ᠠᠩᠭᠢ ᠶᠢᠨ ᠡᠷᠬᠢᠯᠡᠭᠴᠢ ᠪᠠᠭᠰᠢ ᠶᠢᠨ ᠠᠵᠢᠯᠯᠠᠭᠠᠨ ᠢ ᠭᠡᠷᠬᠢᠨ ᠦᠷᠨᠢᠭᠦᠯᠬᠦ ᠲᠤᠬᠠᠢ
ᠨᠡᠶᠢᠲᠡᠯᠡᠭᠰᠡᠨ ᠴᠠᠭ᠄
2021/1/20
                                         ᠮᠡᠷᠭᠡᠨ      ᠠᠩᠭᠢ ᠶᠢᠨ ᠡᠷᠬᠢᠯᠡᠭᠴᠢ ᠪᠠᠭᠰᠢ ᠨᠢ ᠵᠦᠪᠬᠡᠨ ᠠᠩᠭᠢ ᠶᠢᠨ ᠵᠤᠬᠢᠶᠠᠨ ᠪᠠᠶᠢᠭᠤᠯᠤᠭᠴᠢ ᠪᠠ ᠬᠠᠮᠢᠶᠠᠷᠤᠭᠴᠢ ᠲᠡᠳᠦᠢ ᠪᠢᠰᠢ᠂ ᠪᠠᠰᠠ ᠰᠤᠷᠤᠭᠴᠢᠳ ᠤᠨ ᠤᠶᠤᠨ ᠰᠠᠨᠠᠭᠠᠨ ᠤ ᠬᠠᠯᠠᠮᠵᠢᠯᠠᠭᠴᠢ ᠪᠠ ᠬᠦᠮᠦᠨ ᠮᠦᠰᠦᠨ ᠤ ᠴᠤᠭᠴᠠᠯᠠᠨ ᠪᠠᠶᠢᠭᠤᠯᠤᠭᠴᠢ ᠮᠦᠨ᠃ ᠲᠡᠷᠡ ᠨᠢ ᠰᠤᠷᠤᠭᠴᠢᠳ ᠤᠨ ᠦᠰᠦᠨ ᠪᠤᠶᠢᠵᠢᠯᠲᠠ ᠳᠤ ᠤᠨᠴᠠᠭᠠᠢ ᠳᠠᠭᠠᠭᠤᠯᠤᠨ ᠬᠦᠲᠦᠯᠭᠦ ᠦᠢᠯᠠᠳᠤᠯ ᠦᠵᠡᠭᠦᠯᠳᠡᠭ᠃ ᠠᠩᠭᠢ ᠶᠢᠨ ᠡᠷᠬᠢᠯᠡᠭᠴᠢ ᠪᠠᠭᠰᠢ ᠵᠦᠪᠬᠡᠨ ᠰᠤᠷᠭᠠᠭᠤᠯᠢ ᠶᠢᠨ ᠬᠠᠮᠢᠶ᠎ᠠ ᠪᠦᠬᠦᠢ ᠲᠤᠬᠢᠷᠠᠭᠤᠯᠭ᠎ᠠ ᠪᠠ ᠠᠩᠭᠢ ᠶᠢᠨ ᠠᠵᠢᠯ ᠢ ᠬᠠᠷᠢᠯᠴᠠᠨ ᠤᠶᠠᠯᠳᠤᠭᠤᠯᠬᠤ ᠲᠡᠳᠦᠢ ᠦᠭᠡᠢ ᠪᠠᠰᠠ ᠶᠤᠰᠤ ᠰᠤᠷᠲᠠᠬᠤᠨ ᠤ ᠰᠤᠷᠭᠠᠨ ᠬᠦᠮᠦᠵᠢᠯ ᠢ ᠭᠦᠢᠴᠡᠳ ᠪᠦᠭᠡᠳ ᠲᠤᠭᠤᠰᠢᠳᠠᠢ ᠰᠠᠶᠢᠬᠠᠨ ᠶᠠᠪᠤᠭᠳᠠᠭᠤᠯᠵᠤ ᠴᠢᠳᠠᠬᠤ ᠭᠡᠷᠡᠭᠳᠠᠢ᠃      ᠠᠩᠭᠢ ᠶᠢᠨ ᠡᠷᠬᠢᠯᠡᠭᠴᠢ ᠪᠠᠭᠰᠢ ᠶᠢᠨ ᠶᠤᠰᠤ ᠰᠤᠷᠲᠠᠬᠤᠨ ᠤ ᠰᠤᠷᠭᠠᠨ ᠬᠦᠮᠦᠵᠢᠯ ᠳᠤ ᠭᠤᠤᠯᠯᠠᠨ ᠳᠠᠭᠠᠭᠤᠯᠬᠤ ᠴᠢᠨᠠᠷ᠂ ᠪᠠᠭ᠋ᠠᠷᠠᠭᠤᠯᠤᠨ ᠨᠦᠯᠦᠭᠡᠯᠡᠬᠦ ᠴᠢᠨᠠᠷ᠂ ᠬᠠᠪᠰᠤᠷᠤᠨ ᠵᠢᠯᠤᠭᠤᠳᠬᠤ ᠴᠢᠨᠠᠷ ᠪᠤᠯᠤᠨ ᠳᠦᠷᠢᠮ ᠦᠵᠡᠬᠦᠯᠬᠦ ᠴᠢᠨᠠᠷ ᠵᠡᠷᠭᠡ ᠪᠠᠭᠲᠠᠲᠠᠭ᠃ ᠠᠩᠭᠢ ᠶᠢᠨ ᠪᠠᠭᠰᠢ ᠪᠤᠯᠤᠭᠰᠠᠳ ᠡᠷᠬᠡᠪᠰᠢ ᠦᠪᠡᠷ ᠤᠨ ᠦᠪᠡᠷᠮᠢᠴᠡ ᠤᠨᠴᠠᠭᠠᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠦᠪᠡᠷ ᠤᠨ ᠬᠠᠷᠢᠭᠤᠴᠠᠵᠤ ᠪᠠᠶᠢᠭ᠎ᠠ ᠬᠢᠴᠢᠶᠡᠯ ᠲᠦᠷᠦᠯ ᠢᠶᠠᠷ ᠢᠶᠠᠨ ᠳᠠᠮᠵᠢᠭᠤᠯᠤᠨ ᠰᠤᠷᠤᠭᠴᠢᠳ ᠤᠨ ᠢᠳᠡᠪᠬᠢᠲᠠᠢ ᠦᠷᠳᠡᠭ ᠤᠨ ᠦᠵᠡᠯᠲᠡ ᠶᠢ ᠪᠤᠢ ᠪᠤᠯᠭᠠᠨ᠂ ᠤᠳᠬ᠎ᠠ ᠠᠭᠤᠯᠭ᠎ᠠ ᠲᠠᠢ ᠠᠩᠭᠢ ᠶᠢᠨ ᠬᠦᠳᠡᠯᠭᠡᠭᠡᠨ ᠦᠷᠨᠢᠭᠦᠯᠬᠦ ᠪᠠᠷ ᠳᠠᠮᠵᠢᠭᠤᠯᠤᠨ ᠰᠢᠯᠢᠳᠡᠭ ᠬᠦᠮᠦᠨ ᠮᠦᠰᠦ ᠶᠢ ᠬᠦᠮᠦᠵᠢᠭᠦᠯᠭᠦ ᠮᠦᠷᠳᠡᠭᠡᠨ ᠠᠩᠭᠢ ᠨᠢᠭᠡᠴᠡ ᠶᠢᠨ ᠬᠦᠳᠡᠯᠭᠡᠭᠡᠨ ᠵᠤᠬᠢᠶᠠᠨ ᠪᠠᠶᠢᠭᠤᠯᠬᠤ ᠪᠠᠷ ᠳᠠᠮᠵᠢᠭᠤᠯᠤᠨ ᠡᠶ᠎ᠡ ᠨᠠᠶᠢᠷᠲᠠᠢ ᠠᠩᠭᠢ ᠶᠢᠨ ᠤᠷᠴᠢᠨ ᠲᠤᠭᠤᠷᠢᠨ ᠢ ᠪᠠᠶᠢᠭᠤᠯᠤᠨ᠎ᠠ᠃ ᠭᠡᠷ ᠤᠨ ᠠᠬᠠᠮᠠᠳ ᠪᠤᠯᠤᠨ ᠰᠤᠷᠭᠠᠭᠤᠯᠢ ᠯᠤᠭ᠎ᠠ ᠶᠢᠨ ᠬᠠᠷᠢᠴᠠᠭ᠎ᠠ ᠶᠢ ᠴᠢᠩᠭᠠᠳᠬᠠᠨ᠂ ᠪᠦᠬᠦ ᠲᠠᠯ᠎ᠠ ᠪᠠᠷ ᠰᠤᠷᠤᠭᠴᠢ ᠬᠦᠮᠦᠵᠢᠭᠦᠯᠬᠦ ᠵᠤᠷᠢᠯᠭ᠎ᠠ ᠳᠤ ᠬᠦᠷᠬᠦ ᠬᠡᠷᠡᠭᠲᠡᠢ᠃      ᠨᠢᠭᠡ᠂ ᠠᠩᠭᠢ ᠶᠢᠨ ᠡᠷᠬᠢᠯᠡᠭᠴᠢ ᠵᠠᠪᠠᠯ ᠰᠤᠷᠭᠠᠭᠤᠯᠢ ᠶᠢᠨ ᠶᠤᠰᠤ ᠰᠤᠷᠲᠠᠬᠤᠨ ᠤ ᠰᠤᠷᠭᠠᠨ ᠬᠦᠮᠦᠵᠢᠯ ᠪᠠ ᠬᠠᠮᠢᠶᠠᠷᠤᠯᠲᠠ ᠳᠤᠮᠳᠠᠬᠢ ᠪᠠᠶᠢᠷᠢ ᠰᠠᠭᠤᠷᠢ ᠬᠢᠭᠡᠳ ᠦᠢᠯᠡᠳᠦᠯ ᠢᠶᠠᠨ ᠵᠦᠪ ᠢᠶᠠᠷ ᠤᠶᠢᠯᠠᠭᠠᠨ ᠲᠠᠨᠢᠵᠤ ᠭᠦᠢᠴᠡᠳ ᠪᠠᠳᠠᠷᠠᠭᠤᠯᠬᠤ ᠬᠡᠷᠡᠭᠲᠡᠢ᠃      ᠠᠩᠭᠢ ᠶᠢᠨ ᠡᠷᠬᠢᠯᠡᠭᠴᠢ ᠪᠤᠯ ᠠᠩᠭᠢ ᠨᠢᠭᠡᠴᠡ ᠶᠢᠨ ᠬᠠᠮᠢᠶᠠᠷᠤᠭᠴᠢ ᠪᠦᠭᠡᠳ ᠵᠤᠬᠢᠶᠠᠨ ᠪᠠᠶᠢᠭᠤᠯᠤᠭᠴᠢ ᠮᠦᠨ᠃ ᠰᠤᠷᠭᠠᠭᠤᠯᠢ ᠶᠢᠨ ᠶᠤᠰᠤ ᠰᠤᠷᠲᠠᠬᠤᠨ ᠤ ᠰᠤᠷᠭᠠᠨ ᠬᠦᠮᠦᠵᠢᠯ ᠳᠤᠮᠳᠠ ᠠᠩᠭᠢ ᠶᠢᠨ ᠡᠷᠬᠢᠯᠡᠭᠴᠢ ᠪᠤᠯᠤᠨ ᠰᠤᠷᠤᠭᠴᠢᠳ ᠤᠨ ᠬᠤᠭᠤᠷᠤᠨᠳᠤᠬᠢ ᠬᠠᠷᠢᠯᠴᠠᠭ᠎ᠠ ᠬᠠᠮᠤᠭ ᠤᠨ ᠤᠯᠠᠨ ᠪᠦᠭᠡᠳ ᠠᠩᠭᠢ ᠶᠢᠨ ᠡᠷᠬᠢᠯᠡᠭᠴᠢ ᠪᠠᠭᠰᠢ ᠪᠤᠯᠤᠨ ᠰᠤᠷᠤᠭᠴᠢᠳ ᠬᠤᠭᠤᠷᠤᠨᠳᠤ ᠪᠠᠨ ᠬᠠᠮᠤᠭ ᠠᠴᠠ ᠢᠯᠡᠭᠦᠦ ᠤᠢᠢᠯᠠᠭᠠᠯᠴᠠᠳᠠᠬ᠃ ᠤᠯᠠᠩᠬᠢ ᠪᠠᠭᠰᠢ ᠵᠦᠪᠬᠡᠨ ᠬᠤᠪᠢ ᠬᠦᠮᠦᠨ ᠤ ᠤᠮᠤᠭ ᠰᠦᠷ ᠢ ᠪᠠᠳᠠᠷᠠᠭᠤᠯᠬᠤ ᠶᠢ ᠠᠩᠬᠠᠷᠤᠭᠰᠠᠨ ᠠᠴᠠ ᠪᠢᠰᠢ ᠤᠷᠮ᠎ᠠ ᠰᠡᠳᠬᠢᠯᠭᠡ ᠶᠢᠨ ᠲᠠᠯ᠎ᠠ  ᠪᠠᠷ ᠤᠮᠳᠤᠭᠠᠶᠢᠯᠠᠭᠰᠠᠨ ᠪᠠᠶᠢᠳᠠᠭ᠂ ᠡᠰᠡᠭᠦᠯ᠎ᠡ ᠤᠷᠮ᠎ᠠ ᠰᠡᠳᠬᠢᠯᠭᠡ ᠶᠢᠨ ᠵᠤᠷᠢᠬᠵᠢᠭᠤᠯᠤᠯ ᠢ ᠠᠩᠬᠠᠷᠤᠨ ᠤᠮᠤᠭ ᠰᠦᠷ ᠢ ᠨᠢ ᠪᠠᠳᠠᠷᠠᠭᠤᠯᠬᠤ ᠶᠢ ᠤᠮᠳᠤᠭᠠᠶᠢᠯᠠᠭᠰᠠᠨ ᠪᠠᠶᠢᠳᠠᠭ᠃ ᠪᠤᠳᠠᠳᠤ ᠦᠢᠯᠡᠳᠤᠯᠭᠡ ᠲᠤᠮᠳᠠ ᠬᠤᠶᠠᠷ ᠵᠦᠢᠯ ᠤᠨ ᠠᠵᠢᠯᠯᠠᠭᠠᠨ ᠢ ᠤᠷᠭᠠᠨᠢᠭ ᠢᠶᠠᠷ ᠤᠶᠠᠯᠳᠤᠭᠤᠯᠵᠤ ᠴᠢᠳᠠᠪᠡᠯ ᠰᠠᠶ᠋ᠢ ᠠᠩᠭᠢ ᠶᠢᠨ ᠬᠠᠮᠢᠶᠠᠷᠤᠯᠲᠠ ᠶᠢᠨ ᠲᠠᠯ᠎ᠠ ᠳᠤ ᠦᠷ᠎ᠡ ᠪᠦᠲᠦᠮᠵᠢ ᠤᠯᠵᠤ ᠴᠢᠳᠠᠨ᠎ᠠ᠃      ᠠᠩᠭᠢ ᠶᠢᠨ ᠡᠷᠬᠢᠯᠡᠭᠴᠢ ᠪᠠᠭᠰᠢ ᠦᠪᠡᠷ ᠤᠨ ᠪᠠᠭ᠋ᠠᠷᠬᠠᠵᠤ ᠰᠤᠨᠢᠷᠬᠠᠳᠠᠭ ᠵᠦᠢᠯᠡᠰ ᠢᠶᠠᠷ ᠢᠶᠠᠨ ᠰᠤᠷᠤᠭᠴᠢᠳ ᠤᠨ ᠤᠷᠮ᠎ᠠ ᠶᠢ ᠳᠠᠲᠠᠬᠤ ᠭᠡᠳ ᠪᠠᠶᠢᠵᠤ ᠪᠤᠯᠬᠤ ᠦᠭᠡᠢ᠂ ᠵᠦᠪᠭᠡᠨ ᠲᠡᠳᠡᠨ ᠤ ᠪᠡᠶ᠎ᠡ ᠰᠡᠳᠬᠢᠴᠡ ᠳᠤ ᠲᠤᠬᠢᠷᠠᠬᠤ ᠵᠦᠢᠯᠡᠰ ᠯᠠ ᠰᠠᠶ᠋ᠢ ᠤᠷᠮ᠎ᠠ ᠶᠢ ᠨᠢ ᠬᠦᠭᠵᠢᠭᠡᠵᠦ ᠴᠢᠳᠠᠨ᠎ᠠ᠃ ᠵᠦᠪᠬᠡᠨ ᠰᠤᠷᠤᠭᠴᠢᠳ ᠤᠨ ᠤᠷᠮ᠎ᠠ ᠪᠠᠬ᠎ᠠ ᠶᠢ ᠲᠠᠳᠠᠵᠤ ᠴᠢᠳᠠᠪᠡᠯ ᠲᠡᠳᠡ ᠰᠠᠶ᠋ᠢ ᠪᠠᠭᠰᠢ ᠶᠢᠨ ᠦᠭᠡ ᠶᠢ ᠰᠠᠨᠠᠭᠠᠨ ᠳᠤ ᠪᠠᠨ ᠠᠪᠴᠤ ᠴᠢᠳᠠᠨ᠎ᠠ᠃ ᠠᠩᠭᠢ ᠶᠢᠨ ᠡᠷᠬᠢᠯᠡᠭᠴᠢ ᠪᠠᠭᠰᠢ ᠶᠤᠰᠤ ᠰᠤᠷᠲᠠᠬᠤᠨ ᠤ ᠰᠤᠷᠭᠠᠨ ᠬᠦᠮᠦᠵᠢᠯ ᠬᠢᠬᠦ ᠳᠤ ᠪᠠᠨ ᠰᠤᠷᠤᠭᠴᠢᠳ ᠤᠨ ᠪᠡᠶ᠎ᠡ ᠰᠡᠳᠬᠢᠴᠡ ᠶᠢᠨ ᠤᠨᠴᠠᠯᠢᠭ ᠲᠤ ᠨᠢ ᠲᠤᠬᠢᠷᠠᠭᠤᠯᠵᠤ ᠪᠠᠶᠢᠭᠠᠳ ᠦᠨᠳᠦᠰᠦ ᠪᠡᠷᠢᠮᠲᠠ᠂ ᠦᠯᠢᠭᠡᠷ ᠵᠢᠱᠢᠶ᠎ᠡ ᠲᠠᠢ ᠶᠠᠷᠢᠵᠤ ᠬᠦᠮᠦᠵᠢᠭᠦᠯᠪᠡᠯ ᠯᠠᠪᠲᠠᠢ ᠰᠤᠬᠤᠷ ᠪᠠᠯᠠᠢ ᠶᠠᠷᠢᠭᠰᠠᠨ ᠠᠴᠠ ᠦᠷ᠎ᠡ ᠪᠦᠳᠦᠮᠵᠢ ᠲᠠᠢ ᠪᠤᠯᠤᠨ᠎ᠠ᠃ ᠡᠭᠦᠨ ᠠᠴᠠ ᠭᠠᠳᠠᠨ᠎ᠠ ᠡ᠊ᠨᠡ ᠭᠦ ᠠᠵᠢᠯᠯᠠᠭᠠᠨ ᠢᠶᠠᠷ ᠳᠠᠮᠵᠢᠭᠤᠯᠵᠤ ᠪᠠᠭᠰᠢ ᠰᠤᠷᠤᠭᠴᠢ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠤᠶᠢᠷᠠᠬᠠᠨ ᠪᠤᠯᠭᠠᠵᠤ᠂ ᠳᠤᠭᠲᠠᠭᠰᠠᠨ ᠬᠤᠭᠤᠴᠠᠭ᠎ᠠ ᠲᠠᠢ ᠠᠩᠭᠢ ᠶᠢᠨ ᠪᠠᠶᠢᠳᠠᠯ ᠢ ᠤᠶᠢᠯᠠᠭᠠᠬᠤ ᠪᠠ ᠲᠤᠰᠬᠠᠢ ᠶᠠᠷᠢᠯᠴᠠᠭ᠎ᠠ ︵ᠠᠮᠢᠳᠤᠷᠠᠯ ᠰᠤᠷᠤᠯᠴᠠᠯᠭ᠎ᠠ ᠡᠰᠡᠭᠦᠯ᠎ᠡ ᠪᠡᠶ᠎ᠡ ᠰᠡᠳᠬᠢᠴᠡ ᠶᠢᠨ ᠲᠠᠯ᠎ᠠ ᠪᠠᠷ︶ ᠬᠢᠬᠦ ᠳᠤ ᠳᠦᠭᠦᠮ ᠠᠪᠰᠠᠷ ᠰᠡᠳᠬᠢᠴᠡ ᠶᠢᠨ ᠤᠷᠴᠢᠨ ᠢ ᠪᠠᠶᠢᠭᠤᠯᠵᠤ ᠴᠢᠳᠠᠨ᠎ᠠ᠃      ᠶᠠᠷᠢᠶᠠᠨ ᠦᠭᠡᠢ ᠪᠠᠰᠠ ᠠᠩᠭᠢ ᠶᠢᠨ ᠡᠷᠬᠢᠯᠡᠭᠴᠢ ᠪᠠᠭᠰᠢ ᠶᠢᠨ ᠤᠮᠤᠭ ᠰᠦᠷ ᠢ ᠪᠠᠲᠤᠯᠠᠬᠤ ᠬᠡᠷᠡᠭᠲᠡᠢ᠃ ᠰᠤᠷᠤᠭᠴᠢᠳ ᠠᠴᠠ ᠠᠩᠭᠢ ᠶᠢᠨ ᠡᠷᠬᠢᠯᠡᠭᠴᠢ ᠪᠠᠭᠰᠢ ᠶᠢᠨ ᠰᠠᠨᠠᠯ ᠵᠠᠬᠢᠶ᠎ᠠ ᠶᠢ ᠰᠤᠨᠤᠰᠬᠤ ᠮᠦᠷᠳᠡᠭᠡᠨ ᠪᠠᠭᠰᠢ ᠪᠠᠨ ᠭᠦᠨᠳᠤᠳᠭᠡᠭᠦ ᠬᠡᠷᠡᠭᠲᠡᠢ᠃      ᠬᠤᠶᠠᠷ᠂ ᠰᠤᠷᠭᠠᠭᠤᠯᠢ ᠠᠴᠠ ᠠᠩᠭᠢ ᠶᠢᠨ ᠡᠷᠬᠢᠯᠡᠭᠴᠢ ᠪᠠᠭᠰᠢ ᠶᠢᠨ ᠪᠤᠯᠪᠠᠰᠤᠷᠠᠯ ᠬᠦᠮᠦᠵᠢᠯ ᠢ ᠴᠢᠬᠤᠯᠠᠴᠢᠯᠠᠨ ᠦᠵᠡᠵᠦ᠂ ᠬᠢᠷᠢ ᠲᠡᠩᠴᠡᠭᠰᠡᠨ ᠠᠩᠭᠢ ᠶᠢᠨ ᠡᠷᠬᠢᠯᠡᠭᠴᠢ ᠪᠠᠭᠰᠢ ᠶᠢᠨ ᠡᠩᠨᠡᠭᠡ ᠶᠢ ᠪᠦᠳᠦᠭᠡᠨ ᠪᠠᠶᠢᠭᠤᠯᠬᠤ ᠬᠡᠷᠡᠭᠲᠡᠢ᠃      ᠠᠩᠭᠢ ᠶᠢᠨ ᠡᠷᠬᠢᠯᠡᠭᠴᠢ ᠨᠢ ᠤᠳᠠᠭᠠᠨ ᠵᠢᠯ ᠤᠨ ᠪᠠᠭᠰᠢ ᠪᠠᠶᠢᠵᠤ ᠮᠡᠳᠡᠨ᠎ᠡ᠂ ᠰᠢᠨ᠎ᠡ ᠠᠵᠢᠯ ᠤᠨ ᠪᠠᠶᠢᠷᠢᠨ ᠳᠤ ᠭᠠᠷᠤᠭᠰᠠᠨ ᠵᠠᠯᠠᠭᠤ ᠪᠠᠭᠰᠢ ᠴᠦ ᠪᠠᠶᠢᠵᠤ ᠮᠡᠳᠡᠨ᠎ᠡ᠃ ᠲᠡᠳᠡ ᠨᠠᠷ ᠴᠦᠮ ᠦᠪᠡᠷ ᠦᠪᠡᠷ ᠤᠨ ᠢᠶᠠᠨ ᠳᠠᠪᠠᠭᠤᠯᠢᠭ ᠲᠠᠯ᠎ᠠ ᠪᠠ ᠳᠤᠳᠠᠭᠳᠠᠯ ᠲᠠᠢ ᠲᠠᠯ᠎ᠡ ᠪᠠᠶᠢᠳᠠᠭ᠃ ᠡᠳᠡᠭᠡᠷ ᠠᠰᠠᠭᠤᠳᠠᠯ ᠳᠤ ᠴᠢᠭᠯᠡᠭᠦᠯᠦᠨ ᠠᠩᠭᠢ ᠶᠢᠨ ᠡᠷᠬᠢᠯᠡᠭᠴᠢ ᠪᠠᠭᠰᠢ ᠨᠠᠷ ᠲᠤ ᠵᠦᠢ ᠵᠤᠬᠢᠰᠲᠠᠢ᠂ ᠬᠦᠮᠦᠵᠢᠯ ᠪᠤᠯᠪᠠᠰᠤᠷᠠᠯ ᠭᠦᠷᠳᠡᠭᠦ ᠴᠢᠬᠤᠯᠠᠲᠠᠢ᠃      1. ᠠᠩᠭᠢ ᠶᠢᠨ ᠡᠷᠬᠢᠯᠡᠭᠴᠢ ᠪᠠᠭᠰᠢ ᠶᠢ ᠰᠤᠷᠭᠠᠭᠤᠯᠢ᠂ ᠬᠤᠰᠢᠭᠤ᠂ ᠬᠤᠲᠠ᠂ ᠤᠷᠤᠨ᠂ ᠤᠯᠤᠰ ᠤᠨ ᠲᠡᠰ ᠤᠨ ᠠᠩᠭᠢ ᠶᠢᠨ ᠡᠷᠬᠢᠯᠡᠭᠴᠢ ᠪᠠᠭᠰᠢ ᠶᠢᠨ ᠪᠤᠯᠪᠠᠰᠤᠷᠠᠯ ᠳᠤ ᠤᠷᠤᠯᠴᠠᠭᠤᠯᠵᠤ᠂ ᠦᠪᠡᠷ ᠢ ᠪᠠᠨ ᠲᠠᠰᠤᠷᠠᠯᠳᠠ ᠦᠭᠡᠢ ᠭᠦᠴᠤᠷᠭᠡᠭᠵᠢᠭᠦᠯᠦᠨ ᠪᠤᠵᠠᠭᠠᠢᠢᠷᠠᠭᠤᠯᠬᠤ ᠬᠡᠷᠡᠭᠲᠡᠢ᠃      ︽ᠠᠭᠤᠯᠠᠨ ᠠᠴᠠ ᠦᠨᠳᠦᠷ ᠠᠭᠤᠯᠠ ᠪᠠᠶᠢᠵᠤ᠂ ᠬᠦᠮᠦᠨ ᠠᠴᠠ ᠰᠡᠴᠡᠨ ᠬᠦᠮᠦᠨ ᠪᠠᠶᠢᠳᠠᠭ︾᠃ ᠦᠷᠦᠭᠡᠯ ᠪᠤᠰᠤᠳ ᠤᠨ ᠲᠠᠪᠰᠢᠩᠭᠤᠢ ᠤᠨᠤᠯᠵᠢᠬᠤᠨ ᠪᠠ ᠦᠢᠯᠡᠳᠦᠯᠭᠡ ᠶᠢᠨ ᠲᠤᠷᠰᠢᠯᠭ᠎ᠠ ᠠᠴᠠ ᠰᠤᠷᠤᠯᠴᠠᠵᠤ᠂ ᠰᠢᠯᠢᠳᠡᠭ ᠢ ᠨᠢ ᠰᠤᠩᠭᠤᠵᠤ᠂ ᠰᠢᠭᠠᠷᠠᠤ ᠶᠢ ᠨᠢ ᠬᠠᠶᠠᠭᠠᠳ᠂ ᠦᠪᠡᠷ ᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠪᠡᠯ ᠰᠠᠶ᠋ᠢ ᠨᠡᠩ ᠦᠨᠳᠦᠷ ᠬᠢᠷᠢ ᠲᠦᠪᠰᠢᠨ ᠲᠠᠢ ᠪᠤᠯᠵᠤ ᠴᠢᠳᠠᠨ᠎ᠠ᠃      2. ᠵᠠᠯᠠᠭᠤ ᠪᠠᠭᠰᠢ ᠨᠠᠷ ᠤᠨ ᠠᠩᠭᠢ ᠡᠷᠬᠢᠯᠡᠬᠦ ᠶᠢ ᠵᠤᠷᠢᠬᠵᠢᠭᠤᠯᠵᠤ᠂ ᠢᠲᠡᠭᠡᠯ ᠵᠤᠷᠢᠭ ᠢ ᠨᠢ ᠬᠦᠪᠴᠢᠯᠡᠨ᠎ᠡ᠃      ᠵᠠᠯᠠᠭᠤ ᠪᠠᠭᠰᠢ ᠨᠠᠷ ᠤᠨ ᠬᠦᠴᠢᠷ ᠠᠴᠠ ᠠᠶᠤᠬᠤ ᠦᠭᠡᠢ᠂ ᠬᠤᠷᠰᠢᠨ ᠠᠵᠢᠯᠯᠠᠬᠤ ᠵᠤᠷᠢᠭ ᠰᠠᠨᠠᠭ᠎ᠠ ᠶᠢ ᠵᠤᠷᠢᠬᠵᠢᠭᠤᠯᠬᠤ ᠪᠦᠭᠡᠳ ᠲᠡᠳᠡᠨ ᠤ ᠬᠤᠪᠢ ᠪᠡᠶ᠎ᠡ ᠶᠢᠨ ᠰᠢᠨ᠎ᠡ ᠳᠠᠪᠰᠢᠩᠭᠤᠢ ᠰᠤᠷᠭᠠᠨ ᠬᠦᠮᠦᠵᠢᠯ ᠤᠨ ᠤᠨᠤᠯ ᠪᠠ ᠠᠵᠢᠯᠯᠠᠬᠤ ᠠᠷᠭ᠎ᠠ ᠠᠪᠴᠠᠯ ᠨᠢ ᠴᠦᠮ ᠵᠠᠯᠠᠭᠤ ᠬᠦᠮᠦᠨ ᠤ ᠠᠵᠢᠯ ᠬᠢᠬᠦ ᠳᠠᠪᠠᠭᠤᠯᠢᠭ ᠲᠠᠯ᠎ᠡ ᠪᠤᠯᠤᠨ᠎ᠠ᠃ ᠵᠠᠯᠠᠭᠤ ᠪᠠᠭᠰᠢ ᠬᠢᠭᠡᠳ ᠰᠤᠷᠤᠭᠴᠢᠳ ᠤᠨ ᠨᠠᠰᠤᠨ ᠤ ᠵᠦᠷᠢᠶ᠎ᠡ ᠲᠡᠶᠢᠮᠦ ᠶᠡᠭᠡ ᠪᠢᠰᠢ ᠤᠴᠢᠷ ᠠᠴᠠ ᠰᠤᠷᠤᠭᠴᠢᠳ ᠤᠨ ᠤᠷᠮ᠎ᠠ ᠶᠢ ᠳᠠᠲᠠᠬᠤ ᠲᠠᠯ᠎ᠡ ᠪᠠᠷ ᠨᠡᠩ ᠢᠯᠡᠭᠦᠦ ᠳᠠᠪᠠᠭᠤᠯᠢᠭ ᠴᠢᠨᠠᠷ ᠲᠠᠢ ᠪᠠᠶᠢᠵᠤ᠂ ᠰᠡᠳᠬᠢᠯ ᠰᠡᠳᠬᠢᠯ ᠢᠶᠠᠨ ᠤᠯᠤᠯᠴᠠᠬᠤ ᠳᠤ ᠨᠡᠩ ᠬᠢᠯᠪᠡᠷ ᠪᠠᠶᠢᠵᠤ ᠪᠤᠯᠤᠨ᠎ᠠ᠃      3. ᠠᠩᠭᠢ ᠶᠢᠨ ᠡᠷᠬᠢᠯᠡᠭᠴᠢ ᠪᠠᠭᠰᠢ ᠶᠢᠨ ᠦᠪᠡᠷᠮᠢᠴᠡ ᠤᠨᠴᠠᠯᠢᠭ ᠲᠠᠢ ᠠᠮᠢᠳᠤᠯᠢᠭ ᠢᠶᠠᠷ ᠠᠵᠢᠯᠯᠠᠭᠠᠨ ᠡᠷᠬᠢᠯᠡᠬᠦ ᠶᠢ ᠵᠤᠷᠢᠬᠵᠢᠭᠤᠯᠤᠨ᠎ᠠ᠃      ᠰᠤᠷᠭᠠᠭᠤᠯᠢ ᠠᠴᠠ ᠠᠩᠭᠢ ᠶᠢᠨ ᠡᠷᠬᠢᠯᠡᠭᠴᠢ ᠪᠠᠭᠰᠢ ᠶᠢᠨ ᠢᠳᠡᠪᠬᠢ ᠴᠢᠨᠠᠷ ᠢᠶᠠᠨ ᠪᠠᠳᠠᠷᠠᠭᠤᠯᠬᠤ ᠶᠢ ᠵᠤᠷᠢᠬᠵᠢᠭᠤᠯᠬᠤ ᠬᠡᠷᠡᠭᠲᠡᠢ᠃ ᠪᠤᠳᠠᠳᠤ ᠠᠵᠢᠯᠯᠠᠭᠠᠨ ᠳᠤᠮᠳᠠ ᠪᠦᠬᠦᠯᠢ ᠴᠤᠭᠴᠠ ᠶᠢ ᠬᠠᠷᠰᠢᠯᠠᠵᠤ ᠨᠦᠯᠦᠭᠡᠯᠡᠬᠦ ᠦᠭᠡᠢ ᠪᠠᠶᠢᠳᠠᠯ ᠳᠤᠤᠷ᠎ᠠ ᠠᠯᠳᠠᠭ᠎ᠠ ᠪᠤᠷᠤᠭᠤ ᠶᠢ ᠨᠢ ᠬᠡᠲᠦᠷᠬᠡᠢ ᠴᠢᠩᠭ᠎ᠠ ᠨᠡᠬᠡᠮᠵᠢᠯᠡᠭᠦ ᠦᠭᠡᠢ᠂ ᠬᠤᠶᠢᠰᠢᠳᠡ ᠶᠢᠨ ᠠᠵᠢᠯᠯᠠᠭᠠᠨ ᠳᠤᠮᠳᠠ ᠪᠠᠨ ᠲᠠᠰᠤᠷᠠᠯᠲᠠ ᠦᠭᠡᠢ ᠵᠠᠰᠠᠨ ᠰᠠᠶᠢᠵᠢᠷᠠᠭᠤᠯᠬᠤ ᠳᠤ ᠲᠤᠬᠢᠶᠠᠯ ᠤᠯᠭᠤᠨ᠎ᠠ᠃      4. ᠠᠵᠢᠯ ᠤᠨ ᠶᠠᠷᠢᠯᠴᠠᠭᠠᠨ ᠢ ᠦᠷᠭᠦᠯᠵᠢ ᠦᠷᠨᠢᠭᠦᠯᠵᠤ᠂ ᠠᠩᠭᠢ ᠶᠢᠨ ᠠᠵᠢᠯᠯᠠᠭᠠᠨ ᠤ ᠲᠤᠷᠰᠢᠯᠭ᠎ᠠ ᠰᠤᠷᠭᠠᠮᠵᠢ ᠪᠠᠨ ᠳᠠᠰᠤᠷᠠᠯᠳᠠ ᠦᠭᠡᠢ ᠰᠤᠯᠢᠯᠴᠠᠵᠤ᠂ ᠳᠠᠷᠠᠭᠠᠴᠢ ᠶᠢᠨ ᠠᠵᠢᠯᠯᠠᠭᠠᠨ ᠳᠤ ᠨᠢ ᠲᠤᠷᠰᠢᠯᠭ᠎ᠠ ᠬᠠᠨᠭ᠍ᠭᠠᠬᠤ ᠬᠡᠷᠡᠭᠲᠡᠢ᠃      ᠠᠵᠢᠯ ᠤᠨ ᠶᠠᠷᠢᠯᠴᠠᠭᠠᠨ ᠦᠷᠨᠢᠭᠦᠯᠬᠦ ᠨᠢ ᠠᠩᠭᠢ ᠶᠢᠨ ᠡᠷᠬᠢᠯᠡᠭᠴᠢ ᠪᠠᠭᠰᠢ ᠳᠤ ᠬᠠᠮᠲᠤᠪᠠᠷ ᠶᠠᠷᠢᠯᠴᠠᠬᠤ ᠵᠠᠪᠰᠢᠶᠡᠨ ᠤᠯᠭᠤᠵᠤ᠂ ᠶᠠᠷᠢᠯᠴᠠᠨ ᠰᠤᠳᠤᠯᠬᠤ ᠪᠠᠷ ᠳᠠᠮᠵᠢᠨ ᠰᠤᠷᠭᠠᠨ ᠬᠦᠮᠦᠵᠢᠬᠦᠯᠬᠦ ᠪᠠ ᠠᠩᠭᠢ ᠶᠢᠨ ᠬᠠᠮᠢᠶᠠᠷᠤᠯᠲᠠ ᠶᠢᠨ ᠤᠨᠤᠯᠵᠢᠬᠤᠨ ᠢᠶᠠᠨ ᠳᠠᠬᠢᠨ ᠴᠤᠭᠴᠠᠯᠠᠵᠤ᠂ ᠡᠩ ᠤᠨ ᠴᠠᠭ ᠤᠨ ᠠᠵᠢᠯᠯᠠᠭᠠᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠᠨ ᠰᠡᠷᠡᠨ ᠮᠡᠳᠡᠵᠦ᠂ ᠴᠠᠭᠠᠰᠢᠯᠠᠨ ᠨᠡᠩ ᠰᠢᠯᠢᠳᠡᠭ ᠰᠠᠶᠢᠨ ᠠᠵᠢᠯᠯᠠᠭᠠᠨ ᠤ ᠠᠷᠭ᠎ᠠ ᠠᠪᠴᠠᠯ ᠪᠤᠯᠤᠨ ᠲᠤᠷᠰᠢᠯᠭ᠎ᠠ ᠰᠤᠷᠭᠠᠮᠵᠢ ᠶᠢ ᠬᠠᠶᠢᠨ ᠰᠦᠪᠡᠭᠴᠢᠯᠡᠬᠦ ᠳᠤ ᠨᠦᠬᠦᠴᠡᠯ ᠬᠠᠩᠭᠠᠵᠤ ᠴᠢᠳᠠᠨ᠎ᠡ᠃      ᠰᠤᠷᠭᠠᠭᠤᠯᠢ ᠶᠢᠨ ᠠᠵᠢᠯᠯᠠᠭᠠᠨ ᠳᠤᠮᠳᠠ ᠦᠷ᠎ᠡ ᠠᠰᠢᠭ ᠲᠠᠢ ᠶᠠᠷᠢᠯᠴᠠᠭᠠᠨ ᠤ ᠬᠦᠳᠡᠯᠭᠡᠭᠡᠨ ᠨᠢ ᠳᠤᠤᠷᠠᠬᠢ ᠬᠡᠳᠦᠨ ᠵᠦᠢᠯ ᠪᠠᠶᠢᠵᠤ ᠪᠤᠯᠤᠨ᠎ᠠ᠄      ︵1︶ ᠠᠩᠭᠢ ᠶᠢᠨ ᠡᠷᠬᠢᠯᠡᠭᠴᠢ ᠪᠠᠭᠰᠢ ᠶᠢᠨ ᠰᠠᠷ᠎ᠠ ᠶᠢᠨ ᠬᠤᠷᠠᠯ ᠬᠢᠬᠦ᠃ ᠡ᠊ᠨᠡ ᠭᠦ ᠬᠤᠷᠠᠯ ᠳᠤ ᠳᠡᠭᠡᠷ᠎ᠡ ᠨᠢᠭᠡ ᠰᠠᠷ᠎ᠠ ᠶᠢᠨ ᠠᠵᠢᠯᠯᠠᠭᠠᠨ ᠤ ᠳ᠋ᠦᠩᠨᠡᠯᠲᠡ ᠬᠢᠬᠦ ᠪᠠ ᠲᠤᠰ ᠰᠠᠷ᠎ᠠ ᠶᠢᠨ ᠠᠵᠢᠯᠯᠠᠭᠠᠨ ᠤ ᠲᠤᠬᠢᠷᠠᠭᠤᠯᠤᠯᠲᠠ ᠬᠢᠬᠦ ᠪᠠᠷ ᠳᠠᠮᠵᠢᠨ ᠠᠩᠭᠢ ᠶᠢᠨ ᠪᠠᠭᠰᠢ ᠶᠢᠨ ᠠᠵᠢᠯᠯᠠᠭᠠᠨ ᠤ ᠳᠦᠷᠢᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠰᠤᠷᠠᠯᠲᠠ ᠦᠭᠡᠢ ᠬᠠᠯᠠᠨ ᠰᠠᠶᠢᠵᠢᠷᠠᠭᠤᠯᠬᠤ ᠲᠤᠮᠳᠠ ᠠᠵᠢᠯᠯᠠᠭᠠᠨ ᠤ ᠠᠷᠭ᠎ᠠ ᠠᠪᠴᠠᠯ ᠢᠶᠠᠨ ᠮᠡᠳᠡᠭᠳᠡᠮ᠎ᠡ ᠰᠠᠶᠢᠵᠢᠷᠠᠭᠤᠯᠵᠤ ᠴᠢᠳᠠᠨ᠎ᠠ᠃      ︵2︶ ᠠᠩᠭᠢ ᠶᠢᠨ ᠬᠠᠮᠢᠶᠠᠷᠤᠯᠲᠠ ᠶᠢᠨ ᠰᠠᠭᠤᠳᠠᠯ ᠤᠨ ᠬᠤᠷᠠᠯ ᠬᠢᠭᠦ᠃ ᠡ᠊ᠨᠡ ᠭᠦ ᠬᠡᠯᠪᠡᠷᠢ ᠪᠠᠷ ᠠᠩᠭᠢ ᠶᠢᠨ ᠡᠷᠬᠢᠯᠡᠭᠴᠢ ᠪᠠᠭᠰᠢ ᠶᠢᠨ ᠡᠳᠦᠷ ᠲᠤᠲᠤᠮ ᠤᠨ ᠠᠵᠢᠯᠯᠠᠭᠠᠨ ᠳᠤᠮᠳᠠᠬᠢ ᠶᠤᠰᠤ ᠰᠤᠷᠲᠠᠬᠤᠨ ᠤ ᠬᠠᠮᠢᠶᠠᠷᠤᠯᠲᠠ ᠶᠢᠨ ᠳᠤᠬᠠᠢ ᠳ᠋ᠦᠩᠨᠡᠯᠲᠡ ᠬᠢᠵᠦ᠂ ᠶᠤᠰᠤ ᠰᠤᠷᠲᠠᠬᠤᠨ ᠤ ᠠᠵᠢᠯᠯᠠᠭᠠᠨ ᠤ ᠵᠢᠮ᠎ᠡ ᠶᠤᠰᠤ ᠪᠠ ᠰᠢᠨ᠎ᠡ ᠠᠵᠢᠯᠯᠠᠬᠤ ᠠᠷᠭ᠎ᠠ ᠵᠠᠮ ᠢ ᠬᠠᠶᠢᠨ ᠰᠦᠪᠡᠭᠴᠢᠯᠡᠨ᠂ ᠶᠤᠰᠤ ᠰᠤᠷᠲᠠᠬᠤᠨ ᠤ ᠬᠠᠮᠢᠶᠠᠷᠤᠯᠲᠠ ᠳᠤ ᠬᠢ ᠤᠨᠤᠯ ᠪᠠ ᠦᠢᠯᠡᠳᠦᠯᠭᠡ ᠶᠢᠨ ᠬᠠᠮᠤᠭ ᠤᠨ ᠰᠠᠶᠢᠨ ᠤᠭᠲᠤᠯᠤᠯᠴᠠᠯ ᠤᠨ ᠴᠡᠭ ᠢ ᠡᠷᠢᠵᠦ᠂ ᠡᠭᠦᠳᠦᠨ ᠪᠦᠲᠦᠭᠡᠯᠴᠢ ᠴᠢᠨᠠᠷᠲᠠᠢ ᠪᠠᠷ ᠤᠨᠤᠯ ᠢᠶᠠᠨ ᠪᠤᠳᠠᠲᠠᠶᠢᠵᠢᠭᠤᠯᠤᠨ᠎ᠠ᠃ ᠲᠡᠭᠦᠨ ᠢᠶᠠᠷ ᠳᠠᠮᠵᠢᠭᠤᠯᠵᠤ ᠠᠩᠭᠢ ᠶᠢᠨ ᠡᠷᠬᠢᠯᠡᠭᠴᠢ ᠪᠠᠭᠰᠢ ᠶᠢᠨ ᠶᠤᠰᠤ ᠰᠤᠷᠲᠠᠬᠤᠨ ᠤ ᠬᠠᠮᠢᠶᠠᠷᠤᠯᠲᠠ ᠶᠢᠨ ᠤᠨᠤᠯ ᠤᠨ ᠬᠢᠷᠢ ᠲᠦᠪᠰᠢᠨ ᠪᠠ ᠦᠢᠯᠡᠳᠦᠯᠭᠡᠵᠢᠭᠦᠯᠬᠦ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠦᠨ᠎ᠡ᠃      ︵3︶ ᠠᠩᠭᠢ ᠶᠢᠨ ᠡᠷᠬᠢᠯᠡᠭᠴᠢ ᠪᠠᠭᠰᠢ ᠶᠢᠨ ᠠᠵᠢᠯᠯᠠᠭᠠᠨ ᠤ ᠴᠢᠬᠤᠯᠠ ᠪᠠᠶᠢᠷᠢ ᠰᠠᠭᠤᠷᠢ ᠶᠢ ᠳᠤᠪᠤᠶᠢᠯᠭᠠᠬᠤ᠃ ᠰᠤᠷᠭᠠᠭᠤᠯᠢ ᠠᠴᠠ ᠰᠠᠨᠠᠭᠠᠴᠢᠯᠠᠭ᠎ᠠ ᠲᠠᠢ ᠪᠠᠷ ᠤᠳᠤᠬᠠᠨ ᠤ ᠶᠤᠰᠤ ᠰᠤᠷᠲᠠᠬᠤᠨ ᠤ ᠬᠠᠮᠢᠶᠠᠷᠤᠯᠲᠠ ᠳᠤᠮᠳᠠᠬᠢ ᠲᠦᠯᠦᠭᠡᠯᠡᠬᠦ ᠴᠢᠨᠠᠷᠲᠠᠢ ᠠᠰᠠᠭᠤᠳᠠᠯ ᠢ ᠰᠤᠩᠭᠤᠨ ᠭᠠᠷᠭᠠᠵᠤ᠂ ᠨᠢᠭᠡᠨ ᠰᠤᠳᠤᠯᠭᠠᠨ ᠤ ᠰᠡᠳᠦᠪ ᠪᠤᠯᠭᠠᠨ ᠪᠠᠳᠤᠯᠠᠵᠦ᠂ ᠠᠩᠭᠢ ᠶᠢᠨ ᠡᠷᠬᠢᠯᠡᠭᠴᠢ ᠪᠠᠭᠰᠢ ᠨᠠᠷ ᠢ ᠵᠤᠬᠢᠶᠠᠨ ᠪᠠᠶᠢᠭᠤᠯᠵᠦ ᠬᠠᠷᠠᠭᠠᠯᠵᠠᠭᠰᠠᠨ ᠰᠤᠳᠤᠯᠭᠠᠨ ᠤ ᠰᠡᠳᠦᠪ ᠡᠷᠬᠢᠯᠡᠵᠦ᠂ ᠰᠤᠳᠤᠯᠭᠠᠨ ᠤ ᠳᠤᠮᠳᠠ ᠠᠴᠠ ᠤᠨᠤᠯ ᠤᠨ ᠳᠡᠮᠵᠢᠯᠭᠡ ᠪᠠ ᠦᠷ᠎ᠡ ᠪᠦᠲᠦᠮᠵᠢᠲᠦ ᠠᠵᠢᠯᠯᠠᠭᠠᠨ ᠤ ᠠᠷᠭ᠎ᠠ ᠪᠠᠷᠢᠯ ᠢ ᠡᠷᠢᠨ ᠤᠯᠬᠤ ᠪᠠᠷ ᠴᠢᠷᠮᠠᠶᠢᠨ᠎ᠠ᠃      ᠭᠤᠷᠪᠠ᠂ ᠰᠤᠷᠭᠠᠭᠤᠯᠢ ᠠᠴᠠ ᠠᠩᠭᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃      ᠠᠩᠭᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠤᠯᠲᠠ ᠪᠤᠯ ᠰᠤᠷᠭᠠᠭᠤᠯᠢ ᠶᠢᠨ ᠬᠠᠮᠢᠶᠠᠷᠤᠯᠲᠠ ᠶᠢᠨ ᠴᠢᠬᠤᠯᠠ ᠨᠢᠭᠡᠨ ᠭᠤᠭᠴᠤᠭ᠎ᠠ ᠮᠦᠨ᠃ ᠠᠩᠭᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠤᠯᠲᠠ ᠶᠢ ᠴᠢᠩᠭ᠎ᠠ ᠠᠳᠬᠤᠵᠤ ᠴᠢᠳᠠᠭᠰᠠᠨ ᠪᠤᠯ ᠳᠠᠷᠤᠢ ᠰᠤᠷᠭᠠᠭᠤᠯᠢ ᠶᠢᠨ ᠶᠤᠰᠤ ᠰᠤᠷᠲᠠᠬᠤᠨ ᠤ ᠬᠠᠮᠢᠶᠠᠷᠤᠯᠲᠠ ᠶᠢ ᠴᠢᠩᠭ᠎ᠠ ᠠᠳᠬᠤᠵᠤ ᠴᠢᠳᠠᠭᠰᠠᠨ ᠲᠠᠢ ᠠᠳᠠᠯᠢ᠃ ᠰᠤᠷᠭᠠᠭᠤᠯᠢ ᠠᠴᠠ ᠠᠵᠢᠯ ᠤᠨ ᠲᠦᠯᠦᠪᠯᠡᠭᠡ ᠳᠤᠭᠲᠠᠭᠠᠬᠤ ᠳᠤ ᠠᠩᠭᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠤᠯᠲᠠ ᠶᠢ ᠵᠠᠬᠢᠷᠤᠯ ᠤᠨ ᠬᠠᠮᠢᠶᠠᠷᠤᠯᠲᠠ ᠶᠢᠨ ᠬᠡᠪᠴᠢᠶᠡᠨ ᠳᠤ ᠤᠷᠤᠭᠤᠯᠬᠤ ᠨᠢ ᠨᠡᠩ ᠴᠢᠬᠤᠯᠠ ᠪᠠᠶᠢᠳᠠᠭ᠃ ᠡᠭᠦᠪᠡᠷ ᠳᠠᠮᠵᠢᠭᠤᠯᠵᠤ ᠠᠩᠭᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠤᠯᠲᠠ ᠶᠢᠨ ᠴᠢᠬᠤᠯᠠ ᠴᠢᠨᠠᠷ ᠢ ᠳᠤᠪᠤᠶᠢᠯᠭᠠᠵᠤ ᠪᠤᠯᠤᠨ᠎ᠠ᠃ ᠠᠩᠭᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠤᠯᠲᠠ ᠶᠢᠨ ᠠᠵᠢᠯ ᠳᠤ ᠰᠤᠷᠭᠠᠭᠤᠯᠢ ᠠᠴᠠ ᠤᠷᠳᠤ ᠬᠤᠭᠤᠴᠠᠭᠠᠨ ᠤ ᠲᠦᠯᠦᠪᠯᠡᠭᠡ ᠪᠠ ᠤᠬᠤᠷ ᠬᠤᠭᠤᠴᠠᠭᠠᠨ ᠤ ᠵᠤᠷᠢᠯᠲᠠ ᠪᠠᠶᠢᠬᠤ ᠬᠡᠷᠡᠭᠲᠡᠢ᠃ ᠲᠦᠯᠦᠪᠯᠡᠭᠡ ᠨᠢ ᠬᠠᠮᠢᠶᠠᠷᠤᠯᠲᠠ ᠶᠢ ᠡᠮᠬᠢ ᠵᠠᠮᠪᠠᠷᠠᠭ᠎ᠠ ᠲᠠᠢ ᠪᠠᠶᠢᠯᠭᠠᠵᠤ᠂ ᠵᠤᠷᠢᠯᠲᠠ ᠨᠢ ᠬᠠᠮᠢᠶᠠᠷᠤᠯᠲᠠ ᠶᠢ ᠪᠤᠳᠠᠲᠠᠶᠢᠵᠢᠭᠤᠯᠵᠤ ᠴᠢᠳᠠᠨ᠎ᠠ᠃ ᠡᠷᠬᠡᠪᠰᠢ ᠠᠩᠭᠢ ᠶᠢᠨ ᠡᠷᠬᠢᠯᠡᠭᠴᠢ ᠪᠠᠭᠰᠢ ᠶᠢ ᠶᠤᠰᠤ ᠰᠤᠷᠲᠠᠬᠤᠨ ᠤ ᠬᠠᠮᠢᠶᠠᠷᠤᠯᠲᠠ ᠶᠢᠨ ᠭᠤᠤᠯ ᠴᠤᠭᠴᠠ ᠪᠤᠯᠭᠠᠬᠤ ᠬᠡᠷᠡᠭᠲᠡᠢ᠃ ᠲᠡᠳᠡᠭᠡᠷ ᠲᠤ ᠬᠠᠨᠳᠤᠭᠰᠠᠨ ᠤᠪᠤᠷ ᠨᠢ ᠵᠠᠪᠠᠯ ᠦᠩᠭᠡᠨ ᠲᠠᠯ᠎ᠠ ᠶᠢᠨ ᠪᠢᠰᠢ ᠬᠠᠷᠢᠨ ᠦᠨᠡᠨ ᠪᠤᠳᠠᠲᠠᠢ ᠪᠠᠶᠢᠬᠤ ᠬᠡᠷᠡᠭᠲᠡᠢ᠃ ᠵᠦᠪᠬᠡᠨ ᠤᠷᠢᠶ᠎ᠠ ᠪᠢᠰᠢ ᠬᠠᠷᠢᠨ ᠰᠢᠨᠵᠢᠯᠡᠬᠦ ᠤᠬᠠᠭᠠᠨᠴᠢ ᠲᠦᠯᠦᠪᠯᠡᠭᠡ᠂ ᠦᠨᠡᠨ ᠪᠤᠳᠠᠲᠤ ᠵᠤᠷᠢᠯᠭ᠎ᠠ ᠪᠠ ᠠᠵᠢᠯᠯᠠᠭᠠᠨ ᠤ ᠦᠢᠯᠡᠳᠦᠯᠭᠡᠵᠢᠭᠦᠯᠭᠡ ᠪᠠᠶᠢᠬᠤ ᠬᠡᠷᠡᠭᠲᠡᠢ᠃      ᠵᠢᠱᠢᠶᠡᠯᠡᠪᠡᠯ᠄ ᠠᠩᠭᠢ ᠶᠢᠨ ᠡᠷᠬᠢᠯᠡᠭᠴᠢ ᠪᠠᠭᠰᠢ ᠳᠤ ᠬᠠᠨᠳᠤᠭᠤᠯᠤᠭᠰᠠᠨ ᠬᠢᠨᠠᠯᠲᠠ ᠪᠠ ᠦᠨᠡᠯᠡᠯᠲᠡ ᠶᠢᠨ ᠲᠤᠭᠲᠠᠯᠴᠠᠭ᠎ᠠ ᠪᠠᠶᠢᠭᠤᠯᠵᠤ᠂ ᠲᠡᠭᠦᠨ ᠤ ᠲᠤᠭᠳᠠᠭᠠᠯ ᠶᠤᠰᠤᠭᠠᠷ ᠰᠠᠷ᠎ᠠ ᠶᠢᠨ ᠬᠢᠨᠠᠯᠲᠠ ᠪᠠ ᠦᠨᠡᠯᠡᠯᠲᠡ ᠬᠢᠵᠦ᠂ ᠨᠦᠬᠦᠪᠦᠷᠢ ᠮᠦᠩᠭᠦ ᠶᠢᠨ ᠲᠠᠯ᠎ᠠ ᠳᠤ ᠱᠠᠩᠨᠠᠯ ᠪᠠ ᠲᠤᠷᠭᠠᠭᠤᠯᠢ ᠭᠠᠷᠭᠠᠵᠤ ᠵᠦᠷᠢᠶ᠎ᠡ ᠡᠭᠦᠰᠭᠡᠵᠦ ᠪᠤᠯᠤᠨ᠎ᠠ᠃ ᠡ᠊ᠨᠡ ᠭᠦ ᠬᠢᠨᠠᠯᠲᠠ ᠪᠠ ᠦᠨᠡᠯᠡᠯᠲᠡ ᠶᠢ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ ᠶᠢᠨ ᠲᠦᠯᠦᠭᠡᠯᠡᠭᠴᠢᠳ ᠤᠨ ᠬᠤᠷᠠᠯ᠂ ᠠᠩᠭᠢ ᠶᠢᠨ ᠡᠷᠬᠢᠯᠡᠭᠴᠢ ᠪᠠᠭᠰᠢ ᠪᠠ ᠰᠤᠷᠤᠭᠴᠢ ᠵᠡᠷᠭᠡ ᠤᠯᠠᠨ ᠲᠠᠯ᠎ᠠ ᠠᠴᠠ ᠶᠠᠪᠤᠭᠳᠠᠭᠤᠯᠵᠤ ᠪᠤᠯᠤᠨ᠎ᠠ᠃ ᠢᠩᠭᠢᠵᠤ ᠬᠢᠬᠦ ᠨᠢ ᠠᠩᠭᠢ ᠶᠢᠨ ᠡᠷᠬᠢᠯᠡᠭᠴᠢ ᠪᠠᠭᠰᠢ ᠶᠢᠨ ᠠᠵᠢᠯ ᠤᠨ ᠢᠳᠡᠪᠬᠢᠵᠢᠯ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ ᠬᠠᠷᠢᠯᠴᠠᠨ ᠦᠷᠢᠰᠦᠯᠳᠦᠨ ᠬᠠᠷᠢᠯᠴᠠᠨ ᠵᠤᠷᠢᠬᠵᠢᠭᠤᠯᠤᠨ ᠠᠵᠢᠯᠯᠠᠬᠤ ᠤᠪᠤᠷ ᠰᠡᠳᠬᠢᠯᠭᠡ ᠪᠠ ᠤᠷᠴᠢᠨ ᠠᠬᠤᠢ ᠶᠢ ᠪᠤᠢ ᠪᠤᠯᠭᠠᠵᠤ᠂ ᠠᠩᠭᠢ ᠶᠢᠨ ᠡᠷᠬᠢᠯᠡᠭᠴᠢ ᠪᠠᠭᠰᠢ ᠶᠢᠨ ᠠᠵᠢᠯ ᠤᠨ ᠦᠷ᠎ᠡ ᠪᠦᠲᠦᠮᠵᠢ ᠶᠢ ᠨᠡᠩ ᠰᠠᠶᠢᠨ ᠪᠤᠯᠭᠠᠵᠤ ᠴᠢᠳᠠᠨ᠎ᠠ᠃      ᠳᠦᠷᠪᠡ᠂ ᠰᠤᠷᠭᠠᠭᠤᠯᠢ ᠠᠴᠠ ᠠᠩᠭᠢ ᠶᠢᠨ ᠡᠷᠬᠢᠯᠡᠭᠴᠢ ᠪᠠᠭᠰᠢ ᠶᠢᠨ ᠬᠠᠮᠢᠶᠠᠷᠤᠯᠲᠠ ᠳᠤ ᠬᠢ ᠵᠤᠷᠢᠬᠵᠢᠭᠤᠯᠤᠯ ᠤᠨ ᠦᠢᠯᠡᠳᠦᠯ ᠢ ᠴᠢᠬᠤᠯᠠᠴᠢᠯᠠᠵᠤ᠂ ᠨᠡᠩ ᠦᠨᠳᠦᠷ ᠬᠢᠷᠢ ᠪᠦᠲᠦᠮᠵᠢ ᠲᠠᠢ᠂ ᠨᠡᠩ ᠪᠠᠶᠡᠷ ᠪᠠᠶᠠᠰᠤᠩᠭᠤᠢ᠂ ᠨᠡᠩ ᠪᠦᠯᠬᠦᠮᠳᠡᠨ ᠨᠢᠭᠲᠠᠷᠠᠭᠰᠠᠨ ᠬᠠᠮᠳᠤ ᠨᠢᠭᠡᠴᠡ ᠶᠢ ᠵᠤᠬᠢᠶᠠᠨ ᠪᠠᠶᠢᠭᠤᠯᠤᠭᠰᠠᠨ ᠪᠠᠶᠢᠬᠤ ᠬᠡᠷᠡᠭᠲᠡᠢ᠃      ᠠᠩᠭᠢ ᠶᠢᠨ ᠡᠷᠬᠢᠯᠡᠭᠴᠢ ᠪᠠᠭᠰᠢ ᠨᠢ ᠠᠵᠢᠯ ᠤᠨ ᠳᠤᠮᠳᠠ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ ᠪᠦᠭᠡᠳ ᠵᠦᠢ ᠵᠤᠬᠢᠰᠲᠠᠢ ᠵᠤᠷᠢᠬᠵᠢᠭᠤᠯᠤᠯ ᠢ ᠬᠡᠷᠡᠭᠰᠡᠨ᠎ᠡ᠃ ᠮᠦᠨ ᠴᠦ ᠪᠤᠰᠤᠳ ᠤᠨ ᠬᠦᠷᠢᠶᠡᠯᠡᠯ ᠢ ᠤᠯᠬᠤ᠂ ᠪᠤᠰᠤᠳ ᠤᠨ ᠭᠦᠨᠳᠤᠳᠭᠡᠯ ᠢ ᠤᠯᠬᠤ ᠱᠠᠭᠠᠷᠳᠠᠯᠭ᠎ᠠ ᠲᠠᠢ ᠪᠦᠬᠡᠳ ᠠᠮᠵᠢᠯᠲᠠ ᠤᠯᠬᠤ ᠬᠦᠰᠡᠯ ᠡᠷᠡᠮᠡᠯᠵᠡᠯ ᠲᠠᠢ ᠪᠠᠶᠢᠳᠠᠭ᠃      1. ᠱᠠᠩᠨᠠᠵᠤ ᠬᠦᠬᠢᠭᠦᠯᠬᠦ ᠠᠵᠢᠯᠯᠠᠭᠠᠨ ᠤ ᠦᠷ᠎ᠡ ᠪᠦᠲᠦᠮᠵᠢᠲᠦ ᠴᠢᠨᠠᠷ ᠢ ᠠᠩᠬᠠᠷᠬᠤ ᠬᠡᠷᠡᠭᠲᠡᠢ᠃ ᠦᠵᠡᠯ ᠰᠠᠨᠠᠭᠠᠨ ᠤ ᠵᠤᠷᠢᠬᠵᠢᠭᠤᠯᠤᠯ ᠪᠠ ᠡᠳ᠋ ᠪᠤᠳᠠᠰ ᠤᠨ ᠱᠠᠩᠨᠠᠨ ᠬᠦᠬᠢᠭᠦᠯᠦᠯ ︵ᠵᠤᠷᠢᠬᠵᠢᠭᠤᠯᠤᠯ︶ ᠢ ᠤᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠱᠠᠩᠨᠠᠨ ᠬᠦᠬᠢᠭᠦᠯᠦᠯ ᠪᠤᠯ ᠬᠤᠪᠢ ᠪᠡᠶ᠎ᠡ ᠶᠢᠨ ᠦᠷᠲᠡᠭ ᠤᠨ ᠲᠤᠬᠠᠢ ᠨᠢᠭᠡ ᠶᠤᠰᠤᠨ ᠤ ᠳ᠋ᠦᠡᠭᠨᠠᠯᠳᠠ ᠪᠤᠯᠵᠤ ᠪᠤᠯᠤᠨ᠎ᠠ᠃ ᠵᠤᠬᠢᠬᠤ ᠬᠡᠮᠵᠢᠶᠡᠨ ᠤ ᠱᠠᠩᠨᠠᠨ ᠬᠦᠬᠢᠭᠦᠯᠦᠯ ᠨᠢ ᠪᠠᠭᠰᠢ ᠶᠢᠨ ᠤᠷᠮ᠎ᠠ ᠰᠡᠳᠬᠢᠯᠭᠡ ᠶᠢ ᠭᠦᠭᠵᠢᠭᠡᠵᠦ ᠴᠢᠳᠠᠨ᠎ᠠ᠃      ᠠᠩᠭᠢ ᠶᠢᠨ ᠡᠷᠬᠢᠯᠡᠭᠴᠢ ᠪᠠᠭᠰᠢ ᠶᠢᠨ ᠰᠠᠭᠤᠳᠠᠯ ᠤᠨ ᠬᠤᠷᠠᠯ᠂ ᠰᠢᠨ᠎ᠡ ᠵᠢᠯ ᠢ ᠤᠭᠲᠤᠬᠤ ᠦᠳᠡᠰᠢᠯᠡᠭᠡ᠂ ᠪᠠᠭᠰᠢ ᠶᠢᠨ ᠪᠠᠶᠠᠷ ᠤᠨ ᠡᠳᠦᠷ ᠪᠠ ᠰᠤᠷᠭᠠᠭᠤᠯᠢ ᠶᠢᠨ ᠱᠠᠩᠨᠠᠨ ᠬᠦᠬᠢᠭᠦᠯᠬᠦ ᠶᠤᠰᠤᠯᠠᠯ ᠵᠡᠷᠭᠡ ᠬᠦᠳᠡᠯᠭᠡᠭᠡᠨ ᠳᠤ ᠠᠩᠭᠢ ᠶᠢᠨ ᠡᠷᠬᠢᠯᠡᠭᠴᠢ ᠪᠠᠭᠰᠢ ᠶᠢᠨ ᠱᠠᠩᠨᠠᠨ ᠬᠦᠬᠢᠭᠦᠯᠦᠯ ᠢ ᠶᠠᠪᠤᠭᠳᠠᠭᠤᠯᠬᠤ ᠨᠢ ᠪᠡᠶ᠎ᠡ ᠰᠡᠳᠬᠢᠴᠡ ᠶᠢᠨ ᠲᠠᠶᠢᠪᠤᠰᠢᠷᠠᠯ ᠪᠠ ᠤᠶᠤᠨ ᠰᠡᠳᠬᠢᠴᠡ ᠶᠢᠨ ᠵᠤᠷᠢᠬᠵᠢᠭᠤᠯᠤᠯ ᠪᠤᠯᠬᠤ ᠪᠠᠷ ᠪᠠᠷᠠᠬᠤ ᠦᠭᠡᠢ ᠰᠤᠷᠤᠭᠴᠢᠳ ᠲᠤ ᠴᠦ ᠬᠡᠪ ᠳᠠᠭᠤᠷᠢᠶᠠᠯ ᠪᠤᠯᠵᠠᠢ᠃      2. ᠰᠤᠷᠭᠠᠭᠤᠯᠢ ᠠᠴᠠ ᠠᠩᠭᠢ ᠶᠢᠨ ᠡᠷᠬᠢᠯᠡᠭᠴᠢ ᠪᠠᠭᠰᠢ ᠳᠤ ᠬᠤᠪᠢ ᠬᠦᠮᠦᠨ ᠤ ᠤᠷ᠎ᠠ ᠴᠢᠳᠠᠪᠤᠷᠢ ᠪᠠᠨ ᠪᠠᠳᠠᠷᠠᠭᠤᠯᠬᠤ ᠨᠦᠬᠦᠴᠡᠯ ᠪᠤᠯᠤᠮᠵᠢ ᠬᠠᠩᠭᠠᠵᠤ ᠦᠭᠬᠦ ᠴᠢᠬᠤᠯᠠᠲᠠᠢ᠃      ᠰᠤᠷᠭᠠᠭᠤᠯᠢ ᠶᠢᠨ ᠤᠷᠠᠯᠢᠭ ᠤᠨ ᠨᠠᠶᠢᠷ᠂ ᠬᠦᠨᠳᠦ ᠬᠦᠩᠭᠡᠨ ᠪᠡᠶ᠎ᠡ ᠲᠠᠮᠢᠷ ᠤᠨ ᠤᠷᠤᠯᠳᠤᠭᠠᠨ᠂ ᠰᠢᠨ᠎ᠡ ᠵᠢᠯ ᠢ ᠪᠠᠶᠠᠷᠯᠠᠨ ᠤᠭᠲᠤᠬᠤ ᠦᠳᠡᠰᠢᠯᠡᠭᠡ᠂ ᠪᠠᠭᠰᠢ ᠶᠢᠨ ᠪᠠᠶᠠᠷ ᠤᠨ ᠡᠳᠦᠷ᠂ ᠰᠤᠷᠭᠠᠭᠤᠯᠢ ᠶᠢᠨ ᠱᠠᠩᠨᠠᠨ ᠬᠦᠬᠢᠭᠦᠯᠬᠦ ᠶᠤᠰᠤᠯᠠᠯ᠂ ᠪᠠᠭᠰᠢ ᠰᠤᠷᠤᠭᠴᠢᠳ ᠤᠨ ᠤᠷ᠎ᠠ ᠠᠪᠢᠶᠠᠰ ᠤᠨ ᠮᠦᠷᠦ᠋ᠢᠴᠡᠭᠡᠨ ᠵᠡᠷᠭᠡ ᠬᠦᠳᠡᠯᠭᠡᠭᠡᠨ ᠢᠶᠠᠷ ᠲᠠᠮᠵᠢᠭᠤᠯᠵᠤ ᠠᠩᠭᠢ ᠶᠢᠨ ᠡᠷᠬᠢᠯᠡᠭᠴᠢ ᠪᠠᠭᠰᠢ ᠶᠢᠨ ᠤᠷ᠎ᠠ ᠠᠪᠢᠶᠠᠰ᠂ ᠢᠲᠡᠭᠡᠯ ᠵᠤᠷᠢᠭ᠂ ᠤᠷᠮ᠎ᠠ ᠰᠡᠳᠬᠢᠯᠭᠡ ᠶᠢ ᠨᠢ ᠬᠦᠭᠰᠡᠭᠡᠵᠦ᠂ ᠶᠡᠷᠦ ᠶᠢᠨ ᠴᠠᠭ ᠤᠨ ᠠᠵᠢᠯ ᠤᠨ ᠳᠠᠷᠤᠭᠠᠰᠤ ᠶᠢ ᠨᠢ ᠭᠦᠡᠭᠭᠡᠷᠡᠭᠦᠯᠦᠨ᠂ ᠬᠤᠪᠢ ᠪᠡᠶ᠎ᠡ ᠶᠢᠨ ᠳᠦᠷᠢᠮ ᠦᠵᠡᠬᠦᠯᠬᠦ ᠴᠢᠨᠠᠷ ᠢ ᠨᠢ ᠪᠠᠳᠠᠷᠠᠭᠤᠯᠵᠤ᠂ ᠳᠠᠷᠠᠭᠠᠴᠢ ᠶᠢᠨ ᠠᠵᠢᠯᠯᠠᠭᠠᠨ ᠳᠤ ᠰᠠᠭᠤᠷᠢ ᠨᠦᠬᠦᠴᠡᠯ ᠪᠤᠯᠭᠠᠵᠤ ᠪᠤᠯᠤᠨ᠎ᠠ᠃      3. ᠰᠢᠯᠢᠳᠡᠭ ᠠᠩᠭᠢ ᠶᠢᠨ ᠡᠷᠬᠢᠯᠡᠭᠴᠢ ᠪᠠᠭᠰᠢ ᠶᠢᠨ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠬᠤ    ᠬᠡᠷᠡᠭᠲᠡᠢ᠃      ᠠᠩᠭᠢ ᠶᠢᠨ ᠡᠷᠬᠢᠯᠡᠭᠴᠢ ᠪᠠᠭᠰᠢ ᠨᠢ ᠦᠭᠡ ᠶᠡᠷᠢᠶ᠎ᠠ᠂ ᠦᠢᠯᠡ ᠬᠦᠳᠡᠯᠦᠯ᠂ ᠡᠮᠦᠰᠭᠡᠯ ᠵᠠᠰᠠᠯ᠂ ᠠᠭᠠᠰᠢ ᠵᠠᠩ᠂ ᠤᠷᠮ᠎ᠠ ᠪᠠᠬ᠎ᠠ᠂ ᠡᠬᠦᠷᠭᠡ ᠬᠠᠷᠢᠭᠤᠴᠠᠯᠭ᠎ᠠ ᠵᠡᠷᠭᠡ ᠤᠯᠠᠨ ᠲᠠᠯ᠎ᠠ ᠪᠠᠷ ᠲᠠᠭᠤᠷᠢᠶᠠᠯ ᠪᠤᠯᠵᠤ ᠪᠤᠯᠤᠨ᠎ᠠ᠃ ᠡᠩ ᠤᠨ ᠠᠵᠢᠯᠯᠠᠭᠠᠨ ᠳᠤᠮᠳᠠ ᠪᠠᠨ ᠠᠯᠢ ᠨᠢᠭᠡ ᠶᠢ ᠨᠢ ᠴᠦ ᠭᠡᠳ ᠠᠯᠪᠠᠳᠠᠨ ᠳᠠᠭᠤᠷᠢᠶᠠᠯᠭᠠᠬᠤ ᠪᠢᠰᠢ᠂ ᠬᠠᠷᠢᠨ ᠦᠯᠦ ᠮᠡᠳᠡᠭᠳᠡᠮ᠎ᠡ ᠨᠦᠯᠦᠭᠡᠯᠡᠬᠦ ᠪᠠᠷ ᠭᠤᠤᠯᠯᠠᠨ᠎ᠠ᠃      4. ᠰᠤᠷᠭᠠᠭᠤᠯᠢ ᠶᠢᠨ ᠤᠳᠤᠷᠢᠳᠤᠯᠭ᠎ᠠ ᠶᠢᠨ ᠦᠢᠯᠡ ᠠᠵᠢᠯᠯᠠᠭ᠎ᠠ ᠨᠢ ᠴᠤ ᠨᠢᠭᠡ ᠵᠦᠢᠯ ᠤᠨ ᠵᠤᠷᠢᠬᠵᠢᠭᠤᠯᠤᠯ ᠪᠤᠯᠬᠤ ᠶᠤᠮ᠃ ᠰᠤᠷᠭᠠᠭᠤᠯᠢ ᠶᠢᠨ ᠠᠵᠢᠯᠯᠠᠭᠠᠨ ᠳᠤᠮᠳᠠ ᠬᠡᠷᠬᠢᠨ ᠠᠩᠭᠢ ᠶᠢᠨ ᠡᠷᠬᠢᠯᠡᠭᠴᠢ ᠪᠠᠭᠰᠢ ᠶᠢ ᠰᠤᠷᠭᠠᠨ ᠬᠦᠮᠦᠵᠢᠭᠦᠯᠬᠦ ᠨᠢ ᠨᠢᠭᠡᠨ ᠴᠢᠬᠤᠯᠠ ᠰᠠᠳᠤᠪ ᠪᠤᠯᠬᠤ ᠶᠤᠮ᠂ ᠰᠤᠷᠭᠠᠭᠤᠯᠢ ᠶᠢᠨ ᠤᠳᠤᠷᠢᠳᠤᠯᠭ᠎ᠠ ᠡᠷᠬᠡᠪᠰᠢ ᠦᠪᠡᠷ ᠢᠶᠠᠨ ᠰᠢᠯᠭᠠᠷᠠᠨ ᠴᠠᠭᠠᠷᠠᠭᠰᠠᠨ ᠬᠠᠮᠢᠶᠠᠷᠤᠯᠲᠠ ᠶᠢᠨ ᠤᠨᠤᠯᠵᠢᠬᠤᠨ ᠪᠠ ᠦᠢᠯᠡ ᠠᠵᠢᠯᠯᠠᠭᠠᠨ ᠤ ᠲᠦᠷᠢᠮᠵᠢᠯ ᠪᠠᠶᠢᠬᠤ ᠬᠡᠷᠡᠭᠲᠡᠢ᠂ ᠢᠩᠭᠢᠮᠡᠨᠵᠢᠨ ᠰᠠᠶ᠋ᠢ ᠪᠦᠬᠦ ᠲᠠᠯ᠎ᠠ ᠶᠢᠨ ᠠᠵᠢᠯᠯᠠᠭᠠᠨ ᠢ ᠬᠠᠮᠲᠤᠷᠠᠨ ᠤᠶᠠᠯᠳᠤᠭᠤᠯᠵᠤ ᠴᠢᠳᠠᠬᠤ ᠪᠦᠭᠡᠳ ᠵᠤᠷᠢᠬᠵᠢᠭᠤᠯᠤᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ ᠴᠢᠳᠠᠨ᠎ᠠ᠃      ᠰᠤᠷᠭᠠᠨ ᠬᠦᠮᠦᠵᠢᠯ ᠳᠤ ᠰᠤᠷᠭᠠᠭᠤᠯᠢ ᠶᠢᠨ ᠰᠤᠷᠭᠠᠨ ᠬᠦᠮᠦᠵᠢᠯ ᠨᠢ ᠴᠢᠬᠤᠯᠠ ᠦᠢᠯᠡᠳᠦᠯ ᠦᠵᠡᠭᠦᠯᠳᠡᠭ᠂ ᠰᠤᠷᠭᠠᠭᠤᠯᠢ ᠶᠢᠨ ᠰᠤᠷᠭᠠᠨ ᠬᠦᠮᠦᠵᠢᠯ ᠳᠤ ᠠᠩᠭᠢ ᠶᠢᠨ ᠡᠷᠬᠢᠯᠡᠭᠴᠢ ᠪᠠᠭᠰᠢ ᠶᠢᠨ ᠠᠵᠢᠯ ᠨᠢ ᠴᠢᠬᠤᠯᠠ ᠪᠦᠭᠡᠳ ᠭᠤᠤᠯᠯᠠᠬᠤ ᠪᠠᠶᠢᠷᠢ ᠶᠢ ᠡᠵᠡᠯᠡᠳᠡᠭ᠃ ᠠᠩᠭᠢ ᠶᠢᠨ ᠡᠷᠬᠢᠯᠡᠭᠴᠢ ᠪᠠᠭᠰᠢ ᠶᠢᠨ ᠠᠵᠢᠯ ᠢ ᠲᠤᠭᠤᠰᠢᠲᠠᠢ ᠰᠠᠶᠢᠬᠠᠨ ᠶᠠᠪᠤᠭᠳᠠᠭᠤᠯᠵᠤ ᠴᠢᠳᠠᠭᠰᠠᠨ ᠡᠰᠡᠭᠦ ᠨᠢ ᠰᠤᠷᠤᠭᠴᠢᠳ ᠤᠨ ᠪᠦᠷᠢᠨ ᠭᠦᠢᠴᠡᠳ ᠪᠦᠭᠡᠳ ᠶᠠᠰᠤ ᠴᠢᠨᠠᠷᠲᠠᠢ ᠰᠤᠷᠭᠠᠨ ᠬᠦᠮᠦᠵᠢᠯ ᠬᠦᠷᠳᠡᠵᠦ ᠴᠢᠳᠠᠭᠰᠠᠨ ᠡᠰᠡᠭᠦ ᠯᠦᠭᠡ ᠨᠢᠭᠲᠠ ᠬᠤᠯᠪᠤᠭ᠎ᠠ ᠲᠠᠢ ᠪᠠᠶᠢᠳᠠᠭ᠃ ᠡᠶᠢᠮᠦ ᠠᠴᠠ ᠠᠩᠭᠢ ᠶᠢᠨ ᠡᠷᠬᠢᠯᠡᠭᠴᠢ ᠪᠠᠭᠰᠢ ᠶᠢᠨ ᠠᠵᠢᠯᠯᠠᠭᠠᠨ ᠢ ᠴᠢᠬᠤᠯᠠᠴᠢᠯᠠᠨ ᠦᠵᠡᠬᠦ ᠪᠦᠭᠡᠳ ᠬᠠᠯᠠᠰᠢᠷᠠᠯ ᠦᠭᠡᠢ ᠭᠦᠮᠦᠵᠢᠭᠦᠯᠦᠨ ᠪᠤᠯᠪᠠᠰᠤᠷᠠᠭᠤᠯᠬᠤ ᠴᠢᠬᠤᠯᠠ ᠲᠠᠢ᠃                 ᠬᠠᠶ᠋ᠢᠬ᠄ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ                         ᠮᠤᠩᠭᠤᠯ ᠦᠨᠳᠦᠰᠦᠲᠡᠨ ᠤ ᠰᠤᠷᠭᠠᠭᠤᠯᠢ                              ︵ᠡᠾᠦ᠋ᠩ ᠮᠸᠢ ᠨᠠᠶᠢᠷᠠᠭᠤᠯᠪᠠ︶                              2020.4 ᠳ᠋ᠦ᠋ᠭᠡᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map