ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠥᠭᠵᠢᠯᠲᠡ
ᠨᠡᠶᠢᠲᠡᠯᠡᠭᠰᠡᠨ ᠴᠠᠭ᠄
2021/5/10
     ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ᠃ ︽5·4︾ ᠤ ᠵᠠᠯᠠᠭᠤᠴᠤᠳ ᠤᠨ ᠪᠠᠶᠠᠷ ᠤᠨ ᠲᠠᠰᠢᠷᠠᠮ ᠢᠶᠠᠷ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠬᠡᠯᠪᠡᠷᠢ ᠪᠠᠷ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠤᠨ ᠬᠤᠪᠢᠰᠬᠠᠯᠲᠤ ᠤᠳᠤᠮᠰᠢᠯ ᠢ ᠤᠯᠠᠮᠵᠢᠯᠠᠨ ᠪᠠᠳᠠᠷᠠᠭᠤᠯᠬᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠨᠠᠮ ᠢᠶᠠᠨ ᠡᠭᠦᠷᠢᠳᠡ ᠲᠠᠭᠠᠬᠤ ᠬᠠᠯᠠᠭᠤᠨ ᠰᠡᠳᠬᠢᠯᠭᠡ ᠶᠢ ᠭᠦᠨᠵᠡᠭᠡᠢ ᠢᠯᠡᠳᠬᠡᠵᠡᠢ᠃              ᠦᠪᠦᠷ ᠮᠤᠩᠭᠤᠯ ᠤᠨ ᠶᠡᠭᠡ ᠰᠤᠷᠭᠠᠭᠤᠯᠢ

     ᠦᠪᠦᠷ ᠮᠤᠩᠭᠤᠯ ᠤᠨ ᠶᠡᠭᠡ ᠰᠤᠷᠭᠠᠭᠤᠯᠢ ᠪᠣᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠲᠥᠪ᠂ ᠲᠡᠤᠬᠡ ᠰᠣᠶᠣᠯ ᠤᠨ ᠨᠠᠷᠠᠲᠤ ᠬᠤᠲᠠ ᠬᠥᠬᠡᠬᠤᠲᠠ ᠳᠤ ᠪᠠᠶᠢᠷᠢᠯᠠᠵᠤ᠂ ᠪᠡᠭᠡᠵᠢᠩ ᠠᠴᠠ 400 ᠭᠠᠷᠤᠶ

ᠺᠢᠯᠣᠮᠧᠲᠷ ᠵᠠᠶᠢᠲᠠᠶ ᠶᠤᠮ᠂ ᠦᠪᠦᠷ ᠮᠤᠩᠭᠤᠯ ᠤᠨ ᠶᠡᠭᠡ ᠰᠤᠷᠭᠠᠭᠤᠯᠢ ᠪᠣᠯ ᠪᠦᠭᠦᠳᠡ ᠨᠠᠶᠢᠷᠠᠮᠳᠠᠬᠤ ᠲᠤᠮᠳᠠᠳᠤ

ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠪᠠ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ

ᠭᠠᠵᠠᠷ ᠣᠷᠣᠨ ᠳᠤ ᠪᠠᠶᠢᠭᠤᠯᠤᠭᠰᠠᠨ ᠠᠩᠬᠠᠳᠠᠭᠴᠢ ᠶᠡᠷᠦᠩᠬᠡᠶᠢᠯᠡᠭᠰᠡᠨ ᠶᠡᠭᠡ ᠰᠤᠷᠭᠠᠭᠤᠯᠢ ᠪᠣᠯᠤᠨ᠎ᠠ᠃ ᠲᠤᠰ

ᠰᠤᠷᠭᠠᠭᠤᠯᠢ ᠶᠢ 1957 ᠣᠨ ᠳᠤ ᠥᠨᠳᠦᠷ  ᠲᠦᠪᠰᠢᠨ ᠢᠶᠠᠷ ᠪᠠᠶᠢᠭᠤᠯᠵᠤ᠂ ᠲᠤᠬᠠᠶ ᠶᠢᠨ ᠦᠶ᠎ᠡ ᠳᠤ ᠲᠥᠷᠦ ᠶᠢᠨ

ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠶᠢᠭᠰᠠᠨ

ᠤᠯᠠᠭᠠᠨᠬᠦᠦ ᠠᠩᠬᠠᠳᠠᠭᠴᠢ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ ᠤᠤᠯ ᠤᠨ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠤᠨ ᠶᠠᠮᠤᠨ ᠤ ᠶᠡᠷᠦᠩᠬᠡᠶᠢᠯᠡᠭᠰᠡᠨ ᠶᠡᠭᠡ ᠰᠤᠷᠭᠠᠭᠤᠯᠢ ᠶᠢᠨ ᠵᠤᠷᠭᠠᠨ ᠤ ᠳᠡᠳ᠋

ᠳᠠᠷᠤᠭ᠎ᠠ ᠢᠦᠢ ᠪᠸᠢ ᠴᠧᠨ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ ᠳᠤᠮᠳᠠᠳᠤ ᠤᠯᠤᠰ ᠤᠨ ᠰᠢᠨᠵᠢᠯᠡᠬᠦ

ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠬᠡᠯᠲᠡᠰ ᠤᠨ ᠭᠡᠰᠢᠭᠦᠨ᠂ ᠠᠯᠳᠠᠷᠲᠤ ᠠᠮᠢᠳᠤ ᠪᠣᠳᠠᠰ ᠤᠨ

ᠤᠬᠠᠭᠠᠨᠲᠠᠨ᠂ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠳᠡᠰ ᠤᠨ ᠫᠷᠣᠹᠧᠰᠰᠤᠷ᠂ ᠶᠧᠯᠦ ᠶᠡᠭᠡ ᠰᠤᠷᠭᠠᠭᠤᠯᠢ

 ᠶᠢᠨ ᠳ᠋ᠣᠺᠲ᠋ᠣᠷ ᠯᠢ ᠵᠢᠶ ᠳ᠋ᠦᠩ ᠠᠪᠤᠭᠠᠶ ᠰᠤᠷᠭᠠᠭᠤᠯᠢ ᠳᠤ ᠢᠷᠡᠵᠦ ᠪᠠᠭᠰᠢᠯᠠᠭᠰᠠᠨ ᠪᠥᠭᠡᠳ ᠡᠷᠳᠡᠮ ᠰᠢᠨᠵᠢᠯᠡᠭᠡᠨ ᠢ

ᠬᠠᠮᠢᠶᠠᠷᠬᠤ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠪᠡ᠃ ᠨᠠᠮ ᠪᠠ ᠵᠠᠰᠠᠭ ᠤᠨ ᠣᠷᠳᠣᠨ ᠠᠴᠠ ᠪᠡᠭᠡᠵᠢᠩ ᠶᠡᠭᠡ

ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠠᠷᠪᠠᠨ ᠬᠡᠳᠦᠨ ᠠᠯᠳᠠᠷᠲᠤ ᠳᠡᠭᠡᠳᠦ ᠰᠤᠷᠭᠠᠭᠤᠯᠢ ᠠᠴᠠ ᠨᠢᠭᠡ

ᠪᠦᠯᠦᠭ ᠠᠯᠳᠠᠷᠲᠤ ᠰᠢᠨᠵᠢᠯᠡᠭᠡᠨ ᠤ ᠰᠠᠯᠠᠭᠠᠨ ᠤ ᠲᠠᠭᠠᠭᠤᠯᠤᠬᠴᠢ ᠪᠠ ᠡᠷᠳᠡᠮ ᠰᠢᠨᠵᠢᠯᠡᠭᠡᠨ ᠤ ᠭᠤᠣᠯᠯᠠᠭᠴᠢ

ᠬᠦᠴᠦᠨ ᠢ ᠰᠣᠩᠭᠤᠨ ᠲᠣᠮᠢᠯᠠᠵᠤ᠂ ᠰᠤᠷᠭᠠᠭᠤᠯᠢ ᠪᠠᠶᠢᠭᠤᠯᠤᠭᠳᠠᠭᠰᠠᠨ ᠡᠬᠢᠨ ᠤ ᠦᠶ᠎ᠡ ᠳᠤ ᠥᠨᠳᠦᠷ ᠵᠡᠷᠭᠡ ᠶᠢᠨ

ᠪᠠᠭᠰᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠨᠡᠷᠡᠲᠦ ᠰᠤᠷᠭᠠᠭᠤᠯᠢ ᠶᠢᠨ ᠥᠨᠢ ᠤᠳᠠᠭᠠᠨ ᠤ ᠰᠤᠷᠭᠠᠭᠤᠯᠢ ᠪᠠᠨ

ᠵᠠᠰᠠᠬᠤ ᠤᠯᠠᠮᠵᠢᠯᠠᠯ ᠪᠠ ᠡᠷᠬᠢᠮ ᠳᠡᠭᠡᠳᠦ ᠶᠡᠭᠡ ᠰᠤᠷᠭᠠᠭᠤᠯᠢ ᠶᠢᠨ ᠵᠣᠷᠢᠭ ᠰᠠᠨᠠᠭ᠎ᠠ ᠶᠢ ᠣᠷᠣᠭᠤᠯᠵᠤ᠂

ᠰᠤᠷᠭᠠᠭᠤᠯᠢ ᠶᠢᠨ ᠬᠤᠶᠢᠰᠢᠳᠠ ᠶᠢᠨ ᠬᠥᠭᠵᠢᠯᠲᠡ ᠳᠤ ᠰᠤᠷᠭᠠᠭᠤᠯᠢ ᠡᠷᠬᠢᠯᠡᠬᠦ ᠪᠠᠲᠤ ᠪᠠᠬᠢ ᠰᠠᠭᠤᠷᠢ ᠶᠢ ᠲᠠᠯᠪᠢᠭᠰᠠᠨ

ᠪᠠ ᠰᠢᠯᠢᠳᠡᠭ ᠰᠠᠶᠢᠨ ᠰᠤᠷᠤᠯᠴᠠᠬᠤ ᠰᠤᠷᠲᠠᠯ ᠰᠤᠷᠭᠠᠭᠤᠯᠢ ᠶᠢᠨ ᠰᠤᠷᠲᠠᠯ ᠢ ᠪᠣᠢ ᠪᠣᠯᠭᠠᠭᠰᠠᠨ ᠪᠠᠶᠢᠨ᠎ᠠ᠃

     ᠦᠪᠦᠷ ᠮᠤᠩᠭᠤᠯ ᠤᠨ ᠶᠡᠭᠡ ᠰᠤᠷᠭᠠᠭᠤᠯᠢ 1962 ᠣᠨ ᠠᠴᠠ ᠡᠬᠢᠯᠡᠨ ᠰᠣᠳᠤᠯᠬᠤ ᠰᠤᠷᠤᠭᠴᠢ ᠡᠯᠰᠡᠵᠦ᠂

1978 ᠣᠨ ᠳᠤ ᠪᠦᠬᠦ ᠤᠯᠤᠰ ᠤᠨ ᠭᠤᠣᠯᠳᠠᠯᠭᠠᠲᠠᠢ ᠶᠡᠭᠡ ᠰᠤᠷᠭᠠᠭᠤᠯᠢ ᠪᠠᠷ ᠲᠣᠭᠳᠠᠭᠠᠭᠳᠠᠵᠤ᠂ 1984

ᠣᠨ ᠳᠤ ᠳ᠋ᠣᠺᠲ᠋ᠣᠷ ᠴᠣᠯᠠ ᠣᠯᠭᠤᠬᠤ ᠡᠷᠬᠡ ᠶᠢ ᠣᠯᠵᠤ᠂ 1997 ᠣᠨ ᠳᠤ ᠤᠯᠤᠰ ᠤᠨ ︽211 ᠢᠨᠵᠧᠨᠧᠷᠢᠩ︾

 ᠤᠨ ᠭᠤᠣᠯᠳᠠᠯᠭᠠᠲᠠᠢ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠪᠠᠷ ᠵᠥᠪᠰᠢᠶᠡᠷᠡᠭᠳᠡᠵᠦ᠂ 2004

ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠪᠣᠯᠤᠨ

ᠰᠤᠷᠭᠠᠨ ᠬᠦᠮᠤᠵᠢᠯ ᠤᠨ ᠶᠠᠮᠤᠨ ᠤ ︽ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ︾ ᠶᠡᠭᠡ ᠰᠤᠷᠭᠠᠭᠤᠯᠢ ᠪᠣᠯᠵᠤ᠂

2012 ᠣᠨ ᠳᠤ ᠤᠯᠤᠰ ᠤᠨ ︽ᠳᠤᠮᠳᠠ ᠪᠠᠷᠠᠭᠤᠨ ᠣᠷᠣᠨ ᠤ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ

ᠪᠣᠳᠠᠲᠤ ᠬᠦᠴᠦᠨ ᠢ ᠳᠡᠭᠡᠭᠰᠢᠯᠡᠭᠦᠯᠬᠦ ᠲᠥᠯᠥᠪᠯᠡᠭᠡ︾ ᠶᠢᠨ ᠳᠡᠭᠡᠳᠦ ᠰᠤᠷᠭᠠᠭᠤᠯᠢ ︵︽ᠨᠢᠭᠡ ᠮᠤᠵᠢ ᠨᠢᠭᠡ

ᠰᠤᠷᠭᠠᠭᠤᠯᠢ︾︶ ᠪᠠᠷ ᠰᠣᠩᠭᠤᠭᠳᠠᠵᠤ᠂ 2016 ᠣᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠳᠡᠭᠡᠳᠦ ᠰᠤᠷᠭᠠᠭᠤᠯᠢ ᠪᠣᠯᠵᠣ᠂

2017 ᠣᠨ ᠳᠤ ᠤᠯᠤᠰ ᠤᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭᠠᠨ ᠤ ᠪᠥᠲᠥᠭᠡᠨ ᠪᠠᠶᠢᠭᠤᠯᠤᠯᠲᠠ ᠶᠢᠨ

ᠳᠡᠭᠡᠳᠦ ᠰᠤᠷᠭᠠᠭᠤᠯᠢ ᠪᠠᠷ ᠰᠣᠩᠭᠤᠭᠳᠠᠵᠤ᠂ 2018 ᠣᠨ ᠳᠤ ᠰᠤᠷᠭᠠᠨ ᠬᠦᠮᠤᠵᠢᠯ ᠤᠨ ᠶᠠᠮᠤᠨ ᠪᠠ ᠦᠪᠤᠷ

ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ

ᠪᠠᠶᠢᠭᠤᠯᠤᠭᠰᠠᠨ ᠳᠡᠭᠡᠳᠦ ᠰᠤᠷᠭᠠᠭᠤᠯᠢ ᠪᠣᠯᠪᠠ᠃

     2019 ᠣᠨ ᠤ 7 ᠰᠠᠷ᠎ᠠ ᠶᠢᠨ 16 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠦᠪᠦᠷ ᠮᠤᠩᠭᠤᠯ ᠤᠨ

ᠶᠡᠭᠡ ᠰᠤᠷᠭᠠᠭᠤᠯᠢ ᠳᠤ ᠠᠵᠢᠯ ᠪᠠᠶᠢᠴᠠᠭᠠᠬᠤ ᠶᠢᠨ ᠬᠠᠮᠲᠤ ᠪᠠᠭᠰᠢ ᠰᠤᠷᠤᠭᠴᠢᠳ ᠢ ᠪᠣᠯᠭᠤᠭᠠᠨ ᠦᠵᠡᠵᠦ᠂ ᠦᠪᠦᠷ

ᠮᠤᠩᠭᠤᠯ ᠤᠨ ᠶᠡᠭᠡ ᠰᠤᠷᠭᠠᠭᠤᠯᠢ ᠶᠢ ᠠᠮᠢᠳᠤᠯᠢᠭ ᠢᠶᠠᠷ ᠰᠤᠷᠭᠠᠭᠤᠯᠢ ᠡᠷᠬᠢᠯᠡᠵᠦ᠂ ᠥᠷᠢᠰᠥᠯᠳᠦᠭᠡᠨ ᠢᠶᠠᠷ ᠳᠠᠮᠵᠢᠨ

ᠬᠥᠭᠵᠢᠵᠦ᠂ ᠢᠯᠡ ᠲᠣᠳᠣ ᠣᠨᠴᠠᠯᠢᠭᠲᠠᠢ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠭᠠᠬᠤ ᠬᠡᠷᠡᠭᠲᠡᠶ ᠭᠡᠵᠦ

ᠨᠠᠶᠢᠳᠠᠪᠠ︔ ᠮᠣᠩᠭᠤᠯ ᠬᠡᠯᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠶᠢ

ᠴᠢᠩᠭᠠᠳᠬᠠᠵᠤ᠂ ᠡᠭᠦᠨ ᠳᠤ ᠠᠭᠤᠯᠤᠭᠳᠠᠵᠤ ᠪᠠᠶᠢᠭ᠎ᠠ ᠦᠨᠳᠤᠰᠤᠲᠠᠨ ᠤ ᠪᠦᠯᠭᠦᠮᠳᠡᠯ ᠳᠠᠪᠰᠢᠯᠲᠠ ᠶᠢᠨ ᠦᠵᠡᠯ

ᠰᠠᠨᠠᠭᠠᠨ ᠤ ᠠᠭᠤᠯᠤᠭᠳᠠᠬᠤᠨ ᠢ ᠢᠯᠡᠷᠡᠭᠦᠯᠦᠨ ᠪᠠᠳᠠᠷᠠᠭᠤᠯᠵᠤ᠂ ᠡᠯ᠎ᠡ ᠦᠨᠳᠦᠰᠦᠲᠡᠨ ᠤ ᠠᠷᠠᠳ ᠲᠦᠮᠡᠨ ᠬᠠᠮᠲᠤ

 ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠵᠣᠷᠢᠭᠵᠢᠭᠤᠯᠪᠠ︔ ᠰᠤᠷᠤᠭᠴᠢᠳ ᠢ ᠠᠯᠤᠰ

ᠬᠡᠳᠤ ᠶᠢᠨ ᠵᠣᠷᠢᠯᠲᠠ ᠲᠠᠢ᠂ ᠯᠠᠪᠳᠠᠭᠤᠨ ᠪᠠᠲᠤᠲᠠᠢ ᠪᠠᠶᠢᠵᠤ᠂ ᠮᠡᠳᠡᠯᠭᠡ ᠶᠢ ᠰᠠᠶᠢᠲᠤᠷ ᠰᠤᠷᠴᠤ᠂ ᠰᠠᠭᠤᠷᠢ ᠪᠠᠨ

ᠰᠠᠶᠢᠲᠤᠷ ᠲᠠᠯᠪᠢᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ

ᠰᠡᠷᠭᠦᠨ ᠮᠠᠨᠳᠤᠯᠲᠠ ᠳᠤ ᠥᠪᠡᠷ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠭᠡᠷᠡᠢ ᠭᠡᠵᠦ

ᠵᠣᠷᠢᠭᠵᠢᠭᠤᠯᠤᠨ᠂ ᠨᠠᠮ ᠪᠣᠯᠤᠨ ᠤᠯᠤᠰ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢ ᠳᠣᠲᠣᠨᠣ ᠪᠠᠷ

ᠬᠠᠯᠠᠮᠵᠢᠯᠠᠵᠤ ᠪᠠᠶᠢᠨ᠎ᠠ ᠭᠡᠪᠡ᠃

     ᠦᠪᠦᠷ ᠮᠤᠩᠭᠤᠯ ᠤᠨ ᠶᠡᠭᠡ ᠰᠤᠷᠭᠠᠭᠤᠯᠢ ᠨᠢ ᠰᠤᠷᠭᠠᠭᠤᠯᠢ ᠶᠢᠨ ᠶᠡᠷᠦᠩᠬᠡᠶ ᠵᠠᠬᠢᠷᠭ᠎ᠠ᠂ ᠵᠠᠮ ᠬᠠᠷᠢᠯᠴᠠᠭᠠᠨ ᠤ

ᠳᠡᠭᠡᠳᠦ ᠰᠤᠷᠭᠠᠭᠤᠯᠢ ᠪᠠ ᠮᠠᠨᠵᠤᠤᠷ ᠳᠡᠭᠡᠳᠦ ᠰᠤᠷᠭᠠᠭᠤᠯᠢ ᠪᠠᠷ ᠪᠦᠷᠢᠯᠳᠦᠵᠦ᠂ ᠡᠭᠦᠨ ᠠᠴᠠ ᠭᠠᠳᠠᠨ᠎ᠠ ᠪᠠᠰᠠ ᠨᠢᠭᠡ

ᠰᠢᠨ᠎ᠡ ᠲᠣᠭᠲᠠᠴᠠ ᠰᠢᠨ᠎ᠡ ᠬᠡᠯᠪᠡᠷᠢ ᠶᠢᠨ ᠲᠤᠰᠠᠭᠠᠷ ᠬᠤᠶᠠᠳᠤᠭᠠᠷ ᠳᠡᠰ ᠤᠨ ᠳᠡᠭᠡᠳᠦ ᠰᠤᠷᠭᠠᠭᠤᠯᠢ — ᠦᠢᠯᠡᠰ

ᠴᠣᠭᠴᠠᠯᠠᠬᠤ ᠳᠡᠭᠡᠳᠦ ᠰᠤᠷᠭᠠᠭᠤᠯᠢ ᠪᠣᠶ᠃ ᠰᠤᠷᠭᠠᠭᠤᠯᠢ ᠶᠢᠨ ᠵᠠᠬᠢᠷᠭ᠎ᠠ ᠳᠤ 21 ᠳᠡᠭᠡᠳᠦ ᠰᠤᠷᠭᠠᠭᠤᠯᠢ ᠲᠠᠢ᠃ ᠪᠥᠬᠦ

ᠰᠤᠷᠭᠠᠭᠤᠯᠢ ᠶᠢᠨ ᠡᠵᠡᠯᠡᠬᠦ ᠲᠠᠯᠠᠪᠠᠶ ᠨᠢ 3801.5 ᠮᠥ᠂ ᠪᠠᠷᠢᠯᠭ᠎ᠠ ᠶᠢᠨ ᠲᠠᠯᠠᠪᠠᠶ ᠨᠢ 88.42 ᠲᠦᠮᠡᠨ ᠲᠡᠭᠰᠢ

ᠳᠥᠷᠪᠡᠯᠵᠢᠨ ᠮᠧᠲᠷ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ

ᠥᠷᠲᠡᠭ 11.38 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠰᠤᠷᠭᠠᠭᠤᠯᠢ ᠶᠢᠨ ᠶᠡᠷᠦᠩᠬᠡᠶ ᠵᠠᠬᠢᠷᠭᠠᠨ

 ᠤ ᠡᠵᠡᠯᠡᠬᠦ ᠲᠠᠯᠠᠪᠠᠶ ᠨᠢ 1851.51 ᠮᠥ᠂ ᠪᠠᠷᠢᠯᠭ᠎ᠠ ᠶᠢᠨ ᠲᠠᠯᠠᠪᠠᠶ ᠨᠢ 73.89 ᠲᠦᠮᠡᠨ ᠲᠡᠭᠰᠢ ᠳᠥᠷᠪᠡᠯᠵᠢᠨ

ᠮᠧᠲᠷ᠂ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠶ ᠥᠷᠲᠡᠭ ᠨᠢ 10.

83 ᠳ᠋ᠦᠩᠰᠢᠭᠤᠷ ᠲᠥᠭᠦᠷᠢᠭ ᠲᠤ ᠬᠦᠷᠴᠡᠶ᠃ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ

351.04 ᠲᠦᠮᠡᠨ ᠳᠡᠪᠲᠡᠷ ᠪᠣᠢ᠃

     ᠪᠦᠬᠦ ᠰᠤᠷᠭᠠᠭᠤᠯᠢ ᠳᠤ ᠣᠷᠣᠨ ᠲᠣᠭᠠᠨ ᠳᠤ ᠪᠠᠶᠢᠭ᠎ᠠ ᠪᠠᠭᠰᠢ ᠠᠵᠢᠯᠳᠡᠠ ᠠᠵᠢᠯᠴᠢᠠ 1973 ᠬᠥᠮᠦᠨ ᠪᠤᠢ᠃

ᠡᠭᠦᠨ ᠳᠤ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠠᠵᠢᠯᠲᠠᠨ 1293 ᠬᠥᠮᠦᠨ᠂ ᠫᠷᠣᠹᠧᠰᠰᠤᠷ 261

ᠬᠥᠮᠦᠨ᠂ ᠳᠡᠳ᠋ ᠫᠷᠣᠹᠧᠰᠰᠤᠷ 449 ᠬᠥᠮᠦᠨ ᠪᠣᠶ︔ ᠰᠤᠷᠭᠠᠭᠤᠯᠢ ᠶᠢᠨ ᠶᠡᠷᠦᠩᠬᠡᠶ ᠵᠠᠬᠢᠷᠭ᠎ᠠ ᠳᠤ ᠵᠢᠭᠠᠨ ᠰᠤᠷᠭᠠᠯᠲᠠ

