠦᠬᠦ ᠲᠠᠯ᠎ᠠ ᠶᠢᠨ ᠢᠯᠡᠷᠡᠯ ᠢ ᠬᠠᠷᠢᠭᠤ ᠮᠡᠳᠡᠭᠦᠯᠵᠦ᠂ ᠮᠠᠭᠳᠠᠨ ᠰᠠᠶᠢᠰᠢᠶᠠᠬᠤ ᠪᠠᠷ ᠭᠤᠤᠯ ᠪᠤᠯᠭᠠᠨ᠂ ᠰᠤᠷᠤᠭᠴᠢ ᠶᠢᠨ ᠭᠤᠤᠯ ᠪᠤᠯᠬᠤ ᠲᠤᠲᠠᠭᠳᠠᠯ ᠢ ᠲᠤᠬᠢᠷᠠᠮᠵᠢᠳᠠᠢ ᠵᠢᠭᠠᠨ ᠭᠠᠷᠭᠠᠵᠤ᠂ ᠦᠷᠬᠦᠯᠵᠢᠯᠡᠨ ᠴᠢᠷᠮᠠᠶᠢᠬᠤ ᠴᠢᠭᠯᠡᠯ ᠢ ᠨᠢ ᠵᠢᠭᠠᠨ ᠲᠤᠳᠤᠯᠠᠨ᠎ᠠ᠃      ᠲᠦᠷᠪᠡ᠂ ᠭᠡᠷ ᠪᠦᠯᠢ ᠪᠠ ᠰᠤᠷᠭᠠᠭᠤᠯᠢ ᠶᠢᠨ ᠬᠠᠷᠢᠯᠴᠠᠨ ᠤᠶᠢᠯᠠᠭᠠᠯᠴᠠᠬᠤ ᠠᠵᠢᠯ ᠢ ᠰᠠᠶᠢᠳᠤᠷ ᠬᠢᠬᠦ      ᠰᠤᠷᠤᠭᠴᠢᠳ ᠢ ᠮᠤᠷᠠᠯ᠂ ᠮᠡᠳᠡᠯᠭᠡ ᠴᠢᠳᠠᠪᠤᠷᠢ᠂ ᠪᠡᠶ᠎ᠡ ᠲᠠᠮᠢᠷ᠂ ᠭᠤᠸ᠎ᠠ ᠰᠠᠶᠢᠬᠠᠨ ᠪᠠ ᠬᠦᠳᠡᠯᠮᠦᠷᠢ ᠵᠡᠷᠭᠡ ᠪᠦᠬᠦ ᠲᠠᠯ᠎ᠠ ᠪᠠᠷ ᠬᠦᠭᠵᠢᠭᠦᠯᠬᠦ ᠳᠤ ᠵᠦᠪᠬᠡᠨ ᠰᠤᠷᠭᠠᠭᠤᠯᠢ ᠶᠢᠨ ᠰᠤᠷᠭᠠᠨ ᠬᠦᠮᠦᠵᠢᠯ ᠳᠤ ᠲᠦᠰᠢᠭᠯᠡᠬᠦ ᠨᠢ ᠭᠦᠢᠴᠡᠳ ᠪᠤᠰᠤ ᠶᠤᠮ᠃ ᠪᠠᠭ᠎ᠠ ᠰᠤᠷᠭᠠᠭᠤᠯᠢ ᠶᠢᠨ ᠰᠤᠷᠤᠭᠴᠢᠳ ᠭᠠᠷᠠᠭ ᠤᠨ ᠠᠮᠠᠷᠠᠯᠳᠠ᠂ ᠪᠠᠶᠠᠷ ᠲᠤᠷᠠᠰᠬᠠᠯ ᠤᠨ ᠡᠳᠦᠷ ᠪᠤᠯᠤᠨ ᠡᠪᠦᠯ ᠵᠤᠨ ᠤ ᠠᠮᠠᠷᠠᠯᠳᠠ ᠶᠢᠨ ᠡᠳᠦᠷ‌‍ᠤᠳ ᠲᠤ ᠪᠦᠷ ᠭᠡᠷ ᠪᠦᠯᠢ ᠪᠤᠯᠤᠨ ᠨᠡᠶᠢᠭᠡᠮ ᠲᠠᠢ ᠬᠠᠷᠢᠯᠴᠠᠵᠤ ᠪᠠᠶᠢᠳᠠᠭ᠃ ᠬᠡᠤᠬᠡᠳ ᠤᠨ ᠦᠰᠦᠨ ᠪᠤᠶᠢᠵᠢᠯᠳᠠ ᠨᠢ ᠨᠡᠶᠢᠭᠡᠮ ᠤᠨ ᠰᠤᠷᠭᠠᠨ ᠬᠦᠮᠦᠵᠢᠯ ᠪᠤᠯᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠨᠦᠯᠦᠭᠡ ᠲᠤᠰᠬᠠᠯ ᠠᠴᠠ ᠰᠠᠯᠵᠤ ᠲᠡᠶᠢᠯᠬᠦ ᠦᠭᠡᠢ᠃ ᠮᠠᠨ ᠤ ᠰᠤᠷᠭᠠᠭᠤᠯᠢ ᠶᠢᠨ ᠰᠤᠷᠤᠭᠴᠢᠳ ᠪᠦᠷ ᠬᠦᠳᠡᠭᠡ ᠲᠤᠰᠬᠤᠨ ᠤ ᠬᠡᠤᠬᠡᠳ ᠪᠢᠯᠡ᠃ ᠭᠡᠷ ᠤᠨ ᠠᠬᠠᠮᠠᠳ ᠤᠨ ᠮᠠᠯ ᠲᠠᠷᠢᠶᠠᠨ ᠤ ᠠᠵᠢᠯ ᠠᠷᠪᠢᠨ ᠪᠦᠭᠡᠳ ᠪᠠᠰᠠ ᠵᠠᠷᠢᠮ ᠨᠢ ᠭᠠᠳᠠᠨ᠎ᠠ ᠬᠦᠯᠦᠰᠦᠨ ᠠᠵᠢᠯ ᠬᠢᠵᠦ ᠬᠡᠤᠬᠡᠳ ᠢᠶᠠᠨ ᠬᠠᠮᠢᠶᠠᠷᠴᠤ ᠲᠡᠶᠢᠯᠬᠦ  ᠦᠭᠡᠢ᠃ ᠮᠦᠨ ᠴᠦ ᠭᠡᠷ ᠪᠦᠯᠢ ᠶᠢᠨ ᠰᠤᠶᠤᠯ ᠤᠨ ᠬᠢᠷᠢ ᠲᠦᠪᠰᠢᠨ ᠬᠠᠷᠢᠴᠠᠩᠭᠤᠢ ᠲᠤᠤᠷ᠎ᠠ ᠪᠠᠶᠢᠵᠤ᠂ ᠭᠡᠷ ᠤᠨ ᠠᠬᠠᠮᠠᠳ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠤᠨᠤᠯ ᠤᠨ ᠲᠠᠯ᠎ᠠ ᠪᠠᠷ ᠲᠤᠳᠠᠮᠠᠭ ᠪᠠᠶᠢᠳᠠᠭ᠃ ᠶᠠᠭ ᠡᠶᠢᠮᠦ ᠠᠴᠠ ᠬᠦᠳᠡᠭᠡ ᠲᠤᠰᠬᠤᠨ ᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠡᠷᠬᠡᠪᠰᠢ ᠰᠤᠷᠤᠭᠴᠢ ᠶᠢᠨ ᠭᠡᠷ ᠪᠦᠯᠢ ᠳᠤ ᠭᠦᠨᠵᠡᠭᠡᠶᠢᠷᠡᠵᠦ᠂ ᠦᠷᠬᠦᠯᠵᠢ ᠭᠡᠷ ᠤᠨ ᠠᠬᠠᠮᠠᠳ ᠤᠨ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠰᠤᠷᠤᠭᠴᠢ ᠶᠢᠨ ᠭᠡᠷ ᠤᠨ ᠠᠬᠠᠮᠠᠳ ᠠᠴᠠ ᠰᠤᠷᠤᠭᠴᠢ ᠶᠢᠨ ᠭᠡᠷ ᠲᠤ ᠪᠠᠨ ᠪᠠᠶᠢᠬᠤ ᠦᠶᠡᠰ ᠤᠨ ᠢᠯᠡᠷᠡᠯ ᠢ ᠴᠠᠭ ᠲᠤᠬᠠᠢ ᠳᠤ ᠨᠢ ᠤᠶᠢᠯᠠᠭᠠᠵᠤ᠂ ᠮᠦᠨ ᠰᠤᠷᠤᠭᠴᠢ ᠶᠢᠨ ᠰᠤᠷᠭᠠᠭᠤᠯᠢ ᠳᠤ ᠬᠢ ᠪᠠᠶᠢᠳᠠᠯ‌ᠢ ᠭᠡᠷ ᠤᠨ ᠠᠬᠠᠮᠠᠳ ᠲᠤ ᠮᠡᠳᠡᠭᠳᠡᠵᠦ᠂ ᠭᠡᠷ ᠪᠦᠯᠢ ᠪᠤᠯᠤᠨ ᠰᠤᠷᠭᠠᠭᠤᠯᠢ ᠬᠠᠮᠳᠤ ᠳᠤ ᠪᠠᠨ ᠬᠡᠤᠬᠡᠳ ᠢ ᠬᠠᠮᠢᠶᠠᠷᠤᠨ᠎ᠠ᠃ ᠠᠩᠭᠢ ᠶᠢᠨ ᠡᠷᠬᠢᠯᠡᠭᠴᠢ ᠠᠴᠠ ︽ᠭᠡᠷ ᠤᠨ ᠠᠬᠠᠮᠠᠳ ᠤᠨ ᠰᠤᠷᠭᠠᠭᠤᠯᠢ︾ ᠭᠡᠬᠦ ᠲᠠᠪᠴᠠᠩ ᠢ ᠠᠰᠢᠭᠯᠠᠵᠤ᠂ ᠰᠤᠷᠤᠭᠴᠢᠳ ᠤᠨ ᠭᠡᠷ ᠤᠨ ᠠᠬᠠᠮᠠᠳ ᠲᠤ ᠤᠳᠤᠬᠢ ᠰᠢᠨ᠎ᠡ ᠰᠤᠷᠭᠠᠨ ᠬᠦᠮᠦᠵᠢᠯ ᠤᠨ ᠤᠨᠤᠯ ᠪᠤᠯᠤᠨ ᠰᠤᠷᠭᠠᠨ ᠬᠦᠮᠦᠵᠢᠯ ᠤᠨ ᠠᠷᠭ᠎ᠠ ᠮᠠᠶ᠋ᠢᠭ ᠠᠴᠠ ᠲᠠᠶᠢᠯᠪᠤᠷᠢᠯᠠᠨ ᠦᠭᠴᠦ᠂ ᠭᠡᠷ ᠤᠨ ᠠᠬᠠᠮᠠᠳ ᠨᠠᠷ ᠠᠴᠠ ᠬᠡᠤᠬᠡᠳ ᠢᠶᠠᠨ ᠰᠢᠨᠵᠢᠯᠡᠬᠦ ᠤᠬᠠᠭᠠᠨᠴᠢ ᠪᠠᠷ ᠰᠤᠷᠭᠠᠨ ᠬᠦᠮᠦᠵᠢᠭᠦᠯᠦᠨ ᠬᠠᠮᠢᠶᠠᠷᠬᠤ ᠪᠤᠯᠭᠠᠨ᠎ᠠ᠃ ᠡᠭᠦᠨ ᠠᠴᠠ ᠭᠠᠳᠠᠨ᠎ᠠ ᠠᠩᠭᠢ ᠶᠢᠨ ᠡᠷᠬᠢᠯᠡᠭᠴᠢ ᠭᠡᠷ ᠤᠨ ᠠᠬᠠᠮᠠᠳ ᠠᠴᠠ ᠰᠤᠷᠭᠠᠭᠤᠯᠢ ᠪᠠ ᠡᠯ᠎ᠡ ᠰᠢᠨᠵᠢᠯᠡᠭᠡᠨ ᠤ ᠪᠠᠭᠰᠢ ᠨᠠᠷ ᠲᠤ ᠲᠤᠷᠠᠳᠤᠭᠰᠠᠨ ᠰᠠᠨᠠᠯ ᠢ ᠬᠦᠯᠢᠴᠡᠩᠭᠦᠢ ᠪᠠᠷ ᠰᠤᠨᠤᠰᠴᠤ᠂ ᠬᠤᠵᠢᠮ ᠤᠨ ᠠᠵᠢᠯ ᠳᠤ ᠪᠠᠨ ᠦᠭᠡᠷᠡᠴᠢᠯᠡᠯᠳᠡ ᠬᠢᠵᠦ᠂ ᠨᠡᠩ ᠲᠤᠬᠢᠷᠠᠮᠵᠢᠳᠠᠢ ᠰᠤᠷᠭᠠᠨ ᠬᠦᠮᠦᠵᠢᠯ ᠤᠨ ᠠᠷᠭ᠎ᠠ ᠠᠪᠴᠠᠯ ᠢ ᠰᠤᠳᠤᠯᠤᠨ ᠭᠠᠷᠭᠠᠨ᠎ᠠ᠃      ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠠᠵᠢᠯ ᠪᠤᠯ ᠨᠢᠭᠡᠨ ᠬᠠᠳᠠᠭᠤᠵᠢᠯᠳᠠᠢ᠂ ᠪᠤᠳᠤᠯᠢᠶᠠᠨᠳᠠᠢ ᠠᠵᠢᠯ ᠮᠦᠨ᠃ ᠨᠢᠭᠡ ᠠᠩᠭᠢ ᠬᠡᠤᠬᠡᠳ ᠢ ᠬᠠᠮᠢᠶᠠᠷᠤᠨ ᠰᠤᠷᠭᠠᠨ ᠬᠦᠮᠦᠵᠢᠭᠦᠯᠬᠦ ᠭᠡᠭᠴᠢ ᠨᠡᠬᠡᠷᠡᠨ ᠬᠢᠯᠪᠡᠷ ᠪᠤᠰᠤ ᠪᠢᠯᠡ᠃ ᠪᠠᠭᠰᠢ ᠨᠠᠷ ᠭᠡᠴᠢᠨᠡᠨ ᠬᠦᠴᠢᠷ ᠪᠡᠷᠬᠡᠰᠢᠶᠡᠯ ᠲᠤᠯᠭᠠᠷᠠᠪᠠᠴᠤ ᠬᠡᠵᠢᠶᠡᠳᠡ ᠬᠤᠶᠢᠰᠢ ᠤᠬᠤᠷᠢᠳᠠᠭ ᠦᠭᠡᠢ ᠪᠡᠶ᠎ᠡ ᠳᠤ ᠪᠠᠨ ᠢᠳᠡᠭᠡᠯ ᠲᠠᠢ ᠠᠵᠢᠯᠯᠠᠵᠤ ᠴᠢᠷᠮᠠᠶᠢᠪᠠᠯ ᠵᠤᠬᠢᠨ᠎ᠠ᠃ ᠰᠤᠷᠤᠭᠴᠢᠳ ᠲᠤ ᠪᠠᠨ ᠬᠠᠶᠢᠷ᠎ᠠ ᠲᠠᠢ᠂ ᠬᠠᠶᠢᠷ᠎ᠠ ᠶᠢᠨ ᠬᠦᠴᠦᠨ ᠢᠶᠠᠷ ᠬᠠᠶᠢᠷ᠎ᠠ ᠶᠢ ᠨᠢ ᠲᠠᠲᠠᠵᠤ᠂ ᠤᠶᠤᠨ ᠤᠬᠠᠭᠠᠨ ᠢᠶᠠᠷ ᠢᠶᠠᠨ ᠤᠢ ᠪᠢᠯᠢᠭ ᠢ ᠨᠢ ᠱᠤᠭᠤᠵᠤ᠂ ᠰᠤᠷᠤᠭᠴᠢ ᠪᠦᠷᠢ ᠶᠢ ᠡᠷᠡᠭᠦᠯ ᠰᠠᠷᠠᠭᠤᠯ ᠪᠠᠶᠠᠷ ᠬᠦᠷ ᠲᠠᠢ ᠰᠢᠨ᠎ᠡ ᠨᠢᠭᠡᠨ ᠦᠶ᠎ᠡ ᠶᠢᠨ ᠬᠠᠲᠠᠭᠤᠵᠢᠯᠳᠠᠢ ᠡᠭᠦᠳᠦᠨ ᠪᠦᠳᠦᠭᠡᠭᠴᠢ ᠪᠤᠯᠭᠠᠨ ᠬᠦᠮᠦᠵᠢᠭᠦᠯᠬᠦ ᠪᠠᠳᠤ ᠢᠳᠡᠭᠡᠯ ᠲᠠᠢ ᠪᠠᠶᠢᠪᠠᠯ ᠵᠤᠬᠢᠨ᠎ᠠ᠃ ᠪᠢᠳᠡ ᠪᠤᠳᠠᠳᠠᠢ ᠪᠠᠶᠢᠳᠠᠯ ᠠᠴᠠ ᠡᠭᠦᠰᠴᠦ ᠰᠤᠷᠭᠠᠨ ᠬᠦᠮᠦᠵᠢᠯ ᠤᠨ ᠦᠢᠯᠡᠳᠦᠯᠭᠡ ᠲᠤᠮᠳᠠ ᠲᠠᠰᠤᠷᠠᠯᠳᠠ ᠦᠭᠡᠢ ᠲᠤᠷᠰᠢᠯᠭ᠎ᠠ ᠪᠠᠨ ᠬᠤᠷᠠᠮᠳᠤᠭᠤᠯᠵᠤ᠂ ᠲᠠᠰᠤᠷᠠᠯᠳᠠ ᠦᠭᠡᠢ ᠳ᠋ᠦᠩᠨᠡᠵᠦ᠂ ᠤᠶᠤᠨ ᠪᠢᠯᠢᠭ᠂ ᠬᠠᠶᠢᠷ᠎ᠠ ᠰᠡᠳᠭᠢᠯ ᠪᠤᠯᠤᠨ ᠬᠦᠴᠦ ᠬᠦᠯᠦᠰᠦ ᠪᠠᠷ ᠢᠶᠠᠨ ᠰᠤᠷᠭᠠᠨ ᠬᠦᠮᠦᠵᠢᠯ ᠤᠨ ᠦᠢᠯᠡᠰ ᠲᠤ ᠵᠢᠳᠭᠦᠪᠡᠯ ᠬᠡᠮᠡᠷᠯᠢᠭ ᠲᠤ ᠬᠤᠸᠠᠷ ᠴᠡᠴᠡᠭ ᠲᠡᠯᠭᠡᠷᠡᠭᠦᠯᠵᠦ᠂ ᠠᠩᠭᠢ ᠶᠢᠨ ᠬᠠᠮᠢᠶᠠᠷᠤᠯᠳᠠ ᠶᠢᠨ ᠠᠵᠢᠯ ᠯᠠᠪᠲᠠᠢ ᠰᠢᠨ᠎ᠡ ᠨᠢᠭᠡᠨ ᠲᠡᠭᠳᠡᠷ ᠲᠤ ᠲᠡᠪᠰᠢᠨ᠂ ᠤᠯᠠᠮ ᠳᠠᠳᠮᠠᠭᠠᠢ ᠪᠤᠯᠵᠤ ᠴᠢᠳᠠᠨ᠎ᠠ᠃      ᠬᠠᠶ᠋ᠢᠬ᠄ ᠬᠤᠷᠴᠢᠨ ᠪᠠᠷᠠᠭᠤᠨ ᠭᠠᠷᠤᠨ ᠲᠤᠮᠲᠠᠲᠦ ᠬᠤᠰᠢᠭᠤᠨ ᠤ ᠪᠠᠶᠠᠨᠨᠠᠭᠤᠷ ᠭᠤᠤᠯ ᠪᠠᠭ᠎ᠠ ᠰᠤᠷᠭᠠᠭᠤᠯᠢ                               ︵ᠪᠠᠭᠠᠨ᠎ᠠ ᠨᠠᠶᠢᠷᠠᠭᠤᠯᠪᠠ︶                               2020 ᠣᠨ ᠤ 3 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map