ᠮᠠᠨᠵᠤᠤᠷ ᠤᠨ ᠤᠷᠤᠰ ᠬᠡᠯᠡᠨ ᠤ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠪᠢ ᠡᠬᠡ ᠤᠯᠤᠰ  ᠲᠠᠢ ᠪᠠᠨ︾ ᠭᠡᠬᠦ ᠳᠠᠭᠤᠤ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2021/5/21
    ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠪᠠ᠃     ᠮᠠᠨᠵᠤᠤᠷ ᠤᠨ ᠤᠷᠤᠰ ᠬᠡᠯᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ         —︽ᠪᠢ ᠡᠬᠡ ᠤᠯᠤᠰ ᠲᠠᠢ ᠪᠠᠨ︾                  ᠮᠠᠨᠵᠤᠤᠷ ᠤᠨ ᠤᠷᠤᠰ ᠬᠡᠯᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 

     ᠮᠠᠨᠵᠤᠤᠷ ᠤᠨ ᠤᠷᠤᠰ ᠬᠡᠯᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯ ᠦᠪᠤᠷ ᠮᠤᠩᠭᠤᠯ ᠤᠨ

ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ᠂ ᠤᠯᠤᠰ ᠤᠨ ᠰᠤᠷᠭᠠᠨ

ᠬᠥᠮᠦᠵᠢᠯ ᠤᠨ ᠶᠠᠮᠤᠨ ᠳᠤ ᠳᠠᠩᠰᠠᠯᠠᠭᠤᠯᠤᠭᠰᠠᠨ ᠠᠯᠪᠠᠨ ᠠᠴᠠ ᠡᠷᠬᠢᠯᠡᠭᠰᠡᠨ ᠪᠦᠬᠦᠯᠢ ᠡᠳᠦᠷ ᠤᠨ ᠳᠦᠷᠢᠮᠲᠦ

ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ᠎ᠠ᠂ ᠦᠪᠦᠷ ᠮᠤᠩᠭᠤᠯ ᠤᠨ ᠶᠡᠭᠡ

ᠰᠤᠷᠭᠠᠭᠤᠯᠢ ᠶᠢᠨ ᠮᠠᠨᠵᠤᠤᠷ ᠲᠠᠬᠢ ᠳᠡᠭᠡᠳᠦ ᠰᠤᠷᠭᠠᠭᠤᠯᠢ ᠲᠠᠢ ᠨᠢᠭᠡ ᠴᠤᠬᠴᠠᠵᠢᠭᠤᠯᠤᠨ ᠪᠠᠶᠢᠭᠤᠯᠵᠤ᠂ ᠰᠤᠷᠭᠠᠨ

ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠪᠡ᠃ ᠳᠡᠭᠡᠳᠦ

ᠰᠤᠷᠭᠠᠭᠤᠯᠢ ᠨᠢ 200 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠰᠣᠨᠢᠨ ᠮᠡᠳᠡᠭᠡᠨ ᠤ

ᠲᠤᠷᠰᠢᠯᠲᠠ ᠶᠢᠨ ᠲᠠᠰᠤᠭ᠂ ᠠᠪᠢᠶᠠᠨ ᠤ ᠲᠤᠷᠰᠢᠯᠲᠠ ᠶᠢᠨ ᠲᠠᠰᠤᠭ᠂ ᠢᠵᠢᠯ ᠠᠯᠬᠤᠮᠲᠤ ᠣᠷᠴᠢᠭᠤᠯᠤᠨ

ᠳᠠᠮᠵᠢᠭᠤᠯᠬᠤ ᠲᠠᠰᠤᠭ᠂ ᠮᠥᠩᠭᠦᠨ ᠭᠦᠢᠯᠭᠡᠭᠡᠨ ᠤ ᠲᠤᠷᠰᠢᠯᠲᠠ ᠶᠢᠨ ᠲᠠᠰᠤᠭ᠂ ᠮᠠᠰᠢᠨ ᠲᠡᠷᠭᠡ ᠰᠡᠯᠪᠢᠨ ᠵᠠᠰᠠᠬᠤ

ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠣᠳᠣᠬᠢᠴᠢᠯᠠᠭᠰᠠᠨ ᠵᠢᠭᠠᠨ ᠰᠤᠷᠭᠠᠯᠲᠠ ᠡᠷᠳᠡᠮ

ᠰᠢᠨᠵᠢᠯᠡᠭᠡᠨ ᠤ ᠲᠥᠬᠦᠭᠡᠷᠦᠮᠵᠢ ᠶᠢ ᠲᠣᠬᠢᠷᠠᠭᠤᠯᠪᠠ᠃

     ᠮᠠᠨᠵᠤᠤᠷ ᠤᠨ ᠤᠷᠤᠰ ᠬᠡᠯᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠤᠯᠤᠰ ᠤᠨ ᠤᠮᠠᠷᠠᠰᠢ

ᠨᠡᠬᠡᠬᠡᠯᠳᠡ ᠬᠢᠬᠦ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠳᠤ ᠵᠣᠬᠢᠴᠠᠭᠰᠠᠨ ᠤᠷᠤᠰ ᠬᠡᠯᠡᠨ ᠤ ᠲᠤᠰᠬᠠᠢ

ᠮᠡᠷᠭᠡᠵᠢᠯ ᠤᠨ ᠴᠢᠳᠠᠪᠤᠷᠢᠲᠠᠨ ᠪᠣᠯᠤᠨ ᠤᠷᠤᠰ ᠬᠡᠯᠡ+ᠲᠤᠰᠬᠠᠢ ᠮᠡᠷᠭᠡᠵᠢᠯ ᠤᠨ ᠬᠡᠷᠡᠭᠯᠡᠭᠡᠨ ᠤ ᠬᠡᠯᠪᠡᠷᠢᠲᠦ᠂ ᠬᠠᠮ

ᠬᠡᠯᠪᠡᠷᠢᠲᠦ ᠴᠢᠳᠠᠪᠤᠷᠢᠲᠠᠨ ᠢ ᠬᠥᠮᠦᠵᠢᠭᠦᠯᠬᠦ ᠪᠠᠷ ᠴᠢᠷᠮᠠᠶᠢᠵᠤ ᠪᠤᠢ᠃ ᠣᠲᠣ ᠣᠷᠣᠰ ᠬᠡᠯᠡᠨ ᠤ ᠤᠳᠬ᠎ᠠ ᠵᠣᠬᠢᠶᠠᠯ ᠤᠨ

ᠰᠠᠯᠪᠤᠷᠢ᠂ ᠵᠢᠭᠤᠯᠴᠢᠯᠠᠯ ᠤᠨ ᠤᠬᠠᠭᠠᠨ ᠤ ᠰᠠᠯᠪᠤᠷᠢ᠂ ᠤᠷᠠᠯᠢᠭ ᠤᠨ ᠰᠠᠯᠪᠤᠷᠢ᠂ ᠠᠵᠤ ᠠᠬᠤᠶ ᠶᠢᠨ ᠤᠬᠠᠭᠠᠨ ᠤ

ᠰᠠᠯᠪᠤᠷᠢ᠂ ᠮᠧᠬᠠᠨᠢᠭ ᠤᠨ ᠢᠨᠵᠧᠨᠧᠷᠢᠩ ᠤᠨ ᠰᠠᠯᠪᠤᠷᠢ ᠪᠠ ᠮᠡᠳᠡᠭᠡ ᠵᠠᠩᠭᠢᠴᠢᠯᠠᠯᠲᠠ‌‍ᠶᠢᠨ ᠢᠨᠵᠧᠨᠧᠷᠢᠩ ᠤᠨ ᠰᠠᠯᠪᠤᠷᠢ

ᠵᠡᠷᠭᠡ 6 ᠰᠠᠯᠪᠤᠷᠢ ᠲᠠᠢ᠃ ᠬᠡᠷᠡᠭᠯᠡᠭᠡᠨ ᠤ ᠣᠷᠣᠰ ᠬᠡᠯᠡ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂

ᠵᠢᠭᠤᠯᠴᠢᠯᠠᠯ ᠤᠨ ᠬᠠᠮᠢᠶᠠᠷᠤᠯᠲᠠ᠂ ᠧᠦ᠋ᠷᠣᠫᠠ ᠬᠤᠭᠤᠯᠠᠨ ᠤ ᠭᠠᠷ ᠤᠷᠠᠯᠠᠯ᠂ ᠨᠢᠭᠲᠠᠯᠠᠨ ᠪᠤᠳᠤᠬᠤ᠂

ᠺᠣᠮᠫᠢᠦ᠋ᠲ᠋ᠧᠷ ᠤᠨ ᠰᠦᠯᠵᠢᠶᠡᠨ ᠤ ᠮᠡᠷᠭᠡᠵᠢᠯ᠂ ᠬᠢᠯᠢ ᠠᠯᠤᠰᠯᠠᠭᠰᠠᠨ ᠡᠯᠧᠺᠲᠷᠤᠨ ᠠᠷᠠᠯᠵᠢᠶ᠎ᠠ᠂ ᠮᠠᠰᠢᠨ ᠲᠡᠷᠭᠡᠨ ᠤ

ᠬᠡᠷᠡᠭᠯᠡᠯᠲᠡ ᠪᠠ ᠰᠡᠯᠪᠢᠨ ᠵᠠᠰᠠᠬᠤ ᠮᠡᠷᠭᠡᠵᠢᠯ᠂ ᠮᠠᠰᠢᠨ ᠲᠡᠷᠭᠡᠨ ᠤ ᠡᠵᠡᠩᠨᠡᠨ ᠪᠣᠷᠣᠯᠠᠭᠤᠯᠤᠯᠲᠠ ᠪᠠ ᠦᠢᠯᠡᠴᠢᠯᠡᠭᠡ᠂

ᠰᠢᠨ᠎ᠡ ᠡᠨᠧᠷᠭᠢ ᠶᠢᠨ ᠮᠠᠰᠢᠨ ᠲᠡᠷᠭᠡᠨ ᠤ ᠮᠡᠷᠭᠡᠵᠢᠯ᠂ ᠤᠷᠠᠨ ᠵᠢᠷᠤᠭ ︵ᠲᠣᠰᠣᠨ ᠪᠤᠳᠤᠭ ᠤᠨ ᠵᠢᠷᠤᠭ︶᠂ ᠣᠷᠴᠢᠨ

ᠲᠣᠭᠤᠷᠢᠨ ᠤ ᠤᠷᠠᠯᠢᠭ ᠤᠨ ᠵᠢᠷᠤᠭ ᠲᠥᠯᠥᠪᠯᠡᠭᠡ᠂ ᠬᠡᠤᠬᠡᠳ ᠤᠨ ᠬᠥᠭᠵᠢᠯᠲᠡ ᠪᠠ ᠡᠷᠡᠭᠦᠯ ᠮᠡᠨᠳᠦ ᠶᠢᠨ

ᠬᠠᠮᠢᠶᠠᠷᠤᠯᠲᠠ ᠵᠡᠷᠭᠡ ᠲᠤᠰᠬᠠᠶ ᠮᠡᠷᠭᠡᠵᠢᠯ ᠢ ᠨᠡᠭᠡᠭᠡᠪᠡ᠃ 2021 ᠣᠨ ᠳᠤ᠂ ᠮᠠᠨᠵᠤᠤᠷ ᠤᠨ ᠤᠷᠤᠰ ᠬᠡᠯᠡᠨ ᠤ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠨᠢ ᠲᠠᠪᠠᠯᠳᠠᠳᠤ ᠴᠢᠨᠠᠷᠲᠠᠢ

ᠬᠥᠭᠵᠢᠯᠲᠡ ᠶᠢ ᠪᠡᠶᠡᠯᠡᠭᠦᠯᠵᠦ᠂ ᠨᠢᠭᠡ ᠯᠡ ᠤᠳᠠᠭ᠎ᠠ ᠳᠤ 6 ᠰᠢᠨ᠎ᠡ ᠲᠤᠰᠬᠠᠶ ᠮᠡᠷᠭᠡᠵᠢᠯ ᠨᠡᠮᠡᠭᠳᠡᠨ᠂ ᠲᠤᠰᠬᠠᠶ

ᠮᠡᠷᠭᠡᠵᠢᠯ ᠤᠨ ᠲᠤᠭ᠎ᠠ ᠬᠡᠮᠵᠢᠶ᠎ᠡ ᠪᠠ ᠪᠦᠲᠦᠴᠡ ᠳᠤ ᠴᠥᠮ ᠢᠯᠡᠳᠲᠡ ᠬᠤᠪᠢᠷᠠᠯᠲᠠ ᠭᠠᠷᠴᠠᠶ᠃

     ᠮᠠᠨᠵᠤᠤᠷ ᠤᠨ ᠤᠷᠤᠰ ᠬᠡᠯᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠣᠳᠣᠬᠠᠨ ᠤ ᠨᠡᠶᠢᠭᠡᠮ ᠤᠨ

ᠠᠵᠤ ᠠᠬᠤᠢ ᠶᠢᠨ ᠬᠥᠭᠵᠢᠯᠲᠡ ᠶᠢᠨ ᠴᠢᠳᠠᠪᠤᠷᠢᠲᠠᠨ ᠬᠡᠷᠡᠭᠰᠡᠬᠦ ᠱᠠᠭᠠᠷᠳᠠᠯᠭ᠎ᠠ ᠶᠢᠨ ᠬᠤᠪᠢᠷᠠᠯᠲᠠ ᠲᠠᠢ

ᠤᠶᠠᠯᠳᠤᠭᠤᠯᠤᠨ᠂ ︽ᠥᠨᠳᠦᠷ ᠡᠬᠢᠯᠡᠯᠲᠡ᠂ ᠴᠢᠨᠠᠷᠯᠢᠭ᠂ ᠥᠪᠡᠷᠮᠢᠴᠡ ᠣᠨᠴᠠᠯᠢᠭᠲᠤ ᠪᠠ ᠳᠡᠯᠡᠬᠡᠶᠢᠴᠢᠯᠡᠬᠦ︾ ᠰᠤᠷᠭᠠᠭᠤᠯᠢ

ᠡᠷᠭᠢᠯᠡᠬᠦ ᠴᠢᠭᠯᠡᠯ ᠪᠠ ᠣᠨᠣᠯᠵᠢᠬᠤᠨ ᠢ ᠵᠢᠷᠤᠮᠯᠠᠪᠠ᠃ ︽ᠲᠤᠰᠬᠠᠶ ᠮᠡᠷᠭᠡᠵᠢᠯ ᠢᠶᠠᠨ ᠮᠡᠳᠡᠬᠦ᠂ ᠦᠢᠯᠡᠳᠦᠯᠭᠡ ᠶᠢ

ᠴᠢᠬᠤᠯᠠᠴᠢᠯᠠᠬᠤ᠂ ᠴᠢᠳᠠᠪᠤᠷᠢ ᠪᠠᠨ ᠰᠢᠯᠢᠳᠡᠭᠵᠢᠭᠦᠯᠬᠦ ᠪᠠ ᠥᠨᠳᠦᠷ ᠬᠡᠪ ᠪᠣᠯᠪᠠᠰᠤᠷᠠᠯ ᠲᠠᠢ︾ ᠬᠡᠷᠡᠭᠯᠡᠭᠡᠨ ᠤ  

ᠬᠡᠯᠪᠡᠷᠢᠲᠦ ᠴᠢᠳᠠᠪᠤᠷᠢᠲᠠᠨ ᠢ ᠢᠳᠡᠪᠬᠢᠲᠡᠶ ᠬᠥᠮᠥᠵᠢᠭᠦᠯᠵᠦ ᠪᠣᠢ᠃

     ᠰᠤᠷᠭᠠᠭᠤᠯᠢ ᠡᠷᠬᠢᠯᠡᠬᠦ ᠣᠨᠴᠠᠯᠢᠭ

     ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠤᠨ᠂ ᠲᠡᠯᠡᠬᠡᠶᠢᠴᠢᠯᠡᠭᠰᠡᠨ ᠰᠤᠷᠭᠠᠭᠤᠯᠢ ᠡᠷᠭᠢᠯᠡᠬᠦ

ᠣᠨᠴᠠᠯᠢᠭ ᠢ ᠳᠣᠪᠤᠶᠢᠯᠭᠠᠵᠤ᠂ ᠰᠤᠷᠤᠭᠴᠢᠳ ᠲᠤ ︽ᠬᠤᠤᠰ ᠭᠠᠳᠠᠭᠠᠳᠤ ᠬᠡᠯᠡ︾ ᠶᠢᠨ ᠵᠢᠭᠠᠨ ᠰᠤᠷᠭᠠᠯᠲᠠ ᠶᠢ

ᠬᠡᠷᠡᠭᠵᠢᠭᠦᠯᠦᠨ᠂ ᠠᠩᠭ᠍ᠯᠢ ᠬᠡᠯᠡ ᠪᠠ ᠣᠷᠣᠰ ᠬᠡᠯᠡ ᠶᠢ ᠵᠠᠪᠠᠯ ᠰᠤᠷᠬᠤ ᠣᠯᠠᠨ ᠨᠡᠶᠢᠲᠡ ᠶᠢᠨ ᠭᠠᠳᠠᠭᠠᠳᠤ ᠬᠡᠯᠡᠨ ᠤ

ᠬᠢᠴᠢᠶᠡᠯ ᠪᠣᠯᠭᠠᠵᠤ᠂ ︽ᠣᠷᠣᠰ ᠬᠡᠯᠡ + ᠲᠤᠰᠬᠠᠶ ᠮᠡᠷᠭᠡᠵᠢᠯ︾ ᠤᠨ ᠰᠤᠷᠭᠠᠭᠤᠯᠢ ᠡᠷᠭᠢᠯᠡᠬᠦ ᠬᠡᠪ ᠵᠠᠭᠪᠤᠷ ᠢ

ᠳᠣᠪᠤᠶᠢᠯᠭᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠣᠷᠣᠰ ᠤᠨ ᠳᠡᠭᠡᠳᠦ ᠰᠤᠷᠭᠠᠭᠤᠯᠢ ᠳᠤ ᠣᠴᠢᠭᠤᠯᠵᠤ᠂

ᠲᠣᠭᠲᠠᠮᠠᠯ ᠬᠤᠭᠤᠴᠠᠭᠠᠲᠠᠢ ᠪᠠᠷ ᠰᠣᠯᠢᠯᠴᠠᠭᠤᠯᠤᠨ ᠰᠤᠷᠤᠯᠴᠠᠭᠤᠯᠵᠤ᠂ ᠣᠷᠣᠰ ᠬᠡᠯᠡᠨ ᠤ ᠬᠢᠷᠢ ᠲᠦᠪᠰᠢᠨ ᠢ ᠪᠥᠬᠦ

ᠲᠠᠯ᠎ᠠ ᠪᠠᠷ ᠳᠡᠭᠡᠭᠰᠢᠯᠡᠭᠦᠯᠪᠡ᠃

     ᠤᠷᠢᠳ ᠬᠤᠵᠢᠳ ᠣᠷᠣᠰ ᠤᠨ ᠢᠷᠺᠦ᠋ᠼᠺ ᠤᠯᠤᠰ ᠤᠨ ᠶᠡᠭᠡ ᠰᠤᠷᠭᠠᠭᠤᠯᠢ᠂ ᠴᠢᠲ᠋ᠠ ᠤᠯᠤᠰ ᠤᠨ ᠶᠡᠭᠡ

ᠰᠤᠷᠭᠠᠭᠤᠯᠢ᠂ ᠪᠤᠷᠢᠶᠠᠳ ᠤᠯᠤᠰ ᠤᠨ ᠶᠡᠭᠡ ᠰᠤᠷᠭᠠᠭᠤᠯᠢ᠂ ᠪᠠᠶᠢᠭᠠᠯ ᠤᠯᠤᠰ ᠤᠨ ᠬᠥᠮᠦᠨ ᠰᠣᠶᠣᠯ ᠤᠨ ᠪᠠᠭᠰᠢ ᠶᠢᠨ

ᠶᠡᠭᠡ ᠰᠤᠷᠭᠠᠭᠤᠯᠢ᠂ ᠳ᠋ᠣᠰᠲ᠋ᠣᠶᠧᠧᠰᠺᠢ ᠶᠢᠨ ᠤᠮᠰᠺ ᠤᠯᠤᠰ ᠤᠨ ᠶᠡᠭᠡ ᠰᠤᠷᠭᠠᠭᠤᠯᠢ᠂ ᠵᠡᠭᠦᠨ ᠰᠢᠪᠢᠷᠢ ᠶᠢᠨ

ᠤᠯᠤᠰ ᠤᠨ ᠭᠠᠷ ᠤᠷᠠᠯᠠᠯ ᠤᠨ ᠬᠠᠮᠢᠶᠠᠷᠤᠯᠲᠠ ᠶᠢᠨ ᠶᠡᠭᠡ ᠰᠤᠷᠭᠠᠭᠤᠯᠢ ᠵᠡᠷᠭᠡ 10 ᠭᠠᠷᠤᠶ ᠣᠷᠣᠰ ᠤᠨ ᠳᠡᠭᠡᠳᠦ

ᠰᠤᠷᠭᠠᠭᠤᠯᠢ ᠲᠠᠢ ᠣᠯᠠᠨ ᠤᠯᠤᠰ ᠤᠨ ᠰᠣᠯᠢᠯᠴᠠᠭ᠎ᠠ ᠵᠢᠴᠢ ᠬᠠᠮᠲᠤᠷᠠᠨ ᠰᠤᠷᠭᠠᠭᠤᠯᠢ ᠡᠷᠭᠢᠯᠡᠬᠦ ᠬᠡᠯᠡᠯᠴᠡᠭᠡᠷ

ᠲᠣᠭᠲᠠᠪᠠ᠃ ᠰᠤᠷᠭᠠᠭᠤᠯᠢ ᠶᠢᠨ ᠵᠠᠬᠢᠷᠤᠯ ᠬᠠᠷᠢᠯᠴᠠᠨ ᠰᠤᠷᠪᠤᠯᠵᠢᠯᠠᠬᠤ᠂ ᠪᠠᠭᠰᠢ ᠬᠠᠷᠢᠯᠴᠠᠨ ᠲᠣᠮᠢᠯᠠᠬᠤ᠂ ᠪᠠᠭᠰᠢ

