ᠠᠩᠭᠢ ᠶᠢᠨ ᠡᠷᠬᠢᠯᠡᠭᠴᠢ ᠶᠢᠨ ᠠᠵᠢᠯ ᠳᠤ ᠤᠷᠮᠠᠰᠢᠭᠤᠯᠤᠯ ᠤᠨ ᠬᠦᠮᠦᠵᠢᠯ ᠢ ᠬᠢᠬᠦ ᠶᠢᠨ ᠴᠢᠬᠤᠯᠠ ᠴᠢᠨᠠᠷ
ᠨᠡᠶᠢᠲᠡᠯᠡᠭᠰᠡᠨ ᠴᠠᠭ᠄
2021/10/27
                                       ᠴᠤᠯᠮᠤᠨ      ᠠᠩᠭᠢ ᠶᠢᠨ ᠡᠷᠬᠢᠯᠡᠭᠴᠢ ᠶᠢᠨ ᠠᠵᠢᠯ ᠪᠤᠯ ᠣᠶᠣᠨᠯᠢᠭ ᠠᠵᠢᠯ ᠪᠤᠯᠬᠤ ᠶᠤᠮ᠃ ᠨᠢᠭᠡ ᠠᠩᠭᠢ ᠶᠢᠨ ᠥᠩᠭᠡ ᠲᠥᠷᠬᠦ ᠠᠮᠵᠢᠯᠲᠠ ᠪᠦᠲᠦᠭᠡᠯ ᠶᠠᠮᠠᠷ ᠪᠠᠶᠢᠨ᠎ᠠ ᠭᠡᠳᠡᠭ ᠨᠢ ᠠᠩᠭᠢ ᠶᠢᠨ ᠡᠷᠬᠢᠯᠡᠭᠴᠢ ᠪᠠᠭᠰᠢ ᠲᠠᠢ ᠰᠢᠭᠤᠳ ᠬᠤᠯᠪᠤᠭᠳᠠᠳᠠᠭ᠃ ᠠᠩᠭᠢ ᠶᠢᠨ ᠡᠷᠬᠢᠯᠡᠭᠴᠢ ᠶᠢᠨ ᠠᠵᠢᠯ ᠳᠤ ᠠᠩᠭᠢ ᠨᠢᠭᠡᠴᠢ ᠶᠢᠨ ᠰᠤᠷᠤᠭᠴᠢ ᠪᠠᠨ ᠲᠠᠭᠠᠭᠤᠯᠤᠨ ᠰᠤᠷᠤᠯᠭ᠎ᠠ ᠬᠢᠴᠢᠶᠡᠯ ᠳᠤ ᠨᠢ ᠰᠢᠮᠳᠠᠭᠤᠯᠵᠤ᠂ ᠰᠢᠨᠵᠢᠯᠡᠬᠦ ᠤᠬᠠᠭᠠᠨᠴᠢ ᠪᠠᠷ ᠰᠤᠷᠤᠯᠴᠠᠵᠤ ᠠᠮᠢᠳᠤᠷᠠᠬᠤ ᠴᠠᠭ ᠢ ᠨᠢ ᠵᠤᠬᠢᠴᠠᠭᠤᠯᠵᠤ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠴᠢᠬᠤᠯᠠᠴᠢᠯᠠᠨ ᠦᠵᠡᠬᠦ ᠭᠡᠬᠦ ᠮᠡᠲᠦ ᠶᠢᠨ ᠣᠯᠠᠨ ᠣᠯᠠᠨ ᠨᠠᠷᠢᠨ ᠰᠢᠷᠢᠨ ᠠᠵᠢᠯ ᠪᠠᠶᠢᠳᠠᠭ᠃ ᠠᠳᠡ ᠪᠢ ᠲᠡᠷᠡ ᠪᠦᠭᠦᠨ ᠢ ᠨᠠᠷᠢᠯᠢᠬ ᠲᠤᠭᠠᠴᠢᠬᠤ ᠦᠭᠡᠢ᠂ ᠬᠠᠷᠢᠨ ᠠᠩᠭᠢ ᠶᠢᠨ ᠡᠷᠬᠢᠯᠡᠭᠴᠢ ᠶᠢᠨ ᠠᠵᠢᠯ ᠳᠤ ᠤᠷᠮᠠᠰᠢᠭᠤᠯᠤᠯ ᠤᠨ ᠬᠦᠮᠦᠵᠢᠯ ᠤᠨ ᠴᠢᠬᠤᠯᠠ ᠴᠢᠨᠠᠷ ᠤᠨ ᠲᠤᠬᠠᠢ ᠪᠣᠳᠣᠯ ᠢᠶᠠᠨ ᠳᠡᠯᠭᠡᠶ᠎ᠡ᠃      ᠤᠷᠮᠠᠰᠢᠭᠤᠯᠬᠤ ᠪᠤᠯ ᠠᠮᠵᠢᠯᠲᠠ ᠣᠯᠬᠤ ᠶᠢᠨ ᠰᠢᠳᠢᠲᠦ ᠦᠷᠢᠯ ᠪᠣᠯᠬᠤ ᠶᠤᠮ᠃ ᠬᠦᠮᠦᠨ ᠤ ᠠᠯᠢᠪᠠ ᠦᠢᠯᠡ ᠠᠵᠢᠯᠯᠠᠭ᠎ᠠ ᠪᠦᠷ ᠤᠷᠮᠠᠰᠢᠭᠤᠯᠤᠯ ᠠᠴᠠ ᠰᠠᠯᠵᠤ ᠴᠢᠳᠠᠬᠤ ᠦᠭᠡᠢ᠃ ︽ᠲᠠᠰᠤᠷᠠᠯᠲᠠ ᠦᠭᠡᠢ ᠪᠡᠶ᠎ᠡ ᠪᠠᠨ ᠤᠷᠮᠠᠰᠢᠭᠤᠯᠬᠤ ᠪᠠᠷ ᠳᠠᠮᠵᠢᠵᠤ᠂ ᠪᠡᠶ᠎ᠡ ᠳᠤ ᠪᠠᠨ ᠨᠢᠭᠡ ᠵᠦᠢᠯ ᠤᠨ ᠲᠤᠳᠤᠭᠠᠳᠤ ᠬᠦᠳᠡᠯᠬᠡᠬᠦ ᠬᠦᠴᠦᠨ ᠣᠯᠭᠤᠵᠣ᠂ ᠬᠦᠰᠡᠯ ᠡᠷᠡᠮᠡᠯᠵᠡᠯ ᠬᠠᠷᠠᠯᠲᠠ ᠵᠦᠭ ᠢᠶᠠᠨ ᠤᠷᠤᠭᠰᠢᠯᠠᠵᠤ᠂ ᠢᠯᠠᠯᠲᠠ ᠶᠢᠨ ᠨᠤᠶᠠᠨ ᠤᠷᠭᠢᠯ ᠳᠤ ᠭᠠᠷᠤᠭᠠᠷᠠᠢ︾ ᠭᠡᠵᠦ ᠨᠠᠫᠤᠯᠢᠶᠦ᠋ᠨ ᠡᠾᠢᠯ᠂ 1908 ᠣᠨ ᠠᠴᠠ ᠡᠬᠢᠯᠡᠨ 20 ᠵᠢᠯ ᠤᠨ ᠴᠠᠭ ᠢ ᠬᠡᠷᠡᠭᠯᠡᠵᠦ᠂ 500 ᠢᠯᠡᠭᠦᠤ ᠠᠯᠳᠠᠷᠳᠤ ᠬᠦᠮᠦᠰ ᠢ ᠰᠣᠷᠪᠣᠯᠵᠢᠯᠠᠨ ᠲᠡᠳᠡᠨ ᠤ ᠠᠷᠭ᠎ᠠ ᠤᠬᠠᠭᠠᠨ ᠪᠠ ᠲᠤᠷᠰᠢᠯᠭ᠎ᠠ ᠰᠤᠷᠭᠠᠮᠵᠢ ᠶᠢ ᠰᠤᠳᠤᠯᠤᠨ ᠳ᠋ᠦᠩᠨᠡᠭᠡᠳ ᠪᠢᠴᠢᠭᠰᠡᠨ ᠠᠪᠤᠷᠭᠤ ᠪᠦᠲᠦᠭᠡᠯ ︽ᠨᠠᠫᠤᠯᠢᠶᠥᠨ ᠡᠾᠢᠯ ᠤᠨ ᠠᠮᠵᠢᠯᠲᠠ ᠣᠯᠬᠤ ᠡᠷᠳᠡᠮ︾ ᠭᠡᠳᠡᠭ ᠨᠣᠮ ᠳᠤ ᠪᠠᠨ ᠲᠤᠳᠤᠷᠬᠠᠢ ᠪᠢᠴᠢᠵᠦ ᠪᠤᠢ᠃      ᠨᠢᠭᠡ᠂ ᠤᠷᠮᠠᠰᠢᠭᠤᠯᠤᠯ ᠤᠨ ᠬᠡᠳᠦᠬᠡᠨ ᠦᠭᠡᠨ ᠠᠴᠠ ᠪᠣᠯᠵᠤ ᠠᠮᠵᠢᠯᠲᠠ ᠤᠯᠤᠭᠰᠠᠨ ᠬᠦᠮᠦᠰ ᠤᠨ ᠵᠢᠱᠢᠶ᠎ᠡ      ᠤᠷᠮᠠᠰᠢᠭᠤᠯᠤᠯ ᠤᠨ ᠨᠥᠯᠥᠭᠡᠨ ᠳᠣᠣᠷ᠎ᠠ ᠠᠮᠵᠢᠯᠲᠠ ᠤᠯᠤᠭᠰᠠᠨ ᠬᠦᠮᠦᠨ ᠢ ᠶᠠᠷᠢᠬᠤ ᠳᠤ ᠠᠯᠳᠠᠷᠳᠤ ᠰᠢᠨᠵᠢᠯᠡᠬᠦ ᠤᠬᠠᠭᠠᠨᠳᠠᠨ ᠠᠶᠢᠨᠰᠲ᠋ᠧᠨ ᠢ ᠲᠤᠷᠠᠳᠬᠤ ᠦᠭᠡᠢ ᠪᠠᠶᠢᠬᠤ ᠶᠢᠨ ᠠᠷᠭ᠎ᠠ ᠦᠭᠡᠢ᠃ ᠤᠴᠢᠷ ᠨᠢ ᠲᠡᠷᠡ ᠪᠤᠯ ᠳᠡᠯᠡᠬᠡᠢ ᠳᠤ ᠠᠯᠳᠠᠷᠳᠠᠢ ᠹᠢᠽᠢᠺ ᠤᠨ ᠤᠬᠠᠭᠠᠨ ᠤ ᠶᠡᠭᠡ ᠪᠠᠭᠰᠢ᠂ ︽ᠬᠠᠷᠢᠴᠠᠩᠭᠤᠢ ᠣᠨᠣᠯ︾ ᠢ ᠲᠤᠷᠠᠳᠤᠭᠴᠢ᠂ ᠬᠦᠮᠦᠨ ᠲᠦᠷᠦᠯᠬᠢᠲᠡᠨ ᠤ ᠣᠭᠲᠠᠷᠭᠤᠢ ᠶᠢᠨ ᠲᠤᠬᠠᠢ ᠰᠡᠳᠬᠢᠬᠦᠢ ᠶᠢᠨ ᠬᠤᠪᠢᠷᠠᠯ ᠬᠦᠭᠵᠢᠯᠲᠡ ᠳᠤ ᠭᠠᠷᠮᠠᠭᠠᠢ ᠭᠠᠪᠢᠶ᠎ᠠ ᠪᠠᠶᠢᠭᠤᠯᠤᠭᠰᠠᠨ ᠬᠦᠮᠦᠨ ᠶᠤᠮ᠃      ᠤᠷᠮᠠᠰᠢᠭᠤᠯᠤᠯ ᠤᠨ ᠨᠢᠭᠡ ᠯᠠ ᠦᠭᠡ ᠨᠢ ᠬᠦᠮᠦᠨ ᠤ ᠨᠢᠭᠡ ᠨᠠᠰᠤ ᠶᠢ ᠨᠥᠯᠥᠭᠡᠯᠡᠳᠡᠭ᠃      ᠪᠤᠰᠤᠳ ᠠᠴᠠ ᠤᠨᠴᠠᠯᠠᠭᠰᠠᠨ ᠰᠡᠴᠡᠨ ᠰᠡᠷᠭᠦᠯᠡᠩ ᠲᠠᠷᠢᠬᠢ ᠲᠤᠯᠤᠭᠠᠢ ᠲᠠᠢ᠂ ᠰᠢᠨᠵᠢᠯᠡᠬᠦ ᠤᠬᠠᠭᠠᠨᠳᠠᠳ ᠤᠨ ᠲᠤᠳᠤᠷᠠᠬᠢ ᠰᠢᠨᠵᠢᠯᠡᠬᠦ ᠤᠬᠠᠭᠠᠨᠳᠠᠨ ᠬᠡᠮᠡᠭᠳᠡᠭᠰᠡᠨ ᠠᠭᠤᠤ ᠬᠦᠮᠦᠨ ᠤ ᠰᠤᠷᠤᠯᠭ᠎ᠠ ᠶᠢᠨ ᠵᠠᠮ ᠢ ᠬᠦᠭᠡᠭᠡᠭᠰᠡᠨ ᠲᠡᠤᠬᠡ ᠲᠡᠶᠢᠮᠤ ᠴᠤ ᠤᠨᠴᠠᠭᠠᠶᠢᠷᠠᠭᠰᠠᠨ ᠵᠦᠢᠯ ᠦᠭᠡᠢ᠃ ᠨᠡᠩ ᠴᠢᠨᠠᠭᠰᠢᠯᠠᠪᠠᠯ ︽ᠤᠬᠠᠭ᠎ᠠ ᠪᠢᠳᠠᠭᠤ︾ ᠪᠠᠷ ᠦᠨᠡᠯᠡᠭᠳᠡᠵᠦ ᠪᠠᠶᠢᠵᠠᠢ᠃ ᠠᠶᠢᠨᠰᠲ᠋ᠧᠨ ᠲᠥᠷᠪᠡ ᠲᠠᠪᠤᠨ ᠨᠠᠰᠤ ᠲᠠᠢ ᠳᠤ ᠪᠠᠨ ᠳᠡᠮᠡᠢ ᠰᠠᠶᠢᠨ ᠬᠡᠯᠡ ᠳᠤ ᠣᠷᠤᠭ᠎ᠠ ᠦᠭᠡᠢ᠂ ᠨᠠᠮᠵᠢᠭᠤᠨ ᠰᠠᠭᠤᠬᠤ ᠳᠤᠷᠠᠲᠠᠢ᠂ ᠶᠡᠷᠦ ᠨᠢ ᠮᠡᠯᠡᠷᠡᠵᠦ ᠯᠠ ᠪᠠᠶᠢᠳᠠᠭ ᠤᠴᠢᠷ ᠠᠴᠠ ᠡᠴᠢᠭᠡ ᠡᠬᠡ ᠨᠢ ᠲᠡᠭᠦᠨ ᠢ ᠮᠡᠳᠡᠷᠡᠯ ᠤᠨ ᠭᠠᠵᠢᠭ ᠲᠠᠢ ᠭᠡᠵᠦ ᠦᠵᠡᠵᠦ ᠪᠠᠶᠢᠯ᠎ᠠ᠃ ᠲᠡᠭᠦᠨ ᠤ ᠪᠠᠭ᠎ᠠ ᠰᠤᠷᠭᠠᠭᠤᠯᠢ ᠶᠢᠨ ᠬᠢᠷᠢ ᠪᠦᠲᠦᠮᠵᠢ ᠨᠢ ᠦᠨᠡᠭᠡᠷ ᠲᠦᠢᠯ ᠤᠨ ᠠᠨᠠᠢ ᠪᠠᠶᠢᠵᠠᠢ᠃ ᠵᠦᠪᠬᠡᠨ ᠲᠣᠭᠠᠨ ᠤ ᠤᠬᠠᠭᠠᠨ ᠤ ᠬᠢᠴᠢᠶᠡᠯ ᠨᠢ ᠨᠡᠯᠢᠶᠡᠳ ᠭᠠᠶᠢᠭᠤᠢ ᠠᠴᠠ ᠭᠠᠳᠠᠨ᠎ᠠ ᠪᠣᠰᠣᠳ ᠲᠦᠷᠦᠯ ᠤᠨ ᠬᠢᠴᠢᠶᠡᠯ ᠨᠢ ᠪᠦᠷ ᠬᠢᠷᠢ ᠪᠦᠳᠦᠮᠵᠢ ᠳᠣᠣᠷ᠎ᠠ ᠪᠠᠶᠢᠵᠤ᠂ ᠬᠡᠵᠢᠶᠡᠳᠡ ᠠᠩᠭᠢ ᠳᠤ ᠪᠠᠨ ᠰᠡᠭᠦᠯ ᠬᠤᠷᠢᠶᠠᠳᠠᠭ ᠪᠠᠶᠢᠵᠠᠢ᠃ ᠪᠠᠭᠰᠢ ᠨᠢ ᠴᠤ ᠲᠡᠭᠦᠨ ᠢ ᠭᠡᠷ ᠤᠨ ᠠᠬᠠᠮᠠᠳ ᠲᠤ ᠨᠢ ︽ᠲᠠᠨ ᠤ ᠬᠦᠤ ᠶᠠᠭᠤ ᠴᠤ ᠪᠦᠳᠦᠭᠡᠵᠦ ᠴᠢᠳᠠᠬᠤ ᠦᠭᠡᠢ︾ ᠭᠡᠵᠦ ᠰᠢᠭᠤᠳ ᠬᠡᠯᠡᠵᠦ ᠦᠩᠭᠡᠷᠡᠭᠰᠡᠨ ᠭᠡᠳᠡᠭ᠃ ᠲᠡᠮᠡᠢ ᠤᠳᠠᠯ ᠦᠭᠡᠢ ᠠᠶᠢᠨᠰᠲ᠋ᠧᠨ ᠰᠤᠷᠤᠯᠭ᠎ᠠ ᠵᠤᠭᠰᠤᠵᠤ᠂ ᠪᠠᠭ᠎ᠠ ᠰᠤᠷᠭᠠᠭᠤᠯᠢ ᠶᠢᠨ ᠦᠨᠡᠮᠯᠡᠯ ᠴᠤ ᠤᠯᠵᠤ ᠲᠡᠶᠢᠯᠦᠭᠰᠡᠨ ᠦᠭᠡᠢ᠃ ᠵᠦᠪᠬᠡᠨ ᠨᠢᠭᠡ ᠯᠡ ᠪᠠᠭᠰᠢ ᠠᠶᠢᠨᠰᠲ᠋ᠧᠨ ᠤ ᠬᠢᠴᠢᠶᠡᠯ ᠣᠷᠣᠬᠤ ᠳᠤ ᠳᠤᠷ᠎ᠠ ᠦᠭᠡᠶᠢᠴᠡᠵᠦ ᠪᠠᠶᠢᠭᠰᠠᠨ ᠴᠤ ᠨᠣᠮ ᠤᠩᠰᠢᠬᠤ ᠳᠤ ᠶᠡᠭᠡ ᠰᠤᠨᠢᠷᠬᠠᠯ ᠲᠠᠢ ᠪᠠᠶᠢᠭ᠎ᠠ ᠶᠢ ᠰᠡᠷᠡᠵᠦ ᠮᠡᠳᠡᠭᠡᠳ ᠲᠡᠭᠦᠨ ᠳᠤ ᠤᠷᠮ᠎ᠠ ᠬᠠᠶᠢᠷᠠᠯᠠᠵᠠᠢ᠃ ᠶᠠᠭ ᠡᠨᠡ ᠭᠦ ᠤᠷᠮᠠᠰᠢᠭᠤᠯᠤᠯ ᠵᠤᠷᠢᠬᠵᠢᠭᠤᠯᠤᠯ ᠨᠢ ᠠᠶᠢᠨᠰᠲ᠋ᠧᠨ ᠤ ᠨᠢᠭᠡ ᠨᠠᠰᠤᠨ ᠤ ᠡᠷᠭᠢᠯᠲᠡ ᠶᠢᠨ ᠴᠡᠭ ᠪᠤᠯᠵᠠᠢ᠃ ᠲᠡᠭᠡᠭᠡᠳ ᠪᠠᠭᠰᠢ ᠳᠤ ᠪᠠᠨ ᠤᠷᠮᠠᠰᠢᠭᠤᠯᠤᠭᠳᠠᠭᠰᠠᠨ ᠠᠶᠢᠨᠰᠲ᠋ᠧᠨ ᠬᠤᠵᠢᠮ ᠨᠢ ᠰᠣᠳᠣᠯᠭᠠᠨ ᠳᠤ ᠪᠠᠨ ᠴᠢᠷᠮᠠᠶᠢᠵᠤ᠂ ᠳᠡᠯᠡᠬᠡᠢ ᠶᠢᠨ ᠠᠪᠤᠷᠭᠤ ᠰᠢᠨᠵᠢᠯᠡᠬᠦ ᠤᠬᠠᠭᠠᠨᠲᠠᠨ ᠪᠣᠯᠵᠤ ᠴᠢᠳᠠᠵᠠᠢ᠃      ᠤᠷᠮᠠᠰᠢᠭᠤᠯᠤᠯ ᠤᠨ ᠨᠥᠯᠥᠭᠡᠨ ᠳᠣᠣᠷ᠎ᠠ ᠠᠮᠵᠢᠯᠲᠠ ᠤᠯᠤᠭᠰᠠᠨ ᠪᠠᠰᠠ ᠨᠢᠭᠡᠨ ᠨᠡᠷᠡᠲᠦ ᠬᠦᠮᠦᠨ ᠪᠤᠯ ᠬᠠᠶᠢᠷᠤᠨ ᠪᠤᠯᠤᠨ᠎ᠠ᠃ ᠬᠠᠶᠢᠷᠤᠨ ᠪᠤᠯ ᠠᠮᠧᠷᠢᠺᠠ ᠶᠢᠨ ᠠᠯᠳᠠᠷᠳᠠᠢ ᠡᠮᠡᠭᠳᠡᠢ ᠵᠤᠬᠢᠶᠠᠯᠴᠢ᠂ ᠰᠤᠷᠭᠠᠨ ᠬᠦᠮᠦᠵᠢᠯᠲᠡᠨ᠂ ᠦᠭᠯᠢᠭᠡᠴᠢ᠂ ᠨᠡᠶᠢᠭᠡᠮ ᠤᠨ ᠠᠵᠢᠯᠯᠠᠭᠠᠨ ᠢ ᠦᠷᠨᠢᠭᠦᠯᠦᠭᠴᠢ ᠪᠣᠯᠣᠨ᠎ᠠ᠃ ᠲᠡᠭᠦᠨ ᠤ ᠨᠢᠭᠡ ᠨᠠᠰᠤ ᠪᠤᠯ ᠨᠢᠭᠡᠨ ᠵᠡᠮᠳᠡᠭ ᠬᠦᠮᠦᠨ ᠤ ᠨᠢᠭᠡ ᠨᠠᠰᠤ ᠪᠤᠯᠤᠨ᠎ᠠ᠂ ᠠᠷᠪᠠ ᠶᠢᠰᠦᠨ ᠰᠠᠷ᠎ᠠ ᠲᠠᠢ ᠳᠤ ᠪᠠᠨ ᠨᠢᠭᠡᠨ ᠤᠳᠠᠭᠠᠨ ᠤ ᠬᠦᠨᠳᠦ ᠡᠪᠡᠳᠴᠢᠨ ᠳᠤ ᠨᠡᠷᠪᠡᠭᠳᠡᠭᠰᠡᠨ ᠠᠴᠠ ᠪᠣᠯᠵᠤ ᠬᠠᠷᠠᠭᠠᠨ ᠰᠡᠷᠡᠯ ᠪᠠ ᠰᠣᠨᠣᠷ ᠤᠨ ᠰᠡᠷᠡᠯ ᠢᠶᠠᠨ ᠠᠯᠳᠠᠵᠠᠢ᠃ ᠪᠠᠰᠠ ᠦᠭᠡ ᠶᠠᠷᠢᠵᠤ ᠲᠡᠶᠢᠯᠬᠦ ᠦᠭᠡᠢ᠂ ᠡᠭᠦᠨ ᠳᠤ ᠲᠡᠭᠦᠨ ᠤ ᠪᠠᠭᠰᠢ ᠪᠣᠯᠬᠤ ᠠᠮᠧᠷᠢᠺᠠ ᠶᠢᠨ ᠵᠡᠮᠳᠡᠭᠴᠦᠳ ᠢ ᠰᠤᠷᠭᠠᠨ ᠬᠦᠮᠦᠵᠢᠬᠦᠯᠦᠭᠴᠢ ᠱᠠᠷᠢᠧᠧᠨ ᠠᠴᠠ ᠲᠡᠭᠦᠨ ᠤ ᠰᠤᠷᠤᠯᠴᠠᠯᠭ᠎ᠠ ᠶᠢ ᠲᠠᠰᠤᠷᠠᠯᠲᠠ ᠦᠭᠡᠢ ᠵᠤᠷᠢᠬᠵᠢᠭᠤᠯᠤᠨ᠂ ᠲᠡᠭᠦᠨ ᠤ ᠤᠯᠤᠭᠰᠠᠨ ᠬᠢᠷᠢ ᠪᠦᠲᠦᠮᠵᠢ ᠶᠢ ᠨᠢ ᠨᠤᠲᠠᠯᠠᠵᠤ ᠤᠷᠮᠠᠰᠢᠭᠤᠯᠤᠭᠰᠠᠨ ᠠᠴᠠ ᠬᠤᠵᠢᠮ ᠨᠢ ᠳᠡᠯᠡᠬᠡᠢ ᠳᠤ ᠠᠯᠳᠠᠷᠲᠠᠢ ᠭᠠᠷᠮᠠᠭᠠᠢ ᠤᠷᠠᠨ ᠵᠤᠬᠢᠶᠠᠯᠴᠢ ᠪᠣᠯᠵᠠᠢ᠃      ᠨᠠᠫᠤᠯᠢᠶᠦ᠋ᠨ· ᠡᠾᠢᠯ ᠤᠨ ᠦᠯᠢᠭᠡᠷ ᠪᠢᠳᠡᠨ ᠳᠤ ᠤᠯᠠᠨ ᠶᠠᠭᠤᠮ᠎ᠠ ᠶᠢ ᠶᠠᠷᠢᠵᠤ ᠦᠭᠭᠦᠭᠰᠡᠨ ᠪᠢᠯᠡ᠃ ᠲᠡᠷᠡ ︽ᠪᠢ ᠪᠠᠭ᠎ᠠ ᠳᠤ ᠪᠠᠨ ᠠᠳᠠ ᠦᠵᠡᠭᠳᠡᠵᠦ ᠪᠠᠶᠢᠪᠠ︾ ᠭᠡᠵᠡᠢ᠃ ᠠᠪᠤ ᠨᠢ ᠲᠡᠭᠦᠨ ᠢ ᠬᠤᠶᠢᠳᠤ ᠡᠬᠡ ᠳᠤ ᠨᠢ ︽ᠡᠨᠡ ᠪᠤᠯ ᠨᠠᠫᠤᠯᠢᠶᠦ᠋ᠨ· ᠡᠾᠢᠯ᠃ ᠠᠬ᠎ᠠ ᠲᠡᠭᠦᠤ ᠶᠢᠨ ᠢᠶᠠᠨ ᠳᠤᠮᠳᠠᠬᠢ ᠬᠠᠮᠤᠭ ᠤᠨ ᠪᠦᠳᠦᠯ ᠦᠭᠡᠢ ᠨᠢᠭᠡ ᠨᠢ︾ ᠭᠡᠰᠡᠨ ᠳᠤ᠂ ᠬᠤᠶᠢᠳᠤ ᠡᠬᠡ ᠨᠢ ︽ᠡᠨᠡ ᠬᠡᠤᠬᠡᠳ ᠪᠦᠳᠦᠯ ᠦᠭᠡᠢ ᠭᠡᠵᠤ ᠤᠤ︖ ᠶᠠᠭᠠᠬᠢᠭᠰᠠᠨ ᠴᠤ ᠲᠡᠶᠢᠮᠤ ᠪᠢᠰᠢ᠂ ᠲᠡᠷᠡ ᠪᠤᠯ ᠶᠠᠭ ᠰᠠᠶᠢᠬᠠᠨ ᠡᠳᠡᠭᠡᠷ ᠬᠡᠤᠬᠡᠳ ᠤᠨ ᠳᠤᠮᠳᠠᠬᠢ ᠬᠠᠮᠤᠭ ᠤᠨ ᠰᠡᠴᠡᠨ ᠰᠡᠷᠭᠦᠯᠡᠩ ᠨᠢ ᠪᠤᠯᠤᠨ᠎ᠠ᠃ ᠮᠠᠨ ᠤ ᠬᠢᠪᠡᠰᠤ ᠵᠤᠬᠢᠬᠤ ᠵᠦᠢᠯᠡᠰ ᠪᠤᠯ ᠲᠡᠭᠦᠨ ᠤ ᠰᠡᠴᠡᠨ ᠰᠡᠷᠭᠦᠯᠡᠩ ᠵᠠᠩ ᠴᠢᠨᠠᠷ ᠢ ᠤᠯᠠᠮ ᠪᠠᠳᠠᠷᠠᠭᠤᠯᠬᠤ ᠳᠤ ᠪᠠᠶᠢᠨ᠎ᠠ︾ ᠭᠡᠪᠡ᠃ ᠬᠤᠶᠢᠳᠤ ᠡᠬᠡ ᠨᠢ ᠲᠡᠭᠦᠨ ᠢ ᠦᠪᠡᠷ ᠤᠨ ᠬᠦᠴᠦᠨ ᠳᠤ ᠪᠠᠨ ᠲᠦᠰᠢᠭᠯᠡᠵᠤ᠂ ᠵᠣᠷᠢᠭᠳᠠᠢ ᠪᠠᠷ ᠲᠦᠯᠦᠪᠯᠡᠭᠡ ᠲᠤᠭᠳᠠᠭᠠᠵᠤ᠂ ᠭᠤᠶᠢᠪᠢᠰᠢ ᠦᠭᠡᠢ ᠤᠷᠤᠭᠰᠢᠯᠠᠬᠤ ᠶᠢ ᠨᠢ ᠵᠤᠷᠢᠬᠵᠢᠭᠤᠯᠳᠠᠭ᠂ ᠡᠨᠡ ᠲᠦᠯᠦᠪᠯᠡᠭᠡ ᠨᠢ ᠲᠡᠭᠦᠨ ᠤ ᠬᠤᠵᠢᠮ ᠤᠨ ᠦᠢᠯᠡᠰ ᠤᠨ ᠲᠤᠯᠭᠠᠭᠤᠷᠢ ᠨᠢ ᠪᠤᠯᠵᠠᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠲᠡᠷᠡ ᠲᠡᠮᠳᠡᠭᠯᠡᠵᠡᠢ᠃ ᠡᠨᠡ ᠮᠡᠲᠦ ᠶᠢᠨ ᠤᠷᠮᠠᠰᠢᠭᠤᠯᠤᠯ ᠤᠨ ᠨᠥᠯᠥᠭᠡᠨ ᠳᠣᠣᠷ᠎ᠠ ᠠᠮᠵᠢᠯᠲᠠ ᠳᠤ ᠬᠦᠷᠦᠭᠰᠡᠨ ᠵᠢᠱᠢᠶ᠎ᠡ ᠮᠣᠩ ᠦᠭᠡᠢ ᠤᠯᠠᠨ ᠪᠤᠢ᠃      ᠬᠤᠶᠠᠷ᠂ ᠮᠣᠩᠭᠤᠯᠴᠤᠳ ᠬᠡᠤᠬᠡᠳ ᠢᠶᠠᠨ ᠬᠡᠷᠬᠢᠨ ᠤᠷᠮᠠᠰᠢᠭᠤᠯᠤᠨ ᠵᠤᠷᠢᠬᠵᠢᠭᠤᠯᠳᠠᠭ ᠪᠠᠶᠢᠭᠰᠠᠨ ᠪᠤᠢ      ᠮᠣᠩᠭᠤᠯᠴᠤᠳ ᠤᠨ ᠭᠡᠷ ᠤᠨ ᠰᠤᠷᠭᠠᠯ ᠳᠤ ᠤᠷᠮᠠᠰᠢᠭᠤᠯᠤᠯ ᠵᠤᠷᠢᠬᠵᠢᠭᠤᠯᠤᠯ ᠢ ᠲᠦᠢᠯ ᠢᠶᠠᠷ ᠴᠢᠬᠤᠯᠠᠴᠢᠯᠠᠨ ᠦᠵᠡᠳᠡᠭ᠃ ᠲᠡᠭᠡᠬᠦ ᠪᠠᠷ ᠢᠶᠠᠨ ᠶᠡᠷᠦ ᠨᠢ ︽ᠤᠷᠮ᠎ᠠ ᠶᠢ ᠨᠢ ᠬᠤᠭᠤᠯᠬᠤ ᠪᠠᠷ ᠤᠭᠤᠴᠠ ᠶᠢ ᠨᠢ ᠬᠤᠭᠤᠯ︾ ᠭᠡᠵᠦ ᠬᠡᠤᠬᠡᠳ ᠪᠠᠭᠠᠴᠤᠳ ᠤᠨ ᠤᠷᠮ᠎ᠠ ᠶᠢ ᠬᠤᠭᠤᠯᠬᠤ ᠶᠢ ᠶᠡᠭᠡ ᠴᠡᠭᠡᠷᠯᠡᠳᠡᠭ ᠶᠤᠮ᠃ ᠬᠠᠷᠢᠨ ᠡᠰᠡᠷᠭᠦ ᠪᠠᠷ ᠦᠷ᠎ᠡ ᠬᠡᠤᠬᠡᠳ ᠢᠶᠠᠨ ᠪᠤᠶᠤ ᠠᠶᠢᠯ ᠠᠶᠢᠮᠠᠭ ᠤᠨ ᠪᠠᠭᠠᠴᠤᠳ ᠵᠠᠯᠠᠭᠤᠴᠤᠳ ᠢ ᠨᠢᠯᠬ᠎ᠠ ᠪᠠᠭ᠎ᠠ ᠠᠴᠠ ᠨᠢ᠂ ᠬᠥᠯ ᠳᠤ ᠣᠷᠣᠵᠣ ᠲᠡᠨᠳᠡᠷ ᠮᠡᠨᠳᠡᠷ ᠠᠯᠬᠤᠵᠤ ᠡᠬᠢᠯᠡᠬᠦ ᠠᠴᠠ ᠨᠢ ᠠᠪᠤᠭᠠᠳ ᠠᠪᠤ ᠶᠢᠨ ᠬᠦᠤ ᠡᠷ᠎ᠡ ᠪᠤᠯᠵᠠᠢ ᠭᠡᠵᠦ ᠵᠤᠷᠢᠬᠵᠢᠭᠤᠯᠤᠨ ᠤᠷᠮᠠᠰᠢᠭᠤᠯᠳᠠᠭ᠃ ᠵᠢᠷᠭᠤᠭ᠎ᠠ ᠳᠣᠯᠣᠭᠠᠨ ᠨᠠᠰᠤ ᠬᠦᠷᠦᠭᠡᠳ ᠠᠪᠤ ᠪᠠᠨ ᠲᠠᠭᠠᠵᠤ ᠠᠭᠲᠠ ᠬᠦᠯᠦᠭ ᠤᠨ ᠨᠢᠷᠤᠭᠤᠨ ᠳᠤ ᠮᠤᠷᠳᠠᠬᠤ ᠦᠶ᠎ᠡ ᠳᠤ ᠮᠤᠷᠢᠨ ᠠᠴᠠ ᠪᠠᠨ ᠬᠠᠶᠠᠭᠳᠠᠬᠤ ᠦᠭᠡᠢ ᠤᠴᠢᠷ ᠭᠡᠵᠦ ᠬᠠᠮᠢᠭ᠎ᠠ ᠪᠠᠶᠢᠬᠤᠪ᠂ ᠮᠤᠷᠢᠨ ᠳᠤ ᠪᠠᠨ ᠬᠠᠶᠠᠭᠳᠠᠭᠠᠳ ᠤᠷᠮ᠎ᠠ ᠬᠤᠭᠤᠷᠠᠵᠤ ᠵᠣᠷᠢᠭ ᠬᠠᠷᠢᠵᠤ ᠢᠷᠡᠬᠦ ᠳᠤ ᠨᠢ ︽ᠮᠣᠩᠭᠤᠯ ᠬᠦᠮᠦᠨ ᠮᠣᠷᠢᠨ ᠨᠢᠷᠤᠭᠤᠨ ᠳᠡᠭᠡᠷ᠎ᠡ ᠶᠡᠭᠡ ᠦᠢᠯᠡᠰ ᠪᠦᠲᠦᠭᠡᠭᠰᠡᠨ ᠶᠤᠮ᠂ ᠠᠪᠤ ᠶᠢᠨ ᠬᠦᠤ ᠴᠤ ᠬᠤᠵᠢᠮ ᠶᠡᠭᠡ ᠶᠢ ᠪᠦᠳᠦᠭᠡᠬᠦ ᠬᠦᠮᠦᠨ ᠪᠣᠯᠣᠨ᠎ᠠ︾ ᠭᠡᠵᠦ ᠤᠷᠮᠠᠰᠢᠭᠤᠯᠤᠨ ᠮᠤᠷᠢᠨ ᠨᠢᠷᠤᠭᠤᠨ ᠳᠡᠭᠡᠷ᠎ᠡ ᠨᠢ ᠲᠠᠬᠢᠨ ᠮᠣᠷᠳᠠᠭᠤᠯᠳᠠᠭ᠃ ᠠᠷᠪᠠᠨ ᠭᠤᠷᠪᠠ ᠳᠥᠷᠪᠡ ᠬᠦᠷᠦᠭᠡᠳ ᠠᠶᠢᠯ ᠤᠨ ᠠᠪᠠᠭ᠎ᠠ ᠶᠢᠨ ᠨᠠᠶᠢᠷ ᠲᠠᠮᠵᠢᠨ ᠵᠤᠳᠤᠭᠯᠠᠵᠤ ᠬᠠᠯᠠᠭᠤᠨ ᠬᠤᠰᠢᠭᠤᠳᠤ ᠪᠠᠷ ᠱᠠᠩᠨᠠᠭᠤᠯᠵᠤ᠂ ᠠᠮᠵᠢᠯᠲᠠ ᠳᠦᠭᠦᠷᠡᠩ ᠬᠠᠷᠢᠵᠤ ᠢᠷᠡᠬᠦ ᠶᠢ ᠪᠠᠭ᠋ᠠᠷᠬᠠᠨ ᠠᠭᠠᠵᠢᠮ ᠢᠶᠠᠷ ᠲᠣᠮᠣᠴᠣᠣᠯ ᠤᠨ ᠪᠥᠬᠡᠨ ᠳᠤ ᠵᠤᠳᠤᠭᠯᠠᠵᠤ᠂ ᠨᠠᠶᠢᠷ ᠤᠨ ᠱᠠᠩ ᠤᠨ ᠲᠤᠭᠤᠰᠤ ᠶᠢ ᠨᠢ ᠴᠤ ᠦᠨᠦᠷᠯᠡᠵᠤ ᠲᠡᠶᠢᠯᠦᠭᠰᠡᠨ ᠦᠭᠡᠢ ᠳᠠᠩ ᠤᠨ ᠨᠤᠭᠤᠯᠠᠭ᠎ᠠ ᠲᠡᠭᠡᠷ᠎ᠡ ᠪᠠᠨ ᠰᠢᠷᠦ᠋ᠢᠳᠠᠭᠠᠳ᠂ ᠲᠤᠯᠤᠭᠠᠢ ᠭᠠᠨᠵᠤᠭᠯᠠᠵᠤ ᠢᠷᠡᠬᠦ ᠳᠤ ᠠᠪᠤ ᠡᠵᠢ ᠨᠢ ᠴᠠᠭᠠᠨ ᠢᠳᠡᠭᠡᠨ ᠢᠶᠠᠷ ᠡᠩᠭᠡᠷ ᠢ ᠨᠢ ᠮᠢᠯᠢᠶᠠᠵᠤ᠂ ᠬᠤᠲᠠᠨ ᠤ ᠬᠤᠨᠢ ᠠᠴᠠ ᠪᠠᠨ ᠵᠢᠭᠠᠵᠤ ᠬᠦᠤ ᠪᠠᠨ ᠱᠠᠩᠨᠠᠨ ᠤᠷᠮᠠᠰᠢᠭᠤᠯᠵᠤ᠂ ︽ᠣᠶᠢᠴᠢᠵᠤ ᠪᠠᠶᠢᠵᠤ ᠪᠥᠬᠡ ᠪᠣᠯᠳᠠᠭ᠂ ᠰᠠᠶᠢᠨ ᠪᠥᠬᠡ ᠪᠣᠯᠣᠶ᠎ᠠ ᠭᠡᠪᠡᠯ ᠮᠢᠩᠭ᠎ᠠ ᠤᠳᠠᠭ᠎ᠠ ᠣᠶᠢᠴᠢᠬᠤ ᠬᠡᠷᠡᠭᠳᠡᠢ ᠶᠤᠮ︾ ᠭᠡᠵᠤ ᠰᠤᠷᠭᠠᠳᠠᠭ᠃ ᠤᠨᠠᠵᠤ ᠪᠤᠰᠳᠠᠭ᠂ ᠴᠢᠷᠮᠠᠶᠢᠵᠤ ᠪᠠᠶᠢᠵᠤ᠂ ᠢᠯᠠᠭᠳᠠᠵᠤ ᠪᠠᠶᠢᠵᠤ ᠠᠮᠵᠢᠯᠲᠠ ᠳᠤ ᠬᠦᠷᠳᠡᠭ ᠠᠮᠢᠳᠤᠷᠠᠯ ᠤᠨ ᠠᠯᠢᠪᠠ ᠭᠦᠨ ᠤᠬᠠᠭᠠᠨ ᠢ ᠪᠡᠶᠡᠨ ᠳᠤ ᠪᠠᠨ ᠰᠢᠩᠭᠡᠭᠡᠭᠰᠡᠨ ᠮᠣᠩᠭᠤᠯ ᠪᠥᠬᠡ ᠶᠢᠨ ᠤᠬᠠᠭᠠᠨ ᠭᠡᠭᠴᠢ ᠡᠶᠢᠮᠤ ᠯᠠ ᠠᠭᠤᠤ ᠶᠡᠭᠡ ᠰᠣᠶᠣᠯ ᠪᠠᠶᠢᠵᠠᠢ᠃ ᠰᠤᠤᠳᠤ ᠶᠡᠭᠡ ᠡᠪᠦᠭᠡ ᠲᠡᠭᠡᠳᠦᠰ ᠤᠨ ᠮᠠᠨᠢ ᠠᠮᠢᠳᠤᠷᠠᠬᠤᠢ ᠶᠢᠨ ᠭᠦᠨ ᠤᠬᠠᠭᠠᠨ ᠭᠡᠵᠦ ᠡᠨᠡ ᠳ᠋ᠠ᠃ ᠲᠡᠭᠡᠷᠡᠬᠢ ᠮᠡᠲᠤ ᠶᠢᠨ ᠵᠤᠷᠢᠬᠵᠢᠭᠤᠯᠤᠯ ᠤᠨ ᠵᠢᠱᠢᠶ᠎ᠡ ᠪᠢᠳᠠᠨ ᠤ ᠳᠤᠮᠳᠠ ᠮᠠᠰᠢ ᠤᠯᠠᠨ ᠪᠤᠢ᠃      ᠮᠣᠩᠭᠤᠯᠴᠤᠳ ᠤᠨ ᠴᠠᠳᠢᠭ ᠲᠡᠤᠬᠡᠨ ᠳᠤ ᠪᠠᠰᠠ ᠬᠡᠤᠬᠡᠳ ᠪᠠᠭᠠᠴᠤᠳ ᠢᠶᠠᠨ ᠤᠷᠮᠠᠰᠢᠭᠤᠯᠤᠨ ᠰᠤᠷᠭᠠᠵᠤ ᠶᠡᠭᠡ ᠠᠮᠵᠢᠯᠲᠠ ᠳᠤ ᠬᠦᠷᠬᠦ ᠳᠤ ᠨᠢ ᠯᠤᠲᠤ ᠶᠡᠭᠡ ᠦᠢᠯᠡᠳᠦᠯ ᠦᠵᠡᠭᠦᠯᠦᠭᠰᠡᠨ ᠲᠡᠤᠬᠡᠨ ᠪᠤᠳᠠᠳᠤ ᠵᠢᠱᠢᠶ᠎ᠡ ᠴᠤ ᠮᠣᠩ ᠦᠭᠡᠢ ᠤᠯᠠᠨ ᠪᠠᠶᠢᠳᠠᠭ᠃ ᠲᠡᠭᠦᠨ ᠤ ᠲᠤᠲᠤᠷᠠᠬᠢ ᠨᠢᠭᠡ ᠪᠤᠳᠠᠳᠤ ᠵᠢᠱᠢᠶ᠎ᠡ ᠪᠤᠯ ᠦᠭᠡᠯᠦᠨ ᠡᠬᠡ ᠪᠠᠷ ᠲᠡᠮᠦᠵᠢᠨ ᠢ ᠤᠷᠮᠠᠰᠢᠭᠤᠯᠤᠭᠰᠠᠨ ᠨᠢᠭᠡᠨ ᠦᠢᠯᠡ ᠶᠠᠪᠤᠳᠠᠯ ᠪᠤᠯᠬᠤ ᠶᠤᠮ᠃ ᠶᠢᠰᠦᠬᠡᠢ ᠪᠠᠭᠠᠳᠤᠷ ᠲᠠᠲ᠋ᠠᠷ ᠲᠤ ᠬᠤᠣᠷᠯᠠᠭᠳᠠᠨ ᠨᠠᠰᠤ ᠪᠠᠷᠠᠭᠰᠠᠨ ᠤ ᠳᠠᠷᠠᠭ᠎ᠠ ᠲᠠᠷᠭᠤᠳᠠᠢ ᠬᠢᠷᠢᠯᠳᠤᠭ ᠲᠡᠮᠦᠵᠢᠨ ᠤ ᠨᠢᠭᠡ ᠭᠡᠷ ᠤᠨ ᠬᠥᠭᠰᠢᠨ ᠵᠠᠯᠠᠭᠤ ᠶᠢᠰᠦᠨ ᠬᠦᠮᠦᠨ ᠢ ᠪᠠᠭᠤᠴᠠᠨ ᠳᠤ ᠨᠢ ᠤᠷᠬᠢᠵᠤ᠂ ᠠᠶᠢᠮᠠᠭ ᠤᠭᠰᠠᠭᠠᠨ ᠤ ᠬᠦᠮᠦᠰ ᠢ ᠲᠠᠭᠠᠭᠤᠯᠵᠤ ᠶᠠᠪᠤᠭᠰᠠᠨ ᠤ ᠳᠠᠷᠠᠭ᠎ᠠ᠂ ᠮᠠᠯ ᠤᠨᠤᠭ᠎ᠠ ᠡᠳ᠋ ᠬᠤᠭᠰᠢᠯ ᠢᠶᠠᠨ ᠠᠯᠳᠠᠭᠰᠠᠨ ᠲᠡᠮᠦᠵᠢᠨ ᠤ ᠨᠢᠭᠡ ᠭᠡᠷ ᠤᠨ ᠬᠦᠮᠦᠰ ᠤᠨ ᠠᠮᠢᠳᠤᠷᠠᠯ ᠲᠦᠢᠯ ᠤᠨ ᠬᠦᠴᠢᠷ ᠪᠡᠷᠬᠡᠰᠢᠶᠡᠯ ᠲᠠᠢ ᠪᠤᠯᠤᠭᠰᠠᠨ ᠪᠠᠶᠢᠯ᠎ᠠ᠃ ᠡᠨᠡ ᠦᠶ᠎ᠡ ᠳᠤ ᠦᠭᠡᠯᠦᠨ ᠡᠬᠡ ᠲᠡᠮᠦᠵᠢᠨ ᠳᠤ ︽ᠲᠡᠮᠦᠵᠢᠨ᠂ ᠴᠢ ᠪᠤᠯ ᠡᠨᠡ ᠭᠡᠷ ᠤᠨ ᠬᠠᠮᠤᠭ ᠤᠨ ᠶᠡᠭᠡ ᠡᠷᠡᠭᠳᠡᠢ ᠬᠦᠮᠦᠨ᠂ ᠡᠭᠦᠨ ᠠᠴᠠ ᠬᠤᠵᠢᠮ ᠡᠨᠡ ᠭᠡᠷ ᠢ ᠴᠢ ᠤᠳᠤᠷᠢᠳᠬᠤ ᠬᠡᠷᠡᠭᠳᠡᠢ︾᠂ ︽ᠦᠪᠡᠷ ᠤᠨ ᠪᠤᠳᠤᠭᠰᠠᠨ ᠢᠶᠠᠷ ᠢᠶᠠᠨ ᠵᠣᠷᠢᠭ ᠲᠠᠢ ᠶᠠᠪᠤ︾ ᠭᠡᠵᠦ ᠶᠢᠰᠦᠨ ᠨᠠᠰᠤ ᠲᠠᠢ ᠲᠡᠮᠦᠵᠢᠨ ᠳᠤ ᠡᠨᠡ ᠭᠦ ᠭᠡᠷ ᠪᠦᠯᠢ ᠶᠢ ᠬᠠᠮᠢᠶᠠᠷᠬᠤ᠂ ᠵᠤᠬᠢᠶᠠᠨ ᠪᠠᠶᠢᠭᠤᠯᠬᠤ ᠡᠷᠬᠡ ᠡᠭᠦᠷᠭᠡ ᠬᠠᠷᠢᠭᠤᠴᠠᠯᠭ᠎ᠠ ᠶᠢ ᠲᠤᠰᠢᠶᠠᠵᠤ᠂ ᠠᠪᠤ ᠶᠢᠨ ᠬᠦᠤ ᠡᠷ᠎ᠡ ᠪᠤᠯᠵᠠᠢ ᠭᠡᠳᠡᠭ ᠢ ᠲᠠᠨᠢᠭᠤᠯᠵᠤ ᠮᠡᠳᠡᠭᠦᠯᠵᠠᠢ᠃ ᠶᠠᠭ ᠡᠨᠡ ᠭᠦ ᠤᠴᠢᠷ ᠨᠢ ᠨᠢᠯᠬ᠎ᠠ ᠪᠠᠭ᠎ᠠ ᠲᠡᠮᠦᠵᠢᠨ ᠳᠤ ᠮᠠᠰᠢ ᠶᠡᠭᠡ ᠤᠷᠮᠠᠰᠢᠭᠤᠯᠤᠯ ᠵᠤᠷᠢᠬᠵᠢᠭᠤᠯᠤᠯ ᠪᠤᠯᠵᠤ᠂ ᠲᠡᠭᠦᠨ ᠢ ᠠᠯᠤᠰ ᠢᠷᠡᠭᠡᠳᠦᠢ ᠳᠤ ᠪᠦᠮᠪᠦᠷᠴᠡᠭ ᠤᠨ ᠬᠠᠭᠠᠰ ᠢ ᠲᠦᠪᠰᠢᠳᠬᠡᠨ ᠤᠳᠤᠷᠢᠳᠬᠤ ᠠᠭᠤᠤ ᠶᠡᠭᠡ ᠤᠳᠤᠷᠢᠳᠤᠭᠴᠢ ᠪᠤᠯᠬᠤ ᠠᠩᠬᠠᠨ ᠤ ᠠᠯᠬᠤᠮ ᠨᠢ ᠪᠤᠯᠤᠭᠰᠠᠨ ᠪᠠᠶᠢᠨ᠎ᠠ᠃      ᠭᠤᠷᠪᠠ᠂ ᠠᠩᠭᠢ ᠶᠢᠨ ᠡᠷᠬᠢᠯᠡᠭᠴᠢ ᠶᠢᠨ ᠠᠵᠢᠯ ᠳᠤ ᠤᠷᠮᠠᠰᠢᠭᠤᠯᠤᠯ ᠤᠨ ᠰᠤᠷᠭᠠᠨ ᠬᠦᠮᠦᠵᠢᠯ ᠢ ᠬᠡᠷᠬᠢᠨ ᠠᠮᠢᠳᠤᠯᠢᠭ ᠬᠡᠷᠡᠭᠯᠡᠬᠦ ᠪᠤᠢ      ᠮᠢᠨᠤ ᠦᠵᠡᠬᠦ ᠪᠠᠷ ᠤᠷᠮᠠᠰᠢᠭᠤᠯᠤᠨ ᠵᠤᠷᠢᠬᠵᠢᠭᠤᠯᠬᠤ ᠪᠤᠯ ᠰᠤᠷᠭᠠᠨ ᠬᠦᠮᠦᠵᠢᠯ ᠠᠮᠵᠢᠯᠲᠠ ᠣᠯᠬᠤ ᠡᠰᠡᠬᠦ ᠶᠢᠨ ᠴᠢᠬᠤᠯᠠ ᠨᠢᠭᠡᠨ ᠭᠤᠭᠴᠤᠭ᠎ᠠ ᠪᠤᠯᠬᠤ ᠶᠤᠮ᠂ ᠰᠤᠷᠤᠭᠴᠢᠳ ︽ᠴᠢ ᠪᠦᠳᠦᠬᠦ ᠦᠭᠡᠢ ᠪᠠᠶᠢᠨ᠎ᠠ᠂ ᠪᠣᠯᠬᠤ ᠦᠭᠡᠢ ᠪᠠᠶᠢᠨ᠎ᠠ︾ ᠭᠡᠵᠤ ᠪᠠᠶᠢᠩᠭᠤ ᠵᠠᠩᠨᠠᠵᠤ ᠠᠭᠤᠷᠯᠠᠬᠤ ᠶᠢᠨ ᠣᠷᠣᠨ ᠳᠤ ︽ᠴᠢ ᠪᠦᠳᠦᠵᠦ ᠪᠠᠶᠢᠨ᠎ᠠ᠂ ᠪᠤᠯᠵᠤ ᠪᠠᠶᠢᠨ᠎ᠠ︾ ᠭᠡᠵᠦ ᠤᠷᠮᠠᠰᠢᠭᠤᠯᠤᠨ ᠵᠤᠷᠢᠬᠵᠢᠭᠤᠯᠵᠤ᠂ ᠰᠤᠷᠤᠭᠴᠢᠳ ᠤᠨ ᠳᠠᠯᠳᠠ ᠤᠬᠠᠮᠰᠠᠷ ᠢ ᠰᠡᠷᠢᠭᠡᠵᠤ᠂ ᠦᠪᠡᠰᠤᠪᠠᠨ ᠰᠤᠷᠤᠯᠴᠠᠬᠤ ᠢᠳᠡᠪᠬᠢᠵᠢᠯ ᠢ ᠨᠢ ᠳᠠᠶᠢᠴᠢᠯᠠᠬᠤ ᠨᠢ ᠬᠠᠷᠢᠨ ᠴᠢᠬᠤᠯᠠ ᠠᠴᠠ ᠴᠢᠬᠤᠯᠠ ᠭᠡᠵᠦ ᠪᠤᠳᠤᠭᠳᠠᠵᠤ ᠪᠠᠶᠢᠨ᠎ᠠ᠃ ᠪᠢᠳᠡ ᠡᠷᠬᠡᠪᠰᠢ ᠰᠤᠷᠭᠠᠨ ᠬᠦᠮᠦᠵᠢᠯ ᠤᠨ ᠳᠤᠮᠳᠠ ᠬᠡᠤᠬᠡᠳ ᠰᠤᠷᠤᠭᠴᠢᠳ ᠲᠤ ᠪᠠᠨ ᠤᠷᠮᠠᠰᠢᠭᠤᠯᠤᠯ ᠤᠨ ᠠᠷᠭ᠎ᠠ ᠶᠢ ᠪᠠᠶᠢᠩᠭᠤ ᠬᠡᠷᠡᠭᠯᠡᠵᠤ᠂ ᠤᠷᠮ᠎ᠠ ᠵᠣᠷᠢᠭ ᠢ ᠨᠢ ᠲᠠᠰᠤᠷᠠᠯᠲᠠ ᠦᠭᠡᠢ ᠬᠦᠪᠴᠢᠯᠡᠨ ᠦᠭᠴᠦ᠂ ᠰᠤᠷᠤᠭᠴᠢᠳ ᠤᠨ ᠳᠠᠯᠳᠠ ᠬᠦᠴᠦᠨ ᠢ ᠨᠡᠭᠡᠭᠡᠬᠦ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠳᠡᠢ ᠪᠤᠯᠤᠭᠠᠳ ᠪᠠᠶᠢᠨ᠎ᠠ᠃ ᠰᠤᠷᠤᠯᠴᠠᠯᠭ᠎ᠠ ᠳᠤ ᠰᠤᠷᠤᠭᠴᠢᠳ ᠤᠨ ᠳᠠᠯᠳᠠ ᠬᠦᠴᠦᠨ ᠴᠢᠳᠠᠯ ᠢ ᠨᠡᠭᠡᠭᠡᠬᠦ ᠪᠤᠯ ᠲᠦᠢᠯ ᠤᠨ ᠴᠢᠬᠤᠯᠠ ᠠᠰᠠᠭᠤᠳᠠᠯ ᠮᠦᠨ᠂ ᠰᠤᠷᠤᠭᠴᠢᠳ ᠤᠨ ᠳᠠᠯᠳᠠ ᠬᠦᠴᠦᠨ ᠢ ᠨᠡᠭᠡᠭᠡᠬᠦ ᠳᠤ ᠤᠷᠮᠠᠰᠢᠭᠤᠯᠤᠯ ᠤᠨ ᠠᠷᠭ᠎ᠠ ᠪᠤᠯ ᠡᠷᠳᠡᠨᠢ ᠶᠢᠨ ᠲᠦᠯᠬᠢᠭᠦᠷ ᠨᠢ ᠪᠠᠶᠢᠬᠤ ᠶᠤᠰᠤᠳᠠᠢ᠃ ᠲᠡᠭᠡᠪᠡᠯ ᠠᠩᠭᠢ ᠶᠢᠨ ᠡᠷᠬᠢᠯᠡᠭᠴᠢ ᠪᠤᠯᠤᠭᠰᠠᠳ ᠤᠷᠮᠠᠰᠢᠭᠤᠯᠤᠯ  ᠤᠨ ᠠᠷᠭ᠎ᠠ ᠶᠢ ᠬᠡᠷᠬᠢᠨ ᠵᠦᠪ ᠢᠶᠠᠷ᠂ ᠨᠡᠩ ᠢᠯᠡᠭᠦᠤ ᠦᠷ᠎ᠡ ᠪᠦᠲᠦᠮᠵᠢ ᠲᠠᠢ ᠪᠠᠷ ᠬᠡᠷᠡᠭᠯᠡᠬᠦ ᠪᠤᠢ︖      1. ᠵᠦᠢᠷ ᠦᠭᠡ ᠪᠠᠷ ᠤᠷᠮᠠᠰᠢᠭᠤᠯᠤᠨ ᠵᠤᠷᠢᠬᠵᠢᠭᠤᠯᠬᠤ      ᠪᠢᠳᠠ ︽ᠠᠮᠠᠨ ᠤ ᠪᠡᠯᠭᠡ ᠠᠴᠠ ᠠᠰᠢᠳᠠ ᠶᠢᠨ ᠪᠡᠯᠭᠡ︾ ᠭᠡᠵᠦ ᠦᠷ᠎ᠡ ᠬᠡᠤᠬᠡᠳ ᠲᠤ ᠪᠠᠨ ᠪᠤᠶᠤ ᠪᠤᠰᠤᠳ ᠶᠠᠮᠠᠷ ᠴᠤ ᠬᠦᠮᠦᠨ ᠳᠤ ᠰᠠᠶᠢᠨ ᠰᠠᠶᠢᠬᠠᠨ ᠪᠡᠯᠭᠡ ᠳᠡᠮᠪᠡᠷᠡᠯ ᠲᠠᠢ ᠦᠭᠡ ᠬᠡᠯᠡᠵᠤ ᠰᠠᠶᠢᠨ ᠤ ᠢᠷᠦᠭᠡᠯ ᠲᠠᠯᠪᠢᠬᠤ ᠶᠢ ᠢᠯᠡᠭᠦᠤ ᠬᠢᠴᠢᠶᠡᠳᠡᠭ᠃ ᠰᠢᠯᠭᠠᠯᠲᠠ ᠶᠢᠨ ᠬᠢᠷᠢ ᠪᠦᠳᠦᠮᠵᠢ ᠨᠢ ᠰᠠᠨᠠᠭᠠᠨ ᠳᠤ ᠨᠢ ᠬᠦᠷᠦᠭᠰᠡᠨ ᠦᠭᠡᠢ ᠪᠤᠶᠤ ᠠᠨᠠᠢ ᠰᠢᠯᠭᠠᠭᠤᠯᠤᠭᠰᠠᠨ ᠪᠠᠶᠢᠪᠠᠯ ︽ᠡᠷ᠎ᠡ ᠬᠦᠮᠦᠨ ᠳᠣᠯᠤᠭ᠎ᠠ ᠪᠦᠳᠦᠷᠢᠵᠦ ᠨᠠᠢᠮᠠ ᠰᠡᠬᠡᠳᠡᠭ︾ ᠭᠡᠵᠦ ᠢᠳᠬᠠᠨ ︽ᠰᠠᠨᠠᠵᠤ ᠯᠠ ᠪᠠᠶᠢᠪᠠᠯ ᠪᠦᠳᠦᠨ᠎ᠡ᠂ ᠰᠠᠵᠢᠯᠠᠵᠤ ᠯᠠ ᠪᠠᠶᠢᠪᠠᠯ ᠬᠦᠷᠦᠨ᠎ᠡ︾᠂ ︽ᠵᠢᠷᠭᠠᠬᠤ ᠴᠠᠭ ᠲᠤ ᠰᠡᠷᠡᠮᠵᠢ ᠬᠡᠷᠡᠭᠳᠡᠢ᠂ ᠵᠣᠪᠠᠭ᠋ᠤ ᠴᠠᠭ ᠲᠤ ᠬᠠᠳᠠᠭᠤᠵᠢᠯ ᠬᠡᠷᠡᠭᠳᠡᠢ︾᠂ ︽ᠣᠷᠬᠢᠯ ᠳᠤᠷ ᠭᠠᠷᠬᠤ ᠤᠮᠤᠭ ᠵᠣᠷᠢᠭ ᠪᠠᠶᠢᠪᠠᠰᠤ ᠣᠷᠴᠢᠯᠠᠩ ᠳᠡᠯᠡᠬᠡᠢ ᠳᠤᠷ ᠪᠡᠷᠬᠡ ᠶᠠᠪᠤᠳᠠᠯ ᠠᠯᠠᠭ᠎ᠠ᠂ ᠦᠷᠭᠦᠯᠵᠢᠯᠡᠨ ᠴᠢᠷᠮᠠᠢ︾ ᠬᠡᠮᠡᠨ ᠤᠷᠮᠠᠰᠢᠭᠤᠯᠤᠨ ᠵᠤᠷᠢᠬᠵᠢᠭᠤᠯᠵᠤ᠂ ᠢᠯᠠᠭᠳᠠᠯ ᠳᠤ ᠨᠤᠭᠤᠷᠠᠵᠤ ᠪᠤᠯᠬᠤ ᠦᠭᠡᠢ᠂ ᠶᠠᠮᠠᠷᠪᠠ ᠠᠵᠢᠯ ᠦᠢᠯᠡᠰ ᠤᠨ ᠵᠠᠮ ᠳᠤ ᠪᠦᠷ ᠨᠤᠭᠤᠷᠠᠯ ᠪᠦᠳᠦᠷᠢᠯ ᠤᠷᠤᠰᠢᠵᠤ ᠪᠠᠶᠢᠳᠠᠭ᠂ ᠡᠷᠬᠡᠪᠰᠢ ᠴᠢᠩᠭ᠎ᠠ ᠬᠠᠲᠠᠭᠤ ᠵᠣᠷᠢᠭ ᠢᠶᠠᠷ ᠰᠢᠨᠳᠠᠷᠠᠰᠢ ᠦᠭᠡᠢ ᠬᠦᠴᠦᠯᠡᠨ ᠴᠢᠷᠮᠠᠶᠢᠵᠤ ᠯᠠ ᠪᠠᠶᠢᠪᠠᠯ ᠡᠴᠦᠰ ᠲᠤ ᠪᠠᠨ ᠠᠮᠵᠢᠯᠲᠠ ᠳᠤ ᠬᠦᠷᠴᠦ ᠪᠤᠯᠤᠨ᠎ᠠ ᠭᠡᠰᠡᠨ ᠶᠤᠰᠤ ᠤᠴᠢᠷ ᠢ ᠲᠠᠨᠢᠭᠤᠯᠵᠤ ᠪᠠᠶᠢᠬᠤ ᠴᠢᠬᠤᠯᠠ ᠲᠠᠢ᠃      2.ᠲᠠᠪᠠᠭᠤᠯᠢᠭ ᠲᠠᠯ᠎ᠠ ᠪᠠᠷ ᠨᠢ ᠤᠷᠮᠠᠰᠢᠭᠤᠯᠬᠤ      ᠬᠦᠮᠦᠨ ᠪᠦᠬᠦᠨ ᠳᠤ ᠦᠪᠡᠷ ᠦᠪᠡᠷ ᠤᠨ ᠬᠢᠨᠢ ᠲᠠᠪᠠᠭᠤᠯᠢᠭ ᠲᠠᠯ᠎ᠠ ᠪᠠ ᠲᠤᠳᠠᠭᠳᠠᠯ ᠲᠠᠢ ᠲᠠᠯ᠎ᠠ ᠭᠡᠵᠦ ᠪᠠᠶᠢᠳᠠᠭ᠃ ᠮᠢᠨᠤ ᠦᠵᠡᠬᠦ ᠪᠠᠷ ᠬᠢᠴᠢᠶᠡᠯ ᠰᠤᠷᠤᠯᠭ᠎ᠠ ᠳᠤ ᠪᠠᠨ ᠰᠢᠮᠳᠠᠳᠠᠭ ᠦᠭᠡᠢ ᠰᠤᠷᠤᠭᠴᠢᠳ ᠲᠤ ︽ᠴᠢᠨᠤ ᠡᠨᠡ ᠴᠢᠨᠢ ᠪᠤᠯᠬᠤ ᠦᠭᠡᠢ ᠪᠠᠶᠢᠨ᠎ᠠ᠂ ᠲᠡᠷᠡ ᠴᠢᠨᠢ ᠪᠤᠯᠬᠤ ᠦᠭᠡᠢ ᠪᠠᠶᠢᠨ᠎ᠠ︾ ᠭᠡᠵᠦ ᠵᠠᠩᠨᠠᠬᠤ ᠶᠢᠨ ᠣᠷᠣᠨ ᠳᠤ ᠤᠷᠢᠳ ᠢᠶᠠᠷ ᠲᠡᠳᠡᠭᠡᠷ ᠤᠨ ᠲᠠᠪᠠᠭᠤᠯᠢᠭ ᠲᠠᠯ᠎ᠠ ᠶᠢ ᠨᠢ ᠤᠯᠵᠤ ᠵᠤᠷᠢᠬᠵᠢᠭᠤᠯᠤᠨ ᠤᠷᠮᠠᠰᠢᠭᠤᠯᠤᠭᠰᠠᠨ ᠰᠠᠭᠤᠷᠢᠨ ᠳᠡᠭᠡᠷ᠎ᠡ ᠬᠦᠷᠦᠯᠴᠡᠬᠦ ᠦᠭᠡᠢ ᠲᠠᠯ᠎ᠠ ᠶᠢ ᠨᠢ ᠬᠡᠯᠡᠵᠦ ᠰᠠᠨᠠᠭᠤᠯᠪᠠᠯ᠂ ᠲᠡᠳᠡᠭᠡᠷ ᠰᠤᠷᠤᠭᠴᠢ ᠪᠡᠶ᠎ᠡ ᠳᠤ ᠪᠠᠨ ᠢᠲᠡᠭᠡᠯ  ᠲᠠᠢ ᠪᠤᠯᠵᠤ᠂ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠳᠤ ᠤᠯᠠᠮ ᠢᠶᠠᠷ ᠰᠤᠨᠢᠷᠬᠠᠯ ᠲᠠᠢ ᠪᠤᠯᠵᠤ ᠢᠷᠡᠬᠦ ᠮᠦᠷᠲᠡᠭᠡᠨ ᠠᠭᠠᠵᠢᠮ ᠢᠶᠠᠷ ᠬᠢᠴᠢᠶᠡᠯ ᠰᠤᠷᠤᠯᠭ᠎ᠠ ᠳᠤ ᠪᠠᠨ ᠴᠤ ᠰᠢᠮᠳᠡᠵᠤ ᠡᠬᠢᠯᠡᠬᠦ ᠪᠤᠯᠤᠨ᠎ᠠ᠃      3. ᠰᠤᠷᠤᠭᠴᠢᠳ ᠲᠠᠢ ᠬᠠᠷᠢᠴᠠᠭ᠎ᠠ ᠪᠠᠨ ᠰᠠᠶᠢᠵᠢᠷᠠᠭᠤᠯᠵᠤ᠂ ᠰᠤᠷᠤᠭᠴᠢᠳ ᠤᠨ ᠰᠡᠳᠬᠢᠯ ᠤᠨ ᠨᠠᠶᠢᠵᠠ ᠨᠢ ᠪᠣᠯᠵᠤ ᠲᠠᠬᠢᠨ ᠤᠷᠮᠠᠰᠢᠭᠤᠯᠬᠤ      ᠰᠤᠷᠤᠭᠴᠢᠳ ᠪᠤᠯ ᠪᠦᠷ ᠠᠪᠤ ᠡᠵᠢ ᠠᠴᠠ ᠪᠠᠨ ᠰᠠᠯᠵᠦ ᠬᠤᠯᠠ ᠭᠠᠷᠴᠤ᠂ ᠤᠯᠠᠨ ᠰᠤᠷᠤᠭᠴᠢ ᠶᠢᠨ ᠳᠤᠮᠳᠠ ᠪᠡᠶ᠎ᠡ ᠪᠠᠨ ᠳᠠᠭᠠᠭᠠᠭᠰᠠᠨ ᠨᠢᠭᠡᠨ ᠬᠡᠰᠢᠭᠦᠨ ᠪᠤᠯᠵᠤ ᠶᠠᠪᠤᠵᠤ ᠪᠠᠶᠢᠭ᠎ᠠ ᠬᠦᠮᠦᠰ ᠤᠴᠢᠷ ᠠᠴᠠ ᠲᠡᠳᠡ ᠨᠡᠷ ᠲᠤ ᠰᠡᠳᠬᠢᠯ ᠢᠶᠠᠨ ᠳᠡᠯᠭᠡᠬᠦ ᠬᠦᠮᠦᠨ ᠶᠡᠭᠡ ᠱᠠᠭᠠᠷᠳᠠᠳᠠᠭ᠂ ᠨᠡᠩ ᠢᠯᠠᠩᠭᠤᠶ᠎ᠠ ᠬᠦᠨᠳᠦᠳᠬᠡᠵᠦ ᠪᠢᠰᠢᠷᠡᠳᠡᠭ ᠪᠠᠭᠰᠢ ᠨᠠᠷ ᠨᠢ ᠲᠡᠭᠦᠨ ᠲᠠᠢ ᠤᠶᠢᠷᠠᠳᠤᠯᠴᠠᠨ ᠰᠡᠳᠬᠢᠯ ᠤᠨ ᠦᠭᠡ ᠪᠠᠨ ᠰᠤᠯᠢᠯᠴᠠᠨ ᠨᠠᠶᠢᠵᠠᠯᠠᠬᠤ ᠨᠢ ᠰᠤᠷᠤᠭᠴᠢᠳ ᠲᠤ ᠠᠪᠴᠤ ᠬᠡᠯᠡᠪᠡᠯ ᠮᠠᠰᠢ ᠶᠡᠭᠡ ᠪᠠᠶᠠᠷ ᠬᠦᠷ ᠲᠠᠢ ᠤᠴᠢᠷ ᠪᠤᠯᠬᠤ ᠶᠤᠮ᠃ ᠶᠠᠭ ᠡᠨᠡ ᠭᠦ ᠨᠠᠶᠢᠵᠠ ᠶᠢᠨ ᠬᠠᠷᠢᠴᠠᠭᠠᠨ ᠤ ᠰᠠᠭᠤᠷᠢᠨ ᠳᠡᠭᠡᠷ᠎ᠡ ᠪᠠᠭᠰᠢ ᠠᠴᠠ ᠰᠤᠷᠤᠭᠴᠢᠳ ᠲᠤ ᠡᠶᠡᠯᠳᠡᠭ ᠢᠶᠠᠷ ᠦᠪᠡᠷ ᠤᠨ ᠪᠤᠳᠤᠯ ᠰᠠᠨᠠᠯ ᠢᠶᠠᠨ ᠬᠡᠯᠡᠵᠦ᠂ ᠤᠷᠮᠠᠰᠢᠭᠤᠯᠤᠨ ᠵᠤᠷᠢᠬᠵᠢᠭᠤᠯᠪᠠᠯ ᠰᠤᠷᠤᠭᠴᠢᠳ ᠨᠡᠩ ᠠᠮᠠᠷᠬᠠᠨ ᠬᠦᠯᠢᠶᠡᠨ ᠠᠪᠴᠤ᠂ ᠦᠷ᠎ᠡ ᠠᠰᠢᠭ ᠨᠢ ᠨᠡᠩ ᠦᠨᠳᠦᠷ ᠪᠠᠶᠢᠳᠠᠭ᠃      4. ᠰᠤᠷᠤᠭᠴᠢᠳ ᠤᠨ ᠬᠢᠴᠢᠶᠡᠯ ᠤᠨ ᠲᠠᠩᠬᠢᠮ ᠤᠨ ᠠᠰᠠᠭᠤᠯᠲᠠ ᠬᠠᠷᠢᠭᠤᠯᠬᠤ ᠪᠤᠶᠤ ᠰᠤᠷᠤᠯᠭ᠎ᠠ ᠠᠮᠢᠳᠤᠷᠠᠯ ᠤᠨ ᠵᠢᠵᠢᠭ ᠰᠠᠵᠢᠭ ᠵᠦᠢᠯ ᠳᠤ ᠮᠠᠭᠳᠠᠭᠠᠯ ᠦᠭᠴᠦ ᠤᠷᠮᠠᠰᠢᠭᠤᠯᠬᠤ      ᠬᠢᠴᠢᠶᠡᠯ ᠤᠨ ᠴᠠᠭ ᠪᠠᠭᠰᠢ ᠶᠢᠨ ᠠᠰᠠᠭᠤᠯᠲᠠ ᠶᠢ ᠭᠠᠷ ᠡᠷᠭᠦᠨ ᠬᠠᠷᠢᠭᠤᠯᠵᠤ ᠪᠠᠶᠢᠭ᠎ᠠ ᠰᠤᠷᠤᠭᠴᠢᠳ ᠪᠤᠯ ᠪᠡᠶ᠎ᠡ ᠳᠤ ᠪᠠᠨ ᠢᠲᠡᠭᠡᠯ ᠲᠠᠢ ᠬᠦᠮᠦᠰ ᠪᠤᠯᠬᠤ ᠶᠤᠮ᠃ ᠪᠡᠶ᠎ᠡ ᠳᠤ ᠪᠠᠨ ᠢᠳᠡᠭᠡᠵᠦ ᠭᠠᠷ ᠡᠷᠭᠦᠨ ᠪᠤᠰᠴᠤ ᠬᠠᠷᠢᠭᠤᠯᠬᠤ ᠳᠤ ᠨᠢ ᠬᠠᠷᠢᠭᠤᠯᠲᠠ ᠨᠢ ᠣᠨᠣᠪᠴᠢᠳᠠᠢ ᠴᠤ ᠪᠤᠯᠤᠭ ᠤᠨᠤᠪᠴᠢ ᠦᠭᠡᠢ ᠴᠤ ᠪᠤᠯᠤᠭ᠂ ᠰᠡᠳᠦᠪ ᠲᠤ ᠪᠠᠨ ᠲᠠᠶᠢᠯᠪᠤᠷᠢ ᠬᠢᠬᠦ ᠶᠢᠨ ᠳᠠᠭᠠᠤ ᠵᠤᠬᠢᠰᠳᠠᠢ ᠤᠷᠮᠠᠰᠢᠭᠤᠯᠤᠯ ᠰᠠᠶᠢᠰᠢᠶᠠᠯ ᠤᠨ ᠦᠭᠡ ᠶᠢ ᠪᠠᠶᠢᠩᠭᠤ ᠱᠠᠩᠨᠠᠵᠤ ᠪᠠᠶᠢᠬᠤ ᠬᠡᠷᠡᠭᠳᠡᠢ᠃ ᠢᠩᠭᠢᠵᠤ ᠬᠢᠪᠡᠯ ᠰᠤᠷᠤᠭᠴᠢᠳ ᠬᠡᠷᠪᠡ ᠵᠦᠪ ᠬᠠᠷᠢᠭᠤᠯᠤᠭᠰᠠᠨ ᠪᠤᠯ ᠪᠡᠶ᠎ᠡ ᠳᠤ ᠪᠠᠨ ᠨᠡᠩ ᠢᠯᠡᠭᠦᠤ ᠢᠲᠡᠭᠡᠯ ᠲᠠᠢ ᠪᠤᠯᠵᠤ᠂ ᠬᠡᠷᠪᠡ ᠤᠨᠤᠪᠴᠢ ᠦᠭᠡᠢ ᠬᠠᠷᠢᠭᠤᠯᠤᠭᠰᠠᠨ ᠪᠤᠯ ᠪᠠᠭᠰᠢ ᠶᠢᠨ ᠢᠶᠠᠨ ᠲᠡᠭᠦᠨ ᠳᠤ ᠦᠭᠬᠦᠭᠰᠡᠨ ᠢᠲᠡᠭᠡᠯ ᠨᠠᠶᠢᠳᠠᠯᠭ᠎ᠠ ᠳᠤ ᠤᠷᠮᠠᠰᠢᠵᠤ᠂ ᠨᠡᠩ ᠢᠯᠡᠭᠦᠤ ᠪᠡᠶ᠎ᠡ ᠪᠠᠨ ᠴᠢᠩᠭ᠎ᠠ ᠱᠠᠭᠠᠷᠳᠠᠵᠤ ᠴᠢᠷᠮᠠᠶᠢᠨ ᠰᠤᠷᠤᠯᠴᠠᠬᠤ ᠪᠤᠯᠤᠨ᠎ᠠ᠃      5. ᠰᠤᠷᠤᠭᠴᠢ ᠶᠢ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠳᠠᠭᠤᠳᠠᠨ ᠶᠠᠷᠢᠯᠴᠠᠵᠤ᠂ ᠰᠤᠷᠤᠯᠭ᠎ᠠ ᠠᠮᠢᠳᠤᠷᠠᠯ ᠤᠨ ᠬᠢᠨᠢ ᠲᠠᠯ᠎ᠠ ᠪᠠᠷ ᠬᠠᠷᠠᠭᠠᠯᠵᠠᠨ ᠤᠷᠮᠠᠰᠢᠭᠤᠯᠤᠨ ᠵᠤᠷᠢᠬᠵᠢᠭᠤᠯᠬᠤ      ᠰᠤᠷᠤᠭᠴᠢᠳ ᠢ ᠲᠤᠭᠳᠠᠮᠠᠯ ᠪᠤᠰᠤ ᠬᠤᠭᠤᠴᠠᠭ᠎ᠠ ᠪᠠᠷ ᠳᠠᠭᠤᠳᠠᠨ ᠶᠠᠷᠢᠯᠴᠠᠬᠤ ᠨᠢ ᠰᠤᠷᠤᠭᠴᠢᠳ ᠲᠤ ᠠᠪᠴᠤ ᠬᠡᠯᠡᠪᠡᠯ ᠨᠢᠭᠡ ᠵᠦᠢᠯ ᠤᠨ ᠤᠷᠮᠠᠰᠢᠭᠤᠯᠤᠯ ᠵᠤᠷᠢᠬᠵᠢᠭᠤᠯᠤᠯ ᠪᠤᠯᠬᠤ ᠶᠤᠮ᠂ ᠲᠡᠷᠡ ᠨᠢ ᠰᠤᠷᠤᠭᠴᠢᠳ ᠲᠤ ᠪᠠᠭᠰᠢ ᠠᠴᠠ ᠲᠡᠭᠦᠨ ᠢ ᠴᠢᠬᠤᠯᠠᠴᠢᠯᠠᠨ ᠦᠵᠡᠵᠦ ᠪᠠᠶᠢᠬᠤ ᠪᠠᠷ ᠰᠠᠨᠠᠭᠳᠠᠵᠤ᠂ ᠤᠷᠮ᠎ᠠ ᠵᠣᠷᠢᠭ ᠨᠢ ᠬᠦᠪᠴᠢᠯᠡᠭᠳᠡᠵᠦ᠂ ᠰᠤᠷᠤᠯᠭ᠎ᠠ ᠬᠢᠴᠢᠶᠡᠯ ᠳᠤ ᠪᠠᠨ ᠨᠡᠩ ᠢᠯᠡᠭᠦᠤ ᠬᠦᠴᠦᠯᠡᠨ ᠴᠢᠷᠮᠠᠶᠢᠬᠤ ᠪᠤᠯᠤᠨ᠎ᠠ᠃      6. ᠡᠷᠲᠡᠨ ᠤ ᠮᠡᠷᠭᠡᠳ ᠤᠨ ᠭᠦᠨ ᠤᠬᠠᠭᠠᠯᠢᠭ ᠰᠢᠯᠦᠭ ᠲᠠᠭᠤᠯᠠᠯ ᠢᠶᠠᠷ ᠵᠤᠷᠢᠬᠵᠢᠭᠤᠯᠬᠤ      ᠰᠤᠤᠲᠤ ᠮᠡᠷᠭᠡᠨ ᠢᠰᠢᠳᠠᠨᠽᠠᠨᠸᠠᠩᠵᠢᠯ ︽ᠡᠷᠬᠢᠮ ᠮᠠᠩᠯᠠᠢ ᠪᠤᠯᠤᠨ ᠬᠦᠮᠦᠵᠢᠬᠦᠯᠬᠦ ᠶᠤᠰᠤᠨ︾ ᠭᠡᠳᠡᠭ ᠰᠢᠯᠦᠭ ᠲᠤ ᠪᠠᠨ ︽ᠷᠬᠢᠮ ᠮᠠᠩᠯᠠᠢ ᠬᠦᠮᠦᠨ ᠪᠤᠯᠤᠨ ᠬᠦᠮᠦᠵᠢᠬᠦ ᠶᠤᠰᠤᠨ᠎ᠠ᠂ ᠡᠷᠳᠡᠮ ᠴᠢᠳᠠᠯ ᠪᠦᠷᠢᠳᠬᠦ ᠮᠠᠰᠢ ᠴᠢᠬᠤᠯᠠ ᠬᠡᠮᠡᠨᠡᠮ᠂ ᠡᠳᠦᠷ ᠴᠠᠭ ᠢ ᠬᠤᠭᠤᠰᠤᠭᠠᠷ ᠦᠯᠪᠡᠬᠦ ᠪᠣᠯᠪᠠᠰᠤ᠂ ᠡᠨᠡ ᠨᠠᠰᠤᠨ ᠤ ᠶᠠᠪᠤᠳᠠᠯ ᠶᠠᠭᠠᠬᠢᠵᠤ ᠭᠦᠢᠴᠡᠬᠦ᠂ ᠡᠷᠳᠡᠨᠢᠳᠤ ᠬᠠᠰ ᠨᠣᠮᠢᠨ ᠦᠵᠡᠰᠬᠦᠯᠡᠩ ᠪᠤᠯᠪᠠᠴᠤ᠂ ᠡᠳ᠋ ᠡᠰᠡ ᠬᠢᠪᠡᠰᠤ ᠬᠡᠷᠡᠭ ᠦᠭᠡᠢ ᠴᠢᠯᠠᠭᠤᠨ᠂ ᠡᠷᠬᠢᠮ ᠰᠠᠶᠢᠨ ᠬᠦᠮᠦᠨ ᠪᠡᠶ᠎ᠡ ᠯᠠᠭᠰᠢᠨ ᠪᠤᠯᠪᠠᠴᠤ᠂ ᠡᠷᠳᠡᠮ ᠡᠰᠡ ᠰᠤᠷᠪᠠᠰᠤ ᠴᠢᠨᠠᠷ ᠦᠭᠡᠢ ᠮᠠᠬᠠᠪᠤᠳ᠂ ᠪᠢᠷ ᠪᠡᠭᠡ ᠡᠷᠢᠶᠡᠯᠡᠨ ᠤᠳᠬ᠎ᠠ ᠤᠶᠠᠩᠭ᠎ᠠ ᠳᠤᠷ ᠰᠢᠮᠳᠠᠪᠠᠰᠤ᠂ ᠪᠢᠯᠢᠭ ᠡᠷᠳᠡᠮ ᠲᠡᠭᠦᠰᠬᠦ ᠶᠤᠰᠤ ᠨᠣᠮᠯᠠᠯ ᠢᠯᠡᠷᠬᠡᠢ᠂ ᠪᠡᠶ᠎ᠡ ᠭᠡᠷ ᠤᠨ ᠬᠡᠷᠡᠭ ᠪᠠ ᠤᠯᠤᠰ ᠲᠦᠷᠦ ᠶᠢᠨ ᠶᠠᠪᠤᠳᠠᠯ ᠳᠤᠷ᠂ ᠪᠢᠴᠢᠭ ᠨᠣᠮ ᠤᠨ ᠠᠰᠢᠭ ᠳᠤᠰᠠ ᠲᠦᠮᠡᠨ ᠦᠶ᠎ᠡ ᠲᠤᠳᠤᠷᠬᠠᠢ᠂ ᠴᠢᠬᠢᠨ ᠳᠤ ᠪᠠᠨ ᠰᠢᠩᠭᠡᠭᠡᠵᠤ ᠨᠢᠳᠦᠨ ᠳᠤ ᠪᠠᠨ ᠰᠢᠷᠲᠡᠭᠡᠳ᠂ ᠴᠡᠭᠡᠵᠢᠨ ᠳᠤᠷ ᠢᠶᠠᠨ ᠠᠭᠤᠯᠵᠤ ᠰᠡᠳᠬᠢᠯ ᠳᠡᠭᠡᠨ ᠲᠡᠮᠳᠡᠭᠯᠡᠭᠡᠳ᠂ ᠴᠢᠩᠭ᠎ᠠ ᠵᠣᠷᠢᠭ ᠡᠭᠦᠰᠬᠡᠵᠤ ᠪᠢᠰᠢᠯᠭᠠᠬᠤ ᠪᠤᠯᠪᠠᠰᠤ᠂ ᠴᠢᠩ ᠦᠨᠡᠨ ᠰᠤᠷᠤᠯᠭ᠎ᠠ ᠶᠢ ᠲᠡᠭᠦᠰᠬᠡᠵᠤ ᠪᠣᠯᠣᠮᠣᠢ︾ ᠬᠡᠮᠡᠨ ᠡᠷᠬᠢᠮ ᠬᠦᠮᠦᠨ ᠪᠤᠯᠬᠤ᠂ ᠠᠮᠵᠢᠯᠲᠠ ᠳᠤ ᠬᠦᠷᠬᠦ ᠳᠤ ᠡᠷᠬᠡᠪᠰᠢ ᠴᠢᠷᠮᠠᠶᠢᠨ ᠰᠤᠷᠤᠯᠴᠠᠵᠤ ᠠᠵᠢᠯᠯᠠᠬᠤ ᠬᠡᠷᠡᠭᠳᠡᠢ᠂ ᠲᠡᠶᠢᠮᠤ ᠪᠢᠰᠢ ᠪᠤᠯ ᠪᠡᠶ᠎ᠡ ᠮᠠᠬᠠᠪᠤᠳ ᠬᠡᠴᠢᠨᠡᠭᠡᠨ ᠰᠠᠶᠢᠨ᠂ ᠲᠠᠷᠢᠬᠢ ᠬᠡᠴᠢᠨᠡᠭᠡᠨ ᠰᠡᠷᠭᠦᠯᠡᠩ ᠪᠤᠯᠤᠯ᠎ᠠ ᠭᠡᠳ ᠬᠡᠷᠡᠭ ᠦᠭᠡᠢ ᠭᠡᠵᠦ ᠬᠡᠤᠬᠡᠳ ᠪᠠᠭᠠᠴᠤᠳ ᠢ ᠡᠷᠳᠡᠮ ᠨᠣᠮ ᠳᠤ ᠪᠠᠨ ᠴᠢᠷᠮᠠᠶᠢᠬᠤ ᠬᠡᠷᠡᠭᠳᠡᠢ᠂ ᠬᠡᠷᠪᠡ ᠰᠡᠳᠬᠢᠯ ᠲᠥᠪᠯᠡᠷᠡᠭᠦᠯᠦᠨ ᠲᠡᠰᠪᠦᠷᠢ ᠬᠠᠳᠠᠭᠤᠵᠢᠯᠲᠠᠢ ᠪᠠᠷ ᠰᠤᠷᠤᠯᠴᠠᠪᠠᠯ ᠯᠠᠪ ᠠᠮᠵᠢᠯᠲᠠ ᠳᠤ ᠬᠦᠷᠴᠦ ᠳᠡᠶᠢᠯᠦᠨ᠎ᠡ ᠭᠡᠳᠡᠭ ᠰᠠᠨᠠᠭ᠎ᠠ ᠪᠠᠨ ᠭᠦᠨ ᠤᠬᠠᠭᠠᠯᠢᠭ ᠦᠭᠡ ᠦᠭᠦᠯᠡᠪᠦᠷᠢ ᠳᠤ ᠪᠠᠨ ᠰᠢᠩᠭᠡᠭᠡᠨ ᠰᠤᠷᠭᠠᠭᠰᠠᠨ ᠪᠠᠶᠢᠨ᠎ᠠ᠃ ᠡᠨᠡ ᠨᠢ ᠰᠤᠷᠤᠭᠴᠢᠳ ᠲᠤ ᠰᠢᠯᠦᠭ ᠰᠤᠨᠢᠷᠬᠠᠭᠤᠯᠬᠤ ᠶᠢᠨ ᠲᠠᠭᠠᠤ ᠰᠤᠷᠤᠯᠴᠠᠯᠭ᠎ᠠ ᠶᠢᠨ ᠤᠷᠮ᠎ᠠ ᠵᠣᠷᠢᠭ ᠢ ᠨᠢ ᠬᠥᠪᠴᠢᠯᠡᠵᠤ ᠪᠤᠯᠬᠤ ᠠᠷᠭ᠎ᠠ ᠪᠠᠷᠢᠯ ᠪᠤᠯᠬᠤ ᠶᠤᠮ᠃      7. ᠠᠮᠵᠢᠯᠲᠠ ᠤᠯᠤᠭᠰᠠᠨ ᠲᠡᠤᠬᠡᠳᠤ ᠬᠦᠮᠦᠨ ᠤ ᠦᠯᠢᠭᠡᠷ ᠲᠡᠤᠬᠡ ᠪᠠᠷ ᠤᠷᠮᠠᠰᠢᠭᠤᠯᠤᠨ ᠵᠤᠷᠢᠬᠵᠢᠭᠤᠯᠬᠤ      ᠬᠦᠮᠦᠨ ᠶᠡᠷᠦ ᠨᠢ ᠰᠠᠶᠢᠨ ᠰᠠᠶᠢᠬᠠᠨ ᠵᠦᠭ ᠲᠡᠮᠡᠴᠡᠵᠦ ᠲᠡᠮᠡᠤᠯᠡᠬᠦ ᠳᠤᠷ᠎ᠠ ᠲᠠᠢ ᠪᠠᠶᠢᠳᠠᠭ᠃ ᠲᠡᠭᠡᠬᠦ ᠪᠠᠷ ᠢᠶᠠᠨ ︽ᠬᠦᠮᠦᠨ ᠥᠭᠡᠳᠡ ᠪᠠᠨ ᠤᠰᠤ ᠤᠷᠤᠭᠤ ᠪᠠᠨ︾ ᠭᠡᠳᠡᠭ ᠬᠠᠪᠤᠲᠦ ᠦᠭᠡ ᠲᠦᠷᠦᠭᠳᠡᠭᠰᠡᠨ ᠪᠠᠶᠢᠬ᠎ᠠ ᠳ᠋ᠠ᠃ ᠰᠤᠷᠤᠭᠴᠢᠳ ᠤᠨ ᠰᠤᠷᠤᠯᠴᠠᠯᠭ᠎ᠠ ᠶᠢᠨ ᠤᠷᠮ᠎ᠠ ᠵᠣᠷᠢᠭ ᠢ ᠬᠦᠪᠴᠢᠯᠡᠬᠦ ᠳᠤ ᠲᠤᠬᠠᠢ ᠶᠢᠨ ᠭᠠᠵᠠᠷ ᠣᠷᠣᠨ ᠤ ᠬᠢᠨ᠂ ᠠᠯᠢ ᠴᠢᠳᠠᠬᠤ ᠪᠠᠷ ᠨᠡᠯᠢᠶᠡᠳ ᠨᠡᠷ᠎ᠡ ᠠᠯᠳᠠᠷ ᠢ ᠨᠢ ᠰᠤᠨᠤᠰᠴᠤ ᠪᠠᠶᠢᠭᠰᠠᠨ ᠠᠭᠤᠤ ᠬᠦᠮᠦᠰ ᠤᠨ ᠠᠮᠵᠢᠯᠳᠠ ᠳᠤ ᠬᠦᠷᠦᠭᠰᠡᠨ ᠦᠯᠢᠭᠡᠷ ᠵᠢᠱᠢᠶ᠎ᠡ ᠪᠠ ᠲᠡᠭᠦᠨ ᠤ ᠡᠳᠦᠷ ᠳᠣᠲᠤᠮ ᠤᠨ ᠠᠮᠢᠳᠤᠷᠠᠯ ᠤᠨ ᠵᠢᠵᠢᠭ ᠰᠠᠵᠢᠭ ᠦᠯᠢᠭᠡᠷ ᠢ ᠶᠠᠷᠢᠬᠤ ᠨᠢ ᠰᠤᠷᠤᠭᠴᠢ ᠶᠢᠨ ᠲᠡᠷᠡ ᠬᠦᠮᠦᠨ ᠤ ᠲᠤᠬᠠᠢ ᠰᠤᠨᠢᠷᠬᠠᠯ ᠢ ᠤᠯᠠᠮ ᠲᠦᠷᠦᠭᠳᠡᠭᠦᠯᠵᠦ᠂ ᠠᠭᠠᠵᠢᠮ ᠢᠶᠠᠷ ᠲᠡᠭᠦᠨ ᠢᠶᠠᠷ ᠲᠠᠭᠤᠷᠢᠶᠠᠯ ᠪᠣᠯᠭᠠᠨ᠂ ᠦᠪᠡᠷ ᠢ ᠪᠠᠨ ᠲᠡᠷᠡ ᠬᠦᠮᠦᠨ ᠰᠢᠭ ᠢᠶᠠᠨ ᠪᠠᠶᠢᠯᠭᠠᠬᠤ ᠶᠢ ᠪᠣᠳᠣᠵᠣ᠂ ᠪᠡᠶ᠎ᠡ ᠪᠠᠨ ᠴᠠᠭ ᠢᠮᠠᠭᠳᠠ ᠠᠩᠬᠠᠷᠴᠤ ᠵᠠᠰᠠᠵᠤ ᠶᠠᠪᠤᠬᠤ ᠪᠤᠯᠭᠠᠳᠠᠭ᠂ ᠡᠨᠡ ᠨᠢ ᠠᠭᠠᠵᠢᠮ ᠢᠶᠠᠷ ᠲᠡᠷᠡ ᠬᠦ ᠨᠦᠯᠦᠭᠡ ᠬᠦᠷᠲᠡᠭᠰᠡᠨ ᠰᠤᠷᠤᠭᠴᠢ ᠶᠢᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠨᠥᠯᠥᠭᠡᠯᠡᠵᠤ᠂ ᠦᠭᠡᠳᠡᠯᠡᠭᠦᠯᠳᠡᠭ ᠶᠤᠮ᠃      8. ᠳᠤᠷ᠎ᠠ ᠪᠠᠬ᠎ᠠ ᠪᠠᠷ ᠨᠢ ᠤᠷᠮᠠᠰᠢᠭᠤᠯᠬᠤ      ᠳᠤᠷ᠎ᠠ ᠪᠠᠬ᠎ᠠ ᠪᠤᠯ ᠨᠢᠭᠡᠳᠦᠭᠡᠷ ᠪᠠᠭᠰᠢ ᠭᠡᠳᠡᠭ ᠢᠶᠠᠷ ᠠᠩᠭᠢ ᠡᠷᠬᠢᠯᠡᠬᠦ ᠶᠠᠪᠤᠴᠠ ᠳᠤᠮᠳᠠ ᠰᠤᠷᠤᠭᠴᠢᠳ ᠤᠨ ᠤᠨᠴᠠᠯᠢᠭ ᠪᠠᠶᠢᠳᠠᠯ ᠢ ᠨᠢ ᠰᠢᠨᠵᠢᠵᠦ ᠰᠤᠳᠤᠯᠤᠨ᠂ ᠤᠨᠴᠠᠯᠢᠭ ᠲᠤ ᠨᠢ ᠲᠤᠬᠢᠷᠠᠭᠤᠯᠤᠨ᠂ ᠳᠤᠷ᠎ᠠ ᠪᠠᠬ᠎ᠠ ᠳᠤ ᠨᠢ ᠲᠠᠭᠠᠷᠠᠭᠤᠯᠵᠤ ᠵᠤᠬᠢᠰᠳᠠᠢ ᠤᠷᠮᠠᠰᠢᠭᠤᠯᠤᠯ ᠦᠭᠬᠦ ᠬᠡᠷᠡᠭᠳᠡᠢ᠃ ᠡᠨᠡ ᠨᠢ ᠶᠠᠭ ᠬᠢᠴᠢᠶᠡᠯ ᠤᠨ ᠨᠣᠮ ᠢ ᠦᠵᠡᠬᠦ ᠳᠤᠷ᠎ᠠ ᠦᠭᠡᠢ᠂ ᠬᠠᠷ᠎ᠠ ᠪᠠᠭ᠎ᠠ ᠠᠴᠠ ᠪᠠᠨ ᠬᠥᠯ ᠪᠦᠮᠪᠦᠭᠡ ᠳᠤ ᠬᠤᠷᠤᠬᠠᠢ ᠲᠠᠢ ᠬᠡᠤᠬᠡᠳ ᠲᠤ ᠬᠥᠯ ᠪᠥᠮᠪᠦᠭᠡ ᠦᠭᠴᠦ ᠬᠤᠵᠢᠮ ᠲᠣᠮᠣ ᠲᠠᠮᠢᠷᠴᠢᠨ ᠪᠤᠯᠤᠭᠠᠷᠠᠢ ᠭᠡᠵᠦ ᠤᠷᠮᠠᠰᠢᠭᠤᠯᠬᠤ ᠪᠠ ᠲᠡᠪᠡᠷᠢ ᠨᠣᠮ ᠦᠭᠴᠦ ᠡᠷᠳᠡᠮᠳᠡᠨ ᠪᠤᠯᠤᠭᠠᠷᠠᠢ ᠭᠡᠵᠦ ᠢᠷᠦᠭᠡᠵᠦ ᠤᠷᠮᠠᠰᠢᠭᠤᠯᠬᠤ ᠶᠢᠨ ᠠᠯᠢ ᠨᠢ ᠢᠯᠡᠭᠦᠤ ᠦᠷ᠎ᠡ ᠠᠰᠢᠭ ᠲᠠᠢ ᠪᠠᠶᠢᠬᠤ ᠶᠢ ᠬᠡᠨ ᠴᠤ ᠭᠡᠰᠡᠨ ᠲᠤᠳᠤᠷᠬᠠᠢ ᠮᠡᠳᠡᠵᠦ ᠪᠠᠶᠢᠬᠤ ᠲᠠᠢ ᠠᠳᠠᠯᠢᠬᠠᠨ ᠤᠴᠢᠷ ᠶᠤᠮ᠃ ᠡᠶᠢᠮᠤ ᠠᠴᠠ ᠰᠤᠷᠤᠭᠴᠢᠳ ᠤᠨ ᠳᠤᠷ᠎ᠠ ᠪᠠᠬ᠎ᠠ ᠶᠢ ᠨᠢ ᠦᠨᠳᠦᠰᠦᠯᠡᠨ ᠵᠤᠬᠢᠰᠳᠠᠢ ᠤᠷᠮᠠᠰᠢᠭᠤᠯᠤᠯ ᠦᠭᠬᠦ ᠨᠢ ᠮᠠᠰᠢ ᠴᠢᠬᠤᠯᠠ ᠶᠤᠮ᠃      ᠰᠤᠷᠤᠭᠴᠢ ᠶᠢᠨ ᠰᠤᠷᠤᠯᠴᠠᠬᠤ ᠤᠷᠮ᠎ᠠ ᠪᠠᠬ᠎ᠠ ᠪᠤᠯ ᠰᠤᠷᠤᠭᠴᠢ ᠶᠢᠨ ᠰᠤᠷᠤᠯᠴᠠᠬᠤ ᠤᠭ ᠰᠠᠨᠠᠭ᠎ᠠ ᠪᠣᠶᠣ ᠲᠦᠷᠦᠯᠬᠢ ᠬᠥᠳᠡᠯᠭᠡᠭᠦ ᠬᠦᠴᠦᠨ ᠪᠤᠯᠤᠨ᠎ᠠ᠂ ᠮᠦᠨ ᠴᠦ ᠰᠤᠷᠤᠭᠴᠢ ᠶᠢᠨ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠᠲᠦ ᠴᠢᠩᠭ᠎ᠠ ᠲᠤᠷᠠᠰᠢᠯ ᠢ ᠲᠦᠯᠬᠢᠨ ᠠᠬᠢᠭᠤᠯᠬᠤ ᠡᠯᠧᠮᠧᠨ᠋ᠲ ᠪᠤᠯᠬᠤ ᠶᠤᠮ᠃ ᠤᠷᠮ᠎ᠠ ᠪᠠᠬ᠎ᠠ ᠨᠢ ᠰᠤᠷᠤᠭᠴᠢ ᠶᠢᠨ ᠬᠢᠵᠠᠭᠠᠷᠯᠠᠰᠢ ᠦᠭᠡᠢ ᠳᠠᠯᠳᠠ ᠬᠦᠴᠦᠨ ᠴᠢᠳᠠᠯ ᠢ ᠪᠠᠳᠠᠷᠠᠭᠤᠯᠵᠤ᠂ ᠬᠢᠵᠠᠭᠠᠷᠯᠠᠰᠢ ᠦᠭᠡᠢ ᠶᠡᠭᠡ ᠠᠮᠵᠢᠯᠲᠠ ᠳᠤ ᠬᠦᠷᠭᠡᠬᠦ ᠵᠢᠭᠦᠷ ᠨᠢ ᠪᠤᠯᠬᠤ ᠶᠤᠮ᠃ ᠡᠶᠢᠮᠤ ᠠᠴᠠ ᠪᠢᠳᠡ ᠤᠷᠮᠠᠰᠢᠭᠤᠯᠤᠯ ᠢ ᠵᠤᠬᠢᠰᠲᠠᠢ ᠬᠡᠷᠡᠭᠯᠡᠵᠦ᠂ ᠰᠤᠷᠤᠭᠴᠢᠳ ᠤᠨ ᠳᠠᠯᠳᠠ ᠬᠦᠴᠦᠨ ᠴᠢᠳᠠᠯ ᠢ ᠨᠢ ᠨᠡᠭᠡᠭᠡᠵᠦ᠂ ᠰᠤᠷᠤᠯᠭ᠎ᠠ ᠶᠢᠨ ᠨᠡᠩ ᠦᠨᠳᠦᠷ ᠠᠮᠵᠢᠯᠲᠠ ᠳᠤ ᠬᠦᠷᠬᠦ ᠶᠢ ᠤᠷᠮᠠᠰᠢᠭᠤᠯᠤᠨ ᠵᠤᠷᠢᠬᠵᠢᠭᠤᠯᠬᠤ ᠶᠢ ᠠᠩᠬᠢ ᠶᠢᠨ ᠡᠷᠬᠢᠯᠡᠭᠴᠢ ᠨᠢᠭᠡ ᠪᠦᠷᠢ ᠪᠠᠳᠤ ᠴᠡᠭᠡᠵᠢᠯᠡᠪᠡᠯ ᠵᠤᠬᠢᠨ᠎ᠠ᠃                  ᠠᠵᠢᠯᠯᠠᠵᠤ ᠪᠠᠶᠢᠭ᠎ᠠ ᠪᠠᠶᠢᠭᠤᠯᠭ᠎ᠠ᠄ ᠣᠷᠳᠣᠰ ᠬᠤᠲᠠ ᠶᠢᠨ ᠮᠣᠩᠭᠤᠯ                                             ᠦᠨᠳᠦᠰᠦᠲᠡᠨ ᠤ ᠳᠤᠮᠳᠠᠳᠤ ᠰᠤᠷᠭᠠᠭᠤᠯᠢ                                                ︵ᠡᠾᠦ᠋ᠩ ᠮᠸᠢ ᠨᠠᠶᠢᠷᠠᠭᠤᠯᠪᠠ︶                                                2021ᠣᠨ ᠤ 5 ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map