ᠡᠷᠳᠡᠮ ᠰᠢᠨᠵᠢᠯᠡᠭᠡᠨ ᠤ ᠠᠵᠢᠯᠲᠠᠨ 1121 ᠬᠥᠮᠦᠨ ᠪᠠᠶᠢᠵᠤ᠂ ᠳ᠋ᠣᠺᠲ᠋ᠣᠷ ᠴᠣᠯᠠ ᠲᠠᠢ ᠨᠢ 75% ᠶᠢ ᠡᠵᠡᠯᠡᠵᠦ᠂

ᠫᠷᠣᠹᠧᠰᠰᠤᠷ 253 ᠬᠥᠮᠦᠨ᠂ ᠳᠡᠳ᠋ ᠫᠷᠣᠹᠧᠰᠰᠤᠷ 384 ᠬᠥᠮᠦᠨ ᠪᠣᠶ᠃ ᠪᠥᠬᠦ ᠰᠤᠷᠭᠠᠭᠤᠯᠢ ᠶᠢᠨ ᠡᠯ᠎ᠡ ᠳᠡᠭᠡᠳᠦ

ᠰᠤᠷᠭᠠᠭᠤᠯᠢ ᠳᠤ 27502 ᠰᠣᠷᠣᠭᠴᠢ ᠪᠣᠶ᠃ ᠡᠭᠦᠨ ᠳᠤ᠂ ᠵᠢᠩᠬᠢᠨᠢ ᠠᠩᠭᠢ ᠶᠢᠨ ᠰᠣᠷᠣᠭᠴᠢ 15884᠂

ᠰᠤᠳᠤᠯᠬᠤ ᠰᠣᠷᠣᠭᠴᠢ 6888᠂ ᠰᠤᠷᠭᠠᠭᠤᠯᠢ ᠶᠢᠨ ᠵᠠᠬᠢᠷᠭᠠᠨ ᠤ ᠵᠢᠩᠬᠢᠨᠢ ᠠᠩᠭᠢ ᠶᠢᠨ ᠰᠣᠷᠣᠭᠴᠢ 13791᠂

ᠰᠤᠳᠤᠯᠬᠤ ᠰᠣᠷᠣᠭᠴᠢ 6619 ᠪᠠᠶᠢᠵᠤ᠂ ᠳᠤᠮᠳᠠᠳᠤ ᠤᠯᠤᠰ ᠲᠤ ᠢᠷᠡᠵᠦ ᠰᠤᠷᠤᠯᠴᠠᠬᠤ ᠰᠤᠷᠤᠭᠴᠢᠳ ᠢ ᠵᠢᠯ ᠳᠤ

ᠭᠥᠯᠢᠶᠡᠨ ᠠᠪᠤᠭᠰᠠᠨ ᠰᠤᠷᠤᠭᠴᠢ ᠶᠢᠨ ᠲᠤᠭ᠎ᠠ 800 ᠰᠢᠬᠠᠮ ᠪᠠᠶᠢᠨ᠎ᠠ᠃ ᠰᠤᠷᠭᠠᠭᠤᠯᠢ ᠳᠤ ᠪᠠᠶᠢᠭ᠎ᠠ

ᠰᠤᠷᠤᠭᠴᠢᠳ ᠤᠨ ᠳᠣᠲᠣᠷ᠎ᠠ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ᠂

ᠣᠷᠴᠤᠨ ᠦᠨᠳᠦᠰᠦᠲᠡᠨ ᠵᠡᠷᠭᠡ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ 30% ᠣᠷᠴᠢᠮ ᠢ ᠡᠵᠡᠯᠡᠵᠦ

ᠪᠠᠶᠢᠨ᠎ᠠ᠃

     ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠨᠢ ᠭᠦᠨ ᠤᠬᠠᠭᠠᠨ᠂ ᠠᠵᠤ

ᠠᠬᠤᠶ ᠶᠢᠨ ᠤᠬᠠᠭᠠᠨ᠂ ᠬᠠᠤᠯᠢ ᠶᠢᠨ ᠤᠬᠠᠭᠠᠨ᠂ ᠤᠳᠬ᠎ᠠ ᠵᠣᠬᠢᠶᠠᠯ᠂ ᠲᠡᠤᠬᠡ ᠶᠢᠨ ᠤᠬᠠᠭᠠᠨ᠂ ᠪᠠᠶᠢᠭᠠᠯᠢ ᠶᠢᠨ

ᠤᠬᠠᠭᠠᠨ᠂ ᠲᠧᠭᠨᠢᠭ ᠤᠨ ᠤᠬᠠᠭᠠᠨ᠂ ᠲᠠᠷᠢᠶᠠᠯᠠᠩ ᠤᠨ ᠤᠬᠠᠭᠠᠨ᠂ ᠬᠠᠮᠢᠶᠠᠷᠤᠯᠲᠠ ᠶᠢᠨ ᠤᠬᠠᠭᠠᠨ᠂ ᠤᠷᠠᠯᠢᠭ ᠤᠨ

ᠤᠬᠠᠭᠠᠨ ᠵᠡᠷᠭᠡ 11 ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢ ᠬᠠᠮᠤᠷᠴᠤ᠂ ᠳᠤᠮᠳᠠᠳᠤ ᠤᠯᠤᠰ ᠤᠨ

ᠴᠥᠭᠡᠨ ᠲᠣᠭᠠᠲᠤ ᠦᠨᠳᠦᠰᠦᠲᠡᠨ ᠤ ᠬᠡᠯᠡ ᠤᠳᠬ᠎ᠠ ᠵᠣᠬᠢᠶᠠᠯ᠂ ᠠᠮᠢᠲᠠᠨ ᠤ ᠤᠬᠠᠭᠠᠨ ᠵᠡᠷᠭᠡ ᠤᠯᠤᠰ ᠤᠨ 2

ᠭᠤᠣᠯᠳᠠᠯᠭᠠᠲᠠᠢ ᠰᠢᠨᠵᠢᠯᠡᠭᠡᠨ ᠤ ᠰᠠᠯᠠᠭ᠎ᠠ᠂ ᠠᠮᠢ ᠠᠬᠤᠶ ᠶᠢᠨ ᠤᠬᠠᠭᠠᠨ ᠵᠡᠷᠭᠡ ᠤᠯᠤᠰ ᠤᠨ 1 ᠭᠤᠤᠯᠳᠠᠯᠭ᠎ᠠ

