ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ︽ᠬᠠᠲᠤᠨ ᠭᠤᠤᠯ ᠨᠠᠶᠢᠷᠠᠯ ᠳᠠᠭᠤᠤ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/5/17
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠵᠦ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠵᠠᠭᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠢᠳᠡᠪᠬᠢᠲᠡᠢ ᠵᠠᠯᠭᠠᠭᠤᠯᠤᠨ  ᠳᠠᠭᠤᠯᠠᠵᠠᠭᠠᠵᠤ ᠪᠠᠶᠢᠨ᠎ᠠ᠃      ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ          —  ︽ᠬᠠᠲᠤᠨ ᠭᠤᠣᠯ ᠨᠠᠶᠢᠷᠠᠯ ᠳᠠᠭᠤᠤ︾       ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠦᠨᠳᠦᠰᠦᠨ ᠪᠠᠶᠢᠳᠠᠯ      ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ 2001 ᠣᠨ ᠳᠤ ᠭᠠᠵᠠᠷ ᠣᠷᠣᠨ ᠤ ᠪᠠᠨ 7 ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠢ ᠨᠡᠶᠢᠯᠡᠭᠦᠯᠵᠦ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠪᠠᠶᠢᠭᠤᠯᠤᠭᠳᠠᠭᠰᠠᠨ ᠬᠢᠩᠭᠠᠨ ᠠᠶᠢᠮᠠᠭ ᠤᠨ ᠴᠣᠷᠢ ᠶᠢᠨ ᠭᠠᠭᠴᠠ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠯᠢᠭᠡᠷ ᠳᠠᠭᠤᠷᠢᠶᠠᠯ ᠰᠤᠷᠭᠠᠭᠤᠯᠢ᠂ ᠮᠥᠨ ᠴᠦ ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠳᠠᠭᠠᠭᠤᠯᠤᠭᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠮᠥᠨ᠂ 2017 ᠣᠨ ᠳᠤ ᠪᠥᠬᠦ ᠤᠯᠤᠰ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠦᠯᠢᠭᠡᠷ ᠳᠠᠭᠤᠷᠢᠶᠠᠯ ᠳᠡᠭᠡᠳᠦ ᠰᠤᠷᠭᠠᠭᠤᠯᠢ ᠪᠠᠷ ᠦᠨᠡᠯᠡᠭᠳᠡᠵᠦ᠂ 2019 ᠣᠨ ᠳᠤ ᠦᠪᠦᠷ ᠮᠤᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠦᠢᠯᠡᠳᠦᠯᠭᠡ ᠪᠠ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠪᠣᠯᠵᠣ᠂ 2020 ᠣᠨ ᠳᠤ ᠥᠪᠡᠷᠲᠡᠭᠡᠨ ᠵᠠᠰᠠᠬᠤ ᠣᠷᠣᠨ ᠤ ︽ᠨᠢᠭᠡᠳᠦᠮᠡᠯ ᠹᠷᠣᠨᠲ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ︾ ᠪᠣᠯᠪᠠ᠃ ᠰᠤᠷᠭᠠᠭᠤᠯᠢ ᠶᠢᠨ ᠬᠠᠭᠤᠴᠢᠨ ᠰᠤᠷᠭᠠᠭᠤᠯᠢ ᠶᠢᠨ ᠲᠣᠭᠤᠷᠢᠭ ᠤᠨ ᠡᠵᠡᠯᠡᠬᠦ ᠲᠠᠯᠠᠪᠠᠢ 350 ᠮᠦ᠂ ᠲᠣᠭᠲᠠᠮᠠᠯ ᠬᠥᠷᠦᠩᠭᠡ ᠶᠢᠨ ᠶᠡᠷᠦᠩᠬᠡᠢ ᠲᠤᠭ᠎ᠠ 26701.58 ᠲᠦᠮᠡᠨ ᠲᠥᠭᠦᠷᠢᠭ᠂ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠨᠣᠮ 50 ᠲᠦᠮᠡᠨ ᠳᠡᠪᠲᠡᠷ᠂ ᠵᠢᠭᠠᠨ ᠰᠤᠷᠭᠠᠯᠲᠠ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠶᠡᠷᠦᠩᠬᠡᠢ ᠦᠷᠳᠡᠭ 12625.65 ᠲᠦᠮᠡᠨ ᠲᠥᠭᠦᠷᠢᠭ᠂ ᠰᠤᠷᠭᠠᠭᠤᠯᠢ ᠶᠢᠨ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ 14.47 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ᠂ ᠳᠠᠳᠤᠯᠭ᠎ᠠ᠂ ᠲᠤᠷᠰᠢᠯᠲᠠ ᠶᠢᠨ ᠭᠠᠵᠠᠷ ᠤᠨ ᠪᠠᠷᠢᠯᠭ᠎ᠠ ᠶᠢᠨ ᠲᠠᠯᠠᠪᠠᠶ ᠨᠢ 4.25 ᠲᠦᠮᠡᠨ ᠲᠡᠭᠰᠢ ᠳᠥᠷᠪᠡᠯᠵᠢᠨ ᠮᠧᠲᠷ︔ ᠳᠠᠳᠤᠯᠭ᠎ᠠ᠂ ᠲᠤᠷᠰᠢᠯᠲᠠ ᠶᠢᠨ ᠲᠥᠬᠦᠭᠡᠷᠦᠮᠵᠢ ᠶᠢᠨ ᠶᠡᠷᠦᠩᠬᠡᠢ ᠦᠷᠳᠡᠭ 8834.74 ᠲᠦᠮᠡᠨ ᠲᠥᠭᠦᠷᠢᠭ ᠲᠤ ᠬᠦᠷᠴᠡᠢ︔ ᠲᠠᠮᠢᠷ ᠤᠨ ᠲᠠᠯᠠᠪᠠᠶ 1.6 ᠲᠦᠮᠡᠨ ᠲᠡᠭᠰᠢ ᠳᠥᠷᠪᠡᠯᠵᠢᠨ ᠮᠧᠲᠷ︔ ᠶᠠᠭ ᠪᠠᠶᠢᠭᠤᠯᠵᠤ ᠪᠠᠶᠢᠭ᠎ᠠ ᠰᠢᠨ᠎ᠡ ᠰᠤᠷᠭᠠᠭᠤᠯᠢ ᠶᠢᠨ ᠲᠣᠭᠤᠷᠢᠭ ᠨᠢ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠰᠢᠨ᠎ᠡ ᠲᠣᠭᠤᠷᠢᠭ ᠲᠤ ᠪᠠᠶᠢᠷᠢᠯᠠᠵᠤ᠂ ᠬᠡᠷᠡᠭᠯᠡᠭᠰᠡᠨ ᠭᠠᠵᠠᠷ1515.2 ᠮᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 19.8 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠱᠢᠯᠲᠡ ᠪᠠᠷ ᠶᠡᠷᠦᠩᠬᠡᠢ ᠪᠡᠯᠡ ᠣᠷᠤᠭᠤᠯᠤᠯᠲᠠ 12.51 ᠳ᠋ᠦᠩᠰᠢᠭᠤᠷ ᠲᠥᠭᠦᠷᠢᠭ ᠲᠤ ᠬᠦᠷᠦᠨ᠎ᠡ᠃ ᠰᠤᠷᠭᠠᠭᠤᠯᠢ ᠳᠤ 33 ᠰᠠᠯᠠᠭ᠎ᠠ ᠮᠥᠴᠢᠷ ᠲᠠᠢ᠂ ᠡᠭᠦᠨ ᠳᠤ ᠨᠠᠮ ᠵᠠᠰᠠᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ 14᠂ ᠵᠢᠭᠠᠨ ᠰᠤᠷᠭᠠᠯᠲᠠ ᠶᠢᠨ ᠰᠠᠯᠠᠭ᠎ᠠ ᠮᠥᠴᠢᠷ 16᠂ ᠵᠢᠭᠠᠨ ᠰᠤᠷᠭᠠᠯᠲᠠ ᠶᠢ ᠬᠠᠪᠰᠤᠷᠤᠨ ᠵᠢᠯᠣᠭᠤᠳᠬᠤ ᠰᠠᠯᠠᠭ᠎ᠠ ᠮᠥᠴᠢᠷ 3 ᠪᠣᠶ᠃ ᠣᠲᠣ ᠪᠠᠭᠰᠢ ᠠᠵᠢᠯᠳᠡᠠ ᠠᠵᠢᠯᠴᠢᠠ 634 ︵ᠵᠢᠩᠬᠢᠨᠢ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ 38᠂ ᠳᠡᠳ᠋ ᠳᠡᠭᠡᠳᠦ ᠳᠡᠰ ᠤᠨ ᠮᠡᠷᠭᠡᠵᠢᠯ ᠤᠨ ᠴᠤᠯᠠᠲᠠᠢ ᠪᠠᠭᠰᠢ 218᠂ ᠳᠤᠮᠳᠠ ᠵᠡᠷᠭᠡ ᠶᠢᠨ ᠮᠡᠷᠭᠡᠵᠢᠯ ᠤᠨ ᠴᠤᠯᠠᠲᠠᠢ ᠪᠠᠭᠰᠢ 138︶᠂ ᠰᠣᠳᠤᠯᠬᠤ ᠰᠤᠷᠤᠭᠴᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠭᠰᠢ 152 ᠪᠣᠶ᠃

     ᠲᠤᠰᠬᠠᠶ ᠮᠡᠷᠭᠡᠵᠢᠯ ᠤᠨ ᠲᠣᠬᠢᠷᠠᠭᠤᠯᠤᠯᠲᠠ

     ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠤᠯᠤᠰ ᠤᠨ ᠡᠳ᠋ ᠤᠨ ᠵᠠᠰᠠᠭ ᠠᠴᠠ ᠳᠡᠮᠵᠢᠵᠦ

ᠭᠤᠣᠯᠳᠠᠯᠭᠠᠲᠠᠢ ᠪᠥᠳᠥᠭᠡᠨ ᠪᠠᠶᠢᠭᠤᠯᠤᠭᠰᠠᠨ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ ᠠᠴᠠ

ᠭᠤᠣᠯᠳᠠᠯᠭᠠᠲᠠᠢ ᠪᠥᠳᠥᠭᠡᠨ ᠪᠠᠶᠢᠭᠤᠯᠤᠭᠰᠠᠨ ᠲᠤᠰᠬᠠᠶ ᠮᠡᠷᠭᠡᠵᠢᠯ 6 ︵ᠰᠤᠷᠭᠠᠭᠤᠯᠢ ᠶᠢᠨ ᠨᠠᠰᠤᠨ ᠠᠴᠠ ᠡᠮᠦᠨᠡᠬᠢ

ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ᠂ ᠰᠤᠪᠢᠯᠠᠯᠲᠠ ᠶᠢᠨ ᠲᠤᠰᠬᠠᠶ ᠮᠡᠷᠭᠡᠵᠢᠯ ᠭᠡᠬᠦ 2 ᠣᠷᠣᠨ ᠤ ᠲᠡᠰ ᠤᠨ

ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠪᠠ︶᠂ ᠥᠪᠡᠷᠲᠡᠭᠡᠨ ᠵᠠᠰᠠᠬᠤ ᠣᠷᠣᠨ ᠤ ᠲᠡᠰ ᠤᠨ

ᠰᠣᠳᠣᠨ ᠬᠢᠴᠢᠶᠡᠯ 8᠂ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠴᠢᠯᠥᠭᠡᠲᠡᠶ ᠨᠡᠭᠡᠭᠡᠭᠰᠡᠨ ᠰᠣᠳᠣᠨ

ᠬᠢᠴᠢᠶᠡᠯ 5᠂ ᠳᠡᠭᠡᠳᠦ ᠰᠤᠷᠭᠠᠭᠤᠯᠢ ᠶᠢᠨ ᠲᠡᠰ ᠤᠨ ᠰᠦᠯᠵᠢᠶᠡᠨ ᠳᠤ ᠴᠢᠯᠦᠭᠡᠲᠡᠢ ᠨᠡᠭᠡᠭᠡᠭᠰᠡᠨ ᠬᠢᠴᠢᠶᠡᠯ 30

ᠪᠠᠶᠢᠨ᠎ᠠ᠃ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠦᠨᠳᠦᠰᠦᠲᠡᠨ ᠤ ᠶᠡᠭᠡ

ᠰᠤᠷᠭᠠᠭᠤᠯᠢ ᠵᠡᠷᠭᠡ ᠵᠢᠩᠬᠢᠨᠢ ᠠᠩᠭᠢᠲᠤ 7 ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠵᠦ᠂ ᠵᠢᠩᠬᠢᠨᠢ

ᠠᠩᠭᠢ ᠶᠢᠨ ᠰᠣᠷᠣᠭᠴᠢ ᠡᠯᠰᠡᠬᠦ ᠲᠤᠰᠬᠠᠶ ᠮᠡᠷᠭᠡᠵᠢᠯ 14᠂ ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ

ᠰᠢᠨᠵᠢᠯᠡᠬᠦ ᠤᠬᠠᠭᠠᠨ᠂ ᠲᠠᠷᠢᠶᠠᠯᠠᠩ᠂ ᠠᠵᠤ ᠦᠢᠯᠡᠳᠪᠦᠷᠢ᠂ ᠠᠨᠠᠭᠠᠬᠤ ᠤᠬᠠᠭᠠᠨ ᠵᠡᠷᠭᠡ ᠲᠠᠪᠤᠨ ᠶᠡᠭᠡ ᠲᠥᠷᠥᠯ ᠤᠨ

48 ᠲᠤᠰᠬᠠᠶ ᠮᠡᠷᠭᠡᠵᠢᠯ ᠲᠠᠢ᠂ ᠡᠭᠦᠨ ᠳᠤ ᠵᠣᠩᠬᠢᠯᠠᠬᠤ ᠲᠣᠭᠠᠨ ᠤ ᠲᠤᠰᠬᠠᠶ ᠮᠡᠷᠭᠡᠵᠢᠯ ᠨᠢ ᠴᠥᠮ ᠵᠢᠩᠬᠢᠨᠢ

ᠠᠩᠭᠢ ᠳᠤ ᠳᠡᠪᠰᠢᠬᠦ ᠲᠣᠬᠢᠶᠠᠯ ᠲᠠᠢ ᠶᠤᠮ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠣᠳᠣ

ᠪᠠᠭᠰᠢ ᠶᠢᠨ ᠰᠤᠷᠭᠠᠨ ᠬᠥᠮᠦᠵᠢᠯ ᠤᠨ ᠰᠠᠯᠪᠤᠷᠢ᠂ ᠠᠨᠠᠭᠠᠬᠤ ᠤᠬᠠᠭᠠᠨ ᠡᠷᠡᠭᠦᠯ ᠮᠡᠨᠳᠦ ᠶᠢᠨ ᠰᠠᠯᠪᠤᠷᠢ᠂ ᠵᠢᠭᠤᠯᠴᠢᠯᠠᠯ

ᠪᠠ ᠦᠨᠳᠦᠰᠦᠲᠡᠨ ᠤ ᠰᠣᠶᠣᠯ ᠤᠨ ᠰᠠᠯᠪᠤᠷᠢ᠂ ᠡᠳ᠋ ᠤᠨ ᠵᠠᠰᠠᠭ ᠠᠵᠤ ᠠᠬᠤᠶ ᠪᠠ ᠣᠯᠠᠨ ᠨᠡᠶᠢᠲᠡ ᠶᠢᠨ

ᠬᠠᠮᠢᠶᠠᠷᠤᠯᠲᠠ ᠶᠢᠨ ᠰᠠᠯᠪᠤᠷᠢ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠤᠬᠠᠭᠠᠨ ᠪᠠ ᠠᠮᠢᠳᠤ ᠪᠣᠳᠠᠰ ᠤᠨ

ᠢᠨᠵᠧᠨᠧᠷᠢᠩ ᠤᠨ ᠰᠠᠯᠪᠤᠷᠢ᠂ ᠺᠣᠮᠫᠢᠦ᠋ᠲ᠋ᠧᠷ ᠪᠠ ᠣᠶᠤᠨᠴᠢ ᠬᠡᠷᠡᠭᠯᠡᠭᠡᠨ ᠤ ᠰᠠᠯᠪᠤᠷᠢ᠂ ᠵᠠᠮ ᠬᠠᠷᠢᠯᠴᠠᠭ᠎ᠠ ᠪᠠ ᠮᠠᠰᠢᠨ

ᠴᠠᠬᠢᠯᠭᠠᠨ ᠤ ᠢᠨᠵᠧᠨᠧᠷᠢᠩ ᠤᠨ ᠰᠠᠯᠪᠤᠷᠢ᠂ ᠣᠷᠴᠢᠨ ᠲᠣᠭᠤᠷᠢᠨ ᠪᠠ ᠪᠠᠷᠢᠯᠭ᠎ᠠ ᠶᠢᠨ ᠢᠨᠵᠧᠨᠧᠷᠢᠩ ᠤᠨ ᠰᠠᠯᠪᠤᠷᠢ᠂

ᠳᠠᠭᠤᠤ ᠬᠥᠭᠵᠢᠮ ᠵᠠᠭᠤᠴᠢᠯᠠᠭᠤᠷ ᠤᠨ ᠰᠠᠯᠪᠤᠷᠢ᠂ ᠤᠷᠠᠨ ᠵᠢᠷᠤᠭ ᠭᠠᠷ ᠤᠷᠠᠯᠠᠯ ᠤᠨ ᠰᠠᠯᠪᠤᠷᠢ᠂ ᠪᠡᠶ᠎ᠡ ᠶᠢᠨ

ᠲᠠᠮᠢᠷ ᠤᠨ ᠰᠠᠯᠪᠤᠷᠢ᠂ ᠬᠥᠯ ᠪᠥᠮᠪᠦᠭᠡᠨ ᠤ ᠰᠠᠯᠪᠤᠷᠢ᠂ ᠮᠣᠷᠢᠨ ᠮᠡᠷᠭᠡᠵᠢᠯ ᠤᠨ ᠰᠠᠯᠪᠤᠷᠢ᠂ ᠨᠡᠷᠡᠨ ᠭᠡᠷᠡᠯᠲᠦ

ᠰᠡᠳᠬᠢᠴᠡ ᠶᠢᠨ ᠰᠠᠯᠪᠤᠷᠢ᠂ ᠬᠠᠷᠢᠶᠠᠲᠤ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠬᠠᠷᠢᠶᠠᠲᠤ

