ᠣᠭᠲᠠᠷᠭᠤᠢ ᠳᠦᠭᠦᠷᠡᠩ ᠤᠳᠤᠨ ᠮᠡᠴᠢᠳ ᠤᠷᠤᠭᠰᠢᠯᠠᠬᠤ ᠵᠠᠮ ᠢ ᠭᠡᠷᠡᠯᠲᠦᠭᠦᠯᠦᠨ᠎ᠡ — ᠦᠪᠦᠷ ᠮᠤᠩᠭᠤᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡᠨ ᠤ ᠲᠤᠷᠰᠢᠯᠭ᠎ᠠ ᠪᠠᠨ ᠪᠦᠬᠦ ᠤᠯᠤᠰ ᠤᠨ ᠳ᠋ᠦᠩᠨᠡᠨ ᠰᠣᠯᠢᠯᠴᠠᠬᠤ ᠬᠤᠷᠠᠯ ᠳᠡᠭᠡᠷ᠎ᠡ ᠠᠩᠬ᠎ᠠ ᠲᠠᠨᠢᠯᠴᠠᠭᠤᠯᠪᠠ
ᠨᠡᠶᠢᠲᠡᠯᠡᠭᠰᠡᠨ ᠴᠠᠭ᠄
2021/5/12
     5 ᠰᠠᠷ᠎ᠠ ᠶᠢᠨ 7 ᠤ ᠡᠳᠦᠷ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠠᠵᠢᠯ ᠢ ᠤᠳᠤᠷᠢᠳᠬᠤ ᠳᠤᠭᠤᠶᠢᠯᠠᠩ ᠤᠨ ᠠᠯᠪᠡᠠ ᠭᠡᠷ ᠠᠴᠠ ᠡᠷᠭᠢᠯᠡᠭᠰᠡᠨ 2019᠂ 2020 ᠣᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠡᠪᠦᠯ ᠤᠨ ᠠᠮᠠᠷᠠᠯᠲᠠ ᠶᠢᠨ ᠭᠠᠵᠠᠷ ᠤᠨ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠰᠧᠴᠤᠸᠠᠨ ᠮᠤᠵᠢ ᠶᠢᠨ ᠨᠸᠢᠢᠵᠢᠶᠠᠩ ᠬᠤᠲᠠ ᠳᠤ ᠥᠨᠳᠥᠷᠯᠡᠪᠡ᠃ ᠮᠠᠨ ᠤ ᠣᠷᠣᠨ ᠤ ᠲᠣᠮᠢᠯᠠᠭᠰᠠᠨ 10 ᠲᠠᠮᠢᠷᠴᠢᠨ ᠠᠴᠠ 7 ᠨᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠯᠤᠰ ᠤᠨ ᠠᠩᠭᠢ ᠳᠤ ᠰᠣᠩᠭᠤᠭᠳᠠᠨ ᠣᠷᠣᠵᠤ᠂ 2 ᠰᠤᠷᠭᠠᠭᠤᠯᠢ ᠪᠠ 15 ᠲᠠᠮᠢᠷᠴᠢᠨ ᠬᠥᠬᠢᠭᠦᠯᠦᠯ ᠭᠥᠷᠳᠡᠪᠡ᠃ ᠪᠥᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠠᠯᠪᠠᠨ ᠬᠡᠷ ᠤᠨ ᠡᠷᠬᠢᠯᠡᠭᠴᠢ᠂ ᠰᠤᠷᠭᠠᠨ ᠬᠦᠮᠤᠵᠢᠯ ᠤᠨ ᠶᠠᠮᠤᠨ ᠤ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠬᠥᠮᠥᠵᠢᠯ ᠤᠨ ᠵᠤᠷᠭᠠᠨ ᠤ ᠳᠠᠷᠤᠭ᠎ᠠ ᠸᠠᠩ ᠳ᠋ᠧᠩ ᠹᠧᠩ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠯᠤᠰ ᠤᠨ ᠠᠩᠭᠢ ᠳᠤ ᠲᠤᠭ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠠᠩ ᠰᠢ ᠷᠦᠩ ᠮᠠᠨ ᠤ ᠣᠷᠣᠨ ᠢᠶᠠᠨ ᠲᠥᠯᠦᠭᠡᠯᠡᠨ ᠲᠤᠷᠰᠢᠯᠭ᠎ᠠ ᠪᠠᠨ ᠲᠠᠨᠢᠯᠴᠠᠭᠤᠯᠪᠠ᠃

  ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠯᠤᠰ ᠤᠨ ᠠᠩᠭᠢ ᠲᠠᠯᠠᠪᠠᠢ ᠳᠤ ᠣᠷᠣᠵᠤ ᠪᠠᠶᠢᠨ᠎ᠠ

   2019 ᠣᠨ ᠤ ᠰᠢᠯᠢᠳᠡᠭ ᠣᠨᠴᠠᠯᠢᠭᠲᠤ ᠰᠤᠷᠭᠠᠭᠤᠯᠢ ᠶᠢᠨ ᠢᠷᠠᠭᠤ ᠠᠯᠳᠠᠷ ᠢ ᠭᠥᠷᠳᠡᠪᠡ

   ᠤᠯᠠᠭᠠᠨᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠲᠠᠶᠢᠰᠠᠨ ᠳᠤ ᠭᠠᠷᠴᠤ ᠱᠠᠩᠨᠠᠯ ᠭᠠᠷᠳᠠᠪᠠ

   ᠦᠪᠦᠷ ᠮᠤᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠯᠤᠰ ᠤᠨ ᠠᠩᠭᠢ ᠶᠢᠨ ᠬᠡᠰᠡᠭ

   ᠲᠠᠮᠢᠷᠴᠢᠨ

   ᠦᠪᠦᠷ ᠮᠤᠩᠭᠤᠯ ᠤᠨ ᠱᠠᠩᠨᠠᠯ ᠬᠦᠷᠲᠡᠭᠰᠡᠳ ᠤᠨ ᠬᠠᠮᠲᠤ ᠶᠢᠨ ᠰᠡᠭᠦᠳᠡᠷ

     ᠶᠡᠭᠡ ᠬᠤᠷᠠᠯ ᠠᠴᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠨᠴᠠᠯᠢᠭᠳᠤ ᠰᠤᠷᠭᠠᠭᠤᠯᠢ ᠶᠢᠨ

ᠪᠠᠶᠢᠷᠢᠯᠠᠭᠤᠯᠤᠯᠲᠠ᠂ ᠬᠥᠯ  ᠪᠥᠮᠪᠦᠭᠡᠨ ᠤ ᠵᠢᠭᠠᠨ ᠰᠤᠷᠭᠠᠯᠲᠠ ᠶᠢᠨ ᠠᠵᠢᠯ᠂ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠤᠷᠤᠯᠳᠤᠭᠠᠨ ᠤ ᠳᠣᠭᠲᠠᠯᠴᠠᠭ᠎ᠠ ᠵᠡᠷᠭᠡ ᠲᠠᠯ᠎ᠠ ᠶᠢᠨ ᠠᠵᠢᠯ ᠢ ᠳ᠋ᠦᠩᠨᠡᠵᠦ᠂ ᠡᠭᠦᠨ ᠤ ᠬᠠᠮᠲᠤ ᠰᠢᠯᠢᠳᠡᠭ

ᠤᠨᠴᠠᠯᠢᠬᠳᠤ ᠬᠡᠦᠬᠡᠳ ᠤᠨ ᠴᠡᠴᠡᠷᠯᠢᠭ᠂ ᠰᠢᠯᠢᠳᠡᠭ ᠤᠨᠴᠠᠯᠢᠬᠳᠤ ᠰᠤᠷᠭᠠᠭᠤᠯᠢ᠂ ᠰᠢᠯᠢᠳᠡᠭ ᠰᠤᠷᠭᠠᠭᠤᠯᠢ ᠶᠢᠨ

ᠬᠦᠷᠢᠶᠡᠨ ᠤ ᠬᠦᠯ ᠪᠥᠮᠪᠦᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ᠂ ᠲᠤᠷᠰᠢᠯᠲᠠ ᠶᠢᠨ ᠰᠢᠶᠠᠨ ︵

ᠲᠣᠭᠤᠷᠢᠭ︶᠂ ᠣᠭᠲᠠᠷᠭᠤᠢ ᠳᠦᠭᠦᠷᠡᠩ ᠣᠳᠣᠨ ᠮᠡᠴᠢᠳ ᠪᠣᠯᠪᠠᠰᠤᠷᠠᠯ ᠤᠨ ᠪᠠᠭᠤᠴᠠ᠂ ᠰᠤᠷᠭᠠᠭᠤᠯᠢ ᠶᠢᠨ

ᠬᠦᠷᠢᠶᠡᠨ ᠤ ᠬᠦᠯ ᠪᠥᠮᠪᠦᠭᠡᠨ ᠤ  ᠳᠣᠭᠳᠣᠯᠤᠭᠤᠯᠤᠭᠰᠠᠳ ᠢ ᠬᠥᠬᠢᠭᠦᠯᠦᠨ ᠰᠠᠶᠢᠰᠢᠶᠠᠵᠤ᠂ 2019 ᠣᠨ ᠵᠢᠴᠢ

2020 ᠣᠨ ᠤ ᠬᠤᠪᠢ ᠬᠥᠮᠦᠨ ᠵᠢᠴᠢ ᠨᠢᠭᠡᠴᠢ ᠶᠢᠨ ᠡᠯ᠎ᠡ ᠵᠦᠢᠯ ᠤᠨ ᠱᠠᠩᠨᠠᠯ ᠢ ᠭᠦᠷᠲᠡᠭᠡᠪᠡ᠃

   ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠷᠦᠩᠬᠡᠢ ᠰᠤᠷᠭᠠᠭᠤᠯᠢ

   ᠪᠠᠶᠢᠴᠠᠭᠠᠭᠴᠢ ᠵᠠᠩ ᠰᠢ ᠷᠦᠩ

     ᠶᠡᠭᠡ ᠬᠤᠷᠠᠯ ᠳᠡᠭᠡᠷ᠎ᠡ ᠦᠪᠦᠷ ᠮᠤᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ 6

ᠵᠢᠯ ᠤᠨ ᠲᠤᠷᠰᠢᠬᠢ ᠠᠵᠢᠯ ᠤᠨ ᠲᠤᠷᠰᠢᠯᠭ᠎ᠠ ᠶᠢ ᠬᠠᠷᠢᠭᠤ ᠮᠡᠳᠡᠭᠦᠯᠪᠡ

     ᠵᠠᠩ ᠰᠢ ᠷᠦᠩ ᠮᠠᠨ ᠤ ᠣᠷᠣᠨ ᠢᠶᠠᠨ ᠲᠥᠯᠦᠭᠡᠯᠡᠵᠦ ᠶᠡᠭᠡ ᠬᠤᠷᠠᠯ ᠳᠡᠭᠡᠷ᠎ᠡ ᠦᠪᠦᠷ ᠮᠤᠩᠭᠤᠯ ᠤᠨ

ᠰᠤᠷᠭᠠᠭᠤᠯᠢ ᠶᠢᠨ ᠬᠦᠷᠢᠶᠡᠨ ᠤ ᠬᠦᠯ  ᠪᠥᠮᠪᠦᠭᠡᠨ ᠤ 6 ᠵᠢᠯ ᠤᠨ ᠲᠤᠷᠰᠢᠬᠢ ᠠᠵᠢᠯ ᠤᠨ ᠲᠤᠷᠰᠢᠯᠭ᠎ᠠ ᠶᠢ ᠬᠠᠷᠢᠭᠤ