ᠪᠣᠯᠭᠠᠨ ᠬᠥᠮᠦᠵᠢᠭᠦᠯᠬᠦ ᠰᠢᠨᠵᠢᠯᠡᠭᠡᠨ ᠤ ᠰᠠᠯᠠᠭ᠎ᠠ ᠲᠠᠢ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠪᠣᠯᠬᠤ

ᠰᠢᠨᠵᠢᠯᠡᠭᠡᠨ ᠤ ᠰᠠᠯᠠᠭ᠎ᠠ 18᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠥᠮᠦᠵᠢᠭᠦᠯᠬᠦ ᠰᠢᠨᠵᠢᠯᠡᠭᠡᠨ ᠤ

ᠰᠠᠯᠠᠭ᠎ᠠ 8 ᠪᠣᠶ᠃ ᠳ᠋ᠣᠺᠲ᠋ᠣᠷ ᠴᠣᠯᠠᠯᠠᠬᠤ ᠡᠷᠬᠡᠲᠦ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 12᠂ ᠳ᠋ᠣᠺᠲ᠋ᠣᠷ

ᠴᠣᠯᠠᠯᠠᠬᠤ ᠡᠷᠬᠡᠲᠦ ᠬᠤᠶᠠᠳᠤᠭᠠᠷ ᠳᠡᠰ ᠤᠨ ᠰᠢᠨᠵᠢᠯᠡᠭᠡᠨ ᠤ ᠰᠠᠯᠠᠭ᠎ᠠ 1 ᠪᠣᠢ᠂ ᠮᠠᠰᠲ᠋ᠧᠷ ᠴᠣᠯᠠᠯᠠᠬᠤ ᠡᠷᠬᠡᠲᠦ

ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ 23᠂ ᠮᠠᠰᠲ᠋ᠧᠷ ᠴᠣᠯᠠᠯᠠᠬᠤ ᠡᠷᠬᠡᠲᠦ ᠬᠤᠶᠠᠳᠤᠭᠠᠷ ᠳᠡᠰ ᠤᠨ

ᠰᠢᠨᠵᠢᠯᠡᠭᠡᠨ ᠤ ᠰᠠᠯᠠᠭ᠎ᠠ 2᠂ ᠳᠤᠰᠬᠠᠢ ᠮᠡᠷᠭᠡᠵᠢᠯ ᠤᠨ ᠮᠠᠰᠲ᠋ᠧᠷ ᠴᠣᠯᠠᠯᠠᠬᠤ ᠡᠷᠬᠡᠲᠦ ᠲᠥᠷᠥᠯ ᠵᠦᠢᠯ ︵ᠡᠭᠦᠨ ᠳᠤ

ᠢᠨᠵᠧᠨᠧᠷᠢᠩ ᠤᠨ ᠮᠠᠰᠲ᠋ᠧᠷ ᠲᠤ 7 ᠢᠨᠵᠧᠨᠧᠷᠢᠩ ᠤᠨ ᠬᠦᠷᠢᠶ᠎ᠡ ᠶᠢ  ᠪᠠᠭᠲᠠᠭᠠᠨ᠎ᠠ︶ 15 ᠪᠠᠶᠢᠵᠤ᠂ ᠠᠬᠠᠯᠠᠭᠴᠢ

ᠳ᠋ᠣᠺᠲ᠋ᠤᠷ ᠤᠨ ᠡᠷᠳᠡᠮ ᠰᠢᠨᠵᠢᠯᠡᠭᠡᠨ ᠤ ᠰᠤᠳᠤᠯᠭᠠᠨ ᠤ ᠥᠷᠲᠡᠭᠡ 8 ᠪᠣᠶ᠃ ᠵᠢᠩᠬᠢᠨᠢ ᠠᠩᠭᠢ ᠶᠢᠨ ᠲᠤᠰᠬᠠᠶ

ᠮᠡᠷᠭᠡᠵᠢᠯ 94᠂ ᠮᠣᠩᠭᠤᠯ ᠬᠡᠯᠡ ᠤᠳᠬ᠎ᠠ ᠵᠣᠬᠢᠶᠠᠯ᠂ ᠠᠮᠢᠳᠤ ᠪᠣᠳᠠᠰ ᠤᠨ ᠤᠬᠠᠭᠠᠨ᠂ ᠠᠮᠢ ᠨᠠᠰᠤᠨ ᠤ ᠰᠢᠨᠵᠢᠯᠡᠬᠦ

ᠤᠬᠠᠭᠠᠨ ᠪᠠ ᠮᠡᠷᠭᠡᠵᠢᠯ᠂ ᠲᠣᠭᠠᠨ ᠤ ᠤᠬᠠᠭᠠᠨ ᠵᠡᠷᠭᠡ ᠤᠯᠤᠰ ᠤᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ

ᠭᠠᠵᠠᠷ 4᠂ ᠤᠯᠤᠰ ᠤᠨ ᠤᠶᠤᠲᠠᠳ ᠤᠨ ᠰᠣᠶᠣᠯ ᠤᠨ ᠬᠡᠪ ᠪᠣᠯᠪᠠᠰᠤᠷᠠᠯ ᠤᠨ ᠰᠠᠭᠤᠷᠢᠨ ᠭᠠᠵᠠᠷ 1 ᠪᠣᠶ᠃

ᠰᠤᠷᠭᠠᠭᠤᠯᠢ ᠳᠤ ᠮᠤᠵᠢ ᠪᠠ ᠶᠠᠮᠤᠨ ᠤ ᠬᠠᠮᠲᠤ ᠪᠠᠷ ᠪᠠᠶᠢᠭᠤᠯᠤᠭᠰᠠᠨ ᠨᠤᠲᠤᠭ ᠪᠡᠯᠴᠢᠭᠡᠷ ᠤᠨ ᠲᠡᠵᠢᠭᠡᠪᠦᠷᠢ ᠶᠢᠨ

ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭᠠᠲᠠᠢ

ᠲᠤᠷᠰᠢᠯᠲᠠ ᠶᠢᠨ ᠲᠠᠰᠤᠭ 1 ᠪᠣᠶ᠂ ᠮᠣᠩᠭᠤᠯ ᠬᠡᠯᠡᠨ ᠤ ᠣᠶᠤᠨᠴᠢ ᠮᠡᠳᠡᠭᠡ ᠵᠠᠩᠭᠢ ᠶᠢ ᠰᠢᠢᠳᠪᠦᠷᠢᠯᠡᠬᠦ ᠮᠡᠷᠭᠡᠵᠢᠯ ᠤᠨ

ᠤᠯᠤᠰ ᠪᠠ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠥᠪ 1 ᠪᠣᠶ᠂ ᠡᠭᠦᠨ ᠠᠴᠠ

ᠭᠠᠳᠠᠨ᠎ᠠ ᠮᠣᠩᠭᠤᠯ ᠰᠤᠳᠤᠯᠤᠯ᠂ ᠦᠨᠳᠤᠰᠤᠲᠠᠨ ᠤ ᠰᠤᠳᠤᠯᠤᠯ᠂ ᠠᠮᠢᠳᠤ ᠪᠣᠳᠠᠰ ᠤᠨ ᠰᠤᠳᠤᠯᠤᠯ᠂ ᠠᠮᠢ

ᠠᠬᠤᠶ ᠶᠢᠨ ᠰᠤᠳᠤᠯᠤᠯ᠂ ᠬᠢᠮᠢ ᠵᠡᠷᠭᠡ ᠬᠦᠷᠢᠶᠡᠨ ᠳᠤ ᠰᠤᠷᠭᠠᠨ ᠬᠦᠮᠤᠵᠢᠯ ᠤᠨ ᠶᠠᠮᠤᠨ ᠤ ᠬᠥᠮᠦᠨ ᠰᠣᠶᠣᠯ

ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭᠠᠲᠠᠢ ᠰᠤᠳᠤᠯᠭᠠᠨ ᠤ ᠰᠠᠭᠤᠷᠢᠨ ᠭᠠᠵᠠᠷ᠂ ᠰᠤᠷᠭᠠᠨ ᠬᠦᠮᠤᠵᠢᠯ ᠤᠨ

ᠶᠠᠮᠤᠨ ᠤ ᠭᠤᠣᠯᠳᠠᠯᠭᠠᠲᠠᠢ ᠲᠤᠷᠰᠢᠯᠲᠠ ᠶᠢᠨ ᠲᠠᠰᠤᠭ᠂ ᠰᠤᠷᠭᠠᠨ ᠬᠦᠮᠤᠵᠢᠯ ᠤᠨ ᠶᠠᠮᠤᠨ ᠤ ᠢᠨᠵᠧᠨᠧᠷᠢᠩ ᠤᠨ

ᠰᠤᠳᠤᠯᠭᠠᠨ ᠤ ᠲᠥᠪ ᠵᠡᠷᠭᠡ ᠶᠠᠮᠤᠨ ᠤ ᠲᠠᠰ ᠤᠨ  ᠭᠤᠣᠯᠳᠠᠯᠭᠠᠲᠠᠢ ᠰᠤᠳᠤᠯᠭᠠᠨ ᠤ ᠲᠠᠪᠴᠠᠩ 12 ᠪᠣᠶ︔ ᠦᠪᠤᠷ

ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠤᠣᠯ ᠪᠣᠯᠬᠤ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ

ᠮᠡᠷᠭᠡᠵᠢᠯ ᠤᠨ ᠰᠤᠳᠤᠯᠭᠠᠨ ᠤ ᠲᠥᠪ᠂ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯ ᠪᠣᠯᠬᠤ

ᠰᠤᠳᠤᠯᠭᠠᠨ ᠤ ᠰᠠᠭᠤᠷᠢᠨ ᠭᠠᠵᠠᠷ ᠵᠡᠷᠭᠡ 42 ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ 32᠂

ᠬᠥᠮᠦᠨ ᠰᠣᠶᠣᠯ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ 10︶ ᠪᠣᠶ᠃ ᠤᠯᠤᠰ ︵ᠬᠢᠯᠢ︶ ᠤᠨ ᠭᠠᠳᠠᠨᠠᠬᠢ

105 ᠳᠡᠭᠡᠳᠦ ᠰᠤᠷᠭᠠᠭᠤᠯᠢ ᠪᠠ ᠡᠷᠳᠡᠮ ᠰᠢᠨᠵᠢᠯᠡᠭᠡᠨ ᠤ ᠪᠠᠶᠢᠭᠤᠯᠤᠮᠵᠢ ᠲᠠᠢ ᠰᠣᠯᠢᠯᠴᠠᠭ᠎ᠠ ᠪᠠ ᠬᠠᠮᠲᠤᠷᠠᠯᠴᠠᠭᠠᠨ ᠤ

ᠬᠠᠷᠢᠴᠠᠭ᠎ᠠ ᠪᠠᠶᠢᠭᠤᠯᠪᠠ᠃

     ︽ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠬᠦ︾ ᠪᠣᠯ ᠦᠪᠦᠷ ᠮᠤᠩᠭᠤᠯ ᠤᠨ ᠶᠡᠭᠡ ᠰᠤᠷᠭᠠᠭᠤᠯᠢ 1957

ᠣᠨ ᠳᠤ ᠪᠠᠶᠢᠭᠤᠯᠤᠭᠳᠠᠭᠰᠠᠨ ᠠᠴᠠ ᠨᠠᠭᠠᠰᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠢᠷᠠᠭᠤ ᠠᠯᠳᠠᠷᠲᠤ ᠤᠯᠠᠮᠵᠢᠯᠠᠯ

ᠪᠣᠯᠤᠨ᠎ᠠ᠂ ᠮᠥᠨ ᠴᠦ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠪᠠᠭᠰᠢ ᠰᠤᠷᠤᠬᠴᠢ ᠠᠵᠢᠯᠳᠠᠨ ᠠᠵᠢᠯᠴᠢᠨ ᠤ

ᠤᠶᠤᠨ ᠰᠠᠨᠠᠭᠠᠨ ᠤ ᠳᠦᠷᠰᠦ ᠪᠠᠶᠢᠳᠠᠯ ᠤᠨ ᠦᠨᠡᠨ ᠪᠣᠳᠠᠲᠠᠢ ᠵᠢᠷᠤᠭᠯᠠᠯ ᠪᠣᠯᠤᠨ᠎ᠠ᠂ ᠨᠡᠩ ᠴᠤ ᠦᠶ᠎ᠡ ᠦᠶ᠎ᠡ ᠶᠢᠨ