ᠳᠤᠮᠳᠠᠳᠤ ᠪᠠᠭ᠎ᠠ ᠰᠤᠷᠭᠠᠭᠤᠯᠢ ᠵᠡᠷᠭᠡ ᠪᠣᠢ᠃ ᠰᠤᠷᠭᠠᠭᠤᠯᠢ ᠳᠤ ᠪᠠᠶᠢᠭ᠎ᠠ ᠰᠣᠷᠣᠭᠴᠢ 11833᠂ ᠡᠭᠦᠨ ᠤ

ᠳᠣᠲᠣᠷ᠎ᠠ ᠴᠥᠭᠡᠨ ᠲᠣᠭᠠᠲᠤ ᠦᠨᠳᠦᠰᠦᠲᠡᠨ ᠤ ᠰᠣᠷᠣᠭᠴᠢ 42% ᠢ ᠡᠵᠡᠯᠡᠵᠦ ᠪᠣᠶ᠃

     ᠰᠤᠷᠭᠠᠭᠤᠯᠢ ᠡᠷᠬᠢᠯᠡᠬᠦ ᠣᠨᠣᠯᠵᠢᠬᠤᠨ

     ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ︽ᠬᠢᠴᠢᠶᠡᠨ ᠴᠢᠷᠮᠠᠶᠢᠵᠤ ᠡᠷᠴᠢ ᠵᠣᠷᠢᠭ ᠢᠶᠠᠨ

ᠬᠥᠪᠴᠢᠯᠡᠨ᠂ ᠬᠠᠶᠢᠨ ᠰᠦᠪᠡᠭᠴᠢᠯᠡᠵᠦ ᠦᠨᠡᠨᠴᠢ ᠰᠢᠳᠤᠷᠭᠤ ᠪᠠᠷ ᠬᠡᠷᠡᠭᠵᠢᠭᠦᠯᠬᠦ︾ ᠰᠤᠷᠭᠠᠭᠤᠯᠢ ᠶᠢᠨ ᠰᠤᠷᠭᠠᠯ ᠤᠨ

ᠵᠣᠷᠢᠭ ᠰᠠᠨᠠᠭ᠎ᠠ ᠪᠠᠷ ︽ᠰᠣᠷᠣᠭᠴᠢ ᠡᠯᠰᠡᠬᠦ ᠪᠣᠯ ᠠᠵᠢᠯᠴᠢᠨ ᠡᠯᠰᠡᠬᠦ᠂ ᠰᠤᠷᠭᠠᠭᠤᠯᠢ ᠳᠤ ᠣᠷᠣᠬᠤ ᠨᠢ

ᠦᠢᠯᠡᠳᠪᠦᠷᠢ ᠳᠤ ᠣᠷᠣᠬᠤ᠂ ᠰᠣᠷᠣᠭᠴᠢ ᠪᠣᠯ ᠱᠠᠪᠢ ᠠᠵᠢᠯᠴᠢᠨ᠂ ᠪᠠᠭᠰᠢ ᠪᠣᠯ ᠬᠥᠮᠥᠵᠢᠭᠦᠯᠦᠭᠴᠢ᠂ ᠬᠢᠴᠢᠶᠡᠯ ᠤᠨ

ᠲᠠᠩᠬᠢᠮ ᠪᠣᠯ ᠦᠢᠯᠡᠳᠪᠦᠷᠢ ᠶᠢᠨ ᠲᠠᠰᠤᠭ᠂ ᠰᠤᠷᠭᠠᠭᠤᠯᠢ ᠲᠡᠭᠦᠰᠬᠦ ᠪᠣᠯ ᠠᠵᠢᠯ ᠤᠯᠬᠤ︾ ᠣᠲᠣ ᠦᠶ᠎ᠡ ᠶᠢᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠣᠯᠵᠢᠬᠤᠨ ᠢ ᠪᠠᠷᠢᠮᠲᠠᠯᠠᠵᠤ᠂ ᠤᠷᠢᠳ ᠬᠤᠵᠢᠳ ᠤᠮᠠᠷᠠᠲᠤ ᠶᠢᠨ

ᠰᠤᠷᠭᠠᠨ ᠬᠥᠮᠦᠵᠢᠯ ᠤᠨ ᠪᠦᠯᠦᠭᠯᠡᠯ᠂ ᠯᠠᠶ ᠳ᠋ᠧ ᠮᠣᠷᠢᠨ ᠤ ᠦᠢᠯᠡᠰ᠂ ᠵᠢᠶᠧ ᠺᠧ ᠬᠥᠯ ᠪᠥᠮᠪᠦᠭᠡᠨ ᠤ ᠨᠡᠶᠢᠭᠡᠮᠯᠢᠭ᠂

ᠽᠢ ᠰᠢ ᠪᠦᠯᠦᠭᠯᠡᠯ᠂ ᠬᠤᠸᠠ ᠸᠧᠶ ᠪᠦᠯᠦᠭᠯᠡᠯ ᠵᠡᠷᠭᠡ 137 ᠨᠠᠷᠠᠲᠤ ᠠᠵᠤ ᠠᠬᠤᠶᠢᠯᠠᠯ ᠲᠠᠢ ᠬᠠᠮᠲᠤᠷᠠᠨ

ᠰᠤᠷᠭᠠᠭᠤᠯᠢ ᠶᠢᠨ ᠳᠣᠲᠣᠨ᠎ᠠ ᠭᠠᠳᠠᠨᠠᠬᠢ ᠳᠠᠳᠤᠯᠭ᠎ᠠ ᠪᠣᠯᠪᠠᠰᠤᠷᠠᠯ᠂ ᠠᠵᠢᠯ ᠣᠯᠵᠤ ᠦᠢᠯᠡᠰ ᠪᠣᠰᠬᠠᠬᠤ ᠰᠠᠭᠤᠷᠢᠨ

ᠭᠠᠵᠠᠷ ᠢ ᠪᠠᠶᠢᠭᠤᠯᠵᠠᠶ᠃ ᠭᠡᠷ᠎ᠡ ᠲᠣᠭᠲᠠᠨ ᠬᠠᠮᠲᠤᠷᠠᠯᠴᠠᠵᠤ ᠴᠢᠳᠠᠪᠤᠷᠢᠲᠠᠨ ᠢ ᠬᠥᠮᠦᠵᠢᠭᠦᠯᠬᠦ ᠳᠤ ᠨᠢᠭᠡᠨᠲᠡ ︽ᠨᠢᠭᠡ

ᠳᠡᠭᠡᠳᠦ ᠰᠤᠷᠭᠠᠭᠤᠯᠢ ᠰᠠᠯᠪᠤᠷᠢ ᠳᠤ ᠨᠢᠭᠡ ᠠᠵᠢᠯ ᠲᠥᠷᠥᠯ ᠢ ᠵᠢᠷᠤᠮᠵᠢᠯ ᠲᠠᠢ ᠬᠥᠲᠥᠯᠦᠨ ᠳᠠᠭᠠᠭᠤᠯᠬᠤ᠂ ᠨᠢᠭᠡ

