ᠠᠩᠭᠢ ᠶᠢᠨ ᠡᠷᠬᠢᠯᠡᠭᠴᠢ ᠪᠠᠭᠰᠢ ᠬᠢᠭᠡᠳ ᠬᠢᠴᠢᠶᠡᠯ ᠲᠦᠷᠦᠯ ᠤᠨ ᠪᠠᠭᠰᠢ ᠶᠢᠨ ᠬᠤᠭᠤᠷᠣᠨᠳᠤᠬᠢ ᠬᠠᠷᠢᠴᠠᠭ᠎ᠠ ᠶᠢ ᠬᠡᠷᠬᠢᠨ ᠰᠠᠶᠢᠳᠣᠷ ᠰᠢᠢᠳᠪᠦᠷᠢᠯᠡᠬᠦ ᠪᠣᠢ
ᠨᠡᠶᠢᠲᠡᠯᠡᠭᠰᠡᠨ ᠴᠠᠭ᠄
2021/1/20
                                    ᠰᠢᠷᠠᠨᠤᠳ ᠮ᠊ · ᠭᠦᠭᠡᠭᠦᠦ      ᠠᠷᠠᠳ ᠤᠨ ᠦᠭᠡᠨ ᠳᠤ ︽ᠲᠣᠣᠭᠠᠷᠪᠠᠯ ᠲᠠᠭᠤ ᠨᠢᠭᠡ ᠲᠣᠭᠳᠣᠷᠪᠠᠯ ᠬᠦᠴᠦ ᠨᠢᠭᠡ︾ ᠭᠡᠳᠡᠭ᠃ ᠨᠢᠭᠡᠨ ᠠᠩᠬᠢ ᠨᠢᠭᠡᠴᠢ ᠳᠤ ᠠᠪᠴᠤ ᠭᠡᠯᠡᠪᠡᠯ ᠠᠩᠬᠢ ᠶᠢᠨ ᠡᠷᠬᠢᠯᠡᠭᠴᠢ ᠪᠠᠭᠰᠢ ᠪᠤᠯᠤᠨ ᠪᠤᠰᠤᠳ ᠬᠢᠴᠢᠶᠡᠯ ᠲᠦᠷᠦᠯ ᠤᠨ ᠪᠠᠭᠰᠢ ᠶᠢᠨ ᠬᠤᠭᠤᠷᠤᠨᠳᠤᠬᠢ ᠬᠠᠷᠢᠴᠠᠭ᠎ᠠ ᠶᠢ ᠵᠤᠬᠢᠰᠳᠠᠢ ᠰᠢᠢᠳᠪᠤᠷᠢᠯᠠᠵᠤ᠂ ᠪᠦᠯᠭᠦᠮᠳᠠᠭᠦ ᠶᠢᠨ ᠠᠴᠢ ᠲᠤᠰᠠ ᠶᠢ ᠪᠠᠳᠠᠷᠠᠭᠤᠯᠬᠤ ᠨᠢ ᠵᠢᠭᠠᠨ ᠰᠤᠷᠭᠠᠯᠳᠠ ᠶᠢᠨ ᠠᠮᠵᠢᠯᠳᠠ ᠤᠯᠬᠤ ᠶᠢᠨ ᠤᠮᠳᠤᠭᠠᠢᠢᠯᠠᠵᠤ ᠪᠤᠯᠤᠰᠢ ᠦᠭᠡᠢ ᠨᠢᠭᠡᠨ ᠲᠠᠯ᠎ᠠ ᠮᠦᠨ᠃ ᠡ᠊ᠨᠳᠠ ᠠᠩᠭᠢ ᠶᠢᠨ ᠡᠷᠬᠢᠯᠡᠭᠴᠢ ᠪᠣᠯᠣᠭᠰᠠᠳ ᠬᠡᠷᠬᠢᠨ ᠪᠠᠭᠰᠢ ᠪᠤᠯᠭᠠᠨ ᠤ ᠤᠪᠠᠳᠢᠰ ᠢ ᠪᠠᠳᠠᠷᠠᠭᠤᠯᠣᠨ ᠡ᠊ᠨᠡ ᠭᠦ ᠣᠷᠭᠠᠨᠢᠭ ᠵᠤᠬᠢᠴᠠᠯ ᠢ ᠴᠢᠯᠦᠭᠡᠳᠡᠢ ᠤᠯᠠᠷᠢᠭᠤᠯᠵᠦ ᠪᠣᠯᠬᠤ ᠲᠣᠬᠠᠢ ᠦᠪᠡᠷ ᠤᠨ ᠮᠦᠴᠢᠳ ᠣᠶᠢᠯᠠᠭᠠᠯᠳᠠ ᠪᠠᠨ ᠰᠠᠶᠢᠷᠠᠭᠦᠯᠪᠡ᠃      ᠨᠢᠭᠡ᠂ ᠭᠤᠣᠯ ᠬᠢᠴᠢᠶᠡᠯ ᠰᠣᠯᠠ ᠬᠢᠴᠢᠶᠡᠯ ᠤᠨ ᠬᠠᠷᠢᠴᠠᠭ᠎ᠠ ᠶᠢ ᠡᠷᠬᠡᠪᠰᠢ ᠵᠦᠪ ᠰᠢᠢᠳᠪᠦᠷᠢᠯᠡᠭᠰᠡᠨ ᠪᠠᠶᠢᠬᠤ ᠬᠡᠷᠡᠭᠳᠡᠢ᠃      ᠣᠷᠳᠣ ᠬᠤᠭᠤᠴᠠᠭᠠᠨ ᠤ ᠲᠣᠷᠰᠢ ᠰᠢᠯᠭᠠᠯᠳᠠ ᠳᠤ ᠬᠠᠨᠳᠣᠭᠤᠯᠣᠭᠰᠠᠨ ᠰᠤᠷᠭᠠᠨ ᠭᠦᠮᠦᠵᠢᠯ ᠤᠨ ᠨᠦᠯᠦᠭᠡ ᠠᠴᠠ ᠪᠣᠯᠵᠤ᠂ ᠭᠤᠣᠯ ᠬᠢᠴᠢᠶᠡᠯ ᠢ ᠭᠡᠳᠤ ᠴᠢᠬᠤᠯᠠᠴᠢᠯᠠᠬᠤ ᠦᠵᠡᠭᠳᠡᠯ ᠭᠠᠵᠠᠷ ᠠᠪᠴᠤ᠂ ᠰᠣᠯᠠ ᠬᠢᠴᠢᠶᠡᠯ ᠨᠢ ᠣᠮᠳᠤᠭᠠᠶᠢᠯᠠᠭᠳᠠᠨ᠂ ᠡᠬᠦᠨ ᠠᠴᠠ ᠪᠣᠯᠵᠦ ᠰᠣᠷᠣᠭᠴᠢᠳ ᠰᠣᠯᠠ ᠬᠢᠴᠢᠶᠡᠯ ᠳᠤ ᠲᠣᠷ᠎ᠠ ᠦᠭᠡᠶᠢᠴᠡᠬᠦ᠂ ᠴᠠᠭᠠᠰᠢᠯᠠᠭᠠᠳ ᠬᠠᠶᠠᠭᠠᠨ ᠳᠤ ᠨᠢ ᠬᠠᠶᠠᠬᠤ ᠦᠵᠡᠭᠳᠡᠯ ᠢᠯᠠᠷᠠᠵᠤ᠂ ᠪᠠᠭᠰᠢ ᠨᠠᠷ ᠤᠨ ᠵᠢᠭᠠᠨ ᠰᠣᠷᠭᠠᠬᠤ ᠣᠷᠮ᠎ᠠ ᠶᠢ ᠶᠡᠬᠡᠪᠡᠷ ᠨᠦᠯᠦᠭᠡᠯᠡᠵᠦ᠂ ᠠᠯᠪᠠ ᠬᠠᠭᠠᠭᠠᠳ ᠦᠩᠭᠡᠷᠡᠭᠡᠬᠦ ᠦᠬᠡᠢ ᠪᠠᠶᠢᠬᠤ ᠶᠢᠨ ᠠᠷᠭ᠎ᠠ ᠦᠬᠡᠢ ᠬᠡᠮᠵᠢᠶᠡᠨ ᠳᠤ ᠬᠦᠷᠭᠡᠵᠡᠢ᠂ ᠡᠨᠡ ᠨᠢ ᠬᠡᠪ ᠴᠢᠨᠠᠷ ᠤᠨ ᠰᠣᠷᠭᠠᠨ ᠬᠦᠮᠦᠵᠢᠯ ᠤᠨ ᠱᠠᠭᠠᠷᠳᠠᠯᠭ᠎ᠠ ᠳᠤ ᠨᠡᠶᠢᠴᠡᠬᠦ ᠦᠬᠡᠢ ᠠᠴᠠ ᠣᠴᠢᠷ ᠰᠣᠷᠣᠭᠴᠢᠳ ᠤᠨ ᠪᠦᠬᠦ ᠲᠠᠯ᠎ᠠ ᠪᠠᠷ ᠬᠦᠭᠵᠢᠬᠦ ᠪᠣᠯᠣᠮᠵᠢ ᠶᠢ ᠴᠣ᠋ ᠨᠦᠯᠦᠭᠡᠯᠡᠭᠰᠡᠨ ᠪᠠᠶᠢᠳᠠᠭ᠃ ᠡᠳᠡᠭᠡᠷ ᠪᠠᠶᠢᠳᠠᠯ ᠨᠢ ᠪᠤᠰᠤᠳ ᠬᠢᠴᠢᠶᠡᠯ ᠲᠦᠷᠦᠯ ᠤᠨ ᠪᠠᠭᠰᠢ ᠨᠠᠷ ᠤᠨ ᠲᠠᠯᠳᠠ ᠵᠦᠷᠢᠴᠡᠯ ᠢ ᠪᠣᠢ ᠪᠣᠯᠭᠠᠵᠤ᠂ ᠡᠬᠦᠨ ᠤ ᠣᠯᠠᠮ ᠠᠴᠠ ᠪᠠᠭᠰᠢ ᠰᠣᠷᠣᠭᠴᠢ ᠶᠢᠨ ᠨᠢᠭᠳᠠᠷᠠᠯ ᠤᠨ ᠭᠦᠴᠦᠨ ᠢ ᠰᠣᠯᠠᠷᠠᠭᠤᠯᠳᠠᠭ᠃ ᠲᠡᠭᠡᠭᠦᠯᠡᠷ ᠵᠤᠬᠢᠰᠳᠠᠢ ᠠᠷᠭ᠎ᠠ ᠠᠪᠴᠠᠯ ᠠᠪᠴᠤ ᠡᠨᠡ ᠭᠦ ᠪᠠᠶᠢᠳᠠᠯ ᠢ ᠬᠤᠪᠢᠷᠠᠭᠤᠯᠪᠠᠯ ᠵᠤᠬᠢᠨ᠎ᠠ᠃      1. ᠭᠤᠣᠯ ᠰᠣᠯᠠ ᠬᠢᠴᠢᠶᠡᠯ ᠢ ᠡᠷᠬᠡ ᠲᠡᠭᠰᠢ ᠪᠠᠷ ᠦᠵᠡᠬᠦ ᠦᠵᠠᠯᠳᠠ ᠶᠢ ᠪᠤᠢ ᠪᠤᠯᠭᠠᠬᠤ ᠭᠡᠷᠡᠭᠳᠠᠢ᠃ ᠡᠬᠦᠨ ᠳᠤ ᠠᠷᠭ᠎ᠠ ᠪᠦᠬᠦᠨ ᠢ ᠰᠦᠪᠡᠭᠴᠢᠯᠡᠨ ᠪᠠᠭᠰᠢ ᠰᠣᠷᠣᠭᠴᠢᠳ ᠤᠨ ᠰᠣᠯᠠ ᠬᠢᠴᠢᠶᠡᠯ ᠢ ᠣᠮᠳᠤᠭᠠᠶᠢᠯᠠᠳᠠᠬ ᠲᠠᠳᠬᠠᠯ ᠢ ᠲᠠᠶᠠᠭᠳᠠᠭᠤᠯᠬᠤ ᠪᠠᠷ ᠴᠢᠷᠮᠠᠶᠢᠬᠤ ᠬᠡᠷᠡᠭᠳᠡᠢ᠂ ᠣᠨᠴᠠᠭᠠᠶᠢᠯᠠᠨ ᠰᠣᠷᠣᠭᠴᠢᠳ ᠤᠨ ᠨᠠᠵᠠᠭᠠᠢ ᠣᠪᠣᠷ ᠢ ᠠᠷᠢᠯᠭᠠᠬᠤ ᠪᠣᠯ ᠵᠠᠩᠬᠢᠯᠠᠭ᠎ᠠ ᠪᠣᠯᠣᠨ᠎ᠠ᠃ ᠡᠬᠦᠨ ᠳᠤ ᠭᠡᠷ ᠤᠨ ᠠᠬᠠᠮᠠᠳ᠂ ᠨᠡᠶᠢᠬᠡᠮ᠂ ᠰᠣᠷᠭᠠᠭᠤᠯᠢ᠂ ᠪᠠᠭᠰᠢ ᠰᠣᠷᠣᠭᠴᠢᠳ ᠤᠨ ᠬᠠᠮᠳᠣ ᠶᠢᠨ ᠴᠢᠷᠮᠠᠶᠢᠯᠭ᠎ᠠ ᠳᠤ ᠲᠦᠰᠢᠭᠯᠡᠨ᠎ᠡ᠃      2. ᠠᠩᠭᠢ ᠶᠢᠨ ᠠᠵᠢᠯ ᠤᠨ ᠲᠤᠮᠳᠠ ᠪᠠᠨ ᠬᠢᠴᠢᠶᠡᠯ ᠵᠢᠭᠠᠬᠴᠢ ᠪᠠᠭᠰᠢ ᠨᠠᠷ ᠤᠨ ᠤᠷ᠎ᠠ ᠠᠪᠢᠶᠠᠰ ᠢ ᠢᠯᠡᠭᠦᠭᠡᠨ ᠪᠠᠳᠠᠷᠠᠭᠤᠯᠵᠦ᠂ ᠠᠩᠭᠢ ᠶᠢᠨ ᠡᠯ᠎ᠡ ᠵᠦᠢᠯ ᠤᠨ ᠭᠦᠳᠠᠯᠭᠡᠭᠡᠨ ᠳᠤ ᠰᠤᠯᠠ ᠬᠢᠴᠢᠶᠡᠯ ᠳᠤ ᠰᠤᠷᠤᠭᠰᠠᠨ ᠮᠠᠳᠠᠯᠭᠡ ᠴᠢᠳᠠᠪᠤᠷᠢ ᠶᠢ ᠭᠡᠷᠡᠭᠯᠡᠭᠦ ᠵᠠᠪᠰᠢᠶᠠᠨ ᠲᠤᠬᠢᠶᠠᠯ ᠤᠯᠭᠤᠪᠠᠯ ᠵᠤᠬᠢᠨ᠎ᠠ᠃      ᠬᠤᠶᠠᠷ᠂ ᠠᠩᠬᠢ ᠶᠢᠨ ᠡᠷᠬᠢᠯᠡᠭᠴᠢ ᠪᠠᠭᠰᠢ ᠪᠤᠰᠤᠳ ᠬᠢᠴᠢᠶᠡᠯ ᠲᠦᠷᠦᠯ ᠤᠨ ᠪᠠᠭᠰᠢ ᠨᠠᠷ ᠲᠠᠢ ᠪᠦᠭᠦ ᠲᠠᠯ᠎ᠠ ᠪᠠᠷ ᠬᠠᠮᠵᠢᠯᠴᠠᠬᠤ ᠭᠡᠷᠡᠭᠳᠠᠢ᠃      ᠠᠩᠬᠢ ᠶᠢᠨ ᠡᠷᠬᠢᠯᠡᠭᠴᠢ ᠪᠤᠯᠤᠨ ᠪᠤᠰᠤᠳ ᠬᠢᠴᠢᠶᠡᠯ ᠲᠦᠷᠦᠯ ᠤᠨ ᠪᠠᠭᠰᠢ ᠶᠢᠨ ᠬᠠᠷᠢᠴᠠᠭ᠎ᠠ ᠶᠢ ︽ᠬᠠ ᠨᠢ ᠭᠤᠶ᠎ᠠ ᠳᠤ ᠪᠠᠨ ᠲᠦᠰᠢᠶ᠎ᠠ᠂ ᠬᠠᠮᠠᠷ ᠨᠢ ᠠᠮᠠᠨ ᠳᠤ ᠪᠠᠨ ᠬᠤᠷᠰᠢᠶ᠎ᠠ︾ ᠭᠡᠳᠡᠭ ᠦᠭᠡ ᠪᠠᠷ ᠵᠦᠢᠷᠯᠠᠵᠤ ᠪᠤᠯᠤᠨ᠎ᠠ᠃ ᠠᠩᠬᠢ ᠶᠢᠨ ᠡᠷᠬᠢᠯᠡᠭᠴᠢ ᠪᠠᠭᠰᠢ ᠶᠢᠨ ᠠᠵᠢᠯ ᠨᠢ ᠪᠤᠰᠤᠳ ᠬᠢᠴᠢᠶᠡᠯᠯᠡᠭᠴᠢ ᠪᠠᠭᠰᠢ ᠶᠢᠨ ᠬᠠᠮᠵᠢᠯᠴᠠᠭ᠎ᠠ ᠠᠴᠠ ᠰᠠᠯᠵᠤ ᠴᠢᠳᠠᠬᠤ ᠦᠭᠡᠢ᠂ ᠬᠢᠴᠢᠶᠡᠯᠯᠡᠭᠴᠢ ᠪᠠᠭᠰᠢ ᠯᠤᠭ᠎ᠠ ᠶᠢᠨ ᠬᠠᠷᠢᠴᠠᠭ᠎ᠠ ᠪᠠᠨ ᠰᠠᠶᠢᠳᠤᠷ ᠵᠤᠬᠢᠴᠠᠭᠤᠯᠵᠤ᠂ ᠡᠷᠴᠢᠮᠳᠠᠢ ᠰᠠᠶᠢᠨ ᠭᠦᠭᠵᠢᠭᠦᠯᠦᠨ᠂ ᠬᠢᠴᠢᠶᠡᠯᠯᠡᠭᠴᠢ ᠪᠠᠭᠰᠢ ᠨᠠᠷ ᠤᠨ ᠠᠩᠬᠢ ᠨᠠᠶᠢᠳᠠ ᠶᠢᠨ ᠠᠵᠢᠯ ᠳᠤ ᠬᠢ ᠲᠦᠷᠭᠡᠳᠭᠡᠭᠦ ᠦᠢᠯᠠᠳᠤᠯ ᠢ ᠭᠦᠢᠴᠡᠳ ᠪᠠᠳᠠᠷᠠᠭᠤᠯᠬᠤ ᠪᠤᠯ ᠠᠩᠬᠢ ᠶᠢᠨ ᠡᠷᠬᠢᠯᠡᠭᠴᠢ ᠪᠤᠯᠤᠭᠰᠠᠳ ᠤᠨ ᠠᠵᠢᠯ ᠤᠨ ᠲᠤᠮᠳᠠ ᠪᠠᠨ ᠡᠷᠭᠡᠪᠰᠢ ᠨᠠᠷᠢᠯᠢᠬ ᠰᠤᠳᠤᠯᠤᠨ᠂ ᠲᠠᠰᠤᠷᠠᠯᠳᠠ ᠦᠭᠡᠢ ᠬᠠᠶᠢᠨ ᠰᠦᠪᠡᠭᠴᠢᠯᠡᠭᠦ ᠲᠤᠮᠤᠬᠠᠨ ᠠᠰᠠᠭᠤᠳᠠᠯ ᠮᠦᠨ᠃      1. ᠠᠩᠬᠢ ᠶᠢᠨ ᠡᠷᠬᠢᠯᠡᠭᠴᠢ ᠪᠠᠭᠰᠢ ᠬᠢᠴᠢᠶᠡᠯ ᠲᠦᠷᠦᠯ ᠤᠨ ᠪᠠᠭᠰᠢ ᠳᠤ ᠬᠠᠮᠵᠢᠵᠤ ᠵᠢᠭᠠᠨ ᠰᠣᠷᠭᠠᠬᠤ ᠶᠠᠪᠣᠴᠠ ᠳᠤ ᠲᠣᠯᠭᠠᠷᠠᠭᠰᠠᠨ ᠠᠰᠠᠭᠤᠳᠠᠯ ᠢ ᠨᠢ ᠰᠢᠢᠳᠪᠦᠷᠢᠯᠡᠵᠦ ᠦᠭᠬᠦ ᠬᠡᠷᠡᠭᠳᠡᠢ᠃ ᠬᠢᠴᠢᠶᠡᠯ ᠲᠦᠷᠦᠯ ᠤᠨ ᠪᠠᠭᠰᠢ ᠶᠢᠨ ᠵᠢᠭᠠᠨ ᠰᠣᠷᠭᠠᠯᠳᠠ ᠲᠤᠮᠳᠠ ᠨᠢ ᠲᠣᠬᠢᠶᠠᠯᠳᠣᠭᠰᠠᠨ ᠪᠣᠶᠣ ᠡᠭᠦᠰᠦᠭᠰᠡᠨ ᠠᠰᠠᠭᠤᠳᠠᠯ ᠢ ᠲᠦᠭᠦᠮᠬᠡᠨ ᠪᠦᠭᠡᠳ ᠬᠡᠯᠪᠠᠶᠢᠬᠦᠦ ᠪᠠᠷ ᠲᠡᠷᠡ ᠴᠢᠨᠢ ᠲᠡᠬᠦᠨ ᠤ ᠦᠪᠡᠷ ᠤᠨ ᠬᠢᠨᠢ ᠣᠴᠢᠷ᠂ ᠲᠡᠳᠡ ᠦᠪᠡᠷ ᠢᠶᠠᠨ ᠰᠢᠢᠳᠪᠦᠷᠢᠯᠡᠬᠦ ᠨᠢ ᠵᠦᠢᠳᠡᠢ᠂ ᠨᠠᠳᠠᠳᠣ ᠬᠠᠮᠢᠶ᠎ᠠ ᠦᠭᠡᠢ ᠭᠡᠵᠦ ᠦᠵᠡᠬᠦ ᠪᠣᠶᠣ ᠬᠠᠨᠴᠣᠢ ᠲᠣᠭᠳᠦ᠋ᠢᠯᠠᠨ ᠬᠠᠵᠠᠭᠤ ᠠᠴᠠ ᠨᠢ ᠬᠠᠷᠠᠬᠤ᠂ ᠡᠰᠡᠪᠡᠯ ᠵᠣᠷᠢᠭᠤᠳᠠ ᠵᠠᠶᠢᠯᠠᠬᠤ ᠨᠢ ᠵᠤᠬᠢᠰ ᠦᠭᠡᠢ᠃ ᠬᠠᠷᠢᠨ ᠣᠶᠢᠯᠠᠭᠠᠨ ᠬᠠᠯᠠᠮᠵᠢᠯᠠᠵᠤ᠂ ᠬᠢᠴᠢᠶᠡᠯ ᠤᠨ ᠪᠠᠭᠰᠢ ᠳᠤ ᠬᠠᠮᠵᠢᠯᠴᠠᠨ ᠵᠢᠭᠠᠨ ᠰᠣᠷᠭᠠᠯᠳᠠ ᠲᠤᠮᠳᠠ ᠤᠴᠠᠷᠠᠭᠰᠠᠨ ᠬᠦᠴᠢᠷᠳᠡᠯ ᠢ ᠨᠢ ᠰᠢᠢᠳᠪᠦᠷᠢᠯᠡᠨ ᠦᠭᠬᠦ ᠨᠢ ᠠᠩᠭᠢ ᠶᠢᠨ ᠠᠵᠢᠯ ᠲᠤᠮᠳᠠ ᠣᠷᠣᠰᠢᠬᠤ ᠠᠰᠠᠭᠤᠳᠠᠯ ᠢ ᠰᠢᠢᠳᠪᠦᠷᠢᠯᠡᠬᠦ ᠲᠠᠢ ᠨᠢᠭᠳᠠ ᠬᠠᠷᠢᠴᠠᠭ᠎ᠠ ᠲᠠᠢ ᠪᠠᠶᠢᠳᠠᠭ᠃ ᠡᠨᠡ ᠨᠢ ᠠᠩᠭᠢ ᠶᠢᠨ ᠪᠠᠭᠰᠢ ᠶᠢᠨ ᠬᠢᠴᠢᠶᠡᠯᠯᠡᠭᠴᠢ ᠪᠠᠭᠰᠢ ᠶᠢᠨ ᠵᠢᠭᠠᠨ ᠰᠣᠷᠭᠠᠯᠳᠠ ᠶᠢᠨ ᠠᠰᠠᠭᠤᠳᠠᠯ ᠢ ᠠᠩᠭᠢ ᠶᠢᠨ ᠠᠵᠢᠯ ᠤᠨ ᠴᠢᠬᠤᠯᠠ ᠠᠭᠤᠯᠭ᠎ᠠ ᠪᠣᠯᠭᠠᠨ ᠬᠦᠨᠳᠦᠳᠭᠡᠵᠦ ᠪᠠᠶᠢᠬᠤ ᠶᠢ ᠢᠯᠡᠳᠭᠡᠨ᠂ ᠰᠣᠷᠣᠭᠴᠢᠳ ᠤᠨ ᠪᠤᠰᠤᠳ ᠬᠢᠴᠢᠶᠡᠯ ᠤᠨ ᠪᠠᠭᠰᠢ ᠳᠤ ᠬᠠᠨᠳᠣᠬᠤ ᠣᠪᠣᠷ ᠢ ᠦᠭᠡᠶᠢᠰᠭᠡᠵᠦ ᠴᠢᠳᠠᠬᠤ ᠪᠠᠷ ᠪᠠᠷᠠᠬᠤ ᠦᠬᠡᠢ ᠲᠠᠳᠠᠨ ᠤ ᠵᠢᠭᠠᠨ ᠰᠤᠷᠭᠠᠬᠤ ᠤᠷᠮ᠎ᠠ ᠶᠢ ᠲᠠᠶᠢᠴᠢᠯᠠᠳᠠᠬ᠃ ᠠᠩᠭᠢ ᠶᠢᠨ ᠪᠠᠭᠰᠢ ᠰᠣᠷᠣᠭᠴᠢᠳ ᠤᠨ ᠰᠣᠷᠣᠯᠴᠠᠯᠭ᠎ᠠ ᠲᠣᠮᠳᠠᠬᠢ ᠪᠣᠳᠠᠳᠠᠢ ᠢᠯᠡᠷᠡᠯ ︵ᠦᠵᠡᠯ ᠰᠠᠨᠠᠭᠠᠨ ᠤ ᠪᠠᠶᠢᠳᠠᠯ᠂ ᠰᠣᠷᠣᠯᠴᠠᠬᠤ ᠢᠳᠡᠪᠬᠢᠵᠢᠯ᠂ ᠰᠣᠷᠣᠯᠴᠠᠬᠤ ᠴᠢᠳᠠᠪᠣᠷᠢ ᠵᠢᠴᠢ ᠬᠠᠮᠵᠢᠯᠴᠠᠬᠤ ᠣᠪᠣᠷ︶ ᠬᠢᠭᠡᠳ ᠠᠩᠭᠢ ᠶᠢᠨ ᠰᠣᠷᠳᠠᠯ ︵ᠵᠣᠬᠢᠶᠠᠨ ᠪᠠᠶᠢᠭᠤᠯᠣᠯᠳᠠ ᠰᠠᠬᠢᠯᠭ᠎ᠠ ᠪᠠᠳᠤ᠂ ᠰᠣᠷᠣᠯᠴᠠᠯᠭ᠎ᠠ ᠶᠢᠨ ᠠᠬᠤᠢ ᠲᠣᠭᠤᠷᠢᠨ᠂ ᠵᠢᠭᠠᠨ ᠰᠣᠷᠭᠠᠬᠤ ᠴᠢᠨᠠᠷ ᠴᠢᠨᠰᠠᠭ᠎ᠠ︶ ᠢ ᠭᠤᠣᠯᠳᠠᠭᠤ ᠬᠢᠴᠢᠶᠡᠯᠯᠡᠭᠴᠢ ᠪᠠᠭᠰᠢ ᠨᠠᠷ ᠤᠨ ᠲᠤᠰᠬᠠᠯᠳᠠ ᠪᠠᠷ ᠲᠠᠮᠵᠢᠨ ᠤᠢᠢᠯᠠᠭᠠᠵᠤ ᠰᠣᠷᠣᠭᠴᠢᠳ ᠤᠨ ᠲᠤᠮᠳᠠ ᠠᠴᠠ ᠨᠦᠬᠦᠪᠦᠷᠢᠯᠡᠳᠡᠭ᠃ ᠢᠩᠭᠢᠮᠡᠨᠵᠢᠨ ᠰᠠᠶ᠋ᠢ ᠰᠣᠷᠣᠭᠴᠢᠳ ᠤᠨ ᠪᠠᠶᠢᠳᠠᠯ ᠪᠣᠯᠣᠨ ᠪᠦᠬᠦ ᠠᠩᠭᠢ ᠶᠢᠨ ᠪᠠᠶᠢᠳᠠᠯ ᠢ ᠨᠡᠩ ᠪᠦᠬᠦ ᠲᠠᠯ᠎ᠠ ᠪᠠᠷ᠂ ᠨᠡᠩ ᠪᠣᠳᠠᠳᠠᠢ ᠪᠠᠷ ᠤᠢᠢᠯᠠᠭᠠᠵᠤ᠂ ᠠᠵᠢᠯ ᠢᠶᠠᠨ ᠨᠡᠩ ᠪᠦᠳᠦᠮᠵᠢᠳᠡᠢ ᠬᠢᠵᠤ ᠴᠢᠳᠠᠳᠠᠭ᠃ ᠭᠤᠣᠯ ᠰᠡᠳᠦᠪᠲᠦ ᠠᠩᠭᠢ ᠶᠢᠨ ᠬᠤᠷᠠᠯ᠂ ᠭᠤᠷᠪᠠᠨ ᠰᠠᠶᠢᠨᠳᠠᠢ ᠰᠣᠷᠣᠭᠴᠢ ᠰᠢᠯᠢᠬᠦ᠂ ᠡᠪᠯᠡᠯ ᠤᠨ ᠬᠡᠰᠢᠬᠦᠨ ᠡᠯᠰᠡᠬᠦ᠂ ᠰᠣᠷᠭᠠᠭᠤᠯᠢ ᠶᠢᠨ ᠴᠢᠬᠤᠯᠠ ᠶᠡᠭᠡ ᠬᠦᠳᠡᠯᠭᠡᠭᠡᠨ ᠳᠤ ᠣᠷᠣᠯᠴᠠᠬᠤ ᠳᠤ ᠪᠠᠨ ᠬᠢᠴᠢᠶᠡᠯᠯᠡᠭᠴᠢ ᠪᠠᠭᠰᠢ ᠶᠢᠨ ᠰᠠᠨᠠᠯ ᠢ ᠯᠠᠪᠯᠠᠯᠳᠠ ᠪᠣᠯᠭᠠᠬᠤ ᠶᠢ ᠴᠣ᠋ ᠠᠩᠬᠠᠷᠬᠤ ᠬᠡᠷᠡᠭᠳᠡᠢ᠃      2. ᠬᠢᠴᠢᠶᠡᠯ ᠲᠦᠷᠦᠯ ᠤᠨ ᠪᠠᠭᠰᠢ ᠶᠢᠨ ᠢᠳᠡᠪᠬᠢ ᠲᠣᠷ᠎ᠠ ᠪᠠᠬ᠎ᠠ᠂ ᠲᠠᠪᠠᠭᠤ ᠲᠠᠯ᠎ᠠ ᠪᠣᠯᠣᠨ ᠬᠦᠳᠡᠯᠮᠦᠷᠢ ᠶᠢᠨ ᠦᠷ᠎ᠡ ᠪᠦᠳᠦᠭᠡᠯ᠂ ᠠᠮᠵᠢᠯᠳᠠ ᠪᠦᠳᠦᠮᠵᠢ ᠶᠢ ᠰᠠᠶᠢᠳᠣᠷ ᠰᠣᠷᠳᠠᠯᠴᠢᠯᠠᠨ᠂ ᠲᠡᠳᠡᠨ ᠤ ᠰᠣᠷᠣᠭᠴᠢᠳ ᠤᠨ ᠰᠡᠳᠬᠢᠯ ᠳᠤ ᠬᠢ ᠢᠳᠡᠭᠡᠯ ᠪᠠᠶᠢᠷᠢ ᠶᠢ ᠵᠣᠷᠢᠯᠭ᠎ᠠ ᠲᠠᠢ ᠪᠠᠷ ᠴᠣᠭᠴᠠᠯᠠᠵᠦ ᠦᠭᠬᠦ ᠬᠡᠷᠡᠭᠳᠡᠢ᠃ ᠵᠠᠷᠢᠮ ᠰᠣᠷᠣᠭᠴᠢ ᠠᠩᠭᠢ ᠶᠢᠨ ᠡᠷᠬᠢᠯᠡᠭᠴᠢ ᠪᠣᠯᠣᠨ ᠬᠢᠴᠢᠶᠡᠯ ᠲᠦᠷᠦᠯ ᠤᠨ ᠪᠠᠭᠰᠢ ᠪᠠᠨ ᠢᠯᠭᠠᠨ ᠦᠵᠡᠳᠡᠭ᠃ ᠠᠩᠭᠢ ᠶᠢᠨ ᠪᠠᠭᠰᠢ ᠬᠢᠴᠢᠶᠡᠯ ᠲᠦᠷᠦᠯ ᠤᠨ ᠪᠠᠭᠰᠢ ᠶᠢ ᠰᠠᠶᠢᠳᠣᠷ ᠲᠠᠨᠢᠯᠴᠠᠭᠤᠯᠣᠨ ᠰᠣᠷᠳᠠᠯᠴᠢᠯᠠᠬᠤ ᠨᠢ ᠰᠣᠷᠣᠭᠴᠢᠳ ᠤᠨ ᠲᠤᠮᠳᠠ ᠲᠡᠭᠦᠯᠳᠡᠷ ᠰᠠᠶᠢᠬᠠᠨ ᠪᠠᠭᠰᠢ ᠶᠢᠨ ᠳᠦᠷᠢ ᠲᠦᠷᠬᠦ ᠶᠢ ᠴᠣᠭᠴᠠᠯᠠᠨ ᠦᠭᠴᠦ᠂ ᠢᠳᠡᠭᠡᠯ ᠬᠦᠨᠳᠦ ᠶᠢ ᠨᠢ ᠲᠡᠭᠡᠭᠰᠢᠯᠡᠬᠦᠯᠵᠦ ᠴᠢᠳᠠᠳᠠᠭ᠂ ᠪᠢᠰᠢᠷᠡᠯ ᠤᠨ ᠬᠦᠴᠦᠨ ᠪᠣᠯ ᠬᠢᠴᠢᠶᠡᠯ ᠰᠣᠷᠣᠯᠭ᠎ᠠ ᠶᠢᠨ ᠲᠣᠩ ᠴᠢᠬᠤᠯᠠ ᠬᠦᠳᠡᠯᠭᠡᠬᠦ ᠬᠦᠴᠦᠨ ᠪᠣᠯᠣᠨ᠎ᠠ᠃ ᠬᠠᠷᠢᠨ ᠬᠢᠴᠢᠶᠡᠯ ᠤᠨ ᠪᠠᠭᠰᠢ ᠶᠢ ᠦᠭᠡᠯᠡᠵᠦ ᠰᠡᠪᠯᠡᠬᠦ ᠶᠢ ᠡᠷᠡᠰ ᠲᠡᠪᠴᠢᠨ᠂ ᠲᠡᠭᠡᠬᠦ ᠪᠠᠷ ᠪᠠᠷᠠᠬᠤ ᠦᠬᠡᠢ ᠰᠣᠷᠣᠭᠴᠢᠳ ᠤᠨ ᠪᠠᠭᠰᠢ ᠨᠠᠷ ᠤᠨ ᠨᠡᠷ᠎ᠡ ᠬᠦᠨᠳᠦ ᠶᠢ ᠬᠤᠬᠢᠷᠠᠭᠤᠯᠬᠤ ᠴᠣᠣᠷᠬᠠᠯ ᠭᠥᠳᠭᠡᠯ ᠢ ᠪᠠᠰᠠ ᠴᠠᠭ ᠲᠠᠷᠣᠢ ᠳᠤ ᠨᠢ ᠬᠤᠷᠢᠭᠯᠠᠨ ᠵᠣᠭᠰᠣᠭᠠᠵᠦ᠂ ᠪᠠᠭᠰᠢ ᠶᠢᠨ ᠡᠷᠬᠡ ᠬᠦᠨᠳᠦ ᠶᠢ ᠬᠠᠮᠠᠭᠠᠯᠠᠨ᠂ ᠰᠣᠷᠣᠭᠴᠢᠳ ᠲᠤ ᠲᠣᠳᠣᠷᠬᠠᠶᠢᠯᠠᠵᠦ ᠦᠭᠬᠦ ᠬᠡᠷᠡᠭᠳᠡᠢ᠃      3. ᠪᠠᠭᠰᠢ ᠰᠣᠷᠣᠭᠴᠢ ᠶᠢᠨ ᠪᠦᠯᠬᠦᠮᠳᠡᠯ ᠳᠤ ᠠᠰᠢᠭᠳᠠᠢ ᠬᠢᠴᠢᠶᠡᠯ ᠤᠨ ᠭᠠᠳᠠᠨᠠᠬᠢ ᠬᠦᠳᠡᠯᠭᠡᠭᠡᠨ ᠢ ᠢᠯᠡᠬᠦᠦ ᠦᠷᠨᠢᠭᠦᠯᠦᠨ᠂ ᠪᠠᠭᠰᠢ ᠰᠣᠷᠣᠭᠴᠢ ᠲᠣᠰ ᠪᠦᠷᠢ ᠶᠢᠨ ᠭᠠᠷᠮᠠᠭᠠᠢ ᠠᠪᠢᠶᠠᠰ ᠴᠢᠳᠠᠪᠣᠷᠢ ᠪᠠᠨ ᠪᠠᠳᠠᠷᠠᠭᠤᠯᠣᠨ ᠣᠶᠢᠯᠠᠭᠠᠯᠴᠠᠬᠤ ᠵᠠᠪᠰᠢᠶᠠᠨ ᠬᠠᠨᠭ᠍ᠭᠠᠨ ᠦᠭᠴᠦ ᠰᠡᠳᠬᠢᠯ ᠤᠨ ᠬᠤᠯᠪᠣᠭᠠᠰᠣ ᠶᠢ ᠨᠢ ᠴᠢᠩᠭᠠᠯᠠᠵᠦ ᠦᠭᠬᠦ ᠬᠡᠷᠡᠭᠳᠡᠢ᠃ ᠵᠢᠱᠢᠶᠡᠯᠡᠪᠡᠯ᠄ ᠠᠩᠭᠢ ᠶᠢᠨ ᠬᠤᠷᠠᠯ ᠳᠤ ᠣᠷᠢᠵᠦ ᠣᠷᠣᠯᠴᠠᠭᠤᠯᠣᠨ ᠶᠠᠷᠢᠶ᠎ᠠ ᠬᠢᠯᠭᠡᠵᠦ ᠰᠠᠨᠠᠯ ᠢ ᠨᠢ ᠰᠣᠨᠣᠰᠬᠤ᠂ ᠬᠢᠴᠢᠶᠡᠯ ᠤᠨ ᠭᠠᠳᠠᠭᠤᠷᠬᠢ ᠠᠩᠭᠢ ᠶᠢᠨ ᠡᠯ᠎ᠡ ᠵᠦᠢᠯ ᠤᠨ ᠬᠦᠳᠡᠯᠭᠡᠭᠡᠨ ᠳᠤ ᠰᠣᠷᠣᠭᠴᠢᠳ ᠢ ᠰᠠᠨᠠᠭᠠᠴᠢᠯᠠᠭ᠎ᠠ ᠲᠠᠢ ᠪᠠᠷ ᠪᠣᠰᠣᠳ ᠪᠠᠭᠰᠢ ᠨᠠᠷ ᠢᠶᠠᠨ ᠣᠷᠢᠵᠦ ᠣᠷᠣᠯᠴᠠᠭᠤᠯᠬᠤ ᠭᠡᠬᠦ ᠮᠡᠳᠦ᠃ ᠡᠶᠢᠮᠦᠷᠬᠦᠤ ᠡᠷᠬᠡ ᠲᠡᠭᠰᠢ ᠪᠦᠯᠬᠦᠮᠳᠡᠯ ᠨᠢᠭᠳᠠᠷᠠᠯ ᠤᠨ ᠬᠠᠷᠢᠴᠠᠭ᠎ᠠ ᠶᠢ ᠪᠠᠶᠢᠭᠤᠯᠵᠦ ᠦᠭᠬᠦ ᠨᠢ ᠪᠠᠭᠰᠢ ᠰᠣᠷᠣᠭᠴᠢ ᠶᠢᠨ ᠭᠠᠳᠠᠭᠤᠷᠴᠢᠯᠠᠬᠤ ᠰᠡᠳᠬᠢᠯᠭᠡ ᠶᠢ ᠦᠭᠡᠶᠢᠰᠭᠡᠵᠦ᠂ ᠲᠣᠰ ᠪᠦᠷᠢ ᠶᠢᠨ ᠬᠢᠨᠢ ᠲᠠᠪᠠᠭᠤ ᠲᠠᠯ᠎ᠠ ᠶᠢ ᠪᠠᠳᠠᠷᠠᠭᠤᠯᠣᠨ ᠲᠠᠪᠰᠢᠯᠲᠠ ᠳᠤ ᠬᠦᠷᠭᠡᠵᠦ ᠴᠢᠳᠠᠳᠠᠭ᠃      ᠠᠩᠭᠢ ᠶᠢᠨ ᠡᠷᠬᠢᠯᠡᠭᠴᠢ ᠪᠣᠯᠣᠭᠰᠠᠳ ᠪᠠᠭᠰᠢ ᠨᠠᠷ ᠢᠶᠠᠨ ᠡᠷᠬᠡ ᠲᠡᠭᠰᠢ ᠪᠠᠷ ᠬᠦᠨᠳᠦᠯᠡᠬᠦ ᠶᠢ ᠠᠩᠭᠢ ᠶᠢᠨ ᠰᠣᠷᠳᠠᠯ ᠪᠣᠯᠭᠠᠨ ᠢᠮᠠᠭᠳᠠ ᠰᠣᠷᠳᠠᠯᠴᠢᠯᠠᠵᠦ᠂ ᠠᠴᠢ ᠳᠤ ᠲᠠᠯᠠᠷᠬᠠᠬᠤ ᠨᠡᠶᠢᠳᠡᠮ ᠤᠨ ᠬᠡᠪ ᠰᠣᠷᠳᠠᠯ ᠢ ᠠᠩᠭᠢ ᠨᠢᠭᠡᠴᠢ ᠳᠤ ᠪᠠᠨ ᠪᠣᠢ ᠪᠣᠯᠭᠠᠨ᠂ ᠪᠠᠭᠰᠢ ᠨᠠᠷ ᠤᠨ ᠪᠡᠶ᠎ᠡ ᠮᠠᠬᠠᠪᠣᠳ ᠲᠠᠭ᠎ᠠ ᠦᠬᠡᠢ ᠪᠠᠶᠢᠬᠤ ᠪᠣᠶᠣ ᠶᠠᠭᠤ ᠴᠣ᠋ ᠪᠣᠯᠤᠭ᠂ ᠶᠠᠮᠠᠷ ᠨᠢᠭᠡᠨ ᠰᠢᠯᠳᠠᠭᠠᠨ ᠠᠴᠠ ᠪᠣᠯᠵᠦ ᠣᠨᠴᠠᠭᠠᠢ ᠬᠤᠪᠢᠷᠠᠯᠳᠠ ᠭᠠᠷᠴᠦ ᠬᠢᠴᠢᠶᠡᠯ ᠤᠨ ᠣᠷᠮ᠎ᠠ ᠶᠢ ᠨᠦᠯᠦᠭᠡᠯᠡᠬᠦ ᠪᠣᠶᠣ ᠬᠢᠴᠢᠶᠡᠯ ᠰᠠᠭᠠᠳᠠᠬᠤ ᠮᠡᠲᠦᠰ ᠤᠨ ᠪᠠᠶᠢᠳᠠᠯ ᠢ ᠢᠯᠡᠬᠦᠦ ᠤᠢᠢᠯᠠᠭᠠᠵᠤ ᠬᠠᠷᠠᠭᠠᠯᠵᠠᠨ᠂ ᠲᠣᠬᠤᠨᠢᠭᠤᠯᠣᠨ ᠪᠣᠯᠭᠤᠭᠠᠬᠤ ᠮᠡᠳᠦ ᠪᠠᠷ ᠪᠠᠭᠰᠢ ᠰᠣᠷᠣᠭᠴᠢ ᠶᠢᠨ ᠬᠠᠷᠢᠴᠠᠭ᠎ᠠ ᠶᠢ ᠴᠢᠩ ᠦᠨᠡᠨᠴᠢ ᠬᠦᠨᠳᠦᠯᠡᠯ ᠬᠠᠶᠢᠷᠠᠯᠠᠯ ᠤᠨ ᠬᠤᠯᠪᠣᠭᠠᠰᠣ ᠪᠣᠯᠭᠠᠬᠤ ᠪᠠᠷ ᠴᠢᠷᠮᠠᠶᠢᠬᠤ ᠬᠡᠷᠡᠭᠳᠡᠢ᠃      ᠠᠩᠭᠢ ᠶᠢᠨ ᠡᠷᠬᠢᠯᠡᠭᠴᠢ ᠪᠠᠭᠰᠢ ᠪᠣᠯᠣᠭᠰᠠᠳ ᠬᠢᠴᠢᠶᠡᠯ ᠲᠦᠷᠦᠯ ᠤᠨ ᠪᠠᠭᠰᠢ ᠠᠴᠠ ᠠᠩᠭᠢ ᠶᠢᠨ ᠢᠶᠠᠨ ᠪᠠᠶᠢᠳᠠᠯ ᠢ ᠨᠡᠩ ᠪᠦᠬᠦ ᠲᠠᠯ᠎ᠠ ᠪᠠᠷ᠂ ᠨᠡᠩ ᠪᠣᠳᠠᠳᠠᠢ ᠣᠶᠢᠯᠠᠭᠠᠳᠠᠭ ᠣᠴᠢᠷ ᠠᠴᠠ ᠪᠣᠰᠣᠳ ᠪᠠᠭᠰᠢ ᠨᠠᠷ ᠲᠠᠢ ᠢᠯᠡᠬᠦᠬᠡᠨ ᠰᠠᠨᠠᠯ ᠢᠶᠠᠨ ᠰᠣᠯᠢᠯᠴᠠᠬᠤ ᠬᠡᠷᠡᠭᠳᠡᠢ᠃ ᠵᠢᠱᠢᠶᠡᠯᠡᠪᠡᠯ᠄ ᠰᠣᠷᠣᠯᠭ᠎ᠠ ᠶᠢᠨ ᠬᠤᠭᠤᠴᠠᠭ᠎ᠠ ᠰᠠᠶ᠋ᠢ ᠡᠬᠢᠯᠡᠮᠡᠭᠴᠡ ᠰᠣᠷᠣᠭᠴᠢ ᠶᠢᠨ ᠨᠡᠷᠡᠰ᠂ ᠠᠩᠭᠢ ᠶᠢᠨ ᠺᠠᠳ᠋ᠷ ᠤᠨ ᠪᠦᠷᠢᠯᠳᠦᠬᠦᠨ᠂ ᠰᠠᠭᠤᠳᠠᠯ ᠲᠣᠬᠢᠷᠠᠭᠤᠯᠣᠯᠳᠠ᠂ ᠬᠢᠷᠢ ᠪᠦᠳᠦᠮᠵᠢ ᠶᠢᠨ ᠪᠠᠶᠢᠳᠠᠯ᠂ ᠶᠠᠳᠠᠭᠤ ᠬᠦᠴᠢᠷᠳᠡᠯᠳᠡᠢ ᠰᠣᠷᠣᠭᠴᠢ ᠁ ᠬᠡᠬᠦ ᠮᠡᠳᠦ ᠪᠠᠷ ᠬᠢᠴᠢᠶᠡᠯ ᠤᠨ ᠪᠠᠭᠰᠢ ᠨᠠᠷ ᠲᠤ ᠬᠠᠩᠭᠠᠨ ᠦᠭᠴᠦ ᠲᠣᠳᠣᠷ᠎ᠠ ᠨᠢ ᠲᠣᠭᠠᠳᠠᠢ ᠪᠠᠶᠢᠯᠭᠠᠬᠤ᠃ ᠡᠩ ᠤᠨ ᠴᠠᠭ ᠤᠨ ᠠᠵᠢᠯ ᠤᠨ ᠲᠤᠮᠳᠠ ᠪᠠᠨ ᠴᠣ᠋ ᠠᠩᠭᠢ ᠲᠣᠳᠣᠷ᠎ᠠ ᠡᠭᠦᠰᠦᠭᠰᠡᠨ ᠰᠢᠨ᠎ᠡ ᠠᠰᠠᠭᠤᠳᠠᠯ ᠰᠢᠨ᠎ᠡ ᠪᠠᠶᠢᠳᠠᠯ ᠢᠶᠠᠨ ᠴᠠᠭ ᠲᠣᠬᠠᠢ ᠳᠤ ᠨᠢ ᠪᠣᠰᠣᠳ ᠪᠠᠭᠰᠢ ᠨᠠᠷ ᠲᠠᠢ ᠰᠠᠨᠠᠯ ᠰᠣᠯᠢᠯᠴᠠᠨ᠂ ᠰᠠᠨᠠᠮᠰᠠᠷ ᠪᠣᠰᠣ ᠠᠨᠳᠠᠭᠤᠷᠠᠯ ᠡᠬᠦᠰᠬᠦ ᠠᠴᠠ ᠵᠠᠶᠢᠯᠠᠰᠬᠢᠬᠤ ᠬᠡᠷᠡᠭᠳᠡᠢ᠃ ᠠᠩᠭᠢ ᠶᠢᠨ ᠪᠠᠭᠰᠢ ᠬᠢᠭᠡᠳ ᠪᠣᠰᠣᠳ ᠪᠠᠭᠰᠢ ᠨᠠᠷ ᠤᠨ ᠬᠤᠭᠤᠷᠤᠨᠳᠤ ᠵᠠᠷᠢᠮ ᠦᠶ᠎ᠡ ᠳᠤ ᠰᠠᠨᠠᠭ᠎ᠠ ᠪᠠᠨ ᠣᠯᠣᠯᠴᠠᠬᠤ ᠦᠬᠡᠢ ᠣᠴᠢᠷ ᠲᠣᠬᠢᠶᠠᠯᠳᠣᠳᠠᠭ᠂ ᠠᠩᠭᠢ ᠶᠢᠨ ᠪᠠᠭᠰᠢ ᠵᠠᠷᠢᠮ ᠪᠠᠭᠰᠢ ᠶᠢᠨ ᠵᠠᠷᠢᠮ ᠬᠢᠳᠡᠯ ᠳᠤ ᠰᠡᠳᠬᠢᠯ ᠬᠠᠩᠭᠠᠮᠵᠢ ᠦᠬᠡᠢ ᠦᠵᠡᠭᠳᠡᠯ ᠴᠣ᠋ ᠢᠮᠠᠭᠳᠠ ᠲᠣᠬᠢᠶᠠᠯᠳᠣᠵᠦ ᠪᠣᠯᠳᠠᠭ᠃ ᠡᠶᠢᠮᠦ ᠦᠶ᠎ᠡ ᠳᠤ ᠠᠩᠭᠢ ᠶᠢᠨ ᠡᠷᠬᠢᠯᠡᠭᠴᠢ ᠪᠣᠯᠣᠭᠰᠠᠳ ᠪᠣᠰᠣᠳ ᠤᠨ ᠲᠠᠪᠠᠭᠤ ᠲᠠᠯ᠎ᠠ ᠶᠢ ᠨᠢ ᠠᠩᠬᠠᠷᠴᠦ᠂ ᠵᠣᠬᠢᠰ ᠲᠠᠢ ᠲᠣᠬᠢᠶᠠᠯ ᠬᠢᠭᠡᠳ ᠠᠷᠭ᠎ᠠ ᠪᠠᠷ ᠴᠢᠩ ᠰᠡᠳᠬᠢᠯ ᠠᠴᠠ ᠪᠠᠨ ᠠᠰᠠᠭᠤᠳᠠᠯ ᠢ ᠲᠡᠯᠭᠡᠨ ᠶᠠᠷᠢᠯᠴᠠᠨ ᠰᠢᠢᠳᠪᠦᠷᠢᠯᠡᠵᠦ ᠲᠣᠬᠠᠢ ᠶᠢᠨ ᠪᠠᠭᠰᠢ ᠶᠢᠨ ᠢᠳᠡᠪᠬᠢᠵᠢᠯ ᠢ ᠦᠨᠡᠨ ᠬᠦ ᠲᠠᠶᠢᠴᠢᠯᠠᠬᠤ ᠬᠡᠷᠡᠭᠳᠡᠢ᠃ ᠵᠦᠪᠬᠡᠨ ᠪᠣᠰᠣᠳ ᠪᠠᠭᠰᠢ ᠨᠠᠷ ᠤᠨ ᠢᠳᠡᠪᠬᠢᠵᠢᠯ ᠢ ᠦᠨᠡᠨ ᠬᠦ ᠲᠠᠶᠢᠴᠢᠯᠠᠭᠠᠳ ᠴᠢᠳᠠᠪᠠᠯ ᠲᠠᠷᠣᠢ ᠠᠩᠭᠢ ᠨᠢᠭᠡᠴᠢ ᠪᠠᠨ ᠵᠢᠩᠬᠢᠨᠢ ᠰᠠᠶᠢᠨ ᠬᠠᠮᠢᠶᠠᠷᠬᠤ ᠬᠦᠳᠡᠯᠭᠡᠬᠦ ᠬᠦᠴᠦ ᠶᠢ ᠣᠯᠵᠦ ᠴᠢᠳᠠᠨ᠎ᠠ᠃      ᠬᠢᠴᠢᠶᠡᠯᠯᠡᠭᠴᠢ ᠪᠠᠭᠰᠢ ᠬᠢᠭᠡᠳ ᠰᠣᠷᠣᠭᠴᠢᠳ ᠤᠨ ᠬᠤᠭᠤᠷᠣᠨᠳᠤᠬᠢ ᠵᠦᠷᠢᠴᠡᠯ ᠢ ᠠᠮᠢᠳᠣᠯᠢᠭ ᠴᠢᠳᠠᠮᠠᠭᠠᠢ ᠰᠢᠢᠳᠪᠦᠷᠢᠯᠡᠵᠦ ᠪᠠᠭᠰᠢ ᠰᠣᠷᠣᠭᠴᠢ ᠶᠢᠨ ᠬᠢᠴᠢᠶᠡᠯ ᠲᠣᠮᠳᠠᠬᠢ ᠡᠯ᠎ᠡ ᠵᠦᠢᠯ ᠤᠨ ᠬᠠᠯᠭᠤᠣ ᠦᠵᠡᠭᠳᠡᠯ ᠣᠶᠢᠯᠠᠭᠠᠯᠳᠠ ᠶᠢ ᠴᠠᠭ ᠲᠠᠷᠣᠢ ᠳᠤ ᠨᠢ ᠵᠣᠬᠢᠴᠠᠭᠤᠯᠵᠦ ᠬᠢᠴᠢᠶᠡᠯᠯᠡᠭᠡ ᠶᠢᠨ ᠡᠶ᠎ᠡ ᠵᠣᠬᠢᠴᠠᠯᠳᠣ ᠠᠭᠤᠷ ᠠᠮᠢᠰᠬᠤᠯ ᠢ ᠴᠢᠷᠮᠠᠶᠢᠨ ᠪᠠᠶᠢᠭᠤᠯᠵᠦ ᠦᠭᠬᠦ ᠬᠡᠷᠡᠭᠳᠡᠢ᠃      ᠬᠢᠴᠢᠶᠡᠯᠯᠡᠭᠴᠢ ᠪᠠᠭᠰᠢ ᠬᠢᠭᠡᠳ ᠰᠣᠷᠣᠭᠴᠢᠳ ᠤᠨ ᠬᠤᠭᠤᠷᠣᠨᠳᠣ ᠪᠠᠰᠠ ᠮᠠᠰᠢ ᠣᠯᠠᠨ ᠠᠳᠠᠯᠢ ᠪᠣᠰᠣ ᠰᠢᠨᠵᠢ ᠴᠢᠨᠠᠷ ᠲᠠᠢ ᠵᠦᠷᠢᠴᠡᠯ ᠡᠬᠦᠰᠬᠦ ᠪᠣᠶᠣ ᠣᠷᠣᠰᠢᠳᠠᠭ᠂ ᠡᠬᠦᠨ ᠢ ᠴᠣ᠋ ᠰᠠᠶᠢᠳᠣᠷ ᠰᠢᠢᠳᠪᠦᠷᠢᠯᠡᠭᠰᠡᠨ ᠪᠠᠶᠢᠬᠤ ᠬᠡᠷᠡᠭᠳᠡᠢ᠃ ᠡ᠊ᠨᠳᠡ ᠪᠢ ᠨᠦᠯᠦᠭᠡᠯᠡᠯ ᠢᠶᠠᠷ ᠪᠠᠭ᠎ᠠ ᠡᠩ ᠤᠨ ᠵᠦᠷᠢᠴᠡᠯ ᠢ ᠶᠠᠷᠢᠬᠤ ᠦᠬᠡᠢ᠂ ᠭᠤᠣᠯᠳᠠᠭᠤ ᠨᠦᠯᠦᠭᠡᠯᠡᠯ ᠶᠡᠭᠡ ᠪᠣᠯᠳᠠᠭ ᠵᠦᠷᠢᠴᠡᠯ ᠤᠨ ᠲᠣᠬᠠᠢ ᠶᠠᠷᠢᠶ᠎ᠠ᠃ ᠡᠬᠦᠨ ᠳᠤ ᠵᠠᠩᠬᠢᠯᠠᠭ᠎ᠠ ᠨᠢ ᠬᠠᠰᠢ ᠯᠡ ᠪᠠᠭᠰᠢ ᠶᠢᠨ ᠵᠢᠭᠠᠨ ᠰᠣᠷᠭᠠᠬᠤ ᠬᠢᠷᠢ ᠲᠦᠪᠰᠢᠨ᠂ ᠵᠢᠭᠠᠨ ᠰᠣᠷᠭᠠᠬᠤ ᠣᠪᠣᠷ ᠬᠢᠭᠡᠳ ᠠᠷᠭ᠎ᠠ ᠬᠡᠮᠵᠢᠶ᠎ᠡ ᠨᠢ ᠰᠣᠷᠣᠭᠴᠢᠳ ᠤᠨ ᠱᠠᠭᠠᠷᠳᠠᠯᠭ᠎ᠠ ᠪᠣᠶᠣ ᠬᠦᠯᠢᠶᠡᠨ ᠠᠪᠬᠤ ᠬᠢᠷᠢ ᠬᠡᠮᠵᠢᠶ᠎ᠡ ᠲᠠᠢ ᠬᠠᠷᠰᠢᠯ ᠪᠣᠯᠬᠤ ᠠᠴᠠ ᠪᠣᠯᠵᠤ ᠵᠦᠷᠢᠴᠡᠯ ᠡᠬᠦᠰᠳᠡᠭ᠃ ᠪᠠᠭᠰᠢ ᠶᠢᠨ ᠬᠢᠴᠢᠶᠡᠯᠯᠡᠭᠡ ᠶᠢᠨ ᠣᠪᠣᠷ ᠰᠣᠷᠳᠠᠯ ᠤᠨ ᠠᠰᠠᠭᠤᠳᠠᠯ ᠠᠴᠠ ᠪᠣᠯᠣᠭᠰᠠᠨ ᠬᠢᠴᠢᠶᠡᠯᠯᠡᠭᠡ ᠶᠢᠨ ᠲᠣᠮᠳᠠᠬᠢ ᠵᠦᠷᠢᠴᠡᠯ ᠬᠤᠷᠴᠠᠳᠬᠤ ᠦᠵᠡᠭᠳᠡᠯ ᠬᠠᠮᠤᠭ ᠤᠨ ᠣᠯᠠᠨ ᠲᠣᠬᠢᠶᠠᠯᠳᠣᠳᠠᠭ᠃ ᠣᠴᠢᠷ ᠨᠢ ᠪᠠᠭᠰᠢ ᠴᠣ᠋ ᠪᠣᠯᠤᠬ ᠰᠣᠷᠣᠭᠴᠢ ᠴᠣ᠋ ᠪᠣᠯᠤᠭ ᠪᠦᠷ ᠯᠡ ᠠᠭᠠᠭ ᠲᠠᠢ ᠠᠮᠤ ᠢᠳᠡᠵᠦ ᠪᠦᠬᠦᠢ ᠨᠡᠶᠢᠬᠡᠮ ᠤᠨ ᠬᠦᠮᠦᠨ ᠪᠣᠯᠬᠤᠷ ᠬᠡᠨ ᠳᠤ ᠨᠢ ᠴᠣ᠋ ᠡᠶᠢᠮᠦ ᠲᠡᠶᠢᠮᠦ ᠲᠣᠳᠠᠭᠳᠠᠯ ᠬᠢᠭᠡᠳ ᠠᠯᠳᠠᠭ᠎ᠠ ᠪᠣᠷᠣᠭᠤ ᠣᠷᠣᠰᠢᠬᠤ ᠦᠬᠡᠢ ᠭᠡᠵᠦ ᠬᠡᠯᠡᠵᠦ ᠦᠯᠦ ᠴᠢᠳᠠᠨ᠎ᠠ᠃ ᠣᠨᠴᠠᠭᠠᠶᠢᠯᠠᠨ ᠰᠢᠭᠦᠮᠵᠢᠯᠡᠬᠦ ᠣᠪᠣᠷ ᠬᠢᠭᠡᠳ ᠬᠦᠯᠢᠶᠡᠨ ᠠᠪᠬᠤ ᠣᠪᠣᠷ ᠤᠨ ᠬᠤᠭᠤᠷᠣᠨᠳᠤᠬᠢ ᠦᠯᠦ ᠲᠣᠬᠢᠷᠠᠯᠴᠠᠬᠤ ᠠᠴᠠ ᠪᠣᠯᠣᠭᠰᠠᠨ ᠵᠦᠷᠢᠴᠡᠯ ᠬᠤᠷᠴᠠᠳᠬᠤ ᠦᠵᠡᠭᠳᠡᠯ ᠢᠮᠠᠭᠳᠠ ᠲᠣᠬᠢᠶᠠᠯᠳᠣᠳᠠᠭ᠂ ᠡᠬᠦᠨ ᠢ ᠬᠡᠷᠪᠡ ᠰᠠᠶᠢᠳᠣᠷ ᠵᠣᠬᠢᠴᠠᠭᠤᠯᠵᠦ ᠨᠠᠵᠠᠭᠠᠢ ᠦᠢᠯᠡᠳᠦᠯ ᠢ ᠨᠢ ᠴᠠᠭ ᠲᠠᠷᠣᠢ ᠳᠤ ᠨᠢ ᠰᠢᠢᠳᠪᠦᠷᠢᠯᠡᠵᠦ ᠴᠢᠳᠠᠬᠤ ᠦᠬᠡᠢ ᠪᠣᠯ ᠪᠠᠭᠰᠢ ᠰᠣᠷᠣᠭᠴᠢ ᠶᠢᠨ ᠬᠤᠭᠤᠷᠣᠨᠳᠤ ᠲᠠᠶᠢᠰᠣᠩᠨᠠᠯ ᠪᠣᠢ ᠪᠣᠯᠵᠦ᠂ ᠪᠦᠬᠦ ᠠᠩᠭᠢ ᠶᠢᠨ ᠲᠣᠰ ᠬᠢᠴᠢᠶᠡᠯᠯᠡᠭᠡ ᠶᠢᠨ ᠠᠭᠤᠷ ᠠᠮᠢᠰᠬᠤᠯ ᠢ ᠮᠠᠭᠤᠳᠠᠭᠤᠯᠣᠨ᠂ ᠬᠢᠷᠢ ᠬᠡᠮᠵᠢᠶ᠎ᠡ ᠶᠢ ᠨᠢ ᠴᠣ᠋ ᠨᠦᠯᠦᠭᠡᠯᠡᠳᠡᠭ᠃ ᠡᠶᠢᠮᠦ ᠬᠤᠷᠴᠠᠳᠴᠦ ᠮᠡᠳᠡᠬᠦ ᠦᠵᠡᠭᠳᠡᠯ ᠨᠢ ᠭᠤᠣᠯᠳᠠᠭᠤ ᠰᠢᠨ᠎ᠡ ᠲᠠᠶᠢᠰᠠᠨ ᠳᠤ ᠭᠠᠷᠴᠦ ᠪᠦᠬᠦᠢ ᠵᠠᠩᠨᠠᠬᠤ ᠲᠣᠷᠠᠳᠠᠢ᠂ ᠴᠢᠩᠭ᠎ᠠ ᠲᠦᠪᠯᠡᠬᠦᠨ᠂ ᠲᠣᠷᠰᠢᠯᠭ᠎ᠠ ᠦᠬᠡᠢ ᠵᠠᠯᠠᠭᠤ ᠪᠠᠭᠰᠢ ᠬᠢᠭᠡᠳ ᠰᠢᠨ᠎ᠡ ᠬᠤᠭᠤᠴᠠᠭ᠎ᠠ ᠠᠴᠠ ᠡᠬᠢᠯᠡᠵᠦ ᠰᠢᠨ᠎ᠡ ᠪᠠᠷ ᠬᠢᠴᠢᠶᠡᠯᠯᠡᠭᠰᠡᠨ ᠵᠢᠭᠠᠬᠤ ᠠᠷᠭ᠎ᠠ ᠨᠢ ᠬᠡᠳᠦ ᠬᠡᠪᠰᠢᠮᠡᠯ ᠬᠠᠭᠤᠴᠢᠨ ᠪᠠᠭᠰᠢ ᠨᠠᠷ ᠤᠨ ᠲᠤᠮᠳᠠ ᠬᠢᠯᠪᠠᠷ ᠡᠬᠦᠰᠳᠡᠭ᠂ ᠭᠡᠬᠦ ᠳᠤ ᠪᠠᠨ ᠡᠨᠡ  ᠨᠢ ᠪᠠᠰᠠ ᠭᠤᠣᠯᠳᠠᠬᠤ ᠭᠡᠷ ᠤᠨ ᠬᠦᠮᠦᠵᠢᠯ ᠨᠡᠶᠢᠬᠡᠮ ᠤᠨ ᠬᠦᠮᠦᠵᠢᠯ ᠲᠣᠳᠠᠮᠠᠭ ᠠᠴᠠ ᠪᠣᠯᠵᠦ ᠰᠡᠳᠬᠢᠯ ᠳᠤ ᠨᠢ ᠵᠣᠬᠢᠬᠤ ᠭᠠᠵᠢᠭ ᠲᠠᠷᠣᠭᠠᠰᠣ ᠲᠠᠢ᠂ ᠵᠠᠩ ᠠᠪᠣᠷᠢ ᠲᠣᠭᠳᠠᠪᠣᠷᠢ ᠦᠬᠡᠢ᠂ ᠠᠰᠪᠣᠷᠢ ᠴᠠᠭᠠᠪᠣᠷ ᠠᠭᠠᠰᠢ ᠲᠣᠭᠰᠢᠨ ᠪᠣᠶᠣ ᠣᠮᠣᠷᠬᠠᠭ ᠰᠣᠷᠣᠭᠴᠢᠳ ᠤᠨ ᠳᠤᠮᠳᠠ ᠬᠢᠯᠪᠠᠷ ᠡᠬᠦᠰᠳᠡᠭ ᠦᠵᠡᠭᠳᠡᠯ ᠮᠦᠨ᠃ ᠡᠬᠦᠨ ᠤ ᠰᠢᠯᠳᠠᠭᠠᠨ ᠢ ᠨᠢ ᠮᠡᠳᠡᠴᠢᠬᠡᠪᠡᠯ ᠪᠣᠳᠠᠳᠠᠢ ᠣᠴᠢᠷ ᠲᠤ ᠨᠢ ᠪᠣᠳᠠᠳᠠᠢ ᠪᠠᠷ ᠬᠠᠨᠳᠣᠵᠦ᠂ ᠡᠪᠡᠳᠴᠢᠨ ᠳᠤ ᠨᠢ ᠲᠣᠬᠢᠷᠠᠭᠤᠯᠣᠨ ᠡᠮ ᠲᠠᠯᠪᠢᠬᠤ ᠠᠷᠭ᠎ᠠ ᠪᠠᠷ ᠡᠶᠡᠷᠡᠬᠦᠯᠦᠨ ᠵᠠᠰᠠᠵᠦ ᠨᠦᠬᠦᠷᠰᠡᠭ ᠣᠶᠢᠯᠠᠭᠠᠯᠴᠠᠯ ᠦᠭᠡᠳᠡ ᠡᠶᠡᠳᠦᠬᠦᠯᠦᠨ᠂ ᠰᠠᠨᠠᠭᠠᠨ ᠳᠤ ᠨᠢ ᠲᠣᠬᠢᠷᠠᠭᠤᠯᠣᠨ ᠬᠠᠷᠢᠯᠴᠠᠨ ᠨᠡᠷ᠎ᠡ ᠬᠦᠨᠳᠦ ᠶᠢ ᠰᠡᠷᠬᠦᠭᠡᠵᠦ ᠦᠭᠬᠦ ᠠᠷᠭ᠎ᠠ ᠪᠠᠷ ᠴᠠᠭ ᠲᠠᠷᠣᠢ ᠳᠤ ᠨᠢ ᠠᠮᠢᠳᠣᠯᠢᠭ ᠰᠢᠢᠳᠪᠦᠷᠢᠯᠡᠵᠦ᠂ ᠡᠬᠦᠰᠴᠦ ᠮᠡᠳᠡᠬᠦ ᠨᠦᠯᠦᠭᠡᠯᠡᠯ ᠢ ᠲᠠᠷᠣᠢ ᠲᠦᠷᠭᠡᠨ ᠠᠷᠢᠯᠭᠠᠬᠤ ᠬᠡᠷᠡᠭᠳᠡᠢ᠃      ᠭᠤᠷᠪᠠ᠂ ᠬᠢᠴᠢᠶᠡᠯ ᠲᠦᠷᠦᠯ ᠤᠨ ᠪᠠᠭᠰᠢ ᠨᠠᠷ ᠬᠢᠭᠡᠳ ᠭᠡᠷ ᠤᠨ ᠠᠬᠠᠮᠠᠳ ᠤᠨ ᠬᠤᠭᠤᠷᠣᠨᠳᠤᠬᠢ ᠬᠠᠷᠢᠯᠴᠠᠭ᠎ᠠ ᠣᠶᠠᠯᠳᠤᠭ᠎ᠠ ᠶᠢ ᠨᠢᠭᠳᠠᠷᠠᠭᠤᠯᠬᠤ ᠬᠡᠷᠡᠭᠳᠡᠢ᠃      ᠦᠨᠡᠨ ᠢ ᠬᠡᠯᠡᠬᠦ ᠳᠤ ᠭᠡᠷ ᠤᠨ ᠠᠬᠠᠮᠠᠳ ᠪᠣᠯ ᠠᠩᠭᠢ ᠶᠢᠨ ᠠᠵᠢᠯ ᠳᠤ ᠬᠢ ᠣᠮᠳᠤᠭᠠᠶᠢᠯᠠᠭᠳᠠᠵᠦ ᠪᠦᠬᠦᠢ ᠭᠤᠷᠪᠠᠳᠣᠭᠠᠷ ᠡᠯᠧᠮᠧᠨ᠋ᠲ ᠮᠦᠨ᠃ ᠰᠣᠷᠭᠠᠭᠤᠯᠢ ᠶᠢᠨ ᠬᠢᠴᠢᠶᠡᠯ ᠰᠣᠷᠣᠯᠭ᠎ᠠ ᠶᠢᠨ ᠠᠵᠢᠯ ᠨᠢ ᠭᠡᠷ ᠤᠨ ᠠᠬᠠᠮᠠᠳ ᠲᠠᠢ ᠰᠠᠯᠵᠦ ᠪᠣᠯᠣᠰᠢ ᠦᠭᠡᠢ ᠨᠢᠭᠳᠠ ᠬᠠᠷᠢᠴᠠᠭ᠎ᠠ ᠲᠠᠢ ᠪᠠᠶᠢᠳᠠᠬ ᠪᠤᠯᠬᠤᠷ ᠠᠩᠭᠢ ᠶᠢᠨ ᠡᠷᠬᠢᠯᠡᠭᠴᠢ ᠪᠣᠯᠣᠭᠰᠠᠨ ᠤ ᠬᠤᠪᠢ ᠳᠤ ᠡᠯ᠎ᠡ ᠬᠢᠴᠢᠶᠡᠯ ᠲᠦᠷᠦᠯ ᠤᠨ ᠪᠠᠭᠰᠢ ᠬᠢᠭᠡᠳ ᠭᠡᠷ ᠤᠨ ᠠᠬᠠᠮᠠᠳ ᠤᠨ ᠬᠠᠷᠢᠴᠠᠭ᠎ᠠ ᠶᠢ ᠵᠦᠢ ᠵᠣᠬᠢᠰᠳᠠᠢ ᠰᠢᠢᠳᠪᠦᠷᠢᠯᠡᠬᠦ ᠨᠢ ᠴᠣ᠋ ᠠᠩᠭᠢ ᠶᠢᠨ ᠠᠵᠢᠯ ᠤᠨ ᠨᠢᠭᠡᠨ ᠴᠢᠬᠤᠯᠠ ᠲᠠᠯ᠎ᠠ ᠭᠡᠵᠦ ᠦᠵᠠᠵᠤ ᠪᠤᠯᠤᠨ᠎ᠠ᠃ ᠣᠴᠢᠷ ᠨᠢ ᠭᠡᠷ ᠤᠨ ᠠᠬᠠᠮᠠᠳ ᠪᠣᠯ ᠰᠣᠷᠣᠭᠴᠢᠳ ᠤᠨ ᠬᠠᠮᠤᠭ ᠤᠨ ᠠᠩᠬᠠᠨ ᠤ ᠮᠦᠷᠳᠡᠭᠡᠨ ᠪᠦᠳᠦᠨ ᠨᠠᠰᠣᠨ ᠤ ᠬᠢᠨᠢ ᠪᠡᠶᠡᠴᠢᠯᠡᠨ ᠲᠠᠭᠠᠭᠤᠯᠵᠦ ᠲᠦᠷᠢᠮ ᠪᠣᠯᠣᠨ ᠬᠦᠮᠦᠵᠢᠭᠦᠯᠦᠭᠴᠢ ᠵᠢᠩᠬᠢᠨᠢ ᠪᠠᠭᠰᠢ ᠨᠢ ᠪᠣᠯᠣᠨ᠎ᠠ᠃ ᠪᠠᠭᠰᠢ ᠪᠣᠯᠣᠭᠴᠢ ᠨᠢ ᠰᠣᠷᠣᠭᠴᠢᠳ ᠲᠤ ᠮᠡᠳᠡᠯᠭᠡ ᠮᠣᠷᠠᠯ᠂ ᠶᠢᠷᠳᠢᠨᠴᠦ ᠶᠢᠨ ᠦᠵᠡᠯᠳᠡ᠂ ᠠᠮᠢᠳᠣᠷᠠᠯ ᠤᠨ ᠦᠵᠡᠯᠳᠡ ᠣᠯᠭᠤᠬᠤ ᠳᠤ ᠵᠠᠮᠴᠢᠯᠠᠬᠤ ᠮᠡᠳᠦ ᠪᠠᠷ ᠲᠦᠷᠢᠮ ᠪᠣᠯᠣᠨ ᠬᠦᠮᠦᠵᠢᠭᠦᠯᠦᠭᠴᠢ ᠭᠠᠳᠠᠭᠠᠳᠣ ᠨᠦᠬᠦᠴᠡᠯ ᠪᠠᠶᠢᠬᠤ ᠳᠤ᠂ ᠭᠡᠷ ᠤᠨ ᠠᠬᠠᠮᠠᠳ ᠪᠣᠯ ᠣᠳᠤᠮ ᠴᠢᠨᠠᠷ ᠣᠣᠷ ᠬᠠᠶᠢᠷ᠎ᠠ ᠪᠠᠷ ᠪᠡᠶᠡᠴᠢᠯᠡᠨ ᠲᠦᠷᠢᠮᠯᠡᠨ ᠬᠦᠮᠦᠵᠢᠬᠦᠯᠵᠦ ᠨᠡᠶᠢᠭᠡᠮ ᠤᠨ ᠬᠡᠰᠢᠬᠦᠨ ᠪᠣᠯᠭᠠᠳᠠᠭ ᠲᠣᠳᠣᠭᠠᠳᠣ ᠨᠦᠬᠦᠴᠡᠯ ᠨᠢ ᠪᠠᠶᠢᠳᠠᠭ᠃ ᠡᠶᠢᠮᠦ ᠠᠴᠠ ᠭᠡᠷ ᠪᠦᠯᠢ ᠶᠢᠨ ᠵᠦᠢ ᠵᠣᠬᠢᠰᠳᠠᠢ ᠵᠦᠪ ᠬᠦᠮᠦᠵᠢᠯ ᠪᠣᠯ ᠰᠠᠶ᠋ᠢ ᠰᠣᠷᠣᠭᠴᠢ ᠶᠢᠨ ᠬᠦᠮᠦᠨ ᠪᠣᠯᠬᠤ ᠬᠦᠮᠦᠵᠢᠯ ᠤᠨ ᠠᠮᠢᠨ ᠰᠦᠨᠡᠰᠦ ᠨᠢ ᠪᠠᠶᠢᠳᠠᠭ᠂ ᠪᠠᠭᠰᠢ ᠶᠢᠨ ᠬᠦᠮᠦᠵᠢᠯ ᠨᠢ ᠨᠡᠶᠢᠭᠡᠮ ᠳᠤ ᠣᠷᠣᠰᠢᠨ ᠲᠣᠭᠳᠠᠨᠢᠬᠤ ᠴᠢᠳᠠᠪᠬᠢ ᠣᠯᠭᠤᠭᠴᠢ ᠬᠦᠮᠦᠵᠢᠯ ᠪᠠᠶᠢᠵᠦ ᠡᠨᠡ ᠬᠤᠶᠠᠷ ᠨᠢ ᠴᠣ᠋ ᠰᠠᠯᠵᠦ ᠪᠣᠯᠣᠰᠢ ᠦᠬᠡᠢ ᠨᠢᠭᠳᠠ ᠬᠠᠷᠢᠴᠠᠭ᠎ᠠ ᠲᠠᠢ ᠪᠠᠶᠢᠳᠠᠭ᠂ ᠡᠶᠢᠮᠦ ᠠᠴᠠ ᠲᠣᠭᠲᠠᠩᠭᠤᠢ ᠬᠦᠮᠦᠨ ᠴᠢᠨᠠᠷ ᠬᠦᠮᠦᠵᠢᠭᠦᠯᠦᠭᠴᠢ ᠬᠢᠭᠡᠳ ᠴᠢᠳᠠᠪᠣᠷᠢ ᠴᠢᠳᠠᠪᠬᠢ ᠬᠦᠮᠦᠵᠢᠬᠦᠯᠦᠭᠴᠢ ᠶᠢᠨ ᠬᠤᠭᠤᠷᠣᠨᠳᠤᠬᠢ ᠬᠠᠷᠢᠴᠠᠭ᠎ᠠ ᠶᠢ ᠰᠠᠶᠢᠳᠣᠷ ᠵᠣᠬᠢᠴᠠᠭᠤᠯᠣᠨ᠂ ᠣᠶᠠᠯᠳᠣᠭᠤᠯᠣᠨ ᠨᠢᠭᠳᠠᠷᠠᠭᠤᠯᠬᠤ ᠨᠢ ᠴᠣ᠋ ᠲᠣᠩ ᠴᠢᠬᠤᠯᠠ ᠠᠩᠭᠢ ᠶᠢᠨ ᠠᠵᠢᠯ ᠪᠠᠶᠢᠭᠤᠰᠢᠳᠠᠢ᠃ ᠡᠬᠦᠨ ᠳᠤ ᠬᠠᠶᠠ ᠠᠩᠭᠢ ᠶᠢᠨ ᠬᠤᠷᠠᠯ ᠪᠣᠶᠣ ᠬᠢᠴᠢᠶᠡᠯ ᠤᠨ ᠭᠠᠳᠠᠭᠤᠷᠬᠢ ᠵᠠᠷᠢᠮ ᠬᠦᠳᠡᠯᠭᠡᠭᠡᠨ ᠳᠤ ᠬᠢᠴᠢᠶᠡᠯᠯᠡᠭᠴᠢ ᠪᠠᠭᠰᠢ ᠬᠢᠭᠡᠳ ᠭᠡᠷ ᠠᠬᠠᠮᠠᠳ ᠢ ᠵᠣᠷᠢᠯᠭ᠎ᠠ ᠲᠠᠢ ᠪᠠᠷ ᠪᠦᠬᠦᠨ ᠢ ᠪᠣᠶᠣ ᠬᠡᠰᠡᠭ ᠢ᠂ ᠡᠰᠡᠪᠡᠯ ᠣᠨᠴᠠᠭᠠᠢ ᠶᠢ ᠬᠠᠮᠳᠣ ᠣᠷᠢᠨ ᠣᠷᠣᠯᠴᠠᠭᠤᠯᠵᠦ᠂ ᠬᠠᠷᠢᠯᠴᠠᠨ ᠣᠶᠢᠯᠠᠭᠠᠯᠴᠠᠬᠤ ᠵᠠᠪᠰᠢᠶᠠᠨ ᠪᠦᠷᠢᠯᠳᠦᠭᠦᠯᠦᠨ ᠦᠭᠴᠤ᠂ ᠵᠣᠷᠢᠯᠭ᠎ᠠ ᠲᠠᠢ ᠪᠠᠷ ᠰᠣᠷᠭᠠᠭᠤᠯᠢ ᠶᠢᠨ ᠭᠠᠳᠠᠨᠠᠬᠢ ᠨᠡᠶᠢᠭᠡᠮ ᠤᠨ ᠬᠦᠳᠡᠯᠭᠡᠭᠡᠨ ᠢ ᠵᠣᠬᠢᠶᠠᠨ ᠪᠠᠶᠢᠭᠤᠯᠣᠨ ᠬᠢᠴᠢᠶᠡᠯᠯᠡᠭᠴᠢ ᠪᠠᠭᠰᠢ ᠪᠣᠯᠣᠨ ᠭᠡᠷ ᠤᠨ ᠠᠬᠠᠮᠠᠳ ᠢ ᠣᠷᠢᠨ ᠣᠷᠣᠯᠴᠠᠭᠤᠯᠵᠦ ᠠᠪᠢᠶᠠᠰ ᠴᠢᠳᠠᠪᠣᠷᠢ ᠶᠢ ᠨᠢ ᠪᠠᠳᠠᠷᠠᠭᠤᠯᠣᠨ ᠣᠶᠢᠯᠠᠭᠠᠯᠴᠠᠯ ᠢ ᠨᠢ ᠨᠡᠮᠡᠭᠳᠡᠬᠦᠯᠬᠦ ᠮᠡᠳᠦ ᠪᠠᠷ ᠭᠡᠷ ᠤᠨ ᠠᠬᠠᠮᠠᠳ ᠬᠢᠭᠡᠳ ᠪᠠᠭᠰᠢ ᠨᠠᠷ ᠤᠨ ᠨᠠᠶᠢᠵᠠᠷᠬᠠᠭ ᠬᠠᠷᠢᠴᠠᠭ᠎ᠠ ᠶᠢ ᠪᠠᠶᠢᠭᠤᠯᠵᠦ ᠦᠭᠬᠦ ᠮᠡᠲᠦᠰ ᠤᠨ ᠣᠯᠠᠨ ᠣᠯᠠᠨ ᠠᠷᠭ᠎ᠠ ᠵᠠᠮ ᠢᠶᠠᠷ ᠠᠩᠭᠢ ᠶᠢᠨ ᠡᠷᠬᠢᠯᠡᠭᠴᠢ᠂ ᠬᠢᠴᠢᠶᠡᠯᠯᠡᠭᠴᠢ ᠪᠠᠭᠰᠢ᠂ ᠭᠡᠷ ᠤᠨ ᠠᠬᠠᠮᠠᠳ ᠵᠢᠴᠢ ᠰᠣᠷᠣᠭᠴᠢᠳ ᠤᠨ ᠬᠠᠮᠳᠣ ᠶᠢᠨ ᠣᠶᠢᠯᠠᠭᠠᠯᠴᠠᠯ ᠤᠨ ᠨᠦᠬᠦᠴᠡᠯ ᠢ ᠢᠯᠡᠬᠦᠦ ᠴᠣᠭᠴᠠᠯᠠᠨ᠂ ᠬᠠᠮᠳᠣ ᠪᠠᠷ ᠬᠦᠮᠦᠵᠢᠬᠦᠯᠬᠦ ᠣᠷᠭᠠᠨᠢᠭ ᠴᠣᠭᠴᠠ ᠶᠢ ᠪᠣᠢ ᠪᠣᠯᠭᠠᠬᠤ ᠬᠡᠷᠡᠭᠳᠡᠢ᠃ ᠠᠩᠭᠢ ᠶᠢᠨ ᠠᠵᠢᠯ ᠢᠶᠠᠨ ᠢᠩᠭᠢᠬᠡᠳ ᠪᠦᠷ ᠢᠯᠡ ᠪᠣᠯᠭᠠᠴᠢᠬᠠᠪᠠᠯ ᠬᠠᠷᠢᠯᠴᠠᠨ ᠣᠶᠢᠯᠠᠭᠠᠯᠴᠠᠬᠤ ᠦᠭᠡᠢ ᠠᠴᠠ ᠪᠣᠯᠣᠭᠰᠠᠨ ᠠᠩᠭᠢ ᠬᠢᠭᠡᠳ ᠰᠣᠷᠣᠭᠴᠢ ᠵᠢᠴᠢ ᠪᠠᠭᠰᠢ ᠴᠠᠭᠠᠰᠢᠯᠠᠭᠠᠳ ᠰᠣᠷᠭᠠᠭᠤᠯᠢ ᠶᠢᠨ ᠬᠠᠷᠢᠯᠴᠠᠨ ᠣᠶᠢᠯᠠᠭᠠᠭᠳᠠᠰᠢ ᠦᠭᠡᠢ ᠨᠢᠭᠤᠴᠠ ᠵᠦᠢᠯ ᠦᠬᠡᠢ ᠪᠣᠯᠵᠦ᠂ ᠠᠯᠢᠪᠠ ᠰᠡᠵᠢᠭ ᠲᠠᠭᠠᠪᠣᠷᠢ ᠶᠢ ᠦᠬᠡᠢ ᠪᠣᠯᠭᠠᠨ ᠬᠠᠮᠳᠣ ᠪᠠᠷ ᠦᠭᠡᠳᠡᠯᠡᠨ ᠲᠠᠪᠰᠢᠵᠦ ᠴᠢᠳᠠᠨ᠎ᠠ᠃      ᠠᠩᠭᠢ ᠪᠣᠯ ᠰᠣᠷᠭᠠᠭᠤᠯᠢ ᠶᠢ ᠪᠦᠷᠢᠯᠳᠦᠭᠦᠯᠵᠦ ᠪᠦᠬᠦᠢ ᠦᠨᠳᠦᠰᠦᠨ ᠡᠰ᠂ ᠠᠩᠭᠢ ᠶᠢᠨ ᠠᠵᠢᠯ ᠪᠣᠯ ᠰᠣᠷᠭᠠᠭᠤᠯᠢ ᠶᠢᠨ ᠠᠵᠢᠯ ᠤᠨ ᠨᠢᠭᠡ ᠬᠡᠰᠡᠭ ᠪᠣᠯᠣᠨ᠎ᠠ᠂ ᠰᠤᠷᠭᠠᠭᠤᠯᠢ ᠪᠤᠯᠤᠨ ᠠᠩᠬᠢ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠳᠣᠷ ᠰᠢᠢᠳᠪᠦᠷᠢᠯᠡᠬᠦ ᠨᠢ ᠰᠣᠷᠭᠠᠭᠤᠯᠢ ᠶᠢᠨ ᠶᠡᠷᠦᠩᠬᠡᠢ ᠬᠠᠮᠢᠶᠠᠷᠣᠯᠳᠠ ᠶᠢᠨ ᠣᠷᠣᠭᠰᠢᠳᠠᠢ ᠶᠠᠪᠣᠭᠳᠠᠬᠤ ᠬᠢᠭᠡᠳ ᠠᠩᠭᠢ ᠶᠢᠨ ᠠᠵᠢᠯ ᠤᠨ ᠣᠷᠣᠭᠰᠢᠳᠠᠢ ᠶᠠᠪᠣᠭᠳᠠᠬᠤ ᠳᠤ ᠪᠦᠷ ᠰᠢᠭᠤᠳ ᠨᠦᠯᠦᠭᠡ ᠲᠠᠢ ᠪᠠᠶᠢᠳᠠᠭ᠃ ᠡᠬᠦᠨ ᠳᠤ ᠰᠣᠷᠭᠠᠭᠤᠯᠢ ᠪᠠᠨ ᠬᠠᠶᠢᠷᠠᠯᠠᠬᠤ ᠦᠵᠡᠯ ᠤᠨ ᠬᠦᠮᠦᠵᠢᠯ ᠢ ᠰᠠᠶᠢᠳᠣᠷ ᠬᠢᠵᠦ᠂ ᠡᠵᠡᠨ ᠬᠦᠮᠦᠨ ᠤ ᠣᠪᠣᠷ ᠢᠶᠠᠷ ᠰᠣᠷᠭᠠᠭᠤᠯᠢ ᠶᠢᠨ ᠠᠵᠢᠯ ᠤᠨ ᠡᠯ᠎ᠡ ᠲᠠᠯ᠎ᠠ ᠳᠤ ᠬᠦᠨᠵᠡᠭᠡᠶᠢᠷᠡᠬᠦ ᠪᠠ ᠢᠮᠠᠭᠳᠠ ᠰᠣᠷᠭᠠᠭᠤᠯᠢ  ᠲᠠᠢ ᠪᠠᠨ ᠠᠮᠢᠰᠬᠤᠭ᠎ᠠ ᠨᠢᠬᠡᠳᠡᠢ ᠬᠠᠷᠢᠭᠤᠴᠠᠯᠭᠠᠳᠣ ᠣᠬᠠᠮᠰᠠᠷ ᠢ ᠦᠨᠡᠨ ᠬᠦ ᠪᠣᠢ ᠪᠣᠯᠭᠠᠬᠤ ᠬᠡᠷᠡᠭᠳᠡᠢ᠃      ︽ᠬᠤᠶᠠᠷ ᠠᠯᠠᠭ᠎ᠠ ᠬᠠᠪᠰᠣᠷᠬᠤ ᠦᠬᠡᠢ ᠪᠣᠯ ᠲᠠᠭᠤᠨ ᠭᠠᠷᠬᠤ ᠦᠬᠡᠢ︾ ᠭᠡᠳᠡᠭ᠃ ᠠᠩᠭᠢ ᠶᠢᠨ ᠡᠷᠬᠢᠯᠡᠭᠴᠢ ᠬᠢᠭᠡᠳ ᠬᠢᠴᠢᠶᠡᠯᠯᠡᠭᠴᠢ ᠪᠠᠭᠰᠢ ᠶᠢ ᠭᠠᠷ ᠤᠨ ᠬᠤᠶᠠᠷ ᠠᠯᠠᠭ᠎ᠠ ᠭᠡᠵᠦ ᠦᠵᠡᠳᠡᠭ ᠲᠤ ᠭᠦᠷᠪᠡᠯ ᠡᠨᠡ ᠭᠦ ᠬᠤᠶᠠᠷ ᠠᠯᠠᠭ᠎ᠠ ᠬᠠᠪᠰᠤᠷᠤᠮᠠᠨᠵᠢᠨ ᠰᠠᠶ᠋ᠢ ᠠᠳᠠᠯᠢ ᠪᠤᠰᠤ ᠶᠢᠨ ᠦᠷ᠎ᠡ ᠨᠦᠯᠦᠭᠡ ᠶᠢ ᠪᠣᠢ ᠪᠣᠯᠭᠠᠳᠠᠭ᠃ ᠠᠩᠭᠢ ᠶᠢᠨ ᠠᠵᠢᠯ ᠨᠢ ᠵᠦᠪᠬᠡᠨ ᠠᠩᠭᠢ ᠶᠢᠨ ᠡᠷᠬᠢᠯᠡᠭᠴᠢ ᠭᠠᠭᠴᠠ ᠬᠦᠮᠦᠨ ᠤ ᠡᠬᠦᠷᠭᠡ ᠬᠠᠷᠢᠭᠤᠴᠠᠯᠭ᠎ᠠ ᠲᠡᠳᠦᠢ ᠪᠢᠰᠢ᠂ ᠪᠠᠰᠠ ᠬᠢᠴᠢᠶᠡᠯ ᠲᠦᠷᠦᠯ ᠤᠨ ᠪᠠᠭᠰᠢ ᠶᠢᠨ ᠡᠭᠦᠷᠭᠡ ᠬᠠᠷᠢᠭᠤᠴᠠᠯᠭ᠎ᠠ ᠪᠠᠶᠢᠭᠤᠰᠢᠳᠠᠢ᠃ ᠲᠡᠶᠢᠮᠦ ᠠᠴᠠ ᠡ᠊ᠨᠡ ᠭᠦ ᠬᠤᠶᠠᠷ ᠠᠯᠠᠭᠠᠨ ᠤ ᠢᠳᠡᠪᠬᠢ ᠠᠯᠠᠭ᠎ᠠ ᠲᠠᠰᠢᠯᠲᠠ ᠶᠢᠨ ᠲᠠᠭᠤᠨ ᠢ ᠨᠢᠵᠢᠭᠢᠨᠡᠮ᠎ᠡ ᠲᠠᠭᠤᠷᠢᠰᠬᠠᠬᠤ ᠳᠤ ᠵᠦᠪᠬᠡᠨ ᠠᠩᠭᠢ ᠶᠢᠨ ᠪᠠᠭᠰᠢ ᠶᠢᠨ ᠢᠳᠡᠪᠬᠢ ᠬᠦᠳᠡᠯᠦᠩᠭᠦᠢ ᠬᠠᠷᠢᠯᠴᠠᠬᠤ ᠣᠪᠣᠷ ᠢ ᠦᠷᠦᠭᠡᠰᠦᠯ ᠢᠶᠠᠷ ᠴᠢᠬᠤᠯᠠᠴᠢᠯᠠᠭᠠᠳ ᠪᠣᠯᠬᠤ ᠦᠭᠡᠢ ᠪᠠᠰᠠ ᠬᠢᠴᠢᠶᠡᠯ ᠲᠦᠷᠦᠯ ᠤᠨ ᠪᠠᠭᠰᠢ ᠨᠠᠷ ᠤᠨ ᠬᠦᠳᠡᠯᠦᠩᠭᠦᠢ ᠢᠳᠡᠪᠬᠢᠳᠡᠢ ᠪᠠᠷ ᠠᠩᠭᠢ ᠶᠢᠨ ᠪᠠᠭᠰᠢ ᠲᠠᠢ ᠬᠠᠷᠢᠯᠴᠠᠵᠤ ᠠᠩᠭᠢ ᠶᠢᠨ ᠪᠠᠶᠢᠳᠠᠯ ᠤᠨ ᠬᠠᠷᠢᠭᠤ ᠲᠣᠰᠬᠠᠯᠳᠠ ᠬᠢᠭᠦ ᠬᠢᠭᠡᠳ ᠣᠷᠣᠯᠴᠠᠭ᠎ᠠ ᠵᠦᠪᠯᠡᠯᠴᠡᠭᠡᠨ ᠤ ᠬᠠᠷᠢᠭᠤᠴᠠᠯᠭᠠᠳᠣ ᠣᠪᠣᠷ ᠲᠠᠢ ᠪᠠᠶᠢᠬᠤ ᠶᠢ ᠴᠣ᠋ ᠰᠠᠶᠢᠳᠣᠷ ᠴᠢᠬᠤᠯᠠᠴᠢᠯᠠᠬᠤ ᠬᠡᠷᠡᠭᠳᠡᠢ᠃                     ᠬᠠᠶ᠋ᠢᠬ᠄ ᠭᠦᠭᠡᠬᠤᠳᠠ ᠶᠢᠨ ᠰᠠᠶᠢᠬᠠᠨ ᠲᠤᠭᠤᠷᠢᠭ                            ︵ᠮᠦᠡᠭᠭᠦᠨᠴᠢᠮᠡᠭ ᠨᠠᠶᠢᠷᠠᠭᠤᠯᠪᠠ︶                            2020.4 ᠳ᠋ᠦ᠋ᠭᠡᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map