ᠠᠯᠲᠠᠨ ᠨᠠᠮᠤᠷ ᠤᠨ ᠠᠷᠪᠠᠨ ᠰᠠᠷ᠎ᠠ ᠳᠠᠬᠢ ᠰᠤᠷᠤᠭᠴᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ
ᠨᠡᠶᠢᠲᠡᠯᠡᠭᠰᠡᠨ ᠴᠠᠭ᠄
2021/10/29
     ᠠᠯᠲᠠᠨ ᠨᠠᠮᠤᠷ ᠤᠨ ᠠᠷᠪᠠᠨ ᠰᠠᠷ᠎ᠠ ᠳᠤ᠂ ᠮᠠᠨ ᠤ ᠣᠷᠣᠨ ᠤ ᠰᠤᠷᠤᠭᠴᠢ ᠶᠢᠨ ᠣᠯᠠᠨ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠡᠬᠢᠯᠡᠪᠡ᠃ 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠬᠡ ᠲᠠᠰ᠂ ᠬᠥᠬᠡᠭᠴᠢᠨ ᠲᠠᠰ ᠤᠨ ᠬᠤᠯᠪᠣᠭᠠᠲᠤ ᠤᠷᠤᠯᠳᠤᠭᠠᠨ᠂ ᠰᠤᠷᠤᠭᠴᠢ ᠶᠢᠨ ᠫᠢᠩᠫᠠᠩ ᠪᠥᠮᠪᠦᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ᠂ ᠰᠤᠷᠤᠭᠴᠢ ᠶᠢᠨ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠠᠯᠭᠠᠭ᠎ᠠ ᠪᠠᠷ ᠡᠬᠢᠯᠡᠪᠡ᠃      ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ      ᠳᠤᠮᠳᠠᠳᠤ ᠰᠤᠷᠭᠠᠭᠤᠯᠢ ᠶᠢᠨ ᠬᠥᠬᠡ ᠲᠡᠰ ᠤᠨ ᠬᠤᠯᠪᠣᠭᠠᠲᠤ ᠤᠷᠤᠯᠳᠤᠭᠠᠨ      10 ᠰᠠᠷ᠎ᠠ ᠶᠢᠨ 17 ᠤ ᠡᠳᠦᠷ᠂ 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠬᠡ ᠲᠠᠰ ᠤᠨ ᠬᠤᠯᠪᠣᠭᠠᠲᠤ ᠤᠷᠤᠯᠳᠤᠭᠠᠨ ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠯ ᠪᠥᠮᠪᠦᠭᠡᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠵᠠᠩ ᠰᠢ ᠷᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠬᠥᠬᠡ ᠲᠠᠰ ᠤᠨ ᠬᠤᠯᠪᠣᠭᠠᠲᠤ ᠤᠷᠤᠯᠳᠤᠭᠠᠨ ᠢ ᠳᠤᠭᠤᠶᠢᠯᠠᠩ ᠤᠨ ᠡᠭᠡᠯᠵᠢᠯᠡᠬᠦ ᠤᠷᠤᠯᠳᠤᠭᠠᠨ ᠪᠠ ᠰᠣᠯᠪᠢᠴᠠᠭ᠎ᠠ ᠰᠢᠭᠰᠢᠯᠲᠡ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠵᠤ᠂ 2020 ᠣᠨ ᠤ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠥᠷᠪᠡᠳᠦᠭᠡᠷ ᠳᠡᠰ ᠤᠨ ᠬᠤᠯᠪᠣᠭᠠᠲᠤ ᠤᠷᠤᠯᠳᠤᠭᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠥᠬᠡ ᠲᠠᠰ ᠤᠨ ᠬᠤᠯᠪᠣᠭᠠᠲᠤ ᠤᠷᠤᠯᠳᠤᠭᠠᠨ ᠤ ᠡᠮᠦᠨ᠎ᠡ 12 ᠵᠢᠴᠢ 2020 ᠣᠨ ᠤ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠥᠷᠪᠡᠳᠦᠭᠡᠷ ᠳᠡᠰ ᠤᠨ ᠬᠤᠯᠪᠣᠭᠠᠲᠤ ᠤᠷᠤᠯᠳᠤᠭᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠥᠬᠡᠭᠴᠢᠨ ᠲᠠᠰ ᠤᠨ ᠬᠤᠯᠪᠣᠭᠠᠲᠤ ᠤᠷᠤᠯᠳᠤᠭᠠᠨ ᠤ ᠡᠮᠦᠨ᠎ᠡ 4 ᠶᠢ ᠤᠷᠤᠯᠳᠤᠭᠠᠨ ᠳᠤ ᠣᠷᠣᠯᠴᠠᠭᠤᠯᠪᠠ᠃

     ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ

     ᠰᠤᠷᠭᠠᠭᠤᠯᠢ ᠶᠢᠨ ᠬᠥᠬᠡᠭᠴᠢᠨ ᠲᠡᠰ ᠤᠨ ᠬᠤᠯᠪᠣᠭᠠᠲᠤ ᠤᠷᠤᠯᠳᠤᠭᠠᠨ

     10 ᠰᠠᠷ᠎ᠠ ᠶᠢᠨ 16 ᠤ ᠡᠳᠦᠷ᠂ 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠬᠡᠭᠴᠢᠨ

ᠲᠠᠰ ᠤᠨ ᠬᠤᠯᠪᠣᠭᠠᠲᠤ ᠤᠷᠤᠯᠳᠤᠭᠠᠨ ᠳᠠᠯᠠᠳ ᠬᠤᠰᠢᠭᠤᠨ ᠤ ᠳᠣᠯᠣᠳᠤᠭᠠᠷ ᠳᠤᠮᠳᠠᠳᠤ ᠰᠤᠷᠭᠠᠭᠤᠯᠢ ᠳᠤ ᠡᠬᠢᠯᠡᠪᠡ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠬᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ᠂ ᠥᠪᠡᠷᠲᠡᠭᠡᠨ ᠵᠠᠰᠠᠬᠤ ᠣᠷᠣᠨ ᠤ

ᠰᠤᠷᠭᠠᠭᠤᠯᠢ ᠶᠢᠨ ᠬᠦᠯ ᠪᠥᠮᠪᠦᠭᠡᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠵᠠᠩ ᠰᠢ ᠷᠦᠩ ᠡᠬᠢᠯᠡᠯᠲᠡ ᠶᠢᠨ

ᠶᠣᠰᠣᠯᠠᠯ ᠳᠤ ᠣᠷᠣᠯᠴᠠᠵᠠᠢ᠃

     ᠲᠤᠰ ᠤᠳᠠᠭᠠᠨ ᠤ ᠤᠷᠤᠯᠳᠤᠭᠠᠨ ᠢ ᠳᠤᠭᠤᠶᠢᠯᠠᠩ ᠤᠨ ᠡᠭᠡᠯᠵᠢᠯᠡᠬᠦ ᠤᠷᠤᠯᠳᠤᠭᠠᠨ ᠪᠠ ᠰᠤᠯᠪᠢᠴᠠᠭ᠎ᠠ

ᠰᠢᠭᠰᠢᠯᠲᠡ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠵᠤ᠂ ᠪᠦᠬᠦ ᠣᠷᠣᠨ ᠤ 12 ᠠᠶᠢᠮᠠᠭ ᠬᠤᠲᠠ ᠠᠴᠠ

ᠢᠷᠡᠭᠰᠡᠨ 28 ᠬᠥᠯ ᠪᠥᠮᠪᠥᠭᠡᠨ ᠠᠩᠭᠢ ᠶᠢᠨ ᠬᠢᠨ 6 ᠡᠳᠦᠷ ᠰᠢᠷᠦᠭᠦᠨ ᠮᠥᠷᠦᠶᠢᠴᠡᠯᠳᠦᠵᠦ᠂ ᠤᠷᠤᠯᠳᠤᠭᠠᠨ ᠤ

ᠲᠠᠯᠠᠪᠤᠷ ᠲᠤ ᠵᠠᠯᠠᠭᠤ ᠨᠠᠰᠤᠨ ᠤ ᠬᠦᠴᠦ ᠪᠠᠨ ᠰᠢᠪᠬᠠᠨ ᠬᠥᠯᠥᠰᠥ ᠪᠠᠨ ᠤᠷᠤᠰᠬᠠᠨ᠂ ᠡᠷᠡᠯᠬᠡᠭᠯᠡᠨ ᠲᠡᠮᠡᠴᠡᠬᠦ

ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠᠷ ᠠᠮᠢ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠪᠠ︕

     ᠰᠤᠷᠤᠭᠴᠢ ᠶᠢᠨ ᠫᠢᠩᠫᠠᠩ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ

     10 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ 2021 ᠣᠨ ᠤ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠰᠤᠷᠤᠭᠴᠢ ᠶᠢᠨ ᠫᠢᠩᠫᠠᠩ ᠪᠥᠮᠪᠦᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ

ᠬᠥᠬᠡᠬᠤᠲᠠ ᠶᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃

     ᠲᠤᠰ ᠤᠳᠠᠭᠠᠨ ᠤ ᠤᠷᠤᠯᠳᠤᠭᠠᠨ 4 ᠡᠳᠦᠷ ᠶᠠᠪᠤᠭᠳᠠᠵᠤ᠂ 20 ᠵᠢᠩᠬᠢᠨᠢ ᠠᠩᠭᠢ ᠪᠠ ᠲᠤᠰᠬᠠᠶ

ᠮᠡᠷᠭᠡᠵᠢᠯ ᠤᠨ ᠳᠡᠭᠡᠳᠦ ᠰᠤᠷᠭᠠᠭᠤᠯᠢ᠂ 8 ᠳᠤᠮᠳᠠᠳᠤ ᠰᠤᠷᠭᠠᠭᠤᠯᠢ ᠶᠢᠨ 24  ᠲᠥᠯᠦᠭᠡᠯᠡᠭᠴᠢ ᠶᠢᠨ ᠠᠩᠭᠢ᠂

249 ᠲᠠᠮᠢᠷᠴᠢᠨ ᠣᠷᠣᠯᠴᠠᠪᠠ᠃ ᠲᠦᠷᠦᠭᠦᠦ ᠡᠳᠦᠷ ᠤᠨ ᠤᠷᠤᠯᠳᠤᠭᠠᠨ ᠳᠤ ᠲᠤᠰ ᠲᠤᠰ ᠡᠷᠡᠭᠲᠡᠶ ᠡᠮᠡᠭᠲᠡᠶ ᠶᠢᠨ

ᠪᠦᠯᠬᠦᠮ ᠤᠨ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ᠂ ᠵᠢᠩᠬᠢᠨᠢ ᠠᠩᠭᠢᠲᠤ ᠰᠤᠷᠭᠠᠭᠤᠯᠢ ᠶᠢᠨ

ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ

ᠰᠤᠷᠭᠠᠭᠤᠯᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠠᠩᠬᠠᠨ ᠤ

ᠡᠭᠡᠯᠵᠢ ᠶᠢᠨ ᠤᠷᠤᠯᠳᠤᠭᠠᠨ ᠶᠠᠪᠤᠭᠳᠠᠪᠠ᠃

     ᠰᠤᠷᠤᠭᠴᠢ ᠶᠢᠨ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ

     10 ᠰᠠᠷ᠎ᠠ ᠶᠢᠨ 18 ᠤ ᠦᠳᠡ ᠶᠢᠨ ᠡᠮᠦᠨ᠎ᠡ᠂ 2021 ᠣᠨ ᠤ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠰᠤᠷᠤᠭᠴᠢ ᠶᠢᠨ ᠪᠥᠬᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠡᠬᠢᠯᠡᠪᠡ᠃

     ᠤᠷᠤᠯᠳᠤᠭᠠᠨ ᠤ ᠬᠤᠭᠤᠴᠠᠭ᠎ᠠ ᠳᠥᠷᠪᠡᠨ ᠡᠳᠦᠷ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ

ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ

ᠰᠤᠷᠭᠠᠭᠤᠯᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠵᠡᠷᠭᠡ 4 ᠳᠤᠭᠤᠶᠢᠯᠠᠩ  ᠬᠤᠪᠢᠶᠠᠵᠤ᠂ ᠲᠤᠰ ᠲᠤᠰ

ᠡᠷᠡᠭᠲᠡᠶ ᠶᠢᠨ ᠪᠦᠯᠬᠦᠮ᠂ ᠡᠮᠡᠭᠲᠡᠶ ᠶᠢᠨ ᠪᠦᠯᠬᠦᠮ᠂ ᠡᠷᠡᠭᠲᠡᠶ ᠶᠢᠨ ᠬᠤᠪᠢ ᠬᠥᠮᠦᠨ᠂ ᠡᠮᠡᠭᠲᠡᠶ ᠶᠢᠨ ᠬᠤᠪᠢ ᠬᠥᠮᠦᠨ

ᠭᠡᠬᠦ 4 ᠵᠦᠢᠯ ᠤᠨ ᠤᠷᠤᠯᠳᠤᠭᠠᠨ ᠰᠢᠷᠦᠭᠦᠨ ᠶᠠᠪᠤᠭᠳᠠᠪᠠ᠃ ᠡᠨᠡ ᠤᠳᠠᠭᠠᠨ ᠤ ᠤᠷᠤᠯᠳᠤᠭᠠᠨ ᠳᠤ ᠶᠡᠭᠡ

ᠰᠤᠷᠭᠠᠭᠤᠯᠢ ᠶᠢᠨ ᠳᠤᠭᠤᠶᠢᠯᠠᠩ ᠤᠨ 7 ᠲᠥᠯᠥᠭᠡᠯᠡᠭᠴᠢ ᠶᠢᠨ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ

ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ ᠤᠨ 8 ᠲᠥᠯᠦᠭᠡᠯᠡᠭᠴᠢ ᠶᠢᠨ ᠠᠩᠭᠢ᠂

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ 8 ᠲᠥᠯᠦᠭᠡᠯᠡᠭᠴᠢ ᠶᠢᠨ ᠠᠩᠭᠢ᠂ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ 11 ᠲᠥᠯᠦᠭᠡᠯᠡᠭᠴᠢ ᠶᠢᠨ ᠠᠩᠭᠢ ᠵᠡᠷᠭᠡ 34 ᠲᠥᠯᠦᠭᠡᠯᠡᠭᠴᠢ ᠶᠢᠨ ᠠᠩᠭᠢ ᠶᠢᠨ 360

ᠲᠠᠮᠢᠷᠴᠢᠨ ᠣᠷᠣᠯᠴᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map