ᠰᠤᠷᠤᠭᠴᠢᠳ ᠤᠨ ᠰᠣᠯᠢᠯᠴᠠᠭ᠎ᠠ ᠬᠢᠬᠦ ᠵᠡᠷᠭᠡ ᠠᠵᠢᠯ ᠢ ᠶᠠᠪᠤᠭᠤᠯᠪᠠ᠃

     ᠪᠠᠭᠰᠢ ᠶᠢᠨ ᠬᠦᠴᠦᠨ

     ᠮᠠᠨᠵᠤᠤᠷ ᠤᠨ ᠤᠷᠤᠰ ᠬᠡᠯᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠦᠪᠦᠷ ᠮᠤᠩᠭᠤᠯ ᠤᠨ

ᠶᠡᠭᠡ ᠰᠤᠷᠭᠠᠭᠤᠯᠢ ᠶᠢᠨ ᠮᠠᠨᠵᠤᠤᠷ ᠲᠠᠬᠢ ᠳᠡᠭᠡᠳᠦ ᠰᠤᠷᠭᠠᠭᠤᠯᠢ ᠰᠤᠷᠭᠠᠨ ᠬᠥᠮᠦᠵᠢᠯ᠂ ᠵᠢᠭᠠᠨ ᠰᠤᠷᠭᠠᠯᠲᠠ ᠶᠢᠨ ᠡᠬᠢ

ᠪᠠᠶᠠᠯᠢᠭ ᠢ ᠬᠠᠮᠲᠤ ᠪᠠᠷ ᠡᠳ᠋ᠯᠡᠵᠦ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠪᠠ᠃ ᠳᠡᠭᠡᠳᠦ

ᠰᠤᠷᠭᠠᠭᠤᠯᠢ ᠳᠤ ᠣᠳᠣ 187 ᠪᠠᠭᠰᠢ ᠠᠵᠢᠯᠳᠡᠠ ᠠᠵᠢᠯᠴᠢᠠ ᠲᠠᠢ᠃ ᠡᠭᠦᠨ ᠳᠤ ᠫᠷᠣᠹᠧᠰᠰᠤᠷ 3᠂ ᠳᠡᠳ᠋

ᠫᠷᠣᠹᠧᠰᠰᠤᠷ 16᠂ ᠳ᠋ᠣᠺᠲ᠋ᠣᠷ 24 ᠪᠣᠶ᠃ ᠣᠷᠣᠰ ᠨᠤᠲᠤᠭᠲᠠᠢ ᠭᠠᠳᠠᠭᠠᠳᠤ ᠶᠢᠨ ᠪᠠᠭᠰᠢ 4 ᠬᠥᠮᠦᠨ ᠢ ᠤᠷᠢᠵᠤ᠂

ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠫᠷᠤᠹᠧᠰᠰᠤᠷ ᠢᠶᠠᠷ ᠪᠦᠷᠢᠯᠳᠦᠭᠰᠡᠨ ᠵᠣᠴᠢᠮᠠᠳ ᠫᠷᠤᠹᠧᠰᠰᠤᠷ ᠤᠨ

ᠪᠠᠭᠰᠢ ᠶᠢᠨ ᠬᠥᠮᠥᠷᠭᠡ ᠲᠠᠢ᠃

     ᠡᠷᠳᠡᠮ ᠰᠢᠨᠵᠢᠯᠡᠭᠡᠨ ᠤ  ᠰᠣᠳᠤᠯᠭᠠᠨ

     ᠡᠷᠳᠡᠮ ᠰᠢᠨᠵᠢᠯᠡᠭᠡᠨ ᠤ ᠰᠤᠳᠤᠯᠭᠠᠨ ᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ

ᠰᠤᠷᠭᠠᠭᠤᠯᠢ ᠯᠤᠭ᠎ᠠ ᠬᠠᠮᠲᠤᠷᠠᠨ ᠠᠵᠢᠯᠯᠠᠬᠤ ᠶᠢ ᠴᠢᠩᠭᠠᠳᠬᠠᠪᠠ᠃ ᠤᠷᠤᠰ ᠤᠨ ᠰᠤᠳᠤᠯᠭᠠᠨ ᠤ ᠲᠥᠪ᠂ ᠮᠣᠩᠭᠤᠯ

ᠤᠯᠤᠰ ᠤᠨ ᠰᠤᠳᠤᠯᠭᠠᠨ ᠤ ᠲᠥᠪ ᠵᠢᠴᠢ ᠵᠡᠭᠦᠨ ᠬᠤᠶᠢᠲᠤ ᠠᠽᠢᠶ᠎ᠠ ᠶᠢᠨ ᠰᠤᠳᠤᠯᠭᠠᠨ ᠤ ᠭᠠᠵᠠᠷ ᠢ ᠪᠠᠶᠢᠭᠤᠯᠪᠠ᠃

