ᠠᠯᠢᠪᠠ ᠴᠢᠷᠮᠠᠶᠢᠯᠭ᠎ᠠ ᠴᠦᠮ ᠬᠠᠶᠢᠷ᠎ᠠ ᠪᠠ ᠬᠠᠷᠢᠭᠤᠴᠠᠯᠭ᠎ᠠ ᠮᠦᠨ
ᠨᠡᠶᠢᠲᠡᠯᠡᠭᠰᠡᠨ ᠴᠠᠭ᠄
2021/3/24
                                    ᠲᠠᠩ ᠴᠠᠩ ᠾᠧ      ᠠᠷᠠᠳ ᠤᠨ ᠪᠠᠭᠰᠢ ᠪᠤᠯᠤᠭᠠᠳ 20 ᠵᠢᠯ ᠤᠨ ᠨᠢᠭᠤᠷ ᠢ ᠦᠵᠡᠵᠦ ᠪᠠᠶᠢᠭ᠎ᠠ ᠮᠢᠨᠤ ᠬᠤᠪᠢ ᠳᠤ 15 ᠵᠢᠯ ᠠᠩᠭᠢ ᠡᠷᠬᠢᠯᠡᠵᠦ᠂ ᠠᠶᠢᠯ ᠤᠨ ᠬᠡᠤᠬᠡᠳ ᠢ ᠦᠪᠡᠷ ᠤᠨ ᠭᠡᠤᠭᠡᠳ ᠠᠴᠠ ᠪᠠᠨ ᠢᠯᠡᠭᠦᠦ ᠪᠤᠳᠤᠨ᠂ ᠠᠷᠤ ᠭᠡᠷ᠂ ᠰᠠᠳᠤᠨ ᠲᠦᠷᠦᠯ ᠢᠶᠠᠨ ᠭᠤᠮᠤᠳᠠᠭᠠᠵᠤ ᠶᠠᠪᠤᠭᠰᠠᠨ ᠴᠤ ᠤᠳᠠᠭ᠎ᠠ ᠲᠠᠢ᠃ ᠭᠡᠪᠡᠴᠦ ᠠᠩᠭᠢ ᠶᠢᠨ ᠪᠠᠭᠰᠢ ᠶᠢᠨ ᠬᠤᠪᠢ ᠠᠴᠠ ᠳᠡᠭᠳᠡᠭᠡᠬᠡᠢ ᠮᠡᠲᠦ ᠬᠦᠭᠡᠷᠦᠬᠦᠨ ᠰᠤᠷᠤᠭᠴᠢ ᠪᠠᠨ ᠦᠵᠡᠬᠦ ᠪᠦᠷᠢ᠂ ᠶᠡᠭᠡ ᠰᠤᠷᠭᠠᠭᠤᠯᠢ ᠳᠤ ᠪᠠᠨ ᠮᠠᠷᠠᠶᠢᠨ ᠴᠢᠷᠮᠠᠶᠢᠨ ᠰᠤᠷᠤᠯᠴᠠᠵᠤ ᠪᠠᠶᠢᠭ᠎ᠠ ᠶᠢ ᠰᠤᠨᠤᠰᠬᠤ ᠪᠦᠷᠢ᠂ ᠠᠵᠢᠯ ᠤᠨ ᠪᠠᠶᠢᠷᠢᠨ ᠳᠤ ᠪᠠᠨ ᠭᠢᠯᠠᠷᠠᠭᠤᠯᠵᠤ ᠪᠠᠶᠢᠬᠤ ᠶᠢ ᠨᠢ ᠲᠤᠭᠤᠯᠬᠤ ᠪᠤᠯᠭᠠᠨ ᠴᠢᠷᠮᠠᠶᠢᠭᠰᠠᠨ ᠮᠢᠨᠢ ᠲᠠᠯᠠᠭᠠᠷ ᠪᠤᠯᠤᠭᠰᠠᠨ ᠦᠭᠡᠢ ᠭᠡᠬᠦ ᠪᠤᠳᠤᠯ ᠪᠦᠬᠦ ᠪᠡᠶ᠎ᠡ ᠶᠢ ᠳᠤᠯᠠᠭᠠᠯᠠᠵᠤ᠂ ᠰᠡᠳᠭᠢᠯ ᠬᠠᠩᠬᠤᠯᠤᠭᠤᠨ ᠲᠠᠭᠠᠯᠠᠮᠵᠢᠲᠠᠢ ᠪᠤᠯᠳᠠᠭ᠃      ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ ᠭᠡᠳᠡᠭ ᠢᠶᠠᠷ᠂ ᠬᠦᠴᠦ ᠬᠦᠯᠦᠰᠦ ᠪᠠᠨ ᠤᠷᠤᠰᠬᠠᠨ ᠤᠶᠤᠨ ᠤᠬᠠᠭᠠᠨ ᠢᠶᠠᠨ ᠰᠢᠪᠬᠠᠨ ᠬᠠᠶᠢᠷ᠎ᠠ ᠰᠡᠳᠭᠢᠯ ᠢᠶᠠᠨ ᠵᠤᠷᠢᠭᠤᠯᠤᠭᠰᠠᠨ ᠠᠴᠠ᠂ ᠰᠤᠷᠭᠠᠭᠤᠯᠢ ᠶᠢᠨ᠂ ᠬᠤᠰᠢᠭᠤᠨ ᠤ᠂ ᠬᠤᠳᠠ ᠶᠢᠨ ᠲᠡᠰ ᠤᠨ ᠶᠡᠭᠡ ᠪᠠᠭ᠎ᠠ ᠱᠠᠩᠨᠠᠯ ᠢ ᠤᠯᠠᠨᠲᠠ ᠲᠤᠰᠴᠤ᠂ ᠨᠡᠶᠢᠲᠡ ᠤᠯᠠᠨ ᠳᠤ ᠪᠠᠨ ᠮᠡᠳᠡᠷᠡᠭᠳᠡᠵᠤ ᠶᠠᠪᠤᠯ᠎ᠠ᠃ ᠡᠶᠢᠨ ᠭᠦ ᠤᠯᠤᠯᠳᠠ ᠲᠤᠷᠰᠢᠯᠭ᠎ᠠ ᠭᠡᠮᠠᠷ ᠵᠦᠢᠯᠠᠰ ᠢᠶᠠᠨ ᠡ᠊ᠨᠳᠠ ᠰᠠᠶᠢᠷᠠᠭᠦᠯᠪᠡ᠃      1. ᠦᠵᠡᠯ ᠪᠤᠳᠤᠯ ᠢᠶᠠᠨ ᠲᠦᠪ ᠪᠤᠯᠭᠠᠨ᠂ ᠤᠯᠵᠤ ᠠᠯᠳᠠᠬᠤ ᠶᠢ ᠬᠦᠭᠡᠭᠡᠴᠡᠯᠳᠦᠬᠦ ᠦᠭᠡᠢ ᠪᠠᠶᠢᠬᠤ    ᠬᠡᠷᠡᠭᠲᠡᠢ᠃      ᠠᠩᠭᠢ ᠶᠢᠨ ᠪᠠᠭᠰᠢ ᠶᠢᠨ ᠬᠤᠪᠢ ᠳᠤ᠂ ᠰᠤᠷᠭᠠᠭᠤᠯᠢ ᠳᠠᠭᠠᠨ ᠪᠤᠯ ᠰᠤᠷᠤᠭᠴᠢ ᠶᠢᠨ ᠡᠴᠢᠭᠡ ᠡᠬᠡ ᠲᠠᠢ ᠡᠭᠡᠭᠡ ᠠᠳᠠᠯᠢᠬᠠᠨ᠃ ᠭᠡᠷ ᠤᠨ ᠠᠬᠠᠮᠠᠳ ᠠᠴᠠ ᠭᠠᠭᠴᠠ ᠨᠢᠭᠡ ᠬᠡᠤᠬᠡᠳ ᠢᠶᠠᠨ ᠬᠠᠮᠢᠶᠠᠷᠴᠤ ᠲᠠᠶᠢᠯᠭᠦ ᠦᠭᠡᠢ ᠴᠠᠭ ᠲᠤ᠂ 30~40 ᠬᠡᠤᠬᠡᠳ ᠢ ᠬᠦᠨᠵᠡᠭᠡᠢ ᠨᠠᠷᠢᠯᠢᠬ ᠤᠶᠢᠯᠠᠭᠠᠵᠤ᠂ ᠦᠵᠡᠯ ᠰᠠᠨᠠᠭ᠎ᠠ᠂ ᠰᠤᠷᠤᠯᠭ᠎ᠠ ᠠᠮᠢᠳᠤᠷᠠᠯ ᠤᠨ ᠲᠠᠯ᠎ᠠ ᠪᠠᠷ ᠰᠠᠶᠢᠨ ᠵᠢᠯᠤᠭᠤᠳᠤᠯᠭ᠎ᠠ ᠬᠢᠨ᠎ᠡ ᠭᠡᠳᠡᠭ ᠴᠢᠨᠢ ᠦᠨᠡᠨ ᠳᠡᠭᠡᠨ ᠲᠦᠪᠡᠭ ᠠᠴᠠ ᠲᠦᠪᠡᠭ ᠠᠵᠢᠯ᠃ ᠠᠵᠢᠯ ᠤᠨ ᠬᠦᠨᠳᠦ ᠠᠴᠠ ᠠᠶᠤᠬᠤ᠂ ᠬᠠᠰᠢ ᠶᠠᠰᠢ ᠠᠯᠪᠠ ᠬᠠᠰᠢᠬᠤ᠂ ᠠᠯᠳᠠᠵᠤ ᠤᠨᠤᠬᠤ ᠳᠠᠩᠰᠠ ᠲᠤᠭᠠᠴᠠᠬᠤ ᠨᠢ ᠠᠩᠭᠢ ᠶᠢᠨ ᠪᠠᠭᠰᠢ ᠶᠢᠨ ᠠᠵᠢᠯ ᠤᠨ ᠴᠢᠨᠡᠷ ᠴᠢᠨᠰᠠᠭ᠎ᠠ ᠶᠢ ᠬᠦᠨᠳᠦ ᠨᠤᠴᠢᠲᠠᠢ ᠨᠦᠯᠦᠭᠡᠯᠡᠨ᠂ ᠠᠵᠢᠯ ᠤᠨ ᠤᠷᠮᠠᠰᠢᠯ ᠢ ᠬᠤᠭᠤᠷᠠᠭᠤᠯᠵᠤ᠂ ᠪᠠᠭᠰᠢ ᠶᠢᠨ ᠠᠵᠢᠯ ᠨᠢ ᠵᠦᠪᠬᠡᠨ ᠨᠢᠭᠡ ᠵᠦᠢᠯ ᠤᠨ ᠠᠮᠢᠳᠤᠷᠠᠬᠤ ᠶᠢᠨ ᠠᠷᠭ᠎ᠠ᠂ ᠠᠵᠤ ᠠᠬᠤᠢ ᠶᠢᠨ ᠢᠷᠡᠯᠳᠡ ᠪᠤᠯᠵᠤ ᠬᠤᠪᠢᠷᠠᠬᠤ ᠠᠴᠠ ᠪᠤᠯᠵᠤ᠂ ᠠᠵᠢᠯ ᠤᠨ ᠤᠷᠮ᠎ᠠ ᠪᠠᠭᠤᠷᠠᠵᠤ᠂ ᠡᠩᠨᠡᠭᠡ ᠠᠴᠠ ᠪᠠᠨ ᠬᠠᠶᠠᠭᠳᠠᠬᠤ ᠬᠡᠮᠵᠢᠶ᠎ᠡ ᠬᠦᠷᠦᠨ᠎ᠡ᠃ ᠡᠶᠢᠮᠦ ᠠᠴᠠ ᠠᠩᠭᠢ ᠬᠠᠮᠢᠶᠠᠷᠬᠤ ᠠᠴᠠ ᠡᠮᠦᠨ᠎ᠡ ᠡᠳᠡᠭᠡᠷ ᠢ ᠪᠤᠳᠤᠯᠬᠢᠯᠠᠪᠠᠯ᠂ ᠬᠦᠴᠢᠷ ᠪᠡᠷᠬᠡ ᠶᠢᠨ ᠳᠤᠮᠳᠠ ᠦᠵᠡᠯ ᠰᠠᠨᠠᠭ᠎ᠠ ᠭᠤᠶᠢᠪᠢᠬᠤ ᠦᠭᠡᠢ᠂ ᠬᠠᠷᠢᠭᠤᠴᠠᠯᠭ᠎ᠠ ᠠᠯᠳᠠᠬᠤ ᠦᠭᠡᠢ᠂ ᠰᠤᠷᠭᠠᠭᠤᠯᠢ ᠪᠠ ᠰᠤᠷᠤᠭᠴᠢ ᠶᠢᠨ ᠭᠡᠷ ᠤᠨ ᠠᠬᠠᠮᠠᠳ ᠤᠨ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ᠂ ᠦᠪᠡᠷ ᠤᠨ ᠪᠡᠶ᠎ᠡ ᠳᠡᠭᠡᠨ ᠤᠰᠤᠯᠳᠠᠬᠤ ᠦᠭᠡᠢ ᠪᠤᠯᠤᠨ᠎ᠠ᠃ ᠡᠶᠢᠮᠦ ᠠᠴᠠ ︽ᠪᠠᠭᠰᠢ ᠬᠦᠮᠦᠨ ᠳᠤ ᠯᠠ ᠶᠢᠨ ᠵᠤᠷᠢᠭ ᠰᠠᠨᠠᠭ᠎ᠠ ᠪᠠᠶᠢᠬᠤ ᠬᠡᠷᠡᠭᠲᠡᠢ︾ ᠭᠡᠳᠡᠭ ᠨᠢ ᠵᠤᠬᠢᠬᠤ ᠭᠡᠮᠵᠢᠶᠡᠨ ᠳᠤ ᠵᠦᠢ ᠶᠤᠰᠤ ᠲᠠᠢ ᠪᠢᠯᠠ᠃      2. ᠰᠤᠷᠤᠭᠴᠢ ᠪᠠᠨ ᠤᠶᠢᠯᠠᠭᠠᠬᠤ ᠶᠢᠨ ᠬᠠᠮᠲᠤ ᠲᠡᠳᠡᠨ ᠤ ᠭᠡᠷ ᠪᠦᠯᠢ ᠶᠢᠨ ᠪᠠᠶᠢᠳᠠᠯ ᠢ ᠨᠢ ᠭᠦᠨᠵᠡᠭᠡᠢ ᠤᠶᠢᠯᠠᠭᠠᠬᠤ ᠪᠤᠯ ᠵᠦᠪ ᠵᠢᠯᠤᠭᠤᠳᠤᠯᠭ᠎ᠠ ᠬᠢᠬᠦ ᠶᠢᠨ ᠤᠷᠢᠳᠠᠯ ᠰᠠᠭᠤᠷᠢ ᠪᠤᠯᠤᠨ᠎ᠠ᠃      ᠠᠩᠭᠢ ᠶᠢᠨ ᠪᠠᠭᠰᠢ ᠶᠢᠨ ᠭᠤᠤᠯ ᠠᠵᠢᠯ ᠨᠢ ᠰᠤᠷᠤᠭᠴᠢᠳ ᠲᠤ ᠦᠵᠡᠯ ᠰᠠᠨᠠᠭ᠎ᠠ᠂ ᠰᠡᠳᠭᠢᠴᠡ᠂ ᠰᠤᠷᠤᠯᠴᠠᠬᠤ ᠠᠷᠭ᠎ᠠ ᠶᠢᠨ ᠵᠢᠯᠤᠭᠤᠳᠤᠯᠭ᠎ᠠ ᠬᠢᠬᠦ ᠶᠢᠨ ᠬᠠᠮᠲᠤ ᠰᠤᠷᠤᠭᠴᠢ ᠶᠢᠨ ᠬᠤᠭᠤᠷᠤᠨᠳᠤᠬᠢ ᠵᠦᠷᠢᠴᠡᠯ ᠢ ᠰᠢᠢᠳᠪᠦᠷᠢᠯᠡᠬᠦ ᠮᠡᠲᠦ ᠶᠢᠨ ᠤᠯᠠᠨ ᠠᠷᠪᠢᠨ ᠦᠵᠡᠯ ᠰᠠᠨᠠᠭᠠᠨ ᠤ ᠰᠤᠯᠢᠯᠴᠠᠭ᠎ᠠ᠂ ᠶᠠᠷᠢᠯᠴᠠᠭ᠎ᠠ ᠪᠠᠶᠢᠳᠠᠭ᠂ ᠨᠡᠩ ᠢᠯᠠᠩᠭᠤᠶ᠎ᠠ ᠦᠵᠡᠯ ᠰᠠᠨᠠᠭ᠎ᠠ ᠦᠢᠯᠡ ᠠᠵᠢᠯᠯᠠᠭ᠎ᠠ ᠳᠡᠭᠡᠷ᠎ᠡ ᠪᠠᠨ ᠠᠰᠠᠭᠤᠳᠠᠯ ᠲᠠᠢ ᠰᠤᠷᠤᠭᠴᠢ ᠲᠠᠢ ᠶᠠᠷᠢᠯᠴᠠᠭ᠎ᠠ ᠬᠢᠬᠦ ᠨᠢ ᠲᠤᠩ ᠠᠷᠪᠢᠨ᠃ ᠭᠡᠳᠡᠯ᠎ᠡ ᠤᠯᠠᠩᠬᠢ ᠵᠠᠯᠠᠭᠤ ᠪᠠᠭᠰᠢ ᠰᠤᠷᠤᠭᠴᠢᠳ ᠲᠠᠢ ᠬᠡᠴᠢᠨᠡᠨ ᠶᠠᠷᠢᠯᠴᠠᠭᠰᠠᠨ ᠴᠦ ᠦᠷ᠎ᠡ ᠠᠰᠢᠭ ᠨᠢ ᠪᠠᠭ᠎ᠠ᠂ ᠴᠢᠨᠠᠭᠰᠢᠯᠠᠨ ᠪᠠᠭᠰᠢ ᠰᠤᠷᠤᠭᠴᠢ ᠶᠢᠨ ᠵᠦᠷᠢᠴᠡᠯ ᠬᠤᠷᠴᠠᠳᠴᠤ᠂ ᠬᠤᠶᠠᠷ ᠡᠳᠡᠭᠡᠳ ᠤᠨ ᠬᠠᠷᠢᠴᠠᠭ᠎ᠠ ᠠᠨᠠᠢ ᠪᠤᠯᠬᠤ ᠦᠵᠡᠭᠳᠡᠯ ᠴᠦ ᠪᠠᠶᠢᠨ᠎ᠠ᠃ ᠡᠭᠦᠨ ᠤ ᠭᠤᠤᠯ ᠰᠢᠯᠲᠠᠭᠠᠨ ᠨᠢ ᠪᠠᠭᠰᠢ ᠠᠴᠠ ᠰᠤᠷᠤᠭᠴᠢ ᠶᠢᠨ ᠲᠤᠰ ᠬᠦᠮᠦᠨ ᠵᠢᠴᠢ ᠭᠡᠷ ᠪᠦᠯᠢ ᠶᠢᠨ ᠪᠠᠶᠢᠳᠠᠯ ᠳᠤ ᠭᠦᠨᠵᠡᠭᠡᠢ ᠤᠶᠢᠯᠠᠭᠠᠯᠳᠠ ᠬᠢᠭᠰᠡᠨ ᠦᠭᠡᠢ᠂ ᠤᠴᠢᠷ ᠶᠠᠪᠤᠳᠠᠯ ᠤᠨ ᠵᠢᠩᠭᠢᠨᠢ ᠰᠢᠯᠲᠠᠭᠠᠨ ᠢ ᠨᠢ ᠮᠡᠳᠡᠬᠦ ᠦᠭᠡᠢ᠂ ᠤᠶᠢᠯᠠᠭᠠᠬᠤ ᠦᠭᠡᠢ ᠪᠠᠶᠢᠳᠠᠯ ᠲᠤᠤᠷ᠎ᠠ᠂ ᠭᠠᠭᠴᠠ ᠲᠠᠯ᠎ᠠ ᠠᠴᠠ ᠶᠠᠷᠢᠵᠤ ᠰᠢᠭᠦᠮᠵᠢᠯᠡᠭᠰᠡᠨ ᠠᠴᠠ ᠰᠤᠷᠤᠭᠴᠢ ᠶᠢᠨ ᠰᠡᠳᠭᠢᠯ ᠢ ᠬᠦᠳᠡᠯᠭᠡᠵᠤ ᠳᠡᠶᠢᠯᠬᠦ ᠦᠭᠡᠢ᠂ ᠰᠤᠷᠤᠭᠴᠢᠳ ᠲᠤ ᠪᠢᠰᠢᠷᠡᠭᠳᠡᠬᠦ ᠦᠭᠡᠢ᠂ ᠰᠤᠷᠤᠭᠴᠢᠳ ᠲᠤ ᠲᠠᠭᠠᠰᠢᠶᠠᠭᠳᠠᠬᠤ ᠦᠭᠡᠢ᠂ ᠡᠰᠡᠷᠭᠦ ᠪᠠᠷ ᠬᠠᠷᠢᠨ ᠰᠤᠷᠤᠭᠴᠢ ᠶᠢᠨ ᠰᠡᠳᠭᠢᠯ ᠢ ᠭᠦᠨᠳᠠᠵᠤ᠂ ᠡᠴᠦᠰ ᠲᠤ ᠪᠠᠨ ᠪᠠᠭᠰᠢ ᠶᠢᠨ ᠦᠭᠡ ᠶᠢ ᠠᠪᠬᠤ ᠦᠭᠡᠢ ᠪᠤᠯᠵᠤ᠂ ᠨᠡᠩ ᠴᠢᠨᠠᠭᠰᠢᠯᠠᠨ ᠡᠰᠡᠷᠭᠦᠴᠡᠯᠳᠦᠬᠦ ᠪᠠᠶᠢᠳᠠᠯ ᠢᠯᠡᠷᠡᠳᠡᠭ ᠪᠠᠶᠢᠨ᠎ᠠ᠃ ᠡᠶᠢᠮᠦ ᠠᠴᠠ ᠨᠢᠭᠡ ᠰᠤᠷᠤᠭᠴᠢ ᠲᠠᠢ ᠶᠠᠷᠢᠯᠴᠠᠭ᠎ᠠ ᠬᠢᠬᠦ ᠠᠴᠠ ᠡᠮᠤᠨ᠎ᠡ ᠪᠡᠯᠡᠳᠭᠡᠯ ᠠᠵᠢᠯ ᠢᠶᠠᠨ ᠭᠦᠢᠴᠡᠳ ᠬᠢᠬᠦ ᠨᠢ ᠰᠤᠷᠤᠭᠴᠢ ᠲᠠᠢ ᠰᠡᠳᠭᠢᠯ ᠢᠶᠠᠨ ᠰᠤᠯᠢᠯᠴᠠᠨ ᠪᠤᠳᠠᠳᠤ ᠠᠰᠠᠭᠤᠳᠠᠯ ᠢ ᠰᠢᠢᠳᠪᠦᠷᠢᠯᠡᠬᠦ ᠶᠢᠨ ᠤᠷᠢᠳᠠᠯ ᠪᠠ ᠰᠠᠭᠤᠷᠢ ᠪᠤᠯᠵᠤ ᠪᠠᠶᠢᠳᠠᠭ᠃ ᠠᠩᠭᠢ ᠶᠢᠨ ᠪᠠᠭᠰᠢ ᠶᠢᠨ ᠬᠢᠷᠢ ᠲᠦᠪᠰᠢᠨ ᠶᠠᠮᠠᠷ ᠵᠡᠷᠭᠡ ᠪᠠᠶᠢᠬᠤ ᠨᠢ ᠰᠤᠷᠤᠭᠴᠢ ᠶᠢᠨ ᠰᠡᠳᠭᠢᠴᠡ ᠶᠢ ᠵᠠᠳᠠᠯᠵᠤ᠂ ᠰᠡᠳᠭᠢᠯ ᠤᠨ ᠰᠤᠯᠢᠯᠴᠠᠭ᠎ᠠ ᠬᠢᠵᠦ ᠲᠡᠶᠢᠯᠬᠦ ᠡᠰᠡᠬᠦ ᠲᠠᠢ ᠰᠢᠭᠤᠳ ᠬᠤᠯᠪᠤᠭᠠᠲᠠᠢ ᠪᠠᠶᠢᠳᠠᠭ᠂ ᠡᠶᠢᠮᠦ ᠠᠴᠠ ᠪᠠᠭᠰᠢ ᠨᠠᠷ ᠢ ᠰᠡᠳᠭᠢᠴᠡ ᠶᠢᠨ ᠵᠦᠪᠯᠡᠭᠴᠢ ᠶᠢᠨ ᠬᠢᠷᠢ ᠬᠡᠮ ᠲᠠᠢ ᠪᠤᠯᠬᠤ ᠶᠢ ᠱᠠᠭᠠᠷᠳᠠᠬᠤ ᠨᠢ ᠴᠦ ᠮᠠᠰᠢ ᠵᠦᠪ ᠤᠴᠢᠷ ᠪᠢᠯᠠ᠃      3. ᠪᠡᠶ᠎ᠡ ᠪᠠᠷ ᠢᠶᠠᠨ ᠳᠠᠭᠤᠷᠢᠶᠠᠯ ᠪᠤᠯᠵᠤ᠂ ᠬᠡᠯᠡᠬᠦ ᠬᠢᠬᠦ ᠪᠠᠨ ᠨᠢᠭᠡᠳᠭᠡᠨ᠂ ᠵᠦᠪ ᠳᠦᠷᠢ ᠳᠦᠷᠬᠦ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃      ᠰᠤᠷᠠᠭ ᠵᠠᠩᠬᠢ᠂ ᠲᠤᠤᠷ ᠰᠦᠯᠵᠢᠶ᠎ᠡ ᠬᠦᠭᠵᠢᠭᠰᠡᠨ ᠤᠳᠤ ᠴᠠᠭ ᠲᠤ᠂ ᠬᠡᠢ ᠬᠤᠭᠤᠰᠤᠨ᠂ ᠶᠡᠭᠡ ᠦᠭᠡ ᠬᠡᠯᠡᠭᠡᠳ ᠪᠤᠰᠤᠳ ᠢ ᠪᠢᠰᠢᠷᠡᠭᠦᠯᠵᠦ ᠲᠡᠶᠢᠯᠬᠦ ᠪᠠᠨ ᠪᠤᠯᠢᠵᠠᠢ᠃ ᠬᠠᠷᠢᠨ ᠬᠡᠯᠡᠭᠰᠡᠨ ᠤ ᠳᠠᠷᠠᠭ᠎ᠠ ᠭᠡᠷᠬᠢᠨ ᠪᠡᠶᠡᠯᠡᠭᠦᠯᠵᠦ ᠪᠠᠶᠢᠬᠤ ᠡᠰᠡᠬᠦ ᠶᠢ ᠦᠵᠡᠵᠦ ᠠᠩᠬᠠᠷᠬᠤ ᠮᠦᠷᠳᠡᠭᠡᠨ ᠦᠨᠡᠯᠡᠯᠳᠡ ᠬᠢᠬᠦ ᠶᠢ ᠴᠢᠬᠤᠯᠠᠴᠢᠯᠠᠬᠤ ᠬᠡᠷᠡᠭᠲᠡᠢ᠃ ᠡᠶᠢᠮᠦ ᠠᠴᠠ ᠠᠩᠭᠢ ᠶᠢᠨ ᠪᠠᠭᠰᠢ ᠪᠤᠯᠤᠭᠰᠠᠨ ᠤ ᠬᠤᠪᠢ ᠳᠤ ︽ᠮᠡᠳᠡᠯᠭᠡ ᠭᠦᠨ ᠪᠤᠯᠪᠠᠰᠤ ᠪᠠᠭᠰᠢ᠂ ᠰᠤᠷᠲᠠᠯ ᠲᠦᠪ ᠪᠤᠯᠪᠠᠰᠤ ᠳᠠᠭᠤᠷᠢᠶᠠᠯ︾ ᠭᠡᠳᠡᠭ ᠦᠭᠡ ᠶᠢ ᠪᠠᠳᠦ ᠴᠡᠭᠡᠵᠢᠯᠡᠵᠤ᠂ ᠰᠤᠷᠤᠯᠴᠠᠯᠭ᠎ᠠ ᠪᠠ ᠪᠤᠯᠪᠠᠰᠤᠷᠠᠯ ᠢ ᠬᠦᠨᠳᠦᠳᠭᠡᠨ᠂ ᠲᠤᠰᠬᠠᠢ ᠮᠡᠷᠭᠡᠵᠢᠯ ᠪᠠ ᠮᠡᠳᠡᠯᠭᠡ ᠶᠢᠨ ᠬᠦᠷᠢᠶ᠎ᠡ ᠬᠡᠪᠴᠢᠶ᠎ᠡ᠂ ᠲᠠᠮᠢᠷ ᠤᠷᠠᠯᠢᠭ ᠵᠡᠷᠭᠡ ᠡᠯ᠎ᠠ ᠲᠠᠯ᠎ᠠ ᠪᠠᠷ ᠦᠪᠡᠷ ᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠬᠠᠮᠢᠶᠠᠷᠤᠯᠳᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠪᠤᠳᠠᠳᠤ ᠠᠵᠢᠯᠯᠠᠭ᠎ᠠ ᠪᠠᠷ ᠢᠶᠠᠨ ᠲᠦᠷᠢᠮ ᠦᠵᠡᠭᠦᠯᠵᠦ᠂ ᠬᠡᠯᠡᠬᠦ ᠬᠢᠬᠦ ᠪᠠᠨ ᠨᠢᠭᠡᠳᠦᠯᠲᠡᠢ ᠪᠠᠶᠢᠯᠭᠠᠬᠤ ᠬᠡᠷᠡᠭᠲᠡᠢ᠃ ᠢᠩᠭᠢᠪᠡᠯ ᠰᠡᠶ᠋ᠢ ᠰᠤᠷᠤᠭᠴᠢ ᠶᠢᠨ ᠰᠡᠳᠭᠢᠯ ᠳᠤ ᠪᠠᠶᠢᠷᠢ ᠰᠠᠭᠤᠷᠢ ᠲᠠᠢ ᠪᠤᠯᠵᠤ᠂ ᠰᠤᠷᠤᠭᠴᠢ ᠶᠢᠨ ᠪᠢᠰᠢᠷᠡᠯ ᠬᠦᠨᠳᠦᠳᠭᠡᠯ ᠲᠠᠢ ᠪᠠᠭᠰᠢ ᠪᠤᠯᠵᠤ ᠴᠢᠳᠠᠨ᠎ᠠ᠃      4. ᠰᠤᠷᠤᠭᠴᠢ ᠶᠢᠨ ᠨᠡᠷ᠎ᠡ ᠲᠦᠷᠦ ᠶᠢ ᠬᠠᠮᠠᠭᠠᠯᠠᠵᠤ᠂ ᠨᠢᠭᠤᠴᠠ ᠶᠢ ᠵᠠᠳᠠᠷᠠᠭᠤᠯᠬᠤ ᠦᠭᠡᠢ ᠪᠠᠶᠢᠬᠤ    ᠬᠡᠷᠡᠭᠲᠡᠢ᠃      ᠶᠠᠮᠠᠷᠪᠠ ᠬᠦᠮᠦᠨ ᠴᠦ ᠪᠦᠷ ᠲᠡᠭᠦᠨ ᠤ ᠲᠠᠪᠠᠭᠤᠯᠢᠭ ᠲᠠᠯ᠎ᠠ ᠪᠠ ᠬᠦᠷᠦᠯᠴᠡᠬᠦ ᠦᠭᠡᠢ ᠲᠠᠯ᠎ᠠ ᠪᠠᠶᠢᠳᠠᠭ᠂ ᠬᠦᠮᠦᠨ ᠪᠦᠬᠦᠨ ᠦᠪᠡᠷ ᠤᠨ ᠳᠠᠪᠠᠭᠤᠯᠢᠭ ᠲᠠᠯ᠎ᠠ ᠪᠠᠨ ᠪᠤᠰᠤᠳ ᠲᠤ ᠮᠡᠳᠡᠷᠡᠭᠳᠡᠵᠦ᠂ ᠬᠦᠷᠦᠯᠴᠡᠬᠦ ᠦᠭᠡᠢ ᠲᠠᠯ᠎ᠠ ᠪᠠᠨ ᠮᠡᠳᠡᠭᠳᠡᠬᠦ ᠦᠭᠡᠢ ᠶᠢ ᠬᠢᠴᠢᠶᠡᠳᠡᠭ᠃ ᠡᠶᠢᠮᠦ ᠠᠴᠠ ᠰᠤᠷᠤᠭᠴᠢ ᠶᠢᠨ ᠬᠢᠭᠰᠡᠨ ᠪᠤᠷᠤᠭᠤ ᠶᠠᠪᠤᠳᠠᠯ ᠢ ᠰᠢᠢᠳᠪᠦᠷᠢᠯᠡᠬᠦ ᠳᠤ ᠠᠪᠬᠤ ᠠᠷᠭ᠎ᠠ ᠠᠪᠴᠠᠯ ᠪᠠ ᠬᠡᠮᠵᠢᠶ᠎ᠡ ᠲᠤᠮᠵᠢᠶ᠎ᠠ ᠪᠠᠨ ᠲᠡᠩᠴᠡᠭᠦᠯᠵᠦ᠂ ᠬᠦᠮᠦᠨ ᠢ ᠬᠦᠮᠦᠵᠢᠭᠦᠯᠬᠦ ᠵᠠᠷᠴᠢᠮ ᠲᠤᠤᠷ᠎ᠠ ᠰᠢᠢᠳᠪᠦᠷᠢᠯᠡᠭᠰᠡᠨ ᠪᠠᠶᠢᠬᠤ ᠬᠡᠷᠡᠭᠲᠡᠢ᠃ ᠬᠠᠷᠢᠨ ᠠᠩᠭᠢ ᠶᠢᠨ ᠬᠢᠨᠡᠨ ᠲᠤᠭᠠᠴᠠᠯᠳᠠ ᠠᠴᠠ ᠬᠤᠪᠢ ᠬᠠᠰᠤᠭᠤᠯᠤᠭᠰᠠᠨ ᠪᠤᠶᠤ ᠪᠠᠭᠰᠢ ᠶᠢᠨ ᠨᠡᠷ᠎ᠡ ᠨᠢᠭᠤᠷ ᠢ ᠪᠠᠷᠠᠭᠰᠠᠨ ᠭᠡᠬᠦ ᠮᠡᠲᠦ ᠦᠩᠭᠡᠨ ᠲᠠᠯ᠎ᠠ ᠶᠢᠨ ᠵᠢᠵᠢᠭ ᠤᠴᠢᠷ ᠠᠴᠠ ᠰᠤᠷᠤᠭᠴᠢ ᠶᠢ ᠶᠠᠯᠠᠯᠠᠬᠤ᠂ ᠬᠡᠲᠦ ᠰᠢᠭᠦᠮᠵᠢᠯᠡᠬᠦ ᠶᠢ ᠬᠢᠴᠢᠶᠡᠪᠡᠯ ᠵᠤᠬᠢᠰᠲᠠᠢ᠃ ᠨᠡᠩ ᠢᠯᠠᠩᠭᠤᠶ᠎ᠠ ᠬᠤᠯᠠᠭᠠᠢ ᠬᠢᠬᠦ ᠮᠡᠲᠦ ᠰᠤᠷᠤᠭᠴᠢ ᠶᠢᠨ ᠨᠡᠷ᠎ᠡ ᠲᠦᠷᠦ ᠶᠢ ᠬᠦᠨᠳᠦ ᠨᠤᠴᠢᠲᠠᠢ ᠨᠦᠯᠦᠭᠡᠯᠡᠬᠦ ᠶᠠᠪᠤᠳᠠᠯ ᠢ ᠰᠢᠢᠳᠪᠦᠷᠢᠯᠡᠬᠦ ᠳᠤ ᠤᠴᠢᠷ ᠶᠠᠪᠤᠳᠠᠯ ᠤᠨ ᠡᠭᠦᠰᠦᠯ ᠭᠠᠷᠤᠯ ᠵᠡᠷᠭᠡ ᠶᠢ ᠨᠠᠷᠢᠯᠢᠬ ᠤᠶᠢᠯᠠᠭᠠᠭᠰᠠᠨ ᠰᠠᠭᠤᠷᠢᠨ ᠳᠡᠭᠡᠷ᠎ᠡ ᠯᠠᠪᠳᠠᠭᠤᠨ ᠬᠢᠴᠢᠶᠡᠮᠵᠢᠲᠠᠢ ᠰᠢᠢᠳᠪᠦᠷᠢᠯᠡᠨ᠂ ᠬᠠᠪᠰᠤᠷᠤᠮᠵᠢ ᠦᠭᠬᠦ ᠮᠦᠷᠲᠡᠭᠡᠨ ᠪᠤᠰᠤᠳ ᠲᠤ ᠮᠡᠳᠡᠭᠳᠡᠬᠦ ᠶᠢ ᠬᠢᠴᠢᠶᠡᠨ᠂ ᠨᠡᠷ᠎ᠡ ᠨᠢᠭᠤᠷ ᠢ ᠨᠢ ᠬᠠᠮᠠᠭᠠᠯᠠᠵᠤ᠂ ᠬᠤᠵᠢᠮ ᠤᠨ ᠬᠦᠭᠵᠢᠯᠳᠡ ᠳᠤ ᠰᠠᠭᠠᠳ ᠪᠤᠯᠬᠤ ᠠᠴᠠ ᠬᠢᠴᠢᠶᠡᠨ᠎ᠡ᠃ ᠡᠶᠢᠮᠦᠷᠬᠦᠤ ᠬᠡᠤᠬᠡᠳ ᠨᠠᠰᠤᠨ ᠲᠤᠷᠰᠢᠳᠠ ᠪᠠᠭᠰᠢ ᠶᠢᠨ ᠬᠦᠮᠦᠵᠢᠭᠦᠯᠦᠭᠰᠡᠨ ᠠᠴᠢ ᠶᠢ ᠪᠤᠳᠤᠵᠤ᠂ ᠲᠠᠯᠠᠷᠬᠠᠵᠤ ᠶᠠᠪᠤᠳᠠᠭ ᠤᠴᠢᠷ ᠲᠠᠢ᠃      5. ᠳᠦᠷᠢᠮ ᠲᠤᠭᠲᠠᠭᠠᠯ ᠢ ᠲᠤᠳᠤᠷᠬᠠᠢ ᠪᠤᠯᠭᠠᠨ᠂ ᠰᠤᠷᠤᠭᠴᠢ ᠪᠤᠯᠭᠠᠨ ᠳᠤ ᠠᠳᠠᠯᠢ ᠲᠡᠭᠰᠢ ᠪᠠᠷ ᠬᠠᠨᠳᠤᠬᠤ ᠶᠢ ᠠᠩᠬᠠᠷᠤᠨ᠎ᠠ᠃     ︽ᠰᠤᠷᠤᠯᠭ᠎ᠠ ᠰᠠᠶᠢᠨ ᠪᠤᠯ ᠰᠠᠶᠢᠨ ᠰᠤᠷᠤᠭᠴᠢ︾ ᠭᠡᠬᠦ ᠦᠨᠡᠯᠡᠯᠳᠡ ᠨᠢ ᠤᠳᠤ ᠴᠦ ᠶᠡᠭᠡ ᠬᠤᠪᠢᠷᠠᠯᠳᠠ ᠦᠭᠡᠢ᠃ ᠭᠡᠲᠡᠯ᠎ᠡ ᠡᠨᠡ ᠭᠦ ᠦᠨᠡᠯᠡᠬᠦ ᠠᠷᠭ᠎ᠠ ᠨᠢ ᠰᠤᠷᠤᠯᠭ᠎ᠠ ᠳᠤ ᠪᠠᠨ ᠠᠨᠠᠢ ᠰᠤᠷᠤᠭᠴᠢ ᠶᠢᠨ ᠢᠳᠡᠪᠬᠢᠵᠢᠯ ᠢ ᠰᠤᠯᠠᠷᠠᠭᠤᠯᠵᠤ᠂ ᠵᠦᠷᠢᠭᠦᠳᠯᠡᠬᠦ ᠠᠵᠢᠯᠯᠠᠭ᠎ᠠ ᠬᠢᠯᠭᠡᠳᠡᠭ ᠮᠦᠷᠳᠡᠭᠡᠨ ᠰᠤᠷᠤᠯᠭ᠎ᠠ ᠰᠠᠶᠢᠨ ᠰᠤᠷᠤᠭᠴᠢ ᠳᠤ ᠴᠦ ᠨᠠᠵᠠᠭᠠᠢ ᠵᠠᠩ ᠰᠤᠷᠭᠠᠳᠠᠭ᠃ ᠡᠶᠢᠮᠦ ᠠᠴᠠ ᠳᠦᠷᠢᠮ ᠲᠤᠭᠲᠠᠭᠠᠯ ᠤᠨ ᠡᠮᠦᠨ᠎ᠡ᠂ ᠰᠤᠷᠤᠭᠴᠢ ᠪᠤᠯᠭᠠᠨ ᠳᠤ ᠠᠳᠠᠯᠢ ᠲᠡᠭᠰᠢ ᠪᠠᠶᠢᠬᠤ ᠶᠢ ᠪᠠᠳᠤᠯᠠᠵᠤ᠂ ᠳᠦᠷᠢᠮ ᠢ ᠵᠦᠷᠢᠴᠡᠭᠰᠡᠨ ᠪᠠᠶᠢᠪᠠᠯ ᠲᠤᠭᠲᠠᠭᠠᠯ ᠶᠤᠰᠤᠭᠠᠷ ᠰᠢᠢᠳᠪᠦᠷᠢᠯᠡᠵᠦ᠂ ᠰᠤᠷᠤᠯᠭ᠎ᠠ ᠰᠠᠶᠢᠨ ᠮᠠᠭᠤ ᠪᠠᠷ ᠢᠯᠭᠠᠬᠤ ᠦᠭᠡᠢ ᠪᠠᠶᠢᠬᠤ ᠬᠡᠷᠡᠭᠲᠡᠢ᠃ ᠡᠭᠦᠨ ᠤ ᠳᠠᠭᠠᠤ ᠰᠤᠷᠤᠭᠴᠢ ᠪᠤᠯᠭᠠᠨ ᠤ ᠳᠠᠪᠠᠭᠤᠯᠢᠭ ᠲᠠᠯ᠎ᠠ ᠶᠢ ᠠᠳᠬᠤᠨ ᠵᠤᠷᠢᠬᠵᠢᠭᠤᠯᠵᠤ᠂ ᠢᠲᠡᠭᠡᠯ ᠤᠯᠭᠤᠵᠤ᠂ ᠤᠷᠤᠭᠰᠢ ᠲᠠᠪᠰᠢᠬᠤ ᠵᠤᠷᠢᠭ ᠲᠠᠢ ᠪᠤᠯᠭᠠᠨ᠎ᠠ᠃ ᠬᠡᠤᠬᠡᠳ ᠪᠤᠯᠭᠠᠨ ᠤ ᠨᠢᠭᠤᠭᠳᠠᠮᠠᠯ ᠬᠦᠴᠦᠨ ᠬᠢᠵᠠᠭᠠᠯᠠᠰᠢ ᠦᠭᠡᠢ᠂ ᠶᠠᠮᠠᠷ ᠦᠶ᠎ᠡ ᠳᠤ ᠴᠦ ᠬᠦᠩᠭᠡᠨ ᠬᠠᠭᠤᠳᠠᠮ ᠢᠶᠠᠷ ᠰᠠᠶᠢᠨ ᠮᠠᠭᠤ ᠭᠡᠵᠦ ᠳ᠋ᠦᠩᠨᠡᠯᠳᠡ ᠬᠢᠵᠦ ᠪᠤᠯᠬᠤ ᠦᠭᠡᠢ ᠭᠡᠳᠡᠭ ᠢ ᠤᠢᠢᠯᠠᠭᠠᠪᠠᠯ ᠵᠤᠬᠢᠨ᠎ᠠ᠃      6. ᠠᠯᠢᠪᠠ ᠴᠢᠷᠮᠠᠶᠢᠯᠭ᠎ᠠ ᠴᠦᠮ ᠬᠠᠶᠢᠷ᠎ᠠ ᠪᠠ ᠬᠠᠷᠢᠭᠤᠴᠠᠯᠭ᠎ᠠ ᠮᠦᠨ᠃      ᠠᠵᠢᠯ ᠪᠠ ᠦᠢᠯᠡᠰ ᠤᠨ ᠢᠯᠭᠠᠭ᠎ᠠ ᠨᠢ ᠤᠷᠭᠢᠯᠤᠮ᠎ᠠ ᠬᠠᠯᠠᠭᠤᠨ ᠰᠡᠳᠭᠢᠯ᠂ ᠬᠠᠶᠢᠷ᠎ᠠ ᠰᠢᠩᠭᠡᠭᠰᠡᠨ ᠡᠰᠡᠬᠦ ᠳᠤ ᠪᠠᠶᠢᠨ᠎ᠠ᠃ ᠠᠩᠭᠢ ᠶᠢᠨ ᠪᠠᠭᠰᠢ ᠶᠢᠨ ᠬᠤᠪᠢ ᠳᠤ᠂ ᠦᠭᠡ ᠶᠠᠷᠢᠶ᠎ᠠ᠂ ᠦᠢᠯᠡ ᠠᠵᠢᠯᠯᠠᠭ᠎ᠠ ᠨᠢ ᠨᠢᠭᠡ ᠠᠩᠭᠢ ᠶᠢᠨ ᠰᠤᠷᠤᠭᠴᠢᠳ ᠤᠨ ᠬᠦᠭᠵᠢᠯᠳᠡ ᠶᠢᠨ ᠴᠢᠭᠯᠡᠯ ᠢ ᠵᠢᠭᠠᠵᠤ᠂ ᠦᠷᠳᠡᠭ ᠤᠨ ᠦᠵᠡᠯᠳᠡ᠂ ᠠᠮᠢᠳᠤᠷᠠᠬᠤᠢ ᠶᠢᠨ ᠦᠵᠡᠯᠳᠡ ᠳᠤ ᠴᠢᠬᠤᠯᠠ ᠨᠦᠯᠦᠭᠡ ᠦᠵᠡᠭᠦᠯᠵᠦ ᠪᠠᠶᠢᠳᠠᠭ᠃ ᠬᠡᠤᠬᠡᠳ ᠤᠨ ᠬᠦᠭᠵᠢᠯᠳᠡ ᠳᠤ ᠵᠦᠪ ᠡᠨᠧᠷᠬᠢ ᠤᠯᠭᠤᠵᠤ᠂ ᠬᠦᠮᠦᠨ ᠪᠤᠯᠬᠤ ᠶᠤᠰᠤ ᠶᠢ ᠵᠢᠭᠠᠨ᠂ ᠵᠦᠪ ᠵᠠᠮ ᠢᠶᠠᠷ ᠬᠦᠳᠦᠯᠬᠦ ᠨᠢ ᠰᠤᠷᠭᠠᠨ ᠬᠦᠮᠦᠵᠢᠯ ᠤᠨ ᠵᠢᠩᠭᠢᠨᠢ ᠤᠳᠬ᠎ᠠ ᠠᠭᠤᠯᠭ᠎ᠠ ᠮᠦᠨ᠃ ᠡᠶᠢᠮᠦ ᠠᠴᠠ ᠠᠩᠭᠢ ᠶᠢᠨ ᠪᠠᠭᠰᠢ ᠦᠨᠡᠨ ᠬᠠᠶᠢᠷ᠎ᠠ᠂ ᠳᠡᠭᠡᠳᠦ ᠬᠡᠮᠵᠢᠶᠡᠨ ᠤ ᠬᠠᠷᠢᠭᠤᠴᠠᠯᠭᠠᠳᠤ ᠰᠡᠳᠭᠢᠯ ᠢᠶᠠᠷ ᠠᠵᠢᠯ ᠦᠢᠯᠡᠰ ᠢᠶᠠᠨ ᠳᠡᠭᠡᠳᠦᠯᠡᠵᠦ᠂ ᠰᠤᠷᠤᠭᠴᠢ ᠪᠠᠨ ᠬᠡᠤᠬᠡᠳ ᠲᠠᠢ ᠪᠠᠨ ᠠᠳᠠᠯᠢ ᠬᠠᠶᠢᠷᠠᠯᠠᠵᠤ᠂ ᠪᠦᠬᠦ ᠰᠡᠳᠭᠢᠯ ᠪᠦᠬᠦ ᠵᠤᠷᠢᠭ ᠢᠶᠠᠷ ᠢᠶᠠᠨ ᠬᠡᠤᠬᠡᠳ ᠤᠨ ᠢᠷᠡᠭᠡᠳᠦᠢ ᠶᠢᠨ ᠲᠦᠯᠦᠭᠡ ᠴᠢᠷᠮᠠᠶᠢᠪᠠᠯ ᠵᠤᠬᠢᠨ᠎ᠠ᠂ ᠲᠡᠭᠡᠪᠡᠯ ᠰᠠᠶ᠋ᠢ ᠬᠡᠤᠬᠡᠳ ᠲᠤ ᠤᠰᠤᠯᠳᠠᠬᠤ ᠦᠭᠡᠢ᠂ ᠦᠪᠡᠷ ᠤᠨ ᠪᠡᠶ᠎ᠡ ᠳᠤ ᠪᠠᠨ ᠬᠠᠷᠠᠮᠰᠠᠯ ᠦᠯᠡᠳᠡᠭᠡᠬᠦ ᠦᠭᠡᠢ᠂ ᠠᠵᠢᠯ ᠤᠨ ᠪᠠᠶᠠᠷ ᠪᠠᠭ᠋ᠠᠳᠤᠯ ᠢ ᠡᠳ᠋ᠯᠡᠵᠦ᠂ ᠦᠢᠯᠡᠰ ᠤᠨ ᠵᠢᠷᠭᠠᠯ ᠳᠤ ᠱᠤᠩᠪᠠᠭ᠋ᠤ ᠶᠤᠮ᠃      ᠠᠩᠭᠢ ᠶᠢᠨ ᠡᠷᠬᠢᠯᠡᠭᠴᠢ ᠪᠤᠯ ᠵᠡᠷᠭᠡ ᠭᠡᠷᠬᠡᠮ ᠢᠶᠠᠷ ᠳᠡᠯᠡᠬᠡᠢ ᠳᠡᠭᠡᠷᠡᠬᠢ ᠬᠠᠮᠤᠭ ᠤᠨ ᠪᠠᠭ᠎ᠠ ᠡᠷᠬᠢᠯᠡᠭᠴᠢ᠂ ᠭᠡᠲᠡᠯ᠎ᠡ ᠡᠭᠦᠷᠭᠡ ᠬᠠᠷᠢᠭᠤᠴᠠᠯᠭ᠎ᠠ ᠨᠢ ᠬᠠᠮᠤᠭ ᠤᠨ ᠶᠡᠭᠡ ᠡᠷᠬᠢᠯᠡᠭᠴᠢ ᠭᠡᠵᠦ ᠪᠢ ᠪᠠᠶᠢᠩᠭᠤ ᠪᠤᠳᠤᠵᠤ ᠶᠠᠪᠤᠨ᠎ᠠ᠃                       ᠬᠠᠶ᠋ᠢᠬ᠄ ᠤᠷᠳᠤᠰ ᠬᠤᠳᠠ ᠶᠢᠨ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ                           ︵ᠡᠾᠦ᠋ᠩ ᠮᠸᠢ ᠨᠠᠶᠢᠷᠠᠭᠤᠯᠪᠠ︶                           2020 ᠣᠨ ᠤ 7 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map