ᠮᠡᠳᠡᠭᠦᠯᠵᠡᠢ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠰᠠᠭᠤᠷᠢ ᠶᠢ ᠪᠠᠬᠢᠵᠢᠭᠦᠯᠬᠦ ᠶᠢ

ᠲᠥᠭᠡᠮᠡᠯᠵᠢᠭᠦᠯᠬᠦ ᠠᠴᠠ ᠡᠬᠢᠯᠡᠨ ᠰᠢᠰᠲ᠋ᠧᠮᠲᠡᠢ ᠠᠬᠢᠭᠤᠯᠬᠤ ᠪᠠ ᠪᠠᠶᠢᠷᠢᠰᠢᠭᠤᠯᠤᠨ ᠬᠥᠭᠵᠢᠭᠦᠯᠬᠦ ᠶᠢ ᠪᠠᠷᠢᠮᠲᠠᠯᠠᠪᠠ︔

ᠡᠯ᠎ᠡ ᠱᠠᠲᠤᠨ ᠤ ᠤᠨᠴᠠᠯᠢᠭᠳᠤ ᠰᠤᠷᠭᠠᠭᠤᠯᠢ ᠶᠢᠨ ᠪᠠᠶᠢᠭᠤᠯᠤᠯᠲᠠ᠂ ᠬᠢᠴᠢᠶᠡᠯ ᠪᠠ ᠤᠷᠤᠯᠳᠤᠭᠠᠨ ᠤ

ᠳᠣᠭᠲᠠᠯᠴᠠᠭᠠᠨ ᠤ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ︔ ᠪᠣᠯᠪᠠᠰᠤᠷᠠᠭᠤᠯᠵᠤ ᠰᠢᠯᠭᠠᠷᠠᠭᠤᠯᠬᠤ

ᠳᠣᠭᠲᠠᠯᠴᠠᠭᠠᠨ ᠤ ᠪᠠᠶᠢᠭᠤᠯᠤᠯᠲᠠ ᠵᠡᠷᠭᠡ ᠲᠠᠯ᠎ᠠ ᠪᠠᠷ ᠮᠠᠨ ᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠦᠯ

ᠪᠥᠮᠪᠦᠭᠡᠨ ᠤ ᠬᠥᠭᠵᠢᠯᠲᠡ ᠶᠢᠨ ᠶᠠᠪᠤᠴᠠ ᠵᠢᠴᠢ ᠦᠷ᠎ᠡ ᠪᠦᠲᠦᠭᠡᠯ ᠢ ᠨᠠᠷᠢᠨ ᠲᠣᠳᠣᠷᠬᠠᠶᠢᠯᠠᠪᠠ᠃ ᠡᠭᠦᠨ ᠤ ᠳᠣᠲᠤᠷ᠎ᠠ

ᠦᠪᠦᠷ ᠮᠤᠩᠭᠤᠯ ᠤᠨ ᠣᠨᠴᠠᠯᠢᠭᠲᠤ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡᠨ ᠤ ᠬᠢᠴᠢᠶᠡᠯ ᠤᠨ

ᠪᠠᠶᠢᠭᠤᠯᠤᠯᠲᠠ᠂ ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ᠂ ᠵᠠᠯᠠᠭᠤᠴᠤᠳ ᠤᠨ ᠰᠢᠨ᠎ᠡ

ᠪᠣᠯᠪᠠᠰᠤᠷᠠᠯ ᠤᠨ ᠬᠡᠪ ᠵᠠᠭᠪᠤᠷ ᠤᠨ ᠠᠵᠢᠯ ᠨᠢ ᠣᠯᠠᠨ ᠤ ᠠᠩᠬᠠᠷᠤᠯ ᠢ ᠲᠠᠲᠠᠪᠠ᠃

     ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠬᠠᠨ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ

ᠡᠷᠡᠭᠦᠯ ᠴᠢᠬᠢᠷᠠᠭ ᠢ ᠠᠬᠢᠭᠤᠯᠪᠠ

     2016 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠡᠨ ᠲᠢᠩᠬᠢᠮ ᠠᠴᠠ

︽ᠰᠤᠷᠭᠠᠭᠤᠯᠢ ᠶᠢᠨ ᠪᠡᠶ᠎ᠡ ᠶᠢᠨ ᠲᠠᠮᠢᠷ ᠢ ᠴᠢᠩᠭᠠᠳᠬᠠᠵᠤ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ

ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠲᠤ ᠠᠩᠬᠠᠳᠠᠭᠴᠢ ︽ᠡᠳᠦᠷ ᠪᠦᠷᠢ ᠨᠢᠭᠡ

ᠲᠠᠮᠢᠷ ᠤᠨ ᠬᠢᠴᠢᠶᠡᠯ᠂ ᠭᠠᠷᠠᠭ ᠪᠦᠷᠢ ᠨᠢᠭᠡ ᠥᠪᠡᠷᠮᠢᠴᠡ ᠣᠨᠴᠠᠯᠢᠭᠲᠤ ᠬᠢᠴᠢᠶᠡᠯ ︵ᠬᠥᠯ ᠪᠥᠮᠪᠦᠭᠡ ᠶᠢ  

ᠪᠠᠭᠲᠠᠭᠠᠨ᠎ᠠ︶︾ ᠤᠨ ᠠᠵᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ 2021 ᠣᠨ ᠤ ᠡᠬᠢ ᠪᠠᠷ᠂ ᠦᠪᠦᠷ

ᠮᠤᠩᠭᠤᠯ ᠪᠠᠰᠠ ᠪᠡᠶ᠎ᠡ ᠶᠢᠨ ᠲᠠᠮᠢᠷ᠂ ᠭᠤᠸ᠎ᠠ ᠰᠠᠶᠢᠬᠠᠨ᠂ ᠬᠥᠳᠡᠯᠮᠦᠷᠢ ᠶᠢᠨ ᠬᠥᠮᠥᠵᠢᠯ ᠤᠨ ︽ᠲᠤᠯᠤᠭᠠᠨ ᠨᠢᠭᠡ︾

ᠭᠡᠬᠦ ᠬᠠᠲᠠᠭᠤ ᠴᠢᠩᠭ᠎ᠠ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ 1-9 ᠳ᠋ᠦ᠋ᠭᠡᠷ ᠣᠨ ᠳᠤ ᠡᠳᠦᠷ ᠪᠦᠷᠢ ᠨᠢᠭᠡ

ᠤᠳᠠᠭ᠎ᠠ ᠲᠠᠮᠢᠷ ᠤᠨ ᠬᠢᠴᠢᠶᠡᠯ ᠣᠷᠣᠬᠤ᠂ ᠬᠥᠯ ᠪᠥᠮᠪᠦᠭᠡᠨ ᠤ ᠤᠨᠴᠠᠯᠢᠭᠳᠤ ᠰᠤᠷᠭᠠᠭᠤᠯᠢ ᠳᠤ ᠭᠠᠷᠠᠭ ᠪᠦᠷᠢ ᠨᠢᠭᠡ

ᠤᠳᠠᠭ᠎ᠠ ᠬᠥᠯ ᠪᠥᠮᠪᠦᠭᠡᠨ ᠤ ᠬᠢᠴᠢᠶᠡᠯ ᠣᠷᠣᠬᠤ ᠬᠠᠲᠠᠭᠤ ᠴᠢᠩᠭ᠎ᠠ ᠱᠠᠭᠠᠷᠳᠠᠯᠭ᠎ᠠ ᠶᠢ ᠤᠯᠠᠮ ᠨᠢᠭᠡ ᠠᠯᠬᠤᠮ

ᠲᠣᠳᠣᠷᠬᠠᠶᠢᠯᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠢᠴᠢᠶᠡᠯ ᠤᠨ ᠪᠠᠶᠢᠭᠤᠯᠤᠯᠲᠠ ᠳᠤ ᠪᠠᠲᠤ

