ᠰᠢ ᠶᠢᠨ ᠫᠢᠩ ᠪᠦᠬᠦ ᠤᠯᠤᠰ ᠤᠨ ᠬᠠᠷ᠎ᠠ ᠪᠦᠯᠦᠭᠲᠡᠡ ᠬᠠᠷᠬᠢᠰ ᠬᠦᠴᠤᠠ ᠢ ᠠᠷᠢᠯᠭᠠᠬᠤ ᠲᠤᠰᠬᠠᠢ ᠲᠡᠮᠡᠴᠡᠯ ᠢ ᠳ᠋ᠦᠩᠨᠡᠵᠥ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠤᠷᠤᠯᠴᠠᠭᠰᠠᠠ ᠲᠦᠯᠦᠭᠡᠯᠡᠭᠴᠢᠳ  ᠲᠠᠢ ᠠᠭᠤᠯᠵᠠᠵᠠᠢ ᠸᠠᠩ ᠬᠤ᠋ ᠨᠢᠩ ᠵᠤᠤ ᠯᠧ ᠵᠢᠢ ᠠᠭᠤᠯᠵᠠᠯᠲᠠ ᠳᠤ ᠤᠷᠤᠯᠴᠠᠪᠠ
ᠨᠡᠶᠢᠲᠡᠯᠡᠭᠰᠡᠨ ᠴᠠᠭ᠄
2021/4/1
     ᠪᠦᠬᠦ ᠤᠯᠤᠰ ᠤᠨ ᠬᠠᠷ᠎ᠠ ᠪᠦᠯᠦᠭᠲᠡᠡ ᠬᠠᠷᠬᠢᠰ ᠬᠦᠴᠤᠠ ᠢ ᠠᠷᠢᠯᠭᠠᠬᠤ ᠲᠤᠰᠬᠠᠢ ᠲᠡᠮᠡᠴᠡᠯ ᠢ ᠳ᠋ᠦᠩᠨᠡᠵᠥ ᠬᠦᠬᠢᠭᠦᠯᠦᠨ ᠰᠠᠶᠢᠰᠢᠶᠠᠬᠤ ᠶᠡᠭᠡ ᠬᠤᠷᠠᠯ 29 ᠤ ᠡᠳᠦᠷ ᠪᠡᠭᠡᠵᠢᠩ ᠳᠤ ᠶᠠᠪᠤᠬᠳᠠᠵᠠᠢ᠃ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠲᠡᠬᠡᠷ᠎ᠡ ᠬᠦᠬᠢᠭᠦᠯᠦᠭᠲᠡᠡ ᠰᠠᠶᠢᠰᠢᠶᠠᠭᠲᠠᠬᠰᠠᠳ ᠤᠨ ᠲᠦᠯᠦᠭᠡᠯᠡᠭᠴᠢᠳ ᠲᠠᠢ ᠠᠭᠤᠯᠵᠠᠵᠦ᠂ ᠲᠡᠲᠡᠡ ᠳᠤ ᠴᠢᠩ ᠰᠡᠳᠭᠢᠯ ᠤᠨ ᠮᠡᠡᠲᠦᠴᠢᠯᠡᠯ ᠪᠠ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠠ᠃      ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠪᠠᠶᠢᠩᠭᠤ ᠶᠢᠨ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠪᠠᠶᠢᠩᠭᠤ ᠶᠢᠨ ᠭᠡᠰᠢᠭᠦᠨ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠠ ᠤ ᠱᠦᠵᠢ ᠵᠤᠤ ᠯᠧ ᠵᠢᠢ ᠠᠭᠤᠯᠵᠠᠯᠲᠠ ᠳᠤ ᠤᠷᠤᠯᠴᠠᠵᠠᠢ᠃      ᠦᠲᠡ ᠶᠢᠨ ᠡᠮᠦᠨᠡᠬᠢ 10 ᠴᠠᠭ ᠤᠨ ᠦᠶ᠎ᠠ ᠳᠤ᠂ ᠰᠢ ᠶᠢᠨ ᠫᠢᠩ ᠨᠠᠷ ᠵᠢᠩ ᠰᠢ ᠪᠠᠭᠤᠲᠠᠯ ᠤᠨ ᠬᠤᠷᠠᠯ ᠤᠨ ᠠᠰᠠᠷ ᠤᠨ ᠡᠮᠦᠨ᠎ᠠ ᠲᠢᠩᠭᠢᠮ ᠳᠤ ᠬᠦᠷᠬᠦ ᠳᠤ᠂ ᠳᠠᠯᠠᠪᠠᠢ ᠳᠠᠶᠠᠭᠠᠷ ᠢᠶᠠᠨ ᠨᠢᠵᠢᠬᠢᠨᠡᠲᠡᠯ᠎ᠠ ᠬᠠᠯᠠᠭᠤᠨ ᠠᠯᠠᠭ᠎ᠠ ᠲᠠᠰᠢᠪᠠ᠃ ᠰᠢ ᠶᠢᠨ ᠫᠢᠩ ᠨᠠᠷ ᠲᠦᠯᠦᠭᠡᠯᠡᠭᠴᠢᠳ ᠤᠨ ᠲᠤᠮᠲᠠ ᠬᠦᠷᠴᠤ᠂ ᠤᠯᠠᠠ ᠲᠠᠢ ᠲᠤᠲᠤᠨᠤ ᠪᠠᠷ ᠰᠤᠯᠢᠯᠴᠠᠭᠰᠠᠨ ᠪᠦᠭᠡᠳ ᠬᠠᠮᠲᠤ ᠪᠠᠷ ᠭᠡᠷᠡᠯ ᠵᠢᠷᠤᠭ ᠲᠠᠲᠠᠭᠤᠯᠤᠨ ᠲᠤᠷᠠᠰᠬᠠᠯ ᠦᠯᠡᠲᠡᠭᠡᠵᠠᠢ᠃      ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠱᠧᠩ ᠺᠦᠨ ᠠᠭᠤᠯᠵᠠᠯᠲᠠ ᠳᠤ ᠤᠷᠤᠯᠴᠠᠭᠰᠠᠠ ᠪᠦᠭᠡᠳ ᠳ᠋ᠦᠩᠨᠡᠵᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠲᠡᠭᠡᠷ᠎ᠠ ᠶᠠᠷᠢᠶ᠎ᠠ ᠲᠠᠯᠪᠢᠵᠠᠢ᠃ ᠲᠡᠷᠡ᠂ ᠬᠠᠷ᠎ᠠ ᠪᠦᠯᠦᠭᠲᠡᠡ ᠬᠠᠷᠬᠢᠰ ᠬᠦᠴᠤᠠ ᠢ ᠠᠷᠢᠯᠭᠠᠬᠤ ᠲᠤᠰᠬᠠᠢ ᠲᠡᠮᠡᠴᠡᠯ ᠢᠯᠠᠯᠲᠠ ᠤᠯᠤᠭᠰᠠᠠ ᠤ ᠭᠤᠤᠯ ᠰᠢᠯᠳᠠᠭᠠᠨ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠠᠴᠢ ᠵᠢᠯᠤᠭᠤᠳᠤᠯᠭ᠎ᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠪᠠᠳᠤ ᠴᠢᠩᠭ᠎ᠠ ᠤᠲᠤᠷᠢᠲᠤᠯᠭ᠎ᠠ᠂ ᠨᠠᠮ ᠤᠨ ᠤᠳᠤᠷᠢᠳᠤᠯᠭ᠎ᠠ ᠶᠢᠨ ᠤᠯᠤᠰ ᠲᠦᠷᠦ ᠶᠢᠨ ᠲᠠᠪᠠᠭᠤᠯᠢᠭ ᠪᠠ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠲᠠᠪᠠᠭᠤᠯᠢᠭ ᠲᠤ ᠪᠠᠶᠢᠨ᠎ᠠ᠃ ᠶᠡᠷᠦᠩᠭᠡᠢ ᠱᠦᠵᠢ ᠰᠢ ᠶᠢᠨ ᠫᠢᠩ ᠤᠨ ᠲᠤᠲᠤᠨᠤ ᠬᠠᠯᠠᠮᠵᠢᠯᠠᠯ ᠢ ᠬᠦᠴᠦᠷᠭᠡᠭ ᠶᠡᠭᠡ ᠬᠦᠲᠡᠯᠭᠡᠬᠦ ᠬᠦᠴᠤᠨ ᠪᠤᠯᠭᠠᠠ ᠬᠤᠪᠢᠷᠠᠭᠤᠯᠵᠦ᠂ ᠡᠷᠡᠮᠡᠭᠡᠶᠢᠯᠡᠡ ᠤᠷᠤᠭᠰᠢᠯᠠᠵᠦ᠂ ᠴᠢᠷᠮᠠᠶᠢᠭᠰᠠᠠ ᠲᠡᠭᠡᠷ᠎ᠠ ᠪᠠᠨ ᠴᠢᠷᠮᠠᠶᠢᠵᠦ᠂ ᠬᠠᠷ᠎ᠠ ᠪᠦᠯᠦᠭᠲᠡᠡ ᠬᠠᠷᠬᠢᠰ ᠬᠦᠴᠤᠠ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠦ᠂ ᠨᠡᠩ ᠦᠨᠲᠦᠷ ᠲᠦᠪᠰᠢᠨ ᠪᠦᠬᠦᠢ ᠠᠮᠤᠭᠤᠯᠠᠩᠳᠤ ᠲᠤᠮᠲᠠᠲᠤ ᠤᠯᠤᠰ ᠢ ᠴᠢᠷᠮᠠᠶᠢᠨ ᠪᠦᠲᠦᠭᠡᠡ ᠪᠠᠶᠢᠭᠤᠯᠵᠦ᠂ ᠰᠢᠯᠢᠲᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠲᠠᠭᠰᠠᠠ ᠵᠠᠭᠤᠨ ᠵᠢᠯ ᠤᠨ ᠤᠢ ᠶᠢ ᠪᠡᠯᠭᠡᠯᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠳ᠋ᠢᠩ ᠰᠢᠤᠸᠠᠢ ᠰᠢᠶᠠᠩ᠂ ᠶᠠᠩ ᠰᠢᠶᠤᠤ ᠳ᠋ᠦ᠋᠂ ᠴᠸᠠ ᠰᠢ᠂ ᠬᠤᠸᠠᠩ ᠺᠦᠨ ᠮᠢᠩ ᠠᠭᠤᠯᠵᠠᠯᠲᠠ ᠳᠤ ᠤᠷᠤᠯᠴᠠᠵᠦ᠂ ᠵᠤᠤ ᠺᠧ ᡁᠢ ᠠᠭᠤᠯᠵᠠᠯᠲᠠ ᠳᠤ ᠤᠷᠤᠯᠴᠠᠭᠰᠠᠠ ᠪᠦᠭᠡᠳ ᠶᠡᠭᠡ ᠬᠤᠷᠠᠯ ᠢ ᠡᠷᠬᠢᠯᠡᠵᠦ᠂ ᠵᠸᠤ ᠴᠢᠶᠠᠩ᠂ ᠵᠠᠩ ᠵᠢᠶᠦ᠋ᠨ ᠠᠭᠤᠯᠵᠠᠯᠲᠠ ᠳᠤ ᠤᠷᠤᠯᠴᠠᠭᠰᠠᠠ ᠪᠦᠭᠡᠳ ᠶᠡᠭᠡ ᠬᠤᠷᠠᠯ ᠳᠤ ᠤᠷᠤᠯᠴᠠᠪᠠ᠃      ᠶᠡᠭᠡ ᠬᠤᠷᠠᠯ ᠠᠴᠠ ᠬᠦᠬᠢᠭᠦᠯᠦᠭᠲᠡᠡ ᠰᠠᠶᠢᠰᠢᠶᠠᠭᠳᠠᠭᠰᠠᠳ ᠤᠨ ᠲᠦᠯᠦᠭᠡᠯᠡᠭᠴᠢᠳ ᠲᠤ ᠱᠠᠩᠨᠠᠯ ᠤᠯᠭᠤᠪᠠ᠃ ᠪᠦᠬᠦ ᠤᠯᠤᠰ ᠤᠨ ᠬᠠᠷ᠎ᠠ ᠪᠦᠯᠦᠭᠲᠡᠡ ᠬᠠᠷᠬᠢᠰ ᠬᠦᠴᠤᠠ ᠢ ᠠᠷᠢᠯᠭᠠᠬᠤ ᠲᠤᠰᠬᠠᠢ ᠲᠡᠮᠡᠴᠡᠯ ᠤᠨ ᠲᠡᠷᠢᠭᠦᠨ ᠤ ᠬᠠᠮᠲᠤ ᠨᠢᠭᠡᠴᠢ᠂ ᠲᠡᠷᠢᠭᠦᠨ ᠤ ᠠᠵᠢᠯᠲᠠᠠ᠂ ᠬᠦᠬᠢᠭᠦᠯᠦᠭᠳᠡᠭᠰᠡᠨ ᠺᠠᠳ᠋ᠷ ᠤᠨ ᠲᠦᠯᠦᠭᠡᠯᠡᠭᠴᠢ ᠲᠤᠰ ᠲᠤᠰ ᠶᠡᠭᠡ ᠬᠤᠷᠠᠯ ᠲᠡᠭᠡᠷ᠎ᠠ ᠦᠭᠡ ᠬᠡᠯᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map