︽ᠣᠭᠲᠠᠷᠭᠤᠢ ᠳᠦᠭᠦᠷᠡᠩ ᠣᠳᠣᠨ ᠮᠡᠴᠢᠳ︾᠂ ᠤᠷᠤᠯᠳᠤᠭᠠᠨ ᠤ ᠲᠠᠯᠠᠪᠠᠢ ᠳᠠᠬᠢ ᠬᠥᠯ ᠪᠥᠮᠪᠦᠭᠡᠴᠢᠳ—2021 ᠣᠨ ᠤ ᠦᠪᠦᠷ ᠮᠤᠩᠭᠤᠯ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡᠨ ᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2021/5/17

     5 ᠰᠠᠷ᠎ᠠ ᠶᠢᠨ 10 ᠤ ᠡᠳᠦᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ

 ᠤᠨ ᠣᠷᠳᠣᠨ ᠤ ᠳᠡᠳ᠋ ᠲᠡᠷᠢᠭᠦᠯᠡᠭᠴᠢ ᠵᠧᠩ ᠬᠤᠩ ᠹᠠᠨ 2021 ᠣᠨ ᠤ ᠦᠪᠤᠷ ᠮᠤᠩᠭᠤᠯ ᠤᠨ ᠦᠪᠡᠷᠳᠡᠬᠡᠨ

ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠬᠦᠯ  ᠪᠥᠮᠪᠦᠭᠡᠨ ᠤ ᠬᠤᠯᠪᠣᠭᠠᠲᠤ ᠤᠷᠤᠯᠳᠤᠭᠠᠨ ᠵᠢᠴᠢ

ᠵᠠᠯᠠᠭᠤᠴᠤᠳ ᠪᠠᠭᠠᠴᠤᠳ ᠤᠨ ᠬᠦᠯ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ  ᠡᠬᠢᠯᠡᠯᠲᠡ ᠶᠢᠨ

ᠶᠤᠰᠦᠯᠡᠯ ᠳᠤ ᠣᠷᠣᠯᠴᠠᠪᠠ

     5 ᠰᠠᠷ᠎ᠠ ᠶᠢᠨ 9 ᠪᠠ 5 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠪᠠ ᠪᠡᠶ᠎ᠡ ᠶᠢᠨ ᠲᠠᠮᠢᠷ ᠤᠨ ᠳᠣᠪᠴᠢᠶᠠᠨ ᠠᠴᠠ ᠬᠠᠮᠲᠤᠷᠠᠨ ᠡᠷᠭᠢᠯᠡᠭᠰᠡᠨ ᠪᠥᠬᠦ ᠣᠷᠣᠨ ᠤ

ᠬᠥᠯ ᠪᠥᠮᠪᠦᠭᠡᠨ ᠤ ᠵᠠᠯᠠᠭᠤᠴᠤᠳ ᠤᠨ ᠪᠣᠯᠪᠠᠰᠤᠷᠠᠯ ᠤᠨ ᠪᠠᠭᠤᠴᠠᠨ ᠤ U12 ᠬᠤᠯᠪᠣᠭᠠᠲᠤ ᠤᠷᠤᠯᠳᠤᠭᠠᠨ᠂ ᠪᠥᠬᠦ

ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠣᠷᠣᠭᠴᠢ ︵ᠵᠠᠯᠠᠭᠤᠴᠤᠳ︶ ᠶᠢᠨ

ᠲᠠᠮᠢᠷ ᠤᠨ ᠴᠤᠭᠯᠠᠭᠠᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠥᠯ ᠪᠥᠮᠪᠦᠭᠡᠨ ᠤ

ᠤᠷᠤᠯᠳᠤᠭᠠᠨ᠂ ᠪᠥᠬᠦ ᠣᠷᠣᠨ ᠤ ᠤᠶᠤᠲᠠᠳ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ ᠤᠨ ᠬᠥᠯ

ᠪᠥᠮᠪᠦᠭᠡᠨ ᠤ ᠬᠤᠯᠪᠣᠭᠠᠲᠤ ᠤᠷᠤᠯᠳᠤᠭᠠᠨ ᠪᠠ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡᠨ ᠤ

ᠬᠤᠯᠪᠣᠭᠠᠲᠤ ᠤᠷᠤᠯᠳᠤᠭᠠᠨ ᠵᠢᠴᠢ ᠵᠠᠯᠠᠭᠤᠴᠤᠳ ᠪᠠᠭᠠᠴᠤᠳ ᠤᠨ ᠬᠥᠯ  ᠪᠥᠮᠪᠦᠭᠡᠨ ᠤ ᠮᠠᠩᠯᠠᠢ ᠰᠢᠯᠭᠠᠷᠠᠭᠤᠯᠬᠤ

ᠤᠷᠤᠯᠳᠤᠭᠠᠨ ᠵᠡᠷᠭᠡ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠬᠦᠷᠢᠶᠡᠨ ᠤ 4 ᠵᠦᠢᠯ ᠤᠨ ᠤᠷᠤᠯᠳᠤᠭᠠᠨ

ᠵᠡᠷᠭᠡ ᠪᠠᠷ ᠡᠬᠢᠯᠡᠵᠦ᠂ 110 ᠬᠥᠯ ᠪᠥᠮᠪᠦᠭᠡᠨ ᠤ ᠠᠩᠭᠢ ᠶᠢᠨ 2000 ᠭᠠᠷᠤᠶ ᠲᠠᠮᠢᠷᠴᠢᠨ ᠨᠣᠮᠢᠨ ᠨᠣᠭᠤᠭᠠᠨ

ᠵᠦᠯᠭᠡᠨ ᠳᠡᠭᠡᠷ᠎ᠡ ᠣᠮᠤᠭ ᠵᠣᠷᠢᠭ ᠢᠶᠠᠨ ᠬᠥᠪᠴᠢᠯᠡᠵᠦ᠂ ᠰᠢᠷᠦᠭᠦᠨ ᠮᠥᠷᠦᠶᠢᠴᠡᠭᠡᠨ ᠶᠠᠪᠤᠭᠤᠯᠪᠠ᠃

     ᠪᠥᠬᠦ ᠣᠷᠣᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠳᠡᠭᠡᠳᠦ ᠵᠡᠷᠭᠡ ᠶᠢᠨ

ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ ᠶᠢᠨ

ᠤᠷᠤᠯᠳᠤᠭᠠᠨ ᠤ ᠠᠬᠤᠢ ᠲᠠᠯᠠᠪᠠᠢ

     4  ᠵᠦᠢᠯ ᠤᠨ ᠤᠷᠤᠯᠳᠤᠭᠠᠨ ᠨᠢ ᠲᠣᠰ ᠲᠣᠰ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ

ᠬᠥᠯ ᠪᠥᠮᠪᠦᠭᠡᠨ ᠤ ᠳᠡᠭᠡᠳᠦ ᠰᠤᠷᠭᠠᠭᠤᠯᠢ᠂ ᠦᠪᠦᠷ ᠮᠤᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ

ᠮᠡᠷᠭᠡᠵᠢᠯ ᠤᠨ ᠳᠡᠭᠡᠳᠦ ᠰᠤᠷᠭᠠᠭᠤᠯᠢ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠰᠤᠷᠭᠠᠭᠤᠯᠢ ᠶᠢᠨ

ᠬᠦᠷᠢᠶᠡᠨ ᠤ ᠬᠥᠯ ᠪᠣᠮᠪᠦᠭᠡᠨ ᠤ ᠰᠠᠭᠤᠷᠢᠨ ᠭᠠᠵᠠᠷ ᠪᠠ ᠪᠤᠭᠤᠲᠤ ᠬᠤᠲᠠ ᠶᠢᠨ ᠵᠢᠷᠭᠤᠳᠤᠭᠠᠷ ᠳᠤᠮᠳᠠᠳᠤ

ᠰᠤᠷᠭᠠᠭᠤᠯᠢ ᠳᠤ 5 ᠰᠠᠷ᠎ᠠ ᠶᠢᠨ 9 ᠤ ᠡᠳᠦᠷ ᠠᠴᠠ ᠡᠬᠢᠯᠡᠨ 5 ᠰᠠᠷ᠎ᠠ ᠶᠢᠨ 16 ᠤ ᠡᠳᠦᠷ ᠪᠣᠯᠲᠠᠯ᠎ᠠ ᠶᠠᠪᠤᠭᠳᠠᠨ᠎ᠠ᠃

ᠡᠭᠦᠨ ᠳᠤ᠂ ᠪᠥᠬᠦ ᠣᠷᠣᠨ ᠤ ᠬᠥᠯ ᠪᠥᠮᠪᠦᠭᠡᠨ ᠤ ᠵᠠᠯᠠᠭᠤᠴᠤᠳ ᠤᠨ ᠪᠣᠯᠪᠠᠰᠤᠷᠠᠯ ᠤᠨ ᠪᠠᠭᠤᠴᠠᠨ ᠤ U12

ᠬᠤᠯᠪᠣᠭᠠᠲᠤ ᠤᠷᠤᠯᠳᠤᠭᠠᠨ ᠪᠣᠯ 2021 ᠣᠨ ᠤ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠤᠨ ᠰᠢᠰᠲ᠋ᠧᠮ ᠤᠨ

ᠤᠷᠤᠯᠳᠤᠭᠠᠨ᠂ ᠲᠥᠪᠯᠡᠷᠡᠭᠦᠯᠦᠨ ᠪᠣᠯᠪᠠᠰᠤᠷᠠᠭᠤᠯᠬᠤ᠂ ᠡᠬᠢ ᠪᠠᠶᠠᠯᠢᠭ ᠢ ᠰᠢᠯᠢᠨ ᠰᠣᠩᠭᠤᠬᠤ ᠶᠢ ᠠᠩᠬ᠎ᠠ ᠤᠳᠠᠭ᠎ᠠ

ᠬᠠᠶᠢᠨ ᠰᠦᠪᠡᠭᠴᠢᠯᠡᠭᠰᠡᠨ ᠰᠢᠨ᠎ᠡ ᠬᠡᠯᠪᠡᠷᠢ ᠶᠢᠨ ᠤᠷᠤᠯᠳᠤᠭᠠᠨ ᠪᠠᠶᠢᠵᠤ᠂ ᠰᠤᠷᠭᠠᠭᠤᠯᠢ ᠠᠴᠠ ᠠᠩᠭᠢ ᠪᠠᠶᠢᠭᠤᠯᠬᠤ

ᠤᠯᠠᠮᠵᠢᠯᠠᠯ ᠢ ᠡᠪᠳᠡᠵᠦ᠂ ᠠᠶᠢᠮᠠᠭ ᠬᠤᠲᠠ ᠠᠴᠠ ᠰᠢᠯᠭᠠᠷᠠᠭᠤᠯᠤᠨ ᠠᠩᠭᠢ ᠪᠠᠶᠢᠭᠤᠯᠵᠤ ᠤᠷᠤᠯᠳᠤᠭᠠᠨ ᠳᠤ

ᠣᠷᠣᠯᠴᠠᠭᠤᠯᠬᠤ ᠪᠠᠷ ᠪᠠᠷᠠᠬᠤ ᠥᠬᠡᠶ ᠪᠠᠰᠠ ᠵᠠᠯᠠᠭᠤᠴᠤᠳ ᠤᠨ ᠪᠣᠯᠪᠠᠰᠤᠷᠠᠯ ᠤᠨ ᠤᠷᠤᠯᠳᠤᠭᠠᠨ ᠤ ︽U︾ ᠰᠢᠷᠢᠰ

ᠡᠯᠧᠮᠧᠨ᠋ᠲ ᠢ ᠰᠢᠨᠵᠢᠯᠡᠬᠦ ᠤᠬᠠᠭᠠᠨᠴᠢ ᠪᠠᠷ ᠠᠭᠤᠰᠬᠠᠭᠰᠠᠨ ᠤ ᠬᠠᠮᠲᠤ ᠪᠥᠬᠦ ᠤᠯᠤᠰ ᠤᠨ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡᠨ ᠤ ᠬᠠᠮᠤᠭ ᠤᠨ ᠰᠢᠯᠢᠳᠡᠭ ᠡᠩᠨᠡᠭᠡᠨ ᠤ ᠰᠢᠯᠭᠠᠷᠠᠭᠤᠯᠤᠯᠲᠠ ᠶᠢᠨ ᠠᠵᠢᠯᠯᠠᠭ᠎ᠠ ᠶᠢ ᠶᠠᠪ

ᠴᠠᠪ ᠵᠣᠯᠭᠠᠭᠤᠯᠵᠤ᠂ ᠤᠷᠤᠯᠳᠤᠭᠠᠨ ᠤ ᠶᠠᠪᠤᠴᠠ ᠳᠠᠬᠢ ᠰᠣᠩᠭᠤᠯᠲᠠ᠂ ᠤᠷᠤᠯᠳᠤᠭᠠᠨ ᠤ ᠶᠠᠪᠤᠴᠠ ᠳᠠᠬᠢ

ᠪᠣᠯᠪᠠᠰᠤᠷᠠᠯ ᠤᠨ ᠴᠢᠳᠠᠪᠤᠷᠢᠲᠠᠨ ᠢ ᠬᠥᠮᠦᠵᠢᠭᠦᠯᠬᠦ ᠣᠨᠣᠯᠵᠢᠬᠤᠨ ᠢ ᠢᠯᠡᠷᠡᠭᠦᠯᠪᠡ︔ ᠪᠥᠬᠦ ᠣᠷᠣᠨ ᠤ ᠠᠷᠪᠠᠨ

ᠲᠠᠪᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠣᠷᠣᠭᠴᠢ ︵ᠵᠠᠯᠠᠭᠤᠴᠤᠳ︶ ᠶᠢᠨ ᠪᠡᠶ᠎ᠡ ᠶᠢᠨ

ᠲᠠᠮᠢᠷ ᠤᠨ ᠴᠤᠭᠯᠠᠭᠠᠨ ᠤ ᠬᠥᠯ ᠪᠥᠮᠪᠦᠭᠡᠨ ᠤ ᠤᠷᠤᠯᠳᠤᠭᠠᠨ ᠨᠢ 2021 ᠣᠨ ᠤ ᠪᠥᠬᠦ ᠣᠷᠣᠨ ᠤ ᠠᠷᠪᠠᠨ

ᠲᠠᠪᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠣᠷᠣᠭᠴᠢ ︵ᠵᠠᠯᠠᠭᠤᠴᠤᠳ︶ ᠶᠢᠨ ᠪᠡᠶ᠎ᠡ ᠶᠢᠨ

ᠲᠠᠮᠢᠷ ᠤᠨ ᠴᠤᠭᠯᠠᠭᠠᠨ ᠤ ᠠᠩᠬᠠᠨ ᠤ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠪᠠᠰᠠ ᠤᠷᠤᠯᠳᠤᠭᠠᠨ ᠤ ᠶᠠᠪᠤᠴᠠ

 ᠳᠤ ᠰᠢᠯᠢᠳᠡᠭ ᠲᠠᠮᠢᠷᠴᠢᠨ ᠢ ᠰᠣᠩᠭᠤᠵᠤ ᠦᠪᠦᠷ ᠮᠤᠩᠭᠤᠯ ᠢ ᠲᠥᠯᠦᠭᠡᠯᠡᠨ᠂ ᠠᠷᠪᠠᠨ ᠳᠥᠷᠪᠡᠳᠦᠭᠡᠷ

ᠬᠤᠭᠤᠴᠠᠭᠠᠨ ᠤ ᠪᠥᠬᠦ ᠤᠯᠤᠰ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠭᠤᠯᠤᠨ᠎ᠠ︔

ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠵᠢᠴᠢ

ᠵᠠᠯᠠᠭᠤᠴᠤᠳ ᠪᠠᠭᠠᠴᠤᠳ ᠤᠨ ᠬᠥᠯ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠪᠠ ᠪᠥᠬᠦ ᠣᠷᠣᠨ ᠤ

ᠤᠶᠤᠲᠠᠳ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ ᠤᠨ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠪᠣᠯ ᠬᠥᠯ ᠪᠥᠮᠪᠦᠭᠡᠨ ᠤ ᠥᠭᠡᠷᠡᠴᠢᠯᠡᠯᠲᠡ ᠠᠴᠠ ᠨᠠᠭᠠᠰᠢ 6 ᠬᠤᠭᠤᠴᠠᠭ᠎ᠠ ᠠᠴᠠ ᠳᠡᠭᠡᠭᠰᠢᠬᠢ

