ᠬᠦᠪᠰᠦᠬᠦᠷ ᠰᠢᠪᠠᠷ ᠤᠨ ᠷᠢᠳᠢ ᠰᠢᠳᠢ
ᠨᠡᠶᠢᠲᠡᠯᠡᠭᠰᠡᠨ ᠴᠠᠭ᠄
2021/1/20
                                        ᠡᠦ ᠬᠤᠩ ᠰᠢᠶᠠ      ᠦᠩᠬᠡᠲᠦ ᠰᠢᠪᠠᠷ ᠢᠶᠠᠷ ᠨᠠᠭᠠᠳᠬᠤ ᠪᠤᠯ ᠰᠤᠷᠤᠭᠴᠢᠳ ᠤᠨ ᠬᠠᠮᠤᠭ ᠤᠨ ᠲᠤᠷᠠᠲᠠᠢ ᠲᠤᠭᠯᠠᠭᠠᠮ ᠤᠨ ᠨᠢᠭᠡ ᠪᠤᠯᠤᠨ᠎ᠠ᠃ ᠲᠤᠭᠯᠠᠭᠠᠮ ᠢᠶᠠᠷ ᠲᠠᠮᠵᠢᠭᠤᠯᠤᠨ ᠰᠤᠷᠤᠭᠴᠢᠳ ᠤᠨ ᠵᠢᠷᠤᠭ ᠪᠠᠶᠢᠷᠢᠰᠢᠭᠤᠯᠬᠤ ᠠᠷᠭ᠎ᠠ ᠮᠡᠷᠬᠡᠵᠢᠯ᠂ ᠭᠠᠷ ᠬᠦᠳᠡᠯᠤᠨ ᠤᠷᠤᠯᠳᠤᠬᠤ ᠴᠢᠳᠠᠪᠦᠷᠢ ᠶᠢ ᠪᠤᠯᠪᠠᠰᠤᠷᠠᠭᠤᠯᠬᠤ ᠪᠠᠷ ᠦᠯᠤ ᠪᠠᠷᠡᠨ ᠠᠵᠢᠭᠯᠠᠬᠤ ᠴᠢᠳᠠᠪᠦᠷᠢ ᠶᠢ ᠨᠢ ᠲᠡᠭᠡᠭᠰᠢᠯᠡᠬᠦᠯᠵᠦ᠂ ᠰᠤᠷᠤᠭᠴᠢᠳ ᠤᠨ ᠤᠷᠡᠨ ᠵᠢᠷᠤᠭ ᠰᠤᠷᠤᠯᠴᠠᠬᠤ ᠤᠷᠮ᠎ᠠ ᠪᠠᠬ᠎ᠠ ᠶᠢ ᠬᠦᠭᠵᠢᠬᠡᠵᠦ᠂ ᠦᠷᠳᠡᠭ ᠤᠨ ᠦᠵᠡᠯᠲᠡ ᠶᠢ ᠪᠤᠢ ᠪᠤᠯᠭᠠᠨ ᠭᠤᠸ᠎ᠠ ᠰᠠᠶᠢᠬᠠᠨ ᠤ ᠬᠦᠮᠦᠵᠢᠯ ᠬᠦᠷᠳᠡᠬᠡᠬᠦ ᠵᠤᠷᠢᠯᠭ᠎ᠠ ᠳᠤ ᠪᠠᠨ ᠬᠦᠷᠴᠦ ᠴᠢᠳᠠᠬᠤ ᠪᠤᠯᠤᠨ᠎ᠠ᠃ ᠦᠩᠬᠡᠲᠦ ᠰᠢᠪᠠᠷ ᠨᠢ ᠡᠩ ᠤᠨ ᠰᠢᠪᠠᠷ ᠢ ᠪᠤᠳᠤᠪᠠᠯ ᠰᠤᠷᠤᠭᠴᠢᠳ ᠤᠨ ᠲᠤᠷ᠎ᠠ ᠰᠤᠨᠢᠷᠬᠠᠯ ᠢ ᠨᠡᠩ ᠢᠯᠡᠬᠦᠦ ᠲᠠᠳᠠᠬᠤ ᠬᠦᠴᠤᠨ ᠲᠠᠢ ᠪᠠᠶᠢᠳᠠᠭ᠃ ᠬᠦᠪᠰᠦᠬᠦᠷ ᠰᠢᠪᠠᠷ ᠢ ᠠᠰᠢᠭᠯᠠᠨ ᠭᠠᠷ ᠤᠷᠠᠯᠠᠯ ᠤᠨ ᠪᠦᠲᠦᠭᠡᠯ ᠭᠠᠷᠭᠠᠬᠤ ᠲᠤᠬᠠᠢ ᠲᠤᠤᠷᠠᠬᠢ ᠬᠡᠳᠤᠨ ᠲᠠᠯ᠎ᠠ ᠠᠴᠠ ᠲᠦᠬᠦᠮ ᠦᠬᠦᠯᠡᠶ᠎ᠡ᠃      ᠨᠢᠭᠡ᠂ ᠵᠢᠷᠤᠭ ᠪᠠᠶᠢᠷᠢᠰᠢᠭᠤᠯᠬᠤ      ᠵᠢᠷᠤᠭ ᠪᠠᠶᠢᠷᠢᠰᠢᠭᠤᠯᠬᠤ ᠨᠢ ᠰᠤᠷᠤᠭᠴᠢᠳ ᠤᠨ ᠤᠷᠡᠨ ᠵᠢᠷᠤᠭ ᠰᠤᠷᠤᠯᠴᠠᠬᠤ ᠶᠢᠨ ᠬᠠᠮᠤᠭ ᠤᠨ ᠭᠤᠤᠯ ᠵᠠᠩᠬᠢᠯᠠᠭ᠎ᠠ ᠪᠤᠯᠵᠦ ᠪᠠᠶᠢᠳᠠᠭ᠃ ᠵᠢᠷᠤᠭ ᠪᠠᠶᠢᠷᠢᠰᠢᠭᠤᠯᠬᠤ ᠠᠷᠭ᠎ᠠ ᠮᠡᠷᠬᠡᠵᠢᠯ ᠤᠨ ᠲᠡᠬᠡᠭᠰᠢᠯᠡᠯᠲᠡ ᠨᠢ ᠡᠩ ᠤᠨ ᠴᠠᠭ ᠤᠨ ᠵᠢᠷᠤᠭᠴᠢᠯᠠᠬᠤ ᠶᠠᠪᠤᠴᠠ ᠳᠤ ᠬᠢ ᠤᠷᠲᠦ ᠬᠤᠭᠤᠴᠠᠭᠠᠨ ᠤ ᠴᠢᠷᠮᠠᠶᠢᠯᠭ᠎ᠠ ᠠᠴᠠ ᠰᠠᠯᠵᠦ ᠴᠢᠳᠠᠬᠤ ᠦᠬᠡᠢ᠃ ᠰᠤᠯᠠ ᠰᠡᠯᠡᠬᠦᠦ ᠴᠠᠭ ᠢᠶᠠᠷ ᠢᠶᠠᠨ ᠢᠯᠡᠬᠦᠬᠡᠨ ᠲᠠᠳᠠᠯᠭᠠᠨ ᠵᠢᠷᠤᠭ ᠵᠢᠷᠤᠵᠦ ᠦᠪᠡᠷ ᠤᠨ ᠵᠢᠷᠤᠭ ᠪᠠᠶᠢᠷᠢᠰᠢᠭᠤᠯᠬᠤ ᠴᠢᠳᠠᠪᠦᠷᠢ ᠪᠠᠨ ᠲᠡᠬᠡᠭᠰᠢᠯᠡᠬᠦᠯᠵᠦ᠂ ᠤᠷᠡᠨ ᠵᠢᠷᠤᠭ ᠰᠤᠷᠤᠯᠴᠠᠬᠤ ᠠᠩᠬᠠᠨ ᠤ ᠠᠯᠬᠤᠮ ᠢᠶᠠᠨ ᠰᠠᠶᠢᠳᠤᠷ ᠠᠯᠬᠤᠬᠤ ᠭᠡᠷᠡᠭᠲᠠᠢ ᠪᠠᠶᠢᠳᠠᠭ᠃ ᠵᠢᠷᠤᠭ ᠪᠠᠶᠢᠷᠢᠰᠢᠭᠤᠯᠬᠤ ᠳᠤ ᠪᠠᠨ ᠵᠢᠷᠤᠭᠴᠢᠯᠠᠬᠤ ᠬᠡᠵᠦ ᠪᠠᠶᠢᠭ᠎ᠠ ᠪᠤᠳᠡᠰ ᠢᠶᠠᠨ ᠡᠷᠬᠡᠪᠰᠢ ᠰᠠᠶᠢᠳᠤᠷ ᠠᠵᠢᠭᠯᠠᠵᠦ ᠪᠦᠲᠦᠴᠡ ᠶᠢᠨ ᠲᠠᠯ᠎ᠠ ᠪᠠᠷ ᠤᠶᠢᠯᠠᠭᠠᠨ᠂ ᠵᠢᠷᠤᠭ ᠤᠨ ᠬᠠᠪᠳᠠᠭᠠᠢ ᠳᠤ ᠪᠠᠨ ᠲᠤᠬᠢᠷᠠᠯᠴᠠᠭᠤᠯᠤᠨ ᠵᠢᠷᠤᠭᠴᠢᠯᠠᠬᠤ ᠶᠢ ᠤᠨᠴᠠ ᠠᠩᠬᠠᠷᠤᠭᠤᠯᠬᠤ ᠭᠡᠷᠡᠭᠲᠠᠢ᠃ ᠵᠢᠷᠤᠭ ᠤᠨ ᠪᠠᠶᠢᠷᠢᠰᠢᠭᠤᠯᠤᠯ ᠤᠨ ᠵᠤᠬᠢᠴᠡᠯ ᠨᠢ ᠬᠦᠮᠦᠰ ᠲᠤ ᠬᠠᠷᠠᠭᠠᠨ ᠤ ᠲᠠᠭᠠᠰᠢᠶᠠᠯ᠂ ᠭᠤᠸ᠎ᠠ ᠰᠠᠶᠢᠬᠠᠨ ᠤ ᠪᠠᠭ᠋ᠠᠷᠬᠠᠯ ᠤᠯᠭᠤᠳᠠᠭ᠃      ᠬᠤᠶᠠᠷ᠂ ᠬᠦᠪᠰᠦᠬᠦᠷ ᠰᠢᠪᠠᠷ ᠤᠨ ᠤᠨᠴᠠᠯᠢᠭ ᠰᠢᠨᠵᠢ      ᠬᠦᠪᠰᠦᠬᠦᠷ ᠰᠢᠪᠠᠷ ᠨᠢ ᠤᠤᠯ ᠤᠨ ᠦᠩᠭᠡᠲᠦ ᠰᠢᠪᠠᠷ ᠢ ᠪᠤᠳᠤᠪᠠᠯ ᠦᠩᠬᠡ ᠨᠢ ᠰᠢᠨ᠎ᠡ ᠰᠤᠷᠭᠤᠭ᠂ ᠤᠯᠠᠨ ᠶᠠᠩᠵᠦ ᠶᠢᠨ ᠦᠩᠬᠡᠯᠡᠬᠦᠨ ᠲᠠᠢ᠂ ᠦᠨᠦᠷ ᠦᠬᠡᠢ᠂ ᠠᠭᠠᠷ ᠲᠠᠢ ᠬᠦᠷᠦᠯᠴᠡᠵᠦ ᠤᠳᠠᠪᠡᠯ ᠤᠶᠠᠨ ᠵᠦᠬᠡᠯᠠᠨ ᠠᠴᠠ ᠪᠠᠨ ᠪᠠᠬᠢ ᠬᠠᠳᠠᠭᠤ ᠪᠤᠯᠵᠦ ᠬᠤᠪᠢᠷᠠᠨ᠎ᠠ᠃ ᠰᠤᠷᠤᠭᠴᠢᠳ ᠤᠨ ᠪᠡᠶ᠎ᠡ ᠮᠠᠬᠠᠪᠤᠳ ᠲᠤ ᠬᠤᠤᠷ ᠬᠦᠨᠦᠭᠡᠯ ᠦᠬᠡᠢ᠂ ᠨᠠᠭᠠᠯᠳᠤᠬᠤ ᠴᠢᠨᠠᠷ ᠢᠶᠠᠷ ᠴᠢᠩᠭ᠎ᠠ᠂ ᠤᠶᠠᠨ ᠵᠦᠬᠡᠯᠡᠨ ᠪᠠᠶᠢᠳᠠᠭ ᠢᠶᠠᠷ ᠢᠶᠠᠨ ᠭᠡᠤᠭᠡᠳ ᠤᠨ ᠪᠠᠭ᠋ᠠᠷᠬᠠᠯ ᠢ ᠤᠯᠵᠦ᠂ ᠤᠳᠤᠬᠠᠨ ᠳᠤ ᠰᠤᠷᠤᠭᠴᠢᠳ ᠤᠨ ᠭᠠᠷ ᠤᠷᠠᠯᠡᠯ ᠤᠨ ᠪᠦᠲᠦᠭᠡᠯ ᠭᠠᠷᠭᠠᠬᠤ ᠳᠤ ᠲᠤᠳᠠᠭᠳᠠᠵᠦ ᠪᠤᠯᠤᠰᠢ ᠦᠬᠡᠢ ᠤᠷᠡᠨ ᠵᠢᠷᠤᠭ ᠤᠨ ᠬᠡᠷᠡᠭᠰᠡᠯ ᠪᠤᠯᠵᠠᠢ᠃ ᠬᠦᠪᠰᠦᠬᠦᠷ ᠰᠢᠪᠠᠷ ᠨᠢ ᠨᠤᠬᠤᠯᠠᠬᠤ ᠲᠤᠳᠤᠮ ᠵᠦᠬᠡᠯᠡᠨ ᠪᠤᠯᠵᠦ ᠨᠠᠭᠠᠯᠳᠤᠬᠤ ᠴᠢᠨᠠᠷ ᠨᠢ ᠤᠯᠠᠮ ᠨᠡᠮᠡᠭᠳᠡᠬᠦ ᠪᠤᠯᠤᠨ᠎ᠠ᠃ ᠡ᠊ᠨᠡ ᠭᠦ ᠶᠠᠪᠤᠴᠠ ᠳᠤ ᠰᠤᠷᠤᠭᠴᠢᠳ ᠤᠨ ᠭᠠᠷ ᠬᠦᠳᠡᠯᠵᠦ ᠤᠷᠤᠯᠳᠤᠬᠤ ᠴᠢᠳᠠᠪᠦᠷᠢ ᠶᠢ ᠬᠦᠪᠴᠢᠯᠡᠵᠦ᠂ ᠰᠡᠳᠬᠢᠨ ᠪᠤᠳᠤᠯᠬᠢᠯᠠᠬᠤ ᠴᠢᠳᠠᠪᠤᠷᠢ᠂ ᠵᠤᠬᠢᠶᠠᠨ ᠪᠦᠲᠦᠭᠡᠬᠦ ᠴᠢᠳᠠᠪᠦᠷᠢ ᠶᠢ ᠲᠡᠬᠡᠭᠰᠢᠯᠡᠬᠦᠯᠬᠦ ᠪᠤᠯᠤᠨ᠎ᠠ᠃      ᠭᠤᠷᠪᠠ᠂ ᠬᠦᠪᠰᠦᠬᠦᠷ ᠰᠢᠪᠠᠷ ᠢᠶᠠᠷ ᠬᠦᠳᠦᠬᠦᠷ ᠰᠡᠶᠢᠯᠦᠮᠡᠯ ᠤᠨ ᠤᠨᠴᠠᠯᠢᠭ ᠲᠠᠢ ᠪᠦᠲᠦᠭᠡᠯ ᠭᠠᠷᠭᠠᠬᠤ      ᠬᠦᠪᠰᠦᠬᠦᠷ ᠰᠢᠪᠠᠷ ᠢ ᠠᠰᠢᠭᠯᠠᠨ ᠲᠦᠷᠢᠮ ᠭᠤᠷᠢᠮ ᠲᠠᠢ ᠪᠤᠳᠠᠰ ᠤᠨ ᠬᠡᠯᠪᠡᠷᠢ ᠲᠦᠷᠰᠦ ᠶᠢ ᠵᠤᠬᠢᠶᠠᠨ ᠪᠦᠲᠦᠭᠡᠵᠦ ᠴᠢᠳᠠᠬᠤ ᠮᠦᠷᠳᠡᠭᠡᠨ ᠬᠡᠯᠪᠡᠷᠢ ᠲᠦᠷᠰᠦ ᠨᠢ ᠡᠮᠬᠢ ᠵᠠᠮᠪᠠᠷᠠᠭ᠎ᠠ ᠦᠬᠡᠢ ᠪᠤᠳᠠᠰ ᠤᠨ ᠬᠡᠯᠪᠡᠷᠢ ᠲᠦᠷᠰᠦ ᠶᠢ ᠴᠦ ᠵᠤᠬᠢᠶᠠᠨ ᠪᠦᠲᠦᠭᠡᠵᠦ ᠬᠦᠮᠦᠰ ᠲᠤ ᠬᠦᠳᠦᠭᠡᠷ ᠰᠡᠶᠢᠯᠦᠮᠡᠯ ᠤᠨ ᠲᠦᠷᠦᠭᠳᠡᠯ ᠢ ᠤᠯᠭᠤᠨ ᠭᠤᠸ᠎ᠠ ᠰᠠᠶᠢᠬᠠᠨ ᠤ ᠬᠦᠮᠦᠵᠢᠯ᠂ ᠦᠷᠳᠡᠭ ᠤᠨ ᠦᠵᠡᠯᠲᠡ ᠶᠢ ᠪᠤᠢ ᠪᠤᠯᠭᠠᠵᠦ ᠴᠢᠳᠠᠳᠠᠭ᠃ ᠡᠭᠦᠨ ᠳᠤ ᠰᠤᠷᠤᠭᠴᠢᠳ ᠢ ᠲᠤᠤᠷᠠᠬᠢ ᠭᠡᠳᠤᠨ ᠲᠠᠯ᠎ᠠ ᠪᠠᠷ ᠠᠩᠬᠠᠷᠤᠭᠤᠯᠤᠨ᠎ᠠ᠃      1. ᠵᠤᠬᠢᠶᠠᠨ ᠪᠦᠲᠦᠭᠡᠬᠦ ᠬᠡᠵᠦ ᠪᠠᠶᠢᠭ᠎ᠠ ᠠᠮᠢᠳᠠᠨ᠂ ᠤᠷᠭᠤᠮᠠᠯ᠂ ᠪᠤᠳᠠᠰ ᠢ ᠬᠠᠳᠠᠭᠤ ᠬᠠᠪᠳᠠᠭᠠᠢ ᠲᠡᠭᠡᠷ᠎ᠡ ᠪᠠᠨ ᠵᠢᠷᠤᠭᠴᠢᠯᠠᠵᠦ ᠪᠠᠶᠢᠷᠢᠰᠢᠭᠤᠯᠤᠨ᠎ᠠ᠃      2. ᠬᠦᠪᠰᠦᠬᠦᠷ ᠰᠢᠪᠠᠷ ᠢᠶᠠᠨ ᠲᠠᠬᠢᠨ ᠳᠠᠪᠳᠡᠨ ᠨᠤᠬᠤᠯᠠᠵᠦ᠂ ᠤᠶᠠᠨ ᠵᠦᠬᠡᠯᠡᠨ ᠪᠤᠯᠭᠠᠬᠤ ᠶᠢᠨ ᠬᠠᠮᠲᠦ ᠨᠠᠭᠠᠯᠳᠤᠬᠤ ᠴᠢᠨᠠᠷ ᠢ ᠨᠢ ᠨᠡᠮᠡᠭᠳᠡᠬᠦᠯᠦᠨ᠎ᠡ᠃      3. ᠬᠦᠪᠰᠦᠬᠦᠷ ᠰᠢᠪᠠᠷ ᠢᠶᠠᠨ ᠵᠢᠷᠤᠭ ᠤᠨ ᠪᠠᠶᠢᠷᠢᠰᠢᠭᠤᠯᠤᠯ ᠤᠨ ᠶᠤᠰᠤᠭᠠᠷ ᠵᠢᠷᠤᠭᠠᠰᠤᠨ ᠤ ᠲᠠᠭᠠᠤ ᠪᠤᠳᠠᠲᠠᠢ ᠪᠡᠶᠡᠲᠦ ᠶᠢ ᠪᠦᠲᠦᠭᠡᠨ ᠨᠠᠭᠠᠯᠳᠤᠭᠤᠯᠤᠨ᠎ᠠ᠃ ᠡ᠊ᠨᠡ ᠭᠦ ᠶᠠᠪᠤᠴᠠ ᠳᠤ ᠪᠦᠬᠦ ᠠᠩᠬᠠᠷᠤᠯ ᠢᠶᠠᠨ ᠲᠦᠪᠯᠡᠷᠡᠬᠦᠯᠵᠦ᠂ ᠤᠬᠤᠷᠬᠠᠨ ᠴᠠᠭ ᠤᠨ ᠲᠤᠳᠤᠷ᠎ᠠ ᠪᠤᠳᠠᠰ ᠤᠨ ᠬᠡᠯᠪᠡᠷᠢ ᠲᠦᠷᠰᠦ ᠶᠢ ᠵᠦᠪ ᠤᠨᠤᠪᠴᠢᠳᠠᠢ ᠢᠯᠡᠳᠬᠡᠬᠦ ᠲᠡᠭᠡᠷ᠎ᠡ ᠬᠦᠴᠦ ᠲᠠᠯᠪᠢᠨ᠎ᠠ᠃ ᠬᠦᠪᠰᠦᠬᠦᠷ ᠰᠢᠪᠠᠷ ᠤᠨ ᠬᠠᠳᠠᠭᠤᠷᠠᠨ᠂ ᠨᠠᠭᠠᠯᠳᠤᠬᠤ ᠴᠢᠨᠠᠷ ᠢᠶᠠᠨ ᠠᠯᠳᠠᠬᠤ ᠠᠴᠠ ᠰᠡᠷᠬᠡᠶᠢᠯᠡᠨ᠎ᠡ᠃      4. ᠬᠦᠪᠰᠦᠬᠦᠷ ᠰᠢᠪᠠᠷ ᠨᠡᠯᠢᠶᠡᠳ ᠬᠠᠳᠠᠭᠤᠷᠠᠭᠰᠠᠨ ᠤ ᠲᠠᠷᠠᠭ᠎ᠠ ᠦᠪᠡᠷ ᠤᠨ ᠲᠤᠷᠠᠲᠠᠢ ᠰᠠᠭᠤᠷᠢ ᠦᠩᠬᠡ ᠪᠠᠨ ᠰᠤᠩᠭᠤᠵᠦ ᠪᠤᠳᠤᠭ ᠤᠷᠤᠭᠤᠯᠤᠨ᠎ᠠ᠃      5. ᠠᠮᠢᠳᠠᠨ᠂ ᠤᠷᠭᠤᠮᠠᠯ᠂ ᠪᠤᠳᠠᠰ ᠤᠨ ᠦᠩᠬᠡᠯᠡᠬᠦᠨ ᠢ ᠦᠨᠳᠦᠰᠦᠯᠡᠨ ᠪᠤᠳᠤᠭ ᠤᠷᠤᠭᠤᠯᠵᠦ᠂ ᠪᠤᠳᠠᠰ ᠤᠨ ᠪᠦᠬᠦ᠋ᠢᠯᠡ ᠴᠤᠭᠴᠠ ᠶᠢ ᠪᠤᠳᠤᠭᠯᠠᠨ᠎ᠠ᠃      6. ᠬᠦᠪᠰᠦᠬᠦᠷ ᠰᠢᠪᠠᠷ ᠤᠨ ᠪᠦᠲᠦᠭᠡᠯ ᠳᠤ ᠪᠠᠨ ᠲᠤᠬᠢᠷᠠᠭᠤᠯᠤᠯᠲᠠ ᠬᠢᠵᠦ ᠬᠠᠮᠤᠭ ᠰᠡᠬᠦᠯ ᠳᠤ ᠨᠢ ᠪᠢᠩ ᠰᠢ ᠪᠤᠳᠤᠭ ᠤᠨ ᠠᠯᠳᠠᠨ ᠨᠤᠨᠳᠠᠭ ᠢ ᠠᠰᠢᠭᠯᠠᠨ ᠪᠤᠳᠤᠭᠯᠠᠵᠦ᠂ ᠬᠡᠬᠡᠨ ᠪᠦᠳᠡᠬᠢ ᠶᠢᠨ ᠬᠠᠷᠢᠴᠠᠭ᠎ᠠ ᠶᠢ ᠲᠤᠬᠢᠷᠠᠯᠴᠠᠭᠤᠯᠤᠨ ᠲᠠᠭᠤᠰᠬᠠᠨ᠎ᠠ᠃      7. ᠬᠦᠪᠰᠦᠬᠦᠷ ᠰᠢᠪᠠᠷ ᠤᠨ ᠦᠩᠬᠡᠯᠡᠬᠦᠨ ᠤ ᠪᠠᠶᠢᠳᠠᠯ ᠢ ᠦᠨᠳᠦᠰᠦᠯᠡᠵᠦ ᠵᠢᠷᠤᠭ ᠤᠨ ᠬᠠᠪᠢᠰᠦ ᠲᠠᠭᠠᠷᠠᠭᠤᠯᠤᠨ᠎ᠠ᠃      ᠬᠦᠪᠰᠦᠬᠦᠷ ᠰᠢᠪᠠᠷ ᠤᠨ ᠵᠢᠭᠠᠨ ᠰᠤᠷᠭᠠᠯᠲᠠ ᠨᠢ ᠰᠤᠷᠤᠭᠴᠢᠳ ᠤᠨ ᠤᠷᠡᠨ ᠵᠢᠷᠤᠭ ᠰᠤᠷᠤᠯᠴᠠᠬᠤ ᠤᠷᠮ᠎ᠡ ᠪᠠᠬ᠎ᠠ ᠶᠢ ᠲᠡᠭᠡᠭᠰᠢᠯᠡᠬᠦᠯᠵᠦ᠂ ᠭᠠᠷ ᠬᠦᠳᠡᠯᠤᠨ ᠤᠷᠤᠯᠳᠤᠯᠭ᠎ᠠ ᠬᠢᠬᠦ ᠴᠢᠳᠠᠪᠤᠷᠢ᠂ ᠵᠤᠬᠢᠶᠠᠨ ᠪᠦᠲᠦᠭᠡᠬᠦ ᠴᠢᠳᠠᠪᠦᠷᠢ᠂ ᠰᠡᠳᠬᠢᠬᠦ ᠴᠢᠳᠠᠪᠤᠷᠢ ᠶᠢ ᠲᠡᠭᠡᠭᠰᠢᠯᠡᠬᠦᠯᠤᠨ᠂ ᠰᠤᠷᠤᠭᠴᠢᠳ ᠲᠤ ᠭᠤᠸ᠎ᠠ ᠰᠠᠶᠢᠬᠠᠨ ᠤ ᠪᠠᠶᠠᠷ ᠪᠠᠭ᠋ᠠᠳᠤᠯ ᠢ ᠤᠯᠭᠤᠵᠦ᠂ ᠦᠷᠳᠡᠭ ᠤᠨ ᠦᠵᠡᠯᠲᠡ ᠶᠢᠨ ᠬᠦᠮᠦᠵᠢᠨ ᠲᠡᠬᠡᠭᠰᠢᠯᠡᠬᠦ ᠳᠤ ᠶᠡᠭᠡ ᠨᠦᠯᠦᠭᠡ ᠦᠵᠡᠬᠦᠯᠳᠡᠭ᠃ ᠤᠷᠡᠨ ᠵᠢᠷᠤᠭ ᠤᠨ ᠪᠠᠭᠰᠢ ᠨᠠᠷ ᠵᠢᠭᠠᠬᠤ ᠪᠢᠴᠢᠭ ᠠᠴᠠ ᠭᠠᠳᠠᠨ᠎ᠠ ᠰᠤᠷᠤᠭᠴᠢᠳ ᠤᠨ ᠲᠤᠷ᠎ᠠ ᠰᠤᠨᠢᠷᠬᠠᠯ ᠳᠤ ᠵᠤᠷᠢᠭᠤᠯᠤᠨ ᠰᠤᠯᠠ ᠰᠡᠯᠡᠬᠦᠦ ᠴᠠᠭ ᠢᠶᠠᠷ ᠨᠢ ᠬᠦᠪᠰᠦᠬᠦᠷ ᠰᠢᠪᠠᠷ ᠤᠨ ᠤᠨᠴᠠᠯᠢᠬᠳᠤ ᠪᠦᠲᠦᠭᠡᠯ ᠭᠠᠷᠭᠠᠬᠤ ᠶᠢ ᠵᠤᠷᠢᠬᠵᠢᠭᠤᠯᠤᠨ ᠭᠦᠢᠴᠡᠳᠭᠡᠯᠭᠡᠵᠦ ᠪᠤᠯᠤᠨ᠎ᠠ᠃                   ᠬᠠᠶ᠋ᠢᠬ᠄ ᠬᠠᠨ ᠠᠭᠤᠯᠠ ᠪᠠᠭ᠎ᠠ ᠰᠤᠷᠭᠠᠭᠤᠯᠢ                             ︵ᠡᠾᠦ᠋ᠩ ᠮᠸᠢ ᠨᠠᠶᠢᠷᠠᠭᠤᠯᠪᠠ︶                             2020.4 ᠳ᠋ᠦ᠋ᠭᠡᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map