ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2020/9/25
      ᠪᠤᠳᠠᠳᠠᠢ ᠦᠨᠳᠦᠰᠦᠯᠡᠯ       ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠲᠡᠯᠭᠡᠷᠡᠭᠦᠯᠦᠨ ᠬᠡᠷᠡᠭᠵᠢᠭᠦᠯᠬᠦ ᠠᠵᠢᠯ ᠤᠨ ᠲᠣᠬᠢᠷᠠᠭᠤᠯᠤᠯᠲᠠ ᠶᠢ ᠡᠷᠡᠰ ᠪᠠᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠢ ᠬᠡᠷᠡᠭᠯᠡᠬᠦ ᠠᠵᠢᠯ ᠢ ᠪᠠᠲᠤᠯᠠᠬᠤ ᠴᠢᠳᠠᠪᠬᠢ ᠶᠢ ᠳᠡᠭᠡᠭᠰᠢᠯᠡᠭᠦᠯᠦᠨ᠂ ᠬᠤᠯᠪᠤᠭᠳᠠᠯ ᠪᠦᠬᠦᠢ ᠪᠠᠭᠰᠢ ᠨᠠᠷ ᠤᠨ ᠬᠤᠪᠢ  ᠶᠢᠨ ᠠᠰᠢᠭ ᠲᠤᠰᠠ ᠶᠢ ᠬᠠᠷᠠᠭᠠᠯᠵᠠᠨ ᠪᠣᠳᠣᠯᠬᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢ ᠠᠬᠢᠭᠤᠯᠤᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠥᠨᠳᠦᠷ ᠴᠢᠨᠠᠷ ᠴᠢᠨᠰᠠᠭᠠᠲᠠᠢ ᠬᠥᠭᠵᠢᠬᠦ ᠶᠢ ᠠᠬᠢᠭᠤᠯᠬᠤ ᠶᠢᠨ ᠲᠥᠯᠦᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠵᠦ᠂ ᠮᠠᠨ ᠤ ᠣᠷᠣᠨ ᠤ ᠪᠠᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃      ᠰᠢᠯᠵᠢᠯᠲᠡ ᠶᠢᠨ ᠬᠤᠭᠤᠴᠠᠭᠠᠨ ᠳᠤ ᠬᠢ ᠬᠠᠪᠰᠤᠷᠤᠨ ᠵᠢᠯᠣᠭᠤᠳᠣᠭᠴᠢ ᠶᠢᠨ ᠳᠦᠷᠢᠮ ᠢ ᠪᠠᠶᠢᠭᠤᠯᠬᠤ        1. ᠬᠤᠤᠰ ᠬᠡᠯᠡᠨ ᠤ ᠬᠠᠪᠰᠤᠷᠤᠨ ᠵᠢᠯᠣᠭᠤᠳᠣᠭᠴᠢ ᠶᠢᠨ ᠲᠦᠷᠢᠮ ᠢ ᠪᠠᠶᠢᠭᠤᠯᠤᠨ᠎ᠠ᠃      ᠡᠯ᠎ᠡ ᠭᠠᠵᠠᠷ ᠤᠨ ᠬᠢᠨ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠵᠢᠯᠣᠭᠤᠳᠣᠭᠴᠢ ᠶᠢᠨ ᠲᠦᠷᠢᠮ ᠢ ᠪᠠᠶᠢᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠬᠤᠯᠪᠤᠭᠳᠠᠬᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠨᠤᠭᠤᠳ ᠢ ᠲᠤᠬᠠᠶ ᠶᠢᠨ ᠭᠠᠵᠠᠷ ᠤᠨ ᠪᠠᠶᠢᠳᠠᠯ ᠲᠠᠢ ᠪᠠᠨ ᠤᠶᠠᠯᠳᠤᠭᠤᠯᠤᠨ᠂ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠤᠷᠭᠠᠭᠤᠯᠢ ᠳᠤ ᠪᠠᠶᠢᠭ᠎ᠠ ᠪᠠᠭᠰᠢ ᠨᠠᠷ ᠢᠶᠠᠨ ᠨᠢᠭᠡᠳᠦᠯᠲᠡᠢ ᠲᠥᠯᠥᠪᠯᠡᠬᠦ᠂ ᠰᠤᠷᠭᠠᠭᠤᠯᠢ ᠶᠢᠨ ᠬᠤᠭᠤᠷᠣᠨᠳᠣ ᠤᠷᠢᠵᠤ ᠬᠡᠷᠡᠭᠯᠡᠬᠦ᠂ ᠪᠠᠭᠰᠢ ᠶᠢᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠢ ᠠᠵᠢᠯ ᠤᠨ ᠪᠠᠶᠢᠷᠢ  ᠳᠤ ᠲᠠᠳᠤᠯᠭ᠎ᠠ ᠬᠢᠯᠭᠡᠬᠦ᠂ ᠤᠶᠤᠲᠠᠳ ᠢ ᠵᠣᠬᠢᠶᠠᠨ ᠪᠠᠶᠢᠭᠤᠯᠤᠨ ᠰᠤᠷᠭᠠᠨ ᠬᠥᠮᠦᠵᠢᠯ ᠢ ᠳᠡᠮᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠯᠵᠢᠯᠲᠡ ᠶᠢᠨ ᠬᠤᠭᠤᠴᠠᠭᠠᠨ ᠤ ᠮᠣᠩᠭᠤᠯ ᠬᠢᠲᠠᠳ ᠬᠤᠤᠰ ᠬᠡᠯᠡᠨ ᠤ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠣᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ᠃ ᠰᠤᠷᠤᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠳᠤ ᠪᠠᠶᠢᠭ᠎ᠠ ᠰᠣᠷᠣᠭᠴᠢ ᠳᠤ ᠬᠢᠴᠢᠶᠡᠯ ᠤᠨ ᠲᠠᠷᠠᠭ᠎ᠠ ᠦᠢᠯᠡᠴᠢᠯᠡᠬᠦ ᠴᠠᠭ ᠢ ᠠᠰᠢᠭᠯᠠᠨ᠂ ᠪᠠᠭᠰᠢ ᠨᠢᠭᠡ ᠪᠦᠷᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠬᠤ ᠳᠤ ᠬᠦᠴᠢᠷᠳᠡᠵᠦ ᠪᠠᠶᠢᠭ᠎ᠠ 5 — 10 ᠰᠣᠷᠣᠭᠴᠢ ᠶᠢ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠵᠢᠯᠣᠭᠤᠳᠴᠤ᠂ ᠮᠠᠳᠠᠭ ᠢ ᠨᠢ ᠲᠠᠶᠢᠯᠵᠦ ᠥᠭᠬᠦ ᠬᠡᠷᠡᠭᠲᠡᠢ᠃ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠤᠭᠴᠢ ᠶᠢᠨ ᠡᠭᠦᠷᠭᠡ ᠶᠢ ᠪᠠᠭᠰᠢ ᠶᠢᠨ ᠠᠵᠢᠯ ᠤᠨ ᠲᠣᠭᠠᠴᠠᠭ᠎ᠠ ᠳᠤ ᠣᠷᠣᠭᠤᠯᠤᠨ᠂ ᠳᠡᠭᠡᠳᠦ ᠵᠡᠷᠭᠡ ᠶᠢᠨ ᠬᠢᠷᠢ ᠬᠡᠮᠵᠢᠶᠡᠨ ᠳᠤ ᠬᠦᠷᠦᠭᠰᠡᠨ ᠢ ᠠᠮᠵᠢᠯᠲᠠ ᠪᠦᠲᠦᠮᠵᠢ ᠶᠢᠨ ᠴᠠᠯᠢᠩ ᠢ ᠣᠯᠭᠤᠬᠤ ᠠᠷᠭ᠎ᠠ ᠶᠢ ᠦᠨᠳᠦᠰᠦᠯᠡᠨ ᠵᠣᠬᠢᠬᠤ ᠬᠠᠷᠠᠮᠵᠢ ᠣᠯᠭᠤᠬᠤ ᠶᠢᠨ ᠬᠠᠮᠲᠤ ᠠᠮᠵᠢᠯᠲᠠ ᠪᠦᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠬᠡᠷᠡᠭᠯᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠦᠭᠰᠡᠨ ᠰᠤᠷᠤᠭᠴᠢ ᠶᠢᠨ ᠲᠤᠭ᠎ᠠ ᠪᠠᠷ ᠰᠠᠷ᠎ᠠ ᠪᠦᠷᠢ 30 ᠲᠥᠭᠦᠷᠢᠭ ᠢᠶᠠᠷ ᠲᠣᠭᠲᠠᠭᠠᠵᠤ᠂ ᠰᠤᠷᠤᠯᠭ᠎ᠠ ᠶᠢᠨ ᠵᠢᠯ ᠪᠦᠷᠢ ᠶᠢ 10 ᠰᠠᠷ᠎ᠠ ᠪᠠᠷ ᠪᠣᠳᠤᠵᠤ᠂ ᠵᠢᠯ ᠪᠣᠯᠭᠠᠨ ᠤ ᠡᠬᠢᠨ ᠳᠤ ᠨᠢᠭᠡ ᠯᠡ ᠳᠡᠭᠡᠷ᠎ᠡ ᠰᠤᠷᠭᠠᠭᠤᠯᠢ ᠳᠤ ᠨᠢ ᠰᠢᠯᠵᠢᠭᠦᠯᠦᠨ ᠥᠭᠭᠦᠨ᠎ᠡ᠃ ᠰᠤᠷᠤᠭᠴᠢ ᠶᠢᠨ ᠲᠤᠭ᠎ᠠ ᠨᠢ 100 ᠠᠴᠠ ᠳᠡᠭᠡᠭᠰᠢ ᠪᠠᠶᠢᠭ᠎ᠠ ᠰᠤᠷᠭᠠᠭᠤᠯᠢ ᠶᠢ ᠪᠣᠳᠠᠲᠠᠶ ᠪᠠᠶᠢᠬᠤ ᠰᠤᠷᠤᠭᠴᠢ ᠶᠢᠨ ᠲᠤᠭ᠎ᠠ ᠪᠠᠷ ᠪᠣᠳᠤᠵᠤ᠂ 100 ᠰᠤᠷᠤᠭᠴᠢ ᠳᠤ ᠬᠦᠷᠬᠦ ᠦᠭᠡᠢ ᠪᠠᠭ᠎ᠠ ᠬᠡᠪᠴᠢᠶᠡᠨ ᠤ ᠰᠤᠷᠭᠠᠭᠤᠯᠢ ᠶᠢ 100 ᠰᠤᠷᠤᠭᠴᠢ ᠪᠠᠷ ᠪᠣᠳᠣᠨ᠎ᠠ᠃       ᠰᠢᠯᠵᠢᠯᠲᠡ ᠶᠢᠨ ᠬᠤᠭᠤᠴᠠᠭᠠᠨ ᠳᠤ ᠬᠢ ᠬᠤᠤᠰ ᠬᠡᠯᠡᠨ ᠤ ᠪᠠᠭᠰᠢ ᠶᠢ ᠨᠥᠬᠦᠪᠥᠷᠢᠯᠡᠬᠦ ᠲᠤᠭᠳᠠᠯᠴᠠᠭ᠎ᠠ ᠶᠢ ᠪᠠᠶᠢᠭᠤᠯᠬᠤ       2. ᠪᠠᠭᠰᠢ ᠳᠤ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ ᠶᠢ ᠬᠡᠷᠡᠭᠵᠢᠭᠦᠯᠦᠨ᠎ᠡ᠃       2020 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ︾ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠢ ᠬᠤᠤᠰ ᠬᠡᠯᠡ ᠪᠠᠷ ᠬᠢᠴᠢᠶᠡᠯᠯᠡᠬᠦ ︽ᠭᠤᠷᠪᠠᠨ ᠬᠢᠴᠢᠶᠡᠯ ᠲᠦᠷᠦᠯ︾ ᠤᠨ ᠪᠠᠭᠰᠢ ᠨᠠᠷ ᠲᠤ ᠥᠪᠡᠷᠲᠡᠭᠡᠨ ᠵᠠᠰᠠᠬᠤ ᠣᠷᠣᠨ ᠤ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠥᠷᠦᠯ ᠵᠦᠢᠯ ᠤᠨ ᠲᠦᠯᠦᠪᠯᠡᠭᠡ ︵ᠳᠣᠷᠣᠭᠰᠢ ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ  ᠶᠢᠨ ᠲᠦᠯᠦᠪᠯᠡᠭᠡ︾ ᠭᠡᠵᠦ ᠳᠥᠭᠦᠮᠴᠢᠯᠡᠨ᠎ᠡ︶ ᠶᠢ ᠡᠬᠢᠯᠡᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠲᠢᠩᠬᠢᠮ ᠠᠴᠠ ᠣᠷᠣᠨ ᠲᠤᠭ᠎ᠠ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾  ᠪᠠᠷ ᠤᠷᠢᠭᠰᠠᠨ ᠪᠠᠭᠰᠢ ᠶᠢ ᠬᠤᠤᠰ ᠬᠡᠯᠡ ᠪᠠᠷ ᠬᠢᠴᠢᠶᠡᠯᠯᠡᠬᠦ ︽ᠭᠤᠷᠪᠠᠨ ᠬᠢᠴᠢᠶᠡᠯ ᠲᠦᠷᠦᠯ︾ ᠤᠨ ᠪᠠᠭᠰᠢ ᠨᠡᠯᠢᠶᠡᠳ ᠶᠡᠭᠡ ᠳᠤᠲᠠᠭᠳᠠᠵᠤ ᠪᠠᠶᠢᠭ᠎ᠠ ᠭᠠᠵᠠᠷ ᠣᠷᠣᠨ ᠤ ᠪᠤᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠣᠷᠤᠯᠠᠯ᠂ ᠵᠢᠭᠠᠨ ᠰᠤᠷᠭᠠᠯᠲᠠ ᠶᠢᠨ ᠣᠷᠴᠢᠯ ᠳᠤ ᠬᠡᠷᠡᠭᠯᠡᠨ᠎ᠡ᠃ ᠠᠵᠢᠯ ᠤᠨ ᠪᠠᠶᠢᠷᠢ ᠣᠷᠣᠯᠠᠬᠤ ᠵᠢᠭᠠᠨ ᠰᠤᠷᠭᠠᠯᠲᠠ ᠶᠢ ᠬᠦᠯᠢᠶᠡᠭᠰᠡᠨ ᠰᠤᠷᠭᠠᠭᠤᠯᠢ ᠨᠤᠭᠤᠳ 1᠄ 1 ᠶᠢᠨ ᠬᠠᠷᠢᠴᠠᠯ ᠢᠶᠠᠷ ᠪᠣᠯᠪᠠᠰᠤᠷᠠᠭᠤᠯᠬᠤ ᠴᠢᠬᠤᠯᠠᠲᠠᠢ ᠪᠠᠭᠰᠢ ᠶᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠵᠣᠬᠢᠶᠠᠨ ᠪᠠᠶᠢᠭᠤᠯᠤᠭᠰᠠᠨ ᠲᠦᠪᠯᠡᠷᠡᠭᠦᠯᠦᠭᠰᠡᠨ ᠪᠣᠯᠪᠠᠰᠤᠷᠠᠯ ᠳᠤ ᠣᠷᠣᠯᠴᠠᠭᠤᠯᠬᠤ ᠬᠡᠷᠡᠭᠲᠡᠶ᠃       2020 ᠣᠨ ᠳᠤ᠂ ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ 300 ᠬᠥᠮᠦᠨ ᠢ ᠤᠷᠢᠵᠤ᠂ ᠬᠤᠭᠤᠴᠠᠭᠠᠲᠠᠢ ᠦᠢᠯᠡᠴᠢᠯᠡᠬᠦ ᠳᠦᠷᠢᠮ ᠢ ᠬᠡᠷᠡᠭᠵᠢᠭᠦᠯᠦᠨ᠂ ᠦᠢᠯᠡᠴᠢᠯᠡᠬᠦ ᠬᠤᠭᠤᠴᠠᠭ᠎ᠠ ᠨᠢ ᠭᠤᠷᠪᠠᠨ ᠵᠢᠯ᠂ ᠭᠤᠷᠪᠠᠨ ᠵᠢᠯ ᠤᠨ ᠦᠢᠯᠡᠴᠢᠯᠡᠬᠦ ᠬᠤᠭᠤᠴᠠᠭ᠎ᠠ ᠨᠢ ᠳᠠᠭᠤᠰᠴᠤ ᠰᠠᠶᠢᠨ ᠳᠤᠷ᠎ᠠ ᠠᠴᠠ ᠪᠠᠨ ᠵᠠᠯᠭᠠᠭᠠᠳ ᠲᠤᠰᠢᠶᠠᠯ ᠡᠭᠦᠷᠭᠡᠯᠡᠬᠦ ᠳᠤ ᠬᠦᠷᠪᠡᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠡᠭᠦᠨ ᠳᠤ ᠦᠵᠡᠯ ᠰᠠᠨᠠᠭ᠎ᠠ ᠤᠯᠤᠰ ᠲᠥᠷᠥ᠂ ᠠᠵᠢᠯ ᠤᠨ ᠰᠤᠷᠲᠠᠯ᠂ ᠬᠢᠴᠢᠶᠡᠯ ᠤᠨ ᠪᠠᠷᠢᠮᠵᠢᠶ᠎ᠠ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ ᠶᠢᠨ ᠲᠥᠯᠥᠪᠯᠡᠭᠡ᠂ ᠨᠡᠶᠢᠲᠡᠯᠢᠭ ᠬᠡᠯᠡᠨ ᠤ ᠬᠢᠷᠢ ᠲᠦᠪᠰᠢᠨ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠬᠢᠨᠠᠨ ᠰᠢᠯᠭᠠᠯᠲᠠ ᠬᠢᠬᠦ ᠬᠡᠷᠡᠭᠲᠡᠶ᠃ ᠬᠢᠨᠠᠨ ᠰᠢᠯᠭᠠᠯᠲᠠ ᠳᠤ ᠬᠢᠷᠢ ᠲᠡᠩᠴᠡᠪᠡᠯ᠂ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠢᠶᠠᠷ ᠭᠤᠣᠯ ᠪᠣᠯᠭᠠᠬᠤ ᠵᠠᠷᠴᠢᠮ ᠢᠶᠠᠷ ᠲᠤᠬᠠᠶ ᠶᠢᠨ ᠭᠠᠵᠠᠷ ᠲᠤ ᠪᠠᠨ ᠣᠷᠣᠨ ᠲᠤᠭ᠎ᠠ ᠪᠠᠨ ᠨᠠᠶᠢᠳᠠᠪᠤᠷᠢᠵᠢᠭᠤᠯᠵᠤ᠂ ᠴᠠᠯᠢᠩ ᠣᠯᠭᠤᠮᠵᠢ ᠶᠢ ᠲᠤᠬᠠᠶ ᠶᠢᠨ ᠭᠠᠵᠠᠷ ᠤᠨ ᠢᠶᠠᠨ ᠡᠳ᠋ ᠤᠨ ᠵᠠᠰᠠᠭ ᠠᠴᠠ ᠣᠯᠭᠤᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠪᠣᠯ ᠳᠠᠬᠢᠵᠤ ᠤᠷᠢᠨ ᠲᠣᠮᠢᠯᠠᠬᠤ ᠦᠭᠡᠢ᠃ ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ ᠶᠢᠨ ᠦᠢᠯᠡᠴᠢᠯᠡᠬᠦ ᠬᠤᠭᠤᠴᠠᠭᠠᠨ ᠳᠤ ᠬᠢ ᠴᠠᠯᠢᠩ ᠣᠯᠭᠤᠮᠵᠢ ᠶᠢ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠦᠯᠦᠪᠯᠡᠭᠡ︾ ᠶᠢᠨ ᠪᠠᠭᠰᠢ ᠶᠢᠨ ᠴᠠᠯᠢᠩ ᠣᠯᠭᠤᠮᠵᠢ ᠶᠢᠨ ᠶᠣᠰᠤ ᠪᠠᠷ ᠬᠡᠷᠡᠭᠵᠢᠭᠦᠯᠬᠦ ᠬᠡᠷᠡᠭᠲᠡᠢ᠃      ︽ᠣᠨᠴᠠᠭᠠᠢ ᠲᠣᠬᠢᠷᠠᠭᠤᠯᠤᠭᠰᠠᠨ ᠠᠵᠢᠯ ᠤᠨ ᠪᠠᠶᠢᠷᠢ ᠶᠢᠨ ᠲᠤᠰᠬᠠᠶ ᠵᠦᠢᠯ ᠤᠨ ᠲᠦᠯᠦᠪᠯᠡᠭᠡ︾ ᠶᠢᠨ ᠪᠠᠭᠰᠢ ᠲᠥᠪᠯᠡᠷᠡᠭᠦᠯᠦᠨ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠤ ᠳᠠᠳᠤᠯᠭ᠎ᠠ ᠬᠢᠬᠦ ᠳᠤ ᠣᠷᠤᠯᠴᠠᠬᠤ ᠬᠤᠭᠤᠴᠠᠭ᠎ᠠ ᠨᠢ ᠵᠢᠯ ᠰᠢᠬᠠᠮ ᠪᠠᠶᠢᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠬᠤᠭᠤᠴᠠᠭ᠎ᠠ ᠶᠢ 3 ᠰᠠᠷ᠎ᠠ ᠠᠴᠠ ᠣᠬᠤᠷ ᠪᠠᠶᠢᠯᠭᠠᠵᠤ ᠪᠣᠯᠬᠤ ᠦᠭᠡᠢ᠃ ᠪᠣᠯᠪᠠᠰᠤᠷᠠᠭᠤᠯᠤᠯ ᠪᠠ ᠳᠠᠳᠤᠯᠭ᠎ᠠ ᠳᠠᠭᠤᠰᠴᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠡᠯ᠎ᠡ ᠭᠠᠵᠠᠷ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠠᠵᠢᠯ ᠤᠨ ᠪᠠᠶᠢᠷᠢ ᠳᠣᠬᠢᠷᠠᠭᠤᠯᠵᠤ ᠥᠭᠬᠦ ᠬᠡᠷᠡᠭᠲᠡᠶ᠃      ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠡᠩᠨᠡᠭᠡᠨ ᠤ ᠪᠦᠲᠦᠴᠡ᠂ ᠳᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠣᠨ ᠪᠣᠯᠤᠨ ᠬᠢᠴᠢᠶᠡᠯ ᠲᠥᠷᠥᠯ ᠬᠤᠪᠢᠶᠠᠨ ᠡᠯᠰᠡᠵᠦ ᠨᠥᠬᠦᠪᠦᠷᠢᠯᠡᠬᠦ ᠲᠦᠯᠦᠪᠯᠡᠭᠡ ᠶᠢ ᠵᠦᠶ ᠵᠣᠬᠢᠰᠲᠠᠢ ᠲᠣᠭᠲᠠᠭᠠᠵᠤ᠂ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ ᠴᠠᠭ ᠲᠤᠬᠠᠶ ᠳᠤ ᠨᠢ ᠤᠷᠢᠨ ᠬᠡᠷᠡᠭᠯᠡᠵᠦ ᠨᠥᠬᠦᠪᠦᠷᠢᠯᠡᠬᠦ ᠬᠡᠷᠡᠭᠲᠡᠢ᠃      3. ᠪᠠᠭᠰᠢ ᠶᠢᠨ ᠮᠡᠷᠭᠡᠵᠢᠯ ᠤᠨ ᠲᠦᠯᠦᠪᠯᠡᠭᠡ ᠶᠢ ᠬᠡᠷᠡᠭᠵᠢᠭᠦᠯᠦᠨ᠎ᠡ᠃      ᠡᠯ᠎ᠡ ᠭᠠᠵᠠᠷ ᠤᠨ ᠬᠢᠨ ᠠᠶᠢᠮᠠᠭ ᠬᠤᠲᠠ᠂ ᠬᠤᠰᠢᠭᠤ ᠰᠢᠶᠠᠨ ᠢᠶᠠᠷ ᠭᠤᠤᠯ ᠪᠣᠯᠭᠠᠭᠰᠠᠨ ᠪᠠᠭᠰᠢ ᠶᠢᠨ ᠰᠤᠷᠭᠠᠨ ᠬᠥᠮᠦᠵᠢᠯ ᠢ ᠳᠡᠮᠵᠢᠬᠦ ᠲᠦᠯᠦᠪᠯᠡᠭᠡ ᠶᠢ ᠪᠦᠬᠦ ᠲᠠᠯ᠎ᠠ ᠪᠠᠷ ᠡᠬᠢᠯᠡᠭᠦᠯᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠣᠳᠣᠬᠢ ᠪᠠᠶᠢᠳᠠᠯ ᠵᠢᠴᠢ ᠵᠢᠭᠠᠨ ᠰᠤᠷᠭᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠯ᠎ᠡ ᠲᠥᠷᠥᠯ ᠤᠨ ᠨᠥᠬᠦᠪᠥᠷᠢᠯᠡᠬᠦ ᠠᠷᠭ᠎ᠠ ᠮᠠᠶ᠋ᠢᠭ ᠢ ᠶᠡᠷᠦᠩᠬᠡᠶᠢᠯᠡᠨ ᠪᠣᠳᠣᠯᠬᠢᠯᠠᠵᠤ᠂ ᠣᠨ ᠬᠤᠪᠢᠶᠠᠵᠤ᠂ ᠬᠢᠴᠢᠶᠡᠯ ᠲᠥᠷᠥᠯ ᠬᠤᠪᠢᠶᠠᠭᠰᠠᠨ ᠰᠤᠷᠭᠠᠨ ᠬᠥᠮᠦᠵᠢᠯ ᠢ ᠳᠡᠮᠵᠢᠬᠦ ᠠᠵᠢᠯᠲᠠᠨ ᠤ ᠬᠡᠪᠴᠢᠶ᠎ᠡ ᠶᠢ ᠵᠦᠶ ᠵᠣᠬᠢᠰᠲᠠᠶ ᠲᠥᠯᠦᠪᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠢ ᠳᠡᠮᠵᠢᠬᠦ ᠬᠤᠭᠤᠴᠠᠭ᠎ᠠ ᠶᠢ 3 ᠵᠢᠯ ᠠᠴᠠ ᠣᠬᠤᠷ ᠪᠠᠶᠢᠯᠭᠠᠵᠤ ᠪᠣᠯᠬᠤ ᠦᠭᠡᠢ᠂ ᠰᠤᠷᠭᠠᠨ ᠬᠥᠮᠦᠵᠢᠯ ᠢ ᠳᠡᠮᠵᠢᠬᠦ ᠬᠤᠭᠤᠴᠠᠭᠠᠨ ᠳᠤ ᠬᠢ ᠰᠤᠷᠭᠠᠨ ᠬᠥᠮᠦᠵᠢᠯ ᠢ ᠳᠡᠮᠵᠢᠭᠴᠢᠳ ᠤᠨ ᠠᠵᠢᠯᠲᠠᠨ ᠤ ᠶᠠᠪᠤᠳᠠᠯ ᠤᠨ ᠬᠠᠷᠢᠴᠠᠭ᠎ᠠ᠂ ᠴᠠᠯᠢᠩ ᠣᠯᠭᠤᠮᠵᠢ ᠶᠢ ᠬᠤᠪᠢᠷᠠᠭᠤᠯᠬᠤ ᠦᠭᠡᠢ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ᠂ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠶᠢ ᠰᠢᠯᠭᠠᠷᠠᠭᠤᠯᠬᠤ ᠪᠠ ᠰᠢᠯᠢᠳᠡᠭ ᠢ ᠨᠢ ᠰᠢᠯᠭᠠᠷᠠᠭᠤᠯᠤᠨ ᠬᠥᠬᠢᠭᠦᠯᠬᠦ ᠦᠶ᠎ᠡ ᠳᠤ ᠰᠤᠷᠭᠠᠨ ᠬᠥᠮᠦᠵᠢᠯ ᠢ ᠳᠡᠮᠵᠢᠬᠦ ᠪᠠᠭᠰᠢ ᠳᠤ ᠲᠤᠰᠬᠠᠢ ᠲᠦᠯᠦᠪᠯᠡᠭᠡ ᠬᠢᠵᠦ ᠥᠭᠬᠦ ᠬᠡᠷᠡᠭᠲᠡᠶ᠃      4.ᠨᠢᠭᠡ ᠬᠤᠲᠠ ᠶᠢ ᠲᠣᠭᠤᠷᠢᠵᠤ ᠵᠢᠭᠠᠨ ᠰᠤᠷᠭᠠᠬᠤ ᠲᠣᠭᠲᠠᠴᠠ ᠶᠢ ᠪᠠᠶᠢᠭᠤᠯᠤᠨ᠎ᠠ᠃      ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠬᠤᠰᠢᠭᠤ ᠰᠢᠶᠠᠨ ᠤ ᠪᠠᠨ ᠰᠤᠷᠭᠠᠭᠤᠯᠢ ᠶᠢᠨ ᠪᠠᠭᠰᠢ ᠶᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠣᠶᠢᠷ᠎ᠠ ᠬᠠᠪᠢ ᠶᠢᠨ ᠢᠶᠠᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠬᠦᠷᠴᠦ᠂ ᠬᠢᠴᠢᠶᠡᠯ ᠬᠠᠪᠰᠤᠷᠭᠠᠨ ᠵᠢᠭᠠᠬᠤ ᠶᠢ ᠵᠣᠷᠢᠭᠵᠢᠭᠤᠯᠬᠤ ᠬᠡᠷᠡᠭᠲᠡᠢ᠃ ᠮᠡᠷᠭᠡᠵᠢᠯ ᠤᠨ ᠴᠣᠯᠠ ᠲᠣᠭᠲᠠᠭᠠᠬᠤ ᠪᠠ ᠵᠢᠭᠠᠨ ᠰᠤᠷᠭᠠᠬᠤ ᠴᠢᠳᠠᠪᠤᠷᠢᠲᠠᠨ᠂ ᠬᠢᠴᠢᠶᠡᠯ ᠲᠥᠷᠥᠯ ᠤᠨ ᠳᠠᠭᠠᠭᠤᠯᠤᠭᠴᠢ ᠶᠢ ᠰᠢᠯᠭᠠᠷᠠᠭᠤᠯᠬᠤ ᠳᠤ ᠬᠢᠴᠢᠶᠡᠯ ᠬᠠᠪᠰᠤᠷᠭᠠᠭᠰᠠᠨ ᠪᠠᠭᠰᠢ ᠶᠢ  ᠤᠷᠢᠳ ᠢᠶᠠᠷ ᠪᠣᠳᠣᠯᠬᠢᠯᠠᠬᠤ ᠬᠡᠷᠡᠭᠲᠡᠶ᠃      5.︽ᠠᠮᠠᠷᠠᠯᠲᠠ ᠳᠤ ᠪᠠᠨ ᠭᠠᠷᠤᠭᠰᠠᠨ︾ ᠪᠠᠭᠰᠢ ᠶᠢ ᠤᠷᠢᠵᠤ ᠬᠡᠷᠡᠭᠯᠡᠬᠦ ᠲᠦᠯᠦᠪᠯᠡᠭᠡ ᠶᠢ ᠬᠡᠷᠡᠭᠵᠢᠭᠦᠯᠦᠨ᠎ᠡ᠃      ᠲᠤᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠨ ᠣᠷᠴᠢᠮ ᠤᠨ ᠲᠠᠪᠤᠨ ᠵᠢᠯ ᠤᠨ ᠳᠣᠲᠣᠷ᠎ᠠ ᠠᠵᠢᠯ ᠤᠨ ᠠᠮᠠᠷᠠᠯᠲᠠ ᠳᠤ ᠪᠠᠨ ᠭᠠᠷᠤᠭᠰᠠᠨ ᠰᠢᠯᠢᠳᠡᠭ᠂ ᠭᠤᠤᠯᠯᠠᠭᠴᠢ ᠪᠠᠭᠰᠢ ᠶᠢ ᠤᠷᠢᠵᠤ᠂ ᠠᠵᠢᠯ ᠤᠨ ᠪᠠᠶᠢᠷᠢ ᠳᠤ ᠪᠠᠨ ᠪᠤᠴᠠᠵᠤ ᠪᠠᠭᠰᠢᠯᠠᠬᠤ ᠶᠢ ᠵᠣᠷᠢᠭᠵᠢᠭᠤᠯᠤᠨ᠂ ᠤᠷᠢᠵᠤ ᠬᠡᠷᠡᠭᠯᠡᠬᠦ ᠬᠤᠭᠤᠴᠠᠭ᠎ᠠ ᠨᠢ ᠡᠩ ᠤᠨ ᠪᠠᠶᠢᠳᠠᠯ ᠳᠤ 1 ᠵᠢᠯ ᠠᠴᠠ ᠣᠬᠤᠷ ᠪᠠᠶᠢᠵᠤ ᠪᠣᠯᠬᠤ ᠥᠬᠡᠶ᠂ 65 ᠨᠠᠰᠤᠨ ᠠᠴᠠ ᠬᠡᠲᠦᠷᠡᠵᠦ ᠪᠣᠯᠬᠤ ᠦᠭᠡᠢ᠃ ᠤᠷᠢᠭᠰᠠᠨ ᠪᠠᠭᠰᠢ ᠨᠠᠷ ᠲᠤ ᠤᠤᠯ ᠤᠨ ᠠᠵᠢᠯ ᠤᠨ ᠠᠮᠠᠷᠠᠯᠲᠠ ᠳᠤ ᠪᠠᠨ ᠭᠠᠷᠬᠤ ᠦᠶ᠎ᠡ ᠶᠢᠨ ᠴᠠᠯᠢᠩ ᠣᠯᠭᠤᠮᠵᠢ  ᠶᠢ ᠨᠢ ᠭᠦᠷᠲᠡᠭᠡᠭᠰᠡᠨ ᠰᠠᠭᠤᠷᠢᠨ ᠳᠡᠭᠡᠷ᠎ᠡ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠯᠠᠪᠯᠠᠵᠤ᠂ ᠠᠵᠢᠯ ᠤᠨ ᠨᠥᠬᠦᠪᠦᠷᠢ ᠭᠦᠷᠲᠡᠭᠡᠬᠦ ᠬᠡᠷᠡᠭᠲᠡᠢ᠃       ᠪᠠᠭᠰᠢ ᠶᠢᠨ ᠬᠡᠪ ᠴᠢᠨᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠲᠦᠯᠦᠪᠯᠡᠭᠡ ᠶᠢ ᠬᠡᠷᠡᠭᠵᠢᠭᠦᠯᠬᠦ       6.ᠪᠠᠭᠰᠢ ᠶᠢᠨ ᠰᠤᠷᠲᠠᠯ ᠤᠨ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃       ᠡᠯ᠎ᠡ ᠭᠠᠵᠠᠷ ᠤᠨ ᠡᠯ᠎ᠡ ᠰᠤᠷᠭᠠᠭᠤᠯᠢ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠪᠠᠭᠰᠢ ᠶᠢᠨ ᠬᠡᠪ ᠴᠢᠨᠠᠷ  ᠢ ᠦᠨᠡᠯᠡᠬᠦ ᠨᠢᠭᠡᠳᠦᠭᠡᠷ  ᠪᠠᠷᠢᠮᠵᠢᠶ᠎ᠠ ᠪᠣᠯᠭᠠᠵᠤ᠂ ᠪᠠᠭᠰᠢ ᠶᠢᠨ ᠰᠤᠷᠲᠠᠯ ᠤᠨ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠳᠡᠭᠦᠯᠳᠡᠷᠵᠢᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠠᠴᠠ ᠪᠠᠭᠰᠢ ᠶᠢᠨ ᠪᠠᠶᠠᠷ ᠲᠤ ᠢᠯᠡᠭᠡᠭᠰᠡᠨ ᠦᠭᠡ᠂ ︽ᠶᠡᠷᠦᠩᠬᠡᠶ ᠱᠦᠵᠢ ᠰᠢ ᠶᠢᠨ ᠫᠢᠩ ᠤᠨ ᠪᠠᠭᠰᠢ ᠶᠢᠨ ᠲᠤᠬᠠᠢ ᠴᠢᠬᠤᠯᠠ ᠶᠠᠷᠢᠶᠠᠨ ᠤ ᠲᠠᠶᠢᠯᠤᠮᠵᠢ︾᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠲᠤᠬᠠᠶ ᠴᠢᠬᠤᠯᠠ ᠵᠢᠭᠠᠪᠤᠷᠢ ᠵᠢᠴᠢ ᠰᠤᠷᠭᠠᠨ ᠬᠥᠮᠦᠵᠢᠯ ᠤᠨ ᠶᠠᠮᠤᠨ ᠠᠴᠠ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭᠠᠨ ᠤ ᠠᠷᠪᠠᠨ ᠵᠣᠷᠪᠤᠰ ᠳᠦᠷᠢᠮ︾᠂ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠪᠠ ᠶᠣᠰᠣ ᠰᠤᠷᠲᠠᠬᠤᠨ ᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ︾ ᠢ ᠵᠠᠪᠠᠯ ᠰᠤᠷᠬᠤ ᠠᠭᠤᠯᠭ᠎ᠠ ᠳᠤ ᠪᠠᠨ ᠣᠷᠤᠭᠤᠯᠵᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠬᠠᠷᠢᠴᠠᠭᠤᠯᠤᠨ ᠪᠠᠶᠢᠴᠠᠭᠠᠬᠤ᠂ ᠬᠢᠨᠠᠨ ᠰᠢᠯᠭᠠᠵᠤ ᠦᠨᠡᠯᠡᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠰᠠᠭᠤᠷᠢ ᠪᠠᠨ ᠤᠯᠠᠮ ᠨᠢᠭᠡ ᠠᠯᠬᠤᠮ ᠴᠢᠩᠭᠠᠳᠬᠠᠨ ᠤᠶᠤᠨ ᠤᠬᠠᠭᠠᠨ ᠢᠶᠠᠨ ᠪᠣᠯᠪᠠᠰᠤᠷᠠᠭᠤᠯᠵᠤ᠂ ᠥᠷᠭᠡᠨ ᠣᠯᠠᠨ ᠪᠠᠭᠰᠢ ᠠᠵᠢᠯᠲᠠᠨ ᠢ ᠬᠥᠲᠥᠯᠥᠨ ᠵᠢᠯᠣᠭᠤᠳᠴᠤ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ᠪᠠᠭᠰᠢ ᠶᠢᠨ ᠰᠤᠷᠲᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ︽ᠳᠥᠷᠪᠡᠨ ᠤᠬᠠᠮᠰᠠᠷ︾  ᠢᠶᠠᠨ ᠦᠢᠯᠡᠳᠦᠯᠭᠡᠵᠢᠭᠦᠯᠵᠦ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃       ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠪᠠᠭᠰᠢ ᠶᠢᠨ ᠰᠤᠷᠲᠠᠯ ᠤᠨ ᠬᠢᠨᠠᠨ ᠰᠢᠯᠭᠠᠯᠲᠠ ᠶᠢᠨ ᠦᠷ᠎ᠡ ᠳ᠋ᠦᠩ ᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ᠂ ᠮᠡᠷᠭᠡᠵᠢᠯ ᠤᠨ ᠴᠤᠯᠠ ᠲᠣᠭᠲᠠᠭᠠᠬᠤ᠂ ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ ᠪᠣᠯᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠰᠢᠯᠭᠠᠵᠤ ᠣᠯᠭᠤᠬᠤ ᠲᠡᠷᠢᠭᠦᠨ ᠴᠢᠬᠤᠯᠠ ᠨᠥᠬᠦᠴᠡᠯ ᠪᠣᠯᠭᠠᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠶᠢ ᠨᠢ ᠨᠢᠭᠡ ᠫᠢᠶᠣᠤ ᠪᠠᠷ ᠦᠭᠡᠶᠢᠰᠬᠡᠬᠦ ᠶᠢ ᠬᠡᠷᠡᠭᠵᠢᠭᠦᠯᠬᠦ ᠬᠡᠷᠡᠭᠲᠡᠢ᠃       7.ᠬᠤᠰᠢᠭᠤ ᠰᠢᠶᠠᠨ ᠤ ᠬᠡᠪᠴᠢᠶᠡᠨ ᠳᠤ ᠬᠢ ᠰᠤᠷᠭᠠᠭᠤᠯᠢ ᠶᠢᠨ ᠬᠤᠭᠤᠷᠣᠨᠳᠣᠬᠢ ᠬᠤᠣᠰᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃       ᠡᠯ᠎ᠡ ᠭᠠᠵᠠᠷ ᠤᠨ ᠬᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠪᠠᠶᠢᠳᠠᠯ ᠢ ᠦᠨᠳᠦᠰᠦᠯᠡᠨ᠂ 2020 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ᠤ ᠬᠡᠪᠴᠢᠶᠡᠨ ᠳᠤ ᠬᠢ ᠬᠤᠲᠠ ᠬᠥᠳᠡᠭᠡ ᠶᠢᠨ ᠬᠤᠭᠤᠷᠣᠨᠳᠣ᠂ ᠰᠤᠷᠭᠠᠭᠤᠯᠢ ᠶᠢᠨ ᠬᠤᠭᠤᠷᠣᠨᠳᠣ᠂ ᠲᠡᠷᠢᠭᠦᠨ ᠤ ᠡᠩ ᠤᠨ ᠰᠤᠷᠭᠠᠭᠤᠯᠢ ᠬᠢᠭᠡᠳ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠨᠢᠭᠡ ᠬᠠᠷᠢᠴᠠᠬᠤ ᠨᠢᠭᠡ︾᠂ ︽ᠣᠯᠠᠨ ᠬᠠᠷᠢᠴᠠᠬᠤ ᠨᠢᠭᠡ︾ ᠠᠵᠢᠯ ᠲᠥᠷᠥᠯ ᠢᠶᠠᠷ ᠢᠶᠠᠨ ᠬᠤᠤᠰᠯᠠᠬᠤ ᠪᠤᠶᠤ ᠬᠤᠯᠪᠤᠭᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ ᠵᠣᠬᠢᠶᠠᠨ ᠪᠠᠶᠢᠭᠤᠯᠵᠤ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠰᠣᠳᠤᠯᠬᠤ᠂ ᠬᠢᠴᠢᠶᠡᠯ ᠦᠨᠡᠯᠡᠬᠦ ᠪᠠ ᠬᠤᠣᠰᠯᠠᠵᠤ ᠬᠢᠴᠢᠶᠡᠯ ᠤᠨ ᠬᠡᠯᠪᠡᠷᠢ ᠶᠢ ᠰᠠᠶᠢᠵᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠴᠢᠳᠠᠪᠤᠷᠢ ᠪᠣᠯᠤᠨ ᠬᠢᠴᠢᠶᠡᠯᠯᠡᠭᠡ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃       8.ᠨᠠᠷᠠᠲᠤ ᠪᠠᠭᠰᠢ ᠬᠥᠲᠥᠯᠦᠨ ᠳᠠᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃       ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠳᠡᠰ ᠤᠨ ᠨᠠᠷᠠᠲᠤ ᠪᠠᠭᠰᠢ ᠶᠢᠨ ᠠᠵᠢᠯᠯᠠᠬᠤ ᠭᠠᠵᠠᠷ᠂ ᠨᠠᠷᠠᠲᠤ ᠪᠠᠭᠰᠢ ᠬᠥᠲᠥᠯᠦᠨ ᠳᠠᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠰᠢᠯᠢᠳᠡᠭ ᠵᠢᠭᠠᠨ ᠰᠤᠳᠤᠯᠤᠭᠴᠢ ᠶᠢ ᠵᠣᠬᠢᠶᠠᠨ ᠪᠠᠶᠢᠭᠤᠯᠬᠤ ᠪᠤᠶᠤ ︽ᠭᠤᠷᠪᠠᠳᠤᠭᠠᠷ ᠳᠡᠰ︾ ᠤᠨ ᠨᠡᠷᠡᠲᠦ ᠪᠠᠭᠰᠢ ᠶᠢᠨ ᠠᠵᠢᠯᠯᠠᠬᠤ ᠭᠠᠵᠠᠷ ᠤᠨ ᠬᠠᠷᠢᠭᠤᠴᠠᠯᠭᠠᠲᠠᠳ  ᠠᠴᠠ ᠲᠦᠷᠦᠭᠦᠯᠡᠵᠦ᠂ ᠮᠡᠷᠭᠡᠵᠢᠯᠲᠡᠨ ᠤ ᠪᠦᠯᠬᠦᠮ ᠢ ᠪᠦᠷᠢᠯᠳᠦᠭᠦᠯᠵᠦ᠂ ᠲᠤᠰ ᠭᠠᠵᠠᠷ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢᠨ ᠠᠵᠢᠯᠯᠠᠬᠤ ᠭᠠᠵᠠᠷ ᠲᠤ ᠣᠴᠢᠭᠤᠯᠵᠤ᠂ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠶᠠᠷᠢᠵᠤ ᠵᠢᠱᠢᠶ᠎ᠡ ᠦᠵᠡᠭᠦᠯᠬᠦ᠂ ᠠᠳᠠᠯᠢ ᠬᠢᠴᠢᠶᠡᠯ ᠢ ᠠᠳᠠᠯᠢ ᠪᠣᠰᠤ ᠪᠥᠲᠦᠴᠡ ᠪᠠᠷ ᠵᠢᠭᠠᠬᠤ᠂ ᠣᠨᠣᠰᠢᠯᠠᠵᠤ ᠮᠠᠳᠠᠭ ᠢ ᠨᠢ ᠲᠠᠶᠢᠯᠬᠤ ᠵᠡᠷᠭᠡ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠩ ᠣᠯᠠᠨ ᠪᠠᠭᠰᠢ ᠶᠢ ᠬᠥᠲᠥᠯᠥᠨ ᠵᠢᠯᠣᠭᠤᠳᠴᠤ ᠰᠢᠨ᠎ᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠭᠦᠯᠵᠦ᠂ ᠰᠢᠨ᠎ᠡ ᠵᠢᠭᠠᠬᠤ ᠠᠷᠭ᠎ᠠ ᠶᠢ ᠰᠠᠶᠢᠲᠤᠷ ᠡᠵᠡᠮᠰᠢᠭᠦᠯᠬᠦ ᠬᠡᠷᠡᠭᠲᠡᠢ᠃       9.ᠱᠠᠲᠤ ᠬᠤᠪᠢᠶᠠᠨ ᠪᠣᠯᠪᠠᠰᠤᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠎ᠡ᠃       ᠥᠪᠡᠷᠲᠡᠭᠡᠨ ᠵᠠᠰᠠᠬᠤ ᠣᠷᠣᠨ ᠵᠢᠱᠢᠶ᠎ᠡ ᠦᠵᠡᠭᠦᠯᠬᠦ ᠶᠢ ᠠᠳᠬᠤᠬᠤ᠂ ᠠᠶᠢᠮᠠᠭ ᠬᠤᠲᠠ ᠭᠤᠣᠯᠯᠠᠬᠤ ᠬᠦᠴᠦᠨ ᠢ ᠠᠳᠬᠤᠬᠤ᠂ ᠬᠤᠰᠢᠭᠤ ᠰᠢᠶᠠᠨ ᠪᠥᠬᠦ ᠠᠵᠢᠯᠲᠠᠨ ᠢ ᠠᠳᠬᠤᠬᠤ᠂ ᠰᠤᠷᠭᠠᠭᠤᠯᠢ ᠵᠢᠭᠠᠬᠤ ᠪᠠ ᠰᠣᠳᠤᠯᠬᠤ ᠶᠢ ᠪᠣᠯᠪᠠᠰᠤᠷᠠᠭᠤᠯᠵᠤ ᠰᠤᠳᠤᠯᠤᠨ ᠰᠤᠷᠤᠯᠴᠠᠬᠤ ᠳᠦᠷᠢᠮ ᠢ ᠦᠨᠳᠦᠰᠦᠨ ᠠᠴᠠ ᠨᠢ ᠠᠳᠬᠤᠬᠤ ᠶᠢ ᠳᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠭᠤᠤᠯᠯᠠᠬᠤ ᠪᠠᠭᠰᠢ᠂ ᠵᠢᠭᠠᠬᠤ ᠶᠢ ᠰᠤᠳᠤᠯᠬᠤ ᠠᠵᠢᠯᠲᠠᠨ ᠤ ᠵᠢᠱᠢᠶ᠎ᠡ ᠦᠵᠡᠭᠦᠯᠬᠦ ︽ᠭᠠᠷᠮᠠᠭᠠᠶᠢᠯᠠᠭᠴᠢ︾ ᠶᠢᠨ ᠪᠣᠯᠪᠠᠰᠤᠷᠠᠭᠤᠯᠤᠯ ᠢ ᠬᠠᠷᠢᠭᠤᠴᠠᠵᠤ᠂ 300 ᠰᠢᠬᠠᠮ ᠬᠥᠮᠦᠨ ᠢ ᠪᠣᠯᠪᠠᠰᠤᠷᠠᠭᠤᠯᠤᠨ᠎ᠠ᠃ ᠠᠶᠢᠮᠠᠭ ᠬᠤᠲᠠ ᠨᠢ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠬᠤᠣᠰ ᠬᠡᠯᠡᠨ ᠤ ᠭᠤᠣᠯᠯᠠᠭᠴᠢ ᠪᠠᠭᠰᠢ ᠶᠢ ᠪᠣᠯᠪᠠᠰᠤᠷᠭᠤᠯᠬᠤ ᠶᠢ ᠬᠠᠷᠢᠭᠤᠴᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠪᠦᠬᠦ ᠪᠠᠭᠰᠢ ᠶᠢ ᠪᠣᠯᠪᠠᠰᠤᠷᠠᠭᠤᠯᠬᠤ ᠶᠢ ᠬᠠᠷᠢᠭᠤᠴᠠᠵᠤ᠂ ᠡᠯ᠎ᠡ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠨᠢ ᠰᠤᠷᠭᠠᠭᠤᠯᠢ ᠶᠢᠨ ᠵᠢᠭᠠᠬᠤ ᠪᠠ ᠰᠣᠳᠤᠯᠬᠤ ᠶᠢ ᠬᠠᠷᠢᠭᠤᠴᠠᠬᠤ ᠬᠡᠷᠡᠭᠲᠡᠶ᠃ ᠪᠣᠯᠪᠠᠰᠤᠷᠠᠭᠤᠯᠤᠯ ᠢ ᠲᠥᠪᠯᠡᠷᠡᠭᠦᠯᠦᠨ ᠪᠣᠯᠪᠠᠰᠤᠷᠠᠭᠤᠯᠬᠤ᠂ ᠰᠦᠯᠵᠢᠶ᠎ᠡ ᠪᠠᠷ ᠪᠣᠯᠪᠠᠰᠤᠷᠠᠭᠤᠯᠬᠤ᠂ ᠰᠤᠷᠭᠠᠨ ᠬᠥᠮᠦᠵᠢᠯ ᠢ ᠰᠤᠷᠭᠠᠭᠤᠯᠢ ᠳᠤ ᠬᠦᠷᠭᠡᠬᠦ᠂ ᠨᠡᠷᠡᠲᠦ ᠪᠠᠭᠰᠢ ᠵᠢᠯᠣᠭᠤᠳᠬᠤ ᠪᠠ ᠠᠵᠢᠯ ᠤᠨ ᠪᠠᠶᠢᠷᠢ ᠳᠤ ᠰᠣᠳᠤᠯᠤᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠪᠣᠯᠪᠠᠰᠤᠷᠠᠭᠤᠯᠬᠤ ᠠᠭᠤᠯᠭ᠎ᠠ ᠪᠠ ᠬᠡᠷᠡᠭᠵᠢᠭᠦᠯᠬᠦ ᠲᠥᠰᠦᠯ ᠢ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠬᠡᠷᠡᠭᠴᠡᠭᠡ ᠱᠠᠭᠠᠷᠳᠠᠯᠭᠠᠲᠤ ᠪᠣᠯᠪᠠᠰᠤᠷᠠᠭᠤᠯᠤᠯ ᠬᠦᠷᠲᠡᠬᠦ ᠬᠥᠮᠦᠰ ᠢ ᠦᠨᠳᠦᠰᠦᠯᠡᠨ ᠲᠣᠭᠲᠠᠭᠠᠵᠤ᠂ ᠪᠣᠯᠪᠠᠰᠤᠷᠠᠭᠤᠯᠬᠤ ᠦᠶᠡᠯᠡᠯ ᠨᠢ 3 ᠵᠢᠯ ᠢᠶᠠᠷ ᠡᠭᠡᠯᠵᠢᠯᠡᠬᠦ ᠪᠣᠯᠤᠨ᠎ᠠ᠃       10.