ᠤᠯᠠᠮᠵᠢᠯᠠᠯᠲᠤ ᠪᠠᠶᠢᠩᠭᠤ ᠶᠢᠨ ᠤᠷᠤᠯᠳᠤᠭᠠᠨ ᠡᠷᠭᠢᠯᠡᠬᠦ ᠶᠢ ᠪᠠᠷᠢᠮᠲᠠᠯᠠᠵᠤ᠂ ᠨᠢᠭᠡᠨᠲᠡ ᠵᠠᠯᠠᠭᠤᠴᠤᠳ ᠪᠠᠭᠠᠴᠤᠳ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠷᠤᠯᠳᠤᠭᠠᠨ ᠤ ᠡᠯᠪᠡᠭ ᠪᠠᠶᠠᠯᠢᠭ ᠡᠬᠢ ᠪᠠᠶᠠᠯᠢᠭ ᠢ  

ᠬᠤᠷᠠᠮᠳᠤᠭᠤᠯᠬᠤ ᠪᠠ ᠤᠷᠤᠯᠳᠤᠭᠠᠨ ᠳᠤ ᠣᠷᠣᠯᠴᠠᠬᠤ ᠬᠥᠮᠦᠰ ᠢ ᠴᠤᠭᠯᠠᠭᠤᠯᠵᠠᠢ᠃

     ᠪᠥᠬᠦ ᠣᠷᠣᠨ ᠤ ᠬᠥᠯ ᠪᠥᠮᠪᠦᠭᠡᠨ ᠤ ᠵᠠᠯᠠᠭᠤᠴᠤᠳ ᠤᠨ ᠪᠣᠯᠪᠠᠰᠤᠷᠠᠯ ᠤᠨ ᠪᠠᠭᠤᠴᠠᠨ ᠤ U12

ᠬᠤᠯᠪᠣᠭᠠᠲᠤ ᠤᠷᠤᠯᠳᠤᠭᠠᠨ ᠤ ᠠᠬᠤᠢ ᠲᠠᠯᠠᠪᠠᠢ

     2021 ᠣᠨ ᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠲᠠᠪᠤᠳᠤᠭᠠᠷ

ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠣᠷᠣᠭᠴᠢ ︵ᠵᠠᠯᠠᠭᠤᠴᠤᠳ︶ ᠶᠢᠨ ᠪᠡᠶ᠎ᠡ ᠶᠢᠨ ᠲᠠᠮᠢᠷ ᠤᠨ

ᠴᠤᠭᠯᠠᠭᠠᠨ ᠤ ᠬᠥᠯ ᠪᠥᠮᠪᠦᠭᠡᠨ ᠤ ᠤᠷᠤᠯᠳᠤᠭᠠᠨ ᠤ ᠲᠥᠰᠦᠯ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠳᠤᠭᠤᠶᠢᠯᠠᠩ︶ ᠤᠨ ᠤᠷᠤᠯᠳᠤᠭᠠᠨ ᠤ ᠠᠬᠤᠢ ᠲᠠᠯᠠᠪᠠᠢ

     2020 ᠣᠨ ᠤ 12 ᠰᠠᠷ᠎ᠠ ᠶᠢᠨ 31 ᠤ ᠡᠳᠦᠷ᠂ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ

ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠦᠪᠦᠷ ᠮᠤᠩᠭᠤᠯ ᠤᠨ ᠬᠥᠯ ᠪᠥᠮᠪᠦᠭᠡᠨ ᠤ

ᠥᠭᠡᠷᠡᠴᠢᠯᠡᠯᠲᠡ ᠬᠥᠭᠵᠢᠭᠦᠯᠦᠯᠲᠡ ᠶᠢ ᠠᠬᠢᠭᠤᠯᠬᠤ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ

ᠠᠷᠠᠳ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ

ᠲᠠᠷᠬᠠᠭᠠᠭᠰᠠᠨ ᠠᠴᠠ ᠨᠠᠭᠠᠰᠢ᠂ ᠮᠠᠨ ᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ

ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠨᠢᠭᠡᠳᠦᠯᠲᠡᠶ ᠲᠥᠯᠥᠪᠯᠡᠨ᠂

ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠤᠨᠴᠠᠯᠢᠭᠳᠤ ᠰᠤᠷᠭᠠᠭᠤᠯᠢ ᠶᠢ ᠡᠭᠦᠳᠦᠨ ᠪᠠᠶᠢᠭᠤᠯᠬᠤ

ᠡᠷᠴᠢᠮ ᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ

ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠯ ᠪᠥᠮᠪᠦᠭᠡᠨ ᠤ ᠬᠢᠴᠢᠶᠡᠯ ᠤᠨ ᠪᠠᠶᠢᠭᠤᠯᠤᠯᠲᠠ ᠶᠢ

ᠲᠠᠰᠤᠷᠠᠯᠲᠠ ᠥᠬᠡᠶ ᠠᠬᠢᠭᠤᠯᠵᠤ᠂ ᠤᠨᠴᠠᠯᠢᠭᠳᠤ ᠰᠤᠷᠭᠠᠭᠤᠯᠢ ᠶᠢᠨ ᠭᠠᠷᠠᠭ ᠪᠦᠷᠢ ᠨᠢᠭᠡ ᠤᠳᠠᠭᠠᠨ ᠤ ᠬᠥᠯ

ᠪᠥᠮᠪᠦᠭᠡᠨ ᠤ ᠬᠢᠴᠢᠶᠡᠯ ᠣᠷᠣᠬᠤ ᠬᠠᠲᠠᠭᠤ ᠱᠠᠭᠠᠷᠳᠠᠯᠭ᠎ᠠ ᠶᠢ ᠨᠡᠶᠢᠲᠡᠯᠡᠪᠡ︔ ᠵᠠᠯᠠᠭᠤᠴᠤᠳ ᠤᠨ ᠪᠣᠯᠪᠠᠰᠤᠷᠠᠯ ᠤᠨ

ᠳᠣᠭᠲᠠᠠᠯᠴᠠᠭᠠᠨ ᠤ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ

ᠲᠠᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠦᠯᠢᠭᠡᠷ ᠵᠢᠱᠢᠶ᠎ᠡ ᠰᠤᠷᠭᠠᠭᠤᠯᠢ ᠶᠢ ᠰᠢᠯᠭᠠᠷᠠᠭᠤᠯᠵᠤ᠂

ᠡᠭᠦᠳᠦᠨ ᠪᠠᠶᠢᠭᠤᠯᠬᠤ ᠠᠵᠢᠯ ᠪᠠ ᠬᠤᠰᠢᠭᠤ ᠰᠢᠶᠠᠨ ᠤ ᠱᠠᠲᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡᠨ

 ᠤ ᠪᠣᠯᠪᠠᠰᠤᠷᠠᠯ ᠤᠨ ᠪᠠᠭᠤᠴᠠ᠂ ᠠᠶᠢᠮᠠᠭ ᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡᠨ ᠤ

ᠪᠣᠯᠪᠠᠰᠤᠷᠠᠯ ᠤᠨ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠠᠯᠠᠭᠤᠴᠤᠳ ᠪᠠᠭᠠᠴᠤᠳ ᠤᠨ

ᠬᠥᠯ ᠪᠥᠮᠪᠦᠭᠡᠨ ᠤ ᠪᠣᠯᠪᠠᠰᠤᠷᠠᠯ ᠤᠨ ᠲᠥᠪ ᠢ ᠪᠥᠲᠥᠭᠡᠨ  ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠤᠷᠤᠯᠳᠤᠭᠠᠨ ᠤ ᠳᠣᠭᠲᠠᠯᠴᠠᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠡᠶ᠎ᠡ ᠶᠢᠨ ᠲᠠᠮᠢᠷ

ᠰᠤᠷᠭᠠᠨ ᠬᠥᠮᠦᠵᠢᠯ ᠬᠤᠯᠪᠣᠭᠠᠯᠠᠨ ᠨᠢᠭᠡ ᠴᠤᠭᠴᠠᠵᠢᠭᠤᠯᠤᠭᠰᠠᠨ ᠤᠷᠤᠯᠳᠤᠭᠠᠨ ᠤ ᠲᠥᠰᠦᠯ ᠪᠠ ᠵᠢᠯ ᠤᠨ

ᠤᠷᠤᠯᠳᠤᠭᠠᠨ ᠤ ᠲᠥᠰᠦᠪ ᠢ ᠪᠦᠷᠢᠳᠦᠭᠦᠯᠵᠦ᠂ ᠡᠯ᠎ᠡ ᠭᠠᠵᠠᠷ ᠣᠷᠣᠨ ᠵᠢᠴᠢ ᠪᠠᠭ᠎ᠠ ᠰᠤᠷᠭᠠᠭᠤᠯᠢ᠂ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ

ᠱᠠᠲᠤᠨ ᠳᠤ ᠭᠠᠷᠠᠭ ᠤᠨ ᠰᠡᠭᠦᠯᠴᠢ ᠶᠢᠨ ᠡᠵᠡᠨ ᠪᠠ ᠵᠣᠴᠢᠨ ᠲᠠᠯᠠᠪᠠᠢ ᠶᠢᠨ ᠬᠤᠯᠪᠣᠭᠠᠲᠤ ᠤᠷᠤᠯᠳᠤᠭᠠᠨ ᠢ ᠠᠯᠬᠤᠮ

ᠠᠯᠬᠤᠮ ᠢᠶᠠᠷ ᠳᠡᠯᠭᠡᠷᠡᠭᠦᠯᠵᠦ᠂ ᠬᠡᠤᠬᠡᠳ ᠤᠨ ᠴᠡᠴᠡᠷᠯᠢᠭ ᠲᠤ ᠰᠣᠨᠢᠷᠬᠠᠯᠲᠤ ᠬᠥᠯ ᠪᠥᠮᠪᠦᠭᠡᠨ ᠤ ᠬᠥᠳᠡᠯᠭᠡᠭᠡᠨ ᠢ

ᠥᠷᠭᠡᠨ ᠢᠶᠠᠷ ᠥᠷᠨᠢᠭᠦᠯᠪᠡ᠃

     ᠮᠠᠨ ᠤ ᠣᠷᠣᠨ ᠤ ᠬᠥᠯ ᠪᠥᠮᠪᠦᠭᠡᠨ ᠤ ᠥᠭᠡᠷᠡᠴᠢᠯᠡᠯᠲᠡ ᠶᠢᠨ ᠠᠵᠢᠯ ᠶᠠᠭ ᠪᠡᠶ᠎ᠡ ᠶᠢᠨ ᠲᠠᠮᠢᠷ ᠰᠤᠷᠭᠠᠨ

ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠵᠠᠮ ᠳᠤ ᠪᠠᠨ ᠣᠷᠣᠵᠤ᠂ ᠤᠷᠤᠯᠳᠤᠭᠠᠨ ᠤ ᠳᠣᠭᠲᠠᠯᠴᠠᠭᠠᠨ ᠤ

ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠥᠯ ᠪᠥᠮᠪᠦᠭᠡᠨ ᠤ ᠴᠢᠳᠠᠪᠤᠷᠢᠲᠠᠨ ᠤ ᠦᠰᠦᠨ ᠪᠤᠶᠢᠵᠢᠯᠲᠠ ᠶᠢᠨ

︽ᠰᠢᠭᠤᠳ ᠨᠡᠪᠲᠡᠷᠡᠬᠦ ᠲᠡᠷᠭᠡ︾ ᠶᠢ ᠨᠡᠪᠲᠡᠷᠡᠭᠦᠯᠬᠦ ᠪᠠᠷ ᠱᠠᠲᠤᠴᠢ ᠴᠢᠨᠠᠷᠲᠠᠶ ᠬᠠᠷᠠᠯᠲᠠ ᠪᠣᠯᠭᠠᠵᠤ᠂ ᠨᠠᠩ ᠭᠦᠨ ᠨᠠᠩ

ᠥᠷᠭᠡᠨ ᠬᠦᠷᠢᠶ᠎ᠡ ᠲᠡᠶᠢᠰᠢ ᠲᠠᠰᠤᠷᠠᠯᠲᠠ ᠥᠬᠡᠶ ᠤᠷᠤᠭᠰᠢᠯᠠᠨ ᠬᠥᠭᠵᠢᠵᠦ ᠪᠠᠶᠢᠨ᠎ᠠ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map