︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠲᠥᠯᠥᠪᠵᠢᠭᠦᠯᠭᠡ ᠳᠤ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠶᠠᠭᠠᠬᠢᠵᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠶ︖
ᠨᠡᠶᠢᠲᠡᠯᠡᠭᠰᠡᠨ ᠴᠠᠭ᠄
2021/11/26
      ᠥᠪᠥᠷ ᠮᠣᠩᠭᠤᠯ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠡᠭᠦᠷᠭᠡ ᠪᠣᠯ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠢ ᠬᠥᠮᠦᠵᠢᠭᠦᠯᠵᠦ᠂ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠠᠪᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠶᠠᠭᠠᠬᠢᠵᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠶ︖ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ᠄      ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠪᠣᠯ ︽ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠶᠠᠭᠠᠬᠢᠵᠤ ᠬᠥᠮᠦᠵᠢᠭᠦᠯᠬᠦ᠂ ᠬᠡᠨ ᠤ ᠲᠥᠯᠥᠭᠡ ᠬᠥᠮᠦᠵᠢᠭᠦᠯᠬᠦ︾ ᠦᠨᠳᠦᠰᠦᠨ ᠠᠰᠠᠭᠤᠳᠠᠯ ᠤᠨ ᠲᠣᠭᠤᠷᠢᠨ ᠳᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠳᠤᠤᠷᠠᠬᠢ ᠵᠢᠷᠭᠤᠭᠠᠨ ᠲᠠᠯ᠎ᠠ ᠠᠴᠠ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠶ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠪᠠ᠃        ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠢ ᠱᠤᠭᠤᠵᠤ ᠬᠥᠮᠦᠨ ᠢ ᠬᠥᠮᠦᠵᠢᠭᠦᠯᠬᠦ ᠶᠢ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠤᠯᠠᠮ ᠴᠠᠭᠠᠰᠢᠲᠠ ᠴᠢᠩᠭᠠᠳᠬᠠᠵᠤ᠂ ᠰᠤᠷᠭᠠᠨ ᠬᠥᠮᠦᠵᠢᠯ ᠤᠨ ᠹᠷᠣᠨᠲ ᠤᠨ ᠬᠢᠨ ᠤᠨᠤᠯ ᠤᠨ ᠳᠣᠭᠲᠠᠯᠴᠠᠭᠠᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠤᠢᠢᠯᠠᠭᠠᠨ ᠡᠵᠡᠮᠰᠢᠬᠦ ᠶᠢ ᠠᠬᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠤᠯᠠᠮ ᠨᠢᠭᠡ ᠠᠯᠬᠤᠮ ᠨᠢᠭᠡᠳᠬᠡᠨ᠎ᠡ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠦᠭ ᠢ ᠱᠤᠭᠤᠵᠤ ᠬᠥᠮᠦᠨ ᠢ ᠬᠥᠮᠦᠵᠢᠭᠦᠯᠬᠦ ᠪᠠᠷ ᠭᠤᠤᠯ ᠰᠢᠵᠢᠮ ᠪᠣᠯᠭᠠᠵᠤ᠂ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ᠂ ᠵᠢᠭᠠᠨ ᠰᠤᠷᠭᠠᠯᠲᠠ ᠶᠢᠨ ᠳᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ ᠶᠢᠨ ᠬᠠᠮᠲᠤ ᠲᠡᠭᠦᠨ ᠢ ᠰᠤᠷᠤᠭᠴᠢᠳ ᠤᠨ ᠮᠡᠳᠡᠯᠭᠡ ᠶᠢᠨ ᠳᠣᠭᠲᠠᠯᠴᠠᠭ᠎ᠠ᠂ ᠥᠷᠲᠡᠭ ‍ᠤᠨ‌‍ᠲ᠋ᠣᠭᠲᠠᠯᠴᠠᠭ᠎ᠠ ᠪᠣᠯᠭᠠᠨ ᠪᠦᠲᠦᠮᠵᠢᠲᠡᠶ ᠬᠤᠪᠢᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠳᠤ ᠠᠭᠤᠰᠬᠠᠬᠤ ᠶᠢ ᠦᠷᠭᠦᠯᠵᠢᠯᠡᠨ ᠠᠬᠢᠭᠤᠯᠵᠤ᠂ ︽ᠪᠥᠬᠦ ᠠᠵᠢᠯᠲᠠᠨ ᠬᠥᠮᠦᠨ ᠢ ᠬᠥᠮᠥᠵᠢᠭᠦᠯᠬᠦ᠂ ᠪᠥᠬᠦ ᠶᠠᠪᠤᠴᠠ ᠳᠤ ᠬᠥᠮᠦᠨ ᠢ ᠬᠥᠮᠥᠵᠢᠭᠦᠯᠬᠦ᠂ ᠪᠥᠬᠦ ᠲᠠᠯ᠎ᠠ ᠪᠠᠷ ᠬᠥᠮᠦᠨ ᠢ ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠮᠡᠷᠭᠡᠵᠢᠯ ᠤᠷ᠎ᠠ ᠴᠢᠳᠠᠪᠤᠷᠢ ᠶᠢᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠵᠡᠷᠭᠡ ᠡᠯ᠎ᠡ  ᠭᠤᠭᠴᠤᠭᠠᠨ ᠳᠤ ᠠᠭᠤᠰᠬᠠᠨ᠎ᠠ᠃      ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠷᠢᠨ ᠭᠦᠢᠴᠡᠳ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠳᠡᠵᠦ᠂ ᠰᠤᠷᠤᠭᠴᠢᠳ ᠤᠨ ᠵᠥᠪ ᠣᠨᠣᠪᠴᠢᠲᠠᠢ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠬᠦᠴᠦᠯᠡᠨ ᠬᠥᠮᠦᠵᠢᠭᠦᠯᠵᠦ᠂ ᠪᠠᠭᠰᠢ ᠰᠤᠷᠤᠭᠴᠢᠳ ᠢ ᠬᠦᠲᠦᠯᠦᠨ ᠵᠢᠯᠣᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠰᠠᠯᠵᠤ ᠴᠢᠳᠠᠰᠢ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠣᠯᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠬᠤ ᠣᠨᠣᠯᠵᠢᠬᠤᠨ ᠢ ᠭᠦᠨ ᠦᠨᠳᠦᠰᠦᠯᠡᠭᠦᠯᠦᠨ᠎ᠡ᠃      ᠭᠤᠷᠪᠠ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ ᠥᠬᠡᠶ ᠳᠡᠯᠭᠡᠷᠡᠭᠦᠯᠦᠨ ᠲᠦᠭᠡᠮᠡᠯᠵᠢᠭᠦᠯᠵᠦ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠣᠯ ᠤᠯᠤᠰ ᠤᠨ ᠡᠷᠬᠡ ᠮᠡᠳᠡᠯ ᠤᠨ ᠪᠡᠯᠭᠡᠳᠡᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠦᠨᠳᠦᠰᠦᠨ ᠬᠠᠤᠯᠢ ᠳᠤ ᠲᠣᠭᠲᠠᠭᠠᠭᠰᠠᠨ ᠬᠠᠷᠢᠭᠤᠴᠠᠯᠭ᠎ᠠ ᠡᠭᠦᠷᠭᠡ ᠭᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠥᠬᠦ ᠬᠦᠴᠦᠨ ᠢᠶᠠᠷ ᠪᠠᠲᠤᠯᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠬᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠦᠨᠳᠦᠰᠦᠨ ᠳᠤ ᠪᠠᠨ ᠡᠵᠡᠮᠰᠢᠬᠦ ᠪᠠ ᠬᠡᠷᠡᠭᠯᠡᠬᠦ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠣᠯᠪᠠᠰᠤᠷᠠᠩᠭᠤᠶ ᠡᠵᠡᠮᠰᠢᠬᠦ ᠪᠠ ᠬᠡᠷᠡᠭᠯᠡᠬᠦ ᠶᠢ ᠪᠡᠶᠡᠯᠡᠭᠦᠯᠦᠨ᠎ᠡ᠃      ᠳᠥᠷᠪᠡ ᠳᠤ᠂ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠤᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦᠯᠢ ᠴᠣᠭᠴᠠ ᠢ ᠵᠣᠯᠭᠠᠭᠤᠯᠬᠤ᠂ ᠰᠢᠨᠵᠢᠯᠡᠭᠡᠨ ᠤ  ᠰᠠᠯᠠᠭᠠᠨ ᠤ ᠪᠠᠶᠢᠭᠤᠯᠤᠯᠲᠠ᠂ ᠬᠢᠴᠢᠶᠡᠯ ᠤᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠵᠡᠷᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠬᠤ᠂ ᠡᠷᠭᠢᠭᠦᠯᠭᠡᠨ ᠬᠡᠯᠪᠡᠷᠢ ᠪᠠᠷ ᠳᠡᠭᠡᠭᠰᠢᠯᠡᠭᠦᠯᠬᠦ ᠵᠠᠷᠴᠢᠮ ᠶᠣᠰᠤ ᠪᠠᠷ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠬᠠᠷᠠᠯᠲᠠ ᠳᠤ ᠨᠢᠭᠡ ᠴᠣᠭᠴᠠᠵᠢᠭᠤᠯᠤᠭᠰᠠᠨ ᠵᠢᠷᠤᠭ ᠲᠥᠯᠥᠪᠯᠡᠭᠡ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠤᠯ ᠠᠭᠤᠯᠭ᠎ᠠ ᠪᠠᠨ ᠪᠣᠯᠭᠠᠭᠰᠠᠨ ᠦᠵᠡᠯ ᠰᠠᠨᠠᠭ᠎ᠠ ᠤᠯᠤᠰ ᠲᠥᠷᠥ ᠶᠢᠨ ᠣᠨᠴᠠᠯᠢᠭᠲᠤ ᠬᠢᠴᠢᠶᠡᠯ ᠤᠨ ᠴᠤᠭᠯᠠᠷᠠᠯ ᠢ ᠬᠦᠴᠦᠯᠡᠨ ᠪᠠᠶᠢᠭᠤᠯᠤᠨ᠎ᠠ︔ ᠪᠤᠢ ᠪᠦᠬᠦᠢ ᠬᠢᠴᠢᠶᠡᠯ ᠤᠨ ᠬᠥᠮᠦᠨ ᠢ ᠬᠥᠮᠦᠵᠢᠭᠦᠯᠬᠦ ᠴᠢᠳᠠᠮᠵᠢ ᠶᠢ ᠤᠯᠠᠮ ᠴᠠᠭᠠᠰᠢᠲᠠ ᠠᠭᠤᠳᠠᠯᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠪᠣᠯᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ᠂ ᠬᠢᠴᠢᠶᠡᠯ ᠤᠨ ᠰᠤᠷᠭᠠᠨ ᠬᠥᠮᠦᠵᠢᠯ ᠪᠣᠯᠤᠨ ᠬᠢᠴᠢᠶᠡᠯ ᠤᠨ ᠭᠠᠳᠠᠨᠠᠬᠢ ᠰᠤᠷᠭᠠᠨ ᠬᠥᠮᠦᠵᠢᠯ ᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠡᠯ᠎ᠡ ᠲᠦᠷᠦᠯ ᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ ᠪᠣᠯᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠢᠵᠢᠯ ᠴᠢᠭᠯᠡᠯ ᠢᠵᠢᠯ ᠠᠯᠬᠤᠮ ᠢᠶᠠᠷ ᠵᠡᠷᠭᠡ ᠪᠠᠷ ᠶᠠᠪᠤᠭᠳᠠᠭᠤᠯᠵᠤ᠂ ᠬᠠᠮᠵᠢᠯᠴᠠᠨ ᠬᠥᠮᠦᠨ ᠢ ᠬᠥᠮᠦᠵᠢᠭᠦᠯᠬᠦ ᠦᠢᠯᠡᠳᠦᠯ ᠢ ᠪᠦᠷᠢᠯᠳᠦᠭᠦᠯᠦᠨ᠎ᠡ᠃      ᠲᠠᠪᠤ ᠳᠤ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠳᠣᠭᠲᠠᠯᠴᠠᠭ᠎ᠠ ᠢ ᠵᠢᠭᠠᠨ ᠰᠤᠷᠭᠠᠯᠲᠠ ᠶᠢᠨ ᠳᠣᠭᠲᠠᠯᠴᠠᠭ᠎ᠠ᠂ ᠵᠢᠭᠠᠬᠤ ᠮᠠᠲ᠋ᠧᠷᠢᠶᠠᠯ ᠤᠨ ᠳᠣᠭᠲᠠᠯᠴᠠᠭ᠎ᠠ᠂ ᠬᠠᠮᠢᠶᠠᠷᠤᠯᠲᠠ ᠶᠢᠨ ᠳᠣᠭᠲᠠᠯᠴᠠᠭᠠᠨ ᠳᠤ ᠲᠤᠭᠤᠰᠢᠯᠠᠭᠤᠯᠬᠤ ᠶᠢ ᠠᠬᠢᠭᠤᠯᠵᠤ᠂ ᠪᠠᠭᠰᠢ ᠰᠤᠷᠤᠭᠴᠢᠳ ᠨᠡᠶᠢᠲᠡᠯᠢᠭ ᠴᠢᠨᠠᠷ ᠢᠶᠠᠨ ᠨᠡᠮᠡᠭᠳᠡᠭᠦᠯᠬᠦ᠂ ᠵᠥᠷᠢᠶᠡᠲᠦ ᠴᠢᠨᠠᠷ ᠢ ᠬᠦᠨᠳᠦᠳᠬᠡᠬᠦ ᠪᠠ ᠪᠠᠭᠲᠠᠭᠠᠬᠤ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ ᠢ ᠪᠠᠷᠢᠮᠲᠠᠯᠠᠬᠤ ᠶᠢ ᠬᠦᠲᠦᠯᠦᠨ ᠵᠢᠯᠣᠭᠤᠳᠴᠤ᠂ ᠳᠤᠮᠳᠠᠳᠤ ᠶᠢᠨ ᠰᠣᠶᠣᠯ ᠪᠣᠯᠤᠨ ᠡᠯ᠎ᠡ ᠦᠨᠳᠦᠰᠦᠲᠡᠨ ᠤ ᠰᠣᠶᠣᠯ ᠤᠨ ᠬᠠᠷᠢᠴᠠᠭ᠎ᠠ ᠶᠢ ᠵᠥᠪ ᠡᠵᠡᠮᠳᠡᠵᠦ᠂ ᠨᠡᠶᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠡᠵᠡᠮᠳᠡᠵᠦ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠭ᠎ᠠ ᠶᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠪᠠᠷ ᠬᠦᠲᠦᠯᠦᠨ ᠳᠠᠭᠠᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠭᠰᠠᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠳᠣᠭᠲᠠᠯᠴᠠᠭ᠎ᠠ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠠᠶᠢᠭᠤᠯᠤᠨ᠎ᠠ᠃      ᠵᠢᠷᠭᠤᠭ᠎ᠠ ᠳᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠴᠢᠩᠭᠠᠳᠬᠠᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠰᠤᠷᠭᠠᠭᠤᠯᠢ ᠳᠤ ︽ᠡᠳᠦᠷ ᠪᠦᠷᠢ ᠨᠢᠭᠡ ᠴᠠᠭ ᠪᠣᠯᠪᠠᠰᠤᠷᠠᠵᠤ᠂ ᠭᠠᠷᠠᠭ ᠪᠦᠷᠢ ᠨᠢᠭᠡ ᠬᠢᠴᠢᠶᠡᠯ ᠲᠠᠢ ᠪᠠᠶᠢᠬᠤ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠤᠷᠤᠭᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠨᠢᠭᠡ ᠴᠠᠭ ᠣᠷᠣᠯᠴᠠᠬᠤ ᠶᠢ ᠬᠥᠲᠥᠯᠦᠨ ᠵᠢᠯᠣᠭᠤᠳᠴᠤ ᠠᠬᠢᠭᠤᠯᠤᠨ᠂ ︽ᠡᠷᠡᠭᠦᠯ ᠮᠡᠨᠳᠦ ᠶᠢᠨ ᠮᠡᠳᠡᠯᠭᠡ + ᠦᠨᠳᠦᠰᠦᠨ ᠪᠡᠶ᠎ᠡ ᠶᠢᠨ ᠲᠠᠮᠢᠷ ᠤᠨ ᠮᠡᠷᠭᠡᠰᠢᠯ ᠴᠢᠳᠠᠪᠤᠷᠢ + ᠲᠤᠰᠬᠠᠶ ᠪᠡᠶ᠎ᠡ ᠶᠢᠨ ᠲᠠᠮᠢᠷ ᠤᠨ ᠮᠡᠷᠭᠡᠰᠢᠯ ᠴᠢᠳᠠᠪᠤᠷᠢ︾ ᠶᠢᠨ ᠵᠢᠭᠠᠨ ᠰᠤᠷᠭᠠᠯᠲᠠ ᠶᠢᠨ ᠵᠠᠭᠪᠤᠷ ᠢ ᠠᠬᠢᠭᠤᠯᠤᠨ᠎ᠠ︔ ᠰᠤᠷᠤᠭᠴᠢᠳ ᠤᠨ ᠭᠤᠸ᠎ᠠ ᠲᠠᠭᠠᠰᠢᠶᠠᠯ ᠪᠠ ᠬᠥᠮᠦᠨ ᠰᠣᠶᠣᠯ ᠤᠨ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠴᠠᠭ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ︽ᠤᠷᠠᠯᠢᠭ ᠤᠨ ᠰᠠᠭᠤᠷᠢ ᠮᠡᠳᠡᠯᠭᠡ ᠶᠢᠨ ᠦᠨᠳᠦᠰᠦᠨ ᠤᠷ᠎ᠠ ᠴᠢᠳᠠᠪᠤᠷᠢ + ᠤᠷᠠᠯᠢᠭ ᠤᠨ ᠭᠤᠸ᠎ᠠ ᠰᠠᠶᠢᠬᠠᠨ ᠤ ᠣᠶᠢᠯᠠᠭᠠᠯᠲᠠ + ᠤᠷᠠᠯᠢᠭ ᠤᠨ ᠲᠤᠰᠬᠠᠶ ᠣᠨᠴᠠ ᠴᠢᠳᠠᠪᠤᠷᠢ︾ ᠶᠢᠨ ᠵᠢᠭᠠᠨ ᠰᠤᠷᠭᠠᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠤᠨ᠎ᠠ︔ ᠦᠢᠯᠡᠳᠦᠯᠭᠡ ᠪᠠᠷ ᠬᠥᠮᠦᠨ ᠬᠥᠮᠦᠵᠢᠭᠦᠯᠬᠦ ᠶᠢ ᠴᠢᠩᠭᠠᠳᠬᠠᠵᠤ᠂ ᠬᠥᠳᠡᠯᠮᠦᠷᠢ ᠶᠢᠨ ᠰᠤᠷᠭᠠᠨ ᠬᠥᠮᠦᠵᠢᠯ ᠤᠨ ᠵᠠᠪᠠᠯ ᠰᠤᠷᠬᠤ ᠬᠢᠴᠢᠶᠡᠯ ᠢ ᠪᠠᠶᠢᠭᠤᠯᠤᠨ᠂ ︽ᠭᠠᠷᠠᠭ ᠪᠦᠷᠢ ᠨᠢᠭᠡ ᠴᠠᠭ ᠬᠥᠳᠡᠯᠮᠦᠷᠢ ᠶᠢᠨ ᠰᠤᠷᠭᠠᠨ ᠬᠥᠮᠦᠵᠢᠯ ᠤᠨ ᠬᠢᠴᠢᠶᠡᠯ᠂ ᠰᠠᠷ᠎ᠠ ᠪᠦᠷᠢ ᠨᠢᠭᠡ ᠴᠠᠭ ᠬᠥᠳᠡᠯᠮᠦᠷᠢ ᠶᠢᠨ ᠦᠢᠯᠡᠳᠦᠯᠭᠡ ᠶᠢᠨ ᠡᠳᠦᠷ︾ ᠢ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠬᠥᠮᠦᠨ ᠢ ᠬᠥᠮᠦᠵᠢᠭᠦᠯᠬᠦ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠂ ᠰᠤᠷᠭᠠᠭᠤᠯᠢ ᠪᠠᠷ ᠭᠤᠤᠯ ᠤᠳᠤᠷᠢᠳᠤᠮᠵᠢ ᠪᠣᠯᠭᠠᠭᠰᠠᠨ᠂ ᠬᠡᠷ ᠪᠦᠯᠢ ᠪᠠᠷ ᠰᠠᠭᠤᠷᠢ ᠪᠣᠯᠭᠠᠭᠰᠠᠨ᠂ ᠨᠡᠶᠢᠭᠡᠮ ᠠᠴᠠ ᠲᠤᠯᠭᠠᠭᠤᠷᠢᠯᠠᠭᠰᠠᠨ ︽ᠬᠥᠳᠡᠯᠮᠦᠷᠢ +︾ ᠵᠠᠭᠪᠤᠷ ᠢ ᠪᠠᠶᠢᠭᠤᠯᠵᠤ᠂ ᠬᠡᠷ ᠪᠦᠯᠢ ᠶᠢᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠡᠳᠦᠷ ᠲᠤᠲᠤᠮ ᠤᠨ ᠠᠵᠢᠯ᠂ ᠰᠤᠷᠭᠠᠭᠤᠯᠢ ᠶᠢᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠳᠦᠷᠢᠮᠵᠢᠭᠦᠯᠦᠯᠲᠡ᠂ ᠨᠡᠶᠢᠭᠡᠮ ᠤᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map