ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ︽ᠬᠤᠨᠳᠠᠭ᠎ᠠ ᠪᠠᠨ ᠡᠷᠭᠦᠵᠡᠭᠡᠶ᠎ᠡ᠂ ᠠᠨᠳᠠ ᠨᠠᠷ ᠮᠢᠨᠢ︾ ᠭᠡᠰᠡᠨ ᠢᠷᠠᠭᠤᠬᠠᠨ ᠳᠠᠭᠤᠤ ᠬᠠᠩᠭᠢᠨᠠᠨᠠᠮ
ᠨᠡᠶᠢᠲᠡᠯᠡᠭᠰᠡᠨ ᠴᠠᠭ᠄
2021/5/21
     ᠬᠤᠪᠢᠰᠬᠠᠯᠲᠤ ᠰᠣᠩᠭᠤᠳᠠᠭ ᠳᠠᠭᠤᠤ ᠶᠢ ᠳᠠᠭᠤᠯᠠᠵᠤ᠂ ᠴᠠᠭ ᠦᠶ᠎ᠡ ᠶᠢᠨ ᠬᠦᠴᠦᠲᠦ ᠳᠠᠭᠤᠨ ᠢ ᠬᠠᠮᠲᠤ ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠳᠡᠭᠡᠳᠦ ᠰᠤᠷᠭᠠᠭᠤᠯᠢ ᠳᠤ ︽ᠮᠠᠭᠲᠠᠭᠠᠯ ᠳᠠᠭᠤᠤ ᠪᠠᠨ ᠨᠠᠮ ᠳᠤ ᠪᠠᠨ ᠡᠷᠭᠦᠶ᠎ᠡ · ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠬᠤᠪᠢᠰᠬᠠᠯᠲᠤ ᠳᠠᠭᠤᠤ ᠶᠢ ᠵᠠᠯᠭᠠᠭᠤᠯᠤᠨ ᠳᠠᠭᠤᠯᠠᠬᠤ ᠠᠵᠢᠯᠯᠠᠭ᠎ᠠ ᠶᠢ ᠥᠷᠨᠢᠭᠦᠯᠪᠡ᠃ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭᠠᠭᠤᠯᠤᠨ ᠳᠠᠭᠤᠯᠠᠵᠠᠭᠠᠪᠠ᠃      ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ         —︽ᠬᠤᠨᠳᠠᠭ᠎ᠠ ᠪᠠᠨ ᠡᠷᠭᠦᠵᠡᠭᠡᠶ᠎ᠡ᠂ ᠠᠨᠳᠠ ᠨᠠᠷ ᠮᠢᠨᠢ︾          ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 2003 ᠣᠨ ᠤ 5 ᠰᠠᠷ᠎ᠠ ᠳᠤ ᠪᠠᠶᠢᠭᠤᠯᠤᠭᠳᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠵᠦ᠂ ᠰᠤᠷᠭᠠᠨ ᠬᠦᠮᠤᠵᠢᠯ ᠤᠨ ᠶᠠᠮᠤᠨ ᠳᠤ ᠳᠠᠩᠰᠠᠯᠠᠭᠤᠯᠤᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ᠎ᠠ᠂ ᠰᠢᠯᠢ ᠶᠢᠨ ᠭᠤᠤᠯ ᠠᠶᠢᠮᠠᠭ ᠤᠨ 9 ᠳᠡᠭᠡᠳᠦ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ ᠪᠠᠷ ᠪᠦᠷᠢᠯᠳᠦᠭᠰᠡᠨ ᠶᠤᠮ᠃ ᠠᠷᠪᠠ ᠭᠠᠷᠤᠶ ᠵᠢᠯ ᠤᠨ ᠬᠥᠭᠵᠢᠯᠲᠡ ᠪᠠᠷ ᠳᠡᠮᠵᠢᠨ᠂ ᠰᠤᠷᠭᠠᠭᠤᠯᠢ ᠡᠷᠭᠢᠯᠡᠬᠦ ᠣᠨᠴᠠᠯᠢᠭ ᠢᠶᠠᠷ ᠢᠯᠡ ᠲᠣᠳᠣ᠂ ᠲᠤᠰᠬᠠᠶ ᠮᠡᠷᠭᠡᠵᠢᠯ ᠤᠨ ᠪᠦᠲᠦᠴᠡ ᠪᠠ ᠣᠷᠣᠨ ᠪᠦᠰᠡ ᠶᠢᠨ ᠠᠵᠤ ᠠᠬᠤᠶ ᠶᠢᠨ ᠤᠶᠠᠯᠳᠤᠯ ᠨᠢᠭᠲᠠ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠵᠣᠷᠢᠯᠲᠠ ᠲᠣᠪᠤᠶᠢᠮ᠎ᠠ᠂  ᠦᠢᠯᠡᠴᠢᠯᠡᠭᠡᠨ ᠤ ᠴᠢᠳᠠᠪᠤᠷᠢ ᠪᠠᠷ ᠴᠢᠩᠭ᠎ᠠ ᠶᠡᠷᠦᠩᠬᠡᠶᠢᠯᠡᠭᠰᠡᠨ ᠴᠢᠨᠠᠷᠲᠠᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠭᠰᠠᠨ ᠪᠠᠶᠢᠨ᠎ᠠ᠃ ᠲᠦᠷᠤ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ᠂ ᠤᠤᠯ ᠤᠨ ᠳᠡᠳ᠋ ᠶᠡᠷᠦᠩᠬᠡᠢ ᠰᠠᠶᠢᠳ ᠯᠢᠦ ᠶᠠᠨ ᠳ᠋ᠦᠩ ᠰᠤᠷᠭᠠᠭᠤᠯᠢ ᠳᠤ ᠢᠷᠡᠵᠤ᠂ ᠰᠤᠷᠭᠠᠭᠤᠯᠢ ᠡᠷᠬᠢᠯᠡᠵᠦ ᠪᠠᠶᠢᠭ᠎ᠠ ᠠᠵᠢᠯ ᠵᠢᠴᠢ ᠠᠮᠵᠢᠯᠲᠠ ᠪᠦᠲᠦᠮᠵᠢ ᠶᠢ ᠨᠤᠲᠠᠯᠠᠵᠠᠢ᠃

     ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠵᠡᠯᠡᠵᠦ ᠪᠠᠶᠢᠭ᠎ᠠ ᠭᠠᠵᠠᠷ 2000

ᠮᠥ᠂ ᠪᠠᠷᠢᠯᠭ᠎ᠠ ᠶᠢᠨ ᠲᠠᠯᠠᠪᠠᠶ ᠨᠢ 44.36 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ ᠠᠨᠠᠭᠠᠬᠤ

ᠤᠬᠠᠭᠠᠨ ᠤ ᠰᠠᠯᠪᠤᠷᠢ᠂ ᠲᠠᠯ᠎ᠠ ᠨᠤᠲᠤᠭ ᠤᠨ ᠠᠮᠢ ᠠᠬᠤᠶ ᠬᠢᠭᠡᠳ ᠮᠠᠯ ᠠᠵᠤ ᠠᠬᠤᠶ ᠮᠠᠯ ᠡᠮᠨᠡᠯᠭᠡ ᠶᠢᠨ ᠰᠠᠯᠪᠤᠷᠢ᠂

ᠮᠣᠩᠭᠤᠯ ᠬᠡᠯᠡ ᠰᠣᠶᠣᠯ ᠬᠢᠭᠡᠳ ᠤᠷᠠᠯᠢᠭ ᠤᠨ ᠰᠠᠯᠪᠤᠷᠢ ᠵᠡᠷᠭᠡ 17 ᠵᠢᠭᠠᠨ ᠰᠤᠷᠭᠠᠯᠲᠠ ᠶᠢᠨ ᠨᠢᠭᠡᠴᠢ ᠲᠠᠢ

ᠪᠠᠶᠢᠵᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ  

ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ︵ᠮᠣᠩᠭᠤᠯ᠂

ᠬᠢᠲᠠᠳ︶᠂ ᠮᠣᠩᠭᠤᠯ ᠠᠨᠠᠭᠠᠬᠤ ᠤᠬᠠᠭᠠᠨ᠂ ᠰᠤᠪᠢᠯᠠᠯᠲᠠ᠂ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ︵ᠬᠥᠯ

ᠪᠥᠮᠪᠦᠭᠡ︶ ᠵᠡᠷᠭᠡ 8 ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠨᠡᠭᠡᠭᠡᠵᠡᠶ︔ ᠰᠤᠪᠢᠯᠠᠯᠲᠠ᠂

ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠡᠨᠧᠷᠭᠢ ᠶᠢᠨ ᠬᠥᠳᠡᠯᠭᠡᠭᠦᠷ ᠬᠦᠴᠦᠨ ᠤ ᠲᠥᠬᠦᠭᠡᠷᠦᠮᠵᠢ᠂ ᠮᠠᠯ ᠠᠵᠤ

ᠠᠬᠤᠶ ᠮᠠᠯ ᠡᠮᠨᠡᠯᠭᠡ᠂ ᠨᠡᠪᠲᠡᠷᠡᠭᠦᠯᠦᠭᠴᠢ ᠪᠠ ᠬᠥᠲᠥᠯᠥᠭᠴᠢ ︵ᠮᠣᠩᠭᠤᠯ ᠬᠡᠯᠡ︶ ᠵᠡᠷᠭᠡ 52 ᠳᠡᠭᠡᠳᠦ ᠵᠡᠷᠭᠡ ᠶᠢᠨ

ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠵᠢᠴᠢ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ

ᠬᠦᠴᠦᠨ ᠤ ᠲᠥᠬᠦᠭᠡᠷᠦᠮᠵᠢ ᠶᠢ ᠠᠵᠢᠯᠯᠠᠭᠤᠯᠬᠤ ᠪᠠ ᠪᠠᠶᠢᠴᠠᠭᠠᠨ ᠵᠠᠰᠠᠬᠤ᠂ ᠬᠥᠳᠡᠭᠡ ᠲᠣᠰᠬᠤᠨ ᠤ ᠠᠨᠠᠭᠠᠬᠤ

ᠤᠬᠠᠭᠠᠨ᠂ ᠬᠥᠯ ᠪᠥᠮᠪᠦᠭᠡ ᠵᠡᠷᠭᠡ 35 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠲᠠᠢ᠃

ᠰᠤᠷᠭᠠᠭᠤᠯᠢ ᠨᠢ 21 ᠣᠯᠠᠨ ᠴᠢᠳᠠᠮᠵᠢᠳᠣ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠ 13

ᠦᠢᠯᠡᠳᠪᠦᠷᠢᠯᠡᠯ ᠤᠨ ᠴᠢᠨᠠᠷᠲᠠᠶ ᠳᠠᠳᠤᠯᠭ᠎ᠠ ᠪᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠳᠠᠳᠤᠯᠭ᠎ᠠ

ᠪᠣᠯᠪᠠᠰᠤᠷᠠᠯ᠂ ᠨᠣᠮ ᠪᠢᠴᠢᠭ ᠮᠠᠲ᠋ᠧᠷᠢᠶᠠᠯ ᠵᠡᠷᠭᠡ ᠨᠥᠬᠦᠴᠡᠯ ᠨᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠣᠳᠣᠬᠠᠨ ᠳᠤ ᠲᠤᠰᠬᠠᠶ ᠪᠠ ᠲᠤᠰᠢᠶᠠᠯ ᠬᠠᠪᠰᠤᠷᠭᠠᠭᠰᠠᠨ ᠪᠠᠭᠰᠢ 935᠂

ᠬᠤᠤᠰ ᠬᠡᠯᠪᠡᠷᠢᠲᠦ ᠪᠠᠭᠰᠢ ᠶᠢᠨ ᠬᠡᠪ ᠪᠣᠯᠪᠠᠰᠤᠷᠠᠯ ᠲᠠᠢ ᠪᠠᠭᠰᠢ 454᠂ ᠪᠦᠬᠦᠯᠢ ᠡᠳᠦᠷ ᠤᠨ ᠳᠦᠷᠢᠮᠲᠦ

ᠰᠤᠷᠭᠠᠭᠤᠯᠢ ᠳᠤ ᠪᠠᠶᠢᠭ᠎ᠠ ᠰᠣᠷᠣᠭᠴᠢ 15963᠂ ᠭᠠᠳᠠᠭᠠᠳᠤ ᠶᠢᠨ ᠰᠣᠷᠣᠭᠴᠢ 126 ᠪᠠᠶᠢᠵᠤ᠂ ᠵᠢᠯ ᠪᠦᠷᠢ

ᠳᠤᠮᠳᠠᠴᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠬᠢᠨᠠᠨ ᠲᠣᠭᠲᠠᠭᠠᠯᠲᠠ ᠶᠢ 5