︽ᠭᠠᠷᠮᠠᠭᠠᠶ ᠪᠠᠭᠰᠢ︾ ᠶᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃       ᠡᠯ᠎ᠡ  ᠬᠢᠴᠢᠶᠡᠯ ᠲᠦᠷᠦᠯ   ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠢᠴᠢᠶᠡᠯ ᠲᠦᠷᠦᠯ ᠤᠨ ᠳᠠᠭᠠᠭᠤᠯᠤᠭᠴᠢ ᠪᠣᠯᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠷᠠᠭᠤᠯᠤᠯ ᠢ ᠬᠦᠷᠲᠡᠭᠰᠡᠨ ᠪᠥᠭᠡᠳ ᠰᠢᠯᠢᠳᠡᠭ ᠬᠤᠣᠰ ᠬᠡᠯᠡᠨ ᠤ ᠪᠠᠭᠰᠢ ᠪᠠᠷ ᠰᠢᠯᠭᠠᠷᠠᠭᠤᠯᠤᠭᠰᠠᠳ ᠢ ︽ᠭᠠᠷᠮᠠᠭᠠᠶ ᠪᠠᠭᠰᠢ︾ ᠬᠥᠮᠦᠵᠢᠭᠦᠯᠬᠦ ᠵᠢᠱᠢᠭᠳᠡᠭᠴᠢ ᠪᠣᠯᠭᠠᠵᠤ᠂ ᠭᠤᠷᠪᠠᠨ ᠬᠤᠭᠤᠴᠠᠭ᠎ᠠ ᠬᠤᠪᠢᠶᠠᠵᠤ ᠬᠤᠸᠠᠳᠦ᠋ᠩ  ᠪᠠᠭᠰᠢ ᠶᠢᠨ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠨᠡᠷᠡᠲᠦ ᠰᠤᠷᠭᠠᠭᠤᠯᠢ ᠳᠤ ᠨᠠᠶᠢᠳᠠᠵᠤ᠂ ︽ᠬᠡᠰᠡᠭ ᠬᠤᠪᠢᠶᠠᠨ ᠣᠯᠠᠨ ᠤᠳᠠᠭ᠎ᠠ ᠲᠥᠪᠯᠡᠷᠡᠭᠦᠯᠬᠦ + ᠰᠦᠯᠵᠢᠶ᠎ᠡ ᠪᠠᠷ ᠰᠤᠳᠤᠯᠤᠨ ᠰᠤᠷᠤᠯᠴᠠᠬᠤ + ᠠᠵᠢᠯ ᠤᠨ ᠪᠠᠶᠢᠷᠢ ᠳᠤ ᠪᠠᠨ ᠪᠤᠴᠠᠨ ᠦᠢᠯᠡᠳᠦᠯᠭᠡᠵᠢᠭᠦᠯᠬᠦ + ᠨᠡᠷᠡᠲᠦ ᠰᠤᠷᠭᠠᠭᠤᠯᠢ ᠶᠢ ᠰᠤᠷᠪᠤᠯᠵᠢᠯᠠᠬᠤ︾ ᠵᠡᠷᠭᠡ ᠠᠷᠭ᠎ᠠ ᠮᠠᠶ᠋ᠢᠭ ᠢ ᠠᠪᠴᠤ᠂ 2 ᠵᠢᠯ ᠢ ᠨᠢᠭᠡ ᠦᠶᠡᠯᠡᠯ ᠪᠣᠯᠭᠠᠨ ᠪᠣᠯᠪᠠᠰᠤᠷᠠᠭᠤᠯᠤᠯ ᠬᠢᠯᠭᠡᠵᠦ᠂ ᠪᠣᠯᠪᠠᠰᠤᠷᠠᠭᠤᠯᠤᠯ ᠤᠨ ᠬᠤᠭᠤᠴᠠᠭ᠎ᠠ ᠨᠢ ᠳᠠᠭᠤᠰᠴᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ︽ᠬᠢᠴᠢᠶᠡᠯ ᠲᠦᠷᠦᠯ ᠤᠨ ᠳᠠᠭᠠᠭᠤᠯᠤᠭᠴᠢ︾ ᠶᠢᠨ ᠬᠠᠮᠢᠶ᠎ᠠ ᠪᠦᠬᠦᠢ ᠣᠯᠭᠤᠮᠵᠢ ᠶᠢ ᠬᠦᠷᠲᠡᠵᠦ᠂ ᠨᠢᠭᠡ ᠪᠦᠯᠦᠭ ᠥᠪᠡᠷᠮᠢᠴᠡ ᠵᠢᠭᠠᠨ ᠰᠤᠷᠭᠠᠬᠤ ᠬᠡᠪ ᠨᠠᠮᠪᠠ ᠲᠠᠢ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠬᠥᠲᠥᠯᠥᠨ ᠵᠢᠯᠣᠭᠤᠳᠴᠤ ᠴᠢᠳᠠᠬᠤᠶᠢᠴᠠ ᠰᠤᠷᠭᠠᠨ ᠬᠦᠮᠦᠵᠢᠯᠲᠡᠨ ᠤ ᠮᠠᠶ᠋ᠢᠭᠲᠤ ᠭᠤᠤᠯᠯᠠᠬᠤ ᠪᠠᠭᠰᠢ ᠶᠢᠨ ᠬᠠᠮᠲᠤᠯᠢᠭ ᠢ ᠬᠦᠴᠦᠯᠡᠨ ᠬᠥᠮᠥᠵᠢᠭᠦᠯᠬᠦ ᠬᠡᠷᠡᠭᠲᠡᠶ᠃       11.ᠪᠠᠭᠰᠢ ᠨᠠᠷ ᠤᠨ ᠰᠤᠷᠤᠯᠭ᠎ᠠ ᠶᠢᠨ ᠨᠠᠮᠲᠠᠷ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃       ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠶᠢᠳᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠭᠤᠷᠪᠠᠨ ᠬᠢᠴᠢᠶᠡᠯ ᠲᠦᠷᠦᠯ︾  ᠤᠨ ᠬᠤᠣᠰ ᠬᠡᠯᠡᠨ ᠤ ᠪᠠᠭᠰᠢ ᠶᠢᠨ ᠠᠩᠭᠢ ᠶᠢ ᠡᠷᠬᠢᠯᠡᠵᠦ᠂ ᠰᠤᠷᠤᠯᠭ᠎ᠠ ᠶᠢᠨ ᠳᠦᠷᠢᠮ ᠢ ᠬᠤᠯᠪᠣᠭᠳᠠᠯ ᠪᠦᠬᠦᠢ ᠲᠣᠭᠲᠠᠭᠠᠯ ᠶᠣᠰᠤ ᠪᠠᠷ ᠬᠡᠷᠡᠭᠵᠢᠭᠦᠯᠵᠦ᠂ ᠰᠤᠷᠤᠯᠭ᠎ᠠ ᠪᠠᠨ ᠳᠡᠭᠦᠰᠬᠦ ᠶᠢᠨ ᠬᠠᠮᠲᠤ ᠬᠢᠨᠠᠨ ᠰᠢᠯᠭᠠᠭᠠᠳ ᠬᠢᠷᠢ ᠲᠡᠩᠴᠡᠭᠰᠡᠳ ᠲᠤ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠲᠡᠭᠦᠰᠦᠭᠰᠡᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠢ ᠣᠯᠭᠤᠨ᠎ᠠ᠃ ᠰᠤᠷᠤᠯᠭ᠎ᠠ ᠶᠢᠨ ᠬᠤᠭᠤᠴᠠᠭᠠᠨ ᠳᠤ ᠬᠢ ᠪᠠᠭᠰᠢ ᠶᠢᠨ ᠤᠤᠯ ᠤᠨ ᠠᠵᠢᠯ ᠤᠨ ᠪᠠᠶᠢᠷᠢ ᠳᠤ ᠬᠢ ᠬᠠᠷᠠᠭᠠᠯᠵᠠᠯ ᠢ ᠬᠤᠪᠢᠷᠠᠭᠤᠯᠬᠤ ᠥᠬᠡᠶ᠂ ᠰᠤᠷᠤᠯᠭ᠎ᠠ ᠶᠢᠨ ᠰᠦᠢᠳᠭᠡᠯ᠂ ᠬᠢᠴᠢᠶᠡᠯ ᠤᠨ ᠡᠬᠢ ᠪᠠᠶᠠᠯᠢᠭ ᠤᠨ ᠰᠦᠢᠳᠭᠡᠯ᠂ ᠵᠢᠭᠠᠬᠤ ᠮᠠᠲ᠋ᠧᠷᠢᠶᠠᠯ ᠤᠨ ᠰᠦᠢᠳᠭᠡᠯ ᠵᠡᠷᠭᠡ ᠶᠢ ᠵᠠᠷᠴᠢᠮ ᠳᠡᠭᠡᠷ᠎ᠡ ᠪᠠᠨ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠵᠣᠬᠢᠬᠤ ᠬᠠᠷᠢᠴᠠᠯ ᠢᠶᠠᠷ ᠬᠤᠪᠢᠶᠠᠨ ᠡᠭᠦᠷᠭᠡᠯᠡᠬᠦ ᠬᠡᠷᠡᠭᠲᠡᠢ᠃       12.ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠳᠡᠭᠡᠭᠰᠢᠯᠡᠭᠦᠯᠬᠦ ᠲᠦᠯᠦᠪᠯᠡᠭᠡ ᠶᠢ ᠬᠡᠷᠡᠭᠵᠢᠭᠦᠯᠦᠨ᠎ᠡ᠃       ᠥᠪᠡᠷᠲᠡᠭᠡᠨ ᠵᠠᠰᠠᠬᠤ ᠣᠷᠣᠨ ᠠᠴᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠨᠠᠶᠢᠳᠠᠵᠤ᠂ APP ᠢᠶᠠᠷ ᠡᠭᠦᠷᠭᠡ ᠶᠢ ᠳᠠᠮᠵᠢᠭᠤᠯᠤᠨ ᠬᠦᠷᠭᠡᠬᠦ᠂ ᠲᠤᠰᠬᠠᠶ ᠮᠡᠷᠭᠡᠵᠢᠯᠲᠡᠨ ᠬᠠᠷᠢᠯᠴᠠᠨ ᠵᠢᠯᠣᠭᠤᠳᠬᠤ᠂ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠨᠢᠭᠡ ᠬᠠᠷᠢᠴᠠᠬᠤ ᠨᠢᠭᠡ ᠪᠠᠷ ᠬᠠᠪᠰᠤᠷᠤᠨ ᠵᠢᠯᠣᠭᠤᠳᠬᠤ᠂ ᠰᠣᠳᠣᠨ ᠪᠢᠴᠢᠯ ᠬᠢᠴᠢᠶᠡᠯᠯᠡᠭᠡ ᠶᠢ ᠬᠤᠪᠢᠶᠠᠯᠴᠠᠬᠤ ᠵᠡᠷᠭᠡ ᠰᠦᠯᠵᠢᠶᠡᠨ ᠤ ᠰᠤᠷᠤᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠬᠢᠵᠦ᠂ ᠪᠣᠯᠪᠠᠰᠤᠷᠠᠭᠤᠯᠬᠤ ᠬᠤᠭᠤᠴᠠᠭ᠎ᠠ ᠨᠢ 2 ᠰᠠᠷ᠎ᠠ ᠪᠣᠯᠤᠨ᠎ᠠ᠃ ᠵᠢᠯ ᠪᠦᠷᠢ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠤᠣᠰ ᠬᠡᠯᠡᠨ ᠤ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠪᠠᠭᠰᠢ ᠶᠢ 500 —  600 ᠬᠥᠮᠦᠨ ᠢ ᠪᠣᠯᠪᠠᠰᠤᠷᠠᠭᠤᠯᠵᠤ᠂ ᠬᠠᠮᠤᠭ ᠤᠨ ᠪᠠᠭ᠎ᠠ  ᠳᠤ ᠪᠠᠨ 3 ᠵᠢᠯ ᠳᠠᠷᠠᠭᠠᠯᠠᠨ  ᠬᠡᠷᠡᠭᠵᠢᠭᠦᠯᠦᠨ᠎ᠡ᠃       ᠰᠢᠯᠢᠳᠡᠭ  ᠪᠠᠭᠰᠢ ᠶᠢᠨ ᠡᠬᠢ  ᠪᠠᠶᠠᠯᠢᠭ ᠢ ᠨᠥᠭᠡᠴᠡᠯᠡᠬᠦ  ᠲᠦᠯᠦᠪᠯᠡᠭᠡ ᠶᠢ ᠬᠡᠷᠡᠭᠵᠢᠭᠦᠯᠬᠦ       13.ᠰᠢᠯᠢᠳᠡᠭ ᠪᠠᠭᠰᠢ ᠶᠢᠨ ᠡᠬᠢ ᠪᠠᠶᠠᠯᠢᠭ ᠢ ᠨᠥᠭᠡᠴᠡᠯᠡᠬᠦ ᠶᠢ ᠴᠢᠩᠭᠠᠳᠬᠠᠨ᠎ᠠ᠃       2021 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ︽ᠪᠠᠭᠰᠢ ᠶᠢ ᠠᠯᠪᠠᠨ ᠵᠠᠷᠤᠳᠠᠯ ᠢᠶᠠᠷ ᠬᠠᠨᠳᠤᠯᠭᠠᠲᠠᠢ ᠬᠥᠮᠦᠵᠢᠭᠦᠯᠬᠦ ᠲᠦᠯᠦᠪᠯᠡᠭᠡ︾ ᠪᠠᠷ ᠳᠠᠮᠵᠢᠭᠤᠯᠤᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠶᠢᠳᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠭᠤᠷᠪᠠᠨ ᠰᠢᠨᠵᠢᠯᠡᠭᠡᠨ ᠤ ᠰᠠᠯᠠᠭ᠎ᠠ︾ ᠶᠢᠨ ᠬᠤᠤᠰ ᠬᠡᠯᠡᠨ ᠤ ᠰᠢᠯᠢᠳᠡᠭ ᠪᠠᠭᠰᠢ ᠶᠢ ᠬᠥᠮᠥᠵᠢᠭᠦᠯᠦᠨ ᠨᠥᠭᠡᠴᠡᠯᠡᠵᠦ᠂ ᠵᠢᠯ ᠪᠦᠷᠢ ᠨᠢᠭᠡᠳᠦᠭᠡᠷ ᠪᠦᠯᠦᠭ ᠤᠨ ᠵᠢᠩᠬᠢᠨᠢ ᠠᠩᠭᠢ ᠳᠤ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠢᠵᠠᠭᠠᠷ ᠬᠤᠪᠢᠨ ᠳᠤ ᠬᠦᠷᠦᠭᠰᠡᠨ ᠪᠠᠭᠰᠢᠯᠠᠬᠤ ᠳᠤᠷᠠᠳᠠᠢ᠂ ᠪᠠᠭᠰᠢᠯᠠᠬᠤ ᠳᠤ ᠲᠣᠬᠢᠷᠠᠮᠵᠢᠲᠠᠢ᠂ ᠪᠠᠭᠰᠢᠯᠠᠬᠤ ᠳᠤ ᠴᠢᠳᠠᠮᠠᠭᠠᠢ ᠮᠥᠷᠲᠡᠭᠡᠨ ᠬᠤᠣᠰ ᠬᠡᠯᠡᠨ ᠤ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠳᠠᠭ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠢᠯᠢᠳᠡᠭ ᠰᠤᠷᠤᠭᠴᠢᠳ ᠢ ᠰᠢᠯᠢᠨ ᠰᠣᠩᠭᠤᠵᠤ ᠤᠷᠢᠳᠴᠢᠯᠠᠨ ᠡᠯᠰᠡᠵᠦ᠂ ᠲᠥᠯᠦᠪᠦᠷᠢ ᠦᠭᠡᠢ ᠪᠠᠷ ᠬᠥᠮᠦᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠶ ᠵᠦᠢᠯ ᠤᠨ ᠬᠥᠮᠦᠵᠢᠯ ᠢ ᠭᠦᠷᠲᠡᠭᠡᠬᠦ ᠬᠡᠷᠡᠭᠲᠡᠢ᠃ ᠠᠯᠪᠠᠨ ᠰᠦᠢᠳᠭᠡᠯ ᠢᠶᠠᠷ ᠰᠤᠷᠤᠯᠴᠠᠬᠤ ᠬᠤᠤᠰ ᠬᠡᠯᠡᠨ ᠤ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠡᠯ᠎ᠡ ᠭᠠᠵᠠᠷ ᠤᠨ ᠬᠢᠨ ᠪᠠᠭᠰᠢ ᠶᠢᠨ ᠡᠩᠨᠡᠭᠡᠨ ᠤ ᠨᠠᠰᠤ ᠵᠢᠯ ᠤᠨ ᠪᠦᠲᠦᠴᠡ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠵᠡᠷᠭᠡ ᠶᠢ ᠦᠨᠳᠦᠰᠦᠯᠡᠨ ᠶᠡᠷᠦᠩᠬᠡᠶ ᠦᠨᠡᠯᠡᠯᠲᠡ ᠬᠢᠵᠦ᠂ ᠠᠶᠢᠮᠠᠭ ᠬᠤᠲᠠ ᠪᠠᠷ ᠨᠢᠭᠡᠴᠢ ᠪᠣᠯᠭᠠᠨ ᠥᠪᠡᠰᠦᠪᠡᠨ ᠮᠡᠳᠡᠭᠦᠯᠬᠦ ᠬᠡᠷᠡᠭᠲᠡᠶ᠃ ᠣᠳᠣᠬᠠᠨ ᠳᠤ ᠣᠷᠣᠨ ᠤ ᠳᠣᠲᠣᠷᠠᠬᠢ ᠳᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠮᠣᠩᠭᠤᠯ ᠢᠶᠠᠷ ᠬᠢᠴᠢᠶᠡᠯᠯᠡᠬᠦ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢᠨ ᠬᠢᠲᠠᠳ ᠢᠶᠠᠷ ᠬᠢᠴᠢᠶᠡᠯᠯᠡᠬᠦ ᠬᠤᠪᠢ ᠶᠢᠨ ᠵᠢᠩ ᠢ ᠨᠡᠮᠡᠭᠳᠡᠭᠦᠯᠵᠦ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠬᠤ ᠴᠢᠳᠠᠪᠤᠷᠢᠲᠠᠢ ᠬᠤᠤᠰ ᠬᠡᠯᠡᠨ ᠤ ᠪᠠᠭᠰᠢ ᠶᠢ ᠬᠦᠴᠦᠯᠡᠨ ᠬᠥᠮᠥᠵᠢᠭᠦᠯᠬᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map