ᠲᠤᠰᠬᠠᠶ ᠮᠡᠷᠭᠡᠵᠢᠯ ᠢ ᠨᠢᠭᠡ ᠳᠠᠭᠠᠭᠤᠯᠤᠭᠴᠢ ᠠᠵᠤ ᠠᠬᠤᠶᠢᠯᠠᠯ ᠲᠠᠢ ᠵᠣᠯᠭᠠᠭᠤᠯᠬᠤ᠂ ᠨᠢᠭᠡ  ᠵᠦᠢᠯ ᠤᠨ ᠤᠷ᠎ᠠ

ᠴᠢᠳᠠᠪᠤᠷᠢ ᠢ ᠨᠢᠭᠡ ᠠᠵᠤ ᠠᠬᠤᠶᠢᠯᠠᠯ ᠤᠨ ᠪᠠᠭᠰᠢ ᠳᠠᠭᠠᠭᠤᠯᠬᠤ᠂ ᠨᠢᠭᠡ ᠰᠣᠷᠣᠭᠴᠢ ᠶᠢ ᠣᠯᠠᠨ ᠵᠦᠢᠯ ᠤᠨ ᠣᠨᠴᠠ

ᠴᠢᠳᠠᠪᠤᠷᠢ ᠲᠠᠢ ᠪᠣᠯᠭᠠᠵᠤ ᠠᠵᠢᠯ ᠣᠯᠭᠤᠯᠲᠠ ᠶᠢ ᠪᠠᠲᠤᠯᠠᠬᠤ︾ ᠰᠤᠷᠭᠠᠭᠤᠯᠢ ᠪᠠ ᠠᠵᠤ ᠠᠬᠤᠶᠢᠯᠠᠯ ᠤᠨ

ᠬᠠᠮᠲᠤᠷᠠᠯᠴᠠᠭ᠎ᠠ᠂ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠬᠠᠨ ᠬᠥᠭᠵᠢᠭᠦᠯᠬᠦ ᠪᠠᠶᠢᠷᠢᠰᠢᠯ ᠢ

ᠦᠨᠳᠦᠰᠦᠨ ᠳᠤ ᠪᠠᠨ ᠪᠦᠷᠢᠯᠳᠦᠭᠦᠯᠪᠡ᠃ ᠪᠡᠭᠡᠵᠢᠩ ᠲᠠᠢ ᠬᠤᠯᠪᠤᠭᠠᠯᠠᠵᠤ ᠶᠡᠭᠡ ᠰᠤᠷᠭᠠᠭᠤᠯᠢ ᠬᠠᠮᠲᠤᠷᠠᠨ 3

ᠪᠦᠯᠦᠭ ᠵᠢᠭᠤᠯᠴᠢᠯᠠᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠠᠩᠭᠢ᠂ ᠰᠣᠶᠤᠯ ᠵᠢᠭᠤᠯᠴᠢᠯᠠᠯ ᠤᠨ ᠬᠡᠯᠲᠡᠰ ᠤᠨ

ᠣᠣᠮᠧᠨ ᠲᠠᠶᠢᠸᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂

ᠡᠪᠯᠡᠯ ᠤᠨ ᠲᠥᠪ ᠬᠤᠷᠢᠶᠠᠨ ᠤ ᠬᠤᠪᠢᠰᠬᠠᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠠ ᠥᠪᠡᠷᠲᠡᠭᠡᠨ

ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠪᠠᠭᠤᠴᠠ ᠶᠢ ᠪᠠᠶᠢᠭᠤᠯᠬᠤ

ᠵᠥᠪᠰᠢᠶᠡᠷᠡᠯ ᠢ ᠣᠯᠵᠤ᠂ ︽ᠲᠤᠰᠬᠠᠶ ᠮᠡᠷᠭᠡᠵᠢᠯ︾ ᠪᠠ ︽ᠠᠵᠤ ᠦᠢᠯᠡᠰ ᠤᠨ ᠠᠵᠢᠯ ᠮᠡᠷᠭᠡᠵᠢᠯ︾᠂ ︽ᠲᠤᠰᠬᠠᠶ

ᠮᠡᠷᠭᠡᠵᠢᠯ ᠤᠨ ᠬᠢᠴᠢᠶᠡᠯ︾ ᠪᠠ ︽ᠠᠵᠢᠯ ᠮᠡᠷᠭᠡᠵᠢᠯ ᠤᠨ ᠪᠠᠷᠢᠮᠵᠢᠶ᠎ᠠ︾᠂ ︽ᠵᠢᠭᠠᠨ ᠰᠤᠷᠭᠠᠯᠲᠠ ᠶᠢᠨ ᠶᠠᠪᠤᠴᠠ︾

ᠪᠠ ︽ᠦᠢᠯᠡᠳᠪᠦᠷᠢᠯᠡᠯ ᠤᠨ ᠶᠠᠪᠤᠴᠠ︾᠂ ︽ᠰᠤᠷᠤᠯᠭ᠎ᠠ ᠶᠢᠨ ᠨᠠᠮᠲᠠᠷ ᠤᠨ ᠦᠨᠡᠮᠯᠡᠯ︾ ᠪᠠ ︽ᠠᠵᠢᠯ

ᠮᠡᠷᠭᠡᠵᠢᠯ ᠤᠨ ᠬᠢᠷᠢ ᠬᠡᠮ︾᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠪᠠ ︽ᠨᠠᠰᠤᠨ ᠲᠤᠷᠰᠢ ᠶᠢᠨ

ᠰᠤᠷᠭᠠᠨ ᠬᠥᠮᠦᠵᠢᠯ︾ ᠵᠡᠷᠭᠡ ᠲᠠᠪᠤ ᠶᠢ ᠵᠣᠯᠭᠠᠭᠤᠯᠬᠤ ᠶᠢ ᠪᠡᠶᠡᠯᠡᠭᠦᠯᠪᠡ᠃

     ᠴᠢᠯᠥᠭᠡᠲᠡᠶ ᠰᠤᠷᠭᠠᠭᠤᠯᠢ ᠡᠷᠬᠢᠯᠡᠬᠦ

     ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠦᠷᠦᠭᠦᠯᠡᠨ ᠬᠢᠩᠭᠠᠨ ᠠᠵᠢᠯ ᠮᠡᠷᠭᠡᠵᠢᠯ ᠤᠨ

ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠣᠷᠣᠨ ᠪᠦᠰᠡ ᠶᠢᠨ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠪᠦᠰᠡ ᠶᠢᠨ ᠬᠥᠭᠵᠢᠯᠲᠡ ᠪᠠ ᠪᠥᠲᠥᠭᠡᠨ