ᠲᠦᠮᠡ ᠭᠠᠷᠤᠶ ᠬᠥᠮᠦᠨ ᠤᠳᠠᠭ᠎ᠠ ᠶᠢ ᠪᠡᠶᠡᠯᠡᠭᠦᠯᠵᠡᠶ᠃

     ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠪᠥᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ

ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ

ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠵᠢᠷᠤᠮ ᠤᠨ

ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ

ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ︽ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ

ᠲᠥᠯᠥᠭᠡ ᠴᠢᠳᠠᠪᠤᠷᠢᠲᠠᠨ ᠢ ᠬᠥᠮᠦᠵᠢᠭᠦᠯᠬᠦ︾ ᠲᠠᠷᠬᠠᠨ ᠡᠭᠦᠷᠭᠡ ᠶᠢ ᠦᠨᠡᠨ ᠬᠦ ᠡᠭᠦᠷᠭᠡᠯᠡᠵᠦ᠂ ᠠᠷᠠᠳ ᠲᠦᠮᠡᠨ ᠳᠤ

ᠲᠠᠭᠠᠰᠢᠶᠠᠭᠳᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠬᠢᠯᠡᠪᠡ᠃ ᠤᠢᠢᠷ᠎ᠠ ᠶᠢᠨ

ᠵᠢᠯ᠂ ᠰᠤᠷᠭᠠᠭᠤᠯᠢ ᠨᠢ ᠤᠷᠢᠳ ᠬᠤᠵᠢᠳ ︽ᠪᠦᠬᠦ ᠤᠯᠤᠰ ᠤᠨ ᠦᠨᠳᠤᠰᠤᠲᠠᠨ ᠤ ᠪᠦᠯᠭᠦᠮᠳᠡᠯ ᠲᠠᠪᠰᠢᠯᠳᠠ ᠶᠢ

ᠡᠭᠦᠳᠦᠨ ᠪᠠᠶᠢᠭᠤᠯᠤᠭᠰᠠᠨ ᠳᠠᠭᠤᠷᠢᠶᠠᠯ ᠦᠵᠡᠭᠦᠯᠬᠦ ᠨᠢᠭᠡᠴᠢ︾᠂ ᠪᠦᠬᠦ ᠤᠯᠤᠰ ᠤᠨ ︽ᠲᠠᠪᠤᠳᠤᠭᠠᠷ ᠬᠤᠭᠤᠴᠠᠭᠠᠨ ᠤ

ᠬᠤᠸᠠᠩ ᠶᠠᠨ ᠫᠸᠢ ᠶᠢᠨ ᠰᠢᠯᠢᠳᠡᠭ ᠰᠤᠷᠭᠠᠭᠤᠯᠢ ᠶᠢᠨ ᠱᠠᠩᠨᠠᠯ︾᠂ ︽ᠪᠦᠬᠦ ᠤᠯᠤᠰ ᠤᠨ ᠰᠤᠷᠭᠠᠨ ᠬᠥᠮᠦᠵᠢᠯ ᠤᠨ

ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ ᠳᠠᠭᠤᠷᠢᠶᠠᠯ ᠦᠵᠡᠭᠦᠯᠬᠦ ᠳᠡᠭᠡᠳᠦ ᠰᠤᠷᠭᠠᠭᠤᠯᠢ︾ ᠵᠡᠷᠭᠡ ᠢᠷᠠᠭᠤ

ᠠᠯᠳᠠᠷ ᠤᠨ ᠴᠣᠯᠠ ᠶᠢ ᠬᠦᠷᠳᠡᠪᠡ︔ 2014 ᠣᠨ ᠳᠤ ︽ᠪᠦᠬᠦ ᠤᠯᠤᠰ ᠤᠨ ᠲᠡᠭᠦᠰᠬᠦ ᠰᠤᠷᠤᠭᠴᠢ ᠶᠢᠨ ᠠᠵᠢᠯ

ᠣᠯᠭᠤᠯᠲᠠ ᠶᠢᠨ 50 ᠬᠦᠴᠦᠷᠬᠡᠭ ᠳᠡᠭᠡᠳᠦ ᠰᠤᠷᠭᠠᠭᠤᠯᠢ︾ ᠪᠠᠷ ᠦᠨᠡᠯᠡᠭᠳᠡᠪᠡ︔ 2017 — 2019 ᠣᠨ ᠳᠤ

ᠭᠤᠷᠪᠠᠨ ᠵᠢᠯ ᠳᠠᠷᠠᠭᠠᠯᠠᠨ ︽ᠪᠥᠬᠦ ᠤᠯᠤᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

