ᠰᠠᠴᠤᠷᠠᠩᠭᠤᠢ 60 ᠵᠢᠯ
ᠨᠡᠶᠢᠲᠡᠯᠡᠭᠰᠡᠨ ᠴᠠᠭ᠄
2021/1/20
                 — ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ                      ᠬᠤᠷᠢᠶ᠎ᠠ ᠪᠠᠶᠢᠭᠤᠯᠤᠭᠳᠠᠭᠰᠠᠨ 60 ᠵᠢᠯ ᠤᠨ ᠤᠢ ᠳᠤ ᠵᠤᠷᠢᠭᠤᠯᠪᠠ                                                ᠬᠠᠮᠤᠵᠠᠪ      ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ ᠪᠠᠶᠢᠭᠤᠯᠤᠭᠳᠠᠭᠠᠳ ᠤᠳᠤ ᠨᠢᠭᠡᠨᠳᠠ 60 ᠵᠢᠯ ᠤᠨ ᠨᠢᠭᠤᠷ ᠢ ᠦᠵᠡᠯ᠎ᠡ᠃ ᠪᠢ ᠲᠤᠰ ᠬᠤᠷᠢᠶᠠᠨ ᠳᠤ ᠶᠠᠬ ᠰᠠᠶ᠋ᠢᠬᠠᠨ 30 ᠵᠢᠯ ᠠᠵᠢᠯᠯᠠᠭᠰᠠᠨ ᠶᠤᠮ᠃ 1962 ᠤᠨ ᠤ 7 ᠰᠠᠷ᠎ᠠ ᠠᠴᠠ 1992 ᠤᠨ ᠤ 4 ᠰᠠᠷ᠎ᠠ ᠭᠦᠷᠳᠡᠯ᠎ᠠ ᠲᠤᠰ ᠬᠤᠷᠢᠶᠠᠨ ᠤ ᠨᠠᠶᠢᠷᠠᠭᠤᠯᠤᠭᠴᠢ᠂ ᠲᠠᠳ᠋ ᠬᠤᠷᠢᠶᠠᠨ ᠲᠠᠷᠤᠭ᠎ᠠ᠂ ᠬᠤᠷᠢᠶᠠᠨ ᠲᠠᠷᠤᠭ᠎ᠠ᠂ ᠶᠡᠷᠦᠩᠭᠡᠢ ᠨᠠᠶᠢᠷᠠᠭᠤᠯᠤᠭᠴᠢ᠂ ᠨᠠᠮ ᠤᠨ ᠶᠡᠷᠦᠩᠭᠡᠢ ᠡᠭᠦᠷ ᠤᠨ ᠲᠠᠳ᠋ ᠱᠦᠵᠢ ᠶᠢᠨ ᠠᠵᠢᠯ ᠢ ᠬᠠᠷᠢᠭᠤᠴᠠᠵᠤ ᠶᠠᠪᠤᠵᠠᠢ᠃ ᠡᠭᠦᠨ ᠳᠤ ᠬᠢ 20 ᠵᠢᠯ ᠰᠢᠬᠠᠮ ᠨᠢ ᠬᠤᠷᠢᠶᠠᠨ ᠤ ᠲᠠᠷᠤᠭ᠎ᠠ ᠪᠠᠶᠢᠯ᠎ᠠ᠃      ᠲᠤᠰ ᠬᠤᠷᠢᠶ᠎ᠠ ᠪᠤᠯ ᠪᠠᠶᠢᠭᠠᠯᠢ ᠶᠢᠨ ᠭᠠᠮᠰᠢᠬ ᠭᠦᠮᠦᠨ ᠤ ᠠᠶᠤᠯ ᠠᠴᠠ ᠪᠤᠯᠤᠭᠰᠠᠨ ᠪᠤᠳᠠᠭᠠᠨ ᠳᠤ ᠪᠠᠨ ᠴᠠᠳᠬᠤ ᠦᠭᠡᠢ ᠦᠯᠦᠰᠴᠤ ᠦᠯᠪᠠᠷᠴᠤ ᠪᠠᠶᠢᠭᠰᠠᠨ ᠭᠤᠷᠪᠠᠨ ᠵᠢᠯ ︵1960 ᠤᠨ᠂ 1961 ᠤᠨ᠂ 1962 ᠤᠨ︶ ᠤᠨ ᠭᠦᠴᠢᠷ ᠪᠡᠷᠭᠡ ᠭᠠᠰᠢᠭᠤᠨ ᠵᠤᠪᠠᠯᠠᠩ ᠲᠠᠢ ᠪᠠᠶᠢᠭᠰᠠᠨ ᠭᠠᠴᠢᠬ ᠦᠶ᠎ᠠ ᠲᠠᠷᠤᠢ᠂ 1960 ᠤᠨ ᠤ 4 ᠰᠠᠷ᠎ᠠ ᠶᠢᠨ 25 ᠤ ᠡᠳᠦᠷ ᠪᠠᠶᠢᠭᠤᠯᠤᠭᠳᠠᠭᠰᠠᠨ ᠪᠢᠯᠡ᠃ ᠡᠨᠡ ᠦᠶ᠎ᠠ ᠳᠤ ᠨᠢᠭᠡᠨ ᠰᠢᠨ᠎ᠠ ᠪᠠᠶᠢᠭᠤᠯᠭ᠎ᠠ ᠪᠠᠶᠢᠭᠤᠯᠤᠨ᠎ᠠ ᠭᠡᠳᠡᠭ ᠪᠤᠯ ᠲᠤᠩ ᠭᠡᠴᠡᠭᠦᠦ ᠲᠦᠪᠡᠭ ᠲᠠᠢ ᠭᠡᠷᠡᠭ ᠠᠵᠢ᠃ ᠠᠵᠢᠯᠯᠠᠬᠤ ᠠᠯᠪᠠᠨ ᠭᠡᠷ ᠴᠦ ᠪᠠᠶᠢᠬᠤ ᠦᠭᠡᠢ᠂ ᠦᠪᠤᠷ ᠮᠤᠩᠭᠤᠯ ᠤᠨ ᠬᠤᠶᠠᠳᠤᠭᠠᠷ ᠪᠠᠭᠰᠢ ᠶᠢᠨ ᠰᠤᠷᠭᠠᠭᠤᠯᠢ ᠠᠴᠠ ᠭᠡᠳᠤᠨ ᠲᠠᠰᠤᠬ ᠭᠡᠷ ᠵᠢᠭᠡᠯᠡᠭᠡᠳ ᠠᠯᠪᠠᠨ ᠭᠡᠷ ᠪᠤᠯᠭᠠᠨ ᠠᠷᠭᠠᠴᠠᠭᠠᠵᠤ᠂ ᠶᠤᠰᠤᠳᠠᠢ ᠬᠤᠭᠤᠰᠤᠨ ᠭᠠᠷ ᠬᠤᠶᠠᠷ ᠮᠦᠷᠦ ᠪᠠᠷ ᠢᠶᠠᠨ ᠠᠮᠢᠳᠤᠷᠠᠯ ᠢᠶᠠᠨ ᠪᠤᠰᠬᠠᠬᠤ ᠭᠡᠵᠦ ᠪᠠᠶᠢᠭᠰᠠᠨ ᠴᠠᠭ ᠦᠶ᠎ᠠ ᠪᠠᠶᠢᠭᠰᠠᠨ ᠶᠤᠮ᠃          ᠨᠢᠭᠡ      ᠲᠠᠷᠠ ᠦᠶ᠎ᠠ ᠶᠢᠨ ᠠᠬᠠᠮᠠᠳ ᠬᠤᠪᠢᠰᠬᠠᠯᠴᠢ ᠬᠤᠷᠢᠶ᠋ᠨᠨ ᠳᠠᠷᠤᠭ᠎ᠠ ᠡᠷᠭᠡ᠂ ᠷᠡᠰᠢᠳᠤᠩᠷᠤᠪ᠂ ᠨᠠᠰᠤᠬᠤᠷᠳᠤ ᠨᠠᠷ ᠡᠷᠳᠠ ︽ᠪᠤᠷᠬᠠᠨ︾ ᠪᠤᠯᠤᠭᠠᠳ ᠦᠭᠡᠷ᠎ᠡ ᠶᠢᠷᠳᠢᠨᠴᠤ ᠳᠤ ᠶᠠᠪᠤᠴᠢᠬᠠᠭᠰᠠᠨ᠃ ᠲᠤᠬᠠᠢ ᠶᠢᠨ ᠦᠶ᠎ᠠ ᠶᠢᠨ ᠠᠬᠠᠮᠠᠳ ᠡᠷᠳᠠᠮᠳᠠᠳ ᠰᠤᠳᠤᠪᠢᠯᠢᠭ᠌᠂ ᠤᠢᠢᠷᠤᠪᠵᠠᠮᠰᠤ᠂ ᠪᠠᠳᠤᠪᠠᠶᠠᠷ᠂ ᠦᠭᠡᠳᠠᠢ᠂ ᠲᠡᠯᠭᠡᠷ᠂ ᠡᠷᠳᠠᠮᠪᠠᠭᠠᠳᠤᠷ ᠵᠢᠴᠢ ᠬᠢᠳᠠᠳ ᠭᠡᠯᠡ ᠲᠡᠭᠡᠷ᠎ᠡ ᠠᠵᠢᠯᠯᠠᠵᠤ ᠪᠠᠶᠢᠭᠰᠠᠨ ᠴᠧᠨ ᠳ᠋ᠢᠩ ᠢᠤᠢ᠂ ᠴᠧᠨ ᠡᠯ ᠱᠸᠤ᠂ ᠸᠠᠩ ᠫᠸᠢ ᠷᠧᠨ᠂ ᠪᠠᠢ ᠵᠦᠩ ᠡᠾᠦ᠋ᠢ᠂ ᠺᠸᠤ ᠽᠢ ᡁᠢ ᠮᠠᠳᠤ ᠶᠢᠨ ᠨᠠᠯᠢᠶᠠᠳ ᠨᠠᠷ᠎ᠠ ᠲᠠᠢ ᠶᠠᠪᠤᠵᠤ ᠪᠠᠶᠢᠭᠰᠠᠨ ᠪᠠᠭᠰᠢ ᠨᠠᠷ ᠵᠢᠴᠢ ᠲᠤᠬᠠᠢ ᠶᠢᠨ ᠦᠶ᠎ᠠ ᠳᠤ ᠠᠯᠪᠠᠨ ᠭᠡᠷ ᠤᠨ ᠡᠷᠬᠢᠯᠡᠭᠴᠢ ᠪᠠᠶᠢᠭᠰᠠᠨ ᠡᠷᠳᠠᠮᠪᠢᠯᠢᠭ᠌᠂ ᠶᠡᠷᠦᠩᠭᠡᠢ ᠨᠠᠶᠢᠷᠠᠭᠤᠯᠤᠭᠴᠢ ᠶᠢᠨ ᠲᠠᠰᠤᠭ ᠤᠨ ᠲᠠᠷᠤᠭ᠎ᠠ ᠸᠧᠨ ᠶᠢᠨ ᠫᠦ᠋᠂ ᠭᠡᠪᠯᠡᠭᠦ ᠭᠠᠵᠠᠷ ᠤᠨ ᠳᠠᠷᠤᠭ᠎ᠠ ᠵᠸᠤ ᠫᠧᠨ ᠬᠠᠨ ᠨᠠᠰᠤ ᠪᠠᠷᠠᠭᠠᠳ ᠤᠨ ᠤᠳᠠᠵᠠᠢ᠃      ᠡᠳᠡᠭᠡᠷ ᠬᠦᠮᠦᠰ ᠪᠤᠯ ᠬᠡᠪᠯᠡᠯ ᠤᠨ ᠬᠤᠷᠢᠶ᠎ᠠ ᠪᠠᠶᠢᠭᠤᠯᠤᠭᠳᠠᠬᠤ ᠠᠩᠬᠠᠨ ᠤ ᠱᠠᠳᠤ ᠦᠶ᠎ᠠ ᠳᠤ ᠭᠦᠴᠦ ᠨᠡᠮᠡᠭᠦᠷᠢ ᠦᠵᠡᠭᠦᠯᠦᠭᠰᠡᠨ ᠲᠤᠷᠠᠳᠤᠭᠤᠰᠢᠳᠠᠢ᠂ ᠭᠦᠨᠳᠤᠯᠡᠭᠦᠰᠢᠳᠠᠢ᠂ ᠡᠭᠦᠷᠢᠳᠠ ᠲᠤᠷᠠᠰᠬᠠᠵᠤ ᠪᠤᠯᠬᠤ ᠭᠠᠪᠢᠶᠠᠳᠠᠨ ᠶᠤᠮ᠃ 60 ᠵᠢᠯ ᠤᠨ ᠤᠢ ᠶᠢ ᠪᠡᠯᠭᠡᠯᠡᠭᠦ ᠡᠨᠡ ᠲᠠᠰᠢᠷᠠᠮ ᠳᠤ᠂ ᠪᠢ ᠲᠠᠳᠠ ᠨᠠᠷ ᠢ ᠲᠤᠷᠠᠰᠤᠨ ᠰᠠᠨᠠᠭᠠᠯᠵᠠᠵᠤ᠂ ᠭᠠᠪᠢᠶ᠎ᠠ ᠵᠢᠳᠭᠦᠯ ᠢ ᠨᠢ ᠪᠠᠭ᠋ᠠᠳᠤᠨ ᠦᠨᠠᠯᠠᠵᠤ ᠪᠠᠶᠢᠬᠤ ᠪᠠᠨ ᠡ᠊ᠨᠳᠠ ᠢᠯᠡᠳᠭᠡᠵᠦ ᠪᠠᠶᠢᠮᠤᠢ᠃               ᠬᠤᠶᠠᠷ      ᠰᠤᠶᠤᠯ ᠮᠠᠳᠠᠯᠭᠡ ᠲᠠᠢ ᠠᠬᠠᠮᠠᠳ ᠬᠤᠪᠢᠰᠬᠠᠯᠴᠢᠳ ᠤᠴᠢᠷ ᠶᠠᠪᠤᠳᠠᠯ ᠢ ᠪᠤᠳᠤᠯᠬᠢᠯᠠᠨ ᠲᠤᠩᠭᠠᠬᠤ ᠬᠤᠯᠠᠴᠢ ᠬᠠᠷᠠᠴᠠ ᠲᠠᠢ ᠪᠠᠶᠢᠭᠰᠠᠨ ᠲᠤᠯᠠ ᠴᠠᠭ ᠦᠶ᠎ᠠ ᠶᠢ ᠦᠵᠠᠵᠤ ᠭᠠᠷᠤᠭᠠᠳ᠂ ᠴᠤᠬᠤᠮ ᠶᠠᠭᠤ ᠭᠡᠪᠡᠯ ᠲᠠᠭᠠᠷᠠᠬᠤ᠂ ᠶᠠᠭᠤ ᠭᠢᠪᠠᠯ ᠪᠤᠯᠤᠮᠠᠷ᠂ ᠶᠠᠭᠤ ᠬᠢᠭᠦ ᠴᠢᠬᠤᠯᠠ ᠲᠠᠢ ᠪᠤᠯᠤᠭᠠᠳ ᠪᠠᠶᠢᠨ᠎ᠠ ᠭᠡᠳᠡᠭ ᠢ ᠮᠠᠳᠡᠵᠤ᠂ ᠮᠤᠩᠭᠤᠯ ᠭᠡᠤᠭᠡᠳ ᠤᠨ ᠰᠤᠷᠬᠤ ᠪᠢᠴᠢᠭ ᠨᠠᠶᠢᠷᠠᠭᠤᠯᠤᠨ ᠤᠷᠴᠢᠭᠤᠯᠬᠤ ᠰᠠᠭᠤᠷᠢᠨ ᠭᠠᠵᠠᠷ ᠪᠠᠶᠢᠭᠤᠯᠬᠤ ᠭᠡᠷᠡᠭᠳᠠᠢ ᠪᠤᠯᠤᠭᠰᠠᠨ ᠢ ᠰᠠᠳᠬᠢᠵᠤ᠂ ᠦᠪᠠᠷᠳᠡᠭᠡᠨ ᠵᠠᠰᠠᠬᠤ ᠤᠷᠤᠨ ᠤ ᠲᠠᠳ᠋ ᠲᠠᠷᠢᠭᠦᠯᠡᠭᠴᠢ ᠬᠠᠹᠤᠩᠭ᠎ᠠ᠂ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠠᠰ ᠤᠨ ᠳᠠᠷᠤᠭ᠎ᠠ ᠲᠠᠭᠦᠰ᠂ ᠰᠤᠷᠭᠠᠨ ᠭᠦᠮᠦᠵᠢᠯ ᠤᠨ ᠲᠢᠩᠬᠢᠮ ᠤᠨ ᠳᠠᠷᠤᠭ᠎ᠠ ᠭᠡᠳᠠ᠂ ᠭᠠᠵᠠᠷ ᠤᠨ ᠳᠠᠷᠤᠭ᠎ᠠ ᠯᠤᠩᠭᠠᠨ ᠮᠠᠳᠤ ᠶᠢᠨ ᠤᠳᠤᠷᠢᠳᠬᠤ ᠭᠦᠮᠦᠰ ᠦᠪᠠᠷ ᠤᠨ ᠪᠠᠶ᠎ᠠ ᠪᠠᠷ ᠢᠶᠠᠨ ᠵᠢᠭᠠᠨ ᠵᠢᠯᠤᠭᠤᠳᠴᠤ ᠪᠠᠶᠢᠭᠠᠳ ᠡᠨᠡ ᠬᠤᠷᠢᠶ᠎ᠠ ᠶᠢ ᠪᠠᠶᠢᠭᠤᠯᠵᠠᠢ᠃      ᠵᠢᠭᠠᠬᠤ ᠮᠠᠲ᠋ᠧᠷᠢᠶᠠᠯ ᠤᠨ ᠪᠦᠳᠦᠭᠡᠨ ᠪᠠᠶᠢᠭᠤᠯᠤᠯᠳᠠ ᠶᠢ ᠠᠳᠬᠤᠬᠤ᠂ ᠵᠢᠭᠠᠬᠤ ᠮᠠᠲ᠋ᠧᠷᠢᠶᠠᠯ ᠨᠠᠶᠢᠷᠠᠭᠤᠯᠤᠨ ᠤᠷᠴᠢᠭᠤᠯᠬᠤ ᠪᠠᠶᠢᠭᠤᠯᠤᠮᠵᠢ ᠶᠢ ᠪᠠᠶᠢᠭᠤᠯᠬᠤ ᠶᠠᠪᠤᠳᠠᠯ ᠭᠡᠳᠦ᠋ᠢᠴᠢᠨᠡᠭᠡᠨ ᠴᠢᠬᠤᠯᠠ ᠭᠡᠳᠡᠭ ᠢ ᠡᠳᠡᠭᠡᠷ ᠳᠠᠷᠤᠭ᠎ᠠ ᠨᠠᠷ ᠲᠤᠪ ᠲᠤᠳᠤᠷᠬᠠᠢ ᠮᠠᠳᠠᠭᠦ ᠮᠦᠷᠳᠡᠭᠡᠨ ᠡᠨᠡ ᠪᠤᠯ ᠦᠨᠢ ᠡᠭᠦᠷᠢᠳᠠ ᠶᠢᠨ ᠶᠡᠭᠡ ᠠᠵᠢᠯ᠂ ᠮᠢᠩᠭᠠᠨ ᠤᠨ ᠲᠦᠮᠠᠨ ᠦᠶ᠎ᠠ ᠳᠤ ᠪᠠᠯᠠᠷᠠᠰᠢ ᠦᠭᠡᠢ ᠠᠭᠤᠤ ᠦᠢᠯᠠᠰ ᠪᠤᠯᠬᠤ ᠶᠤᠮ ᠭᠡᠳᠡᠭ ᠶᠤᠰᠤ ᠶᠢ ᠮᠠᠳᠠᠨ᠎ᠠ᠃ ᠲᠠᠷᠠᠴᠢᠯᠠᠨ ︽ᠨᠢᠭᠡ ᠳᠤ ᠶᠠᠳᠠᠭᠤ᠂ ᠬᠤᠶᠠᠷ ᠲᠤ ᠡᠪᠡᠳᠴᠢᠨ᠂ ᠭᠤᠷᠪᠠ ᠳᠤ ᠪᠠᠯᠠᠢ︾ ᠶᠢ ᠦᠨᠳᠤᠰᠤᠨ ᠠᠴᠠ ᠨᠢ ᠰᠢᠢᠳᠪᠤᠷᠢᠯᠡᠶ᠎ᠠ ᠭᠡᠪᠡᠯ ᠵᠠᠪᠠᠯ ᠰᠤᠷᠬᠤ ᠪᠢᠴᠢᠭ ᠤᠨ ᠰᠠᠭᠤᠷᠢᠨ ᠭᠠᠵᠠᠷ — ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ ᠪᠠᠶᠢᠭᠤᠯᠬᠤ ᠦᠭᠡᠢ ᠪᠤᠯ ᠪᠤᠯᠬᠤ ᠦᠭᠡᠢ ᠭᠡᠳᠡᠭ ᠡᠭᠦᠷᠭᠡ ᠲᠤᠯᠭᠠᠮ᠎ᠠ ᠱᠠᠭᠠᠷᠳᠠᠭᠰᠠᠨ ᠠᠵᠢ᠃          ᠭᠤᠷᠪᠠ      ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ ᠪᠠᠶᠢᠭᠤᠯᠤᠭᠳᠠᠭᠠᠳ ᠨᠠᠮ ᠵᠠᠰᠠᠬ᠂ ᠨᠠᠶᠢᠭᠡᠮ ᠨᠠᠶᠢᠳᠠ᠂ ᠰᠤᠷᠭᠠᠨ ᠭᠦᠮᠦᠵᠢᠯ ᠤᠨ ᠦᠢᠯᠠᠰ᠂ ᠤᠨᠴᠠᠭᠠᠢᠢᠯᠠᠨ ᠦᠨᠳᠤᠰᠤᠳᠠᠨ ᠤ ᠰᠤᠷᠭᠠᠨ ᠭᠦᠮᠦᠵᠢᠯ ᠤᠨ ᠭᠦᠭᠵᠢᠯᠳᠠ ᠲᠠᠪᠰᠢᠯᠳᠠ ᠳᠤ ᠴᠤᠬᠤᠮ ᠬᠢᠷᠢ ᠵᠡᠷᠭᠡ ᠬᠤᠪᠢ ᠨᠡᠮᠡᠭᠦᠷᠢ ᠦᠵᠡᠭᠦᠯᠵᠤ᠂ ᠶᠠᠮᠠᠷ ᠶᠡᠭᠡ ᠦᠷ᠎ᠠ ᠰᠢᠮ᠎ᠡ᠂ ᠭᠠᠪᠢᠶ᠎ᠠ ᠵᠢᠳᠭᠦᠯ ᠭᠠᠷᠭᠠᠪᠠ︖      ᠤᠯᠤᠰ ᠭᠦᠷᠦᠨ ᠤ ᠭᠦᠴᠦᠷᠭᠡᠭᠵᠢᠭᠦ᠂ ᠦᠨᠳᠤᠰᠤᠳᠠᠨ ᠤᠭᠰᠠᠭᠠᠳᠠᠨ ᠤ ᠭᠦᠭᠵᠢᠵᠤ ᠪᠠᠳᠠᠷᠠᠬᠤ᠂ ᠭᠦᠮᠦᠨ ᠤ ᠨᠢᠭᠡ ᠨᠠᠰᠤᠨ ᠤ ᠠᠵᠤ ᠲᠦᠷᠦᠭᠦ᠂ ᠠᠵᠢᠯ ᠦᠢᠯᠠᠰ ᠪᠦᠷ ᠯᠡ ᠰᠤᠷᠭᠠᠨ ᠭᠦᠮᠦᠵᠢᠯ ᠳᠤ ᠲᠦᠰᠢᠭᠯᠡᠨ᠎ᠡ᠃ ᠰᠤᠶᠤᠯ᠂ ᠮᠠᠳᠠᠯᠭᠡ᠂ ᠡᠷᠳᠠᠮ ᠴᠢᠳᠠᠯ ᠪᠤᠯ ᠭᠦᠮᠦᠨ ᠤ ᠨᠢᠭᠡ ᠨᠠᠰᠤᠨ ᠤ ᠰᠠᠶᠢᠨ ᠮᠠᠭᠤ᠂ ᠴᠢᠩᠭ᠎ᠠ ᠪᠠᠭᠤᠷᠠᠢ ᠶᠢ ᠢᠯᠭᠠᠷᠠᠭᠤᠯᠤᠨ ᠲᠤᠭᠳᠠᠭᠠᠳᠠᠬ᠃      ᠰᠤᠷᠭᠠᠨ ᠭᠦᠮᠦᠵᠢᠯ ᠢ ᠡᠷᠬᠢᠯᠡᠭᠦ ᠳᠤ ᠭᠤᠷᠪᠠᠨ ᠴᠢᠬᠤᠯᠠ ᠡᠯᠧᠮᠧᠨ᠋ᠲ ᠪᠠᠶᠢᠬᠤ ᠭᠡᠷᠡᠭᠳᠠᠢ ︵ᠲᠡᠦᠭᠡ ᠶᠢᠨ ᠭᠡᠯᠡᠯᠭᠡ︶᠄ ᠨᠢᠭᠡ ᠳᠤ ᠰᠤᠷᠭᠠᠭᠤᠯᠢ ᠶᠢᠨ ᠭᠡᠷ ᠪᠠᠶᠢᠰᠢᠩ᠂ ᠬᠤᠶᠠᠷ ᠲᠤ ᠪᠠᠭᠰᠢ᠂ ᠭᠤᠷᠪᠠ ᠳᠤ ᠰᠤᠷᠬᠤ ᠪᠢᠴᠢᠭ ᠪᠤᠯᠤᠨ᠎ᠠ᠃ ᠰᠤᠷᠬᠤ ᠪᠢᠴᠢᠭ ᠭᠡᠳᠦ᠋ᠢᠪᠠᠷ ᠰᠤᠷᠭᠠᠨ ᠭᠦᠮᠦᠵᠢᠯ ᠤᠨ ᠪᠦᠭᠦ ᠶᠠᠪᠤᠳᠠᠯ ᠢ ᠰᠢᠢᠳᠪᠤᠷᠢᠯᠡᠵᠦ ᠦᠯᠦ ᠴᠢᠳᠠᠬᠤ ᠪᠤᠯᠪᠠᠴᠤ ᠲᠠᠷᠠ ᠪᠤᠯ ᠰᠤᠷᠭᠠᠨ ᠭᠦᠮᠦᠵᠢᠯ ᠤᠨ ᠰᠠᠭᠤᠷᠢ ᠶᠢᠨ ᠬᠢᠨᠢ ᠰᠠᠭᠤᠷᠢ᠂ ᠦᠨᠳᠤᠰᠤᠨ ᠤ ᠬᠢᠨᠢ ᠦᠨᠳᠤᠰᠤ ᠪᠤᠯᠬᠤ ᠶᠤᠮ᠃ ᠰᠤᠷᠬᠤ ᠪᠢᠴᠢᠭ᠂ ᠵᠢᠭᠠᠬᠤ ᠮᠠᠲ᠋ᠧᠷᠢᠶᠠᠯ ᠪᠠᠶᠢᠬᠤ ᠦᠭᠡᠢ ᠪᠤᠯ ᠴᠢᠳᠠᠪᠤᠷᠢᠳᠠᠨ᠂ ᠡᠷᠳᠠᠮᠳᠠᠨ᠂ ᠮᠠᠷᠭᠡᠵᠢᠯᠳᠠᠨ᠂ ᠰᠢᠨᠵᠢᠯᠠᠭᠦ ᠤᠬᠠᠭᠠᠨᠳᠠᠳ ᠢ ᠭᠦᠮᠦᠵᠢᠭᠦᠯᠵᠤ ᠭᠠᠷᠭᠠᠨ᠎ᠠ ᠭᠡᠳᠡᠭ ᠪᠤᠯ ᠬᠤᠳᠠᠯ ᠦᠭᠡ᠃      ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ ᠪᠠᠶᠢᠭᠤᠯᠤᠭᠳᠠᠵᠤ᠂ ᠪᠠᠭ᠎ᠠ ᠠᠴᠠ ᠪᠠᠨ ᠶᠡᠭᠡ ᠪᠤᠯᠵᠤ ᠭᠦᠭᠵᠢᠭᠡᠳ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠰᠠᠭᠤᠷᠢᠨ ᠭᠠᠵᠠᠷ — ᠪᠦᠭᠦ ᠤᠯᠤᠰ ᠲᠤ ᠴᠤᠷ ᠤᠨ ᠭᠠᠭᠴᠠ ᠮᠤᠩᠭᠤᠯ ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠦᠳᠦᠭᠡᠨ ᠪᠠᠶᠢᠭᠤᠯᠤᠯᠳᠠ ᠶᠢᠨ ᠰᠠᠭᠤᠷᠢᠨ ᠭᠠᠵᠠᠷ ᠪᠤᠯᠤᠨ ᠨᠠᠢᠮᠠᠨ ᠮᠤᠵᠢ ᠤᠷᠤᠨ ᠤ ᠦᠨᠳᠤᠰᠤᠳᠠᠨ ᠤ ᠰᠤᠷᠭᠠᠨ ᠭᠦᠮᠦᠵᠢᠯ ᠤᠨ ᠦᠢᠯᠠᠰ᠂ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠵᠤ ᠠᠬᠤᠢ ᠰᠤᠶᠤᠯ ᠤᠨ ᠪᠠᠶᠢᠭᠤᠯᠤᠯᠳᠠ ᠳᠤ ᠭᠠᠷᠮᠠᠭᠠᠢ ᠶᠡᠭᠡ ᠵᠢᠳᠭᠦᠯ ᠦᠵᠡᠭᠦᠯᠦᠭᠰᠡᠨ ᠶᠤᠮ᠃      1989 ᠤᠨ ᠤ ᠪᠤᠳᠠᠳᠤ ᠪᠠᠶᠢᠳᠠᠯ ᠢᠶᠠᠷ ᠵᠢᠱᠢᠶᠡᠯᠡᠵᠤ ᠭᠡᠯᠡᠪᠡᠯ᠂ ᠲᠤᠰ ᠵᠢᠯ ᠳᠤ ᠨᠠᠶᠢᠳᠠ 1000 ᠢᠯᠠᠭᠦᠦ ᠲᠦᠷᠦᠯ ᠵᠦᠢᠯ ᠤᠨ ᠨᠤᠮ ᠲᠡᠪᠳᠠᠷ ᠭᠠᠷᠭᠠᠵᠤ᠂ ᠨᠠᠶᠢᠳᠠ 7800 ᠲᠦᠮᠡᠨ ᠲᠠᠪᠳᠠᠷ ᠭᠡᠪᠯᠡᠭᠳᠡᠵᠡᠢ᠃ ᠡᠭᠦᠨ ᠳᠤ ᠭᠡᠤᠭᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠲᠤᠮᠳᠠᠳᠤ ᠰᠤᠷᠭᠠᠭᠤᠯᠢ᠂ ᠲᠤᠮᠳᠠᠳᠤ ᠵᠡᠷᠭᠡ ᠶᠢᠨ ᠪᠠᠭᠰᠢ ᠶᠢᠨ ᠰᠤᠷᠭᠠᠭᠤᠯᠢ᠂ ᠠᠵᠢᠯ ᠮᠠᠷᠭᠡᠵᠢᠯ ᠤᠨ ᠰᠤᠷᠭᠠᠭᠤᠯᠢ ᠶᠢᠨ ᠡᠯ᠎ᠠ ᠬᠢᠴᠢᠶᠡᠯ ᠲᠦᠷᠦᠯ ᠤᠨ ᠮᠤᠩᠭᠤᠯ ᠰᠤᠷᠬᠤ ᠪᠢᠴᠢᠭ ᠵᠢᠴᠢ ᠶᠡᠭᠡ ᠲᠡᠭᠡᠳᠤ ᠰᠤᠷᠭᠠᠭᠤᠯᠢ ᠶᠢᠨ ᠭᠡᠰᠡᠭ ᠪᠦᠯᠦᠭ ᠰᠠᠭᠤᠷᠢ ᠮᠠᠳᠠᠯᠭᠡ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠠᠨᠭ᠍ᠭᠠᠵᠤ ᠪᠠᠶᠢᠭᠰᠠᠨ᠃ ᠡᠭᠦᠨ ᠠᠴᠠ ᠭᠠᠳᠠᠨ᠎ᠠ ᠬᠢᠳᠠᠳ ᠭᠡᠯᠡᠨ ᠳᠠᠭᠡᠷ᠎ᠠ ᠬᠢᠴᠢᠶᠠᠯᠯᠠᠵᠤ ᠪᠠᠶᠢᠭ᠎ᠠ ᠪᠠᠭ᠎ᠠ᠂ ᠳᠤᠮᠳᠠᠳᠤ ᠰᠤᠷᠭᠠᠭᠤᠯᠢ ᠶᠢᠨ ᠰᠤᠷᠬᠤ ᠪᠢᠴᠢᠭ᠂ ᠲᠠᠰᠬᠠᠯ ᠲᠠᠭᠠᠭᠠᠯᠭᠠᠪᠤᠷᠢ᠂ ᠲᠤᠯᠢ ᠪᠢᠴᠢᠭ ᠤᠳ ᠢ ᠴᠦ ᠲᠦᠷᠦᠯ ᠵᠦᠢᠯ ᠢᠶᠠᠷ ᠨᠢ ᠮᠤᠩᠭᠤᠯ ᠬᠢᠳᠠᠳ ᠬᠤᠶᠠᠷ ᠭᠡᠯᠡ ᠳᠡᠭᠡᠷ᠎ᠡ ᠬᠠᠮᠳᠤᠳᠠ ᠬᠠᠨᠭ᠍ᠭᠠᠵᠤ ᠪᠠᠶᠢᠪᠠ᠃      ᠡᠨᠡ ᠭᠦ ᠯᠤᠳᠤ ᠶᠡᠭᠡ ᠠᠮᠵᠢᠯᠳᠠ ᠪᠦᠳᠦᠭᠡᠯ ᠢ ᠲᠡᠦᠭᠡ ᠶᠢᠨ ᠠᠯᠳᠠᠨ ᠬᠠᠭᠤᠳᠠᠰᠤᠨ᠎ᠠ ᠲᠠᠮᠳᠡᠭᠯᠡᠭᠦᠰᠢᠳᠠᠢ᠃          ᠲᠦᠷᠪᠡ      ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ ᠶᠢᠨ ᠪᠠᠶᠢᠭᠤᠯᠤᠭᠳᠠᠭᠰᠠᠨ᠂ ᠭᠦᠭᠵᠢᠨ ᠪᠠᠳᠠᠷᠠᠵᠤ ᠢᠷᠡᠭᠰᠡᠨ ᠲᠡᠦᠭᠡᠳᠤ ᠵᠢᠳᠭᠦᠯ ᠭᠠᠪᠢᠶ᠎ᠠ᠂ ᠦᠨ᠎ᠠ ᠴᠠᠨ᠎ᠠ ᠶᠢ ᠲᠤᠪᠴᠢᠯᠠᠨ ᠳ᠋ᠦᠡᠭᠨᠡᠪᠡᠯ᠄      ᠨᠢᠭᠡ ᠳᠤ᠂ ᠬᠢᠳᠠᠳ ᠭᠡᠯᠡ ᠪᠠᠷ ᠰᠤᠷᠴᠤ ᠪᠠᠶᠢᠭ᠎ᠠ ᠰᠤᠷᠤᠭᠴᠢ ᠶᠢᠨ ᠨᠢᠭᠡᠳᠤᠯᠳᠠᠢ ᠵᠢᠭᠠᠬᠤ ᠮᠠᠲ᠋ᠧᠷᠢᠶᠠᠯ — ᠲᠤᠭ᠎ᠠ ᠪᠤᠳᠤᠯᠭ᠎ᠠ᠂ ᠹᠢᠽᠢᠺ᠂ ᠬᠢᠮᠢ᠂ ᠠᠮᠢᠳᠤ ᠪᠤᠳᠠᠰ ᠭᠡᠭᠦ ᠮᠡᠳᠤ ᠶᠢ ᠮᠤᠩᠭᠤᠯ ᠭᠡᠯᠡ ᠳᠡᠭᠡᠷ᠎ᠡ ᠬᠢᠴᠢᠶᠡᠯᠯᠡᠵᠤ ᠪᠠᠶᠢᠭ᠎ᠠ ᠦᠨᠳᠤᠰᠤᠳᠠᠨ ᠤ ᠦᠷ᠎ᠠ ᠭᠡᠤᠭᠡᠳ᠂ ᠦᠷᠭᠡᠨ ᠤᠯᠠᠨ ᠮᠤᠩᠭᠤᠯ ᠰᠤᠷᠤᠭᠴᠢ ᠠᠳᠠᠯᠢ ᠲᠦᠷᠦᠯ ᠵᠦᠢᠯ᠂ ᠠᠳᠠᠯᠢ ᠶᠠᠩᠵᠤ᠂ ᠠᠳᠠᠯᠢ ᠴᠠᠭ ᠬᠤᠭᠤᠴᠠᠭᠠᠨ᠎ᠠ ᠬᠤᠷᠢᠶᠠᠨ ᠤᠯᠵᠤ ᠦᠵᠠᠭᠦ ᠪᠤᠯᠤᠭᠰᠠᠨ ᠠᠴᠠ ᠦᠨᠳᠤᠰᠤᠳᠠᠨ ᠤ ᠰᠤᠷᠤᠭᠴᠢ ᠶᠢᠨ ᠪᠦᠭᠦ ᠤᠯᠤᠰ ᠤᠨ ᠨᠢᠭᠡᠳᠤᠯᠳᠠᠢ ᠰᠢᠯᠭᠠᠯᠳᠠ ᠳᠤ ᠤᠷᠤᠬᠤ ᠡᠷᠭᠡ ᠲᠡᠭᠰᠢ᠂ ᠲᠦᠪ ᠭᠤᠤᠯᠴᠢ ᠨᠦᠭᠦᠴᠡᠯ ᠪᠠᠶᠢᠳᠠᠯ ᠢ ᠪᠦᠷᠢᠯᠳᠤᠭᠦᠯᠵᠤ ᠦᠭᠭᠦᠭᠰᠡᠨ ᠪᠢᠯᠡ᠃      ᠵᠢᠭᠠᠬᠤ ᠮᠠᠲ᠋ᠧᠷᠢᠶᠠᠯ ᠤᠨ ᠬᠤᠪᠢ ᠳᠤ ᠠᠪᠴᠤ ᠭᠡᠯᠡᠪᠡᠯ ᠠᠷᠠᠳ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶᠠᠨ ᠤ ᠬᠢᠳᠠᠳ ᠭᠡᠯᠡ ᠶᠠᠮᠠᠷ ᠨᠤᠮ ᠪᠠᠶᠢᠪᠠᠯ ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶᠠᠨ ᠤ ᠮᠤᠩᠭᠤᠯ ᠭᠡᠯᠡ ᠲᠠᠶᠢᠮᠦ ᠨᠤᠮ ᠪᠠᠶᠢᠬᠤ ᠪᠤᠯᠤᠭᠰᠠᠨ᠃ ᠡᠨᠡ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠨᠳᠤᠰᠤᠳᠠᠨ ᠤ ᠦᠪᠠᠷᠳᠡᠭᠡᠨ ᠵᠠᠰᠠᠬᠤ ᠲᠦᠷᠦ ᠶᠢᠨ ᠪᠤᠳᠤᠯᠭ᠎ᠠ ᠶᠢᠨ ᠰᠠᠴᠤᠷᠠᠩᠭᠤᠢ ᠭᠡᠷᠡᠯ ᠲᠤᠶᠠᠭ᠎ᠠ ᠲᠤᠤᠷ᠎ᠠ ᠰᠠᠶ᠋ᠢ ᠪᠡᠶᠡᠯᠡᠭᠳᠡᠵᠦ ᠴᠢᠳᠠᠭᠰᠠᠨ ᠶᠡᠭᠡ ᠠᠵᠢᠯᠯᠠᠭ᠎ᠠ ᠮᠦᠨ᠃      ᠬᠤᠶᠠᠷ ᠲᠤ᠂ ᠦᠨᠳᠤᠰᠤᠳᠠᠨ ᠤ ᠰᠤᠶᠤᠯ ᠪᠤᠯᠪᠠᠰᠤᠷᠠᠯ᠂ ᠲᠠᠳᠤᠯᠭ᠎ᠠ ᠭᠦᠮᠦᠵᠢᠯ ᠢ ᠲᠡᠭᠡᠭᠰᠢᠯᠠᠭᠦᠯᠵᠤ᠂ ᠰᠠᠶᠢᠵᠢᠷᠠᠭᠤᠯᠬᠤ ᠳᠤ ᠰᠢᠢᠳᠪᠤᠷᠢᠯᠡᠭᠴᠢ ᠦᠢᠯᠠᠳᠤᠯ ᠢ ᠦᠵᠡᠭᠦᠯᠵᠠᠢ᠃ ᠮᠦᠨ ᠤᠷᠤᠨ ᠤ ᠭᠠᠳᠠᠨ᠎ᠠ ᠲᠤᠳᠤᠨᠠᠬᠢ ᠤᠶᠤᠳᠠᠨ ᠰᠡᠭᠡᠭᠡᠳᠡᠨ ᠢ ᠭᠦᠮᠦᠵᠢᠭᠦᠯᠭᠦ ᠳᠤ ᠵᠦᠢᠷᠯᠠᠰᠢ ᠦᠭᠡᠢ ᠭᠦᠴᠦ ᠭᠦᠯᠦᠰᠦ ᠭᠠᠷᠭᠠᠯ᠎ᠠ ᠭᠡᠵᠦ ᠦᠵᠠᠵᠤ ᠪᠤᠯᠤᠨ᠎ᠠ᠃ 60 ‍ᠭᠠᠳ ᠤᠨ᠂ 70 ‍ᠭᠠᠳ ᠤᠨ᠂ 80 ‍ᠭᠠᠳ ᠤᠨ᠂ 90 ᠭᠡᠳ ᠤᠨ ᠤ ᠦᠶ᠎ᠠ ᠪᠠᠷ ᠭᠦᠮᠦᠵᠢᠭᠦᠯᠦᠨ ᠭᠠᠷᠭᠠᠭᠰᠠᠨ ᠴᠦᠭᠡᠨ ᠲᠤᠭᠠᠳᠤ ᠦᠨᠳᠤᠰᠤᠳᠠᠨ ᠤ ᠵᠠᠰᠠᠭ ᠵᠠᠬᠢᠷᠭᠠᠨ ᠤ ᠺᠠᠳ᠋ᠷ᠂ ᠲᠧᠭᠨᠢᠭ ᠮᠠᠷᠭᠡᠵᠢᠯ ᠤᠨ ᠭᠠᠷᠮᠠᠭᠠᠢᠢᠴᠤᠳ᠂ ᠰᠢᠨᠵᠢᠯᠠᠭᠦ ᠤᠬᠠᠭᠠᠨ ᠤ ᠠᠵᠢᠯᠳᠠᠳ᠂ ᠠᠷᠠᠳ ᠤᠨ ᠪᠠᠭᠰᠢ᠂ ᠡᠯ᠎ᠠ ᠲᠦᠷᠦᠯ ᠤᠨ ᠲᠤᠰᠬᠠᠢ ᠮᠠᠷᠭᠡᠵᠢᠯ ᠤᠨ ᠴᠢᠳᠠᠪᠤᠷᠢᠳᠠᠨ ᠭᠡᠨ ᠠᠯᠢᠨ ᠨᠢ ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠬᠤᠷᠢᠶ᠎ᠠ ᠠᠴᠠ ᠭᠡᠪᠯᠡᠭᠳᠡᠭᠰᠡᠨ ᠨᠤᠮ ᠪᠢᠴᠢᠭ ᠢ ᠦᠵᠡᠭᠰᠡᠨ ᠦᠭᠡᠢ ᠪᠢᠯᠡ᠃      ᠭᠤᠷᠪᠠ ᠳᠤ᠂ ᠲᠡᠦᠭᠡᠨ ᠳᠡᠭᠡᠷ᠎ᠠ ᠠᠴᠠ ᠦᠯᠠᠳᠡᠭᠳᠡᠵᠦ ᠢᠷᠡᠭᠰᠡᠨ ᠭᠡᠰᠡᠭ ᠪᠦᠯᠦᠭ ᠶᠠᠳᠠᠭᠤ᠂ ᠬᠤᠴᠤᠷᠤᠩᠭᠤᠢ᠂ ᠪᠦᠳᠦᠭᠦᠯᠢᠭ᠂ ᠪᠠᠯᠠᠢ ᠶᠢ ᠦᠨᠳᠤᠰᠤᠨ ᠠᠴᠠ ᠨᠢ ᠠᠷᠢᠯᠭᠠᠬᠤ ᠳᠤ ᠬᠠᠮᠤᠭ ᠤᠨ ᠭᠦᠴᠦ ᠭᠠᠷᠭᠠᠵᠤ᠂ ᠲᠤᠰᠠ ᠦᠵᠡᠭᠦᠯᠦᠭᠰᠡᠨ ᠨᠢ ᠨᠠᠷᠢᠨ ᠢᠶᠠᠷ ᠭᠡᠯᠡᠪᠡᠯ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶᠠᠨ ᠠᠴᠠ ᠭᠡᠪᠯᠡᠭᠦᠯᠦᠭᠰᠡᠨ ᠰᠤᠷᠬᠤ ᠪᠢᠴᠢᠭ ᠪᠤᠯᠤᠨ᠎ᠠ᠃ ᠲᠡᠭᠡᠭᠦ ᠪᠠᠷ ︽ᠪᠤᠷᠬᠠᠨ ᠨᠤᠮ︾ ᠭᠡᠵᠦ ᠭᠡᠯᠡᠭᠦ ᠳᠤ ᠠᠬᠠᠳᠠᠬᠤ ᠦᠭᠡᠢ ᠰᠠᠨᠠᠭᠳᠠᠨ᠎ᠠ᠃      ᠦᠨᠦᠳᠤᠷ ᠤᠨ ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶᠠᠨ ᠤ ᠭᠦᠭᠵᠢᠵᠤ ᠪᠠᠳᠠᠷᠠᠵᠤ ᠪᠠᠶᠢᠭ᠎ᠠ ᠶᠢ ᠵᠢᠷᠠᠭᠠᠳ ᠤᠨ᠂ ᠲᠠᠯᠠᠭᠠᠳ ᠤᠨ ᠤ ᠦᠶ᠎ᠠ ᠶᠢᠨ ᠬᠢ ᠲᠠᠢ ᠠᠳᠠᠯᠢᠳᠬᠠᠪᠠᠯ ᠤᠯᠠᠮ ᠶᠡᠭᠡ ᠭᠦᠴᠦᠷᠭᠡᠭᠵᠢᠨ ᠴᠢᠩᠭᠠᠷᠠᠪᠠ᠃ ᠠᠵᠢᠯᠯᠠᠬᠤ ᠨᠦᠭᠦᠴᠡᠯ ᠬᠤᠪᠢᠷᠠᠵᠤ᠂ ᠠᠵᠤ ᠠᠮᠢᠳᠤᠷᠠᠬᠤ ᠤᠷᠴᠢᠨ ᠲᠤᠭᠤᠷᠢᠨ ᠰᠠᠶᠢᠵᠢᠷᠠᠵᠤ᠂ ᠨᠠᠶᠢᠷᠠᠭᠤᠯᠤᠭᠴᠢ ᠶᠢᠨ ᠡᠩᠨᠡᠭᠡ ᠦᠷᠭᠡᠵᠢᠨ ᠵᠤᠵᠠᠭᠠᠷᠠᠭᠠᠳ ᠤᠨᠴᠠᠭᠠᠢ ᠰᠠᠶᠢᠨ ᠪᠤᠯᠤᠭᠰᠠᠨ ᠢ ᠨᠠᠶᠢᠭᠡᠮ ᠲᠠᠶᠠᠭᠠᠷ ᠮᠠᠳᠠᠷᠠᠵᠤ ᠪᠤᠢ᠃ ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ ᠴᠠᠭ ᠦᠶ᠎ᠠ ᠶᠢᠨ ᠬᠤᠪᠢᠷᠠᠯᠳᠠ᠂ ᠨᠠᠶᠢᠭᠡᠮ ᠤᠨ ᠭᠦᠭᠵᠢᠯᠳᠠ ᠶᠢ ᠲᠠᠭᠠᠵᠤ ᠤᠯᠠᠮ ᠭᠦᠴᠤᠷᠭᠡᠭᠵᠢᠨ ᠰᠠᠶᠢᠵᠢᠷᠠᠬᠤ ᠨᠢ ᠲᠠᠮᠵᠢᠬ ᠦᠭᠡᠢ᠃      ᠦᠪᠤᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ ᠶᠢᠨ ᠢᠷᠡᠭᠡᠳᠤᠢ ᠤᠯᠠᠮ ᠠᠭᠤᠳᠠᠮ ᠰᠠᠷᠠᠭᠤᠯ ᠭᠡᠷᠡᠯ ᠰᠠᠴᠤᠷᠠᠩᠭᠤᠢ ᠪᠤᠯᠳᠤᠭᠠᠢ︕                     ︵ᠡᠾᠦ᠋ᠩ ᠮᠸᠢ ᠨᠠᠶᠢᠷᠠᠭᠤᠯᠪᠠ︶                     2020.4 ᠳ᠋ᠦ᠋ᠭᠡᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map