ᠪᠠᠶᠢᠭᠤᠯᠤᠯᠲᠠ ᠳᠤ ᠴᠢᠳᠠᠪᠤᠷᠢᠲᠠᠨ ᠤ ᠲᠤᠯᠭᠠᠭᠤᠷᠢᠯᠠᠯ ᠢ ᠬᠠᠩᠭᠠᠪᠠ᠃ ᠬᠢᠩᠭᠠᠨ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠨᠢ ᠮᠣᠩᠭᠤᠯ ᠤᠯᠤᠰ ᠤᠨ ᠳᠣᠷᠤᠨᠠᠲᠤ ᠠᠶᠢᠮᠠᠭ ᠲᠠᠢ ᠬᠤᠯᠪᠣᠭᠠᠯᠠᠨ ᠬᠠᠷᠢᠯᠴᠠᠨ ᠭᠠᠳᠠᠭᠠᠳᠤ ᠳᠤ

ᠰᠤᠷᠤᠯᠴᠠᠬᠤ ᠰᠤᠷᠤᠭᠴᠢ ᠲᠣᠮᠢᠯᠠᠵᠤ᠂ ᠳᠤᠮᠳᠠᠳᠤ ᠮᠣᠩᠭᠤᠯ ᠤᠷᠤᠰ ᠭᠤᠷᠪᠠᠨ ᠤᠯᠤᠰ ︵ᠣᠷᠣᠨ ᠪᠦᠰᠡ︶ ᠤᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭ᠎ᠠ ᠶᠢ ᠲᠦᠷᠦᠭᠦᠯᠡᠨ ᠪᠠᠶᠢᠭᠤᠯᠵᠤ᠂ ᠳᠤᠮᠳᠠᠳᠤ

ᠭᠠᠳᠠᠭᠠᠳᠤ ᠶᠢᠨ 9 ᠳᠡᠭᠡᠳᠦ ᠰᠤᠷᠭᠠᠭᠤᠯᠢ ᠶᠢ ᠲᠦᠰᠢᠭᠯᠡᠨ ︽ᠳᠤᠮᠳᠠᠳᠤ ᠮᠣᠩᠭᠤᠯ ᠤᠷᠤᠰ ᠤᠨ ᠵᠡᠭᠦᠨ ᠬᠤᠶᠢᠲᠤ

ᠠᠽᠢᠶ᠎ᠠ ᠶᠢᠨ ᠤᠯᠠᠨ ᠤᠯᠤᠰ ᠤᠨ ᠵᠤᠭᠠᠴᠠᠯ ᠬᠤᠳᠠᠯᠳᠤᠭᠠᠨ ᠤ ᠶᠠᠪᠤᠳᠠᠯ ᠤᠨ ᠳᠡᠭᠡᠳᠦ ᠰᠤᠷᠭᠠᠭᠤᠯᠢ︾ ᠶᠢ

ᠪᠠᠶᠢᠭᠤᠯᠵᠤ᠂ ᠢᠰᠫᠠᠨᠢ ᠤᠨ ᠰᠠᠯᠠᠮᠠᠨᠺᠠ ᠶᠡᠭᠡ ᠰᠤᠷᠭᠠᠭᠤᠯᠢ ᠲᠠᠢ ᠬᠤᠯᠪᠣᠭᠠᠯᠠᠨ ᠦᠪᠦᠷ ᠮᠤᠩᠭᠤᠯ ᠤᠨ ᠢᠰᠫᠠᠨᠢ

ᠬᠡᠯᠡᠨ ᠤ ᠳᠡᠭᠡᠳᠦ ᠰᠤᠷᠭᠠᠭᠤᠯᠢ ᠶᠢ ᠪᠠᠶᠢᠭᠤᠯᠵᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠳᠣᠭᠲᠠᠯᠴᠠᠭᠠᠨ ᠤ ᠬᠡᠷᠡᠭᠴᠡᠭᠡ ᠳᠤ ᠵᠣᠬᠢᠴᠠᠭᠰᠠᠨ᠂ ᠪᠦᠲᠦᠮᠵᠢᠲᠡᠢ ᠵᠣᠯᠭᠠᠭᠤᠯᠤᠭᠰᠠᠨ᠂ ᠤᠯᠠᠨ ᠡᠰᠢᠵᠢᠭᠰᠡᠨ

ᠵᠦᠷᠢᠯᠢᠭ ᠦᠨᠳᠦᠰᠦᠨ ᠱᠠᠭᠠᠷᠳᠠᠯᠭ᠎ᠠ ᠢ ᠨᠡᠯᠢᠶᠡᠳ ᠰᠠᠶᠢᠨ ᠵᠢᠷᠤᠮᠯᠠᠭᠰᠠᠨ ᠪᠠᠶᠢᠨ᠎ᠠ᠃

     ᠰᠢᠨ᠎ᠡ ᠶᠢ ᠡᠭᠦᠳᠬᠦ ᠪᠠ ᠬᠥᠭᠵᠢᠭᠦᠯᠬᠦ

     ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠤ

ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠨ ᠨᠡᠭᠡᠭᠡᠯᠲᠡ

ᠬᠢᠵᠦ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠳᠠᠭᠠᠭᠤᠯᠤᠭᠴᠢ ᠶᠢᠨ ᠪᠣᠯᠪᠠᠰᠤᠷᠠᠭᠤᠯᠤᠯ ᠤᠨ ᠰᠠᠭᠤᠷᠢᠨ

ᠭᠠᠵᠠᠷ᠂ ᠳᠤᠮᠳᠠᠳᠤ ᠤᠯᠤᠰ ᠤᠨ ᠬᠡᠷᠡᠯ ᠵᠢᠷᠤᠭ ᠢ ᠵᠠᠬᠢᠳᠠᠯ ᠢᠶᠠᠷ ᠰᠤᠷᠭᠠᠬᠤ ᠳᠡᠭᠡᠳᠦ ᠰᠤᠷᠭᠠᠭᠤᠯᠢ ᠶᠢᠨ ᠬᠢᠩᠭᠠᠨ

ᠠᠶᠢᠮᠠᠭ ᠳᠠᠬᠢ ᠵᠠᠬᠢᠳᠠᠯ ᠢᠶᠠᠷ ᠰᠤᠷᠭᠠᠬᠤ ᠥᠷᠲᠡᠭᠡ ᠶᠢ ᠪᠠᠶᠢᠭᠤᠯᠪᠠ︔ ᠰᠢᠨ᠎ᠡ ᠶᠢ ᠡᠭᠦᠳᠴᠦ ᠦᠢᠯᠡᠰ ᠪᠤᠰᠬᠠᠬᠤ

ᠰᠤᠷᠭᠠᠨ ᠬᠥᠮᠦᠵᠢᠯ ᠢ ᠴᠢᠬᠤᠯᠠᠴᠢᠯᠠᠵᠤ᠂ ᠠ ᠯᠢ ᠪᠠ ᠪᠠ ᠪᠦᠯᠦᠭᠯᠡᠯ᠂ ᠽᠢ ᠰᠢ 3D ᠺᠣᠮᠫᠠᠨᠢ ᠵᠡᠷᠭᠡ ᠠᠵᠤ

ᠠᠬᠤᠶᠢᠯᠠᠯ ᠲᠠᠢ ᠬᠠᠮᠲᠤᠷᠠᠨ ᠤᠶᠤᠲᠠᠳ ᠤᠨ ᠦᠢᠯᠡᠰ ᠪᠤᠰᠬᠠᠬᠤ ᠲᠠᠪᠴᠠᠩ ᠢ ᠪᠠᠶᠢᠭᠤᠯᠵᠤ᠂ ᠡᠪ ᠬᠠᠮᠲᠤ

ᠵᠠᠯᠠᠭᠤᠴᠤᠳ ᠤᠨ ᠡᠪᠯᠡᠯ ᠤᠨ ᠲᠥᠪ  ᠬᠤᠷᠢᠶ᠎ᠠ ᠲᠠᠢ ᠬᠠᠮᠲᠤᠷᠠᠨ ᠤᠯᠤᠰ ᠤᠨ ᠳᠣᠲᠣᠭᠠᠳᠤ ᠶᠢᠨ ᠳᠡᠭᠡᠳᠦ

ᠰᠤᠷᠭᠠᠭᠤᠯᠢ ᠳᠠᠬᠢ ᠠᠩᠬᠠᠳᠠᠭᠴᠢ ᠳᠤᠮᠳᠠᠳᠤ ᠤᠯᠤᠰ ᠤᠨ ᠵᠠᠯᠠᠭᠤᠴᠤᠳ ᠤᠨ ᠦᠢᠯᠡᠰ ᠪᠤᠰᠬᠠᠬᠤ ᠨᠡᠶᠢᠭᠡᠮ

ᠲᠣᠭᠤᠷᠢᠭ ᠢ ᠪᠠᠶᠢᠭᠤᠯᠪᠠ︔ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ

ᠬᠢᠩᠭᠠᠨ ᠳᠠᠬᠢ ᠬᠤᠪᠢᠶᠠᠷᠢ ᠬᠦᠷᠢᠶᠡᠯᠡᠩ᠂ ᠬᠢᠩᠭᠠᠨ ᠤ ᠪᠣᠳᠠᠰ ᠤᠨ ᠪᠤᠰᠤ ᠰᠣᠶᠣᠯ ᠢ ᠬᠠᠮᠠᠭᠠᠯᠠᠨ ᠵᠠᠯᠭᠠᠮᠵᠢᠯᠠᠬᠤ

ᠳᠡᠭᠡᠳᠦ ᠰᠤᠷᠭᠠᠭᠤᠯᠢ᠂ ᠪᠠᠶᠢᠷᠢᠰᠢᠯ ᠤᠨ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠬᠢᠩᠭᠠᠨ ᠳᠠᠬᠢ ᠬᠤᠪᠢᠶᠠᠷᠢ

ᠳᠡᠭᠡᠳᠦ ᠰᠤᠷᠭᠠᠭᠤᠯᠢ ᠵᠡᠷᠭᠡ ᠲᠠᠪᠴᠠᠩ ᠢ ᠪᠠᠶᠢᠭᠤᠯᠪᠠ︔ ᠤᠤᠷ ᠰᠣᠶᠤᠯ ᠤᠨ ᠬᠥᠮᠦᠵᠢᠯ ᠢ ᠡᠷᠬᠢᠮᠯᠡᠨ᠂ ᠮᠢᠭᠮᠡᠨ

ᠰᠢᠲᠠᠷ᠎ᠠ ᠶᠢᠨ ᠳᠡᠭᠡᠳᠦ ᠰᠤᠷᠭᠠᠭᠤᠯᠢ᠂ ᠨᠡᠷᠡᠬᠦᠢ ᠨᠢᠳᠤᠷᠭᠠᠨ ᠤ ᠳᠡᠭᠡᠳᠦ ᠰᠤᠷᠭᠠᠭᠤᠯᠢ ᠶᠢ ᠪᠠᠶᠢᠭᠤᠯᠵᠤ᠂

ᠰᠤᠷᠤᠭᠴᠢᠳ ᠳᠤ ᠤᠷᠠᠨ ᠪᠢᠴᠢᠯᠭᠡ᠂ ᠶᠠᠲᠤᠭ᠎ᠠ᠂ ᠴᠠᠶ ᠶᠢᠨ ᠤᠷᠠᠯᠢᠭ ᠵᠡᠷᠭᠡ ᠶᠢ ᠳᠡᠯᠭᠡᠷᠡᠭᠦᠯᠪᠡ︔ ᠬᠢᠩᠭᠠᠨ

ᠠᠶᠢᠮᠠᠭ ᠤᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ

ᠠᠩᠭᠢᠵᠢᠷᠠᠭᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ

ᠡᠭᠦᠷᠭᠡᠯᠡᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠭᠤᠯᠤᠭᠰᠠᠨ ᠥᠪᠡᠷᠲᠡᠭᠡᠨ ᠵᠠᠰᠠᠬᠤ

ᠣᠷᠣᠨ ᠤ ᠵᠡᠭᠦᠨ ᠬᠡᠰᠡᠭ ᠤᠨ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ

ᠳᠠᠭᠠᠭᠤᠯᠤᠭᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠦᠰᠢᠭᠯᠡᠨ᠂ ᠵᠢᠯ ᠪᠦᠷᠢ ᠡᠯ᠎ᠡ ᠱᠠᠲᠤᠨ ᠤ ᠡᠯ᠎ᠡ

