ᠰᠢ ᠶᠢᠨ ᠫᠢᠩ᠄ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠥ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠹᠦᠵᠢᠶᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ
ᠨᠡᠶᠢᠲᠡᠯᠡᠭᠰᠡᠨ ᠴᠠᠭ᠄
2021/3/31
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠹᠦᠵᠢᠶᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠥ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠥ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠥ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠳᠠᠪᠰᠢᠯᠲᠠ ᠲᠠᠢ ᠪᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠨ ᠤ ᠠᠭᠤᠰᠤᠯᠴᠠᠨ ᠬᠥᠭᠵᠢᠭᠦ ᠰᠢᠨ᠎ᠡ ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠥ᠂ ᠴᠢᠨᠠᠷ ᠰᠠᠶᠢᠲᠠᠶ ᠠᠮᠢᠳᠤᠷᠠᠯ ᠢ ᠴᠣᠭᠴᠠᠯᠠᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠹᠦᠵᠢᠶᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ ᠬᠡᠵᠥ ᠴᠢᠬᠤᠯᠠᠴᠢᠯᠠᠪᠠ᠃

     3 ᠰᠠᠷ᠎ᠠ ᠶᠢᠨ 22 ᠠᠴᠠ 25 ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂

ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ

ᠹᠦᠵᠢᠶᠠᠨ ᠳᠤ ᠰᠢᠨᠵᠢᠯᠠᠨ ᠪᠠᠶᠢᠴᠠᠭᠠᠪᠠ᠃ ᠡᠨᠡ ᠪᠤᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠨᠠᠨᠫᠢᠩ ᠤᠨ

ᠡᠤ ᠢ ᠱᠠᠨ ᠬᠤᠳᠠ ᠶᠢᠨ ᠰᠢᠩ ᠼᠦᠨ ᠪᠠᠯᠭᠠᠰᠤᠨ ᠤ ᠶᠠᠨ ᠽᠢ ᠺᠧ ᠠᠮᠢ ᠠᠬᠤᠢ ᠶᠢᠨ ᠴᠠᠢ ᠶᠢᠨ ᠬᠦᠷᠢᠶᠠᠯᠠᠩ ᠳᠤ᠂

ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠳᠤᠮᠢᠯᠠᠬᠴᠢ᠂ ᠴᠠᠢ ᠶᠢᠨ ᠳᠠᠷᠢᠶᠠᠴᠢᠨ ᠲᠠᠢ ᠳᠤᠳᠤᠨᠤ ᠪᠠᠷ

ᠰᠤᠯᠢᠯᠴᠠᠵᠥ᠂ ᠳᠤᠬᠠᠢ ᠶᠢᠨ ᠭᠠᠵᠠᠷ ᠤᠨ ᠴᠠᠢ ᠶᠢᠨ ᠠᠵᠥ ᠦᠢᠯᠡᠰ ᠤᠨ ᠬᠦᠭᠵᠢᠯᠳᠡ ᠶᠢᠨ ᠪᠠᠶᠢᠳᠠᠯ ᠢ ᠦᠢᠯᠠᠭᠠᠵᠥ

ᠪᠠᠶᠢᠭ᠎ᠠ ᠨᠢ᠃

ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ

     ᠬᠠᠪᠤᠷ ᠤᠨ ᠳᠤᠮᠳᠠ ᠰᠠᠷ᠎ᠠ ᠪᠠᠷ᠂ ᠹᠦᠵᠢᠶᠠᠨ ᠤ ᠡᠬᠡ ᠭᠠᠵᠠᠷ ᠲᠤ ᠠᠮᠢ ᠠᠮᠢᠵᠢᠷᠠᠯ ᠢᠶᠠᠷ ᠪᠢᠯᠬᠠᠨ᠎ᠠ᠃ 3

ᠰᠠᠷ᠎ᠠ ᠶᠢᠨ 22 ᠠᠴᠠ 25 ᠤ ᠡᠳᠦᠷ ᠪᠣᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ

ᠱᠦᠵᠢ ᠶᠢᠨ ᠯᠢ᠂ ᠮᠤᠵᠢ ᠶᠢᠨ ᠳᠠᠷᠤᠭ᠎ᠠ ᠸᠠᠩ ᠨᠢᠩ ᠤᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠨᠠᠨᠫᠢᠩ᠂

ᠰᠠᠨᠮᠢᠩ᠂ ᠹᠦᠵᠧᠦ ᠵᠡᠷᠭᠡ ᠭᠠᠵᠠᠷ ᠲᠤ ᠬᠦᠷᠴᠦ᠂ ᠤᠯᠤᠰ ᠤᠨ ᠴᠡᠴᠡᠷᠯᠢᠭ᠂ ᠠᠮᠢ ᠠᠬᠤᠶ ᠶᠢᠨ ᠴᠠᠶ ᠶᠢᠨ

ᠬᠦᠷᠢᠶᠡᠯᠡᠩ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠡᠮᠨᠡᠯᠭᠡ ᠶᠢᠨ ᠬᠤᠷᠢᠶ᠎ᠠ᠂

ᠬᠥᠳᠡᠭᠡ ᠲᠣᠰᠬᠤᠨ᠂ ᠠᠵᠤ ᠠᠬᠤᠶᠢᠯᠠᠯ᠂ ᠰᠤᠷᠭᠠᠭᠤᠯᠢ ᠵᠡᠷᠭᠡ ᠭᠠᠵᠠᠷ ᠲᠤ ᠭᠦᠨᠵᠡᠭᠡᠶᠢᠷᠡᠨ᠂ ᠨᠠᠮ ᠤᠨ ᠠᠷᠪᠠ

ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ

ᠲᠤᠭᠤᠰᠢᠯᠠᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠳᠡ ᠲᠠᠢ

ᠪᠠᠶᠢᠬᠤ ᠶᠢ ᠠᠬᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠶ

ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠵᠡᠷᠭᠡ ᠶᠢᠨ ᠲᠤᠬᠠᠶ ᠪᠠᠶᠢᠴᠠᠭᠠᠨ

ᠰᠤᠳᠤᠯᠤᠯᠲᠠ ᠬᠢᠪᠠ᠃

     ᠦ᠋ ᠢ ᠱᠠᠨ ᠤ ᠤᠯᠤᠰ ᠤᠨ ᠴᠡᠴᠡᠷᠯᠢᠭ ᠪᠣᠯ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢᠨ ᠲᠦᠷᠦᠭᠦᠦ

ᠪᠦᠯᠦᠭ ᠤᠨ ᠲᠤᠷᠰᠢᠯᠲᠠ ᠶᠢᠨ ᠴᠡᠭ ᠤᠨ ᠨᠢᠭᠡ ᠪᠣᠯᠤᠨ᠎ᠠ᠃ 22 ᠤᠨ ᠦᠳᠡ ᠶᠢᠨ ᠬᠤᠶᠢᠨ᠎ᠠ᠂ ᠰᠢ ᠶᠢᠨ ᠫᠢᠩ

ᠴᠡᠴᠡᠷᠯᠢᠭ ᠤᠨ ᠤᠶᠤᠨᠴᠢ ᠬᠠᠮᠢᠶᠠᠷᠤᠯᠲᠠ ᠶᠢᠨ ᠲᠥᠪ ᠲᠤ ᠬᠦᠷᠴᠦ᠂ ᠤᠶᠤᠨᠴᠢ ᠬᠠᠮᠢᠶᠠᠷᠤᠯᠲᠠ ᠶᠢᠨ ᠲᠠᠪᠴᠠᠩ ᠤᠨ

ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃ ᠲᠣᠰ ᠲᠥᠪ ᠨᠢ ᠤᠶᠤᠨᠳᠤ ᠮᠡᠷᠭᠡᠵᠢᠯ ᠢ ᠶᠡᠷᠦᠩᠬᠡᠶᠢᠯᠡᠨ

ᠠᠰᠢᠡᠡᠯᠠᠵᠤ᠂ ᠴᠡᠴᠡᠷᠯᠢᠭ ᠤᠨ ︽ᠲᠩᠷᠢ ᠭᠠᠵᠠᠷ ᠣᠭᠲᠠᠷᠭᠤᠶ︾ ᠶᠢ ᠪᠥᠬᠦ ᠬᠠᠷᠠᠭᠠᠰᠤ ᠠᠴᠠ᠂ ᠪᠦᠬᠦᠯᠢ ᠡᠳᠦᠷ ᠢᠶᠠᠷ

ᠬᠢᠨᠠᠨ ᠡᠵᠡᠮᠳᠡᠵᠦ ᠬᠠᠮᠢᠶᠠᠷᠬᠤ ᠶᠢ ᠪᠡᠶᠡᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠪᠤᠷᠢ ᠶᠢ

ᠳᠡᠭᠡᠭᠰᠢᠯᠡᠭᠦᠯᠵᠠᠢ᠃ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠹᠦᠵᠢᠶᠠᠨ ᠳᠤ ᠠᠵᠢᠯᠯᠠᠵᠥ ᠪᠠᠶᠢᠬᠰᠠᠨ ᠬᠤᠭᠤᠴᠠᠭᠠᠨ ᠳᠠᠭᠠᠨ ᠳᠠᠷᠤᠢ ᠴᠠᠩ ᠲᠢᠩ ᠤᠨ ᠬᠦᠷᠦᠰᠦ

ᠰᠢᠷᠣᠢ ᠶᠢᠨ ᠢᠳᠡᠭᠳᠡᠯ ᠢ ᠵᠠᠰᠠᠬᠤ᠂ ᠮᠦ ᠯᠠᠨ ᠰᠢ ᠶᠢᠨ ᠦᠢᠡᠷ ᠢ ᠰᠡᠷᠭᠡᠶᠢᠯᠡᠬᠦ ᠢᠨᠵᠧᠨᠧᠷᠢᠩ ᠵᠡᠷᠭᠡ ᠴᠢᠬᠤᠯᠠ ᠶᠡᠭᠡ

ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠥᠭᠡᠳ 2000 ᠣᠨ ᠳᠤ ᠹᠦᠵᠢᠶᠠᠨ ᠳᠤ

ᠪᠦᠬᠦ ᠤᠯᠤᠰ ᠲᠤ ᠡᠩ ᠲᠡᠷᠢᠭᠦᠨ ᠳᠤ ᠠᠮᠢ ᠠᠬᠤᠢ ᠶᠢᠨ ᠮᠤᠵᠢ ᠶᠢᠨ ᠪᠦᠳᠦᠭᠡᠨ ᠪᠠᠶᠢᠭᠤᠯᠤᠯᠲᠠ ᠶᠢ

ᠰᠦᠪᠡᠭᠴᠢᠯᠡᠬᠦ ᠶᠢ ᠠᠬᠢᠭᠤᠯᠤᠬᠰᠠᠨ ᠶᠤᠮ᠃ ᠤᠷᠳᠤ ᠬᠤᠭᠤᠴᠠᠭᠠᠨ ᠤ ᠴᠢᠷᠮᠠᠶᠢᠯᠭ᠎ᠠ ᠪᠠᠷ ᠳᠠᠮᠵᠢᠨ᠂ ᠹᠦᠵᠢᠶᠠᠨ ᠤ

ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠤᠯᠪᠠ᠃ ᠰᠢ ᠶᠢᠨ ᠫᠢᠩ᠂

ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ

ᠰᠢᠰᠲ᠋ᠧᠮ ᠢ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ

ᠪᠦᠷᠢᠳᠦ ᠨᠤᠲᠤᠭ ᠪᠡᠯᠴᠢᠭᠡᠷ ᠪᠣᠯ ᠠᠮᠢ ᠨᠠᠰᠤᠨ ᠤ ᠬᠠᠮᠲᠤ ᠴᠣᠭᠴᠠ ᠪᠣᠯᠬᠤ ᠣᠶᠢᠯᠠᠭᠠᠭᠳᠠᠬᠤᠨ ᠶᠤᠰᠤᠭᠠᠷ᠂

ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠤᠤᠯ ᠲᠦᠷᠢ ᠳᠦᠷᠬᠦ ᠪᠣᠯᠤᠨ ᠪᠦᠷᠢᠨ ᠪᠦᠲᠦᠨ ᠴᠢᠨᠠᠷ ᠢ

ᠪᠠᠲᠤᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢᠨ ᠲᠥᠯᠥᠭᠡ ᠶᠤᠮ᠃ ᠠᠮᠢ

ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠮᠠᠭᠠᠯᠠᠬᠤ ᠪᠠ ᠬᠥᠭᠵᠢᠭᠦᠯᠬᠦ ᠶᠢ

ᠨᠢᠭᠡᠳᠦᠯᠲᠡᠢ ᠲᠥᠯᠥᠪᠵᠢᠭᠦᠯᠦᠨ᠂ ᠠᠮᠢ ᠠᠬᠤᠢ ᠶᠢᠨ ᠨᠡᠭᠦᠳᠡᠯ ᠠᠷᠠᠳ ᠢ ᠡᠮᠬᠢ ᠵᠢᠷᠤᠮ ᠲᠠᠢ ᠪᠠᠷ ᠨᠡᠭᠦᠯᠭᠡᠨ

ᠰᠢᠯᠵᠢᠭᠦᠯᠵᠦ᠂ ᠠᠮᠢ ᠠᠬᠤᠢ ᠶᠢᠨ ᠵᠢᠭᠤᠯᠴᠢᠯᠠᠯ ᠢ ᠵᠣᠬᠢᠰᠲᠠᠢ ᠬᠥᠭᠵᠢᠭᠦᠯᠤᠨ᠂ ᠠᠮᠢ ᠠᠬᠤᠢ ᠶᠢᠨ ᠬᠠᠮᠠᠭᠠᠯᠠᠯᠲᠠ᠂

ᠪᠣᠬᠢᠷᠲᠤᠯ ᠦᠭᠡᠢ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠢᠭᠡᠳᠭᠡᠬᠦ ᠶᠢ ᠪᠡᠶᠡᠯᠡᠭᠦᠯᠬᠦ

ᠬᠡᠷᠡᠭᠲᠡᠢ ᠬᠡᠵᠥ ᠵᠢᠭᠠᠵᠥ ᠭᠠᠷᠭᠠᠪᠠ᠃

     ᠡᠤ ᠢ ᠱᠠᠨ ᠠᠭᠤᠯᠠ ᠪᠣᠯ ᠡᠤ ᠯᠦᠩ ᠴᠠᠢ᠂ ᠬᠠᠷ᠎ᠠ ᠴᠠᠢ ᠶᠢᠨ ᠭᠤᠯᠤᠮᠳᠠ ᠤᠷᠤᠨ ᠪᠤᠯᠤᠨ᠎ᠠ᠃ ᠰᠢ ᠶᠢᠨ

ᠫᠢᠩ ᠰᠢᠩ ᠼᠦᠨ ᠪᠠᠯᠭᠠᠰᠤ ᠶᠢᠨ ᠶᠠᠨ ᠽᠢ ᠺᠧ ᠠᠮᠢ ᠠᠬᠤᠢ ᠶᠢᠨ ᠴᠠᠢ ᠶᠢᠨ ᠬᠦᠷᠢᠶᠡᠯᠡᠩ ᠳᠤ ᠬᠦᠷᠴᠦ᠂

ᠬᠠᠪᠤᠷ ᠤᠨ ᠴᠠᠢ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠴᠠᠢ ᠶᠢᠨ ᠠᠵᠤ

ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠴᠠᠢ ᠶᠢᠨ ᠰᠣᠶᠣᠯ᠂ ᠴᠠᠢ ᠶᠢᠨ ᠠᠵᠤ

ᠦᠢᠯᠡᠰ᠂ ᠴᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠨᠡ ᠬᠦ ᠶᠡᠭᠡ ᠠᠵᠢᠯ ᠢ ᠨᠢᠭᠡᠳᠦᠯᠲᠡᠢ

ᠲᠥᠯᠥᠪᠵᠢᠭᠦᠯᠦᠨ ᠰᠠᠶᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠲᠦᠷᠦᠯ

ᠲᠡᠮᠳᠡᠭ ᠤᠨ ᠤᠬᠠᠮᠰᠠᠷ ᠢᠶᠠᠨ ᠴᠢᠩᠭᠠᠳᠬᠠᠵᠤ᠂ ᠡᠵᠡᠩᠨᠡᠯᠳᠠ ᠪᠣᠷᠣᠯᠠᠭᠤᠯᠭ᠎ᠠ ᠭᠦᠢᠯᠭᠡᠭᠡ ᠶᠢᠨ ᠣᠷᠴᠢᠨ ᠢ

ᠰᠢᠯᠢᠳᠡᠭᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠠᠵᠤ ᠦᠢᠯᠡᠰ ᠤᠨ ᠰᠠᠭᠤᠷᠢ ᠶᠢ

ᠪᠠᠳᠤᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ ᠶᠢᠨ ᠲᠦᠷᠢᠮ ᠢ

ᠭᠦᠨᠵᠡᠭᠡᠢ ᠠᠬᠢᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ

ᠥᠭᠦᠯᠡᠯ ᠢᠶᠠᠨ ᠬᠥᠳᠡᠭᠡ ᠤᠴᠢᠵᠤ ᠪᠢᠴᠢᠭᠦ ᠳᠤ ᠬᠦᠷᠭᠡᠬᠦ ᠬᠡᠷᠡᠭᠲᠡᠢ ᠬᠡᠵᠥ ᠴᠢᠬᠤᠯᠠᠴᠢᠯᠠᠪᠠ᠃

     ᠴᠠᠢ ᠶᠢᠨ ᠬᠦᠷᠢᠶᠡᠯᠡᠩ ᠠᠴᠠ ᠰᠠᠯᠤᠭᠠᠳ᠂ ᠰᠢ ᠶᠢᠨ ᠫᠢᠩ ᠬᠤᠯᠤᠰᠤᠨ ᠰᠠᠯ ᠳᠤ ᠰᠠᠭᠤᠵᠤ ᠵᠢᠦ ᠴᠢᠥᠢ

ᠰᠢ ᠶᠢ ᠲᠠᠭᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠪᠣᠯᠤᠨ ᠪᠠᠶᠢᠭᠠᠯᠢ ᠶᠢᠨ ᠦᠩᠭᠡ

ᠦᠵᠡᠮᠵᠢ ᠶᠢ ᠪᠠᠶᠢᠴᠠᠭᠠᠨ ᠰᠤᠨᠢᠷᠬᠠᠪᠠ᠃ ᠵᠢᠦ ᠴᠢᠦᠢ ᠰᠢ ᠶᠢᠨ ᠬᠥᠪᠡᠭᠡᠨ ᠳᠠᠬᠢ ᠵᠦ ᠰᠢ ᠶᠤᠸᠠᠨ ᠳᠤ᠂ ᠰᠢ ᠶᠢᠨ

ᠫᠢᠩ ᠵᠦ ᠰᠢ ᠶᠢᠨ ᠨᠠᠮᠲᠠᠷ ᠵᠢᠴᠢ ᠶᠣᠰᠣ ᠵᠦᠢ ᠶᠢᠨ ᠰᠤᠳᠤᠯᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂

ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠣᠨᠳᠣᠣᠰᠢᠭᠤᠯᠬᠤ᠂ ᠪᠦᠲᠦᠭᠡᠯᠴᠢ ᠪᠠᠷ

ᠬᠥᠭᠵᠢᠭᠦᠯᠬᠦ ᠶᠢ ᠠᠬᠢᠭᠤᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ

ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠮᠠᠷᠺᠰ ᠤᠨ ᠦᠵᠡᠯ ᠢ ᠪᠠᠷᠢᠮᠲᠠᠯᠠᠬᠤ ᠶᠢ

ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ

ᠬᠡᠵᠥ ᠵᠢᠭᠠᠵᠥ ᠭᠠᠷᠭᠠᠪᠠ᠃

     3 ᠰᠠᠷ᠎ᠠ ᠶᠢᠨ 22 ᠠᠴᠠ 25 ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂

ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ

ᠹᠦᠵᠢᠶᠠᠨ ᠳᠤ ᠰᠢᠨᠵᠢᠯᠠᠨ ᠪᠠᠶᠢᠴᠠᠭᠠᠪᠠ᠃ ᠡᠨᠡ ᠪᠤᠯ 23 ᠤ ᠦᠳᠡ ᠶᠢᠨ ᠡᠮᠤᠨ᠎ᠡ᠂ ᠰᠢ ᠶᠢᠨ ᠫᠢᠩ ᠰᠠᠨᠮᠢᠩ

ᠬᠤᠳᠠ ᠶᠢᠨ ᠱᠠ ᠰᠢᠶᠠᠨ ᠤ ᠶᠡᠷᠦᠩᠬᠡᠢ ᠡᠮᠨᠡᠯᠬᠡ ᠶᠢᠨ ᠬᠤᠷᠢᠶᠠᠨ ᠤ ᠡᠮᠨᠡᠯᠬᠡ ᠳᠤ ᠰᠠᠭᠤᠬᠤ ᠠᠰᠠᠷ ᠤᠨ ᠨᠢᠬᠡᠳᠤᠬᠡᠷ