ᠲᠤᠰ ᠰᠤᠷᠭᠠᠭᠤᠯᠢ ᠶᠢᠨ ᠪᠠᠭᠰᠢ ᠨᠠᠷ ᠤᠯᠠᠨ ᠤᠳᠠᠭ᠎ᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠠᠢ ᠰᠡᠳᠦᠪ ᠢ

ᠤᠯᠬᠤ ᠪᠠᠷ ᠭᠤᠶᠤᠴᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠮᠤ ᠬᠡᠯᠪᠡᠷᠢᠲᠦ ᠡᠷᠳᠡᠮ ᠰᠢᠨᠵᠢᠯᠡᠭᠡᠨ ᠤ

ᠬᠤᠷᠠᠯ ᠢ ᠤᠯᠠᠨ ᠤᠳᠠᠭ᠎ᠠ ᠡᠷᠬᠢᠯᠡᠭᠰᠡᠨ ᠪᠤᠶᠤ ᠳᠠᠭᠠᠭᠠᠨ ᠡᠷᠬᠢᠯᠡᠵᠤ ᠪᠠᠶᠢᠭ᠎ᠠ ᠪᠥᠭᠡᠳ ᠠᠯᠳᠠᠷᠲᠤ ᠡᠷᠳᠡᠮᠲᠡᠨ ᠢ

ᠰᠤᠷᠭᠠᠭᠤᠯᠢ ᠳᠤ ᠪᠠᠨ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠤᠯᠠᠨ ᠪᠠᠭᠰᠢ ᠨᠢᠭᠡᠨᠲᠡ ᠭᠤᠣᠯᠯᠠᠭᠴᠢ

ᠰᠡᠳᠬᠦᠯ ᠤᠳ ᠳᠡᠭᠡᠷ᠎ᠡ ᠥᠭᠦᠯᠡᠯ ᠨᠡᠶᠢᠲᠡᠯᠡᠭᠦᠯᠦᠭᠰᠡᠨ ᠪᠥᠭᠡᠳ ᠡᠯ᠎ᠡ ᠵᠦᠢᠯ ᠤᠨ ᠡᠷᠳᠡᠮ ᠰᠢᠨᠵᠢᠯᠡᠭᠡᠨ ᠤ

ᠪᠦᠯᠬᠦᠮ ᠤᠨ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃

     ᠰᠤᠷᠭᠠᠭᠤᠯᠢ ᠳᠡᠪᠰᠢᠬᠦ ᠠᠷᠭ᠎ᠠ ᠵᠠᠮ

     ᠰᠤᠷᠤᠭᠴᠢᠳ ᠪᠠᠷ ᠰᠤᠷᠭᠠᠭᠤᠯᠢ ᠶᠢᠨ ᠣᠯᠠᠨ ᠤᠯᠤᠰ ᠤᠨ ᠬᠠᠮᠲᠤᠷᠠᠨ ᠰᠤᠷᠭᠠᠨ ᠬᠥᠮᠦᠵᠢᠯ ᠤᠨ ᠰᠤᠷᠭᠠᠭᠤᠯᠢ

ᠡᠷᠭᠢᠯᠡᠬᠦ ᠬᠡᠯᠡᠯᠴᠡᠭᠡᠷ ᠬᠢᠭᠰᠡᠨ ᠣᠷᠣᠰ ᠤᠨ ᠳᠡᠭᠡᠳᠦ ᠰᠤᠷᠭᠠᠭᠤᠯᠢ ᠳᠤ ᠣᠴᠢᠵᠤ᠂ ᠵᠢᠩᠬᠢᠨᠢ ᠠᠩᠭᠢ ᠳᠤ

ᠦᠷᠭᠦᠯᠵᠢᠯᠡᠨ ᠰᠤᠷᠤᠯᠴᠠᠬᠤ ᠪᠤᠶᠤ ᠰᠤᠳᠤᠯᠬᠤ ᠰᠤᠷᠤᠭᠴᠢ ᠦᠵᠡᠬᠦ ᠵᠡᠷᠭᠡ ᠰᠣᠯᠢᠯᠴᠠᠭᠠᠨ ᠤ ᠠᠵᠢᠯᠯᠠᠭ᠎ᠠ ᠶᠢ

ᠰᠣᠩᠭᠤᠵᠤ ᠪᠣᠯᠤᠨ᠎ᠠ᠂ ᠭᠠᠳᠠᠭᠠᠳᠤ ᠳᠤ ᠰᠤᠷᠤᠯᠴᠠᠬᠤ ᠵᠠᠷᠤᠳᠠᠯ ᠨᠢ ᠨᠡᠯᠢᠶᠡᠳ ᠳᠣᠣᠷ᠎ᠠ ᠪᠠᠶᠢᠳᠠᠭ᠃ ᠡᠭᠦᠨ ᠤ

ᠬᠠᠮᠲᠤ ᠪᠠᠰᠠ ᠮᠤᠰᠺᠸᠠ᠂ ᠰᠠᠨᠲ ᠫᠧᠲ᠋ᠧᠷᠪᠦᠷᠢᠭ ᠵᠡᠷᠭᠡ ᠶᠡᠭᠡ ᠰᠤᠷᠭᠠᠭᠤᠯᠢ ᠳᠤ ᠬᠦᠷᠴᠦ ᠮᠠᠰᠲ᠋ᠧᠷ᠂ ᠳ᠋ᠣᠺᠲ᠋ᠣᠷ

ᠴᠣᠯᠠ ᠬᠠᠮᠠᠭᠠᠯᠠᠬᠤ ᠪᠠᠷ ᠰᠤᠷᠤᠯᠴᠠᠵᠤ ᠪᠣᠯᠤᠨ᠎ᠠ᠃ 2012 ᠣᠨ ᠠᠴᠠ ᠡᠬᠢᠯᠡᠨ᠂ ᠰᠤᠷᠭᠠᠭᠤᠯᠢ ᠠᠴᠠ ᠣᠷᠣᠰ ᠤᠨ

ᠬᠠᠮᠲᠤᠷᠠᠯᠴᠠᠭᠠᠨ ᠤ ᠳᠡᠭᠡᠳᠦ ᠰᠤᠷᠭᠠᠭᠤᠯᠢ ᠳᠤ 200 ᠭᠠᠷᠤᠶ ᠰᠤᠷᠤᠭᠴᠢ ᠶᠢ ᠶᠠᠪᠤᠭᠤᠯᠵᠤ ᠵᠢᠩᠬᠢᠨᠢ ᠠᠩᠭᠢ ᠳᠤ

ᠰᠤᠷᠤᠯᠴᠠᠭᠤᠯᠵᠤ᠂ 30 ᠭᠠᠷᠤᠶ ᠰᠤᠷᠤᠭᠴᠢ ᠣᠷᠣᠰ ᠤᠨ ᠳᠡᠭᠡᠳᠦ ᠰᠤᠷᠭᠠᠭᠤᠯᠢ ᠳᠤ ᠮᠠᠰᠲ᠋ᠧᠷ ᠴᠣᠯᠠ

ᠬᠠᠮᠠᠭᠠᠯᠠᠭᠰᠠᠨ ᠪᠠᠶᠢᠨ᠎ᠠ᠃ ᠤᠯᠤᠰ ᠤᠨ ᠳᠣᠲᠣᠭᠠᠳᠤ ᠶᠢᠨ ᠳᠡᠭᠡᠳᠦ ᠰᠤᠷᠭᠠᠭᠤᠯᠢ ᠳᠤ ᠬᠠᠷᠠᠮᠥ᠋ᠷᠡᠨ ᠤ ᠶᠡᠭᠡ

ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠥᠯᠦᠨ ᠪᠦᠢᠷ ᠳᠡᠭᠡᠳᠦ ᠰᠤᠷᠭᠠᠭᠤᠯᠢ

 ᠲᠠᠢ ᠤᠷᠢᠳ ᠬᠤᠵᠢᠳ ᠬᠠᠮᠲᠤᠷᠠᠨ ᠠᠵᠢᠯᠯᠠᠵᠤ᠂ ᠰᠤᠷᠤᠭᠴᠢᠳ ᠵᠢᠩᠬᠢᠨᠢ ᠠᠩᠭᠢ ᠳᠤ ᠳᠡᠪᠰᠢᠬᠦ ᠳᠤ ᠳᠥᠭᠦᠮ

ᠨᠥᠬᠦᠴᠡᠯ ᠪᠠ ᠰᠠᠭᠠᠳ ᠦᠭᠡᠶ ᠨᠡᠪᠲᠡᠷᠡᠬᠦ ᠵᠠᠮ ᠢ  ᠨᠡᠭᠡᠭᠡᠵᠦ ᠥᠭᠭᠦᠭᠰᠡᠨ ᠪᠠᠶᠢᠨ᠎ᠠ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map