ᠴᠢᠩᠭ᠎ᠠ ᠲᠥᠷᠥ ᠶᠢᠨ ᠪᠣᠳᠣᠯᠭ᠎ᠠ ᠪᠠ ᠨᠥᠬᠦᠴᠡᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃

     2019 ᠣᠨ ᠳᠤ᠂ ᠮᠠᠨ ᠤ ᠣᠷᠣᠨ ᠤ 20 ᠬᠤᠰᠢᠭᠤ ᠰᠢᠶᠠᠨ ᠲᠣᠭᠤᠷᠢᠭ ᠤᠨ ᠪᠠᠭ᠎ᠠ ᠰᠤᠷᠭᠠᠭᠤᠯᠢ ᠶᠢᠨ

ᠡᠵᠡᠨ ᠪᠠ ᠵᠣᠴᠢᠨ ᠲᠠᠯᠠᠪᠠᠢ ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ ᠢ ᠡᠭᠦᠳᠦᠨ ᠳᠡᠯᠭᠡᠷᠡᠭᠦᠯᠵᠦ᠂

ᠬᠥᠯ ᠪᠥᠮᠪᠦᠭᠡᠨ ᠤ ᠰᠣᠶᠣᠯ ᠢ ᠭᠦᠨ ᠭᠦᠨᠵᠡᠭᠡᠶ ᠢᠯᠡᠷᠡᠭᠦᠯᠦᠨ ᠥᠷᠭᠡᠳᠬᠡᠵᠦ᠂ ᠥᠪᠡᠷ ᠥᠪᠡᠷ ᠤᠨ ᠣᠨᠴᠠᠯᠢᠭᠲᠤ

ᠡᠵᠡᠨ ᠲᠠᠯᠠᠪᠠᠢ ᠶᠢᠨ ᠰᠣᠶᠣᠯ ᠪᠠ ᠰᠤᠷᠭᠠᠭᠤᠯᠢ ᠶᠢᠨ ᠬᠦᠷᠢᠶᠡᠨ ᠤ ᠬᠤᠯᠪᠣᠭᠠᠲᠤ ᠤᠷᠤᠯᠳᠤᠭᠠᠨ ᠤ ᠰᠣᠶᠣᠯ ᠢ

ᠦᠨᠳᠦᠰᠦᠨ ᠳᠤ ᠪᠠᠨ ᠪᠦᠷᠢᠯᠳᠦᠭᠦᠯᠪᠡ᠃ ᠣᠳᠣ ᠪᠣᠯᠲᠠᠯ᠎ᠠ 213 ᠰᠤᠷᠭᠠᠭᠤᠯᠢ᠂ 278 ᠪᠥᠮᠪᠥᠭᠡᠨ ᠤ ᠠᠩᠭᠢ

ᠤᠷᠤᠯᠳᠤᠭᠠᠨ ᠳᠤ ᠣᠷᠣᠯᠴᠠᠭᠰᠠᠨ ᠪᠠᠶᠢᠨ᠎ᠠ᠃ ︽ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ︾ ᠤ

ᠥᠪᠡᠷᠮᠢᠴᠡ ᠡᠭᠦᠳᠦᠯᠲᠡ ᠪᠥᠬᠦᠢ ᠵᠠᠭᠤᠴᠢᠯᠠᠭᠤᠷ ᠠᠴᠠ ᠳᠠᠭᠠᠭᠠᠴᠢᠯᠠᠨ ᠡᠷᠭᠢᠯᠡᠬᠦ᠂ ᠤᠬᠠᠭᠤᠯᠭ᠎ᠠ ᠬᠥᠮᠦᠵᠢᠯ ᠢ

ᠤᠶᠠᠯᠳᠤᠭᠤᠯᠬᠤ ᠬᠡᠪ ᠵᠠᠭᠪᠤᠷ ᠨᠢ ᠪᠥᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠰᠣᠶᠣᠯ ᠢ

ᠴᠢᠩᠭᠠᠳᠬᠠᠬᠤ ᠲᠣᠯᠢ ᠪᠣᠯᠪᠠ᠃

     2021 ᠣᠨ ᠳᠤ᠂ ᠮᠠᠨ ᠤ ᠣᠷᠣᠨ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ

ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠠᠴᠠ ᠲᠦᠷᠦᠭᠦᠯᠡᠨ᠂ ᠰᠢᠯᠢᠳᠡᠭ

ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠬᠥᠯ ᠪᠥᠮᠪᠦᠭᠡᠨ ᠤ ᠨᠥᠬᠦᠴᠡᠯ ᠳᠤ ᠰᠠᠭᠤᠷᠢᠯᠠᠭᠰᠠᠨ ᠰᠢᠨ᠎ᠡ ᠮᠠᠶ᠋ᠢᠭ ᠤᠨ

︽ᠭᠤᠷᠪᠠᠨ ᠳᠡᠰ ᠤᠨ ᠵᠠᠯᠠᠭᠤᠴᠤᠳ ᠤᠨ ᠪᠣᠯᠪᠠᠰᠤᠷᠠᠯ︾ ᠤᠨ ᠳᠣᠭᠲᠠᠯᠴᠠᠭᠠᠨ ᠤ ᠪᠠᠶᠢᠭᠤᠯᠤᠯᠲᠠ ᠶᠢ

ᠡᠬᠢᠯᠡᠭᠦᠯᠬᠦ ᠶᠢᠨ ᠬᠠᠮᠲᠤ ︽ᠣᠭᠲᠠᠷᠭᠤᠶ ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠪᠠᠭᠤᠴᠠ ᠲᠠᠢ

ᠬᠤᠯᠪᠤᠭᠠᠯᠠᠨ ᠬᠥᠳᠡᠯᠦᠯᠴᠡᠵᠦ᠂ ᠥᠨᠳᠥᠷ ᠬᠢᠷᠢ ᠲᠦᠪᠰᠢᠨ ᠪᠦᠬᠦᠢ ᠰᠤᠷᠭᠠᠭᠴᠢ ᠶᠢ ᠲᠤᠬᠢᠷᠠᠭᠤᠯᠵᠤ᠂ ᠥᠨᠳᠥᠷ

ᠬᠢᠷᠢ ᠲᠦᠪᠰᠢᠨ ᠪᠦᠬᠦᠢ ᠵᠢᠭᠠᠨ ᠰᠤᠷᠭᠠᠯᠲᠠ ᠶᠢ ᠬᠡᠷᠡᠭᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠪᠣᠯᠪᠠᠰᠤᠷᠠᠯ ᠢ

ᠥᠷᠨᠢᠭᠦᠯᠵᠦ᠂ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ ᠢ ᠵᠣᠬᠢᠶᠠᠨ ᠪᠠᠶᠢᠭᠤᠯᠵᠤ᠂ ᠥᠨᠳᠥᠷ ᠬᠢᠷᠢ

ᠲᠦᠪᠰᠢᠨ ᠪᠦᠬᠦᠢ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠥᠨᠳᠥᠷ ᠬᠢᠷᠢ ᠲᠦᠪᠰᠢᠨ ᠪᠦᠬᠦᠢ ᠬᠠᠮᠢᠶᠠᠷᠤᠯᠲᠠ ᠶᠢ

ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠬᠤᠯᠪᠣᠭᠠᠯᠠᠨ

ᠬᠥᠳᠡᠯᠦᠯᠴᠡᠭᠰᠡᠨ᠂ ᠬᠠᠷᠢᠯᠴᠠᠨ ᠵᠣᠯᠭᠠᠯᠳᠤᠭᠰᠠᠨ ᠭᠤᠷᠪᠠᠨ ᠱᠠᠲᠤᠨ ᠤ ᠬᠦᠯ ᠪᠥᠮᠪᠦᠭᠡᠨ ᠤ ᠵᠠᠯᠠᠭᠤᠴᠤᠳ ᠤᠨ

ᠪᠣᠯᠪᠠᠰᠤᠷᠠᠯ ᠤᠨ ᠳᠣᠭᠲᠠᠯᠴᠠᠭ᠎ᠠ ᠶᠢ ᠪᠠᠶᠢᠭᠤᠯᠵᠤ᠂ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠦᠯ

ᠪᠥᠮᠪᠦᠭᠡᠨ ᠤ ᠵᠠᠯᠠᠭᠤᠴᠤᠳ ᠤᠨ ᠪᠣᠯᠪᠠᠰᠤᠷᠠᠯ ᠤᠨ ᠴᠢᠳᠠᠪᠤᠷᠢᠲᠠᠨ ᠢ ᠰᠣᠩᠭᠤᠬᠤ᠂ ᠴᠢᠳᠠᠪᠤᠷᠢᠲᠠᠨ ᠢ ᠬᠥᠮᠦᠵᠢᠭᠦᠯᠬᠦ᠂

ᠴᠢᠳᠠᠪᠤᠷᠢᠲᠠᠨ ᠪᠣᠯᠭᠠᠬᠤ ᠬᠥᠮᠦᠵᠢᠭᠦᠯᠦᠨ ᠬᠦᠷᠭᠡᠬᠦ ᠠᠷᠭ᠎ᠠ ᠵᠠᠮ ᠳᠤ ᠰᠦᠪᠡᠭᠴᠢᠯᠡᠯᠳᠡ ᠪᠠ ᠦᠢᠯᠡᠳᠦᠯᠭᠡ ᠶᠢ

ᠬᠠᠩᠭᠠᠪᠠ᠃

     ᠲᠣᠰ ᠤᠳᠠᠭᠠᠨ ᠤ ᠶᠡᠭᠡ ᠬᠤᠷᠠᠯ ᠳᠤ᠂ ᠮᠠᠨ ᠤ ᠣᠷᠣᠨ ᠲᠤᠷᠰᠢᠯᠲᠠ ᠶᠢᠨ ᠮᠤᠵᠢ ᠣᠷᠣᠨ ᠤ ᠬᠥᠯ

ᠪᠥᠮᠪᠦᠭᠡᠨ ᠤ ᠴᠤᠭ ᠵᠢᠪᠬᠤᠭ᠎ᠠ ᠶᠢ ᠣᠯᠠᠨ ᠲᠠᠯ᠎ᠠ ᠪᠠᠷ ᠬᠠᠷᠠᠭᠤᠯᠪᠠ᠃ ᠣᠭᠲᠠᠷᠭᠤᠢ ᠳᠦᠭᠦᠷᠡᠩ ᠣᠳᠣᠨ ᠮᠡᠴᠢᠳ

ᠤᠷᠤᠭᠰᠢᠯᠠᠬᠤ ᠵᠠᠮ ᠢ ᠭᠡᠷᠡᠯᠲᠦᠭᠦᠯᠵᠦ᠂ ᠰᠢᠨ᠎ᠡ ᠭᠠᠷᠤᠭ᠎ᠠ ᠰᠢᠨ᠎ᠡ ᠵᠣᠭᠰᠤᠴᠠ ᠠᠴᠠ ᠦᠪᠦᠷ ᠮᠤᠩᠭᠤᠯ ᠤᠨ

ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡᠨ ᠤ ᠠᠵᠢᠯ ᠯᠠᠪᠲᠠᠢ ᠤᠬ ᠰᠠᠨᠠᠭ᠎ᠠ ᠪᠠᠨ ᠪᠠᠲᠤ ᠰᠠᠬᠢᠵᠤ᠂  ᠪᠤᠴᠠᠯᠲᠠ

ᠦᠭᠡᠢ ᠤᠷᠤᠭᠰᠢᠯᠠᠵᠤ᠂ ᠡᠷᠴᠢ ᠵᠣᠷᠢᠭᠲᠠᠢ ᠤᠷᠤᠭᠰᠢᠯᠠᠬᠤ ᠶᠢ ᠢᠲᠡᠭᠡᠵᠦ ᠪᠠᠶᠢᠨ᠎ᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map