ᠥᠪᠥᠷ ᠮᠣᠩᠭᠤᠯ ᠶᠢᠨ ᠶᠡᠭᠡ ᠰᠤᠷᠭᠠᠭᠤᠯᠢ ᠶᠢᠨ ᠬᠢᠨ ᠳᠤ ᠬᠠᠨᠳᠤᠭᠤᠯᠤᠭᠰᠠᠨ ᠳᠣᠲᠣᠭᠠᠳᠤ ᠬᠥᠭᠡᠭᠡᠴᠡᠯᠳᠦᠯ ᠪᠠ

ᠠᠵᠢᠯᠯᠠᠭᠠᠨ ᠤ ᠵᠦᠭᠯᠡᠭᠦᠷ ᠪᠣᠯᠤᠨ᠎ᠠ᠃ ᠰᠤᠷᠭᠠᠭᠤᠯᠢ ᠨᠢ ᠠᠩᠬᠠᠳᠠᠭᠴᠢ ᠰᠤᠷᠭᠠᠭᠤᠯᠢ ᠶᠢᠨ ᠵᠠᠬᠢᠷᠤᠯ ᠤᠯᠠᠭᠠᠨᠬᠦᠦ ᠶᠢᠨ

ᠳᠤᠷᠠᠳᠤᠭᠰᠠᠨ ︽ᠳᠠᠪᠬᠤᠷ ᠡᠭᠦᠷᠭᠡ︾ ᠭᠡᠬᠦ ᠰᠤᠷᠭᠠᠭᠤᠯᠢ ᠡᠷᠬᠢᠯᠡᠬᠦ ᠦᠨᠳᠦᠰᠦᠨ ᠴᠢᠭᠯᠡᠯᠲᠡ ᠶᠢ ᠵᠢᠷᠤᠮᠯᠠᠪᠠ᠄ ᠴᠢᠨᠠᠷ

ᠴᠢᠨᠰᠠᠭ᠎ᠠ ᠪᠣᠯᠤᠨ ᠬᠢᠷᠢ ᠲᠦᠪᠰᠢᠨ ᠢ ᠴᠢᠬᠤᠯᠠᠴᠢᠯᠠᠵᠤ᠂ ᠪᠦᠬᠦ ᠤᠯᠤᠰ ᠤᠨ ᠵᠣᠬᠢᠬᠤ ᠥᠨᠳᠥᠷ ᠲᠦᠪᠰᠢᠨ ᠳᠤ

ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠡᠭᠡᠳᠦ ᠰᠤᠷᠭᠠᠭᠤᠯᠢ ᠪᠣᠯᠬᠤ ᠪᠠᠷ ᠪᠠᠷᠠᠬᠤ ᠦᠭᠡᠢ ᠪᠠᠰᠠ

ᠦᠪᠦᠷ ᠮᠤᠩᠭᠤᠯ ᠤᠨ ᠰᠣᠶᠣᠯ ᠢ ᠴᠡᠴᠡᠭᠯᠡᠭᠦᠯᠦᠨ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ

ᠰᠡᠬᠡᠭᠡᠲᠡᠨ ᠢ ᠬᠥᠮᠦᠵᠢᠭᠦᠯᠬᠦ ᠡᠭᠦᠷᠭᠡ ᠶᠢ ᠡᠭᠦᠷᠭᠡᠯᠡᠪᠡ᠃ ︽ᠤᠮᠠᠷᠠᠲᠤ ᠬᠢᠯᠢ ᠳᠤ ᠰᠠᠭᠤᠷᠢᠯᠠᠵᠤ᠂ ᠪᠥᠬᠦ ᠤᠯᠤᠰ ᠲᠤ

ᠬᠠᠨᠳᠤᠨ᠂ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠵᠤ᠂ ᠣᠨᠴᠠᠯᠢᠭ ᠢᠶᠠᠷ ᠰᠤᠷᠭᠠᠭᠤᠯᠢ ᠪᠠᠨ

ᠬᠦᠴᠦᠷᠬᠡᠭᠵᠢᠭᠦᠯᠬᠦ︾ ᠰᠤᠷᠭᠠᠭᠤᠯᠢ ᠡᠷᠭᠢᠯᠡᠬᠦ ᠣᠨᠣᠯᠵᠢᠬᠤᠨ ᠢ ᠪᠠᠷᠢᠮᠲᠠᠯᠠᠨ᠂ ︽ᠵᠢᠩᠬᠢᠨᠢ ᠮᠡᠳᠡᠯᠭᠡ ᠶᠢ ᠡᠷᠬᠢᠮᠯᠡᠨ᠂

ᠭᠠᠷᠮᠠᠭᠠᠶ ᠪᠦᠲᠦᠭᠡᠯ ᠢ ᠬᠥᠭᠡᠭᠡᠴᠡᠯᠳᠦᠬᠦ︾ ᠳᠣᠲᠣᠭᠠᠳᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠯᠢ

ᠬᠢᠵᠠᠭᠠᠷ ᠲᠤ ᠦᠨᠳᠦᠰᠦᠯᠡᠨ᠂ ᠪᠥᠬᠦ ᠤᠯᠤᠰ ᠲᠤ ᠬᠠᠨᠳᠤᠭᠤᠯᠤᠨ᠂ ᠴᠠᠭᠠᠰᠢᠯᠠᠨ ᠳᠡᠯᠡᠬᠡᠢ ᠶᠢ ᠪᠠᠷᠠᠯᠠᠵᠤ᠂ ︽ᠬᠤᠤᠰ

ᠲᠡᠷᠢᠭᠦᠨ︾ ᠤ ᠪᠠᠶᠢᠭᠤᠯᠤᠯᠲᠠ ᠪᠠ ︽ᠶᠠᠮᠤᠨ ᠪᠠ ᠣᠷᠣᠨ ᠬᠠᠮᠲᠤᠷᠠᠨ ᠪᠠᠶᠢᠭᠤᠯᠬᠤ︾ ᠠᠵᠢᠯ ᠢ ᠲᠦᠷᠭᠡᠳᠬᠡᠨ

ᠠᠬᠢᠭᠤᠯᠵᠤ᠂ ᠢᠯᠡ ᠲᠣᠳᠣ ᠣᠨᠴᠠᠯᠢᠭᠲᠤ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢ ᠴᠢᠷᠮᠠᠶᠢᠨ ᠰᠠᠶᠢᠲᠤᠷ

ᠡᠷᠭᠢᠯᠡᠵᠦ᠂ ᠤᠯᠤᠰ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ

ᠨᠡᠮᠡᠷᠢ ᠦᠵᠡᠭᠦᠯᠵᠤ ᠪᠠᠶᠢᠨ᠎ᠠ᠃

   

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map