ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠤᠷᠢᠬᠠᠨ ᠬᠠᠪᠤᠷ ᠢᠷᠡᠴᠢᠭᠡᠭᠰᠡᠨ ᠭᠡᠵᠢ ᠤᠤ
ᠨᠡᠶᠢᠲᠡᠯᠡᠭᠰᠡᠨ ᠴᠠᠭ᠄
2021/4/28
                                     ᠶᠠᠩ ᠯᠤ᠋      ᠨᠢᠳᠤᠨᠤᠨ ᠪᠤᠯ ᠠᠷᠪᠠᠨ ᠵᠢᠯ ᠤᠨ ᠲᠤᠷᠰᠢᠬᠢ ᠲᠡᠭᠡᠳᠤ ᠰᠤᠷᠭᠠᠭᠤᠯᠢ ᠳᠤ ᠰᠢᠯᠭᠠᠭᠤᠯᠤᠭᠰᠠᠳ ᠤᠨ ᠭᠦᠮᠦᠨ ᠤ ᠲᠤᠭ᠎ᠠ ᠠᠩᠬ᠎ᠠ ᠤᠳᠠᠭ᠎ᠠ ᠮᠢᠩᠭᠠᠨ ᠲᠦᠮᠡ ᠶᠢ ᠲᠠᠪᠠᠭᠰᠠᠨ ᠵᠢᠯ ᠪᠤᠯᠤᠨ᠎ᠠ᠃ ᠮᠢᠩᠭᠠᠨ ᠲᠦᠮᠠᠨ ᠰᠢᠯᠭᠠᠭᠤᠯᠤᠭᠰᠠᠳ ᠤᠨ ᠲᠤᠳᠤᠷ᠎ᠠ ᠨᠠᠯᠢᠶᠠᠳ ᠲᠤᠭᠠᠨ ᠤ ᠰᠤᠷᠤᠭᠴᠢ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠭᠦᠷᠳᠠᠭᠦ ᠪᠤᠯᠤᠨ᠎ᠠ᠃      ᠭᠡᠪᠴᠢᠶ᠎ᠠ ᠠᠴᠠ ᠨᠢ ᠦᠵᠠᠪᠠᠯ ᠲᠤᠮᠳᠠᠳᠤ ᠤᠯᠤᠰ ᠪᠤᠯ ᠲᠡᠯᠡᠭᠡᠢ ᠳᠡᠭᠡᠷᠡᠬᠢ ᠬᠠᠮᠤᠭ ᠤᠨ ᠶᠡᠭᠡ ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠰᠢᠰᠲ᠋ᠧᠮ ᠲᠠᠢ ᠤᠯᠤᠰ ᠪᠤᠯᠤᠨ᠎ᠠ᠃ ᠠᠵᠢᠯ ᠮᠠᠷᠭᠡᠵᠢᠯ ᠤᠨ ᠰᠤᠷᠭᠠᠨ ᠭᠦᠮᠦᠵᠢᠯ ᠪᠤᠯ ᠨᠡᠶᠢᠭᠡᠮ ᠳᠤ ᠡᠭᠦᠳᠦᠨ ᠪᠦᠳᠦᠭᠡᠭᠦ ᠦᠷᠳᠡᠭ ᠪᠦᠭᠦᠢ ᠲᠡᠭᠡᠳᠤ ᠭᠡᠪ ᠪᠤᠯᠪᠠᠰᠤᠷᠠᠯ ᠲᠠᠢ ᠭᠦᠳᠠᠯᠮᠤᠷᠢᠴᠢᠨ ᠪᠠ ᠲᠤᠰᠬᠠᠢ ᠮᠠᠷᠭᠡᠵᠢᠯ ᠤᠨ ᠴᠢᠳᠠᠪᠤᠷᠢᠳᠠᠨ ᠢ ᠰᠢᠭᠤᠳ ᠭᠦᠮᠦᠵᠢᠭᠦᠯᠭᠦ ᠰᠤᠷᠭᠠᠨ ᠭᠦᠮᠦᠵᠢᠯ ᠪᠤᠯᠤᠨ᠎ᠠ᠃ ᠠᠵᠢᠯ ᠮᠠᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠲᠤᠮᠳᠠ ᠪᠠᠭ᠎ᠠ ᠠᠵᠤ ᠠᠬᠤᠢᠢᠯᠠᠯ ᠤᠨ ᠲᠦᠪᠯᠠᠷᠠᠨ ᠭᠦᠭᠵᠢᠭᠦ ᠳᠤ ᠲᠤᠯᠭᠠᠭᠤᠷᠢ ᠭᠦᠴᠦᠨ ᠪᠤᠯᠵᠤ ᠤᠷᠤᠨ ᠪᠦᠰᠠ ᠶᠢᠨ ᠠᠵᠢᠯ ᠦᠢᠯᠠᠰ ᠢ ᠲᠤᠮᠳᠠ ᠲᠡᠭᠡᠳᠤ ᠲᠠᠰ ᠤᠨ ᠠᠵᠢᠯ ᠦᠢᠯᠠᠰ ᠵᠦᠭ ᠠᠬᠢᠭᠤᠯᠬᠤ ᠠᠮᠢᠳᠤ ᠭᠦᠴᠦᠨ ᠴᠡᠷᠢᠭ ᠪᠤᠯᠤᠨ᠎ᠠ᠃      ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠴᠢᠬᠤᠯᠠ ᠴᠢᠨᠠᠷ ᠢ ᠦᠭᠡᠶᠢᠰᠭᠡᠭᠦ ᠭᠦᠮᠦᠨ ᠪᠠᠷᠤᠬ ᠪᠠᠶᠢᠬᠤ ᠦᠭᠡᠢ ᠪᠤᠯᠪᠠᠴᠤ ᠪᠤᠳᠠᠳᠤ ᠠᠮᠢᠳᠤᠷᠠᠯ ᠲᠤᠮᠳᠠ ᠭᠦᠮᠦᠰ ᠠᠵᠢᠯ ᠮᠠᠷᠭᠡᠵᠢᠯ ᠤᠨ ᠰᠤᠷᠭᠠᠨ ᠭᠦᠮᠦᠵᠢᠯ ᠳᠤ ᠭᠡᠯᠪᠠᠶᠢᠭᠦᠤ ᠦᠵᠠᠯᠳᠠ ᠲᠠᠢ ᠪᠠᠶᠢᠳᠠᠬ᠃ ᠦᠢᠯᠠᠳᠪᠤᠷᠢᠯᠠᠯ ᠵᠢᠭᠠᠨ ᠰᠤᠷᠭᠠᠯᠳᠠ ᠤᠶᠠᠯᠳᠤᠵᠤ ᠴᠢᠳᠠᠬᠤ ᠦᠭᠡᠢ᠂ ᠠᠵᠢᠯ ᠤᠯᠬᠤ ᠨᠤᠷᠮ᠎ᠠ ᠨᠢ ᠲᠤᠤᠷ᠎ᠠ ᠪᠠᠶᠢᠳᠠᠬ ᠵᠡᠷᠭᠡ ᠨᠢ ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠭᠦᠭᠵᠢᠯᠳᠠ ᠶᠢ ᠨᠦᠯᠦᠭᠡᠯᠡᠭᠰᠡᠭᠡᠷ ᠪᠠᠶᠢᠭ᠎ᠠ ᠭᠦᠴᠢᠷ ᠠᠰᠠᠭᠤᠳᠠᠯ ᠤᠳ ᠪᠤᠯᠤᠨ᠎ᠠ᠃ ᠡᠳᠡᠭᠡᠷ ᠠᠰᠠᠭᠤᠳᠠᠯ ᠢ ᠢᠯᠠᠨ ᠲᠠᠪᠠᠶ᠎ᠠ ᠭᠡᠪᠡᠯ ᠴᠢᠳᠠᠪᠤᠷᠢᠳᠠᠨ ᠭᠦᠮᠦᠵᠢᠭᠦᠯᠭᠦ ᠤᠯᠠᠮᠵᠢᠯᠠᠯᠳᠤ ᠭᠡᠯᠪᠠᠷᠢ ᠶᠢ ᠦᠨᠳᠤᠰᠤᠨ ᠠᠴᠠ ᠨᠢ ᠡᠪᠳᠠᠭᠦ ᠭᠡᠷᠡᠭᠳᠠᠢ᠃      ᠨᠢᠭᠡ᠂ ᠠᠵᠢᠯ ᠮᠠᠷᠭᠡᠵᠢᠯ ᠤᠨ ᠰᠤᠷᠭᠠᠭᠤᠯᠢ ᠳᠤ ᠤᠷᠤᠭᠠᠳ ᠶᠠᠭᠤ ᠰᠤᠷᠬᠤ ᠪᠤᠢ      ᠴᠢᠳᠠᠪᠤᠷᠢ ᠬᠢᠭᠡᠳ ᠰᠤᠷᠤᠯᠭ᠎ᠠ ᠶᠢᠨ ᠨᠠᠮᠳᠠᠷ᠂ ᠡᠭᠦᠳᠠ ᠡᠷᠦᠭᠡ ᠭᠢᠭᠡᠳ ᠠᠵᠠ ᠵᠠᠪᠰᠢᠶᠠᠨ ᠴᠤᠬᠤᠮ ᠠᠯᠢ ᠨᠢᠭᠡ ᠨᠢ ᠨᠢᠭᠡ ᠭᠦᠮᠦᠨ ᠤ ᠢᠷᠡᠭᠡᠳᠤᠢ ᠶᠢᠨ ᠠᠵᠢᠯ ᠦᠢᠯᠠᠰ ᠤᠨ ᠭᠦᠭᠵᠢᠯᠳᠠ ᠶᠢ ᠰᠢᠢᠳᠪᠤᠷᠢᠯᠠᠵᠤ ᠪᠠᠶᠢᠳᠠᠬ ᠪᠤᠢ︖ ᠭᠤᠸᠠᠩᠳᠦ᠋ᠩ ᠮᠤᠵᠢ ᠶᠢᠨ ᠮᠸᠢ ᠵᠸᠤ ᠶᠢᠨ ᠶᠠᠳᠠᠭᠤ ᠠᠶᠢᠯ ᠤᠨ ᠭᠦᠤ ᠢᠤᠢ ᠺᠦᠨ ᠵᠠᠩ ᠳᠤ ᠠᠪᠴᠤ ᠭᠡᠯᠡᠪᠡᠯ ᠶᠡᠭᠡ ᠰᠤᠷᠭᠠᠭᠤᠯᠢ ᠳᠤ ᠤᠷᠤᠭᠰᠠᠨ ᠨᠢ ᠳᠠᠷᠤᠢ ᠠᠵᠠ ᠵᠢᠷᠭᠠᠯ ᠪᠤᠯᠤᠨ᠎ᠠ᠃ ᠲᠠᠷᠠ ᠭᠤᠸᠠᠩᠳᠦ᠋ᠩ ᠤᠨ ᠪᠢ ᠭᠦᠢ ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠲᠡᠭᠦᠰᠦᠭᠡᠳ ᠬᠤᠶᠠᠷ ᠵᠢᠯ ᠪᠤᠯᠤᠭᠰᠠᠨ ᠤ ᠳᠠᠷᠠᠭ᠎ᠠ ᠺᠤᠮᠫᠠᠨᠢ ᠳᠤ ᠪᠠᠨ ᠨᠢᠭᠡᠨᠳᠠ ᠤᠷᠤᠨ ᠪᠦᠰᠠ ᠶᠢᠨ ᠲᠠᠭᠠᠭᠠᠮᠠᠯ ᠪᠤᠯᠴᠢᠬᠠᠭᠰᠠᠨ ᠶᠤᠮ᠃      ᠦᠡᠭᠭᠡᠷᠡᠭᠰᠡᠨ ᠳᠤ ᠡᠪᠦᠭᠡ ᠶᠢᠨ ᠦᠴᠦᠭᠡᠨ ᠲᠠᠳᠤᠢ ᠲᠡᠳᠭᠦᠪᠤᠷᠢ ᠶᠢᠨ ᠮᠦᠡᠭᠭᠦ ᠪᠠᠷ ᠲᠠᠪᠤᠨ ᠠᠮᠠ ᠭᠦᠮᠦᠨ ᠠᠮᠢᠳᠤᠷᠠᠵᠤ ᠪᠠᠶᠢᠭᠰᠠᠨ ᠢ ᠪᠤᠳᠤᠪᠠᠯ ᠤᠳᠤ ᠲᠠᠷᠠ ᠲᠦᠮᠡ ᠢᠯᠠᠭᠦᠦ ᠲᠦᠭᠦᠷᠢᠭ ᠤᠨ ᠴᠠᠯᠢᠩ ᠤᠯᠳᠠᠬ ᠪᠤᠯᠤᠭᠰᠠᠨ ᠢᠶᠠᠷ ᠨᠢᠭᠡᠨᠳᠠ ᠦᠡᠭᠭᠡᠷᠡᠭᠰᠡᠨ ᠤ ᠲᠠᠷᠠ ᠭᠦ ᠶᠠᠳᠠᠭᠤ ᠵᠦᠳᠡᠭᠦᠦ ᠲᠠᠷᠢᠶᠠᠴᠢᠨ ᠠᠶᠢᠯ ᠤᠨ ᠭᠡᠤᠭᠡᠳ ᠪᠢᠰᠢ ᠪᠤᠯᠵᠠᠢ᠃ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠲᠡᠭᠦᠰᠦᠭᠰᠡᠨ ᠤ ᠲᠠᠷᠠᠭᠠᠬᠢ ᠬᠤᠶᠠᠷᠬᠠᠨ ᠵᠢᠯ ᠤᠨ ᠲᠤᠳᠤᠷ᠎ᠠ ᠢᠤᠢ ᠺᠦᠨ ᠵᠠᠩ ᠤᠨ ᠤᠷᠤᠯᠭ᠎ᠠ ᠨᠢᠭᠡᠨᠳᠠ ᠮᠠᠰᠢ ᠤᠯᠠᠨ ᠦᠨᠳᠤᠰᠤᠨ ᠠᠩᠬᠢ ᠶᠢᠨ ᠲᠡᠭᠦᠰᠦᠭᠰᠡᠨ ᠰᠤᠷᠤᠭᠴᠢᠳ ᠠᠴᠠ ᠬᠤᠯᠠ ᠦᠨᠳᠤᠷ ᠪᠤᠯᠵᠠᠢ᠃ ᠡᠶᠢᠮᠦ ᠵᠢᠱᠢᠶ᠎ᠠ ᠤᠯᠠᠨ ᠪᠢᠰᠢ ᠶᠤᠮ᠃ ᠭᠡᠷᠡᠭ ᠳᠡᠭᠡᠷ᠎ᠡ ᠪᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠲᠡᠭᠦᠰᠦᠭᠰᠡᠨ ᠤᠯᠠᠩᠬᠢ ᠰᠤᠷᠤᠭᠴᠢ ᠪᠠᠰᠠ ᠯᠠ ᠰᠠᠷ᠎ᠠ ᠶᠢᠨ ᠴᠡᠯᠢᠩ ᠬᠤᠶᠠᠷ ᠭᠤᠷᠪᠠᠨ ᠮᠢᠩᠭᠠᠨ ᠲᠦᠭᠦᠷᠢᠭ ᠤᠯᠬᠤ ᠲᠤᠤᠷ᠎ᠠ ᠲᠠᠰ ᠤᠨ ᠮᠠᠷᠭᠡᠵᠢᠯ ᠤᠨ ᠪᠠᠶᠢᠷᠢᠨ ᠳᠡᠭᠡᠷ᠎ᠡ ᠲᠠᠯᠴᠢᠯᠠᠵᠤ ᠪᠠᠶᠢᠭ᠎ᠠ ᠪᠢᠯᠡ᠃      ᠤᠷᠴᠢᠮ ᠤᠨ ᠵᠢᠯ ᠤᠳ ᠠᠴᠠ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠶᠡᠭᠡᠪᠠᠷ ᠭᠦᠨᠳᠤᠳᠭᠡᠵᠦ ᠪᠠᠶᠢᠭ᠎ᠠ ᠪᠤᠯᠪᠠᠴᠤ ᠠᠵᠢᠯ ᠮᠠᠷᠭᠡᠵᠢᠯ ᠤᠨ ᠰᠤᠷᠭᠠᠭᠤᠯᠢ ᠨᠢ ᠢᠯᠠᠷᠭᠡᠶᠢᠶ᠎ᠠ ᠭᠦᠮᠦᠰ ᠤᠨ ᠲᠠᠷᠢᠭᠦᠨ ᠰᠤᠩᠭᠤᠯᠳᠠ ᠪᠤᠯᠵᠤ ᠴᠢᠳᠠᠭᠠᠳᠤᠢ ᠪᠠᠶᠢᠨ᠎ᠠ᠃ ᠠᠵᠢᠯ ᠮᠠᠷᠭᠡᠵᠢᠯ ᠤᠨ ᠰᠤᠷᠭᠠᠭᠤᠯᠢ ᠳᠤ ᠤᠷᠤᠭᠠᠳ ᠵᠢᠩᠬᠢᠨᠢ ᠴᠢᠳᠠᠪᠤᠷᠢ ᠰᠤᠷᠴᠤ ᠲᠠᠶᠢᠯᠭᠦ ᠦᠭᠡᠢ ᠭᠡᠳᠡᠭ ᠨᠢ ᠮᠠᠰᠢ ᠤᠯᠠᠨ ᠭᠡᠷ ᠤᠨ ᠠᠬᠠᠮᠠᠳ ᠤᠨ ᠰᠠᠨᠠᠭᠠᠰᠢᠷᠠᠯ ᠪᠤᠯᠵᠤ ᠪᠠᠶᠢᠨ᠎ᠠ᠃ ᠡᠶᠢᠮᠦᠷᠭᠦᠦ ᠰᠠᠨᠠᠭᠠᠰᠢᠷᠠᠯ ᠨᠢ ᠵᠤᠬᠢᠬᠤ ᠭᠡᠮᠵᠢᠶᠡᠨ ᠳᠤ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠶᠢᠨ ᠭᠦᠭᠵᠢᠯᠳᠠ ᠳᠤ ᠬᠢ ᠭᠦᠴᠢᠷᠳᠠᠯ ᠢ ᠲᠤᠰᠬᠠᠵᠤ ᠪᠠᠶᠢᠨ᠎ᠠ᠃ ᠲᠤᠮᠳᠠᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠲᠠᠢ ᠵᠦᠷᠢᠶ᠎ᠠ ᠭᠠᠷᠭᠠᠬᠤ ᠶᠢᠨ ᠲᠦᠯᠦᠭᠡ ᠴᠦᠭᠡᠨ ᠪᠤᠰᠤ ᠲᠠᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠭᠤᠤᠯᠳᠠᠯᠭ᠎ᠠ ᠪᠠᠨ ︽ᠦᠨᠳᠤᠰᠤᠨ ᠠᠩᠬᠢ ᠳᠤ ᠤᠷᠤᠭᠤᠯᠬᠤ︾ ᠪᠤᠶᠤ ᠰᠤᠷᠤᠭᠴᠢ ᠶᠢᠨ ᠤᠨᠤᠯ ᠤᠨ ᠰᠤᠷᠤᠯᠴᠠᠯᠭ᠎ᠠ ᠳᠤ ᠲᠠᠯᠪᠢᠵᠤ᠂ ᠬᠠᠷᠢᠨ ︽ᠠᠵᠢᠯ ᠮᠠᠷᠭᠡᠵᠢᠯ︾ ᠭᠡᠳᠡᠭ ᠢ ᠤᠮᠳᠤᠭᠠᠢᠢᠯᠠᠭᠰᠠᠨ ᠠᠴᠠ ᠨᠡᠶᠢᠭᠡᠮ ᠳᠤ ᠵᠤᠬᠢᠴᠠᠬᠤ ᠲᠠᠭᠡᠳᠤ ᠮᠡᠷᠭᠡᠵᠢᠯ ᠴᠢᠳᠠᠪᠤᠷᠢᠳᠠᠢ ᠠᠵᠢᠯ ᠮᠠᠷᠭᠡᠵᠢᠯ ᠤᠨ ᠰᠤᠷᠤᠭᠴᠢ ᠶᠢ ᠭᠦᠮᠦᠵᠢᠭᠦᠯᠵᠦ ᠴᠢᠳᠠᠬᠤ ᠦᠭᠡᠢ ᠪᠤᠯᠵᠠᠢ᠃      ᠤᠷᠴᠢᠮ ᠤᠨ ᠡᠳᠦᠷ ᠰᠤᠷᠭᠠᠨ ᠭᠦᠮᠦᠵᠢᠯ ᠤᠨ ᠶᠠᠮᠤᠨ ᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠬᠢᠭᠡᠳ ᠲᠤᠮᠤᠴᠤᠤᠯ ᠤᠨ ᠰᠤᠷᠭᠠᠨ ᠭᠦᠮᠦᠵᠢᠯ ᠤᠨ ᠵᠤᠷᠭᠠᠨ ᠤ ᠳᠠᠷᠤᠭ᠎ᠠ ᠸᠠᠩ ᠵᠢᠢ ᠫᠢᠩ᠄ ︽ᠠᠵᠢᠯ ᠮᠠᠷᠭᠡᠵᠢᠯ ᠤᠨ ᠰᠤᠷᠭᠠᠨ ᠭᠦᠮᠦᠵᠢᠯ ᠦᠭᠡᠷᠡᠴᠢᠯᠠᠯᠳᠠ ᠶᠢᠨ ᠵᠠᠮ ᠢᠶᠠᠷ ᠶᠠᠪᠤᠬᠤ ᠠᠴᠠ ᠪᠢᠰᠢ ᠰᠤᠷᠤᠯᠭ᠎ᠠ ᠶᠢᠨ ᠨᠠᠮᠳᠠᠷ ᠲᠡᠭᠡᠭᠰᠢᠯᠡᠭᠦᠯᠭᠦ ᠵᠠᠮ ᠢᠶᠠᠷ ᠶᠠᠪᠤᠬᠤ ᠪᠢᠰᠢ︾ ᠭᠡᠵᠦ ᠲᠤᠷᠠᠳᠪᠠ᠃ ᠮᠠᠨ ᠤ ᠤᠯᠤᠰ ᠤᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠦᠨᠦᠳᠤᠷ ᠪᠤᠯᠳᠠᠯ᠎ᠠ ᠭᠦᠭᠵᠢᠭᠦ ᠳᠤ ᠪᠠᠨ ᠵᠠᠷᠢᠮ ᠰᠤᠷᠭᠠᠭᠤᠯᠢ ᠨᠢ ᠢᠯᠠ ᠲᠤᠳᠤ ᠵᠡᠷᠭᠡ ᠲᠠᠰ ᠢᠶᠠᠨ ᠲᠡᠭᠡᠭᠰᠢᠯᠠᠭᠦᠯᠭᠦ ᠪᠤᠶᠤ ᠰᠤᠷᠤᠯᠭ᠎ᠠ ᠶᠢᠨ ᠨᠠᠮᠳᠠᠷ ᠲᠡᠭᠡᠭᠰᠢᠯᠡᠭᠦᠯᠭᠦ ᠵᠤᠷᠢᠯᠳᠠ ᠲᠠᠢ ᠪᠠᠶᠢᠨ᠎ᠠ᠃ ᠭᠡᠷᠪᠡ ᠴᠠᠭ ᠲᠤᠬᠠᠢ ᠳᠤ ᠨᠢ ᠭᠦᠳᠤᠯᠵᠤ ᠵᠠᠯᠠᠷᠠᠭᠤᠯᠬᠤ ᠦᠭᠡᠢ ᠪᠤᠯ ᠡᠩ ᠤᠨ ᠲᠡᠭᠡᠳᠤ ᠰᠤᠷᠭᠠᠭᠤᠯᠢ ᠲᠠᠢ ᠢᠵᠢᠯᠢᠰᠢᠭᠦ ᠵᠠᠮ ᠳᠤ ᠤᠷᠤᠬᠤ ᠠᠶᠤᠯᠳᠠᠢ ᠭᠡᠵᠦ ᠸᠠᠩ ᠵᠢᠢ ᠫᠢᠩ ᠦᠵᠠᠵᠤ ᠪᠠᠶᠢᠨ᠎ᠠ᠃      ᠲᠤᠮᠳᠠᠳᠤ ᠤᠯᠤᠰ ᠤᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠭᠦᠮᠦᠰ ᠤᠨ ᠪᠠᠭ᠋ᠠᠷᠬᠠᠯ ᠳᠤ ᠭᠦᠷᠭᠡᠭᠦ ᠳᠤ ᠬᠠᠭᠤᠴᠢᠨ ᠵᠠᠮ ᠢᠶᠠᠷ ᠢᠶᠠᠨ ᠶᠠᠪᠤᠵᠤ ᠪᠤᠯᠬᠤ ᠦᠭᠡᠢ ᠡᠷᠭᠡᠪᠰᠢ ᠦᠭᠡᠷᠡᠴᠢᠯᠠᠯᠳᠠ ᠶᠢᠨ ᠵᠠᠮ ᠢᠶᠠᠷ ᠶᠠᠪᠤᠬᠤ ᠭᠡᠷᠡᠭᠳᠠᠢ᠃ ᠠᠵᠢᠯ ᠮᠠᠷᠭᠡᠵᠢᠯ ᠤᠨ ᠰᠤᠷᠭᠠᠭᠤᠯᠢ ᠶᠢᠨ ᠬᠠᠮᠤᠭ ᠲᠦᠷᠦᠭᠦᠦ ᠬᠢᠭᠦ ᠠᠵᠢᠯ ᠪᠤᠯ ᠬᠢᠴᠢᠶᠡᠯ ᠭᠦᠮᠦᠵᠢᠯ ᠤᠨ ᠦᠨ᠎ᠠ ᠦᠷᠳᠡᠭ ᠢ ᠲᠡᠭᠡᠭᠰᠢᠯᠡᠭᠦᠯᠵᠤ᠂ ᠲᠤᠰᠬᠠᠢ ᠮᠠᠷᠭᠡᠵᠢᠯ ᠤᠨ ᠪᠠᠶᠢᠷᠢᠯᠠᠭᠤᠯᠤᠯᠳᠠ᠂ ᠬᠢᠴᠢᠶᠡᠯ ᠭᠦᠮᠦᠵᠢᠯ ᠤᠨ ᠢᠵᠢ ᠪᠦᠷᠢᠳᠤᠭᠦᠯᠭᠦ ᠲᠠᠯ᠎ᠠ ᠪᠠᠷ ᠦᠢᠯᠠᠳᠤᠯᠭᠡ ᠲᠠᠢ ᠨᠢᠭᠳᠠ ᠤᠶᠠᠯᠳᠤᠭᠤᠯᠬᠤ ᠭᠡᠷᠡᠭᠳᠠᠢ᠃ ᠭᠦᠮᠦᠨ ᠳᠤ ᠮᠠᠷᠭᠡᠵᠢᠯ ᠡᠵᠡᠮᠰᠢᠭᠦᠯᠵᠤ ᠴᠢᠳᠠᠬᠤ ᠦᠭᠡᠢ ᠠᠵᠢᠯ ᠮᠠᠷᠭᠡᠵᠢᠯ ᠤᠨ ᠰᠤᠷᠭᠠᠨ ᠭᠦᠮᠦᠵᠢᠯ ᠨᠢ ᠨᠠᠶᠢᠭᠡᠮ ᠤᠨ ᠭᠦᠨᠳᠤᠳᠭᠡᠯ ᠢ ᠤᠯᠬᠤ ᠳᠤ ᠪᠡᠷᠭᠡ ᠶᠤᠮ᠃      ᠵᠢᠱᠢᠶᠡᠯᠡᠪᠡᠯ᠂ ᠵᠤᠴᠢᠳ ᠤᠨ ᠪᠠᠭᠤᠳᠠᠯ ᠤᠨ ᠬᠠᠮᠢᠶᠠᠷᠤᠯᠳᠠ ᠶᠢᠨ ᠲᠤᠰᠬᠠᠢ ᠮᠠᠷᠭᠡᠵᠢᠯ ᠳᠤ ᠲᠤᠮᠳᠠᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠭᠡᠷᠪᠡ ᠦᠢᠯᠠᠴᠢᠯᠡᠭᠴᠢ ᠶᠢᠨ ᠠᠵᠢᠯ ᠤᠨ ᠪᠠᠶᠢᠷᠢ ᠶᠢ ᠡᠭᠦᠷᠭᠡᠯᠡᠵᠦ ᠲᠠᠶᠢᠯᠭᠦ ᠴᠢᠳᠠᠪᠤᠷᠢᠳᠠᠨ ᠢ ᠭᠦᠮᠦᠵᠢᠭᠦᠯᠵᠦ ᠴᠢᠳᠠᠬᠤ ᠳᠤ ᠭᠦᠷᠪᠡᠯ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠪᠤᠶᠤ ᠦᠨᠳᠤᠰᠤᠨ ᠠᠩᠬᠢ ᠶᠢᠨ ᠲᠡᠭᠡᠳᠤ ᠰᠤᠷᠭᠠᠭᠤᠯᠢ ᠶᠢᠨ ᠭᠦᠮᠦᠵᠢᠭᠦᠯᠵᠦ ᠭᠠᠷᠭᠠᠭᠰᠠᠨ ᠰᠤᠷᠤᠭᠴᠢ ᠨᠢ ᠶᠠᠭᠤᠨ ᠳᠤ ᠦᠢᠯᠠᠴᠢᠯᠡᠭᠴᠢ ᠶᠢᠨ ᠠᠵᠢᠯ ᠤᠨ ᠪᠠᠶᠢᠷᠢ ᠠᠴᠠ ᠡᠬᠢᠯᠠᠵᠤ ᠠᠵᠢᠯ ᠤᠯᠬᠤ ᠪᠤᠢ︖ ᠭᠡᠵᠦ ᠭᠤᠸᠠᠩᠳᠦ᠋ᠩ ᠤᠨ ᠪᠢ ᠭᠦᠢ ᠶᠤᠸᠠᠨ ᠠᠵᠢᠯ ᠮᠠᠷᠭᠡᠵᠢᠯ ᠤᠨ ᠲᠠᠭᠡᠳᠤ ᠰᠤᠷᠭᠠᠭᠤᠯᠢ ᠶᠢᠨ ᠵᠠᠬᠢᠷᠤᠯ ᠯᠢᠤ ᠬᠤᠢ ᠵᠢᠶᠠᠨ ᠲᠤᠷᠠᠳᠤᠭᠰᠠᠨ ᠪᠠᠶᠢᠨ᠎ᠠ᠃ ᠤᠳᠤ ᠲᠤᠮᠳᠠᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠪᠠ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠲᠤᠰᠬᠠᠢ ᠮᠠᠷᠭᠡᠵᠢᠯ ᠤᠨ ᠲᠠᠯ᠎ᠠ ᠪᠠᠷ ᠲᠠᠪᠬᠤᠴᠠᠵᠤ ᠢᠵᠢᠯᠢᠰᠢᠵᠤ ᠪᠠᠶᠢᠭ᠎ᠠ ᠦᠵᠡᠭᠳᠡᠯ ᠲᠦᠢᠯ ᠤᠨ ᠭᠦᠨᠳᠤ ᠨᠤᠴᠢᠳᠠᠢ ᠤᠷᠤᠰᠢᠵᠤ ᠪᠠᠶᠢᠨ᠎ᠠ᠃ ᠲᠤᠰᠬᠠᠢ ᠮᠠᠷᠭᠡᠵᠢᠯ ᠤᠨ ᠨᠠᠷ᠎ᠠ ᠨᠢ ᠠᠳᠠᠯᠢ ᠪᠠᠷ ᠪᠠᠷᠠᠬᠤ ᠦᠭᠡᠢ ᠲᠤᠰᠬᠠᠢ ᠮᠠᠷᠭᠡᠵᠢᠯ ᠤᠨ ᠬᠢᠴᠢᠶᠡᠯ ᠤᠨ ᠰᠢᠰᠲ᠋ᠧᠮ ᠨᠢ ᠴᠦ ᠠᠳᠠᠯᠢ ᠪᠠᠶᠢᠵᠤ ᠵᠢᠭᠠᠬᠤ ᠠᠭᠤᠯᠭ᠎ᠠ ᠨᠢ ᠴᠦ ᠶᠡᠭᠡ ᠭᠡᠮᠵᠢᠶ᠎ᠡ ᠪᠠᠷ ᠲᠠᠪᠬᠤᠴᠠᠵᠤ ᠪᠠᠶᠢᠨ᠎ᠠ᠃      ᠠᠳᠠᠯᠢ ᠪᠤᠰᠤ ᠲᠠᠪᠬᠤᠷᠭᠠᠨ ᠤ ᠲᠡᠭᠡᠳᠤ ᠰᠤᠷᠭᠠᠭᠤᠯᠢ ᠨᠤᠭᠤᠳ ᠴᠢᠳᠠᠪᠤᠷᠢᠳᠠᠨ ᠢ ᠭᠦᠮᠦᠵᠢᠭᠦᠯᠭᠦ ᠲᠠᠯ᠎ᠠ ᠪᠠᠷ ᠴᠦ ᠵᠠᠪᠠᠯ ᠠᠳᠠᠯᠢ ᠪᠤᠰᠤ ᠲᠤᠭᠳᠠᠴᠠ ᠲᠠᠢ ᠪᠠᠶᠢᠪᠠᠯ ᠵᠤᠬᠢᠨ᠎ᠠ᠃ ᠪᠢ ᠭᠦᠢ ᠶᠤᠸᠠᠨ ᠠᠵᠢᠯ ᠮᠠᠷᠭᠡᠵᠢᠯ ᠤᠨ ᠲᠠᠬᠡᠳᠤ ᠰᠤᠷᠭᠠᠭᠤᠯᠢ ᠰᠤᠷᠭᠠᠭᠤᠯᠢ ᠡᠷᠬᠢᠯᠡᠭᠦ ᠳᠤ ᠪᠠᠨ ᠠᠵᠤ ᠠᠬᠤᠢ ᠶᠢᠨ ᠶᠡᠭᠡ ᠤᠷᠤᠰᠬᠠᠯ ᠳᠤ ᠬᠢ ᠬᠤᠸᠠᠩ ᠫᠦ᠋ ᠴᠡᠷᠢᠭ ᠤᠨ ᠰᠤᠷᠭᠠᠭᠤᠯᠢ ᠪᠠᠷ ᠵᠢᠱᠢᠶ᠎ᠠ ᠪᠤᠯᠭᠠᠵᠤ ︽ᠴᠡᠷᠢᠭ︾ ᠭᠦᠮᠦᠵᠢᠭᠦᠯᠭᠦ ᠦᠭᠡᠢ ᠬᠠᠷᠢᠨ ᠦᠨᠳᠤᠰᠤᠨ ᠱᠠᠳᠤᠨ ᠤ ᠡᠮᠦᠨ᠎ᠠ ᠹᠷᠤᠨᠲ ᠲᠤ ᠬᠢ ᠬᠠᠮᠢᠶᠠᠷᠤᠯᠳᠠ ᠶᠢᠨ ᠺᠠᠳ᠋ᠷ ᠪᠠ ᠮᠡᠷᠭᠡᠵᠢᠯ ᠤᠨ ᠭᠤᠤᠯᠯᠠᠭᠴᠢ ᠭᠦᠴᠦᠨ ᠢ ᠭᠦᠮᠦᠵᠢᠭᠦᠯᠦᠨ᠎ᠠ ᠭᠡᠵᠦ ᠲᠤᠭᠳᠠᠭᠠᠵᠠᠢ᠃      ᠪᠦᠭᠦ ᠤᠯᠤᠰ ᠤᠨ ᠭᠡᠪᠴᠢᠶᠡᠨ ᠳᠤ ᠡᠨᠡ ᠰᠤᠷᠭᠠᠭᠤᠯᠢ ᠪᠤᠯ ᠲᠤᠭᠳᠠᠴᠠ ᠪᠠᠨ ᠵᠤᠷᠢᠭᠳᠠᠢ ᠲᠤᠭᠳᠠᠭᠠᠭᠰᠠᠨ ᠠᠩᠬᠠᠨ ᠤ ᠰᠤᠷᠭᠠᠭᠤᠯᠢ ᠪᠤᠯᠤᠨ᠎ᠠ᠃ ︽ᠲᠦᠮᠠᠨ ᠰᠤᠷᠭᠠᠭᠤᠯᠢ ᠶᠢᠨ ᠲᠦᠷᠰᠦ ᠨᠢ ᠨᠢᠭᠡ᠂ ᠮᠢᠩᠭᠠᠨ ᠰᠤᠷᠭᠠᠭᠤᠯᠢ ᠶᠢᠨ ᠮᠠᠶ᠋ᠢᠬ ᠨᠢ ᠨᠢᠭᠡ ᠪᠤᠯᠬᠤ︾ ᠪᠠ ᠴᠢᠳᠠᠪᠤᠷᠢᠳᠠᠨ ᠤ ᠭᠠᠷᠭᠠᠯᠳᠠ ᠨᠢ ᠠᠵᠤ ᠠᠬᠤᠢᠢᠯᠠᠯ ᠤᠨ ᠪᠤᠳᠠᠳᠤ ᠱᠠᠭᠠᠷᠳᠠᠯᠭ᠎ᠠ ᠠᠴᠠ ᠰᠠᠯᠤᠩᠬᠢᠷᠠᠬᠤ ᠵᠡᠷᠭᠡ ᠠᠰᠠᠭᠤᠳᠠᠯ ᠢ ᠰᠢᠢᠳᠪᠤᠷᠢᠯᠡᠭᠦ ᠶᠢᠨ ᠲᠦᠯᠦᠭᠡ ᠯᠢᠤ ᠬᠤᠢ ᠵᠢᠶᠠᠨ ᠬᠢᠴᠢᠶᠡᠯ ᠭᠦᠮᠦᠵᠢᠯ ᠤᠨ ᠦᠭᠡᠷᠡᠴᠢᠯᠠᠯᠳᠠ ᠶᠢ ᠵᠤᠷᠢᠭᠳᠠᠢ ᠬᠢᠵᠤ ᠰᠤᠷᠭᠠᠭᠤᠯᠢ ᠶᠢᠨ ᠬᠤᠶᠠᠷ ᠵᠢᠯ ᠬᠠᠭᠠᠰ ᠤᠨ ᠬᠢᠴᠢᠶᠡᠯ ᠪᠠ ᠪᠤᠳᠠᠳᠤ ᠤᠷᠤᠯᠳᠤᠯᠭ᠎ᠠ ᠶᠢ ᠨᠢᠭᠡ ᠵᠢᠯ ᠬᠠᠭᠠᠰ ᠪᠤᠯᠭᠠᠵᠤ ᠬᠠᠮᠤᠭ ᠤᠨ ᠤᠬᠢ ᠰᠢᠯᠢᠳᠡᠭ ᠵᠦᠢᠯ ᠢ ᠨᠢ ᠦᠯᠠᠳᠠᠭᠡᠵᠡᠢ᠃      ᠦᠭᠡᠷᠡᠴᠢᠯᠠᠯᠳᠠ ᠶᠢᠨ ᠲᠤᠮᠳᠠ ᠲᠠᠳᠠ ᠶᠡᠭᠡ ᠭᠡᠮᠵᠢᠶᠡᠨ ᠤ ᠬᠢᠴᠢᠶᠡᠯ ᠤᠨ ᠠᠭᠤᠯᠭ᠎ᠠ ᠨᠢ ᠰᠤᠷᠤᠭᠴᠢ ᠶᠢᠨ ᠢᠷᠡᠭᠡᠳᠤᠢ ᠶᠢᠨ ᠲᠤᠰᠬᠠᠢ ᠮᠠᠷᠭᠡᠵᠢᠯ ᠳᠤ ᠨᠢ ᠶᠠᠮᠠᠷ ᠴᠦ ᠭᠡᠷᠡᠭ ᠦᠭᠡᠢ ᠵᠦᠢᠯ ᠪᠤᠯᠬᠤ ᠶᠢ ᠮᠠᠳᠡᠭᠡᠳ ᠯᠢᠤ ᠬᠤᠢ ᠵᠢᠶᠠᠨ ᠰᠤᠷᠤᠭᠴᠢ ᠶᠢᠨ ᠭᠤᠷᠪᠠᠨ ᠵᠢᠯ ᠰᠤᠷᠬᠤ ᠪᠤᠢ ᠪᠦᠭᠦᠢ ᠬᠢᠴᠢᠶᠡᠯ ᠪᠠ ᠠᠵᠢᠯᠯᠠᠭ᠎ᠠ ᠶᠢ ᠭᠤᠤᠯᠯᠠᠭᠴᠢ ᠴᠢᠳᠠᠪᠤᠷᠢᠳᠠᠨ ᠢ ᠱᠠᠭᠠᠷᠳᠠᠬᠤ ᠭᠡᠪ ᠴᠢᠨᠠᠷ ᠤᠨ ᠮᠠᠳᠠᠯᠭᠡ ᠪᠠ ᠴᠢᠳᠠᠪᠤᠷᠢ ᠳᠡᠭᠡᠷ᠎ᠡ ᠲᠦᠪᠯᠠᠷᠠᠭᠦᠯᠵᠠᠢ᠃ ᠠᠵᠢᠯ ᠮᠠᠷᠭᠡᠵᠢᠯ ᠤᠨ ᠰᠤᠷᠭᠠᠭᠤᠯᠢ ᠶᠢᠨ ᠶᠠᠭᠤᠨ ᠤ ᠡᠮᠦᠨ᠎ᠠ ᠬᠢᠭᠦ ᠵᠦᠢᠯ ᠪᠤᠯ ᠬᠢᠴᠢᠶᠡᠯ ᠭᠦᠮᠦᠵᠢᠯ ᠤᠨ ᠦᠷᠳᠡᠭ ᠢ ᠲᠡᠭᠡᠭᠰᠢᠯᠡᠭᠦᠯᠵᠦ᠂ ᠲᠤᠰᠬᠠᠢ ᠮᠠᠷᠭᠡᠵᠢᠯ ᠤᠨ ᠪᠠᠶᠢᠷᠢᠯᠠᠭᠤᠯᠤᠯᠳᠠ᠂ ᠬᠢᠴᠢᠶᠡᠯ ᠭᠦᠮᠦᠵᠢᠯ ᠤᠨ ᠢᠵᠢ ᠪᠦᠷᠢᠳᠤᠭᠦᠯᠭᠦ ᠲᠠᠯ᠎ᠠ ᠬᠢᠭᠡᠳ ᠦᠢᠯᠠᠳᠤᠯᠭᠡ ᠶᠢ ᠭᠦᠨᠵᠡᠭᠡᠢ ᠤᠶᠠᠯᠳᠤᠭᠤᠯᠬᠤ ᠶᠠᠪᠤᠳᠠᠯ ᠪᠤᠯᠤᠨ᠎ᠠ᠃      ᠪᠢ ᠭᠦᠢ ᠶᠤᠸᠠᠨ ᠰᠤᠷᠭᠠᠭᠤᠯᠢ ᠭᠤᠷᠪᠠᠨ ᠱᠠᠳᠤ ᠪᠠᠷ ᠵᠤᠬᠢᠶᠠᠨ ᠪᠠᠶᠢᠭᠤᠯᠤᠨ ᠭᠦᠮᠦᠵᠢᠭᠦᠯᠭᠦ ᠭᠡᠯᠪᠠᠷᠢ ᠶᠢ ᠭᠡᠷᠡᠭᠵᠢᠭᠦᠯᠵᠠᠢ᠃ ᠨᠢᠭᠡᠳᠤᠭᠡᠷ ᠵᠢᠯ ᠳᠤ ᠲᠤᠰᠬᠠᠢ ᠮᠠᠷᠭᠡᠵᠢᠯ ᠤᠨ ᠤᠨᠤᠯ ᠬᠢᠭᠡᠳ ᠮᠠᠳᠠᠯᠭᠡ ᠶᠢ ᠰᠤᠷᠤᠯᠴᠠᠨ᠎ᠠ᠃ ᠬᠤᠶᠠᠳᠤᠭᠠᠷ ᠵᠢᠯ ᠳᠤ ᠭᠤᠤᠯᠳᠠᠭᠤ ᠦᠢᠯᠠᠳᠤᠯᠭᠡ ᠶᠢᠨ ᠴᠢᠳᠠᠪᠤᠷᠢ ᠶᠢᠨ ᠭᠦᠮᠦᠵᠢᠯ ᠬᠢᠵᠤ᠂ ᠭᠤᠷᠪᠠᠳᠤᠭᠠᠷ ᠵᠢᠯ ᠳᠤ ᠠᠵᠤ ᠠᠬᠤᠢᠢᠯᠠᠯ ᠤᠨ ᠦᠢᠯᠠᠳᠤᠯᠭᠡ ᠶᠢᠨ ᠰᠤᠷᠤᠯᠴᠠᠯᠭ᠎ᠠ ᠳᠤ ᠪᠠᠨ ᠪᠠᠯᠡᠳᠭᠡᠯ ᠬᠢᠨ᠎ᠠ᠃ ᠲᠦᠰᠦᠪ ᠤᠨ ᠲᠤᠮᠳᠠ ᠪᠠᠨ ᠤᠨᠤᠯ ᠬᠢᠭᠡᠳ ᠦᠢᠯᠠᠳᠤᠯᠭᠡ ᠶᠢ ᠭᠦᠢᠴᠡᠳ ᠤᠶᠠᠯᠳᠤᠭᠤᠯᠵᠤ᠂ ᠲᠡᠭᠦᠰᠦᠭᠰᠡᠨ ᠤ ᠲᠠᠷᠠᠭᠠᠬᠢ ᠠᠵᠢᠯ ᠲᠠᠢ ᠪᠠᠨ ᠠᠪᠴᠠᠯᠳᠤᠭᠤᠯᠵᠤ᠂ ᠲᠡᠭᠦᠰᠦᠮᠡᠭᠴᠡ ᠳᠠᠷᠤᠢ ᠠᠵᠢᠯ ᠤᠯᠬᠤ ᠶᠢ ᠪᠠᠶᠠᠯᠠᠭᠦᠯᠵᠠᠢ᠃      ᠬᠤᠶᠠᠷ᠂ ᠦᠢᠯᠠᠳᠪᠤᠷᠢᠯᠠᠯ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠨᠢ ᠬᠤᠭᠤᠰᠤᠨ ᠦᠭᠡ ᠪᠢᠰᠢ ᠶᠤᠮ      ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠲᠤᠷᠠᠳᠬᠤ ᠳᠤ ᠭᠧᠷᠮᠨᠨ ᠤᠯᠤᠰ ᠢ ᠲᠤᠷᠠᠳᠬᠤ ᠦᠭᠡᠢ ᠪᠠᠶᠢᠬᠤ ᠶᠢᠨ ᠠᠷᠭ᠎ᠠ ᠦᠭᠡᠢ ᠶᠤᠮ᠃ ᠭᠧᠷᠮᠠᠨ ᠤ ᠬᠤᠤᠰ ᠡᠰᠢᠳᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠪᠤᠯ ᠤᠳᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ︽ᠪᠡᠯᠭᠡ ᠲᠠᠮᠳᠡᠭ︾ ᠪᠠ ︽ᠱᠤᠰᠢᠭ᠎ᠠ︾ ᠪᠤᠯᠤᠨ᠎ᠠ᠃ ᠲᠠᠷᠠ ᠪᠤᠯ ᠠᠵᠤ ᠠᠬᠤᠢᠢᠯᠠᠯ ᠤᠨ ᠪᠤᠯᠪᠠᠰᠤᠷᠠᠯ ᠪᠠ ᠦᠢᠯᠠᠳᠤᠯᠭᠡ ᠪᠠᠷ ᠭᠤᠤᠯ ᠪᠤᠯᠭᠠᠭᠰᠠᠨ ᠰᠤᠷᠭᠠᠨ ᠭᠦᠮᠦᠵᠢᠭᠦᠯᠭᠦ ᠭᠡᠯᠪᠠᠷᠢ ᠶᠤᠮ᠃ ᠭᠧᠷᠮᠠᠨ ᠤ ᠤᠤᠯ ᠤᠨ ᠶᠡᠷᠦᠩᠭᠡᠶᠢᠯᠡᠭᠴᠢ ᠡᠾᠧᠽᠦ᠋ᠲ ︽ᠠᠵᠤ ᠠᠬᠤᠢ ᠶᠢᠨ ᠦᠷᠢᠰᠤᠯᠳᠤᠭᠡᠨ ᠢ ᠪᠠᠳᠤᠯᠠᠬᠤ ᠶᠢᠨ ᠲᠦᠯᠦᠭᠡ ᠭᠧᠷᠮᠠᠨ ᠤ ᠱᠠᠭᠠᠷᠳᠠᠵᠤ ᠪᠠᠶᠢᠭ᠎ᠠ ᠨᠢ ᠨᠡᠩ ᠤᠯᠠᠨ ᠳ᠋ᠤᠺᠲ᠋ᠤᠷ ᠪᠢᠰᠢ ᠬᠠᠷᠢᠨ ᠨᠡᠩ ᠤᠯᠠᠨ ᠲᠧᠭᠨᠢᠭᠴᠢ ᠪᠤᠯᠤᠨ᠎ᠠ︾ ᠭᠡᠵᠦ ᠭᠡᠯᠡᠵᠦ ᠦᠡᠭᠭᠡᠷᠡᠭᠰᠡᠨ ᠶᠤᠮ᠃      ᠬᠤᠤᠰ ᠡᠰᠢᠳᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠲᠦᠷᠪᠡᠨ ᠤ ᠭᠤᠷᠪᠠ ᠶᠢ ᠨᠢ ᠠᠵᠤ ᠠᠬᠤᠢᠢᠯᠠᠯ ᠪᠡᠶᠡᠯᠡᠭᠦᠯᠳᠡᠭ᠃ ᠭᠧᠷᠮᠠᠨ ᠭᠦᠮᠦᠰ ᠤᠨ ᠨᠢᠳᠤᠨ ᠳᠤ ᠬᠤᠤᠰ ᠡᠰᠢᠳᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠨᠢ ᠭᠡᠪ ᠴᠢᠨᠠᠷ ᠢᠶᠠᠷ ᠲᠤᠤᠷ᠎ᠠ ᠰᠤᠷᠤᠭᠴᠢ ᠶᠢ ᠠᠪᠤᠷᠠᠬᠤ ᠨᠢᠭᠡ ᠵᠦᠢᠯ ᠤᠨ ᠭᠡᠯᠪᠠᠷᠢ ᠪᠢᠰᠢ ᠬᠠᠷᠢᠨ ᠭᠧᠷᠮᠠᠨ ᠤ ᠦᠢᠯᠠᠳᠪᠤᠷᠢᠯᠠᠯ ᠢ ᠲᠤᠯᠭᠠᠭᠤᠷᠢᠯᠠᠬᠤ ︽ᠠᠵᠤ ᠦᠢᠯᠠᠳᠪᠤᠷᠢᠯᠡᠯ ᠤᠨ ᠲᠧᠭᠨᠢᠭᠴᠢ︾ ᠶᠢ ᠭᠦᠮᠦᠵᠢᠭᠦᠯᠭᠦ ᠶᠠᠪᠤᠳᠠᠯ ᠪᠤᠯᠤᠨ᠎ᠠ᠃ ᠭᠡᠳᠤᠨ ᠵᠢᠯ ᠤᠨ ᠡᠮᠦᠨ᠎ᠠ ᠯᠢᠤ ᠬᠤᠢ ᠵᠢᠶᠠᠨ ᠭᠧᠷᠮᠠᠨ ᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠪᠠᠶᠢᠴᠠᠭᠠᠬᠤ ᠦᠶ᠎ᠠ ᠳᠤ ᠡᠷᠳᠠᠮ ᠰᠢᠨᠵᠢᠯᠡᠭᠡᠨ ᠤ ᠭᠡᠯᠪᠠᠷᠢᠳᠤ ᠲᠡᠭᠡᠳᠤ ᠲᠤᠮᠳᠠᠳᠤ ᠴᠦ ᠲᠠᠷᠠ ᠡᠰᠡᠭᠦᠯ᠎ᠡ ᠠᠵᠢᠯ ᠤᠨ ᠰᠤᠷᠭᠠᠨ ᠭᠦᠮᠦᠵᠢᠯ ᠤᠨ ᠭᠡᠯᠪᠠᠷᠢᠳᠤ ᠮᠠᠷᠭᠡᠵᠢᠯ ᠤᠨ ᠰᠤᠷᠭᠠᠭᠤᠯᠢ ᠴᠦ ᠲᠠᠷᠠ ᠪᠦᠷ ᠠᠳᠠᠯᠢ ᠪᠤᠰᠤ ᠲᠠᠪᠬᠤᠷᠭᠠᠨ ᠤ ᠭᠦᠮᠤᠰ ᠤᠨ ᠰᠤᠷᠭᠠᠨ ᠭᠦᠮᠦᠵᠢᠯ ᠳᠠᠬᠢ ᠰᠤᠩᠭᠤᠯᠳᠠ ᠶᠢ ᠬᠢᠯᠭᠡᠭᠦ ᠶᠢᠨ ᠬᠠᠮᠳᠤ ᠭᠧᠷᠮᠠᠨ ᠤ ᠠᠵᠤ ᠠᠬᠤᠢᠢᠯᠠᠯ ᠤᠨ ᠵᠠᠬ᠎ᠠ ᠵᠠᠭᠡᠯᠢ ᠳᠠᠬᠢ ᠬᠤᠷᠴᠠ ᠰᠢᠷᠦᠭᠦᠨ ᠦᠷᠢᠰᠤᠯᠳᠤᠭᠡᠨ ᠤ ᠱᠠᠭᠠᠷᠳᠠᠯᠭ᠎ᠠ ᠶᠢ ᠬᠠᠨᠭ᠍ᠭᠠᠭᠰᠠᠨ ᠪᠠᠶᠢᠳᠠᠬ ᠢ ᠮᠠᠳᠠᠵᠠᠢ᠃      ᠲᠤᠮᠳᠠᠳᠤ ᠤᠯᠤᠰ ᠲᠤ ᠠᠪᠴᠤ ᠦᠵᠡᠭᠰᠡᠨ ᠴᠦ ᠠᠳᠠᠯᠢᠬᠠᠨ ᠶᠤᠮ᠃ ᠠᠳᠠᠯᠢ ᠪᠤᠰᠤ ᠲᠦᠷᠦᠯ ᠤᠨ ᠴᠢᠳᠠᠪᠤᠷᠢᠳᠠᠨ ᠬᠠᠷᠢᠯᠴᠠᠨ ᠨᠦᠭᠦᠪᠤᠷᠢᠯᠠᠵᠤ ᠠᠯᠢ ᠨᠢ ᠴᠦ ᠲᠤᠳᠠᠭᠳᠠᠵᠤ ᠪᠤᠯᠬᠤ ᠦᠭᠡᠢ ᠶᠤᠮ᠃ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠭᠦᠭᠵᠢᠯᠳᠠ ᠶᠢᠨ ᠭᠡᠪᠴᠢᠶ᠎ᠠ ᠠᠴᠠ ᠦᠵᠠᠪᠠᠯ ᠤᠳᠤᠬᠠᠨ ᠳᠤ ᠳᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠨᠢᠭᠡᠨᠳᠠ ᠲᠡᠭᠡᠳᠤ ᠵᠡᠷᠭᠡ ᠶᠢᠨ ᠰᠤᠷᠭᠠᠨ ᠭᠦᠮᠦᠵᠢᠯ ᠤᠨ ᠬᠠᠭᠠᠰ ᠪᠠᠶᠢᠷᠢ ᠶᠢ ᠡᠵᠡᠯᠡᠵᠡᠢ᠃ ᠠᠵᠢᠯ ᠮᠠᠷᠭᠡᠵᠢᠯ ᠤᠨ ᠰᠤᠷᠭᠠᠨ ᠭᠦᠮᠦᠵᠢᠯ ᠨᠢ ᠤᠳᠤ ᠦᠶ᠎ᠠ ᠶᠢᠨ ᠤᠯᠤᠰ ᠠᠷᠠᠳ ᠤᠨ ᠰᠤᠷᠭᠠᠨ ᠭᠦᠮᠦᠵᠢᠯ ᠤᠨ ᠰᠢᠰᠲ᠋ᠧᠮ ᠤᠨ ᠴᠢᠬᠤᠯᠠ ᠪᠦᠷᠢᠯᠳᠤᠭᠦᠨ ᠭᠡᠰᠡᠭ ᠪᠤᠯᠤᠭᠰᠠᠨ ᠤ ᠬᠤᠪᠢ ᠳᠤ ᠰᠢᠨᠵᠢᠯᠠᠭᠦ ᠤᠬᠠᠭᠠᠨ ᠰᠤᠷᠭᠠᠨ ᠭᠦᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ ᠳᠤ ᠤᠨᠴᠠᠭᠠᠢ ᠪᠠᠶᠢᠷᠢ ᠰᠠᠭᠤᠷᠢ ᠲᠠᠢ ᠶᠤᠮ᠃      ᠭᠡᠷᠡᠭ ᠳᠡᠭᠡᠷ᠎ᠠ ᠪᠠᠨ ᠲᠤᠮᠳᠠᠳᠤ ᠤᠯᠤᠰ ᠬᠤᠷᠢ ᠭᠠᠷᠤᠢ ᠵᠢᠯ ᠤᠨ ᠡᠮᠦᠨ᠎ᠠ ᠦᠢᠯᠠᠳᠪᠤᠷᠢᠯᠡᠯ ᠬᠢᠴᠢᠶᠡᠯ ᠭᠦᠮᠦᠵᠢᠯ ᠢ ᠠᠭᠤᠰᠤᠯᠴᠠᠭᠤᠯᠬᠤ ᠰᠤᠷᠭᠠᠭᠤᠯᠢ ᠡᠷᠬᠢᠯᠡᠭᠦ ᠭᠡᠯᠪᠠᠷᠢ ᠶᠢ ᠭᠡᠷᠡᠭᠵᠢᠭᠦᠯᠵᠦ ᠭᠧᠷᠮᠠᠨ ᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠰᠢᠰᠲ᠋ᠧᠮ ᠢ ᠰᠤᠷᠤᠯᠴᠠᠭᠰᠠᠨ ᠪᠤᠯᠪᠠᠴᠤ ᠠᠮᠵᠢᠯᠳᠠ ᠤᠯᠵᠤ ᠴᠢᠳᠠᠭ᠎ᠠ ᠦᠭᠡᠢ᠃ ᠠᠵᠤ ᠠᠬᠤᠢᠢᠯᠠᠯ ᠨᠢ ᠬᠠᠮᠵᠢᠯᠴᠠᠬᠤ ᠰᠤᠷᠭᠠᠭᠤᠯᠢ ᠠᠴᠠ ᠡᠯᠪᠡᠭ ᠪᠠᠶᠠᠯᠢᠬ ᠭᠦᠳᠠᠯᠮᠤᠷᠢ ᠶᠢᠨ ᠡᠬᠢ ᠪᠠᠶᠠᠯᠢᠬ ᠢ ᠤᠯᠬᠤ ᠭᠦᠰᠠᠯ ᠲᠠᠢ ᠪᠠᠶᠢᠭᠰᠠᠨ ᠴᠦ ᠰᠤᠷᠤᠭᠴᠢ ᠶᠢᠨ ᠲᠤᠷᠰᠢᠯᠭ᠎ᠠ ᠨᠢ ᠬᠢᠵᠠᠭᠠᠷᠳᠠᠢ ᠪᠠᠶᠢᠵᠤ ᠠᠵᠤ ᠠᠬᠤᠢᠢᠯᠠᠯ ᠳᠤ ᠬᠠᠨᠭ᠍ᠭᠠᠬᠤ ᠮᠠᠷᠭᠡᠵᠢᠯ ᠤᠨ ᠲᠡᠮᠵᠢᠯᠭᠡ ᠨᠢ ᠴᠦ ᠬᠢᠵᠠᠭᠠᠷᠳᠠᠢ ᠪᠠᠶᠢᠵᠠᠢ᠃ ᠡᠭᠦᠨ ᠤ ᠬᠠᠮᠳᠤ ᠰᠤᠷᠭᠠᠭᠤᠯᠢ ᠨᠢ ᠪᠠᠰᠠ ᠠᠵᠤ ᠠᠬᠤᠢᠢᠯᠠᠯ ᠤᠨ ᠨᠡᠩ ᠶᠡᠭᠡ ᠪᠠᠯᠠ ᠤᠷᠤᠭᠤᠯᠬᠤ ᠪᠠ ᠬᠤᠯᠪᠤᠭᠳᠠᠯ ᠪᠦᠭᠦᠢ ᠲᠤᠰᠬᠠᠢ ᠮᠠᠷᠭᠡᠵᠢᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ ᠠᠵᠤ ᠠᠬᠤᠢᠢᠯᠠᠯ ᠠᠴᠠ ᠨᠡᠩ ᠶᠡᠭᠡ ᠡᠬᠢ ᠪᠠᠶᠠᠯᠢᠬ ᠤᠯᠬᠤ ᠶᠢ ᠭᠦᠰᠡᠭᠰᠡᠨ ᠪᠤᠯᠪᠠᠴᠤ ᠠᠵᠤ ᠠᠬᠤᠢᠢᠯᠠᠯ ᠳᠤ ᠠᠪᠴᠤ ᠭᠡᠯᠡᠪᠡᠯ ᠵᠤᠬᠢᠴᠠᠭᠤᠯᠬᠤ ᠦᠷᠳᠡᠭ ᠨᠢ ᠴᠦ ᠲᠤᠩ ᠦᠨᠳᠤᠷ ᠪᠤᠯᠵᠠᠢ᠃      ᠡᠨᠡ ᠪᠤᠯ ᠬᠤᠶᠠᠷ ᠲᠠᠯ᠎ᠠ ᠶᠢᠨ ᠵᠦᠷᠢᠴᠡᠯ ᠪᠤᠯᠤᠨ᠎ᠠ᠃ ᠭᠡᠳᠦ᠋ᠢᠪᠠᠷ ᠲᠡᠭᠡᠳᠤ ᠵᠡᠷᠭᠡ ᠶᠢᠨ ᠠᠵᠢᠯ ᠮᠠᠷᠭᠡᠵᠢᠯ ᠤᠨ ᠰᠤᠷᠭᠠᠭᠤᠯᠢ ᠨᠤᠭᠤᠳ ᠪᠦᠷ ᠰᠤᠷᠭᠠᠭᠤᠯᠢ ᠬᠢᠭᠡᠳ ᠠᠵᠤ ᠠᠬᠤᠢᠢᠯᠠᠯ ᠤᠨ ᠬᠠᠮᠳᠤᠷᠠᠯᠴᠠᠭ᠎ᠠ ᠶᠢ ᠤᠷᠢᠶᠠᠯᠠᠵᠤ ᠪᠠᠶᠢᠭ᠎ᠠ ᠪᠤᠯᠪᠠᠴᠤ ᠦᠢᠯᠠᠳᠤᠯᠭᠡ ᠶᠢᠨ ᠭᠤᠤᠯ ᠲᠤᠭᠯᠠᠭᠴᠢ ᠪᠤᠯᠬᠤ ᠠᠵᠤ ᠠᠬᠤᠢᠢᠯᠠᠯ ᠨᠢ ᠬᠠᠷᠢᠨ ᠡᠨᠡ ᠠᠰᠠᠭᠤᠳᠠᠯ ᠳᠤ ᠨᠠᠵᠠᠭᠠᠢ ᠤᠪᠤᠷ ᠲᠠᠢ ᠪᠠᠶᠢᠨ᠎ᠠ᠃      ᠭᠡᠪᠡᠴᠤ ᠭᠤᠸᠠᠩᠳᠦ᠋ᠩ ᠤᠨ ᠪᠢ ᠭᠦᠢ ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢ ᠪᠤᠰᠤᠳ ᠰᠤᠷᠭᠠᠭᠤᠯᠢ ᠲᠠᠢ ᠬᠠᠷᠢᠴᠠᠭᠤᠯᠪᠠᠯ ᠬᠠᠮᠤᠭ ᠤᠨ ᠶᠡᠭᠡ ᠲᠠᠪᠠᠭᠤᠯᠢᠬ ᠲᠠᠯ᠎ᠠ ᠨᠢ ᠭᠡᠪᠡᠯ ᠪᠢ ᠭᠦᠢ ᠶᠤᠸᠠᠨ ᠪᠦᠯᠦᠭᠯᠡᠯ ᠤᠨ ᠡᠯ᠎ᠠ ᠺᠤᠮᠫᠠᠨᠢ ᠨᠢ ᠪᠦᠷ ᠪᠢ ᠭᠦᠢ ᠶᠤᠸᠠᠨ ᠪᠦᠯᠦᠭᠯᠡᠯ ᠳᠤ ᠬᠠᠷᠢᠶᠠᠯᠠᠭᠳᠠᠬᠤ ᠪᠤᠯᠬᠤᠷ ᠦᠢᠯᠠᠳᠪᠤᠷᠢᠯᠡᠯ ᠤᠨ ᠡᠷᠭᠡ ᠶᠢᠨ ᠬᠠᠷᠢᠴᠠᠭ᠎ᠠ ᠨᠢ ᠨᠢᠭᠡᠳᠤᠯᠳᠠᠢ᠂ ᠰᠤᠷᠭᠠᠭᠤᠯᠢ ᠬᠢᠭᠡᠳ ᠺᠤᠮᠫᠠᠨᠢ ᠨᠢ ᠵᠤᠷᠢᠯᠳᠠ ᠨᠢᠭᠡᠳᠤᠯᠳᠠᠢ ᠬᠠᠮᠳᠤ ᠶᠢᠨ ᠴᠤᠭᠴᠠ ᠪᠤᠯᠤᠭᠰᠠᠨ ᠪᠠᠶᠢᠨ᠎ᠠ᠃ ᠪᠠᠰᠠ ᠨᠢᠭᠡ ᠴᠢᠬᠤᠯᠠ ᠵᠦᠢᠯ ᠭᠡᠪᠡᠯ ᠭᠡᠷᠡᠭ ᠮᠡᠳᠡᠭᠴᠢ ᠶᠢᠨ ᠳᠠᠷᠤᠭ᠎ᠠ ᠨᠢ ᠪᠦᠭᠦ ᠪᠦᠯᠦᠭᠯᠡᠯ ᠤᠨ ᠡᠬᠢ ᠪᠠᠶᠠᠯᠢᠬ ᠢ ᠡᠵᠡᠮᠰᠢᠵᠤ ᠴᠢᠳᠠᠬᠤ ᠳᠤ ᠤᠷᠤᠰᠢᠨ᠎ᠠ᠃      ᠴᠢᠩᠭ᠎ᠠ ᠭᠦᠴᠤᠳᠠᠢ ᠡᠷᠭᠡ ᠮᠠᠳᠡᠯ ᠤᠨ ᠲᠤᠭᠳᠠᠯᠴᠠᠭ᠎ᠠ ᠲᠤᠤᠷ᠎ᠠ ᠪᠦᠭᠦ᠋ᠢᠯᠡ ᠪᠦᠯᠦᠭᠯᠡᠯ ᠤᠨ ᠡᠬᠢ ᠪᠠᠶᠠᠯᠢᠬ ᠢ ᠪᠦᠷ ᠲᠠᠶᠢᠴᠢᠯᠠᠵᠤ ᠴᠢᠳᠠᠭᠰᠠᠨ ᠪᠠᠶᠢᠨ᠎ᠠ᠃ ᠵᠢᠱᠢᠶᠡᠯᠡᠪᠡᠯ᠂ ᠰᠤᠷᠤᠭᠴᠢ ᠨᠢ ᠰᠤᠷᠭᠠᠨ ᠭᠦᠮᠦᠵᠢᠯ ᠤᠨ ᠶᠠᠮᠤᠨ ᠠᠴᠠ ᠡᠷᠬᠢᠯᠡᠭᠰᠡᠨ ᠪᠦᠭᠦ ᠤᠯᠤᠰ ᠤᠨ ᠠᠵᠢᠯ ᠮᠠᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠳᠤ ᠤᠷᠤᠯᠴᠠᠨ᠎ᠠ᠃ ᠪᠠᠭᠰᠢ ᠶᠢᠨ ᠭᠦᠴᠦᠨ ᠨᠢ ᠭᠦᠷᠤᠯᠴᠠᠭᠦ ᠦᠭᠡᠢ ᠪᠤᠯ ᠵᠤᠬᠢᠴᠠᠭᠤᠯᠬᠤ ᠪᠠᠷ ᠲᠠᠮᠵᠢᠨ ᠠᠵᠤ ᠠᠬᠤᠢᠢᠯᠠᠯ ᠤᠨ ᠲᠡᠭᠡᠳᠤ ᠲᠠᠰ ᠤᠨ ᠬᠠᠷᠢᠭᠤᠴᠠᠯᠭᠠᠳᠠᠨ ᠢ ᠵᠢᠯᠤᠭᠤᠳᠬᠤ ᠡᠩᠨᠡᠭᠡ ᠳᠤ ᠤᠷᠤᠯᠴᠠᠭᠤᠯᠤᠨ᠎ᠠ᠃ ᠬᠢᠴᠢᠶᠡᠯ ᠭᠦᠮᠦᠵᠢᠯ ᠦᠢᠯᠡᠳᠤᠯᠭᠡ ᠶᠢᠨ ᠲᠠᠯ᠎ᠠ ᠪᠠᠷ ᠴᠦ ᠡᠶᠢᠮᠦ ᠪᠠᠶᠢᠳᠠᠬ᠃ ᠶᠡᠭᠡ ᠰᠤᠷᠭᠠᠭᠤᠯᠢ ᠶᠢᠨ ᠭᠤᠷᠪᠠᠳᠤᠭᠠᠷ ᠤᠨ ᠤ ᠱᠠᠳᠤᠨ ᠳᠤ ᠰᠤᠷᠤᠭᠴᠢᠳ ᠲᠤ ᠲᠤᠰᠬᠠᠢ ᠮᠠᠷᠭᠡᠵᠢᠯ᠂ ᠦᠢᠯᠠᠳᠤᠯᠭᠡ ᠶᠢᠨ ᠪᠠᠭᠰᠢ ᠲᠤᠬᠢᠷᠠᠭᠤᠯᠵᠤ ︽ᠤᠨᠤᠪᠴᠢᠳᠠᠢ ᠠᠵᠢᠯ ᠤᠨ ᠪᠠᠶᠢᠷᠢ ᠳᠤ ᠭᠠᠷᠭᠠᠵᠤ᠂ ᠤᠨᠤᠪᠴᠢᠳᠠᠢ ᠲᠤᠰᠢᠶᠠᠯ ᠡᠭᠦᠷᠭᠡᠯᠡᠭᠦ︾ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠠᠴᠠ ᠦᠢᠯᠠᠳᠪᠤᠷᠢᠯᠡᠯ ᠬᠢᠴᠢᠶᠡᠯ ᠭᠦᠮᠦᠵᠢᠯ ᠢ ᠠᠭᠤᠰᠤᠯᠴᠠᠭᠤᠯᠬᠤ ᠶᠢᠨ ᠵᠠᠩᠬᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ ᠭᠡᠳᠡᠭ ᠢ ᠮᠠᠳᠠᠵᠤ ᠪᠤᠯᠤᠨ᠎ᠠ᠃      ᠤᠳᠤᠬᠠᠨ ᠳᠤ ᠲᠤᠮᠳᠠᠳᠤ ᠤᠯᠤᠰ ᠤᠨ ᠦᠢᠯᠡᠳᠭᠦ ᠦᠢᠯᠠᠰ᠂ ᠠᠵᠤ ᠦᠢᠯᠡᠳᠪᠤᠷᠢᠯᠡᠯ ᠤᠨ 4.0 ᠤᠨ ᠴᠠᠬ ᠦᠶ᠎ᠠ ᠳᠤ ᠰᠢᠯᠵᠢᠵᠤ ᠪᠠᠶᠢᠨ᠎ᠠ᠃ ᠪᠢ ᠭᠦᠢ ᠶᠤᠸᠠᠨ ᠪᠦᠯᠦᠭᠯᠡᠯ ᠴᠦ 2018 ᠤᠨ ᠤ 7 ᠳ᠋ᠤᠭᠠᠷ ᠰᠠᠷ᠎ᠠ ᠳᠤ ᠵᠢᠩᠬᠢᠨᠢ ᠪᠠᠷ ᠮᠠᠰᠢᠨ ᠭᠦᠮᠦᠨ ᠦᠢᠯᠠᠳᠭᠦ ᠵᠦᠭ ᠰᠢᠯᠵᠢᠭᠰᠡᠨ ᠪᠠᠶᠢᠨ᠎ᠠ᠃ ᠡᠨᠡ ᠵᠢᠯ ᠪᠢ ᠭᠦᠢ ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠨᠢ ᠤᠯᠤᠰ ᠬᠢᠭᠡᠳ ᠪᠦᠯᠦᠭᠯᠡᠯ ᠤᠨ ᠢᠶᠠᠨ ᠠᠵᠤ ᠠᠬᠤᠢᠢᠯᠠᠯ ᠤᠨ ᠪᠦᠳᠦᠴᠡ ᠶᠢᠨ ᠲᠠᠭᠡᠭᠰᠢᠯᠠᠯᠳᠠ ᠶᠢᠨ ᠱᠠᠭᠠᠷᠳᠠᠯᠭ᠎ᠠ ᠶᠢ ᠲᠠᠭᠠᠵᠤ ᠤᠳᠤᠬᠠᠨ ᠤ ᠪᠠᠶᠢᠭ᠎ᠠ ᠪᠠᠷᠢᠯᠭ᠎ᠠ᠂ ᠬᠠᠮᠢᠶᠠᠷᠤᠯᠳᠠ᠂ ᠰᠤᠷᠭᠠᠨ ᠭᠦᠮᠦᠵᠢᠯ ᠵᠡᠷᠭᠡ ᠲᠠᠪᠠᠭᠤᠯᠢᠬ ᠲᠤᠰᠬᠠᠢ ᠮᠠᠷᠭᠡᠵᠢᠯ ᠤᠨ ᠰᠠᠭᠤᠷᠢᠨ ᠳᠡᠭᠡᠷ᠎ᠡ ᠤᠶᠤᠨᠴᠢ ᠡᠵᠡᠮᠰᠢᠯ ᠤᠨ ᠮᠠᠷᠭᠡᠵᠢᠯ ︵ᠮᠠᠰᠢᠨ ᠭᠦᠮᠦᠨ ᠤ ᠮᠠᠷᠭᠡᠵᠢᠯ ᠭᠡᠷᠡᠭᠯᠠᠯᠳᠠ︶ ᠤᠨ ᠲᠤᠰᠬᠠᠢ ᠮᠠᠷᠭᠡᠵᠢᠯ ᠢ ᠨᠡᠮᠡᠵᠤ ᠭᠠᠷᠭᠠᠵᠠᠢ᠃ ᠡᠨᠡ ᠨᠢ ᠲᠡᠭᠦᠰᠭᠦ ᠰᠤᠷᠤᠭᠴᠢᠳ ᠲᠤ ᠨᠡᠩ ᠤᠯᠠᠨ ᠰᠤᠩᠭᠤᠯᠳᠠ ᠬᠢᠭᠡᠳ ᠪᠤᠯᠤᠯᠴᠠᠭ᠎ᠠ ᠶᠢ ᠡᠭᠦᠳᠦᠨ ᠦᠭᠭᠦᠭᠰᠡᠨ ᠪᠠᠶᠢᠨ᠎ᠠ᠃      ᠭᠤᠷᠪᠠ᠂ ᠠᠵᠢᠯ ᠮᠠᠷᠭᠡᠵᠢᠯ ᠤᠨ ᠭᠦᠮᠦᠵᠢᠯ ᠪᠤᠯ ᠮᠦᠨ ᠴᠦ ᠴᠢᠳᠠᠪᠤᠷᠢᠳᠠᠨ ᠪᠤᠯᠬᠤ ᠵᠠᠮ ᠶᠤᠮ      ᠨᠢᠭᠡᠨ ᠠᠵᠤ ᠠᠬᠤᠢᠢᠯᠠᠯ ᠳᠤ ᠠᠪᠴᠤ ᠭᠡᠯᠡᠪᠡᠯ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠬᠢᠭᠦ ᠨᠢ ᠲᠦᠢᠯ ᠤᠨ ᠠᠵᠠ ᠲᠠᠢ ᠶᠠᠪᠤᠳᠠᠯ ᠪᠤᠯᠬᠤ ᠶᠤᠮ᠃ ᠲᠠᠷᠠ ᠨᠢ ᠠᠵᠤ ᠠᠬᠤᠢᠢᠯᠠᠯ ᠤᠨ ᠬᠠᠷᠢᠭᠤᠴᠠᠯᠭ᠎ᠠ ᠪᠠ ᠨᠠᠶᠢᠭᠡᠮ ᠤᠨ ᠦᠷᠳᠡᠭ ᠢ ᠪᠦᠷ ᠠᠭᠤᠰᠬᠠᠨ ᠢᠯᠠᠷᠠᠭᠦᠯᠵᠦ ᠴᠢᠳᠠᠬᠤ ᠶᠤᠮ᠃ ᠭᠤᠸᠠᠩᠳᠦ᠋ᠩ ᠤᠨ ᠪᠢ ᠭᠦᠢ ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠨᠢ ᠶᠠᠳᠠᠭᠤ ᠭᠦᠴᠢᠷᠳᠠᠢ ᠭᠡᠷ ᠪᠦᠯᠢ ᠶᠢᠨ ᠰᠤᠷᠤᠭᠴᠢᠳ ᠢ ᠵᠠᠷᠤᠳᠠᠯ ᠬᠤᠷᠢᠶᠠᠬᠤ ᠦᠭᠡᠢ ᠪᠠᠷ ᠰᠤᠷᠤᠯᠴᠠᠭᠤᠯᠵᠤ ᠪᠠᠶᠢᠨ᠎ᠠ᠃ ᠰᠤᠷᠭᠠᠨ ᠭᠦᠮᠦᠵᠢᠯ ᠢᠶᠠᠷ ᠶᠠᠳᠠᠭᠤ ᠶᠢ ᠲᠡᠳᠭᠦᠭᠦ ᠪᠤᠯ ᠦᠶ᠎ᠠ ᠤᠯᠠᠷᠢᠭᠰᠠᠨ ᠶᠠᠳᠠᠭᠤ ᠶᠢ ᠦᠭᠡᠶᠢᠰᠭᠡᠭᠦ ᠴᠢᠬᠤᠯᠠ ᠠᠷᠭ᠎ᠠ ᠵᠠᠮ ᠪᠤᠯᠤᠨ᠎ᠠ᠃ ᠡᠨᠡ ᠨᠢ ᠶᠠᠳᠠᠭᠤ ᠭᠦᠴᠢᠷᠳᠠᠢ ᠰᠤᠷᠤᠭᠴᠢᠳ ᠤᠨ ᠰᠤᠷᠤᠯᠭ᠎ᠠ ᠪᠠᠨ ᠢᠯᠭᠤᠮ ᠪᠠᠶᠠᠯᠠᠭᠦᠯᠭᠦ ᠶᠢ ᠲᠤᠰᠠᠯᠠᠬᠤ ᠪᠠᠷ ᠪᠠᠷᠠᠬᠤ ᠦᠭᠡᠢ ᠨᠡᠩ ᠴᠢᠬᠤᠯᠠ ᠨᠢ ᠰᠤᠷᠤᠭᠴᠢᠳ ᠢ ᠦᠨᠳᠤᠷ ᠴᠠᠯᠢᠩ ᠲᠠᠢ ᠠᠵᠢᠯ ᠢ ᠡᠭᠦᠷᠭᠡᠯᠡᠵᠦ ᠴᠢᠳᠠᠬᠤ ᠴᠢᠳᠠᠪᠤᠷᠢᠳᠠᠨ ᠪᠤᠯᠭᠠᠨ ᠭᠦᠮᠦᠵᠢᠭᠦᠯᠭᠦ ᠪᠤᠯᠤᠨ᠎ᠠ᠃ ᠦᠢᠯᠠᠳᠪᠤᠷᠢᠯᠡᠯ ᠬᠢᠴᠢᠶᠡᠯ ᠭᠦᠮᠦᠵᠢᠯ ᠢ ᠠᠭᠤᠰᠬᠠᠬᠤ ᠪᠠᠷ ᠲᠠᠮᠵᠢᠭᠤᠯᠤᠨ ᠰᠤᠷᠤᠭᠴᠢᠳ ᠲᠤ ᠲᠦᠮᠡᠨ ᠲᠦᠭᠦᠷᠢᠭ ᠤᠨ ᠰᠠᠷ᠎ᠠ ᠶᠢᠨ ᠴᠠᠯᠢᠩ ᠤᠯᠵᠤ ᠴᠢᠳᠠᠬᠤ ᠠᠵᠢᠯ ᠤᠨ ᠪᠠᠶᠢᠷᠢ ᠶᠢ ᠡᠬᠦᠷᠬᠡᠯᠡᠵᠦ ᠴᠢᠳᠠᠬᠤ ᠭᠡᠪ ᠴᠢᠨᠠᠷ᠂ ᠮᠠᠷᠭᠡᠵᠢᠯ ᠬᠢᠭᠡᠳ ᠴᠢᠳᠠᠪᠤᠷᠢ ᠶᠢ ᠡᠵᠡᠮᠰᠢᠭᠦᠯᠭᠦ ᠨᠢ ᠰᠠᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠭᠦᠷᠳᠡᠭᠰᠡᠨ ᠭᠦᠮᠦᠨ ᠰᠠᠶᠢᠨ ᠠᠵᠢᠯ ᠢ ᠤᠯᠵᠤ ᠰᠠᠶᠢᠬᠠᠨ ᠠᠮᠢᠳᠤᠷᠠᠯ ᠢ ᠡᠳ᠋ᠯᠡᠵᠦ ᠴᠢᠳᠠᠨ᠎ᠠ ᠭᠡᠳᠡᠭ ᠢ ᠨᠠᠶᠢᠭᠡᠮ ᠳᠤ ᠮᠠᠳᠠᠭᠦᠯᠵᠤ ᠴᠢᠳᠠᠨ᠎ᠠ᠃      2019 ᠤᠨ ᠤ 3 ᠳ᠋ᠤᠭᠠᠷ ᠰᠠᠷ᠎ᠠ ᠶᠢᠨ 5 ᠤ ᠡᠳᠦᠷ ᠯᠢ ᠺᠧ ᠴᠢᠶᠠᠩ ᠶᠡᠷᠦᠩᠭᠡᠢ ᠰᠠᠶᠢᠳ ᠵᠠᠰᠠᠭ ᠤᠨ ᠤᠷᠳᠤᠨ ᠤ ᠮᠠᠳᠠᠭᠦᠯᠤᠯᠳᠠ ᠳᠤ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢᠨ ᠰᠢᠯᠭᠠᠯᠳᠠ ᠬᠢᠵᠤ ᠰᠤᠷᠤᠬᠴᠢ ᠡᠯᠰᠡᠭᠦ ᠠᠷᠭ᠎ᠠ ᠶᠢ ᠦᠭᠡᠷᠡᠴᠢᠯᠠᠡ ᠰᠠᠶᠢᠵᠢᠷᠠᠭᠤᠯᠵᠤ ᠨᠡᠩ ᠤᠯᠠᠨ ᠲᠡᠭᠡᠳᠤ ᠲᠤᠮᠳᠠᠳᠤ ᠲᠡᠭᠦᠰᠦᠭᠰᠡᠨ ᠰᠤᠷᠤᠭᠴᠢ ᠪᠠ ᠴᠡᠷᠢᠭ ᠠᠴᠠ ᠬᠠᠯᠠᠭᠳᠠᠭᠰᠠᠳ᠂ ᠠᠵᠢᠯ ᠢᠶᠠᠨ ᠠᠯᠳᠠᠭᠰᠠᠨ ᠠᠵᠢᠯᠳᠠᠨ᠂ ᠲᠠᠷᠢᠶᠠᠴᠢᠨ ᠠᠵᠢᠯᠴᠢᠨ ᠵᠡᠷᠭᠡ ᠭᠦᠮᠦᠰ ᠤᠨ ᠨᠡᠷ᠎ᠠ ᠮᠠᠳᠠᠭᠦᠯᠦᠨ ᠰᠢᠯᠭᠠᠬᠤ ᠶᠢ ᠵᠤᠷᠢᠬᠵᠢᠭᠤᠯᠵᠤ ᠡᠨᠡ ᠵᠢᠯ 100 ᠲᠦᠮᠠᠨ ᠭᠦᠮᠦᠨ ᠪᠤᠯᠭᠠᠵᠤ᠂ ᠦᠷᠭᠡᠳᠭᠡᠨ ᠡᠯᠰᠡᠨ᠎ᠠ ᠭᠡᠵᠦ ᠲᠤᠳᠤᠷᠬᠠᠢ ᠲᠤᠷᠠᠳᠴᠠᠢ᠃ ᠡᠨᠡ ᠤᠳᠠᠭᠠᠨ ᠤ ᠵᠠᠰᠠᠭ ᠤᠨ ᠤᠷᠳᠤᠨ ᠤ ᠮᠠᠳᠠᠭᠦᠯᠤᠯᠳᠠ ᠳᠤ ᠪᠠᠰᠠ ︽ᠠᠵᠤ ᠠᠬᠤᠢᠢᠯᠠᠯ ᠪᠠ ᠨᠠᠶᠢᠭᠡᠮ ᠤᠨ ᠭᠦᠴᠦᠨ ᠤ ᠠᠵᠢᠯ ᠮᠠᠷᠭᠡᠵᠢᠯ ᠤᠨ ᠰᠤᠷᠭᠠᠨ ᠬᠦᠮᠦᠵᠢᠯ ᠡᠷᠬᠢᠯᠡᠭᠦ ᠶᠢ ᠵᠤᠷᠢᠬᠵᠢᠭᠤᠯᠤᠨ ᠲᠠᠮᠵᠢᠨ᠎ᠠ︾ ᠭᠡᠵᠦ ᠲᠤᠰᠬᠠᠢᠢᠯᠠᠨ ᠲᠤᠷᠠᠳᠴᠠᠢ᠃      ᠠᠵᠢᠯ ᠮᠠᠷᠭᠡᠵᠢᠯ ᠤᠨ ᠰᠤᠷᠤᠭᠴᠢ ᠶᠢ ᠶᠡᠭᠡ ᠭᠡᠮᠵᠢᠶ᠎ᠡ ᠪᠠᠷ ᠦᠷᠭᠡᠳᠭᠡᠨ ᠡᠯᠰᠠᠭᠦ ᠪᠤᠯᠤᠭᠰᠠᠨ ᠶᠠᠪᠤᠳᠠᠯ ᠨᠢ ᠤᠯᠤᠰ ᠠᠴᠠ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠭᠦᠨᠳᠤᠳᠭᠡᠵᠦ ᠪᠠᠶᠢᠭ᠎ᠠ ᠤᠪᠤᠷ ᠢ ᠬᠠᠷᠠᠭᠤᠯᠵᠤ ᠪᠠᠶᠢᠨ᠎ᠠ᠃ ᠡᠨᠡ ᠨᠢ ᠤᠳᠤ ᠦᠶ᠎ᠠ ᠶᠢᠨ ᠠᠵᠢᠯ ᠮᠠᠷᠭᠡᠵᠢᠯ ᠤᠨ ᠰᠤᠷᠭᠠᠨ ᠭᠦᠮᠦᠵᠢᠯ ᠢ ᠲᠦᠷᠭᠡᠳᠭᠡᠨ ᠭᠦᠭᠵᠢᠭᠦᠯᠭᠦ ᠵᠤᠷᠢᠭ ᠰᠠᠨᠠᠭ᠎ᠠ ᠲᠠᠢ ᠨᠠᠶᠢᠴᠠᠵᠤ ᠪᠠᠶᠢᠭ᠎ᠠ ᠮᠦᠷᠳᠡᠭᠡᠨ ᠮᠦᠨ ᠴᠦ ᠮᠠᠨ ᠤ ᠤᠯᠤᠰ ᠤᠨ ᠠᠵᠤ ᠠᠬᠤᠢ ᠶᠢᠨ ᠰᠢᠯᠵᠢᠯᠳᠠ᠂ ᠠᠵᠤ ᠠᠬᠤᠢᠢᠯᠠᠯ ᠤᠨ ᠲᠡᠭᠡᠭᠰᠢᠯᠠᠯᠳᠠ ᠲᠠᠢ ᠲᠤᠬᠢᠷᠠᠭᠰᠠᠨ ᠲᠡᠭᠡᠳᠤ ᠲᠠᠰ ᠤᠨ ᠴᠢᠳᠠᠪᠤᠷᠢᠳᠠᠨ ᠲᠤᠳᠠᠭᠳᠠᠵᠤ ᠪᠠᠶᠢᠭ᠎ᠠ ᠪᠠᠶᠢᠳᠠᠯ ᠢ ᠰᠢᠢᠳᠪᠤᠷᠢᠯᠡᠭᠦ ᠪᠠᠶᠢᠯᠳᠤᠬᠤ ᠪᠤᠳᠤᠯᠭ᠎ᠠ ᠶᠢᠨ ᠠᠵᠢᠯᠯᠠᠭ᠎ᠠ ᠮᠦᠨ᠃ ᠮᠦᠨ ᠴᠦ ᠴᠠᠭ ᠦᠶ᠎ᠠ ᠶᠢᠨ ᠱᠠᠭᠠᠷᠳᠠᠯᠭ᠎ᠠ ᠳᠤ ᠲᠤᠬᠢᠷᠠᠭᠰᠠᠨ ᠠᠵᠢᠯ ᠮᠠᠷᠭᠡᠵᠢᠯ ᠤᠨ ᠴᠢᠳᠠᠪᠤᠷᠢᠳᠠᠨ ᠤ ᠬᠠᠮᠤᠭ ᠤᠨ ᠰᠠᠶᠢᠨ ᠭᠦᠮᠦᠵᠢᠯ ᠭᠦᠷᠳᠠᠭᠦ ᠠᠵᠠ ᠵᠠᠪᠰᠢᠶᠠᠨ ᠪᠤᠯᠤᠨ᠎ᠠ᠃      ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢᠨ ᠦᠷᠭᠡᠨ ᠭᠡᠪᠴᠢᠶ᠎ᠠ ᠪᠠᠷ ᠰᠤᠷᠤᠭᠴᠢ ᠡᠯᠰᠠᠭᠦ ᠲᠤᠮᠳᠠ ᠶᠠᠰᠤ ᠴᠢᠨᠠᠷ ᠢ ᠬᠡᠷᠬᠢᠨ ᠪᠠᠳᠤᠯᠠᠬᠤ ᠠᠰᠠᠭᠤᠳᠠᠯ ᠳᠤ ᠪᠢ ᠭᠦᠢ ᠶᠤᠸᠠᠨ ᠠᠵᠢᠯ ᠮᠠᠷᠭᠡᠵᠢᠯ ᠤᠨ ᠲᠡᠭᠡᠳᠤ ᠰᠤᠷᠭᠠᠭᠤᠯᠢ ᠶᠢᠨ ᠭᠦᠭᠵᠢᠯᠳᠠ ᠶᠢᠨ ᠵᠠᠮ ᠨᠢ ︽ᠦᠢᠯᠠᠳᠪᠤᠷᠢᠯᠡᠯ᠂ ᠬᠢᠴᠢᠶᠡᠯ ᠭᠦᠮᠦᠵᠢᠯ ᠢ ᠠᠭᠤᠰᠤᠯᠴᠠᠭᠤᠯᠬᠤ︾ ᠦᠭᠡᠷᠡᠴᠢᠯᠠᠯᠳᠠ ᠶᠢᠨ ᠲᠤᠷᠰᠢᠯᠭ᠎ᠠ ᠶᠢ ᠬᠠᠨᠭ᠍ᠭᠠᠭᠰᠠᠨ ᠪᠠᠶᠢᠨ᠎ᠠ᠃ ᠨᠠᠶᠢᠭᠡᠮ ᠤᠨ ᠦᠷᠳᠡᠭ ᠬᠢᠭᠡᠳ ᠠᠵᠢᠯ ᠮᠠᠷᠭᠡᠵᠢᠯ ᠤᠨ ᠰᠤᠷᠭᠠᠨ ᠭᠦᠮᠦᠵᠢᠯ ᠤᠨ ᠤᠶᠠᠯᠳᠤᠯ ᠨᠢ ᠡᠷᠭᠡ ᠮᠠᠳᠠᠯ ᠤᠨ ᠠᠵᠢᠯᠯᠠᠭ᠎ᠠ ᠶᠢᠨ ᠲᠤᠭᠳᠠᠯᠴᠠᠭ᠎ᠠ ᠶᠢᠨ ᠡᠭᠦᠳᠤᠯᠳᠠ ᠲᠤᠤᠷ᠎ᠠ ᠰᠠᠶᠢᠨ ᠰᠠᠶᠢᠬᠠᠨ ᠤᠷᠴᠢᠯ ᠪᠠ ᠬᠠᠮᠳᠤ ᠶᠢᠨ ᠠᠮᠵᠢᠯᠳᠠ ᠳᠤ ᠭᠦᠷᠴᠤ ᠴᠢᠳᠠᠨ᠎ᠠ᠃ ᠡᠨᠡ ᠪᠤᠯ ᠳᠠᠷᠤᠢ ᠴᠠᠭ ᠦᠶ᠎ᠠ ᠶᠢᠨ ᠱᠠᠭᠠᠷᠳᠠᠬᠤ ᠰᠤᠷᠭᠠᠨ ᠭᠦᠮᠦᠵᠢᠯ ᠪᠤᠯᠤᠨ᠎ᠠ᠃ ᠲᠠᠷᠠ ᠨᠢ ᠭᠦᠮᠦᠰ ᠲᠤ ᠠᠵᠢᠯ ᠮᠠᠷᠭᠡᠵᠢᠯ ᠤᠨ ᠰᠤᠷᠭᠠᠨ ᠭᠦᠮᠦᠵᠢᠯ ᠴᠦ ᠭᠡᠷᠡᠯ ᠰᠠᠴᠤᠷᠠᠩᠭᠤᠢ ᠢᠷᠡᠭᠡᠳᠤᠢ ᠲᠠᠢ ᠴᠢᠳᠠᠪᠤᠷᠢᠳᠠᠨ ᠪᠤᠯᠬᠤ ᠵᠠᠮ ᠪᠤᠯᠤᠨ᠎ᠠ ᠭᠡᠳᠡᠭ ᠢ ᠲᠠᠨᠢᠭᠤᠯᠬᠤ ᠶᠤᠮ᠃             ︵︽ᠪᠠᠭᠰᠢ ᠶᠢᠨ ᠬᠤᠷᠸ᠎ᠠ︾ ᠰᠡᠳᠭᠦᠯ ᠤᠨ 2019 ᠤᠨ ᠤ 10 ᠳ᠋ᠤᠭᠠᠷ             ᠬᠤᠭᠤᠴᠠᠭ᠎ᠠ ᠠᠴᠠ ᠰᠠᠶᠢᠨᠪᠤᠶᠠᠨ ᠤᠷᠴᠢᠭᠤᠯᠤᠨ ᠪᠠᠭᠤᠯᠭᠠᠪᠠ︶                   2020 ᠣᠨ ᠤ 8 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map