ᠳᠠᠪᠬᠤᠷᠯᠢᠭ ᠤᠨ ᠶᠡᠭᠡ ᠳᠢᠩᠬᠢᠮ ᠳᠤ᠂ ᠡᠮᠴᠢ ᠰᠤᠪᠢᠯᠠᠬᠴᠢ᠂ ᠡᠪᠡᠳᠴᠢᠳᠠᠨ ᠲᠠᠢ ᠳᠤᠳᠤᠨᠤ ᠪᠠᠷ ᠶᠠᠷᠢᠯᠴᠠᠵᠥ

ᠪᠠᠶᠢᠭ᠎ᠠ ᠨᠢ᠃

ᠰᠢᠨᠬᠤᠸᠠ ᠬᠤᠷᠢᠶᠠᠨ ᠤ ᠰᠤᠷᠪᠤᠯᠵᠢᠯᠠᠬᠴᠢ ᠸᠠᠩ ᠶᠧ ᠰᠡᠬᠦᠳᠡᠷᠯᠡᠪᠡ

     ᠤᠢᠢᠷ᠎ᠠ ᠶᠢᠨ ᠵᠢᠯ ᠤᠳ ᠲᠤ᠂ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ

ᠥᠭᠡᠷᠡᠴᠢᠯᠡᠯᠲᠡ ᠨᠢ ᠡᠮ ᠤᠨ ᠵᠦᠢᠯᠡᠰ ᠤᠨ ᠮᠠᠲ᠋ᠧᠷᠢᠶᠠᠯ ᠤᠨ ᠬᠤᠷᠣᠭᠳᠠᠯ ᠢ ᠵᠠᠰᠠᠬᠤ ᠥᠭᠡᠷᠡᠴᠢᠯᠡᠯᠲᠡ ᠪᠠᠷ

ᠰᠢᠪᠲᠤᠯᠤᠯᠲᠠ ᠪᠣᠯᠭᠠᠵᠤ᠂ ᠡᠮ ᠡᠮᠨᠡᠯᠭᠡ᠂ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠥᠭᠡᠷᠡᠴᠢᠯᠡᠯᠲᠡ ᠬᠤᠯᠪᠣᠭᠠᠯᠠᠨ

ᠬᠥᠳᠡᠯᠦᠯᠴᠡᠬᠦ ᠶᠢ ᠪᠠᠷᠢᠮᠲᠠᠯᠠᠵᠤ᠂ ᠪᠦᠬᠦ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ

ᠦᠭᠡᠷᠡᠴᠢᠯᠡᠯᠳᠡ ᠳᠤ ᠡᠷᠬᠢᠮ ᠨᠠᠨᠳᠢᠨ ᠲᠤᠷᠰᠢᠯᠭ᠎ᠠ ᠰᠦᠪᠡᠭᠴᠢᠯᠡᠵᠦ ᠥᠭᠴᠡᠢ᠃ 2016 ᠣᠨ ᠤ 2 ᠰᠠᠷ᠎ᠠ ᠳᠤ᠂

ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ

ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ

ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂

ᠥᠭᠡᠷᠡᠴᠢᠯᠡᠯᠲᠡ ᠶᠢᠨ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ 23 ᠤ ᠦᠳᠡ ᠶᠢᠨ

ᠡᠮᠦᠨ᠎ᠡ᠂ ᠰᠢ ᠶᠢᠨ ᠫᠢᠩ ᠰᠠᠨᠮᠢᠩ ᠬᠤᠳᠠ ᠶᠢᠨ ᠱᠠ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠬᠦᠷᠴᠦ᠂

ᠡᠮᠨᠡᠯᠭᠡ ᠳᠤ ᠰᠠᠭᠤᠬᠤ ᠠᠰᠠᠷ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠡᠮ ᠡᠮᠨᠡᠯᠭᠡ ᠡᠷᠡᠭᠦᠯ

ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠮᠴᠢ

ᠰᠤᠪᠢᠯᠠᠭᠴᠢ᠂ ᠡᠪᠡᠳᠴᠢᠲᠡᠨ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ

ᠠᠷᠠᠳ ᠲᠤ ᠠᠰᠢᠭ ᠬᠦᠷᠲᠡᠭᠡᠭᠰᠡᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠠᠷᠠᠳ ᠲᠦᠮᠡᠨ ᠡᠷᠡᠭᠦᠯ ᠮᠡᠨᠳᠦ

ᠪᠠᠶᠢᠬᠤ ᠪᠣᠯ ᠨᠡᠶᠢᠭᠡᠮ ᠵᠢᠷᠦᠮᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠳᠠ ᠶᠢᠨ ᠴᠢᠬᠤᠯᠠ ᠪᠡᠯᠭᠡ ᠲᠡᠮᠳᠡᠭ

ᠮᠥᠨ᠃ ᠰᠠᠨᠮᠢᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠠᠷᠠᠳ

ᠲᠦᠮᠡᠨ ᠢ ᠳᠡᠭᠡᠳᠦᠯᠡᠬᠦ᠂ ᠵᠣᠷᠢᠭᠲᠠᠶ ᠪᠠᠷ ᠲᠦᠷᠦᠭᠦᠯᠡᠨ ᠬᠢᠬᠦ ᠵᠤᠷᠢᠭ ᠰᠠᠨᠠᠭ᠎ᠠ ᠶᠢ ᠢᠯᠡᠷᠡᠭᠦᠯᠵᠦ᠂ ᠲᠤᠷᠰᠢᠯᠭ᠎ᠠ ᠶᠢ ᠨᠢ

ᠡᠯ᠎ᠡ ᠭᠠᠵᠠᠷ ᠤᠨ ᠬᠢᠨ ᠤᠷᠤᠨ ᠨᠤᠳᠤᠭ ᠤᠨ ᠪᠠᠶᠢᠳᠠᠯ ᠳᠠᠭᠠᠨ ᠲᠣᠬᠢᠷᠠᠭᠤᠯᠤᠨ ᠲᠤᠯᠢᠯᠠᠵᠤ ᠪᠤᠯᠤᠨ᠎ᠠ᠃ ᠡᠮ ᠡᠮᠨᠡᠯᠭᠡ

ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ

ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠲᠡᠩᠴᠡᠭᠦᠷᠢᠲᠡᠢ ᠪᠠᠶᠢᠷᠢᠰᠢᠭᠤᠯᠤᠨ᠂ ᠦᠨᠳᠦᠰᠦᠨ ᠱᠠᠲᠤᠨ ᠤ ᠰᠠᠭᠤᠷᠢ

ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠶᠢᠬᠤ ᠳᠤ

ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃

     ᠹᠦᠵᠢᠶᠠᠨ ᠮᠤᠵᠢ ᠶᠢᠨ ᠬᠢᠨ ᠰᠢ ᠶᠢᠨ ᠫᠢᠩ ᠤᠨ ᠨᠢᠩᠳᠧ ᠳᠤ ᠠᠵᠢᠯᠯᠠᠵᠤ ᠪᠠᠶᠢᠬᠤ ᠳᠠᠭᠠᠨ ᠳᠤᠷᠠᠳᠤᠭᠰᠠᠨ

ᠳᠤᠷᠤᠢ ᠪᠠᠭᠤᠷᠠᠢ ᠪᠤᠯ ᠤᠷᠢᠳ ᠢᠶᠠᠷ ᠬᠦᠴᠦᠯᠡᠬᠦ᠂ ᠲᠤᠰᠤᠯ ᠤᠰᠤ ᠪᠠᠷ ᠴᠢᠯᠠᠭᠤ ᠶᠢ ᠴᠤᠭᠤᠯᠬᠤ ᠵᠣᠷᠢᠭ ᠰᠠᠨᠠᠭ᠎ᠠ ᠶᠢ

ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠬᠤ ᠠᠵᠢᠯ ᠢ ᠬᠦᠴᠦᠯᠡᠨ ᠠᠳᠬᠤᠵᠠᠢ᠃ 30 ᠭᠠᠷᠤᠢ ᠵᠢᠯ ᠤᠨ

ᠴᠢᠷᠮᠠᠶᠢᠯᠭ᠎ᠠ ᠪᠠᠷ ᠳᠠᠮᠵᠢᠨ᠂ ᠹᠦᠵᠢᠶᠠᠨ ᠪᠦᠬᠦ ᠮᠤᠵᠢ ᠪᠠᠷ ᠢᠶᠠᠨ ᠪᠦᠬᠦ ᠤᠯᠤᠰ ᠲᠠᠢ ᠵᠡᠷᠭᠡ ᠪᠠᠷ ᠲᠦᠢᠯ ᠤᠨ ᠶᠠᠳᠠᠭᠤ

ᠬᠦᠴᠢᠷᠳᠡᠯ ᠢ ᠲᠦᠢᠯᠪᠤᠷᠢᠲᠠᠢ ᠠᠷᠢᠯᠭᠠᠪᠠ᠃ 23 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠪᠢᠰᠬᠠᠯ ᠤᠨ

ᠡᠷᠲᠡ ᠴᠢᠯᠥᠭᠡᠯᠡᠭᠳᠡᠭᠰᠡᠨ ᠣᠷᠣᠨ ᠪᠤᠯᠬᠤ ᠱᠠ ᠰᠢᠶᠠᠨ ᠤ ᠰᠢᠶᠠ ᠮᠤᠤ ᠪᠠᠯᠭᠠᠰᠤᠨ ᠤ ᠢᠦᠢ ᠪᠠᠩ ᠲᠣᠰᠬᠤᠨ ᠳᠤ

ᠬᠦᠷᠴᠦ᠂ ᠰᠤᠯᠠ ᠢᠳᠡᠭᠡᠨ ᠤ ᠬᠤᠳᠠᠯᠳᠤᠭ᠎ᠠ ᠶᠢᠨ ᠵᠠᠬ᠎ᠠ ᠳᠤ᠂ ᠣᠨᠴᠠ ᠭᠠᠷᠤᠯᠲᠠ ᠶᠢᠨ ᠳᠡᠯᠭᠡᠭᠦᠷ ᠲᠤ᠂

ᠲᠣᠰᠬᠤᠨ ᠤ ᠠᠷᠠᠳ ᠤᠨ ᠡᠭᠦᠳᠡᠨ ᠡᠮᠦᠨ᠎ᠠ᠂ ᠨᠤᠲᠤᠭ ᠤᠨ ᠠᠬ᠎ᠠ ᠳᠡᠭᠦᠦ ᠨᠡᠷ ᠲᠠᠢ ᠳᠣᠲᠣᠨᠣ ᠪᠠᠷ ᠶᠠᠷᠢᠯᠴᠠᠵᠤ᠂

ᠱᠠ ᠰᠢᠶᠠᠨ ᠤ ᠰᠤᠯᠠ ᠢᠳᠡᠭᠡᠨ ᠤ ᠵᠦᠢᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢᠨ

ᠬᠠᠨᠳᠤᠰᠢ ᠶᠢ ᠨᠠᠷᠢᠨ ᠣᠶᠢᠯᠠᠭᠠᠪᠠ᠃ ᠰᠢ ᠶᠢᠨ ᠫᠢᠩ᠂ ᠱᠠ ᠰᠢᠶᠠᠨ ᠤ ᠬᠥᠮᠦᠰ ᠭᠠᠳᠠᠭᠰᠢ ᠪᠠᠨ ᠤᠯᠠᠨ ᠭᠠᠵᠠᠷ ᠢᠶᠠᠷ

ᠶᠠᠪᠤᠵᠤ᠂ ᠱᠠ ᠰᠢᠶᠠᠨ ᠤ ᠰᠤᠯᠠ ᠢᠳᠡᠭᠡᠨ ᠢ ᠠᠷᠠᠳ ᠢ ᠪᠠᠶᠠᠵᠢᠭᠤᠯᠬᠤ ᠤᠨᠴᠠᠯᠢᠬᠳᠤ ᠠᠵᠤ ᠦᠢᠯᠡᠰ ᠪᠣᠯᠭᠠᠪᠠ᠃

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠷᠤᠨ ᠨᠤᠳᠤᠭ ᠤᠨ ᠪᠠᠶᠢᠳᠠᠯ ᠳᠠᠭᠠᠨ ᠲᠤᠬᠢᠷᠠᠭᠤᠯᠤᠨ

ᠠᠷᠠᠳ ᠢ ᠪᠠᠶᠠᠵᠢᠭᠤᠯᠬᠤ ᠠᠵᠤ ᠦᠢᠯᠡᠰ ᠢ ᠰᠤᠩᠭᠤᠬᠤ ᠪᠣᠯ ᠵᠠᠩᠭᠢᠯᠠᠭ᠎ᠠ ᠪᠣᠯᠤᠨ᠎ᠠ᠃ ᠠᠵᠠ ᠲᠣᠬᠢᠶᠠᠯ ᠢ ᠡᠵᠡᠮᠳᠡᠨ᠂

ᠬᠠᠷᠠᠭ᠎ᠠ ᠪᠠᠨ ᠥᠷᠭᠡᠳᠬᠡᠨ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠵᠤ᠂ ᠦᠷᠭᠦᠯᠵᠢᠯᠡᠨ ᠬᠠᠶᠢᠨ

ᠰᠦᠪᠡᠭᠴᠢᠯᠡᠵᠦ ᠰᠢᠨ᠎ᠡ ᠶᠢ ᠡᠭᠦᠳᠴᠦ᠂ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠬᠤ ᠰᠢᠨ᠎ᠡ ᠠᠶᠠᠨ ᠳᠡᠭᠡᠷ᠎ᠠ

ᠲᠠᠬᠢᠨᠳᠠ ᠭᠠᠪᠰᠢᠭᠠᠢᠢᠯᠠᠨ ᠤᠷᠤᠭᠰᠢᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

     ᠰᠢ ᠶᠢᠨ ᠫᠢᠩ ᠹᠦᠵᠢᠶᠠᠨ ᠳᠤ ᠠᠵᠢᠯᠯᠠᠵᠤ ᠪᠠᠶᠢᠬᠤ ᠳᠠᠭᠠᠨ ᠬᠠᠮᠲᠤ ᠶᠢᠨ ᠤᠢ ᠰᠢᠭᠤᠢ ᠶᠢᠨ ᠡᠷᠬᠡ ᠶᠢᠨ

ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ ᠥᠷᠨᠢᠭᠦᠯᠵᠦ᠂ ︽ᠠᠭᠤᠯᠠ ᠶᠢ ᠡᠷᠦᠬᠡ ᠳᠤ ᠬᠤᠪᠢᠶᠠᠨ᠂ ᠤᠢ

ᠮᠤᠳᠤ ᠶᠢ ᠠᠷᠠᠳ ᠲᠤ ᠲᠡᠭᠰᠢᠯᠡᠨ ᠬᠤᠪᠢᠶᠠᠬᠤ︾ ᠠᠵᠢᠯ ᠢ ᠲᠤᠷᠰᠢᠨ ᠬᠡᠷᠡᠭᠵᠢᠭᠦᠯᠵᠦ᠂ ︽ᠠᠭᠤᠯᠨ ᠤ ᠡᠷᠬᠡ ᠶᠢ

ᠲᠣᠭᠲᠠᠭᠠᠬᠤ᠂ ᠮᠣᠳᠣᠨ ᠤ ᠦᠨᠳᠦᠰᠦ ᠶᠢ ᠪᠠᠬᠢᠵᠢᠭᠦᠯᠬᠦ᠂ ᠬᠥᠮᠦᠨ ᠤ ᠰᠡᠳᠬᠢᠯ ᠢ ᠲᠣᠭᠲᠠᠪᠤᠷᠢᠵᠢᠭᠤᠯᠬᠤ︾ ᠶᠢ

ᠪᠡᠶᠡᠯᠡᠭᠦᠯᠪᠡ᠃ ᠱᠠ ᠰᠢᠶᠠᠨ ᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ᠂

ᠰᠢ ᠶᠢᠨ ᠫᠢᠩ ᠬᠠᠮᠲᠤ ᠶᠢᠨ ᠣᠶ ᠰᠢᠭᠤᠶ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠲᠠᠨᠢᠯᠴᠠᠭᠤᠯᠭ᠎ᠠ ᠶᠢ

ᠰᠣᠨᠣᠰᠴᠤ᠂ ᠤᠴᠢᠷ ᠶᠠᠪᠤᠳᠠᠯ ᠭᠦᠢᠴᠡᠳᠭᠡᠵᠤ ᠪᠠᠶᠢᠭ᠎ᠠ ᠣᠯᠠᠨ ᠲᠦᠮᠡᠨ ᠪᠣᠯᠤᠨ ᠠᠵᠢᠯᠲᠠᠨ ᠠᠴᠠ ᠬᠠᠮᠲᠤ ᠶᠢᠨ ᠣᠶ

ᠰᠢᠭᠤᠶ ᠶᠢᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ᠂ ᠥᠯᠥ ᠬᠥᠳᠡᠯᠬᠦ

ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠠᠨᠮᠢᠩ ᠤᠨ ᠬᠠᠮᠲᠤ ᠶᠢᠨ

ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠰᠦᠪᠡᠭᠴᠢᠯᠡᠯᠳᠡ ᠲᠦᠢᠯ ᠤᠨ ᠴᠢᠬᠤᠯᠠ ᠠᠴᠢ

ᠬᠤᠯᠪᠣᠭᠳᠠᠯ ᠲᠠᠢ ᠶᠤᠮ᠂ ᠵᠥᠪ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠤᠯᠠᠨ ᠲᠦᠮᠡᠨ ᠤ ᠡᠭᠦᠳᠦᠨ

ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ

ᠰᠢᠨ᠎ᠡ ᠶᠢ ᠡᠭᠦᠳᠬᠦ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠪᠦᠲᠦᠭᠡᠭᠳᠡᠭᠦᠨ ᠤ

ᠦᠷᠳᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠰᠢᠨ᠎ᠡ ᠰᠢᠪᠲᠤᠯᠤᠯᠲᠠ ᠭᠠᠷᠭᠠᠬᠤ ᠪᠠᠷ

ᠴᠢᠷᠮᠠᠶᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃

     ᠰᠢ ᠶᠢᠨ ᠫᠢᠩ 24 ᠤ ᠡᠳᠦᠷ ᠹᠦᠵᠧᠦ ᠳᠤ ᠰᠢᠨᠵᠢᠯᠡᠨ ᠪᠠᠶᠢᠴᠠᠭᠠᠪᠠ᠃ ᠹᠦᠵᠧᠦ ᠳᠤ ᠠᠵᠢᠯᠯᠠᠵᠤ ᠪᠠᠶᠢᠭᠰᠠᠨ

ᠬᠤᠭᠤᠴᠠᠭᠠᠨ ᠳᠠᠭᠠᠨ ᠰᠢ ᠶᠢᠨ ᠫᠢᠩ ᠹᠦᠵᠧᠦ ᠬᠤᠲᠠ ᠶᠢᠨ ︽3820︾ ᠢᠨᠵᠧᠨᠧᠷᠢᠩ ᠢ ᠤᠳᠤᠷᠢᠳᠤᠨ

ᠬᠡᠷᠡᠭᠵᠢᠭᠦᠯᠵᠦ᠂ ᠡᠷᠢᠨ ᠵᠠᠭᠤᠨ ᠢ ᠰᠤᠨᠳᠠᠯᠠᠭᠰᠠᠨ ᠹᠦᠵᠧᠦ ᠶᠢᠨ ᠣᠳᠣᠬᠢᠴᠢᠯᠠᠯᠲᠠ ᠶᠢᠨ ᠪᠦᠲᠦᠭᠡᠨ

ᠪᠠᠶᠢᠭᠤᠯᠤᠯᠲᠠ ᠶᠢᠨ ᠠᠤᠭ᠎ᠠ ᠲᠥᠰᠦᠪ ᠢ ᠵᠢᠷᠤᠭᠯᠠᠪᠠ᠃ ᠹᠦᠱᠠᠨ ᠲᠡᠭᠦᠷᠭᠡ ᠶᠢᠨ ᠴᠡᠴᠡᠷᠯᠢᠭ ᠲᠤ᠂ ᠰᠢ ᠶᠢᠨ ᠫᠢᠩ

ᠴᠠᠬᠢᠯᠭᠠᠨ ᠲᠡᠷᠭᠡ ᠪᠠᠷ ᠲᠡᠭᠦᠷᠭᠡ ᠶᠢᠨ ᠹᠦ᠋ ᠳ᠋ᠤᠤ ᠵᠠᠮ ᠤᠨ ᠦᠩᠭᠡ ᠦᠵᠡᠮᠵᠢ ᠶᠢ ᠤᠢᠢᠯᠠᠭᠠᠨ ᠰᠤᠨᠢᠷᠬᠠᠪᠠ᠂ ᠲᠡᠷᠡ

ᠦᠵᠡᠮᠵᠢ ᠰᠤᠨᠢᠷᠬᠠᠬᠤ ᠲᠠᠶᠢᠰᠠᠨ ᠳᠤ ᠭᠠᠷᠴᠤ᠂ ᠹᠦᠵᠧᠦ ᠶᠢᠨ ᠰᠢᠨ᠎ᠡ ᠳᠦᠷᠰᠦ ᠪᠠᠶᠢᠳᠠᠯ ᠢ ᠪᠠᠷᠠᠯᠠᠵᠤ᠂ ᠬᠤᠳᠠ ᠶᠢᠨ

ᠠᠮᠢ ᠠᠬᠤᠢ ᠶᠢᠨ ᠴᠡᠴᠡᠷᠯᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠬᠤᠳᠠ ᠶᠢᠨ ᠤᠰᠤᠨ ᠤ

ᠰᠢᠰᠲ᠋ᠧᠮ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠡᠷᠦᠩᠬᠡᠶ ᠱᠦᠵᠢ

ᠢᠷᠡᠭᠰᠡᠨ ᠢ ᠦᠵᠡᠭᠡᠳ ᠬᠤᠲᠠ ᠶᠢᠨ ᠠᠷᠠᠳ ᠤᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠤᠴᠢᠪᠠ᠃

ᠰᠢ ᠶᠢᠨ ᠫᠢᠩ᠂ ᠨᠢᠭᠡ ᠬᠤᠳᠠ ᠶᠢ ᠰᠠᠶᠢᠲᠤᠷ ᠪᠦᠳᠦᠭᠡᠨ ᠪᠠᠶᠢᠭᠤᠯᠵᠤ ᠰᠠᠶᠢᠲᠤᠷ ᠬᠠᠮᠢᠶᠠᠷᠬᠤ ᠳᠤ ᠬᠤᠯᠢᠰᠢᠨ ᠢᠳᠡᠭᠡᠨ᠂

ᠣᠷᠣᠰᠢᠨ ᠠᠮᠢᠳᠤᠷᠠᠬᠤ ᠣᠷᠴᠢᠨ ᠨᠦᠬᠦᠴᠡᠯ᠂ ᠬᠤᠳᠠ ᠶᠢᠨ ᠣᠷᠣᠨ ᠵᠠᠢ ᠵᠡᠷᠭᠡ ᠠᠵᠢᠯ ᠢ ᠴᠢᠬᠤᠯᠠ ᠪᠠᠶᠢᠷᠢᠨ ᠳᠤ

ᠲᠠᠯᠪᠢᠵᠤ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠹᠦᠵᠧᠦ ᠪᠣᠯ ᠪᠤᠶᠠᠨ ᠲᠠᠢ ᠭᠠᠵᠠᠷ ᠶᠤᠮ᠂ ᠠᠮᠢ

ᠠᠬᠤᠢ ᠶᠢᠨ ᠨᠥᠬᠦᠴᠡᠯ ᠦᠪᠡᠷᠮᠢᠴᠡ ᠰᠠᠶᠢᠨ᠂ ᠡᠨᠡ ᠬᠦ ᠲᠠᠯᠠᠢ ᠶᠢᠨ ᠬᠥᠪᠡᠭᠡᠨ ᠤ ᠬᠤᠳᠠ᠂ ᠠᠭᠤᠯᠠ ᠤᠰᠤᠨ ᠤ

ᠬᠤᠳᠠ ᠶᠢ ᠦᠷᠭᠦᠯᠵᠢᠯᠡᠨ ᠨᠡᠩ ᠰᠠᠶᠢᠨ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠠᠷᠠᠳ ᠤᠯᠠᠨ ᠳᠤ ᠨᠡᠩ

ᠰᠠᠶᠢᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

     ᠹᠦᠵᠧᠦ ᠶᠢᠨ ᠭᠤᠷᠪᠠᠨ ᠵᠡᠭᠡᠯᠢ ᠳᠣᠯᠣᠭᠠᠨ ᠭᠤᠳᠤᠮᠵᠢ ᠶᠢᠨ ᠲᠡᠦᠬᠡ ᠰᠣᠶᠣᠯ ᠤᠨ ᠲᠣᠭᠤᠷᠢᠭ ᠨᠢ ᠲᠠᠩ

ᠤᠯᠤᠰ ᠰᠦᠩ ᠤᠯᠤᠰ ᠤᠨ ᠦᠶ᠎ᠠ ᠶᠢᠨ ᠵᠡᠭᠡᠯᠢ ᠭᠤᠳᠤᠮᠵᠢ ᠶᠢᠨ ᠪᠠᠶᠢᠷᠢᠰᠢᠯ ᠪᠠ ᠮᠢᠩ ᠤᠯᠤᠰ ᠴᠢᠩ ᠤᠯᠤᠰ ᠤᠨ

ᠦᠶ᠎ᠠ ᠶᠢᠨ ᠠᠯᠢ ᠤᠯᠠᠨ ᠡᠷᠲᠡᠨ ᠤ ᠪᠠᠷᠢᠯᠭ᠎ᠠ ᠶᠢᠨ ᠦᠯᠡᠳᠡᠭᠳᠡᠯ ᠪᠠᠶᠢᠨ᠎ᠠ᠃ ᠠᠯᠢ ᠡᠷᠲᠡ 1991 ᠣᠨ ᠳᠤ᠂

ᠰᠢ ᠶᠢᠨ ᠫᠢᠩ ᠹᠦᠵᠧᠦ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ ᠳᠠᠷᠤᠢ ᠲᠡᠦᠬᠡ ᠶᠢᠨ ᠳᠤᠷᠠᠰᠬᠠᠯᠲᠤ

ᠵᠦᠢᠯᠡᠰ ᠤᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠹᠦᠵᠧᠦ ᠶᠢᠨ ᠲᠡᠦᠬᠡ

ᠰᠣᠶᠣᠯ ᠤᠨ ᠨᠡᠷᠡᠳᠤ ᠬᠤᠳᠠ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠲᠦᠷᠢᠮ ᠪᠣᠯᠤᠨ ᠬᠠᠮᠠᠭᠠᠯᠠᠯᠲᠠ ᠶᠢᠨ

ᠲᠥᠯᠥᠪᠵᠢᠭᠦᠯᠭᠡ ᠶᠢ ᠲᠣᠭᠲᠠᠭᠠᠬᠤ ᠶᠢ ᠠᠬᠢᠭᠤᠯᠵᠤ᠂ ᠬᠤᠳᠠ ᠶᠢᠨ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ

ᠠᠵᠢᠯ ᠢ ᠬᠦᠴᠦᠲᠡᠢ ᠠᠬᠢᠭᠤᠯᠪᠠ᠃ ᠰᠢ ᠶᠢᠨ ᠫᠢᠩ ᠹᠦᠵᠧᠦ ᠶᠢᠨ ᠡᠷᠳᠡᠨ ᠤ ᠤᠷᠤᠨ ᠰᠠᠭᠤᠴᠠ ᠪᠣᠯᠤᠨ ᠭᠤᠷᠪᠠᠨ

ᠵᠡᠭᠡᠯᠢ ᠳᠤᠯᠤᠭᠠᠨ ᠭᠤᠳᠤᠮᠵᠢ ᠶᠢ ᠬᠠᠮᠠᠭᠠᠯᠠᠨ ᠰᠡᠷᠭᠦᠭᠡᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ

ᠰᠣᠨᠣᠰᠴᠤ᠂ ᠶᠠᠪᠠᠭᠠᠨ ᠢᠶᠠᠷ ᠨᠠᠨ ᠾᠧᠤ ᠵᠡᠭᠡᠯᠢ᠂ ᠯᠠᠩ ᠭᠤᠸᠠᠨ ᠭᠤᠳᠤᠮᠵᠢ ᠶᠢ ᠪᠠᠶᠢᠴᠠᠭᠠᠨ ᠦᠵᠡᠵᠦ᠂ ᠶᠠᠨ

ᠹᠦ᠋ ᠶᠢᠨ ᠬᠠᠭᠤᠴᠢᠨ ᠰᠠᠭᠤᠴᠠ ᠪᠠᠷ ᠲᠣᠭᠤᠷᠢᠨ ᠦᠵᠡᠵᠦ᠂ ᠵᠢᠭᠤᠯᠴᠢᠯᠠᠭᠰᠠᠳ ᠪᠣᠯᠤᠨ ᠬᠤᠳᠠ ᠶᠢᠨ ᠠᠷᠠᠳ ᠵᠦᠭ

ᠪᠠᠶᠢᠨ ᠪᠠᠶᠢᠨ ᠭᠠᠷ ᠳᠠᠯᠠᠯᠤᠨ ᠮᠡᠨᠳᠦᠴᠢᠯᠡᠵᠤ ᠪᠠᠶᠢᠯ᠎ᠠ᠃ ᠰᠢ ᠶᠢᠨ ᠫᠢᠩ᠂ ᠤᠯᠠᠮᠵᠢᠯᠠᠯᠲᠤ ᠵᠡᠭᠡᠯᠢ ᠭᠤᠳᠤᠮᠵᠢ ᠶᠢ

ᠰᠠᠶᠢᠲᠤᠷ ᠬᠠᠮᠠᠭᠠᠯᠠᠵᠤ᠂ ᠡᠷᠲᠡᠨ ᠤ ᠪᠠᠷᠢᠯᠭ᠎ᠠ ᠶᠢ ᠰᠠᠶᠢᠲᠤᠷ ᠬᠠᠮᠠᠭᠠᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ

ᠰᠠᠶᠢᠲᠤᠷ ᠬᠠᠮᠠᠭᠠᠯᠠᠬᠤ ᠨᠢ ᠳᠠᠷᠤᠢ ᠬᠤᠳᠠ ᠶᠢᠨ ᠲᠡᠦᠬᠡ ᠪᠠ ᠰᠣᠶᠣᠯ ᠤᠨ ᠤᠯᠠᠮᠵᠢᠯᠠᠯ ᠢ ᠬᠠᠳᠠᠭᠠᠯᠠᠭᠰᠠᠨ ᠶᠠᠪᠤᠳᠠᠯ

ᠪᠣᠯᠤᠨ᠎ᠠ᠃ ᠡᠷᠲᠡᠨ ᠤ ᠪᠠᠷᠢᠯᠭ᠎ᠠ᠂ ᠡᠷᠳᠡᠨ ᠤ ᠤᠷᠤᠨ ᠰᠠᠭᠤᠴᠠ᠂ ᠡᠷᠳᠡᠨ ᠤ ᠵᠡᠭᠡᠯᠢ ᠲᠣᠭᠤᠷᠢᠭ ᠢ ᠨᠠᠨᠳᠢᠩᠨᠠᠨ

ᠬᠠᠶᠢᠷᠠᠯᠠᠬᠤ ᠬᠦᠨᠳᠦᠳᠭᠡᠬᠦ ᠰᠡᠳᠬᠢᠯ ᠡᠪᠤᠷᠯᠡᠬᠦ ᠬᠡᠷᠡᠭᠳᠠᠢ ᠭᠡᠵᠤ ᠴᠢᠬᠤᠯᠠᠴᠢᠯᠠᠵᠠᠢ᠃

     ᠹᠦᠵᠢᠶᠠᠨ ᠤ ᠹᠦ᠋ ᠭᠤᠸᠠᠩ ᠬᠢᠵᠠᠭᠠᠷᠲᠤ ᠺᠣᠮᠫᠠᠨᠢ ᠪᠣᠯ ᠭᠡᠷᠡᠯ ᠤᠨ ᠤᠬᠠᠭᠠᠨ ᠤ ᠳᠤᠷᠠᠨ ᠦᠢᠯᠡᠳᠪᠤᠷᠢᠯᠡᠬᠦ

ᠴᠢᠬᠤᠯᠠ ᠬᠤᠳᠠᠯᠳᠤᠭᠠᠴᠢᠨ ᠪᠤᠯᠤᠨ᠎ᠠ᠃ ᠰᠢ ᠶᠢᠨ ᠫᠢᠩ ᠺᠣᠮᠫᠠᠨᠢ ᠶᠢᠨ ᠦᠵᠡᠭᠦᠯᠭᠡ ᠶᠢᠨ ᠲᠢᠩᠬᠢᠮ ᠳᠤ ᠣᠷᠣᠵᠤ᠂

ᠦᠢᠯᠡᠳᠬᠦᠨ ᠤ ᠳᠡᠯᠭᠡᠨ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ

ᠡᠭᠦᠳᠦᠯᠳᠡ ᠪᠠ ᠦᠢᠯᠡᠳᠪᠦᠷᠢᠯᠡᠯ ᠪᠣᠷᠣᠯᠠᠭᠤᠯᠭ᠎ᠠ ᠶᠢᠨ ᠪᠠᠶᠢᠳᠠᠯ ᠢ ᠯᠠᠪᠯᠠᠨ ᠠᠰᠠᠭᠤᠪᠠ᠃ ᠬᠡᠲᠦ ᠨᠠᠷᠢᠯᠢᠭ

ᠦᠢᠯᠡᠳᠪᠦᠷᠢ ᠶᠢᠨ ᠲᠠᠰᠤᠭ ᠲᠤ᠂ ᠠᠵᠤ ᠠᠬᠤᠶᠢᠯᠠᠯ ᠤᠨ ᠠᠵᠢᠯᠲᠠᠨ ᠶᠡᠷᠦᠩᠬᠡᠶ ᠱᠦᠵᠢ ᠳᠤ ᠦᠢᠯᠡᠳᠬᠦᠨ

ᠦᠢᠯᠡᠳᠪᠦᠷᠢᠯᠡᠬᠦ ᠤᠷ᠎ᠠ ᠮᠡᠷᠭᠡᠰᠢᠯ ᠢᠶᠠᠨ ᠬᠠᠷᠠᠭᠤᠯᠪᠠ᠃ ᠰᠢ ᠶᠢᠨ ᠫᠢᠩ᠂ ᠮᠠᠨ ᠤ ᠤᠯᠤᠰ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠣᠷᠣᠬᠤ ᠳᠤ ᠰᠢᠨ᠎ᠡ ᠶᠢ ᠡᠭᠦᠳᠬᠦ ᠳᠤ ᠲᠦᠰᠢᠭᠯᠡᠬᠦ

ᠬᠡᠷᠡᠭᠳᠠᠢ᠂ ᠪᠤᠰᠤᠳ ᠤᠨ ᠬᠤᠶᠢᠨ᠎ᠠ ᠠᠴᠠ ᠲᠠᠭᠠᠵᠤ ᠭᠦᠶᠦᠭᠡᠳ ᠵᠦᠭ ᠭᠠᠷᠬᠤ ᠦᠭᠡᠢ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠭᠦ ᠠᠯᠬᠤᠭ᠎ᠠ ᠪᠠᠨ ᠡᠷᠬᠡᠪᠰᠢ ᠲᠦᠷᠭᠡᠳᠬᠡᠬᠦ

ᠬᠡᠷᠡᠭᠲᠡᠢ᠃ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠰᠢᠨ᠎ᠡ ᠶᠢ ᠡᠭᠦᠳᠬᠦ ᠶᠢᠨ

ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠤᠯᠤᠰ ᠤᠨ ᠪᠤᠳᠤᠯᠭ᠎ᠠ ᠪᠣᠯᠭᠠᠵᠤ᠂

ᠰᠢᠨ᠎ᠡ ᠶᠢ ᠡᠭᠦᠳᠬᠦ ᠶᠢ ᠢᠳᠡᠪᠬᠢᠲᠡᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠰᠢᠨ᠎ᠡ ᠶᠢ ᠡᠭᠦᠳᠬᠦ ᠳᠤ ︽ᠪᠡᠶ᠎ᠡ ᠶᠢᠨ

ᠭᠠᠷᠤᠯ︾ ᠢ ᠦᠵᠡᠬᠦ ᠦᠭᠡᠢ᠂ ᠬᠡᠨ ᠤᠯᠤᠰ ᠣᠷᠣᠨ ᠳᠤ ᠬᠤᠪᠢ ᠨᠡᠮᠡᠷᠢ ᠦᠵᠡᠭᠦᠯᠵᠤ ᠳᠡᠶᠢᠯᠪᠡᠯ ᠲᠡᠭᠦᠨ ᠢ ᠳᠡᠮᠵᠢᠬᠦ

ᠬᠡᠷᠡᠭᠳᠠᠢ ᠭᠡᠵᠤ ᠴᠢᠬᠤᠯᠠᠴᠢᠯᠠᠪᠠ᠃

     25 ᠤ ᠦᠳᠡ ᠶᠢᠨ ᠡᠮᠦᠨ᠎ᠡ᠂ ᠰᠢ ᠶᠢᠨ ᠫᠢᠩ ᠮᠢᠨᠵᠢᠶᠠᠩ ᠳᠡᠭᠡᠳᠦ ᠰᠤᠷᠭᠠᠭᠤᠯᠢ ᠳᠤ ᠬᠦᠷᠴᠤ ᠰᠢᠨᠵᠢᠯᠡᠨ

ᠪᠠᠶᠢᠴᠠᠭᠠᠪᠠ᠃ ᠮᠢᠨᠵᠢᠶᠠᠩ ᠳᠡᠭᠡᠳᠦ ᠰᠤᠷᠭᠠᠭᠤᠯᠢ ᠪᠤᠯ ᠤᠤᠯ ᠤᠨ ᠹᠦᠵᠧᠦ ᠶᠢᠨ ᠪᠠᠭᠰᠢ ᠶᠢᠨ ᠳᠡᠭᠡᠳᠦ ᠵᠡᠷᠭᠡ ᠶᠢᠨ

ᠲᠤᠰᠬᠠᠶ ᠮᠡᠷᠭᠡᠵᠢᠯ ᠤᠨ ᠰᠤᠷᠭᠠᠭᠤᠯᠢ ᠪᠠ ᠮᠢᠨᠵᠢᠶᠠᠩ ᠠᠵᠢᠯ ᠮᠡᠷᠭᠡᠵᠢᠯ ᠤᠨ ᠶᠡᠭᠡ ᠰᠤᠷᠭᠠᠭᠤᠯᠢ ᠪᠤᠯᠤᠨ᠎ᠠ᠃

ᠹᠦᠵᠧᠦ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ᠂ ᠰᠢ ᠶᠢᠨ ᠫᠢᠩ ᠮᠢᠨᠵᠢᠶᠠᠩ ᠤᠨ ᠠᠵᠢᠯ ᠮᠡᠷᠭᠡᠵᠢᠯ ᠤᠨ

ᠶᠡᠭᠡ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ 6 ᠵᠢᠯ ᠬᠠᠪᠰᠤᠷᠭᠠᠨ ᠬᠠᠷᠢᠭᠤᠴᠠᠵᠤ᠂ ᠲᠡᠭᠦᠨ ᠤ ᠳᠤᠷᠠᠳᠤᠭᠰᠠᠨ

︽ᠬᠠᠮᠤᠭ ᠤᠨ ᠶᠡᠭᠡ ᠶᠢ ᠬᠦᠭᠡᠭᠡᠴᠡᠯᠳᠦᠬᠦ ᠦᠭᠡᠢ᠂ ᠭᠡᠪᠡᠴᠤ ᠬᠠᠮᠤᠭ ᠤᠨ ᠰᠢᠯᠢᠳᠡᠭ ᠢ ᠬᠥᠭᠡᠭᠡᠴᠡᠯᠳᠦᠨ᠎ᠡ᠂ ᠨᠡᠶᠢᠭᠡᠮ ᠤᠨ

ᠬᠡᠷᠡᠭᠴᠡᠭᠡ ᠳᠤ ᠵᠣᠬᠢᠴᠠᠬᠤ ᠶᠢ ᠬᠦᠭᠡᠭᠡᠴᠡᠯᠳᠦᠨ᠎ᠠ︾ ᠭᠡᠬᠦ ᠰᠤᠷᠭᠠᠭᠤᠯᠢ ᠡᠷᠬᠢᠯᠡᠬᠦ ᠤᠢᠢᠯᠠᠭᠠᠭᠳᠠᠬᠤᠨ ᠨᠢ ᠠᠯᠤᠰ

ᠬᠡᠳᠦ ᠶᠢᠨ ᠨᠥᠯᠥᠭᠡ ᠭᠠᠷᠤᠭᠰᠠᠨ ᠪᠠᠶᠢᠨ᠎ᠠ᠃ 2018 ᠣᠨ ᠤ 10 ᠰᠠᠷ᠎ᠠ ᠳᠤ᠂ ᠰᠢ ᠶᠢᠨ ᠫᠢᠩ ᠮᠢᠨᠵᠢᠶᠠᠩ

ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ 60 ᠵᠢᠯ ᠤᠨ ᠤᠢ ᠳᠤ ᠪᠠᠶᠠᠷ ᠤᠨ ᠵᠠᠬᠢᠳᠠᠯ ᠢᠯᠡᠭᠡᠪᠡ᠃ ᠮᠢᠨᠵᠢᠶᠠᠩ

ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠲᠡᠦᠬᠡ ᠪᠠ ᠬᠡᠷᠡᠭᠯᠡᠭᠡᠨ ᠤ ᠮᠠᠶ᠋ᠢᠭ ᠤᠨ ᠰᠤᠷᠭᠠᠭᠤᠯᠢ ᠡᠷᠬᠢᠯᠡᠭᠰᠡᠨ

ᠦᠷ᠎ᠡ ᠪᠦᠲᠦᠭᠡᠯ ᠤᠨ ᠦᠵᠡᠭᠦᠯᠭᠡ ᠶᠢᠨ ᠲᠢᠩᠬᠢᠮ ᠳᠤ᠂ ᠰᠢ ᠶᠢᠨ ᠫᠢᠩ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ

ᠮᠠᠶ᠋ᠢᠭ ᠤᠨ ᠰᠤᠷᠭᠠᠭᠤᠯᠢ ᠡᠷᠬᠢᠯᠡᠬᠦ ᠶᠢ ᠪᠠᠷᠢᠮᠲᠠᠯᠠᠵᠦ᠂ ᠦᠢᠯᠡᠳᠪᠦᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠯ ᠢ

ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠨᠤᠲᠠᠯᠠᠪᠠ᠃ ᠰᠢ ᠶᠢᠨ ᠫᠢᠩ᠂ ᠶᠣᠰᠣ

ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠨᠳᠦᠰᠦᠨ ᠡᠭᠦᠷᠭᠡ ᠪᠣᠯᠭᠠᠵᠤ᠂ ᠬᠡᠷᠡᠭᠯᠡᠭᠡᠨ ᠤ ᠮᠡᠷᠭᠡᠵᠢᠯ ᠤᠨ

ᠬᠡᠯᠪᠡᠷᠢ ᠶᠢᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠨᠡᠶᠢᠭᠡᠮ ᠤᠨ ᠬᠡᠷᠡᠭᠴᠡᠭᠡ ᠳᠤ ᠵᠣᠬᠢᠴᠠᠭᠤᠯᠤᠨ

ᠲᠤᠰᠬᠠᠢ ᠮᠡᠷᠭᠡᠵᠢᠯ ᠲᠤᠬᠢᠷᠠᠭᠤᠯᠤᠨ᠂ ᠰᠠᠭᠤᠷᠢ ᠶᠢ ᠰᠠᠶᠢᠲᠤᠷ ᠲᠠᠯᠪᠢᠵᠤ᠂ ᠶᠣᠰᠣ ᠰᠤᠷᠲᠠᠬᠤᠨ ᠤᠶᠤᠨ ᠤᠬᠠᠭᠠᠨ

ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ

ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃

     ᠰᠤᠷᠭᠠᠭᠤᠯᠢ ᠶᠢᠨ ᠬᠦᠷᠢᠶᠡᠨ ᠤ ᠠᠭᠤᠳᠠᠮ ᠲᠠᠯᠠᠪᠠᠢ ᠳᠤ ᠪᠠᠭᠰᠢ ᠰᠤᠷᠤᠭᠴᠢᠳ ︽ᠶᠡᠷᠦᠩᠬᠡᠢ ᠱᠦᠵᠢ ᠰᠠᠶᠢᠨ

ᠦᠦ︖︾᠂ ︽ᠰᠢ ᠶᠢᠨ ᠫᠢᠩ ᠵᠠᠬᠢᠷᠤᠯ ᠰᠠᠶᠢᠨ ᠦᠦ︖︾ ᠭᠡᠵᠦ ᠦᠨᠲᠦᠷ ᠲᠠᠭᠤᠨ ᠢᠶᠠᠷ ᠬᠠᠰᠬᠢᠷᠴᠤ᠂ ᠰᠢ ᠶᠢᠨ ᠫᠢᠩ

ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠰᠢ ᠶᠢᠨ ᠫᠢᠩ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ

ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ

ᠬᠠᠷᠢᠭᠤᠴᠠᠯᠭ᠎ᠠ ᠵᠠᠯᠠᠭᠤ ᠨᠢᠭᠡ ᠦᠶ᠎ᠡ ᠶᠢᠨ ᠬᠢᠨ ᠤ ᠮᠦᠷᠦᠨ ᠳᠤ ᠪᠤᠢ᠃ ᠲᠠ ᠨᠠᠷ ᠠᠯᠤᠰ ᠬᠡᠲᠦ ᠶᠢᠨ ᠬᠦᠰᠡᠯᠡᠩ

ᠡᠪᠤᠷᠯᠡᠵᠦ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠵᠤ᠂ ᠴᠠᠭ ᠦᠶ᠎ᠡ ᠶᠢᠨ ᠬᠠᠷᠢᠭᠤᠴᠠᠯᠭ᠎ᠠ ᠪᠠᠨ ᠡᠭᠦᠷᠭᠡᠯᠡᠠ᠂

ᠵᠣᠷᠢᠭᠲᠠᠶ ᠪᠠᠷ ᠡᠷᠡᠮᠡᠬᠡᠶᠢᠯᠡᠨ ᠲᠡᠮᠡᠴᠡᠵᠦ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠵᠠᠩ

ᠮᠣᠷᠠᠯ ᠬᠡᠪ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠨᠡᠶᠢᠭᠡᠮ ᠳᠤ ᠬᠡᠷᠡᠭᠴᠡᠭᠡ ᠲᠠᠢ ᠬᠥᠮᠦᠨ᠂ ᠶᠣᠰᠣ

ᠰᠤᠷᠲᠠᠬᠤᠨ ᠡᠷᠬᠢᠮ ᠳᠡᠭᠡᠳᠦ ᠬᠥᠮᠦᠨ ᠪᠤᠯᠬᠤ ᠪᠠᠷ ᠴᠢᠷᠮᠠᠶᠢᠵᠦ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ

ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠭᠤᠤ ᠶᠡᠭᠡ ᠦᠢᠯᠡᠰ ᠲᠤ ᠢᠳᠡᠪᠬᠢᠲᠡᠶ ᠣᠷᠣᠯᠴᠠᠬᠤ ᠶᠢ ᠬᠦᠰᠡᠵᠦ

ᠪᠠᠶᠢᠨ᠎ᠠ ᠭᠡᠵᠦ ᠴᠢᠬᠤᠯᠠᠴᠢᠯᠠᠪᠠ᠃

     ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠪᠣᠯᠤᠨ

ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ ᠡᠯ᠎ᠡ

ᠵᠦᠢᠯ ᠤᠨ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠵᠤ᠂ ᠹᠦᠵᠢᠶᠠᠨ ᠤ ᠬᠢᠨ ᠴᠢᠨᠠᠷ ᠰᠠᠶᠢᠲᠠᠢ ᠬᠥᠭᠵᠢᠯᠲᠡ ᠶᠢ

ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠶᠢ ᠬᠦᠰᠡᠪᠡ᠃

     ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠩ ᠲᠡᠷᠢᠭᠦᠨ ᠳᠤ ᠰᠢᠨ᠎ᠡ

ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ

ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠳᠣᠲᠣᠭᠠᠳᠤ

ᠨᠢᠭᠡᠳᠦᠯ ᠮᠦᠨ᠂ ᠴᠢᠨᠠᠷ ᠰᠠᠶᠢᠲᠠᠢ ᠬᠥᠭᠵᠢᠯᠲᠡ ᠪᠣᠯ ᠳᠠᠷᠤᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ

ᠢᠯᠡᠷᠡᠭᠦᠯᠦᠭᠰᠡᠨ ᠬᠥᠭᠵᠢᠯᠲᠡ ᠪᠣᠯᠤᠨ᠎ᠠ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ

ᠪᠠᠶᠢᠷᠢᠰᠢᠯ ᠢ ᠴᠣᠭᠴᠠᠯᠠᠬᠤ ᠳᠤ ᠦᠢᠯᠡᠴᠢᠯᠡᠬᠦ ᠪᠠ ᠠᠭᠤᠰᠤᠯᠴᠠᠬᠤ ᠶᠠᠪᠤᠴᠠ ᠳᠠᠬᠢ ᠪᠠᠶᠢᠷᠢ ᠲᠣᠭᠲᠠᠭᠠᠯᠲᠠ ᠪᠠᠨ ᠵᠦᠪ

ᠤᠯᠵᠤ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠤᠭ᠎ᠠ ᠪᠠᠷᠢᠮᠳᠠ ᠶᠢᠨ ᠠᠵᠤ

ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠰᠢᠨ᠎ᠡ ᠶᠢ

ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠠᠮᠢ ᠠᠬᠤᠢ ᠣᠷᠴᠢᠨ ᠲᠣᠭᠤᠷᠢᠨ ᠢ

ᠰᠢᠯᠢᠳᠡᠭᠵᠢᠭᠦᠯᠤᠨ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃

︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠴᠢᠯᠥᠭᠡᠲᠦ

ᠠᠷᠠᠯᠵᠢᠶᠠᠨ ᠤ ᠲᠤᠷᠰᠢᠯᠲᠠ ᠶᠢᠨ ᠣᠷᠣᠨ ᠢ ᠰᠠᠶᠢᠲᠤᠷ ᠡᠷᠬᠢᠯᠡᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ

ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ ᠨᠡᠪᠲᠡᠷᠡᠯᠴᠡᠭᠡ ᠪᠠᠷ

ᠠᠭᠤᠰᠤᠯᠴᠠᠯ ᠢ ᠠᠬᠢᠭᠤᠯᠬᠤ᠂ ᠬᠠᠷᠠᠭᠠᠯᠵᠠᠯ ᠢᠶᠠᠷ ᠠᠭᠤᠰᠤᠯᠴᠠᠯ ᠢ ᠠᠬᠢᠭᠤᠯᠬᠤ᠂ ᠬᠠᠶᠢᠷ᠎ᠠ ᠰᠡᠳᠬᠢᠯᠭᠡ ᠪᠠᠷ

ᠠᠭᠤᠰᠤᠯᠴᠠᠯ ᠢ ᠠᠬᠢᠭᠤᠯᠬᠤ ᠶᠢ ᠳᠣᠪᠤᠶᠢᠯᠭᠠᠨ᠂ ᠲᠠᠶᠢᠸᠠᠨ ᠬᠤᠭᠤᠯᠠᠶ ᠶᠢᠨ ᠬᠤᠶᠠᠷ ᠬᠥᠪᠡᠭᠡᠨ ᠤ ᠠᠭᠤᠰᠤᠯᠴᠠᠨ

ᠬᠥᠭᠵᠢᠬᠦ ᠰᠢᠨ᠎ᠡ ᠵᠠᠮ ᠢ ᠵᠣᠷᠢᠭᠲᠠᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

     ᠰᠢ ᠶᠢᠨ ᠫᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠵᠤ᠂

ᠬᠥᠳᠡᠭᠡ ᠠᠵᠤ ᠠᠬᠤᠢ ᠶᠢᠨ ᠡᠬᠢ ᠪᠠᠶᠠᠯᠢᠭ ᠤᠨ ᠤᠯᠠᠨ ᠶᠠᠩᠵᠤᠲᠤ ᠴᠢᠨᠠᠷ ᠪᠣᠯᠤᠨ ᠠᠭᠤᠷ ᠠᠮᠢᠰᠬᠤᠯ

ᠲᠣᠬᠢᠷᠠᠮᠵᠢᠲᠠᠢ ᠳᠠᠪᠠᠭᠤᠯᠢᠭ ᠲᠤ ᠰᠠᠭᠤᠷᠢᠯᠠᠨ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠬᠤ

ᠬᠡᠷᠡᠭᠲᠡᠢ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ

ᠪᠣᠯᠭᠠᠨ᠂ ᠬᠥᠳᠡᠭᠡ ᠲᠣᠰᠬᠤᠨ ᠤ ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠢ

ᠰᠠᠶᠢᠵᠢᠷᠠᠭᠤᠯᠵᠤ᠂ ᠣᠷᠣᠰᠢᠨ ᠠᠮᠢᠳᠤᠷᠠᠬᠤ ᠳᠤ ᠳᠤᠬᠢᠯᠢᠭ ᠦᠢᠯᠡᠰ ᠪᠤᠰᠬᠠᠬᠤ ᠳᠤ ᠲᠣᠬᠢᠷᠠᠮᠵᠢᠲᠠᠶ ᠦᠵᠡᠰᠬᠦᠯᠡᠩᠲᠦ

ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠬᠡᠷᠡᠭᠲᠡᠶ᠃ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ

ᠣᠷᠣᠨ ᠰᠣᠪᠢᠶᠠᠳ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠪᠢᠰᠬᠠᠯ ᠤᠨ

ᠡᠷᠲᠡ ᠴᠢᠯᠥᠭᠡᠯᠡᠭᠳᠡᠭᠰᠡᠨ ᠣᠷᠣᠨ ᠰᠣᠪᠢᠶᠠᠳ ᠣᠷᠣᠨ ᠤ ᠤᠨᠴᠠᠯᠢᠬᠳᠤ ᠠᠵᠤ ᠦᠢᠯᠡᠰ ᠤᠨ ᠳᠡᠰ ᠳᠡᠪᠰᠢᠯᠳᠡ᠂

ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ

ᠵᠡᠷᠭᠡ ᠶᠢ ᠬᠦᠴᠦᠯᠡᠨ ᠳᠡᠮᠵᠢᠬᠦ ᠬᠡᠷᠡᠭᠲᠡᠢ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠠ ᠶᠢ ᠤᠷᠬᠢᠯ

ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠮᠢ ᠠᠬᠤᠢ ᠶᠢᠨ ᠮᠤᠵᠢ ᠶᠢ ᠪᠦᠳᠦᠭᠡᠨ

ᠪᠠᠶᠢᠭᠤᠯᠬᠤ ᠪᠠᠶᠢᠷᠢᠰᠢᠭᠤᠯᠤᠯᠲᠠ ᠳᠤ ᠣᠷᠣᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ

ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ

ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃

     ᠰᠢ ᠶᠢᠨ ᠫᠢᠩ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂

ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠠᠷᠭ᠎ᠠ ᠵᠠᠮ ᠢ ᠥᠷᠭᠡᠳᠬᠡᠨ᠂ ᠶᠡᠭᠡ ᠳᠡᠭᠡᠳᠦ

ᠰᠤᠷᠭᠠᠭᠤᠯᠢ ᠶᠢᠨ ᠲᠡᠭᠦᠰᠬᠦ ᠣᠶᠤᠲᠠᠨ᠂ ᠬᠥᠯᠥᠰᠥᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ ᠵᠡᠷᠭᠡ

ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃

ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ

ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠨᠡᠶᠢᠲᠡ ᠶᠢᠨ

ᠠᠰᠠᠷᠠᠮᠵᠢ ᠶᠢᠨ ᠴᠢᠨᠠᠷᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ

ᠬᠡᠷᠡᠭᠲᠡᠢ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠶᠢᠨ ᠪᠠᠶᠢᠯᠳᠤᠬᠤ

ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ

ᠬᠠᠮᠠᠭᠠᠯᠠᠯᠲᠠ ᠶᠢᠨ ᠲᠤᠤᠷ ᠢ ᠪᠠᠬᠢᠵᠢᠭᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ

ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ

ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠶ

ᠰᠠᠶᠢᠲᠤᠷ ᠬᠢᠬᠦ ᠬᠡᠷᠡᠭᠲᠡᠶ᠃ ᠬᠦᠨᠳᠦ ᠤᠨᠴᠠ ᠶᠡᠭᠡ ᠠᠶᠤᠯᠭᠦᠶ ᠦᠢᠯᠡᠳᠪᠦᠷᠢᠯᠡᠯ ᠤᠨ ᠬᠡᠷᠡᠭ ᠡᠭᠦᠰᠬᠦ ᠶᠢ

ᠪᠦᠲᠦᠮᠵᠢᠲᠡᠶ ᠬᠤᠷᠢᠠᠠᠯᠠᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ

ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

     ᠰᠢ ᠶᠢᠨ ᠫᠢᠩ᠂ ᠹᠦᠵᠢᠶᠠᠨ ᠪᠣᠯ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠪᠣᠯᠤᠨ᠎ᠠ᠂ ᠨᠠᠮ ᠤᠨ

ᠲᠡᠦᠬᠡ ᠶᠢᠨ ᠬᠡᠷᠡᠭ ᠶᠠᠪᠤᠳᠠᠯ ᠤᠯᠠᠨ᠂ ᠬᠤᠪᠢᠰᠬᠠᠯ ᠤᠨ ᠡᠬᠢ ᠪᠠᠶᠠᠯᠢᠭ ᠤᠯᠠᠨ᠂ ᠬᠤᠪᠢᠰᠬᠠᠯ ᠤᠨ ᠤᠷᠢᠳᠤᠰ ᠤᠯᠠᠨ᠂

ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠥᠪᠡᠷᠮᠢᠴᠡ ᠳᠠᠪᠠᠭᠤᠯᠢᠭ ᠲᠠᠢ ᠶᠤᠮ᠃ ᠨᠠᠮ ᠤᠨ

ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠲᠡᠦᠬᠡ ᠶᠢ ᠰᠤᠷᠤᠯᠴᠠᠨ ᠶᠣᠰᠣ ᠤᠴᠢᠷ ᠢ ᠮᠡᠳᠡᠬᠦ ᠬᠡᠷᠡᠭᠳᠠᠢ᠂

ᠶᠤᠰᠤ ᠤᠴᠢᠷ ᠢ ᠮᠡᠳᠡᠬᠦ ᠪᠣᠯ ᠢᠲᠡᠭᠡᠯ ᠢ ᠨᠡᠮᠡᠭᠳᠡᠭᠦᠯᠬᠦ᠂ ᠶᠣᠰᠣ ᠰᠤᠷᠲᠠᠬᠤᠨ ᠢ ᠡᠷᠬᠢᠮᠯᠡᠬᠦ᠂ ᠬᠦᠴᠦᠯᠡᠨ

ᠭᠦᠢᠴᠡᠳᠭᠡᠬᠦ ᠶᠢᠨ ᠤᠷᠢᠲᠠᠯ ᠮᠥᠨ᠃ ᠨᠠᠮ ᠤᠨ ᠬᠡᠷᠡᠯ ᠰᠠᠴᠤᠷᠠᠩᠭᠤᠢ ᠠᠮᠵᠢᠯᠲᠠ᠂ ᠪᠡᠷᠬᠡ ᠬᠠᠲᠠᠭᠤᠵᠢᠯᠲᠠᠢ

ᠥᠩᠭᠡᠷᠡᠯᠲᠡ᠂ ᠲᠡᠦᠬᠡᠨ ᠲᠤᠷᠰᠢᠯᠭ᠎ᠠ᠂ ᠰᠢᠯᠢᠳᠡᠭ ᠤᠯᠠᠮᠵᠢᠯᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ

ᠶᠠᠭᠠᠬᠢᠭᠠᠳ ᠴᠢᠳᠠᠬᠤ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠶᠠᠭᠠᠬᠢᠭᠠᠳ ᠰᠠᠶᠢᠨ ᠪᠠᠶᠢᠬᠤ ᠵᠡᠷᠭᠡ ᠶᠣᠰᠣ ᠤᠴᠢᠷ ᠢ ᠭᠦᠨᠵᠡᠭᠡᠢ ᠤᠬᠠᠪᠤᠷᠢᠯᠠᠨ᠂ ᠲᠡᠭᠦᠨ ᠤ ᠳᠣᠲᠣᠷᠠᠬᠢ

ᠲᠡᠦᠬᠡ ᠶᠢᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠲᠣᠳᠣᠷᠬᠠᠢ ᠣᠶᠢᠯᠠᠭᠠᠬᠤ ᠬᠡᠷᠡᠭᠲᠡᠢ᠃

ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠡᠦᠬᠡ ᠶᠢᠨ ᠵᠠᠶᠢᠯᠠᠰᠢ ᠦᠭᠡᠢ

ᠴᠢᠨᠠᠷ ᠢ ᠭᠦᠨᠵᠡᠭᠡᠢ ᠤᠬᠠᠪᠤᠷᠢᠯᠠᠨ᠂ ᠨᠠᠮ ᠤᠨ ᠤᠳᠤᠷᠢᠳᠤᠯᠭ᠎ᠠ ᠶᠢᠨ ᠲᠤᠬᠠᠢ ᠢᠲᠡᠭᠡᠯ ᠢᠶᠠᠨ ᠪᠠᠲᠤᠳᠬᠠᠬᠤ ᠬᠡᠷᠡᠭᠲᠡᠢ᠃

ᠮᠠᠷᠺᠰ ᠤᠨ ᠦᠵᠡᠯ ᠵᠢᠴᠢ ᠲᠡᠭᠦᠨ ᠤ ᠳᠤᠮᠳᠠᠳᠤ ᠤᠯᠤᠰᠴᠢᠯᠠᠭᠰᠠᠨ ᠰᠢᠨ᠎ᠡ ᠶᠢ ᠡᠭᠦᠳᠦᠭᠰᠡᠨ ᠤᠨᠤᠯ ᠤᠨ ᠦᠨᠡᠨ

ᠶᠣᠰᠣᠴᠢ ᠴᠢᠨᠠᠷ ᠢ ᠭᠦᠨᠵᠡᠭᠡᠢ ᠤᠬᠠᠪᠤᠷᠢᠯᠠᠨ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠤᠬᠠᠮᠰᠠᠷ ᠠᠴᠠ ᠪᠠᠨ

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠷᠡᠰ ᠪᠠᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠵᠥᠪ ᠣᠨᠣᠪᠴᠢᠲᠤ ᠴᠢᠨᠠᠷ ᠢ ᠭᠦᠨᠵᠡᠭᠡᠢ ᠤᠬᠠᠪᠤᠷᠢᠯᠠᠨ᠂

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠭᠡᠬᠦ ᠡᠨᠡ ᠬᠦ ᠴᠤᠷ ᠤᠨ ᠭᠠᠭᠴᠠ ᠵᠥᠪ ᠵᠠᠮ ᠢᠶᠠᠷ ᠡᠷᠡᠰ

ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ᠃

ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ

ᠶᠡᠷᠦᠩᠬᠡᠶᠢᠯᠡᠭᠰᠡᠨ ᠦᠢᠯᠡᠳᠦᠯ ᠴᠢᠳᠠᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠤᠨ᠂ ᠰᠠᠶᠢᠨ ᠰᠠᠶᠢᠬᠠᠨ ᠤᠯᠤᠰ

ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃

     ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ

ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃

   

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map