︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠲᠥᠯᠥᠪᠵᠢᠭᠦᠯᠭᠡ ᠳᠤ ᠮᠠᠨ ᠤ ᠣᠷᠣᠨ ᠤ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠬᠡᠷᠬᠢᠨ ᠲᠥᠯᠦᠪᠵᠢᠭᠦᠯᠦᠭᠰᠡᠨ ᠪᠣᠶ︖
ᠨᠡᠶᠢᠲᠡᠯᠡᠭᠰᠡᠨ ᠴᠠᠭ᠄
2021/11/29
     ᠠᠷᠠᠳ ᠤᠨ ᠰᠦᠯᠵᠢᠶᠡᠨ ᠤ ᠰᠤᠷᠪᠤᠯᠵᠢᠯᠠᠭᠴᠢ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠠᠴᠠ᠂ ᠡᠯᠢᠭᠡᠨ ᠬᠠᠳᠠᠨ ᠳᠤ ᠦᠨᠳᠦᠰᠦ ᠭᠦᠨ ᠬᠠᠳᠬᠤᠬᠤ ᠡᠷᠡᠰ ᠪᠠᠷᠢᠮᠲᠠᠯᠠᠯ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠷᠭᠠᠨ ᠬᠥᠮᠦᠵᠢᠯ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠰᠢᠢᠳᠪᠦᠷᠢᠯᠡᠬᠦ ᠴᠢᠨᠠᠷᠲᠠᠶ ᠠᠴᠢ ᠬᠤᠯᠪᠣᠭᠳᠠᠯ ᠲᠠᠢ ᠦᠢᠯᠡᠰ ᠮᠥᠨ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠮᠠᠨ ᠤ ᠣᠷᠣᠨ ᠤ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠬᠡᠷᠬᠢᠨ ᠲᠥᠯᠦᠪᠵᠢᠭᠦᠯᠦᠭᠰᠡᠨ ᠪᠣᠶ︖ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠴᠧᠩ ᠲᠤᠤ᠄      ᠴᠢᠨᠠᠷᠯᠢᠭ ᠰᠤᠷᠭᠠᠨ ᠬᠥᠮᠦᠵᠢᠯ ᠢ ᠥᠳᠲᠡᠷ ᠲᠦᠷᠭᠡᠨ ᠬᠥᠭᠵᠢᠭᠦᠯᠵᠦ᠂  ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ ᠭᠤᠣᠯᠳᠠᠯᠭᠠᠲᠠᠢ ᠡᠭᠦᠷᠭᠡ ᠪᠣᠯᠤᠨ᠎ᠠ᠃ ᠡᠨᠡ ᠪᠣᠯ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠢᠴᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠠᠷᠭᠠᠭᠰᠠᠨ ᠰᠢᠰᠲ᠋ᠧᠮᠲᠡᠢ ᠲᠤᠬᠢᠷᠠᠭᠤᠯᠤᠯᠳᠠ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠣᠷᠣᠨ ᠤ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠬᠤ ᠶᠢᠨ ᠭᠤᠤᠯ ᠬᠦᠴᠦᠯᠡᠬᠦ ᠴᠡᠭ ᠨᠢ ᠳᠤᠤᠷᠠᠬᠢ ᠲᠠᠪᠤᠨ ᠲᠠᠯ᠎ᠠ ᠳᠤ ᠪᠣᠶ᠄      ᠨᠢᠭᠡ ᠳᠤ᠂ ᠲᠦᠭᠡᠮᠡᠯ ᠬᠠᠷᠠᠭᠠᠯᠵᠠᠯ ᠪᠠᠷ ᠭᠤᠤᠯ ᠰᠢᠵᠢᠮ ᠪᠣᠯᠭᠠᠵᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠳᠥᠷᠪᠡᠳᠦᠭᠡᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ ᠪᠠᠶᠢᠷᠢᠰᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠬᠡᠦᠬᠡᠳ ᠤᠨ ᠴᠡᠴᠡᠷᠯᠢᠭ ᠡᠷᠬᠢᠯᠡᠬᠦ ᠪᠦᠲᠦᠴᠡ ᠶᠢ ᠲᠣᠬᠢᠷᠠᠭᠤᠯᠤᠨ᠎ᠠ᠃ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠲᠣᠭᠤᠷᠢᠭ ᠲᠠᠬᠢ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠢ ᠬᠢᠨᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠰᠢᠨ᠎ᠡ ᠪᠠᠷ ᠨᠡᠮᠡᠭᠳᠡᠭᠰᠡᠨ ᠬᠥᠮᠦᠨ ᠠᠮᠠ ᠲᠥᠪᠯᠡᠷᠡᠭᠰᠡᠨ ᠭᠠᠵᠠᠷ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠡᠬᠢ ᠪᠠᠶᠠᠯᠢᠭ ᠢ ᠭᠤᠣᠯᠳᠠᠯᠭᠠᠲᠠᠢ ᠥᠷᠭᠡᠳᠬᠡᠨ᠎ᠡ᠃ 2025 ᠣᠨ ᠪᠣᠯᠬᠤ ᠳᠤ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠬᠡᠦᠬᠡᠳ ᠤᠨ ᠴᠡᠴᠡᠷᠯᠢᠭ ᠲᠠᠬᠢ ᠡᠵᠡᠯᠡᠬᠦ ᠬᠠᠷᠢᠴᠠᠯ ᠢ ᠲᠣᠰ ᠲᠣᠰ 85 %᠂ 55 % ᠠᠴᠠ ᠳᠡᠭᠡᠭᠰᠢ  ᠪᠣᠯᠭᠠᠵᠤ ᠲᠣᠭᠲᠠᠪᠤᠷᠢᠵᠢᠭᠤᠯᠤᠨ᠎ᠠ᠃      ᠬᠤᠶᠠᠷ ᠲᠤ᠂ ᠲᠡᠩᠴᠡᠭᠦᠷᠢᠰᠢᠭᠦᠯᠬᠦ ᠲᠦᠪᠰᠢᠨ ᠢ ᠳᠡᠭᠡᠭᠰᠢᠯᠡᠭᠦᠯᠬᠦ ᠪᠠᠷ ᠭᠤᠤᠯ ᠰᠢᠵᠢᠮ ᠪᠣᠯᠭᠠᠵᠤ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠯᠲᠡ ᠶᠢ ᠮᠤᠵᠢ ᠶᠢᠨ ᠱᠠᠲᠤᠨ ᠳᠤ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠴᠠᠬᠤ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠲᠤᠯᠠᠭᠠᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯᠯᠡᠭᠡ ᠶᠢᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ ᠵᠠᠰᠠᠭ ᠤᠨ ᠣᠷᠳᠣᠨ᠂ ᠰᠤᠷᠭᠠᠭᠤᠯᠢ᠂ ᠬᠡᠷ ᠪᠦᠯᠢ᠂ ᠨᠡᠶᠢᠭᠡᠮ ᠬᠠᠮᠲᠤ ᠪᠠᠷ ᠣᠷᠣᠯᠴᠠᠨ ᠳᠠᠷᠤᠭᠠᠰᠤ ᠶᠢ ᠬᠥᠩᠭᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠪᠠ ᠬᠡᠷ ᠪᠦᠯᠢ ᠶᠢᠨ ᠵᠦᠶ ᠵᠣᠬᠢᠰᠲᠠᠶ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠢᠨᠵᠧᠨᠧᠷᠢᠩ ᠪᠣᠯᠤᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠲᠥᠰᠦᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ︽ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ︾᠂ ︽ᠰᠢᠶᠠᠨ ᠤ ᠬᠡᠪᠴᠢᠶᠡᠨ ᠤ ᠴᠢᠨᠠᠷᠯᠢᠭ ᠣᠨᠴᠠᠯᠢᠭᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ︾ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠨ ᠬᠤᠲᠠ ᠬᠥᠳᠡᠭᠡ ᠶᠢᠨ ᠨᠥᠬᠦᠴᠡᠯ ᠪᠠᠷᠤᠭᠲᠠᠶ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢ ᠠᠵᠢᠯ ᠲᠥᠷᠦᠯ ᠢᠶᠠᠷ ᠢᠶᠠᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢᠭᠡ ᠪᠦᠷᠢ ᠠᠳᠠᠭ ᠲᠤ ᠪᠠᠨ 1 ᠴᠢᠨᠠᠷᠯᠢᠭ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠬᠦ ᠶᠢ ᠳᠡᠮᠵᠢᠨ᠎ᠡ᠃      ᠭᠤᠷᠪᠠ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠬᠤ ᠪᠠᠷ ᠭᠤᠤᠯ ᠰᠢᠵᠢᠮ ᠪᠣᠯᠭᠠᠵᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠲᠥᠷᠥᠯ ᠬᠡᠯᠪᠡᠷᠢ ᠶᠢᠨ ᠰᠤᠷᠭᠠᠨ ᠬᠥᠮᠦᠵᠢᠯ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ︽ᠬᠤᠶᠠᠷ ᠲᠤᠶᠢᠯ ᠢ ᠰᠠᠶᠢᠲᠤᠷ ᠬᠠᠮᠢᠶᠠᠷᠬᠤ᠂ ᠳᠤᠮᠳᠠᠬᠢ ᠶᠢ ᠳᠦᠷᠢᠮᠵᠢᠭᠦᠯᠬᠦ᠂ ᠨᠣᠮ ᠪᠢᠴᠢᠭ ᠪᠠ ᠭᠡᠷᠡᠴᠢ ᠲᠡᠮᠳᠡᠭ ᠢ ᠠᠭᠤᠰᠬᠠᠨ ᠬᠡᠷᠡᠭᠯᠡᠬᠦ᠂ ᠰᠤᠷᠭᠠᠭᠤᠯᠢ ᠡᠷᠭᠢᠯᠡᠬᠦ ᠶᠢ ᠣᠯᠠᠨ ᠡᠰᠢᠵᠢᠭᠦᠯᠬᠦ︾ ᠵᠠᠷᠴᠢᠮ ᠶᠣᠰᠤ ᠪᠠᠷ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠷᠢᠰᠢᠯᠠᠭᠤᠯᠤᠯᠲᠠ ᠪᠠ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠵᠢᠩᠬᠢᠨᠢ ᠠᠩᠭᠢ ᠵᠡᠷᠭᠡ ᠶᠢᠨ ᠬᠥᠮᠥᠵᠢᠯ ᠢ ᠵᠣᠯᠭᠠᠭᠤᠯᠬᠤ ᠪᠠ ᠨᠡᠪᠲᠡᠷᠡᠭᠦᠯᠦᠨ ᠬᠥᠮᠦᠵᠢᠭᠦᠯᠬᠦ ᠶᠢ ᠰᠦᠪᠡᠭᠴᠢᠯᠡᠨ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠰᠢᠯᠢᠳᠡᠭᠵᠢᠭᠦᠯᠬᠦ ᠠᠵᠢᠯᠯᠠᠭᠠᠨ ᠤ ᠲᠥᠯᠥᠪᠯᠡᠭᠡ ᠪᠠ ︽ᠳᠤᠮᠳᠠ ᠵᠡᠷᠭᠡ ᠶᠢᠨ ᠠᠵᠢᠯ ᠮᠡᠷᠭᠡᠵᠢᠯ︾ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ︽ᠬᠤᠣᠰ ᠥᠨᠳᠥᠷ︾ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠢ ᠮᠡᠷᠭᠡᠵᠢᠯ ᠤᠨ ᠰᠦᠷᠦᠭᠯᠡᠯ ᠢ 3 ᠣᠷᠴᠢᠮ ᠪᠥᠲᠦᠭᠡᠨ ᠪᠠᠶᠢᠭᠤᠯᠬᠤ ᠶᠢ ᠳᠠᠮᠵᠢᠵᠤ᠂ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨᠲᠦ ᠳᠡᠭᠡᠳᠦ ᠵᠡᠷᠭᠡ ᠶᠢᠨ ᠠᠵᠢᠯ ᠮᠡᠷᠭᠡᠵᠢᠯ  ᠤᠨ ᠰᠤᠷᠭᠠᠭᠤᠯᠢ 8 ᠣᠷᠴᠢᠮ ᠪᠠ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨᠲᠦ ᠲᠤᠰᠬᠠᠢ ᠮᠡᠷᠭᠡᠵᠢᠯ ︵ᠰᠦᠷᠦᠭᠯᠡᠯ︶ ᠢ 25 ᠣᠷᠴᠢᠮ ᠪᠦᠲᠦᠭᠡᠨ ᠪᠠᠶᠢᠭᠤᠯᠬᠤ ᠶᠢ ᠳᠠᠮᠵᠢᠨ᠎ᠠ᠃ ᠠᠵᠤ ᠦᠢᠯᠡᠰ ᠬᠢᠭᠡᠳ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠬᠢᠭᠡᠳ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠳᠠᠭᠤᠷᠢᠶᠠᠯ ᠦᠵᠡᠭᠦᠯᠬᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ 8 ᠣᠷᠴᠢᠮ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠥᠨᠳᠥᠷ ᠬᠢᠷᠢ ᠲᠦᠪᠰᠢᠨᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ 20 ᠣᠷᠴᠢᠮ᠂ ᠠᠵᠤ ᠦᠢᠯᠡᠰ ᠬᠢᠭᠡᠳ ᠰᠤᠷᠭᠠᠨ ᠬᠥᠮᠦᠵᠢᠯ ᠢ ᠠᠭᠤᠰᠬᠠᠭᠰᠠᠨ ᠥᠨᠳᠥᠷ ᠬᠢᠷᠢ ᠲᠦᠪᠰᠢᠨᠲᠦ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ 5 ᠣᠷᠴᠢᠮ ᠪᠠᠶᠢᠭᠤᠯᠵᠤ᠂ ᠠᠵᠤ ᠦᠢᠯᠡᠰ ᠬᠢᠭᠡᠳ ᠰᠤᠷᠭᠠᠨ ᠬᠥᠮᠦᠵᠢᠯ ᠢ ᠠᠭᠤᠰᠬᠠᠭᠰᠠᠨ ᠠᠵᠤ ᠠᠬᠤᠶᠢᠯᠠᠯ ᠢ 80 ᠣᠷᠴᠢᠮ    ᠪᠤᠶᠢᠵᠢᠭᠤᠯᠤᠨ᠎ᠠ᠃      ᠳᠥᠷᠪᠡ ᠳᠤ᠂ ᠠᠭᠤᠯᠤᠭᠳᠠᠬᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ᠂ ᠲᠥᠷᠥᠯ ᠬᠤᠪᠢᠶᠠᠨ ᠬᠥᠭᠵᠢᠭᠦᠯᠬᠦ᠂ ᠣᠨᠴᠠᠯᠢᠭ ᠲᠠᠢ ᠡᠷᠬᠢᠯᠡᠬᠦ᠂ ᠥᠨᠳᠥᠷ ᠲᠦᠪᠰᠢᠨ ᠲᠠᠢ ᠡᠷᠬᠢᠯᠡᠬᠦ ᠶᠢ ᠬᠥᠲᠥᠯᠥᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ︽ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭᠠᠨ︾ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠦᠨᠡᠯᠡᠯᠲᠡ ᠪᠠ ᠬᠥᠳᠡᠯᠦᠩᠭᠦᠶ ᠲᠣᠬᠢᠷᠠᠭᠤᠯᠤᠯᠲᠠ ᠶᠢ ᠥᠷᠨᠢᠭᠦᠯᠵᠦ᠂ ᠪᠦᠬᠦ ᠤᠯᠤᠰ ᠤᠨ ᠰᠢᠨᠵᠢᠯᠡᠭᠡᠨ ᠤ ᠰᠠᠯᠠᠭᠠᠨ ᠤ ᠦᠨᠡᠯᠡᠯᠲᠡ ᠠᠴᠠ ᠡᠮᠦᠨ᠎ᠡ 10 % ᠶᠢᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠰᠣᠳᠤᠯᠬᠤ ᠰᠤᠷᠤᠭᠴᠢ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠰᠣᠳᠤᠯᠬᠤ ᠰᠤᠷᠤᠭᠴᠢ ᠬᠥᠮᠦᠵᠢᠭᠦᠯᠬᠦ ᠴᠢᠨᠠᠷ ᠴᠢᠨᠰᠠᠭᠠᠨ ᠤ ᠬᠢᠨᠠᠯᠲᠠ ᠬᠠᠮᠢᠶᠠᠷᠤᠯᠲᠠ ᠶᠢᠨ ᠳᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃ ︽ᠦᠨᠳᠦᠰᠦᠨ ᠠᠩᠭᠢ ᠪᠠᠷ ᠦᠨᠳᠦᠰᠦ ᠪᠣᠯᠭᠠᠬᠤ︾ ᠶᠢ ᠪᠠᠷᠢᠮᠲᠠᠯᠠᠨ᠂ ︽ᠳᠥᠷᠪᠡᠨ ᠡᠭᠡᠭᠦᠯᠦᠨ ᠪᠤᠴᠠᠭᠠᠬᠤ︾ ᠶᠢ ᠠᠬᠢᠭᠤᠯᠵᠤ᠂ ᠰᠢᠨ᠎ᠡ ᠲᠧᠭᠨᠢᠭ ᠤᠨ ᠤᠬᠠᠭᠠᠨ᠂ ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠡᠮᠨᠡᠯᠭᠡ ᠶᠢᠨ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ︽ᠳᠥᠷᠪᠡᠨ ᠰᠢᠨ᠎ᠡ︾ ᠶᠢᠨ ᠰᠣᠯᠪᠢᠴᠠᠨ ᠠᠭᠤᠰᠬᠤ ᠶᠢ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠣᠭᠲᠠᠯᠴᠠᠭ᠎ᠠ ᠪᠠ ᠦᠢᠯᠡᠳᠦᠯᠭᠡ ᠶᠢᠨ ᠲᠠᠪᠴᠠᠩ ᠢ ᠲᠠᠰᠤᠷᠠᠯᠲᠠ ᠥᠬᠡᠶ ᠪᠦᠷᠢᠯᠳᠦᠭᠦᠯᠦᠨ ᠲᠡᠭᠦᠯᠳᠡᠷᠵᠢᠭᠦᠯᠦᠨ᠎ᠡ᠃      ᠲᠠᠪᠤ ᠳᠤ᠂ ᠰᠤᠷᠭᠠᠨ ᠬᠥᠮᠦᠵᠢᠯ ᠤᠨ ᠦᠢᠯᠡᠴᠢᠯᠡᠭᠡᠨ ᠤ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠪᠠᠷ ᠭᠤᠤᠯ ᠰᠢᠵᠢᠮ ᠪᠣᠯᠭᠠᠵᠤ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠭᠤᠤᠯᠯᠠᠬᠤ ᠦᠢᠯᠡᠳᠦᠯ ᠢ ᠪᠠᠳᠠᠷᠠᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠬᠥᠮᠦᠨ ᠢ ᠬᠥᠮᠦᠵᠢᠭᠦᠯᠬᠦ ᠬᠠᠷᠠᠯᠲᠠ᠂ ᠬᠢᠴᠢᠶᠡᠯ ᠤᠨ ᠪᠠᠷᠢᠮᠵᠢᠶ᠎ᠠ᠂ ᠬᠥᠮᠦᠵᠢᠭᠦᠯᠬᠦ ᠲᠥᠰᠦᠯ ᠢ ᠪᠦᠲᠦᠮᠵᠢᠲᠡᠶ ᠵᠣᠯᠭᠠᠭᠤᠯᠵᠤ᠂ ᠨᠠᠰᠤᠨ ᠲᠤᠷᠰᠢᠳᠠ ᠰᠤᠷᠤᠯᠴᠠᠬᠤ ᠶᠢᠨ ᠵᠣᠬᠢᠴᠠᠬᠤ ᠪᠦᠲᠦᠮᠵᠢᠲᠡᠶ ᠠᠷᠭ᠎ᠠ ᠮᠠᠶ᠋ᠢᠭ ᠢ ᠰᠦᠪᠡᠭᠴᠢᠯᠡᠨ᠎ᠡ᠃ ᠦᠷᠭᠦᠯᠵᠢᠯᠡᠯ ᠰᠤᠷᠭᠠᠨ ᠬᠥᠮᠦᠵᠢᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠦᠷᠭᠦᠯᠵᠢᠯᠡᠯ ᠰᠤᠷᠭᠠᠨ ᠬᠥᠮᠦᠵᠢᠯ ᠢ ᠠᠭᠤᠰᠬᠠᠨ ᠬᠥᠭᠵᠢᠭᠦᠯᠬᠦ ᠶᠢ ᠰᠦᠪᠡᠭᠴᠢᠯᠡᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠪᠣᠯᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠵᠡᠷᠭᠡ ᠬᠠᠮᠲᠤᠯᠢᠭ ᠲᠤ ᠬᠠᠨᠳᠤᠭᠤᠯᠤᠨ ᠪᠣᠯᠪᠠᠰᠤᠷᠠᠭᠤᠯᠤᠯ ᠢ ᠥᠷᠨᠢᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠰᠢᠯᠵᠢᠮᠡᠯ ᠬᠥᠳᠡᠯᠮᠦᠷᠢ ᠬᠦᠴᠦᠨ ᠤ ᠪᠣᠯᠪᠠᠰᠤᠷᠠᠭᠤᠯᠤᠯ ᠢ ᠢᠳᠡᠪᠬᠢᠲᠡᠶ ᠰᠠᠶᠢᠲᠤᠷ ᠬᠢᠯᠭᠡᠨ᠎ᠡ᠃ ᠥᠪᠥᠷ ᠮᠣᠩᠭᠤᠯ ᠤᠨ ᠨᠡᠭᠡᠭᠡᠯᠲᠡᠲᠦ ᠶᠡᠭᠡ ᠰᠤᠷᠭᠠᠭᠤᠯᠢ ᠪᠠ ᠡᠯ᠎ᠡ ᠡᠩ ᠤᠨ ᠳᠡᠭᠡᠳᠦ ᠰᠤᠷᠭᠠᠭᠤᠯᠢ ᠳᠤ ᠲᠦᠰᠢᠭᠯᠡᠨ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠰᠦᠯᠵᠢᠶᠡᠨ ᠤ ᠳᠣᠭᠲᠠᠯᠴᠠᠭ᠎ᠠ ᠶᠢ ᠪᠠᠶᠢᠭᠤᠯᠵᠤ᠂ ᠨᠠᠰᠤᠲᠠᠶᠢᠴᠤᠳ ᠤᠨ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠵᠡᠮᠳᠡᠭᠴᠦᠳ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠥᠳᠲᠡᠷ ᠲᠦᠷᠭᠡᠨ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map