ᠰᠤᠷᠭᠠᠨ ᠬᠦᠮᠦᠵᠢᠯ ᠤᠨ ᠲᠤᠮᠳᠠ ᠰᠢᠢᠳᠪᠦᠷᠢᠯᠡᠬᠦ ᠴᠢᠬᠤᠯᠠᠲᠠᠢ ᠬᠡᠳᠦᠨ ᠠᠰᠠᠭᠤᠳᠠᠯ
ᠨᠡᠶᠢᠲᠡᠯᠡᠭᠰᠡᠨ ᠴᠠᠭ᠄
2021/2/22
                                         ᠡ᠊ · ᠤᠷᠠᠩᠭᠤᠸ᠎ᠠ      ᠨᠡᠶᠢᠭᠡᠮ᠂ ᠰᠤᠷᠭᠠᠭᠤᠯᠢ᠂ ᠭᠡᠷ ᠪᠦᠯᠢ ᠭᠤᠷᠪᠠ ᠤᠶᠠᠯᠳᠤᠭᠰᠠᠨ ᠰᠤᠷᠭᠠᠨ ᠬᠦᠮᠦᠵᠢᠯ ᠪᠤᠯ ᠬᠠᠮᠤᠭ ᠤᠨ ᠦᠨᠳᠦᠷ ᠪᠦᠲᠦᠮᠵᠢᠲᠡᠢ ᠰᠤᠷᠭᠠᠨ ᠬᠦᠮᠦᠵᠢᠭᠦᠯᠬᠦ ᠠᠷᠭ᠎ᠠ ᠪᠤᠯᠤᠨ᠎ᠠ ᠭᠡᠳᠡᠭ ᠨᠢ ᠨᠢᠭᠡᠨᠳᠠ ᠨᠤᠲᠠᠯᠠᠭᠰᠠᠨ ᠶᠤᠮ᠃ ᠭᠡᠬᠦ ᠳᠤ ᠪᠠᠨ ︽ᠬᠡᠦᠬᠡᠳ ᠢᠶᠠᠨ ᠬᠦᠮᠦᠨ ᠠᠴᠠ ᠲᠡᠭᠡᠭᠦᠷ ᠶᠠᠪᠤᠭᠤᠯᠤᠨ᠎ᠠ︾ ᠭᠡᠬᠦ ᠬᠦᠰᠡᠯᠡᠩ ᠤᠨ ᠰᠠᠶᠢᠬᠠᠨ ᠳᠤ ᠪᠠᠨ ᠯᠡ ᠰᠢᠢᠳᠦᠭᠰᠡᠨ ᠵᠠᠷᠢᠮ ᠭᠡᠷ ᠤᠨ ᠠᠬᠠᠮᠠᠳ᠂ ︽ᠰᠤᠷᠤᠭᠴᠢᠳ ᠲᠤ ᠪᠠᠨ ᠯᠠᠪ ᠮᠡᠳᠡᠯᠭᠡ ᠡᠵᠡᠮᠰᠢᠭᠦᠯᠦᠨ᠎ᠠ︾ ᠭᠡᠬᠦ ᠬᠦᠰᠡᠯ ᠳᠤ ᠪᠠᠨ ᠯᠠ ᠬᠦᠭᠰᠡᠭᠰᠡᠨ ᠵᠠᠷᠢᠮ ᠪᠠᠭᠰᠢ᠂ ︽ᠬᠦᠮᠦᠨ ᠤ ᠬᠡᠦᠬᠡᠳ ᠨᠠᠳᠡ ᠳᠤ ᠶᠠᠮᠠᠷ ᠬᠠᠮᠢᠶ᠎ᠠ ᠪᠠᠶᠢᠬᠤ ᠪᠤᠢ︾ ᠭᠡᠬᠦ ᠨᠠᠵᠠᠭᠠᠢ ᠰᠡᠳᠬᠢᠴᠡ ᠳᠤ ᠠᠪᠲᠠᠭᠰᠠᠨ ᠨᠠᠶᠢᠭᠡᠮ ᠤᠨ ᠵᠠᠷᠢᠮ ᠭᠡᠰᠢᠬᠦᠨ ᠨᠢ ᠰᠤᠷᠭᠠᠭᠤᠯᠢ᠂ ᠭᠡᠷ ᠪᠦᠯᠢ᠂ ᠨᠡᠶᠢᠭᠡᠮ ᠭᠤᠷᠪᠠ ᠤᠶᠠᠯᠳᠤᠭᠰᠠᠨ ᠰᠤᠷᠭᠠᠨ ᠬᠦᠮᠦᠵᠢᠯ ᠤᠨ ᠲᠣᠭᠲᠠᠴᠠ ᠶᠢ ᠣᠶᠢᠯᠠᠭᠠᠬᠤ ᠦᠭᠡᠢ᠂ ᠦᠨᠠᠮᠰᠢᠭᠦ ᠦᠭᠡᠢ᠂ ᠮᠠᠳᠠᠷᠠᠭᠦ ᠦᠭᠡᠢ᠂ ᠴᠠᠭᠠᠰᠢᠯᠠᠨ ᠲᠡᠭᠦᠨ ᠢ ᠣᠮᠳᠤᠭᠠᠶᠢᠯᠠᠭᠰᠠᠨ ᠠᠴᠠ ᠪᠤᠯᠵᠤ ᠵᠠᠷᠢᠮ ᠰᠤᠷᠤᠭᠴᠢ ᠶᠢᠨ ᠵᠠᠩ ᠠᠷᠠᠨᠰᠢᠨ᠂ ᠦᠵᠡᠯ ᠰᠡᠳᠬᠢᠯᠭᠡ᠂ ᠣᠶᠣᠨ ᠰᠠᠨᠠᠭᠠᠨ ᠤ ᠲᠠᠯ᠎ᠠ ᠳᠤ ᠭᠠᠵᠢ ᠦᠵᠡᠭᠳᠡᠯ ᠢᠯᠠᠷᠠᠳᠡᠭ ᠪᠠᠶᠢᠨ᠎ᠠ᠃     ᠠᠰᠠᠭᠤᠳᠠᠯ ᠨᠢᠭᠡ᠂ ᠭᠡᠷ ᠪᠦᠯᠢ ᠶᠢᠨ ᠰᠤᠷᠭᠠᠨ ᠬᠦᠮᠦᠵᠢᠯ      ᠭᠡᠷ ᠤᠨ ᠠᠬᠠᠮᠠᠳ ᠴᠦᠮ ᠦᠷ᠎ᠡ ᠬᠡᠦᠭᠡᠳ ᠢᠶᠠᠨ ᠣᠯᠠᠨ ᠤ ᠲᠣᠳᠤᠷ᠎ᠠ ᠣᠳᠤ ᠰᠣᠳᠤ ᠪᠣᠯᠵᠦ ᠭᠢᠯᠠᠯᠵᠠᠵᠦ ᠶᠠᠪᠤᠬᠤ ᠶᠢ ᠬᠦᠰᠡᠨ ᠡᠷᠡᠮᠡᠯᠵᠡᠳᠡᠭ ᠨᠢ ᠯᠠᠪ᠃ ᠭᠡᠬᠦ ᠳᠤ ᠪᠠᠨ ᠵᠠᠷᠢᠮ ᠭᠡᠷ ᠤᠨ ᠠᠬᠠᠮᠠᠳ ᠭᠡᠷ ᠪᠦᠯᠢ ᠶᠢᠨ ᠰᠤᠷᠭᠠᠨ ᠬᠦᠮᠦᠵᠢᠯ ᠤᠨ ᠴᠢᠬᠤᠯᠠ ᠴᠢᠨᠠᠷ ᠢ ᠣᠶᠢᠯᠠᠭᠠᠬᠤ ᠦᠭᠡᠢ ᠬᠠᠷ᠎ᠠ ᠪᠠᠯᠠᠢ ᠪᠠᠷ ᠰᠤᠷᠭᠠᠭᠤᠯᠢ ᠳᠤ ᠨᠠᠶᠢᠳᠠᠵᠦ᠂ ︽ᠬᠡᠦᠬᠡᠳ ᠤᠨ ᠢᠶᠠᠨ ᠳᠠᠰᠬᠠᠯ ᠪᠡᠶᠡᠯᠡᠭᠦᠯᠦᠭᠰᠠᠨ ᠪᠠᠶᠢᠳᠠᠯ ᠢ ᠪᠠᠶᠢᠴᠠᠭᠠᠵᠦ ᠦᠵᠡᠭᠡᠷᠡᠢ︾ ᠭᠡᠬᠦ ᠪᠠᠭᠰᠢ ᠶᠢᠨ ᠨᠠᠶᠢᠳᠠᠯᠭ᠎ᠠ ᠶᠢᠨ ᠬᠠᠷᠢᠭᠤ ᠳᠤ ︽ᠪᠢ ᠥᠪᠡᠰᠤᠪᠠᠨ ᠲᠠᠰᠬᠠᠯ ᠢ ᠨᠢ ᠵᠠᠰᠠᠴᠢᠬᠠᠬᠤ ᠶᠤᠮ ᠪᠣᠯ ᠪᠠᠭᠰᠢ ᠪᠠᠷ ᠶᠠᠭᠤ ᠬᠢᠬᠦ ᠪᠤᠢ︖︾ ᠭᠡᠵᠤ ᠮᠣᠵᠢᠭᠤᠳᠠᠯᠠᠵᠤ ᠪᠠᠶᠢᠳᠠᠭ᠃      ᠮᠣᠩᠭᠤᠯ ᠬᠠᠭᠤᠴᠢ ᠦᠭᠡᠨ ᠳᠤ ︽ᠬᠡᠯᠲᠡᠩ ᠭᠡᠬᠦᠦ ᠠᠴᠠ ᠱᠤᠪᠳᠤᠩ ᠤᠨᠠᠭ᠎ᠠ︾ ᠭᠡᠳᠡᠭ᠃ ᠵᠠᠷᠢᠮ ᠬᠡᠦᠭᠡᠳ ᠲᠦᠯᠭᠡᠭᠡᠨ ᠠᠪᠤᠷᠢ ᠲᠠᠢ᠂ ᠡᠨᠡᠷᠢᠩᠭᠦᠢ ᠵᠠᠩ ᠲᠠᠢ ᠪᠣᠯᠵᠤ ᠬᠦᠮᠦᠵᠢᠭᠳᠡᠬᠦ ᠳᠤ᠂ ᠵᠠᠷᠢᠮ ᠭᠡᠤᠭᠡᠳ ᠨᠢ ᠭᠦᠳᠦᠰ ᠵᠦᠷᠢᠭᠦᠳ᠂ ᠵᠣᠵᠢᠭ᠂ ᠠᠮᠢ ᠬᠤᠪᠢᠨᠴᠢᠷ ᠵᠠᠩ ᠲᠠᠢ ᠪᠣᠯᠵᠦ ᠥᠰᠳᠡᠭ᠃ ᠡᠳᠡᠭᠡᠷ ᠵᠠᠩ ᠠᠷᠠᠨᠰᠢᠨ ᠭᠡᠷᠬᠢᠨ ᠪᠦᠷᠢᠯᠳᠤᠳᠡᠭ ᠪᠤᠢ︖ ᠡᠨᠡ ᠨᠢ ᠲᠡᠭᠦᠨ ᠤ ᠭᠡᠷ ᠪᠦᠯᠢ ᠶᠢᠨ ᠣᠷᠴᠢᠨ᠂ ᠭᠡᠷ ᠪᠦᠯᠢ ᠶᠢᠨ ᠰᠤᠷᠭᠠᠯ ᠲᠠᠢ ᠢᠯᠡᠳᠳᠡ ᠬᠤᠯᠪᠤᠭᠳᠠᠬᠤ ᠨᠢ ᠵᠠᠶᠢᠯᠠᠰᠢ ᠦᠭᠡᠢ᠃ ᠡᠳᠤᠷᠵᠢᠨ ᠬᠠᠷᠢᠶᠠᠯ ᠤᠷᠤᠰᠬᠠᠳᠠᠭ ᠠᠪᠤ ᠡᠵᠢ ᠠᠴᠠ ᠬᠠᠷᠢᠶᠠᠯ ᠮᠡᠳᠡᠬᠦ ᠦᠭᠡᠢ ᠬᠡᠦᠬᠡᠳ ᠯᠠᠪ ᠭᠠᠷᠬᠤ ᠦᠭᠡᠢ᠂ ᠥᠭᠭᠢᠶᠠᠮᠦᠷᠴᠢ ᠴᠠᠶᠢᠯᠭᠠᠨ ᠵᠠᠩ ᠲᠠᠢ ᠡᠵᠢ᠂ ᠠᠵᠢᠯᠰᠠᠭ ᠲᠦᠯᠭᠡᠭᠡᠨ ᠵᠠᠩ ᠲᠠᠢ ᠠᠪᠤ ᠲᠠᠢ ᠪᠠᠨ ᠦᠰᠦᠭᠰᠡᠨ ᠬᠡᠦᠭᠡᠳ ᠭᠠᠯ ᠮᠣᠭᠠᠢ ᠵᠠᠯᠭᠢᠭᠰᠠᠨ ᠭᠠᠯᠵᠠᠭᠤ ᠠᠪᠤᠷᠢ ᠲᠠᠢ ᠪᠣᠯᠵᠦ ᠬᠦᠮᠦᠵᠢᠭᠳᠡᠬᠦ ᠶᠤᠰᠤ ᠦᠭᠡᠢ᠃      ᠭᠡᠷ ᠪᠦᠯᠢ ᠶᠢᠨ ᠬᠦᠮᠦᠵᠢᠯ ᠳᠤ ᠬᠤᠯᠪᠤᠭᠳᠠᠬᠤ ᠵᠦᠢᠯᠡᠰ ᠢ ᠮᠥᠴᠢᠳ ᠲᠤᠷᠠᠳᠪᠠᠯ᠄      1. ᠬᠡᠷ ᠤᠨ ᠠᠬᠠᠮᠠᠳ ᠪᠣᠯᠤᠭᠰᠠᠳ ᠬᠡᠦᠬᠡᠳ ᠢᠶᠠᠨ ᠨᠢᠯᠬ᠎ᠠ ᠪᠠᠭ᠎ᠠ ᠪᠠᠶᠢᠬᠤ ᠳᠤ ᠨᠢ ᠬᠠᠵᠠᠭᠤ ᠳᠤ ᠨᠢ ᠨᠤᠮ ᠤᠩᠰᠢᠵᠦ ᠪᠠᠶᠢᠭᠰᠠᠨ ᠤᠤ︖      ᠢᠪᠷᠡᠶᠢᠴᠤᠳ ᠬᠡᠦᠬᠡᠳ ᠢᠶᠠᠨ ᠨᠤᠮ ᠤᠩᠰᠢᠭᠤᠯᠵᠦ ᠰᠤᠷᠭᠠᠬᠤ ᠶᠢᠨ ᠲᠦᠯᠦᠭᠡ ᠨᠢᠯᠬ᠎ᠠ ᠪᠠᠭ᠎ᠠ ᠪᠠᠶᠢᠬᠤ ᠳᠤ ᠨᠢ ᠨᠤᠮ ᠤᠨ ᠬᠠᠭᠤᠳᠠᠰᠤᠨ ᠳᠤ ᠪᠠᠯ ᠲᠦᠷᠬᠢᠭᠡᠳ ᠲᠣᠯᠢᠶᠠᠯᠭᠠᠨ᠎ᠠ ᠭᠡᠳᠡᠭ᠃ ᠡᠨᠡ ᠪᠤᠯ ᠨᠤᠮ ᠤᠩᠰᠢᠬᠤ ᠭᠡᠳᠡᠭ ᠡᠶᠢᠮᠦ ᠯᠡ ᠠᠮᠳᠠᠳᠠᠢ ᠪᠠᠶᠢᠳᠠᠭ ᠭᠡᠳᠡᠭ ᠢ ᠨᠢᠯᠬ᠎ᠠ ᠣᠶᠤᠨ ᠳᠤ ᠨᠢ ᠰᠠᠭᠤᠭᠳᠠᠭᠤᠯᠵᠤ ᠪᠠᠶᠢᠭ᠎ᠠ ᠬᠡᠷᠡᠭ᠃      2. ᠬᠡᠷ ᠤᠨ ᠠᠬᠠᠮᠠᠳ ᠪᠣᠯᠤᠭᠰᠠᠳ ᠬᠡᠦᠬᠡᠳ ᠤᠨ ᠢᠶᠠᠨ ᠬᠠᠵᠠᠭᠤ ᠳᠤ ᠭᠠᠷ ᠤᠳᠠᠰᠤ ᠪᠠᠷ ᠣᠯᠠᠨ ᠨᠠᠭᠠᠳᠳᠠᠭ ᠤᠤ︖      ᠭᠡᠷ ᠤᠨ ᠠᠬᠠᠮᠠᠳ ᠪᠣᠯᠤᠭᠰᠠᠨ ᠤ ᠬᠤᠪᠢ ᠳᠤ ᠬᠡᠦᠭᠡᠳ ᠲᠤ ᠪᠠᠨ ᠵᠥᠪ ᠰᠠᠶᠢᠬᠠᠨ ᠦᠵᠡᠯ ᠰᠠᠨᠠᠭᠠᠨ ᠤ ᠬᠦᠮᠦᠵᠢᠯ ᠬᠢᠭᠰᠡᠨ ᠤᠤ︖ ᠥᠪᠡᠰᠤᠪᠠᠨ ᠲᠠᠭᠤᠷᠢᠶᠠᠯ ᠪᠣᠯᠵᠤ ᠲᠠᠭᠠᠭᠤᠯᠤᠭᠠᠳ ᠨᠠᠭᠠᠳᠤᠭᠰᠠᠨ ᠤᠤ︖      ᠬᠡᠷ ᠤᠨ ᠠᠬᠠᠮᠠᠳ ᠤᠨ ᠲᠤᠮᠳᠠ ︽ᠡᠨᠡ ᠬᠡᠦᠬᠡᠳ ᠭᠠᠷ ᠤᠳᠠᠰᠤ ᠪᠠᠷ ᠨᠠᠭᠠᠳᠤᠭᠠᠳ ᠶᠠᠭ ᠰᠠᠯᠬᠤ ᠦᠭᠡᠢ︾ ᠭᠡᠬᠦ ᠶᠠᠷᠢᠶ᠎ᠠ ᠪᠠᠶᠢᠩᠭᠤ ᠰᠤᠨᠤᠰᠳᠠᠳᠠᠬ᠃ ᠲᠡᠭᠡᠬᠦ ᠳᠤ ᠪᠠᠨ ᠰᠢᠨᠵᠢᠯᠡᠭᠡ ᠮᠡᠷᠭᠡᠵᠢᠯ ᠬᠦᠭᠵᠢᠭᠰᠡᠨ ᠥᠨᠦᠳᠦᠷ᠂ ᠭᠡᠷ ᠤᠨ ᠠᠬᠠᠮᠠᠳ ᠤᠨ ᠱᠠᠭᠠᠷᠳᠠᠯᠭ᠎ᠠ ᠳᠤ ᠨᠡᠶᠢᠴᠡᠭᠦᠯᠦᠨ ᠬᠡᠦᠭᠡᠳ ᠰᠠᠭᠠᠳᠠᠭᠤᠯᠬᠤ ᠭᠠᠷ ᠮᠠᠰᠢᠨ ᠴᠦ ᠪᠤᠢ ᠪᠤᠯᠤᠭᠰᠠᠨ ᠪᠠᠶᠢᠨ᠎ᠠ᠃ ᠢᠩᠬᠢᠬᠦ ᠳᠤ ᠵᠠᠯᠠᠭᠤ ᠡᠴᠢᠭᠡ ᠡᠭᠡ ᠨᠢ ᠪᠠᠶ᠎ᠠ ᠠᠮᠠᠷ ᠢᠶᠠᠨ ᠪᠣᠳᠤᠵᠦ ᠬᠡᠦᠬᠡᠳ ᠲᠤ ᠪᠠᠨ ᠲᠡᠭᠦᠨ ᠢ ᠨᠢ ᠠᠪᠴᠦ ᠪᠠᠷᠢᠭᠤᠯᠤᠭᠰᠠᠨ ᠪᠠᠶᠢᠳᠠᠭ᠃ ᠶᠡᠭᠡ ᠪᠠᠷ ᠤᠬᠢᠯᠠᠵᠤ ᠪᠠᠶᠢᠭᠰᠠᠨ ᠬᠡᠦᠬᠡᠳ ᠨᠢ ᠴᠦ ᠨᠠᠭᠠᠳᠤᠮ ᠤᠨ ᠭᠠᠷ ᠤᠳᠠᠰᠤ ᠪᠠᠨ ᠠᠳᠬᠤᠮᠠᠭᠴᠠ ᠤᠬᠢᠯᠠᠬᠤ ᠪᠠᠨ ᠵᠤᠭᠰᠤᠴᠢᠬᠠᠳᠠᠭ᠃ ᠡᠨᠡ ᠨᠢ ᠪᠦᠳᠦᠮᠵᠢᠳᠡᠢ ᠠᠷᠭ᠎ᠠ ᠤᠤ︖ ᠪᠠᠭ᠎ᠠ ᠳᠤ ᠨᠢ ᠭᠠᠷ ᠤᠲᠠᠰᠤ ᠪᠠᠷ ᠰᠠᠭᠠᠳᠠᠭᠤᠯᠵᠤ ᠰᠤᠷᠭᠠᠭᠰᠠᠨ ᠬᠡᠦᠬᠡᠳ ᠴᠢᠨᠢ ᠰᠤᠷᠭᠠᠭᠤᠯᠢ ᠳᠤ ᠰᠠᠭᠤᠭᠰᠠᠨ ᠬᠤᠶᠢᠨ᠎ᠠ ᠪᠠᠨ ᠥᠨᠦᠬᠢ ᠭᠠᠷ ᠤᠳᠠᠰᠤ ᠠᠴᠠ ᠪᠠᠨ ᠰᠠᠯᠵᠦ ᠲᠡᠶᠢᠯᠬᠦ ᠪᠠᠨ ᠪᠤᠯᠢᠵᠦ᠂ ᠲᠠ ᠨᠠᠷ ᠤᠨ ᠰᠡᠳᠬᠢᠯ ᠢ ᠵᠦᠳᠡᠭᠡᠬᠦ ᠪᠤᠯᠤᠨ᠎ᠠ᠃      ᠠᠮᠢᠳᠤᠷᠠᠯ ᠤᠨ ᠲᠤᠮᠳᠠᠬᠢ ᠪᠠᠭᠠᠵᠢ ᠬᠡᠷᠡᠭᠰᠡᠯ ᠨᠢ ᠬᠦᠮᠦᠰ ᠲᠤ ᠠᠪᠴᠦ ᠬᠡᠯᠡᠪᠠᠯ᠂ ᠠᠮᠢᠳᠤᠷᠠᠯ ᠤᠨ ᠪᠠᠶᠠᠨ ᠴᠢᠨᠡᠭᠡᠯᠢᠭ᠂ ᠥᠯᠵᠡᠢ ᠥᠭᠡᠳᠡ ᠲᠠᠢ ᠪᠤᠯᠬᠤ ᠳᠤ ᠲᠤᠰᠠᠯᠠᠬᠤ ᠦᠢᠯᠡᠳᠦᠯ ᠦᠵᠡᠭᠦᠯᠬᠦ ᠬᠠᠪᠰᠤᠷᠤᠮᠵᠢ ᠵᠦᠢᠯ ᠮᠥᠨ᠃ ᠡᠶᠢᠮᠦ ᠠᠴᠠ ᠬᠡᠨ ᠬᠦᠮᠦᠨ ᠴᠦ ᠲᠡᠳᠡᠭᠡᠷ ᠪᠠᠭᠠᠵᠢ ᠭᠡᠷᠡᠭᠰᠡᠯ ᠢ ᠥᠪᠡᠷ ᠤᠨ ᠢᠶᠠᠨ ᠪᠣᠭᠤᠯ ᠪᠣᠯᠭᠠᠵᠦ ᠵᠠᠷᠤᠬᠤ ᠠᠴᠠ ᠪᠢᠰᠢ᠂ ᠲᠡᠭᠦᠨ ᠳᠤ ᠪᠠᠨ ᠪᠣᠭᠤᠯ ᠨᠢ ᠪᠣᠯᠵᠤ ᠵᠠᠷᠤᠭᠳᠠᠵᠦ ᠯᠡ ᠪᠣᠯᠬᠤ ᠦᠭᠡᠢ᠃ ᠭᠠᠷ ᠤᠳᠠᠰᠤ ᠶᠢ ᠴᠦ ᠠᠮᠢᠳᠤᠷᠠᠯ ᠰᠤᠷᠤᠯᠭ᠎ᠠ ᠶᠢᠨ ᠲᠤᠰᠠᠯᠠᠮᠵᠢ ᠪᠣᠯᠭᠠᠨ ᠵᠠᠷᠤᠬᠤ ᠠᠴᠠ ᠪᠢᠰᠢ᠂ ᠲᠡᠭᠦᠨ ᠠᠴᠠ ᠪᠣᠯᠵᠦ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠦᠭᠡᠯᠡᠵᠦ ᠪᠤᠯᠬᠤ ᠦᠭᠡᠢ᠃      3. ᠬᠡᠷ ᠤᠨ ᠠᠬᠠᠮᠠᠳ ᠪᠣᠯᠤᠭᠰᠠᠳ ᠵᠠᠮ ᠬᠠᠷᠢᠯᠴᠠᠭᠠᠨ ᠤ ᠲᠦᠷᠢᠮ ᠢ ᠰᠠᠬᠢᠭᠰᠠᠨ ᠤᠤ︖ ᠬᠡᠦᠬᠡᠳ ᠢᠶᠠᠨ ᠲᠠᠭᠠᠭᠤᠯᠤᠨ ᠤᠯᠠᠭᠠᠨ ᠳ᠋ᠧᠩ ᠢ ᠲᠠᠭᠠᠷᠢᠵᠦ ᠥᠩᠭᠡᠷᠡᠭᠰᠡᠨ ᠤᠳᠠᠭ᠎ᠠ ᠪᠤᠢ ᠤᠤ︖ ᠲᠡᠷᠭᠡᠨ ᠴᠤᠩᠬᠤ ᠪᠠᠷ ᠢᠶᠠᠨ ᠭᠠᠳᠠᠭᠰᠢ ᠶᠠᠭᠤᠮ᠎ᠠ ᠬᠠᠶᠠᠳᠠᠭ ᠤᠤ︖      ᠪᠣᠯᠪᠠᠰᠤᠨ ᠰᠤᠷᠲᠠᠯ᠂ ᠰᠠᠬᠢᠯᠭ᠎ᠠ ᠪᠠᠳᠤᠴᠢ ᠴᠢᠨᠠᠷ ᠲᠠᠢ ᠪᠠᠶᠢᠬᠤ ᠪᠣᠯ ᠬᠦᠮᠦᠨ ᠪᠣᠯᠬᠤ ᠶᠢᠨ ᠦᠨᠳᠦᠰᠦᠨ ᠱᠠᠭᠠᠷᠳᠠᠯᠭ᠎ᠠ ᠮᠥᠨ᠃ ᠭᠡᠷ ᠤᠨ ᠠᠬᠠᠮᠠᠳ ᠤᠨ ᠰᠠᠨᠠᠮᠰᠠᠷ ᠦᠭᠡᠢ ᠪᠤᠶᠤ ᠤᠬᠠᠮᠰᠠᠷ ᠲᠤᠷᠤᠢ ᠠᠴᠠ ᠪᠣᠯᠤᠭᠰᠠᠨ ᠦᠢᠯᠡ ᠠᠵᠢᠯᠯᠠᠭ᠎ᠠ ᠨᠢ ᠬᠡᠦᠬᠡᠳ ᠤᠨ ᠴᠢᠨᠢ ᠬᠠᠤᠯᠢ ᠲᠦᠷᠢᠮ ᠤᠨ ᠲᠤᠬᠠᠢ ᠲᠠᠨᠢᠯᠳᠠ ᠶᠢ ᠲᠤᠷᠤᠭᠰᠢᠯᠠᠭᠤᠯᠵᠦ᠂ ᠬᠤᠵᠢᠮ ᠤᠨ ᠵᠠᠮ ᠬᠠᠷᠢᠯᠴᠠᠭᠠᠨ ᠤ ᠠᠶᠤᠯ ᠲᠦᠭᠰᠢᠭᠦᠷᠢ ᠶᠢ ᠡᠭᠦᠰᠭᠡᠵᠦ ᠮᠡᠳᠡᠬᠦ ᠬᠠᠤᠯᠢ ᠶᠢ ᠰᠠᠬᠢᠬᠤ ᠤᠬᠠᠮᠰᠠᠷ ᠠᠨᠠᠢ᠂ ᠬᠡᠪ ᠪᠣᠯᠪᠠᠰᠤᠷᠠᠯ ᠢᠶᠠᠷ ᠲᠣᠳᠠᠮᠠᠭ ᠠᠷᠠᠳ ᠢᠷᠭᠡᠨ ᠪᠣᠯᠵᠦ ᠮᠡᠳᠡᠨ᠎ᠡ᠃      4. ᠬᠡᠦᠬᠡᠳ ᠤᠨ ᠢᠶᠠᠨ ᠬᠠᠵᠠᠭᠤ ᠳᠤ ᠪᠠᠭᠰᠢ ᠶᠢ ᠨᠢ ᠪᠤᠷᠤᠭᠤᠰᠢᠶᠠᠵᠦ ᠮᠠᠭᠤᠯᠠᠵᠦ ᠥᠩᠭᠡᠷᠡᠭᠰᠡᠨ ᠤᠤ︖      ᠲᠤᠮᠳᠠᠳᠤ ᠰᠤᠷᠭᠠᠭᠤᠯᠢ ᠶᠢᠨ ︽ᠬᠡᠯᠡ ᠪᠢᠴᠢᠭ︾ ᠲᠤ ︽ᠰᠡᠭᠦᠳᠡᠷ︾ ᠭᠡᠬᠦ ᠬᠢᠴᠢᠶᠡᠯ ᠪᠠᠶᠢᠳᠠᠭ᠃ ᠡᠨᠡ ᠬᠦ ᠬᠢᠴᠢᠶᠡᠯ ᠢ ︽ᠬᠡᠦᠬᠡᠳ ᠤᠨ ᠰᠡᠳᠬᠢᠯ ᠳᠤ ᠰᠡᠭᠦᠳᠡᠷ ᠪᠢᠳᠡᠭᠡᠢ ᠲᠤᠰᠬᠠᠭᠠᠷᠠᠢ᠂ ᠲᠡᠳᠡᠨ ᠳᠤ ᠡᠯᠢᠭᠡ ᠪᠦᠳᠦᠨ ᠬᠠᠶᠢᠷ᠎ᠠ ᠶᠢ ᠡᠳ᠋ᠯᠡᠭᠦᠯᠵᠦ ᠪᠠᠶᠢᠭᠠᠷᠠᠢ︾ ᠭᠡᠬᠦ ᠤᠳᠬ᠎ᠠ ᠰᠠᠨᠠᠭ᠎ᠠ ᠶᠢ ᠢᠯᠡᠷᠡᠭᠦᠯᠦᠯ᠎ᠠ ᠭᠡᠵᠦ ᠦᠵᠡᠳᠡᠭ᠃ ᠬᠡᠦᠬᠡᠳ ᠤᠨ ᠰᠡᠳᠬᠢᠯ ᠳᠤ ᠶᠠᠮᠠᠷ ᠨᠢᠭᠡᠨ ᠬᠡᠷᠡᠭ ᠤᠴᠢᠷ ᠪᠤᠶᠤ ᠴᠠᠭᠠᠰᠢᠯᠠᠪᠠᠯ ᠨᠢᠭᠡ ᠦᠭᠡ ᠴᠦ ︽ᠰᠡᠭᠦᠳᠡᠷ︾ ᠦᠯᠡᠳᠡᠭᠡᠵᠦ ᠮᠡᠳᠡᠨ᠎ᠡ᠃ ᠭᠡᠷ ᠤᠨ ᠠᠬᠠᠮᠠᠳ ᠤᠨ ᠲᠤᠷ᠎ᠠ ᠦᠭᠡᠶᠢᠴᠡᠬᠦ ᠳᠤ ᠪᠠᠨ ᠬᠡᠯᠡᠭᠰᠡᠨ ᠪᠠᠭᠰᠢ ᠶᠢᠨ ᠲᠤᠬᠠᠢ ᠨᠢᠭᠡᠨ ᠦᠨᠡᠯᠡᠯᠳᠡ ᠬᠡᠦᠬᠡᠳ ᠤᠨ ᠴᠢᠨᠢ ᠪᠠᠭᠰᠢ ᠶᠢᠨ ᠢᠶᠠᠨ ᠲᠤᠬᠠᠢ ᠰᠠᠭᠤᠭᠳᠠᠯ᠂ ᠣᠶᠢᠯᠠᠭᠠᠯᠳᠠ ᠶᠢ ᠨᠠᠵᠠᠭᠠᠶᠢᠷᠠᠭᠤᠯᠵᠤ᠂ ᠡᠭᠦᠨ ᠤ ᠤᠯᠠᠮ ᠠᠴᠠ ᠪᠠᠭᠰᠢ ᠳᠤ ᠪᠠᠨ ᠲᠤᠷ᠎ᠠ ᠦᠭᠡᠶᠢᠴᠡᠨ᠂ ᠪᠠᠭᠰᠢ ᠶᠢᠨ ᠢᠶᠠᠨ ᠲᠠᠶᠢᠯᠪᠤᠷᠢᠯᠠᠵᠦ ᠶᠠᠷᠢᠵᠦ ᠪᠠᠶᠢᠭ᠎ᠠ ᠮᠡᠳᠡᠯᠭᠡ ᠮᠡᠳᠡᠴᠡ ᠶᠢ ᠠᠩᠬᠠᠷᠤᠨ ᠰᠣᠨᠤᠰᠬᠤ ᠪᠠᠨ ᠪᠣᠯᠢᠵᠦ᠂ ᠬᠡᠦᠬᠡᠳ ᠤᠨ ᠬᠢᠴᠢᠶᠡᠯ ᠰᠤᠷᠤᠯᠭ᠎ᠠ ᠶᠢ ᠨᠥᠯᠦᠭᠡᠯᠡᠵᠦ ᠮᠡᠳᠡᠨ᠎ᠠ᠃      5. ︽ᠪᠠᠭᠰᠢ ᠡ᠂ ᠬᠦᠦ ᠮᠢᠨᠦ ᠦᠭᠡ ᠪᠠᠷ ᠤᠷᠤᠬᠤ ᠦᠭᠡᠢ᠂ ᠲᠠ ᠨᠢᠭᠡ ᠰᠠᠶᠢᠨ ᠬᠡᠯᠡᠭᠡᠳ ᠦᠭ︕︾ ᠭᠡᠵᠦ ᠬᠡᠦᠬᠡᠳ ᠤᠨ ᠢᠶᠠᠨ ᠲᠤᠬᠠᠢ ᠪᠠᠭᠰᠢ ᠳᠤ ᠨᠢ ᠵᠠᠬᠢᠵᠦ ᠦᠩᠭᠡᠷᠡᠭᠰᠡᠨ ᠤᠤ︖      ᠬᠡᠦᠬᠡᠳ ᠲᠤ ᠪᠠᠨ ᠠᠮᠢ ᠨᠠᠰᠤ ᠣᠯᠭᠤᠨ ᠦᠰᠭᠡᠵᠦ ᠭᠦᠮᠦᠵᠢᠭᠦᠯᠦᠭᠰᠡᠨ ᠠᠪᠤ ᠡᠵᠢ ᠶᠢᠨ ᠲᠠᠯᠠᠢ ᠠᠴᠢ ᠶᠢ ᠶᠠᠭᠤ ᠪᠠᠷ ᠵᠦᠢᠷᠯᠡᠯᠳᠡᠢ ᠪᠢᠯᠡ︖ ᠭᠡᠶ᠎ᠡ᠂ ᠠᠯᠳᠠᠨ ᠠᠮᠢ ᠶᠢ ᠨᠢ ᠤᠯᠭᠤᠴᠢᠬᠠᠭᠠᠳ᠂ ᠠᠷᠢᠭᠤᠨ ᠨᠠᠨᠳᠢᠨ ᠰᠤᠷᠭᠠᠯ ᠢᠶᠠᠨ ᠣᠮᠲᠤᠭᠠᠶᠢᠯᠠᠪᠠᠯ ᠠᠪᠤ ᠡᠵᠢ ᠪᠣᠯᠤᠭᠰᠠᠳ ᠤᠨ ᠠᠯᠳᠠᠰᠢ ᠪᠣᠯᠬᠤ ᠨᠢ ᠲᠡᠷᠡ ᠪᠢᠯᠡ ᠤᠤ︕ ᠠᠷᠪᠠᠭᠠᠳ ᠨᠠᠰᠤᠲᠠᠢ ᠬᠡᠦᠬᠡᠳ ᠢᠶᠠᠨ ᠰᠤᠷᠭᠠᠵᠦ ᠬᠦᠮᠦᠵᠢᠭᠦᠯᠵᠦ ᠲᠡᠶᠢᠯᠬᠦ ᠦᠭᠡᠢ ᠪᠣᠯᠴᠢᠬᠠᠪᠠᠯ ᠬᠡᠦᠬᠡᠳ ᠴᠢᠨᠢ ᠬᠤᠷᠢ ᠬᠦᠷᠬᠦ ᠦᠶᠡᠰ ᠬᠡᠷᠬᠢᠨ ᠰᠤᠷᠭᠠᠯᠲᠠᠢ ᠪᠢᠯᠡ︖      ︽ᠨᠡᠶᠢᠭᠡᠮ ᠠᠵᠢᠭᠯᠠᠯᠲᠠ︾ ᠫᠷᠣᠭ᠍ᠷᠠᠮ ᠳᠤ ᠨᠡᠪᠳᠡᠷᠡᠭᠦᠯᠦᠭᠳᠠᠵᠦ ᠪᠠᠶᠢᠭᠰᠠᠨ ᠵᠢᠷᠭᠤᠭᠠᠨ ᠬᠦᠦ ᠥᠰᠭᠡᠵᠦ ᠪᠤᠶᠢᠵᠢᠭᠤᠯᠤᠭᠰᠠᠨ ᠶᠡᠷᠡ ᠭᠠᠷᠤᠭᠰᠠᠨ ᠨᠢᠭᠡᠨ ᠨᠠᠰᠤᠳᠠᠨ᠂ ᠬᠦᠦ ᠳᠤ ᠪᠠᠨ ᠱᠠᠯᠠ ᠶᠢᠨ ᠵᠦᠯᠭᠦᠭᠦᠷ ᠤᠨ ᠡᠰᠢ ᠪᠠᠷ ᠴᠣᠬᠢᠭᠳᠠᠵᠦ ᠪᠠᠶᠢᠭᠰᠠᠨ ᠦᠵᠡᠭᠳᠡᠯ ᠨᠢ ᠬᠡᠦᠬᠡᠳ ᠢᠶᠠᠨ ᠬᠦᠮᠦᠨ ᠪᠣᠯᠭᠠᠨ ᠰᠤᠷᠭᠠᠬᠤ ᠶᠢ ᠬᠢᠴᠢᠶᠡᠬᠦ ᠦᠭᠡᠢ ᠪᠠᠶᠢᠭ᠎ᠠ ᠠᠪᠤ ᠡᠵᠢ ᠳᠤ ᠰᠡᠷᠡᠮᠵᠢ ᠶᠢᠨ ᠲᠤᠬᠢᠶ᠎ᠠ ᠪᠣᠯᠬᠤ ᠪᠤᠰᠤ ᠤᠤ︖      6. ᠬᠡᠦᠬᠡᠳ ᠲᠤ ᠪᠠᠨ ᠣᠯᠠᠨ ᠨᠡᠶᠢᠳᠡ ᠶᠢᠨ ᠲᠠᠯᠠᠪᠤᠷ ᠲᠤ ᠨᠠᠮ ᠵᠢᠮ ᠪᠠᠶᠢᠬᠤ᠂ ᠬᠤᠭ ᠨᠤᠪᠰᠢ ᠶᠢ ᠡᠷᠤᠢ ᠬᠤᠷᠤᠢ ᠦᠭᠡᠢ ᠬᠠᠶᠠᠬᠤ ᠮᠠᠭᠤ ᠰᠤᠷᠲᠠᠯ ᠢ ᠲᠡᠪᠴᠢᠬᠦ ᠲᠤᠬᠠᠢ ᠬᠦᠮᠦᠵᠢᠯ ᠬᠢᠵᠦ ᠥᠩᠭᠡᠷᠡᠭᠰᠡᠨ ᠤᠤ︖      ᠬᠡᠦᠬᠡᠳ ᠤᠨ ᠡᠶᠢᠮᠦᠷᠬᠦᠦ ᠤᠬᠠᠮᠰᠠᠷᠲᠤ ᠴᠢᠨᠡᠷ ᠢ ᠬᠠᠷᠠᠬᠠᠨ ᠪᠠᠭ᠎ᠠ ᠠᠴᠠ ᠨᠢ ᠬᠦᠮᠦᠵᠢᠭᠦᠯᠬᠦ ᠨᠢ ᠬᠤᠵᠢᠮ ᠤᠨ ︽ᠪᠡᠴᠢᠨ ᠪᠠᠭᠰᠢ ᠡ᠊ᠨᠳᠡ ᠬᠦᠷᠳᠡᠯ᠎ᠠ ᠵᠣᠷᠴᠢᠪᠠᠢ︾ ᠭᠡᠵᠦ ᠪᠢᠴᠢᠬᠦ ᠬᠦᠮᠦᠨ ᠢ ᠬᠦᠮᠦᠵᠢᠭᠦᠯᠦᠨ ᠭᠠᠷᠭᠠᠬᠤ ᠠᠴᠠ ᠵᠠᠶᠢᠯᠠᠰᠬᠢᠬᠦ ᠠᠩᠬᠠᠨ ᠤ ᠠᠯᠬᠤᠮ ᠮᠥᠨ᠃      7. ᠬᠡᠦᠬᠡᠳ ᠤᠨ ᠢᠶᠠᠨ ᠬᠠᠵᠠᠭᠤ ᠳᠤ ᠪᠤᠵᠠᠷ ᠪᠤᠯᠬᠢ ᠦᠭᠡ ᠶᠠᠷᠢᠳᠠᠭ ᠤᠤ︖      ᠪᠢ ᠪᠠᠭ᠎ᠠ ᠳᠤ ᠪᠠᠨ ᠴᠤᠭᠤᠷ ᠨᠤᠭᠤᠭ᠎ᠠ ᠢᠳᠡᠬᠦ ᠲᠤᠷ᠎ᠠ ᠦᠭᠡᠢ ᠪᠠᠶᠢᠭᠰᠠᠨ᠂ ᠬᠤᠵᠢᠮ ᠨᠢ ᠡᠨᠡ ᠨᠤᠭᠤᠭ᠎ᠠ ᠶᠢ ᠢᠳᠡᠬᠦ ᠲᠤᠷ᠎ᠠ ᠦᠭᠡᠢ ᠪᠤᠯᠤᠭᠰᠠᠨ ᠰᠢᠯᠳᠠᠭᠠᠨ ᠢᠶᠠᠨ ᠨᠢᠭᠳᠠᠯᠠᠭᠰᠠᠨ ᠴᠢᠨᠢ ︽ᠡᠵᠢ ᠮᠢᠨᠢ ᠴᠤᠭᠤᠷ ᠨᠤᠭᠤᠭ᠎ᠠ ᠢᠳᠡᠳᠡᠭ ᠦᠭᠡᠢ︾ ᠠᠴᠠ ᠪᠤᠯᠤᠭᠰᠠᠨ ᠪᠠᠶᠢᠨ᠎ᠠ᠃ ᠡᠨᠡ ᠪᠤᠯ ᠲᠠᠷᠤᠢ ᠲᠠᠭᠤᠷᠢᠶᠠᠯ ᠤᠨ ᠬᠦᠴᠦᠨ ᠮᠥᠨ᠃ ᠣᠷᠴᠢᠮ ᠤᠨ ᠡᠳᠦᠷ ᠵᠢᠷᠭᠢᠬᠡ ᠳᠤ ᠭᠤᠷᠪᠠ ᠲᠦᠷᠪᠠᠨ ᠨᠠᠰᠤᠳᠡᠢ ᠪᠤᠯᠤᠯᠳᠠᠢ᠂ ᠨᠢᠭᠡᠨ ᠵᠢᠭᠠᠯ ᠬᠦᠦ ᠵᠣᠳᠤᠭ ᠡᠮᠦᠰᠴᠦ ᠠᠬ᠎ᠠ ᠲᠠᠢ ᠪᠠᠨ ᠪᠠᠷᠢᠯᠳᠤᠬᠤ ᠪᠠᠷ ᠣᠪᠤᠷᠵᠢᠭᠤᠨ ᠲᠦᠷᠬᠦ ᠭᠠᠷᠭᠠᠵᠦ ᠪᠠᠶᠢᠭᠰᠠᠨ ᠲᠦᠷᠰᠦ ᠪᠢᠴᠢᠯᠭᠡ ᠲᠠᠮᠵᠢᠭᠳᠠᠵᠤ ᠪᠠᠶᠢᠭᠰᠠᠨ᠂ ᠡᠨᠡ ᠵᠢᠭᠠᠯ ᠬᠦᠦ ᠶᠢᠨ ᠭᠡᠷ ᠤᠨ ᠠᠬᠠᠮᠠᠳ ᠨᠢ ᠪᠦᠬᠡ ᠶᠢᠨ ᠪᠠᠭ᠋ᠠᠳᠠᠨ ᠪᠤᠶᠤ ᠡᠰᠡᠭᠦᠯ᠎ᠠ ᠪᠦᠬᠡᠴᠢᠨ ᠪᠣᠯᠬᠤ ᠨᠢ ᠭᠠᠷᠴᠠᠭ᠎ᠠ ᠦᠭᠡᠢ᠃ ᠬᠠᠷ᠎ᠠ ᠪᠠᠭ᠎ᠠ ᠠᠴᠠ ᠪᠠᠨ ᠦᠵᠡᠵᠦ ᠬᠠᠷᠠᠵᠦ ᠨᠥᠯᠦᠭᠡᠯᠡᠭᠳᠡᠭᠰᠡᠨ ᠦᠭᠡᠢ ᠪᠤᠯ ᠪᠦᠬᠡᠴᠢᠨ ᠬᠦᠮᠦᠨ ᠤ ᠲᠡᠶᠢᠮᠦ ᠤᠪᠣᠷ ᠢ ᠭᠠᠷᠭᠠᠵᠦ ᠴᠦ ᠴᠢᠳᠠᠬᠤ ᠦᠭᠡᠢ ᠨᠢ ᠮᠡᠳᠡᠭᠡᠵᠢ᠃ ᠡᠷᠳᠡᠨ ᠠᠴᠠ ᠠᠭᠰᠠᠨ ︽ᠰᠤᠷᠪᠤᠯᠵᠢᠳᠤ ᠪᠢᠴᠢᠭ ᠤᠨ ᠭᠡᠷ︾ ᠴᠢᠨᠢ ᠴᠦ ᠡᠶᠢᠮᠦᠷᠬᠦᠦ ᠨᠥᠯᠦᠭᠡ᠂ ᠰᠤᠷᠭᠠᠯ ᠬᠦᠮᠦᠵᠢᠯ ᠠᠴᠠ ᠯᠡ ᠤᠯᠠᠮᠵᠢᠯᠠᠭᠳᠠᠵᠤ ᠵᠠᠯᠭᠠᠮᠵᠢᠯᠠᠭᠳᠠᠭᠰᠠᠨ ᠪᠠᠶᠢᠬᠤ ᠡ︕      ᠡᠶᠢᠮᠦ ᠠᠴᠠ ᠭᠡᠷ ᠤᠨ ᠠᠬᠠᠮᠠᠳ ᠤᠨ ᠪᠤᠵᠠᠷ ᠪᠤᠯᠬᠢ ᠦᠭᠡ ᠶᠠᠷᠢᠬᠤ ᠨᠢ ᠬᠡᠦᠬᠡᠳ ᠢᠶᠠᠨ ᠨᠥᠯᠦᠭᠡᠯᠡᠵᠦ᠂ ᠬᠡᠦᠬᠡᠳ ᠨᠢ ᠪᠤᠵᠠᠷ ᠪᠤᠯᠬᠢ ᠦᠭᠡ ᠶᠠᠷᠢᠬᠤ ᠪᠤᠯᠤᠨ᠎ᠠ᠃ ᠬᠡᠦᠬᠡᠳ ᠴᠢᠨᠢ ᠪᠤᠵᠠᠷ ᠪᠤᠯᠬᠢ ᠦᠭᠡ ᠶᠠᠷᠢᠨ ᠨᠥᠬᠦᠳ ᠤᠨ ᠢᠶᠠᠨ ᠲᠤᠷ᠎ᠠ ᠦᠭᠡᠶᠢᠴᠡᠯ ᠢ ᠲᠡᠭᠳᠡᠭᠡᠨ᠎ᠡ᠃ ᠡᠭᠦᠨ ᠤ ᠤᠯᠠᠮ ᠠᠴᠠ ᠵᠢᠭᠰᠢᠵᠦ ᠭᠠᠳᠠᠭᠤᠷᠰᠢᠶᠠᠬᠳᠠᠬᠤ ᠪᠤᠯᠵᠤ ᠁ ᠬᠡᠦᠬᠡᠳ ᠲᠤ ᠴᠢᠨᠢ ᠨᠠᠵᠠᠭᠠᠢ ᠠᠮᠢᠳᠤᠷᠠᠬᠤᠢ ᠶᠢᠨ ᠦᠵᠡᠯᠳᠡ ᠶᠢ ᠪᠤᠢ ᠪᠤᠯᠭᠠᠵᠦ ᠁ ᠠᠮᠢᠳᠤᠷᠠᠯ ᠤᠨ ᠤᠷᠴᠢᠨ ᠤ ᠡᠷᠡᠭᠦᠯ ᠪᠤᠰᠤ ᠠᠭᠤᠷ ᠠᠮᠢᠰᠬᠤᠯ ᠢ ᠪᠦᠷᠢᠯᠳᠤᠭᠦᠯᠦᠨ᠎ᠠ᠃      8. ︽ᠡᠨᠡ ᠬᠦᠦ ᠲᠠᠰᠬᠠᠯ ᠬᠢᠬᠦ ᠠᠴᠠ ᠪᠠᠨ ᠵᠠᠯᠬᠠᠭᠤᠷᠠᠭᠠᠳ ᠡ ᠁︾ ᠭᠡᠵᠦ ᠬᠡᠦᠬᠡᠳ ᠤᠨ ᠢᠶᠠᠨ ᠬᠠᠵᠠᠭᠤ ᠳᠤ ᠶᠠᠷᠢᠵᠦ ᠥᠩᠭᠡᠷᠡᠪᠠ ᠤᠤ︖      ᠣᠳᠤ ᠦᠶ᠎ᠠ ᠶᠢᠨ ᠰᠤᠷᠭᠠᠨ ᠬᠦᠮᠦᠵᠢᠯ ᠤᠨ ᠤᠬᠠᠭᠠᠨᠳᠠᠳ ᠠᠴᠠ ︽ᠬᠡᠦᠬᠡᠳ ᠢᠶᠠᠨ ᠢᠯᠡᠭᠦᠬᠡᠨ ᠮᠠᠭᠳᠠᠵᠦ ᠪᠠᠶᠢᠭᠠᠷᠠᠢ︾ ᠬᠡᠮᠡᠨ ᠭᠡᠷ ᠤᠨ ᠠᠬᠠᠮᠠᠳ᠂ ᠪᠠᠭᠰᠢ ᠨᠠᠷ ᠲᠤ ᠰᠠᠨᠠᠭᠤᠯᠵᠦ ᠪᠠᠶᠢᠳᠠᠭ᠃ ᠵᠠᠷᠢᠮ ᠬᠦᠮᠦᠨ ᠡᠨᠡ ᠬᠦ ᠰᠠᠨᠠᠭᠤᠯᠭ᠎ᠠ ᠶᠢᠨ ᠲᠣᠳᠤᠭᠠᠳᠤ ᠮᠥᠨ ᠴᠢᠨᠠᠷ ᠢ ᠤᠬᠠᠯ ᠦᠭᠡᠢ ᠪᠠᠷ ᠬᠡᠢ ᠬᠤᠭᠤᠰᠤᠨ ᠢᠶᠠᠷ ᠬᠡᠦᠬᠡᠳ ᠢᠶᠠᠨ ᠮᠠᠭᠳᠠᠨ ᠡᠷᠭᠦᠭᠰᠡᠨ ᠢᠶᠠᠷ ᠲᠡᠷᠡ ᠬᠡᠦᠬᠡᠳ ᠨᠢ ᠬᠡᠳᠦ ᠬᠦᠪᠰᠦᠭᠡᠷ ᠬᠠᠭᠤᠳᠠᠮᠴᠢ ᠵᠠᠩ ᠲᠠᠢ ᠪᠤᠯᠵᠤ ᠤᠷᠬᠢᠳᠠᠭ᠃ ᠦᠨᠡᠨ ᠢ ᠬᠡᠯᠡᠬᠦ ᠳᠤ ᠡᠨᠡ ᠬᠦ ︽ᠮᠠᠭᠳᠠᠭᠠᠯ︾ ᠬᠡᠬᠦ ᠦᠭᠡ ᠨᠢ ᠬᠡᠦᠬᠡᠳ ᠲᠤ ᠪᠠᠨ ᠢᠳᠡᠪᠬᠢ ᠰᠤᠷᠠᠭ ᠲᠤᠬᠢᠶ᠎ᠠ ᠲᠠᠮᠵᠢᠭᠤᠯᠵᠦ᠂ ᠲᠡᠳᠡᠨ ᠳᠤ ᠤᠷᠮ᠎ᠠ ᠬᠠᠶᠢᠷᠠᠯᠠᠵᠦ᠂ ᠳᠡᠳᠡᠨ ᠤ ᠢᠳᠡᠪᠬᠢᠵᠢᠯ ᠢ ᠪᠠᠳᠠᠷᠠᠭᠤᠯᠵᠦ ᠪᠠᠶᠢᠭᠠᠴᠢ ᠭᠡᠰᠡᠨ ᠰᠠᠨᠠᠭ᠎ᠠ ᠪᠢᠯᠡ᠃      ᠲᠡᠭᠡᠬᠦ ᠳᠤ ᠭᠡᠷ ᠤᠨ ᠠᠬᠠᠮᠠᠳ ᠤᠨ ᠶᠠᠷᠢᠭᠰᠠᠨ᠂ ︽ᠡᠨᠡ ᠬᠦᠦ ᠲᠠᠰᠬᠠᠯ ᠬᠢᠬᠦ ᠠᠴᠠ ᠪᠠᠨ ᠵᠠᠯᠬᠠᠭᠤᠷᠠᠭᠠᠳ    ᠡ ᠁︾ ᠭᠡᠬᠦ ᠦᠭᠡ ᠴᠢᠨᠢ ᠬᠡᠦᠬᠡᠳ ᠲᠤ ︽ᠪᠢ ᠲᠠᠰᠬᠠᠯ ᠬᠢᠬᠦ ᠠᠴᠠ ᠵᠠᠯᠬᠠᠭᠤᠷᠠᠨ᠎ᠠ︾ ᠬᠡᠬᠦ ᠲᠠᠯᠳᠠ ᠰᠤᠷᠠᠭ ᠲᠤᠬᠢᠶ᠎ᠠ ᠶᠢ ᠬᠠᠩᠭᠠᠵᠦ᠂ ᠡᠭᠦᠨ ᠤ ᠤᠯᠠᠮ ᠠᠴᠠ ᠲᠠᠰᠬᠠᠯ ᠢᠶᠠᠨ ᠨᠠᠩ ᠬᠢᠬᠦ ᠲᠤᠷ᠎ᠠ ᠦᠭᠡᠢ ᠪᠤᠯᠤᠨ᠎ᠠ᠃ ᠬᠠᠷᠢᠨ ᠡᠬᠦᠨ ᠤ ᠡᠰᠡᠷᠭᠦ ᠪᠠᠷ ︽ᠮᠢᠨᠦ ᠬᠦᠦ ᠲᠠᠰᠬᠠᠯ ᠢᠶᠠᠨ ᠲᠤᠩ ᠢᠳᠡᠪᠬᠢᠳᠡᠢ ᠪᠡᠶᠡᠯᠡᠬᠦᠯᠬᠦ ᠪᠤᠯᠤᠭᠰᠠᠨ︾ ︽ᠵᠠᠯᠬᠠᠭᠤᠷᠠᠬᠤ ᠪᠠᠨ ᠪᠠᠶᠢᠭᠰᠠᠨ︾ ᠭᠡᠵᠦ ᠬᠡᠯᠡᠪᠠᠯ ᠬᠡᠦᠬᠡᠳ ᠲᠤ ᠴᠢᠨᠢ ᠨᠢᠭᠡ ᠶᠤᠰᠤᠨ ᠤ ᠢᠳᠡᠪᠬᠢ ᠰᠤᠷᠠᠭ ᠵᠠᠩᠬᠢ ᠪᠤᠯᠵᠦ᠂ ᠬᠡᠦᠬᠡᠳ ᠴᠦ ᠵᠠᠯᠬᠠᠭᠤᠷᠠᠵᠦ ᠬᠤᠶᠢᠷᠭᠤᠰᠢᠬᠤ ᠪᠠᠨ ᠪᠤᠯᠢᠨ᠎ᠠ᠃      ᠡᠶᠢᠮᠦ ᠠᠴᠠ ᠭᠡᠷ ᠤᠨ ᠠᠬᠠᠮᠠᠳ ᠪᠣᠯᠤᠭᠰᠠᠳ ᠥᠪᠡᠷ ᠤᠨ ᠦᠷ᠎ᠡ ᠬᠡᠦᠬᠡᠳ ᠢᠶᠠᠨ ᠨᠡᠩ ᠥᠩᠭᠡ ᠲᠠᠢ᠂ ᠥᠭᠡᠳᠡ ᠲᠠᠢ ᠶᠠᠪᠤᠭᠤᠯᠤᠶ᠎ᠠ ᠬᠡᠪᠡᠯ ᠬᠡᠦᠬᠡᠳ ᠲᠤ ᠪᠠᠨ ᠨᠢᠯᠬ᠎ᠠ ᠪᠠᠭ᠎ᠠ ᠠᠴᠠ ᠨᠢ ᠵᠥᠪ ᠰᠠᠶᠢᠬᠠᠨ ᠬᠦᠮᠦᠵᠢᠯ ᠬᠢᠵᠦ᠂ ᠥᠪᠡᠷ ᠤᠨ ᠴᠢᠨᠢ ᠦᠭᠡ ᠶᠠᠷᠢᠶ᠎ᠠ᠂ ᠦᠢᠯᠡ ᠠᠵᠢᠯᠯᠠᠭ᠎ᠠ᠂ ᠤᠪᠤᠷ ᠪᠠᠶᠢᠳᠠᠯ ᠴᠢᠨᠢ ᠲᠡᠷᠭᠡᠳᠡ ᠴᠢᠨᠢ ᠪᠠᠶᠢᠭ᠎ᠠ ᠦᠷ᠎ᠡ ᠬᠡᠦᠬᠡᠳ ᠤᠨ ᠴᠢᠨᠢ ᠲᠠᠭᠤᠷᠢᠶᠠᠯ ᠪᠤᠯᠤᠨ᠎ᠠ ᠭᠡᠳᠡᠭ ᠢ ᠴᠠᠭ ᠢᠮᠠᠭᠳᠠ ᠠᠩᠬᠠᠷᠬᠤ ᠴᠢᠬᠤᠯᠠ ᠲᠠᠢ᠃      ᠠᠰᠠᠭᠤᠳᠠᠯ ᠬᠤᠶᠠᠷ᠂ ᠨᠡᠶᠢᠬᠡᠮ ᠤᠷᠴᠢᠨ ᠤ ᠰᠤᠷᠭᠠᠨ ᠬᠦᠮᠦᠵᠢᠯ      ᠨᠢᠭᠡ ᠬᠦᠮᠦᠨ ᠤ ᠦᠰᠴᠦ ᠲᠦᠷᠦᠭᠰᠡᠨ ᠣᠷᠴᠢᠨ᠂ ᠨᠠᠶᠢᠵᠠ ᠶᠢᠨ ᠲᠣᠭᠤᠷᠢᠭ᠂ ᠨᠡᠶᠢᠭᠡᠮ ᠤᠨ ᠬᠠᠷᠢᠯᠴᠠᠭ᠎ᠠ ᠶᠠᠪᠤᠯᠴᠠᠭ᠎ᠠ ᠵᠢᠴᠢ ᠠᠮᠢᠳᠤᠷᠠᠯ ᠤᠨ ᠲᠤᠮᠳᠠᠬᠢ ᠤᠴᠠᠷᠠᠯ ᠲᠣᠬᠢᠶᠠᠯᠳᠤᠯ ᠨᠢ ᠬᠦᠮᠦᠨ ᠤ ᠵᠠᠩ ᠠᠷᠠᠨᠰᠢᠨ᠂ ᠠᠮᠢᠳᠤᠷᠠᠬᠤᠢ ᠶᠢᠨ ᠦᠵᠡᠯᠳᠡ ᠶᠢᠨ ᠪᠦᠷᠢᠯᠳᠦᠯ ᠬᠢᠭᠡᠳ ᠲᠤᠷ᠎ᠠ ᠰᠣᠨᠢᠷᠬᠠᠯ ᠵᠡᠷᠭᠡ ᠳᠤ ᠵᠤᠬᠢᠬᠤ ᠨᠥᠯᠦᠭᠡ ᠪᠤᠯᠳᠠᠭ᠃ ᠶᠠᠭᠠᠬᠢᠭᠠᠳ ᠬᠤᠷᠴᠢᠨ ᠨᠤᠳᠤᠭ ᠤᠨ ᠬᠦᠮᠦᠰ ᠠᠷᠠᠳ ᠤᠨ ᠲᠠᠭᠤᠤ᠂ ᠬᠤᠭᠤᠷ ᠤᠨ ᠦᠯᠢᠭᠡᠷ ᠲᠤ ᠣᠨᠴᠠᠭᠠᠢ ᠠᠪᠢᠶᠠᠰᠯᠢᠭ ᠪᠠᠶᠢᠳᠠᠭ ᠪᠤᠢ︖ ᠡᠨᠡ ᠨᠢ ᠲᠠᠷᠤᠢ ᠥᠰᠴᠦ ᠲᠦᠷᠦᠭᠰᠡᠨ ᠨᠡᠶᠢᠭᠡᠮ ᠣᠷᠴᠢᠨ ᠤ ᠨᠥᠯᠦᠭᠡ᠂ ᠰᠤᠶᠤᠯ ᠤᠨ ᠠᠭᠤᠷ ᠠᠮᠢᠰᠬᠤᠯ ᠠᠴᠠ ᠪᠤᠯᠤᠭᠰᠠᠨ ᠨᠢ ᠭᠠᠷᠴᠠᠭ᠎ᠠ ᠦᠭᠡᠢ᠃      ︽ᠤ ᠲᠠᠢ ᠤᠶᠢᠷᠠᠳᠪᠠᠯ ᠴᠠᠶᠢᠷᠠᠨ᠎ᠠ᠂ ᠬᠦ᠋ ᠲᠠᠢ ᠤᠶᠢᠷᠠᠳᠪᠠᠯ ᠬᠠᠷᠠᠯᠠᠨ᠎ᠠ︾ ᠭᠡᠭᠴᠢ ᠪᠠᠷ ︽ᠮᠧᠩᠽᠢ ᠶᠢᠨ ᠡᠬᠡ ᠶᠢᠨ ᠭᠤᠷᠪᠠᠨᠳᠠ ᠨᠡᠭᠦᠭᠰᠡᠨ ᠦᠯᠢᠭᠡᠷ︾ ᠨᠢ ᠨᠡᠶᠢᠭᠡᠮ ᠤᠷᠴᠢᠨ ᠤ ᠬᠦᠮᠦᠨ ᠳᠤ ᠦᠵᠡᠬᠦᠯᠬᠦ ᠨᠥᠯᠦᠭᠡ ᠶᠢᠨ ᠪᠣᠳᠠᠳᠤ ᠲᠤᠰᠬᠠᠯ ᠪᠤᠯᠬᠤ ᠪᠢᠰᠢ ᠤᠤ︖      ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠤᠯ ᠨᠠᠰᠤ ᠪᠠᠭ᠎ᠠ ᠴᠢᠰᠦ ᠰᠢᠩᠬᠡᠨ᠂ ᠵᠥᠪ ᠪᠤᠷᠤᠭᠤ ᠶᠢᠨ ᠲᠤᠬᠠᠢ ᠮᠠᠭᠠᠳᠯᠠᠬᠤ ᠴᠢᠳᠠᠪᠤᠷᠢ ᠳᠤᠯᠢᠮᠠᠭ ᠪᠠᠶᠢᠳᠠᠭ ᠠᠴᠠ ᠥᠩᠭᠡᠪᠴᠢ ᠵᠦᠢᠯ ᠳᠤ ᠠᠮᠠᠷᠬᠠᠨ ᠬᠠᠭᠤᠷᠳᠠᠵᠤ᠂ ᠰᠤᠬᠤᠷ ᠪᠠᠯᠠᠢ ᠪᠠᠷ ᠪᠢᠰᠢᠷᠡᠨ᠂ ᠳᠡᠳᠡᠨ ᠢᠶᠠᠷ ᠲᠠᠭᠤᠷᠢᠶᠠᠯ ᠪᠤᠯᠭᠠᠳᠠᠬ ᠪᠠᠶᠢᠨ᠎ᠠ᠃ ᠡᠨᠡ ᠪᠤᠯ ᠲᠠᠷᠤᠢ ᠨᠡᠶᠢᠭᠡᠮ ᠤᠨ ᠰᠤᠷᠭᠠᠨ ᠬᠦᠮᠦᠵᠢᠯ ᠠᠴᠠ ᠬᠡᠦᠭᠡᠳ ᠪᠠᠭᠠᠴᠤᠳ ᠲᠤ ᠦᠵᠡᠭᠦᠯᠦᠭᠰᠡᠨ ᠨᠠᠵᠠᠭᠠᠢ ᠨᠥᠯᠦᠭᠡ ᠪᠤᠯᠤᠨ᠎ᠠ᠃      ᠲᠡᠭᠡᠪᠡᠯ ᠨᠡᠶᠢᠭᠡᠮ ᠤᠨ ᠰᠤᠷᠭᠠᠨ ᠬᠦᠮᠦᠵᠢᠯ ᠴᠣᠬᠤᠮ ᠶᠠᠮᠠᠷ ᠪᠠᠶᠢᠪᠠᠯ ᠵᠤᠬᠢᠬᠤ ᠪᠤᠢ︖ ᠺᠤᠷᠢᠶᠠ ᠶᠢᠨ ᠲᠧᠯᠸᠢᠰ ᠵᠦᠴᠦᠭᠡ ᠶᠢ ᠣᠯᠠᠨᠳᠠ ᠰᠣᠨᠢᠷᠬᠠᠳᠠᠭ ᠬᠦᠮᠦᠨ ᠲᠡᠳᠡᠭᠡᠷ ᠵᠦᠴᠦᠭᠡ ᠶᠢᠨ ᠤᠬᠠᠭᠤᠯᠬᠤ ᠴᠢᠨᠠᠷ ᠬᠢᠭᠡᠳ ᠰᠤᠷᠭᠠᠨ ᠬᠦᠮᠦᠵᠢᠭᠦᠯᠬᠦ ᠴᠢᠨᠠᠷ ᠢ ᠭᠠᠶᠢᠬᠠᠬᠤ ᠤᠴᠢᠷᠳᠠᠢ᠃ ᠠᠳᠡ ᠵᠦᠴᠦᠭᠡ ᠶᠢᠨ ᠬᠡᠰᠡᠭ ᠦᠵᠡᠭᠳᠡᠯ ᠢ ᠴᠤᠬᠤᠰ ᠲᠤᠷᠠᠳᠪᠠᠯ᠄ ᠠᠮᠢᠳᠤᠷᠠᠯ ᠤᠨ ᠶᠠᠳᠠᠭᠤ ᠬᠦᠴᠢᠷᠳᠡᠯ ᠳᠤ ᠲᠤᠯᠭᠠᠮᠳᠠᠭᠰᠠᠨ ᠨᠢᠭᠡ ᠡᠵᠢ᠂ ᠪᠠᠭ᠎ᠠ ᠰᠤᠷᠭᠠᠭᠤᠯᠢ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠬᠤ ᠭᠡᠵᠦ ᠪᠠᠶᠢᠭ᠎ᠠ ᠬᠦᠦ ᠳᠤ ᠪᠠᠨ ᠱᠠᠬᠠᠢ ᠠᠪᠴᠦ ᠥᠭᠬᠦ ᠵᠤᠭᠤᠰ ᠦᠭᠡᠢ ᠭᠠᠴᠢᠭᠳᠠᠬᠤ ᠳᠤ ᠪᠠᠨ ᠴᠢᠯᠦᠭᠡᠳᠦ ᠲᠡᠯᠭᠡᠭᠦᠷ ᠠᠴᠠ ᠱᠠᠬᠠᠢ ᠬᠤᠯᠠᠭᠠᠶᠢᠯᠠᠭᠠᠳ ᠪᠠᠷᠢᠭᠳᠠᠭᠰᠠᠨ ᠪᠠᠶᠢᠨ᠎ᠠ᠃ ᠲᠡᠭᠡᠬᠦ ᠳᠤ ᠲᠡᠯᠭᠡᠭᠦᠷ ᠤᠨ ᠦᠢᠯᠡᠴᠢᠯᠡᠭᠴᠢ ᠶᠡᠬᠡᠳᠡ ᠠᠭᠤᠷᠯᠠᠵᠦ᠂ ᠲᠡᠷᠡ ᠬᠦᠭᠡᠷᠦᠬᠦᠢ ᠡᠮᠡᠭᠳᠡᠢ ᠶᠢ ᠬᠤᠷᠤᠭᠤ ᠪᠠᠷ ᠵᠢᠭᠠᠨ ᠬᠠᠷᠢᠶᠠᠬᠤ ᠶᠢ ᠵᠠᠪᠳᠤᠳᠠᠯ᠎ᠠ ᠤᠴᠢᠷ ᠢ ᠣᠶᠢᠯᠠᠭᠠᠭᠰᠠᠨ ᠲᠡᠯᠭᠡᠭᠦᠷ ᠤᠨ ᠲᠠᠭᠠᠭᠠᠮᠠᠯ ᠡᠶᠡᠯᠳᠡᠭ ᠢᠶᠠᠷ ᠢᠨᠢᠶᠡᠮᠰᠦᠭᠯᠡᠨ᠄ ︽ᠮᠠᠨ ᠤ ᠳᠡᠯᠭᠡᠭᠦᠷ ᠨᠢ ᠥᠨᠦᠳᠦᠷ ᠶᠠᠭ ᠰᠠᠶ᠋ᠢᠬᠠᠨ ︿ᠠᠵᠠᠳᠡᠢ ᠬᠤᠳᠠᠯᠳᠤᠨ ᠠᠪᠤᠭᠴᠢ﹀ ᠰᠤᠩᠭᠤᠬᠤ ᠬᠦᠳᠡᠯᠭᠡᠭᠡᠨ ᠦᠷᠨᠢᠭᠦᠯᠵᠦ ᠪᠠᠶᠢᠨ᠎ᠠ᠃ ᠲᠠ ᠪᠤᠯ ᠥᠨᠦᠳᠦᠷ ᠤᠨ ᠳᠠᠪᠢᠳᠠᠬᠢ ︿ᠠᠵᠠ ᠲᠠᠢ ᠬᠤᠳᠠᠯᠳᠤᠨ ᠠᠪᠤᠭᠴᠢ﹀ ᠮᠥᠨ︾ ᠭᠡᠳ ᠪᠢᠴᠢᠬᠠᠨ ᠬᠦᠦ ᠳᠤ ᠨᠢ ᠨᠢᠭᠡ ᠬᠤᠤᠰ ᠲᠠᠮᠢᠷ ᠤᠨ ᠱᠠᠬᠠᠢ ᠪᠡᠯᠡᠭᠯᠡᠭᠰᠡᠨ ᠪᠠᠶᠢᠨ᠎ᠠ᠃ ᠡᠨᠡ ᠪᠤᠯ ᠰᠠᠶ᠋ᠢ ᠵᠢᠩᠬᠢᠨᠢ ᠨᠡᠶᠢᠭᠡᠮ ᠣᠷᠴᠢᠨ ᠤ ᠰᠤᠷᠭᠠᠨ ᠬᠦᠮᠦᠵᠢᠯ ᠮᠥᠨ᠃ ᠳᠡᠯᠭᠡᠭᠦᠷ ᠤᠨ ᠲᠠᠭᠠᠭᠠᠮᠠᠯ ᠤᠨ ᠡᠨᠡ ᠬᠦ ᠦᠢᠯᠡ ᠠᠵᠢᠯᠯᠠᠭ᠎ᠠ ᠨᠢ ᠦᠷ᠎ᠡ ᠬᠤᠶᠢᠴᠢ ᠪᠠᠨ ᠡᠷᠡᠭᠦᠯ ᠰᠠᠷᠠᠭᠤᠯ ᠤᠬᠠᠭᠠᠨ ᠲᠠᠢ᠂ ᠨᠡᠶᠢᠬᠡᠮ ᠤᠨ ᠬᠠᠯᠠᠭᠤᠨ ᠲᠤᠯᠠᠭᠠᠨ ᠢ ᠵᠢᠷᠦᠬᠡ ᠪᠠᠷ ᠢᠶᠠᠨ ᠮᠡᠳᠡᠷᠡᠵᠦ ᠲᠡᠶᠢᠯᠦᠭᠰᠡᠨ᠂ ᠰᠡᠳᠬᠢᠯ ᠳᠤ ᠪᠠᠨ ᠰᠡᠪ ᠦᠭᠡᠢ᠂ ᠵᠥᠪ ᠰᠡᠳᠬᠢᠴᠡ ᠲᠠᠢ ᠬᠦᠮᠦᠨ ᠪᠤᠯᠭᠠᠨ ᠬᠦᠮᠦᠵᠢᠭᠦᠯᠬᠦ ᠬᠠᠮᠤᠭ ᠤᠨ ᠨᠠᠨᠳᠢᠨ ᠬᠢᠴᠢᠶᠡᠯ ᠪᠤᠯᠬᠤ ᠶᠤᠰᠤᠳᠠᠢ᠃ ᠡᠰᠡ ᠲᠡᠶᠢᠮᠦ ᠪᠤᠯ ︽ᠬᠤᠯᠠᠭᠠᠶᠢᠴᠢ︾ ᠭᠡᠳ ᠬᠠᠷᠢᠶᠠᠭᠳᠠᠴᠢᠬᠠᠭᠰᠠᠨ ᠡᠵᠢ ᠨᠢ ᠬᠦᠦ ᠶᠢᠨ ᠰᠡᠳᠬᠢᠯ ᠳᠤ ᠶᠠᠮᠠᠷ ᠪᠠᠶᠢᠷᠢ ᠰᠠᠭᠤᠷᠢ ᠲᠠᠢ ᠪᠠᠶᠢᠵᠦ᠂ ᠬᠦᠦ ᠪᠠᠨ ᠬᠡᠷᠬᠢᠨ ᠵᠥᠪ ᠰᠠᠶᠢᠬᠠᠨ ᠬᠦᠮᠦᠵᠢᠭᠦᠯᠵᠦ ᠳᠡᠶᠢᠯᠬᠦ ᠪᠢᠯᠡ︖      ᠡᠶᠢᠮᠦ ᠠᠴᠠ ᠨᠡᠶᠢᠭᠡᠮ ᠤᠨ ᠭᠡᠰᠢᠬᠦᠨ ᠨᠢᠭᠡ ᠪᠦᠷᠢ ᠵᠠᠪᠠᠯ ᠤᠯᠤᠰ ᠦᠨᠳᠦᠰᠦᠲᠡᠨ ᠳᠤ ᠪᠠᠨ ᠬᠠᠷᠢᠭᠤᠴᠠᠬᠤ ᠤᠪᠤᠷ ᠢᠶᠠᠷ ᠦᠨᠳᠦᠰᠦᠲᠡᠨ ᠤ ᠦᠷ᠎ᠡ ᠬᠤᠶᠢᠴᠢᠰ ᠲᠤ ᠪᠠᠨ ᠵᠥᠪ ᠶᠣᠰᠤᠨ ᠤ ᠲᠠᠭᠠᠭᠤᠯᠤᠭᠴᠢ ᠪᠤᠯᠬᠤ ᠪᠠᠷ ᠪᠡᠶ᠎ᠡ ᠪᠠᠨ ᠱᠠᠭᠠᠷᠳᠠᠬᠤ ᠶᠤᠰᠤᠲᠡᠢ᠃      ᠠᠰᠠᠭᠤᠳᠠᠯ ᠭᠤᠷᠪᠠ᠂ ᠰᠤᠷᠭᠠᠭᠤᠯᠢ ᠶᠢᠨ ᠰᠤᠷᠭᠠᠨ ᠬᠦᠮᠦᠵᠢᠯ      ᠰᠤᠷᠭᠠᠭᠤᠯᠢ ᠶᠢᠨ ᠰᠤᠷᠭᠠᠨ ᠬᠦᠮᠦᠵᠢᠯ ᠪᠤᠯ ︽ᠭᠤᠷᠪᠠ ᠤᠶᠠᠯᠳᠤᠭᠰᠠᠨ︾ ᠰᠤᠷᠭᠠᠨ ᠬᠦᠮᠦᠵᠢᠯ ᠤᠨ ᠲᠤᠮᠳᠠᠬᠢ ᠴᠢᠬᠤᠯᠠ ᠨᠢᠭᠡᠨ ᠭᠤᠭᠴᠤᠭ᠎ᠠ ᠪᠤᠯᠤᠨ᠎ᠠ᠃ ᠬᠦᠮᠦᠨ ᠪᠦᠬᠦᠨ ᠰᠤᠷᠭᠠᠨ ᠬᠦᠮᠦᠵᠢᠯᠳᠡᠨ ᠪᠤᠰᠤ ᠤᠴᠢᠷ ᠠᠴᠠ ᠭᠡᠷ ᠪᠦᠯᠢ ᠶᠢᠨ ᠰᠤᠷᠭᠠᠨ ᠬᠦᠮᠦᠵᠢᠯ ᠤᠨ ᠶᠠᠪᠤᠴᠠ ᠳᠤ ᠡᠳᠦᠢ ᠲᠡᠳᠦᠢ ᠠᠰᠠᠭᠤᠳᠠᠯ ᠤᠷᠤᠰᠢᠬᠤ ᠨᠢ ᠲᠠᠮᠵᠢᠭ ᠦᠭᠡᠢ᠃ ᠡᠨᠡ ᠬᠦ ᠲᠤᠳᠠᠭᠤ ᠮᠥᠴᠢᠳ ᠵᠦᠢᠯ ᠢ ᠨᠥᠬᠦᠪᠦᠷᠢᠯᠡᠨ᠂ ᠰᠤᠷᠭᠠᠭᠤᠯᠢ᠂ ᠭᠡᠷ ᠪᠦᠯᠢ ᠶᠢᠨ ᠰᠤᠷᠭᠠᠨ ᠬᠦᠮᠦᠵᠢᠯ ᠤᠨ ᠬᠤᠭᠤᠷᠤᠨᠳᠤᠬᠢ ᠬᠤᠯᠪᠤᠭᠠᠰᠤ ᠶᠢ ᠡᠷᠴᠢᠮᠵᠢᠭᠦᠯᠦᠨ ᠨᠡᠶᠢᠳᠭᠡᠬᠦ ᠡᠭᠦᠷᠭᠡ ᠪᠠᠭᠰᠢ ᠪᠤᠯᠤᠭᠰᠠᠳ ᠤᠨ ᠮᠥᠷᠦᠨ ᠳᠤ ᠲᠠᠯᠪᠢᠭᠳᠠᠬᠤ ᠣᠴᠢᠷᠳᠡᠢ᠃ ᠨᠥᠬᠦᠷ ᠰᠢ ᠶᠢᠨ ᠫᠢᠩ ᠠᠴᠠ ︽ᠬᠦᠮᠦᠨ ᠳᠤ ᠨᠢᠭᠡ ᠰᠠᠶᠢᠨ ᠪᠠᠭᠰᠢ ᠲᠤᠬᠢᠶᠠᠯᠳᠤᠬᠤ ᠨᠢ ᠨᠢᠭᠡ ᠨᠠᠰᠤᠨ ᠤ ᠠᠵᠠ ᠵᠠᠪᠰᠢᠶᠠᠨ ᠮᠥᠨ︾ ᠭᠡᠵᠦ ᠬᠡᠯᠡᠭᠰᠡᠨᠴᠢᠯᠠᠨ ᠨᠢᠭᠡ ᠬᠦᠮᠦᠨ ᠤ ᠰᠤᠷᠤᠯᠭ᠎ᠠ ᠶᠢᠨ ᠱᠠᠳᠤ ᠪᠦᠷᠢ ᠳᠤ ᠰᠠᠶᠢᠨ ᠪᠠᠭᠰᠢ ᠲᠤᠬᠢᠶᠠᠯᠳᠤᠨ᠎ᠠ ᠭᠡᠭᠴᠢ ᠬᠡᠴᠢᠨᠡᠭᠡᠨ ᠶᠡᠭᠡ ᠠᠵᠠ ᠵᠠᠪᠰᠢᠶᠠᠨ ᠪᠢᠯᠡ᠃      ᠨᠢᠭᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ ᠪᠠᠶᠢᠭ᠎ᠠ ᠠᠷᠭ᠎ᠠ ᠠᠪᠴᠠᠯ᠂ ᠵᠢᠭᠠᠨ ᠰᠤᠷᠭᠠᠯᠳᠠ ᠳᠤ ᠬᠠᠨᠳᠤᠬᠤ ᠤᠪᠤᠷ ᠵᠡᠷᠭᠡ ᠨᠢ ᠰᠤᠷᠤᠭᠴᠢ ᠶᠢ ᠨᠥᠯᠦᠭᠡᠯᠡᠳᠡᠭ ᠮᠦᠷᠳᠡᠭᠡᠨ ᠨᠡᠩ ᠢᠯᠡᠩᠭᠤᠶ᠎ᠡ ᠪᠠᠭᠰᠢ ᠨᠠᠷ ᠤᠨ ᠠᠰᠠᠭᠤᠳᠠᠯ ᠢ ᠰᠢᠢᠳᠪᠦᠷᠢᠯᠡᠬᠦ ᠠᠷᠭ᠎ᠠ ᠠᠪᠴᠠᠯ᠂ ᠤᠴᠢᠷ ᠶᠠᠪᠤᠳᠠᠯ ᠳᠤ ᠬᠠᠨᠳᠤᠬᠤ ᠣᠪᠤᠷ ᠦᠵᠡᠯᠳᠡ᠂ ᠮᠡᠳᠡᠯᠭᠡ ᠤᠯᠠᠮᠵᠢᠯᠠᠬᠤ ᠠᠷᠭ᠎ᠠ ᠪᠠᠷᠢᠯ᠂ ᠬᠦᠮᠦᠨ ᠮᠦᠰᠦᠨ ᠤ ᠢᠯᠡᠷᠡᠭᠦᠯᠦᠯ᠂ ᠭᠤᠸ᠎ᠠ ᠲᠠᠭᠠᠰᠢᠶᠠᠯ ᠤᠨ ᠴᠢᠳᠠᠪᠤᠷᠢ ᠵᠡᠷᠭᠡ ᠨᠢ ᠰᠤᠷᠤᠭᠴᠢᠳ ᠢ ᠰᠢᠭᠤᠳ ᠨᠥᠯᠦᠭᠡᠯᠡᠳᠡᠭ᠃ ᠵᠢᠱᠢᠶᠡᠯᠡᠪᠠᠯ᠄ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠡᠯᠰᠡᠭᠳᠡᠭᠰᠡᠨ ᠲᠦᠴᠢᠨ ᠬᠤᠶᠠᠷ ᠰᠤᠷᠤᠭᠴᠢ ᠨᠢᠭᠡᠨ ᠰᠢᠨ᠎ᠠ ᠠᠩᠬᠢ ᠶᠢᠨ ᠡᠷᠬᠢᠯᠡᠭᠴᠢ ᠶᠢᠨ ᠠᠩᠬᠢ ᠳᠤ ᠬᠤᠪᠢᠶᠠᠭᠳᠠᠵᠡᠢ᠃ ᠨᠢᠭᠡᠳᠦᠭᠡᠷ ᠵᠢᠯ ᠳᠤ ᠪᠠᠭᠰᠢ ᠨᠠᠷ ᠨᠢ ᠴᠦᠮ ᠡᠨᠡ ᠠᠩᠬᠢ ᠶᠢᠨ ᠰᠤᠷᠤᠭᠴᠢᠳ ᠢ ᠰᠡᠷᠭᠦᠯᠡᠩ ᠴᠤᠪᠤᠭᠤ᠂ ᠬᠤᠷᠴᠠᠯᠢᠭ ᠬᠡᠦᠭᠡᠳ ᠭᠡᠵᠦ ᠦᠨᠡᠯᠡᠵᠦ ᠪᠠᠶᠢᠵᠠᠢ᠃ ᠬᠤᠶᠠᠳᠤᠭᠠᠷ ᠵᠢᠯ ᠤᠨ ᠲᠤᠤᠷᠠᠳᠤ ᠰᠤᠷᠤᠯᠭ᠎ᠠ ᠶᠢᠨ ᠬᠤᠭᠤᠴᠠᠭ᠎ᠠ ᠪᠤᠯᠬᠤ ᠳᠤ ᠲᠤᠰ ᠠᠩᠬᠢ ᠶᠢᠨ ᠰᠤᠷᠤᠭᠴᠢᠳ ᠤᠨ ᠰᠤᠷᠤᠯᠭ᠎ᠠ ᠶᠢᠨ ᠬᠢᠷᠢ ᠬᠡᠮᠵᠢᠶ᠎ᠡ ᠨᠡᠶᠢᠳᠡᠮ ᠲᠤᠷᠤᠭᠰᠢᠯᠠᠨ᠂ ᠪᠠᠭᠰᠢ ᠲᠠᠢ ᠪᠠᠨ ᠦᠰᠢᠯᠳᠦᠬᠦ᠂ ᠬᠢᠴᠢᠶᠡᠯ ᠲᠡᠭᠡᠷ᠎ᠡ ᠤᠨᠳᠠᠬᠤ᠂ ᠪᠠᠭᠰᠢ ᠪᠠᠨ ᠬᠠᠷᠢᠶᠠᠬᠤ᠂ ᠬᠢᠴᠢᠶᠡᠯ ᠲᠠᠪᠳᠠᠯᠭ᠎ᠠ ᠶᠢᠨ ᠰᠠᠬᠢᠯᠭ᠎ᠠ ᠶᠢ ᠰᠠᠬᠢᠬᠤ ᠦᠭᠡᠢ ᠦᠵᠡᠭᠳᠡᠯ ᠪᠠᠶᠢᠩᠭᠤ ᠢᠯᠡᠷᠡᠭᠦ ᠪᠤᠯᠵᠦ᠂ ᠠᠩᠬᠢ ᠶᠢᠨ ᠪᠠᠭᠰᠢ ᠨᠢ ᠪᠠᠶᠢᠳᠤᠭᠠᠢ᠂ ᠰᠤᠷᠭᠠᠭᠤᠯᠢ ᠶᠢᠨ ᠤᠳᠤᠷᠢᠳᠬᠤ ᠪᠠᠭ ᠢᠶᠠᠷ ᠢᠶᠠᠨ ᠬᠦᠳᠡᠯᠦᠯᠴᠡᠨ ᠲᠤᠰᠬᠠᠢ ᠬᠤᠷᠠᠯ ᠬᠢᠬᠦ ᠬᠡᠮᠵᠢᠶᠡᠨ ᠳᠤ ᠬᠦᠷᠴᠠᠢ᠃ ᠬᠤᠶᠠᠷᠬᠠᠨ ᠵᠢᠯ ᠤᠨ ᠬᠤᠭᠤᠴᠠᠭᠠᠨ ᠳᠤ ᠡᠳᠡᠭᠡᠷ ᠬᠡᠦᠬᠡᠳ ᠢ ᠬᠤᠪᠢᠷᠠᠭᠤᠯᠤᠭᠰᠠᠨ ᠦᠨᠳᠦᠰᠦ ᠰᠢᠯᠳᠠᠭᠠᠨ ᠨᠢ ᠬᠠᠮᠢᠭ᠎ᠠ ᠪᠠᠶᠢᠳᠠᠭ ᠪᠤᠢ︖ ᠭᠤᠤᠯᠳᠠᠭᠤ ᠪᠠᠭᠰᠢ ᠳᠤ ᠪᠤᠢ᠃ ᠣᠨᠴᠠᠭᠠᠶᠢᠯᠠᠨ ᠠᠩᠬᠢ ᠶᠢᠨ ᠪᠠᠭᠰᠢ ᠨᠢᠭᠡ ᠠᠩᠬᠢ ᠬᠡᠦᠬᠡᠳ ᠤᠨ ᠬᠤᠪᠢᠷᠠᠯᠳᠠ ᠳᠤ ᠬᠠᠷᠢᠭᠤᠴᠠᠯᠭ᠎ᠠ ᠡᠭᠦᠷᠭᠡᠯᠡᠬᠦ ᠶᠤᠰᠤᠳᠡᠢ᠃ ᠬᠡᠦᠬᠡᠳ ᠲᠤ ᠵᠥᠪ ᠵᠢᠯᠤᠭᠤᠳᠤᠯᠭ᠎ᠠ ᠲᠤᠳᠠᠭᠳᠠᠵᠦ᠂ ᠪᠠᠭᠰᠢ ᠰᠤᠷᠤᠭᠴᠢᠳ ᠤᠨ ᠬᠤᠭᠤᠷᠤᠨᠳᠤᠬᠢ ᠣᠶᠢᠯᠠᠭᠠᠯᠴᠠᠭ᠎ᠠ᠂ ᠠᠩᠬᠢ ᠶᠢᠨ ᠠᠵᠢᠯ ᠳᠤ ᠠᠰᠠᠭᠤᠳᠠᠯ ᠭᠠᠷᠤᠭᠰᠠᠨ ᠦᠭᠡᠢ ᠶᠤᠮ ᠪᠤᠯ ᠨᠢᠭᠡ ᠠᠩᠬᠢ ᠬᠡᠦᠬᠡᠳ ᠪᠦᠬᠦᠨ ᠢᠶᠠᠷ ᠢᠶᠠᠨ ᠵᠤᠵᠢᠭ ᠵᠦᠷᠢᠭᠦᠳ ᠪᠤᠯᠵᠤ ᠬᠤᠪᠢᠷᠠᠨ᠎ᠠ ᠭᠡᠳᠡᠭ ᠨᠢ ᠬᠡᠨ ᠳᠤ ᠴᠦ ᠢᠳᠡᠭᠡᠭᠳᠡᠰᠢ ᠦᠭᠡᠢ ᠶᠠᠪᠤᠳᠠᠯ ᠪᠤᠯᠤᠨ᠎ᠠ᠃      ᠠᠩᠬᠢ ᠡᠷᠬᠢᠯᠡᠬᠦ ᠠᠵᠢᠯ ᠭᠡᠳᠡᠭ ᠪᠤᠯ ᠲᠤᠩ ᠡᠷᠳᠡᠮ ᠤᠬᠠᠭᠠᠨ ᠱᠠᠭᠠᠷᠳᠠᠭᠳᠠᠬᠤ ᠠᠵᠢᠯ ᠪᠢᠯᠡ᠃ ᠦᠷᠭᠡᠨ ᠲᠡᠯᠭᠡᠷ ᠮᠡᠳᠡᠯᠭᠡ ᠴᠢᠳᠠᠪᠤᠷᠢ᠂ ᠠᠷᠢᠭᠤᠨ ᠨᠠᠨᠳᠢᠨ ᠬᠦᠮᠦᠨ ᠮᠦᠰᠦ᠂ ᠲᠦᠪ ᠭᠤᠤᠯᠴᠢ ᠤᠪᠤᠷ ᠰᠤᠷᠳᠠᠯ᠂ ᠭᠤᠶᠢᠪᠢᠰᠢ ᠦᠭᠡᠢ ᠬᠠᠷᠢᠭᠤᠴᠠᠯᠭᠠᠳᠤ ᠰᠡᠳᠬᠢᠯ᠂ ᠨᠦᠮᠵᠦᠭ ᠤᠶᠠᠬᠠᠨ ᠬᠠᠶᠢᠷ᠎ᠠ᠂ ᠬᠠᠳᠠᠭᠤ ᠴᠢᠩᠭ᠎ᠠ ᠰᠤᠷᠭᠠᠯ ᠤᠨ ᠠᠯᠢ ᠨᠢᠭᠡ ᠨᠢ ᠲᠤᠳᠠᠭᠳᠠᠬᠤ ᠪᠠᠷ ᠬᠢᠷᠢ ᠲᠡᠩᠴᠡᠭᠰᠡᠨ ᠠᠩᠬᠢ ᠶᠢᠨ ᠡᠷᠬᠢᠯᠡᠭᠴᠢ ᠪᠤᠯᠵᠦ ᠲᠡᠶᠢᠯᠳᠡᠭ ᠦᠭᠡᠢ᠃ ᠡᠶᠢᠮᠦ ᠠᠴᠠ ᠠᠩᠬᠢ ᠶᠢᠨ ᠡᠷᠬᠢᠯᠡᠭᠴᠢ ᠶᠢ ᠰᠠᠶᠢᠳᠤᠷ ᠰᠢᠯᠢᠨ ᠰᠤᠩᠭᠤᠵᠤ ᠲᠤᠬᠢᠷᠠᠭᠤᠯᠬᠤ ᠨᠢ ᠰᠤᠷᠭᠠᠭᠤᠯᠢ ᠶᠢᠨ ᠤᠳᠤᠷᠢᠳᠤᠯᠭ᠎ᠠ ᠶᠢᠨ ᠵᠠᠪᠠᠯ ᠬᠢᠨᠠᠭᠤᠷ ᠬᠠᠨᠳᠤᠬᠤ ᠴᠢᠬᠤᠯᠠ ᠲᠠᠢ᠂ ᠦᠨᠳᠦᠰᠦᠲᠡᠨ ᠤ ᠪᠠᠨ ᠦᠷ᠎ᠠ ᠬᠡᠦᠬᠡᠳ ᠢ ᠶᠠᠭᠠᠬᠢᠵᠦ ᠬᠦᠮᠦᠵᠢᠭᠦᠯᠬᠦ ᠳᠤ ᠬᠤᠯᠪᠤᠭᠳᠠᠬᠤ ᠲᠥᠪ ᠴᠢᠩᠭ᠎ᠠ ᠠᠰᠠᠭᠤᠳᠠᠯ ᠮᠥᠨ᠃ ᠬᠠᠷᠢᠨ ᠠᠯᠢ ᠨᠢᠭᠡ ᠬᠦᠮᠦᠨ ᠤ ︽ᠪᠢ ᠠᠩᠬᠢ ᠶᠢᠨ ᠡᠷᠬᠢᠯᠡᠭᠴᠢ ᠶᠢᠨ ᠠᠵᠢᠯ ᠢ ᠬᠢᠵᠦ ᠲᠡᠶᠢᠯᠦᠨ᠎ᠠ︾ ᠭᠡᠳᠡᠭ ᠬᠠᠷ᠎ᠠ ᠤᠬᠠᠭᠠᠨ᠂ ᠬᠠᠳᠠᠭᠤ ᠵᠤᠷᠢᠭ ᠢᠶᠠᠷ ᠪᠣᠯᠴᠢᠬᠠᠳᠠᠭ ᠪᠢᠰᠢ᠂ ᠨᠢᠭᠡ ᠠᠩᠬᠢ ᠶᠢ ᠦᠭᠡᠶᠢᠬᠢᠪᠡᠯ ᠲᠦᠴᠢᠨ ᠬᠡᠦᠬᠡᠳ ᠦᠷᠡᠭᠳᠡᠯ ᠪᠤᠯᠤᠨ᠎ᠠ ᠭᠡᠳᠡᠭ ᠢ ᠰᠠᠶᠢᠳᠤᠷ ᠤᠬᠠᠭᠠᠷᠠᠬᠤ ᠬᠡᠷᠡᠭᠳᠡᠢ᠃      ᠳᠡᠭᠡᠪᠡᠯ ᠤᠯᠤᠰ ᠦᠨᠳᠦᠰᠦᠲᠡᠨ ᠤ ᠢᠷᠡᠭᠡᠳᠦᠢ ᠶᠢᠨ ᠨᠢᠷᠤᠭᠤ ᠲᠤᠯᠭᠠᠭᠤᠷᠢ ᠶᠢ ᠠᠷᠠᠴᠢᠯᠠᠨ ᠲᠤᠳᠤᠮᠳᠠᠬᠤ ᠬᠦᠨᠳᠦ ᠡᠭᠦᠷᠭᠡ ᠶᠢ ᠬᠦᠯᠢᠶᠡᠭᠰᠡᠨ ᠪᠠᠭᠰᠢ ᠬᠦᠮᠦᠨ ᠴᠤᠬᠤᠮ ᠶᠠᠮᠠᠷ ᠨᠦᠭᠦᠴᠡᠯ ᠢ ᠪᠦᠷᠢᠯᠳᠦᠭᠦᠯᠦᠭᠰᠡᠨ ᠪᠠᠶᠢᠪᠠᠯ ᠵᠤᠬᠢᠬᠤ ᠪᠤᠢ︖ ᠨᠡᠶᠢᠭᠡᠮ᠂ ᠤᠯᠤᠰ ᠤᠷᠤᠨ ᠠᠴᠠ ᠪᠠᠭᠰᠢ ᠨᠠᠷ ᠲᠤ ᠲᠠᠯᠪᠢᠭᠰᠠᠨ ᠦᠨᠳᠦᠰᠦᠨ ᠱᠠᠭᠠᠷᠳᠠᠯᠭ᠎ᠠ ᠶᠠᠭᠤ ᠪᠤᠢ︖ ᠨᠢᠭᠡ ᠬᠢᠷᠢ ᠲᠡᠩᠴᠡᠭᠰᠡᠨ ᠪᠠᠭᠰᠢ ᠪᠤᠯᠤᠭᠰᠠᠨ ᠤ ᠬᠤᠪᠢ ᠳᠤ ᠴᠢ ᠳᠠᠷᠠᠭᠠᠬᠢ ᠠᠰᠠᠭᠤᠳᠠᠯ ᠢ ᠬᠡᠳᠦ ᠶᠢ ᠨᠢ ᠪᠡᠶᠡᠯᠡᠭᠦᠯᠵᠦ ᠲᠠᠶᠢᠯᠪᠠ︖      1. ᠲᠠ ᠦᠷᠭᠦᠯᠵᠢ ᠨᠣᠮ ᠤᠩᠰᠢᠳᠠᠭ ᠤᠤ︖      ᠨᠤᠮ ᠤᠩᠰᠢᠬᠤ ᠨᠢ ᠬᠦᠮᠦᠨ ᠤ ᠮᠡᠳᠡᠯᠭᠡ ᠮᠡᠳᠡᠴᠡ ᠶᠢᠨ ᠬᠦᠷᠢᠶ᠎ᠡ ᠬᠡᠪᠴᠢᠶ᠎ᠡ ᠶᠢ ᠲᠠᠯᠠᠨ᠂ ᠬᠦᠮᠦᠨ ᠤ ᠠᠮᠢᠳᠤᠷᠠᠯ ᠤᠨ ᠬᠠᠷᠠᠭᠠᠰᠤ ᠶᠢ ᠦᠷᠭᠡᠳᠭᠡᠨ᠂ ᠬᠡᠷᠡᠭ ᠤᠴᠢᠷ ᠤᠨ ᠲᠤᠬᠠᠢ ᠤᠶᠢᠯᠠᠭᠠᠯᠳᠠ᠂ ᠲᠦᠷᠦᠭᠳᠡᠯ ᠬᠢᠭᠡᠳ ᠰᠢᠢᠳᠬᠦ ᠠᠷᠭ᠎ᠠ ᠤᠬᠠᠭᠠᠨ ᠢ ᠨᠡᠩ ᠬᠦᠨᠵᠡᠭᠡᠢ ᠪᠤᠯᠭᠠᠵᠦ ᠴᠢᠳᠠᠨ᠎ᠠ᠃      2. ᠲᠠ ᠲᠤᠬᠠᠶᠢᠯᠠᠭᠰᠠᠨ ᠠᠵᠢᠯ ᠢᠶᠠᠨ ᠨᠠᠷᠢᠯᠢᠬ ᠰᠤᠳᠤᠯᠳᠠᠭ ᠤᠤ︖ ᠰᠤᠷᠤᠭᠴᠢ ᠶᠢᠨ ᠢᠶᠠᠨ ᠤᠶᠦᠨ ᠤᠬᠠᠭᠠᠨ ᠤ ᠡᠭᠡᠳᠡᠷᠡᠭᠡᠨ ᠪᠤᠳᠤᠯᠢᠶᠠᠨ ᠢ ᠴᠠᠭ ᠲᠤᠬᠠᠢ ᠳᠤ ᠨᠢ ᠲᠠᠶᠢᠯᠪᠤᠷᠢᠯᠡᠵᠦ ᠥᠭᠴᠦ ᠲᠡᠶᠢᠯᠦᠨ᠎ᠠ ᠤᠤ︖      ᠰᠤᠷᠤᠭᠴᠢ ᠶᠢᠨ ᠰᠡᠵᠢᠭ ᠡᠭᠡᠳᠡᠷᠡᠭᠡᠨ ᠢ ᠪᠠᠭᠰᠢ ᠪᠣᠯᠤᠭᠰᠠᠳ ᠵᠠᠪᠠᠯ ᠠᠯᠳᠠᠷᠠᠭᠠᠵᠤ ᠲᠡᠶᠢᠯᠦᠭᠰᠡᠨ ᠪᠠᠶᠢᠬᠤ ᠬᠡᠷᠡᠭᠳᠡᠢ᠃ ᠠᠰᠠᠭᠤᠬᠤ ᠪᠤᠯᠭᠠᠨ ᠳᠤ ᠲᠤᠯᠤᠭᠠᠢ ᠰᠠᠵᠢᠳᠠᠭ ᠪᠠᠭᠰᠢ ᠶᠢ ᠰᠤᠷᠤᠭᠴᠢ ᠬᠡᠷᠬᠢᠨ ᠬᠦᠨᠳᠦᠳᠬᠡᠨ ᠪᠢᠰᠢᠷᠡᠵᠦ ᠴᠢᠳᠠᠬᠤ ᠪᠢᠯᠡ︖ ᠳᠡᠯᠭᠡᠷ ᠮᠡᠳᠡᠯᠭᠡ ᠲᠠᠢ ᠰᠠᠶᠢᠨ ᠪᠠᠭᠰᠢ ᠲᠠᠢ ᠰᠤᠷᠤᠭᠴᠢ ᠰᠡᠳᠬᠢᠯ ᠲᠡᠨᠢᠭᠦᠨ ᠶᠠᠪᠤᠬᠤ ᠨᠢ ᠮᠡᠳᠡᠭᠡᠵᠢ᠃ ︽ᠪᠠᠷᠳᠠᠭ᠎ᠠ ᠶᠠᠬᠡᠳᠡᠢ ᠦᠨᠡᠭᠡ ᠪᠠᠷᠳᠠᠮ᠂ ᠪᠠᠭᠰᠢ ᠰᠠᠶᠢᠳᠠᠢ ᠱᠠᠪᠢ ᠪᠠᠷᠳᠠᠮ︾ ᠭᠡᠳᠡᠭ ᠵᠦᠢᠷ ᠦᠭᠡ ᠪᠠᠶᠢᠳᠠᠭ ᠪᠢᠰᠢ ᠤᠤ︖      3. ᠲᠠ ᠰᠤᠷᠤᠭᠴᠢᠳ ᠲᠤ ᠪᠠᠨ ᠠᠳᠠᠯᠢ ᠲᠡᠭᠰᠢ ᠬᠠᠨᠳᠤᠭᠰᠠᠨ ᠤᠤ︖ ᠠᠯᠢᠶ᠎ᠡ ᠠᠷᠳᠠᠭ᠂ ᠠᠳᠠᠭ ᠬᠤᠴᠤᠷᠤᠩᠭᠤᠢ ᠭᠡᠵᠦ ᠢᠯᠭᠠᠳᠠᠭ ᠤᠤ︖      ᠵᠠᠷᠢᠮ ᠪᠠᠭᠰᠢ ᠰᠠᠶᠢᠨ ᠮᠠᠭᠤ ᠰᠤᠷᠤᠭᠴᠢ ᠶᠢ ᠶᠡᠭᠡ ᠯᠡ ᠲᠤᠳᠤᠷᠬᠠᠢ ᠢᠯᠭᠠᠨ᠂ ᠰᠢᠯᠢᠳᠡᠭ ᠰᠠᠶᠢᠨ ᠰᠤᠷᠤᠭᠴᠢ ᠶᠢ ᠦᠵᠡᠪᠡᠯ ᠦᠨᠦᠰᠦᠭᠡᠳ ᠠᠪᠤᠮᠠᠷ ᠠᠭᠠᠰᠢᠯᠠᠵᠦ᠂ ᠲᠡᠷᠡ ᠨᠢ ᠭᠡᠷ ᠤᠨ ᠠᠳᠠᠷ ᠡᠷᠭᠦᠵᠦ ᠠᠪᠤᠮ᠎ᠠ ᠠᠭᠠᠰᠢᠯᠠᠴᠢᠬᠠᠪᠠᠴᠦ ᠨᠠᠶᠢᠷᠰᠠᠭ ᠡᠶᠡᠯᠳᠡᠭ ᠢᠶᠠᠷ ᠰᠢᠢᠳᠪᠦᠷᠢᠯᠡᠨ᠂ ᠠᠨᠠᠢ ᠰᠤᠷᠤᠭᠴᠢ ᠨᠢ ᠤᠳᠠᠰᠤᠨ ᠲᠡᠳᠦᠢ ᠤᠰᠤᠯ ᠭᠠᠷᠭᠠᠪᠠᠴᠦ ᠭᠠᠯ ᠲᠠᠯᠪᠢᠭᠰᠠᠨ ᠶᠠᠯ᠎ᠠ ᠬᠢᠭᠰᠡᠨ ᠮᠡᠳᠦ ᠠᠭᠤᠷᠯᠠᠵᠦ ᠤᠴᠠᠭᠠᠷᠯᠠᠨ ᠰᠦᠢᠳ ᠪᠤᠯᠤᠨ᠎ᠠ᠃ ᠡᠶᠢᠮᠦᠷᠬᠦᠦ ᠭᠤᠤᠯᠴᠢ ᠪᠤᠰᠤ ᠤᠪᠤᠷ ᠨᠢ ᠰᠤᠷᠤᠭᠴᠢ ᠶᠢᠨ ᠰᠡᠳᠬᠢᠯ ᠳᠤ ᠬᠢ ᠪᠠᠭᠰᠢ ᠶᠢᠨ ᠪᠠᠶᠢᠷᠢ ᠰᠠᠭᠤᠷᠢ ᠶᠢ ᠠᠯᠳᠠᠭᠳᠠᠭᠤᠯᠵᠦ᠂ ᠪᠠᠭᠰᠢ ᠪᠠᠨ ᠭᠤᠯᠤᠬᠤ ᠳᠤ ᠬᠦᠷᠭᠡᠨ᠎ᠡ᠃      4. ᠲᠠ ᠰᠤᠷᠤᠭᠴᠢ ᠶᠢᠨ ᠬᠦᠮᠦᠨ ᠮᠦᠰᠦ᠂ ᠨᠡᠷ᠎ᠡ ᠬᠦᠨᠳᠦ ᠶᠢ ᠬᠦᠨᠳᠦᠳᠭᠡᠵᠦ ᠦᠵᠡᠭᠰᠡᠨ ᠤᠤ︖      ᠰᠤᠷᠭᠠᠯ ᠰᠠᠶᠢᠳᠡᠢ ᠠᠶᠢᠯ ᠤᠨ ᠬᠢᠨ ᠬᠡᠶᠢᠴᠢᠨ ᠵᠤᠴᠢᠨ ᠤ ᠪᠠᠨ ᠡᠮᠦᠨ᠎ᠡ ᠬᠡᠦᠬᠡᠳ ᠢᠶᠠᠨ ᠵᠠᠩᠳᠤᠷᠴᠦ ᠲᠤᠭᠳᠤᠷᠤᠨ ᠰᠤᠷᠭᠠᠵᠦ ᠠᠭᠤᠷᠯᠠᠳᠠᠭ ᠦᠭᠡᠢ᠂ ᠡᠨᠡ ᠨᠢ ᠪᠤᠰᠤᠳ ᠤᠨ ᠡᠮᠦᠨ᠎ᠡ ᠶᠣᠰᠤ ᠠᠯᠳᠠᠬᠤ ᠠᠴᠠ ᠬᠢᠴᠢᠶᠡᠭᠰᠡᠨ ᠪᠤᠶᠤ ᠬᠡᠦᠭᠡᠳ ᠢᠶᠠᠨ ᠬᠡᠳᠦ ᠨᠢᠭᠤᠷ ᠬᠠᠭᠠᠷᠠᠬᠤ ᠠᠴᠠ ᠪᠣᠯᠭᠤᠮᠵᠢᠯᠠᠭᠰᠠᠨ ᠤᠴᠢᠷ ᠪᠢᠯᠡ᠃ ᠰᠤᠷᠤᠭᠴᠢ ᠳᠤ ᠪᠠᠨ ᠪᠠᠭᠰᠢ ᠬᠦᠮᠦᠨ ᠴᠦ ᠢᠩᠬᠢᠵᠦ ᠨᠢᠭᠤᠷ ᠥᠭᠴᠦ᠂ ᠬᠦᠮᠦᠨ ᠤ ᠡᠮᠦᠨ᠎ᠡ ᠨᠢᠭᠤᠷ ᠨᠢᠳᠦ ᠦᠭᠡᠢ ᠵᠠᠯᠬᠠᠭᠠᠬᠤ ᠠᠴᠠ ᠵᠠᠶᠢᠯᠠᠰᠬᠢᠭᠦ ᠬᠡᠷᠡᠭᠳᠡᠢ᠃ ᠬᠠᠱᠠᠩ ᠤᠨᠤᠭ᠎ᠠ ᠭᠡᠳᠡᠭ ᠡᠯᠳᠡᠭᠳᠡᠵᠦ ᠴᠤᠬᠢᠭᠳᠠᠭᠰᠠᠭᠠᠷ ᠪᠤᠢ ᠪᠤᠯᠳᠠᠭ ᠰᠢᠬ ᠨᠢᠭᠤᠷ ᠦᠭᠡᠢ ᠬᠡᠦᠬᠡᠳ ᠭᠡᠳᠡᠭ ᠴᠢᠨᠢ ᠴᠦ ᠠᠭᠤᠷᠯᠠᠭᠳᠠᠭᠰᠠᠭᠠᠷ ᠬᠡᠯᠡᠭᠳᠡᠭᠰᠡᠭᠡᠷ ᠨᠢᠭᠤᠷ ᠬᠠᠭᠠᠷᠠᠳᠠᠭ᠃ ᠡᠶᠢᠨ ᠬᠦ ᠪᠠᠭᠰᠢ ᠪᠤᠯᠤᠭᠰᠠᠳ ᠬᠡᠦᠬᠡᠳ ᠢ ᠶᠤᠰᠤ ᠪᠠᠷ ᠬᠦᠳᠦᠯᠬᠦ ᠨᠢ ᠲᠦᠮᠡᠨ ᠵᠥᠪ᠃      5. ᠲᠠ ᠬᠢᠷᠢ ᠲᠡᠩᠴᠡᠭᠰᠡᠨ ᠢᠷᠭᠡᠨ ᠤᠤ︖ ᠲᠠ ᠰᠤᠷᠤᠭᠴᠢᠳ ᠲᠤ ᠪᠠᠨ ᠬᠦᠮᠦᠨ ᠪᠣᠯᠬᠤ ᠶᠤᠰᠤ ᠤᠴᠢᠷ ᠢ ᠵᠢᠭᠠᠭᠰᠠᠨ ᠤᠤ︖ ᠲᠠ ᠥᠪᠡᠷ ᠤᠨ ᠦᠭᠡ ᠶᠠᠷᠢᠶ᠎ᠠ᠂ ᠦᠢᠯᠡ ᠠᠵᠢᠯᠯᠠᠭ᠎ᠠ ᠪᠠᠨ ᠰᠤᠷᠤᠭᠴᠢ ᠶᠢᠨ ᠲᠠᠭᠤᠷᠢᠶᠠᠯ ᠪᠤᠯᠬᠤᠶᠢᠴᠠ ᠪᠣᠯᠪᠠᠰᠤᠨ ᠶᠤᠰᠤᠷᠬᠠᠭ ᠤᠨ ᠬᠡᠮᠵᠢᠶᠡᠨ ᠳᠤ ᠬᠦᠷᠭᠡᠵᠦ ᠲᠡᠶᠢᠯᠦᠭᠰᠡᠨ ᠤᠤ︖      ᠮᠢᠨᠦ ᠪᠣᠳᠤᠬᠤ ᠪᠠᠷ ᠪᠠᠭᠰᠢ ᠬᠦᠮᠦᠨ ᠪᠤᠯ ᠬᠡᠪ ᠪᠤᠯᠪᠠᠰᠤᠷᠠᠯ ᠥᠨᠳᠤᠷ᠂ ᠬᠡᠦᠬᠡᠳ ᠪᠠᠭᠠᠴᠤᠳ ᠢᠶᠠᠨ ᠮᠡᠳᠡᠯᠭᠡ ᠪᠠᠷ ᠯᠡ ᠤᠮᠳᠠᠯᠠᠬᠤ ᠪᠢᠰᠢ᠂ ᠬᠦᠮᠦᠨ ᠪᠤᠯᠬᠤ ᠶᠢ ᠰᠤᠷᠭᠠᠬᠤ ᠨᠦᠰᠡᠷ ᠡᠭᠦᠷᠭᠡ ᠶᠢ ᠡᠭᠦᠷᠭᠡᠯᠡᠵᠦ ᠶᠠᠪᠤᠳᠠᠭ ᠤᠴᠢᠷ ᠪᠠᠷᠤᠭᠳᠠᠢ ᠬᠦᠮᠦᠨ ᠪᠠᠭᠰᠢ ᠪᠤᠯᠬᠤ ᠬᠢᠷᠢ ᠭᠡᠮ ᠪᠠᠶᠢᠬᠤ ᠦᠭᠡᠢ ᠮᠥᠷᠳᠡᠭᠡᠨ ᠪᠠᠭᠰᠢ ᠴᠦ ᠪᠤᠯᠵᠦ ᠪᠤᠯᠬᠤ ᠦᠭᠡᠢ᠃ ᠺᠦᠩᠽᠢ ᠶᠢᠨ ᠬᠡᠯᠡᠭᠰᠡᠨ ︽ᠭᠤᠷᠪᠠᠨ ᠬᠦᠮᠦᠨ ᠶᠠᠪᠤᠪᠠᠰᠤ ᠮᠢᠨᠦ ᠪᠠᠭᠰᠢ ᠪᠤᠢ︾ ᠭᠡᠬᠦ ᠦᠭᠡ ᠨᠢ ᠬᠦᠮᠦᠨ ᠤ ᠠᠯᠢ ᠨᠢᠭᠡᠨ ᠲᠠᠯ᠎ᠠ ᠪᠠᠷ ᠬᠢ ᠲᠠᠪᠠᠭᠤᠯᠢᠭ ᠪᠠᠶᠢᠳᠠᠯ ᠢ ᠢᠯᠡᠳᠭᠡᠨ᠂ ᠪᠤᠰᠤᠳ ᠠᠴᠠ ᠲᠠᠷᠤᠤ ᠬᠢᠴᠢᠶᠡᠩᠬᠦᠢ ᠰᠤᠷᠤᠯᠴᠠᠬᠤ ᠰᠢᠯᠳᠠᠭᠠᠨ ᠢ ᠲᠤᠰᠬᠠᠭᠰᠠᠨ ᠠᠴᠠ ᠪᠢᠰᠢ᠂ ᠶᠠᠭᠤ ᠪᠦᠬᠦᠨ ᠢ ᠲᠡᠷᠡ ᠬᠦᠮᠦᠨ ᠠᠴᠠ ᠰᠤᠷᠴᠦ ᠲᠡᠭᠦᠨ ᠲᠠᠢ ᠠᠳᠠᠯᠢᠬᠠᠨ ᠪᠤᠯᠤᠨ᠎ᠠ ᠭᠡᠰᠡᠨ ᠰᠠᠨᠠᠭ᠎ᠠ ᠪᠢᠰᠢ ᠨᠢ ᠲᠤᠳᠤᠷᠬᠠᠢ᠃ ᠭᠡᠳᠡᠯ᠎ᠡ ᠰᠢᠨ᠎ᠠ ᠴᠠᠭ ᠦᠶ᠎ᠡ ᠶᠢᠨ ᠪᠠᠭᠰᠢ ᠪᠤᠯᠤᠭᠰᠠᠳ ᠡᠯ᠎ᠠ ᠲᠠᠯ᠎ᠠ ᠪᠠᠷ ᠰᠤᠷᠤᠭᠴᠢᠳ ᠲᠤ ᠪᠠᠨ ᠲᠠᠭᠤᠷᠢᠶᠠᠯ ᠪᠤᠯᠬᠤ ᠪᠠᠷ ᠴᠢᠷᠮᠠᠶᠢᠬᠤ ᠤᠴᠢᠷᠳᠡᠢ᠃ ᠪᠠᠭᠰᠢ ᠪᠣᠯᠤᠭᠰᠠᠳ ᠥᠪᠡᠷᠰᠡᠳ ᠢᠶᠠᠨ ᠪᠣᠯᠬᠢ ᠪᠦᠳᠦᠭᠦᠯᠢᠭ ᠦᠭᠡ ᠶᠠᠷᠢᠴᠢᠬᠠᠭᠠᠳ᠂ ᠪᠣᠰᠤᠳ ᠢ ᠬᠠᠷᠢᠶᠠᠴᠢᠬᠠᠭᠠᠳ᠂ ᠮᠤᠲ᠋ᠤᠷ ᠤᠨᠤᠨ ᠲᠠᠪᠬᠢᠭᠤᠯᠵᠦ ᠵᠠᠮ ᠬᠠᠷᠢᠯᠴᠠᠭᠠᠨ ᠤ ᠰᠠᠬᠢᠯᠭ᠎ᠠ ᠶᠢ ᠵᠦᠷᠢᠴᠡᠴᠢᠭᠡᠭᠡᠳ᠂ ᠬᠦᠮᠦᠨ ᠲᠠᠢ ᠬᠡᠷᠡᠯᠳᠤᠨ ᠨᠢᠭᠤᠷ ᠬᠠᠴᠠᠷ ᠢᠶᠠᠨ ᠬᠦᠬᠡᠷᠡᠭᠦᠯᠴᠢᠬᠡᠭᠡᠳ᠂ ᠭᠠᠷ ᠲᠠᠯᠠᠶᠢᠨ ᠰᠤᠷᠤᠭᠴᠢ ᠶᠢ ᠪᠠᠨ ᠵᠣᠳᠤᠴᠢᠬᠠᠭᠠᠳ᠂ ᠰᠤᠷᠤᠭᠴᠢᠳ ᠲᠤ ᠪᠠᠨ ᠬᠡᠷᠬᠢᠨ ᠬᠦᠮᠦᠨ ᠪᠤᠯᠬᠤ ᠬᠦᠮᠦᠵᠢᠯ ᠬᠢᠬᠦ ᠪᠢᠯᠡ︕ ᠰᠤᠷᠭᠠᠨ ᠬᠦᠮᠦᠵᠢᠯ ᠤᠨ ᠮᠥᠨ ᠴᠢᠨᠠᠷ ᠨᠢ ︽ᠪᠢᠴᠢᠭ ᠵᠢᠭᠠᠵᠦ ᠬᠦᠮᠦᠨ ᠢ ᠬᠦᠮᠦᠵᠢᠭᠦᠯᠬᠦ︾ ᠶᠠᠪᠤᠳᠠᠯ ᠪᠤᠯᠤᠨ᠎ᠠ᠃ ᠡᠭᠦᠨ ᠳᠤ ︽ᠬᠦᠮᠦᠨ ᠢ ᠬᠦᠮᠦᠵᠢᠭᠦᠯᠬᠦ︾ ᠨᠢ ︽ᠪᠢᠴᠢᠭ ᠵᠢᠭᠠᠬᠤ︾ ᠠᠴᠠ ᠨᠡᠩ ᠴᠢᠬᠤᠯᠠ ᠪᠠᠶᠢᠳᠠᠭ᠃ ᠶᠡᠭᠡ ᠰᠤᠷᠭᠠᠭᠤᠯᠢ ᠶᠢᠨ ᠬᠦᠷᠢᠶᠡᠨ ᠳᠤ ᠡᠭᠦᠰᠦᠭᠰᠡᠨ ᠬᠠᠮᠳᠤ ᠰᠤᠷᠤᠯᠭᠠᠳᠠᠨ ᠢᠶᠠᠨ ᠬᠤᠤᠷᠯᠠᠭᠰᠠᠨ ᠶᠠᠪᠤᠳᠠᠯ᠂ ᠲᠦᠷᠦ ᠵᠠᠰᠠᠭ ᠤᠨ ᠦᠨᠳᠤᠷ ᠲᠤᠰᠢᠶᠠᠯᠳᠠᠳ ᠤᠨ ᠬᠠᠤᠯᠢ ᠪᠤᠰᠤ ᠠᠵᠢᠯᠯᠠᠭ᠎ᠠ ᠁ ᠵᠡᠷᠭᠡ ᠤᠯᠠᠨ ᠤᠴᠢᠷ ᠮᠠᠨ ᠳᠤ ᠪᠤᠳᠠᠳᠤ ᠵᠢᠱᠢᠶ᠎ᠡ ᠪᠤᠯᠤᠨ ᠬᠠᠷᠠᠭᠳᠠᠵᠦ    ᠪᠠᠶᠢᠭ᠎ᠠ᠃      ᠡᠶᠢᠮᠦ ᠠᠴᠠ ᠪᠠᠭᠰᠢ ᠪᠣᠯᠤᠭᠰᠠᠳ ᠵᠠᠪᠠᠯ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠤᠯᠬᠤᠶᠢᠴᠡ ᠤᠬᠠᠮᠰᠠᠷᠳᠤ ᠴᠢᠨᠠᠷ ᠲᠠᠢ ᠪᠠᠶᠢᠵᠤ᠂ ᠰᠤᠷᠤᠭᠴᠢᠳ ᠤᠨ ᠢᠶᠠᠨ ᠪᠡᠶ᠎ᠡ ᠰᠡᠳᠬᠢᠴᠡ ᠶᠢᠨ ᠡᠷᠡᠭᠦᠯ ᠢᠶᠠᠷ ᠬᠦᠭᠵᠢᠬᠦ ᠳᠤ ᠵᠤᠬᠢᠬᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠬᠤ ᠬᠡᠷᠡᠭᠳᠡᠢ᠃      ᠢᠩᠬᠢᠵᠦ ︽ᠭᠡᠷ ᠪᠦᠯᠢ᠂ ᠨᠡᠶᠢᠭᠡᠮ᠂ ᠰᠤᠷᠭᠠᠭᠤᠯᠢ ᠭᠤᠷᠪᠠ ᠤᠶᠠᠯᠳᠤᠭᠰᠠᠨ︾ ᠰᠤᠷᠭᠠᠨ ᠬᠦᠮᠦᠵᠢᠯ ᠢ ᠪᠦᠷᠢᠨ ᠲᠡᠭᠦᠯᠳᠡᠷᠵᠢᠭᠦᠯᠵᠦ ᠲᠡᠶᠢᠯᠦᠮᠠᠨᠵᠢᠨ ᠰᠠᠶ᠋ᠢ ᠦᠨᠳᠤᠰᠤᠲᠠᠨ ᠤ ᠢᠷᠡᠭᠡᠳᠦᠢ ᠶᠢᠨ ᠡᠵᠡᠳ ᠢᠶᠠᠨ ᠬᠦᠮᠦᠨ ᠰᠢᠭ ᠬᠦᠮᠦᠨ ᠪᠤᠯᠭᠠᠵᠤ ᠬᠦᠮᠦᠵᠢᠭᠦᠯᠵᠦ ᠲᠡᠶᠢᠯᠦᠨ᠎ᠠ᠂ ᠰᠠᠶ᠋ᠢ ᠦᠨᠳᠦᠰᠦᠲᠡᠨ ᠤ ᠮᠡᠷᠭᠠᠰᠢ ᠶᠢᠨ ᠨᠠᠷᠠ ᠶᠢ ᠭᠡᠷᠡᠯᠳᠡᠢ ᠴᠤᠭᠳᠡᠢ ᠪᠠᠶᠢᠯᠭᠠᠵᠦ ᠲᠡᠶᠢᠯᠦᠨ᠎ᠠ᠂ ᠰᠠᠶ᠋ᠢ ᠦᠷᠦᠭᠡᠯ ᠪᠤᠰᠤᠳ ᠲᠠᠢ ᠮᠥᠷᠦ ᠵᠡᠷᠭᠡᠴᠡᠨ ᠵᠤᠭᠰᠤᠵᠦ ᠴᠢᠳᠠᠬᠤ ᠪᠡᠶ᠎ᠡ ᠪᠠᠭᠠᠳᠤᠷ ᠮᠥᠷᠳᠡᠭᠡᠨ ᠪᠢᠯᠢᠭ ᠪᠠᠭᠠᠳᠤᠷ ᠰᠢᠨ᠎ᠠ ᠨᠢᠭᠡᠨ ᠦᠶ᠎ᠡ ᠶᠢᠨ ᠬᠢᠨ ᠢ ᠪᠤᠢ ᠭᠦᠮᠦᠵᠢᠭᠦᠯᠵᠤ ᠴᠢᠳᠠᠨ᠎ᠠ᠃          ᠬᠠᠶ᠋ᠢᠬ᠄ ᠠᠷᠤ ᠬᠤᠷᠴᠢᠨ ᠬᠤᠰᠢᠭᠤᠨ ᠤ ᠴᠢᠪᠠᠭ᠎ᠠ ᠲᠠᠪᠤᠳᠤᠭᠠᠷ ᠲᠤᠮᠳᠠᠳᠤ ᠰᠤᠷᠭᠠᠭᠤᠯᠢ                                  ︵ᠠᠯᠳᠠᠨᠰᠦ᠋ᠭᠡ ᠨᠠᠶᠢᠷᠠᠭᠤᠯᠪᠠ︶                                  2020 ᠣᠨ ᠤ 6 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map