ᠳᠡᠯᠡᠬᠡᠶ ᠶᠢ ᠨᠥᠯᠦᠭᠡᠯᠡᠭᠰᠡᠨ 50 ᠬᠦᠴᠦᠷᠬᠡᠭ︾ ᠢᠶᠠᠷ ᠦᠨᠡᠯᠡᠭᠳᠡᠪᠡ︔ 2019 ᠣᠨ ᠳᠤ ︽ᠪᠥᠬᠦ ᠤᠯᠤᠰ ᠤᠨ

ᠰᠢᠨ᠎ᠡ ᠶᠢ ᠡᠭᠦᠳᠴᠦ ᠦᠢᠯᠡᠰ ᠪᠣᠰᠬᠠᠬᠤ ᠨᠡᠶᠢᠲᠡᠯᠢᠭ ᠳᠤᠷᠰᠢᠯᠭᠠᠲᠤ ᠳᠡᠭᠡᠳᠦ ᠰᠤᠷᠭᠠᠭᠤᠯᠢ︾᠂ ᠪᠥᠬᠦ ᠤᠯᠤᠰ ᠤᠨ

︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠯᠪᠠᠨ ᠤ ᠸᠢᠴᠠᠲ ᠤᠨ ᠲᠠᠪᠢᠨ ᠬᠦᠴᠦᠷᠬᠡᠭ︾ ᠢᠶᠠᠷ

ᠦᠨᠡᠯᠡᠭᠳᠡᠵᠦ᠂ ᠰᠤᠷᠭᠠᠨ ᠬᠦᠮᠤᠵᠢᠯ ᠤᠨ ᠶᠠᠮᠤᠨ ᠤ ᠨᠠᠰᠤᠲᠠᠶᠢᠴᠤᠳ ᠢ ᠠᠰᠠᠷᠠᠬᠤ᠂ ᠮᠠᠰᠢᠨ ᠲᠡᠷᠭᠡ ᠰᠡᠯᠪᠢᠨ

ᠵᠠᠰᠠᠬᠤ᠂ Web ᠤᠨ ᠡᠮᠦᠨ᠎ᠡ ᠦᠵᠦᠭᠦᠷ ᠵᠡᠷᠭᠡ ᠠᠷᠪᠠᠨ ᠨᠢᠭᠡᠨ 1+X ᠲᠤᠷᠰᠢᠯᠲᠠ ᠶᠢᠨ ᠴᠡᠭ ᠢ ᠭᠥᠷᠳᠡᠪᠡ︔

︽ᠪᠥᠬᠦ ᠤᠯᠤᠰ ᠤᠨ ᠴᠢᠨᠠᠷᠯᠢᠭ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︾ ᠶᠢ ᠪᠥᠲᠥᠭᠡᠨ

ᠪᠠᠶᠢᠭᠤᠯᠤᠭᠰᠠᠨ ᠨᠢᠭᠡᠴᠢ᠂ ᠠᠩᠬᠠᠳᠠᠭᠴᠢ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ

ᠴᠢᠨᠠᠷᠲᠠᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︾ ᠪᠠ ᠥᠪᠡᠷᠲᠡᠭᠡᠨ ᠵᠠᠰᠠᠬᠤ ᠣᠷᠣᠨ ᠤ ︽ᠲᠠᠯ᠎ᠠ

ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ︽ᠳᠡᠭᠡᠳᠦ ᠳᠡᠰ ᠤᠨ ᠴᠢᠳᠠᠪᠤᠷᠢᠲᠠᠨ ᠤ ᠰᠠᠭᠤᠷᠢᠨ ᠭᠠᠵᠠᠷ︾

ᠪᠣᠯᠤᠨ᠎ᠠ᠃

   

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map