ᠲᠥᠷᠥᠯ ᠤᠨ ᠪᠣᠯᠪᠠᠰᠤᠷᠠᠭᠤᠯᠤᠯ ᠤᠨ ᠡᠭᠦᠷᠭᠡ ᠶᠢ 15000 ᠭᠠᠷᠤᠶ ᠬᠥᠮᠦᠨ ᠳᠠᠭᠠᠭᠠᠨ ᠡᠭᠦᠷᠭᠡᠯᠡᠪᠡ︔ ︽ᠬᠤᠣᠰ

ᠦᠨᠡᠮᠯᠡᠯ︾ ᠤᠨ ᠲᠦᠷᠢᠮ ᠢ ᠶᠡᠭᠡ ᠪᠠᠷ ᠬᠡᠷᠡᠭᠵᠢᠭᠦᠯᠵᠦ᠂ ᠵᠢᠯ ᠪᠦᠷᠢ 4000 ᠭᠠᠷᠤᠶ ᠬᠥᠮᠦᠨ ᠳᠤ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠳᠣᠭᠲᠠᠭᠠᠬᠤ ᠪᠣᠯᠪᠠᠰᠤᠷᠠᠭᠤᠯᠤᠯ ᠬᠢᠪᠡ᠃

     ᠬᠥᠭᠵᠢᠯᠲᠡ ᠶᠢᠨ ᠬᠠᠷᠠᠯᠲᠠ

     ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠬᠢᠩᠭᠠᠨ ᠠᠶᠢᠮᠠᠭ ᠲᠤ ᠰᠠᠭᠤᠷᠢᠯᠠᠵᠤ᠂ ᠬᠢᠩᠭᠠᠨ

ᠠᠶᠢᠮᠠᠭ ᠲᠤ ᠬᠠᠨᠳᠤᠵᠤ᠂ ᠬᠢᠩᠭᠠᠨ ᠠᠶᠢᠮᠠᠭ ᠲᠤ ᠦᠢᠯᠡᠴᠢᠯᠡᠵᠦ᠂ ᠬᠡᠷᠡᠭᠯᠡᠭᠡᠨ ᠤ ᠬᠡᠯᠪᠡᠷᠢᠲᠦ ᠮᠡᠷᠭᠡᠵᠢᠯ ᠤᠨ

ᠴᠢᠳᠠᠪᠤᠷᠢᠲᠠᠨ ᠢ ᠬᠥᠮᠥᠵᠢᠭᠦᠯᠬᠦ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ᠂ ᠳᠤᠮᠳᠠᠳᠤ ᠤᠯᠤᠰ ᠤᠨ ᠣᠨᠴᠠᠯᠢᠭ

ᠪᠦᠬᠦᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂

ᠰᠢᠨ᠎ᠡ ᠪᠠᠶᠢᠳᠠᠯ ᠳᠠᠬᠢ ᠨᠡᠶᠢᠭᠡᠮ ᠤᠨ ᠬᠡᠷᠡᠭᠴᠡᠭᠡ ᠳᠤ ᠵᠣᠬᠢᠴᠠᠭᠰᠠᠨ᠂ ᠰᠤᠷᠭᠠᠭᠤᠯᠢ ᠡᠷᠭᠢᠯᠡᠬᠦ ᠣᠨᠴᠠᠯᠢᠭ ᠢᠶᠠᠷ ᠢᠯᠡ

ᠲᠣᠳᠣ᠂ ᠪᠡᠶ᠎ᠡ ᠪᠠᠨ ᠳᠠᠭᠠᠭᠠᠭᠰᠠᠨ ᠲᠡᠮᠳᠡᠭᠲᠦ ᠶᠢ ᠡᠭᠦᠳᠴᠦ᠂ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ

ᠬᠡᠷᠡᠭᠯᠡᠭᠡᠨ ᠤ ᠮᠡᠷᠭᠡᠵᠢᠯ ᠤᠨ ᠬᠡᠯᠪᠡᠷᠢᠲᠦ ᠳᠡᠭᠡᠳᠦ ᠰᠤᠷᠭᠠᠭᠤᠯᠢ ᠶᠢ ᠴᠢᠷᠮᠠᠶᠢᠨ ᠰᠠᠶᠢᠲᠤᠷ ᠡᠷᠭᠢᠯᠡᠵᠦ᠂ ᠬᠢᠩᠭᠠᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ ᠪᠠᠨ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠲᠠᠭᠠᠭᠤᠯᠤᠭᠴᠢ᠂ ᠬᠡᠷᠡᠭᠯᠡᠭᠡᠨ ᠤ ᠬᠡᠯᠪᠡᠷᠢᠲᠦ ᠳᠡᠭᠡᠳᠦ ᠳᠡᠰ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ

ᠭᠠᠵᠠᠷ᠂ ᠮᠡᠷᠭᠡᠵᠢᠯ ᠴᠢᠳᠠᠪᠤᠷᠢ ᠶᠢᠨ ᠰᠢᠨ᠎ᠡ ᠶᠢ ᠡᠭᠦᠳᠬᠦ ᠲᠠᠪᠴᠠᠩ᠂ ᠬᠢᠩᠭᠠᠨ ᠤ ᠬᠤᠪᠢᠰᠬᠠᠯᠲᠤ ᠤᠶᠤᠨ ᠤ

ᠬᠥᠮᠥᠷᠭᠡ᠂ ᠠᠵᠢᠯ ᠮᠡᠷᠭᠡᠵᠢᠯ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠪᠣᠯᠭᠠᠨ ᠴᠢᠷᠮᠠᠶᠢᠨ ᠪᠥᠳᠥᠭᠡᠨ

ᠪᠠᠶᠢᠭᠤᠯᠬᠤ ᠶᠢᠨ ᠬᠠᠮᠲᠤ ᠳᠤᠮᠳᠠᠳᠤ ᠤᠯᠤᠰ ᠤᠨ ᠣᠨᠴᠠᠯᠢᠭ ᠪᠥᠬᠦᠢ᠂ ᠥᠨᠳᠥᠷ ᠬᠢᠷᠢ ᠲᠦᠪᠰᠢᠨᠲᠦ ᠳᠡᠭᠡᠳᠦ

ᠰᠤᠷᠭᠠᠭᠤᠯᠢ ᠪᠣᠯᠤᠨ ᠥᠨᠳᠥᠷ ᠬᠢᠷᠢ ᠲᠦᠪᠰᠢᠨᠲᠦ ᠲᠤᠰᠬᠠᠶ ᠮᠡᠷᠭᠡᠵᠢᠯ ᠢ  ᠪᠠᠶᠢᠭᠤᠯᠬᠤ ᠬᠠᠷᠠᠯᠲᠠ ᠲᠡᠶᠢᠰᠢ

ᠬᠥᠭᠵᠢᠭᠦᠯᠦᠨ᠎ᠡ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map